ᠠᠪᠠᠭ᠎ᠠ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠲᠡᠰ ᠤᠨ ᠠᠯᠪᠠᠨ ᠵᠠᠷᠯᠠᠯ ︵51 ᠳ᠋ᠤᠭᠠᠷ ᠲᠤᠭᠠᠲᠤ︶
ᠨᠡᠶᠢᠲᠡᠯᠡᠭᠰᠡᠨ ᠴᠠᠭ᠄
2021/2/2
    ᠲᠤᠮᠳᠠᠳᠤ ᠤᠯᠣᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠠᠷᠠᠳ ᠣᠯᠠᠨ ᠤ ᠲᠤᠬᠠᠶ ᠶᠢᠨ ᠭᠠᠵᠠᠷ ᠲᠤ ᠪᠠᠨ ᠰᠢᠨᠡᠯᠡᠬᠦ ᠳᠤ ᠦᠢᠯᠡᠴᠢᠯᠡᠭᠡ ᠪᠠᠲᠤᠯᠠᠭ᠎ᠠ ᠬᠠᠩᠭᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠲᠥᠪ ᠠᠯᠪᠠᠨ ᠲᠠᠷᠬᠠᠭᠠᠭᠰᠠᠨ ᠴᠠᠬᠢᠯᠭᠠᠨ ﹇2021﹈ 4 ᠳ᠋ᠦ᠋ᠭᠡᠷ ᠲᠣᠭᠠᠲᠤ︶ ᠪᠠ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠵᠤᠬᠢᠴᠠᠮᠵᠢ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ︽ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠠᠬᠢ ᠣᠯᠠᠨ ᠲᠦᠮᠡᠨ ᠤ ᠶᠠᠪᠤᠵᠤ ᠰᠠᠭᠤᠬᠤ ᠳᠤ ᠪᠠᠨ ᠬᠢᠬᠦ ᠴᠢᠬᠤᠯᠠᠲᠠᠢ ᠪᠥᠭᠡᠮ ᠬᠦᠴᠢᠯ ᠤᠨ ᠪᠠᠶᠢᠴᠠᠭᠠᠯᠲᠠ ᠶᠢᠨ ᠠᠵᠢᠯ ᠢ ᠡᠮᠬᠢ ᠵᠢᠷᠤᠮ ᠲᠠᠢ ᠰᠠᠶᠢᠲᠤᠷ ᠬᠢᠬᠦ ᠲᠤᠬᠠᠶ ᠮᠡᠳᠡᠭᠳᠡᠯ︾ ︵ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠵᠤᠬᠢᠴᠠᠮᠵᠢ ᠶᠡᠷᠦᠩᠬᠡᠶᠢᠯᠡᠨ ᠲᠠᠷᠬᠠᠭᠠᠭᠰᠠᠨ ﹇2021﹈ 23 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤᠨ ᠤ ᠴᠠᠭᠠᠨ ᠰᠠᠷ᠎ᠠ ᠶᠢᠨ ᠬᠤᠭᠤᠴᠠᠭᠠᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠣᠯᠠᠨ ᠲᠥᠮᠡᠨ ᠤ ᠲᠤᠬᠠᠶ ᠶᠢᠨ ᠭᠠᠵᠠᠷ ᠲᠤ ᠪᠠᠨ ᠰᠢᠨᠡᠯᠡᠬᠦ ᠶᠢ ᠵᠦᠶ ᠵᠣᠬᠢᠰᠲᠠᠶ ᠬᠥᠲᠥᠯᠦᠨ ᠵᠢᠯᠣᠭᠤᠳᠬᠤ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠵᠠᠷᠯᠠᠶ᠎ᠠ᠃     ᠨᠢᠭᠡ᠂ ᠦᠨᠳᠦᠷ ᠲᠡᠰ ᠤᠨ ᠲᠥᠭᠰᠢᠭᠦᠷᠢᠲᠡᠢ ᠭᠠᠵᠠᠷ ᠣᠷᠣᠨ ᠤ ᠬᠥᠮᠦᠰ ᠪᠤᠶᠤ ᠣᠶᠢᠷ᠎ᠠ ᠶᠢᠨ 14 ᠡᠳᠦᠷ ᠤᠨ ᠳᠣᠲᠣᠷ᠎ᠠ ᠦᠨᠳᠦᠷ ᠲᠡᠰ ᠤᠨ ᠲᠥᠭᠰᠢᠭᠦᠷᠢᠲᠡᠢ ᠭᠠᠵᠠᠷ ᠣᠷᠣᠨ ᠢᠶᠠᠷ ᠶᠠᠪᠤᠵᠤ ᠰᠠᠭᠤᠭᠰᠠᠨ ᠬᠥᠮᠦᠰ ᠪᠠᠶᠢᠪᠠᠯ ᠲᠤᠬᠠᠶ ᠶᠢᠨ ᠭᠠᠵᠠᠷ ᠲᠤ ᠪᠠᠨ ᠰᠢᠨᠠᠯᠡᠵᠦ᠂ ᠨᠠᠰᠢ ᠴᠠᠰᠢ ᠴᠢᠯᠦᠭᠡᠲᠡᠢ ᠶᠠᠪᠤᠵᠤ ᠰᠠᠭᠤᠬᠤ ᠦᠭᠡᠢ ᠪᠠᠶᠢᠬᠤ ᠬᠡᠷᠡᠭᠲᠡᠢ᠃ ᠬᠡᠷᠪᠡ ᠮᠠᠨ ᠤ ᠬᠤᠰᠢᠭᠤᠨ ᠳᠤ ᠨᠢᠭᠡᠨᠲᠡ ᠢᠷᠡᠭᠰᠡᠨ ︵ᠪᠣᠴᠠᠭᠰᠠᠨ︶ ᠪᠠᠶᠢᠪᠠᠯ᠂ ᠡᠷᠬᠡᠪᠰᠢ ᠮᠠᠨ ᠤ ᠬᠤᠰᠢᠭᠤᠨ ᠳᠤ ︽14 ᠡᠳᠦᠷ ᠲᠥᠪᠯᠡᠷᠡᠭᠦᠯᠦᠨ ᠲᠤᠰᠠᠭᠠᠷᠯᠠᠬᠤ + 2 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠶ᠃    ᠬᠤᠶᠠᠷ᠂ ᠳᠤᠮᠳᠠ ᠲᠡᠰ ᠤᠨ ᠲᠥᠭᠰᠢᠭᠦᠷᠢᠲᠡᠢ ᠭᠠᠵᠠᠷ ᠣᠷᠣᠨ ᠤ ᠬᠥᠮᠦᠰ ᠪᠤᠶᠤ ᠣᠶᠢᠷ᠎ᠠ ᠶᠢᠨ 14 ᠡᠳᠦᠷ ᠤᠨ ᠳᠣᠲᠣᠷ᠎ᠠ ᠳᠤᠮᠳᠠ ᠲᠡᠰ ᠤᠨ ᠲᠥᠭᠰᠢᠭᠦᠷᠢᠲᠡᠢ ᠭᠠᠵᠠᠷ ᠣᠷᠣᠨ ᠢᠶᠠᠷ ᠶᠠᠪᠤᠵᠤ ᠰᠠᠭᠤᠭᠰᠠᠨ ᠬᠥᠮᠦᠰ ᠪᠠᠶᠢᠪᠠᠯ ᠴᠠᠭᠠᠨ ᠰᠠᠷ᠎ᠠ ᠶᠢᠨ ᠬᠤᠭᠤᠴᠠᠭᠠᠨ ᠳᠤ ᠵᠠᠷᠴᠢᠮ ᠳᠡᠭᠡᠷ᠎ᠡ ᠪᠠᠨ ᠲᠤᠬᠠᠶ ᠶᠢᠨ ᠭᠠᠵᠠᠷ ᠲᠤ ᠪᠠᠨ ᠰᠢᠨᠠᠯᠠᠵᠤ᠂ ᠴᠢᠯᠦᠭᠡᠲᠡᠢ ᠶᠠᠪᠤᠵᠤ ᠰᠠᠭᠤᠵᠤ ᠪᠣᠯᠬᠤ ᠦᠭᠡᠢ᠃ ᠣᠨᠴᠠᠭᠠᠶ ᠪᠠᠶᠢᠳᠠᠯ ᠠᠴᠠ ᠪᠣᠯᠵᠣ᠂ ᠮᠠᠨ ᠤ ᠬᠤᠰᠢᠭᠤᠨ ᠳᠤ ᠢᠷᠡᠬᠦ ︵ᠪᠤᠴᠠᠬᠤ︶ ᠴᠢᠬᠤᠯᠠ ᠲᠠᠢ ᠪᠣᠯ᠂ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠪᠠᠷ ᠵᠥᠪᠰᠢᠶᠡᠷᠡᠭᠦᠯᠵᠦ᠂ 72 ᠴᠠᠭ ᠤᠨ ᠳᠣᠲᠣᠷ᠎ᠠ ᠬᠦᠴᠦᠨ ᠲᠠᠢ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷᠲᠠᠶ ᠭᠡᠷᠡᠴᠢ ᠪᠠᠨ ᠬᠠᠩᠭᠠᠵᠤ᠂ ᠮᠠᠨ ᠤ ᠬᠤᠰᠢᠭᠤᠨ ᠳᠤ ︽14 ᠡᠳᠦᠷ ᠬᠡᠷ ᠲᠤ ᠪᠠᠨ ᠲᠤᠰᠠᠭᠠᠷᠯᠠᠬᠤ + 2 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃    ᠭᠤᠷᠪᠠ᠂ ᠳᠤᠮᠳᠠ ᠦᠨᠳᠦᠷ ᠲᠡᠰ ᠤᠨ ᠲᠥᠭᠰᠢᠭᠦᠷᠢᠲᠡᠢ ᠣᠷᠣᠨ ᠲᠤᠭᠤᠷᠢᠭ ᠤᠨ ᠪᠠᠶᠢᠭ᠎ᠠ ᠭᠠᠵᠠᠷ ᠤᠨ ᠬᠤᠲᠠ ᠶᠢᠨ ᠪᠤᠰᠤᠳ ᠬᠥᠮᠦᠰ ᠴᠠᠭᠠᠨ ᠰᠠᠷ᠎ᠠ ᠶᠢᠨ ᠬᠤᠭᠤᠴᠠᠭᠠᠨ ᠳᠤ ᠮᠤᠵᠢ ︵ᠣᠷᠣᠨ᠂ ᠬᠤᠲᠠ︶ ᠠᠯᠤᠰᠯᠠᠨ ᠮᠠᠨ ᠤ ᠬᠤᠰᠢᠭᠤᠨ ᠳᠤ ᠢᠷᠡᠭᠰᠡᠨ ︵ᠪᠣᠴᠠᠭᠰᠠᠨ︶ ᠪᠠᠶᠢᠪᠠᠯ᠂ 7 ᠡᠳᠦᠷ ᠤᠨ ᠳᠣᠲᠣᠷ᠎ᠠ ᠬᠦᠴᠦᠨ ᠲᠠᠢ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷᠲᠠᠶ ᠭᠡᠷᠡᠴᠢ ᠪᠠᠨ ᠬᠠᠩᠭᠠᠬᠤ ᠬᠡᠷᠡᠭᠲᠡᠶ᠃    ᠳᠥᠷᠪᠡ᠂ ᠮᠠᠨ ᠤ ᠬᠤᠰᠢᠭᠤ ᠪᠣᠯ ᠲᠤᠤᠷ᠎ᠠ ᠲᠡᠰ ᠤᠨ ᠲᠥᠭᠰᠢᠭᠦᠷᠢᠲᠡᠢ ᠭᠠᠵᠠᠷ ᠣᠷᠣᠨ ᠳᠤ ᠬᠠᠷᠢᠶᠠᠯᠠᠭᠳᠠᠵᠤ᠂ ᠣᠯᠠᠨ ᠨᠡᠶᠢᠲᠡ ᠪᠠᠷ ᠢᠶᠠᠨ ᠴᠠᠭᠠᠨ ᠰᠠᠷ᠎ᠠ ᠶᠢᠨ ᠬᠤᠭᠤᠴᠠᠭᠠᠨ ᠳᠤ ᠲᠤᠬᠠᠶ ᠶᠢᠨ ᠭᠠᠵᠠᠷ ᠲᠤ ᠪᠠᠨ ᠰᠢᠨᠡᠯᠡᠬᠦ ᠶᠢ ᠰᠠᠨᠠᠭᠠᠴᠢᠯᠠᠨ᠎ᠠ᠃ ᠲᠤᠤᠷ᠎ᠠ ᠲᠡᠰ ᠤᠨ ᠲᠥᠭᠰᠢᠭᠦᠷᠢᠲᠡᠢ ᠭᠠᠵᠠᠷ ᠣᠷᠣᠨ ᠤ ᠬᠦᠢᠲᠡᠨ ᠬᠦᠯᠳᠡᠭᠦᠦ ᠢᠳᠡᠭᠡᠨ ᠢ ᠭᠠᠳᠠᠭᠠᠳᠤ ᠠᠴᠠ ᠣᠷᠣᠭᠤᠯᠬᠤ ᠠᠵᠢᠯᠲᠠᠨ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠬᠤ ᠪᠠᠷᠠᠭ᠎ᠠ ᠲᠠᠢ ᠰᠢᠭᠤᠳ ᠤᠶᠢᠷᠠᠳᠤᠯᠴᠠᠬᠤ ᠬᠦᠮᠦᠰ᠂ ᠲᠤᠰᠠᠭᠠᠷᠯᠠᠬᠤ ᠲᠠᠯᠠᠪᠤᠷ ᠤᠨ ᠠᠵᠢᠯᠲᠠᠨ᠂ ᠵᠠᠮ ᠬᠠᠷᠢᠯᠴᠠᠭ᠎ᠠ ᠵᠦᠭᠡᠭᠡᠪᠦᠷᠢ ᠶᠢᠨ ᠠᠵᠢᠯᠲᠠᠨ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠨᠣᠳᠤᠭ ᠲᠤ ᠪᠠᠨ ᠪᠣᠴᠠᠭᠰᠠᠨ  ᠬᠦᠮᠦᠰ ᠵᠢᠴᠢ ᠮᠣᠵᠢ ︵ᠲᠤᠭᠤᠷᠢᠭ᠂ ᠬᠤᠲᠠ︶ ᠠᠯᠤᠰᠯᠠᠨ ᠮᠠᠨ ᠤ ᠬᠤᠰᠢᠭᠤᠨ ᠤ ᠮᠠᠯᠵᠢᠬᠤ ᠤᠷᠤᠨ ᠳᠤ ᠢᠷᠡᠭᠰᠡᠨ ︵ᠪᠣᠴᠠᠭᠰᠠᠨ︶ ᠬᠦᠮᠦᠰ ᠡᠷᠬᠡᠪᠰᠢ 7 ᠡᠳᠦᠷ ᠤᠨ ᠲᠤᠳᠤᠷ᠎ᠠ ᠬᠦᠴᠦᠨ ᠲᠠᠢ ᠰᠢᠨ᠎ᠡ ᠲᠢᠲᠢᠮᠯᠢᠭ ᠸᠢᠷᠦ᠋ᠰ ᠤᠨ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷᠲᠠᠢ ᠭᠡᠷᠡᠴᠢ ᠬᠠᠩᠭᠠᠭᠰᠠᠨ ᠪᠠᠶᠢᠬᠤ ᠬᠡᠷᠡᠭᠲᠡᠢ᠃    ᠲᠤᠤᠷ᠎ᠠ ᠲᠠᠰ ᠤᠨ ᠲᠦᠭᠰᠢᠬᠦᠷᠢᠳᠡᠢ ᠭᠠᠵᠡᠷ ᠤᠷᠤᠨ ᠤ ᠬᠦᠮᠤᠰ 14 ᠡᠳᠤᠷ ᠤᠨ ᠲᠤᠳᠤᠷ᠎ᠠ ᠬᠠᠯᠠᠭᠤᠷᠠᠬᠤ᠂ ᠬᠠᠨᠢᠶᠠᠯᠭᠠᠬᠤ᠂ ᠬᠤᠭᠤᠯᠠᠢ ᠡᠪᠡᠳᠬᠦ᠂ ᠰᠠᠭᠤᠯᠭᠠᠬᠤ᠂ ᠦᠨᠤᠷ ᠠᠮᠳᠠ ᠶᠢᠨ ᠰᠠᠷᠠᠯ ᠮᠠᠭᠤᠳᠠᠬᠤ ᠵᠡᠷᠬᠡ ᠡᠪᠡᠳᠴᠢᠨ ᠤ ᠢᠯᠡᠷᠡᠯ ᠲᠠᠢ ᠪᠠᠶᠢᠪᠠᠯ ᠴᠢᠬᠤᠯᠠ ᠦᠬᠡᠢ ᠪᠤᠯ ᠭᠠᠳᠠᠭᠰᠢ ᠶᠠᠪᠤᠬᠤ ᠦᠬᠡᠢ ᠪᠠᠶᠢᠬᠤ ᠶᠢᠨ ᠬᠠᠮᠳᠤ ᠰᠡᠷᠬᠡᠶᠢᠯᠡᠯᠳᠡ ᠬᠠᠮᠠᠭᠠᠯᠠᠯᠳᠠ ᠪᠠᠨ ᠰᠠᠶᠢᠳᠤᠷ ᠬᠢᠭᠰᠡᠨ ᠤᠷᠢᠳᠠᠯ ᠲᠤᠤᠷ᠎ᠠ ᠲᠤᠭᠳᠠᠭᠰᠡᠨ ᠡᠮᠨᠡᠯᠬᠡ ᠶᠢᠨ ᠬᠤᠷᠢᠶᠠᠨ ᠤ ᠬᠠᠯᠠᠭᠤᠷᠠᠬᠤ ᠎ ᠶᠢ ᠪᠠᠶᠢᠴᠠᠭᠠᠬᠤ ᠡᠬᠦᠳᠠ ᠡᠮᠨᠡᠯᠬᠡ ᠳᠤ ᠤᠴᠢᠵᠤ ᠤᠨᠤᠰᠢᠯᠠᠭᠤᠯᠤᠨ ᠡᠮᠨᠡᠬᠦᠯᠬᠦ ᠶᠢᠨ ᠬᠠᠮᠳᠤ ᠤᠯᠠᠨ ᠨᠠᠶᠢᠳᠠ ᠶᠢᠨ ᠵᠠᠮ ᠬᠠᠷᠢᠯᠴᠠᠭᠠᠨ ᠤ ᠲᠡᠷᠬᠡ ᠬᠦᠰᠬᠡ ᠳᠤ ᠰᠠᠭᠤᠬᠤ ᠠᠴᠠ ᠪᠤᠯᠬᠤ ᠶᠢᠨ ᠲᠤᠳᠤᠷ᠎ᠠ ᠵᠠᠶᠢᠯᠠᠰᠬᠢᠵᠤ᠂ ᠭᠠᠳᠠᠭᠰᠢ ᠭᠠᠷᠴᠤ ᠶᠠᠪᠤᠵᠤ ᠰᠠᠭᠤᠭᠰᠡᠨ ᠦᠩᠬᠡᠷᠡᠯᠳᠠ ᠶᠠᠪᠤᠴᠠ ᠪᠠ ᠦᠢᠷᠠᠳᠤᠭᠰᠡᠨ ᠬᠦᠮᠤᠰ ᠤᠨ ᠪᠠᠶᠢᠳᠠᠯ ᠢᠶᠠᠨ ᠦᠨᠡᠨ ᠪᠤᠳᠠᠳᠡᠢ ᠪᠠᠷ ᠮᠡᠳᠡᠬᠦᠯᠵᠤ᠂ ᠬᠠᠯᠳᠠᠪᠤᠷᠢᠳᠤ ᠡᠪᠡᠳᠴᠢᠨ ᠤ ᠠᠨᠠᠭᠠᠬᠤ ᠤᠬᠠᠭᠠᠨ ᠤ ᠪᠠᠶᠢᠴᠠᠭᠠᠯᠳᠠ ᠶᠢ  ᠬᠢᠬᠦ ᠳᠤ ᠰᠠᠶᠢᠳᠣᠷ ᠬᠠᠮᠵᠢᠯᠴᠠᠬᠤ ᠬᠡᠷᠡᠭᠳᠡᠢ᠃ ᠲᠤᠤᠷ᠎ᠠ ᠲᠠᠰ ᠤᠨ ᠲᠦᠭᠰᠢᠬᠦᠷᠢᠳᠡᠢ ᠭᠠᠵᠡᠷ ᠤᠷᠤᠨ ᠠᠴᠠ ᠦᠨᠡᠡᠬᠦ ᠵᠠᠪᠠᠯ ᠭᠠᠳᠠᠭᠰᠢ ᠶᠠᠪᠤᠬᠤ ᠴᠢᠬᠤᠯᠠ ᠲᠠᠢ ᠬᠦᠮᠤᠰ ᠨᠢ ᠪᠠᠶ᠎ᠠ ᠶᠢᠨ ᠲᠤᠯᠠᠭᠠᠨ ᠨᠢ ᠬᠡᠪ ᠤᠨ ᠪᠠᠶᠢᠳᠠᠯ ᠲᠠᠢ ᠪᠦᠬᠡᠳ ᠬᠤᠪᠢ ᠬᠦᠮᠤᠨ ᠤ ᠰᠡᠷᠬᠡᠶᠢᠯᠡᠯᠳᠡ ᠬᠠᠮᠠᠭᠠᠯᠠᠯᠳᠠ ᠪᠠᠨ ᠰᠠᠶᠢᠳᠤᠷ ᠬᠢᠵᠤ᠂ ᠡᠷᠡᠬᠦᠯ ᠮᠠᠡᠳᠤ ᠶᠢᠨ ᠨᠠᠪᠳᠠᠷᠡᠬᠦ ︽ᠨᠤᠭᠤᠭᠠᠨ ᠺᠤᠳ᠋︾᠎ ᠢᠶᠠᠨ ᠬᠠᠩᠭᠠᠭᠰᠡᠨ ᠤᠷᠢᠳᠠᠯ ᠲᠤᠤᠷ᠎ᠠ ᠡᠮᠬᠢ ᠵᠢᠷᠤᠮ ᠲᠠᠢ ᠨᠠᠰᠢ ᠴᠠᠰᠢ ᠶᠠᠪᠤᠵᠤ ᠰᠠᠭᠤᠵᠤ ᠪᠤᠯᠤᠨ᠎ᠠ᠃     ᠲᠠᠪᠤ᠂ ᠡᠯ᠎ᠡ ᠰᠤᠮᠤ ᠪᠠᠯᠭᠠᠰᠤ ︵ᠲᠣᠭᠤᠷᠢᠭ︶᠎ ᠂ ᠡᠯ᠎ᠡ ᠰᠠᠯᠠᠭ᠎ᠠ ᠮᠥᠴᠢᠷ ᠨᠢ ᠴᠠᠭᠠᠨ ᠰᠠᠷ᠎ᠠ ᠶᠢᠨ ᠬᠤᠭᠤᠴᠠᠭᠠᠨ ᠳᠠᠬᠢ ᠲᠣᠤᠷᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠪᠥᠭᠡᠮ ᠬᠦᠴᠢᠯ ᠤᠨ  ᠪᠠᠶᠢᠴᠠᠭᠠᠯᠲᠠ ᠶᠢᠨ ᠪᠢᠯᠢᠭ ᠴᠢᠨᠠᠷᠲᠠᠶ ᠭᠡᠷᠡᠴᠢ ᠪᠤᠶᠤ ᠡᠷᠡᠭᠦᠯ ᠮᠡᠨᠳᠣ ᠶᠢᠨ ᠨᠡᠪᠲᠡᠷᠡᠬᠦ ︽ᠨᠣᠭᠤᠭᠠᠨ ᠺᠣᠳ᠋︾᠎ ᠢ ᠪᠠᠶᠢᠴᠠᠭᠠᠨ ᠰᠢᠯᠭᠠᠬᠤ ᠠᠵᠢᠯ ᠢ ᠨᠠᠶᠢᠳᠠᠪᠤᠷᠢᠵᠢᠭᠤᠯᠤᠨ᠂ ᠨᠡᠶᠢᠭᠡᠮ ᠲᠣᠭᠤᠷᠢᠭ ︵ᠭᠠᠴᠠᠭ᠎ᠠ︶᠂ ᠪᠠᠶᠢᠭᠤᠯᠭ᠎ᠠ ᠨᠢ ᠭᠠᠳᠠᠨ᠎ᠠ ᠠᠴᠠ ᠢᠷᠡᠭᠰᠡᠨ ᠬᠥᠮᠦᠰ ᠢ ᠰᠢᠭᠰᠢᠨ ᠪᠠᠶᠢᠴᠠᠭᠠᠬᠤ ᠪᠠ ᠮᠡᠳᠡᠭᠦᠯᠦᠨ ᠳᠠᠩᠰᠠᠯᠠᠭᠤᠯᠬᠤ ᠲᠦᠷᠢᠮ ᠢ ᠴᠢᠩᠭᠠᠳᠬᠠᠬᠤ ᠬᠡᠷᠡᠭᠲᠡᠶ᠃    ᠵᠢᠷᠭᠤᠭ᠎ᠠ᠂ ᠴᠠᠭᠠᠨ ᠰᠠᠷ᠎ᠠ ᠶᠢᠨ ᠬᠤᠭᠤᠴᠠᠭᠠᠨ ᠳᠤ ᠦᠨᠡᠨᠬᠦ ᠭᠠᠳᠠᠭᠰᠢ ᠭᠠᠷᠬᠤ ᠴᠢᠬᠤᠯᠠᠲᠠᠶ ᠬᠦᠮᠦᠰ ᠨᠢ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠱᠠᠭᠠᠷᠳᠠᠯᠭ᠎ᠠ ᠶᠣᠰᠣᠭᠠᠷ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠨ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠭᠡᠷᠡᠴᠢ᠂ ᠡᠷᠡᠭᠦᠯ ᠮᠡᠨᠳᠦ ᠶᠢᠨ ᠨᠡᠪᠳᠡᠷᠡᠬᠦ ᠺᠤᠳ᠋ ᠢᠶᠠᠨ ᠰᠠᠨᠠᠭᠠᠴᠢᠯᠠᠭ᠎ᠠ ᠠᠴᠠ ᠪᠠᠨ ᠬᠠᠩᠭᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠡ ᠶᠢᠨ ᠪᠠᠶᠢᠴᠠᠭᠠᠨ ᠰᠢᠯᠭᠠᠬᠤ ᠠᠵᠢᠯ ᠳᠤ ᠬᠠᠮᠵᠢᠯᠴᠠᠬᠤ ᠶᠢᠨ ᠬᠠᠮᠲᠤ᠂ ᠣᠴᠢᠬᠤ ᠭᠠᠵᠠᠷ ᠤᠨ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠪᠠᠶᠢᠭᠤᠯᠭ᠎ᠠ ᠳᠤ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠵᠣᠷᠢᠭᠰᠠᠨ ᠭᠠᠵᠠᠷ ᠲᠤ ᠪᠠᠨ ᠬᠦᠷᠦᠭᠰᠡᠨ ᠤ ᠳᠠᠷᠠᠭ᠎ᠠ᠂ ᠬᠤᠪᠢ ᠬᠥᠮᠦᠨ ᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠣᠯᠠᠨ ᠬᠦᠮᠦᠨ ᠲᠠᠢ ᠤᠶᠢᠷᠠᠳᠤᠬᠤ ᠶᠢ ᠪᠠᠭᠠᠰᠬᠠᠨ᠂ ᠲᠤᠬᠠᠶ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠵᠢᠷᠤᠮᠯᠠᠬᠤ ᠬᠡᠷᠡᠭᠲᠡᠶ᠃    ᠳᠣᠯᠤᠭ᠎ᠠ᠂ ᠦᠨᠡᠨᠬᠦ ᠭᠠᠳᠠᠭᠰᠢ ᠭᠠᠷᠬᠤ ᠴᠢᠬᠤᠯᠠᠲᠠᠢ ᠬᠥᠮᠦᠰ ᠤᠨ ᠪᠦᠭᠡᠮ ᠬᠦᠴᠢᠯ ᠤᠨ ᠪᠠᠶᠢᠴᠠᠭᠠᠯᠲᠠ ᠶᠢ ᠬᠤᠰᠢᠭᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠪᠠ ᠬᠤᠰᠢᠭᠤ ᠡᠮᠨᠡᠯᠭᠡ ᠶᠢᠨ ᠬᠤᠷᠢᠶ᠎ᠠ ᠳᠤ ᠬᠢᠵᠦ᠂ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷᠲᠠᠶ ᠭᠡᠷᠡᠴᠢ ᠪᠤᠶᠤ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷᠲᠠᠶ ᠮᠡᠳᠡᠭᠡ ᠵᠠᠩᠭᠢ ᠶᠢ ᠪᠠᠭᠲᠠᠭᠠᠭᠰᠠᠨ ᠡᠷᠡᠭᠦᠯ ᠮᠡᠨᠳᠤ ᠶᠢᠨ ᠨᠡᠪᠲᠡᠷᠡᠬᠦ ︽ᠨᠣᠭᠤᠭᠠᠨ ᠺᠣᠳ᠋︾᠎ ᠢᠶᠠᠨ ᠬᠠᠩᠭᠠᠵᠤ᠂ ᠭᠠᠳᠠᠭᠰᠢ ᠶᠠᠪᠤᠵᠤ ᠪᠣᠯᠣᠨ᠎ᠠ᠃    ᠨᠠᠢᠮᠠ᠂ ᠪᠥᠬᠦ ᠬᠤᠰᠢᠭᠤᠨ ᠤ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠪᠣᠯᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠢᠯᠲᠠᠳ ᠲᠦᠷᠦᠭᠦᠯᠡᠨ᠂ ᠲᠤᠬᠠᠶ ᠶᠢᠨ ᠭᠠᠵᠠᠷ ᠲᠤ ᠪᠠᠨ ᠰᠢᠨᠡᠯᠡᠬᠦ ᠬᠡᠷᠡᠭᠲᠡᠶ᠃ ᠦᠨᠡᠨᠬᠦ ᠭᠠᠳᠠᠭᠰᠢ ᠭᠠᠷᠬᠤ ᠴᠢᠬᠤᠯᠠᠲᠠᠢ ᠬᠥᠮᠦᠰ ᠨᠢ ᠵᠠᠷᠴᠢᠮ ᠳᠡᠭᠡᠷ᠎ᠡ ᠪᠠᠨ ᠳᠤᠮᠳᠠ ᠦᠨᠳᠦᠷ ᠲᠡᠰ ᠤᠨ ᠲᠥᠭᠰᠢᠭᠦᠷᠢᠲᠡᠢ ᠭᠠᠵᠠᠷ ᠣᠷᠣᠨ ᠳᠤ ᠣᠴᠢᠬᠤ ᠥᠬᠡᠶ ᠪᠠᠶᠢᠬᠤ ᠬᠡᠷᠡᠭᠲᠡᠢ᠃         ᠠᠪᠠᠭ᠎ᠠ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ               ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ                            2021 ᠣᠨ ᠤ 2 ᠰᠠᠷ᠎ᠠ ᠶᠢᠨ 1᠎ ᠤ ᠡᠳᠦᠷ                  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号