ᠠᠪᠠᠭ᠎ᠠ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠳᠡᠰ ᠤᠨ ᠵᠠᠷᠯᠠᠯ
ᠨᠡᠶᠢᠲᠡᠯᠡᠭᠰᠡᠨ ᠴᠠᠭ᠄
2021/12/9
ᠡᠯ᠎ᠡ ᠰᠤᠮᠤ ᠪᠠᠯᠭᠠᠰᠤ ︵ᠲᠣᠭᠤᠷᠢᠭ︶᠎ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ ᠬᠤᠰᠢᠭᠤ ᠡᠯ᠎ᠡ ᠰᠠᠯᠠᠭ᠎ᠠ ᠮᠦᠴᠢᠷ᠂ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠡᠯ᠎ᠡ ᠠᠷᠠᠳ ᠤᠨ ᠪᠦᠯᠬᠦᠮ ᠳᠤ᠄      2021 ᠣᠨ ᠤ 12 ᠰᠠᠷ᠎ᠠ ᠶᠢᠨ 7᠎ ᠤ ᠡᠳᠦᠷ ᠤᠨ 6 ᠴᠠᠭ ᠪᠣᠯᠲᠠᠯ᠎ᠠ᠂ ᠪᠦᠬᠦ ᠤᠯᠤᠰ ᠲᠤ ᠲᠦᠭᠰᠢᠭᠦᠷᠢ ᠶᠡᠬᠡᠲᠡᠶ ᠭᠠᠵᠠᠷ ᠣᠷᠣᠨ ᠨᠡᠶᠢᠲᠡ 8 ᠪᠤᠢ᠂ ᠡᠭᠦᠨ ᠤ ᠲᠤᠳᠤᠷ᠎ᠠ 7᠎ ᠨᠢ ᠴᠥᠮ ᠥᠪᠥᠷ ᠮᠣᠩᠭᠤᠯ ᠤᠨ ᠬᠥᠯᠥᠨ ᠪᠤᠶᠢᠷ ᠬᠤᠲᠠ ᠳᠤ ᠪᠠᠶᠢᠨ᠎ᠠ᠂ ᠳᠠᠷᠤᠶ ᠬᠥᠯᠥᠨ ᠪᠤᠶᠢᠷ ᠬᠤᠲᠠ ᠶᠢᠨ ᠮᠠᠨᠵᠤᠤᠷ ᠬᠤᠲᠠ ᠶᠢᠨ ᠳ᠋ᠦᠩᠱᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ ︵11 ᠰᠠᠷ᠎ᠠ ᠶᠢᠨ 29᠎ ᠤ ᠡᠳᠦᠷ︶᠂ ᠬᠥᠯᠥᠨ ᠪᠤᠶᠢᠷ ᠬᠤᠲᠠ ᠶᠢᠨ ᠮᠠᠨᠵᠤᠤᠷ ᠬᠤᠲᠠ ᠶᠢᠨ ᠡᠮᠦᠨ᠎ᠡ ᠲᠣᠭᠤᠷᠢᠭ ᠵᠡᠭᠡᠯᠢ ᠶᠢᠨ ᠬᠡᠷᠡᠭ ᠡᠷᠬᠢᠯᠡᠬᠦ ᠭᠠᠵᠠᠷ ︵11 ᠰᠠᠷ᠎ᠠ ᠶᠢᠨ 30᠎ ᠤ ᠡᠳᠦᠷ︶᠂ ᠬᠥᠯᠥᠨ ᠪᠤᠶᠢᠷ ᠬᠤᠲᠠ ᠶᠢᠨ ᠮᠠᠨᠵᠤᠤᠷ ᠬᠤᠲᠠ ᠶᠢᠨ ᠬᠤᠶᠢᠲᠤ ᠲᠣᠭᠤᠷᠢᠭ ᠵᠡᠭᠡᠯᠢ ᠶᠢᠨ ᠬᠡᠷᠡᠭ ᠡᠷᠬᠢᠯᠡᠬᠦ ᠭᠠᠵᠠᠷ ︵11 ᠳ᠋ᠦᠭᠡᠷ ᠰᠠᠷ᠎ᠠ ᠶᠢᠨ 3᠎ ᠤ ᠡᠳᠦᠷ︶᠂ ᠬᠥᠯᠥᠨ ᠪᠤᠶᠢᠷ ᠬᠤᠲᠠ ᠶᠢᠨ ᠮᠠᠨᠵᠤᠤᠷ ᠬᠤᠲᠠ ᠶᠢᠨ ᠰᠢᠩ ᠬᠤᠸᠠ ᠵᠡᠭᠡᠯᠢ ︵12 ᠳ᠋ᠤᠭᠠᠷ ᠰᠠᠷ᠎ᠠ ᠶᠢᠨ 1᠎ ᠤ ᠡᠳᠦᠷ︶᠂ ᠬᠥᠯᠥᠨ ᠪᠤᠶᠢᠷ ᠬᠤᠲᠠ ᠶᠢᠨ ᠵᠠᠯᠠᠶᠢᠨᠠᠭᠤᠷ ᠲᠣᠭᠤᠷᠢᠭ ᠤᠨ ᠭᠤᠷᠪᠠᠳᠤᠭᠠᠷ ᠵᠡᠭᠡᠯᠢ ︵12 ᠳ᠋ᠤᠭᠠᠷ ᠰᠠᠷ᠎ᠠ ᠶᠢᠨ 1᠎ ᠤ ᠡᠳᠦᠷ︶᠂ ᠬᠥᠯᠥᠨ ᠪᠤᠶᠢᠷ ᠬᠤᠲᠠ ᠶᠢᠨ ᠵᠠᠯᠠᠶᠢᠨᠠᠭᠤᠷ ᠲᠣᠭᠤᠷᠢᠭ ᠤᠨ ᠳᠥᠷᠪᠡᠳᠦᠭᠡᠷ ᠵᠡᠭᠡᠯᠢ ︵12 ᠳ᠋ᠤᠭᠠᠷ ᠰᠠᠷ᠎ᠠ ᠶᠢᠨ 1᠎ ᠤ ᠡᠳᠦᠷ︶᠂ ᠬᠥᠯᠥᠨ ᠪᠤᠶᠢᠷ ᠬᠤᠲᠠ ᠶᠢᠨ ᠵᠠᠯᠠᠶᠢᠨᠠᠭᠤᠷ ᠲᠣᠭᠤᠷᠢᠭ ᠤᠨ ᠨᠢᠭᠡᠳᠦᠭᠡᠷ ᠵᠡᠭᠡᠯᠢ ︵12 ᠳ᠋ᠤᠭᠠᠷ ᠰᠠᠷ᠎ᠠ ᠶᠢᠨ 4᠎ ᠤ ᠡᠳᠦᠷ︶︔ ᠨᠦᠬᠦᠬᠡ ᠨᠢᠬᠡ ᠨᠢ ᠶᠦᠨᠨᠠᠨ ᠮᠤᠵᠢ ᠶᠢᠨ ᠳ᠋ᠧ ᠬᠤᠩ ᠤᠨ ᠳ᠋ᠠᠶ ᠦᠨᠳᠦᠰᠦᠲᠡᠨ ᠵᠢᠩᠫᠦ᠋ᠤᠤ ᠦᠨᠳᠦᠰᠦᠲᠡᠨ ᠤ ᠥᠪᠡᠷᠲᠡᠭᠡᠨ ᠵᠠᠰᠠᠬᠤ ᠵᠧᠤ ᠶᠢᠨ ᠯᠦᠩᠴᠤᠸᠠᠨ ᠰᠢᠶᠠᠨ ᠤ ᠵᠢᠩᠯᠢᠩ ᠪᠥᠸᠧ ᠵᠢᠶᠦ᠋ᠨ ᠤ ᠪᠠᠷᠢᠯᠭ᠎ᠠ ᠶᠢᠨ ᠭᠠᠵᠠᠷ ᠠᠴᠠ ᠤᠮᠠᠷᠡᠰᠢ᠂ ᠮᠤᠩᠸᠠᠨ ᠠᠭᠤᠯᠠ ᠤᠰᠤᠨ ᠤ ᠪᠠᠷᠢᠯᠭ᠎ᠠ ᠶᠢᠨ ᠭᠠᠵᠠᠷ ᠠᠴᠠ ᠪᠠᠷᠠᠭᠤᠡᠰᠢ᠂ ᠷᠧᠨ ᠾᠧ ᠡᠮᠨᠡᠯᠭᠡ ᠶᠢᠨ ᠬᠤᠷᠢᠶ᠎ᠠ ᠪᠣᠯᠤᠨ ᠰᠢᠩ ᠶᠦᠨ ᠰᠠᠭᠤᠭᠠᠯᠢ ᠲᠣᠭᠤᠷᠢᠭ ᠠᠴᠠ ᠡᠮᠤᠨᠡᠰᠢ᠂ ᠮᠤᠩᠸᠠᠨ ᠡᠮᠦᠨ᠎ᠡ ᠵᠠᠮ ᠤᠨ ᠦᠷᠬᠦᠯᠵᠢᠯᠡᠭᠰᠡᠨ ᠱᠤᠭᠤᠮ ᠠᠴᠠ ᠵᠡᠭᠦᠨᠰᠢᠬᠢ ᠵᠠᠯᠭᠠᠯᠳᠤᠭᠰᠠᠨ ᠲᠣᠭᠤᠷᠢᠭ ᠪᠤᠯᠤᠨ᠎ᠠ᠃ ᠳᠤᠮᠳᠠ ᠲᠦᠭᠰᠢᠭᠦᠷᠢ ᠲᠠᠢ ᠭᠠᠵᠠᠷ ᠣᠷᠣᠨ 41 ᠪᠠᠶᠢᠵᠤ᠂ ᠡᠭᠦᠨ ᠳᠤ ᠶᠦᠨᠨᠠᠨ ᠮᠤᠵᠢ ᠶᠢᠨ ᠳ᠋ᠧ ᠬᠤᠩ ᠵᠧᠤ ᠶᠢᠨ ᠷᠦᠢ ᠯᠢ ᠬᠤᠲᠠ 1︔ ᠭᠤᠸᠠᠩᠳᠦ᠋ᠩ ᠮᠤᠵᠢ ᠶᠢᠨ ᠭᠤᠸᠠᠩᠵᠧᠦ ᠬᠤᠲᠠ ᠶᠢᠨ ᠪᠠᠶ ᠶᠦᠨ ᠲᠣᠭᠤᠷᠢᠭ ᠲᠤ 1᠂ ᠱᠠᠩᠬᠠᠶ ᠬᠤᠲᠠ ᠳᠤ 4︔ ᠥᠪᠥᠷ ᠮᠣᠩᠭᠤᠯ ᠤᠨ ᠬᠥᠯᠥᠨ ᠪᠤᠶᠢᠷ ᠬᠤᠲᠠ ᠳᠤ 4᠂ ᠲᠦᠩᠯᠢᠶᠣᠤ ᠬᠤᠲᠠ ᠳᠤ 1᠂ ᠬᠠᠷᠠᠮᠥ᠋ᠷᠡᠨ ᠤ ᠬᠠᠷᠪᠢᠨ ᠬᠤᠲᠠ ᠳᠤ 28᠂ ᠵᠧᠵᠢᠶᠠᠩ ᠮᠤᠵᠢ ᠶᠢᠨ ᠨᠢᠩᠪᠦ᠋ᠸᠧ ᠬᠤᠳᠠ ᠳᠤ 2  ᠪᠣᠶ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠵᠤᠬᠢᠴᠠᠮᠵᠢ ᠪᠠ ᠥᠪᠡᠷᠲᠡᠭᠡᠨ ᠵᠠᠰᠠᠬᠤ ᠣᠷᠣᠨ᠂ ᠪᠥᠬᠦ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ︽ᠭᠠᠳᠠᠨ᠎ᠠ ᠠᠴᠠ ᠬᠠᠯᠳᠠᠪᠤᠷᠢᠯᠠᠬᠤ ᠶᠢ ᠰᠡᠷᠭᠡᠶᠢᠯᠡᠵᠦ᠂ ᠳᠣᠲᠣᠭᠠᠳᠤ ᠎ ᠳᠤ ᠳᠠᠬᠢᠨ ᠲᠡᠯᠬᠡᠷᠡᠬᠦ︾ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠰᠠᠶᠢᠲᠤᠷ ᠬᠢᠵᠦ᠂ ᠬᠢᠵᠢᠭ ᠤᠨ ᠪᠠᠶᠢᠳᠠᠯ ᠤᠨ ᠭᠠᠳᠠᠨ᠎ᠠ ᠠᠴᠠ ᠬᠠᠯᠳᠠᠪᠤᠷᠢᠯᠠᠬᠤ ᠲᠦᠭᠰᠢᠭᠦᠷᠢ ᠶᠢ ᠪᠦᠲᠦᠮᠵᠢᠲᠡᠶ ᠰᠡᠷᠬᠡᠶᠢᠯᠡᠨ ᠡᠵᠡᠮᠳᠡᠬᠦ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠳᠡᠢ᠃ ᠡᠯ᠎ᠡ ᠰᠤᠮᠤ ᠪᠠᠯᠭᠠᠰᠤ ︵ᠲᠣᠭᠤᠷᠢᠭ︶᠎ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠤᠳ ᠡᠷᠬᠡᠪᠰᠢ ᠮᠠᠨᠵᠤᠤᠷ ᠬᠤᠲᠠ᠂ ᠬᠥᠯᠥᠨ ᠪᠤᠶᠢᠷ ᠬᠤᠲᠠ ᠶᠢᠨ ᠪᠤᠰᠤᠳ ᠬᠤᠰᠢᠭᠤ ᠰᠢᠶᠠᠨ ᠤ ᠬᠤᠲᠠ ᠲᠣᠭᠤᠷᠢᠭ᠂ ᠬᠠᠷᠪᠢᠨ ᠬᠤᠲᠠ ᠪᠣᠯᠤᠨ ᠲᠦᠩᠯᠢᠶᠣᠤ ᠬᠤᠲᠠ ᠵᠡᠷᠭᠡ ᠳᠡᠭᠡᠷ᠎ᠡ ᠳᠤᠷᠠᠳᠤᠭᠰᠠᠨ ᠲᠦᠭᠰᠢᠬᠦᠷᠢ ᠶᠡᠬᠡᠳᠡᠢ ᠭᠠᠵᠡᠷ ᠤᠷᠤᠨ ᠪᠠ ᠳᠤᠮᠳᠠ ᠲᠡᠰ ᠤᠨ ᠲᠦᠭᠰᠢᠭᠦᠷᠢ ᠲᠠᠢ ᠭᠤᠤᠯᠳᠠᠯᠭ᠎ᠠ ᠲᠠᠢ ᠭᠠᠵᠠᠷ ᠣᠷᠣᠨ ︵ᠳᠣᠷᠣᠭᠰᠢ ᠭᠤᠤᠯᠳᠠᠯᠭ᠎ᠠ ᠲᠠᠢ ᠭᠠᠵᠠᠷ ᠣᠷᠣᠨ ᠭᠡᠵᠦ ᠲᠣᠪᠴᠢᠯᠠᠨ᠎ᠠ︶᠎ ᠠᠴᠠ ᠮᠠᠨ ᠤ ᠬᠤᠰᠢᠭᠤᠨ ᠳᠤ ᠢᠷᠡᠵᠤ ᠪᠤᠴᠠᠭᠰᠡᠨ ᠬᠦᠮᠤᠰ ᠢ ᠪᠦᠷᠢᠳᠬᠡᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠮᠠᠨ ᠤ ᠬᠤᠰᠢᠭᠤᠨ ᠳᠤ ᠢᠷᠡᠭᠰᠡᠨ ︵ᠪᠤᠴᠠᠵᠤ ᠢᠷᠡᠭᠰᠡᠨ︶ ᠬᠥᠮᠦᠰ ᠤᠨ ᠠᠶᠠᠯᠠᠯ ᠤᠨ ᠵᠠᠮ ᠱᠤᠭᠤᠮ ᠨᠢ ᠣᠨᠣᠰᠢᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠥᠬᠡᠶ ᠪᠠᠷ ᠬᠠᠯᠳᠠᠪᠤᠷᠢᠯᠠᠭᠰᠠᠳ ᠎ ᠲᠠᠢ ᠬᠠᠮᠳᠤ ᠠᠶᠠᠯᠠᠨ ᠵᠤᠭᠠᠴᠠᠭᠰᠡᠨ ᠡᠰᠡᠬᠦ ᠶᠢ ᠪᠦᠷᠢᠳᠬᠡᠨ ᠪᠠᠶᠢᠴᠠᠭᠠᠵᠤ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠪᠠᠳᠤᠯᠠᠬᠤ ᠬᠡᠷᠡᠭᠳᠡᠢ᠃       ᠬᠤᠶᠠᠷ᠂ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠬᠡᠷᠡᠭᠳᠡᠢ᠃ ᠥᠷᠭᠡᠨ ᠤᠯᠠᠨ ᠰᠠᠭᠤᠭᠠᠯᠢ ᠠᠷᠠᠳ ᠬᠢᠵᠢᠭ ᠤᠨ ᠪᠠᠶᠢᠳᠠᠯ ᠤᠨ ᠪᠠᠶᠢᠳᠠᠯ ᠢ ᠦᠷᠭᠦᠯᠵᠢᠯᠡᠨ ᠨᠢᠭᠲᠠ ᠠᠩᠬᠠᠷᠴᠤ᠂ ᠬᠢᠵᠢᠭ ᠤᠨ ᠪᠠᠶᠢᠳᠠᠯ ᠭᠠᠷᠤᠭᠰᠠᠨ ᠭᠠᠵᠠᠷ ᠣᠷᠣᠨ ᠳᠤ ᠣᠴᠢᠬᠤ ᠦᠭᠡᠢ ᠪᠥᠭᠡᠳ ᠬᠢᠯᠢ ᠠᠴᠠ ᠭᠠᠷᠬᠤ ᠦᠭᠡᠢ ᠪᠠᠶᠢᠬᠤ ᠶᠢ ᠪᠠᠳᠤᠯᠠᠬᠤ ᠬᠡᠷᠡᠭᠲᠡᠶ᠃ ᠮᠠᠨᠵᠤᠤᠷ ᠬᠤᠲᠠ᠂ ᠬᠥᠯᠥᠨ ᠪᠤᠶᠢᠷ ᠬᠤᠲᠠ ᠶᠢᠨ ᠪᠤᠰᠤᠳ ᠬᠤᠰᠢᠭᠤ ᠰᠢᠶᠠᠨ ᠤ ᠬᠤᠲᠠ ᠲᠣᠭᠤᠷᠢᠭ᠂ ᠬᠠᠷᠪᠢᠨ ᠬᠤᠲᠠ ᠪᠣᠯᠤᠨ ᠲᠦᠩᠯᠢᠶᠣᠤ ᠬᠤᠲᠠ ᠵᠡᠷᠭᠡ ᠭᠤᠣᠯᠳᠠᠯᠭ᠎ᠠ ᠲᠠᠢ ᠭᠠᠵᠠᠷ ᠣᠷᠣᠨ ᠢᠶᠠᠷ ᠶᠠᠪᠤᠵᠤ ᠰᠠᠭᠤᠭᠰᠠᠨ ᠦᠩᠬᠡᠷᠡᠯᠳᠡ ᠲᠠᠢ ᠬᠤᠰᠢᠭᠤᠨ ᠳᠤ ᠢᠷᠡᠬᠦ ︵ᠪᠤᠴᠠᠵᠤ ᠢᠷᠡᠭᠰᠡᠨ︶ ᠬᠥᠮᠦᠰ᠂ ᠣᠨᠣᠰᠢᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠶ ᠬᠠᠯᠳᠠᠪᠤᠷᠢᠯᠠᠭᠰᠠᠳ ᠲᠠᠢ ᠬᠠᠮᠳᠤ ᠠᠶᠠᠯᠠᠨ ᠵᠤᠭᠠᠴᠠᠭᠰᠡᠳ ᠴᠠᠭ ᠲᠤᠬᠠᠢ ᠳᠤᠨᠢ ᠰᠠᠨᠠᠭᠠᠴᠢᠯᠠᠭ᠎ᠠ ᠠᠴᠠ ᠪᠠᠨ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠪᠤᠶᠤ ᠰᠠᠭᠤᠭ᠎ᠠ ᠭᠠᠴᠠᠭ᠎ᠠ ︵ᠨᠡᠶᠢᠭᠡᠮ ᠲᠣᠭᠤᠷᠢᠭ︶ ᠪᠣᠯᠤᠨ ᠪᠠᠶᠢᠭᠤᠯᠭ᠎ᠠ ︵ᠰᠠᠭᠤᠭ᠎ᠠ ᠪᠠᠭᠤᠳᠠᠯ︶᠎ ᠳᠤ ᠮᠡᠳᠡᠭᠦᠯᠵᠦ᠂ ᠬᠡᠷᠪᠡ ᠬᠠᠯᠠᠭᠤᠷᠠᠬᠤ᠂ ᠬᠠᠨᠢᠶᠠᠬᠤ᠂ ᠬᠤᠭᠤᠯᠠᠶ ᠡᠪᠡᠳᠬᠦ᠂ ᠲᠠᠮᠢᠷᠳᠠᠬᠤ᠂ ᠦᠨᠦᠷᠯᠡᠬᠦ ᠰᠡᠷᠡᠯ ᠮᠠᠭᠤᠳᠠᠬᠤ᠂ ᠰᠠᠭᠤᠯᠭᠠᠬᠤ ᠵᠡᠷᠭᠡ ᠡᠪᠡᠳᠴᠢᠨ ᠤ ᠢᠯᠡᠷᠡᠯ ᠭᠠᠷᠪᠠᠯ᠂ ᠠᠮᠠᠪᠴᠢ ᠵᠡᠭᠦᠬᠦ ᠶᠢᠨ ᠬᠠᠮᠲᠤ ᠴᠠᠭ ᠲᠤᠬᠠᠶ ᠳᠤᠨᠢ ᠬᠤᠰᠢᠭᠤᠨ ᠤ ᠡᠮᠨᠡᠯᠭᠡ ᠶᠢᠨ ᠬᠤᠷᠢᠶ᠎ᠠ ᠪᠤᠶᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠲᠤ ᠬᠦᠷᠴᠦ ᠪᠠᠶᠢᠴᠠᠭᠠᠯᠭᠠᠵᠤ ᠣᠨᠣᠰᠢᠯᠠᠨ ᠡᠮᠴᠢᠯᠡᠬᠦᠯᠬᠦ ᠶᠢᠨ ᠬᠠᠮᠲᠤ᠂ ᠬᠤᠪᠢ ᠬᠥᠮᠦᠨ ᠤ ᠶᠠᠪᠤᠵᠤ ᠰᠠᠭᠤᠭᠰᠠᠨ ᠦᠩᠬᠡᠷᠡᠯᠳᠡ᠂ ᠵᠠᠮ ᠱᠤᠭᠤᠮ ᠵᠢᠴᠢ ᠬᠠᠮᠳᠤ ᠶᠠᠪᠤᠭᠰᠡᠳ ᠢᠶᠠᠨ ᠦᠨᠡᠨ ᠮᠥᠨ ᠢᠶᠠᠷ ᠨᠢ ᠨᠠᠷᠢᠨ ᠲᠣᠳᠣᠷᠬᠠᠶ ᠮᠡᠳᠡᠭᠳᠡᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠪᠥᠭᠡᠮ ᠬᠦᠴᠢᠯ ᠢ ᠪᠠᠶᠢᠴᠠᠭᠠᠨ ᠰᠢᠯᠭᠠᠬᠤ᠂ ᠲᠤᠰᠠᠭᠠᠷᠯᠠᠨ ᠠᠵᠢᠭᠯᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠬᠤᠳᠠᠯ ᠬᠠᠭᠤᠷᠮᠠᠭ ᠢᠶᠠᠷ ᠮᠡᠳᠡᠭᠦᠯᠬᠦ ᠪᠤᠶᠤ ᠴᠠᠭ ᠲᠤᠬᠠᠢ ᠳᠤᠨᠢ ᠮᠡᠳᠡᠬᠦᠯᠬᠦ ᠠᠴᠠ ᠪᠤᠯᠵᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠳᠤ ᠬᠠᠷᠰᠢ ᠰᠠᠭᠠᠳ ᠤᠴᠡᠷᠠᠭᠤᠯᠪᠠᠯ ᠬᠠᠤᠯᠢ ᠶᠤᠰᠤᠭᠠᠷ ᠬᠤᠯᠪᠣᠭᠳᠠᠯ ᠪᠥᠬᠦᠶ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠭᠤᠷᠪᠠ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠦᠰ ᠲᠤ ᠴᠥᠮ ︽14 ᠡᠳᠦᠷ ᠲᠤ ᠲᠥᠪᠯᠡᠷᠡᠭᠦᠯᠦᠨ ᠲᠤᠰᠠᠭᠠᠷᠯᠠᠬᠤ + 5 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ︾᠎ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠳᠤᠮᠳᠠ ᠲᠦᠭᠰᠢᠭᠦᠷᠢ ᠲᠠᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠦᠰ ᠲᠤ ᠴᠥᠮ ︽14 ᠡᠳᠦᠷ ᠲᠤ ᠬᠡᠷ ᠲᠤᠨᠢ ᠲᠤᠰᠠᠭᠠᠷᠯᠠᠬᠤ + 5 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ︾᠎ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠡᠷ ᠲᠤᠨᠢ ᠲᠤᠰᠠᠭᠠᠷᠯᠠᠬᠤ ᠨᠥᠬᠦᠴᠡᠯ ᠥᠬᠡᠶ ᠬᠥᠮᠦᠰ ᠢ ᠲᠤᠭᠳᠠᠭᠰᠡᠨ ᠴᠡᠭ ᠲᠤ ᠲᠥᠪᠯᠡᠷᠡᠭᠦᠯᠦᠨ ᠲᠤᠰᠠᠭᠠᠷᠯᠠᠨ᠎ᠠ︔ ᠳᠤᠮᠳᠠ ᠲᠦᠭᠰᠢᠭᠦᠷᠢ ᠲᠠᠢ ᠭᠠᠵᠠᠷ ᠣᠷᠣᠨ ᠤ ᠪᠠᠶᠢᠭ᠎ᠠ ᠰᠢᠶᠠᠨ ᠲᠣᠭᠤᠷᠢᠭ ᠤᠨ ᠪᠤᠰᠤᠳ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠦᠰ ᠴᠥᠮ 48 ᠴᠠᠭ ᠤᠨ ᠲᠤᠳᠤᠷᠡᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠬᠢᠯᠬᠡᠵᠤ᠂ ᠪᠥᠭᠡᠮ ᠬᠦᠴᠢᠯ ᠤᠨ ᠪᠠᠶᠢᠴᠠᠭᠠᠯᠲᠠ ᠬᠢᠭᠰᠡᠨ ᠥᠬᠡᠶ ᠪᠣᠯ ᠬᠤᠪᠢ ᠬᠥᠮᠦᠨ ᠤ ᠬᠠᠮᠠᠭᠠᠯᠠᠯᠲᠠ ᠶᠢᠨ ᠰᠠᠭᠤᠷᠢᠨ ᠳᠡᠭᠡᠷ᠎ᠡ᠂ ᠣᠶᠢᠷ᠎ᠠ ᠬᠠᠪᠢ ᠳᠠᠭᠠᠨ ᠪᠠᠶᠢᠴᠠᠭᠠᠯᠲᠠ ᠬᠢᠬᠦ ᠬᠡᠷᠡᠭᠲᠡᠶ᠃       ᠳᠥᠷᠪᠡ᠂ ᠬᠤᠪᠢ ᠬᠥᠮᠦᠨ ᠤ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠶ᠃ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠵᠦ᠂ 1 ᠮᠧᠲᠷ ᠠᠴᠠ ᠳᠡᠭᠡᠭᠰᠢ ᠨᠡᠶᠢᠭᠡᠮ ᠤᠨ ᠬᠠᠷᠢᠯᠴᠠᠭᠠᠨ ᠤ ᠵᠠᠶ ᠲᠠᠢ ᠪᠠᠶᠢᠬᠤ ᠶᠢ ᠠᠩᠬᠠᠷᠴᠤ᠂ ᠭᠠᠷ ᠢᠶᠠᠨ ᠦᠷᠭᠦᠯᠵᠢ ᠤᠬᠢᠶᠠᠬᠤ᠂ ᠠᠷᠢᠭᠤᠳᠬᠠᠬᠤ᠂ ᠦᠷᠭᠦᠯᠵᠢ ᠰᠠᠯᠬᠢ ᠨᠡᠪᠲᠡᠷᠡᠬᠦ᠂ ᠠᠮᠠᠪᠴᠢ ᠵᠡᠭᠦᠬᠦ᠂ ᠨᠡᠶᠢᠲᠡ ᠶᠢᠨ ᠰᠠᠪᠬ᠎ᠠ ᠬᠡᠷᠡᠭᠯᠡᠬᠦ᠂ ᠬᠤᠪᠢᠳᠠᠨ ᠬᠤᠭᠤᠯᠠᠯᠠᠬᠤ ᠵᠡᠷᠭᠡ ᠡᠷᠡᠭᠦᠯ ᠬᠠᠮᠠᠭᠠᠯᠠᠯ ᠤᠨ ᠳᠠᠳᠬᠠᠯ ᠪᠠ ᠠᠮᠢᠳᠤᠷᠠᠯ ᠤᠨ ᠠᠷᠭ᠎ᠠ ᠬᠡᠯᠪᠡᠷᠢ ᠶᠢ ᠪᠠᠷᠢᠮᠲᠠᠯᠠᠵᠤ᠂ ᠴᠢᠬᠤᠯᠠ ᠪᠤᠰᠤ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠪᠠᠭᠠᠰᠬᠠᠬᠤ ᠬᠡᠷᠡᠭᠲᠡᠶ᠃ ᠡᠭᠦᠨ ᠤ ᠬᠠᠮᠲᠤ ᠤᠯᠤᠰ ᠤᠨ ᠳᠣᠲᠣᠭᠠᠳᠤ ᠶᠢᠨ ᠲᠦᠭᠰᠢᠭᠦᠷᠢ ᠶᠡᠬᠡᠲᠡᠶ ᠭᠠᠵᠠᠷ ᠣᠷᠣᠨ ᠤ ᠰᠢᠤᠳᠠᠨ ᠭᠤᠪᠢᠭᠤᠯᠭ᠎ᠠ᠂ ᠲᠦᠷᠭᠡᠨ ᠬᠦᠷᠭᠡᠬᠦ ᠪᠠᠷᠠᠭ᠎ᠠ ᠪᠠ ᠭᠠᠳᠠᠭᠠᠳᠤ ᠠᠴᠠ ᠣᠷᠣᠭᠤᠯᠬᠤ ᠬᠦᠢᠳᠠᠨ ᠬᠡᠯᠬᠢᠶᠡᠲᠦ ᠢᠳᠡᠭᠡᠨ ᠤ ᠰᠢᠨ᠎ᠡ ᠲᠢᠳᠢᠮᠯᠢᠭ ᠸᠢᠷᠦ᠋ᠰ ᠬᠠᠯᠳᠠᠪᠤᠷᠢᠯᠠᠬᠤ ᠲᠦᠭᠰᠢᠭᠦᠷᠢ ᠶᠢ ᠰᠡᠷᠭᠡᠶᠢᠯᠡᠬᠦ ᠲᠠᠨᠢᠯᠳᠠ ᠤᠬᠠᠮᠰᠠᠷ ᠢᠶᠠᠨ ᠳᠡᠭᠡᠭᠰᠢᠯᠡᠭᠦᠯᠵᠦ᠂ ᠡᠳ᠋ ᠪᠣᠳᠠᠰ ᠠᠷᠢᠭᠤᠳᠬᠠᠬᠤ ᠪᠠ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ ᠃ ᠢᠷᠡᠯᠲᠡ ᠨᠢ ᠲᠣᠳᠣᠷᠬᠠᠶ ᠥᠬᠡᠶ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠥᠬᠡᠶ ᠭᠠᠳᠠᠭᠠᠳᠤ ᠠᠴᠠ ᠣᠷᠣᠭᠤᠯᠤᠭᠰᠠᠨ ᠲᠠᠸᠠᠷ ᠢ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠬᠤ ᠶᠢ ᠡᠷᠡᠰ ᠲᠠᠪᠴᠢᠬᠦ ᠬᠡᠷᠡᠭᠳᠡᠢ᠃ ᠰᠢᠤᠳᠠᠨ ᠤ ᠭᠤᠪᠢᠭᠤᠯᠭ᠎ᠠ᠂ ᠲᠦᠷᠭᠡᠨ ᠬᠦᠷᠭᠡᠬᠦ ᠪᠠᠷᠠᠭ᠎ᠠ ᠬᠦᠷᠭᠡᠬᠦ ᠶᠢᠨ ᠲᠤᠬᠠᠶᠢᠯᠠᠭᠰᠠᠨ ᠠᠵᠢᠯ ᠢ ᠡᠷᠭᠢᠯᠡᠨ ᠬᠢᠵᠦ ᠪᠠᠶᠢᠭ᠎ᠠ ᠬᠥᠮᠦᠰ ᠪᠣᠯᠤᠨ ᠬᠦᠢᠳᠠᠨ ᠬᠡᠯᠬᠢᠶᠡᠲᠦ ᠢᠳᠡᠭᠡᠨ ᠢ ᠭᠠᠳᠠᠭᠠᠳᠤ ᠠᠴᠠ ᠣᠷᠣᠭᠤᠯᠬᠤ ᠠᠵᠢᠯ ᠡᠵᠡᠩᠨᠡᠵᠤ ᠬᠢᠵᠦ ᠪᠠᠶᠢᠭ᠎ᠠ ᠬᠥᠮᠦᠰ᠂ ᠪᠥᠬᠦ ᠲᠠᠯ᠎ᠠ ᠪᠠᠷ ᠰᠡᠷᠭᠡᠶᠢᠯᠡᠬᠦ ᠴᠢᠨᠠᠷᠲᠠᠶ ᠠᠷᠢᠭᠤᠳᠬᠠᠯ ᠢ ᠴᠢᠩᠭ᠎ᠠ ᠵᠢᠷᠤᠮᠵᠢᠭᠤᠯᠤᠨ ᠬᠢᠵᠤ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠪᠠ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠶᠢ ᠴᠢᠩᠭᠠᠳᠬᠠᠨ᠂ ᠰᠢᠢᠳᠪᠤᠷᠢᠯᠡᠬᠦ ᠲᠠᠯᠠᠪᠤᠷ ᠤᠨ ᠠᠷᠢᠭᠤᠳᠬᠠᠬᠤ᠂ ᠰᠠᠯᠬᠢ ᠨᠡᠪᠲᠡᠷᠡᠭᠦᠯᠬᠦ ᠵᠡᠷᠭᠡ ᠠᠵᠢᠯ ᠢ ᠰᠠᠶᠢᠲᠤᠷ ᠬᠢᠵᠦ᠂ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠪᠠ ᠬᠢᠯᠢ ᠶᠢᠨ ᠳᠣᠲᠣᠷ᠎ᠠ ᠲᠠᠷᠬᠠᠵᠤ ᠲᠡᠯᠬᠡᠷᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃       ᠲᠠᠪᠤ᠂ ᠬᠥᠮᠦᠰ ᠤᠨ ᠡᠪᠡᠳᠴᠢᠨ ᠡᠮᠬᠡᠭ ᠢ ᠰᠡᠷᠬᠡᠶᠢᠯᠡᠬᠦ ᠡᠬᠡᠯᠢᠯᠡᠭᠡ ᠶᠢᠨ ᠬᠠᠯᠬᠠᠪᠴᠢ ᠶᠢ ᠪᠠᠶᠢᠭᠤᠯᠬᠤ ᠬᠡᠷᠡᠭᠳᠡᠢ᠃ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠪᠣᠯ ᠣᠳᠣᠬᠠᠨ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠪᠦᠲᠦᠮᠵᠢᠲᠡᠶ ᠠᠷᠭ᠎ᠠ ᠪᠠᠷᠢᠯ ᠪᠤᠯᠬᠤᠷ ᠥᠷᠭᠡᠨ ᠣᠯᠠᠨ ᠰᠠᠭᠤᠭᠠᠯᠢ ᠠᠷᠠᠳ ᠤᠯᠤᠰ ᠤᠨ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠲᠥᠷᠥ ᠶᠢᠨ ᠪᠣᠳᠣᠯᠭ᠎ᠠ ᠶᠢ ᠴᠤᠤᠷᠢᠶᠠᠳᠤᠨ ᠳᠠᠭᠠᠵᠤ᠂ ᠲᠠᠷᠢᠯᠭ᠎ᠠ ︵ᠭᠤᠷᠪᠠᠳᠤᠭᠠᠷ ᠲᠠᠷᠢᠯᠭ᠎ᠠ︶ ᠪᠠ 3 — 11 ᠨᠠᠰᠤᠨ ᠤ ᠬᠡᠤᠬᠡᠳ ᠤᠨ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ ᠴᠢᠩᠭᠠᠳᠬᠠᠬᠤ ᠳᠤ ᠢᠳᠡᠪᠬᠢᠲᠡᠶ ᠬᠠᠮᠵᠢᠯᠴᠠᠨ᠂ ᠬᠤᠪᠢ ᠬᠥᠮᠦᠨ ᠤ ᠡᠷᠡᠭᠦᠯ ᠮᠡᠨᠳᠦ ᠶᠢ ᠬᠠᠮᠠᠭᠠᠯᠠᠵᠤ᠂ ᠬᠠᠯᠳᠠᠪᠤᠷᠢᠯᠠᠬᠤ ᠪᠠ ᠡᠪᠡᠳᠴᠢᠨ ᠡᠭᠦᠰᠬᠦ ᠲᠦᠭᠰᠢᠭᠦᠷᠢ ᠶᠢ ᠪᠠᠭᠠᠰᠬᠠᠨ᠂ ᠬᠥᠮᠦᠰ ᠤᠨ ᠡᠭᠡᠯᠢᠯᠡᠭᠡ ᠶᠢᠨ ᠬᠠᠯᠬᠠᠪᠴᠢ ᠶᠢ ᠬᠠᠮᠲᠤ ᠪᠠᠷ ᠴᠣᠭᠴᠠᠯᠠᠬᠤ ᠬᠡᠷᠡᠭᠳᠡᠢ᠃        ᠵᠢᠷᠭᠤᠭ᠎ᠠ᠂ ︽ᠳᠥᠷᠪᠡᠨ ᠲᠠᠯ᠎ᠠ︾᠎ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠥᠮᠦᠨ ᠪᠦᠬᠦᠨ ᠬᠠᠷᠢᠭᠤᠴᠠᠯᠭ᠎ᠠ ᠲᠠᠢ ᠪᠤᠯᠬᠤᠷ᠂ ᠡᠯ᠎ᠡ ᠰᠤᠮᠤ ᠪᠠᠯᠭᠠᠰᠤ ᠲᠣᠭᠤᠷᠢᠭ ︵ᠬᠠᠮᠢᠶᠠᠷᠤᠯᠲᠠ ᠶᠢᠨ ᠵᠥᠪᠯᠡᠯ︶᠂ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠡᠯ᠎ᠡ ᠰᠠᠭᠤᠭᠠᠯᠢ ᠠᠷᠠᠳ ᠬᠠᠷᠢᠶ᠎ᠠ ᠭᠠᠵᠠᠷ ᠣᠷᠣᠨ᠂ ᠰᠠᠯᠠᠭ᠎ᠠ ᠮᠥᠴᠢᠷ᠂ ᠨᠢᠭᠡᠴᠡ ᠪᠠ ᠬᠤᠪᠢ ᠬᠥᠮᠦᠨ ᠤ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠲᠦᠭᠰᠢᠭᠦᠷᠢ ᠶᠢᠨ ᠲᠠᠨᠢᠯᠳᠠ ᠤᠬᠠᠮᠰᠠᠷ ᠪᠠ ᠬᠠᠷᠢᠭᠤᠴᠠᠯᠭ᠎ᠠ ᠶᠢᠨ ᠲᠠᠨᠢᠯᠳᠠ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠦᠩᠬᠡᠨ ᠬᠠᠭᠤᠳᠠᠮ ᠬᠠᠰᠢ ᠶᠠᠰᠢ ᠤᠪᠤᠷ ᠢ ᠡᠷᠡᠰ ᠲᠠᠪᠴᠢᠵᠤ᠂ ᠡᠯ᠎ᠡ ᠲᠦᠷᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤᠪᠠᠷ ᠪᠠᠬᠢᠵᠢᠭᠦᠯᠬᠦ ᠬᠡᠷᠡᠭᠳᠡᠢ᠃ᠲᠤᠯᠤᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠃ ᠥᠷᠭᠡᠨ ᠣᠯᠠᠨ ᠰᠠᠭᠤᠭᠠᠯᠢ ᠠᠷᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠢᠳᠡᠪᠬᠢᠲᠡᠶ ᠳᠡᠮᠵᠢᠨ ᠬᠠᠮᠵᠢᠯᠴᠠᠵᠤ᠂ ᠮᠠᠨᠵᠤᠤᠷ ᠬᠤᠲᠠ᠂ ᠬᠥᠯᠥᠨ ᠪᠤᠶᠢᠷ ᠬᠤᠲᠠ ᠶᠢᠨ ᠪᠤᠰᠤᠳ ᠬᠤᠰᠢᠭᠤ ᠰᠢᠶᠠᠨ ᠤ ᠬᠤᠲᠠ ᠲᠣᠭᠤᠷᠢᠭ᠂ ᠬᠠᠷᠪᠢᠨ ᠬᠤᠲᠠ ᠪᠣᠯᠤᠨ ᠲᠦᠩᠯᠢᠶᠣᠤ ᠬᠤᠲᠠ ᠵᠡᠷᠭᠡ ᠭᠤᠤᠯᠳᠠᠯᠭ᠎ᠠ ᠲᠠᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠦᠰ ᠤᠨ ᠪᠠᠶᠢᠳᠠᠯ ᠢ ᠮᠡᠳᠡᠭᠰᠡᠨ ᠪᠠᠶᠢᠪᠠᠯ᠂ ᠴᠠᠭ ᠲᠤᠬᠠᠶ ᠳᠤᠨᠢ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠪᠠᠶᠢᠳᠠᠯ ᠢ ᠲᠤᠰᠬᠠᠵᠤ᠂ ᠰᠦᠪᠡᠭᠴᠢ ᠬᠠᠩᠭᠠᠭᠰᠠᠨ ᠬᠥᠮᠦᠨ ᠤ ᠬᠠᠮᠢᠶ᠎ᠠ ᠪᠥᠬᠦᠶ ᠨᠢᠭᠤᠴᠠ ᠶᠢ ᠴᠢᠩᠭ᠎ᠠ ᠬᠠᠮᠠᠭᠠᠯᠠᠬᠤ ᠬᠡᠷᠡᠭᠳᠡᠢ᠃        ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠬᠡᠯᠳᠡᠰ ᠤᠨ ᠤᠲᠠᠰᠤ᠄ 0479 — 2022950        ᠬᠤᠰᠢᠭᠤ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ ᠤᠨ ᠤᠲᠠᠰᠤ 110,0479-2306866        ᠬᠤᠰᠢᠭᠤ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ ᠤᠨ ᠤᠲᠠᠰᠤ᠄ 0479 — 2028792        ᠬᠤᠰᠢᠭᠤ ᠡᠮᠨᠡᠯᠭᠡ ᠶᠢᠨ ᠬᠤᠷᠢᠶ᠎ᠠ ᠶᠢᠨ ᠬᠠᠯᠠᠭᠤᠷᠠᠬᠤ ᠡᠪᠡᠳᠴᠢᠳᠠᠨ ᠤ ᠡᠭᠦᠳᠡᠨ ᠡᠮᠨᠡᠯᠭᠡ ᠶᠢᠨ ᠤᠲᠠᠰᠤ᠄ 0479 — 2308633        ᠬᠤᠰᠢᠭᠤ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠤᠲᠠᠰᠤ᠄ 0479 — 2022550         ᠠᠪᠠᠭ᠎ᠠ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ    ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠳᠡᠰ    2021 ᠣᠨ ᠤ 12 ᠰᠠᠷ᠎ᠠ ᠶᠢᠨ 6᠎ ᠤ ᠡᠳᠤᠷ    
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号