ᠳᠤᠮᠳᠠᠳᠤ ᠤᠯᠤᠰ ᠤᠨ ᠡᠪ ᠬᠠᠮᠲᠤ ᠨᠠᠮ ᠤᠨ ᠠᠪᠠᠭ᠎ᠠ ᠬᠤᠰᠢᠭᠤᠨ ᠤ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠤᠳᠠᠭᠠᠨ ᠤ ᠪᠦᠬᠦ ᠭᠡᠰᠢᠭᠦᠳ ᠤᠨ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠲᠡᠬᠡᠷᠡᠬᠢ ᠶᠠᠷᠢᠶ᠎ᠠ ᠢᠦᠢ ᠬᠠᠶ ᠴᠧᠩ ︵2021 ᠣᠨ ᠤ 1 ᠰᠠᠷ᠎ᠠ ᠶᠢᠨ 28᠎ ᠤ ᠡᠳᠦᠷ︶
ᠨᠡᠶᠢᠲᠡᠯᠡᠭᠰᠡᠨ ᠴᠠᠭ᠄
2021/2/8
ᠨᠥᠬᠦᠳ ᠡ᠄     ᠰᠠᠶ᠋ᠢ ᠬᠠᠰᠪᠠᠶᠠᠷ ᠱᠦᠵᠢ ᠶᠠᠷᠢᠶᠠᠨ ᠳᠤ ᠪᠠᠨ ᠣᠳᠣᠬᠠᠨ ᠤ ᠠᠵᠤ ᠠᠬᠤᠢ ᠶᠢᠨ ᠪᠠᠶᠢᠳᠠᠯ ᠢ ᠭᠦᠨᠵᠡᠭᠡᠢ ᠵᠠᠳᠠᠯᠵᠤ ᠂ ᠡᠨᠡ ᠵᠢᠯ ᠤᠨ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ᠂ ᠭᠤᠣᠯ ᠬᠠᠷᠠᠯᠲᠠ ᠪᠣᠯᠤᠨ ᠭᠤᠣᠯᠳᠠᠯᠭ᠎ᠠ ᠲᠠᠢ ᠡᠭᠦᠷᠭᠡ ᠶᠢ ᠳᠤᠷᠠᠳᠴᠠᠢ᠂ ᠪᠢᠳᠡ ᠨᠠᠷᠢᠨ ᠬᠢᠨᠠᠮᠠᠭᠠᠢ ᠰᠤᠷᠤᠯᠴᠠᠨ ᠦᠢᠯᠠᠭᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠢ᠃ ᠳᠣᠣᠷ᠎ᠠ ᠪᠢ ᠬᠡᠳᠦᠨ ᠲᠠᠯ᠎ᠠ ᠶᠢᠨ ᠰᠠᠨᠠᠯ ᠢᠶᠠᠨ ᠶᠠᠷᠢᠶ᠎ᠠ᠃     ᠨᠢᠭᠡ᠂ 2020 ᠣᠨ ᠤ ᠠᠵᠢᠯ ᠤᠨ ᠡᠷᠭᠢᠴᠡᠭᠦᠯᠦᠯ     2020 ᠣᠨ ᠪᠣᠯ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠰᠠᠬᠦᠯᠴᠢ ᠶᠢᠨ ᠵᠢᠯ ᠮᠥᠨ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠶᠳᠪᠦᠷᠢᠲᠦ ᠢᠯᠠᠯᠲᠠ ᠶᠢ ᠲᠠᠮᠠᠴᠠᠨ ᠤᠯᠬᠤ ᠵᠢᠯ᠂ ᠶᠠᠳᠠᠭᠤ ᠠᠴᠠ ᠠᠩᠭᠢᠵᠢᠷᠠᠭᠤᠯᠵᠤ ᠰᠢᠪᠳᠤᠯᠤᠯᠳᠠ ᠲᠠᠢ ᠪᠤᠯᠭᠠᠬᠤ ᠰᠢᠶᠳᠪᠦᠷᠢᠲᠦ ᠢᠯᠠᠯᠲᠠ ᠶᠢ ᠤᠯᠬᠤ ᠵᠢᠯ ᠮᠥᠨ᠂ ᠪᠠᠰᠠ ᠴᠤ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠠᠪᠤᠴᠠ ᠳᠠᠬᠢ ᠲᠦᠢᠯ ᠤᠨ ᠶᠡᠷᠦ ᠪᠤᠰᠤ ᠶᠢᠨ ᠨᠢᠭᠡ ᠵᠢᠯ ᠪᠤᠯᠬᠤ ᠶᠤᠮ᠃ ᠲᠣᠭᠲᠠᠭᠤᠨ ᠪᠠᠶᠢᠳᠠᠯ ᠤᠨ ᠳᠤᠮᠳᠠ ᠬᠤᠪᠢᠷᠠᠯᠲᠠ ᠶᠡᠬᠡᠳᠡᠢ ᠠᠵᠤ ᠠᠬᠤᠶ ᠶᠢᠨ ᠪᠠᠶᠢᠳᠠᠯ ᠎ ᠤᠨ ᠦᠷᠢᠰᠤᠯᠳᠤᠬᠡᠨ ᠭᠡᠨᠡᠳᠲᠡ ᠡᠭᠦᠰᠦᠭᠰᠡᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠲᠠᠭᠠᠷᠢᠯᠳᠠ ᠳᠤ ᠲᠤᠯᠭᠠᠷᠠᠵᠤ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠤᠯᠤᠰ ᠲᠥᠷᠥ ᠶᠢᠨ ᠱᠠᠭᠠᠷᠳᠠᠯᠭ᠎ᠠ ᠳᠤ ᠴᠢᠭᠯᠡᠭᠦᠯᠦᠨ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠠᠮᠢ ᠠᠬᠤᠶ ᠶᠢ ᠡᠩ ᠲᠡᠷᠢᠭᠦᠨ ᠳᠤ ᠲᠠᠯᠪᠢᠨ᠂ ᠪᠣᠬᠢᠷᠲᠤᠯ ᠦᠭᠡᠶ ᠬᠥᠭᠵᠢᠭᠦᠯᠬᠦ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠭᠤᠶᠢᠪᠢᠰᠢ ᠥᠬᠡᠶ ᠨᠠᠶᠢᠳᠠᠪᠤᠷᠢᠵᠢᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠶᠢᠨ ᠡᠭᠦᠷᠭᠡ ᠲᠠᠢ ᠨᠢᠭᠲᠠ ᠤᠶᠠᠯᠳᠤᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠲᠦᠯᠤᠪᠵᠢᠬᠦᠯᠵᠤ᠂ ︽ᠵᠢᠷᠭᠤᠭᠠᠨ ᠲᠣᠭᠲᠠᠭᠤᠨ︾᠎ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭᠵᠢᠪᠠ᠃     ᠪᠥᠬᠦ ᠵᠢᠯ ᠳᠤ᠂ ᠭᠠᠵᠠᠷ ᠣᠷᠣᠨ ᠤ ᠦᠶᠯᠡᠳᠪᠦᠷᠢᠯᠡᠯ ᠤᠨ ᠪᠥᠬᠦ ᠥᠷᠲᠡᠭ ᠢ 36 ᠳ᠋ᠦᠩᠰᠢᠭᠤᠷ ᠲᠥᠭᠦᠷᠢᠭ ᠪᠡᠶᠡᠯᠡᠭᠦᠯᠵᠦ᠂ 0.4%᠎ ᠪᠠᠷ ᠨᠡᠮᠡᠭᠳᠡᠬᠦᠯᠤᠨ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 3.5 ᠳ᠋ᠦᠩᠰᠢᠭᠤᠷ ᠲᠥᠭᠦᠷᠢᠭ ᠪᠠᠶᠠᠯᠠᠬᠦᠯᠵᠤ᠂ 15%᠎ ᠪᠠᠷ ᠨᠡᠮᠡᠭᠳᠡᠭᠦᠯᠪᠠ ︵ᠣᠨᠴᠠᠭᠠᠶ ᠡᠯᠧᠮᠧᠨ᠋ᠲ ᠠᠴᠠ ᠭᠠᠳᠠᠨ᠎ᠠ︶︔ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠶᠢ 201%᠎ ᠪᠠᠷ ᠪᠠᠶᠠᠯᠠᠬᠦᠯᠤᠨ᠂ ᠨᠡᠶᠢᠭᠡᠮ ᠤᠨ ᠬᠡᠷᠡᠭᠯᠡᠭᠡᠨ ᠤ ᠵᠥᠢᠯᠡᠰ ᠢ ᠵᠢᠵᠢᠭᠯᠡᠨ ᠪᠤᠷᠤᠯᠠᠭᠤᠯᠤᠭᠰᠡᠨ ᠬᠡᠮᠵᠢᠶ᠎ᠠ ᠨᠢ 5.1 ᠳ᠋ᠦᠩᠰᠢᠭᠤᠷ ᠲᠥᠭᠦᠷᠢᠭ ᠲᠤ ᠬᠦᠷᠴᠤ᠂ ᠬᠤᠲᠠ ᠬᠥᠳᠡᠭᠡ ᠶᠢᠨ ᠪᠠᠶᠢᠩᠭᠤ ᠶᠢᠨ ᠰᠠᠭᠤᠭᠠᠯᠢᠴᠢᠳ ᠤᠨ ᠬᠥᠮᠦᠨ ᠳᠤᠮᠳᠠᠴᠢ ᠶᠢᠨ ᠲᠤᠬᠢᠷᠠᠭᠤᠯᠵᠤ ᠪᠤᠯᠬᠤᠶᠢᠴᠠ ᠣᠷᠣᠯᠭ᠎ᠠ 40826 ᠲᠥᠭᠦᠷᠢᠭ ᠪᠠ 30857 ᠲᠥᠭᠦᠷᠢᠭ ᠲᠤ ᠬᠦᠷᠴᠤ᠂ ᠲᠤᠰ ᠲᠤᠰ 2% ᠪᠠ 8.9%᠎ ᠪᠠᠷ ᠨᠡᠮᠡᠭᠳᠡᠪᠡ᠃     ︱ ︱ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠎ ᠶᠢ ᠪᠦᠬᠦ ᠬᠦᠴᠤᠨ ᠢᠶᠠᠷ ᠲᠠᠮᠠᠴᠠᠨ ᠤᠯᠪᠠ᠃    ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠤᠬᠠᠶ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠪᠥᠬᠦ ᠬᠤᠰᠢᠭᠤ ᠪᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠵᠤ ᠬᠤᠷᠢᠭᠯᠠᠬᠤ ᠲᠠᠶᠢᠯᠠᠯᠳᠤᠭᠠᠨ ᠢ ᠬᠦᠴᠤᠨ ᠢᠶᠠᠨ ᠬᠠᠮᠳᠤᠳᠬᠠᠨ ᠰᠠᠶᠢᠳᠤᠷ ᠬᠢᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠨᠳᠦ ᠶᠡᠭᠡ ᠭᠡᠨᠡᠳᠲᠡ ᠶᠢᠨ ᠬᠡᠷᠡᠭ ᠤᠨ ᠨᠢᠭᠡᠳᠦᠭᠡᠷ ᠳᠡᠰ ᠤᠨ ᠰᠠᠷᠠᠮᠵᠢ ᠶᠢᠨ ᠱᠠᠭᠠᠷᠳᠠᠯᠭ᠎ᠠ ᠶᠣᠰᠣᠭᠠᠷ᠂ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠢ ᠥᠷᠭᠡᠨ ᠢᠶᠠᠷ ᠳᠠᠶᠢᠴᠢᠯᠠᠨ᠂ 676 ᠲᠦᠮᠡᠨ ᠲᠥᠭᠦᠷᠢᠭ ᠤᠨ ᠬᠠᠨᠳᠢᠪᠯᠠᠭᠰᠠᠨ ᠵᠣᠭᠤᠰ ᠮᠥᠩᠭᠦ ᠡᠳ᠋ ᠪᠣᠳᠠᠰ ᠢ ᠭᠥᠯᠢᠶᠡᠨ ᠠᠪᠴᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠦᠳᠲᠡᠷ ᠲᠦᠷᠭᠡᠨ ᠪᠠᠶᠢᠭᠤᠯᠵᠤ᠂ ᠭᠠᠳᠠᠨ᠎ᠠ ᠠᠴᠠ ᠬᠠᠯᠳᠠᠪᠤᠷᠢᠯᠠᠨ ᠤᠷᠤᠬᠤ ᠶᠢ ᠰᠡᠷᠬᠡᠶᠢᠯᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠡᠷᠡᠭᠦᠯ ᠮᠡᠨᠳᠦ ᠶᠢᠨ ᠬᠤᠷᠢᠭ᠎ᠠ ᠱᠤᠭᠤᠮ ᠢ ᠪᠠᠲᠤ ᠰᠠᠬᠢᠪᠠ᠃ ᠪᠥᠬᠦ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠢᠰᠲ᠋ᠧᠮ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠤᠨ ᠬᠥᠮᠦᠨ ᠤ ᠰᠡᠷᠭᠡᠶᠢᠯᠡᠯᠲᠡ᠂ ᠪᠣᠳᠠᠰ ᠤᠨ ᠰᠡᠷᠭᠡᠶᠢᠯᠡᠯᠲᠡ ᠶᠢᠨ ᠴᠢᠳᠠᠪᠤᠷᠢ ᠶᠢ ᠪᠥᠬᠦ ᠲᠠᠯ᠎ᠠ ᠪᠠᠷ ᠴᠢᠩᠭᠠᠳᠬᠠᠵᠤ᠂ PCR᠂ P2 ᠲᠤᠷᠰᠢᠯᠲᠠ ᠶᠢᠨ ᠲᠠᠰᠤᠭ ᠢ ᠠᠰᠢᠭᠯᠠᠯᠲᠠ ᠳᠤ ᠣᠷᠣᠭᠤᠯᠤᠨ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ᠂ ᠬᠤᠯᠤᠭᠠᠨ᠎ᠠ ᠬᠢᠵᠢᠭ ᠤᠨ ᠪᠥᠭᠡᠮ ᠬᠦᠴᠢᠯ ᠤᠨ ᠪᠠᠶᠢᠴᠠᠭᠠᠯᠳᠠ ᠶᠢᠨ ᠴᠢᠳᠠᠪᠬᠢ ᠶᠢ ᠪᠦᠷᠢᠳᠦᠭᠦᠯᠵᠦ᠂ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠪᠡ᠃     — — ᠨᠡᠮᠡᠭᠳᠡᠯ ᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠪᠠᠲᠤᠯᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠪᠠ    ᠠᠵᠤ ᠠᠬᠤᠶᠢᠯᠠᠯ ᠢ ᠲᠣᠭᠲᠠᠪᠤᠷᠢᠵᠢᠭᠤᠯᠤᠨ ᠬᠦᠴᠢᠷᠳᠡᠯ ᠢ ᠰᠢᠶᠳᠪᠦᠷᠢᠯᠡᠬᠦ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠎ ᠶᠢ ᠢᠵᠢ ᠪᠥᠷᠢᠳᠦᠭᠦᠯᠦᠨ ᠨᠡᠶᠢᠲᠡᠯᠡᠵᠦ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠳ ᠪᠦᠬᠦᠨ ᠢᠶᠠᠷ ᠢᠶᠠᠨ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠶᠢ ᠪᠡᠶᠡᠯᠡᠭᠦᠯᠵᠦ᠂ 2458 ᠲᠦᠮᠡᠨ ᠲᠥᠭᠦᠷᠢᠭ ᠤᠨ ᠭᠠᠶᠢᠯᠢ ᠬᠠᠰᠤᠵᠤ ᠰᠦᠶᠳᠬᠡᠯ ᠪᠠᠭᠤᠷᠠᠭᠤᠯᠬᠤ ᠶᠢ ᠨᠠᠶᠢᠳᠠᠪᠤᠷᠢᠵᠢᠭᠤᠯᠤᠨ᠂ 664 ᠲᠦᠮᠡᠨ ᠲᠥᠭᠦᠷᠢᠭ ᠤᠨ ᠡᠯ᠎ᠡ ᠲᠥᠷᠥᠯ ᠤᠨ ᠳᠠᠭᠠᠳᠬᠠᠯ ᠢ ᠬᠠᠰᠤᠵᠤ ᠭᠡᠯᠳᠦᠷᠢᠭᠦᠯᠤᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ 4 ᠳ᠋ᠦᠩᠰᠢᠭᠤᠷ ᠲᠥᠭᠦᠷᠢᠭ ᠤᠨ ᠵᠢᠭᠡᠯᠡᠯᠭᠡ ᠬᠠᠩᠭᠠᠵᠤ᠂ ᠠᠵᠤ ᠠᠬᠤᠶᠢᠯᠠᠯ ᠢ ᠳᠡᠮᠵᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ᠂ ᠠᠵᠤ ᠦᠶᠯᠡᠳᠪᠦᠷᠢ ᠪᠠᠷ ᠪᠣᠯᠪᠠᠰᠤᠷᠠᠯ ᠢ ᠣᠷᠣᠯᠠᠭᠤᠯᠬᠤ ᠨᠥᠬᠦᠪᠥᠷᠢ ᠣᠯᠭᠤᠨ᠂ 130 ᠲᠦᠮᠡᠨ ᠲᠦᠬᠦᠷᠢᠭ ᠤᠨ ᠵᠢᠬᠡᠯᠡᠯᠬᠡ ᠶᠢᠨ ᠬᠦᠦ ᠮᠦᠩᠬᠦ ᠶᠢ ᠨᠦᠬᠦᠪᠤᠷᠢᠯᠡᠪᠡ᠃ ᠭᠤᠤᠯᠳᠠᠯᠭ᠎ᠠ ᠲᠠᠢ ᠲᠥᠷᠥᠯ ᠵᠦᠶᠯ ᠢ ᠲᠥᠪᠯᠡᠷᠡᠭᠦᠯᠦᠨ ︽ᠬᠢᠨᠠᠨ ᠵᠥᠪᠰᠢᠶᠡᠷᠡᠬᠦ ᠰᠠᠷ᠎ᠠ︾᠎ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠵᠢᠩ ᠨᠧᠩ ᠴᠠᠭᠠᠨ ᠨᠠᠭᠤᠷ ᠤᠨ ᠴᠠᠬᠢᠯᠭᠠᠨ ᠤ ᠦᠶᠯᠡᠳᠪᠦᠷᠢ᠂ ᠣᠨᠴᠠ ᠥᠨᠳᠥᠷ ᠬᠦᠴᠦᠳᠡᠯᠲᠦ ᠭᠠᠳᠠᠭᠰᠢ ᠬᠦᠷᠭᠡᠬᠦ ᠰᠠᠯᠬᠢᠨ ᠴᠠᠬᠢᠯᠭᠠᠨ᠂ ᠶᠦᠨ ᠵᠢᠶ ᠯᠢ ᠲᠣᠮᠣ ᠳ᠋ᠠᠶᠢᠲ᠋ᠠ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠵᠡᠷᠭᠡ ᠨᠢᠭᠡ ᠪᠦᠯᠦᠭ  ᠭᠤᠤᠯᠳᠠᠯᠭ᠎ᠠ ᠲᠠᠢ ᠲᠥᠷᠥᠯ ᠵᠦᠶᠯ ᠢ ᠪᠥᠬᠦ ᠲᠠᠯ᠎ᠠ ᠪᠠᠷ ᠡᠬᠢᠯᠡᠨ ᠠᠵᠢᠯᠯᠠᠭᠤᠯᠵᠤ᠂ ᠪᠥᠬᠦ ᠵᠢᠯ ᠳᠤ 37 ᠭᠤᠤᠯᠳᠠᠯᠭ᠎ᠠ ᠲᠠᠢ ᠲᠥᠷᠥᠯ ᠵᠦᠶᠯ ᠢ ᠬᠡᠷᠡᠭᠵᠢᠭᠦᠯᠵᠦ᠂ ᠠᠵᠢᠯ ᠢᠶᠠᠨ ᠡᠬᠢᠯᠡᠭᠦᠯᠦᠭᠰᠡᠨ ᠪᠠ ᠰᠡᠷᠭᠦᠭᠡᠭᠰᠡᠨ ᠨᠣᠷᠮ᠎ᠠ 92%᠎ ᠲᠤ ᠬᠦᠷᠴᠦ᠂ 72 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠬᠦᠮᠤᠰ ᠤᠨ ᠠᠵᠢᠯ ᠣᠯᠭᠤᠯᠲᠠ ᠶᠢ ᠲᠡᠳᠬᠦᠨ ᠲᠡᠮᠵᠢᠬᠦ ᠶᠢ ᠴᠢᠩᠭᠠᠳᠬᠠᠵᠤ᠂ ᠵᠢᠯ ᠤᠨ ᠳᠣᠲᠣᠷ᠎ᠠ 5612 ᠠᠵᠢᠯ ᠤᠨ ᠪᠠᠶᠢᠷᠢ ᠡᠯᠰᠡᠵᠦ᠂ 16 ᠬᠤᠭᠤᠴᠠᠭᠠᠨ ᠤ 500 ᠬᠦᠮᠤᠨ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠡᠷᠭᠢᠯᠡᠵᠦ᠂ ᠬᠤᠲᠠ ᠪᠠᠯᠭᠠᠰᠤᠨ ᠤ 588 ᠬᠥᠮᠦᠨ ᠳᠤ ᠰᠢᠨ᠎ᠡ ᠪᠠᠷ ᠠᠵᠢᠯ ᠣᠯᠭᠤᠨ᠂ 901 ᠮᠠᠯᠴᠢᠳ ᠢ ᠰᠢᠯᠵᠢᠭᠦᠯᠦᠨ ᠠᠵᠢᠯ ᠣᠯᠭᠤᠪᠠ᠃ 727 ᠲᠦᠮᠡᠨ ᠲᠥᠭᠦᠷᠢᠭ ᠤᠨ ᠠᠳᠠᠯ ᠦᠶᠯᠡᠰ ᠴᠣᠭᠴᠠᠯᠠᠬᠤ  ᠪᠠᠳᠤᠯᠠᠭ᠎ᠠ ᠶᠢᠨ ᠵᠢᠭᠡᠯᠡᠯᠭᠡ ᠲᠠᠯᠪᠢᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ 70᠎ ᠶᠢ ᠨᠡᠭᠡᠭᠡᠨ ᠬᠥᠭᠵᠢᠭᠦᠯᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 3.7% ᠪᠣᠯᠪᠠ᠃ ᠲᠥᠪ ᠠᠴᠠ ᠰᠢᠭᠤᠳ ᠪᠠᠭᠤᠯᠭᠠᠬᠤ ᠪᠡᠯᠡ ᠮᠥᠩᠭᠦ᠂ ᠣᠨᠴᠠᠭᠠᠶ ᠰᠢᠯᠵᠢᠭᠦᠯᠦᠨ ᠲᠦᠯᠤᠪᠤᠷᠢᠯᠡᠬᠦ᠂ ᠲᠠᠩᠴᠠᠬᠦᠷᠢᠰᠢᠯ ᠤᠨ ᠴᠢᠨᠠᠷᠲᠠᠶ ᠰᠢᠯᠵᠢᠭᠦᠯᠦᠨ ᠲᠦᠯᠤᠪᠤᠷᠢᠯᠡᠬᠦ ᠪᠡᠯᠡ ᠮᠥᠩᠭᠦ ᠶᠢ 2.4 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠬᠦ᠂ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠪᠠᠲᠤᠯᠠᠬᠤ ᠳᠤ ᠭᠤᠣᠯᠳᠠᠯᠭ᠎ᠠ ᠲᠠᠢ ᠪᠠᠷ ᠬᠡᠷᠡᠭᠯᠡᠪᠡ᠃      — — ︽ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾᠎ ᠤ ᠠᠮᠵᠢᠯᠲᠠ ᠪᠦᠲᠦᠮᠵᠢ ᠢᠯᠡᠳᠲᠡ ᠪᠣᠯᠪᠠ     ᠰᠢᠢᠳᠪᠦᠷᠢᠲᠦ ᠳᠠᠶᠢᠯᠠᠯᠳᠤᠭᠠᠨ ᠰᠢᠢᠳᠪᠦᠷᠢᠲᠦ ᠢᠯᠠᠯᠲᠠ ᠶᠢ ᠤᠯᠬᠤ ᠬᠠᠷᠠᠯᠲᠠ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠲᠠᠢ ᠨᠢᠭᠲᠠ ᠤᠶᠠᠯᠳᠤᠭᠤᠯᠤᠨ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠴᠢᠬᠤᠯᠠ ᠶᠡᠭᠡ ᠪᠣᠭᠤᠮᠲᠠ ᠶᠢ ᠪᠦᠬᠦ ᠬᠦᠴᠦᠨ ᠢᠶᠠᠷ ᠢᠶᠠᠨ ᠳᠠᠪᠠᠭ᠋ᠤ ᠬᠡᠷᠡᠭᠲᠡᠢ᠃     ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠢᠢᠳᠪᠤᠷᠢᠯᠡᠪᠠ᠃ ᠪᠥᠬᠦ ᠵᠢᠯ ᠳᠤ 1.78 ᠳ᠋ᠦᠩᠰᠢᠭᠤᠷ ᠲᠥᠭᠦᠷᠢᠭ ᠤᠨ ᠳᠠᠯᠳᠠ ᠦᠷᠢ ᠥᠭᠴᠡᠭᠡ ᠶᠢ ᠰᠢᠢᠳᠪᠤᠷᠢᠯᠡᠵᠤ᠂ ᠳᠡᠭᠡᠳᠦ ᠱᠠᠲᠤᠨ ᠠᠴᠠ ᠪᠠᠭᠤᠯᠭᠠᠭᠰᠠᠨ 113%᠎ ᠶᠢᠨ ᠬᠠᠷᠠᠯᠲᠠᠲᠤ ᠡᠭᠦᠷᠭᠡ ᠶᠢ ᠪᠡᠶᠡᠯᠡᠭᠦᠯᠪᠡ᠃ ᠡᠭᠦᠨ ᠳᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 1.59 ᠳ᠋ᠦᠩᠰᠢᠭᠤᠷ ᠲᠥᠭᠦᠷᠢᠭ ᠤᠨ ᠲᠠᠩᠰᠨ ᠴᠠᠶᠢᠷᠠᠭᠤᠯᠵᠤ᠂ ᠵᠠᠰᠠᠭ ᠤᠨ ᠣᠷᠳᠣᠨ ᠠᠴᠠ 1.67 ᠳ᠋ᠦᠩᠰᠢᠭᠤᠷ ᠲᠥᠭᠦᠷᠢᠭ ᠤᠨ ᠰᠢᠨ᠎ᠠ ᠪᠠᠷ ᠨᠡᠮᠡᠭᠳᠡᠭᠰᠡᠨ ᠡᠩ ᠤᠨ ᠵᠢᠭᠡᠯᠡᠯᠭᠡ ᠶᠢᠨ ᠲᠡᠮᠳᠡᠭ᠂ 2000 ᠲᠦᠮᠡᠨ ᠲᠥᠭᠦᠷᠢᠭ ᠤᠨ ᠲᠤᠰᠬᠠᠶ ᠵᠦᠶᠯ ᠤᠨ ᠵᠢᠭᠡᠯᠡᠯᠭᠡ ᠶᠢᠨ ᠲᠡᠮᠳᠡᠭ᠂ 9750 ᠲᠦᠮᠡᠨ ᠲᠥᠭᠦᠷᠢᠭ ᠤᠨ ᠣᠨᠴᠠᠭᠠᠶ ᠤᠯᠤᠰ ᠤᠨ ᠵᠢᠭᠡᠯᠡᠯᠭᠡ ᠶᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠦᠷᠢ ᠦᠭᠴᠡᠬᠡᠨ ᠤ ᠲᠦᠭᠰᠢᠭᠦᠷᠢ ᠶᠢᠨ ᠲᠠᠰ ᠢ ᠤᠯᠠᠪᠤᠷ ᠥᠩᠭᠡ ᠶᠢᠨ ᠲᠠᠰ ᠲᠤ ᠬᠢᠵᠠᠭᠠᠷᠯᠠᠪᠠ᠃ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠶᠯ ᠳᠤ ᠬᠢᠨᠠᠨ ᠪᠤᠳᠤᠵᠤ ᠬᠢᠨᠠᠯᠲᠠ ᠲᠠᠯᠪᠢᠬᠤ ᠶᠢ ᠲᠠᠰᠤᠷᠠᠯᠲᠠ ᠥᠬᠡᠶ ᠴᠢᠩᠭᠠᠳᠬᠠᠨ᠂ ᠪᠥᠬᠦ ᠵᠢᠯ ᠳᠤ 60 ᠬᠢᠨᠠᠨ ᠪᠤᠳᠤᠬᠤ ᠲᠥᠷᠥᠯ ᠵᠦᠶᠯ ᠢ ᠪᠡᠶᠡᠯᠡᠭᠦᠯᠵᠦ᠂ 2790 ᠲᠦᠮᠡᠨ ᠲᠥᠭᠦᠷᠢᠭ ᠤᠨ ᠪᠠᠷᠢᠯᠭ᠎ᠠ ᠶᠢᠨ ᠦᠷᠳᠡᠭ ᠢ ᠬᠠᠷᠭᠤᠭᠤᠯᠤᠨ ᠬᠠᠰᠤᠵᠤ᠂ 10.3%᠎ ᠪᠠᠷ ᠪᠠᠭᠤᠷᠠᠭᠤᠯᠤᠨ᠂ 150 ᠲᠦᠮᠡᠨ ᠲᠥᠭᠦᠷᠢᠭ ᠤᠨ ᠬᠢᠨᠠᠨ ᠪᠤᠳᠤᠬᠤ ᠵᠠᠷᠤᠳᠠᠯ ᠢ ᠠᠷᠪᠢᠯᠠᠪᠠ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠠ ᠬᠡᠪᠴᠢᠶᠠᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠤᠰᠬᠠᠢ ᠲᠦᠷᠤᠯ ᠢᠶᠠᠷ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠬᠠᠷᠢᠭᠤ ᠲᠤᠰᠬᠠᠭᠰᠠᠨ ᠠᠰᠠᠭᠤᠳᠠᠯ ᠤᠨ 99%᠎ ᠶᠢ ᠴᠡᠭᠴᠡᠯᠡᠨ ᠵᠠᠰᠠᠪᠠ᠃ ᠮᠠᠨᠢᠲᠤ ᠠᠭᠤᠷᠬᠠᠶ ᠶᠢᠨ ᠲᠤᠭᠤᠷᠢᠭ ᠢ ᠡᠬᠢ ᠡᠭᠦᠰᠦᠯ ᠠᠴᠠ ᠨᠢ ᠵᠠᠰᠠᠬᠤ ᠠᠵᠢᠯ ᠤᠨ ᠡᠷᠴᠢᠮ ᠢ ᠴᠢᠩᠭᠠᠷᠠᠭᠤᠯᠤᠨ᠂ ᠨᠡᠭᠦᠷᠡᠰᠦᠨ ᠤ ᠠᠵᠤ ᠠᠬᠤᠶᠢᠯᠠᠯ ᠤᠨ ᠭᠠᠶᠢᠯᠢ ᠶᠢᠨ ᠢᠷᠡᠯᠲᠡ ᠶᠢ ᠬᠠᠮᠢᠶᠠᠷᠤᠨ ᠡᠵᠡᠮᠳᠡᠬᠦ ᠠᠵᠢᠯ ᠢᠯᠡᠳᠲᠡ ᠦᠷ᠎ᠡ ᠪᠦᠲᠦᠮᠵᠢ ᠣᠯᠵᠤ᠂ ᠨᠡᠶᠢᠲᠡ 2.1 ᠳ᠋ᠦᠩᠰᠢᠭᠤᠷ ᠲᠥᠭᠦᠷᠢᠭ ᠤᠨ ᠭᠠᠶᠢᠯᠢ ᠲᠠᠲᠠᠪᠤᠷᠢᠯᠠᠪᠠ᠃ ᠶᠠᠳᠠᠭᠤ ᠠᠴᠠ ᠠᠩᠭᠢᠵᠢᠷᠠᠭᠤᠯᠵᠤ ᠰᠢᠪᠳᠤᠯᠤᠯᠳᠠ ᠲᠠᠢ ᠪᠤᠯᠭᠠᠬᠤ ᠠᠵᠢᠯ ᠤᠨ ᠦᠷ᠎ᠡ ᠪᠦᠲᠦᠭᠡᠯ ᠲᠠᠰᠤᠷᠠᠯᠲᠠ ᠥᠬᠡᠶ ᠪᠠᠬᠢᠵᠢᠪᠡ᠃ 3279 ᠲᠦᠮᠡᠨ ᠲᠥᠭᠦᠷᠢᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠣᠷᠣᠭᠤᠯᠵᠤ᠂ 45 ᠲᠥᠷᠥᠯ ᠵᠦᠢᠯ ᠬᠡᠷᠡᠭᠵᠢᠭᠦᠯᠤᠨ᠂ ︽ᠬᠤᠶᠠᠷ ᠲᠤ ᠵᠣᠪᠠᠭ᠋ᠤ ᠦᠭᠡᠶ᠂ ᠭᠤᠷᠪᠠ ᠶᠢ ᠪᠠᠲᠤᠯᠠᠬᠤ︾ ᠠᠰᠠᠭᠤᠳᠠᠯ ᠢ ᠪᠦᠲᠦᠮᠵᠢᠲᠡᠶ ᠪᠠᠷ ᠰᠢᠶᠳᠪᠦᠷᠢᠯᠡᠪᠠ᠃ ᠠᠪᠠᠭ᠎ᠠ ᠬᠤᠰᠢᠭᠤᠨ ᠤ ᠡᠳ᠋ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠪᠠᠶᠢᠭᠤᠯᠵᠤ᠂ ᠶᠠᠳᠠᠭᠤ ᠶᠢ ᠲᠡᠳᠬᠦᠬᠦ ᠲᠣᠭᠲᠠᠮᠠᠯ ᠬᠥᠷᠥᠩᠭᠡ ᠪᠠ ᠠᠰᠢᠭ ᠣᠷᠣᠯᠭ᠎ᠠ ᠶᠢᠨ ᠪᠠᠯᠠ ᠮᠥᠩᠭᠦ ᠶᠢ ᠵᠢᠷᠤᠮᠵᠢᠭᠤᠯᠤᠨ ᠬᠠᠮᠢᠶᠠᠷᠴᠤ᠂ ᠲᠥᠪ ᠤᠨ ᠲᠤᠰᠬᠠᠶ ᠲᠣᠭᠤᠷᠢᠨ ᠪᠠᠶᠢᠴᠠᠭᠠᠯᠲᠠ ᠶᠢᠨ ︽ᠡᠷᠬᠢᠨ ᠬᠠᠷᠠᠵᠤ︾ ᠬᠠᠷᠢᠭᠤ ᠲᠤᠰᠬᠠᠭᠰᠠᠨ ᠰᠠᠨᠠᠯ ᠵᠢᠴᠢ ᠤᠯᠤᠰ ᠤᠨ ᠦᠷ᠎ᠡ ᠪᠦᠲᠦᠮᠵᠢ ᠶᠢ ᠬᠢᠨᠠᠨ ᠰᠢᠯᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠳᠤᠯᠤᠯᠳᠠ ᠲᠠᠢ ᠪᠤᠯᠭᠠᠬᠤ ᠠᠵᠢᠯ ᠢ ᠭᠦᠨᠵᠡᠭᠡᠶᠢᠷᠡᠭᠦᠯᠦᠨ ᠬᠥᠭᠵᠢᠭᠦᠯᠪᠡ᠃ ᠠᠭᠤᠷᠬᠠᠶ ᠶᠢᠨ ᠣᠷᠴᠢᠨ ᠢ ᠰᠡᠷᠭᠦᠭᠡᠨ ᠵᠠᠰᠠᠬᠤ ᠶᠢ ᠭᠦᠨᠵᠡᠭᠡᠶ ᠳᠥᠯᠭᠢᠨ ᠠᠬᠢᠭᠤᠯᠵᠤ᠂ 2.45 ᠲᠡᠭᠰᠢ ᠳᠥᠷᠪᠡᠯᠵᠢᠨ ᠺᠢᠯᠣᠮᠧᠲᠷ ᠵᠠᠰᠠᠨ ᠴᠡᠭᠴᠡᠯᠡᠵᠤ᠂ ᠵᠠᠳᠠᠭᠠᠶ ᠠᠭᠤᠷᠬᠠᠶ ᠪᠠ ᠬᠠᠶᠠᠭᠳᠠᠮᠠᠯ ᠮᠠᠯᠲᠠᠭᠰᠠᠨ ᠨᠦᠬᠡ ᠶᠢ ᠡᠭᠡᠭᠦᠯᠦᠨ ᠪᠥᠭᠯᠡᠵᠦ᠂ ᠮᠠᠨᠢᠲᠤ᠂ ᠴᠠᠭᠠᠨᠨᠠᠭᠤᠷ ᠤᠨ ᠠᠭᠤᠷᠬᠠᠶ ᠶᠢᠨ ᠣᠷᠣᠨ ᠢ ᠴᠡᠭᠴᠡᠯᠡᠨ ᠵᠠᠰᠠᠭᠰᠠᠨ ᠦᠷ᠎ᠡ ᠪᠦᠲᠦᠮᠵᠢ ᠢᠯᠡᠳᠲᠡ ᠪᠠᠶᠢᠵᠤ᠂ ᠪᠣᠬᠢᠷᠲᠤᠯ ᠥᠬᠡᠶ ᠠᠭᠤᠷᠬᠠᠶ ᠶᠢᠨ  ᠪᠠᠶᠢᠭᠤᠯᠤᠯᠲᠠ ᠶᠢ ᠭᠦᠨᠵᠡᠭᠡᠶ ᠳᠥᠯᠭᠢᠨ ᠠᠬᠢᠭᠤᠯᠵᠤ᠂ ᠶᠢᠨ ᠳ᠋ᠢ ᠠᠭᠤᠷᠬᠠᠶ ᠶᠢᠨ ᠦᠶᠯᠡᠰ᠂ ᠵᠢᠢ ᠳ᠋ᠦᠡᠭ ᠱᠦᠶᠨᠢ ᠶᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠪᠠ᠃ ᠣᠷᠴᠢᠨ ᠠᠬᠤᠶ ᠶᠢᠨ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠬᠦᠴᠦᠲᠡᠶ ᠠᠳᠬᠤᠵᠤ᠂ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢ  ᠱᠠᠯᠠᠪᠳᠠᠭᠤᠯᠤᠨ ᠪᠠᠶᠢᠴᠠᠭᠠᠵᠤ ︽ᠡᠷᠬᠢᠨ ᠬᠠᠷᠠᠬᠤ︾᠂ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠨᠥᠬᠦᠴᠡᠯ ᠤᠨ ᠠᠰᠠᠭᠤᠳᠠᠯ ᠤᠨ ᠲᠤᠬᠠᠶ ᠲᠤᠰᠬᠠᠶ ᠱᠠᠯᠠᠪᠳᠠᠭᠤᠯᠤᠨ ᠪᠠᠶᠢᠴᠠᠭᠠᠯᠲᠠ ᠵᠡᠷᠭᠡ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠪᠠ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ 300 ᠲᠦᠮᠡᠨ ᠲᠥᠭᠦᠷᠢᠭ ᠤᠨ ᠪᠡᠯᠡ ᠣᠷᠣᠭᠤᠯᠤᠠ᠂ ︽ᠬᠤᠶᠠᠷ ᠢ ᠦᠨᠡᠯᠡᠨ ᠵᠢᠱᠢᠬᠦ᠂ ᠬᠤᠶᠠᠷ ᠢ ᠦᠨᠡᠯᠡᠬᠦ︾᠂ 9 ᠲᠦᠷᠤᠯ ᠤᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠵᠢᠴᠢ ᠬᠤᠲᠠ ᠪᠠᠯᠭᠠᠰᠤᠨ ᠤ ᠬᠢᠯᠢ ᠶᠢᠨ ᠵᠠᠭᠠᠭ ᠢ   ᠲᠣᠭᠲᠠᠭᠠᠬᠤ ᠵᠡᠷᠭᠡ ᠰᠠᠭᠤᠷᠢ ᠠᠵᠢᠯ ᠢ ᠪᠡᠶᠡᠯᠡᠭᠦᠯᠵᠦ᠂ ᠪᠦᠬᠦ ᠤᠯᠤᠰ ᠤᠨ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠵᠦ᠂ ᠪᠣᠳᠠᠲᠠᠶ ᠭᠠᠵᠠᠷ ᠲᠤᠨᠢ 1.6 ᠲᠦᠮᠡᠨ ᠴᠡᠭ ᠬᠠᠷᠭᠤᠭᠤᠯᠤᠨ ᠪᠠᠶᠢᠴᠠᠭᠠᠵᠤ᠂ ᠡᠯᠡᠰᠦᠷᠬᠡᠭ ᠭᠠᠵᠠᠷ ᠤᠨ ᠠᠷᠴᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠵᠠᠭᠠᠭ ᠱᠤᠭᠤᠮ ᠢ ᠬᠠᠶᠢᠨ ᠰᠦᠪᠡᠭᠴᠢᠯᠡᠯᠳᠡ ᠶᠢ ᠪᠡᠶᠡᠯᠡᠭᠦᠯᠵᠦ᠂ ᠴᠢᠳᠠᠮᠵᠢᠳᠤ ᠣᠷᠣᠨ ᠤ ᠳᠤᠬᠢᠷᠠᠭᠤᠯᠤᠯᠳᠠ ᠨᠢ ᠤᠯᠤᠰ ᠤᠨ ᠤᠢ ᠰᠢᠭᠤᠶ ᠡᠪᠡᠰᠦ ᠪᠡᠯᠴᠢᠭᠡᠷ ᠤᠨ ᠲᠤᠪᠴᠢᠶᠠᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠢᠨᠠᠨ ᠪᠠᠶᠢᠴᠠᠭᠠᠯᠳᠠ ᠶᠢ ᠥᠩᠭᠡᠷᠡᠭᠡᠪᠡ᠃ ᠨᠤᠲᠤᠭ ᠪᠡᠯᠴᠢᠭᠡᠷ ᠤᠨ ᠠᠮᠢ ᠠᠬᠤᠶ ᠦᠷᠭᠦᠯᠵᠢᠯᠡᠨ ᠰᠠᠶᠢᠵᠢᠷᠠᠭᠤᠯᠵᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠲᠠᠴᠢᠷᠰᠢᠭᠰᠡᠨ ᠨᠤᠲᠤᠭ ᠪᠡᠯᠴᠢᠭᠡᠷ ᠢ ᠵᠠᠰᠠᠨ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ 3.1 ᠲᠦᠮᠡᠨ ᠮᠤ᠋ ᠣᠶᠢᠵᠢᠭᠤᠯᠤᠨ᠂ 16 ᠲᠦᠮᠡᠨ ᠮᠤ᠋ ᠤᠢ ᠰᠢᠭᠤᠶ ᠶᠢᠨ ᠠᠮᠢ ᠠᠬᠤᠶ ᠶᠢ ᠵᠠᠰᠠᠨ ᠴᠡᠭᠴᠡᠯᠡᠵᠤ᠂ 30 ᠲᠦᠮᠡᠨ ᠮᠤ᠋ ᠨᠤᠲᠤᠭ ᠪᠡᠯᠴᠢᠭᠡᠷ ᠢ ᠵᠠᠰᠠᠨ ᠰᠡᠷᠭᠦᠭᠡᠵᠦ᠂ 407 ᠲᠦᠮᠡᠨ ᠮᠤ᠋ ᠳᠤ ᠬᠤᠯᠤᠭᠠᠨ᠎ᠠ ᠬᠤᠷᠣᠬᠠᠶ ᠶᠢᠨ ᠬᠥᠨᠥᠭᠡᠯ ᠢ ᠵᠠᠰᠠᠪᠠ᠃ 1.9 ᠳ᠋ᠦᠩᠰᠢᠭᠤᠷ ᠲᠦᠬᠦᠷᠢᠭ ᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠱᠠᠩᠨᠠᠯ ᠨᠥᠬᠦᠪᠥᠷᠢ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ᠂ ᠨᠡᠶᠢᠲᠡ ᠶᠢᠨ ᠠᠰᠠᠷᠠᠮᠵᠢ ᠶᠢᠨ ᠣᠶ ᠶᠢᠨ ᠨᠥᠬᠦᠪᠥᠷᠢ ᠶᠢ ᠨᠠᠶᠢᠳᠠᠪᠤᠷᠢᠵᠢᠭᠤᠯᠵᠤ᠂ ᠤᠷᠭᠤᠮᠠᠯ ᠤᠨ ᠬᠤᠴᠢᠯᠭ᠎ᠠ ᠶᠢᠨ ᠥᠨᠳᠥᠷ ᠤᠨ ᠬᠡᠮᠵᠢᠶ᠎ᠡ᠂ ᠪᠦᠷᠬᠦᠴᠡ᠂ ᠡᠪᠡᠰᠦᠨ ᠤ ᠭᠠᠷᠤᠯᠲᠠ ᠶᠢᠨ ᠬᠡᠮᠵᠢᠶ᠎ᠡ ᠶᠢ ᠲᠣᠰ ᠲᠣᠰ 5.8 ᠰᠠᠨᠲ᠋ᠢᠮᠧᠲᠷ᠂ 16.6 ᠵᠠᠭᠤᠨ ᠤ ᠬᠠᠷᠢᠴᠠᠯ ᠪᠠ 33.4 ᠺᠢᠯᠣᠭ᠍ᠷᠠᠮ / ᠮᠥ ᠳᠤ ᠬᠦᠷᠬᠡᠪᠡ᠃ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ ᠰᠠᠪᠠ ᠭᠠᠵᠠᠷ ᠤᠨ ᠤᠰᠤᠨ ᠤ ᠠᠮᠢ ᠠᠬᠤᠶ᠂ ᠭᠠᠵᠠᠷ  ᠲᠤᠤᠷᠡᠬᠢ ᠤᠰᠤᠨ ᠤ ᠠᠮᠢ ᠠᠬᠤᠶ᠂ ᠴᠠᠭᠠᠨ ᠤᠰᠤᠨ ᠴᠥᠭᠦᠷᠥᠮ ᠤᠨ ᠠᠮᠢ ᠠᠬᠤᠶ ᠶᠢᠨ ᠬᠠᠮᠠᠭᠠᠯᠠᠯᠲᠠ ᠵᠠᠰᠠᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠵᠢᠴᠢ 28 ᠵᠤᠷᠪᠤᠰ ᠭᠤᠣᠯ ᠮᠥᠷᠡᠨ ᠤ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠶᠢ ᠵᠠᠭᠠᠭᠯᠠᠨ ᠲᠣᠭᠲᠠᠭᠠᠬᠤ ᠪᠠ ᠭᠤᠣᠯ ᠮᠥᠷᠡᠨ ᠤ ᠡᠷᠭᠢ ᠶᠢᠨ ᠱᠤᠭᠤᠮ ᠢ ᠬᠠᠮᠠᠭᠠᠯᠠᠬᠤ ᠪᠠ ᠠᠰᠢᠭᠯᠠᠬᠤ ᠵᠡᠷᠭᠡ ᠲᠥᠯᠥᠪᠵᠢᠭᠦᠯᠭᠡ ᠶᠢ ᠨᠠᠶᠢᠷᠠᠭᠤᠯᠬᠤ ᠎ ᠶᠢ ᠡᠬᠢᠯᠡᠬᠦᠯᠪᠡ᠃ ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠤ ᠣᠷᠣᠨ ᠤ ᠰᠢᠶᠠᠨ ᠤ ᠬᠡᠪᠴᠢᠶᠡᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠬᠢᠨᠡᠨ ᠰᠢᠯᠭᠠᠯᠳᠠ ᠶᠢᠨ ᠱᠠᠩᠨᠠᠯ ᠤᠨ ᠪᠠᠯᠠ ᠮᠥᠩᠭᠦ 460 ᠲᠦᠮᠡᠨ ᠲᠥᠭᠦᠷᠢᠭ ᠢ ᠭᠥᠷᠳᠡᠵᠦ᠂ ᠭᠠᠩᠭᠠᠡᠰᠢᠯᠢ ᠶᠢ ᠠᠩᠬᠠᠳᠠᠭᠴᠢ ᠪᠦᠯᠦᠭ ᠤᠨ ᠤᠯᠤᠰ ᠤᠨ ᠨᠤᠲᠤᠭ ᠪᠡᠯᠴᠢᠭᠡᠷ ᠤᠨ ᠪᠠᠶᠢᠭᠠᠯᠢ ᠶᠢᠨ ᠴᠡᠴᠡᠷᠯᠢᠭ ᠤᠨ ᠲᠤᠷᠰᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠨᠡᠷᠡᠰ ᠲᠤ ᠣᠷᠣᠭᠤᠯᠪᠠ᠃      — — ᠠᠵᠤ ᠦᠢᠯᠡᠰ ᠤᠨ ᠪᠦᠲᠦᠴᠡ ᠡᠳᠦᠷ ᠢᠷᠡᠬᠦᠶ᠎ᠡ ᠲᠡᠭᠦᠯᠳᠡᠷᠵᠢᠪᠠ     ᠣᠳᠣᠬᠢᠴᠢᠯᠠᠭᠰᠠᠨ ᠮᠠᠯ ᠠᠵᠤ ᠠᠬᠤᠢ ᠶᠢ ᠴᠢᠨᠠᠷ ᠰᠠᠶᠢᠲᠠᠢ ᠬᠥᠭᠵᠢᠭᠦᠯᠪᠠ᠃ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠠᠮᠢ ᠠᠬᠤᠶ ᠶᠢ ᠰᠡᠷᠭᠦᠭᠡᠬᠦ᠂ ᠠᠵᠤ ᠦᠢᠯᠡᠰ ᠢ ᠬᠥᠭᠵᠢᠭᠦᠯᠬᠦ ᠪᠠ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠤᠷᠰᠢᠯᠲᠠ ᠶᠢᠨ ᠴᠡᠭ ᠤᠨ 55 ᠲᠥᠷᠥᠯ ᠵᠦᠢᠯ ᠢ ᠡᠬᠢᠯᠡᠨ ᠬᠡᠷᠡᠭᠵᠢᠭᠦᠯᠵᠤ᠂ 2.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠮᠠᠯ ᠡᠮᠨᠡᠯᠭᠡ ᠮᠠᠯ ᠤᠨ ᠡᠮ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪ᠂ ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠬᠤ ᠲᠡᠵᠢᠭᠡᠯ ᠡᠪᠡᠰᠦ ᠪᠣᠷᠳᠤᠭ᠎ᠠ ᠶᠢ ᠰᠢᠯᠵᠢᠭᠦᠯᠦᠨ ᠵᠥᠭᠡᠭᠡᠪᠦᠷᠢᠯᠡᠵᠦ ᠨᠥᠭᠡᠴᠡᠯᠡᠬᠦ ᠰᠠᠭᠤᠷᠢᠨ ᠭᠠᠵᠠᠷ᠂ ᠮᠠᠯᠴᠢᠳ ᠤᠨ ᠤᠯᠠᠮᠵᠢᠯᠠᠯᠲᠤ ᠴᠠᠭᠠᠨ ᠢᠳᠡᠭᠡᠨ᠂ ᠶᠤᠸᠠᠨ ᠱᠠᠩ ᠦᠬᠡᠷ ᠤᠨ ᠦᠢᠯᠡᠰ ᠤᠨ ᠪᠣᠷᠳᠣᠵᠤ ᠲᠠᠷᠭᠤᠯᠠᠭᠤᠯᠬᠤ ᠨᠠᠶᠢᠳᠠᠨ ᠲᠡᠵᠢᠭᠡᠯᠭᠡᠬᠦ ᠰᠠᠭᠤᠷᠢᠨ ᠭᠠᠵᠠᠷ᠂ ᠦᠬᠡᠷ ᠤᠨ ᠸᠧᠨᠧᠼᠢᠶ᠎ᠠ ᠶᠢᠨ ᠮᠢᠬᠠᠨ ᠤ ᠦᠬᠡᠷ ᠢ ᠨᠠᠶᠢᠳᠠᠨ ᠬᠠᠮᠢᠶᠠᠷᠤᠭᠤᠯᠬᠤ ᠭᠠᠵᠠᠷ᠂ ᠲᠡᠬᠦᠰ ᠤᠨ ᠭᠡᠷ ᠪᠦᠯᠢ ᠶᠢᠨ ᠮᠠᠯᠵᠢᠯ ᠤᠨ ᠲᠠᠯᠠᠪᠠᠢ ᠵᠡᠷᠭᠡ ᠨᠢᠭᠡ ᠪᠦᠯᠦᠭ ᠵᠢᠱᠢᠶ᠎ᠡ ᠦᠵᠡᠭᠦᠯᠦᠨ ᠳᠠᠶᠢᠴᠢᠯᠠᠬᠤ ᠴᠡᠭ ᠢ ᠵᠠᠯᠭᠠᠪᠠᠷ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ᠪᠥᠬᠦ ᠣᠷᠣᠨ᠂ ᠪᠥᠬᠦ ᠠᠶᠢᠮᠠᠭ ᠤᠨ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠲᠤᠬᠠᠶ ᠶᠢᠨ ᠲᠠᠯᠠᠪᠠᠶ ᠶᠢᠨ ᠦᠵᠡᠭᠦᠯᠦᠯᠭᠡ ᠶᠢᠨ ᠬᠤᠷᠠᠯ ᠢ ᠠᠮᠵᠢᠯᠲᠠ ᠲᠠᠢ ᠬᠤᠷᠠᠯᠳᠤᠭᠤᠯᠵᠤ᠂ ᠣᠲᠣ ᠦᠶ᠎ᠡ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠶ᠂ ᠨᠤᠳᠤᠭ ᠪᠠᠯᠴᠢᠬᠡᠷ ᠢ ᠨᠢᠬᠡᠳᠬᠡᠬᠦ᠂ ᠮᠠᠯ ᠤᠨᠤᠭ᠎ᠠ ᠶᠢ ᠨᠠᠶᠢᠳᠠᠨ ᠬᠠᠮᠢᠶᠠᠷᠤᠭᠤᠯᠬᠤ᠂ ᠡᠪᠡᠰᠦ ᠪᠣᠷᠳᠤᠭ᠎ᠠ ᠨᠥᠭᠡᠴᠡᠯᠡᠬᠦ᠂ ᠨᠡᠶᠢᠭᠡᠮᠴᠢᠯᠡᠭᠰᠡᠨ ᠦᠶᠯᠡᠴᠢᠯᠡᠭᠡᠨ ᠤ ᠵᠤᠬᠢᠴᠠᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠠᠮᠵᠢᠯᠲᠠ ᠲᠠᠢ ᠲᠤᠷᠰᠢᠯᠭ᠎ᠠ ᠶᠢ ᠰᠦᠪᠡᠭᠴᠢᠯᠡᠵᠤ᠂ ᠥᠪᠡᠷᠲᠡᠭᠡᠨ ᠵᠠᠰᠠᠬᠤ ᠣᠷᠣᠨ ᠤ ᠬᠦᠢᠴᠡᠳ ᠨᠤᠳᠠᠯᠠᠯᠳᠠ ᠶᠢ ᠤᠯᠪᠠ᠃ ︽ᠬᠤᠨᠢ ᠢᠶᠠᠨ ᠴᠥᠭᠡᠳᠬᠡᠨ᠂ ᠦᠬᠡᠷ ᠢᠶᠠᠨ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠯ ᠠᠵᠤ ᠠᠬᠤᠶ ᠶᠢᠨ ᠮᠠᠯᠵᠢᠯ ᠤᠨ ᠣᠨ ᠤ ᠮᠠᠯ ᠤᠨ ᠲᠤᠭ᠎ᠠ ᠲᠣᠯᠣᠭᠠᠶ 177 ᠲᠦᠮᠡ ᠳᠤ ᠬᠦᠷᠴᠦ᠂ 9.3 ᠲᠦᠮᠡᠨ ᠬᠤᠨᠢ ᠶᠢ ᠴᠥᠭᠡᠳᠬᠡᠨ᠂ 1.8 ᠲᠦᠮᠡᠨ ᠦᠬᠡᠷ ᠨᠡᠮᠡᠭᠳᠡᠭᠦᠯᠵᠦ᠂ 84 ᠲᠦᠮᠡᠨ ᠲᠤᠯᠤᠭᠠᠢ ᠲᠥᠯ ᠲᠤᠰᠪᠠ᠃  ᠪᠥᠬᠦ ᠵᠢᠯ ᠳᠤ 3616 ᠲᠤᠯᠤᠭᠠᠢ ᠰᠢᠯᠢᠳᠡᠭ ᠡᠭᠦᠯᠳᠡᠷ ᠤᠨ ᠮᠢᠬᠠᠨ ᠤ ᠦᠬᠡᠷ ᠢ ᠣᠷᠣᠭᠤᠯᠤᠨ ᠠᠪᠴᠢᠷᠠᠵᠤ᠂ 2 ᠲᠦᠮᠡᠨ ᠲᠤᠯᠤᠭᠠᠢ ᠦᠨᠢᠶᠠᠨ ᠳᠤ ᠢᠴᠡᠬᠡᠯ ᠦᠷ᠎ᠠ ᠶᠢᠨ ᠬᠡᠬᠡᠯᠳᠤᠬᠦᠯᠬᠡ ᠬᠢᠵᠤ᠂ 9.8 ᠲᠦᠮᠡᠨ ᠲᠤᠯᠤᠭᠠᠢ ᠦᠨᠢᠶᠠᠨ ᠳᠤ ᠪᠤᠬ᠎ᠠ ᠪᠠᠷ ᠬᠡᠬᠡᠯᠳᠤᠬᠦᠯᠵᠤ᠂ ᠠᠶᠢᠮᠠᠭ ᠤᠨ ᠲᠠᠰ ᠤᠨ ᠮᠢᠬᠠᠨ ᠤ ᠦᠬᠡᠷ ᠤᠨ ᠭᠤᠤᠯᠳᠠᠯᠭᠠᠳᠤ ᠰᠦᠷᠦᠭ 7᠎ ᠶᠢ ᠰᠢᠨ᠎ᠠ ᠪᠠᠷ ᠪᠠᠶᠢᠭᠤᠯᠵᠤ᠂ ᠨᠠᠶᠢᠳᠠ 27 ᠰᠦᠷᠦᠭ ᠲᠤ ᠬᠦᠷᠭᠡᠵᠦ᠂ 1000 ᠲᠣᠯᠣᠭᠠᠶ ᠶᠢᠨ ᠬᠡᠪᠴᠢᠶᠡᠵᠢᠯ ᠠᠴᠠ ᠳᠡᠭᠡᠭᠰᠢᠬᠢ ᠪᠣᠷᠳᠣᠵᠤ ᠲᠠᠷᠭᠤᠯᠠᠭᠤᠯᠬᠤ ᠰᠠᠭᠤᠷᠢᠨ ᠭᠠᠵᠠᠷ 1᠂ 100 ᠲᠣᠯᠣᠭᠠᠶ ᠠᠴᠠ ᠳᠡᠭᠡᠭᠰᠢᠬᠢ ᠪᠣᠷᠳᠣᠵᠤ ᠲᠠᠷᠭᠤᠯᠠᠭᠤᠯᠬᠤ ᠲᠠᠯᠠᠪᠠᠶ ᠶᠢ 6᠂ ᠮᠢᠬᠠᠨ ᠤ ᠦᠬᠡᠷ ᠢ ᠨᠠᠶᠢᠳᠠᠨ ᠬᠠᠮᠢᠶᠠᠷᠤᠭᠤᠯᠵᠤ ᠣᠷᠣᠯᠠᠨ ᠲᠡᠵᠢᠭᠡᠬᠦ ᠰᠠᠭᠤᠷᠢᠨ ᠭᠠᠵᠠᠷ 3᠎ ᠶᠢ ᠪᠠᠶᠢᠭᠤᠯᠤᠨ᠎ᠠ᠃  ᠪᠠᠶᠠᠨ ᠲᠠᠩᠰᠤᠭ ᠰᠠᠶᠢᠨ ᠡᠭᠦᠯᠳᠡᠷ ᠤᠨ ᠮᠢᠬᠠᠨ ᠤ ᠦᠬᠡᠷ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ᠂ ᠷᠦᠨ ᠨᠢᠤ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢᠨ ᠭᠠᠵᠠᠷ᠂ ᠢᠴᠡᠬᠡᠯ ᠦᠷ᠎ᠠ ᠶᠢᠨ ᠬᠡᠬᠡᠯᠳᠤᠬᠦᠯᠬᠡ ᠶᠢᠨ ᠬᠤᠷᠰᠢᠶᠠᠵᠢᠯ ᠢ ᠡᠬᠢᠯᠡᠨ ᠪᠠᠶᠢᠭᠤᠯᠵᠤ᠂ ᠪᠠᠶᠠᠨ ᠲᠠᠩᠰᠤᠭ ᠬᠤᠴᠠᠨ ᠤ ᠲᠠᠯᠠᠪᠠᠶ ᠶᠢ ᠥᠪᠡᠷᠲᠡᠭᠡᠨ ᠵᠠᠰᠠᠬᠤ ᠣᠷᠣᠨ ᠤ ᠲᠠᠰ ᠤᠨ ᠮᠣᠩᠭᠤᠯ ᠬᠤᠨᠢᠨ ᠤ ᠡᠭᠦᠯᠳᠡᠷ ᠬᠠᠮᠠᠭᠠᠯᠠᠬᠤ ᠲᠠᠯᠠᠪᠠᠶ ᠪᠠᠷ ᠭᠡᠷᠡᠴᠢᠯᠡᠭᠦᠯᠬᠦ ᠪᠠᠷ ᠳᠡᠮᠵᠢᠨ᠂ 1.1 ᠲᠦᠮᠡᠨ ᠲᠤᠯᠤᠭᠠᠢ ᠪᠡᠯᠡᠳᠬᠡᠯ ᠬᠤᠴᠠ ᠦᠯᠡᠳᠡᠭᠡᠨ ᠰᠣᠩᠭᠤᠵᠤ᠂ ᠮᠢᠬᠠᠨ ᠤ ᠬᠤᠨᠢᠨ ᠤ ᠭᠤᠤᠯᠳᠠᠯᠭᠠᠳᠤ ᠰᠦᠷᠦᠭ 130᠎ ᠶᠢ ᠲᠣᠭᠲᠠᠭᠠᠵᠤ᠂ 733 ᠲᠦᠮᠡᠨ ᠲᠥᠭᠦᠷᠢᠭ ᠤᠨ ᠦᠬᠡᠷ ᠬᠤᠨᠢᠨ ᠤ ᠡᠬᠦᠯᠳᠡᠷ ᠰᠠᠶᠢᠵᠢᠷᠠᠭᠤᠯᠤᠭᠰᠡᠨ ᠨᠦᠬᠦᠪᠤᠷᠢ ᠶᠢ ᠲᠠᠷᠬᠠᠭᠠᠨᠪᠠ᠃ ᠬᠠᠷ᠎ᠠ ᠠᠳᠤᠭᠤᠨ ᠤ ᠡᠭᠦᠯᠳᠡᠷ ᠤᠨ ᠬᠠᠮᠠᠭᠠᠯᠠᠯᠲᠠ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠤᠨ᠂ 595 ᠬᠠᠷ᠎ᠠ ᠠᠳᠤᠭᠤᠨ ᠤ ᠲᠠᠩᠰᠠ ᠡᠪᠬᠡᠮᠡᠯ ᠢ ᠪᠠᠶᠢᠭᠤᠯᠵᠤ᠂ 55.8 ᠲᠦᠮᠡᠨ ᠲᠥᠭᠦᠷᠢᠭ ᠤᠨ ᠬᠠᠮᠠᠭᠠᠯᠠᠯᠲᠠ ᠶᠢᠨ ᠨᠥᠬᠦᠪᠥᠷᠢ ᠣᠯᠭᠤᠪᠠ᠃ ᠰᠦᠨ ᠤ ᠦᠢᠯᠡᠰ ᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠢ ᠰᠢᠯᠭᠠᠨ ᠪᠠᠶᠢᠴᠠᠭᠠᠬᠤ ᠬᠡᠮᠵᠢᠬᠦ ᠲᠥᠪ ᠢ ᠪᠠᠶᠢᠭᠤᠯᠤᠨ ᠠᠰᠢᠭᠯᠠᠯᠳᠠ ᠳᠤ ᠣᠷᠣᠭᠤᠯᠵᠤ᠂ ᠪᠠᠷᠢᠮᠵᠢᠶᠠᠵᠢᠭᠰᠠᠨ ᠤᠯᠠᠮᠵᠢᠯᠠᠯᠲᠤ ᠴᠠᠭᠠᠨ ᠢᠳᠡᠭᠡ ᠡᠳ᠋ᠰᠢᠭᠦᠯᠬᠦ 66 ᠡᠷᠦᠬᠡ᠂ ᠰᠠᠭᠠᠯᠢ ᠶᠢᠨ ᠮᠠᠯ ᠤᠨ ᠳᠤᠮᠳᠠ ᠵᠢᠵᠢᠭ ᠲᠡᠵᠢᠭᠡᠨ ᠦᠷᠡᠵᠢᠭᠦᠯᠬᠦ ᠲᠠᠯᠠᠪᠠᠶ 16 ᠡᠷᠦᠬᠡ ᠶᠢ ᠪᠤᠶᠢᠵᠢᠭᠤᠯᠤᠨ ᠬᠥᠭᠵᠢᠭᠦᠯᠵᠦ᠂ ᠴᠡᠭᠡ ᠢᠰᠬᠡᠬᠦ ᠬᠤᠷᠰᠢᠶᠠᠵᠢᠯ 2᠎ ᠶᠢ ᠪᠠᠶᠢᠭᠤᠯᠵᠤ᠂ ᠪᠥᠬᠦ ᠵᠢᠯ ᠳᠤ 200 ᠲᠣᠨ ᠴᠡᠭᠡ᠂ 46 ᠲᠤᠨ ᠴᠡᠭᠡ ᠶᠢᠨ ᠲᠠᠯᠬ᠎ᠠ ︵ᠬᠠᠪᠲᠠᠭᠠᠶ︶ ᠪᠣᠷᠣᠯᠠᠭᠤᠯᠪᠠ᠃ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠵᠢᠷᠤᠮᠵᠢᠭᠤᠯᠵᠤ᠂ ᠰᠢᠨ᠎ᠡ ᠪᠠᠷ 9 ᠬᠤᠷᠰᠢᠶᠠᠵᠢᠯ ᠪᠠᠶᠢᠭᠤᠯᠵᠤ᠂ ᠨᠠᠶᠢᠳᠠ168 ᠪᠤᠯᠵᠤ᠂ ᠬᠡᠷ ᠪᠦᠯᠢ ᠶᠢᠨ ᠮᠠᠯᠵᠢᠯ ᠤᠨ ᠲᠠᠯᠠᠪᠠᠶ ᠰᠢᠨ᠎ᠠ ᠪᠠᠷ 35᠎ ᠶᠢ ᠪᠠᠶᠢᠭᠤᠯᠵᠤ᠂ ᠨᠠᠶᠢᠳᠠ 157 ᠪᠣᠯᠪᠠ᠃ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠲᠣᠭᠲᠠᠭᠤᠨ ᠢᠶᠠᠷ ᠠᠬᠢᠭᠤᠯᠵᠤ᠂ ᠨᠠᠷᠠᠲᠤ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠡᠯᠪᠡᠭ ᠪᠠᠶᠢᠵᠤ᠂ ᠠᠪᠠᠭ᠎ᠠ ᠤᠷᠢᠶᠠᠩᠬᠠᠢ ᠬᠤᠨᠢ᠂ ᠤᠷᠢᠶᠠᠩᠬᠠᠢ ᠬᠤᠨᠢᠨ ᠮᠢᠬ᠎ᠠ᠂ ᠴᠡᠭᠡ᠂ ᠬᠠᠷ᠎ᠠ ᠠᠳᠤᠭᠤ᠂ ᠴᠤᠭᠤᠷ ᠵᠡᠷᠭᠡ ᠨᠢ ᠤᠯᠤᠰ ᠤᠨ ᠠᠮᠢ ᠠᠬᠤᠶ ᠶᠢᠨ ᠨᠤᠳᠤᠭ ᠤᠨ ᠭᠠᠷᠤᠯᠲᠠ ᠶᠢᠨ ᠪᠦᠲᠦᠭᠡᠭᠳᠡᠬᠦᠨ ᠤ ᠬᠠᠮᠠᠭᠠᠯᠠᠯᠲᠠ ᠶᠢᠨ ᠦᠨᠡᠯᠡᠯᠲᠡ ᠶᠢᠨ ᠬᠢᠷᠢ ᠲᠡᠩᠴᠡᠭᠰᠡᠨ ᠦᠨᠡᠮᠯᠡᠯ ᠢ ᠣᠯᠵᠤ᠂ ᠠᠪᠠᠭ᠎ᠠ ᠬᠠᠷ᠎ᠠ ᠠᠳᠤᠭᠤ ᠨᠢ ᠤᠯᠤᠰ ᠤᠨ ᠲᠠᠰ ᠤᠨ ᠮᠣᠩᠭᠤᠯ ᠮᠣᠷᠢᠨ ᠤ ᠬᠠᠮᠠᠭᠠᠯᠠᠯᠲᠠ ᠶᠢᠨ ᠦᠨᠡᠯᠡᠯᠲᠡ ᠳᠤ ᠬᠢᠷᠢ ᠲᠠᠩᠴᠠᠨ᠂ ᠤᠷᠢᠶᠠᠩᠬᠠᠢ ᠬᠤᠨᠢᠨ ᠮᠢᠬ᠎ᠠ ᠶᠢ 2020 ᠣᠨ ᠤ ︽ᠨᠢᠭᠡ ᠰᠢᠶᠠᠩ ᠨᠢᠭᠡ ᠨᠠᠷᠡᠳᠤ ᠲᠡᠮᠳᠡᠭ︾᠎ ᠤᠨ ᠣᠯᠠᠨ ᠤᠯᠤᠰ ᠤᠨ ᠲᠠᠸᠠᠷ ᠤᠨ ᠦᠵᠡᠰᠬᠦᠯᠡᠩ ᠤᠨ ᠴᠤᠭᠯᠠᠭᠠᠨ ᠤ ᠤᠬᠠᠭᠤᠯᠭ᠎ᠠ ᠶᠢᠨ ᠦᠵᠡᠭᠦᠯᠦᠯᠭᠡ ᠳᠤ ᠤᠷᠤᠯᠴᠠᠪᠠ᠃ ᠠᠵᠤ ᠦᠢᠯᠡᠳᠪᠦᠷᠢ ᠶᠢᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠠᠵᠢᠯ ᠨᠢ ᠵᠠᠩᠭᠢᠯᠠᠭ᠎ᠠ ᠶᠢᠨ ᠱᠠᠳᠤᠨ ᠳᠤ ᠤᠷᠤᠪᠠ᠃ ᠠᠷᠢᠭᠤᠨ ᠴᠡᠪᠡᠷ ᠡᠨᠧᠷᠭᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠴᠢᠬᠤᠯᠠ ᠶᠡᠭᠡ ᠰᠢᠪᠲᠤᠯᠤᠯᠲᠠ ᠲᠠᠢ ᠪᠣᠯᠵᠤ᠂ ᠵᠢᠩ ᠨᠸᠡᠭ ᠴᠠᠭᠠᠨ ᠨᠠᠭᠤᠷ ᠤᠨ 2 × 66 ᠲᠦᠮᠡᠨ ᠺᠢᠯᠣᠸᠠᠲ ᠤᠨ ᠴᠠᠬᠢᠯᠭᠠᠨ ᠦᠢᠯᠡᠳᠪᠦᠷᠢ ᠶᠢᠨ ᠬᠡᠰᠡᠭ ᠰᠠᠭᠤᠷᠢ ᠎ ᠪᠠᠨ ᠲᠠᠯᠪᠢᠬᠤ ᠪᠠᠶᠢᠭᠤᠯᠤᠯᠳᠠ ᠨᠢᠬᠡᠨᠳᠡ ᠲᠠᠭᠤᠰᠴᠤ᠂ ᠹᠸᠡᠭ ᠹᠸᠡᠭ ᠨᠡᠭᠦᠷᠡᠰᠦᠨ ᠠᠭᠤᠷᠬᠠᠶ ᠨᠢ ᠠᠭᠤᠷᠬᠠᠶ ᠶᠢᠨ ᠬᠡᠪᠴᠢᠶ᠎ᠠ ᠶᠢ ᠲᠤᠭᠳᠠᠭᠠᠬᠤ ᠵᠦᠪᠰᠢᠶᠠᠷᠡᠯ ᠢᠶᠠᠨ ᠤᠯᠵᠤ᠂ ᠳ᠋ᠠ ᠠᠨ ᠤ ᠨᠡᠭᠦᠷᠡᠰᠦᠨ ᠠᠭᠤᠷᠬᠠᠶ ᠶᠢᠨ ᠠᠭᠤᠷᠬᠠᠶ ᠨᠡᠬᠡᠬᠡᠬᠦ ᠬᠢᠨᠡᠨ ᠵᠦᠪᠰᠢᠶᠠᠷᠡᠯ ᠤᠨ ᠦᠨᠡᠮᠯᠡᠯ ᠢᠶᠠᠨ ᠨᠥᠬᠦᠪᠥᠷᠢᠯᠡᠬᠦ ᠱᠠᠲᠤᠨ ᠳᠤ ᠣᠷᠣᠵᠤ᠂ 130 ᠲᠦᠮᠡᠨ ᠺᠢᠯᠣᠸᠠᠲ ᠤᠨ ᠣᠨᠴᠠ ᠥᠨᠳᠥᠷ ᠬᠦᠴᠦᠳᠡᠯᠲᠦ ᠭᠠᠳᠠᠭᠰᠢ ᠬᠦᠷᠭᠡᠬᠦ ᠰᠠᠯᠬᠢᠨ ᠴᠠᠬᠢᠯᠭᠠᠨ ᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ 500 ᠺᠢᠯᠤᠸᠤᠯᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠵᠢᠴᠢ ᠢᠵᠢ 220 ᠺᠢᠯᠤᠸᠤᠯᠲ ᠤᠨ ᠴᠠᠬᠢᠯᠭᠠᠨ ᠬᠦᠷᠭᠡᠬᠦ ᠢᠨᠵᠧᠨᠧᠷᠢᠩ ᠤᠨ ᠪᠠᠷᠢᠯᠭ᠎ᠠ ᠲᠠᠭᠤᠰᠴᠤ᠂ ᠵᠢᠩ ᠨᠧᠩ ᠡᠯᠡᠰᠦᠷᠬᠡᠭ ᠭᠠᠵᠠᠷ ᠤᠨ ᠪᠣᠬᠢᠷᠲᠤᠯ ᠦᠭᠡᠢ ᠠᠮᠢ ᠠᠬᠤᠶ ᠶᠢᠨ ᠵᠠᠰᠠᠨ ᠴᠡᠭᠴᠡᠯᠡᠯᠳᠡ ᠶᠢᠨ 100 ᠰᠠᠶ᠎ᠠ ᠸᠠᠲ ᠤᠨ ᠨᠠᠷᠡᠨ ᠡᠨᠧᠷᠬᠢ᠂ ᠭᠦᠸᠧ ᠲᠢᠶᠠᠨ ᠤ 10 ᠰᠠᠶ᠎ᠠ ᠸᠠᠲ ᠤᠨ ᠰᠠᠯᠪᠤᠷᠢᠯᠠᠭᠰᠡᠨ ᠬᠡᠯᠪᠡᠷᠢ ᠶᠢᠨ ᠰᠠᠯᠬᠢᠨ ᠴᠠᠬᠢᠯᠭᠠᠨ ᠤ ᠲᠦᠷᠤᠯ ᠵᠥᠢᠯ ᠨᠢ ᠭᠠᠵᠠᠷ ᠲᠠᠲᠠᠪᠤᠷᠢᠯᠠᠬᠤ ᠠᠵᠢᠯ ᠢᠶᠠᠨ ᠪᠡᠶᠡᠯᠡᠭᠦᠯᠪᠡ᠃ ᠠᠭᠤᠷᠬᠠᠶ ᠨᠡᠬᠡᠬᠡᠵᠤ ᠬᠦᠳᠡᠷ ᠰᠢᠯᠢᠬᠦ ᠠᠵᠢᠯ ᠢ ᠲᠦᠷᠭᠡᠨ ᠬᠥᠭᠵᠢᠵᠦ᠂ ᠶᠢᠨ ᠳ᠋ᠢ ᠵᠡᠰ ᠮᠤᠯᠢᠪᠳᠧᠨ ᠤ ᠠᠭᠤᠷᠬᠠᠶ᠂ ᠭᠤᠷᠴᠢ ᠮᠦᠩᠬᠦ ᠲᠤᠭᠤᠯᠭ᠎ᠠ ᠴᠠᠶᠢᠷ ᠤᠨ ᠠᠭᠤᠷᠬᠠᠶ᠂ ᠵᠢᠢ ᠳ᠋ᠦᠡᠭ ᠱᠦᠢᠨᠢ ᠶᠢᠨ ᠲᠣᠭᠲᠠᠭᠤᠨ ᠡᠷᠬᠢᠯᠳᠡ ᠶᠢ ᠪᠠᠳᠤᠯᠠᠨ᠂ ᠯᠦᠩ ᠰᠢᠩ ᠬᠠᠶᠢᠯᠤᠭᠤᠷ ᠵᠣᠩᠰᠢ ᠶᠢᠨ ᠠᠭᠤᠷᠬᠠᠶ ᠶᠢᠨ ᠡᠳᠦᠷ ᠲᠤ 1000 ᠲᠣᠨ ᠬᠦᠳᠡᠷ ᠰᠢᠯᠢᠬᠦ ᠦᠢᠯᠡᠳᠪᠦᠷᠢ ᠶᠢ ᠲᠤᠷᠰᠢᠨ ᠠᠵᠢᠯᠯᠠᠭᠤᠯᠪᠠ᠃ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠲᠣᠭᠲᠠᠭᠤᠨ ᠢᠶᠠᠷ ᠪᠤᠶᠢᠵᠢᠭᠤᠯᠵᠤ᠂ ᠶᠦᠨ ᠵᠢᠶ ᠯᠢ ᠲᠣᠮᠣ ᠳ᠋ᠠᠶᠢᠲ᠋ᠠ ᠶᠢᠨ ᠲᠥᠪ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠲᠤᠷᠰᠢᠨ ᠡᠵᠡᠩᠨᠡᠵᠦ᠂ ᠵᠧᠨ ᠰᠢᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠯ ᠳᠤ 5 ᠲᠦᠮᠡᠨ ᠲᠣᠨ ᠣᠷᠭᠠᠨᠢᠭ ᠪᠣᠷᠲᠣᠭᠤᠷ ᠦᠢᠯᠡᠳᠪᠤᠷᠢᠯᠡᠬᠦ ᠲᠥᠷᠥᠯ ᠵᠥᠢᠯ ᠢ ᠠᠰᠢᠭᠯᠠᠯᠲᠠ ᠳᠤ ᠣᠷᠣᠭᠤᠯᠵᠤ᠂ ᠢᠰᠬᠡ ᠭᠡᠭᠦᠤ ᠶᠢᠨ ᠠᠰᠢᠭᠲᠤ ᠪᠠᠺᠲ᠋ᠧᠷᠢ ᠶᠢᠨ ᠠᠵᠤ ᠦᠢᠯᠡᠰ ᠤᠨ ᠲᠥᠷᠥᠯ ᠵᠥᠢᠯ ᠤᠨ ᠰᠢᠨ᠎ᠡ ᠭᠠᠵᠠᠷ ᠲᠤ ᠠᠵᠢᠯ ᠡᠬᠢᠯᠡᠭᠦᠯᠪᠡ᠃ ᠪᠦᠬᠦ ᠵᠢᠯ ᠳᠤ 361 ᠲᠦᠮᠡᠨ ᠲᠣᠨ ᠨᠡᠬᠦᠷᠡᠰᠤ᠂ 69.4 ᠲᠦᠮᠡᠨ ᠲᠣᠨ ᠱᠦᠢᠨᠢ᠂ 53.5 ᠲᠦᠮᠡᠨ ᠲᠤᠨ ᠡᠳ᠋ᠰᠢᠬᠦᠯᠦᠭᠰᠡᠨ ᠮᠠᠲ᠋ᠧᠷᠢᠶᠠᠯ᠂  2400 ᠲᠣᠨ ᠨᠠᠷᠢᠯᠢᠭ ᠨᠤᠨᠲᠠᠭ ᠪᠣᠷᠣᠯᠠᠭᠤᠯᠵᠤ᠂ 17.6 ᠳ᠋ᠦᠩᠰᠢᠭᠤᠷ ᠭᠷᠠᠳᠦ᠋ᠰ ᠤᠨ ᠴᠠᠬᠢᠯᠭᠠᠨ  ᠭᠠᠷᠭᠠᠪᠠ᠃       — ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠴᠢᠩᠭᠠᠷᠠᠭᠤᠯᠪᠠ      ︽ᠪᠠᠭᠤᠯᠭᠠᠬᠤ ᠤᠶᠠᠯᠳᠤᠭᠤᠯᠬᠤ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠪᠡ᠃ 6165 ᠵᠦᠢᠯ ᠤᠨ ᠵᠠᠰᠠᠭ ᠵᠠᠬᠢᠷᠭᠠᠨ ᠤ ᠡᠷᠬᠡ ᠶᠢ ᠴᠡᠭᠴᠡᠯᠡᠵᠤ᠂ ᠰᠤᠮᠤ ᠪᠠᠯᠭᠠᠰᠤᠨ ᠳᠤ 94  ᠲᠦᠷᠤᠯ ᠵᠥᠢᠯ ᠤᠨ ᠡᠷᠬᠡ ᠶᠢ ᠪᠠᠭᠤᠯᠭᠠᠵᠤ᠂ ᠰᠢᠨ᠎ᠡ ᠪᠠᠷ ᠪᠠᠶᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠢ ᠠᠰᠢᠭᠯᠠᠯᠲᠠ ᠳᠤ ᠣᠷᠣᠭᠤᠯᠤᠨ᠂ ᠶᠡᠷᠦᠩᠬᠡᠶᠢᠯᠡᠭᠰᠡᠨ ︽ᠡᠬᠡᠯᠵᠢᠯᠡᠨ ᠵᠢᠵᠢᠬᠦᠷᠯᠡᠬᠦ ᠠᠵᠢᠯ ᠤᠨ ᠪᠠᠶᠢᠷᠢ︾᠎ ᠶᠢᠨ ᠲᠦᠷᠢᠮ ᠢ ᠬᠡᠷᠡᠭᠵᠢᠭᠦᠯᠦᠨ᠂ ᠪᠥᠬᠦ ᠵᠢᠯ ᠳᠤ 13.5 ᠲᠦᠮᠡᠨ ᠬᠡᠷᠡᠭ ᠶᠠᠪᠤᠳᠠᠯ ᠢ ᠬᠦᠢᠴᠡᠳᠬᠡᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠬᠦᠢᠴᠡᠳᠬᠡᠭᠰᠡᠨ ᠲᠤᠭ᠎ᠠ ᠬᠡᠮᠵᠢᠶ᠎ᠡ ᠴᠥᠮ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠤᠨ᠂ ᠰᠤᠮᠤ ᠪᠠᠯᠭᠠᠰᠤᠨ ᠤ ᠰᠦᠯᠵᠢᠶᠡᠨ ᠳᠡᠭᠡᠷ᠎ᠡ ᠬᠦᠢᠴᠡᠳᠬᠡᠭᠰᠡᠨ ᠶᠠᠪᠤᠳᠠᠯ 800 ᠪᠠᠶᠢᠵᠤ᠂ ᠪᠥᠬᠦ ᠠᠶᠢᠮᠠᠭ ᠤᠨ ᠲᠡᠷᠢᠭᠦᠨ ᠳᠤ ᠣᠷᠣᠨ᠂ 908 ᠵᠥᠢᠯᠡᠰ ᠢ ᠪᠦᠬᠦᠨ ᠢ ᠥᠪᠡᠷᠲᠡᠭᠡᠨ ᠵᠠᠰᠠᠬᠤ ᠣᠷᠣᠨ ᠤ ᠨᠢᠭᠡ ᠴᠤᠭᠴᠠᠵᠢᠭᠰᠠᠨ ᠲᠠᠪᠴᠠᠩ ᠳᠤ ᠣᠷᠣᠭᠤᠯᠵᠤ᠂ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢ ᠪᠦᠬᠦᠨ ᠢ ᠬᠠᠮᠤᠷᠬᠤ ᠶᠢ ᠪᠡᠶᠡᠯᠡᠭᠦᠯᠪᠡ᠃ ᠮᠥᠩᠭᠦᠨ ᠬᠦᠢᠯᠬᠡᠬᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠬᠡᠪᠴᠢᠶ᠎ᠡ ᠲᠠᠰᠤᠷᠠᠯᠲᠠ ᠥᠬᠡᠶ ᠥᠷᠭᠡᠳᠴᠦ᠂ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠤᠭ᠎ᠠ ᠲᠣᠰ ᠲᠣᠰ 26.7 ᠳ᠋ᠦᠩᠰᠢᠭᠤᠷ ᠲᠥᠭᠦᠷᠢᠭ ᠪᠠ 23.4 ᠳ᠋ᠦᠩᠰᠢᠭᠤᠷ ᠲᠤ ᠬᠦᠷᠴᠦ᠂ 12.8%᠎  ᠪᠠ 30.1%᠎ ᠪᠠᠷ ᠨᠡᠮᠡᠭᠳᠡᠪᠡ᠃ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠯᠠᠪᠳᠠᠭᠤᠨ ᠢᠶᠠᠷ ᠠᠬᠢᠪᠠ᠃ ᠰᠢᠨ᠎ᠡ ᠪᠠᠷ 703 ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠷᠦᠬᠡ ᠨᠡᠮᠡᠭᠳᠡᠵᠤ᠂ ᠨᠠᠶᠢᠳᠠ 4408 ᠡᠷᠦᠬᠡ ᠳᠤ ᠬᠦᠷᠴᠦ᠂ 9 ᠬᠤᠪᠢ ᠶᠢᠨ ᠡᠵᠡᠩᠨᠡᠯᠳᠡ ᠶᠢᠨ ᠡᠷᠤᠬᠡ ᠨᠢ ᠠᠵᠤ ᠠᠬᠤᠶᠢᠯᠡᠯ ᠪᠤᠯᠵᠤ ᠨᠠᠶᠢᠳᠠ 15᠎ ᠳᠤ ᠬᠦᠷᠴᠦ᠂ ︽ᠬᠤᠶᠠᠷ ᠲᠤᠭᠳᠠᠮᠠᠯ ᠪᠤᠰᠤ᠂ ᠨᠢᠭᠡ ᠶᠢ ᠢᠯᠡ ᠪᠣᠯᠭᠠᠬᠤ︾ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ 267 ᠡᠷᠦᠬᠡ ᠳᠤ ᠥᠷᠨᠢᠭᠦᠯᠪᠡ᠃ ᠴᠠᠬᠢᠯᠭᠠᠨ ᠬᠦᠴᠦᠨ ᠤ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠪᠠ ᠭᠠᠶᠢᠯᠢ ᠶᠢ ᠬᠠᠰᠤᠵᠤ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ 10 ᠠᠵᠤ ᠠᠬᠤᠶᠢᠯᠠᠯ ᠢ ᠣᠯᠠᠨ ᠲᠠᠯᠠᠲᠤ ᠠᠷᠠᠯᠵᠢᠶᠠᠨ ᠤ ᠲᠠᠪᠴᠠᠩ ᠳᠤ ᠣᠷᠣᠭᠤᠯᠵᠤ᠂ ᠰᠦᠯᠵᠢᠶᠡᠨ ᠳᠤ ᠣᠷᠣᠭᠤᠯᠵᠤ ᠠᠷᠠᠯᠵᠢᠶᠠᠯᠠᠭᠰᠠᠨ ᠴᠠᠬᠢᠯᠭᠠᠨ ᠤ ᠬᠡᠮᠵᠢᠶ᠎ᠡ 3.6 ᠳ᠋ᠦᠩᠰᠢᠭᠤᠷ ᠭᠷᠠᠳᠦ᠋ᠰ ᠲᠤ ᠬᠦᠷᠴᠦ ᠂ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ 3910 ᠲᠦᠮᠡᠨ ᠲᠥᠭᠦᠷᠢᠭ ᠪᠠᠭᠤᠷᠠᠭᠤᠯᠪᠠ᠃ ᠮᠠᠯᠵᠢᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠬᠡᠷᠡᠭᠵᠢᠬᠦᠯᠪᠠ᠃ ᠭᠠᠴᠠᠭᠠᠨ ᠤ ᠬᠠᠮᠲᠤ ᠶᠢᠨ ᠬᠤᠪᠢ ᠣᠷᠣᠭᠤᠯᠬᠤ ᠲᠦᠷᠢᠮ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠭᠠᠴᠠᠭᠠᠨ ᠤ ᠬᠤᠪᠢ ᠣᠷᠣᠭᠤᠯᠤᠭᠰᠠᠨ ᠠᠵᠤ ᠠᠬᠤᠶ ᠶᠢᠨ  ᠬᠤᠷᠰᠢᠶᠠᠵᠢᠯ ᠢ ᠪᠠᠶᠢᠭᠤᠯᠤᠨ᠂ 1.2 ᠳ᠋ᠦᠩᠰᠢᠭᠤᠷ ᠲᠥᠭᠦᠷᠢᠭ ᠤᠨ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠵᠤ᠂ ᠮᠠᠯᠵᠢᠬᠤ ᠣᠷᠣᠨ ᠤ ᠬᠠᠮᠲᠤ ᠶᠢᠨ ︽ᠭᠤᠷᠪᠠᠨ ᠪᠠᠯᠠ︾᠎ ᠶᠢᠨ ᠬᠠᠮᠢᠶᠠᠷᠤᠯᠲᠠ ᠶᠢᠨ ᠲᠠᠪᠴᠠᠩ ᠢ ᠲᠤᠷᠰᠢᠨ ᠠᠵᠢᠯᠯᠠᠭᠤᠯᠵᠤ᠂ 3448 ᠬᠤᠪᠢ ᠣᠷᠣᠨ ᠰᠠᠭᠤᠴᠠ ᠶᠢᠨ ᠰᠠᠭᠤᠷᠢ ᠭᠠᠵᠠᠷ ᠤᠨ ᠥᠮᠴᠢᠯᠡᠬᠦ ᠡᠷᠬᠡ ᠶᠢᠨ ᠦᠨᠡᠮᠯᠡᠯ ᠢ ᠣᠯᠭᠤᠪᠠ᠃ ᠭᠠᠳᠠᠭᠰᠢ ᠨᠡᠭᠡᠭᠡᠬᠦ ᠠᠯᠬᠤᠴᠠ ᠲᠠᠰᠤᠷᠠᠯᠲᠠ ᠦᠭᠡᠶ ᠲᠦᠷᠭᠡᠳᠪᠡ᠃ 2020 ᠣᠨ ᠤ ᠣᠯᠠᠨ ᠤᠯᠤᠰ ᠤᠨ ᠲᠠᠸᠠᠷ ᠤᠨ ᠦᠵᠡᠬᠦᠯᠤᠯᠬᠡ ᠎ ᠶᠢᠨ ᠬᠤᠷᠠᠯ ᠢ ᠠᠮᠵᠢᠯᠲᠠ ᠲᠠᠢ ᠡᠷᠭᠢᠯᠡᠵᠦ᠂ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠦᠵᠠᠰᠬᠦᠯᠠᠩ᠂ ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠴᠤᠭᠯᠠᠭᠠᠨ ᠵᠡᠷᠭᠡ 16 ᠲᠤᠮᠤ ᠬᠡᠯᠪᠡᠷᠢ ᠶᠢᠨ ᠦᠵᠡᠰᠬᠦᠯᠡᠩ ᠴᠤᠭᠯᠠᠭᠠᠨ ᠢ ᠵᠤᠬᠢᠶᠠᠨ ᠪᠠᠶᠢᠭᠤᠯᠵᠤ ᠦᠷᠨᠢᠬᠦᠯᠪᠠ᠃ 13 ᠵᠥᠢᠯ ᠤᠨ ᠠᠷᠠᠯᠵᠢᠶᠠᠴᠢᠨ ᠤᠷᠢᠵᠤ ᠪᠠᠯᠠ ᠲᠠᠳᠠᠬᠤ ᠲᠥᠷᠥᠯ ᠵᠥᠢᠯ ᠢ ᠬᠡᠷᠡᠭᠵᠢᠭᠦᠯᠵᠦ᠂ 70 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠨᠠᠶᠢᠳᠠᠪᠤᠷᠢᠵᠢᠭᠤᠯᠪᠠ᠃       — — ᠬᠤᠲᠠ ᠬᠥᠳᠡᠭᠡ ᠶᠢᠨ ᠲᠦᠷᠢ ᠲᠦᠷᠬᠦ ᠦᠷᠭᠦᠯᠵᠢᠯᠡᠨ ᠰᠠᠶᠢᠵᠢᠷᠠᠪᠠ       ᠬᠤᠲᠠ ᠪᠠᠯᠭᠠᠰᠤᠨ ᠤ ᠴᠢᠳᠠᠮᠵᠢ ᠲᠠᠰᠤᠷᠠᠯᠲᠠ ᠥᠬᠡᠶ ᠰᠢᠯᠢᠳᠡᠭᠵᠢᠪᠡ᠃ 4337 ᠲᠦᠮᠡᠨ ᠲᠥᠭᠦᠷᠢᠭ ᠤᠨ ᠪᠡᠯᠡ ᠣᠷᠣᠭᠤᠯᠵᠤ ᠬᠤᠲᠠ ᠪᠠᠯᠭᠠᠰᠤ ᠶᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠤᠨ᠂ 1.4 ᠲᠦᠮᠡᠨ ᠲᠡᠭᠰᠢ ᠳᠥᠷᠪᠡᠯᠵᠢᠨ ᠮᠧᠲᠷ ᠤᠨ ᠵᠠᠮ ᠢ ᠰᠢᠨ᠎ᠡ ᠪᠠᠷ ᠪᠠᠶᠢᠭᠤᠯᠵᠤ᠂ 1.1 ᠲᠦᠮᠡᠨ ᠲᠡᠭᠰᠢ ᠳᠥᠷᠪᠡᠯᠵᠢᠨ ᠮᠧᠲᠷ ᠢ ᠬᠠᠳᠠᠭᠤᠵᠢᠭᠤᠯᠤᠨ᠂ 18 ᠲᠦᠮᠡᠨ ᠲᠡᠭᠰᠢ ᠳᠥᠷᠪᠡᠯᠵᠢᠨ ᠮᠧᠲᠷ ᠢ ᠨᠣᠭᠤᠭᠠᠷᠠᠭᠤᠯᠵᠤ᠂ 320 ᠵᠠᠮ ᠤᠨ ᠳ᠋ᠧᠩ ᠢ ᠰᠡᠯᠪᠢᠨ ᠵᠠᠰᠠᠵᠤ᠂ 21.6 ᠺᠢᠯᠣᠮᠧᠲᠷ ᠤᠰᠤ ᠬᠠᠩᠭᠠᠬᠤ᠂ ᠪᠣᠬᠢᠷ ᠤᠰᠤ ᠰᠢᠢᠳᠪᠤᠷᠢᠯᠡᠬᠦ᠂ ᠲᠤᠯᠠᠭᠠᠯᠭ᠎ᠠ ᠬᠠᠩᠭᠠᠬᠤ ᠬᠤᠭᠤᠯᠠᠶ ᠶᠢ ᠥᠭᠡᠷᠡᠴᠢᠯᠡᠨ ᠵᠠᠰᠠᠵᠤ᠂ ᠪᠣᠬᠢᠷ ᠤᠰᠤ ᠰᠢᠢᠳᠪᠤᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠪᠠ ᠥᠭᠡᠷᠡᠴᠢᠯᠡᠨ ᠵᠠᠰᠠᠬᠤ ᠢᠨᠵᠧᠨᠧᠷᠢᠩ ᠢ ᠪᠡᠶᠡᠯᠡᠭᠦᠯᠤᠨ᠂ 3 ᠤᠰᠤ ᠪᠠᠷ ᠴᠠᠪᠠᠷᠰᠢᠬᠦᠯᠬᠦ ᠵᠣᠷᠯᠣᠩ ᠢ ᠰᠢᠨ᠎ᠡ ᠪᠠᠷ ᠪᠠᠶᠢᠭᠤᠯᠵᠤ᠂ 15 ᠬᠠᠭᠤᠴᠢᠨ  ᠲᠣᠭᠤᠷᠢᠭ ᠢ ᠥᠭᠡᠷᠡᠴᠢᠯᠡᠨ ᠵᠠᠰᠠᠵᠤ᠂ ᠮᠠᠯᠵᠢᠬᠤ ᠣᠷᠣᠨ ᠤ ᠠᠮᠢ ᠠᠬᠤᠶ ᠶᠢᠨ ᠪᠡᠶ᠎ᠡ ᠰᠤᠪᠢᠯᠠᠯᠲᠠ ᠶᠢᠨ ᠬᠦᠷᠢᠶᠡᠯᠡᠩ ᠢ ᠡᠬᠢᠯᠡᠨ ᠪᠠᠶᠢᠭᠤᠯᠵᠤ᠂ ᠣᠷᠣᠰᠢᠭᠤᠯᠭ᠎ᠠ ᠶᠢᠨ ᠭᠠᠵᠠᠷ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢᠨ ᠠᠭᠤᠳᠠᠮ ᠲᠠᠯᠠᠪᠠᠢ ᠶᠢ ᠠᠰᠢᠭᠯᠠᠯᠲᠠ ᠳᠤ ᠣᠷᠣᠭᠤᠯᠪᠠ᠃ ᠮᠠᠯᠵᠢᠬᠤ ᠣᠷᠣᠨ ᠤ ᠰᠠᠭᠤᠷᠢ ᠪᠡᠯᠡᠳᠬᠡᠮᠵᠢ ᠶᠢᠨ ᠨᠥᠬᠦᠴᠡᠯ ᠲᠠᠰᠤᠷᠠᠯᠲᠠ ᠥᠬᠡᠶ ᠲᠡᠭᠦᠯᠳᠡᠷᠵᠢᠪᠡ᠃ 1.7 ᠲᠦᠮᠡᠨ ᠲᠡᠭᠰᠢ ᠳᠥᠷᠪᠡᠯᠵᠢᠨ ᠮᠧᠲᠷ ᠳᠤᠯᠠᠭᠠᠨ ᠫᠧᠩ᠂ 5600 ᠲᠡᠭᠰᠢ ᠳᠥᠷᠪᠡᠯᠵᠢᠨ ᠮᠧᠲᠷ ᠡᠪᠡᠰᠦᠨ ᠤ ᠫᠧᠩ ᠰᠢᠨ᠎ᠠ ᠪᠠᠷ ᠪᠠᠶᠢᠭᠤᠯᠵᠤ᠂ 91 ᠬᠤᠳᠳᠤᠭ ᠮᠠᠯᠳᠠᠵᠤ᠂ 47 ᠤᠰᠤᠨ ᠵᠣᠭᠤᠷᠢ ᠰᠢᠨ᠎ᠡ ᠪᠠᠷ ᠪᠠᠶᠢᠭᠤᠯᠤᠨ᠂ ᠭᠡᠷ ᠤᠨ ᠬᠡᠷᠡᠭᠯᠡᠭᠡᠨ ᠤ ᠤᠰᠤ ᠥᠭᠡᠷᠡᠴᠢᠯᠡᠬᠦ ᠲᠥᠬᠦᠭᠡᠷᠦᠮᠵᠢ 1030 ᠢᠵᠢ ᠤᠭᠰᠠᠷᠠᠵᠤ᠂ 95.9 ᠺᠢᠯᠤᠮᠧᠲᠷ ᠤᠨ ᠵᠠᠮ ᠢ ᠨᠠᠪᠳᠠᠷᠠᠬᠦᠯᠤᠨ᠂ ᠮᠠᠯ ᠠᠵᠤ ᠠᠬᠤᠶ ᠶᠢᠨ 271 ᠰᠠᠤᠷᠢ ᠮᠠᠰᠢᠨ ᠳᠤ ᠨᠦᠬᠦᠪᠤᠷᠢ ᠤᠯᠭᠤᠵᠤ᠂ 72 ᠡᠷᠥᠭᠡ ᠳᠤ ᠰᠦᠯᠵᠢᠶ᠎ᠠ ᠴᠠᠬᠢᠯᠭᠠᠨ ᠨᠠᠪᠳᠠᠷᠠᠬᠦᠯᠵᠤ᠂ ᠮᠠᠯᠵᠢᠬᠤ ᠣᠷᠣᠨ ᠤ ᠠᠮᠢᠳᠤᠷᠠᠯ ᠎ ᠤᠨ ᠬᠠᠶᠠᠭᠳᠠᠮᠠᠯ ᠪᠣᠳᠠᠰ ᠢ ᠰᠢᠢᠳᠪᠤᠷᠢᠯᠡᠬᠦ ᠥᠷᠳᠡᠭᠡ 2᠎ ᠶᠢ ᠰᠢᠨ᠎ᠡ ᠪᠠᠷ ᠪᠠᠶᠢᠭᠤᠯᠵᠤ᠂ 1312 ᠡᠷᠥᠭᠡ ᠶᠢᠨ ᠵᠣᠷᠯᠣᠩ ᠢ ᠥᠭᠡᠷᠡᠴᠢᠯᠡᠵᠦ᠂ ᠴᠡᠪᠡᠷ ᠡᠨᠧᠷᠬᠢ ᠶᠢᠨ ᠲᠤᠯᠠᠭᠠᠯᠭ᠎ᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠶᠢ 16 ᠡᠷᠥᠭᠡ ᠳᠤ ᠬᠡᠷᠡᠭᠵᠢᠬᠦᠯᠪᠠ᠃         — — ᠣᠯᠠᠨ ᠲᠦᠮᠡᠨ ᠤ ᠵᠤᠯ ᠵᠢᠷᠭᠠᠯᠳᠤ ᠲᠦᠷᠦᠭᠳᠡᠯ ᠢᠯᠡᠳᠲᠡ ᠳᠡᠭᠡᠭᠰᠢᠯᠡᠭᠦᠯᠪᠡ        ᠪᠦᠬᠦ ᠵᠢᠯ ᠳᠤ ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ ᠤᠨ ᠬᠦᠷᠢᠶᠡᠨ ᠳᠤ ᠬᠡᠷᠡᠭᠯᠡᠭᠰᠡᠨ ᠵᠠᠷᠤᠯᠭ᠎ᠠ 13 ᠳ᠋ᠦᠩᠰᠢᠭᠤᠷ ᠲᠥᠭᠦᠷᠢᠭ ᠲᠤ ᠬᠦᠷᠪᠡ᠃ ᠡᠷᠡᠭᠦᠯ ᠮᠠᠡᠳᠤ ᠠᠪᠠᠭ᠎ᠠ ᠶᠢᠨ ᠠᠵᠢᠯᠯᠠᠭ᠎ᠠ ᠭᠦᠨᠵᠡᠭᠡᠶ ᠠᠭᠢᠵᠤ᠂ 9 ᠡᠷᠡᠭᠦᠯ ᠬᠠᠮᠠᠭᠠᠯᠠᠯ ᠤᠨ ᠮᠡᠷᠭᠡᠵᠢᠯ ᠤᠨ ᠴᠢᠳᠠᠪᠤᠷᠢᠲᠠᠨ ᠢ ᠤᠷᠢᠨ ᠠᠪᠴᠢᠷᠠᠵᠤ᠂ ᠬᠤᠰᠢᠭᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠲᠤᠬᠠᠶᠢᠯᠠᠭᠰᠠᠨ ᠠᠵᠢᠯ ᠤᠨ ᠶᠡᠷᠦᠩᠬᠡᠶᠢᠯᠡᠭᠰᠡᠨ ᠠᠰᠠᠷ ᠢ ᠠᠰᠢᠭᠯᠠᠯᠲᠠ ᠳᠤ ᠣᠷᠣᠭᠤᠯᠵᠤ᠂ ᠬᠤᠰᠢᠭᠤ ᠲᠣᠭᠲᠠᠭᠰᠠᠨ ᠡᠮᠨᠡᠯᠬᠡ ᠬᠤᠷᠢᠶ᠎ᠠ ᠳᠤ ᠲᠦᠷᠭᠡᠨ ᠠᠪᠤᠷᠠᠯᠳᠠ ᠶᠢᠨ ᠲᠡᠷᠭᠡ ᠂ ᠳᠠᠮᠵᠢᠭᠤᠯᠤᠨ ᠲᠡᠭᠡᠭᠡᠪᠦᠷᠢᠯᠡᠬᠦ ᠲᠤᠰᠠᠭᠠᠷᠯᠠᠬᠤ ᠥᠷᠥᠭᠡ᠂ DR ᠵᠡᠷᠭᠡ ᠡᠮᠴᠢᠯᠡᠭᠡᠨ ᠤ ᠲᠥᠬᠦᠭᠡᠷᠦᠮᠵᠢ ᠳᠣᠭᠢᠷᠠᠭᠤᠯᠤᠨ᠂ ᠨᠠᠭᠤᠡᠪᠢᠯᠢᠭ ᠳ᠋ᠤᠺᠲ᠋ᠤᠷ ᠤᠨ ᠠᠵᠢᠯᠯᠠᠬᠤ ᠲᠠᠰᠤᠭ ᠢ ᠠᠰᠢᠭᠯᠠᠯᠲᠠ ᠳᠤ ᠣᠷᠣᠭᠤᠯᠵᠤ᠂ ᠮᠣᠩᠭᠤᠯ ᠡᠮᠨᠡᠯᠭᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠲᠠᠶᠢᠯᠤᠮᠵᠢ ᠶᠢᠨ ᠬᠢᠴᠢᠶᠡᠯ ᠡᠬᠢᠯᠡᠵᠦ᠂ 353 ᠤᠳᠠᠭ᠎ᠠ ᠶᠢᠨ 1.69 ᠲᠦᠮᠡᠨ ᠬᠥᠮᠦᠨ ᠳᠤ ᠲᠠᠶᠢᠯᠤᠮᠵᠢ ᠬᠢᠵᠤ᠂ ᠰᠠᠭᠤᠭᠠᠯᠢ ᠠᠷᠠᠳ ᠤᠨ ᠡᠯᠧᠺᠲᠷᠣᠨ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠤᠭᠰᠠᠨ ᠨᠣᠷᠮ᠎ᠠ ᠶᠢ 90%᠎ ᠠᠴᠠ ᠳᠡᠭᠡᠭᠰᠢ ᠳᠤ ᠬᠦᠷᠴᠦ᠂ ᠲᠥᠷᠥ ᠶᠢᠨ ᠪᠣᠳᠣᠯᠭ᠎ᠠ ᠳᠤ ᠨᠡᠶᠢᠴᠡᠭᠰᠡᠨ ᠲᠦᠷᠤᠯᠳᠠ ᠶᠢᠨ ᠨᠣᠷᠮ᠎ᠠ 100%᠎ ᠳᠤ ᠬᠥᠷᠪᠡ᠃ ᠰᠤᠷᠭᠠᠨ ᠬᠥᠮᠦᠵᠢᠯ ᠤᠨ ᠦᠢᠯᠡᠰ ᠢ ᠡᠩ ᠲᠠᠷᠢᠬᠦᠨ ᠬᠥᠭᠵᠢᠭᠦᠯᠵᠦ᠂ ᠰᠠᠭᠤᠷᠢ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠥᠯᠥᠪᠯᠡᠭᠡ ᠶᠢ ᠤᠷᠤᠭᠰᠢᠲᠠᠶ ᠬᠡᠷᠡᠭᠵᠢᠭᠦᠯᠤᠨ᠂ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠤᠨ ᠰᠢᠨ᠎ᠡ ᠶᠡᠷᠦᠩᠬᠡᠶᠢᠯᠡᠭᠰᠡᠨ ᠠᠰᠠᠷ ᠤᠨ ᠪᠠᠷᠢᠯᠭ᠎ᠠ ᠳᠠᠭᠤᠰᠴᠤ᠂ 823 ᠲᠦᠮᠡᠨ ᠲᠦᠬᠦᠷᠢᠭ ᠤᠨ ᠰᠤᠷᠭᠠᠨ ᠬᠥᠮᠦᠵᠢᠯ ᠤᠨ ᠨᠥᠬᠦᠪᠥᠷᠢ᠂ ᠰᠤᠷᠤᠯᠭ᠎ᠠ ᠲᠡᠳᠬᠦᠬᠦ ᠵᠢᠭᠡᠯᠡᠯᠭᠡ ᠶᠢ ᠨᠠᠶᠢᠳᠠᠪᠤᠷᠢᠵᠢᠭᠤᠯᠵᠤ᠂ 20 ᠪᠠᠭᠰᠢ ᠤᠷᠢᠨ ᠬᠡᠷᠡᠭᠯᠡᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ 40᠎ ᠶᠢ ᠨᠡᠭᠡᠭᠡᠨ ᠬᠥᠭᠵᠢᠭᠦᠯᠵᠦ᠂ ᠬᠡᠷ ᠪᠦᠯᠢ ᠶᠢᠨ ᠰᠤᠷᠭᠠᠨ ᠬᠥᠮᠦᠵᠢᠯ ᠤᠨ ᠵᠢᠭᠠᠨ ᠵᠢᠯᠣᠭᠤᠳᠬᠤ ᠦᠢᠯᠡᠴᠢᠯᠡᠬᠡᠨ ᠤ ᠥᠷᠲᠡᠭᠡ ᠶᠢ ᠵᠢᠩᠬᠢᠨᠢ ᠪᠠᠷ ᠠᠰᠢᠭᠯᠠᠯᠳᠠ ᠳᠤ ᠤᠷᠤᠭᠤᠯᠤᠨ᠂ ᠨᠡᠶᠢᠲᠡ 111 ᠤᠳᠠᠭ᠎ᠠ 1 ᠲᠦᠮᠡ ᠭᠠᠷᠤᠶ ᠬᠥᠮᠦᠨ ᠤᠷᠤᠯᠴᠠᠭᠰᠡᠨ ᠬᠡᠷ ᠪᠦᠯᠢ ᠶᠢᠨ ᠰᠤᠷᠭᠠᠨ ᠬᠦᠮᠤᠵᠢᠯ ᠤᠨ ᠪᠤᠯᠪᠠᠰᠤᠷᠠᠯ ᠢ ᠥᠷᠨᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠡᠷᠡᠭᠯᠡᠯᠲᠡ ᠶᠢ ᠡᠷᠡᠰ ᠭᠤᠶᠢᠪᠢᠰᠢ ᠥᠬᠡᠶ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠲᠠᠯᠬᠡᠷᠡᠬᠦᠯᠦᠨ ᠬᠡᠷᠡᠭᠯᠡᠪᠠ᠃ ᠰᠣᠶᠣᠯ ᠵᠢᠭᠤᠯᠴᠢᠯᠠᠯ ᠤᠨ ᠦᠢᠯᠡᠰ ᠲᠠᠰᠤᠷᠠᠯᠲᠠ ᠥᠬᠡᠶ ᠬᠥᠭᠵᠢᠵᠦ᠂ ︽ᠠᠷᠪᠠᠳᠤᠭᠠᠷ ᠬᠤᠭᠤᠴᠠᠭᠠᠨ ᠤ ᠬᠠᠷ᠎ᠠ ᠠᠳᠤᠭᠤᠨ ᠰᠣᠶᠣᠯ ᠤᠨ ᠨᠠᠶᠢᠷ︾᠎ ᠢ ᠠᠮᠵᠢᠯᠲᠠ ᠲᠠᠢ ᠡᠷᠭᠢᠯᠡᠵᠦ᠂ ᠴᠤᠭᠤᠷ ᠲᠠᠭᠤᠤ ᠤᠯᠠᠮᠵᠢᠯᠠᠨ ᠵᠠᠯᠭᠠᠮᠵᠢᠯᠠᠬᠤ ᠰᠠᠭᠤᠷᠢᠨ ᠭᠠᠵᠠᠷ᠂ ᠠᠪᠠᠭ᠎ᠠ ᠥᠷᠲᠡᠭᠡ᠂ ᠡᠯᠧᠺᠲᠷᠣᠨ ᠬᠤᠳᠠᠯᠳᠤᠭᠠᠨ ᠤ ᠦᠢᠯᠡᠴᠢᠯᠡᠬᠡᠨ ᠤ ᠲᠥᠪ ᠢ ᠠᠰᠢᠭᠯᠠᠯᠲᠠ ᠳᠤ ᠤᠷᠤᠭᠤᠯᠤᠨ᠂ ᠤᠯᠠᠭᠠᠨᠮᠥ᠋ᠴᠢᠷ ᠤᠨ ᠰᠠᠭᠤᠷᠢ ᠪᠡᠯᠡᠳᠬᠡᠮᠵᠢ ᠶᠢᠨ ᠪᠠᠷᠢᠮᠵᠢᠶᠠᠵᠢᠭᠰᠡᠨ ᠢᠨᠵᠧᠨᠧᠷᠢᠩ ᠢ ᠡᠬᠢᠯᠡᠬᠦᠯᠵᠤ᠂ ᠵᠢᠭᠤᠯᠴᠢᠯᠠᠯ ᠤᠨ ᠴᠡᠭ ᠲᠤ 7 ᠵᠣᠷᠯᠣᠩ ᠰᠢᠨ᠎ᠡ ᠪᠠᠷ ᠪᠠᠶᠢᠭᠤᠯᠪᠠ᠃ ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠶᠢ ᠢᠯᠡᠳᠲᠡ ᠴᠢᠩᠭᠠᠷᠠᠭᠤᠯᠵᠤ᠂ 2.5 ᠳ᠋ᠦᠩᠰᠢᠭᠤᠷ ᠲᠥᠭᠦᠷᠢᠭ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠲᠠᠷᠬᠠᠭᠠᠵᠤ᠂ 4474 ᠲᠦᠮᠡᠨ ᠲᠥᠭᠦᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠲᠠᠩᠰᠠ ᠶᠢ ᠴᠠᠶᠢᠷᠠᠭᠤᠯᠵᠤ᠂ ᠡᠯ᠎ᠡ ᠲᠥᠷᠥᠯ ᠤᠨ ᠨᠡᠶᠢᠭᠡᠮ ᠤᠨ ᠠᠪᠤᠷᠠᠨ ᠲᠤᠰᠠᠯᠠᠬᠤ ᠪᠠᠯᠠ ᠮᠥᠩᠭᠦ ᠶᠢ 5190 ᠲᠦᠮᠡᠨ ᠲᠥᠭᠦᠷᠢᠭ ᠲᠠᠷᠬᠠᠭᠠᠨ᠂ 294 ᠲᠦᠮᠡᠨ ᠲᠥᠭᠦᠷᠢᠭ ᠤᠨ ᠠᠰᠠᠷᠠᠨ ᠬᠠᠷᠠᠭᠠᠯᠵᠠᠬᠤ ᠨᠥᠬᠦᠪᠥᠷᠢ ᠣᠯᠭᠤᠵᠤ᠂ ᠬᠤᠲᠠ ᠬᠥᠳᠡᠭᠡ ᠶᠢᠨ ᠬᠦᠴᠢᠷᠳᠡᠯᠲᠡᠶ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠦᠲᠦᠮᠵᠢᠲᠡᠶ ᠪᠠᠲᠤᠯᠠᠪᠠ᠃  ᠠᠶᠤᠯᠬᠦᠢ ᠦᠢᠯᠡᠳᠪᠤᠷᠢᠯᠡᠯ ᠤᠨ ᠪᠠᠶᠢᠳᠠᠯ ᠢ ᠲᠣᠭᠲᠠᠭᠤᠨ ᠪᠠᠶᠢᠯᠭᠠᠵᠤ᠂ ᠠᠶᠤᠯᠬᠦᠢ ᠦᠢᠯᠡᠳᠪᠤᠷᠢᠯᠡᠯ ᠤᠨ ᠲᠤᠰᠬᠠᠶ ᠴᠡᠭᠴᠡᠯᠡᠨ ᠵᠠᠰᠠᠯᠳᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢ ᠪᠠᠶᠢᠭᠤᠯᠵᠤ᠂ ︽1230︾᠎ ᠶᠢᠨ ᠨᠠᠶᠢᠳᠠᠯᠡᠬᠦ ᠲᠦᠷᠢᠮ ᠢ ᠪᠠᠶᠢᠩᠭᠤᠵᠢᠭᠤᠯᠤᠨ ᠬᠡᠷᠡᠭᠵᠢᠭᠦᠯᠵᠦ᠂ 100 ᠲᠦᠮᠡᠨ ᠲᠥᠭᠦᠷᠢᠭ ᠤᠨ ᠢᠯᠡᠴᠢᠯᠡᠨ ᠮᠡᠳᠡᠭᠦᠯᠦᠭᠰᠡᠳ ᠤᠨ ᠱᠠᠩᠨᠠᠯ ᠤᠨ ᠮᠥᠩᠭᠦ ᠶᠢ ᠪᠠᠶᠢᠭᠤᠯᠤᠨ᠂ ᠪᠥᠬᠦ ᠵᠢᠯ ᠳᠤ ᠠᠶᠤᠯᠬᠦᠢ ᠦᠢᠯᠡᠳᠪᠤᠷᠢᠯᠡᠯ ᠎ ᠤᠨ ᠠᠳᠡᠯ ᠭᠠᠷᠤᠭᠰᠠᠨ ᠥᠬᠡᠶ᠃ ᠢᠳᠡᠭᠡᠨ ᠪᠠ ᠡᠮ ᠤᠨ ᠵᠥᠢᠯᠡᠰ ᠤᠨ ᠠᠮᠤᠷ ᠲᠦᠪᠰᠢᠨ ᠤ ᠢᠨᠵᠧᠨᠧᠷᠢᠩ ᠢ ᠦᠷᠭᠦᠯᠵᠢᠯᠡᠨ ᠥᠷᠨᠢᠭᠦᠯᠵᠦ᠂ ᠢᠳᠡᠭᠡᠨ ᠪᠠ ᠡᠮ ᠤᠨ ᠵᠥᠢᠯᠡᠰ ᠤᠨ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠪᠠ᠃ ᠨᠡᠶᠢᠭᠡᠮ ᠤᠨ ᠶᠡᠭᠡ ᠲᠠᠯ᠎ᠠ ᠡᠶ᠎ᠡ ᠵᠤᠬᠢᠴᠠᠯ ᠲᠠᠢ ᠲᠣᠭᠲᠠᠭᠤᠨ ᠪᠠᠶᠢᠵᠤ ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠥᠷᠨᠢᠭᠦᠯᠵᠦ᠂ ︽ᠵᠢᠷᠭᠤᠭ᠎ᠠ ᠶᠢ ᠴᠡᠭᠴᠡᠯᠡᠬᠦ︾ ᠬᠠᠷᠠᠯᠲᠠ ᠶᠢᠨ ᠡᠭᠦᠷᠭᠡ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ ᠨᠡᠶᠢᠭᠡᠮ ᠤᠨ ᠵᠥᠷᠢᠴᠡᠯ ᠵᠢᠭᠤᠷᠠᠭᠠᠨ ᠢ ᠵᠢᠭᠰᠠᠭᠠᠨ ᠪᠠᠶᠢᠴᠠᠭᠠᠵᠤ ᠨᠠᠮᠳᠠᠭᠠᠬᠤ ᠠᠵᠢᠯ ᠢ ᠶᠡᠬᠡᠪᠡᠷ ᠥᠷᠨᠢᠭᠦᠯᠦᠨ᠂ ᠨᠢᠭᠡ ᠪᠦᠯᠦᠭ ᠲᠦᠪᠡᠭ ᠪᠤᠳᠤᠯᠢᠶᠠᠨᠲᠠᠶ ᠵᠠᠬᠢᠳᠠᠯ ᠰᠤᠷᠪᠤᠯᠵᠢᠯᠠᠭ᠎ᠠ ᠶᠢᠨ  ᠤᠨ ᠤᠳᠠᠭᠰᠡᠨ ᠬᠡᠷᠡᠭ ᠢ ᠰᠢᠢᠳᠪᠤᠷᠢᠯᠡᠵᠤ᠂ ᠥᠪᠡᠷᠲᠡᠭᠡᠨ ᠵᠠᠰᠠᠬᠤ ᠣᠷᠣᠨ ᠤ ᠲᠤᠰᠢᠶᠠᠨ ᠰᠢᠢᠳᠪᠤᠷᠢᠯᠡᠭᠰᠡᠨ ᠵᠠᠬᠢᠳᠠᠯ ᠰᠤᠷᠪᠤᠯᠵᠢᠯᠠᠭ᠎ᠠ ᠶᠢᠨ ᠶᠠᠪᠤᠳᠠᠯ ᠢ ᠰᠢᠢᠳᠪᠤᠷᠢᠯᠡᠭᠰᠡᠨ ᠨᠣᠷᠮ᠎ᠠ 91%᠎ ᠳᠤ ᠬᠦᠷᠴᠦ᠂ ᠪᠥᠬᠦ ᠵᠢᠯ ᠤᠨ ᠵᠠᠬᠢᠳᠠᠯ ᠰᠤᠷᠪᠤᠯᠵᠢᠯᠠᠭ᠎ᠠ ᠶᠢᠨ ᠶᠡᠷᠦᠩᠬᠡᠶ ᠬᠡᠮᠵᠢᠶ᠎ᠡ 40%᠎ ᠪᠠᠷ ᠪᠠᠭᠤᠷᠠᠨ᠂ ᠨᠢᠭᠡ ᠴᠦ ᠰᠤᠷᠪᠤᠯᠵᠢᠯᠠᠬᠤ ᠥᠬᠡᠶ ᠪᠠᠶᠢᠬᠤ ᠬᠠᠷᠠᠯᠲᠠ ᠶᠢ ᠪᠡᠶᠡᠯᠡᠭᠦᠯᠪᠡ᠃ ᠠᠮᠤᠷ ᠲᠠᠶᠢᠪᠤᠡᠭ ᠠᠪᠠᠭ᠎ᠠ ᠶᠢ ᠴᠤᠭᠴᠠᠯᠠᠨ ᠪᠠᠶᠢᠭᠤᠯᠬᠤ ᠠᠵᠢᠯ ᠢ ᠳᠥᠯᠭᠢᠨ ᠠᠬᠢᠭᠤᠯᠵᠤ᠂ ᠠᠮᠤᠷ ᠲᠠᠶᠢᠪᠤᠡᠭ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ 67 ᠡᠷᠡᠭᠦᠤ ᠶᠢᠨ ᠬᠡᠷᠡᠭ ᠢ ᠢᠯᠡᠷᠡᠭᠦᠯᠵᠦ᠂ 48.1%᠎ ᠪᠠᠷ ᠪᠠᠭᠤᠷᠠᠭᠤᠯᠤᠨ᠂ 55 ᠤᠳᠠᠭᠠᠨ ᠤ ᠠᠮᠤᠷ ᠢ ᠬᠠᠮᠠᠭᠠᠯᠠᠬᠤ ᠬᠡᠷᠡᠭ ᠢ ᠪᠠᠶᠢᠴᠠᠭᠠᠨ ᠰᠢᠢᠳᠪᠤᠷᠢᠯᠡᠵᠤ᠂ 35.1%᠎ ᠪᠠᠷ ᠪᠠᠭᠤᠷᠠᠪᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠰᠠᠭᠤᠷᠢᠨ ᠭᠠᠵᠠᠷ ᠤᠨ ᠬᠠᠮᠢᠶᠠᠷᠤᠯᠲᠠ ᠡᠵᠡᠮᠳᠡᠯ ᠢ ᠦᠷᠭᠦᠯᠵᠢᠯᠡᠨ ᠴᠢᠩᠭᠠᠳᠬᠠᠨ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶ᠎ᠡ ᠴᠠᠷ᠎ᠠ ᠶᠢᠨ ᠲᠣᠭᠲᠠᠭᠤᠨ ᠢᠶᠠᠷ ᠰᠠᠶᠢᠵᠢᠷᠠᠬᠤ ᠬᠠᠨᠳᠤᠰᠢ ᠶᠢ ᠪᠠᠲᠤᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠬᠠᠤᠯᠢ ᠪᠠᠷ ᠵᠠᠰᠠᠬᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠤᠨ᠂ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠴᠤᠭᠴᠠᠯᠠᠬᠤ ᠵᠢᠱᠢᠶᠠᠴᠢ ᠬᠤᠰᠢᠭᠤ ᠪᠠᠷ ᠨᠠᠷᠠᠶᠢᠳᠦᠭᠳᠡᠪᠡ᠃ ᠡᠭᠦᠨ ᠠᠴᠠ ᠭᠠᠳᠠᠨ᠎ᠠ᠂ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ᠂ ᠡᠮᠡᠭᠲᠡᠶᠢᠴᠦᠳ ᠬᠡᠤᠬᠡᠳ ᠤᠨ ︽ᠬᠤᠶᠠᠷ ᠬᠥᠲᠥᠯᠪᠦᠷᠢ︾᠎ ᠶᠢᠨ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠪᠡ᠃       ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠡᠷᠭᠢᠴᠡᠭᠦᠯᠪᠡᠯ᠂ ᠪᠢᠳᠡ ᠰᠡᠳᠬᠢᠯ ᠨᠢᠬᠡᠳᠤᠨ ᠬᠠᠮᠳᠤ ᠪᠠᠷ ᠲᠠᠪᠰᠢᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠭᠤᠶᠢᠪᠢᠰᠢ ᠦᠬᠡᠢ ᠢᠳᠡᠬᠡᠯ ᠪᠢᠰᠢᠷᠡᠯ ᠢᠶᠠᠷ ᠬᠠᠷᠠᠯᠳᠠ ᠪᠠᠨ ᠪᠠᠶᠠᠯᠠᠬᠦᠯᠬᠦ ᠪᠠᠷ ᠴᠦᠬᠦᠷᠡᠯ ᠦᠬᠡᠢ ᠴᠢᠷᠮᠠᠶᠢᠨ᠂ ᠢᠯᠠᠩᠭᠤᠶ᠎ᠠ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ᠂ ᠠᠵᠤ ᠦᠢᠯᠡᠰ ᠤᠨ ᠬᠥᠭᠵᠢᠯᠲᠡ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠡᠯ᠎ᠡ ᠵᠦᠢᠯ ᠤᠨ ᠡᠬᠦᠷᠬᠡ ᠢᠶᠠᠨ ᠪᠠᠶᠠᠯᠠᠬᠦᠯᠬᠦ ᠎ ᠶᠢᠨ ᠲᠤᠰᠠᠳᠠ ᠪᠦᠬᠦᠳᠡᠬᠡᠷ ᠰᠡᠳᠬᠢᠯ ᠨᠢᠬᠡᠳᠤᠨ ᠬᠠᠮᠳᠤ ᠪᠠᠷ ᠲᠠᠮᠠᠴᠠᠵᠤ᠂ ᠶᠡᠭᠡ ᠲᠠᠯ᠎ᠠ ᠶᠢ ᠪᠤᠳᠤᠯᠬᠢᠯᠡᠨ᠂ ᠠᠵᠢᠯ ᠎ ᠤᠨ ᠪᠠᠶᠢᠷᠢ ᠪᠠᠨ ᠪᠠᠳᠤ ᠰᠠᠬᠢᠵᠤ᠂ ᠬᠠᠷᠠᠮ ᠦᠬᠡᠢ ᠵᠢᠳᠬᠦᠯ ᠦᠵᠡᠬᠦᠯᠤᠨ ᠠᠵᠢᠯᠯᠠᠭᠰᠠᠭᠠᠷ ᠢᠷᠡᠪᠡ᠃ ᠦᠷᠬᠡᠨ ᠤᠯᠠᠨ ᠺᠠᠳ᠋ᠷ ᠤᠯᠠᠨ ᠲᠦᠮᠡᠨ ᠤᠭ ᠰᠠᠨᠠᠭ᠎ᠠ ᠪᠠᠨ ᠦᠯᠤ ᠮᠠᠷᠳᠠᠨ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠵᠤ ᠂ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠴᠢᠭᠯᠡᠯᠳᠡ ᠶᠢ ᠡᠷᠡᠰ ᠭᠤᠶᠢᠪᠢᠰᠢ ᠦᠭᠡᠢ ᠪᠠᠷ ᠪᠣᠳᠠᠲᠠᠢ ᠠᠳᠬᠤᠨ ᠰᠠᠶᠢᠲᠤᠷ ᠪᠠᠶᠠᠯᠠᠬᠦᠯᠤᠨ᠂ ᠠᠯᠬᠤᠮ ᠠᠯᠬᠤᠮ ᠢᠶᠠᠷ ᠰᠠᠶᠢᠨ ᠰᠠᠶᠢᠬᠠᠨ ᠵᠢᠷᠤᠭ ᠲᠥᠯᠥᠪᠯᠡᠭᠡ ᠶᠢ ᠪᠣᠳᠠᠲᠤ ᠠᠬᠤᠢ ᠪᠣᠯᠭᠠᠨ ᠬᠤᠪᠢᠷᠠᠭᠤᠯᠵᠤ᠂ ᠮᠠᠰᠢ ᠤᠯᠠᠨ ᠮᠠᠭᠳᠠᠭᠤᠰᠢᠳᠡᠢ᠂ ᠪᠢᠰᠢᠷᠠᠮ᠎ᠠ ᠠᠮᠵᠢᠯᠳᠠ ᠶᠢ ᠤᠯᠪᠠ᠃      ᠪᠢᠳᠠ ᠠᠮᠵᠢᠯᠲᠠ ᠪᠠᠨ ᠨᠤᠲᠠᠯᠠᠬᠤ ᠶᠢᠨ ᠬᠠᠮᠳᠤ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠲᠤᠮᠳᠠ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠰᠡᠷᠭᠡᠭ ᠢᠶᠠᠷ ᠲᠠᠨᠢᠬᠤ ᠴᠢᠬᠤᠯᠠᠳᠡᠢ ᠪᠠᠶᠢᠨ᠎ᠠ᠃ ᠭᠠᠳᠠᠭᠠᠳᠤ ᠣᠷᠴᠢᠨ ᠨᠥᠬᠦᠴᠡᠯ ᠠᠴᠠ ᠠᠪᠴᠤ ᠦᠵᠡᠪᠡᠯ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠶᠤᠯ ᠲᠦᠭᠰᠢᠭᠦᠷᠢ᠂ ᠥᠷᠢᠰᠥᠯᠳᠦᠭᠡᠨ ᠢᠯᠡᠳᠲᠡ ᠨᠡᠮᠡᠭᠳᠡᠵᠤ ᠪᠠᠶᠢᠭ᠎ᠠ ᠪᠤᠳᠤᠯᠢᠶᠠᠨᠲᠠᠶ ᠪᠠᠶᠢᠳᠠᠯ ᠮᠥᠨ ᠯᠡ ᠤᠷᠳᠤ ᠬᠤᠭᠤᠴᠠᠭ᠎ᠠ ᠪᠠᠷ ᠣᠷᠣᠰᠢᠵᠤ᠂ ᠠᠵᠤ ᠠᠬᠤᠶ ᠶᠢᠨ ᠲᠣᠭᠲᠠᠭᠤᠨ ᠢᠶᠠᠷ ᠨᠡᠮᠡᠭᠳᠡᠬᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠳᠤ ᠨᠡᠯᠢᠶᠡᠳ ᠶᠡᠭᠡ ᠲᠦᠪᠡᠭ ᠤᠴᠠᠷᠠᠭᠤᠯᠵᠤ ᠪᠠᠶᠢᠨ᠎ᠠ᠃ ᠬᠥᠭᠵᠢᠯᠲᠡ ᠶᠢᠨ ᠰᠢᠨ᠎ᠡ ᠪᠠᠶᠢᠳᠠᠯ ᠤᠨ ᠲᠤᠤᠷ᠎ᠠ᠂ ᠣᠷᠣᠨ ᠪᠦᠰᠡ ᠶᠢᠨ ᠬᠤᠭᠤᠷᠣᠨᠳᠣᠬᠢ ᠥᠷᠢᠰᠥᠯᠳᠦᠭᠡᠨ ᠤᠯᠠᠮ ᠴᠢᠨᠠᠭᠰᠢᠳᠠ ᠰᠢᠷᠦᠭᠦᠰᠴᠦ᠂ ᠬᠥᠭᠵᠢᠯᠲᠡ ᠪᠠᠨ ᠲᠦᠷᠭᠡᠳᠬᠡᠬᠦ ᠳᠤ ᠨᠡᠯᠢᠶᠡᠳ ᠶᠡᠭᠡ ᠳᠠᠷᠤᠯᠲᠠ ᠪᠤᠯᠵᠤ ᠪᠠᠶᠢᠭ᠎ᠠ ᠶᠤᠮ᠃ ᠠᠵᠤ ᠠᠬᠤᠶ ᠶᠢᠨ ᠪᠠᠶᠢᠳᠠᠯ ᠠᠴᠠ ᠦᠵᠡᠪᠡᠯ᠂ ᠮᠠᠨ ᠤ ᠬᠤᠰᠢᠭᠤᠨ ᠤ ᠡᠳ᠋ ᠤᠨ ᠬᠦᠴᠦᠨ ᠤ ᠪᠦᠲᠦᠴᠡ ᠲᠠᠩ ᠴᠤᠯᠭᠤᠶ᠂ ᠰᠠᠭᠤᠷᠢ ᠨᠢᠮᠬᠡᠨ᠂ ᠥᠷᠢ ᠦᠭᠴᠡᠭᠡ ᠪᠠᠨ ᠰᠢᠢᠳᠪᠤᠷᠢᠯᠡᠬᠦ ᠠᠵᠢᠯ ᠤᠨ ᠲᠠᠷᠤᠭᠠᠰᠤ ᠤᠷᠬᠢᠯ  ᠎ ᠳᠤ ᠪᠠᠨ ᠬᠦᠷᠴᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠣᠨᠴᠠᠭᠠᠶ ᠲᠣᠪᠤᠶᠢᠮ᠎ᠠ ᠪᠠᠶᠢᠵᠤ᠂ ᠴᠠᠯᠢᠩ ᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠡᠷᠬᠢᠯᠳᠠ ᠪᠠᠲᠤᠯᠠᠬᠤ ᠨᠢ ᠨᠠᠯᠢᠶᠡᠳ ᠬᠠᠳᠠᠭᠤᠵᠢᠯᠳᠡᠢ ᠠᠵᠢᠯ ᠪᠤᠯᠤᠭᠰᠡᠨ ᠪᠠᠶᠢᠨ᠎ᠠ᠃ ᠡᠶᠢᠮᠦ ᠠᠴᠠ ᠡᠷᠬᠡᠪᠰᠢ ᠠᠷᠪᠢᠯᠠᠨ ᠭᠠᠮᠨᠠᠵᠤ ᠠᠮᠢᠳᠤᠷᠠᠬᠤ ᠦᠵᠡᠯ ᠰᠠᠨᠠᠭ᠎ᠠ ᠶᠢ ᠢᠮᠠᠭᠲᠠ ᠪᠠᠲᠤ ᠪᠠᠬᠢ ᠪᠣᠶ ᠪᠣᠯᠭᠠᠵᠤ᠂ ᠪᠡᠯᠡ ᠮᠦᠩᠬᠦ ᠪᠠᠨ ᠬᠡᠷᠡᠭᠯᠡᠬᠦ ᠭᠠᠵᠠᠷ ᠲᠤᠨᠢ ᠵᠤᠬᠢᠰᠳᠡᠢ ᠵᠠᠷᠤᠬᠤ ᠬᠡᠷᠡᠭᠲᠡᠶ᠃ ᠬᠥᠭᠵᠢᠯᠲᠡ ᠶᠢᠨ ᠣᠳᠣᠬᠢ ᠪᠠᠶᠢᠳᠠᠯ ᠠᠴᠠ ᠦᠵᠡᠪᠡᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠠᠷᠤᠯᠲᠠ ᠤᠯᠠᠮ ᠠᠴᠠ ᠤᠯᠠᠮ ᠬᠦᠨᠳᠦᠷᠡᠵᠦ᠂ ᠡᠨᠧᠷᠭᠢ ᠶᠢᠨ ᠬᠤᠷᠣᠭᠳᠠᠯ ᠤᠨ ᠬᠤᠣᠰ ᠬᠢᠵᠠᠭᠠᠷᠯᠠᠯ ᠪᠠ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ᠂ ᠨᠡᠭᠦᠷᠡᠰᠦᠲᠥ᠋ᠷᠥᠭᠴᠢ ᠶᠢ ᠪᠠᠭᠠᠰᠬᠠᠬᠤ ᠬᠢᠵᠠᠭᠠᠷᠯᠠᠯ ᠡᠳᠦᠷ ᠢᠷᠡᠬᠦᠶ᠎ᠡ ᠴᠢᠩᠭᠠᠷᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠲᠠᠭᠤᠳᠠᠯ ᠪᠠ ᠪᠠᠭᠤᠷᠠᠢ  ᠲᠠᠯ᠎ᠠ ᠮᠥᠨᠬᠦ ᠴᠥᠭᠡᠨ ᠪᠤᠰᠤ ᠪᠠᠶᠢᠵᠤ᠂ ᠬᠥᠭᠵᠢᠯᠲᠡ ᠶᠢᠨ ᠲᠡᠩᠴᠡᠭᠦᠷᠢ ᠦᠭᠡᠢ ᠭᠦᠢᠴᠡᠳ ᠦᠭᠡᠢ ᠠᠰᠠᠭᠤᠳᠠᠯ ᠢ ᠰᠢᠢᠳᠪᠦᠷᠢᠯᠡᠬᠦ ᠳᠤ ᠡᠭᠦᠷᠭᠡ ᠬᠦᠨᠳᠦ ᠵᠠᠮ ᠬᠤᠯᠠ ᠪᠠᠶᠢᠭᠰᠠᠭᠠᠷ︔ ᠠᠵᠤ ᠦᠢᠯᠡᠰ ᠤᠨ ᠬᠡᠯᠬᠢᠶᠠᠵᠢᠯ ᠲᠡᠭᠦᠯᠳᠡᠷᠵᠢᠭᠡᠳᠦᠢ᠂ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠡᠭᠦᠷᠭᠡ ᠮᠥᠨᠬᠦ ᠬᠠᠲᠠᠭᠤ ᠪᠡᠷᠬᠡ ᠪᠠᠶᠢᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠶᠡᠷᠦᠩᠬᠡᠢ ᠬᠡᠮᠵᠢᠶ᠎ᠠ ᠨᠡᠯᠢᠶᠡᠳ ᠪᠠᠭ᠎ᠠ᠂ ᠲᠠᠶᠢᠴᠢᠯᠡᠨ ᠲᠠᠭᠠᠭᠤᠯᠬᠤ ᠦᠢᠯᠡᠳᠦᠯ ᠢᠯᠡᠷᠬᠡᠢ ᠪᠢᠰᠢ︔ ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠲᠡᠩᠴᠡᠭᠦᠷᠢ ᠦᠭᠡᠢ᠂ ᠬᠤᠳᠠ ᠪᠠᠯᠭᠠᠰᠤᠵᠢᠯᠳᠠ ᠶᠢᠨ ᠬᠢᠷᠢ ᠬᠡᠮᠵᠢᠶ᠎ᠡ ᠥᠨᠳᠥᠷ ᠪᠢᠰᠢ᠂ ᠵᠣᠬᠢᠴᠠᠩᠭᠤᠶ ᠬᠥᠭᠵᠢᠯᠲᠡ ᠶᠢ ᠲᠦᠯᠬᠢᠨ ᠠᠬᠢᠭᠤᠯᠬᠤ ᠡᠭᠦᠷᠭᠡ ᠮᠥᠨ ᠯᠡ ᠨᠡᠯᠢᠶᠡᠳ ᠬᠦᠨᠳᠦ ᠪᠠᠶᠢᠬᠤ ᠵᠡᠷᠭᠡ ᠪᠣᠯᠤᠨ᠎ᠠ᠃ ᠡᠳᠡᠭᠡᠷ ᠠᠰᠠᠭᠤᠳᠠᠯ ᠢ ᠤᠯᠠᠨ ᠢᠶᠠᠷ ᠢᠶᠠᠨ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠤᠶᠢᠰᠢᠳᠠ ᠶᠢᠨ ᠠᠵᠢᠯ ᠤᠨ ᠳᠤᠮᠳᠠ ᠪᠠᠨ ᠪᠢᠳᠡ ᠠᠰᠠᠭᠤᠳᠠᠯ ᠪᠠ ᠥᠷᠢᠰᠥᠯᠳᠦᠭᠡᠨ ᠳᠤ ᠬᠠᠨᠳᠤᠭᠤᠯᠤᠨ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠪᠤᠳᠡᠳᠡᠢ ᠠᠵᠢᠯᠯᠠᠵᠤ᠂ ᠨᠡᠩ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ ᠰᠢᠢᠳᠪᠤᠷᠢᠯᠡᠬᠦ ᠬᠡᠷᠡᠭᠲᠡᠶ᠃        ᠬᠤᠶᠠᠷ᠂ 2021 ᠣᠨ ᠤ ᠠᠵᠢᠯ ᠤᠨ ᠪᠠᠶᠢᠷᠢᠯᠠᠭᠤᠯᠤᠯᠳᠠ       2021 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠵᠢᠯ ᠮᠥᠨ᠂ ᠡᠨᠡ ᠵᠢᠯ ᠤᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠨᠠᠮ ᠤᠨ ᠲᠥᠪ ᠬᠤᠷᠢᠶ᠎ᠠ ᠠᠴᠠ ᠲᠣᠳᠣᠷᠬᠠᠶ ᠳᠤᠷᠠᠳᠤᠭᠰᠠᠨ ᠨᠢ᠂ ᠡᠨᠡ ᠵᠢᠯ ᠤᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠳᠤ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠭᠳᠠᠭᠤᠨ ᠤ ᠲᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠱᠤᠭᠤᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠦᠳᠡᠯᠬᠡᠭᠴᠢ ᠬᠦᠴᠦᠨ ᠪᠣᠯᠭᠠᠨ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂ ᠰᠢᠰᠲ᠋ᠧᠮᠲᠦ ᠦᠵᠡᠯᠲᠡ ᠶᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ︽ᠵᠢᠷᠭᠤᠭ᠎ᠠ ᠶᠢ ᠲᠣᠭᠲᠠᠭᠤᠨ︾ ᠪᠠᠶᠢᠯᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠤᠷᠸ᠎ᠠ ᠲᠦᠷᠦ ᠶᠢᠨ ᠪᠤᠳᠤᠯᠭ᠎ᠠ ᠶᠢ ᠰᠢᠨᠵᠢᠯᠡᠬᠦ ᠤᠬᠠᠭᠠᠨᠴᠢ ᠪᠠᠷ ᠤᠨᠤᠪᠴᠢᠳᠡᠢ ᠬᠡᠷᠡᠭᠵᠢᠭᠦᠯᠵᠦ᠂ ᠠᠵᠤ ᠠᠬᠤᠶ ᠶᠢᠨ ᠡᠷᠬᠢᠯᠳᠠ ᠶᠢ ᠵᠦᠢ ᠵᠣᠬᠢᠰᠲᠠᠶ ᠣᠷᠣᠨ ᠵᠠᠢ ᠳᠤ ᠪᠠᠶᠢᠯᠭᠠᠬᠤ ᠶᠢ ᠴᠢᠷᠮᠠᠶᠢᠨ ᠪᠠᠲᠤᠯᠠᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠤᠳᠤᠯᠭ᠎ᠠ ᠶᠢ ᠪᠠᠲᠤᠯᠠᠨ᠂ ᠰᠢᠨᠵᠢᠯᠡᠬᠦ ᠮᠡᠷᠭᠡᠵᠢᠯ ᠤᠨ ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢᠯᠠᠯ ᠢ ᠴᠢᠩᠭᠠᠳᠬᠠᠵᠤ᠂ ᠥᠨᠳᠥᠷ ᠬᠢᠷᠢ ᠲᠦᠪᠰᠢᠨ ᠪᠦᠬᠦᠢ ᠭᠠᠳᠠᠭᠰᠢ ᠨᠡᠭᠡᠭᠡᠯᠳᠡ ᠶᠢ ᠥᠷᠭᠡᠳᠬᠡᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠶᠢ ᠦᠨᠡᠨ ᠬᠦ ᠪᠠᠲᠤᠯᠠᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠪᠠᠨ ᠤᠭᠳᠤᠨ᠎ᠠ᠃     ᠨᠠᠮ ᠤᠨ ᠲᠥᠪ ᠬᠤᠷᠢᠶᠠᠨ ᠤ ᠠᠵᠤ ᠠᠬᠤᠶ ᠶᠢᠨ ᠠᠵᠢᠯ ᠤᠨ ᠬᠤᠷᠠᠯ ᠤᠨ ᠱᠠᠭᠠᠷᠳᠠᠯᠭ᠎ᠠ ᠶᠣᠰᠣᠭᠠᠷ᠂ ᠪᠠᠶᠢᠳᠠᠯ ᠢ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠲᠠᠢ ᠪᠦᠳᠤᠮᠵᠢᠳᠡᠢ ᠵᠤᠯᠭᠠᠭᠤᠯᠵᠤ᠂ ᠡᠨᠡ ᠵᠢᠯ ᠤᠨ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠶᠢ ᠲᠣᠭᠲᠠᠭᠠᠪᠠ᠄ ᠭᠠᠵᠠᠷ ᠣᠷᠣᠨ ᠤ  ᠦᠢᠯᠡᠳᠪᠤᠷᠢᠯᠡᠯ ᠤᠨ ᠶᠡᠷᠦᠩᠬᠡᠶ ᠥᠷᠲᠡᠭ ᠢ 5.5%᠎ ᠪᠠᠷ ᠨᠡᠮᠡᠭᠳᠡᠭᠦᠯᠦᠨ᠎ᠡ᠂ ᠡᠭᠦᠨ ᠳᠤ᠄ ᠨᠢᠭᠡᠳᠦᠭᠡᠷ ᠠᠵᠤ ᠦᠢᠯᠡᠰ ᠢ 2.3%᠎ ᠪᠠᠷ ᠨᠡᠮᠡᠭᠳᠡᠬᠦᠯᠵᠤ᠂ ᠬᠤᠶᠠᠳᠤᠭᠠᠷ ᠠᠵᠤ ᠦᠢᠯᠡᠰ ᠢ 8.8% ᠨᠡᠮᠡᠭᠳᠡᠬᠦᠯᠵᠤ᠂ ᠭᠤᠷᠪᠠᠳᠤᠭᠠᠷ ᠠᠵᠤ ᠦᠢᠯᠡᠰ ᠢ 2.3% ᠨᠡᠮᠡᠭᠳᠡᠬᠦᠯᠤᠨ᠎ᠠ᠃ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 45 ᠳ᠋ᠦᠩᠰᠢᠭᠤᠷ ᠲᠥᠭᠦᠷᠢᠭ ᠪᠠᠶᠠᠯᠠᠬᠦᠯᠤᠨ᠎ᠠ᠃     ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 2.25 ᠳ᠋ᠦᠩᠰᠢᠭᠤᠷ ᠲᠥᠭᠦᠷᠢᠭ ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ ᠪᠠᠨ 1.5%᠎ ᠪᠠᠷ ᠨᠡᠮᠡᠭᠳᠡᠭᠦᠯᠦᠨ᠎ᠡ᠃ ᠨᠡᠶᠢᠭᠡᠮ ᠤᠨ ᠬᠡᠷᠡᠭᠯᠡᠭᠡᠨ ᠤ ᠵᠥᠢᠯᠡᠰ ᠢ ᠵᠢᠵᠢᠭᠯᠡᠨ ᠪᠤᠷᠤᠯᠠᠭᠤᠯᠬᠤ ᠬᠡᠮᠵᠢᠶ᠎ᠠ ᠵᠶ᠎ᠠ 5.1%᠎ ᠪᠠᠷ ᠨᠡᠮᠡᠭᠳᠡᠬᠦᠯᠤᠨ᠎ᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠲᠤᠬᠢᠷᠠᠭᠤᠯᠵᠤ ᠪᠤᠯᠬᠤᠶᠢᠴᠠ ᠣᠷᠣᠯᠭ᠎ᠠ ᠶᠢ ᠲᠤᠰ ᠲᠤᠰ 5.0% ᠪᠠ 6.2%᠎ ᠢᠶᠠᠷ ᠨᠡᠮᠡᠭᠳᠡᠭᠦᠯᠵᠦ᠂ ᠳᠡᠭᠡᠳᠦ ᠱᠠᠲᠤᠨ ᠠᠴᠠ ᠪᠠᠭᠤᠯᠭᠠᠭᠰᠠᠨ ᠡᠨᠧᠷᠭᠢ ᠠᠷᠪᠢᠯᠠᠵᠤ ᠪᠣᠬᠢᠷᠲᠤᠯ ᠶᠢ ᠪᠠᠭᠠᠰᠬᠠᠬᠤ ᠪᠠ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠠ ᠶᠢ ᠪᠠᠭᠠᠰᠬᠠᠬᠤ ᠵᠡᠷᠭᠡ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠤᠨ᠎ᠠ᠃ ᠳᠡᠭᠡᠷ᠎ᠡ ᠳᠤᠷᠠᠳᠤᠭᠰᠠᠨ ᠬᠠᠷᠠᠯᠲᠠ ᠶᠢᠨ ᠶᠡᠷᠦᠩᠬᠡᠶ ᠵᠠᠷᠴᠢᠮ ᠪᠣᠯ᠂ ᠲᠣᠭᠲᠠᠭᠤᠨ ᠤ ᠲᠤᠮᠳᠠ ᠤᠷᠤᠭᠰᠢᠯᠠᠨ ᠲᠠᠪᠰᠢᠬᠤ᠂ ᠲᠠᠪᠰᠢᠨ ᠤᠷᠤᠭᠰᠢᠯᠠᠬᠤ ᠶᠢᠨ ᠵᠡᠷᠭᠡ ᠳᠤ ᠰᠠᠶᠢᠨ ᠰᠠᠶᠢᠬᠠᠨ ᠢ ᠡᠷᠢᠯᠬᠢᠯᠡᠬᠦ᠂ ᠰᠠᠶᠢᠨ ᠤ ᠲᠤᠮᠳᠠ ᠰᠢᠯᠢᠳᠡᠭ ᠢ ᠤᠯᠬᠤ ᠶᠢ ᠪᠠᠷᠢᠮᠲᠠᠯᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠵᠢᠱᠢᠭᠰᠡᠨ ᠬᠠᠷᠠᠯᠲᠠ ᠪᠠᠷ ᠪᠠᠷᠢᠮᠵᠢᠶᠠᠯᠠᠬᠤ ᠪᠠᠷ ᠪᠠᠷᠠᠬᠤ ᠥᠬᠡᠶ ᠪᠠᠰᠠ ᠮᠠᠨ ᠤ ᠬᠤᠰᠢᠭᠤᠨ ᠤ ᠣᠳᠣᠬᠠᠨ ᠤ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠎ᠠ᠃ ᠪᠢᠳᠡ ᠲᠣᠭᠲᠠᠭᠰᠠᠨ ᠬᠠᠷᠠᠯᠲᠠ ᠪᠠᠨ ᠴᠢᠩᠭ᠎ᠠ ᠠᠳᠬᠤᠨ ᠨᠠᠶᠢᠳᠠᠪᠤᠷᠢᠵᠢᠭᠤᠯᠵᠤ᠂ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠬᠥᠭᠵᠢᠭᠦᠯᠬᠦ᠂ ᠠᠮᠢ ᠠᠬᠤᠢ ᠶᠢ ᠬᠠᠮᠠᠭᠠᠯᠠᠬᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠲᠦᠭᠰᠢᠭᠦᠷᠢ ᠶᠢ ᠨᠠᠮᠳᠠᠭᠠᠬᠤ ᠵᠡᠷᠭᠡ ᠵᠢᠷᠭᠤᠭᠠᠨ ᠲᠠᠯ᠎ᠠ ᠪᠠᠷ ᠦᠨᠡᠨᠬᠦ ᠠᠳᠬᠤᠨ ᠪᠣᠳᠠᠲᠠᠢ ᠠᠵᠢᠯᠯᠠᠵᠤ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃       ︵ᠨᠢᠭᠡ︶ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠠ ᠶᠢ ᠥᠷᠭᠡᠳᠬᠡᠬᠦ ᠳᠤ ᠲᠦᠰᠢᠭᠯᠡᠨ᠂ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠳᠡᠢ᠃      ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠰᠢᠨ᠎ᠡ ᠴᠠᠭ ᠦᠶ᠎ᠡ ᠶᠢᠨ ︽ᠭᠤᠷᠪᠡᠨ ᠮᠠᠯᠵᠢᠯ︾᠎ ᠤᠨ ᠠᠵᠢᠯ ᠤᠨ ᠶᠡᠷᠦᠩᠬᠡᠶ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠂ ᠶᠠᠳᠠᠭᠤ ᠠᠴᠠ ᠠᠩᠭᠢᠵᠢᠷᠠᠭᠤᠯᠵᠤ ᠰᠢᠪᠲᠤᠯᠤᠯᠲᠠ ᠲᠠᠢ ᠪᠤᠯᠭᠠᠬᠤ ᠠᠵᠢᠯ ᠢ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠤᠨ᠎ᠠ᠃ ᠨᠢᠭᠡ ᠳᠤ᠂ ᠤᠳᠤᠬᠢᠴᠢᠯᠠᠭᠰᠡᠨ ᠮᠠᠯ ᠠᠵᠤ ᠠᠬᠤᠶ ᠶᠢᠨ ᠠᠵᠤ ᠦᠢᠯᠡᠰ ᠤᠨ ᠲᠤᠭᠳᠠᠯᠴᠠᠭ᠎ᠠ ᠶᠢ ᠲᠡᠭᠦᠯᠳᠡᠷᠵᠢᠭᠦᠯᠤᠨ᠂ ᠮᠢᠬᠠᠨ ᠤ ᠦᠬᠡᠷ ᠤᠨ ᠠᠵᠤ ᠦᠢᠯᠡᠰ ᠤᠨ ᠲᠤᠭᠳᠠᠯᠴᠠᠭ᠎ᠠ ᠎ ᠶᠢ ᠪᠦᠷᠢᠡᠰᠢᠬᠦᠯᠤᠨ᠎ᠠ᠃ ᠮᠢᠬᠠᠨ ᠤ ᠦᠬᠡᠷ ᠤᠨ ᠠᠵᠤ ᠦᠢᠯᠡᠰ ᠢ ᠬᠦᠴᠤᠷᠬᠡᠭᠵᠢᠬᠦᠯᠬᠦ ᠳᠤ ᠠᠶᠢᠮᠠᠭ ᠤᠨ ᠭᠠᠳᠠᠨ᠎ᠠ ᠠᠴᠠ ᠡᠭᠦᠯᠳᠡᠷ ᠤᠨ ᠦᠬᠡᠷ ᠣᠷᠣᠭᠤᠯᠬᠤ ᠳᠤ ᠡᠳ᠋ ᠤᠨ ᠵᠠᠰᠠᠭ ᠤᠨ ᠨᠥᠬᠦᠪᠥᠷᠢ ᠥᠭᠬᠦ ᠦᠭᠡᠶ᠂ ᠠᠶᠢᠮᠠᠭ ᠤᠨ ᠬᠡᠪᠴᠢᠶᠠᠨ ᠳᠤ ᠡᠭᠦᠯᠳᠡᠷ ᠤᠨ ᠦᠬᠡᠷ ᠠᠷᠠᠯᠵᠢᠶᠠᠯᠠᠬᠤ ᠶᠢ ᠵᠤᠷᠢᠭᠵᠢᠭᠤᠯᠤᠨ᠎ᠠ ᠬᠡᠵᠤ ᠠᠶᠢᠮᠠᠭ ᠠᠴᠠ ᠲᠤᠳᠤᠷᠬᠠᠢ ᠲᠤᠭᠳᠠᠭᠠᠵᠠᠢ᠃ ᠪᠢᠳᠡ ᠮᠢᠬᠠᠨ ᠤ ᠦᠬᠡᠷ ᠤᠨ ᠡᠭᠦᠯᠳᠡᠷ ᠢ ᠳᠡᠭᠡᠭᠰᠢᠯᠡᠭᠦᠯᠬᠦ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠮᠢᠬᠠᠨ ᠤ ᠦᠬᠡᠷ ᠪᠤᠷᠳᠤᠨ ᠲᠠᠷᠭᠤᠯᠠᠭᠤᠯᠬᠤ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠴᠢᠨᠠᠷ ᠰᠠᠶᠢᠲᠠᠶ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠪᠥᠬᠦ ᠠᠵᠤ  ᠦᠢᠯᠡᠰ ᠤᠨ ᠬᠡᠯᠬᠢᠶᠠᠵᠢᠯ ᠢ ᠪᠠᠶᠢᠭᠤᠯᠵᠤ᠂ ᠪᠠᠶᠠᠨ ᠲᠠᠩᠰᠤᠭ᠂ ᠷᠦᠨ ᠨᠢᠤ ᠮᠠᠯ ᠠᠵᠤ ᠠᠬᠤᠶ ᠶᠢᠨ ᠡᠭᠦᠯᠳᠡᠷ ᠤᠨ ᠮᠢᠬᠠᠨ ᠤ ᠦᠬᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠲᠤ ᠲᠦᠰᠢᠭᠯᠡᠨ᠂ ︽ᠠᠵᠤ ᠠᠬᠤᠶᠢᠯᠠᠯ + ᠰᠠᠭᠤᠷᠢᠨ ᠭᠠᠵᠠᠷ + ᠲᠡᠵᠢᠭᠡᠨ ᠦᠷᠡᠵᠢᠭᠦᠯᠬᠦ ᠡᠷᠦᠬᠡ︾᠎ ᠶᠢᠨ ᠵᠠᠭᠪᠤᠷ ᠢ ᠬᠡᠷᠡᠭᠯᠡᠨ᠂ ᠤᠳᠤᠬᠢᠴᠢᠯᠠᠭᠰᠡᠨ ᠮᠢᠬᠠᠨ ᠤ ᠦᠬᠡᠷ ᠤᠨ ᠠᠵᠤ ᠦᠢᠯᠡᠰ ᠤᠨ ᠬᠦᠭᠵᠢᠯᠳᠠ ᠳᠤ ᠵᠤᠬᠢᠴᠠᠭᠰᠡᠨ ᠦᠷ᠎ᠠ ᠶᠢᠨ ᠮᠠᠯ ᠪᠤᠶᠢᠵᠢᠭᠤᠯᠬᠤ᠂ ᠲᠠᠵᠢᠬᠡᠨ ᠦᠷᠡᠵᠢᠬᠦᠯᠬᠦ᠂ ᠡᠬᠦᠯᠳᠡᠷ ᠰᠠᠶᠢᠵᠢᠷᠠᠭᠤᠯᠬᠤ᠂ ᠬᠢᠵᠢᠭ ᠰᠡᠷᠬᠡᠶᠢᠯᠡᠬᠦ ᠨᠠᠶᠢᠬᠡᠮᠴᠢᠯᠡᠭᠰᠡᠨ ᠦᠢᠯᠡᠴᠢᠯᠡᠬᠡᠨ ᠤ ᠲᠤᠭᠳᠠᠯᠴᠠᠭ᠎ᠠ ᠶᠢ ᠴᠤᠭᠴᠠᠯᠠᠨ ᠪᠠᠶᠢᠭᠤᠯᠵᠤ᠂ ᠦᠷ᠎ᠠ ᠶᠢᠨ ᠮᠠᠯ ᠬᠠᠩᠭᠠᠬᠤ ᠴᠢᠳᠠᠪᠤᠷᠢ ᠪᠠ ᠴᠢᠨᠡᠷ ᠴᠢᠡᠰᠠᠭ᠎ᠠ ᠶᠢ ᠲᠠᠰᠤᠷᠠᠯᠳᠠ ᠦᠬᠡᠢ ᠲᠡᠬᠡᠭᠰᠢᠯᠡᠬᠦᠯᠤᠨ᠂ ᠵᠢᠯ ᠤᠨ ᠲᠤᠳᠤᠷ᠎ᠠ 2000 ᠲᠤᠯᠤᠭᠠᠢ ᠠᠴᠠ ᠲᠡᠬᠡᠭᠰᠢ ᠰᠢᠯᠢᠳᠡᠭ ᠡᠬᠦᠯᠳᠡᠷ ᠤᠨ ᠮᠢᠬᠠᠨ ᠤ ᠦᠬᠡᠷ ᠤᠷᠤᠭᠤᠯᠵᠤ᠂ ᠡᠬᠦᠯᠳᠡᠷ ᠰᠠᠶᠢᠵᠢᠷᠠᠭᠤᠯᠤᠭᠰᠡᠨ ᠨᠤᠷᠮ᠎ᠠ ᠶᠢ 96%᠎ ᠠᠴᠠ ᠳᠡᠭᠡᠭᠰᠢ ᠳᠤ ᠬᠦᠷᠭᠡᠵᠦ᠂ ᠰᠢᠯᠢᠳᠡᠭ ᠡᠭᠦᠯᠳᠡᠷ ᠤᠨ ᠬᠠᠷᠢᠴᠠᠯ ᠢ 30%᠎ ᠠᠴᠠ ᠳᠡᠭᠡᠭᠰᠢ ᠳᠤ ᠬᠦᠷᠭᠡᠨ᠎ᠡ︔ 100 ᠲᠣᠯᠣᠭᠠᠶ ᠠᠴᠠ ᠳᠡᠭᠡᠭᠰᠢᠬᠢ ᠦᠬᠡᠷ ᠪᠤᠶᠢᠵᠢᠭᠤᠯᠬᠤ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ 10᠎ ᠶᠢ ᠪᠤᠶᠢᠵᠢᠭᠤᠯᠵᠤ᠂ 1000 ᠲᠣᠯᠣᠭᠠᠶ ᠠᠴᠠ ᠳᠡᠭᠡᠭᠰᠢᠬᠢ ᠮᠢᠬᠠᠨ ᠤ ᠦᠬᠡᠷ ᠪᠣᠷᠳᠣᠵᠤ ᠲᠠᠷᠭᠤᠯᠠᠭᠤᠯᠬᠤ ᠰᠠᠭᠤᠷᠢᠨ ᠭᠠᠵᠠᠷ 1᠂ 100 ᠲᠣᠯᠣᠭᠠᠶ ᠠᠴᠠ ᠳᠡᠭᠡᠭᠰᠢᠬᠢ ᠬᠡᠪᠴᠢᠶᠡᠵᠢᠭᠰᠡᠨ ᠪᠣᠷᠳᠣᠵᠤ ᠲᠠᠷᠭᠤᠯᠠᠭᠤᠯᠬᠤ ᠲᠠᠯᠠᠪᠠᠶ 4᠎ ᠶᠢ ᠰᠢᠨ᠎ᠡ ᠪᠠᠷ ᠪᠠᠶᠢᠭᠤᠯᠤᠨ᠎ᠠ᠃ ᠮᠢᠬᠠᠨ ᠤ ᠬᠤᠨᠢᠨ ᠤ ᠰᠢᠯᠢᠳᠡᠭ ᠠᠵᠤ ᠦᠢᠯᠡᠰ ᠢ ᠬᠦᠭᠵᠢᠬᠦᠯᠵᠤ᠂ ᠰᠢᠯᠢ ᠶᠢᠨ ᠭᠤᠤᠯ ᠬᠤᠨᠢᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠪᠠᠷ ᠠᠭᠤᠰᠤᠯᠴᠠᠭᠤᠯᠤᠨ᠂ ᠮᠢᠬᠠᠨ ᠤ ᠬᠤᠨᠢᠨ ᠤ ᠡᠭᠦᠯᠳᠡᠷ ᠤᠨ ᠦᠢᠯᠡᠰ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠣᠷᠣᠨ ᠨᠤᠲᠤᠭ ᠤᠨ ᠰᠢᠯᠢᠳᠡᠭ ᠡᠭᠦᠯᠳᠡᠷ ᠢ ᠰᠣᠩᠭᠤᠨ ᠪᠤᠶᠢᠵᠢᠭᠤᠯᠬᠤ ᠶᠢ ᠰᠠᠶᠢᠲᠤᠷ ᠠᠳᠬᠤᠵᠤ᠂ ᠪᠣᠳᠠᠭᠠᠯᠢ ᠪᠡᠶ᠎ᠡ ᠶᠢᠨ ᠴᠢᠳᠠᠮᠵᠢ ᠶᠢ ᠳᠡᠭᠡᠭᠰᠢᠯᠡᠭᠦᠯᠦᠨ᠂ ᠵᠢᠯ ᠤᠨ ᠳᠣᠲᠣᠷ᠎ᠠ 20 ᠮᠢᠬᠠᠨ ᠤ ᠬᠤᠨᠢᠨ ᠤ ᠭᠤᠤᠯᠳᠠᠯᠭ᠎ᠠ ᠲᠠᠢ ᠰᠦᠷᠦᠭ ᠢ ᠰᠢᠨ᠎ᠡ ᠪᠠᠷ ᠪᠠᠶᠢᠭᠤᠯᠵᠤ᠂ ᠵᠢᠯ ᠳᠤ 3000 ᠬᠤᠴᠠ ᠬᠠᠩᠭᠠᠵᠤ᠂ ᠪᠦᠬᠦᠨ ᠢ ᠣᠨᠴᠠ ᠲᠠᠰ᠂ ᠨᠢᠭᠡᠳᠦᠭᠡᠷ ᠳᠡᠰ ᠤᠨ ᠪᠠᠷᠢᠮᠵᠢᠶ᠎ᠠ ᠳᠤ ᠬᠦᠷᠬᠡᠨ᠎ᠠ᠃ ᠲᠠᠯ᠎ᠠ ᠨᠤᠲᠤᠭ ᠤᠨ ᠮᠢᠬᠠᠨ ᠤ ᠬᠤᠨᠢᠨ ᠤ ᠠᠵᠤ ᠦᠢᠯᠡᠰ ᠤᠨ ᠰᠦᠷᠦᠭᠵᠢᠯ ᠤᠨ ᠬᠥᠭᠵᠢᠯᠲᠡ ᠶᠢᠨ ᠲᠥᠷᠥᠯ ᠵᠥᠢᠯ ᠢ ᠬᠡᠷᠡᠭᠵᠢᠬᠦᠯᠵᠤ᠂ ᠪᠠᠷᠢᠮᠵᠢᠶᠠᠵᠢᠭᠰᠡᠨ ᠰᠦᠷᠦᠭ ᠪᠣᠯᠤᠨ ᠭᠤᠤᠯᠳᠠᠯᠭ᠎ᠠ ᠲᠠᠢ ᠰᠦᠷᠦᠭ ᠤᠨ ᠪᠥᠲᠥᠭᠡᠨ ᠪᠠᠶᠢᠭᠤᠯᠤᠯᠲᠠ ᠶᠢ ᠥᠷᠭᠡᠳᠬᠡᠨ᠂ 1 ᠰᠠᠭᠤᠷᠢ ᠦᠷᠡᠵᠢᠬᠦᠯᠤᠨ ᠪᠤᠶᠢᠵᠢᠭᠤᠯᠬᠤ ᠰᠦᠷᠦᠭ ᠢ ᠪᠠᠶᠢᠭᠤᠯᠤᠨ᠂ ᠰᠠᠭᠤᠷᠢ ᠡᠮ᠎ᠡ ᠬᠤᠨᠢᠨ ᠤ ᠪᠦᠲᠦᠴᠡ ᠶᠢ ᠰᠢᠯᠢᠳᠡᠭᠵᠢᠭᠦᠯᠵᠦ᠂ ᠰᠠᠭᠤᠷᠢ ᠡᠮ᠎ᠡ ᠬᠤᠨᠢᠨ ᠤ ᠬᠠᠷᠢᠴᠠᠯ ᠢ 85%᠎ ᠠᠴᠠ ᠳᠡᠭᠡᠭᠰᠢ ᠳᠤ ᠪᠠᠶᠢᠯᠭᠠᠬᠤ ᠶᠢ ᠪᠠᠲᠤᠯᠠᠨ᠂ ᠬᠤᠴᠠ ᠪᠠ ᠡᠮ᠎ᠠ ᠬᠤᠨᠢᠨ ᠤ ᠬᠠᠷᠢᠴᠠᠯ ᠢ 1᠄ 35᠎ ᠶᠢᠨ ᠳᠣᠲᠣᠷ᠎ᠠ ᠪᠠᠶᠢᠯᠭᠠᠬᠤ ᠶᠢ ᠪᠠᠲᠤᠯᠠᠵᠤ᠂ ᠡᠪᠤᠯ ᠬᠠᠪᠤᠷ ᠎ ᠤᠨ ᠡᠷᠲᠡ ᠶᠢᠨ ᠬᠤᠷᠠᠭ᠎ᠠ ᠲᠤᠰᠬᠤ ᠶᠢ ᠦᠷᠭᠦᠯᠵᠢᠯᠡᠨ ᠵᠣᠷᠢᠭᠵᠢᠭᠤᠯᠵᠤ᠂ ᠤᠷᠢᠳᠴᠢᠯᠠᠨ ᠵᠠᠷᠤᠴᠠᠭᠤᠯᠵᠤ ᠡᠳ᠋ᠰᠢᠭᠦᠯᠦᠭᠰᠡᠨ ᠬᠡᠮᠵᠢᠶ᠎ᠡ ᠶᠢ 10 ᠲᠦᠮᠡ ᠠᠴᠠ ᠳᠡᠭᠡᠭᠰᠢ ᠳᠤ ᠬᠦᠷᠬᠡᠵᠤ᠂ ᠤᠯᠠᠷᠢᠯ ᠵᠦᠷᠢᠬᠦᠯᠤᠨ ᠭᠠᠷᠭᠠᠯᠳᠠ ᠬᠢᠬᠦ ᠂ ᠲᠡᠩᠴᠡᠭᠦᠷᠢᠲᠡᠶ ᠡᠳ᠋ᠰᠢᠭᠦᠯᠵᠦ᠂ ᠰᠢᠨ᠎ᠡ ᠰᠣᠷᠭᠤᠭ ᠢᠳᠡᠭᠡᠨ ᠢ ᠵᠠᠬ᠎ᠠ ᠳᠡᠯᠭᠡᠭᠦᠷ ᠲᠤ ᠭᠠᠷᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠠᠳᠤᠭᠤᠨ ᠤ ᠦᠢᠯᠡᠰ ᠢ ᠨᠠᠷᠢᠯᠢᠭᠵᠢᠭᠤᠯᠤᠨ ᠬᠦᠭᠵᠢᠬᠦᠯᠵᠤ᠂ ᠮᠣᠩᠭᠤᠯ ᠠᠳᠤᠭᠤᠨ ᠤ ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠦᠨ᠂ ᠠᠳᠤᠭᠤᠨ ᠤ ᠲᠤᠭ᠎ᠠ ᠶᠢ 2 ᠲᠦᠮᠡ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠵᠤ᠂ ᠠᠳᠤᠭᠤᠨ ᠤ ᠰᠣᠶᠣᠯ ᠢ ᠤᠯᠠᠮᠵᠢᠯᠠᠨ ᠵᠠᠯᠭᠠᠮᠵᠢᠯᠠᠬᠤ 23 ᠡᠷᠦᠬᠡ ᠶᠢ ᠪᠤᠶᠢᠵᠢᠭᠤᠯᠤᠨ᠂ ᠮᠣᠩᠭᠤᠯ ᠠᠳᠤᠭᠤᠨ ᠤ ᠰᠣᠶᠣᠯ ᠤᠨ ᠠᠵᠤ ᠦᠢᠯᠡᠰ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠪᠠᠷᠢᠮᠵᠢᠶᠠᠵᠢᠭᠰᠡᠨ ᠴᠡᠭᠡ ᠡᠳ᠋ᠰᠢᠭᠦᠯᠬᠦ ᠵᠢᠵᠢᠭ ᠦᠢᠯᠡᠳᠬᠡᠯ ᠤᠨ ᠭᠠᠵᠡᠷ 21᠎ ᠶᠢ ᠪᠠᠶᠢᠭᠤᠯᠤᠨ᠎ᠠ︔ ︽ᠠᠪᠠᠭ᠎ᠠ ᠬᠠᠷ᠎ᠠ ᠠᠳᠤᠭᠤᠨ︾᠎ ᠤ ᠭᠠᠵᠠᠷ ᠵᠦᠶ ᠶᠢᠨ ᠲᠡᠮᠳᠡᠭ ᠲᠠᠢ ᠪᠦᠲᠦᠭᠡᠭᠳᠡᠬᠦᠨ ᠤ ᠬᠠᠮᠠᠭᠠᠯᠠᠯᠲᠠ ᠶᠢᠨ ᠲᠥᠷᠥᠯ ᠵᠥᠢᠯ ᠪᠠ ᠴᠡᠭᠡ ᠶᠢᠨ ᠭᠠᠵᠠᠷ ᠵᠦᠶ ᠶᠢᠨ ᠲᠡᠮᠳᠡᠭ ᠲᠠᠢ ᠬᠠᠮᠠᠭᠠᠯᠠᠯᠲᠠ ᠶᠢᠨ ᠪᠦᠲᠦᠭᠡᠭᠳᠡᠬᠦᠨ ᠤ ᠲᠥᠷᠥᠯ ᠵᠥᠢᠯ ᠢ ᠬᠡᠷᠡᠭᠵᠢᠭᠦᠯᠵᠦ᠂ ᠪᠠᠶᠢᠭᠠᠯᠢ ᠬᠤᠷᠰᠢᠶᠠᠵᠢᠯ ᠤᠨ ᠭᠡᠭᠦᠤ ᠶᠢᠨ ᠰᠦᠨ ᠤ ᠪᠦᠲᠦᠭᠡᠭᠳᠡᠬᠦᠨ ᠢ ᠡᠳ᠋ᠰᠢᠭᠦᠯᠬᠦ ᠪᠠ ᠰᠤᠳᠤᠯᠤᠨ ᠨᠡᠭᠡᠭᠡᠬᠦ ᠢᠨᠵᠧᠨᠧᠷᠢᠩ ᠢ ᠲᠠᠰ ᠳᠡᠪᠰᠢᠭᠦᠯᠦᠨ ᠥᠭᠡᠷᠡᠴᠢᠯᠡᠵᠦ᠂ ᠣᠷᠣᠨ ᠨᠤᠲᠤᠭ ᠤᠨ ᠰᠠᠶᠢᠨ ᠡᠭᠦᠯᠳᠡᠷ ᠢ ᠬᠠᠮᠠᠭᠠᠯᠠᠬᠤ ᠪᠠ ᠪᠤᠶᠢᠵᠢᠭᠤᠯᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠢ ᠤᠡᠴᠠᠯᠢᠭ ᠲᠠᠢ ᠡᠷᠬᠢᠯᠡᠵᠤ᠂ ᠥᠪᠡᠷᠲᠡᠭᠡᠨ ᠵᠠᠰᠠᠬᠤ ᠣᠷᠣᠨ ᠤ ︽ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ︾᠎ ᠶᠢ ᠠᠬᠢᠭᠤᠯᠬᠤ ᠠᠰᠢᠭᠲᠠᠶ ᠠᠵᠠ ᠲᠣᠬᠢᠶᠠᠯ ᠢ  ᠡᠵᠡᠮᠳᠡᠵᠤ᠂ ᠰᠢᠯᠢ ᠶᠢᠨ ᠭᠤᠣᠯ ᠤᠨ ᠴᠠᠭᠠᠨ ᠢᠳᠡᠬᠡᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠡᠮᠳᠡᠭ ᠤᠨ ᠪᠠᠶᠢᠭᠤᠯᠤᠯᠲᠠ ᠳᠤ ᠢᠳᠡᠪᠬᠢᠲᠡᠶ ᠠᠭᠤᠰᠤᠯᠴᠠᠵᠤ᠂ ᠰᠦ ᠶᠢᠨ ᠢᠷᠡᠯᠲᠡ ᠶᠢᠨ ᠪᠠᠶᠢᠷᠢᠯᠠᠭᠤᠯᠤᠯᠳᠠ ᠶᠢ ᠰᠢᠯᠢᠳᠡᠭᠵᠢᠭᠦᠯᠵᠦ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡ ᠡᠳ᠋ᠰᠢᠬᠦᠯᠬᠦ ᠠᠵᠤ ᠦᠢᠯᠡᠳᠪᠤᠷᠢ ᠶᠢᠨ ᠲᠤᠭᠤᠷᠢᠭ ᠪᠠ ᠤᠯᠠᠮᠵᠢᠯᠠᠯᠲᠤ ᠴᠠᠭᠠᠨ ᠢᠳᠡᠭᠡᠨ ᠤ ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ ᠲᠤᠭᠤᠷᠢᠭ ᠤᠨ ᠪᠠᠶᠢᠭᠤᠯᠤᠯᠲᠠ ᠶᠢ ᠭᠦᠨᠵᠡᠭᠡᠶ ᠲᠥᠯᠬᠢᠨ ᠠᠬᠢᠭᠤᠯᠵᠤ᠂ ᠵᠢᠯ ᠤᠨ ᠳᠣᠲᠣᠷ᠎ᠠ ᠰᠦ ᠮᠢᠬ᠎ᠠ ᠶᠢ  ᠬᠠᠪᠰᠤᠷᠭᠠᠭᠰᠡᠨ ᠰᠢᠮᠧᠨ᠋ᠲ᠋ᠧᠷ ᠦᠬᠡᠷ ᠪᠣᠯᠤᠨ ᠬᠤᠯᠠᠨᠳ᠋ ᠶᠢᠨ ᠰᠠᠭᠠᠯᠢ ᠶᠢᠨ ᠦᠨᠢᠶ᠎ᠡ ᠶᠢᠨ ᠬᠡᠪᠴᠢᠶ᠎ᠡ ᠶᠢ 1.9 ᠲᠦᠮᠡᠨ ᠲᠤᠯᠤᠭᠠᠢ ᠳᠤ ᠬᠦᠷᠬᠡᠵᠤ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠬᠡᠨ ᠡᠳ᠋ᠰᠢᠬᠦᠯᠬᠦ ᠠᠵᠤ ᠠᠬᠤᠶᠢᠯᠠᠯ 3᠎ ᠶᠢ ᠪᠤᠶᠢᠵᠢᠭᠤᠯᠤᠨ᠂ ᠰᠠᠭᠠᠯᠢ ᠶᠢᠨ ᠦᠨᠢᠶᠠᠨ ᠤ ᠳᠤᠮᠳᠠ ᠵᠢᠵᠢᠭ ᠲᠡᠵᠢᠭᠡᠨ ᠦᠷᠡᠵᠢᠭᠦᠯᠬᠦ ᠲᠠᠯᠠᠪᠠᠢ ︵ᠡᠷᠥᠭᠡ︶ 21᠎ ᠶᠢ ᠲᠡᠰ ᠳᠡᠪᠰᠢᠭᠦᠯᠦᠨ ᠥᠭᠡᠷᠡᠴᠢᠯᠡᠵᠦ᠂ 50 ᠪᠠᠷᠢᠮᠵᠢᠶᠠᠵᠢᠭᠰᠠᠨ ᠴᠠᠭᠠᠨ ᠢᠳᠡᠭᠡ ᠡᠳ᠋ᠰᠢᠬᠦᠯᠬᠦ ᠵᠢᠵᠢᠭ ᠦᠢᠯᠡᠳᠬᠡᠯ ᠤᠨ ᠡᠷᠥᠭᠡ ᠶᠢ ᠲᠡᠰ ᠳᠡᠪᠰᠢᠭᠦᠯᠦᠨ ᠥᠭᠡᠷᠡᠴᠢᠯᠡᠨ᠎ᠡ᠃ ᠬᠤᠶᠠᠷ ᠲᠤ᠂ ᠰᠠᠭᠤᠷᠢ ᠲᠥᠬᠦᠭᠡᠷᠦᠮᠵᠢ ᠶᠢᠨ ᠪᠠᠳᠤᠯᠠᠭ᠎ᠠ ᠶᠢᠨ ᠴᠢᠳᠠᠪᠤᠷᠢ ᠶᠢ ᠪᠦᠬᠦ ᠲᠠᠯ᠎ᠠ ᠪᠠᠷ  ᠲᠡᠬᠡᠭᠰᠢᠯᠡᠬᠦᠯᠤᠨ᠎ᠠ᠃ ᠤᠰᠤ ᠤᠮᠳᠠ ᠶᠢᠨ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠵᠡᠷᠭᠡ ᠢᠨᠵᠧᠨᠧᠷᠢᠩ ᠢ ᠬᠡᠷᠡᠭᠵᠢᠭᠦᠯᠵᠦ᠂ 330 ᠤᠰᠤᠨ ᠰᠤᠷᠪᠤᠯᠵᠢ ᠶᠢᠨ ᠬᠤᠳᠳᠤᠭ᠂ 550 ᠤᠰᠤᠨ ᠵᠣᠭᠤᠷᠢ ᠶᠢ ᠰᠢᠨ᠎ᠡ ᠪᠠᠷ ᠪᠠᠶᠢᠭᠤᠯᠵᠤ᠂ 950 ᠢᠵᠢ ᠠᠦ᠋ᠲ᠋ᠣᠴᠢᠯᠠᠭᠰᠠᠨ ᠤᠰᠤ ᠲᠠᠲᠠᠬᠤ ᠲᠥᠬᠦᠭᠡᠷᠦᠮᠵᠢ ᠶᠢ ᠤᠭᠰᠠᠷᠠᠵᠤ᠂ ᠴᠠᠭᠠᠨ ᠴᠥᠭᠦᠷᠥᠮ ᠵᠡᠷᠭᠡ ᠭᠤᠤᠯᠳᠠᠯᠭ᠎ᠠ ᠲᠠᠢ ᠰᠠᠪᠠ ᠭᠠᠵᠠᠷ ᠢ ᠬᠠᠮᠠᠭᠠᠯᠠᠨ ᠵᠠᠰᠠᠬᠤ ᠲᠥᠯᠥᠪᠵᠢᠭᠦᠯᠭᠡ ᠶᠢ ᠨᠠᠶᠢᠷᠠᠭᠤᠯᠵᠤ ᠲᠠᠭᠤᠰᠬᠠᠨ᠎ᠠ︔ ᠬᠥᠳᠡᠭᠡ ᠲᠣᠰᠬᠤᠨ ᠤ ᠴᠠᠬᠢᠯᠭᠠᠨ ᠲᠣᠣᠷ ᠢ ᠥᠭᠡᠷᠡᠴᠢᠯᠡᠨ ᠳᠡᠰ ᠳᠡᠪᠰᠢᠭᠦᠯᠬᠦ ᠢᠨᠵᠧᠨᠧᠷᠢᠩ ᠢ ᠲᠣᠭᠲᠠᠭᠤᠨ ᠢᠶᠠᠷ ᠬᠡᠷᠡᠭᠵᠢᠭᠦᠯᠵᠦ᠂ ᠨᠠᠷᠠ ᠰᠠᠯᠬᠢᠨ ᠬᠠᠷᠢᠯᠴᠠᠨ ᠨᠥᠬᠦᠪᠥᠷᠢᠯᠡᠬᠦ ᠲᠦᠷᠦᠯ ᠵᠦᠢᠯ ᠢ ᠴᠢᠷᠮᠠᠶᠢᠨ ᠣᠯᠵᠤ᠂ ᠵᠢᠯ ᠤᠨ ᠳᠣᠲᠣᠷ᠎ᠠ 451 ᠡᠷᠦᠬᠡ ᠳᠤ ᠴᠠᠬᠢᠯᠭᠠᠨ ᠨᠡᠪᠲᠡᠷᠡᠭᠦᠯᠦᠨ᠎ᠡ︔    ︽ᠬᠥᠳᠡᠭᠡ ᠲᠣᠰᠬᠤᠨ ᠤ ᠳᠥᠷᠪᠡᠨ ᠰᠠᠶᠢᠨ ᠵᠠᠮ︾᠎ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠵᠠᠰᠠᠮᠠᠯ ᠵᠠᠮ ᠤᠨ ᠶᠠᠰᠤ ᠴᠢᠨᠠᠷ ᠢ ᠳᠡᠭᠡᠭᠰᠢᠯᠡᠭᠦᠯᠬᠦ ᠥᠭᠡᠷᠡᠴᠢᠯᠡᠯᠲᠡ ᠶᠢᠨ ᠲᠥᠷᠥᠯ ᠵᠥᠢᠯ ᠢ ᠬᠡᠷᠡᠭᠵᠢᠭᠦᠯᠵᠦ᠂ 256 ᠺᠢᠯᠣᠮᠧᠲᠷ ᠵᠠᠮ ᠢ ᠥᠭᠡᠷᠡᠴᠢᠯᠡᠨ ᠵᠠᠰᠠᠵᠤ ᠠᠷᠠᠴᠢᠯᠠᠨ ᠬᠠᠮᠠᠭᠠᠯᠠᠪᠠ︔ ︽ᠷᠠᠳᠢᠣ᠋ ᠲᠧᠯᠸᠢᠰ᠂ ᠰᠢᠯᠵᠢᠮᠡᠯ ᠬᠤᠯᠪᠣᠭ᠎ᠠ᠂ ᠭᠡᠷᠡᠯᠯᠢᠭ ᠰᠢᠷᠬᠡᠭ ᠤᠨ ᠲᠣᠤᠷ ᠰᠦᠯᠵᠢᠶ᠎ᠡ︾ ᠭᠤᠷᠪᠠᠨ ᠶᠡᠭᠡ ᠪᠦᠷᠬᠦᠬᠦᠯᠬᠦ ᠢᠨᠵᠧᠨᠧᠷᠢᠩ ᠢ ᠪᠥᠬᠦ ᠲᠠᠯ᠎ᠠ ᠪᠠᠷ ᠬᠡᠷᠡᠭᠵᠢᠭᠦᠯᠵᠦ᠂ ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠬᠡᠨ ᠤ ᠲᠤᠷᠰᠢᠯᠲᠠ ᠶᠢᠨ ᠴᠡᠭ ᠤᠨ ᠲᠥᠷᠥᠯ ᠵᠥᠢᠯ ᠳᠤ ᠲᠦᠰᠢᠭᠯᠡᠨ᠂ ︽ᠢᠡᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠎ ᠶᠢ ᠭᠠᠴᠠᠭ᠎ᠠ ᠮᠠᠯᠵᠢᠬᠤ ᠡᠷᠦᠬᠡ ᠳᠤ ᠤᠷᠤᠭᠤᠯᠬᠤ ᠶᠢ ᠠᠬᠢᠭᠤᠯᠵᠤ᠂ 4G ᠰᠠᠭᠤᠷᠢ ᠥᠷᠲᠡᠭᠡ 8᠎ ᠶᠢ ᠰᠢᠨ᠎ᠡ ᠪᠠᠷ ᠪᠠᠶᠢᠭᠤᠯᠤᠨ᠎ᠠ︔ ᠣᠶᠤᠨᠴᠢᠯᠠᠭᠰᠠᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠠᠯᠵᠢᠬᠤ ᠣᠷᠣᠨ ᠤ ᠣᠳᠣᠬᠢᠴᠢᠯᠠᠭᠰᠠᠨ ᠲᠤᠭ᠎ᠠ ᠪᠠᠷᠢᠮᠲᠠ ᠶᠢᠨ ᠲᠥᠪ᠂ ᠣᠶᠤᠨᠴᠢᠯᠠᠭᠰᠠᠨ ᠮᠠᠯ ᠠᠵᠤ ᠠᠬᠤᠶ ᠶᠢᠨ ᠮᠡᠳᠡᠭᠡ ᠵᠠᠩᠭᠢᠵᠢᠯᠲᠠ ᠶᠢᠨ ᠲᠠᠪᠴᠠᠩ᠂ ᠠᠮᠢ ᠠᠬᠤᠶ ᠶᠢᠨ ᠡᠬᠢ ᠪᠠᠶᠠᠯᠢᠭ ᠤᠨ ᠮᠡᠳᠡᠭᠡ ᠵᠠᠩᠭᠢᠵᠢᠯᠳᠠ ᠶᠢᠨ ᠬᠠᠮᠢᠶᠠᠷᠤᠯᠳᠠ ᠶᠢᠨ ᠲᠠᠪᠴᠠᠩ ᠢ ᠵᠢᠯ ᠤᠨ ᠲᠤᠳᠤᠷ᠎ᠠ ᠠᠰᠢᠭᠯᠠᠯᠳᠠ ᠳᠤ ᠤᠷᠤᠭᠤᠯᠤᠨ᠂ ᠦᠬᠡᠷ ︵ᠬᠤᠨᠢᠨ︶᠎ ᠤ ᠤᠶᠤᠡᠴᠢᠯᠠᠭᠰᠡᠨ ᠠᠷᠠᠴᠢᠯᠠᠨ ᠲᠠᠵᠢᠬᠡᠬᠦ ᠲᠤᠭ᠎ᠠ ᠪᠠᠷᠢᠮᠳᠠ ᠎ ᠶᠢᠨ ᠲᠠᠪᠴᠠᠩ 20᠎ ᠶᠢ ᠰᠢᠨ᠎ᠠ ᠪᠠᠷ ᠪᠠᠶᠢᠭᠤᠯᠵᠤ᠂ ᠤᠶᠤᠡᠴᠢᠯᠠᠭᠰᠡᠨ ᠵᠢᠱᠢᠶ᠎ᠠ ᠦᠵᠡᠬᠦᠯᠬᠦ ᠮᠠᠯᠵᠢᠯ ᠤᠨ ᠲᠠᠯᠠᠪᠠᠢ 20᠎ ᠶᠢ ᠦᠬᠡᠷᠡᠴᠢᠯᠡᠨ ᠰᠠᠶᠢᠵᠢᠷᠠᠭᠤᠯᠵᠤ᠂ ᠰᠢᠨ᠎ᠠ ᠪᠠᠷ 3 ᠲᠦᠮᠡᠨ ᠲᠡᠭᠰᠢ ᠳᠥᠷᠪᠡᠯᠵᠢᠨ ᠮᠧᠲᠷ ᠤᠨ ᠳᠤᠯᠠᠭᠠᠨ ᠫᠸᠡᠭ᠂ 5000 ᠲᠡᠭᠰᠢ ᠳᠥᠷᠪᠡᠯᠵᠢᠨ ᠮᠧᠲᠷ ᠤᠨ ᠡᠪᠡᠰᠦ ᠬᠠᠳᠠᠭᠠᠯᠠᠬᠤ ᠫᠸᠡᠭ ᠰᠢᠨ᠎ᠡ ᠪᠠᠷ ᠪᠠᠶᠢᠭᠤᠯᠵᠤ᠂ 30 ᠲᠦᠮᠡᠨ ᠮᠥ ᠲᠤᠤᠷᠯᠠᠨ ᠪᠢᠲᠡᠭᠦᠮᠵᠢᠯᠡᠨ᠎ᠠ︔ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠵᠢᠯ ᠤᠨ ᠳᠣᠲᠣᠷ᠎ᠠ 350 ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠬᠤ ᠶᠢ ᠬᠡᠷᠡᠭᠵᠢᠭᠦᠯᠵᠦ᠂ ᠡᠷᠦᠬᠡ ᠳᠤ ᠠᠷᠢᠭᠤᠨ ᠴᠡᠪᠡᠷ ᠵᠣᠷᠯᠣᠩ ᠢ ᠲᠦᠭᠡᠮᠡᠯᠵᠢᠭᠦᠯᠦᠭᠰᠡᠨ ᠨᠣᠷᠮ᠎ᠠ ᠶᠢ 50%᠎ ᠳᠤ ᠬᠦᠷᠬᠡᠵᠤ᠂ ᠮᠠᠯᠵᠢᠬᠤ ᠣᠷᠣᠨ ᠤ ᠮᠠᠯ ᠤᠨ ᠢᠯᠭᠠᠳᠠᠰᠤᠨ ᠤ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠢᠳᠡᠪᠬᠢᠲᠡᠶ ᠠᠬᠢᠭᠤᠯᠤᠨ᠂ 13 ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠲᠠᠯᠠᠪᠠᠶ ᠳᠤ ᠮᠠᠯ ᠤᠨ ᠢᠯᠭᠠᠳᠠᠰᠤᠨ ᠤ ᠲᠠᠲᠠᠭᠠᠯ ᠰᠢᠨ᠎ᠡ ᠪᠠᠷ ᠪᠠᠶᠢᠭᠤᠯᠵᠤ᠂ ᠴᠡᠪᠡᠷ ᠡᠨᠧᠷᠭᠢ ᠶᠢᠨ ᠲᠤᠯᠠᠭᠠᠯᠭ᠎ᠠ ᠶᠢ ᠶᠡᠬᠡᠪᠡᠷ ᠳᠡᠯᠭᠡᠷᠡᠭᠦᠯᠵᠦ᠂ ᠠᠮᠢᠳᠤᠷᠠᠯ ᠤᠨ ᠬᠠᠶᠠᠭᠳᠠᠮᠠᠯ ᠪᠣᠳᠠᠰ ᠢ ᠪᠤᠬᠢᠷᠳᠤᠯ ᠦᠬᠡᠢ ᠵᠠᠳᠠᠷᠠᠭᠤᠯᠬᠤ 3 ᠥᠷᠲᠡᠭᠡ ᠶᠢ ᠠᠰᠢᠭᠯᠠᠯᠲᠠ ᠳᠤ ᠣᠷᠣᠭᠤᠯᠤᠨ᠎ᠠ︔ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠎ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠪᠠ ᠲᠡᠵᠢᠭᠡᠯ ᠪᠣᠷᠳᠤᠭ᠎ᠠ ᠶᠢᠨ ᠠᠮᠤᠷ ᠲᠦᠪᠰᠢᠨ ᠤ ᠶᠠᠰᠤ ᠴᠢᠨᠠᠷ ᠢ ᠪᠠᠶᠢᠴᠠᠭᠠᠨ ᠰᠢᠯᠭᠠᠬᠤ ᠠᠵᠢᠯ ᠢ ᠢᠳᠡᠪᠬᠢᠲᠡᠶ ᠪᠠᠷ ᠲᠥᠯᠬᠢᠨ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠎ ᠤᠨ ᠠᠰᠢᠭ ᠰᠢᠮ᠎ᠡ ᠶᠢᠨ ᠪᠦᠳᠤᠬᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠲᠥᠪ ᠎ ᠤᠨ ᠬᠤᠣᠰ ᠦᠨᠠᠯᠠᠯᠳᠠ ᠶᠢᠨ ᠠᠵᠢᠯ ᠢ ᠪᠡᠶᠡᠯᠡᠭᠦᠯᠦᠨ᠎ᠡ᠃ ᠭᠤᠷᠪᠠ ᠳᠤ᠂ ᠪᠠᠶᠢᠭᠤᠯᠤᠮᠵᠢ ᠵᠤᠬᠢᠴᠠᠮᠵᠢ ᠶᠢᠨ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ ᠮᠠᠯᠴᠢᠳ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠤᠭᠠᠯᠠᠭᠰᠨ ᠵᠤᠬᠢᠴᠠᠮᠵᠢ ᠶᠢ ᠪᠠᠶᠢᠭᠤᠯᠤᠨ ᠪᠦᠷᠢᠨᠰᠢᠬᠦᠯᠵᠦ᠂ ᠱᠦᠸᠧ ᠨᠢᠤ᠂ ᠷᠦᠨ ᠨᠢᠦ᠂ ᠶᠤᠸᠠᠨ ᠱᠠᠩ ᠤᠨ ᠭᠤᠷᠪᠠᠨ ᠲᠠᠭᠠᠭᠤᠯᠤᠭᠴᠢ ᠠᠵᠤ ᠠᠬᠤᠶᠢᠯᠠᠯ ᠤᠨ ︽ᠬᠦᠢᠳᠠᠨ ᠤᠯᠠᠷᠢᠯ ᠳᠤ ᠨᠠᠶᠢᠳᠠᠨ ᠬᠠᠮᠢᠶᠠᠷᠤᠭᠤᠯᠵᠤ ᠣᠷᠣᠯᠠᠨ ᠲᠡᠵᠢᠭᠡᠬᠦ︾ ᠵᠠᠭᠪᠤᠷ ᠢ ᠦᠷᠭᠦᠯᠵᠢᠯᠡᠨ ᠳᠡᠯᠭᠡᠷᠡᠭᠦᠯᠵᠦ᠂ ᠲᠤᠯᠤᠭᠠᠶᠢᠯᠠᠭᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠤᠯ ᠢ ᠪᠠᠳᠠᠷᠠᠭᠤᠯᠤᠨ᠂  ᠮᠠᠯᠴᠢᠳ ᠪᠠ ᠠᠵᠤ ᠠᠬᠤᠶᠢᠯᠡᠯ ᠬᠠᠷᠢᠯᠴᠠᠨ ᠠᠰᠢᠭᠲᠠᠶ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠵᠤ᠂ 7 ᠨᠠᠶᠢᠳᠠᠨ ᠬᠠᠮᠢᠶᠠᠷᠤᠭᠤᠯᠵᠤ ᠣᠷᠣᠯᠠᠨ ᠲᠡᠵᠢᠭᠡᠬᠦ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠵᠤ᠂ ᠪᠤᠯᠠᠭᠠᠨ ᠤᠪᠤᠭ᠎ᠠ ᠬᠤᠷᠰᠢᠶᠠᠵᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ︔ ᠮᠠᠯᠵᠢᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠬᠡᠨ ᠤ ᠲᠤᠭᠳᠠᠯᠴᠠᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠠᠵᠤ ᠠᠬᠤᠶᠢᠯᠠᠯ ᠪᠤᠶᠤ ᠠᠵᠢᠯ ᠲᠥᠷᠥᠯ ᠤᠨ ᠨᠡᠶᠢᠭᠡᠮᠯᠢᠭ ᠲᠤ ᠲᠦᠰᠢᠭᠯᠡᠨ᠂ ᠰᠢᠨ᠎ᠡ ᠬᠡᠯᠪᠡᠷᠢ ᠶᠢᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠦᠢᠯᠡᠴᠢᠯᠡᠬᠡᠨ ᠤ ᠲᠤᠭᠳᠠᠯᠴᠠᠭ᠎ᠠ ᠶᠢ ᠱᠠᠲᠤ ᠬᠤᠪᠢᠶᠠᠨ ᠪᠠᠶᠢᠭᠤᠯᠵᠤ᠂ ᠦᠢᠯᠡᠴᠢᠯᠡᠬᠡᠨ ᠤ ᠬᠦᠷᠢᠶ᠎ᠡ ᠴᠠᠷ᠎ᠠ ᠶᠢ ᠠᠯᠬᠤᠮ ᠠᠯᠬᠤᠮ ᠢᠶᠠᠷ ᠥᠷᠭᠡᠳᠬᠡᠨ᠂ ᠬᠤᠰᠢᠭᠤ ᠱᠠᠲᠤᠨ ᠤ ᠦᠢᠯᠡᠴᠢᠯᠡᠬᠡᠨ ᠤ ᠲᠥᠪ ᠤᠨ ᠠᠮᠢᠲᠠᠨ ᠤ ᠬᠢᠵᠢᠭ ᠡᠪᠡᠳᠴᠢᠨ ᠢ ᠠᠯᠤᠰ ᠡᠵᠡᠮᠳᠡᠯ ᠢᠶᠠᠷ ᠬᠠᠮᠲᠤᠷᠠᠨ ᠣᠨᠣᠰᠢᠯᠠᠬᠤ ᠪᠦᠷᠬᠦᠴᠡ ᠶᠢᠨ ᠨᠣᠷᠮ᠎ᠠ ᠶᠢ 40%᠎ ᠳᠤ ᠬᠦᠷᠬᠡᠨ᠎ᠠ᠃ ᠵᠠᠰᠠᠭ ᠤᠨ ᠣᠷᠳᠣᠨ ᠬᠥᠲᠥᠯᠦᠨ ᠵᠢᠯᠤᠭᠤᠳᠴᠤ᠂ ᠠᠵᠤ ᠠᠬᠤᠶᠢᠯᠠᠯ ᠠᠴᠠ ᠲᠠᠶᠢᠴᠢᠯᠠᠨ ᠲᠠᠭᠠᠭᠤᠯᠬᠤ ᠵᠠᠭᠪᠤᠷ ᠢ ᠬᠡᠷᠡᠭᠯᠡᠨ᠂ ᠰᠦᠨ ᠤ ᠦᠢᠯᠡᠰ ᠤᠨ ᠦᠢᠯᠡᠴᠢᠯᠡᠬᠡᠨ ᠤ ᠠᠩᠭᠢ᠂ ᠮᠠᠯᠵᠢᠬᠤ ᠣᠷᠣᠨ ᠤ ᠠᠵᠤ ᠦᠢᠯᠡᠰ ᠤᠨ ᠳᠠᠭᠠᠳᠬᠠᠯ ᠵᠡᠷᠭᠡ ᠡᠯ᠎ᠡ ᠲᠥᠷᠥᠯ ᠤᠨ ᠰᠢᠨ᠎ᠡ ᠬᠡᠯᠪᠡᠷᠢ ᠶᠢᠨ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠬᠡᠨ ᠤ ᠵᠣᠬᠢᠶᠠᠨ ᠪᠠᠶᠢᠭᠤᠯᠤᠯᠲᠠ ᠶᠢ ᠲᠦᠷᠭᠡᠳᠬᠡᠨ ᠪᠤᠶᠢᠵᠢᠭᠤᠯᠵᠤ᠂ ᠬᠡᠪᠴᠢᠶ᠎ᠡ ᠪᠠᠷ ᠨᠡᠯᠢᠶᠡᠳ ᠶᠡᠭᠡ ᠦᠢᠯᠡᠳᠪᠤᠷᠢᠯᠡᠯ ᠤᠨ ᠦᠢᠯᠡᠴᠢᠯᠡᠬᠡᠨ ᠤ ᠠᠵᠤ ᠠᠬᠤᠶᠢᠯᠠᠯ 2᠎ ᠢ ᠣᠷᠣᠭᠤᠯᠤᠨ᠎ᠠ︔ ᠭᠤᠷᠪᠠᠨ ᠱᠠᠲᠤᠨ ᠤ ᠡᠪᠡᠰᠦ ᠪᠣᠷᠳᠤᠭ᠎ᠠ ᠨᠥᠭᠡᠴᠡᠯᠡᠬᠦ ᠦᠢᠯᠡᠴᠢᠯᠡᠬᠡᠨ ᠤ ᠲᠤᠭᠳᠠᠯᠴᠠᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠡᠪᠡᠰᠦ ᠪᠣᠷᠳᠤᠭ᠎ᠠ ᠨᠥᠭᠡᠴᠡᠯᠡᠬᠦ ᠪᠠᠶᠢᠷᠢᠯᠠᠭᠤᠯᠤᠯᠳᠠ ᠶᠢ ᠰᠢᠯᠢᠳᠡᠭᠵᠢᠭᠦᠯᠦᠨ᠂ ᠲᠡᠵᠢᠭᠡᠯ ᠪᠣᠷᠳᠤᠭ᠎ᠠ ᠡᠳ᠋ᠰᠢᠭᠦᠯᠬᠦ ᠦᠢᠯᠡᠳᠪᠤᠷᠢ ᠶᠢᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠬᠤᠯᠢᠮᠠᠭ ᠲᠡᠵᠢᠭᠡᠯ ᠪᠣᠷᠳᠤᠭ᠎ᠠ ᠳᠣᠭᠢᠷᠠᠭᠤᠯᠤᠨ ᠬᠦᠷᠭᠡᠬᠦ ᠦᠢᠯᠡᠴᠢᠯᠡᠭᠡ ᠶᠢ ᠥᠷᠭᠡᠳᠬᠡᠨ᠂ ᠵᠢᠯ ᠳᠤ 2 ᠲᠦᠮᠡᠨ ᠲᠣᠨ ᠠᠴᠠ ᠳᠡᠭᠡᠭᠰᠢ ᠡᠪᠡᠰᠦ ᠪᠣᠷᠳᠤᠭ᠎ᠠ ᠨᠥᠭᠡᠴᠡᠯᠡᠬᠦ ᠬᠡᠷᠡᠭᠲᠡᠶ᠃ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠵᠤ᠂ ᠮᠠᠯᠵᠢᠬᠤ ᠣᠷᠣᠨ ᠤ ᠬᠠᠮᠲᠤ ᠶᠢᠨ ︽ᠭᠤᠷᠪᠠᠨ ᠬᠦᠷᠤᠩᠬᠡ︾᠎ ᠶᠢᠨ ᠬᠠᠮᠢᠶᠠᠷᠤᠯᠲᠠ ᠶᠢᠨ ᠲᠠᠪᠴᠠᠩ ᠢ ᠪᠥᠬᠦ ᠲᠠᠯ᠎ᠠ ᠪᠠᠷ ᠬᠡᠷᠡᠭᠯᠡᠵᠦ᠂ ᠭᠤᠷᠪᠡᠨ ᠳᠡᠰ ᠤᠨ ᠮᠠᠯᠵᠢᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠰᠤᠯᠢᠯᠴᠠᠭ᠎ᠠ ᠦᠢᠯᠡᠴᠢᠯᠡᠬᠡᠨ ᠤ ᠲᠠᠪᠴᠠᠩ ᠢ ᠪᠠᠶᠢᠭᠤᠯᠤᠨ ᠪᠦᠷᠢᠨᠰᠢᠬᠦᠯᠵᠦ᠂ ᠵᠢᠯ ᠤᠨ ᠳᠣᠲᠣᠷ᠎ᠠ 10 ᠲᠦᠮᠡᠨ ᠲᠥᠭᠦᠷᠢᠭ ᠠᠴᠠ ᠳᠡᠭᠡᠭᠰᠢᠬᠢ ᠣᠷᠣᠯᠭ᠎ᠠ ᠲᠠᠢ ᠭᠠᠴᠠᠭ᠎ᠠ ᠶᠢᠨ ᠡᠵᠡᠯᠡᠬᠦ ᠬᠠᠷᠢᠴᠠᠯ ᠢ 80%᠎ ᠳᠤ ᠬᠦᠷᠬᠡᠨ᠎ᠠ︔ ᠣᠷᠣᠨ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠶᠢ ᠲᠠᠰᠤᠷᠠᠯᠲᠠ ᠥᠬᠡᠶ ᠴᠢᠩᠭᠠᠳᠬᠠᠵᠤ᠂ ᠰᠤᠷᠭᠠᠨ ᠬᠥᠮᠦᠵᠢᠯ ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠪᠠ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠦᠢᠯᠡᠳᠤᠯ ᠢ ᠬᠦᠢᠴᠡᠳ ᠪᠠᠳᠠᠷᠠᠭᠤᠯᠤᠨ᠂ ᠬᠠᠨᠳᠤᠯᠭ᠎ᠠ ᠎ ᠲᠠᠢ ᠪᠠᠷ ᠣᠷᠣᠨ ᠨᠤᠲᠤᠭ ᠤᠨ ᠴᠢᠳᠠᠪᠤᠷᠢᠲᠠᠨ ᠤ ᠪᠣᠯᠪᠠᠰᠤᠷᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠨᠤᠲᠤᠭ ᠲᠠᠭᠠᠨ ᠪᠤᠴᠠᠭᠰᠠᠨ ᠤᠶᠤᠲᠠᠳ ᠪᠠ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠳ ᠢ ᠬᠦᠴᠦᠯᠡᠨ ᠬᠥᠮᠦᠵᠢᠭᠦᠯᠬᠦ ᠬᠡᠷᠡᠭᠲᠡᠶ︔ ᠡᠯ᠎ᠡ ᠲᠠᠯ᠎ᠠ ᠶᠢᠨ ᠴᠢᠳᠠᠪᠤᠷᠢᠲᠠᠨ ᠢ ᠲᠦᠪᠯᠡᠷᠡᠬᠦᠯᠵᠤ᠂ ᠲᠤᠰᠬᠠᠢ ᠮᠡᠷᠭᠡᠵᠢᠯᠲᠡᠨ ᠤ ᠪᠦᠯᠬᠦᠮ ᠢ ᠵᠣᠬᠢᠶᠠᠨ ᠪᠠᠶᠢᠭᠤᠯᠵᠤ᠂ ᠠᠵᠤ ᠦᠢᠯᠡᠰ ᠤᠨ ᠬᠥᠭᠵᠢᠯᠲᠡ ᠳᠤ ᠠᠷᠭ᠎ᠠ ᠪᠤᠳᠤᠯᠭ᠎ᠠ ᠬᠠᠩᠭᠠᠬᠤ ᠶᠢ ᠪᠠᠳᠤᠯᠠᠬᠤ ᠬᠡᠷᠡᠭᠲᠡᠢ᠃ ᠲᠦᠷᠪᠡ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠪᠠ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠲᠣᠭᠲᠠᠭᠤᠨ ᠪᠠᠶᠢᠯᠭᠠᠬᠤ ᠶᠢ ᠪᠠᠲᠤᠯᠠᠵᠤ᠂ ᠶᠠᠳᠠᠭᠤ ᠠᠴᠠ ᠠᠩᠬᠢᠵᠢᠷᠠᠭᠤᠯᠵᠤ ᠰᠢᠪᠳᠤᠯᠤᠯᠳᠠ ᠎ ᠲᠠᠢ ᠪᠤᠯᠭᠠᠬᠤ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠲᠤᠬᠠᠢ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠠᠵᠤ ᠦᠢᠯᠡᠰ᠂ ᠵᠣᠬᠢᠶᠠᠨ ᠪᠠᠶᠢᠭᠤᠯᠤᠯᠲᠠ᠂ ᠴᠢᠳᠠᠪᠤᠷᠢᠲᠠᠨ ᠵᠡᠷᠭᠡ ᠲᠠᠯ᠎ᠠ ᠲᠠᠢ ᠪᠦᠲᠦᠮᠵᠢᠲᠡᠶ ᠵᠣᠯᠭᠠᠭᠤᠯᠬᠤ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠨᠢᠭᠡ ᠳᠤ ᠶᠠᠳᠠᠭᠤ ᠶᠢ ᠲᠡᠳᠬᠦᠬᠦ ᠠᠵᠤ ᠦᠢᠯᠡᠰ ᠢ ᠲᠣᠭᠲᠠᠭᠤᠨ ᠢᠶᠠᠷ ᠬᠥᠭᠵᠢᠭᠦᠯᠵᠦ᠂ 2700 ᠲᠦᠮᠡᠨ ᠲᠥᠭᠦᠷᠢᠭ ᠤᠨ ᠪᠡᠯᠡ ᠣᠷᠣᠭᠤᠯᠵᠤ ᠠᠵᠤ ᠦᠢᠯᠡᠰ ᠢᠶᠠᠷ ᠲᠡᠳᠬᠦᠬᠦ᠂ ᠨᠡᠶᠢᠲᠡ ᠶᠢᠨ ᠠᠰᠠᠷᠠᠮᠵᠢ ᠶᠢᠨ ᠲᠥᠷᠥᠯ ᠵᠥᠢᠯ ᠢᠶᠠᠷ ᠲᠡᠳᠬᠦᠬᠦ᠂ ᠦᠢᠯᠡᠴᠢᠯᠡᠬᠡᠨ ᠤ ᠲᠥᠷᠥᠯ ᠵᠥᠢᠯ ᠢᠶᠠᠷ ᠲᠡᠳᠬᠦᠬᠦ ᠶᠢ ᠬᠡᠷᠡᠭᠵᠢᠭᠦᠯᠵᠦ᠂ ᠭᠠᠴᠠᠭᠠᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ᠂ ︽ᠬᠠᠮᠲᠤ ᠨᠠᠶᠢᠳᠠ ᠶᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢᠶᠠᠷ ᠠᠷᠠᠳ ᠢ ᠪᠠᠶᠠᠵᠢᠭᠤᠯᠬᠤ︾ ᠬᠥᠭᠵᠢᠯᠲᠡ ᠶᠢᠨ ᠵᠠᠮ ᠢ ᠴᠢᠷᠮᠠᠶᠢᠨ ᠨᠡᠭᠡᠭᠡᠬᠦ ᠬᠡᠷᠡᠭᠲᠡᠶ︔ ᠬᠤᠶᠠᠷ ᠲᠤ᠂  ︽ᠠᠵᠤ ᠠᠬᠤᠶᠢᠯᠠᠯ + ᠬᠤᠷᠰᠢᠶᠠᠵᠢᠯ + ᠮᠠᠯᠵᠢᠬᠤ ᠡᠷᠦᠬᠡ︾᠎ ᠶᠢᠨ ᠬᠥᠭᠵᠢᠯᠲᠡ ᠶᠢᠨ ᠵᠠᠭᠪᠤᠷ ᠢ ᠪᠤᠶᠢᠵᠢᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠨ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠬᠦ ᠬᠡᠷᠡᠭᠲᠡᠶ᠃ ᠮᠡᠷᠬᠡᠵᠢᠯ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠥᠪᠡᠷ ᠢ ᠪᠠᠨ ᠬᠥᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠦᠨ᠂ ᠵᠢᠯ ᠤᠨ ᠳᠣᠲᠣᠷ᠎ᠠ ᠶᠠᠳᠠᠭᠤ ᠶᠢ ᠲᠡᠳᠬᠦᠬᠦ ᠪᠣᠯᠪᠠᠰᠤᠷᠠᠯ ᠢ 4 ᠬᠤᠭᠤᠴᠠᠭ᠎ᠠ 300 ᠬᠥᠮᠦᠨ ᠤᠳᠠᠭ᠎ᠠ ᠠᠴᠠ ᠳᠡᠭᠡᠭᠰᠢ ᠡᠷᠭᠢᠯᠡᠨ᠎ᠡ︔ ᠭᠤᠷᠪᠠ ᠳᠤ᠂ ᠶᠠᠳᠠᠭᠤ ᠶᠢ ᠲᠡᠳᠬᠦᠬᠦ ᠲᠦᠷᠦᠯ ᠵᠦᠢᠯ ᠤᠨ ᠪᠡᠯᠡ ᠮᠥᠩᠭᠦ ᠡᠳ᠋ ᠬᠦᠷᠦᠩᠭᠡ ᠶᠢᠨ ᠬᠠᠮᠢᠶᠠᠷᠤᠯᠲᠠ ᠪᠠ ᠬᠢᠨᠠᠯᠲᠠ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠬᠤ ᠬᠤᠭᠤᠴᠠᠭᠠᠨ ᠳᠠᠬᠢ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠰᠠᠭᠤᠷᠢ ᠲᠥᠬᠦᠭᠡᠷᠦᠮᠵᠢ᠂ ᠤᠯᠠᠨ ᠨᠡᠶᠢᠲᠡ ᠶᠢᠨ ᠦᠢᠯᠡᠴᠢᠯᠡᠭᠡ ᠵᠡᠷᠭᠡ ᠲᠦᠷᠦᠯ ᠵᠦᠢᠯ ᠤᠨ ᠴᠢᠩᠭ᠎ᠠ ᠬᠦᠯᠢᠶᠠᠰᠤᠯᠡᠬᠦ ᠵᠤᠬᠢᠴᠠᠮᠵᠢ ᠪᠠ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠤᠬᠢᠴᠠᠮᠵᠢ ᠶᠢ ᠪᠠᠶᠢᠭᠤᠯᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠠᠮᠤᠷ ᠲᠦᠪᠰᠢᠨ ᠪᠦᠲᠦᠮᠵᠢᠲᠡᠢ ᠪᠠᠶᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠶᠠᠳᠠᠭᠤ ᠶᠢ ᠲᠡᠳᠬᠦᠬᠦ ᠦᠪ ᠬᠦᠷᠦᠩᠭᠡ ᠶᠢᠨ ᠦᠷᠳᠡᠭ ᠢ ᠪᠠᠲᠤᠯᠠᠵᠤ ᠦᠷᠳᠡᠭ ᠢ ᠨᠡᠮᠡᠭᠳᠡᠭᠦᠯᠬᠦ ᠶᠢ ᠪᠠᠲᠤᠯᠠᠬᠤ ᠬᠡᠷᠡᠭᠲᠡᠢ︔ ᠲᠦᠷᠪᠡ ᠳᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠬᠥᠳᠡᠯᠦᠩᠭᠦᠢ ᠪᠠᠷ ᠬᠠᠪᠰᠤᠷᠤᠨ ᠲᠡᠳᠬᠦᠬᠦ ᠵᠤᠬᠢᠴᠠᠮᠵᠢ ᠶᠢ ᠪᠦᠷᠢᠨᠰᠢᠬᠦᠯᠵᠤ᠂ ᠶᠠᠳᠠᠭᠤ ᠠᠴᠠ ᠠᠩᠭᠢᠵᠢᠷᠠᠭᠰᠠᠨ ᠲᠣᠭᠲᠠᠭᠤᠨ ᠪᠤᠰᠤ ᠡᠷᠦᠬᠡ ᠪᠠ ᠶᠠᠳᠠᠭᠤᠷᠠᠮᠠᠷ ᠪᠠᠶᠢᠭ᠎ᠠ ᠡᠷᠦᠬᠡ ᠳᠤ ᠪᠠᠶᠢᠩᠭᠤ ᠶᠢᠨ ᠬᠢᠨᠡᠯᠳᠡ ᠲᠠᠯᠪᠢᠬᠤ ᠡᠷᠴᠢᠮ ᠢ ᠴᠢᠩᠭᠠᠳᠬᠠᠵᠤ᠂ ᠮᠠᠯᠵᠢᠬᠤ ᠣᠷᠣᠨ ᠤ ᠨᠡᠶᠢᠭᠡᠮ ᠤᠨ ᠪᠠᠲᠤᠯᠠᠭ᠎ᠠ ᠪᠠ ᠠᠪᠤᠷᠠᠨ ᠲᠤᠰᠠᠯᠠᠬᠤ ᠵᠤᠬᠢᠴᠠᠮᠵᠢ ᠶᠢ ᠪᠦᠷᠢᠨᠰᠢᠬᠦᠯᠵᠤ᠂ ᠦᠷᠭᠦᠯᠵᠢᠯᠡᠨ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠲᠠᠬᠢᠨ ᠶᠠᠳᠠᠭᠤᠷᠠᠬᠤ  ᠎ ᠶᠢ ᠰᠡᠷᠭᠡᠶᠢᠯᠡᠬᠦ ᠬᠡᠷᠡᠭᠲᠡᠢ᠃      ︵ᠬᠤᠶᠠᠷ︶ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠵᠦ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠪᠦᠬᠦ ᠬᠦᠴᠦᠨ ᠢᠶᠠᠷ ᠲᠦᠯᠬᠢᠨ  ᠠᠬᠢᠭᠤᠯᠬᠤ ᠬᠡᠷᠡᠭᠳᠡᠢ᠃      ᠳᠡᠭᠡᠳᠦ ᠲᠠᠰ ᠤᠨ᠂ ᠪᠣᠬᠢᠷᠲᠤᠯ ᠥᠬᠡᠶ᠂ ᠡᠷᠴᠢᠮᠵᠢᠭᠦᠯᠦᠭᠰᠡᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠪᠥᠬᠦ ᠬᠤᠰᠢᠭᠤᠨ ᠤ ᠠᠭᠤᠷᠬᠠᠶ ᠶᠢᠨ ᠭᠠᠷᠤᠯᠲᠠ᠂ ᠰᠠᠯᠬᠢᠨ ᠴᠠᠬᠢᠯᠭᠠᠨ ᠵᠡᠷᠭᠡ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠠᠵᠤ ᠦᠢᠯᠡᠰ ᠤᠨ ᠱᠠᠲᠤᠯᠢᠭ ᠰᠢᠯᠵᠢᠯᠲᠡ ᠶᠢ ᠪᠠᠶᠠᠯᠠᠬᠦᠯᠵᠤ᠂ ᠰᠢᠨ᠎ᠡ ᠬᠡᠯᠪᠡᠷᠢ ᠶᠢᠨ ᠠᠵᠤ ᠦᠢᠯᠡᠪᠤᠷᠢᠵᠢᠯᠳᠠ ᠶᠢᠨ ᠬᠥᠭᠵᠢᠯᠲᠡ ᠶᠢ ᠪᠥᠬᠦ ᠬᠦᠴᠦᠨ ᠢᠶᠠᠷ ᠠᠬᠢᠭᠤᠯᠬᠤ ᠬᠡᠷᠡᠭᠳᠡᠢ᠃ ᠨᠢᠭᠡ ᠳᠤ ᠠᠵᠤ ᠦᠢᠯᠡᠳᠪᠦᠷᠢ ᠶᠢᠨ ᠠᠵᠤ ᠠᠬᠤᠶ ᠶᠢᠨ ᠲᠣᠭᠲᠠᠭᠤᠨ ᠡᠷᠭᠢᠯᠲᠡ ᠶᠢ ᠰᠠᠶᠢᠲᠤᠷ ᠠᠳᠬᠤᠨ᠎ᠠ᠃ ᠵᠢᠩ ᠨᠸᠡᠭ ᠴᠠᠭᠠᠨ ᠨᠠᠭᠤᠷ ᠤᠨ ᠴᠠᠬᠢᠯᠭᠠᠨ ᠦᠢᠯᠡᠳᠪᠤᠷᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠢᠯ ᠤᠨ ᠳᠣᠲᠣᠷ᠎ᠠ ᠬᠥᠷᠥᠭᠡᠯᠲᠡ ᠶᠢᠨ ᠰᠤᠪᠤᠷᠭ᠎ᠠ᠂ ᠮᠠᠰᠢᠨ ᠮᠧᠬᠠᠨᠢᠭ ᠤᠨ ᠰᠠᠭᠤᠷᠢ ᠢᠨᠵᠧᠨᠧᠷᠢᠩ ᠢ ᠪᠡᠶᠡᠯᠡᠭᠦᠯᠦᠨ᠎ᠡ︔ ᠵᠢᠩ ᠨᠸᠡᠭ ᠡᠯᠡᠰᠦᠷᠬᠡᠭ ᠭᠠᠵᠠᠷ ᠤᠨ ᠪᠣᠬᠢᠷᠲᠤᠯ ᠥᠬᠡᠶ ᠠᠮᠢ ᠠᠬᠤᠶ ᠶᠢᠨ ᠵᠠᠰᠠᠯᠲᠠ ᠶᠢᠨ 100 ᠰᠠᠶ᠎ᠠ ᠸᠠᠲ ᠤᠨ ᠬᠡᠷᠡᠯ ᠴᠠᠬᠢᠯᠭᠠᠨ ᠤ ᠲᠥᠷᠥᠯ ᠵᠥᠢᠯ ᠪᠠ ᠭᠦᠸᠧ ᠲᠢᠶᠠᠨ ᠤ 10 ᠰᠠᠶ᠎ᠠ ᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠥᠢᠯ ᠢ ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠬᠤ ᠪᠠᠷ ᠴᠢᠷᠮᠠᠶᠢᠨ᠎ᠠ︔᠎ ᠶᠢᠨ ᠳ᠋ᠢ᠂ ᠭᠤᠷᠴᠢ᠂ ᠵᠢᠶ ᠳ᠋ᠦᠩ ᠱᠦᠢᠨᠢ ᠶᠢᠨ ᠲᠣᠭᠲᠠᠭᠤᠨ ᠡᠷᠬᠢᠯᠳᠡ ᠶᠢ ᠠᠬᠢᠭᠤᠯᠵᠤ᠂ ᠯᠦᠩ ᠰᠢᠩ ᠠᠭᠤᠷᠬᠠᠶ ᠶᠢᠨ ᠦᠢᠯᠡᠰ ᠤᠨ ᠡᠳᠦᠷ ᠲᠤ 1000 ᠲᠣᠨ ᠬᠠᠶᠢᠯᠤᠭᠤᠷ ᠵᠣᠩᠰᠢ ᠰᠢᠯᠢᠬᠦ ᠦᠢᠯᠡᠳᠪᠤᠷᠢ ᠶᠢ ᠠᠰᠢᠭᠯᠠᠯᠲᠠ ᠳᠤ ᠣᠷᠣᠭᠤᠯᠵᠤ᠂ ᠵᠢᠯ ᠤᠨ ᠳᠣᠲᠣᠷ᠎ᠠ 3 ᠲᠦᠮᠡᠨ ᠲᠣᠨ ᠨᠠᠷᠢᠯᠢᠭ ᠨᠤᠨᠲᠠᠭ᠂ 2.7 ᠲᠦᠮᠡᠨ ᠲᠣᠨ ᠬᠠᠶᠢᠯᠤᠭᠤᠷ ᠵᠣᠩᠰᠢ ᠦᠢᠯᠡᠳᠪᠤᠷᠢᠯᠡᠵᠤ᠂ 8 ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠡᠪ ᠤᠨ ᠡᠷᠬᠢᠯᠳᠡ ᠶᠢ ᠪᠠᠶᠠᠯᠠᠬᠦᠯᠤᠨ᠎ᠠ︔ ᠮᠠᠨ ᠤ ᠠᠶᠢᠮᠠᠭ ᠬᠠᠩᠭᠠᠯᠭ᠎ᠠ ᠶᠢ ᠪᠠᠲᠤᠯᠠᠬᠤ ᠲᠥᠷᠥᠯ ᠤᠨ ᠨᠡᠭᠦᠷᠡᠰᠦᠨ ᠠᠭᠤᠷᠬᠠᠶ ᠶᠢᠨ ᠭᠠᠷᠳᠠᠮ ᠢ ᠳᠥᠯᠭᠢᠨ ᠠᠬᠢᠭᠤᠯᠬᠤ ᠲᠤᠷᠰᠢᠯᠲᠠ ᠶᠢᠨ ᠴᠡᠭ ᠤᠨ ᠭᠠᠵᠠᠷ ᠣᠷᠣᠨ ᠢᠶᠠᠷ ᠵᠢᠭᠰᠠᠭᠠᠭᠳᠠᠭᠰᠠᠨ ᠠᠰᠢᠭᠲᠠᠶ ᠠᠵᠠ ᠲᠣᠬᠢᠶᠠᠯ ᠢ ᠡᠵᠡᠮᠳᠡᠵᠤ᠂ ᠮᠠᠨᠢᠲᠤ ᠠᠭᠤᠷᠬᠠᠶ ᠶᠢᠨ ᠲᠤᠭᠤᠷᠢᠭ ᠤᠨ ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠨ ᠡᠬᠢ ᠪᠠᠶᠠᠯᠢᠭ ᠢ ᠡᠮᠬᠢᠯᠡᠨ ᠨᠢᠬᠡᠳᠬᠡᠬᠦ ᠶᠢ ᠪᠥᠬᠦ ᠬᠦᠴᠦᠨ ᠢᠶᠠᠷ ᠳᠥᠯᠭᠢᠨ ᠠᠬᠢᠭᠤᠯᠵᠤ᠂ ᠹᠸᠡᠭ ᠹᠸᠡᠭ ᠨᠡᠭᠦᠷᠡᠰᠦᠨ ᠠᠭᠤᠷᠬᠠᠶ᠂ ᠳ᠋ᠠ ᠠᠨ ᠨᠡᠭᠦᠷᠡᠰᠦᠨ ᠠᠭᠤᠷᠬᠠᠶ ᠶᠢᠨ ᠬᠠᠶᠢᠨ ᠰᠢᠨᠵᠢᠯᠡᠵᠦ ᠰᠢᠯᠵᠢᠬᠦᠯᠬᠦ ᠭᠠᠷᠳᠠᠮ ᠢ ᠬᠦᠢᠴᠡᠳᠬᠡᠬᠦ ᠶᠢ ᠲᠦᠷᠭᠡᠳᠬᠡᠨ ᠠᠬᠢᠭᠤᠯᠵᠤ᠂ ᠵᠢᠯ ᠤᠨ ᠳᠣᠲᠣᠷ᠎ᠠ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ ᠡᠷᠳᠡᠨᠢ᠂ ᠨᠤᠮᠢᠨ ᠲᠠᠯᠠᠬᠡᠢ ᠤᠯᠠᠭᠠᠨ ᠢᠳᠡᠭᠡᠨ ᠡᠳ᠋ᠰᠢᠬᠦᠯᠬᠦ ᠶᠢ ᠲᠠᠰ ᠳᠡᠪᠰᠢᠭᠦᠯᠵᠦ᠂ ᠮᠣᠩᠭᠤᠯ ᠺᠤᠮᠫᠠᠨᠢ ᠮᠸᠡᠭ ᠶᠤᠸᠠᠨ ᠢ  ᠨᠢᠬᠡᠳᠬᠡᠵᠤ᠂ ᠵᠢᠯ ᠤᠨ ᠳᠣᠲᠣᠷ᠎ᠠ 30 ᠲᠦᠮᠡᠨ  ᠬᠤᠨᠢᠴᠢᠯᠠᠭᠰᠡᠨ ᠨᠢᠭᠡᠴᠢ ᠡᠳ᠋ᠰᠢᠭᠦᠯᠬᠦ ᠪᠠᠷ ᠴᠢᠷᠮᠠᠶᠢᠨ᠎ᠠ︔ ᠢᠰᠬᠡ ᠴᠡᠭᠡ ᠶᠢᠨ ᠠᠰᠢᠭᠲᠤ ᠪᠠᠺᠲ᠋ᠧᠷᠢ ᠶᠢᠨ ᠠᠵᠤ ᠦᠢᠯᠡᠰ ᠤᠨ ᠲᠦᠷᠦᠯ ᠵᠦᠢᠯ᠂ ᠲᠤᠮᠤ ᠴᠢᠯᠠᠭᠤ ᠶᠢᠨ ᠨᠡᠶᠢᠯᠡᠮᠡᠯ ᠮᠠᠲ᠋ᠧᠷᠢᠶᠠᠯ ᠡᠳ᠋ᠰᠢᠭᠦᠯᠬᠦ ᠲᠦᠷᠦᠯ ᠵᠦᠢᠯ᠂ ᠤᠯᠤᠰ ᠤᠨ ᠳᠡᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠵᠢᠱᠢᠶ᠎ᠠ ᠦᠵᠡᠭᠦᠯᠬᠦ ᠰᠢᠶᠠᠨ ᠤ ᠲᠦᠷᠦᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠬᠤ ᠬᠡᠷᠡᠭᠲᠡᠢ᠃ ᠬᠤᠶᠠᠷ ᠲᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠡᠯᠡ ᠣᠷᠣᠭᠤᠯᠤᠯᠲᠠ ᠶᠢ ᠠᠬᠢᠭᠤᠯᠬᠤ ᠬᠡᠷᠡᠭᠲᠡᠢ᠃ ᠠᠩᠬ᠎ᠠ ᠠᠯᠬᠤᠮ 500 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠥᠢᠯ ᠢ 39 ᠳᠣᠭᠢᠷᠠᠭᠤᠯᠵᠤ᠂ ᠶᠡᠷᠦᠩᠬᠡᠶ ᠪᠠᠯᠠ ᠣᠷᠣᠭᠤᠯᠤᠯᠲᠠ ᠶᠢ 38.6 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠡᠭᠦᠨ ᠳᠤ ᠠᠶᠢᠮᠠᠭ ᠤᠨ ᠲᠠᠰ ᠤᠨ 14 ᠭᠤᠤᠯᠳᠠᠯᠭ᠎ᠠ ᠲᠠᠢ ᠲᠥᠷᠥᠯ ᠵᠥᠢᠯ ᠤᠨ ᠪᠠᠯᠠ ᠣᠷᠣᠭᠤᠯᠤᠯᠲᠠ ᠶᠢ 31.4 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠲᠥᠯᠥᠪᠯᠡᠵᠦ᠂ ᠴᠠᠭᠠᠨ ᠰᠠᠷ᠎ᠠ ᠶᠢᠨ ᠳᠠᠷᠠᠭ᠎ᠠ ᠲᠥᠪᠯᠡᠷᠡᠭᠦᠯᠦᠨ ᠬᠢᠨᠠᠨ ᠵᠥᠪᠰᠢᠶᠡᠷᠡᠬᠦ ᠰᠠᠷ᠎ᠠ ᠶᠢᠨ ᠠᠵᠢᠯᠯᠠᠭ᠎ᠠ ᠶᠢ ᠡᠬᠢᠯᠡᠭᠦᠯᠵᠦ᠂ ᠲᠥᠷᠥᠯ ᠵᠥᠢᠯ ᠤᠨ ᠡᠷᠲᠡᠬᠡᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠠᠬᠢᠭᠤᠯᠤᠨ᠎ᠠ᠃ ᠡᠨᠡ ᠵᠢᠯ ᠲᠥᠪ ᠠᠴᠠ ᠬᠤᠷᠸ᠎ᠠ ᠲᠥᠷᠥ ᠶᠢᠨ ᠪᠣᠳᠣᠯᠭ᠎ᠠ ᠶᠢᠨ ᠪᠠᠶᠢᠩᠭᠤ ᠶᠢᠨ ᠴᠢᠨᠠᠷ᠂ ᠲᠣᠭᠲᠠᠭᠤᠨ ᠴᠢᠨᠠᠷ ᠪᠠ ᠦᠷᠭᠦᠯᠵᠢᠯᠡᠬᠦ ᠴᠢᠨᠠᠷ ᠢ ᠦᠷᠭᠦᠯᠵᠢᠯᠡᠨ ᠪᠠᠲᠤᠯᠠᠵᠤ᠂ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠨᠢ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠪᠡᠯᠡ ᠮᠥᠩᠭᠦ ᠶᠢᠨ ᠢᠷᠡᠯᠲᠡ ᠪᠠ ᠲᠣᠭᠲᠠᠭᠤᠨ ᠨᠡᠮᠡᠭᠳᠡᠯ ᠤᠨ ᠴᠢᠬᠤᠯᠠ ᠬᠦᠴᠦᠯᠡᠬᠦ ᠴᠡᠭ ᠪᠣᠯᠤᠭᠰᠠᠨ ᠤ ᠬᠤᠪᠢ ᠳᠤ᠂ ᠬᠡᠷᠡᠭᠯᠡᠬᠦ ᠬᠡᠪᠴᠢᠶ᠎ᠡ ᠶᠢ ᠵᠦᠢ ᠵᠣᠬᠢᠰᠲᠠᠶ ᠪᠠᠷ ᠥᠷᠭᠡᠳᠬᠡᠵᠦ᠂ ᠬᠡᠷᠡᠭᠯᠡᠬᠦ ᠨᠥᠬᠦᠴᠡᠯ ᠢ ᠴᠢᠯᠤᠬᠡᠳᠡᠢ ᠪᠤᠯᠭᠠᠵᠤ᠂ ᠣᠷᠣᠨ ᠨᠤᠲᠤᠭ ᠲᠤ ᠰᠢᠯᠵᠢᠭᠦᠯᠦᠨ ᠥᠭᠬᠦ ᠵᠠᠷᠤᠯᠭ᠎ᠠ ᠶᠢᠨ ᠨᠡᠮᠡᠭᠳᠡᠯ ᠤᠨ ᠬᠡᠮᠵᠢᠶ᠎ᠡ ᠶᠢ 10%᠎ ᠠᠴᠠ ᠳᠣᠣᠷ᠎ᠠ ᠦᠭᠡᠢ ᠪᠠᠶᠢᠯᠭᠠᠬᠤ ᠠᠰᠢᠭᠲᠠᠶ ᠲᠦᠷᠦ ᠶᠢᠨ ᠪᠤᠳᠤᠯᠭ᠎ᠠ ᠶᠢ ᠭᠦᠢᠴᠡᠳ ᠡᠵᠡᠮᠳᠡᠵᠦ᠂ ᠪᠠᠴᠢᠮ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠳᠡᠭᠡᠳᠦ ᠱᠠᠲᠤᠨ ᠤ ᠲᠦᠷᠦ ᠶᠢᠨ ᠪᠤᠳᠤᠯᠭ᠎ᠠ ᠶᠢ ᠭᠦᠨᠵᠡᠭᠡᠶ ᠰᠤᠳᠤᠯᠵᠤ᠂ ᠲᠦᠷᠤᠯ ᠵᠥᠢᠯ ᠤᠨ ᠨᠥᠭᠡᠴᠡ ᠶᠢ ᠨᠡᠮᠡᠭᠳᠡᠭᠦᠯᠦᠨ᠂ ᠪᠡᠯᠡᠳᠬᠡᠯ ᠬᠤᠭᠤᠴᠠᠭᠠᠨ ᠤ ᠠᠵᠢᠯ ᠢ  ᠰᠠᠶᠢᠳᠤᠷ ᠬᠢᠬᠦ ᠬᠡᠷᠡᠭᠲᠡᠶ᠃ ᠭᠤᠷᠪᠠ ᠳᠤ ᠲᠠᠯᠳᠠ ᠬᠦᠴᠦᠨ ᠢ ᠭᠦᠨ ᠠᠭᠤᠳᠠᠯᠵᠤ ᠵᠢᠭᠤᠯᠴᠢᠯᠠᠯ ᠢ ᠬᠥᠭᠵᠢᠭᠦᠯᠬᠦ ᠬᠡᠷᠡᠭᠲᠡᠶ᠃ ᠡᠮᠤᠨ᠎ᠠ ᠪᠠᠶ᠎ᠠ ᠶᠢᠨ ᠠᠮᠢ ᠠᠬᠤᠶ ᠶᠢᠨ ᠳᠠᠪᠠᠭᠤᠯᠢᠭ᠂ ᠳᠤᠮᠳᠠ ᠪᠠᠶ᠎ᠠ ᠶᠢᠨ ᠲᠥᠪᠯᠡᠷᠡᠯ ᠤᠨ ᠳᠠᠪᠠᠭᠤᠯᠢᠭ᠂ ᠬᠤᠶᠢᠳᠤ ᠪᠠᠶ᠎ᠠ ᠶᠢᠨ ᠬᠢᠯᠢ ᠬᠢᠵᠠᠭᠠᠷ ᠤᠨ ᠳᠠᠪᠠᠭᠤᠯᠢᠭ ᠲᠤ ᠲᠦᠰᠢᠭᠯᠡᠨ᠂ ᠰᠢᠯᠢ ᠶᠢᠨ ᠭᠤᠤᠯ ᠤᠨ ᠮᠢᠩᠭᠠᠨ ᠭᠠᠵᠠᠷ ᠤᠨ ᠦᠵᠡᠮᠵᠢ ᠶᠢᠨ ᠵᠢᠭᠤᠯᠴᠢᠯᠠᠯ ᠤᠨ ᠵᠠᠮ ᠱᠤᠭᠤᠮ ᠳᠤ ᠢᠳᠡᠪᠬᠢᠲᠡᠶ ᠠᠭᠤᠰᠤᠯᠴᠠᠵᠤ᠂ ᠪᠥᠬᠦ ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠰᠢᠨ᠎ᠡ ᠬᠥᠭᠵᠢᠯᠲᠡ ᠲᠠᠢ ᠪᠣᠯᠬᠤ ᠶᠢ ᠠᠬᠢᠭᠤᠯᠤᠨ᠂ ᠭᠠᠩᠭᠠᠩᠰᠢᠯᠢ ᠶᠢᠨ ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ ᠪᠣᠭᠳᠠ ᠠᠭᠤᠯᠠ᠂ ᠬᠤᠷᠭᠤ ᠠᠭᠤᠯᠠ ᠶᠢᠨ ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠥᠢᠯ ᠢ ᠬᠡᠷᠡᠭᠵᠢᠭᠦᠯᠦᠨ᠂ ᠵᠢᠰᠠ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠵᠢᠭᠤᠯᠴᠢᠯᠠᠯ ᠤᠨ ᠭᠥᠯᠢᠶᠡᠨ ᠠᠪᠬᠤ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃        ︵ᠭᠤᠷᠪᠠ︶ ︽ᠬᠤᠶᠠᠷ ᠠᠭᠤᠯᠠ︾᠎ ᠶᠢᠨ ᠤᠨᠤᠯ ᠢ ᠢᠳᠡᠪᠬᠢᠲᠡᠶ ᠦᠢᠯᠡᠳᠦᠯᠭᠡᠵᠢᠭᠦᠯᠵᠦ᠂ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠳᠡᠢ᠃       ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠭᠡᠬᠦ ᠣᠶᠢᠯᠠᠭᠠᠭᠳᠠᠬᠤᠨ ᠢ ᠪᠠᠳᠤ ᠪᠠᠬᠢ ᠪᠤᠢ ᠪᠤᠯᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠠᠮᠢ ᠠᠬᠤᠢ ᠶᠢᠨ ᠬᠥᠭᠵᠢᠯᠲᠡ ᠶᠢᠨ ︽ᠴᠢᠨᠡᠷ ᠴᠢᠡᠰᠠᠭ᠎ᠠ︾᠎ ᠶᠢ ᠳᠡᠭᠡᠭᠰᠢᠯᠡᠭᠦᠯᠬᠦ ᠬᠡᠷᠡᠭᠲᠡᠢ᠃ ᠨᠢᠭᠡ ᠳᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠨ᠎ᠠ᠃ ᠨᠡᠶᠢᠲᠡᠯᠢᠭ ᠵᠢᠱᠢᠶ᠎ᠠ ᠪᠠᠷ ᠳᠠᠶᠢᠴᠢᠯᠠᠬᠤ ᠦᠢᠯᠡᠳᠦᠯ ᠢ ᠭᠤᠣᠯᠳᠠᠯᠭ᠎ᠠ ᠲᠠᠢ ᠪᠠᠳᠠᠷᠠᠭᠤᠯᠵᠤ᠂ ᠠᠮᠢ ᠠᠬᠤᠢ ᠶᠢᠨ ᠤᠢᠢᠯᠠᠭᠠᠭᠳᠠᠬᠤᠨ ᠢ ᠪᠠᠲᠤᠳᠬᠠᠬᠤ᠂ ᠨᠤᠲᠤᠭ ᠪᠡᠯᠴᠢᠭᠡᠷ ᠤᠨ ᠬᠠᠮᠠᠭᠠᠯᠠᠯᠲᠠ ᠶᠢ ᠴᠢᠩᠭᠠᠳᠬᠠᠬᠤ᠂ ᠨᠤᠲᠤᠭ ᠪᠡᠯᠴᠢᠭᠡᠷ ᠤᠨ ᠠᠰᠢᠭᠯᠠᠯᠲᠠ ᠶᠢ ᠳᠡᠭᠡᠭᠰᠢᠯᠡᠭᠦᠯᠬᠦ᠂ ᠤᠨᠢᠨ ᠳᠡᠭᠡᠷ᠎ᠡ ᠨᠢ ᠰᠡᠷᠭᠦᠭᠡᠬᠦ ᠠᠵᠢᠯ ᠢ ᠰᠠᠶᠢᠲᠤᠷ ᠬᠢᠬᠦ ᠪᠠᠷ ᠳᠠᠮᠵᠢᠭᠤᠯᠵᠤ᠂ ᠰᠢᠨ᠎ᠡ ᠴᠠᠭ ᠦᠶ᠎ᠡ ᠶᠢᠨ ᠨᠤᠲᠤᠭ ᠪᠡᠯᠴᠢᠭᠡᠷ ᠤᠨ ᠠᠮᠢ ᠠᠬᠤᠢ ᠶᠢ ᠰᠠᠶᠢᠵᠢᠷᠠᠭᠤᠯᠬᠤ ᠪᠠ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠬᠤᠣᠰ ᠠᠮᠵᠢᠯᠲᠠ ᠤᠯᠬᠤ ᠶᠢ ᠰᠦᠪᠡᠭᠴᠢᠯᠡᠬᠦ ᠬᠡᠷᠡᠭᠳᠡᠢ᠃ ᠨᠢᠭᠡ ᠳᠤ ᠠᠮᠢ ᠠᠬᠤᠶ ᠶᠢᠨ ᠪᠣᠯᠪᠠᠰᠤᠨ ᠤ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠬᠦ ᠬᠡᠷᠡᠭᠲᠡᠶ᠃ ᠰᠢᠨᠵᠢᠯᠡᠬᠦ ᠤᠬᠠᠭᠠᠨ ᠰᠤᠳᠤᠯᠭᠠᠨ ᠤ ᠬᠦᠷᠢᠶᠡᠯᠡᠩ ᠪᠣᠯᠤᠨ ᠶᠡᠭᠡ ᠳᠡᠭᠡᠳᠦ ᠰᠤᠷᠭᠠᠭᠤᠯᠢ ᠯᠤᠭ᠎ᠠ ᠢᠳᠡᠪᠬᠢᠲᠡᠢ ᠪᠠᠷ ᠬᠠᠮᠲᠤᠷᠠᠯᠴᠠᠭ᠎ᠠ ᠥᠷᠨᠢᠭᠦᠯᠵᠦ᠂ ᠲᠢᠩ · ᠪᠠᠭᠠᠲᠤᠷ ᠢᠶᠠᠷ ᠲᠥᠯᠥᠭᠡᠯᠡᠭᠦᠯᠦᠭᠰᠡᠨ ᠨᠤᠲᠤᠭ ᠪᠡᠯᠴᠢᠭᠡᠷ ᠤᠨ ᠬᠠᠮᠠᠭᠠᠯᠠᠯᠲᠠ ᠪᠣᠯᠤᠨ ᠮᠠᠯ ᠠᠵᠤ ᠠᠬᠤᠢ ᠶᠢᠨ ᠬᠥᠭᠵᠢᠯᠲᠡ ᠶᠢᠨ ᠬᠤᠣᠰ ᠠᠮᠵᠢᠯᠲᠠ ᠶᠢᠨ ᠨᠡᠶᠢᠲᠡᠯᠢᠭ ᠲᠤᠷᠰᠢᠯᠭ᠎ᠠ ᠶᠢ ᠥᠷᠭᠡᠨ ᠢᠶᠠᠷ ᠤᠬᠠᠭᠤᠯᠤᠨ ᠳᠡᠯᠭᠡᠷᠡᠭᠦᠯᠵᠦ᠂ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠤᠢᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠤᠨ᠎ᠠ᠃ ᠬᠤᠶᠠᠷ ᠲᠤ᠂ ᠪᠡᠯᠴᠢᠭᠡᠷᠯᠡᠭᠦᠯᠬᠦ ᠶᠢ ᠵᠣᠭᠰᠣᠭᠠᠬᠤ ᠪᠠ ᠮᠠᠯ ᠪᠠᠯᠴᠢᠬᠡᠷ ᠤᠨ ᠲᠡᠩᠴᠡᠭᠦᠷᠢ ᠲᠠᠢ ᠪᠠᠶᠢᠯᠭᠠᠬᠤ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠰᠢᠨ᠎ᠡ ᠨᠢᠭᠡᠨ ᠡᠭᠡᠯᠵᠢ ᠶᠢᠨ ᠨᠤᠲᠤᠭ ᠪᠡᠯᠴᠢᠭᠡᠷ ᠤᠨ ᠨᠦᠬᠦᠪᠤᠷᠢ ᠱᠠᠩᠨᠠᠯ ᠤᠨ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ᠂ ᠪᠡᠯᠴᠢᠭᠡᠷᠯᠡᠭᠦᠯᠬᠦ ᠶᠢ ᠵᠤᠭᠰᠤᠭᠠᠬᠤ ᠲᠤᠭᠤᠷᠢᠭ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠤᠭᠤᠷᠢᠭ ᠢ ᠵᠦᠶ ᠵᠣᠬᠢᠰᠲᠠᠶ ᠬᠤᠪᠢᠶᠠᠷᠢᠯᠠᠨ ᠲᠣᠭᠲᠠᠭᠠᠵᠤ᠂ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠪᠠ ᠰᠢᠯᠭᠠᠨ ᠬᠢᠨᠠᠬᠤ ᠡᠷᠴᠢᠮ ᠢ ᠴᠢᠩᠭᠠᠷᠠᠭᠤᠯᠤᠨ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠤᠭᠤᠷᠢᠭ ᠲᠤ ︽ᠳᠠᠭᠠᠭᠠᠴᠠ ᠠᠴᠠ ᠥᠯᠥ ᠬᠡᠲᠦᠷᠡᠭᠦᠯᠬᠦ︾᠂ ᠪᠡᠯᠴᠢᠭᠡᠷᠯᠡᠭᠦᠯᠬᠦ ᠶᠢ ᠵᠤᠭᠰᠤᠭᠠᠬᠤ ᠲᠤᠭᠤᠷᠢᠭ ᠲᠤ ︽ᠪᠡᠯᠴᠢᠭᠡᠷᠯᠡᠭᠦᠯᠬᠦ ᠶᠢ ᠥᠯᠥ ᠵᠥᠪᠰᠢᠶᠡᠷᠡᠬᠦ︾᠎ ᠶᠢ ᠦᠨᠡᠨᠬᠦ ᠪᠠᠲᠤᠯᠠᠨ᠎ᠠ᠃ ᠭᠤᠷᠪᠠ ᠳᠤ᠂ ᠨᠤᠲᠤᠭ ᠪᠡᠯᠴᠢᠭᠡᠷ ᠢ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠬᠦ ᠬᠦᠷᠢᠶ᠎ᠡ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠬᠦ ᠬᠡᠷᠡᠭᠲᠡᠶ᠃ ᠭᠠᠩᠭᠠᠩᠰᠢᠯᠢ ᠭᠠᠴᠠᠭ᠎ᠠ ᠶᠢᠨ ᠲᠣᠤᠷ ᠨᠡᠶᠢᠯᠡᠭᠦᠯᠦᠨ ᠡᠵᠡᠩᠨᠡᠭᠰᠡᠨ ᠨᠡᠶᠢᠲᠡᠯᠢᠭ ᠲᠤᠷᠰᠢᠯᠭ᠎ᠠ ᠶᠢ ᠶᠡᠬᠡᠪᠡᠷ ᠳᠡᠯᠭᠡᠷᠡᠭᠦᠯᠵᠦ᠂  ᠬᠤᠷᠰᠢᠶᠠᠵᠢᠯ᠂ ᠡᠷᠦᠬᠡ ᠬᠤᠯᠪᠤᠭᠠᠯᠠᠭᠰᠡᠨ ᠡᠵᠡᠩᠨᠡᠯᠲᠡ ᠶᠢᠨ ᠭᠤᠤᠯ ᠴᠣᠭᠴᠠ ᠶᠢᠨ ᠲᠣᠤᠷ ᠨᠡᠶᠢᠯᠡᠭᠦᠯᠦᠨ ᠡᠵᠡᠩᠨᠡᠬᠦ ᠶᠢ ᠵᠣᠷᠢᠭᠵᠢᠭᠤᠯᠤᠨ᠂ ᠳᠡᠭᠡᠳᠦ ᠱᠠᠲᠤᠨ ᠤ ᠲᠤᠤᠷ ᠬᠠᠰᠢᠶ᠎ᠠ ᠶᠢ ᠰᠢᠯᠢᠳᠡᠭᠵᠢᠭᠦᠯᠬᠦ ᠲᠥᠷᠥᠯ ᠵᠥᠢᠯ ᠤᠨ ᠪᠠᠯᠠ ᠮᠥᠩᠭᠦ ᠶᠢ ᠭᠤᠶᠤᠴᠢᠯᠡᠨ ᠣᠯᠵᠤ᠂ ᠰᠤᠮᠤ ᠪᠠᠯᠭᠠᠰᠤ ᠨᠢᠭᠡᠪᠦᠷᠢ ᠳᠤ 8 ᠲᠦᠮᠡᠨ ᠮᠥ ᠠᠴᠠ ᠲᠡᠬᠡᠭᠰᠢ ᠲᠤᠤᠷ ᠬᠠᠰᠢᠶ᠎ᠠ ᠶᠢ ᠰᠢᠯᠢᠳᠡᠭᠵᠢᠭᠦᠯᠬᠦ ᠲᠥᠷᠥᠯ ᠵᠥᠢᠯ ᠢ ᠬᠡᠷᠡᠭᠵᠢᠭᠦᠯᠦᠨ᠎ᠡ᠃ ᠬᠤᠶᠠᠷ ᠲᠤ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠶᠢ ᠬᠡᠷᠡᠭᠵᠢᠭᠦᠯᠵᠦ ᠪᠣᠬᠢᠷᠲᠤᠯ ᠢ ᠰᠡᠷᠭᠡᠶᠢᠯᠡᠨ ᠵᠠᠰᠠᠬᠤ ᠬᠡᠷᠡᠭᠲᠡᠢ᠃ ᠴᠢᠭᠯᠡᠯ ᠢᠶᠠᠨ ᠬᠤᠪᠢᠷᠠᠭᠤᠯᠬᠤ ᠦᠬᠡᠢ᠂ ᠡᠷᠴᠢᠮ ᠢᠶᠠᠨ ᠰᠤᠯᠠᠷᠠᠭᠤᠯᠬᠤ ᠦᠬᠡᠢ ᠪᠠᠶᠢᠬᠤ ᠶᠢ ᠪᠠᠷᠢᠮᠳᠠᠯᠠᠵᠤ᠂ ᠤᠨᠢᠨ ᠲᠡᠬᠡᠷ᠎ᠠ ᠨᠢ ᠰᠡᠷᠬᠡᠶᠢᠯᠡᠨ ᠵᠠᠰᠠᠬᠤ᠂ ᠰᠢᠡᠵᠢᠯᠡᠬᠦ ᠤᠬᠠᠭᠠᠡᠴᠢ ᠪᠠᠷ ᠰᠡᠷᠬᠡᠶᠢᠯᠡᠨ ᠵᠠᠰᠠᠬᠤ᠂ ᠬᠠᠤᠯᠢ ᠶᠤᠰᠤᠭᠠᠷ ᠰᠡᠷᠬᠡᠶᠢᠯᠡᠨ ᠵᠠᠰᠠᠬᠤ ᠶᠢ ᠪᠠᠷᠢᠮᠳᠠᠯᠠᠵᠤ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠯᠳᠠ ᠶᠢᠨ ᠦᠷ᠎ᠠ ᠪᠦᠳᠤᠬᠡᠯ ᠢ ᠪᠠᠬᠢᠵᠢᠬᠦᠯᠵᠤ ᠂ ᠬᠤᠶᠡᠳᠤᠭᠠᠷ ᠡᠬᠡᠯᠵᠢ ᠶᠢᠨ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠯᠳᠠ ᠶᠢ ᠤᠭᠳᠤᠬᠤ ᠪᠡᠯᠡᠳᠬᠡᠯ ᠢ ᠪᠦᠬᠦ ᠲᠠᠯ᠎ᠠ ᠪᠠᠷ ᠰᠠᠶᠢᠳᠤᠷ ᠬᠢᠬᠦ ᠬᠡᠷᠡᠭᠳᠡᠢ᠃ ᠨᠢᠬᠡ ᠳᠤ᠂ ᠠᠭᠠᠷ ᠮᠠᠡᠳᠠᠯ ᠤᠨ ᠪᠤᠬᠢᠷᠳᠤᠯ ᠢ ᠰᠡᠷᠬᠡᠶᠢᠯᠡᠬᠦ ᠲᠠᠶᠢᠯᠠᠯᠳᠤᠭᠠᠨ ᠤ ᠢᠯᠠᠯᠳᠠ ᠶᠢ ᠲᠠᠮᠠᠴᠠᠨ ᠤᠯᠬᠤ ᠬᠡᠷᠡᠭᠳᠡᠢ᠃ ᠭᠤᠤᠯ ᠪᠤᠯᠬᠤ ᠠᠭᠠᠷ ᠮᠠᠡᠳᠠᠯ ᠤᠨ ᠪᠤᠬᠢᠷᠳᠤᠯ ᠪᠤᠳᠠᠰ ᠤᠨ ᠭᠠᠳᠠᠭᠰᠢᠯᠠᠭᠤᠯᠤᠯᠳᠠ ᠶᠢᠨ ᠶᠠᠷᠤᠩᠬᠡᠢ ᠬᠡᠮᠵᠢᠶ᠎ᠠ ᠶᠢ ᠦᠷᠬᠦᠯᠵᠢᠯᠡᠨ ᠪᠠᠭᠠᠰᠬᠠᠵᠤ᠂ ᠱᠦᠢᠨᠢ ᠵᠠᠷᠬᠡ ᠭᠤᠤᠯᠳᠠᠯᠭ᠎ᠠ ᠲᠠᠢ ᠠᠵᠢᠯ ᠲᠦᠷᠤᠯ ᠵᠢᠴᠢ ᠨᠠᠬᠦᠷᠡᠰᠤ ᠰᠢᠳᠠᠭᠠᠬᠤ ᠵᠤᠤᠬ᠎ᠠ᠂ ᠠᠵᠤ ᠦᠢᠯᠡᠳᠪᠤᠷᠢ ᠶᠢᠨ ᠵᠤᠤᠬ᠎ᠠ ᠵᠡᠷᠬᠡ ᠪᠤᠬᠢᠷᠳᠤᠯ ᠢ ᠵᠠᠰᠠᠬᠤ ᠲᠦᠬᠦᠬᠡᠷᠤᠮᠵᠢ ᠶᠢ ᠦᠬᠡᠷᠡᠴᠢᠯᠡᠬᠦ ᠢᠡᠵᠧᠨᠧᠷᠢᠩ ᠢ ᠪᠦᠬᠦ ᠲᠠᠯ᠎ᠠ ᠪᠠᠷ ᠪᠠᠶᠠᠯᠠᠬᠦᠯᠤᠨ᠎ᠠ᠃ ︽ᠲᠠᠷᠬᠠᠢ ᠪᠤᠳᠠᠷᠬᠠᠢ᠂ ᠡᠮᠬᠢ ᠵᠠᠮᠪᠠᠷᠠᠭ᠎ᠠ ᠦᠬᠡᠢ᠂ ᠪᠤᠬᠢᠷᠳᠤᠯ ᠎ ᠲᠠᠢ︾ ᠠᠵᠤ ᠠᠬᠤᠶᠢᠯᠡᠯ ᠢ ᠶᠠᠷᠤᠩᠬᠡᠶᠢᠯᠡᠨ ᠵᠠᠰᠠᠬᠤ ᠶᠢ ᠦᠨᠡᠡᠬᠦ ᠴᠢᠩᠭᠠᠳᠬᠠᠵᠤ᠂ ᠵᠢᠶᠦ᠋ᠨ ᠯᠢᠶᠠᠨ ᠲᠤᠯᠠᠭᠠᠯᠯᠠᠭ᠎ᠠ ᠬᠠᠩᠭᠠᠬᠤ ᠵᠤᠤᠬ᠎ᠠ ᠶᠢᠨ ᠪᠠᠷᠢᠮᠵᠢᠶ᠎ᠠ ᠶᠢ ᠲᠡᠬᠡᠭᠰᠢᠯᠡᠬᠦᠯᠤᠨ ᠦᠬᠡᠷᠡᠴᠢᠯᠡᠬᠦ ᠢᠡᠵᠧᠨᠧᠷᠢᠩ ᠢ ᠭᠤᠤᠯᠳᠠᠯᠭ᠎ᠠ ᠲᠠᠢ ᠰᠠᠶᠢᠳᠤᠷ ᠠᠳᠬᠤᠨ᠎ᠠ᠃ ᠬᠤᠶᠠᠷ ᠲᠤ᠂ ᠴᠡᠩᠭᠡᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠲᠠᠮᠠᠴᠠᠨ ᠤᠯᠬᠤ ᠬᠡᠷᠡᠭᠲᠡᠢ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠬᠡᠷᠡᠭᠵᠢᠭᠦᠯᠵᠦ᠂ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠣᠨ ᠤ ᠵᠢᠷᠤᠮᠵᠢᠭᠰᠠᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠥᠷᠨᠢᠭᠦᠯᠵᠦ᠂ ︽ᠨᠢᠭᠡ ᠡᠬᠢ ᠰᠤᠷᠪᠤᠯᠵᠢ ᠨᠢᠭᠡ ᠲᠠᠩᠰᠠ ᠡᠪᠬᠡᠮᠡᠯ︾᠎ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠳᠥᠯᠭᠢᠨ ᠠᠬᠢᠭᠤᠯᠬᠤ ᠬᠡᠷᠡᠭᠳᠡᠢ᠃ ᠭᠤᠣᠯ ᠨᠠᠭᠤᠷ ᠤᠨ ᠳᠠᠷᠤᠭ᠎ᠠ ᠶᠢᠨ ᠲᠥᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠰᠠᠪᠠ ᠭᠠᠵᠠᠷ ᠤᠨ ᠤᠷᠤᠰᠬᠠᠯ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢ ᠴᠢᠩᠭᠠᠳᠬᠠᠨ᠂ ᠴᠠᠭᠠᠨᠨᠠᠭᠤᠷ ᠨᠠᠭᠤᠷ ᠤᠨ ᠪᠠᠭᠲᠠᠭᠠᠮᠵᠢ ᠶᠢ ᠥᠷᠭᠡᠳᠬᠡᠬᠦ ᠪᠠ ᠤᠶᠤᠯᠢᠬ ᠤᠰᠤᠨ ᠠᠰᠢᠭᠯᠠᠯᠲᠠ ᠶᠢᠨ ᠮᠡᠳᠡᠭᠡ ᠵᠠᠩᠭᠢᠵᠢᠭᠤᠯᠬᠤ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠴᠢᠷᠮᠠᠶᠢᠨ ᠣᠯᠬᠤ ᠪᠠᠷ ᠴᠢᠷᠮᠠᠶᠢᠨ᠎ᠠ᠃ ᠪᠣᠬᠢᠷ ᠤᠰᠤᠨ ᠤ ᠬᠤᠭᠤᠯᠠᠶ ᠶᠢᠨ ᠲᠣᠣᠷ ᠢ ᠬᠤᠯᠪᠣᠬᠤ ᠢᠨᠵᠧᠨᠧᠷᠢᠩ ᠢ ᠬᠡᠷᠡᠭᠵᠢᠭᠦᠯᠵᠦ᠂ ᠤᠰᠤ ᠶᠢ ᠲᠡᠬᠢᠨ ᠠᠰᠢᠭᠯᠠᠬᠤ ᠦᠢᠯᠡᠳᠪᠦᠷᠢ ᠶᠢᠨ ᠪᠠᠭᠲᠠᠭᠠᠮᠵᠢ ᠶᠢ ᠥᠷᠭᠡᠳᠬᠡᠬᠦ ᠢᠨᠵᠧᠨᠧᠷᠢᠩ ᠢ ᠡᠬᠢᠯᠡᠭᠦᠯᠵᠦ᠂ ᠬᠤᠲᠠ ᠪᠠᠯᠭᠠᠰᠤᠨ ᠤ ᠪᠣᠬᠢᠷ ᠤᠰᠤ ᠶᠢ ᠴᠤᠭᠯᠠᠭᠤᠯᠬᠤ ᠪᠠ ᠰᠢᠢᠳᠪᠤᠷᠢᠯᠡᠬᠦ ᠳᠤᠲᠠᠭᠤᠳᠠᠯ ᠢ ᠨᠥᠬᠦᠪᠥᠷᠢᠯᠡᠨ᠎ᠡ᠃ ᠭᠤᠷᠪᠠ ᠳᠤ᠂ ᠬᠦᠷᠤᠰᠤ ᠰᠢᠷᠥᠢ ᠢ ᠬᠠᠮᠠᠭᠠᠯᠠᠬᠤ ᠲᠠᠶᠢᠨ ᠤ ᠢᠯᠠᠯᠲᠠ ᠶᠢ ᠲᠠᠮᠠᠴᠠᠨ ᠤᠯᠬᠤ ᠬᠡᠷᠡᠭᠲᠡᠶ᠃ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠭᠤᠣᠯᠳᠠᠯᠭ᠎ᠠ ᠲᠠᠢ ᠠᠵᠢᠯ ᠲᠦᠷᠦᠯ ᠤᠨ ᠠᠵᠤ ᠠᠬᠤᠶᠢᠯᠠᠯ ᠤᠨ ᠣᠷᠴᠢᠨ ᠲᠤᠭᠤᠷᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠣᠬᠢᠷᠲᠤᠭᠰᠠᠨ ᠭᠠᠵᠠᠷ ᠢ ᠲᠠᠬᠢᠨ ᠨᠡᠭᠡᠭᠡᠨ ᠠᠰᠢᠭᠯᠠᠬᠤ ᠬᠠᠮᠢᠶᠠᠷᠤᠯᠲᠠ ᠶᠢ ᠴᠢᠩᠭᠠᠳᠬᠠᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠠᠶᠤᠯᠲᠠᠶ ᠬᠠᠶᠠᠭᠳᠠᠮᠠᠯ ᠪᠣᠳᠠᠰ ᠤᠨ ᠪᠣᠬᠢᠷᠲᠤᠯ ᠢ ᠰᠡᠷᠭᠡᠶᠢᠯᠡᠨ ᠵᠠᠰᠠᠬᠤ ᠡᠷᠴᠢᠮ ᠢ ᠴᠢᠩᠭᠠᠷᠠᠭᠤᠯᠤᠨ᠎ᠠ᠃ ᠠᠭᠤᠷᠬᠠᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠪᠣᠬᠢᠷᠲᠤᠯ ᠦᠭᠡᠶ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠠᠬᠢᠴᠠ ᠶᠢ ᠲᠦᠷᠬᠡᠳᠬᠡᠵᠤ᠂ ᠶᠢᠨ ᠳ᠋ᠢ ᠠᠭᠤᠷᠬᠠᠶ ᠶᠢᠨ ᠦᠢᠯᠡᠰ᠂ ᠵᠢᠢ ᠳ᠋ᠦᠡᠭ ᠱᠦᠢᠨᠢ ᠶᠢ ᠤᠯᠤᠰ ᠤᠨ ᠲᠠᠰ ᠤᠨ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠬᠤ᠂ ᠭᠤᠷᠴᠢ ᠶᠢ ᠥᠪᠡᠷᠲᠡᠭᠡᠨ ᠵᠠᠰᠠᠬᠤ ᠣᠷᠣᠨ ᠤ ᠲᠠᠰ ᠤᠨ ᠨᠡᠷᠡᠰ ᠤᠨ ᠵᠢᠭᠰᠠᠭᠠᠯᠲᠠ ᠳᠤ ᠣᠷᠣᠭᠤᠯᠬᠤ ᠶᠢ ᠠᠬᠢᠭᠤᠯᠵᠤ ᠂ ᠵᠠᠳᠠᠭᠠᠶ ᠠᠭᠤᠷᠬᠠᠶ ᠶᠢᠨ ᠠᠮᠢ ᠠᠬᠤᠶ ᠶᠢ ᠰᠡᠷᠭᠦᠭᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠵᠢᠯ ᠤᠨ ᠳᠣᠲᠣᠷ᠎ᠠ ᠫᠢᠩ ᠠᠨ ᠨᠡᠭᠦᠷᠡᠰᠦᠨ ᠠᠭᠤᠷᠬᠠᠶ᠂ ᠮᠠᠨᠢᠲᠤ ᠨᠡᠭᠦᠷᠡᠰᠦᠨ ᠠᠭᠤᠷᠬᠠᠶ ᠶᠢ ᠴᠡᠭᠴᠡᠯᠡᠨ ᠵᠠᠰᠠᠬᠤ ᠢᠨᠵᠧᠨᠧᠷᠢᠩ ᠢ ᠪᠡᠶᠡᠯᠡᠭᠦᠯᠵᠦ᠂ ᠦᠯᠡᠳᠡᠭᠳᠡᠵᠦ ᠬᠠᠶᠠᠭᠳᠠᠭᠰᠡᠨ ᠨᠦᠬᠡ ᠶᠢ ᠵᠠᠰᠠᠬᠤ ᠡᠷᠴᠢᠮ ᠢ ᠴᠢᠩᠭᠠᠷᠠᠭᠤᠯᠤᠨ᠂ ᠵᠢᠯ ᠤᠨ ᠳᠣᠲᠣᠷ᠎ᠠ ᠴᠠᠭᠠᠨ ᠨᠠᠭᠤᠷ ᠤᠨ ᠲᠡᠮᠦᠷ ᠤᠨ ᠠᠭᠤᠷᠬᠠᠶ ᠶᠢᠨ ᠠᠭᠤᠷᠬᠠᠶ ᠶᠢᠨ ᠲᠤᠭᠤᠷᠢᠭ ᠢ ᠶᠡᠷᠦᠩᠬᠡᠶᠢᠯᠡᠨ ᠵᠠᠰᠠᠬᠤ ᠡᠭᠦᠷᠭᠡ ᠶᠢ ᠪᠡᠶᠡᠯᠡᠭᠦᠯᠦᠨ᠎ᠡ᠃ ᠲᠦᠷᠪᠡ ᠳᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠦᠬᠦ ᠬᠦᠴᠦᠨ ᠢᠶᠠᠷ ᠠᠬᠢᠭᠤᠯᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ︽ᠤᠯᠠᠨ ᠲᠥᠯᠥᠪᠵᠢᠭᠦᠯᠭᠡ ᠶᠢ ᠨᠢᠭᠡᠳᠬᠡᠬᠦ︾᠎ ᠶᠢ ᠪᠡᠶᠡᠯᠡᠭᠦᠯᠬᠦ ᠬᠡᠷᠡᠭᠲᠡᠢ᠃ ᠪᠥᠬᠦ ᠬᠤᠰᠢᠭᠤᠨ ᠤ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠵᠠᠭᠠᠭ ᠬᠠᠶᠢᠵᠤ ᠪᠠᠷᠢᠮᠵᠢᠶ᠎ᠠ ᠲᠣᠭᠲᠠᠭᠠᠬᠤ ᠠᠵᠢᠯ ᠢ ᠥᠷᠨᠢᠭᠦᠯᠵᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠤᠯᠤᠰ ᠤᠨ ᠪᠠᠶᠢᠳᠠᠯ ᠤᠨ ᠪᠠᠶᠢᠴᠠᠭᠠᠯᠲᠠ ᠪᠠ ᠪᠥᠬᠦ ᠤᠯᠤᠰ ᠤᠨ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠳᠠ ᠶᠢᠨ ᠠᠵᠢᠯ ᠢ ᠪᠠᠶᠠᠯᠠᠬᠦᠯᠤᠨ᠎ᠠ᠃      ︵ᠳᠥᠷᠪᠡ︶ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ ᠥᠭᠡᠷᠡᠴᠢᠯᠡᠯᠲᠡ ᠨᠡᠭᠡᠭᠡᠯᠲᠡ ᠶᠢ ᠠᠬᠢᠭᠤᠯᠬᠤ ᠬᠡᠷᠡᠭᠳᠡᠢ᠃     ᠥᠭᠡᠷᠡᠴᠢᠯᠡᠯᠲᠡ ᠪᠠᠷ ᠰᠢᠪᠲᠤᠯᠤᠯᠲᠠ ᠶᠢᠨ ᠴᠡᠭ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠤᠰᠬᠠᠶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠠ ᠲᠣᠬᠢᠶᠠᠯ ᠎ ᠢ ᠡᠵᠡᠮᠳᠡᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠴᠢᠭᠯᠡᠬᠦᠯᠤᠨ᠂ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠵᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠳᠡᠢ᠃ ᠨᠢᠭᠡ ᠳᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ᠃ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠡᠷᠴᠢᠮ ᠢ ᠴᠢᠩᠭᠠᠷᠠᠭᠤᠯᠵᠤ᠂ ᠥᠨᠳᠥᠷ ᠪᠦᠲᠦᠮᠵᠢᠲᠡᠶ ᠦᠢᠯᠡᠴᠢᠯᠡᠬᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠬᠦᠴᠦᠯᠡᠨ ᠪᠠᠶᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠨ᠂ ᠬᠢᠨᠠᠨ ᠵᠥᠪᠰᠢᠶᠡᠷᠡᠬᠦ ᠵᠥᠢᠯᠡᠰ ᠤᠨ ᠰᠠᠯᠠᠭ᠎ᠠ ᠮᠥᠴᠢᠷ ᠢ ᠪᠦᠬᠦᠨ ᠢ ᠲᠢᠩᠬᠢᠮ ᠳᠤ ᠣᠷᠣᠭᠤᠯᠵᠤ᠂ ︽ᠢᠨᠲ᠋ᠤᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠎ ᠶᠢ ᠬᠡᠷᠡᠭᠵᠢᠭᠦᠯᠦᠨ᠂ ︽ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠤᠷᠢᠯᠡᠬᠦ᠂ ᠲᠥᠪᠯᠡᠷᠡᠭᠦᠯᠦᠨ ᠦᠢᠯᠡᠴᠢᠯᠡᠬᠦ︾ ᠪᠠ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠬᠦᠢᠴᠡᠳᠬᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠬᠢᠨᠠᠨ ᠵᠥᠪᠰᠢᠶᠡᠷᠡᠬᠦ ᠲᠠᠷᠠᠭᠠᠯᠠᠯ ᠢ ᠰᠢᠯᠢᠳᠡᠭᠵᠢᠭᠦᠯᠦᠨ᠂ ᠦᠢᠯᠡᠴᠢᠯᠡᠬᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠯᠤᠰ ᠠᠴᠠ ᠣᠨᠳᠣᠤ ᠭᠠᠵᠠᠷ ᠲᠤ ᠳᠠᠭᠠᠭᠠᠴᠢᠯᠠᠯᠲᠠ ᠦᠨᠡᠯᠡᠬᠦ ᠨᠣᠷᠮ᠎ᠠ ᠶᠢ ᠵᠢᠯ ᠤᠨ ᠳᠣᠲᠣᠷ᠎ᠠ 80%᠎ ᠳᠤ ᠬᠦᠷᠬᠡᠬᠦ ᠪᠠᠷ ᠴᠢᠷᠮᠠᠶᠢᠨ᠎ᠠ᠃ ᠨᠡᠶᠢᠭᠡᠮ ᠤᠨ ᠢᠲᠡᠭᠡᠮᠵᠢ ᠶᠢᠨ ᠲᠤᠭᠳᠠᠯᠴᠠᠭ᠎ᠠ ᠢ ᠪᠠᠶᠢᠭᠤᠯᠤᠨ ᠲᠡᠭᠦᠯᠳᠡᠷᠵᠢᠭᠦᠯᠵᠦ᠂ ︽ᠢᠨᠲ᠋ᠤᠷ ᠰᠦᠯᠵᠢᠶ᠎ᠡ + ᠢᠲᠡᠭᠡᠮᠵᠢ ᠶᠢᠨ ᠬᠢᠨᠠᠯᠲᠠ ᠬᠠᠮᠢᠶᠠᠷᠤᠯᠲᠠ︾᠎ ᠶᠢ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠪᠠ ᠥᠪᠡᠷ ᠤᠨ ᠦᠷᠳᠡᠭ ᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠲᠣᠭᠲᠠᠭᠠᠯ ᠠᠴᠠ ᠵᠥᠷᠢᠴᠡᠨ ᠠᠵᠤ ᠠᠬᠤᠶᠢᠯᠠᠯ ᠳᠤ ᠬᠤᠯᠪᠣᠭᠳᠠᠭᠰᠠᠨ ᠡᠯ᠎ᠡ ᠲᠦᠷᠦᠯ ᠤᠨ ᠰᠦᠢᠳᠬᠡᠯ ᠬᠤᠷᠢᠶᠠᠬᠤ ᠶᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠤᠨ᠎ᠠ᠃ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ ᠠᠵᠤ ᠠᠬᠤᠶᠢᠯᠠᠯ ᠤᠨ ᠭᠤᠣᠯ ᠡᠭᠦᠷᠭᠡ ᠡᠭᠦᠷᠭᠡᠯᠡᠬᠦ᠂ ᠬᠦᠨᠳᠦ ᠡᠭᠦᠷᠭᠡ ᠡᠭᠦᠷᠭᠡᠯᠡᠬᠦ᠂ ᠬᠤᠪᠢ ᠨᠡᠮᠡᠷᠢ ᠦᠵᠡᠭᠦᠯᠬᠦ ᠶᠢ ᠵᠣᠷᠢᠭᠵᠢᠭᠤᠯᠬᠤ ᠬᠡᠷᠡᠭᠲᠡᠶ᠃ ᠬᠤᠶᠠᠷ ᠲᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠶ᠃ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠵᠤᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠪᠠᠩᠬᠢ ᠠᠵᠤ ᠠᠬᠤᠶᠢᠯᠠᠯ ᠤᠨ ᠰᠠᠶᠢᠨ ᠰᠠᠶᠢᠬᠠᠨ ᠬᠠᠮᠳᠤᠷᠠᠯᠴᠠᠭ᠎ᠠ ᠶᠢ ᠪᠡᠶᠡᠯᠡᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠵᠢᠴᠢ ᠠᠷᠠᠳ ᠠᠴᠠ ᠡᠵᠡᠩᠨᠡᠭᠰᠡᠨ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢᠨ ᠠᠵᠢᠯ ᠢ ᠭᠦᠨᠵᠡᠭᠡᠶ ᠥᠷᠨᠢᠭᠦᠯᠵᠦ᠂ ᠰᠢᠨ᠎ᠡ ᠬᠡᠯᠪᠡᠷᠢ ᠶᠢᠨ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠳᠤ ᠪᠠᠲᠤᠯᠠᠭ᠎ᠠ ᠠᠪᠴᠤ ᠦᠬᠡᠢ᠂ ᠪᠠᠷᠢᠴᠠᠭ᠎ᠠ ᠦᠭᠡᠶ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠢ ᠳᠡᠯᠭᠡᠷᠡᠭᠦᠯᠵᠦ᠂ ᠡᠬᠡ ᠮᠥᠩᠭᠦ ᠶᠢ ᠪᠤᠴᠠᠭᠠᠬᠤ ᠥᠬᠡᠶ ᠪᠠᠷ ᠦᠷᠭᠦᠯᠵᠢᠯᠡᠨ ᠵᠢᠭᠡᠯᠡᠯᠭᠡ ᠲᠠᠯᠪᠢᠬᠤ ᠪᠠᠩᠬᠢ ᠭᠠᠶᠢᠯᠢ ᠶᠢᠨ ᠬᠠᠷᠢᠯᠴᠠᠨ ᠬᠥᠳᠡᠯᠦᠯᠴᠡᠬᠦ᠂ ᠬᠤᠷᠢᠶᠠᠪᠠᠰᠤ ᠵᠣᠬᠢᠬᠤ  ᠵᠣᠭᠤᠰ ᠵᠡᠷᠭᠡ ᠪᠠᠯᠠ ᠲᠣᠬᠢᠷᠠᠭᠤᠯᠭ᠎ᠠ ᠶᠢᠨ ᠦᠢᠯᠡᠳᠬᠦᠨ ᠤ ᠡᠵᠡᠯᠡᠬᠦ ᠬᠠᠷᠢᠴᠠᠯ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠶᠡᠭᠡ ᠪᠠᠭ᠎ᠠ ᠪᠢᠴᠢᠯ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠤᠨ ᠬᠦᠤ ᠮᠥᠩᠭᠦ ᠶᠢᠨ ᠳᠠᠷᠤᠭᠠᠰᠤ ᠪᠠ ᠡᠬᠡ ᠮᠥᠩᠭᠦ ᠪᠤᠴᠠᠭᠠᠬᠤ ᠳᠠᠷᠤᠯᠲᠠ ᠶᠢ ᠬᠥᠩᠭᠡᠷᠡᠭᠦᠯᠦᠨ᠂ ᠵᠢᠯ ᠤᠨ ᠳᠣᠲᠣᠷ᠎ᠠ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠢ 2 ᠤᠳᠠᠭ᠎ᠠ ᠬᠤᠷᠠᠯᠳᠤᠭᠤᠯᠵᠤ᠂ ᠭᠤᠤᠯᠳᠠᠯᠭ᠎ᠠ ᠲᠠᠢ ᠲᠥᠷᠥᠯ ᠵᠥᠢᠯ᠂ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠳᠤ ᠮᠥᠩᠭᠦᠨ ᠬᠦᠢᠯᠬᠡᠬᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ︽ᠨᠢᠭᠡ ᠨᠢ ᠨᠢᠭᠡ ᠶᠢ ᠬᠠᠷᠢᠴᠠᠬᠤ︾ ᠲᠤᠰᠬᠠᠶ ᠲᠦᠷᠤᠯ ᠤᠨ ᠵᠣᠯᠭᠠᠯᠴᠠᠭ᠎ᠠ ᠶᠢ ᠥᠷᠨᠢᠭᠦᠯᠵᠤ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ᠂ ᠥᠨᠳᠥᠷ ᠬᠦᠦ ᠲᠠᠢ ᠵᠢᠭᠡᠯᠡᠯᠭᠡ ᠲᠠᠯᠪᠢᠬᠤ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠦᠷᠭᠦᠯᠵᠢᠯᠡᠨ ᠴᠣᠬᠢᠯᠲᠠ ᠥᠭᠴᠦ᠂ ᠮᠥᠩᠭᠦᠨ ᠭᠦᠢᠯᠭᠡᠭᠡᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠶ᠃ ᠭᠤᠷᠪᠠ ᠳᠤ ᠪᠦᠬᠦ ᠲᠠᠯ᠎ᠠ ᠶᠢᠨ ᠥᠭᠡᠷᠡᠴᠢᠯᠡᠯᠲᠡ ᠨᠡᠭᠡᠭᠡᠯᠳᠡ ᠶᠢ ᠦᠷᠭᠦᠯᠵᠢᠯᠡᠨ ᠲᠦᠯᠬᠢᠨ ᠠᠬᠢᠭᠤᠯᠬᠤ ᠬᠡᠷᠡᠭᠲᠡᠶ᠃ ᠨᠡᠭᠡᠭᠡᠯᠲᠡᠲᠦ ᠬᠥᠭᠵᠢᠯᠲᠡ ᠶᠢᠨ ᠣᠨᠣᠯᠵᠢᠬᠤᠨ ᠢ ᠭᠦᠨᠵᠡᠭᠡᠶ ᠦᠢᠯᠡᠳᠤᠭᠵᠢᠬᠦᠯᠵᠤ᠂ ᠮᠠᠨ ᠤ ᠬᠤᠰᠢᠭᠤᠨ ᠤ ᠣᠷᠣᠨ ᠪᠠᠶᠢᠷᠢ ᠪᠠ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠠ ᠤᠯᠤᠰ ᠤᠨ ᠳᠣᠲᠣᠭᠠᠳᠤ ᠶᠢᠨ ᠰᠠᠶᠢᠨ ᠰᠠᠶᠢᠬᠠᠨ ᠠᠰᠢᠭᠲᠠᠶ ᠠᠵᠠ ᠲᠣᠬᠢᠶᠠᠯ ᠢ ᠴᠢᠩᠭ᠎ᠠ ᠠᠳᠬᠤᠨ᠂ ︽ᠬᠤᠶᠠᠷ ᠰᠠᠭᠤᠷᠢᠨ ᠭᠠᠵᠠᠷ︾᠎ ᠤᠨ ᠪᠥᠲᠥᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠴᠡᠪᠡᠷ ᠡᠨᠧᠷᠭᠢ ᠶᠢ ᠭᠠᠳᠠᠭᠰᠢ ᠬᠦᠷᠭᠡᠬᠦ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠨ᠂ ᠪᠣᠬᠢᠷᠲᠤᠯ ᠥᠬᠡᠶ ᠣᠷᠭᠠᠨᠢᠭ ᠮᠠᠯ ᠤᠨ ᠠᠰᠢᠭ ᠰᠢᠮ᠎ᠡ ᠶᠢᠨ ᠳᠡᠭᠡᠳᠦ ᠲᠠᠰ ᠤᠨ ᠵᠠᠬ᠎ᠠ ᠳᠡᠯᠭᠡᠭᠦᠷ ᠢ ᠡᠵᠡᠯᠡᠬᠦ ᠶᠢ ᠠᠬᠢᠭᠤᠯᠤᠨ᠎ᠠ᠃ ᠡᠷᠬᠢᠨ ᠲᠣᠭᠤᠷᠢᠨ ᠤ ᠬᠤᠰᠢᠭᠤ ᠰᠢᠶᠠᠨ᠂ ᠠᠶᠢᠮᠠᠭ ᠬᠤᠲᠠ᠂ ᠬᠥᠭᠵᠢᠭᠰᠡᠨ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠶᠢ ᠦᠨᠡᠨᠬᠦ ᠴᠢᠩᠭᠠᠳᠬᠠᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢᠨ ᠪᠠᠶᠢᠩᠭᠤ ᠶᠢᠨ ᠪᠦᠲᠦᠮᠵᠢᠲᠡᠶ ᠵᠤᠬᠢᠴᠠᠮᠵᠢ ᠪᠠ ᠬᠠᠮᠵᠢᠯᠴᠠᠨ ᠨᠡᠭᠡᠭᠡᠯᠲᠡ ᠬᠢᠵᠦ ᠬᠥᠭᠵᠢᠭᠦᠯᠬᠦ  ᠵᠤᠬᠢᠴᠠᠮᠵᠢ ᠶᠢ ᠪᠠᠶᠢᠭᠤᠯᠤᠨ᠂ ᠠᠵᠤ ᠦᠢᠯᠡᠰ ᠢ ᠵᠣᠯᠭᠠᠭᠤᠯᠵᠤ ᠬᠠᠷᠢᠯᠴᠠᠨ ᠨᠥᠬᠦᠪᠥᠷᠢᠯᠡᠬᠦ᠂ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ᠂ ᠴᠢᠬᠤᠯᠠ ᠶᠡᠭᠡ ᠲᠥᠷᠥᠯ ᠵᠥᠢᠯ ᠤᠨ ᠬᠠᠮᠲᠤᠷᠠᠯᠴᠠᠭ᠎ᠠ᠂ ᠺᠠᠳ᠋ᠷ ᠴᠢᠳᠠᠪᠤᠷᠢᠲᠠᠨ ᠤ ᠰᠣᠯᠢᠯᠴᠠᠭ᠎ᠠ ᠵᠡᠷᠭᠡ ᠲᠠᠯ᠎ᠠ ᠪᠠᠷ ᠨᠠᠩ ᠣᠯᠠᠨ ᠦᠷ᠎ᠡ ᠪᠦᠲᠦᠭᠡᠯ ᠤᠯᠬᠤ ᠪᠠᠷ ᠴᠢᠷᠮᠠᠶᠢᠬᠤ ᠬᠡᠷᠡᠭᠲᠡᠶ᠃ ᠦᠨᠡᠨᠴᠢ ᠢᠲᠡᠭᠡᠮᠵᠢᠲᠡᠶ᠂ ᠨᠠᠷᠢᠯᠢᠭ ᠤᠨᠤᠪᠴᠢᠳᠡᠢ᠂ ᠠᠮᠢᠳᠤᠯᠢᠭ ᠪᠠᠶᠢᠬᠤ ᠵᠠᠷᠴᠢᠮ ᠶᠣᠰᠣᠭᠠᠷ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠭᠠᠳᠠᠭᠠᠳᠤ ᠳᠤ ᠤᠬᠠᠭᠤᠯᠤᠨ ᠲᠠᠨᠢᠯᠴᠠᠭᠤᠯᠬᠤ ᠪᠠ ᠠᠵᠤ ᠠᠬᠤᠶ ᠠᠷᠠᠯᠵᠢᠶ᠎ᠠ ᠰᠣᠶᠣᠯ ᠤᠨ ᠰᠣᠯᠢᠯᠴᠠᠭ᠎ᠠ ᠪᠠᠨ ᠴᠢᠩᠭᠠᠳᠬᠠᠵᠤ᠂ ᠭᠠᠳᠠᠭᠰᠢ ᠭᠠᠷᠴᠤ ︽ᠲᠠᠨᠢᠯᠴᠠᠭᠤᠯᠬᠤ︾᠂ ᠤᠷᠢᠵᠤ ᠠᠪᠴᠢᠷᠠᠬᠤ ᠪᠠᠷ ᠳᠡᠮᠵᠢᠨ᠂ ᠮᠠᠨ ᠤ ᠬᠤᠰᠢᠭᠤᠨ ᠤ ᠨᠥᠯᠥᠭᠡᠯᠡᠬᠦ ᠬᠦᠴᠦᠨ ᠪᠠ ᠨᠠᠷ᠎ᠠ ᠠᠯᠳᠠᠷᠰᠢᠯ ᠢᠶᠠᠨ ᠲᠠᠰᠤᠷᠠᠯᠲᠠ ᠥᠬᠡᠶ ᠥᠷᠭᠡᠳᠬᠡᠵᠦ᠂ ᠨᠠᠩ ᠣᠯᠠᠨ ᠠᠵᠤ ᠠᠬᠤᠶᠢᠯᠠᠯ ᠤᠨ ᠬᠤᠰᠢᠭᠤᠨ ᠳᠤ ᠢᠷᠡᠵᠦ ᠪᠠᠯᠠ ᠣᠷᠣᠭᠤᠯᠤᠨ ᠦᠢᠯᠡᠰ ᠬᠥᠭᠵᠢᠭᠦᠯᠬᠦ ᠶᠢ ᠲᠠᠮᠵᠢᠬᠦ ᠬᠡᠷᠡᠭᠲᠡᠶ᠃       ︵ᠲᠠᠪᠤ︶ ᠠᠷᠠᠳ ᠲᠦᠮᠡᠨ ᠳᠤ ᠵᠤᠯ ᠵᠢᠷᠭᠠᠯ ᠡᠳ᠋ᠯᠡᠬᠦᠯᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠬᠦᠯᠬᠦ ᠬᠡᠷᠡᠭᠳᠡᠢ᠃       ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠱᠠᠭᠠᠷᠳᠠᠯᠭ᠎ᠠ ᠶᠢ ᠮᠠᠨ ᠤ ᠲᠡᠮᠡᠴᠡᠯ ᠤᠨ ᠬᠠᠷᠠᠯᠲᠠ ᠪᠠᠨ ᠪᠣᠯᠭᠠᠬᠤ ᠶᠢ ᠪᠠᠷᠢᠮᠲᠠᠯᠠᠵᠤ᠂ ᠲᠥᠪ ᠤᠨ ᠰᠢᠭᠤᠳ ᠭᠤᠪᠢᠭᠤᠯᠬᠤ ᠪᠡᠯᠡ ᠮᠥᠩᠭᠦ ᠶᠢ ᠰᠠᠶᠢᠲᠤᠷ ᠬᠡᠷᠡᠭᠯᠡᠵᠦ ᠠᠮᠢᠳᠤᠯᠢᠭ ᠢᠶᠠᠷ ᠬᠡᠷᠡᠭᠯᠡᠵᠦ᠂ ᠠᠷᠠᠳ ᠤᠨ ᠠᠮᠢᠳᠤᠷᠠᠯ ᠤᠨ ᠪᠡᠯᠡ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠤᠯᠠᠨ ᠲᠦᠮᠡᠨ ᠤ ᠬᠠᠮᠤᠭ ᠤᠨ ᠪᠠᠴᠢᠮ ᠬᠠᠮᠤᠭ ᠤᠨ  ᠰᠠᠨᠠᠭᠠᠰᠢᠷᠠᠵᠤ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ᠂ ᠠᠷᠠᠳ ᠲᠦᠮᠡᠨ ᠤ ᠢᠳᠡᠬᠡᠯ ᠬᠦᠷᠢᠶᠠᠯᠠᠯ ᠢ ᠤᠯᠬᠤ ᠪᠠᠷ ᠴᠢᠷᠮᠠᠶᠢᠬᠤ ᠬᠡᠷᠡᠭᠲᠡᠢ᠃ ᠨᠢᠭᠡ ᠳᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠥᠷᠭᠡᠳᠬᠡᠨ᠎ᠡ᠃ ᠰᠢᠨ᠎ᠡ ᠨᠢᠭᠡ ᠡᠭᠡᠯᠵᠢ ᠶᠢᠨ ᠠᠵᠢᠯ ᠣᠯᠭᠤᠯᠲᠠ ᠳᠠᠬᠢᠨ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠠᠳᠠᠯ ᠦᠢᠯᠡᠰ ᠴᠣᠭᠴᠠᠯᠠᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠪᠣᠯᠪᠠᠰᠤᠷᠠᠯ ᠬᠢᠭᠡᠳ ᠠᠵᠢᠯ ᠣᠯᠭᠤᠯᠲᠠ ᠶᠢ ᠨᠢᠭᠲᠠ ᠵᠣᠯᠭᠠᠭᠤᠯᠬᠤ ᠶᠢ ᠠᠬᠢᠭᠤᠯᠵᠤ᠂ ᠶᠡᠷᠦᠩᠬᠡᠶᠢᠯᠡᠭᠰᠡᠨ ᠰᠤᠷᠭᠠᠨ ᠬᠥᠮᠦᠵᠢᠯ ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠬᠠᠮᠢᠶᠠᠷᠤᠯᠲᠠ ᠶᠢᠨ ᠪᠣᠯᠪᠠᠰᠤᠷᠠᠯ ᠤᠨ ᠬᠢᠷᠢ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠵᠦ᠂ ᠠᠳᠠᠯ ᠦᠢᠯᠡᠰ ᠴᠣᠭᠴᠠᠯᠠᠬᠤ ᠰᠠᠭᠤᠷᠢᠨ ᠭᠠᠵᠠᠷ ᠵᠡᠷᠭᠡ ᠲᠠᠪᠴᠠᠩ ᠤᠨ ᠦᠢᠯᠡᠳᠤᠯ ᠢ ᠬᠦᠢᠴᠡᠳ ᠪᠠᠳᠠᠷᠠᠭᠤᠯᠤᠨ᠂ ︽ᠪᠤᠯᠪᠠᠰᠤᠷᠠᠯ + ᠰᠠᠭᠤᠷᠢᠨ + ᠪᠤᠶᠢᠵᠢᠭᠤᠯᠬᠤ︾ ᠵᠠᠭᠪᠤᠷ ᠢᠶᠠᠷ ᠳᠠᠮᠵᠢᠭᠤᠯᠤᠨ᠂ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ᠂ ᠬᠤᠲᠠ ᠳᠤ ᠤᠷᠤᠭᠰᠠᠨ ᠮᠠᠯᠴᠢᠨ ᠪᠠ ᠬᠦᠴᠢᠷᠳᠡᠯᠲᠡᠶ ᠣᠯᠠᠨ ᠲᠦᠮᠡᠨ ᠤ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠠᠵᠢᠯ ᠢ ᠰᠠᠶᠢᠲᠤᠷ ᠠᠳᠬᠤᠵᠤ᠂ ᠭᠤᠤᠯᠳᠠᠯᠭ᠎ᠠ ᠲᠠᠢ ᠬᠦᠮᠤᠰ ᠤᠨ ᠲᠣᠭᠲᠠᠭᠤᠨ ᠢᠶᠠᠷ ᠠᠵᠢᠯ ᠤᠯᠬᠤ ᠶᠢ ᠠᠬᠢᠭᠤᠯᠤᠨ᠎ᠠ᠃ ᠵᠢᠯ ᠤᠨ ᠳᠣᠲᠣᠷ᠎ᠠ 5000 ᠠᠵᠢᠯ ᠤᠨ ᠪᠠᠶᠢᠷᠢ ᠡᠯᠰᠡᠵᠦ᠂ ᠬᠤᠳᠠ ᠬᠥᠳᠡᠭᠡ ᠶᠢᠨ ᠡᠯ᠎ᠡ ᠲᠦᠷᠦᠯ ᠤᠨ 1500 ᠬᠥᠮᠦᠨ ᠢ ᠲᠥᠪᠬᠢᠨᠡᠭᠦᠯᠵᠦ᠂ ᠬᠤᠳᠠ ᠪᠠᠯᠭᠠᠰᠤᠨ ᠤ 550 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.5%᠎ ᠶᠢᠨ ᠳᠣᠲᠣᠷ᠎ᠠ ᠬᠢᠵᠠᠭᠠᠷᠯᠠᠨ᠎ᠠ᠃ ᠬᠤᠶᠠᠷ ᠲᠤ᠂ ᠨᠡᠶᠢᠭᠡᠮ ᠤᠨ ᠦᠨᠳᠦᠰᠦᠨ ᠪᠠᠲᠤᠯᠠᠭ᠎ᠠ ᠶᠢᠨ ᠴᠢᠳᠠᠪᠤᠷᠢ ᠶᠢ ᠪᠠᠬᠢᠵᠢᠭᠦᠯᠬᠦ ᠬᠡᠷᠡᠭᠲᠡᠶ᠃ ᠨᠠᠰᠤᠵᠢᠯ ᠤᠨ ᠳᠠᠭᠠᠳᠬᠠᠯ ᠤᠨ ᠦᠢᠯᠡᠰ ᠤᠨ ᠬᠥᠭᠵᠢᠯᠲᠡ ᠶᠢ ᠠᠬᠢᠭᠤᠯᠵᠤ᠂ ᠨᠡᠶᠢᠭᠡᠮ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠲᠤᠰᠬᠠᠶ ᠲᠦᠷᠤᠯ ᠤᠨ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠳᠠᠭᠠᠳᠬᠠᠯ ᠳᠤ ᠣᠷᠤᠭ᠎ᠠ ᠥᠬᠡᠶ ᠬᠥᠮᠦᠰ ᠢ ᠳᠠᠭᠠᠳᠬᠠᠯ ᠳᠤ ᠣᠷᠣᠭᠤᠯᠬᠤ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠃ ᠨᠡᠶᠢᠭᠡᠮ ᠤᠨ ᠳᠠᠭᠠᠳᠬᠠᠯ ᠤᠨ ᠬᠠᠮᠢᠶᠠᠷᠤᠯᠲᠠ ᠶᠢᠨ ᠦᠢᠯᠡᠴᠢᠯᠡᠭᠡ ᠶᠢ ᠴᠢᠩᠭᠠᠳᠬᠠᠵᠤ᠂ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠢ ᠬᠦᠢᠴᠡᠳᠬᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠲᠣᠮᠣ ᠳ᠋ᠠᠶᠢᠲ᠋ᠠ ᠶᠢᠨ ᠲᠠᠪᠴᠠᠩ ᠢ ᠬᠦᠢᠴᠡᠳ ᠠᠰᠢᠭᠯᠠᠨ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠮᠠᠯᠵᠢᠬᠤ ᠣᠷᠣᠨ ᠤ ᠨᠠᠰᠤᠵᠢᠯ ᠤᠨ ᠦᠢᠯᠡᠴᠢᠯᠡᠬᠡᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠵᠢᠯ ᠤᠨ ᠳᠣᠲᠣᠷ᠎ᠠ ᠮᠠᠯᠵᠢᠬᠤ ᠣᠷᠣᠨ ᠤ ᠠᠮᠢ ᠠᠬᠤᠶ ᠶᠢᠨ ᠰᠤᠪᠢᠯᠠᠯᠲᠠ ᠶᠢᠨ ᠬᠦᠷᠢᠶᠡᠯᠡᠩ ᠤᠨ ᠪᠠᠶᠢᠭᠤᠯᠤᠯᠲᠠ ᠶᠢ ᠪᠡᠶᠡᠯᠡᠭᠦᠯᠵᠦ᠂ ᠵᠡᠮᠳᠡᠭᠴᠦᠳ ᠤᠨ ᠨᠠᠶᠢᠳᠠᠨ ᠠᠰᠠᠷᠠᠭᠤᠯᠬᠤ ᠦᠢᠯᠡᠴᠢᠯᠡᠬᠡᠨ ᠤ ᠲᠥᠪ ᠢ ᠠᠰᠢᠭᠯᠠᠯᠲᠠ ᠳᠤ ᠣᠷᠣᠭᠤᠯᠤᠨ᠂ ᠳ᠋ᠣᠺᠲ᠋ᠣᠷ ᠨᠠᠭᠤᠡᠪᠢᠯᠢᠭ ᠪᠣᠯᠤᠨ ᠠᠨᠠᠡᠳᠠ ᠠᠺᠠᠳᠧᠮᠢᠴᠢ ᠶᠢᠨ ᠨᠥᠯᠥᠭᠡᠯᠡᠬᠦ ᠬᠦᠴᠦᠨ ᠢ ᠠᠰᠢᠭᠯᠠᠨ᠂ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠮᠨᠡᠬᠦ ᠪᠠ ᠰᠤᠪᠢᠯᠠᠬᠤ ᠶᠢ ᠤᠶᠠᠯᠳᠤᠭᠤᠯᠬᠤ ᠦᠢᠯᠡᠴᠢᠯᠡᠬᠡᠨ ᠤ ᠲᠥᠷᠥᠯ ᠵᠥᠢᠯ ᠤᠨ ᠪᠠᠶᠢᠭᠤᠯᠤᠯᠲᠠ ᠶᠢ ᠲᠦᠷᠭᠡᠳᠬᠡᠵᠦ᠂ ᠡᠮᠨᠡᠬᠦ ᠪᠠ ᠰᠤᠪᠢᠯᠠᠬᠤ ᠶᠢ ᠤᠶᠠᠯᠳᠤᠭᠤᠯᠬᠤ ᠪᠥᠬᠦ ᠲᠠᠯ᠎ᠠ ᠪᠠᠷ ᠥᠷᠨᠢᠭᠦᠯᠬᠦ ᠶᠢ ᠠᠬᠢᠭᠤᠯᠤᠨ᠎ᠠ᠃ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠤᠨ ᠪᠠᠷᠢᠮᠵᠢᠶᠠᠵᠢᠭᠰᠠᠨ ᠪᠠᠶᠢᠭᠤᠯᠤᠯᠲᠠ ᠪᠠ ᠵᠢᠷᠤᠮᠵᠢᠭᠰᠠᠨ ᠠᠵᠢᠯᠯᠠᠭᠠᠨ ᠢ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠨ᠎ᠠ᠃ ᠭᠤᠷᠪᠠ ᠳᠤ᠂ ᠠᠷᠠᠳ ᠲᠦᠮᠡᠨ ᠤ ᠬᠠᠨᠤᠮᠵᠢᠳᠡᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠡᠷᠡᠭᠲᠡᠶ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠴᠢᠩᠭᠠᠳᠬᠠᠵᠤ᠂ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ ᠭᠦᠨᠵᠡᠭᠡᠶᠢᠷᠡᠭᠦᠯᠦᠨ᠂ ᠥᠷᠭᠡᠨ ᠣᠯᠠᠨ ᠪᠠᠭᠰᠢ ᠰᠤᠷᠤᠭᠴᠢᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠯᠭᠠᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠬᠠᠮᠤᠭ ᠤᠨ ᠰᠢᠨ᠎ᠡ ᠱᠠᠭᠠᠷᠳᠠᠯᠭ᠎ᠠ ᠶᠢ ᠡᠷᠡᠰ ᠬᠡᠷᠡᠭᠵᠢᠭᠦᠯᠵᠦ᠂ ᠨᠠᠮᠤᠷ ᠤᠨ ᠰᠤᠷᠤᠯᠭ᠎ᠠ ᠶᠢᠨ ᠬᠤᠭᠤᠴᠠᠭ᠎ᠠ ᠠᠴᠠ ᠪᠥᠬᠦ ᠬᠤᠰᠢᠭᠤᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠪᠠᠭ᠎ᠠ ᠰᠤᠷᠭᠠᠭᠤᠯᠢ ᠶᠢᠨ ᠨᠢᠭᠡᠳᠦᠭᠡᠷ ᠬᠤᠶᠠᠳᠤᠭᠠᠷ ᠭᠤᠷᠪᠡᠳᠤᠭᠠᠷ ᠣᠨ᠂ ᠠᠩᠬ᠎ᠠ ᠳᠤᠮᠳᠠᠳᠤ ᠶᠢᠨ ᠨᠢᠭᠡᠳᠦᠭᠡᠷ ᠬᠤᠶᠠᠳᠤᠭᠠᠷ ᠣᠨ ᠳᠤ ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠵᠡᠷᠬᠡᠪᠡᠷ ᠬᠡᠷᠡᠭᠯᠡᠬᠦ ᠶᠢ ᠪᠠᠲᠤᠯᠠᠨ᠎ᠠ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠴᠥᠭᠡᠨ ᠲᠣᠭᠠᠲᠤ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠬᠡᠯᠡᠨ ᠤ ᠰᠤᠷᠭᠠᠨ ᠬᠥᠮᠦᠵᠢᠯ ᠤᠨ ᠵᠢᠭᠠᠨ ᠰᠤᠷᠭᠠᠬᠤ ᠴᠢᠳᠠᠪᠤᠷᠢ ᠶᠢᠨ ᠪᠣᠯᠪᠠᠰᠤᠷᠠᠯ ᠢ ᠬᠡᠷᠡᠭᠵᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠳᠠ ᠶᠢᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠰᠠᠭᠤᠷᠢ ᠰᠤᠷᠭᠠᠨ ᠬᠥᠮᠦᠵᠢᠯ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠬᠢᠨᠠᠮᠠᠭᠠᠶ ᠬᠡᠷᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠪᠥᠬᠦ ᠬᠦᠴᠦᠨ ᠢᠶᠠᠷ ᠳᠥᠯᠭᠢᠨ ᠠᠬᠢᠭᠤᠯᠵᠤ᠂ ᠬᠢᠴᠢᠶᠡᠯ ᠤᠨ ᠪᠠᠷᠢᠮᠵᠢᠶ᠎ᠠ ᠳᠤ ᠰᠠᠭᠤᠷᠢᠯᠠᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠲᠥᠷᠥᠯ ᠵᠥᠢᠯ ᠢ ᠦᠷᠭᠦᠯᠵᠢᠯᠡᠨ ᠬᠡᠷᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠪᠠᠷᠢᠮᠵᠢᠶ᠎ᠠ ᠶᠢᠨ ᠰᠤᠷᠭᠠᠨ ᠬᠥᠮᠦᠵᠢᠯ ᠤᠨ ᠰᠠᠭᠤᠷᠢ ᠲᠦᠬᠦᠬᠡᠷᠤᠮᠵᠢ ᠶᠢᠨ ᠬᠢᠷᠢ ᠲᠦᠪᠰᠢᠨ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠣᠩᠭᠤᠯ ᠦᠨᠳᠦᠰᠦᠲᠡᠨ ᠤ ᠬᠡᠤᠬᠡᠳ ᠤᠨ ᠴᠡᠴᠡᠷᠯᠢᠭ ᠤᠨ ᠰᠢᠨ᠎ᠡ ᠠᠰᠠᠷ ᠶᠢ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠠᠴᠠ ᠡᠮᠦᠨ᠎ᠡ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠥᠨᠳᠥᠷ ᠳᠤᠮᠳᠠᠳᠤ ᠶᠢᠨ ᠵᠢᠭᠠᠨ ᠰᠤᠷᠭᠠᠯᠲᠠ ᠶᠢᠨ ᠠᠰᠠᠷ᠂ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠣᠯᠠᠨ ᠴᠢᠳᠠᠮᠵᠢᠳᠣ ᠮᠡᠳᠡᠭᠦᠯᠦᠯᠲᠡ ᠶᠢᠨ ᠲᠢᠩᠬᠢᠮ᠂ ᠶᠠᠬᠡᠭᠤᠤᠯ ᠰᠤᠮᠤ ᠶᠢᠨ ᠬᠡᠤᠬᠡᠳ ᠤᠨ ᠴᠡᠴᠡᠷᠯᠢᠭ ᠤᠨ ᠲᠥᠷᠥᠯ ᠵᠥᠢᠯ ᠢ ᠡᠷᠡᠮᠡᠯᠵᠠᠯᠠᠵᠤ ᠴᠢᠷᠮᠠᠶᠢᠵᠤ᠂ ᠠᠶᠢᠮᠠᠭ ᠤᠨ ᠲᠠᠰ ᠴᠢᠨᠠᠭᠰᠢᠯᠠᠪᠠᠯ ᠥᠪᠡᠷᠲᠡᠭᠡᠨ ᠵᠠᠰᠠᠬᠤ ᠣᠷᠣᠨ ᠤ ᠲᠠᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠳᠤᠯᠤᠨ ᠰᠤᠷᠤᠯᠴᠠᠬᠤ ᠦᠢᠯᠡᠳᠤᠯᠬᠡ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠪᠠᠶᠢᠭᠤᠯᠬᠤ ᠬᠡᠷᠡᠭᠲᠡᠶ᠃ ᠬᠡᠷ ᠪᠦᠯᠢ ᠶᠢᠨ ᠬᠥᠮᠦᠵᠢᠯ ᠤᠨ ᠵᠢᠭᠠᠨ ᠵᠢᠯᠣᠭᠤᠳᠬᠤ ᠦᠢᠯᠡᠴᠢᠯᠡᠬᠡᠨ ᠤ ᠥᠷᠲᠡᠭᠡ ᠶᠢᠨ ᠦᠢᠯᠡᠳᠤᠯ ᠢ ᠦᠷᠭᠦᠯᠵᠢᠯᠡᠨ ᠪᠠᠳᠠᠷᠠᠭᠤᠯᠵᠤ᠂ ᠬᠡᠷ ᠪᠦᠯᠢ ᠶᠢᠨ ᠬᠥᠮᠦᠵᠢᠯ ᠤᠨ ᠠᠵᠢᠯ ᠤᠨ ᠲᠡᠩᠴᠡᠭᠦᠷᠢᠲᠡᠶ ᠬᠥᠭᠵᠢᠬᠦ ᠶᠢ ᠠᠬᠢᠭᠤᠯᠤᠨ᠎ᠠ᠃ ᠲᠦᠷᠪᠡ ᠳᠤ᠂ ᠡᠷᠡᠭᠦᠯ ᠡᠩᠬᠡ ᠠᠪᠠᠭ᠎ᠠ ᠶᠢᠨ ᠪᠦᠳᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠬᠤ ᠬᠡᠷᠡᠭᠲᠡᠢ᠃ ᠬᠤᠰᠢᠭᠤ ᠲᠠᠰ ᠤᠨ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠶᠢ ᠪᠥᠬᠦ ᠲᠠᠯ᠎ᠠ ᠪᠠᠷ ᠥᠷᠨᠢᠭᠦᠯᠵᠦ᠂ ᠠᠵᠢᠯᠲᠠᠨ ᠤ ᠶᠠᠪᠤᠳᠠᠯ ᠤᠨ ᠴᠠᠯᠢᠩ ᠬᠥᠯᠥᠰᠥ ᠶᠢᠨ ᠲᠦᠷᠢᠮ ᠤᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠡᠮᠴᠢᠯᠡᠬᠡᠨ ᠤ ᠬᠢᠷᠢ ᠲᠦᠪᠰᠢᠨ ᠢᠶᠠᠨ ᠲᠠᠰᠤᠷᠠᠯᠳᠠ ᠦᠬᠡᠢ ᠲᠡᠬᠡᠭᠰᠢᠯᠡᠬᠦᠯᠤᠨ᠎ᠠ᠃ ᠲᠤᠰᠬᠠᠶ ᠮᠡᠷᠭᠡᠵᠢᠯ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠷᠠᠭᠤᠯᠤᠨ᠂ ᠳᠡᠳ᠋ ᠡᠷᠬᠢᠯᠡᠭᠴᠢ ᠡᠮᠴᠢ ᠠᠴᠠ ᠳᠡᠭᠡᠭᠰᠢᠬᠢ ᠰᠢᠨᠵᠢᠯᠡᠭᠡᠨ ᠤ ᠰᠠᠯᠠᠭ᠎ᠠ ᠶᠢᠨ ᠳᠠᠭᠠᠭᠤᠯᠤᠭᠴᠢ ᠪᠠ ᠪᠠᠴᠢᠮ ᠳᠤᠲᠠᠭᠳᠠᠵᠤ ᠪᠠᠶᠢᠭ᠎ᠠ ᠲᠤᠰᠬᠠᠶ ᠮᠡᠷᠭᠡᠵᠢᠯ ᠤᠨ ᠠᠵᠢᠯᠲᠠᠨ ᠢ ᠤᠷᠢᠨ ᠬᠡᠷᠡᠭᠯᠡᠬᠦ ᠬᠡᠷᠡᠭᠲᠡᠶ᠃ ᠡᠮᠨᠡᠯᠭᠡ ᠶᠢᠨ ᠠᠵᠢᠯᠲᠠᠨ ᠤ ᠪᠣᠯᠪᠠᠰᠤᠷᠠᠯ ᠤᠨ ᠡᠷᠴᠢᠮ ᠢ ᠴᠢᠩᠭᠠᠷᠠᠭᠤᠯᠵᠤ᠂ ᠡᠮᠨᠡᠯᠭᠡ ᠶᠢᠨ ᠠᠵᠢᠯᠲᠠᠨ ᠤ ᠡᠩᠨᠡᠭᠡ ᠶᠢᠨ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠦᠨ᠂ ᠠᠵᠢᠯ ᠲᠥᠷᠥᠯ ᠢᠶᠠᠷ ᠢᠶᠠᠨ ᠳᠡᠮᠵᠢᠬᠦ᠂ ᠡᠮᠨᠡᠯᠭᠡ ᠶᠢᠨ ᠬᠤᠯᠪᠣᠭᠠᠲᠤ ᠴᠣᠭᠴᠠ ᠪᠠᠶᠢᠭᠤᠯᠬᠤ᠂ ᠡᠮᠨᠡᠯᠭᠡ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠡᠷᠢᠭᠦᠨ ᠤ ᠭᠠᠵᠠᠷ ᠣᠷᠣᠨ ᠤ ᠡᠮᠴᠢᠯᠡᠭᠡᠨ ᠤ ᠡᠬᠢ ᠪᠠᠶᠠᠯᠢᠭ ᠢ ᠬᠠᠮᠲᠤᠪᠠᠷ ᠡᠳ᠋ᠯᠡᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠳᠤᠲᠠᠭᠤᠳᠠᠯ ᠢ ᠨᠥᠬᠦᠪᠥᠷᠢᠯᠡᠵᠦ᠂ ᠡᠮᠴᠢᠯᠡᠭᠡᠨ ᠤ ᠦᠢᠯᠡᠴᠢᠯᠡᠬᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ᠂ ᠬᠤᠯᠤᠭᠠᠨ᠎ᠠ ᠶᠢᠨ ᠬᠢᠵᠢᠭ ᠵᠡᠷᠭᠡ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠲᠤᠭᠳᠠᠯᠴᠠᠭ᠎ᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠡᠮᠨᠡᠬᠦ ᠰᠡᠷᠭᠡᠶᠢᠯᠡᠬᠦ ᠬᠠᠮᠳᠤᠷᠠᠯᠴᠠᠭᠠᠨ ᠤ ᠵᠤᠬᠢᠴᠠᠮᠵᠢ ᠶᠢᠨ ᠰᠢᠨ᠎ᠡ ᠶᠢ ᠡᠭᠦᠳᠴᠦ᠂ ᠬᠢᠵᠢᠭ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠤᠷᠢᠯᠡᠬᠦ ᠴᠢᠳᠠᠪᠤᠷᠢ ᠶᠢ ᠴᠢᠩᠭᠠᠷᠠᠭᠤᠯᠵᠤ᠂ ᠡᠬᠡ ᠤᠷᠤᠡᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠪᠠᠶᠢᠩᠭᠤᠵᠢᠭᠤᠯᠤᠨ ᠰᠠᠶᠢᠲᠤᠷ ᠥᠷᠨᠢᠭᠦᠯᠵᠦ᠂ ᠪᠥᠬᠦ ᠠᠷᠠᠳ ᠤᠨ ᠡᠷᠡᠭᠦᠯ ᠮᠡᠨᠳᠦ ᠶᠢᠨ ᠬᠥᠮᠦᠵᠢᠯ ᠢ ᠲᠡᠭᠦᠯᠳᠡᠷᠵᠢᠭᠦᠯᠦᠨ᠂ ᠵᠢᠯ ᠤᠨ ᠳᠣᠲᠣᠷ᠎ᠠ ᠬᠤᠰᠢᠭᠤᠨ ᠤ ᠡᠮᠨᠡᠯᠭᠡ ᠶᠢᠨ ᠬᠤᠷᠢᠶ᠎ᠠ ᠶᠢᠨ ᠰᠢᠯᠭᠠᠨ ᠪᠠᠶᠢᠴᠠᠭᠠᠵᠤ ᠡᠪᠡᠳᠴᠢᠨ ᠤ ᠵᠦᠶ ᠶᠢᠨ ᠲᠥᠪ᠂ ᠤᠯᠤᠰ ᠤᠨ ᠬᠤᠯᠤᠭᠠᠨ᠎ᠠ ᠬᠢᠵᠢᠭ ᠤᠨ P2 ᠲᠤᠷᠰᠢᠯᠲᠠ ᠶᠢᠨ ᠲᠠᠰᠤᠭ᠂ ᠠᠨᠠᠨᠳᠠ ᠠᠵᠢᠯᠯᠠᠬᠤ ᠲᠠᠰᠤᠭ ᠢ ᠠᠰᠢᠭᠯᠠᠯᠲᠠ ᠳᠤ ᠣᠷᠣᠭᠤᠯᠵᠤ᠂ 3 ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠬᠡᠷ᠂ ᠮᠣᠩᠭᠤᠯ ᠡᠮᠨᠡᠯᠭᠡ ᠶᠢᠨ ᠬᠤᠷᠢᠶ᠎ᠠ ᠶᠢᠨ ᠬᠤᠳᠣᠭᠤᠳᠣ ᠭᠡᠳᠡᠰᠦᠨ ᠤ ᠳᠤᠷᠠᠨ ᠤ ᠲᠠᠰᠤᠭ ᠢ ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠬᠤ ᠪᠠᠷ ᠴᠢᠷᠮᠠᠶᠢᠨ᠎ᠠ᠃ ᠲᠠᠪᠤ ᠳᠤ᠂ ᠰᠣᠶᠣᠯ ᠤᠨ ᠦᠢᠯᠡᠰ ᠤᠨ ᠬᠦᠭᠵᠢᠯᠳᠠ ᠶᠢ ᠬᠦᠴᠦᠯᠡᠨ ᠠᠬᠢᠭᠤᠯᠬᠤ ᠬᠡᠷᠡᠭᠲᠡᠶ᠃ ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ ᠂ ᠤᠯᠠᠭᠠᠨᠮᠥ᠋ᠴᠢᠷ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾᠎ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠢᠩ · ᠪᠠᠭᠠᠲᠤᠷ ᠤᠨ ᠲᠠᠷᠢᠬᠦᠨ ᠤ ᠦᠢᠯᠡ ᠠᠵᠢᠯᠯᠠᠭ᠎ᠠ ᠪᠠᠷ ᠰᠠᠳᠤᠪᠯᠡᠭᠰᠡᠨ ᠲᠣᠮᠣ ᠬᠡᠯᠪᠡᠷᠢ ᠶᠢᠨ ᠳᠠᠭᠤᠤ ᠪᠥᠵᠢᠭᠲᠦ ᠵᠦᠴᠦᠭᠡ ᠶᠢ ᠨᠠᠶᠢᠷᠠᠭᠤᠯᠤᠨ ᠵᠤᠬᠢᠶᠠᠵᠤ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢᠨ ᠰᠣᠶᠣᠯ ᠪᠡᠶ᠎ᠡ ᠶᠢᠨ ᠲᠠᠮᠢᠷ ᠤᠨ ᠰᠢᠷᠢᠰ ᠠᠵᠢᠯᠯᠠᠭ᠎ᠠ ᠶᠢ ᠥᠷᠨᠢᠭᠦᠯᠦᠨ᠂ ᠮᠠᠯᠵᠢᠬᠤ ᠣᠷᠣᠨ ᠤ ᠦᠵᠡᠯ ᠰᠠᠨᠠᠭ᠎ᠠ ᠰᠣᠶᠣᠯ ᠤᠨ ᠵᠢᠭᠰᠠᠭᠠᠯ ᠤᠨ ᠭᠠᠵᠠᠷ ᠤᠨ ᠪᠥᠲᠥᠭᠡᠨ ᠪᠠᠶᠢᠭᠤᠯᠤᠯᠲᠠ᠂ ᠰᠣᠶᠣᠯ ᠤᠨ ᠰᠢᠨ᠎ᠡ ᠶᠢ ᠡᠭᠦᠳᠦᠨ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠶᠢ ᠦᠨᠡᠨᠬᠦ ᠴᠢᠩᠭᠠᠳᠬᠠᠵᠤ᠂ ᠰᠣᠶᠣᠯ ᠢ ᠤᠯᠠᠮᠵᠢᠯᠠᠨ ᠬᠠᠮᠠᠭᠠᠯᠠᠬᠤ᠂ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ᠂ ᠴᠢᠳᠠᠪᠤᠷᠢᠲᠠᠨ ᠤ ᠡᠩᠨᠡᠭᠡ ᠶᠢ ᠬᠥᠮᠦᠵᠢᠭᠦᠯᠬᠦ᠂ ᠰᠣᠶᠣᠯ ᠤᠨ ᠨᠠᠷᠠᠲᠤ ᠲᠡᠮᠳᠡᠭᠲᠦ ᠶᠢ ᠡᠭᠦᠳᠬᠦ᠂ ᠣᠯᠠᠨ ᠲᠦᠮᠡᠨᠴᠢ ᠴᠢᠨᠠᠷᠲᠠᠶ ᠰᠣᠶᠣᠯ ᠤᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠠᠳᠬᠤᠨ᠎ᠠ᠃ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠬᠡᠨ ᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠣᠮ ᠤᠨ ᠰᠠᠩ᠂ ᠦᠨᠳᠦᠰᠦᠲᠡᠨ ᠤ ᠪᠡᠶ᠎ᠡ ᠲᠠᠮᠢᠷ ᠤᠨ ᠣᠷᠳᠣᠨ᠂ ᠮᠥᠰᠥᠨ ᠳᠡᠭᠡᠷᠡᠬᠢ ᠪᠣᠯᠪᠠᠰᠤᠷᠠᠯ ᠤᠨ ᠰᠠᠭᠤᠷᠢᠨ ᠭᠠᠵᠠᠷ ᠵᠡᠷᠭᠡ ᠲᠥᠷᠥᠯ ᠵᠥᠢᠯ ᠢ ᠡᠬᠢᠯᠡᠭᠦᠯᠦᠨ ᠬᠡᠷᠡᠭᠵᠢᠭᠦᠯᠵᠦ᠂ ᠤᠯᠠᠭᠠᠨᠮᠥ᠋ᠴᠢᠷ ᠤᠨ ᠰᠠᠭᠤᠷᠢ ᠲᠦᠬᠦᠬᠡᠷᠤᠮᠵᠢ ᠶᠢᠨ ᠪᠠᠷᠢᠮᠵᠢᠶᠠᠵᠢᠭᠤᠯᠬᠤ ᠲᠥᠷᠥᠯ ᠵᠥᠢᠯ ᠢ ᠪᠠᠶᠢᠭᠤᠯᠤᠨ ᠳᠠᠭᠤᠰᠬᠠᠵᠤ᠂ ᠬᠠᠮ ᠵᠠᠭᠤᠴᠢᠯᠠᠭᠤᠷ ᠤᠨ ᠳᠠᠮᠵᠢᠭᠤᠯᠭ᠎ᠠ ᠶᠢᠨ ᠢᠨᠵᠧᠨᠧᠷᠢᠩ ᠢ ᠬᠡᠷᠡᠭᠵᠢᠭᠦᠯᠦᠨ᠂ ᠬᠠᠮ ᠵᠠᠭᠤᠴᠢᠯᠠᠭᠤᠷ ᠤᠨ ᠲᠥᠪ ᠢ ᠪᠠᠶᠢᠭᠤᠯᠤᠨ ᠬᠦᠴᠦᠷᠬᠡᠭᠵᠢᠭᠦᠯᠵᠦ ᠰᠠᠶᠢᠲᠤᠷ ᠬᠡᠷᠡᠭᠯᠡᠨ᠎ᠡ᠃ ᠵᠢᠷᠭᠤᠭ᠎ᠠ ᠳᠤ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠬᠤ ᠬᠡᠷᠡᠭᠲᠡᠶ᠃ ᠰᠢᠨ᠎ᠡ ᠨᠢᠭᠡ ᠡᠭᠡᠯᠵᠢ ᠶᠢᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠠᠵᠠ ᠲᠣᠬᠢᠶᠠᠯ ᠢ ᠡᠵᠡᠮᠳᠡᠵᠤ᠂ ᠬᠥᠮᠦᠨ ᠢᠶᠠᠷ ᠭᠤᠤᠯ ᠪᠤᠯᠭᠠᠭᠰᠡᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠂ ᠨᠢᠭᠡᠳᠦᠯᠲᠡᠶ ᠲᠥᠯᠥᠪᠵᠢᠭᠦᠯᠵᠦ᠂ ᠪᠥᠲᠥᠭᠡᠨ ᠪᠠᠶᠢᠭᠤᠯᠵᠤ᠂ ᠬᠠᠮᠢᠶᠠᠷᠬᠤ ᠭᠤᠷᠪᠠ ᠶᠢ ᠨᠢᠭᠡ ᠴᠤᠭᠴᠠᠵᠢᠭᠤᠯᠤᠨ᠂ ᠬᠤᠲᠠ ᠪᠠᠯᠭᠠᠰᠤ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠂ ᠳᠠᠭᠠᠭᠠᠬᠤ ᠴᠢᠳᠠᠪᠤᠷᠢ᠂ ᠣᠯᠠᠨ ᠨᠡᠶᠢᠲᠡ ᠶᠢᠨ ᠦᠢᠯᠡᠴᠢᠯᠡᠭᠡ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ᠂ ᠨᠠᠷᠢᠯᠢᠭ ᠬᠠᠮᠢᠶᠠᠷᠤᠯᠲᠠ ᠶᠢᠨ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠤᠷᠢᠯᠡᠬᠦ ᠬᠡᠷᠡᠭᠲᠡᠶ᠃ ᠬᠢᠯᠢ ᠬᠢᠵᠠᠭᠠᠷ ᠢ ᠬᠥᠭᠵᠢᠭᠦᠯᠵᠦ ᠠᠷᠠᠳ ᠢ ᠪᠠᠶᠠᠵᠢᠭᠤᠯᠬᠤ ᠲᠥᠷᠥᠯ ᠵᠥᠢᠯ ᠢ ᠢᠳᠡᠪᠬᠢᠲᠡᠶ ᠲᠡᠮᠡᠴᠡᠨ ᠣᠯᠵᠤ᠂ ᠬᠠᠭᠤᠴᠢᠨ ᠵᠢᠵᠢᠭ 2 ᠲᠣᠭᠤᠷᠢᠭ ᠢ ᠥᠭᠡᠷᠡᠴᠢᠯᠡᠨ ᠵᠠᠰᠠᠵᠤ᠂ ᠬᠤᠲᠠ ᠪᠠᠯᠭᠠᠰᠤ ᠶᠢᠨ 2 ᠵᠠᠮ ᠢ ᠨᠡᠪᠲᠡᠷᠡᠭᠦᠯᠦᠨ᠂ 7.3 ᠺᠢᠯᠣᠮᠧᠲᠷ ᠲᠤᠰᠠᠭᠠᠷᠯᠠᠨ ᠬᠠᠮᠠᠭᠠᠯᠠᠬᠤ ᠬᠡᠷᠡᠰᠬᠡ ᠤᠭᠰᠠᠷᠠᠵᠤ᠂ 3.6 ᠲᠦᠮᠡᠨ ᠲᠡᠭᠰᠢ ᠳᠥᠷᠪᠡᠯᠵᠢᠨ ᠮᠧᠲᠷ ᠨᠣᠭᠤᠭᠠᠷᠠᠭᠤᠯᠤᠨ᠂ ᠢᠯᠴᠢ ᠬᠠᠩᠭᠠᠬᠤ᠂ ᠤᠰᠤ ᠬᠠᠩᠭᠠᠬᠤ᠂ ᠪᠣᠷᠣᠭᠠᠨ ᠤ ᠤᠰᠤ᠂ ᠪᠣᠬᠢᠷ ᠤᠰᠤᠨ ᠤ ᠬᠤᠭᠤᠯᠠᠶ ᠶᠢᠨ ᠲᠣᠤᠷ ᠢ 40 ᠺᠢᠯᠣᠮᠧᠲᠷ ᠪᠠ 2 ᠤᠰᠤᠨ ᠴᠥᠭᠦᠷᠥᠮ ᠢ ᠰᠢᠨ᠎ᠡ ᠪᠠᠷ ᠥᠭᠡᠷᠡᠴᠢᠯᠡᠨ ᠵᠠᠰᠠᠵᠤ᠂ 8700 ᠢᠵᠢ ᠤᠰᠤᠨ ᠤ ᠬᠡᠮᠵᠢᠭᠦᠷ ᠢ ᠥᠭᠡᠷᠡᠴᠢᠯᠡᠨ ᠰᠠᠶᠢᠵᠢᠷᠠᠭᠤᠯᠤᠨ᠎ᠠ︔ ᠠᠮᠢᠳᠤᠷᠠᠯ ᠤᠨ ᠬᠤᠭ ᠨᠣᠪᠰᠢ ᠶᠢ ᠬᠤᠤᠷ ᠥᠬᠡᠶ ᠬᠠᠯᠠᠭᠤᠨ ᠢᠶᠠᠷ ᠵᠠᠳᠠᠷᠠᠭᠤᠯᠬᠤ ᠲᠥᠷᠥᠯ ᠵᠥᠢᠯ ᠢ ᠬᠡᠷᠡᠭᠵᠢᠭᠦᠯᠵᠦ᠂ ᠠᠮᠢᠳᠤᠷᠠᠯ ᠤᠨ ᠬᠠᠶᠠᠭᠳᠠᠮᠠᠯ ᠪᠣᠳᠠᠰ ᠢ ᠬᠠᠯᠠᠭᠤᠨ ᠢᠶᠠᠷ ᠵᠠᠳᠠᠷᠠᠭᠤᠯᠬᠤ ᠬᠡᠮᠵᠢᠶ᠎ᠡ ᠶᠢ ᠪᠠᠭᠠᠰᠬᠠᠬᠤ ᠥᠷᠲᠡᠭᠡ 6᠂ ᠬᠤᠭᠤᠯᠠᠨ ᠬᠡᠷ ᠤᠨ ᠬᠤᠭ ᠨᠣᠪᠰᠢ ᠶᠢ ᠬᠤᠤᠷ ᠥᠬᠡᠶ ᠪᠣᠯᠭᠠᠨ ᠪᠠᠭᠠᠰᠬᠠᠬᠤ ᠥᠷᠲᠡᠭᠡ 1᠂ ᠪᠣᠬᠢᠷ ᠰᠢᠪᠠᠷ ᠢ ᠬᠠᠭᠤᠷᠠᠶ ᠪᠠᠷ ᠰᠢᠢᠳᠪᠤᠷᠢᠯᠡᠬᠦ ᠥᠷᠲᠡᠭᠡ 1᠎ ᠶᠢ ᠰᠢᠨ᠎ᠡ ᠪᠠᠷ ᠪᠠᠶᠢᠭᠤᠯᠤᠨ᠎ᠠ︔ ᠵᠡᠭᠦᠨ ᠤᠰᠤᠨ ᠰᠤᠷᠪᠤᠯᠵᠢ ᠶᠢᠨ ᠭᠠᠵᠠᠷ ᠢ ᠲᠣᠣᠷ ᠲᠤ ᠨᠡᠶᠢᠯᠡᠭᠦᠯᠬᠦ ᠢᠨᠵᠧᠨᠧᠷᠢᠩ ᠢ ᠢᠳᠡᠪᠬᠢᠲᠡᠶ ᠲᠦᠯᠬᠢᠨ ᠠᠬᠢᠭᠤᠯᠵᠤ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤᠨ ᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ︔ ᠬᠤᠲᠠ ᠪᠠᠯᠭᠠᠰᠤ ᠶᠢᠨ ᠬᠠᠮᠢᠶᠠᠷᠤᠯᠲᠠ ᠶᠢᠨ ᠬᠢᠷᠢ ᠲᠦᠪᠰᠢᠨ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠣᠶᠤᠨᠴᠢ ᠠᠮᠤᠷ ᠲᠦᠪᠰᠢᠨ ᠤ ᠰᠡᠷᠭᠡᠶᠢᠯᠡᠯᠲᠡ ᠶᠢᠨ ᠵᠢᠵᠢᠭ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠢᠡᠵᠧᠨᠧᠷᠢᠩ ᠢ ᠬᠡᠷᠡᠭᠵᠢᠬᠦᠯᠤᠨ᠎ᠠ᠃           ︵ᠵᠢᠷᠭᠤᠭ᠎ᠠ︶ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠪᠠᠬᠢ ᠪᠠᠶᠢᠭᠤᠯᠵᠤ᠂ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃       ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠨ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠬᠡᠷᠡᠭᠵᠢᠭᠦᠯᠬᠦ ᠶᠢ ᠴᠢᠬᠤᠯᠠᠴᠢᠯᠠᠨ᠂ ᠪᠠᠶᠢᠩᠭᠤ ᠶᠢᠨ ᠪᠦᠲᠦᠮᠵᠢᠲᠡᠶ ᠵᠤᠬᠢᠴᠠᠮᠵᠢ ᠶᠢ ᠲᠡᠭᠦᠯᠳᠡᠷᠵᠢᠭᠦᠯᠵᠦ᠂ ᠠᠵᠤ ᠠᠬᠤᠶ ᠶᠢᠨ ᠬᠥᠭᠵᠢᠯᠲᠡ᠂ ᠨᠡᠶᠢᠭᠡᠮ ᠤᠨ ᠵᠠᠰᠠᠯᠲᠠ ᠵᠡᠷᠭᠡ ᠲᠠᠯ᠎ᠠ ᠶᠢᠨ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠤᠷᠢᠯᠡᠨ᠎ᠠ᠃ ᠨᠢᠭᠡ ᠳᠤ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠶ᠃ ᠨᠠᠮ ᠤᠨ ᠦᠨᠳᠦᠰᠦᠲᠡᠨ ᠤ ᠣᠨᠣᠯ ᠪᠣᠯᠤᠨ ᠲᠥᠷᠥ ᠶᠢᠨ ᠪᠣᠳᠣᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠪᠠ ᠶᠠᠷᠢᠶ᠎ᠠ ᠬᠡᠯᠡᠯᠴᠡᠭᠡᠨ ᠤ ᠬᠥᠲᠥᠯᠦᠨ ᠵᠢᠯᠣᠭᠤᠳᠬᠤ ᠶᠢ ᠴᠢᠩᠭᠠᠳᠬᠠᠨ ᠪᠠᠬᠢᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠦᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠶ ᠬᠦᠢᠴᠡᠳᠬᠡᠵᠤ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ ᠦᠨᠡᠨᠬᠦ ᠴᠢᠩᠭᠠᠳᠬᠠᠨ᠂ ᠬᠠᠮ ᠵᠠᠭᠤᠴᠢᠯᠠᠭᠤᠷ ᠤᠨ ᠲᠥᠪ ᠤᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠲᠠᠰᠤᠷᠠᠯᠲᠠ ᠥᠬᠡᠶ ᠪᠠᠬᠢᠵᠢᠭᠦᠯᠦᠨ᠎ᠡ᠃ ᠬᠤᠶᠠᠷ ᠲᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠲᠦᠷᠢᠮ ᠢᠶᠠᠷ ᠡᠷᠬᠡ ᠶᠢᠨ ᠬᠡᠷᠡᠭᠯᠡᠯᠲᠡ ᠶᠢ ᠬᠢᠵᠠᠭᠠᠷᠯᠠᠵᠤ᠂ ᠡᠷᠬᠡ ᠶᠢᠨ ᠠᠵᠢᠯᠯᠠᠭᠠᠨ ᠢ ᠢᠯᠡ ᠲᠤᠳᠤ ᠲᠦᠪ ᠭᠤᠤᠯᠴᠢ ᠶᠠᠪᠤᠭᠳᠠᠭᠤᠯᠬᠤ ᠶᠢ ᠪᠡᠶᠡᠯᠡᠭᠦᠯᠦᠨ᠎ᠡ᠃ ᠰᠠᠬᠢᠯᠭ᠎ᠠ ᠪᠠᠲᠤ ᠶᠣᠰᠣ ᠳᠦᠷᠢᠮ ᠢ ᠢᠮᠠᠭᠲᠠ ᠲᠡᠷᠢᠭᠦᠨ ᠳᠤ ᠲᠠᠯᠪᠢᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ︽ᠭᠤᠷᠪᠠᠨ ᠴᠢᠬᠤᠯᠠ ᠨᠢᠭᠡ ᠶᠡᠭᠡ︾᠎ ᠶᠢᠨ ᠬᠡᠷᠡᠭ ᠶᠠᠪᠤᠳᠠᠯ ᠳᠤ ᠬᠠᠮᠲᠤ ᠪᠠᠷ ᠰᠢᠢᠳᠪᠤᠷᠢᠳᠤ ᠪᠣᠳᠣᠯᠭ᠎ᠠ ᠲᠣᠭᠲᠠᠭᠠᠬᠤ᠂ ︽ᠭᠤᠷᠪᠠᠨ ᠶᠠᠪᠤᠳᠠᠯ ᠢ ᠢᠯᠡ ᠪᠣᠯᠭᠠᠬᠤ︾ ᠳᠦᠷᠢᠮ ᠪᠣᠯᠤᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠳᠤ ᠪᠣᠳᠣᠯᠭ᠎ᠠ ᠶᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾᠎ ᠶᠢ ᠦᠨᠡᠨᠬᠦ ᠬᠦᠢᠴᠡᠳᠬᠡᠵᠤ᠂ ᠬᠢᠨᠠᠨ ᠪᠤᠳᠤᠵᠤ ᠬᠢᠨᠠᠯᠲᠠ ᠲᠠᠯᠪᠢᠬᠤ ᠶᠢ ᠲᠠᠰᠤᠷᠠᠯᠲᠠ ᠥᠬᠡᠶ ᠴᠢᠩᠭᠠᠳᠬᠠᠨ᠂ ᠴᠢᠬᠤᠯᠠ ᠶᠡᠭᠡ ᠢᠨᠵᠧᠨᠧᠷᠢᠩ᠂ ᠭᠤᠤᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢ ᠴᠢᠩᠭ᠎ᠠ ᠠᠩᠬᠠᠷᠴᠤ᠂ ᠲᠣᠭᠲᠠᠭᠠᠯ ᠠᠴᠠ ᠵᠥᠷᠢᠴᠡᠨ ᠡᠷᠬᠡ ᠪᠠᠨ ᠬᠡᠷᠡᠭᠯᠡᠬᠦ ᠶᠢ ᠰᠡᠷᠭᠡᠶᠢᠯᠡᠬᠦ ᠶᠢ ᠴᠢᠩᠭᠠᠳᠬᠠᠵᠦ᠂ ᠡᠷᠬᠡ ᠶᠢᠨ ᠠᠵᠢᠯᠯᠠᠭᠠᠨ ᠢ ᠢᠯᠡ ᠲᠣᠳᠣ ᠪᠠᠶᠢᠯᠭᠠᠬᠤ ᠶᠢ ᠪᠠᠲᠤᠯᠠᠨ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠰᠲ᠋ᠧᠮ ᠤᠨ ᠢᠯᠵᠠᠷᠠᠯ ᠤᠨ ᠠᠰᠠᠭᠤᠳᠠᠯ ᠢ ᠭᠤᠤᠯᠳᠠᠯᠭ᠎ᠠ ᠲᠠᠢ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ ᠭᠤᠷᠪᠠ ᠳᠤ᠂ ᠠᠶᠤᠯᠭᠦᠶ ᠦᠢᠯᠡᠳᠪᠦᠷᠢᠯᠡᠯ ᠢ ᠴᠢᠩᠭᠠᠳᠬᠠᠨ ᠳᠡᠭᠡᠭᠰᠢᠯᠡᠭᠦᠯᠬᠦ ᠬᠡᠷᠡᠭᠲᠡᠶ᠃ ᠬᠤᠷᠢᠭ᠎ᠠ ᠱᠤᠭᠤᠮ ᠤᠨ ᠰᠡᠳᠬᠢᠬᠦᠶ ᠪᠠ ᠤᠯᠠᠭᠠᠨ ᠱᠤᠭᠤᠮ ᠤᠨ ᠤᠬᠠᠮᠰᠠᠷ ᠢ ᠪᠠᠷᠢᠮᠲᠠᠯᠠᠵᠤ᠂ ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠪᠦᠬᠦ ᠲᠠᠯ᠎ᠠ ᠪᠠᠷ ᠠᠬᠢᠭᠤᠯᠵᠤ᠂ ᠡᠯ᠎ᠡ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢᠨ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ︽1230︾᠎ ᠶᠢᠨ ᠲᠦᠷᠢᠮ ᠪᠠ ᠠᠶᠤᠯᠬᠦᠢ ᠦᠢᠯᠡᠳᠪᠤᠷᠢᠯᠡᠯ ᠤᠨ ᠬᠦᠷᠢᠶ᠎ᠡ ᠴᠠᠷᠠᠭ᠎ᠠ ᠶᠢᠨ ᠢᠯᠡᠴᠢᠯᠡᠨ ᠮᠡᠳᠡᠬᠦᠯᠦᠭᠰᠡᠳ ᠢ ᠱᠠᠩᠨᠠᠨ ᠬᠥᠬᠢᠭᠦᠯᠬᠦ ᠠᠷᠭ᠎ᠠ ᠶᠢ ᠪᠠᠶᠢᠩᠭᠤᠵᠢᠭᠤᠯᠤᠨ ᠰᠠᠶᠢᠲᠤᠷ ᠨᠠᠶᠢᠳᠠᠪᠤᠷᠢᠵᠢᠭᠤᠯᠵᠤ᠂ ᠠᠶᠤᠯᠬᠦᠢ ᠦᠢᠯᠡᠳᠪᠤᠷᠢᠯᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠡᠷᠴᠢᠮ ᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠤᠨ ᠳᠣᠭᠢᠷᠠᠭᠤᠯᠬᠤ ᠲᠠᠪᠴᠠᠩ ᠢ ᠪᠠᠶᠢᠭᠤᠯᠵᠤ᠂ ᠡᠳ᠋ ᠪᠣᠳᠠᠰ ᠨᠥᠭᠡᠴᠡᠯᠡᠬᠦ ᠴᠢᠳᠠᠪᠤᠷᠢ ᠶᠢ ᠳᠡᠭᠡᠭᠰᠢᠯᠡᠭᠦᠯᠦᠨ ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠠᠩᠬᠠᠳᠤᠭᠠᠷ ᠤᠳᠠᠭᠠᠨ ᠤ ᠪᠥᠬᠦ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠥᠷᠨᠢᠭᠦᠯᠦᠨ᠎ᠡ᠃ ᠢᠳᠡᠭᠡᠨ ᠪᠠ ᠡᠮ ᠤᠨ ᠵᠥᠢᠯ ᠤᠨ ᠠᠮᠤᠷ ᠲᠦᠪᠰᠢᠨ ᠤ ᠣᠶᠤᠨᠴᠢ ᠬᠢᠨᠠᠯᠲᠠ ᠬᠠᠮᠢᠶᠠᠷᠤᠯᠲᠠ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠵᠢᠯ ᠤᠨ ᠳᠣᠲᠣᠷ᠎ᠠ 5 ᠢᠳᠡᠭᠡᠨ ᠦᠢᠯᠡᠳᠪᠤᠷᠢᠯᠡᠬᠦ ᠠᠵᠤ ᠠᠬᠤᠶᠢᠯᠠᠯ᠂ 20 ᠡᠷᠦᠬᠡ 50 ᠬᠥᠮᠦᠨ ᠠᠴᠠ ᠳᠡᠭᠡᠭᠰᠢ ᠪᠠᠭᠲᠠᠭᠠᠮᠵᠢ ᠲᠠᠢ ᠢᠳᠡᠭᠡᠨ ᠤᠮᠳᠠᠭᠠᠨ ᠤ ᠨᠢᠭᠡᠴᠡ ᠳᠤ ᠡᠯᠧᠺᠲᠷᠣᠨ ᠬᠢᠨᠠᠨ ᠡᠵᠡᠮᠳᠡᠬᠦ ᠰᠢᠰᠲ᠋ᠧᠮ ᠢ ᠤᠭᠰᠠᠷᠠᠨ᠎ᠠ᠃ ᠲᠦᠷᠪᠡ ᠳᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠰᠠᠶᠢᠳᠤᠷ ᠬᠠᠮᠢᠶᠠᠷᠤᠨ ᠡᠵᠡᠮᠳᠡᠬᠦ ᠬᠡᠷᠡᠭᠲᠡᠶ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠭᠤᠣᠯᠳᠠᠯᠭ᠎ᠠ ᠲᠠᠢ ᠬᠥᠮᠦᠰ ᠢ ᠬᠠᠮᠢᠶᠠᠷᠤᠨ ᠡᠵᠡᠮᠳᠡᠬᠦ ᠪᠠ ᠲᠤᠰᠬᠠᠢ ᠬᠡᠷᠡᠭ ᠲᠤ ᠴᠣᠬᠢᠯᠲᠠ ᠥᠭᠬᠦ ᠡᠷᠴᠢᠮ ᠢ ᠬᠠᠤᠯᠢ ᠶᠣᠰᠣᠭᠠᠷ ᠴᠢᠩᠭᠠᠷᠠᠭᠤᠯᠵᠤ᠂ ᠲᠠᠯᠳᠠ ᠭᠡᠮ ᠰᠣᠭᠤᠭ ᠢ ᠪᠠᠶᠢᠴᠠᠭᠠᠨ ᠵᠠᠰᠠᠬᠤ ᠶᠢ ᠠᠬᠢᠭᠤᠯᠵᠤ᠂ ᠳᠠᠶᠢᠰᠤᠨ ᠤ ᠪᠠᠶᠢᠳᠠᠯ ᠤᠨ ᠤᠬᠠᠮᠰᠠᠷ ᠢ ᠴᠢᠩᠭᠠᠳᠬᠠᠵᠤ᠂ ᠴᠢᠩᠭ᠎ᠠ ᠰᠡᠷᠭᠡᠶᠢᠯᠡᠵᠦ᠂ ᠳᠠᠶᠢᠰᠤᠩᠨᠠᠭᠴᠢ ᠬᠦᠴᠦᠨ ᠤ ᠨᠡᠪᠴᠢᠯᠲᠡ ᠡᠪᠳᠡᠯᠡᠭᠡ ᠶᠢᠨ ᠠᠵᠢᠯᠯᠠᠭ᠎ᠠ ᠳᠤ ᠴᠢᠩᠭ᠎ᠠ ᠴᠣᠬᠢᠯᠲᠠ ᠦᠭᠬᠦ ᠬᠡᠷᠡᠭᠳᠡᠢ᠃ ᠵᠥᠷᠢᠴᠡᠯ ᠵᠢᠭᠤᠷᠭᠠᠨ ᠢ ᠡᠶᠡᠳᠡᠭᠦᠯᠦᠨ ᠰᠢᠢᠳᠪᠤᠷᠢᠯᠡᠬᠦ ᠪᠠ ᠠᠷᠢᠯᠭᠠᠬᠤ  ᠵᠤᠬᠢᠴᠠᠮᠵᠢ ᠶᠢ ᠲᠡᠭᠦᠯᠳᠡᠷᠵᠢᠭᠦᠯᠵᠦ᠂ ᠳᠠᠪᠬᠤᠷᠳᠠᠭᠰᠠᠨ ᠵᠠᠬᠢᠳᠠᠯ ᠰᠤᠷᠪᠤᠯᠵᠢᠯᠠᠭ᠎ᠠ ᠶᠢ ᠲᠥᠪᠯᠡᠷᠡᠭᠦᠯᠦᠨ ᠰᠢᠢᠳᠪᠤᠷᠢᠯᠡᠬᠦ᠂ ᠵᠠᠬᠢᠳᠠᠯ ᠰᠤᠷᠪᠤᠯᠵᠢᠯᠠᠭ᠎ᠠ ᠶᠢᠨ ᠦᠩᠬᠡᠷᠡᠭᠰᠡᠨ ᠤ ᠬᠡᠷᠡᠭ ᠢ ᠰᠢᠢᠳᠪᠤᠷᠢᠯᠡᠬᠦ ᠲᠤᠰᠬᠠᠶ ᠠᠵᠢᠯ ᠢ ᠭᠦᠨᠵᠡᠭᠡᠶ ᠥᠷᠨᠢᠭᠦᠯᠵᠦ᠂ ᠤᠯᠠᠨ ᠲᠦᠮᠡᠨ ᠤ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠬᠠᠤᠯᠢ ᠶᠣᠰᠣᠭᠠᠷ ᠰᠢᠢᠳᠪᠤᠷᠢᠯᠡᠨ᠎ᠠ᠃ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠵᠤ᠂ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ ᠶᠢ ᠭᠦᠨᠵᠡᠭᠡᠶᠢᠷᠡᠭᠦᠯᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠳᠤᠳᠬᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ ᠲᠠᠪᠤ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠷᠴᠢᠮᠳᠡᠢ ᠰᠠᠶᠢᠲᠤᠷ ᠠᠳᠬᠤᠬᠤ ᠬᠡᠷᠡᠭᠲᠡᠢ᠃ ᠣᠶᠢᠷ᠎ᠠ ᠶᠢᠨ ᠬᠤᠭᠤᠴᠠᠭᠠᠨ ᠳᠤ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠢᠯᠣᠭᠤᠳᠬᠤ ᠭᠠᠵᠠᠷ ᠤᠨ ᠬᠠᠮᠤᠭ ᠰᠢᠨ᠎ᠡ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠪᠠᠶᠢᠩᠭᠤ ᠶᠢᠨ ᠨᠠᠷᠢᠯᠢᠭ ᠤᠨᠤᠪᠴᠢᠳᠡᠢ ᠰᠡᠷᠭᠡᠶᠢᠯᠡᠨ ᠡᠵᠡᠮᠳᠡᠬᠦ ᠪᠠ ᠬᠡᠰᠡᠭ ᠲᠠᠯ᠎ᠠ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠤᠷᠢᠯᠡᠬᠦ ᠶᠢ ᠣᠷᠭᠠᠨᠢᠭ ᠢᠶᠠᠷ ᠤᠶᠠᠯᠳᠤᠭᠤᠯᠬᠤ ᠠᠷᠭ᠎ᠠ ᠪᠣᠳᠣᠯᠭ᠎ᠠ ᠶᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠬᠥᠳᠡᠯᠦᠩᠭᠦᠶ ᠥᠷᠨᠢᠭᠦᠯᠵᠦ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾᠎ ᠶᠢ ᠪᠣᠳᠠᠲᠠᠶᠢᠵᠢᠭᠤᠯᠤᠨ᠂ ︽1+8+N︾ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠤᠨ ᠲᠣᠭᠤᠷᠢᠨ ᠴᠠᠭᠳᠠᠬᠤ ᠠᠩᠭᠢ ᠶᠢᠨ ᠬᠠᠮᠢᠶᠠᠷᠤᠨ ᠡᠵᠡᠮᠳᠡᠬᠦ ᠦᠢᠯᠡᠳᠤᠯ ᠢ ᠪᠠᠳᠠᠷᠠᠭᠤᠯᠤᠨ᠂ ︽ᠳᠥᠷᠪᠡᠨ ᠡᠷᠳᠡ︾ ︽ᠲᠦᠷᠪᠡ ᠲᠦᠪᠯᠡᠷᠡᠬᠦᠯᠬᠦ︾ ︽ᠲᠠᠪᠤ ᠶᠢ ᠨᠢᠭᠡ ᠲᠠᠢ ᠲᠣᠤᠷᠵᠢᠭᠤᠯᠬᠤ︾ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠤᠭᠯᠠᠷᠡᠯ ᠤᠨ ᠴᠢᠨᠠᠷᠲᠠᠶ ᠬᠢᠵᠢᠭ ᠤᠨ ᠪᠠᠶᠢᠳᠠᠯ ᠡᠭᠦᠰᠬᠦ ᠶᠢ ᠴᠢᠩᠭ᠎ᠠ ᠰᠡᠷᠬᠡᠶᠢᠯᠡᠬᠦ ᠬᠡᠷᠡᠭᠳᠡᠢ᠃ ᠴᠠᠭᠠᠨ ᠰᠠᠷ᠎ᠠ ᠪᠠ ᠬᠤᠶᠠᠷ ᠬᠤᠷᠠᠯ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠵᠦᠶ ᠵᠣᠬᠢᠰᠲᠠᠶ ᠪᠠᠷ ᠭᠠᠳᠠᠭᠰᠢ ᠭᠠᠷᠴᠤ᠂ ᠬᠤᠪᠢ ᠬᠥᠮᠦᠨ ᠤ ᠰᠡᠷᠭᠡᠶᠢᠯᠡᠯᠲᠡ ᠶᠢ ᠴᠢᠩᠭᠠᠳᠬᠠᠵᠤ᠂ ᠺᠠᠳ᠋ᠷ ᠠᠵᠢᠯᠲᠠᠨ ᠠᠵᠢᠯᠴᠢᠨ ᠲᠦᠷᠦᠭᠦᠯᠡᠨ ᠠᠶᠢᠮᠠᠭ ᠤᠨ ᠬᠡᠪᠴᠢᠶᠠᠨ ᠳᠤ ᠴᠠᠭᠠᠨ ᠰᠠᠷ᠎ᠠ ᠪᠠᠨ ᠥᠩᠭᠡᠷᠡᠭᠦᠯᠬᠦ ᠶᠢ ᠰᠠᠨᠠᠭᠠᠴᠢᠯᠠᠨ᠎ᠠ᠃ ᠭᠠᠳᠠᠨ᠎ᠠ ᠠᠴᠠ  ᠬᠠᠯᠳᠠᠪᠤᠷᠢᠯᠠᠬᠤ ᠶᠢ ᠰᠡᠷᠭᠡᠶᠢᠯᠡᠬᠦ ᠶᠢ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ᠬᠥᠮᠦᠨ᠂ ᠪᠣᠳᠠᠰ᠂ ᠣᠷᠴᠢᠨ ᠲᠤᠭᠤᠷᠢᠨ ᠢ ᠬᠠᠮᠲᠤ ᠳᠤᠨᠢ ᠰᠡᠷᠭᠡᠶᠢᠯᠡᠬᠦ ᠶᠢ ᠪᠠᠷᠢᠮᠲᠠᠯᠠᠨ᠂ ᠸᠠᠺᠼᠢᠨ ᠤ ᠲᠠᠷᠢᠯᠭ᠎ᠠ ᠶᠢᠨ ᠠᠵᠢᠯ ᠢ ᠯᠠᠪᠳᠠᠭᠤᠨ ᠪᠥᠭᠡᠳ ᠠᠮᠤᠷ ᠲᠦᠪᠰᠢᠨ ᠢᠶᠠᠷ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠠᠶᠢᠳᠤᠷ ᠰᠡᠷᠭᠡᠶᠢᠯᠡᠨ ᠡᠵᠡᠮᠳᠡᠬᠦ ᠶᠢ ᠪᠠᠲᠤᠯᠠᠵᠤ᠂ ᠥᠷᠭᠡᠨ ᠣᠯᠠᠨ ᠰᠠᠭᠤᠭᠠᠯᠢ ᠠᠷᠠᠳ ᠢ ᠥᠯᠵᠡᠶ ᠪᠡᠯᠭᠡ ᠲᠠᠢ ᠠᠮᠤᠷ ᠠᠮᠤᠭᠤᠯᠠᠩ ᠢᠶᠠᠷ ᠰᠢᠨᠡᠯᠡᠭᠦᠯᠬᠦ ᠬᠡᠷᠡᠭᠲᠡᠶ᠃       ᠨᠥᠬᠦᠳ ᠡ᠂ ᠦᠨᠤ ᠵᠢᠯ ᠤᠨ ᠬᠠᠷᠠᠯᠳᠠ ᠡᠬᠦᠷᠬᠡ ᠨᠢᠬᠡᠨᠳᠡ ᠲᠤᠳᠤᠷᠬᠠᠢ ᠪᠤᠯᠤᠯ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠤᠯᠯᠠᠭᠴᠢ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠷᠴᠢ ᠵᠣᠷᠢᠭ ᠢᠶᠠᠨ ᠬᠥᠪᠴᠢᠯᠡᠵᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠴᠠᠭ ᠮᠦᠴᠠ ᠲᠠᠢ ᠤᠷᠤᠯᠳᠤᠨ᠂ ᠴᠦᠬᠦᠷᠡᠯ ᠦᠬᠡᠢ ᠴᠢᠷᠮᠠᠶᠢᠨ ᠠᠵᠢᠯᠯᠠᠵᠤ ᠬᠦᠰᠡᠯ ᠵᠡᠭᠦᠳᠦ ᠪᠠᠨ ᠲᠡᠷᠬᠡᠯᠰᠢᠬᠦᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠭᠰᠡᠨ ᠦᠷ᠎ᠡ ᠪᠦᠲᠦᠭᠡᠯ ᠢᠶᠠᠨ ᠲᠠᠰᠤᠷᠠᠯᠲᠠ ᠥᠬᠡᠶ ᠪᠠᠬᠢᠵᠢᠭᠦᠯᠦᠨ ᠥᠷᠭᠡᠳᠬᠡᠵᠦ᠂ ᠡᠯ᠎ᠡ ᠲᠦᠷᠤᠯ ᠤᠨ ᠲᠣᠭᠲᠠᠭᠰᠠᠨ ᠬᠠᠷᠠᠯᠲᠠ ᠡᠭᠦᠷᠭᠡ ᠪᠠᠨ ᠪᠥᠬᠦ ᠬᠦᠴᠦᠨ ᠢᠶᠠᠷ ᠠᠬᠢᠭᠤᠯᠵᠤ᠂ ᠠᠪᠠᠭ᠎ᠠ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ  ᠤᠭᠳᠤᠵᠠᠭᠠᠶ᠎ᠠ︕
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号