ᠰᠢᠨᠬᠤᠧᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 20 ᠤ ᠡᠳᠦᠷ ᠤᠨ ᠮᠡᠳᠡᠭᠡ ︵ᠰᠤᠷᠪᠤᠯᠵᠢᠯᠠᠭᠴᠢ | ᠫᠧᠩ ᠶᠦᠨ ᠵᠢᠶᠠ︶ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠪᠡᠳᠴᠢᠨ ᠡᠮᠭᠡᠭ ᠢ | ᠰᠡᠷᠭᠡᠶᠢᠯᠡᠨ ᠬᠢᠵᠠᠭᠠᠷᠯᠠᠬᠤ ᠲᠣᠪᠴᠢᠶ᠎ᠠ ᠶᠢᠨ ᠬᠢᠨᠠᠨ ᠪᠠᠶᠢᠴᠠᠭᠠᠬᠤ ᠲᠤᠰᠬᠠᠶ ᠲᠤᠰᠢᠶᠠᠯᠲᠠᠨ ᠸᠠᠩ ᠪᠢᠨ 20 ᠤ | ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠬᠤᠷᠢᠬᠯᠠᠬᠤ | ᠲᠣᠭᠲᠠᠴᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠬᠡᠯᠡᠬᠦ ᠳᠡᠭᠡᠨ᠂ ᠨᠤᠲᠤᠭ ᠲᠠᠭᠠᠨ ᠬᠠᠷᠢᠬᠤ ᠬᠥᠮᠦᠰ | 7 ᠡᠳᠦᠷ ᠤᠨ ᠳᠣᠲᠣᠷᠠᠬᠢ ᠪᠥᠭᠡᠮ ᠬᠦᠴᠢᠯ ᠤᠨ ᠪᠢᠯᠢᠭ ᠴᠢᠨᠠᠷ ᠤᠨ ᠰᠢᠯᠭᠠᠨ ᠪᠠᠶᠢᠴᠠᠭᠠᠯᠲᠠ ᠶᠢᠨ ᠭᠡᠷᠡᠴᠢ ᠲᠠᠢ | ᠪᠠᠶᠢᠪᠠᠯ ᠰᠠᠶ᠋ᠢ ᠨᠤᠲᠤᠭ ᠲᠠᠭᠠᠨ ᠬᠠᠷᠢᠵᠦ ᠪᠤᠯᠤᠨ᠎ᠠ᠃ ᠲᠤᠬᠠᠢ ᠶᠢᠨ ᠭᠠᠵᠠᠷ ᠤᠨ ᠦᠨᠳᠦᠰᠦᠨ ᠱᠠᠲᠤᠨ ᠤ ᠵᠠᠰᠠᠭ ᠤᠨ | ᠣᠷᠳᠣᠨ ᠨᠢ ᠨᠤᠲᠤᠭ ᠲᠠᠭᠠᠨ ᠬᠠᠷᠢᠬᠤ ᠬᠥᠮᠦᠰ ᠲᠤ ᠲᠣᠤᠷᠴᠢᠯᠠᠭᠰᠠᠨ ᠬᠠᠮᠢᠶᠠᠷᠤᠯᠲᠠ ᠬᠢᠵᠦ᠂ ᠲᠤᠰᠠᠭᠠᠷᠯᠠᠬᠤ | ᠲᠠᠯᠠᠪᠤᠷ ᠭᠠᠵᠠᠷ ᠪᠠ ᠰᠢᠯᠭᠠᠨ ᠪᠠᠶᠢᠴᠠᠭᠠᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠶ ᠬᠡᠪᠡ᠃ ︽ᠣᠶᠢᠷ᠎ᠠ ᠶᠢᠨ | ᠬᠤᠭᠤᠴᠠᠭᠠᠨ ᠳᠤ ᠣᠯᠠᠨ ᠭᠠᠵᠠᠷ ᠲᠤ ᠴᠤᠭᠯᠠᠷᠠᠯ ᠤᠨ ᠴᠢᠨᠠᠷᠲᠠᠶ ᠬᠢᠵᠢᠭ ᠲᠡᠯᠭᠡᠷᠡᠬᠦ ᠪᠠᠶᠢᠳᠠᠯ ᠢᠯᠡᠷᠡᠵᠦ᠂ | ᠣᠯᠠᠩᠬᠢ ᠨᠢ ᠬᠥᠳᠡᠭᠡ ᠲᠣᠰᠬᠤᠨ ᠳᠤ ᠭᠠᠷᠴᠤ ᠪᠠᠶᠢᠨ᠎ᠠ︾ ᠬᠡᠵᠦ ᠤᠯᠤᠰ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠤᠨ ᠰᠣᠨᠢᠨ ᠮᠡᠳᠡᠭᠡᠨ ᠤ ᠥᠭᠦᠯᠡᠭᠴᠢ ᠮᠢ ᠹᠧᠩ ᠬᠡᠯᠡᠭᠰᠡᠨ ᠢᠶᠠᠨ ᠵᠠᠯᠭᠠᠭᠠᠳ᠂ ᠴᠠᠭᠠᠨ ᠰᠠᠷ᠎ᠠ | ᠣᠶᠢᠷᠠᠲᠤᠵᠤ᠂ ᠬᠥᠮᠦᠨ ᠬᠠᠷ᠎ᠠ ᠶᠢᠨ ᠶᠠᠪᠤᠯᠴᠠᠭ᠎ᠠ ᠤᠯᠠᠰᠢᠷᠠᠬᠤ ᠶᠢ ᠳᠠᠭᠠᠯᠳᠤᠨ᠂ ᠬᠢᠵᠢᠭ ᠬᠠᠯᠳᠠᠪᠤᠷᠢᠯᠠᠬᠤ ᠠᠶᠤᠯ | ᠲᠦᠭᠰᠢᠭᠦᠷᠢ ᠤᠯᠠᠮ ᠢᠶᠠᠷ ᠨᠡᠮᠡᠭᠳᠡᠭᠦ ᠲᠤᠯᠠ ᠰᠡᠷᠭᠡᠶᠢᠯᠡᠨ ᠬᠤᠷᠢᠬᠯᠠᠬᠤ ᠡᠭᠦᠷᠭᠡ ᠮᠥᠨ ᠬᠦ ᠪᠡᠷᠬᠡ ᠬᠠᠲᠠᠭᠤᠵᠢᠯᠲᠠᠶ | ᠮᠦᠷᠳᠡᠭᠡᠨ ᠬᠦᠨᠳᠦ ᠨᠦᠰᠡᠷ ᠪᠠᠶᠢᠨ᠎ᠠ ᠬᠡᠵᠡᠢ᠃ ᠣᠶᠢᠷ᠎ᠠ ᠶᠢᠨ ᠬᠤᠭᠤᠴᠠᠭᠠᠨ ᠤ ᠴᠤᠭᠯᠠᠷᠠᠯ ᠤᠨ ᠴᠢᠨᠠᠷᠲᠠᠶ ᠬᠢᠵᠢᠭ | ᠲᠡᠯᠭᠡᠷᠡᠵᠦ ᠪᠠᠶᠢᠬᠤ ᠪᠠᠶᠢᠳᠠᠯ ᠢ ᠡᠮᠬᠢᠯᠡᠨ ᠵᠠᠳᠠᠯᠬᠤ ᠪᠠᠷ ᠳᠡᠮᠵᠢᠭᠠᠳ᠂ ᠣᠳᠣᠬᠠᠨ ᠤ ᠬᠢᠵᠢᠭ ᠤᠨ ᠪᠠᠶᠢᠳᠠᠯ ᠨᠢ | ᠳᠣᠤᠷᠠᠬᠢ ᠮᠡᠲᠦ ᠣᠨᠴᠠᠯᠢᠭ ᠲᠠᠢ᠄ ᠣᠯᠠᠩᠬᠢ ᠨᠢ ᠬᠢᠯᠢ ᠶᠢᠨ ᠭᠠᠳᠠᠨ᠎ᠠ ᠠᠴᠠ ᠬᠥᠮᠦᠰ ᠤᠷᠤᠵᠤ ᠢᠷᠡᠵᠦ ᠪᠠᠶᠢᠬᠤ | ᠪᠤᠶᠤ ᠪᠣᠬᠢᠷᠲᠤᠭᠰᠠᠨ ᠬᠡᠯᠬᠢᠶᠡᠵᠢᠭᠰᠡᠨ ᠪᠣᠷᠣᠯᠠᠭᠤᠯᠭ᠎ᠠ ᠶᠢᠨ ᠬᠦᠢᠲᠡᠨ ᠬᠦᠯᠳᠡᠭᠦᠦ ᠡᠳ᠋ ᠪᠣᠳᠠᠰ ᠢ ᠭᠠᠳᠠᠭᠠᠳᠤ ᠠᠴᠠ | ᠤᠷᠤᠭᠤᠯᠵᠤ ᠪᠠᠶᠢᠬᠤ ᠠᠴᠠ ᠪᠤᠯᠵᠤ ᠲᠡᠯᠭᠡᠷᠡᠵᠦ ᠪᠠᠶᠢᠨ᠎ᠠ︔ ᠬᠦᠳᠡᠭᠡ ᠨᠤᠳᠤᠭ ᠲᠤ ᠲᠡᠯᠭᠡᠷᠡᠵᠦ ᠪᠠᠶᠢᠨ᠎ᠠ᠂ | ᠵᠢᠱᠢᠶᠡᠯᠡᠪᠡᠯ ᠾᠧᠪᠸᠢ ᠮᠤᠵᠢ ᠶᠢᠨ ᠱᠢ ᠵᠢᠶᠠ ᠵᠦ᠋ᠧᠠᠩ᠂ ᠬᠠᠷᠠᠮᠥ᠋ᠷᠡᠨ ᠮᠤᠵᠢ ᠶᠢᠨ ᠰᠦᠶ ᠬᠤᠸᠠ ᠵᠡᠷᠭᠡ ᠭᠠᠵᠠᠷ ᠤᠨ | ᠬᠢᠵᠢᠭ ᠨᠢ ᠴᠦᠮ ᠬᠦᠳᠡᠭᠡ ᠨᠤᠳᠤᠭ ᠲᠤ ᠲᠡᠯᠭᠡᠷᠡᠵᠡᠢ︔ ᠡᠨᠡ ᠤᠳᠠᠭ᠎ᠠ ᠶᠢᠨ ᠬᠢᠵᠢᠭ ᠤᠨ ᠲᠠᠷᠬᠠᠨ ᠳᠡᠯᠭᠡᠷᠡᠭᠰᠡᠨ | ᠬᠡᠪᠴᠢᠶ᠎ᠡ ᠨᠡᠯᠢᠶᠡᠳ ᠥᠷᠭᠡᠨ᠂ ᠲᠠᠷᠬᠠᠨ ᠳᠡᠯᠭᠡᠷᠡᠬᠦ ᠬᠤᠷᠳᠤᠴᠠ ᠨᠢ ᠨᠡᠯᠢᠶᠡᠳ ᠲᠦᠷᠭᠡᠨ ᠪᠠᠶᠢᠨ᠎ᠠ ᠬᠡᠵᠦ ᠸᠠᠩ ᠪᠢᠨ | ᠬᠡᠯᠡᠪᠡ᠃ ︽ᠡᠪᠦᠯ ᠬᠠᠪᠤᠷ ᠤᠨ ᠤᠯᠠᠷᠢᠯ ᠤᠨ ᠬᠥᠳᠡᠭᠡ ᠲᠣᠰᠬᠤᠨ ᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠢ ᠰᠡᠷᠭᠡᠶᠢᠯᠡᠨ ᠬᠤᠷᠢᠬᠯᠠᠬᠤ ᠠᠵᠢᠯ ᠤᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ | ᠮᠡᠳᠡᠭᠳᠡᠯ︾ ᠳᠤ᠂ ᠡᠷᠲᠡ ᠰᠡᠷᠭᠡᠶᠢᠯᠡᠬᠦ᠂ ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ | ᠡᠮᠨᠡᠨ ᠵᠠᠰᠠᠬᠤ ᠪᠠᠲᠤᠯᠠᠭ᠎ᠠ ᠶᠢ ᠴᠢᠩᠭᠠᠳᠬᠠᠬᠤ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ ᠶᠢ ᠲᠣᠳᠣᠷᠬᠠᠶ ᠳᠤᠷᠠᠳᠤᠨ | ᠭᠠᠷᠭᠠᠪᠠ᠃ ᠡᠭᠦᠨ ᠳᠤ᠂ ᠨᠤᠲᠤᠭ ᠲᠠᠭᠠᠨ ᠬᠠᠷᠢᠬᠤ ᠬᠥᠮᠦᠰ ᠤᠨ ᠬᠠᠮᠢᠶᠠᠷᠤᠯᠲᠠ ᠶᠢ ᠴᠢᠩᠭᠠᠳᠬᠠᠵᠤ᠂ | ᠨᠤᠲᠤᠭ ᠲᠠᠭᠠᠨ ᠬᠠᠷᠢᠬᠤ ᠬᠥᠮᠦᠰ 7 ᠡᠳᠦᠷ ᠤᠨ ᠲᠤᠳᠤᠷ᠎ᠠ ᠬᠦᠴᠦᠨ ᠲᠠᠢ ᠰᠢᠨ᠎ᠡ ᠲᠢᠲᠢᠮᠯᠢᠭ ᠸᠢᠷᠦ᠋ᠰ ᠤᠨ | ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠦᠷ᠎ᠡ ᠳ᠋ᠦᠩ ᠲᠠᠢ ᠬᠡᠷᠡᠴᠢ ᠪᠠᠨ ᠠᠪᠴᠤ | ᠨᠤᠲᠤᠭ ᠲᠠᠭᠠᠨ ᠬᠠᠷᠢᠬᠤ ᠬᠡᠷᠡᠭᠲᠡᠶ᠂ ᠨᠤᠲᠤᠭ ᠲᠠᠭᠠᠨ ᠬᠠᠷᠢᠬᠰᠠᠨ ᠤ ᠳᠠᠷᠠᠭ᠎ᠠ 14 ᠡᠳᠦᠷ ᠬᠡᠷ ᠲᠡᠭᠡᠨ ᠰᠠᠭᠤᠵᠤ | ᠡᠷᠡᠭᠦᠯ ᠮᠡᠨᠳᠦ ᠶᠢᠨ ᠰᠢᠯᠭᠠᠨ ᠪᠠᠶᠢᠴᠠᠭᠠᠯᠲᠠ ᠬᠢᠯᠭᠡᠨ᠎ᠡ᠂ ᠡᠨᠡ ᠬᠤᠭᠤᠴᠠᠭᠠᠨ ᠳᠤ ᠴᠤᠭᠯᠠᠷᠠᠬᠤ ᠥᠬᠡᠶ᠂ ᠨᠠᠰᠢ | ᠴᠠᠰᠢ ᠶᠠᠪᠤᠬᠤ ᠥᠬᠡᠶ᠂ 7 ᠡᠳᠦᠷ ᠲᠤ ᠨᠢᠭᠡ ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠯᠭᠡᠨ᠎ᠡ᠃ | ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠵᠠᠰᠠᠭ ᠵᠠᠬᠢᠷᠭᠠᠨ ᠤ ᠲᠣᠰᠬᠤᠨ ︵ᠰᠠᠭᠤᠭᠠᠯᠢ ᠠᠷᠠᠳ ᠤᠨ | ᠵᠥᠪᠯᠡᠯ︶ ᠠᠴᠠ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠂ ᠨᠤᠲᠤᠭ ᠲᠠᠭᠠᠨ ᠬᠠᠷᠢᠬᠰᠠᠨ | ᠬᠥᠮᠦᠰ ᠲᠤ ᠲᠣᠤᠷᠴᠢᠯᠠᠭᠰᠠᠨ ᠬᠠᠮᠢᠶᠠᠷᠤᠯᠲᠠ ᠬᠢᠵᠦ᠂ ᠳᠠᠩᠰᠠᠯᠠᠨ ᠲᠡᠮᠳᠡᠭᠯᠡᠵᠦ ᠳᠡᠪᠲᠡᠷᠯᠡᠬᠦ᠂ ᠡᠷᠡᠭᠦᠯ ᠮᠡᠨᠳᠦ ᠶᠢᠨ | ᠰᠢᠯᠭᠠᠨ ᠪᠠᠶᠢᠴᠠᠭᠠᠯᠳᠠ ᠬᠢᠬᠦ ᠪᠠ ᠬᠡᠪ ᠤᠨ ᠪᠤᠰᠤ ᠪᠠᠶᠢᠳᠠᠯ ᠢ ᠰᠢᠢᠳᠪᠦᠷᠢᠯᠡᠬᠦ ᠵᠡᠷᠭᠡ ᠠᠵᠢᠯ ᠢ ᠰᠠᠶᠢᠲᠤᠷ ᠬᠢᠬᠦ | ᠬᠡᠷᠡᠭᠲᠡᠶ ᠬᠡᠵᠦ ᠲᠤᠷᠠᠳᠴᠠᠢ᠃ |