2021 ᠣᠨ ᠤ ᠴᠠᠭᠠᠨ ᠰᠠᠷ᠎ᠠ ᠶᠢᠨ ᠪᠠᠶᠠᠷ ᠤᠨ ᠦᠭᠡ
ᠨᠡᠶᠢᠲᠡᠯᠡᠭᠰᠡᠨ ᠴᠠᠭ᠄
2021/2/10
   ᠮᠦᠩᠬᠦᠨ ᠬᠢᠷᠠᠭᠤ ᠴᠠᠭᠠᠨ ᠴᠠᠰᠤᠨ᠎ᠠ ᠬᠠᠭᠤᠴᠢᠨ ᠤᠨ ᠢᠶᠠᠨ ᠦᠳᠠᠨ᠂ ᠮᠢᠷᠠᠯᠵᠠᠬᠤ ᠬᠤᠷ᠎ᠠ ᠤᠷᠢᠬᠠᠨ ᠰᠠᠯᠬᠢᠨ᠎ᠠ ᠰᠢᠨ᠎ᠠ ᠵᠢᠯ ᠢᠶᠠᠨ ᠤᠭᠳᠤᠵᠤ ᠪᠠᠶᠢᠭ᠎ᠠ ᠦᠯᠵᠡᠢ ᠪᠡᠯᠬᠡᠳᠤ ᠴᠠᠭ ᠮᠦᠴᠠ ᠳᠤ᠂ ᠬᠤᠰᠢᠭᠤ ᠳᠦᠷᠪᠡᠨ  ᠶᠡᠭᠡ ᠤᠳᠤᠷᠢᠳᠬᠤ ᠪᠠᠭ ᠠᠴᠠ ᠪᠦᠬᠦ ᠬᠤᠰᠢᠭᠤᠨ ᠤ ᠥᠷᠭᠡᠨ ᠤᠯᠠᠨ ᠮᠠᠯᠴᠢᠳ ᠪᠠ ᠡᠯ᠎ᠠ ᠦᠨᠳᠦᠰᠦᠲᠡᠨ ᠤ ᠺᠠᠳ᠋ᠷ ᠤᠯᠠᠨ ᠲᠦᠮᠡᠨ ᠳᠤ ᠰᠠᠷ᠎ᠠ ᠰᠢᠨ᠎ᠡ ᠶᠢᠨ ᠮᠡᠨᠳᠦᠴᠢᠯᠡᠯ ᠳᠡᠪᠰᠢᠭᠦᠯᠵᠦ ᠪᠠᠶᠢᠨ᠎ᠠ︕ ᠬᠤᠰᠢᠭᠤᠨ ᠳᠤ ᠰᠠᠭᠤᠭ᠎ᠠ ᠴᠡᠷᠢᠭ ᠠᠩᠭᠢ᠂ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠪᠠ ᠪᠠᠶᠠᠷ ᠤᠨ ᠡᠳᠦᠷ ᠲᠤ ᠠᠵᠢᠯ ᠤᠨ ᠪᠠᠶᠢᠷᠢ ᠎ ᠳᠤ ᠪᠠᠨ ᠭᠠᠪᠰᠢᠭᠠᠶᠢᠯᠠᠨ ᠠᠵᠢᠯᠯᠠᠵᠤ ᠪᠠᠶᠢᠭ᠎ᠠ ᠨᠥᠬᠦᠳ ᠲᠤ ᠳᠣᠲᠣᠨᠣ ᠮᠠᠡᠳᠤᠴᠢᠯᠡᠯ ᠲᠠᠪᠰᠢᠬᠦᠯᠬᠦ ᠶᠢᠨ ᠬᠠᠮᠳᠤ ᠠᠪᠠᠭ᠎ᠠ ᠬᠤᠰᠢᠭᠤᠨ ᠤ ᠬᠥᠭᠵᠢᠯᠲᠡ ᠶᠢ ᠬᠠᠯᠠᠮᠵᠢᠯᠠᠨ ᠲᠠᠮᠵᠢᠭ᠍ᠰᠡᠬᠡᠷ ᠢᠷᠡᠭᠰᠡᠨ ᠡᠯ᠎ᠡ ᠱᠠᠲᠤᠨ ᠤ ᠤᠳᠤᠷᠢᠳᠤᠯᠭ᠎ᠠ ᠪᠣᠯᠤᠨ ᠨᠠᠶᠢᠬᠡᠮ ᠤᠨ ᠡᠯ᠎ᠠ ᠡᠳᠡᠬᠡᠳ ᠤᠨ ᠬᠢᠨ ᠳᠤ ᠰᠠᠷ᠎ᠠ ᠰᠢᠨ᠎ᠠ  ᠶᠢᠨ ᠮᠠᠡᠳᠤᠴᠢᠯᠡᠯ ᠳᠡᠪᠰᠢᠭᠦᠯᠦᠶ᠎ᠡ︕     ᠰᠠᠶ᠋ᠢᠬᠠᠨ ᠦᠩᠬᠡᠷᠡᠭᠰᠡᠨ 2020 ᠣᠨ ᠳᠤ᠂ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠤᠨ ᠳᠠᠭᠠᠷᠢᠯᠲᠠ ᠪᠠ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠠᠵᠤ ᠠᠬᠤᠶ ᠶᠢᠨ ᠪᠠᠶᠢᠳᠠᠯ ᠤᠨ ᠡᠮᠦᠨ᠎ᠡ᠂ ᠪᠢᠳᠡ ᠪᠦᠬᠦ ᠬᠤᠰᠢᠭᠤᠨ ᠤ 4.5 ᠲᠦᠮᠡᠨ ᠡᠯ᠎ᠠ ᠦᠨᠳᠦᠰᠦᠲᠡᠨ ᠤᠯᠠᠨ ᠲᠦᠮᠡᠨ ᠢᠶᠠᠨ ᠪᠦᠯᠬᠦᠮᠳᠡᠭᠦᠯᠦᠨ ᠲᠠᠶᠢᠴᠢᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠦᠡᠳᠤᠷ ᠮᠠᠡᠳᠤᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠠᠶᠢᠮᠠᠭ ᠤᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠡᠷᠡᠰ ᠭᠤᠶᠢᠪᠢᠰᠢ ᠦᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠲᠦᠷᠤᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠲᠠᠮᠠᠴᠠᠨ ᠤᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾᠎ ᠢ ᠲᠡᠭᠦᠰ ᠠᠮᠵᠢᠯᠲᠠ ᠲᠠᠢ ᠪᠠᠶᠠᠯᠡᠬᠦᠯᠬᠦ ᠳᠤ ᠪᠠᠲᠤ ᠪᠠᠬᠢ ᠰᠠᠭᠤᠷᠢ ᠲᠠᠯᠪᠢᠪᠠ᠃     ᠦᠩᠬᠡᠷᠡᠭᠰᠡᠨ ᠨᠢᠭᠡ ᠵᠢᠯ ᠳᠤ᠂ ᠪᠢᠳᠡ ᠠᠷᠠᠳ ᠲᠦᠮᠡᠨ ᠳᠤ ᠦᠢᠯᠡᠴᠢᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠰᠡᠳᠬᠢᠯ ᠨᠢᠬᠡᠳᠤᠨ ᠬᠠᠮᠳᠤ ᠶᠢᠨ ᠬᠦᠴᠤᠨ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠲᠠᠶᠢᠨ ᠢ ᠰᠠᠶᠢᠲᠤᠷ ᠬᠢᠵᠦ᠂ ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠨ ᠵᠠᠰᠠᠬᠤ ᠱᠠᠭᠠᠷᠳᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠬᠠᠭᠤᠯᠤᠨ ᠳᠠᠶᠢᠴᠢᠯᠠᠬᠤ᠂ ᠨᠡᠶᠢᠭᠡᠮ ᠠᠴᠠ ᠬᠠᠮᠢᠶᠠᠷᠤᠨ ᠡᠵᠡᠮᠳᠡᠬᠦ᠂ ᠡᠳ᠋ ᠪᠣᠳᠠᠰ ᠨᠥᠭᠡᠴᠡᠯᠡᠬᠦ ᠪᠠ ᠡᠮ ᠡᠮᠨᠡᠯᠭᠡ ᠶᠢᠨ ᠰᠡᠷᠭᠡᠶᠢᠯᠡᠨ ᠡᠵᠡᠮᠳᠡᠬᠦ᠂ ᠡᠮᠴᠢ ᠰᠤᠪᠢᠯᠠᠭᠴᠢ ᠶᠢ ᠪᠣᠯᠪᠠᠰᠤᠷᠠᠭᠤᠯᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠡᠬᠦᠷᠬᠡ ᠬᠠᠷᠢᠭᠤᠴᠠᠯᠭ᠎ᠠ ᠪᠠᠨ ᠰᠠᠶᠢᠳᠤᠷ ᠪᠠᠶᠠᠯᠡᠬᠦᠯᠬᠦ ᠪᠠᠷ ᠲᠠᠮᠵᠢᠨ᠂ ᠬᠢᠵᠢᠭ ᠤᠨ ᠪᠠᠶᠢᠳᠠᠯ ᠢ ᠪᠦᠳᠤᠮᠵᠢᠳᠡᠢ ᠰᠡᠷᠭᠡᠶᠢᠯᠡᠨ ᠡᠵᠡᠮᠳᠡᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠦᠲᠦᠮᠵᠢᠲᠡᠢ ᠬᠠᠮᠠᠭᠠᠯᠠᠪᠠ᠃     ᠦᠩᠬᠡᠷᠡᠭᠰᠡᠨ ᠨᠢᠭᠡ ᠵᠢᠯ ᠳᠤ᠂ ᠪᠢᠳᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠲᠠᠮᠠᠴᠠᠨ ᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾᠎ ᠢ ᠬᠦᠴᠦᠯᠡᠨ ᠰᠠᠶᠢᠲᠤᠷ ᠬᠢᠵᠦ᠂ 3279 ᠲᠦᠮᠡᠨ ᠲᠥᠭᠦᠷᠢᠭ ᠤᠨ ᠶᠠᠳᠠᠭᠤ ᠶᠢ ᠲᠡᠳᠬᠦᠬᠦ 45 ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠴᠠᠯᠮᠡᠭ ᠲᠡᠭᠷᠢ᠂ ᠴᠠᠩᠬᠡᠭ ᠨᠠᠭᠤᠷ᠂ ᠰᠢᠮᠢᠯᠢᠭ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠰᠢᠨ᠎ᠡ ᠰᠢᠪᠲᠤᠯᠤᠯᠲᠠ ᠲᠠᠢ ᠪᠤᠯᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠴᠠᠶᠢᠷᠠᠭᠤᠯᠬᠤ ᠵᠢᠯ ᠤᠨ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠪᠠᠳᠤ ᠪᠠᠬᠢ ᠰᠠᠭᠤᠷᠢ ᠲᠠᠯᠪᠢᠭᠰᠡᠨ ᠪᠠᠶᠢᠨ᠎ᠠ᠃     ᠦᠩᠬᠡᠷᠡᠭᠰᠡᠨ ᠨᠢᠭᠡ ᠵᠢᠯ ᠳᠤ᠂ ᠪᠢᠳᠡ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠎ ᠤᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠮᠠᠯᠵᠢᠬᠤ ᠣᠷᠣᠨ ᠤ ᠠᠮᠢ ᠠᠬᠤᠶ᠂ ᠦᠢᠯᠡᠳᠪᠦᠷᠢᠯᠡᠯ ᠠᠮᠢᠳᠤᠷᠠᠯ ᠤᠨ ᠣᠳᠣᠬᠢᠴᠢᠯᠠᠯᠲᠠ ᠶᠢ ᠬᠦᠴᠦᠯᠡᠨ ᠠᠬᠢᠭᠤᠯᠵᠤ᠂ ᠤᠷᠭᠤᠮᠠᠯ ᠬᠤᠴᠢᠯᠭ᠎ᠠ ᠶᠢᠨ ᠪᠦᠷᠬᠦᠴᠡ ᠪᠠ ᠡᠪᠡᠰᠦᠨ ᠤ ᠭᠠᠷᠤᠯᠲᠠ ᠶᠢᠨ ᠬᠡᠮᠵᠢᠶ᠎ᠡ ᠢᠯᠡᠳᠲᠡ ᠳᠡᠭᠡᠭᠰᠢᠯᠡᠵᠦ᠂ ᠬᠤᠰᠢᠭᠤᠨ ᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠬᠡᠨ ᠤ ᠲᠥᠪ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠡᠵᠢᠭᠡᠯ ᠡᠪᠡᠰᠦ ᠪᠣᠷᠳᠤᠭ᠎ᠠ ᠲᠡᠭᠡᠭᠡᠪᠦᠷᠢᠯᠡᠵᠦ ᠨᠥᠭᠡᠴᠡᠯᠡᠬᠦ ᠰᠠᠭᠤᠷᠢᠨ ᠵᠡᠷᠭᠡ ᠨᠢᠭᠡ ᠪᠦᠯᠦᠭ ᠮᠠᠯᠴᠢᠳ ᠲᠤ ᠠᠰᠢᠭ ᠬᠦᠷᠲᠡᠭᠡᠬᠦ ᠲᠥᠷᠥᠯ ᠵᠥᠢᠯ ᠢ ᠠᠰᠢᠭᠯᠠᠯᠲᠠ ᠳᠤ ᠣᠷᠣᠭᠤᠯᠵᠤ᠂ ᠦᠬᠡᠷ᠂ ᠬᠤᠨᠢ᠂ ᠠᠳᠤᠭᠤᠨ ᠤ ᠭᠤᠤᠯᠳᠠᠯᠭᠠᠳᠤ ᠰᠦᠷᠦᠭ᠂ ᠪᠠᠷᠢᠮᠵᠢᠶᠠᠲᠤ ᠰᠦᠷᠦᠭ᠂ ᠥᠷᠭᠡᠳᠬᠡᠨ ᠦᠷᠡᠵᠢᠭᠦᠯᠬᠦ ᠰᠦᠷᠦᠭ ᠤᠨ ᠲᠤᠭ᠎ᠠ ᠲᠠᠰᠤᠷᠠᠯᠲᠠ ᠥᠬᠡᠶ ᠨᠡᠮᠡᠭᠳᠡᠵᠦ᠂ ᠮᠠᠯ ᠠᠵᠤ ᠠᠬᠤᠶ ᠶᠢᠨ ᠡᠬᠦᠯᠳᠡᠷ ᠰᠠᠶᠢᠵᠢᠷᠠᠭᠤᠯᠤᠯᠳᠠ᠂ ᠲᠡᠵᠢᠭᠡᠨ ᠦᠷᠡᠵᠢᠭᠦᠯᠬᠦ ᠬᠡᠪᠴᠢᠶᠠᠵᠢᠬᠦᠯᠤᠯᠳᠠ᠂ ᠦᠢᠯᠡᠳᠪᠤᠷᠢᠯᠡᠯ ᠤᠨ ᠪᠠᠷᠢᠮᠵᠢᠶᠠᠵᠢᠯᠳᠠ᠂ ᠲᠠᠸᠠᠷ ᠤᠨ ᠵᠠᠬ᠎ᠠ  ᠲᠡᠯᠬᠡᠬᠦᠷᠴᠢᠯᠡᠯᠳᠡ᠂ ᠦᠢᠯᠡᠴᠢᠯᠡᠬᠡᠨ ᠤ ᠨᠠᠶᠢᠬᠡᠮᠴᠢᠯᠠᠯᠳᠠ ᠶᠢᠨ ᠠᠬᠢᠴᠠ ᠶᠢ ᠢᠯᠡᠳᠲᠡ ᠲᠦᠷᠬᠡᠳᠬᠡᠭᠰᠡᠨ ᠪᠠᠶᠢᠨ᠎ᠠ᠃     ᠦᠩᠬᠡᠷᠡᠭᠰᠡᠨ ᠨᠢᠭᠡ ᠵᠢᠯ ᠳᠤ᠂ ᠪᠢᠳᠡ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠵᠤ᠂ ᠪᠣᠬᠢᠷᠲᠤᠯ ᠦᠭᠡᠶ ᠤᠨᠴᠠᠯᠢᠭᠳᠤ ᠳᠠᠪᠠᠭᠤᠯᠢᠭ ᠠᠵᠤ ᠦᠢᠯᠡᠰ ᠤᠨ ᠲᠤᠭᠳᠠᠯᠴᠠᠭ᠎ᠠ ᠶᠢ ᠬᠦᠴᠦᠯᠡᠨ ᠪᠠᠶᠢᠭᠤᠯᠵᠤ᠂ ᠵᠢᠩ ᠨᠧᠩ ᠴᠠᠭᠠᠨᠨᠠᠭᠤᠷ ᠴᠠᠬᠢᠯᠭᠠᠨ ᠦᠢᠯᠡᠳᠪᠦᠷᠢ ᠶᠢᠨ 2 × 66 ᠲᠦᠮᠡᠨ ᠺᠢᠯᠣᠸᠠᠲ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠠᠵᠢᠯ ᠰᠡᠷᠭᠦᠭᠡᠵᠦ᠂ 130 ᠲᠦᠮᠡᠨ ᠺᠢᠯᠣᠸᠠᠲ ᠤᠨ ᠣᠨᠴᠠ ᠥᠨᠳᠥᠷ ᠬᠦᠴᠦᠳᠡᠯᠲᠦ ᠰᠠᠯᠬᠢᠨ ᠴᠠᠬᠢᠯᠭᠠᠨ ᠤ ᠲᠥᠷᠥᠯ ᠵᠥᠢᠯ ᠢ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ 500 ᠺᠢᠯᠣᠸᠠᠲ ᠤᠨ ᠰᠢᠨ᠎ᠡ ᠡᠨᠧᠷᠭᠢ ᠶᠢᠨ ᠥᠷᠲᠡᠭᠡ᠂ 220 ᠺᠢᠯᠣᠸᠠᠲ ᠤᠨ ᠴᠠᠬᠢᠯᠭᠠᠨ ᠬᠦᠷᠭᠡᠬᠦ ᠢᠨᠵᠧᠨᠧᠷᠢᠩ ᠢ ᠪᠠᠶᠠᠯᠠᠬᠦᠯᠵᠤ᠂ ᠵᠧᠨ ᠰᠢᠨ ᠣᠷᠭᠠᠨᠢᠭ ᠪᠣᠷᠳᠣᠭᠤᠷ ᠤᠨ ᠲᠥᠷᠥᠯ ᠵᠥᠢᠯ ᠢ ᠠᠰᠢᠭᠯᠠᠯᠲᠠ ᠳᠤ ᠣᠷᠣᠭᠤᠯᠵᠤ᠂ ᠶᠦᠨ ᠵᠢᠶ ᠯᠢ ᠲᠣᠮᠣ ᠳ᠋ᠠᠶᠢᠲ᠋ᠠ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠲᠤᠷᠰᠢᠨ ᠡᠵᠡᠩᠨᠡᠵᠦ᠂ ᠰᠣᠶᠣᠯ ᠵᠢᠭᠤᠯᠴᠢᠯᠠᠯ᠂ ᠵᠠᠮ ᠬᠠᠷᠢᠯᠴᠠᠭ᠎ᠠ᠂ ᠪᠤᠳᠠᠰ ᠤᠨ ᠬᠦᠢᠯᠬᠡᠬᠡ᠂ ᠮᠥᠩᠭᠦᠨ ᠬᠦᠢᠯᠬᠡᠬᠡ ᠵᠡᠷᠬᠡ ᠦᠢᠯᠡᠴᠢᠯᠡᠬᠡᠨ ᠤ ᠦᠢᠯᠡᠰ ᠢ ᠥᠷᠨᠢᠩᠭᠦᠶ ᠬᠥᠭᠵᠢᠭᠦᠯᠵᠦ᠂ ︽ᠤᠯᠤᠰ ᠤᠨ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ︾᠎ ᠨᠢ ᠮᠠᠨ ᠤ ᠬᠤᠰᠢᠭᠤᠨ ᠤ ᠰᠢᠨ᠎ᠡ  ᠬᠠᠷᠠᠯᠳᠠ ᠲᠡᠮᠳᠡᠭ  ᠪᠤᠯᠤᠭᠰᠡᠨ ᠪᠠᠶᠢᠨ᠎ᠠ᠃     ᠦᠩᠬᠡᠷᠡᠭᠰᠡᠨ ᠨᠢᠬᠡ ᠵᠢᠯ ᠳᠤ᠂ ᠪᠢᠳᠡ ᠪᠠᠲᠤᠯᠠᠭ᠎ᠠ ᠶᠢᠨ ᠲᠤᠯᠭᠠᠭᠤᠷᠢᠯᠠᠬᠤ ᠴᠢᠳᠠᠪᠬᠢ ᠪᠠᠨ ᠳᠡᠭᠡᠭᠰᠢᠯᠡᠭᠦᠯᠬᠦ ᠎ ᠶᠢᠨ ᠲᠣᠭᠤᠷᠢᠨ ᠳᠤ᠂ ᠬᠥᠭᠵᠢᠯᠲᠡ ᠶᠢᠨ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ 4337 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠠᠲᠠᠭᠤᠷᠠᠭᠤᠯᠤᠯᠳᠠ ᠨᠣᠭᠤᠭᠠᠷᠠᠭᠤᠯᠤᠯᠳᠠ ᠭᠤᠸᠠᠵᠢᠭᠤᠯᠤᠯᠳᠠ ᠭᠡᠷᠡᠯᠲᠦᠭᠦᠯᠤᠯᠳᠠ ᠴᠡᠪᠡᠷᠰᠢᠭᠦᠯᠤᠯᠳᠠ ᠶᠢᠨ ᠢᠨᠵᠧᠨᠧᠷᠢᠩ ᠬᠡᠷᠡᠭᠵᠢᠭᠦᠯᠵᠦ᠂ ᠪᠣᠬᠢᠷ ᠤᠰᠤ ᠰᠢᠢᠳᠪᠤᠷᠢᠯᠡᠬᠦ ᠦᠢᠯᠡᠳᠪᠤᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠢᠨᠵᠧᠨᠧᠷᠢᠩ ᠵᠡᠷᠭᠡ ᠨᠢᠭᠡ ᠪᠦᠯᠦᠭ ᠬᠤᠲᠠ ᠶᠢᠨ ᠶᠠᠪᠤᠳᠠᠯ ᠤᠨ ᠲᠤᠨᠤᠭ ᠲᠦᠬᠦᠬᠡᠷᠤᠮᠵᠢ ᠶᠢ ᠠᠰᠢᠭᠯᠠᠯᠲᠠ ᠳᠤ ᠣᠷᠣᠭᠤᠯᠵᠤ᠂ ᠥᠭᠡᠷᠡᠴᠢᠯᠡᠯᠲᠡ ᠶᠢᠨ ᠦᠷ᠎ᠡ ᠪᠦᠲᠦᠭᠡᠯ 50 ᠲᠦᠷᠤᠯ ᠢ ᠪᠣᠶ ᠪᠣᠯᠭᠠᠵᠤ᠂ 2020 ᠣᠨ ᠤ ᠠᠪᠠᠭ᠎ᠠ ᠬᠤᠰᠢᠭᠤᠨ ᠤ ᠣᠯᠠᠨ ᠤᠯᠤᠰ ᠤᠨ ᠴᠠᠭᠠᠨ ᠰᠠᠷ᠎ᠠ ᠶᠢᠨ ᠲᠠᠸ᠋ᠷ ᠤᠨ ᠠᠷᠠᠯᠵᠢᠶ᠎ᠠ ᠰᠤᠯᠢᠯᠴᠠᠭ᠎ᠠ ᠢ ᠠᠮᠵᠢᠯᠳᠠ ᠲᠠᠢ ᠡᠷᠭᠢᠯᠡᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ 13 ᠲᠥᠷᠥᠯ ᠵᠥᠢᠯ ᠢ ᠬᠡᠷᠡᠭᠵᠢᠭᠦᠯᠵᠦ᠂ 70 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠨᠠᠶᠢᠳᠠᠪᠤᠷᠢᠵᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃     ᠦᠩᠬᠡᠷᠡᠭᠰᠡᠨ ᠨᠢᠬᠡ ᠵᠢᠯ ᠳᠤ᠂ ᠪᠢᠳᠡ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠨᠡᠶᠢᠭᠡᠮ ᠤᠨ ᠵᠠᠰᠠᠯᠲᠠ ᠶᠢ ᠬᠦᠴᠦᠯᠡᠨ ᠴᠢᠩᠭᠠᠳᠬᠠᠵᠤ᠂ ᠪᠥᠬᠦ ᠵᠢᠯ ᠳᠤ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ 13 ᠳ᠋ᠦᠩᠰᠢᠭᠤᠷ ᠲᠦᠬᠦᠷᠢᠭ ᠵᠠᠷᠤᠴᠠᠭᠤᠯᠵᠤ᠂ ᠠᠳᠠᠯ ᠦᠢᠯᠡᠰ ᠴᠣᠭᠴᠠᠯᠠᠨ ᠠᠵᠢᠯ ᠣᠯᠭᠤᠬᠤ᠂ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠪᠦᠲᠦᠮᠵᠢᠲᠡᠶ ᠨᠠᠶᠢᠳᠠᠪᠤᠷᠢᠵᠢᠭᠤᠯᠤᠨ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠰᠣᠶᠣᠯ ᠤᠨ ᠦᠢᠯᠡᠰ ᠢ ᠪᠥᠬᠦ ᠲᠠᠯ᠎ᠠ ᠪᠠᠷ ᠬᠥᠭᠵᠢᠭᠦᠯᠵᠦ᠂ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠶ ᠲᠡᠮᠡᠴᠡᠯ᠂ ᠠᠷᠠᠳᠴᠢᠯᠠᠯ ᠪᠠ ᠬᠠᠤᠯᠢ ᠪᠠᠷ ᠵᠠᠰᠠᠬᠤ᠂ ᠠᠶᠤᠯᠭᠦᠶ ᠦᠢᠯᠡᠳᠪᠤᠷᠢᠯᠡᠯ ᠵᠡᠷᠭᠡ ᠠᠵᠢᠯ ᠢ ᠪᠥᠬᠦ ᠲᠠᠯ᠎ᠠ ᠪᠠᠷ ᠬᠥᠭᠵᠢᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠷᠲᠡᠮᠵᠢ ᠶᠢᠨ  ᠰᠡᠳᠬᠢᠯᠬᠡ᠂ ᠵᠣᠯ ᠵᠢᠷᠭᠠᠯᠲᠤ ᠰᠡᠳᠬᠢᠯᠬᠡ ᠪᠠ ᠠᠮᠤᠷ ᠲᠦᠪᠰᠢᠨ ᠤ ᠰᠡᠳᠬᠢᠯᠬᠡ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃     ᠦᠩᠬᠡᠷᠡᠭᠰᠡᠨ ᠨᠢᠭᠡ ᠵᠢᠯ ᠳᠤ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾ ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠭᠡᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠪᠠ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠢ ᠡᠷᠡᠰ ᠭᠤᠶᠢᠪᠢᠰᠢ ᠥᠬᠡᠶ ᠪᠠᠷ ᠬᠡᠷᠡᠭᠵᠢᠭᠦᠯᠦᠨ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢᠨ ᠬᠥᠮᠦᠵᠢᠯ ᠢ ᠴᠢᠩᠭᠠᠳᠬᠠᠬᠤ ᠪᠠᠷ ᠲᠠᠮᠵᠢᠨ ᠡᠯ᠎ᠡ ᠦᠨᠳᠦᠰᠦᠲᠡᠨ ᠤ ᠰᠣᠶᠣᠯ ᠢ ᠤᠯᠠᠮᠵᠢᠯᠠᠨ ᠬᠠᠮᠠᠭᠠᠯᠠᠬᠤ ᠪᠠ ᠰᠢᠨ᠎ᠡ ᠶᠢ ᠡᠭᠦᠳᠦᠨ ᠠᠭᠤᠰᠤᠯᠴᠠᠭᠤᠯᠬᠤ ᠶᠢ ᠳᠥᠯᠭᠢᠨ ᠠᠬᠢᠭᠤᠯᠵᠤ᠂ ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠪᠡ᠃     ᠦᠩᠬᠡᠷᠡᠭᠰᠡᠨ ᠨᠢᠬᠡ ᠵᠢᠯ ᠤᠨ ᠠᠪᠠᠭ᠎ᠠ ᠬᠤᠰᠢᠭᠤᠨ ᠤ ᠠᠵᠤ ᠠᠬᠤᠢ ᠪᠠ ᠨᠠᠶᠢᠬᠡᠮ ᠤᠨ ᠠᠵᠢᠯ ᠦᠢᠯᠡᠰ ᠤᠨ ᠬᠥᠭᠵᠢᠯᠲᠡ ᠲᠠᠪᠰᠢᠯᠳᠠ ᠨᠢ ᠪᠦᠭᠦ ᠬᠤᠰᠢᠭᠤᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠲᠡᠰᠪᠤᠷᠢ ᠬᠠᠳᠠᠭᠤᠵᠢᠯᠳᠡᠢ ᠪᠠᠷ ᠠᠳᠠᠯ ᠦᠢᠯᠡᠰ ᠪᠤᠰᠬᠠᠬᠤ ᠵᠤᠷᠢᠭ ᠰᠠᠨᠠᠭ᠎ᠠ ᠶᠢ ᠪᠠᠳᠠᠷᠠᠭᠤᠯᠵᠤ᠂ ᠴᠠᠭ ᠮᠦᠴᠠ ᠲᠠᠢ ᠤᠷᠤᠯᠳᠤᠨ᠂ ᠢᠳᠡᠬᠡᠯ ᠲᠡᠬᠦᠯᠳᠡᠷ ᠴᠦᠬᠦᠷᠡᠰᠢ ᠦᠬᠡᠢ ᠴᠢᠷᠮᠠᠶᠢᠨ ᠠᠵᠢᠯᠯᠠᠭᠰᠡᠨ ᠤ ᠦᠷ᠎ᠠ ᠳ᠋ᠦᠡᠭ ᠪᠤᠯᠬᠤ ᠨᠢ ᠭᠠᠷᠴᠠᠭ᠎ᠠ ᠦᠬᠡᠢ︕ ᠪᠢᠳᠠ ᠬᠦᠰᠠᠯ ᠲᠠᠮᠠᠤᠯᠡᠯ ᠲᠠᠢ᠂ ᠬᠦᠴᠤᠨ ᠵᠢᠳᠬᠦᠯ ᠲᠠᠢ ᠭᠠᠪᠰᠢᠭᠠᠶᠢᠯᠠᠨ ᠠᠵᠢᠯᠯᠠᠭᠰᠡᠨ ᠎ ᠠᠴᠠ᠂ ᠠᠪᠠᠭ᠎ᠠ ᠨᠤᠳᠤᠭ ᠤᠨ ᠦᠢᠯᠡᠰ ᠤᠨ ᠬᠠᠷᠭᠤᠢ ᠳᠤ᠂ ᠦᠷᠨᠢᠯ ᠬᠦᠭᠵᠢᠯ ᠤᠨ ᠦᠩᠬᠡᠳᠤ ᠰᠤᠯᠤᠩᠭ᠎ᠠ ᠮᠢᠷᠠᠯᠵᠠᠬᠤ ᠨᠢ ᠯᠠᠪᠳᠡᠢ︕     ᠦᠬᠡᠳᠡᠯᠡᠬᠦ ᠵᠠᠮ ᠲᠤᠷᠠᠶᠢᠨ᠂ ᠦᠷᠨᠢᠩᠬᠦᠢ ᠬᠦᠭᠵᠢᠯᠳᠠ ᠬᠤᠷᠤᠶᠢᠯᠠᠭᠰᠡᠨ 2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠬᠡᠷᠡᠭᠵᠢᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠡᠬᠢᠯᠡᠯᠳᠡ ᠶᠢᠨ ᠵᠢᠯ ᠮᠦᠷᠳᠡᠬᠡᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ  ᠪᠤᠯᠬᠤᠷ ᠪᠢᠳᠡ ᠰᠢ ᠶᠢᠨ ᠫᠢᠩ ᠨᠥᠬᠦᠷ ᠢᠶᠠᠷ ᠭᠤᠤᠯᠯᠠᠭᠴᠢ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠣᠭᠲᠠᠭᠤᠨ ᠢ ᠪᠠᠳᠤᠯᠠᠨ ᠬᠦᠭᠵᠢᠯᠳᠠ ᠶᠢ ᠠᠬᠢᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠭᠠᠷᠳᠠᠯᠭ᠎ᠠ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠦᠰᠠᠯ ᠱᠠᠭᠠᠷᠳᠠᠯᠭ᠎ᠠ ᠶᠢ ᠪᠠᠶᠠᠯᠠᠬᠦᠯᠬᠦ ᠪᠠᠷ ᠦᠨᠳᠦᠰᠦᠨ ᠬᠠᠷᠠᠯᠳᠠ ᠪᠣᠯᠭᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠦᠯᠤᠪᠵᠢᠬᠦᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭᠠᠨ ᠪᠠᠲᠤᠯᠠᠭ᠎ᠠ︾᠎ ᠶᠢᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠤ ᠬᠤᠷᠢᠭᠯᠠᠨ ᠴᠣᠬᠢᠬᠤ ᠳᠠᠶᠢᠨ ᠪᠠ ᠪᠣᠬᠢᠷᠲᠤᠯ ᠢ ᠰᠡᠷᠭᠡᠶᠢᠯᠡᠨ ᠵᠠᠰᠠᠬᠤ ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠪᠣᠭᠤᠮᠲᠠ ᠰᠢᠪᠲᠤᠯᠬᠤ ᠳᠠᠶᠢᠨ ᠢ ᠦᠨᠡᠨᠬᠦ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠤᠭᠰᠠᠨ ᠤ ᠳᠠᠷᠠᠭᠠᠬᠢ ᠲᠡᠳᠬᠦᠨ ᠳᠡᠮᠵᠢᠬᠦ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠮᠠᠯᠵᠢᠬᠤ ᠣᠷᠣᠨ ᠤ ᠤᠳᠤᠬᠢᠴᠢᠯᠠᠯᠳᠠ ᠶᠢᠨ ᠪᠦᠳᠤᠬᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠠᠵᠤ ᠦᠢᠯᠡᠰ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠠᠷ ᠬᠦᠴᠦᠯᠡᠨ ᠴᠢᠷᠮᠠᠶᠢᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠵᠤ᠂ ᠰᠢᠨ᠎ᠡ ᠴᠠᠭ ᠦᠶ᠎ᠡ ᠶᠢᠨ ᠠᠪᠠᠭ᠎ᠠ ᠶᠢᠨ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠰᠢᠨ᠎ᠠ ᠬᠠᠭᠤᠳᠠᠰᠤ ᠶᠢ ᠪᠢᠴᠢᠭᠯᠡᠵᠦ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠤᠭᠳᠤᠨ ᠪᠡᠯᠬᠡᠯᠡᠬᠦ ᠪᠠᠷ ᠴᠢᠷᠮᠠᠶᠢᠨ ᠠᠵᠢᠯᠵᠠᠭᠠᠶ᠎ᠠ︕      ᠠᠭᠤᠤ ᠶᠡᠭᠡ ᠡᠬᠡ ᠤᠯᠤᠰ ᠮᠢᠨᠢ ᠡᠳᠦᠷ ᠠᠴᠠ ᠡᠳᠦᠷ ᠴᠡᠴᠡᠭᠯᠡᠨ ᠬᠦᠭᠵᠢᠬᠦ ᠪᠤᠯᠳᠤᠭᠠᠢ︕      ᠠᠪᠠᠭ᠎ᠠ ᠨᠤᠳᠤᠭ ᠤᠨ ᠢᠷᠡᠬᠦ ᠮᠠᠷᠭᠠᠰᠢ ᠨᠠᠩ ᠰᠠᠷᠠᠭᠤᠯ ᠲᠠᠷᠳᠠᠩ ᠪᠤᠯᠳᠤᠭᠠᠢ︕      ᠠᠷᠡᠳ ᠲᠦᠮᠡᠨ ᠨᠠᠩ ᠵᠤᠯ ᠵᠢᠷᠭᠠᠯ ᠲᠠᠢ ᠪᠤᠯᠬᠤ ᠪᠤᠯᠳᠤᠭᠠᠢ︕                   ᠳᠤᠮᠳᠠᠳᠤ ᠤᠯᠤᠰ ᠤᠨ ᠡᠪ ᠬᠠᠮᠲᠤ ᠨᠠᠮ ᠤᠨ ᠠᠪᠠᠭ᠎ᠠ ᠬᠤᠰᠢᠭᠤᠨ ᠤ ᠬᠤᠷᠢᠶ᠎ᠠ              ᠠᠪᠠᠭ᠎ᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ              ᠪᠠᠶᠢᠩᠭᠤ ᠶᠢᠨ ᠬᠤᠷᠢᠶ᠎ᠠ                ᠠᠪᠠᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ                                ᠤᠯᠤᠰ ᠲᠦᠷᠦ ᠶᠢᠨ ᠵᠥᠪᠯᠡᠯᠭᠡᠨ ᠤ ᠠᠪᠠᠭ᠎ᠠ ᠬᠤᠰᠢᠭᠤᠨ ᠤ ᠵᠥᠪᠯᠡᠯ                                            2021 ᠣᠨ ᠤ 2 ᠰᠠᠷ᠎ᠠ ᠶᠢᠨ 11        
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号