ᠳᠤᠮᠳᠠᠳᠤ ᠤᠯᠤᠰ ᠤᠨ ᠡᠪ ᠬᠠᠮᠲᠤ ᠨᠠᠮ ᠤᠨ ᠠᠪᠠᠭ᠎ᠠ ᠬᠤᠰᠢᠭᠤᠨ ᠤ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠤᠳᠠᠭᠠᠨ ᠤ ᠪᠦᠬᠦ ᠭᠡᠰᠢᠭᠦᠳ ᠤᠨ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠲᠡᠬᠡᠷᠡᠬᠢ ᠶᠡᠷᠢᠶ᠎ᠠ ᠬᠠᠰᠪᠠᠶᠠᠷ ︵2021 ᠣᠨ ᠤ 1 ᠰᠠᠷ᠎ᠠ ᠶᠢᠨ 27᠎ ᠤ ᠡᠳᠦᠷ︶
ᠨᠡᠶᠢᠲᠡᠯᠡᠭᠰᠡᠨ ᠴᠠᠭ᠄
2021/2/8

ᠨᠥᠬᠦᠳ ᠡ᠄

     ᠡᠨᠡ ᠤᠳᠠᠭᠠᠨ ᠤ ᠬᠤᠷᠠᠯ ᠤᠨ ᠭᠤᠣᠯ ᠡᠭᠦᠷᠭᠡ ᠪᠣᠯ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ

ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂

ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ

ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ

ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠶ

ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠲᠥᠪ ᠤᠨ ᠠᠵᠤ ᠠᠬᠤᠶ ᠶᠢᠨ

ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ

ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠪᠣᠯᠤᠨ

ᠠᠶᠢᠮᠠᠭ ᠤᠨ ᠨᠠᠮ ᠤᠨ ᠬᠤᠷᠢᠶᠠᠨ ᠤ 2021 ᠣᠨ ᠤ ᠠᠩᠬᠠᠳᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ

ᠵᠢᠴᠢ ᠪᠦᠬᠦ ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ

ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠠᠮᠵᠢᠯᠲᠠ ᠪᠦᠲᠦᠮᠵᠢ ᠶᠢ ᠳ᠋ᠦᠩᠨᠡᠨ᠂ ᠠᠵᠢᠯ ᠤᠨ ᠪᠠᠶᠢᠷᠢᠯᠠᠭᠤᠯᠤᠯᠳᠠ

᠎ ᠪᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ

ᠱᠠᠭᠠᠷᠳᠠᠯᠭ᠎ᠠ ᠳᠤ ᠨᠠᠶᠢᠴᠠᠬᠦᠯᠵᠤ᠂ ᠢᠲᠡᠭᠡᠯ ᠵᠣᠷᠢᠭ ᠢᠶᠠᠨ ᠪᠠᠲᠤᠳᠬᠠᠨ᠂ ᠪᠡᠷᠬᠡ ᠶᠢ ᠲᠤᠭᠤᠯᠤᠨ ᠴᠦᠬᠦᠷᠡᠯ ᠦᠬᠡᠢ

ᠤᠷᠤᠭᠰᠢᠯᠠᠵᠤ᠂ ᠦᠨᠡᠨᠬᠦ ᠠᠳᠬᠤᠨ ᠪᠣᠳᠠᠲᠠᠶ ᠪᠠᠷ ᠠᠵᠢᠯᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ

ᠲᠥᠯᠥᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠳᠡ ᠲᠠᠢ ᠪᠤᠯᠬᠤ ᠶᠢ ᠪᠠᠳᠤᠯᠠᠨ᠂ ᠰᠢᠯᠢᠳᠡᠭ ᠠᠮᠵᠢᠯᠲᠠ ᠪᠠᠷ ᠨᠠᠮ

ᠪᠠᠶᠢᠭᠤᠯᠤᠭᠳᠠᠭᠰᠠᠨ 100 ᠵᠢᠯ ᠤᠨ ᠣᠶ ᠪᠠᠨ ᠤᠭᠳᠤᠨ᠎ᠠ᠃

     ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠤᠨ ᠲᠠᠯ᠎ᠠ ᠪᠠᠷ ᠮᠦᠳᠳᠤ ᠢᠦᠢ ᠬᠠᠶ

ᠴᠧᠩ ᠨᠥᠬᠦᠷ ᠪᠠᠰᠠ ᠪᠣᠳᠠᠲᠠᠶ ᠪᠠᠶᠢᠷᠢᠯᠠᠭᠤᠯᠤᠯᠳᠠ ᠬᠢᠬᠦ ᠪᠣᠯᠤᠨ᠎ᠠ᠃ ᠳᠣᠣᠷ᠎ᠠ ᠪᠢ ᠤᠷᠢᠳᠠᠪᠠᠷ ᠬᠡᠳᠦᠨ ᠲᠠᠯ᠎ᠠ ᠶᠢᠨ

ᠰᠠᠨᠠᠯ ᠢᠶᠠᠨ ᠶᠠᠷᠢᠶ᠎ᠠ᠃

    ᠨᠢᠭᠡ᠂ ᠠᠮᠵᠢᠯᠲᠠ ᠪᠠᠨ ᠭᠦᠢᠴᠡᠳ ᠨᠤᠲᠠᠯᠠᠵᠤ᠂ ᠬᠥᠭᠵᠢᠯᠲᠡ ᠶᠢ ᠠᠳᠬᠤᠬᠤ ᠪᠠᠶᠢᠯᠳᠤᠬᠤ ᠪᠤᠳᠤᠯᠭ᠎ᠠ ᠶᠢᠨ

ᠲᠤᠭᠳᠠᠭᠠᠯᠳᠠ ᠶᠢ ᠢᠮᠠᠭᠲᠠ ᠪᠠᠷᠢᠮᠳᠠᠯᠠᠪᠠ

    2020 ᠣᠨ ᠪᠣᠯ ᠲᠦᠢᠯ ᠤᠨ ᠶᠡᠷᠦ ᠪᠤᠰᠤ ᠶᠢᠨ ᠨᠢᠭᠡ ᠵᠢᠯ ᠮᠥᠨ᠃ ᠬᠦᠨᠳᠦ ᠬᠡᠴᠡᠭᠦᠦ ᠲᠦᠪᠡᠭ

ᠪᠤᠳᠤᠯᠢᠶᠠᠨᠲᠠᠶ ᠠᠵᠤ ᠠᠬᠤᠶ ᠶᠢᠨ ᠬᠠᠨᠳᠤᠰᠢ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠪᠠᠶᠢᠳᠠᠯ ᠤᠨ ᠬᠦᠨᠳᠦ

ᠡᠭᠦᠷᠭᠡ ᠪᠣᠯᠤᠨ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠤᠨ ᠳᠠᠭᠠᠷᠢᠯᠲᠠ ᠶᠢᠨ ᠡᠮᠦᠨ᠎ᠡ᠂ ᠬᠤᠰᠢᠭᠤ ᠨᠠᠮ ᠤᠨ

ᠬᠤᠷᠢᠶ᠎ᠠ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢᠶᠠᠨ ᠪᠦᠯᠬᠦᠮᠳᠡᠭᠦᠯᠦᠨ

ᠳᠠᠭᠠᠭᠤᠯᠵᠤ᠂ ᠬᠦᠴᠢᠷ ᠢ ᠰᠦᠷᠦᠨ ᠤᠷᠤᠭᠰᠢᠯᠠᠵᠤ᠂ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ

ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ

ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ

ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽

ᠵᠢᠷᠭᠤᠭᠠᠨ ᠲᠣᠭᠲᠠᠭᠤᠨ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾

ᠡᠭᠦᠷᠭᠡ ᠶᠢ ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠨ᠂ ᠡᠯ᠎ᠡ  ᠲᠦᠷᠤᠯ ᠤᠨ ᠠᠵᠢᠯ ᠦᠶᠯᠡᠰ ᠤᠨ

ᠬᠥᠭᠵᠢᠯᠲᠡ ᠰᠢᠨ᠎ᠡ ᠦᠷ᠎ᠡ ᠪᠦᠲᠦᠮᠵᠢ ᠤᠯᠪᠠ᠃

    ᠡᠨ᠋ᠨ ᠨᠢᠬᠡ ᠵᠢᠯ ᠳᠤ ᠪᠢᠳᠠ᠂ ᠲᠤᠭ ᠲᠡᠮᠳᠡᠭ ᠲᠤᠳᠤᠷᠬᠠᠢ ᠪᠠᠷ ᠤᠯᠤᠰ ᠲᠦᠷᠤ ᠶᠢᠨ ᠵᠤᠭᠰᠤᠴᠠ ᠪᠠᠨ

ᠪᠠᠳᠤᠳᠬᠠᠵᠤ᠂ ᠡᠯ᠎ᠠ ᠲᠦᠷᠤᠯ ᠤᠨ ᠠᠵᠢᠯ ᠨᠢ ᠵᠦᠪ ᠤᠨᠤᠪᠴᠢᠳᠡᠢ ᠤᠯᠤᠰ ᠲᠦᠷᠤ ᠶᠢᠨ ᠴᠢᠭᠯᠡᠯᠳᠡ ᠪᠠᠷ

ᠤᠷᠤᠭᠰᠢᠯᠠᠨ ᠲᠠᠪᠰᠢᠬᠤ ᠶᠢ ᠪᠠᠳᠤᠯᠠᠪᠠ᠃ ︽ᠲᠦᠷᠪᠡᠨ ᠤᠬᠠᠮᠰᠠᠷ︾᠎ ᠢᠶᠠᠨ ᠪᠠᠳᠤᠳᠬᠠᠬᠤ᠂ ︽ᠲᠦᠷᠪᠡᠨ ᠢᠳᠡᠬᠡᠯ

︾᠎ ᠢᠶᠠᠨ ᠪᠠᠬᠢᠵᠢᠬᠦᠯᠬᠦ᠂ ︽ᠬᠤᠶᠡᠷ ᠢ ᠬᠠᠮᠠᠭᠠᠯᠠᠬᠤ︾᠎ ᠶᠢ ᠪᠠᠶᠠᠯᠠᠬᠦᠯᠬᠦ ᠶᠢ ᠪᠠᠷᠢᠮᠳᠠᠯᠠᠬᠤ ᠶᠢ ᠦᠡᠳᠤᠰᠤᠨ ᠤᠯᠤᠰ

ᠲᠦᠷᠤ ᠶᠢᠨ ᠰᠠᠬᠢᠯᠭ᠎ᠠ ᠪᠠᠳᠤ ᠪᠠ ᠤᠯᠤᠰ ᠲᠦᠷᠤ ᠶᠢᠨ ᠲᠦᠷᠢᠮᠵᠢᠯ ᠪᠤᠯᠭᠠᠨ᠂ ᠰᠢ ᠶᠢᠨ ᠫᠢᠩ ᠤᠨ ᠰᠢᠨ᠎ᠡ ᠴᠠᠭ

ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ

ᠰᠤᠷᠤᠯᠴᠠᠨ ᠲᠤᠤᠱᠯᠠᠭᠤᠯᠵᠤ᠂ ᠪᠠᠷᠢᠮᠵᠢᠶ᠎ᠠ ᠱᠠᠭᠠᠷᠳᠠᠯᠭ᠎ᠠ ᠳᠤ ᠨᠠᠶᠢᠴᠡᠬᠦᠯᠤᠨ ᠵᠥᠷᠢᠶ᠎ᠡ ᠪᠠᠨ ᠡᠷᠢᠵᠦ᠂ ᠦᠵᠡᠯ

ᠤᠬᠠᠮᠰᠠᠷ ᠪᠠ ᠦᠢᠯᠡ ᠠᠵᠢᠯᠯᠠᠭ᠎ᠠ ᠪᠠᠨ ᠨᠢᠭᠡᠳᠬᠡᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠦᠵᠡᠯ ᠰᠠᠨᠠᠭ᠎ᠠ

ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ

ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠬᠡᠳᠤᠬᠦᠯᠬᠦ ᠶᠢ ᠪᠠᠳᠤᠯᠠᠪᠠ᠃ ᠰᠢ ᠶᠢᠨ ᠫᠢᠩ ᠶᠡᠷᠦᠩᠬᠡᠢ ᠱᠦᠵᠢ ᠶᠢᠨ

ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠬᠤᠷᠡᠯ ᠳᠤ

ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂

ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠨᠠᠯ᠂ ᠠᠵᠢᠯ ᠤᠨ ᠬᠤᠪᠢᠶᠠᠷᠢᠯᠠᠯ ᠤᠨ ᠲᠥᠰᠦᠯ ᠢ ᠨᠡᠶᠢᠲᠡᠯᠡᠵᠦ᠂ ᠨᠠᠮ ᠤᠨ

ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ

ᠤᠬᠠᠭᠤᠯᠤᠨ ᠲᠠᠶᠢᠯᠪᠤᠷᠢᠯᠠᠬᠤ ᠶᠢ ᠴᠠᠭ ᠲᠤᠬᠠᠢ ᠳᠤᠨᠢ ᠥᠷᠨᠢᠭᠦᠯᠵᠦ᠂ ᠰᠤᠷᠤᠯᠴᠠᠨ ᠲᠤᠤᠱᠯᠠᠭᠤᠯᠬᠤ ᠠᠵᠢᠯ ᠢ

ᠲᠠᠰᠤᠷᠠᠯᠳᠡ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠪᠠ᠃ ᠬᠥᠭᠵᠢᠯᠲᠡ ᠶᠢ ᠠᠬᠢᠭᠤᠯᠬᠤ ᠶᠢ ᠲᠤᠭ ᠲᠡᠮᠳᠡᠭ

ᠲᠣᠳᠣᠷᠬᠠᠶ ᠪᠠᠷ ᠤᠯᠤᠰ ᠲᠥᠷᠥ ᠶᠢᠨ ᠪᠣᠳᠠᠲᠠᠶ ᠠᠵᠢᠯᠯᠠᠭ᠎ᠠ ᠪᠣᠯᠭᠠᠬᠤ ᠶᠢ ᠪᠠᠷᠢᠮᠲᠠᠯᠠᠵᠤ᠂ ᠨᠡᠮᠡᠭᠳᠡᠯ ᠢ

ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠳᠣᠭᠢᠷᠠᠭᠤᠯᠬᠤ᠂ ᠠᠷᠠᠳ ᠤᠨ

ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠠᠵᠢᠯ ᠢ

ᠯᠠᠪᠳᠠᠭᠤᠨ ᠪᠠᠲᠤᠲᠠᠶ ᠰᠠᠶᠢᠲᠤᠷ ᠬᠢᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠶᠳᠪᠦᠷᠢᠲᠦ

ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠮᠠᠨ ᠤ ᠬᠤᠰᠢᠭᠤᠨ ᠳᠤ ᠨᠠᠷᠢᠯᠢᠭᠵᠢᠭᠤᠯᠤᠨ ᠨᠠᠶᠢᠳᠠᠪᠤᠷᠢᠵᠢᠭᠤᠯᠬᠤ ᠶᠢ

ᠠᠬᠢᠭᠤᠯᠪᠠ᠃

     ᠡᠨᠡ ᠨᠢᠭᠡ ᠵᠢᠯ ᠳᠤ᠂ ᠪᠢᠳᠡ ᠠᠷᠠᠳ ᠲᠦᠮᠡᠨ ᠢ ᠳᠡᠭᠡᠳᠦᠯᠡᠵᠦ᠂ ᠠᠮᠢ ᠨᠠᠰᠤ ᠶᠢ ᠳᠡᠭᠡᠳᠦᠯᠡᠬᠦ ᠶᠢ

ᠪᠠᠷᠢᠮᠲᠠᠯᠠᠵᠤ᠂ ᠪᠥᠬᠦ ᠬᠤᠰᠢᠭᠤ ᠪᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠤ ᠰᠡᠷᠬᠡᠶᠢᠯᠡᠨ

ᠬᠤᠷᠢᠭᠯᠠᠬᠤ ᠪᠠᠶᠢᠯᠳᠤᠭᠠᠨ ᠢ ᠬᠦᠴᠤᠨ ᠢᠶᠠᠨ ᠬᠠᠮᠳᠤᠳᠬᠠᠨ ᠰᠠᠶᠢᠲᠤᠷ ᠬᠢᠪᠠ᠃ ᠰᠢ ᠶᠢᠨ ᠫᠢᠩ ᠶᠡᠷᠦᠩᠬᠡᠶ

ᠱᠦᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ

ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ︽ᠭᠠᠳᠠᠭᠠᠳᠤ ᠠᠴᠠ ᠬᠠᠯᠳᠠᠪᠤᠷᠢᠯᠠᠨ ᠤᠷᠤᠬᠤ ᠶᠢ

ᠰᠡᠷᠭᠡᠶᠢᠯᠡᠬᠦ︾᠎ ᠪᠠᠷ ᠵᠠᠩᠭᠢᠯᠠᠭ᠎ᠠ ᠶᠢᠨ ᠴᠡᠭ ᠪᠣᠯᠭᠠᠵᠤ᠂ ᠡᠷᠲᠡ ᠠᠴᠠ ᠢᠯᠡᠷᠡᠭᠦᠯᠬᠦ᠂ ᠡᠷᠲᠡ ᠠᠴᠠ ᠮᠡᠳᠡᠭᠦᠯᠬᠦ᠂

ᠡᠷᠲᠡ ᠠᠴᠠ ᠲᠤᠰᠠᠭᠠᠷᠯᠠᠬᠤ᠂ ᠡᠷᠲᠡ ᠠᠴᠠ ᠡᠮᠨᠡᠨ ᠵᠠᠰᠠᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ

᠂ ᠤᠬᠠᠭᠤᠯᠤᠨ ᠳᠠᠶᠢᠴᠢᠯᠠᠬᠤ᠂ ᠨᠡᠶᠢᠭᠡᠮ ᠤᠨ ᠬᠠᠮᠢᠶᠠᠷᠤᠨ ᠡᠵᠡᠮᠳᠡᠬᠦ᠂ ᠡᠳ᠋ ᠪᠣᠳᠠᠰ ᠨᠥᠭᠡᠴᠡᠯᠡᠬᠦ ᠪᠠ ᠡᠮ

ᠡᠮᠨᠡᠯᠭᠡ ᠶᠢᠨ ᠰᠡᠷᠭᠡᠶᠢᠯᠡᠨ ᠡᠵᠡᠮᠳᠡᠬᠦ᠂ ᠡᠮᠴᠢ ᠰᠤᠪᠢᠯᠠᠭᠴᠢ ᠶᠢ ᠪᠣᠯᠪᠠᠰᠤᠷᠠᠭᠤᠯᠬᠤ ᠵᠡᠷᠭᠡ ᠠᠵᠢᠯ ᠢ ᠨᠢᠭᠡᠳᠦᠯᠲᠡᠢ

ᠲᠥᠯᠥᠪᠵᠢᠭᠦᠯᠦᠨ ᠰᠠᠶᠢᠲᠤᠷ ᠠᠳᠬᠤᠵᠤ᠂ ᠡᠬᠦᠷᠬᠡ ᠬᠠᠷᠢᠭᠤᠴᠠᠯᠭ᠎ᠠ ᠪᠠᠨ ᠡᠬᠦᠷᠬᠡᠯᠡᠬᠦ ᠪᠠᠷ ᠬᠢᠵᠢᠭ ᠤᠨ ᠪᠠᠶᠢᠳᠠᠯ ᠢ

ᠰᠡᠷᠭᠡᠶᠢᠯᠡᠨ ᠡᠵᠡᠮᠳᠡᠬᠦ ᠪᠠᠬᠢᠯᠡᠯᠳᠡ ᠶᠢ ᠪᠠᠳᠤᠳᠬᠠᠪᠠ᠃ ᠪᠥᠬᠦ ᠤᠯᠤᠰ ᠤᠨ ᠬᠢᠵᠢᠭ ᠤᠨ ᠪᠠᠶᠢᠳᠠᠯ ᠤᠨ ᠬᠠᠨᠳᠤᠰᠢ

ᠰᠠᠶᠢᠵᠢᠷᠠᠭᠰᠠᠨ ᠤ ᠳᠠᠷᠠᠭ᠎ᠠ᠂ ᠰᠡᠷᠭᠡᠶᠢᠯᠡᠨ ᠡᠵᠡᠮᠳᠡᠬᠦ ᠠᠵᠢᠯ ᠢ ᠪᠠᠴᠢᠮ ᠲᠤᠯᠭᠠᠮ᠎ᠠ ᠬᠡᠪ ᠠᠴᠠ ᠳᠠᠪᠠᠭᠰᠠᠨ

ᠰᠡᠷᠭᠡᠶᠢᠯᠡᠨ ᠡᠵᠡᠮᠳᠡᠬᠦ ᠠᠴᠠ ᠪᠠᠶᠢᠩᠭᠤ ᠶᠢᠨ ᠴᠢᠨᠠᠷᠲᠠᠶ ᠰᠡᠷᠭᠡᠶᠢᠯᠡᠨ ᠡᠵᠡᠮᠳᠡᠬᠦ ᠳᠠᠰᠢ ᠬᠤᠪᠢᠷᠠᠭᠤᠯᠬᠤ ᠶᠢ ᠴᠠᠭ

ᠲᠤᠬᠠᠶ ᠳᠤᠨᠢ ᠳᠥᠯᠭᠢᠨ ᠠᠬᠢᠭᠤᠯᠵᠤ᠂ ᠦᠶᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠢ  ᠰᠡᠷᠭᠦᠭᠡᠵᠦ᠂ ᠠᠵᠤ

ᠠᠬᠤᠶ ᠶᠢᠨ ᠲᠣᠭᠲᠠᠭᠤᠨ ᠲᠡᠬᠡᠭᠰᠢᠯᠡᠯᠳᠡ ᠶᠢ ᠳᠥᠯᠭᠢᠨ ᠠᠬᠢᠭᠤᠯᠵᠤ᠂ ᠨᠡᠯᠢᠶᠡᠳ ᠣᠬᠤᠷᠬᠠᠨ ᠬᠤᠭᠤᠴᠠᠭᠠᠨ ᠳᠤ

ᠠᠵᠤ ᠠᠬᠤᠶ ᠶᠢᠨ ᠨᠡᠮᠡᠭᠳᠡᠯ ᠢ ᠪᠡᠶᠡᠯᠡᠭᠦᠯᠪᠡ᠃ ᠡᠭᠦᠨ ᠤ ᠬᠠᠮᠲᠤ᠂ ᠬᠤᠯᠤᠭᠠᠨ᠎ᠠ ᠶᠢᠨ ᠬᠢᠵᠢᠭ᠂ ᠪᠷᠦ᠋ᠼᠧᠯ

ᠡᠪᠡᠳᠴᠢᠨ ᠤ ᠡᠯ᠎ᠡ ᠲᠦᠷᠦᠯ ᠤᠨ ᠬᠠᠯᠳᠠᠪᠤᠷᠢᠲᠤ ᠡᠪᠡᠳᠴᠢᠨ ᠪᠠ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ

ᠬᠢᠵᠠᠭᠠᠷᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠦᠬᠦ ᠵᠢᠯ ᠳᠤ ᠤᠯᠠᠨ ᠨᠡᠶᠢᠲᠡ ᠶᠢᠨ

ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠪᠠ ᠬᠦᠬᠡ ᠲᠦᠷᠦᠯ ᠤᠨ ᠬᠠᠯᠳᠠᠪᠤᠷᠢᠲᠤ ᠡᠪᠡᠳᠴᠢᠨ ᠡᠭᠦᠰᠦᠭᠰᠡᠨ

ᠦᠭᠡᠢ ᠪᠠᠶᠢᠵᠤ᠂ ᠦᠨᠳᠦᠰᠦᠲᠡᠨ ᠨᠦᠭᠦᠳ ᠤᠨ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ

ᠮᠠᠬᠠᠪᠣᠳ ᠤᠨ ᠡᠷᠡᠭᠦᠯ ᠮᠡᠨᠳᠤ ᠶᠢ ᠪᠦᠲᠦᠮᠵᠢᠲᠡᠶ ᠪᠠᠷ ᠪᠠᠲᠤᠯᠠᠪᠠ᠃

     ᠡᠨᠡ ᠨᠢᠭᠡ ᠵᠢᠯ ᠳᠤ᠂ ᠪᠢᠳᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ

ᠢᠯᠠᠯᠲᠠ ᠶᠢ ᠲᠠᠮᠠᠴᠠᠨ ᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠭᠤᠷᠪᠠᠨ ᠶᠡᠭᠡ ᠪᠣᠭᠤᠮᠲᠠ ᠰᠢᠪᠲᠤᠯᠬᠤ

ᠳᠠᠶᠢᠯᠠᠯᠳᠤᠭᠠᠨ︾᠎ ᠢ ᠰᠠᠶᠢᠲᠤᠷ ᠬᠢᠬᠦ ᠪᠠᠷ ᠬᠦᠴᠦᠯᠡᠨ ᠴᠢᠷᠮᠠᠶᠢᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ

ᠰᠢᠪᠲᠤᠯᠬᠤ ᠶᠢᠨ ︽ᠳᠥᠷᠪᠡ ᠶᠢ ᠬᠠᠰᠤᠬᠤ ᠦᠭᠡᠶ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ

ᠵᠢᠯ ᠳᠤ᠂ 3279 ᠲᠦᠮᠡᠨ ᠲᠥᠭᠦᠷᠢᠭ ᠤᠨ ᠶᠠᠳᠠᠭᠤ ᠶᠢ ᠲᠡᠳᠬᠦᠬᠦ ᠪᠠᠯᠠ ᠮᠥᠩᠭᠦ ᠣᠷᠣᠭᠤᠯᠵᠤ᠂ ᠭᠠᠴᠠᠭᠠᠨ ᠤ

ᠬᠠᠮᠲᠤ ᠶᠢᠨ ᠠᠵᠤ ᠠᠬᠤᠶ᠂ ᠶᠠᠳᠠᠭᠤ ᠬᠦᠴᠢᠷᠳᠡᠯᠲᠡᠶ ᠭᠠᠴᠠᠭᠠᠨ ᠤ ᠵᠢᠵᠢᠭ ᠬᠡᠯᠪᠡᠷᠢ ᠶᠢᠨ ᠨᠡᠶᠢᠲᠡ ᠶᠢᠨ

ᠠᠰᠠᠷᠠᠮᠵᠢ ᠶᠢᠨ ᠴᠢᠨᠠᠷᠲᠠᠶ ᠦᠶᠯᠡᠰ ᠢ ᠪᠤᠵᠠᠭᠠᠶᠢᠷᠠᠭᠤᠯᠬᠤ᠂ ᠠᠵᠤ ᠦᠶᠯᠡᠰ ᠢᠶᠠᠷ ᠶᠠᠳᠠᠭᠤ ᠶᠢ ᠲᠡᠳᠬᠦᠬᠦ᠂

ᠨᠡᠶᠢᠭᠡᠮᠴᠢᠯᠡᠭᠰᠡᠨ ᠦᠶᠯᠡᠴᠢᠯᠡᠭᠡ ᠵᠡᠷᠭᠡ ᠶᠠᠳᠠᠭᠤ ᠶᠢ ᠲᠡᠳᠬᠦᠬᠦ 45 ᠲᠥᠷᠥᠯ ᠵᠦᠶᠯ ᠤᠨ ᠪᠥᠲᠥᠭᠡᠨ

ᠪᠠᠶᠢᠭᠤᠯᠤᠯᠲᠠ ᠶᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠬᠦᠴᠢᠷ ᠠᠰᠠᠭᠤᠳᠠᠯ ᠢ ᠰᠢᠶᠳᠪᠦᠷᠢᠯᠡᠬᠦ

ᠬᠦᠷᠢᠶ᠎ᠠ ᠴᠠᠷ᠎ᠠ ᠳᠠᠬᠢ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠶᠠᠳᠠᠭᠤ ᠬᠦᠴᠢᠷᠳᠡᠯᠲᠡᠶ ᠵᠢᠴᠢ

ᠶᠠᠳᠠᠭᠤᠷᠠᠮᠠᠷ ᠪᠠᠶᠢᠭ᠎ᠠ ᠬᠥᠮᠦᠨ ᠠᠮᠠ ᠶᠢ ᠬᠥᠳᠡᠯᠦᠩᠭᠦᠶ ᠪᠠᠷ ᠬᠢᠨᠠᠨ ᠬᠡᠮᠵᠢᠵᠦ ᠬᠠᠪᠰᠤᠷᠤᠨ ᠲᠡᠳᠬᠦᠬᠦ ᠵᠡᠷᠭᠡ ᠠᠵᠢᠯ ᠢ

ᠦᠷᠭᠦᠯᠵᠢᠯᠡᠨ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠭᠡᠯ ᠢ ᠪᠦᠲᠦᠮᠵᠢᠲᠡᠶ ᠪᠠᠷ

ᠪᠠᠬᠢᠵᠢᠭᠦᠯᠦᠨ ᠥᠷᠭᠡᠳᠬᠡᠪᠡ᠃ ᠬᠥᠬᠡ ᠲᠩᠷᠢ᠂ ᠬᠥᠬᠡᠮᠳᠦᠭ ᠤᠰᠤ᠂ ᠴᠠᠪᠠᠷ ᠬᠥᠷᠥᠰᠥ ᠶᠢ ᠬᠠᠮᠠᠭᠠᠯᠠᠬᠤ

ᠲᠠᠶᠢᠯᠠᠯᠳᠤᠭᠠᠨ ᠢ ᠨᠢᠭᠡᠳᠦᠯᠲᠡᠶ ᠲᠦᠯᠤᠪᠵᠢᠬᠦᠯᠤᠨ ᠰᠠᠶᠢᠲᠤᠷ ᠬᠢᠵᠦ᠂ ᠬᠤᠰᠢᠭᠤᠨ ᠤ ᠪᠣᠬᠢᠷ ᠤᠰᠤ ᠰᠢᠶᠳᠪᠦᠷᠢᠯᠡᠬᠦ

ᠦᠶᠯᠡᠳᠪᠦᠷᠢ ᠶᠢᠨ ᠠᠽᠣᠲ ᠥᠬᠡᠶᠢᠳᠡᠭᠦᠯᠦᠨ ᠹᠣᠰᠹᠣᠷ ᠠᠷᠢᠯᠭᠠᠬᠤ ᠮᠡᠷᠭᠡᠵᠢᠯ ᠤᠨ ᠥᠭᠡᠷᠡᠴᠢᠯᠡᠯᠲᠡ ᠶᠢᠨ

ᠢᠨᠵᠧᠨᠧᠷᠢᠩ᠂ ᠶᠢᠨ ᠳ᠋ᠢ ᠠᠭᠤᠷᠬᠠᠶ ᠶᠢᠨ ᠦᠶᠯᠡᠰ ᠤᠨ ᠨᠠᠷᠢᠨ ᠲᠣᠭᠤᠰᠣ ᠭᠠᠳᠠᠭᠰᠢᠯᠠᠭᠤᠯᠬᠤ ᠮᠡᠷᠭᠡᠵᠢᠯ ᠤᠨ

ᠥᠭᠡᠷᠡᠴᠢᠯᠡᠯᠲᠡ ᠶᠢᠨ ᠢᠨᠵᠧᠨᠧᠷᠢᠩ᠂ ᠵᠢᠶ ᠳ᠋ᠦᠩ ᠱᠦᠶᠨᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ

ᠢᠨᠵᠧᠨᠧᠷᠢᠩ ᠢ ᠪᠦᠬᠦᠨ ᠢ ᠳᠠᠭᠤᠰᠬᠠᠪᠠ᠃ ᠵᠠᠳᠠᠭᠠᠶ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ 2.45

ᠲᠡᠭᠰᠢ ᠳᠥᠷᠪᠡᠯᠵᠢᠨ ᠺᠢᠯᠣᠮᠧᠲᠷ ᠵᠠᠰᠠᠨ ᠰᠡᠷᠬᠦᠬᠡᠵᠤ᠂ 4 ᠠᠵᠤ ᠠᠬᠤᠶᠢᠯᠠᠯ ᠨᠢ ᠨᠦᠬᠡ ᠪᠢᠲᠡᠭᠦᠮᠵᠢᠯᠡᠵᠤ ᠵᠠᠰᠠᠨ

ᠰᠡᠷᠬᠦᠬᠡᠬᠦ ᠬᠢᠨᠡᠨ ᠰᠢᠯᠭᠠᠯᠳᠠ ᠶᠢ ᠦᠩᠬᠡᠷᠡᠬᠡᠨ᠂ 2 ᠠᠭᠤᠷᠬᠠᠶ ᠶᠢᠨ ᠠᠵᠤ ᠠᠬᠤᠶᠢᠯᠠᠯ ᠨᠢ ᠥᠪᠡᠷᠲᠡᠭᠡᠨ ᠵᠠᠰᠠᠬᠤ

ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠵᠢᠭᠰᠠᠭᠠᠯᠲᠠ ᠳᠤ ᠣᠷᠣᠵᠤ᠂ ᠲᠥᠪ ᠪᠠ ᠥᠪᠡᠷᠲᠡᠭᠡᠨ

ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ  ᠱᠠᠯᠠᠪᠳᠠᠭᠤᠯᠤᠨ ᠪᠠᠶᠢᠴᠠᠭᠠᠵᠤ ᠬᠠᠷᠢᠭᠤ

ᠲᠤᠰᠬᠠᠭᠰᠠᠨ ᠰᠠᠨᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠪᠥᠬᠦ ᠤᠯᠤᠰ ᠤᠨ ᠭᠤᠷᠪᠠᠳᠤᠭᠠᠷ ᠤᠳᠠᠭᠠᠨ ᠤ

ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠪᠠ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ

ᠵᠣᠬᠢᠶᠠᠬᠤ ᠵᠡᠷᠭᠡ ᠠᠵᠢᠯ ᠢ ᠡᠮᠬᠢ ᠵᠢᠷᠤᠮ ᠲᠠᠢ ᠥᠷᠨᠢᠭᠦᠯᠪᠡ᠃ ᠠᠷᠭ᠎ᠠ ᠪᠦᠬᠦᠨ ᠢ ᠰᠦᠪᠡᠭᠴᠢᠯᠡᠨ ᠬᠦᠨᠳᠦ ᠶᠡᠭᠡ

ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠤᠷᠢᠯᠡᠵᠤ᠂ ᠤᠯᠤᠰ ᠲᠥᠷᠥ᠂ ᠠᠵᠤ ᠠᠬᠤᠶ᠂ ᠨᠡᠶᠢᠭᠡᠮ᠂ ᠦᠵᠡᠯ

ᠤᠬᠠᠮᠰᠠᠷ ᠤᠨ ᠬᠡᠯᠪᠡᠷᠢ ᠵᠡᠷᠭᠡ ᠨᠠᠶᠮᠠᠨ ᠬᠦᠷᠢᠶ᠎ᠠ ᠬᠡᠪᠴᠢᠶᠠᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢ

ᠰᠡᠷᠭᠡᠶᠢᠯᠡᠨ ᠰᠢᠢᠳᠪᠤᠷᠢᠯᠡᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠵᠠᠰᠠᠭ ᠤᠨ ᠣᠷᠳᠣᠨ ᠤ

ᠴᠢᠨᠠᠷᠲᠠᠶ ᠥᠷᠢ ᠥᠭᠴᠡᠭᠡ ᠶᠢ 1.78 ᠳ᠋ᠦᠩᠰᠢᠭᠤᠷ ᠲᠥᠭᠦᠷᠢᠭ ᠲᠦᠯᠤᠪᠤᠷᠢᠯᠡᠵᠤ᠂ ᠳᠡᠭᠡᠳᠦ ᠱᠠᠲᠤᠨ ᠠᠴᠠ

ᠪᠠᠭᠤᠯᠭᠠᠭᠰᠠᠨ ᠬᠠᠷᠠᠯᠲᠠᠲᠤ ᠡᠭᠦᠷᠭᠡ ᠪᠠᠨ 113%᠎ ᠪᠠᠷ ᠪᠡᠶᠡᠯᠡᠭᠦᠯᠵᠦ᠂ ᠠᠷᠠᠳ ᠠᠴᠠ ᠡᠵᠡᠩᠨᠡᠭᠰᠡᠨ ᠠᠵᠤ

ᠠᠬᠤᠶᠢᠯᠠᠯ ᠤᠨ ᠦᠷᠢ ᠦᠭᠴᠡᠭᠡ ᠶᠢ ᠲᠦᠯᠤᠪᠤᠷᠢᠯᠡᠬᠦ ᠠᠵᠢᠯ ᠢ ᠪᠥᠬᠦ ᠲᠠᠯ᠎ᠠ ᠪᠠᠷ ᠪᠡᠶᠡᠯᠡᠭᠦᠯᠵᠦ᠂ ᠪᠥᠬᠦ ᠵᠢᠯ ᠳᠤ

ᠰᠢᠰᠲ᠋ᠧᠮ ᠤᠨ ᠴᠢᠨᠠᠷᠲᠠᠶ ᠣᠷᠣᠨ ᠪᠦᠰᠡ ᠶᠢᠨ ᠴᠢᠨᠠᠷᠲᠠᠶ ᠲᠦᠭᠰᠢᠬᠦᠷᠢᠳᠡᠢ ᠬᠡᠷᠡᠭ ᠶᠠᠪᠤᠳᠠᠯ ᠭᠠᠷᠤᠭᠰᠠᠨ ᠥᠬᠡᠶ᠃

     ᠡᠨᠡ ᠨᠢᠭᠡ ᠵᠢᠯ ᠳᠤ᠂ ᠪᠢᠳᠡ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠴᠡᠭ ᠤᠨ ᠪᠥᠲᠥᠭᠡᠨ

ᠪᠠᠶᠢᠭᠤᠯᠤᠯᠳᠠ ᠪᠠᠷ ᠶᠡᠷᠦᠩᠬᠡᠶᠢᠯᠡᠨ ᠵᠢᠯᠤᠭᠤᠳᠤᠭᠤᠯᠵᠤ᠂ ᠮᠠᠯᠵᠢᠬᠤ ᠣᠷᠣᠨ ᠤ ᠮᠠᠯ ᠠᠵᠤ ᠠᠬᠤᠶ ᠶᠢᠨ ᠴᠢᠨᠠᠷ

ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠳᠥᠯᠭᠢᠨ ᠠᠬᠢᠭᠤᠯᠪᠠ᠃ ᠮᠠᠯᠵᠢᠬᠤ ᠣᠷᠣᠨ ᠤ ᠠᠮᠢ ᠠᠬᠤᠶ ᠶᠢᠨ

ᠤᠳᠤᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠮᠠᠯ ᠪᠡᠯᠴᠢᠭᠡᠷ ᠤᠨ ᠲᠡᠩᠴᠡᠭᠦᠷᠢ ᠶᠢ

ᠪᠠᠳᠤᠯᠠᠬᠤ ᠪᠠ ᠲᠠᠯ᠎ᠠ ᠨᠤᠲᠤᠭ ᠤᠨ ︽ᠭᠤᠷᠪᠡᠨ ᠮᠠᠯᠵᠢᠯ︾᠎ ᠤᠨ ᠳᠦᠷᠢᠮ ᠢ ᠴᠢᠩᠭ᠎ᠠ ᠬᠡᠷᠡᠭᠵᠢᠭᠦᠯᠵᠦ᠂ ︽ᠬᠤᠨᠢ

᠎ ᠪᠠᠨ ᠴᠥᠭᠡᠳᠬᠡᠨ ᠦᠬᠡᠷ ᠢᠶᠠᠨ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠪᠡᠭᠡᠵᠢᠩ

ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭ᠎ᠠ᠂ ᠬᠤᠯᠠᠨ ᠰᠢᠷᠭ᠎ᠠ ᠲᠠᠭ᠎ᠠ ᠶᠢᠨ

ᠡᠯᠡᠰᠦᠷᠬᠡᠭ ᠭᠠᠵᠠᠷ ᠢ ᠲᠤᠰᠬᠠᠢ ᠲᠦᠷᠤᠯ ᠢᠶᠠᠷ ᠵᠠᠰᠠᠬᠤ ᠪᠠ ᠭᠤᠤᠯᠳᠠᠯᠭ᠎ᠠ ᠲᠠᠢ ᠣᠷᠣᠨ ᠪᠦᠰᠡ ᠶᠢ

ᠨᠣᠭᠤᠭᠠᠷᠠᠭᠤᠯᠬᠤ ᠵᠡᠷᠭᠡ ᠠᠮᠢ ᠠᠬᠤᠶ ᠶᠢ ᠰᠡᠷᠭᠦᠭᠡᠬᠦ ᠢᠨᠵᠧᠨᠧᠷᠢᠩ ᠢ ᠯᠠᠪᠳᠠᠭᠤᠨ ᠪᠠᠲᠤᠲᠠᠶ ᠥᠷᠨᠢᠭᠦᠯᠦᠨ᠂ ᠮᠠᠯᠵᠢᠯ

᠎ ᠤᠨ ᠣᠨ ᠳᠤ 1.8 ᠲᠦᠮᠡᠨ ᠲᠤᠯᠤᠭᠠᠢ ᠦᠬᠡᠷ ᠨᠡᠮᠡᠭᠳᠡᠭᠦᠯᠵᠦ᠂ 9.3 ᠲᠦᠮᠡᠨ ᠲᠤᠯᠤᠭᠠᠢ ᠬᠤᠨᠢ ᠶᠢ ᠪᠠᠭᠠᠰᠬᠠᠨ᠂

ᠮᠠᠯ ᠤᠨ ᠶᠡᠷᠦᠩᠬᠡᠶ ᠲᠤᠭ᠎ᠠ ᠶᠢ ᠬᠢᠨᠠᠨ ᠲᠣᠭᠲᠠᠭᠠᠭᠰᠠᠨ ᠪᠡᠯᠴᠢᠭᠡᠷ ᠤᠨ ᠪᠠᠭᠲᠠᠭᠠᠮᠵᠢ ᠶᠢᠨ ᠬᠡᠪᠴᠢᠶᠡᠨ ᠳᠤ

ᠬᠢᠵᠠᠭᠠᠷᠯᠠᠵᠤ᠂ 3.1 ᠲᠦᠮᠡᠨ ᠮᠥ ᠶᠢ ᠦᠢᠵᠢᠭᠤᠯᠵᠤ᠂ ᠤᠷᠭᠤᠮᠠᠯ ᠤᠨ ᠬᠤᠴᠢᠯᠭ᠎ᠠ ᠶᠢᠨ ᠥᠨᠳᠥᠷ ᠤᠨ ᠬᠡᠮᠵᠢᠶ᠎ᠡ᠂

ᠪᠦᠷᠬᠦᠴᠡ᠂ ᠡᠪᠡᠰᠦᠨ ᠤ ᠭᠠᠷᠤᠯᠲᠠ ᠶᠢᠨ ᠬᠡᠮᠵᠢᠶ᠎ᠡ ᠶᠢ ᠢᠯᠡᠳᠲᠡ ᠲᠡᠬᠡᠭᠰᠢᠯᠡᠬᠦᠯᠪᠠ᠃ ᠮᠠᠯᠵᠢᠬᠤ ᠣᠷᠣᠨ ᠤ

ᠦᠶᠯᠡᠳᠪᠦᠷᠢᠯᠡᠯ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠰᠢᠭᠤ ᠮᠠᠯ

ᠡᠮᠨᠡᠯᠭᠡ᠂ ᠮᠠᠯ ᠤᠨ ᠡᠮ ᠤᠨ ᠨᠡᠶᠢᠭᠡᠮᠴᠢᠯᠡᠭᠰᠡᠨ ᠦᠶᠯᠡᠴᠢᠯᠡᠭᠡᠨ ᠤ ᠲᠥᠪ ᠪᠠ ᠭᠠᠮᠰᠢᠭ ᠢ ᠰᠡᠷᠭᠡᠶᠢᠯᠡᠨ ᠬᠤᠬᠢᠷᠡᠯ ᠢ

ᠪᠠᠭᠠᠰᠬᠠᠬᠤ ᠲᠡᠵᠢᠭᠡᠯ ᠡᠪᠡᠰᠦ ᠪᠣᠷᠳᠤᠭ᠎ᠠ ᠶᠢ ᠰᠢᠯᠵᠢᠭᠦᠯᠦᠨ ᠲᠡᠭᠡᠭᠡᠪᠦᠷᠢᠯᠡᠵᠤ ᠨᠥᠭᠡᠴᠡᠯᠡᠬᠦ ᠰᠠᠭᠤᠷᠢᠨ ᠭᠠᠵᠠᠷ ᠢ

ᠠᠰᠢᠭᠯᠠᠯᠲᠠ ᠳᠤ ᠣᠷᠣᠭᠤᠯᠵᠤ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ 9 ᠭᠠᠴᠠᠭ᠎ᠠ ᠨᠢ

ᠨᠡᠶᠢᠭᠡᠮᠴᠢᠯᠡᠭᠰᠡᠨ ᠦᠶᠯᠡᠴᠢᠯᠡᠭᠡᠨ ᠤ ᠠᠩᠭᠢ ᠪᠠᠶᠢᠭᠤᠯᠵᠤ᠂ 2.3 ᠲᠦᠮᠡᠨ ᠲᠡᠭᠰᠢ ᠳᠥᠷᠪᠡᠯᠵᠢᠨ ᠮᠧᠲᠷ ︽ᠬᠤᠶᠠᠷ

ᠲᠤᠯᠠᠭᠠᠨ ᠫᠧᠩ ᠨᠢᠭᠡ ᠡᠪᠡᠰᠤᠨ ᠹᠸᠡᠭ︾᠎ ᠶᠢ ᠰᠢᠨ᠎ᠡ ᠪᠠᠷ ᠪᠠᠶᠢᠭᠤᠯᠵᠤ᠂ ᠮᠠᠯᠴᠢᠳ ᠤᠨ ᠬᠤᠷᠰᠢᠶᠠᠵᠢᠯ᠂ ᠬᠡᠷ

ᠪᠦᠯᠢ ᠶᠢᠨ ᠮᠠᠯᠵᠢᠯ ᠤᠨ ᠲᠠᠯᠠᠪᠠᠶ ᠶᠢ ᠲᠣᠰ ᠲᠣᠰ 168 ᠡᠷᠦᠬᠡ ᠪᠠ 157 ᠡᠷᠦᠬᠡ ᠳᠤ ᠬᠦᠷᠬᠡᠵᠤ᠂ ᠮᠠᠯ ᠠᠵᠤ

ᠠᠬᠤᠶ ᠶᠢᠨ ᠦᠶᠯᠡᠳᠪᠦᠷᠢᠯᠡᠯ ᠤᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃

ᠮᠠᠯᠵᠢᠬᠤ ᠣᠷᠣᠨ ᠤ ᠠᠮᠢᠳᠤᠷᠠᠯ ᠤᠨ ᠤᠳᠤᠬᠢᠴᠢᠯᠠᠯᠳᠠ ᠶᠢᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ᠂

ᠤᠤᠭᠤᠬᠤ ᠤᠰᠤᠨ ᠤ ᠹᠯᠣᠷ ᠤᠨ ᠪᠠᠷᠢᠮᠵᠢᠶ᠎ᠠ ᠠᠴᠠ ᠬᠡᠲᠦᠷᠡᠭᠰᠡᠨ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ

ᠵᠠᠰᠠᠬᠤ᠂ ᠬᠥᠳᠡᠭᠡ ᠲᠣᠰᠬᠤᠨ ᠤ ᠴᠠᠬᠢᠯᠭᠠᠨ ᠲᠣᠣᠷ ᠢ ᠥᠭᠡᠷᠡᠴᠢᠯᠡᠬᠦ᠂ ᠬᠥᠳᠡᠭᠡ ᠲᠣᠰᠬᠤᠨ ᠤ ᠲᠦᠷᠪᠡᠨ ᠰᠠᠶᠢᠨ

ᠵᠠᠮ᠂ ᠠᠷᠢᠭᠤᠨ ᠴᠡᠪᠡᠷ ᠲᠤᠯᠠᠭᠠᠯᠭ᠎ᠠ ᠬᠠᠩᠭᠠᠬᠤ ᠥᠭᠡᠷᠡᠴᠢᠯᠡᠯᠲᠡ᠂ ᠴᠢᠮᠡᠭᠡ ᠬᠤᠯᠪᠣᠭᠠᠨ ᠤ ᠰᠠᠭᠤᠷᠢ

ᠥᠷᠳᠡᠭᠡ ᠶᠢᠨ ᠪᠥᠳᠥᠭᠡᠨ ᠪᠠᠶᠢᠭᠤᠯᠤᠯᠲᠠ ᠵᠡᠷᠭᠡ ᠠᠷᠠᠳ ᠲᠤ ᠠᠰᠢᠭ ᠬᠦᠷᠲᠡᠭᠡᠬᠦ ᠦᠯᠡᠮᠵᠢ ᠤᠯᠠᠨ ᠢᠨᠵᠧᠨᠧᠷᠢᠩ ᠢ

ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠠᠯᠵᠢᠬᠤ ᠣᠷᠣᠨ ᠤ ᠰᠠᠭᠤᠷᠢ ᠪᠡᠯᠡᠳᠬᠡᠮᠵᠢ ᠪᠣᠯᠤᠨ ᠣᠷᠣᠰᠢᠨ ᠰᠠᠭᠤᠬᠤ

ᠣᠷᠴᠢᠨ ᠲᠣᠭᠤᠷᠢᠨ ᠤ ᠳᠤᠲᠠᠭᠤᠳᠠᠯ ᠢ ᠪᠦᠲᠦᠮᠵᠢᠲᠡᠶ ᠨᠥᠬᠦᠪᠥᠷᠢᠯᠡᠪᠡ᠃

     ᠡᠨᠡ ᠨᠢᠭᠡ ᠵᠢᠯ ᠳᠤ᠂ ᠪᠢᠳᠡ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ

ᠭᠤᠣᠯ ᠰᠢᠵᠢᠮ ᠪᠣᠯᠭᠠᠵᠤ᠂ ᠤᠯᠠᠨ ᠡᠰᠢᠵᠢᠨ ᠬᠥᠭᠵᠢᠭᠰᠡᠨ᠂ ᠤᠯᠠᠨ ᠲᠠᠯ᠎ᠠ ᠪᠠᠷ ᠲᠤᠯᠭᠠᠭᠤᠷᠢᠯᠠᠭᠰᠠᠨ ᠤᠳᠤ

ᠦᠶ᠎ᠡ ᠶᠢᠨ ᠠᠵᠤ ᠦᠢᠯᠡᠰ ᠤᠨ ᠰᠢᠨ᠎ᠡ ᠰᠢᠰᠲ᠋ᠧᠮ ᠢ ᠢᠳᠡᠪᠬᠢᠲᠡᠢ ᠪᠠᠶᠢᠭᠤᠯᠪᠠ᠃ ᠮᠠᠯ ᠠᠵᠤ ᠠᠬᠤᠶ ᠶᠢᠨ ᠠᠵᠤ

ᠠᠬᠤᠶ ᠶᠢᠨ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠵᠦ᠂ ᠪᠠᠶᠠᠨ ᠲᠠᠩᠰᠤᠭ ᠰᠠᠶᠢᠨ ᠡᠭᠦᠯᠳᠡᠷ ᠤᠨ ᠮᠢᠬᠠᠨ ᠤ

ᠦᠬᠡᠷ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ ᠠᠰᠢᠭᠯᠠᠯᠲᠠ ᠳᠤ ᠣᠷᠣᠭᠤᠯᠤᠨ᠂ ᠨᠢᠬᠡ ᠪᠦᠯᠦᠭ

ᠬᠡᠪᠴᠢᠶᠡᠵᠢᠭᠰᠡᠨ ᠪᠣᠷᠳᠣᠵᠤ ᠲᠠᠷᠭᠤᠯᠠᠭᠤᠯᠬᠤ ᠠᠵᠤ ᠠᠬᠤᠶᠢᠯᠠᠯ᠂ ᠪᠣᠷᠳᠣᠵᠤ ᠲᠠᠷᠭᠤᠯᠠᠭᠤᠯᠬᠤ ᠲᠠᠯᠠᠪᠠᠶ ᠪᠠ ᠮᠢᠬᠠᠨ

᠎ ᠤ ᠦᠬᠡᠷ ᠢ ᠨᠠᠶᠢᠳᠠᠨ ᠬᠠᠮᠢᠶᠠᠷᠤᠭᠤᠯᠵᠤ ᠣᠷᠣᠯᠠᠨ ᠲᠡᠵᠢᠭᠡᠬᠦ ᠰᠠᠭᠤᠷᠢᠨ ᠭᠠᠵᠠᠷ ᠢ ᠣᠷᠣᠭᠤᠯᠤᠨ ᠠᠪᠴᠢᠷᠠᠭᠰᠠᠨ ᠪᠠ

ᠰᠢᠨ᠎ᠡ ᠪᠠᠷ ᠪᠠᠶᠢᠭᠤᠯᠵᠤ᠂ ᠦᠬᠡᠷ᠂ ᠬᠤᠨᠢ᠂ ᠠᠳᠤᠭᠤᠨ ᠤ ᠭᠤᠤᠯᠳᠠᠯᠭᠠᠳᠤ ᠰᠦᠷᠦᠭ᠂ ᠪᠠᠷᠢᠮᠵᠢᠶᠠᠲᠤ ᠰᠦᠷᠦᠭ᠂

ᠥᠷᠭᠡᠳᠬᠡᠨ ᠦᠷᠡᠵᠢᠭᠦᠯᠬᠦ ᠰᠦᠷᠦᠭ ᠤᠨ ᠲᠤᠭ᠎ᠠ ᠲᠠᠰᠤᠷᠠᠯᠲᠠ ᠥᠬᠡᠶ ᠨᠡᠮᠡᠭᠳᠡᠵᠦ᠂ ᠮᠠᠯ ᠤᠨ ᠡᠭᠦᠯᠳᠡᠷ

ᠰᠠᠶᠢᠵᠢᠷᠠᠭᠤᠯᠤᠭᠰᠡᠨ ᠨᠤᠷᠮ᠎ᠠ 96%᠎ ᠳᠤ ᠬᠦᠷᠪᠡ᠃ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ

ᠳᠡᠪᠰᠢᠬᠦ ᠶᠢ ᠬᠦᠴᠦᠯᠡᠨ ᠠᠬᠢᠭᠤᠯᠵᠤ᠂ ᠵᠢᠩ ᠨᠧᠩ ᠴᠠᠭᠠᠡᠨᠠᠭᠤᠷ ᠤᠨ ᠴᠠᠬᠢᠯᠭᠠᠨ ᠤ ᠦᠢᠯᠡᠳᠪᠦᠷᠢ ᠶᠢᠨ 2 × 66

ᠲᠦᠮᠡᠨ ᠺᠢᠯᠣᠸᠠᠲ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠡᠷᠭᠦᠭᠡᠵᠦ᠂ 130 ᠲᠦᠮᠡᠨ

ᠺᠢᠯᠣᠸᠠᠲ ᠤᠨ ᠣᠨᠴᠠ ᠥᠨᠳᠥᠷ ᠬᠦᠴᠦᠳᠡᠯᠲᠦ ᠰᠠᠯᠬᠢᠨ ᠴᠠᠬᠢᠯᠭᠠᠨ ᠤ ᠲᠦᠷᠤᠯ ᠵᠥᠢᠯ ᠢ ᠴᠠᠬᠢᠯᠭᠠᠨ ᠲᠤᠤᠷ ᠲᠤ

ᠤᠷᠤᠭᠤᠯᠤᠨ ᠴᠠᠬᠢᠯᠭᠠᠨ ᠭᠠᠷᠭᠠᠵᠤ᠂ 500 ᠺᠢᠯᠤᠸᠤᠯᠲ ᠤᠨ ᠰᠢᠨ᠎ᠡ ᠡᠨᠧᠷᠭᠢ ᠲᠦᠪᠯᠡᠷᠡᠬᠦᠯᠬᠦ ᠥᠷᠲᠡᠭᠡ᠂ 220

ᠺᠢᠯᠤᠸᠤᠯᠲ ᠤᠨ ᠴᠠᠬᠢᠯᠭᠠᠨ ᠬᠦᠷᠭᠡᠬᠦ ᠢᠨᠵᠧᠨᠧᠷᠢᠩ ᠢ ᠪᠦᠬᠦᠨ ᠢ ᠳᠠᠭᠤᠰᠬᠠᠵᠤ᠂ ᠶᠦᠨ ᠵᠢᠶ ᠯᠢ ᠲᠣᠮᠣ

ᠳ᠋ᠠᠶᠢᠲ᠋ᠠ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠪᠠ ᠵᠧᠨ ᠰᠢᠨ ᠣᠷᠭᠠᠨᠢᠭ ᠪᠣᠷᠳᠣᠭᠤᠷ ᠤᠨ ᠲᠥᠷᠥᠯ

ᠵᠦᠶᠯ ᠢ ᠠᠰᠢᠭᠯᠠᠯᠲᠠ ᠳᠤ ᠣᠷᠣᠭᠤᠯᠵᠤ᠂ ᠵᠢᠩ ᠨᠸᠡᠭ 100 ᠰᠠᠶ᠎ᠠ ᠬᠡᠷᠡᠯ ᠸᠣᠯᠲ᠂ ᠭᠦᠸᠧ ᠲᠢᠶᠠᠨ ᠤ 10

ᠰᠠᠶ᠎ᠠ ᠰᠠᠯᠪᠤᠷᠢᠯᠠᠭᠰᠡᠨ ᠬᠡᠯᠪᠡᠷᠢ ᠶᠢᠨ ᠰᠠᠯᠬᠢᠨ ᠴᠠᠬᠢᠯᠭᠠᠨ ᠤ ᠴᠡᠪᠡᠷ ᠡᠨᠧᠷᠭᠢ ᠶᠢᠨ ᠲᠥᠷᠥᠯ ᠵᠦᠶᠯ ᠢ

ᠯᠠᠪᠳᠠᠭᠤᠨ ᠢᠶᠠᠷ ᠠᠬᠢᠭᠤᠯᠪᠠ᠃ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠤᠨ ᠬᠥᠭᠵᠢᠯᠲᠡ ᠶᠢ ᠠᠬᠢᠭᠤᠯᠵᠤ᠂

ᠠᠪᠠᠭ᠎ᠠ ᠥᠷᠲᠡᠭᠡ᠂ ᠵᠢᠭᠤᠯᠴᠢᠯᠠᠭᠴᠢᠳ ᠤᠨ ᠦᠶᠯᠡᠴᠢᠯᠡᠭᠡᠨ ᠤ ᠲᠥᠪ᠂ ᠬᠤᠰᠢᠭᠤᠨ ᠤ ᠡᠯᠧᠺᠲᠷᠣᠨ

ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠶᠯᠡᠴᠢᠯᠡᠭᠡᠨ ᠤ ᠲᠥᠪ ᠪᠠ 6 ᠰᠤᠮᠤ ᠪᠠᠯᠭᠠᠰᠤᠨ ᠤ

ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠶᠯᠡᠴᠢᠯᠡᠭᠡᠨ ᠤ ᠥᠷᠲᠡᠭᠡ ᠶᠢ ᠪᠦᠬᠦᠨ ᠢ ᠠᠰᠢᠭᠯᠠᠯᠲᠠ ᠳᠤ

ᠣᠷᠣᠭᠤᠯᠵᠤ᠂ ︽ᠤᠯᠤᠰ ᠤᠨ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ

ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ︾᠎ ᠤ ᠲᠥᠷᠥᠯ ᠵᠦᠶᠯ ᠢ ᠴᠢᠷᠮᠠᠶᠢᠨ ᠣᠯᠵᠤ᠂ ᠰᠢᠨ᠎ᠡ

ᠬᠡᠯᠪᠡᠷᠢ ᠶᠢᠨ ᠦᠶᠯᠡᠴᠢᠯᠡᠭᠡᠨ ᠤ ᠦᠶᠯᠡᠰ ᠨᠢ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠲᠠᠢ ᠪᠤᠯᠪᠠ᠃

     ᠡᠨᠡ ᠨᠢᠭᠡ ᠵᠢᠯ ᠳᠤ᠂ ᠪᠢᠳᠡ ᠪᠠᠲᠤᠯᠠᠭ᠎ᠠ ᠲᠤᠯᠭᠠᠭᠤᠷᠢᠯᠠᠯ ᠤᠨ ᠴᠢᠳᠠᠪᠤᠷᠢ ᠶᠢ ᠳᠡᠭᠡᠭᠰᠢᠯᠡᠭᠦᠯᠬᠦ ᠳᠤ

ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠢᠯᠢᠳᠡᠭᠵᠢᠭᠦᠯᠪᠡ᠃

ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠦ᠂ 214 ᠵᠦᠶᠯ ᠤᠨ ᠥᠭᠡᠷᠡᠴᠢᠯᠡᠯᠲᠡ ᠶᠢ ᠬᠡᠷᠡᠭᠵᠢᠭᠦᠯᠦᠨ᠂

50 ᠲᠦᠷᠤᠯ ᠨᠢ ᠦᠷ᠎ᠡ ᠪᠦᠲᠦᠭᠡᠯ ᠲᠠᠢ ᠪᠤᠯᠵᠤ᠂ ᠠᠷᠠᠯᠵᠢᠶ᠎ᠠ ᠡᠷᠭᠢᠯᠡᠬᠦ ᠣᠷᠴᠢᠨ ᠢ ᠰᠢᠯᠢᠳᠡᠭᠵᠢᠭᠦᠯᠦᠨ᠂ ᠣᠲᠣ

ᠦᠶ᠎ᠡ ᠶᠢᠨ ᠮᠠᠯ ᠠᠵᠤ ᠠᠬᠤᠶ ᠶᠢᠨ ᠬᠥᠭᠵᠢᠯᠲᠡ᠂ ᠠᠮᠢ ᠠᠬᠤᠶ ᠶᠢᠨ ᠪᠣᠯᠪᠠᠰᠤᠨ ᠤ ᠲᠦᠷᠢᠮ ᠤᠨ ᠪᠠᠶᠢᠭᠤᠯᠤᠯᠲᠠ᠂

ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠲᠡᠳᠬᠦᠬᠦ ᠵᠡᠷᠭᠡ ᠥᠭᠡᠷᠡᠴᠢᠯᠡᠯᠲᠡ ᠢᠯᠡᠳᠲᠡ ᠦᠷ᠎ᠡ

ᠪᠦᠲᠦᠮᠵᠢ ᠤᠯᠪᠠ᠃ ︽ᠨᠢᠭᠡ ᠪᠦᠰᠡ ᠨᠢᠭᠡ ᠵᠠᠮ︾ ᠪᠣᠯᠤᠨ ᠤᠮᠠᠷᠠᠰᠢ ᠨᠡᠭᠡᠭᠡᠯᠲᠡ ᠬᠢᠬᠦ ᠪᠠᠶᠢᠯᠳᠤᠬᠤ

ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ

ᠰᠡᠷᠭᠡᠶᠢᠯᠡᠨ ᠡᠵᠡᠮᠳᠡᠬᠦ ᠶᠢ ᠰᠠᠶᠢᠲᠤᠷ ᠠᠳᠬᠤᠭᠰᠠᠨ ᠰᠠᠭᠤᠷᠢᠨ ᠳᠡᠭᠡᠷ᠎ᠡ᠂ 2020 ᠣᠨ ᠤ ᠠᠪᠠᠭ᠎ᠠ ᠬᠤᠰᠢᠭᠤᠨ ᠤ

ᠣᠯᠠᠨ ᠤᠯᠤᠰ ᠤᠨ ᠲᠠᠸᠠᠷ ᠤᠨ ᠠᠷᠠᠯᠵᠢᠶᠠᠨ ᠤ ᠵᠠᠬ᠎ᠠ ᠶᠢ ᠡᠷᠬᠢᠯᠡᠬᠦ ᠵᠡᠷᠭᠡ ᠭᠠᠳᠠᠭᠠᠳᠤ ᠬᠠᠷᠢᠯᠴᠠᠭᠠᠨ ᠤ

ᠠᠵᠢᠯᠯᠠᠭ᠎ᠠ ᠶᠢ ᠡᠷᠭᠢᠯᠡᠵᠦ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠶᠯ 13᠎ ᠶᠢ ᠬᠡᠷᠡᠭᠵᠢᠭᠦᠯᠵᠦ᠂

70 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠨᠠᠶᠢᠳᠠᠪᠤᠷᠢᠵᠢᠭᠤᠯᠤᠨ᠂ ᠡᠯ᠎ᠡ ᠲᠥᠷᠥᠯ ᠤᠨ ᠵᠠᠬ᠎ᠠ

ᠳᠡᠯᠭᠡᠭᠦᠷ ᠤᠨ ᠭᠤᠤᠯ ᠴᠣᠭᠴᠠ ᠶᠢ 703 ᠡᠷᠦᠬᠡ ᠰᠢᠨ᠎ᠡ ᠪᠠᠷ ᠨᠡᠮᠡᠭᠳᠡᠭᠦᠯᠤᠨ᠂ 93.5 ᠳ᠋ᠦᠩᠰᠢᠭᠤᠷ

ᠲᠥᠭᠦᠷᠢᠭ ᠤᠨ ᠪᠠᠯᠠ ᠮᠥᠩᠭᠦ ᠶᠢ ᠲᠠᠩᠰᠠᠯᠠᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ

ᠬᠥᠳᠡᠯᠭᠡᠬᠦ ᠬᠦᠴᠦᠨ ᠨᠡᠮᠡᠷᠢᠯᠡᠪᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠶᠯ ᠤᠨ ᠭᠠᠶᠢᠯᠢ ᠬᠠᠰᠤᠵᠤ

ᠰᠦᠶᠳᠬᠡᠯ ᠪᠠᠭᠤᠷᠠᠭᠤᠯᠬᠤ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠬᠤ᠂

ᠠᠵᠤ ᠠᠬᠤᠶᠢᠯᠠᠯ ᠤᠨ ᠠᠵᠢᠯ ᠤᠨ ᠪᠠᠶᠢᠷᠢ ᠶᠢᠨ ᠨᠥᠬᠦᠪᠥᠷᠢ ᠶᠢ ᠨᠠᠶᠢᠳᠠᠪᠤᠷᠢᠵᠢᠭᠤᠯᠬᠤ᠂ ᠠᠷᠠᠳ ᠠᠴᠠ ᠡᠵᠡᠩᠨᠡᠭᠰᠡᠨ

ᠠᠵᠤ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠬᠦ ᠵᠡᠷᠭᠡ ᠲᠥᠷᠥ ᠶᠢᠨ ᠪᠣᠳᠣᠯᠭ᠎ᠠ ᠶᠢ ᠪᠥᠬᠦ

ᠲᠠᠯ᠎ᠠ ᠪᠠᠷ ᠨᠠᠶᠢᠳᠠᠪᠤᠷᠢᠵᠢᠭᠤᠯᠵᠤ᠂ ᠵᠢᠯ ᠤᠨ ᠳᠣᠲᠣᠷ᠎ᠠ 2458 ᠲᠦᠮᠡᠨ ᠲᠥᠭᠦᠷᠢᠭ ᠤᠨ ᠭᠠᠶᠢᠯᠢ ᠬᠠᠰᠤᠵᠤ

ᠰᠦᠶᠳᠬᠡᠯ ᠪᠠᠭᠤᠷᠠᠭᠤᠯᠤᠨ᠂ ᠠᠵᠤ ᠠᠬᠤᠶᠢᠯᠠᠯ ᠤᠨ ᠳᠠᠷᠤᠯᠲᠠ ᠶᠢ ᠪᠦᠲᠦᠮᠵᠢᠲᠡᠶ ᠬᠥᠩᠭᠡᠷᠡᠭᠦᠯᠪᠡ᠃ ︽ᠵᠢᠵᠢᠭ

ᠪᠤᠯᠪᠠᠴᠤ ᠤᠡᠴᠠᠯᠢᠭᠳᠤ᠂ ᠪᠦᠷᠢᠨ ᠲᠦᠬᠦᠷ᠂ ᠰᠤᠳᠤᠨ︾ ᠲᠠᠯ᠎ᠠ ᠨᠤᠳᠤᠭ ᠤᠨ ᠬᠤᠲᠠ ᠪᠠᠯᠭᠠᠰᠤ ᠶᠢ ᠪᠥᠲᠥᠭᠡᠨ

ᠪᠠᠶᠢᠭᠤᠯᠬᠤ ᠶᠢᠨ ᠲᠣᠭᠤᠷᠢᠨ ᠳᠤ᠂ 4337 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠠᠳᠠᠭᠤᠵᠢᠭᠤᠯᠬᠤ᠂

ᠨᠤᠭᠤᠷᠠᠭᠤᠯᠬᠤ᠂ ᠭᠤᠸᠠᠵᠢᠭᠤᠯᠬᠤ᠂ ᠬᠡᠷᠡᠯᠳᠤᠬᠦᠯᠬᠦ ᠢᠨᠵᠧᠨᠧᠷᠢᠩ ᠢ ᠬᠡᠷᠡᠭᠵᠢᠬᠦᠯᠤᠨ᠂ ᠪᠣᠬᠢᠷ ᠤᠰᠤ

ᠰᠢᠶᠳᠪᠦᠷᠢᠯᠡᠬᠦ ᠦᠶᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠵᠡᠷᠭᠡ ᠨᠢᠭᠡ

ᠪᠦᠯᠦᠭ ᠬᠤᠲᠠ ᠶᠢᠨ ᠶᠠᠪᠤᠳᠠᠯ ᠤᠨ ᠪᠡᠯᠡᠳᠬᠡᠮᠵᠢ ᠶᠢ ᠠᠰᠢᠭᠯᠠᠯᠲᠠ ᠳᠤ ᠣᠷᠣᠭᠤᠯᠵᠤ᠂ ᠬᠤᠲᠠ ᠪᠠᠯᠭᠠᠰᠤᠨ ᠤ

ᠲᠠᠶᠢᠴᠢᠯᠠᠨ ᠲᠠᠭᠠᠭᠤᠯᠬᠤ ᠦᠶᠯᠡᠳᠦᠯ ᠢ ᠲᠠᠰᠤᠷᠠᠯᠲᠠ ᠥᠬᠡᠶ ᠴᠢᠩᠭᠠᠷᠠᠭᠤᠯᠪᠠ᠃ ᠡᠨᠡ ᠨᠢᠭᠡ ᠵᠢᠯ ᠳᠤ ᠪᠢᠳᠡ

ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠶᠣᠰᠣᠭᠠᠷ ᠤᠯᠤᠰ ᠢᠶᠠᠨ

ᠵᠠᠰᠠᠬᠤ ᠶᠢ ᠣᠷᠭᠠᠨᠢᠭ ᠢᠶᠠᠷ ᠨᠢᠭᠡᠳᠦᠭᠦᠯᠬᠦ ᠶᠢ ᠪᠠᠷᠢᠮᠲᠠᠯᠠᠵᠤ᠂ ᠠᠷᠠᠳᠴᠢᠯᠠᠯ ᠪᠠ ᠬᠠᠤᠯᠢ ᠪᠠᠷ ᠵᠠᠰᠠᠬᠤ

ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂

ᠤᠯᠤᠰ ᠲᠥᠷᠥ ᠶᠢᠨ ᠵᠥᠪᠯᠡᠯᠭᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠬᠤᠰᠢᠭᠤ

ᠨᠠᠮ ᠤᠨ ᠬᠤᠷᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠪᠠ ᠬᠤᠰᠢᠭᠤ

ᠨᠠᠮ ᠤᠨ ᠬᠤᠷᠢᠶ᠎ᠠ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠤᠷᠠᠯ ᠢ ᠬᠤᠷᠠᠯᠳᠤᠭᠤᠯᠵᠤ᠂ ᠨᠠᠮ ᠤᠨ

ᠤᠳᠤᠷᠢᠳᠤᠯᠭ᠎ᠠ ᠶᠢ ᠤᠯᠠᠮ ᠴᠢᠨᠠᠭᠰᠢᠳᠠ ᠴᠢᠩᠭᠠᠳᠬᠠᠨ᠂ ᠰᠢᠨ᠎ᠡ ᠴᠠᠭ ᠦᠶ᠎ᠡ ᠶᠢᠨ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠠᠵᠢᠯ ᠤᠨ ᠬᠤᠪᠢᠶᠠᠷᠢᠯᠠᠯ ᠤᠨ ᠲᠥᠰᠦᠯ ᠪᠠ

ᠰᠢᠨ᠎ᠡ ᠴᠠᠭ ᠦᠶ᠎ᠡ ᠳᠤ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ

ᠲᠤᠬᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠨᠠᠯ ᠶᠢ ᠨᠠᠶᠢᠷᠠᠭᠤᠯᠤᠨ ᠨᠠᠶᠢᠳᠠᠯᠠᠵᠤ᠂ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠠᠤᠯᠢ ᠶᠣᠰᠣᠭᠠᠷ ᠠᠵᠢᠯ ᠢᠶᠠᠨ

ᠥᠷᠨᠢᠭᠦᠯᠬᠦ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠨᠠᠯᠢᠶᠠᠳ ᠰᠠᠶᠢᠨ ᠦᠷ᠎ᠠ ᠪᠦᠳᠤᠮᠵᠢ ᠤᠯᠪᠠ᠃ ᠬᠤᠰᠢᠭᠤ

ᠨᠠᠮ ᠤᠨ ᠬᠤᠷᠢᠶ᠎ᠠ ᠨᠢ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ᠂ ᠨᠡᠶᠢᠲᠡ ᠶᠢᠨ ᠥᠮᠴᠢᠯᠡᠯ ᠤᠨ ᠪᠤᠰᠤ ᠠᠵᠤ

ᠠᠬᠤᠶ ᠶᠢᠨ ᠲᠥᠯᠥᠭᠡᠯᠡᠭᠴᠢ ᠬᠥᠮᠦᠰ ᠪᠠ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠦᠰ ᠲᠠᠢ ᠬᠠᠷᠢᠯᠴᠠᠬᠤ ᠵᠡᠷᠭᠡ

ᠠᠵᠢᠯ ᠤᠨ ᠲᠤᠭᠳᠠᠯᠴᠠᠭ᠎ᠠ ᠶᠢ ᠲᠡᠭᠦᠯᠳᠡᠷᠵᠢᠭᠦᠯᠵᠦ᠂ ᠰᠢᠨ᠎ᠡ ᠴᠠᠭ ᠦᠶ᠎ᠡ ᠶᠢᠨ ᠠᠷᠠᠳ ᠤᠨ ᠡᠵᠡᠩᠨᠡᠯᠲᠡ ᠶᠢᠨ ᠠᠵᠤ

ᠠᠬᠤᠶ ᠶᠢᠨ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠨ᠂ ᠨᠠᠮ ᠤᠨ ᠭᠠᠳᠠᠨᠠᠬᠢ ᠰᠡᠬᠡᠭᠡᠲᠡᠨ ᠤ ᠠᠵᠢᠯ ᠢ

ᠰᠠᠶᠢᠲᠤᠷ ᠬᠢᠵᠦ᠂ ᠶᠡᠭᠡ ᠨᠢᠭᠡᠳᠦᠮᠡᠯ ᠹᠷᠣᠨᠲ ᠤᠨ ᠠᠵᠢᠯ ᠤᠨ ᠤᠷᠴᠢᠨ ᠢ ᠢᠳᠡᠪᠬᠢᠲᠡᠶ ᠴᠤᠭᠴᠠᠯᠠᠪᠠ᠃ ᠬᠠᠤᠯᠢ ᠪᠠᠷ

ᠵᠠᠰᠠᠬᠤ ᠪᠠᠶᠢᠭᠤᠯᠤᠯᠲᠠ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ

ᠬᠡᠷᠡᠭᠵᠢᠭᠦᠯᠦᠯᠲᠡ ᠶᠢᠨ ︽ᠭᠤᠷᠪᠠᠨ ᠲᠦᠷᠤᠯ ᠤᠨ ᠲᠦᠷᠢᠮ︾᠎ ᠢ ᠴᠢᠩᠭ᠎ᠠ ᠨᠠᠶᠢᠳᠠᠪᠤᠷᠢᠵᠢᠭᠤᠯᠤᠨ᠂ ᠬᠠᠤᠯᠢ

ᠲᠦᠭᠡᠮᠡᠯᠵᠢᠭᠦᠯᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂  ︽ᠢᠷᠭᠡᠨ ᠤ ᠬᠠᠤᠯᠢ ᠶᠢᠨ ᠪᠢᠴᠢᠭ︾᠎ ᠢ ᠥᠷᠭᠡᠨ

ᠳᠡᠯᠭᠡᠷ ᠭᠦᠨ ᠭᠦᠨᠵᠡᠭᠡᠢ ᠰᠤᠷᠤᠯᠴᠠᠨ ᠤᠬᠠᠭᠤᠯᠵᠤ᠂ ᠦᠷᠳᠡᠭᠡ᠂ ᠦᠨᠳᠦᠰᠦᠨ ᠱᠠᠲᠤᠨ ᠤ ᠬᠠᠤᠯᠢ ᠶᠢᠨ

ᠶᠠᠪᠤᠳᠠᠯ ᠤᠨ ᠲᠠᠰᠤᠭ᠂ ᠠᠷᠠᠳ ᠤᠨ ᠡᠶᠡᠳᠡᠭᠦᠯᠭᠡ ᠶᠢᠨ ᠲᠠᠰᠤᠭ᠂ ᠬᠠᠤᠯᠢ ᠴᠠᠭᠠᠵᠠ ᠶᠢᠨ ᠲᠤᠰᠠᠯᠠᠮᠵᠢ ᠶᠢᠨ

ᠦᠷᠳᠡᠬᠡᠨ ᠤ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠤᠯᠠᠨ ᠲᠦᠮᠡᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ

ᠱᠠᠭᠠᠷᠳᠠᠯᠭ᠎ᠠ ᠶᠢ ᠨᠡᠩ ᠰᠠᠶᠢᠲᠤᠷ  ᠬᠠᠩᠭᠠᠪᠠ᠃

     ᠡᠨᠡ ᠨᠢᠭᠡ ᠵᠢᠯ ᠳᠤ᠂ ᠪᠢᠳᠡ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ

ᠭᠦᠨᠵᠡᠭᠡᠢ ᠦᠢᠯᠡᠳᠦᠯᠭᠡᠵᠢᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠣᠯᠤᠨ ᠨᠡᠶᠢᠭᠡᠮ ᠤᠨ ᠵᠠᠰᠠᠯᠲᠠ ᠶᠢ

ᠬᠦᠴᠦᠯᠡᠨ ᠴᠢᠩᠭᠠᠳᠬᠠᠪᠠ᠃ ᠪᠦᠬᠦ ᠵᠢᠯ ᠳᠤ᠂ ᠡᠳ᠋ ᠤᠨ ᠵᠠᠰᠠᠭ ᠠᠴᠠ 13 ᠳ᠋ᠦᠩᠰᠢᠭᠤᠷ ᠲᠥᠭᠦᠷᠢᠭ ᠤᠨ ᠪᠡᠯᠡ

ᠣᠷᠣᠭᠤᠯᠵᠤ᠂ ᠠᠷᠠᠳ ᠤᠨ ᠠᠮᠢᠳᠤᠷᠠᠯ ᠨᠡᠶᠢᠭᠡᠮ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ

ᠪᠠᠲᠤᠯᠠᠪᠠ᠃ ᠠᠳᠠᠯ ᠦᠶᠯᠡᠰ ᠴᠣᠭᠴᠠᠯᠠᠵᠤ ᠠᠵᠢᠯ ᠣᠯᠭᠤᠬᠤ ᠠᠵᠢᠯ ᠢ ᠰᠠᠶᠢᠲᠤᠷ ᠠᠳᠬᠤᠵᠤ᠂ 5612

ᠠᠵᠢᠯ ᠤᠨ ᠪᠠᠶᠢᠷᠢ ᠡᠯᠰᠡᠨ᠂ ᠬᠤᠲᠠ ᠪᠠᠯᠭᠠᠰᠤᠨ ᠤ 588 ᠬᠥᠮᠦᠨ ᠳᠤ ᠰᠢᠨ᠎ᠡ ᠪᠠᠷ ᠠᠵᠢᠯ ᠣᠯᠭᠤᠵᠤ᠂ 901

ᠮᠠᠯᠴᠢᠳ ᠢ ᠨᠡᠬᠦᠯᠬᠡᠨ ᠰᠢᠯᠵᠢᠬᠦᠯᠵᠤ ᠠᠵᠢᠯ ᠣᠯᠭᠤᠨ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ

ᠠᠯᠳᠠᠭᠰᠠᠨ ᠨᠣᠷᠮ᠎ᠠ ᠶᠢ 3.7%᠎ ᠳᠤ ᠬᠢᠵᠠᠭᠠᠷᠯᠠᠪᠠ᠃ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠬᠢᠨᠠᠮᠠᠭᠠᠶ ᠰᠠᠶᠢᠲᠤᠷ

ᠬᠢᠵᠦ᠂ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠡᠯ ᠤᠨ ᠪᠠᠲᠤᠯᠠᠭ᠎ᠠ ᠶᠢᠨ ᠡᠮ ᠡᠮᠨᠡᠯᠭᠡ ᠶᠢᠨ ᠳᠠᠭᠠᠳᠬᠠᠯ

ᠪᠠ ᠣᠨᠴᠠ ᠬᠦᠴᠢᠷᠳᠡᠯ ᠲᠠᠢ ᠬᠥᠮᠦᠰ᠂ ︽ᠭᠤᠷᠪᠠᠨ ᠠᠷᠠᠳ︾᠎ ᠤᠨ ᠬᠥᠮᠦᠰ ᠢ ᠲᠡᠳᠬᠦᠨ ᠲᠠᠮᠵᠢᠬᠦ ᠲᠦᠷᠦ ᠶᠢᠨ

ᠪᠤᠳᠤᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠪᠠ᠃ ᠰᠤᠷᠭᠠᠨ ᠬᠥᠮᠦᠵᠢᠯ ᠢ ᠡᠩ ᠲᠡᠷᠢᠬᠦᠨ ᠳᠤ ᠬᠦᠭᠵᠢᠬᠦᠯᠤᠨ᠂

ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢᠨ ᠦᠷ᠎ᠡ ᠪᠦᠲᠦᠭᠡᠯ ᠢ ᠦᠷᠭᠦᠯᠵᠢᠯᠡᠨ

ᠪᠠᠲᠤᠳᠬᠠᠨ᠂ ᠮᠣᠩᠭᠤᠯ ᠦᠨᠳᠦᠰᠦᠲᠡᠨ ᠤ ᠬᠡᠤᠬᠡᠳ ᠤᠨ ᠴᠡᠴᠡᠷᠯᠢᠭ ᠤᠨ ᠭᠤᠤᠯ ᠴᠣᠭᠴᠠ ᠶᠢᠨ ᠢᠨᠵᠧᠨᠧᠷᠢᠩ ᠤᠨ

ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠪᠠᠭᠰᠢ ᠶᠢᠨ ᠡᠩᠨᠡᠭᠡ ᠳᠤ 60 ᠬᠦᠮᠤᠨ ᠡᠯᠰᠡᠵᠤ᠂ ᠬᠡᠷ ᠪᠦᠯᠢ ᠶᠢᠨ

ᠰᠤᠷᠭᠠᠨ ᠬᠥᠮᠦᠵᠢᠯ ᠤᠨ ᠵᠢᠭᠠᠨ ᠵᠢᠯᠣᠭᠤᠳᠬᠤ ᠦᠶᠯᠡᠴᠢᠯᠡᠭᠡᠨ ᠤ ᠥᠷᠲᠡᠭᠡ ᠶᠢ ᠵᠢᠩᠬᠢᠨᠢ ᠪᠠᠷ ᠡᠬᠢᠯᠡᠨ ᠬᠡᠷᠡᠭᠯᠡᠵᠦ᠂

11 ᠠᠵᠤ ᠠᠬᠤᠶᠢᠯᠠᠯ ᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠳᠠᠳᠤᠯᠭ᠎ᠠ

ᠪᠣᠯᠪᠠᠰᠤᠷᠠᠭᠤᠯᠤᠯ ᠤᠨ ᠰᠠᠭᠤᠷᠢᠨ ᠭᠠᠵᠠᠷ ᠲᠤ ᠤᠷᠤᠭᠤᠯᠤᠨ᠂ ᠡᠯ᠎ᠡ ᠲᠥᠷᠥᠯ ᠤᠨ ᠰᠤᠷᠭᠠᠨ ᠬᠥᠮᠦᠵᠢᠯ ᠢ

ᠵᠣᠬᠢᠴᠠᠩᠭᠤᠶ ᠪᠠᠷ ᠬᠦᠭᠵᠢᠬᠦᠯᠪᠠ᠃  ︽ᠡᠷᠡᠭᠦᠯ ᠮᠡᠨᠳᠦ ᠠᠪᠠᠭ᠎ᠠ︾᠎ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ

ᠠᠬᠢᠭᠤᠯᠵᠤ᠂ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠦᠶᠯᠡᠴᠢᠯᠡᠭᠡᠨ ᠤ ᠠᠰᠠᠷ ᠪᠠ

ᠬᠤᠰᠢᠭᠤ ᠡᠮᠨᠡᠯᠭᠡ ᠶᠢᠨ ᠬᠤᠷᠢᠶ᠎ᠠ᠂ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠪᠥᠭᠡᠮ ᠬᠦᠴᠢᠯ ᠤᠨ

ᠪᠠᠶᠢᠴᠠᠭᠠᠯᠳᠠ ᠶᠢᠨ ᠲᠤᠷᠰᠢᠯᠲᠠ ᠶᠢᠨ ᠲᠠᠰᠤᠭ ᠢ ᠪᠦᠬᠦᠨ ᠢ ᠠᠰᠢᠭᠯᠠᠯᠲᠠ ᠳᠤ ᠣᠷᠣᠭᠤᠯᠵᠤ᠂ ᠲᠦᠮᠡᠨ

ᠲᠥᠭᠦᠷᠢᠭ ᠠᠴᠠ ᠳᠡᠭᠡᠭᠰᠢᠬᠢ ᠡᠮᠴᠢᠯᠡᠭᠡᠨ ᠤ ᠲᠥᠬᠦᠭᠡᠷᠦᠮᠵᠢ 100 ᠰᠠᠤᠷᠢ ︵ᠲᠣᠨᠤᠭ︶ ᠳᠣᠭᠢᠷᠠᠭᠤᠯᠤᠨ᠂

ᠡᠮᠴᠢᠯᠡᠭᠡᠨ ᠤ ᠦᠶᠯᠡᠴᠢᠯᠡᠭᠡᠨ ᠤ ᠶᠠᠰᠤ ᠴᠢᠨᠠᠷ ᠪᠠ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ

ᠴᠢᠳᠠᠪᠤᠷᠢ ᠶᠢ ᠬᠦᠴᠦᠲᠡᠶ ᠳᠡᠭᠡᠭᠰᠢᠯᠡᠭᠦᠯᠪᠡ᠃ ᠦᠨᠳᠦᠰᠦᠲᠡᠨ ᠤ ᠰᠣᠶᠣᠯ ᠤᠨ ᠲᠣᠮᠣ ᠬᠤᠰᠢᠭᠤᠨ ᠤ

ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠴᠤᠭᠤᠷ ᠲᠠᠭᠤᠨ ᠤ ᠤᠯᠠᠮᠵᠢᠯᠠᠨ ᠵᠠᠯᠭᠠᠮᠵᠢᠯᠠᠬᠤ ᠰᠠᠭᠤᠷᠢᠨ ᠭᠠᠵᠠᠷ ᠢ

ᠵᠢᠩᠬᠢᠨᠢ ᠪᠠᠷ ᠠᠰᠢᠭᠯᠠᠯᠲᠠ ᠳᠤ ᠣᠷᠣᠭᠤᠯᠵᠤ᠂ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ

ᠲᠥᠷᠥᠯ ᠵᠦᠶᠯ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ

ᠲᠥᠷᠥᠯ ᠵᠦᠶᠯ 8᠎ ᠶᠢ ᠠᠮᠵᠢᠯᠲᠠ ᠲᠠᠢ ᠪᠠᠷ ᠭᠤᠶᠤᠴᠢᠯᠠᠨ ᠮᠡᠳᠡᠭᠦᠯᠪᠡ᠃ ︽ᠠᠮᠤᠷ ᠲᠠᠶᠢᠪᠤᠩ ᠠᠪᠠᠭ᠎ᠠ︾᠎ ᠶᠢᠨ

ᠪᠥᠲᠥᠭᠡᠨ ᠪᠠᠶᠢᠭᠤᠯᠤᠯᠲᠠ ᠶᠢ ᠭᠦᠨᠵᠡᠭᠡᠶ ᠥᠷᠨᠢᠭᠦᠯᠵᠦ᠂ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾

ᠲᠤᠰᠬᠠᠶ ᠲᠡᠮᠡᠴᠡᠯ᠂ ᠵᠥᠷᠢᠴᠡᠯ ᠵᠢᠭᠤᠷᠠᠭᠠᠨ ᠢ ᠵᠢᠭᠰᠠᠭᠠᠨ ᠪᠠᠶᠢᠴᠠᠭᠠᠵᠤ ᠨᠠᠮᠳᠠᠭᠠᠬᠤ᠂ ᠵᠠᠬᠢᠳᠠᠯ ᠰᠤᠷᠪᠤᠯᠵᠢᠯᠠᠭ᠎ᠠ ᠶᠢᠨ

ᠤᠨ ᠤᠳᠠᠭᠰᠡᠨ ᠬᠡᠷᠡᠭ ᠢ ᠰᠢᠶᠳᠪᠦᠷᠢᠯᠡᠬᠦ᠂ ᠠᠶᠤᠯ ᠥᠬᠡᠶ ᠦᠶᠯᠡᠳᠪᠦᠷᠢᠯᠡᠯ᠂ ᠢᠳᠡᠭᠡᠨ ᠪᠠ ᠡᠮ ᠤᠨ ᠵᠦᠶᠯ ᠤᠨ

ᠠᠮᠤᠷ ᠲᠦᠪᠰᠢᠨ᠂ ᠬᠢᠯᠢ ᠬᠢᠵᠠᠭᠠᠷ ᠢ ᠬᠠᠮᠢᠶᠠᠷᠤᠨ ᠡᠵᠡᠮᠳᠡᠬᠦ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ

ᠬᠢᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠥᠬᠦ ᠲᠠᠯ᠎ᠠ ᠪᠠᠷ

ᠪᠠᠬᠢᠵᠢᠬᠦᠯᠪᠠ᠃

   ᠡᠨᠡ ᠨᠢᠭᠡ ᠵᠢᠯ ᠳᠤ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠠᠵᠢᠯ ᠢ ᠲᠠᠰᠤᠷᠠᠯᠲᠠ ᠦᠭᠡᠢ

ᠴᠢᠩᠭᠠᠳᠬᠠᠨ ᠰᠠᠶᠢᠵᠢᠷᠠᠭᠤᠯᠪᠠ᠃ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ

ᠲᠤᠤᠱᠯᠠᠭᠤᠯᠵᠤ᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾ ᠣᠶᠢᠯᠠᠭᠠᠭᠳᠠᠬᠤᠨ ᠢ ᠭᠦᠨᠵᠡᠭᠡᠶ

ᠦᠢᠯᠡᠳᠦᠯᠭᠡᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠪᠠ ᠡᠭᠦᠳᠦᠨ

ᠪᠠᠶᠢᠭᠤᠯᠬᠤ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ

ᠶᠣᠰᠣᠭᠠᠷ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ

ᠦᠵᠡᠯᠲᠡ ᠶᠢᠨ ᠬᠥᠮᠦᠵᠢᠯ ᠢ ᠴᠢᠩᠭᠠᠳᠬᠠᠬᠤ ᠪᠠᠷ ᠡᠯ᠎ᠡ ᠦᠨᠳᠦᠰᠦᠲᠡᠨ ᠤ ᠰᠣᠶᠣᠯ ᠢ ᠤᠯᠠᠮᠵᠢᠯᠠᠨ ᠬᠠᠮᠠᠭᠠᠯᠠᠬᠤ ᠪᠠ

ᠰᠢᠨ᠎ᠡ ᠶᠢ ᠡᠬᠦᠳᠬᠦ ᠶᠢ ᠠᠭᠤᠰᠤᠯᠴᠠᠭᠤᠯᠬᠤ ᠶᠢ ᠬᠥᠲᠥᠯᠦᠨ ᠳᠠᠭᠠᠭᠤᠯᠵᠤ ᠠᠬᠢᠭᠤᠯᠤᠨ᠂ ᠡᠷᠬᠡ ᠲᠡᠭᠰᠢ᠂

ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ

ᠬᠠᠷᠢᠴᠠᠭ᠎ᠠ ᠶᠢ ᠤᠯᠠᠮ ᠴᠢᠨᠠᠭᠰᠢᠳᠠ ᠪᠠᠬᠢᠵᠢᠭᠦᠯᠦᠨ ᠳᠡᠭᠡᠭᠰᠢᠯᠡᠭᠦᠯᠪᠡ᠃ ᠤᠯᠤᠰ ᠤᠨ ᠨᠡᠶᠢᠳᠡᠮ ᠬᠡᠷᠡᠭᠯᠡᠬᠦ ᠦᠭᠡ

ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠢ ᠡᠷᠡᠰ ᠭᠤᠶᠢᠪᠢᠰᠢ ᠥᠬᠡᠶ ᠬᠡᠷᠡᠭᠵᠢᠬᠦᠯᠪᠠ᠃ ᠬᠡᠷᠡᠭ  ᠶᠠᠪᠣᠳᠠᠯ

᠎ ᠠᠴᠠ ᠭᠦᠨᠵᠡᠭᠡᠶ ᠰᠤᠷᠭᠠᠮᠵᠢ ᠠᠪᠴᠤ᠂ ᠪᠦᠭᠦ ᠬᠤᠰᠢᠭᠤᠨ ᠤ ᠤᠳᠤᠷᠢᠳᠬᠤ ᠺᠠᠳ᠋ᠷᠴᠤᠳ ᠤᠨ ᠲᠤᠰᠬᠠᠶ ᠰᠡᠳᠦᠪᠲᠦ

ᠪᠣᠯᠪᠠᠰᠤᠷᠠᠯ ᠤᠨ ᠠᠩᠭᠢ ᠶᠢ ᠡᠷᠭᠢᠯᠡᠨ᠂ ᠬᠤᠰᠢᠭᠤᠨ ᠤ ᠳᠦᠷᠪᠡᠨ ᠶᠡᠭᠡ ᠤᠳᠤᠷᠢᠳᠬᠤ ᠪᠠᠭ ᠪᠣᠯᠤᠨ ᠰᠤᠷᠭᠠᠨ

ᠬᠥᠮᠦᠵᠢᠯ ᠤᠨ ᠰᠢᠰᠲ᠋ᠧᠮ ᠢ ᠵᠣᠬᠢᠶᠠᠨ ᠪᠠᠶᠢᠭᠤᠯᠵᠤ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ

ᠲᠤᠰᠬᠠᠶ ᠰᠡᠳᠦᠪᠲᠦ ᠠᠷᠡᠳᠴᠢᠯᠠᠯᠳᠤ ᠠᠮᠢᠳᠤᠷᠠᠯ ᠤᠨ ᠬᠤᠷᠠᠯ ᠢ ᠬᠤᠷᠠᠯᠳᠤᠭᠤᠯᠵᠤ᠂ ᠦᠵᠡᠯ ᠰᠠᠨᠠᠭ᠎ᠠ᠂ ᠤᠯᠤᠰ

ᠲᠦᠷᠦ᠂ ᠠᠵᠢᠯ ᠤᠨ ᠲᠠᠯ᠎ᠠ ᠪᠠᠷ ᠣᠷᠣᠰᠢᠵᠤ ᠪᠠᠶᠢᠭ᠎ᠠ ᠠᠳᠡᠭᠦᠦ ᠪᠤᠷᠤᠭᠤ ᠦᠢᠯᠠᠭᠠᠯᠠᠯᠳᠠ ᠪᠣᠯᠤᠨ ᠠᠰᠠᠭᠤᠳᠠᠯ ᠢ

ᠭᠦᠨᠵᠡᠭᠡᠶ ᠲᠤᠩᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ

ᠪᠣᠯᠭᠠᠵᠤ᠂ ᠪᠤᠷᠤᠭᠤ ᠪᠠᠨ ᠵᠠᠯᠠᠷᠠᠭᠤᠯᠵᠤ᠂ ᠵᠦᠪ ᠴᠢᠭᠯᠡᠯ ᠢᠶᠠᠷ ᠵᠠᠮᠨᠠᠨ᠂ ᠠᠵᠢᠯ ᠢᠶᠠᠨ ᠰᠠᠶᠢᠵᠢᠷᠠᠭᠤᠯᠪᠠ᠃

    ᠡᠨᠡ ᠨᠢᠭᠡ ᠵᠢᠯ ᠳᠤ᠂ ᠪᠢᠳᠡ ︽ᠴᠢᠩᠭ᠎ᠠ︾ ᠭᠡᠬᠦ ᠭᠤᠣᠯ ᠬᠦᠭ ᠠᠶᠠᠰ ᠢ ᠪᠠᠷᠢᠮᠲᠠᠯᠠᠵᠤ᠂ ᠪᠦᠬᠦ ᠲᠠᠯ᠎ᠠ ᠪᠠᠷ

ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠡᠷᠡᠰ ᠭᠤᠶᠢᠪᠢᠰᠢ ᠦᠭᠡᠢ ᠠᠬᠢᠭᠤᠯᠪᠠ᠃

ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠨᠠᠮ ᠤᠨ

ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠤᠯᠭᠠᠨ᠂ ᠤᠯᠤᠰ ᠲᠦᠷᠦ ᠶᠢᠨ ᠰᠠᠬᠢᠯᠭ᠎ᠠ

ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠭᠠᠳᠬᠠᠵᠤ᠂ 53 ᠦᠨᠳᠦᠰᠦᠨ ᠱᠠᠲᠤᠨ ᠤ ᠨᠠᠮ ᠤᠨ

ᠵᠣᠬᠢᠶᠠᠨ ᠪᠠᠶᠢᠭᠤᠯᠤᠯᠲᠠ ᠶᠢ ᠲᠤᠭᠤᠷᠢᠨ ᠪᠠᠶᠢᠴᠠᠭᠠᠪᠠ᠃ ᠨᠠᠮ ᠤᠨ ᠦᠵᠡᠯ ᠰᠠᠨᠠᠭᠠᠨ ᠤ ᠪᠠᠶᠢᠭᠤᠯᠤᠯᠲᠠ ᠶᠢ

ᠴᠢᠩᠭᠠᠳᠬᠠᠵᠤ᠂ ︽ᠬᠤᠶᠠᠷ ᠢ ᠰᠤᠷᠤᠯᠴᠠᠵᠦ ᠬᠢᠷᠢ ᠲᠠᠩᠴᠡᠭᠰᠡᠨ ᠨᠠᠮ ᠤᠨ ᠬᠡᠰᠢᠬᠦᠨ︾ ᠰᠤᠷᠤᠯᠴᠠᠯᠭ᠎ᠠ

ᠬᠥᠮᠦᠵᠢᠯ ᠢ ᠪᠠᠶᠢᠩᠭᠤᠵᠢᠭᠤᠯᠵᠤ ᠳᠦᠷᠢᠮᠵᠢᠭᠦᠯᠬᠦ ᠶᠢ ᠭᠦᠨᠵᠡᠭᠡᠶᠢᠷᠡᠭᠦᠯᠵᠦ᠂ ︽ᠤᠭ ᠰᠠᠨᠠᠭ᠎ᠠ ᠪᠠᠨ ᠦᠯᠦ ᠮᠠᠷᠳᠡᠨ᠂

ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ

ᠪᠠᠬᠢᠵᠢᠭᠦᠯᠦᠨ ᠳᠡᠭᠡᠭᠰᠢᠯᠡᠭᠦᠯᠵᠦ᠂ ᠨᠠᠮ ᠤᠨ ᠰᠢᠨ᠎ᠡ ᠶᠢ ᠡᠭᠦᠳᠬᠦ ᠤᠨᠤᠯ ᠤᠨ ᠰᠤᠷᠤᠯᠴᠠᠯᠭ᠎ᠠ ᠲᠤᠤᠱᠯᠠᠭᠤᠯᠤᠯᠲᠠ ᠶᠢ

ᠲᠠᠰᠤᠷᠠᠯᠲᠠ ᠦᠭᠡᠢ ᠭᠦᠨᠵᠡᠭᠡᠶᠢᠷᠡᠭᠦᠯᠬᠦ᠂ ᠰᠡᠳᠬᠢᠯ ᠵᠢᠷᠦᠬᠡᠨ ᠳᠡᠭᠡᠨ ᠪᠤᠳᠤᠬᠤ᠂ ᠪᠣᠳᠠᠲᠠᠶᠢᠵᠢᠭᠤᠯᠬᠤ ᠶᠢ ᠠᠬᠢᠭᠤᠯᠪᠠ

᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ

᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠴᠢᠩᠭᠠᠳᠬᠠᠵᠤ᠂ ᠦᠵᠡᠯ ᠤᠬᠠᠮᠰᠠᠷ ᠤᠨ

ᠬᠡᠯᠪᠡᠷᠢ ᠶᠢᠨ ᠰᠠᠭᠤᠷᠢᠨ ᠭᠠᠵᠠᠷ ᠢᠶᠠᠨ ᠰᠠᠶᠢᠲᠤᠷ ᠰᠠᠬᠢᠵᠤ᠂ ᠦᠵᠡᠯ ᠤᠬᠠᠮᠰᠠᠷ ᠤᠨ ᠬᠡᠯᠪᠡᠷᠢ ᠶᠢᠨ ᠤᠷᠴᠢᠨ ᠤᠯᠠᠮ

ᠰᠠᠶᠢᠵᠢᠷᠠᠭᠰᠡᠨ ᠦᠨᠳᠦᠰᠦᠨ ᠪᠠᠶᠢᠳᠠᠯ ᠢ ᠪᠠᠲᠤᠯᠠᠪᠠ᠃ ︽ᠲᠠᠪᠤᠨ ᠲᠠᠯ᠎ᠠ ᠪᠠᠷ ᠬᠠᠮᠵᠢᠯᠴᠠᠬᠤ᠂ ᠦᠨᠳᠦᠰᠦᠨ

ᠱᠠᠳᠤ ᠶᠢ ᠶᠡᠬᠡᠪᠡᠷ ᠠᠳᠬᠤᠬᠤ︾᠎ ᠶᠢ ᠪᠠᠷᠢᠮᠲᠠᠯᠠᠵᠤ᠂ ᠡᠯ᠎ᠡ ᠬᠦᠷᠢᠶ᠎ᠠ ᠬᠡᠪᠴᠢᠶᠠᠨ ᠤ ᠨᠠᠮ ᠤᠨ ᠪᠠᠶᠢᠭᠤᠯᠤᠯᠲᠠ ᠶᠢᠨ

ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ

ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ᠂ ᠪᠦᠲᠦᠭᠡᠯᠴᠢ ᠴᠢᠨᠡᠷ ᠪᠠ ᠲᠠᠶᠢᠴᠢᠨ ᠬᠦᠴᠦᠨ ᠢ ᠪᠦᠲᠦᠮᠵᠢᠲᠡᠢ

ᠳᠡᠭᠡᠭᠰᠢᠯᠡᠭᠦᠯᠪᠡ᠃ ︽ᠰᠠᠶᠢᠨ ᠺᠠᠳ᠋ᠷ︾᠎ ᠤᠨ ᠪᠠᠷᠢᠮᠵᠢᠶ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠠᠯᠠᠭ᠎ᠠ

ᠲᠡᠰ ᠤᠨ ᠺᠠᠳ᠋ᠷ ᠢ 60 ᠬᠥᠮᠦᠨ ᠤᠳᠠᠭ᠎ᠠ ᠳᠤ ᠲᠤᠬᠢᠷᠠᠭᠤᠯᠤᠯᠳᠠ ᠬᠢᠵᠤ᠂ ᠬᠥᠮᠦᠨ ᠰᠣᠩᠭᠤᠵᠤ ᠬᠥᠮᠦᠨ ᠬᠡᠷᠡᠭᠯᠡᠬᠦ

ᠠᠵᠢᠯ ᠤᠨ ᠰᠢᠨᠵᠢᠯᠡᠬᠦ ᠤᠬᠠᠭᠠᠡᠴᠢᠯᠠᠭᠰᠡᠨ᠂ ᠲᠦᠷᠢᠮᠵᠢᠭᠰᠡᠨ ᠬᠢᠷᠢ ᠲᠦᠪᠰᠢᠨ ᠢ ᠲᠠᠰᠤᠷᠠᠯᠳᠠ ᠦᠭᠡᠢ

ᠳᠡᠭᠡᠭᠰᠢᠯᠡᠭᠦᠯᠪᠡ᠃ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠵᠤ᠂ ᠰᠤᠷᠲᠠᠯ ᠢ ᠲᠥᠪ ᠪᠣᠯᠭᠠᠨ

ᠰᠠᠬᠢᠯᠭ᠎ᠠ ᠪᠠᠲᠤ ᠶᠢ ᠴᠢᠩᠭᠠᠳᠬᠠᠬᠤ ᠶᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠬᠡᠯᠪᠡᠷᠢ ᠶᠢᠨ ᠦᠵᠡᠯ᠂ ᠨᠣᠶᠠᠨᠴᠢ

ᠰᠤᠷᠲᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠤᠯᠠᠨ ᠲᠦᠮᠡᠨ ᠤ ᠳᠡᠷᠭᠡᠳᠡᠬᠢ ᠢᠯᠵᠠᠷᠠᠯ ᠪᠠ ᠰᠤᠷᠲᠠᠯ ᠤᠨ

ᠠᠰᠠᠭᠤᠳᠠᠯ ᠢ ᠴᠢᠩᠭ᠎ᠠ ᠪᠠᠶᠢᠴᠠᠭᠠᠨ ᠰᠢᠶᠳᠪᠦᠷᠢᠯᠡᠵᠦ᠂ ᠢᠯᠵᠠᠷᠠᠯ ᠢ ᠡᠰᠡᠷᠭᠦᠴᠡᠬᠦ ᠲᠦᠪ ᠴᠢᠩᠭ᠎ᠠ ᠪᠠᠶᠢᠳᠠᠯ ᠢᠶᠠᠨ

ᠢᠮᠠᠭᠲᠠ ᠪᠠᠷᠢᠮᠲᠠᠯᠠᠵᠤ᠂ ᠪᠦᠬᠦ ᠵᠢᠯ ᠳᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠪᠠ

ᠠᠰᠠᠭᠤᠳᠠᠯ ᠤᠨ ᠰᠦᠪᠡᠭᠴᠢ ᠶᠢ 173 ᠬᠤᠪᠢ ᠬᠦᠯᠢᠶᠡᠨ ᠠᠪᠴᠤ᠂ 33 ᠬᠡᠷᠡᠭ ᠢ ᠲᠠᠩᠰᠠᠯᠠᠵᠤ᠂ 31 ᠬᠡᠷᠡᠭ ᠢ

ᠰᠶᠢᠳᠪᠤᠷᠢᠯᠡᠨ᠂ 38 ᠬᠥᠮᠦᠨ ᠳᠤ ᠨᠠᠮ ᠤᠨ ᠰᠠᠬᠢᠯᠭ᠎ᠠ ᠵᠠᠰᠠᠭ ᠤᠨ ᠶᠠᠪᠤᠳᠠᠯ ᠤᠨ ᠰᠢᠳᠬᠡᠯ ᠥᠭᠪᠡ᠃

ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ

ᠴᠡᠭᠴᠡᠯᠡᠨ ᠵᠠᠰᠠᠬᠤ ᠠᠵᠢᠯ ᠢ ᠲᠥᠪᠯᠡᠷᠡᠭᠦᠯᠦᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ

᠎ ᠤ ᠲᠣᠭᠤᠷᠢᠨ ᠪᠠᠶᠢᠴᠠᠭᠠᠯᠳᠠ᠂ ᠠᠶᠢᠮᠠᠭ ᠤᠨ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠯᠳᠠ ᠶᠢᠨ ᠬᠠᠷᠢᠭᠤ

ᠲᠤᠰᠬᠠᠭᠰᠠᠨ ᠠᠰᠠᠭᠤᠳᠠᠯ ᠤᠨ 99%᠎ ᠶᠢ ᠴᠡᠭᠴᠡᠯᠡᠨ ᠵᠠᠰᠠᠬᠤ ᠶᠢ ᠪᠡᠶᠡᠯᠡᠭᠦᠯᠤᠨ᠂ 92 ᠪᠣᠳᠠᠲᠠᠶ ᠠᠰᠠᠭᠤᠳᠠᠯ ᠢ

ᠰᠢᠶᠳᠪᠦᠷᠢᠯᠡᠵᠦ᠂ 1.84 ᠳ᠋ᠦᠩᠰᠢᠭᠤᠷ ᠲᠥᠭᠦᠷᠢᠭ ᠤᠨ ᠠᠵᠤ ᠠᠬᠤᠶ ᠶᠢᠨ ᠬᠤᠬᠢᠷᠠᠯ ᠢ ᠡᠭᠡᠭᠦᠯᠦᠨ ᠠᠪᠴᠢᠷᠠᠵᠤ᠂

ᠲᠤᠰᠬᠠᠶ ᠴᠡᠭᠴᠡᠯᠡᠨ ᠵᠠᠰᠠᠬᠤ ᠠᠵᠢᠯ ᠨᠢ ᠴᠢᠬᠤᠯᠠ ᠱᠠᠳᠤᠴᠢ ᠴᠢᠨᠠᠷᠲᠠᠶ ᠦᠷ᠎ᠠ ᠪᠦᠳᠤᠮᠵᠢ ᠤᠯᠪᠠ᠃

    ᠨᠢᠭᠡ ᠵᠢᠯ ᠤᠨ ᠲᠤᠷᠰᠢ᠂ ᠭᠡᠨᠡᠳᠲᠡ ᠶᠢᠨ ᠰᠢᠯᠭᠠᠯᠲᠠ᠂ ᠰᠠᠨᠠᠭᠠᠨ ᠳᠤ ᠦᠭᠡᠢ ᠬᠦᠴᠢᠷᠳᠡᠯ ᠪᠠ ᠤᠯᠠᠨ ᠠᠷᠪᠢᠨ

ᠳᠠᠷᠤᠯᠲᠠ ᠶᠢᠨ ᠡᠮᠦᠨ᠎ᠡ᠂ ᠪᠢᠳᠡ ᠭᠤᠶᠢᠪᠢᠰᠢ ᠦᠬᠡᠢ ᠬᠦᠴᠤᠯᠠᠨ ᠴᠢᠷᠮᠠᠶᠢᠵᠤ᠂ ᠯᠠᠪᠳᠠᠭᠤᠨ ᠲᠣᠭᠲᠠᠭᠤᠨ ᠢᠶᠠᠷ

ᠠᠷᠭᠠᠴᠠᠭᠠᠨ᠂ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠶᠢ ᠬᠡᠷᠡᠭᠵᠢᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ

ᠪᠠᠶᠢᠭᠤᠯᠤᠨ ᠪᠦᠳᠤᠬᠡᠬᠦ ᠰᠢᠢᠳᠪᠦᠷᠢᠲᠦ ᠢᠯᠠᠯᠲᠠ ᠶᠢ ᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ

ᠰᠢᠪᠲᠤᠯᠬᠤ ᠳᠠᠶᠢᠯᠠᠯᠳᠤᠭᠠᠨ ᠪᠠ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠦᠯᠤᠪᠵᠢᠬᠦᠯᠬᠡ ᠶᠢ ᠲᠡᠭᠦᠰ

ᠠᠮᠵᠢᠯᠲᠠ ᠲᠠᠢ ᠪᠠᠶᠠᠯᠠᠬᠦᠯᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃

    ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠨᠠᠮ ᠤᠨ ᠲᠥᠪ

ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠪᠠᠲᠤ

ᠴᠢᠩᠭ᠎ᠠ ᠤᠳᠤᠷᠢᠳᠤᠯᠭ᠎ᠠ ᠲᠤᠤᠷ᠎ᠠ᠂ ᠬᠤᠰᠢᠭᠤ ᠨᠠᠮ ᠤᠨ ᠬᠤᠷᠢᠶ᠎ᠠ ᠨᠢ ᠪᠥᠬᠦ ᠬᠤᠰᠢᠭᠤᠨ ᠤ

ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢᠶᠠᠨ ᠪᠦᠯᠬᠦᠮᠳᠡᠭᠦᠯᠦᠨ ᠳᠠᠭᠠᠭᠤᠯᠵᠤ᠂ ︽ᠲᠠᠪᠤ ᠶᠢ ᠨᠢᠭᠡ

ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠳᠠ ᠪᠣᠯᠤᠨ ︽ᠳᠥᠷᠪᠡᠨ ᠪᠥᠬᠦ ᠲᠠᠯ᠎ᠠ︾᠎ ᠶᠢᠨ ᠪᠠᠶᠢᠯᠳᠤᠬᠤ

ᠪᠣᠳᠣᠯᠭ᠎ᠠ ᠶᠢᠨ ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠴᠠᠭ ᠦᠶ᠎ᠡ ᠲᠠᠢ ᠵᠡᠷᠬᠡᠴᠠᠨ᠂

ᠠᠵᠢᠯ ᠤᠨ ᠰᠡᠳᠬᠢᠮᠵᠢ ᠪᠠᠨ ᠲᠡᠬᠦᠯᠳᠡᠷᠵᠢᠬᠦᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠳᠣᠭᠢᠷᠠᠭᠤᠯᠤᠨ᠂ ᠰᠡᠳᠬᠢᠯ

ᠨᠢᠬᠡᠳᠤᠨ ᠬᠦᠴᠦ ᠪᠠᠨ ᠬᠠᠮᠲᠤᠳᠬᠠᠵᠤ ᠪᠠᠶᠢᠭᠠᠳ ᠬᠥᠭᠵᠢᠯᠲᠡ ᠶᠢᠨ ᠬᠦᠴᠢᠷ ᠠᠰᠠᠭᠤᠳᠠᠯ ᠢ ᠰᠢᠶᠳᠪᠦᠷᠢᠯᠡᠵᠦ᠂

ᠪᠥᠬᠦ ᠬᠤᠰᠢᠭᠤᠨ ᠤ ᠡᠯ᠎ᠡ ᠲᠦᠷᠤᠯ ᠤᠨ ᠠᠵᠢᠯ ᠦᠶᠯᠡᠰ ᠤᠨ ᠴᠢᠬᠤᠯᠠ ᠶᠡᠭᠡ ᠠᠮᠵᠢᠯᠲᠠ ᠤᠯᠬᠤ ᠶᠢ ᠠᠬᠢᠭᠤᠯᠪᠠ᠃

ᠠᠵᠤ ᠠᠬᠤᠶ ᠶᠢᠨ ᠶᠠᠷᠤᠩᠬᠡᠶᠢᠯᠡᠭᠰᠡᠨ ᠪᠣᠳᠠᠲᠤ ᠬᠦᠴᠦᠨ ᠢᠯᠡᠳᠲᠡ ᠴᠢᠩᠭᠠᠷᠠᠪᠠ᠃ ᠭᠠᠵᠠᠷ ᠣᠷᠣᠨ ᠤ

ᠦᠶᠯᠡᠳᠪᠦᠷᠢᠯᠡᠯ ᠤᠨ ᠶᠡᠷᠦᠩᠬᠡᠶ ᠥᠷᠲᠡᠭ 2015 ᠣᠨ ᠳᠤ 27.3 ᠳ᠋ᠦᠩᠰᠢᠭᠤᠷ ᠲᠥᠭᠦᠷᠢᠭ

ᠪᠠᠶᠢᠭᠰᠠᠨ ᠠᠴᠠ ᠪᠠᠨ ᠨᠡᠮᠡᠭᠳᠡᠭᠡᠳ 36 ᠳ᠋ᠦᠩᠰᠢᠭᠤᠷ ᠲᠥᠭᠦᠷᠢᠭ ᠪᠣᠯᠵᠣ᠂ ᠬᠥᠮᠦᠨ ᠳᠤᠮᠳᠠᠴᠢ ᠶᠢᠨ

ᠦᠶᠯᠡᠳᠪᠦᠷᠢᠯᠡᠯ ᠤᠨ ᠶᠡᠷᠦᠩᠬᠡᠶ ᠥᠷᠲᠡᠭ 6.4 ᠲᠦᠮᠡᠨ ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 8.8

ᠲᠦᠮᠡᠨ ᠲᠥᠭᠦᠷᠢᠭ ᠪᠣᠯᠵᠣ᠂ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ ᠲᠣᠰ ᠲᠣᠰ 5.7% ᠪᠠ 6.5%

ᠬᠦᠷᠴᠦ᠂ ᠴᠥᠮ ᠪᠥᠬᠦ ᠠᠶᠢᠮᠠᠭ ᠤᠨ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠪᠠ︔ ᠳ᠋ᠦᠩᠰᠢᠭᠤᠷ

ᠲᠥᠭᠦᠷᠢᠭ ᠠᠴᠠ ᠳᠡᠭᠡᠭᠰᠢᠬᠢ 21 ᠵᠦᠶᠯ ᠤᠨ ᠭᠤᠤᠯᠳᠠᠯᠭ᠎ᠠ ᠲᠠᠢ ᠲᠥᠷᠥᠯ ᠵᠦᠶᠯ ᠢ ᠬᠡᠷᠡᠭᠵᠢᠭᠦᠯᠵᠦ᠂ ᠪᠥᠬᠦ

ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 164 ᠳ᠋ᠦᠩᠰᠢᠭᠤᠷ ᠲᠥᠭᠦᠷᠢᠭ ᠪᠡᠶᠡᠯᠡᠭᠦᠯᠪᠡ︔

ᠨᠡᠶᠢᠭᠡᠮ ᠤᠨ ᠬᠡᠷᠡᠭᠯᠡᠭᠡᠨ ᠤ ᠵᠥᠢᠯᠡᠰ ᠵᠢᠵᠢᠭᠯᠡᠨ ᠪᠤᠷᠤᠯᠠᠭᠤᠯᠤᠭᠰᠡᠨ ᠶᠡᠷᠦᠩᠬᠡᠶ ᠲᠤᠭ᠎ᠠ᠂ ᠡᠩ ᠤᠨ ᠣᠯᠠᠨ

ᠨᠡᠶᠢᠲᠡ ᠶᠢᠨ ᠲᠥᠰᠦᠪ ᠤᠨ ᠣᠷᠣᠯᠭ᠎ᠠ ᠶᠢ ᠵᠢᠯ ᠪᠦᠷᠢ ᠳᠤᠮᠳᠠᠴᠢ ᠪᠠᠷ ᠲᠣᠰ ᠲᠣᠰ 1.6% ᠪᠠ 12%᠎ ᠢᠶᠠᠷ

ᠨᠡᠮᠡᠭᠳᠡᠬᠦᠯᠪᠡ᠃ ᠠᠵᠤ ᠦᠢᠯᠡᠰ ᠤᠨ ᠬᠡᠯᠪᠡᠷᠢ ᠶᠢᠨ ᠬᠤᠪᠢᠷᠠᠭᠤᠯᠤᠯᠲᠠ ᠴᠢᠬᠤᠯᠠ ᠶᠡᠭᠡ ᠰᠢᠪᠲᠤᠯᠤᠯᠲᠠ ᠲᠠᠢ ᠪᠣᠯᠪᠠ᠃

ᠭᠤᠷᠪᠠᠨ ᠠᠵᠤ ᠦᠶᠯᠡᠰ ᠤᠨ ᠪᠦᠲᠦᠴᠡ ᠶᠢᠨ ᠬᠠᠷᠢᠴᠠᠯ ᠨᠢ 2015 ᠣᠨ ᠳᠤ 28᠄ 37᠄ 35

ᠪᠠᠶᠢᠭᠰᠠᠨ ᠠᠴᠠ ᠪᠠᠨ 29᠄ 31᠄ 40 ᠪᠣᠯᠤᠨ ᠬᠤᠪᠢᠷᠠᠵᠤ᠂ ︽ᠬᠤᠨᠢ ᠪᠠᠨ ᠴᠥᠭᠡᠳᠬᠡᠨ ᠦᠬᠡᠷ ᠢᠶᠠᠨ

ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠨᠠᠯᠢᠶᠠᠳ ᠰᠠᠶᠢᠨ ᠦᠷ᠎ᠡ ᠪᠦᠳᠤᠮᠵᠢ ᠣᠯᠵᠤ᠂ ᠲᠠᠪᠤᠨ ᠵᠢᠯ ᠳᠤ 66

ᠲᠦᠮᠡᠨ ᠲᠤᠯᠤᠭᠠᠢ ᠬᠤᠨᠢ ᠴᠥᠭᠡᠳᠬᠡᠨ᠂ 3 ᠲᠦᠮᠡᠨ ᠲᠤᠯᠤᠭᠠᠢ ᠦᠬᠡᠷ ᠨᠡᠮᠡᠭᠳᠡᠭᠦᠯᠵᠦ᠂ ᠮᠠᠯᠵᠢᠯ ᠤᠨ ᠣᠨ ᠤ

ᠮᠢᠬᠠᠨ ᠤ ᠬᠤᠨᠢᠨ ᠤ ᠲᠤᠭ᠎ᠠ ᠶᠢ 140 ᠲᠦᠮᠡ ᠳᠤ ᠲᠣᠭᠲᠠᠪᠤᠷᠢᠵᠢᠭᠤᠯᠤᠨ᠂ ᠮᠢᠬᠠᠨ ᠤ ᠦᠬᠡᠷ ᠤᠨ ᠲᠤᠭ᠎ᠠ 21

ᠲᠦᠮᠡ ᠳᠤ ᠬᠦᠷᠴᠦ᠂ ᠠᠳᠤᠭᠤᠨ ᠤ ᠠᠵᠤ ᠦᠶᠯᠡᠰ ᠪᠠ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ

ᠦᠶᠯᠡᠰ ᠲᠠᠰᠤᠷᠠᠯᠲᠠ ᠥᠬᠡᠶ ᠬᠥᠭᠵᠢᠵᠦ᠂ ᠮᠠᠯ ᠤᠨ ᠠᠰᠢᠭ ᠰᠢᠮ᠎ᠡ ᠶᠢᠨ ᠪᠦᠳᠤᠬᠡᠭᠳᠡᠬᠦᠨ ᠤ ᠭᠠᠵᠠᠷ ᠤᠷᠤᠨ ᠤ

ᠲᠠᠸᠠᠷ ᠤᠨ ᠲᠡᠮᠳᠡᠭ 3 ᠪᠣᠯᠵᠣ᠂ ︽ᠠᠪᠠᠭ᠎ᠠ ᠬᠠᠷ᠎ᠠ ᠠᠳᠤᠭᠤ︾᠂ ︽ᠠᠪᠠᠭ᠎ᠠ ᠴᠡᠭᠡ︾ ᠵᠡᠷᠭᠡ ᠭᠠᠵᠠᠷ ᠣᠷᠣᠨ ᠤ

ᠨᠠᠷᠠᠲᠤ ᠲᠡᠮᠳᠡᠭ ᠤᠨ ᠠᠯᠳᠠᠷᠰᠢᠯ ᠲᠠᠰᠤᠷᠠᠯᠲᠠ ᠥᠬᠡᠶ ᠨᠡᠮᠡᠭᠳᠡᠪᠡ︔ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ

85 ᠲᠦᠮᠡᠨ ᠺᠢᠯᠣᠸᠠᠲ ᠪᠠᠶᠢᠭᠰᠠᠨ ᠠᠴᠠ ᠪᠠᠨ 215 ᠲᠦᠮᠡᠨ ᠺᠢᠯᠣᠸᠠᠲ ᠪᠣᠯᠤᠨ ᠬᠥᠭᠵᠢᠵᠦ᠂ ᠴᠠᠬᠢᠯᠭᠠᠨ

ᠭᠠᠷᠭᠠᠬᠤ ᠬᠡᠮᠵᠢᠶ᠎ᠡ ᠪᠣᠯᠤᠨ ᠮᠠᠰᠢᠨ ᠴᠣᠭᠴᠠᠯᠠᠪᠤᠷᠢ ᠶᠢᠨ ᠬᠡᠮᠵᠢᠶ᠎ᠡ ᠴᠥᠮ ᠪᠥᠬᠦ ᠠᠶᠢᠮᠠᠭ ᠤᠨ ᠲᠡᠷᠢᠭᠦᠨ ᠳᠤ ᠣᠷᠣᠵᠤ

᠂ ᠨᠡᠭᠦᠷᠡᠰᠦᠨ ᠤ ᠭᠠᠷᠤᠯᠲᠠ ᠶᠢ 167 ᠲᠦᠮᠡᠨ ᠲᠣᠨ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠪᠠ︔

ᠰᠣᠶᠣᠯ ᠵᠤᠭᠠᠴᠠᠯ ᠤᠨ ᠦᠢᠯᠡᠰ ᠭᠦᠨᠵᠡᠭᠡᠢ ᠠᠭᠤᠰᠤᠯᠴᠠᠵᠤ᠂ ᠵᠠᠮ ᠬᠠᠷᠢᠯᠴᠠᠭ᠎ᠠ᠂ ᠪᠠᠷᠠᠭᠠᠨ ᠤ ᠭᠦᠢᠯᠭᠡᠭᠡ᠂

ᠮᠥᠩᠭᠦᠨ ᠭᠦᠢᠯᠭᠡᠭᠡᠨ ᠤ ᠦᠢᠯᠡᠴᠢᠯᠡᠭᠡ᠂ ᠬᠤᠭᠤᠯᠠ ᠤᠮᠳᠠ ᠬᠤᠨᠤᠭ ᠪᠠᠭᠤᠳᠠᠯ ᠵᠡᠷᠭᠡ ᠠᠵᠤ ᠦᠢᠯᠡᠰ ᠲᠠᠰᠤᠷᠠᠯᠲᠠ

ᠦᠭᠡᠢ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠵᠦ᠂ ᠨᠢᠭᠡ ᠪᠦᠯᠦᠭ ᠤᠨᠴᠠᠯᠢᠬᠳᠤ ᠳᠠᠪᠠᠭᠤᠯᠢᠭ ᠠᠵᠤ ᠦᠢᠯᠡᠰ

ᠪᠣᠯᠤᠨ ᠰᠢᠨ᠎ᠡ ᠪᠠᠷ ᠮᠠᠨᠳᠤᠭᠰᠠᠨ ᠠᠵᠤ ᠦᠢᠯᠡᠰ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠵᠤ᠂ ᠰᠢᠨ᠎ᠡ

ᠬᠠᠭᠤᠴᠢᠨ ᠬᠥᠳᠡᠯᠭᠡᠬᠦ ᠬᠦᠴᠦᠨ ᠤ ᠰᠣᠯᠢᠭᠳᠠᠯ ᠪᠦᠬᠦ ᠲᠠᠯ᠎ᠠ ᠪᠠᠷ ᠡᠬᠢᠯᠡᠪᠡ᠃ ᠠᠮᠢ ᠠᠬᠤᠶ ᠶᠢᠨ ᠪᠣᠯᠪᠠᠰᠤᠨ ᠤ

ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠪᠠ᠃ ᠬᠠᠮᠠᠭᠠᠯᠠᠬᠤ ᠪᠠ ᠵᠠᠰᠠᠬᠤ ︽ᠬᠤᠶᠠᠷ ᠲᠠᠯ᠎ᠠ ᠶᠢ

ᠵᠡᠷᠭᠡ ᠪᠠᠷ ᠠᠳᠬᠤᠬᠤ︾᠎ ᠶᠢ ᠪᠠᠷᠢᠮᠲᠠᠯᠠᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠱᠠᠩᠨᠠᠯ ᠨᠦᠬᠦᠪᠤᠷᠢ ᠶᠢᠨ

ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠡᠯᠴᠢᠭᠡᠷᠯᠡᠭᠦᠯᠬᠦ ᠶᠢ ᠵᠤᠭᠰᠤᠭᠠᠬᠤ ᠪᠠ

ᠰᠠᠯᠬᠦᠨ ᠮᠠᠯᠵᠢᠬᠤ ᠵᠡᠷᠭᠡ ᠠᠮᠢ ᠠᠬᠤᠶ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠪᠦᠲᠦᠮᠵᠢᠲᠡᠶ ᠬᠡᠷᠡᠭᠵᠢᠭᠦᠯᠦᠨ᠂

ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢ 2015 ᠣᠨ ᠳᠤ 54.9% ᠪᠠᠶᠢᠭᠰᠠᠨ ᠠᠴᠠ 2020 ᠣᠨ ᠳᠤ

60.9% ᠪᠣᠯᠭᠠᠨ ᠲᠡᠬᠡᠭᠰᠢᠯᠡᠬᠦᠯᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ

ᠴᠢᠬᠤᠯᠠ ᠶᠡᠭᠡ ᠠᠮᠵᠢᠯᠲᠠ ᠣᠯᠵᠤ᠂ ︽ᠲᠠᠷᠠᠬᠠᠢ ᠪᠤᠲᠠᠷᠬᠠᠢ᠂ ᠡᠮᠬᠢ ᠵᠠᠮᠪᠠᠷᠠᠭ᠎ᠠ ᠦᠬᠡᠢ᠂ ᠪᠤᠬᠢᠷ︾ ᠠᠵᠤ

ᠦᠢᠯᠡᠳᠪᠦᠷᠢ ᠶᠢᠨ ᠠᠵᠤ ᠠᠬᠤᠶᠢᠯᠠᠯ 4᠎ ᠶᠢ ᠵᠤᠭᠰᠤᠭᠠᠵᠤ᠂ 10 ᠲᠣᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ

ᠵᠢᠵᠢᠭ ᠭᠦᠸᠧᠯᠦ ᠶᠢ ᠰᠢᠭᠰᠢᠬᠦ ᠡᠭᠦᠷᠭᠡ ᠶᠢ ᠪᠦᠬᠦᠨ ᠢ ᠪᠡᠶᠡᠯᠡᠬᠦᠯᠪᠡ︔ ︽ᠭᠤᠤᠯ ︵ᠨᠠᠭᠤᠷ︶᠎ ᠤᠨ ᠳᠠᠷᠤᠭ᠎ᠠ ᠶᠢᠨ

ᠲᠦᠷᠢᠮ︾᠎ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠡᠯᠬᠦᠳᠡᠢ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ

ᠦᠶᠯᠡᠳᠪᠦᠷᠢ ᠶᠢᠨ ᠴᠠᠪᠠᠷᠰᠢᠬᠦᠯᠦᠭᠰᠡᠨ ᠤᠰᠤᠨ ᠤ ᠴᠢᠨᠠᠷ ᠨᠢᠭᠡᠳᠦᠭᠡᠷ ᠳᠡᠰ ᠤᠨ A ᠪᠠᠷᠢᠮᠵᠢᠶ᠎ᠠ ᠳᠤ ᠬᠥᠷᠪᠡ︔

ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ 15.9 ᠲᠦᠮᠡᠨ ᠮᠤ᠋ ᠵᠠᠰᠠᠵᠤ᠂ ᠭᠠᠵᠠᠷ ᠰᠢᠨᠵᠢᠯᠡᠭᠡᠨ ᠤ

ᠣᠷᠴᠢᠨ ᠠᠬᠤᠶ ᠶᠢ 5.74 ᠲᠡᠭᠰᠢ ᠳᠥᠷᠪᠡᠯᠵᠢᠨ ᠺᠢᠯᠣᠮᠧᠲᠷ ᠵᠠᠰᠠᠬᠤ ᠶᠢ ᠪᠡᠶᠡᠯᠡᠭᠦᠯᠵᠦ᠂ ᠲᠩᠷᠢ ᠨᠢ ᠴᠡᠯᠮᠡᠭ᠂

ᠤᠰᠤ ᠨᠢ ᠲᠤᠩᠭᠠᠯᠠᠭ᠂ ᠬᠦᠷᠤᠰᠤ ᠨᠢ ᠴᠡᠪᠡᠷ᠂ ᠪᠡᠯᠴᠢᠭᠡᠷ ᠰᠠᠬᠤᠯᠢᠭ ᠰᠠᠶᠢᠨ ᠰᠠᠶᠢᠬᠠᠨ ᠠᠮᠢ ᠠᠬᠤᠶ ᠶᠢᠨ ᠣᠷᠴᠢᠨ

ᠨᠥᠬᠦᠴᠡᠯ ᠢ ᠪᠦᠲᠦᠮᠵᠢᠲᠡᠶ ᠪᠠᠷ ᠪᠠᠬᠢᠵᠢᠭᠦᠯᠦᠨ ᠬᠥᠭᠵᠢᠭᠦᠯᠪᠡ᠃ ᠬᠤᠳᠠ ᠬᠥᠳᠡᠭᠡ ᠶᠢᠨ ᠬᠥᠭᠵᠢᠯᠲᠡ ᠶᠢᠨ ᠳᠦᠷᠰᠦ

ᠪᠠᠶᠢᠳᠠᠯ ᠦᠷᠭᠦᠯᠵᠢᠯᠡᠨ ᠰᠠᠶᠢᠵᠢᠷᠠᠪᠠ᠃ ᠬᠤᠳᠠ ᠶᠢᠨ ᠠᠳᠠᠯ ᠠᠬᠤᠢ ᠶᠢᠨ ᠰᠠᠭᠤᠷᠢ ᠪᠡᠯᠡᠳᠬᠡᠮᠵᠢ ᠶᠢᠨ ᠪᠦᠳᠦᠬᠡᠨ

ᠪᠠᠶᠢᠭᠤᠯᠤᠯᠲᠠ ᠳᠤ ᠨᠠᠶᠢᠳᠠ 12.4 ᠳ᠋ᠦᠡᠭᠰᠢᠭᠤᠷ ᠲᠥᠭᠦᠷᠢᠭ ᠤᠨ ᠪᠡᠯᠡ ᠣᠷᠣᠭᠤᠯᠵᠤ᠂ 2380 ᠡᠷᠤᠬᠡ ᠶᠢᠨ

ᠬᠠᠭᠤᠴᠢᠨ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠵᠤ᠂ 6.5 ᠲᠦᠮᠡᠨ ᠲᠡᠭᠰᠢ ᠳᠥᠷᠪᠡᠯᠵᠢᠨ ᠮᠧᠲᠷ ᠵᠡᠭᠡᠯᠢ

ᠭᠤᠳᠤᠮᠵᠢ ᠶᠢ ᠥᠭᠡᠷᠡᠴᠢᠯᠡᠨ ᠥᠷᠭᠡᠳᠬᠡᠨ ᠪᠠᠶᠢᠭᠤᠯᠵᠤ᠂ 17.6 ᠲᠦᠮᠡᠨ ᠲᠡᠭᠰᠢ ᠳᠥᠷᠪᠡᠯᠵᠢᠨ ᠮᠧᠲᠷ ᠵᠡᠭᠡᠯᠢ

ᠭᠤᠳᠤᠮᠵᠢ ᠶᠢ ᠬᠠᠳᠠᠭᠤᠵᠢᠭᠤᠯᠵᠤ᠂ ᠬᠤᠳᠠ ᠪᠠᠯᠭᠠᠰᠤᠨ ᠤ ᠨᠣᠭᠤᠭᠠᠷᠠᠭᠤᠯᠤᠯᠲᠠ ᠶᠢᠨ ᠲᠠᠯᠠᠪᠠᠢ ᠶᠢ 140.5

ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠦᠨ᠂ ᠬᠤᠳᠠ ᠪᠠᠯᠭᠠᠰᠤᠨ ᠤ ᠲᠦᠬᠡᠬᠡᠯ ᠤᠰᠤ

ᠬᠠᠩᠭᠠᠬᠤ ᠶᠢ ᠲᠦᠭᠡᠮᠡᠯᠵᠢᠭᠦᠯᠦᠭᠰᠡᠨ ᠨᠤᠷᠮ᠎ᠠ᠂ ᠪᠣᠬᠢᠷ ᠤᠰᠤ ᠶᠢ ᠰᠢᠶᠳᠪᠦᠷᠢᠯᠡᠭᠰᠡᠨ ᠨᠤᠷᠮ᠎ᠠ ᠲᠤᠰ ᠲᠤᠰ 100%

ᠪᠠ 98.5%᠎ ᠳᠤ ᠬᠦᠷᠴᠦ᠂ ︽ᠠᠷᠪᠠᠨ ᠬᠤᠶᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠰᠡᠭᠦᠯᠴᠢ

᠎ ᠶᠢᠨ ᠬᠤᠭᠤᠴᠠᠭᠠᠨ ᠳᠤ ᠲᠤᠰ ᠲᠤᠰ 16.4 ᠵᠠᠭᠤᠨ ᠤ ᠬᠠᠷᠢᠴᠠᠯ᠂ 43.2 ᠵᠠᠭᠤᠨ ᠤ ᠬᠠᠷᠢᠴᠠᠯ ᠢᠶᠠᠷ

ᠳᠡᠭᠡᠭᠰᠢᠯᠡᠪᠡ᠃ 303 ᠤᠯᠤᠰ ᠤᠨ ᠵᠠᠮ᠂ 331 ᠱᠤᠭᠤᠮ ᠤᠨ ᠠᠪᠠᠭ᠎ᠠ ᠬᠤᠰᠢᠭᠤᠨ ᠤ ᠬᠡᠰᠡᠭ ᠤᠨ 92.4

ᠺᠢᠯᠣᠮᠧᠲᠷ ᠤᠨ ᠵᠠᠮ᠂ ᠮᠠᠯᠵᠢᠬᠤ ᠣᠷᠣᠨ ᠤ 397 ᠺᠢᠯᠣᠮᠧᠲᠷ ᠵᠠᠰᠠᠮᠠᠯ ᠵᠠᠮ᠂ 968 ᠬᠤᠳᠳᠤᠭ᠂ 312

ᠺᠢᠯᠣᠮᠧᠲᠷ ᠴᠠᠬᠢᠯᠭᠠᠨ ᠱᠤᠭᠤᠮ᠂ 18 ᠴᠢᠮᠡᠭᠡ ᠨᠠᠪᠳᠡᠷᠡᠬᠦᠯᠬᠡ ᠶᠢᠨ ᠰᠠᠭᠤᠷᠢ ᠥᠷᠲᠡᠭᠡ ᠰᠢᠨ᠎ᠡ ᠪᠠᠷ ᠪᠠᠶᠢᠭᠤᠯᠵᠤ᠂

ᠬᠥᠮᠦᠰ ᠤᠨ ᠣᠷᠣᠰᠢᠨ ᠰᠠᠭᠤᠬᠤ ᠣᠷᠴᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ

ᠭᠤᠤᠯᠳᠠᠯᠭ᠎ᠠ ᠲᠠᠢ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠠᠷᠢᠭᠤᠨ ᠴᠡᠪᠡᠷ ᠵᠣᠷᠯᠣᠩ ᠤᠨ ᠲᠦᠭᠡᠮᠡᠯᠵᠢᠭᠰᠡᠨ

ᠨᠣᠷᠮ᠎ᠠ 43%᠎ ᠳᠤ ᠬᠦᠷᠴᠦ᠂ ᠬᠤᠲᠠ ᠬᠥᠳᠡᠭᠡ ᠠᠭᠤᠰᠤᠯᠴᠠᠨ ᠬᠥᠭᠵᠢᠬᠦ ᠴᠢᠳᠠᠪᠤᠷᠢ ᠢᠯᠡᠳᠲᠡ ᠳᠡᠭᠡᠭᠰᠢᠯᠡᠪᠡ᠃

ᠠᠷᠠᠳ ᠤᠨ ᠠᠮᠢᠳᠤᠷᠠᠯ ᠤᠨ ᠬᠢᠷᠢ ᠲᠦᠪᠰᠢᠨ ᠶᠡᠬᠡᠪᠡᠷ ᠳᠡᠭᠡᠭᠰᠢᠯᠡᠪᠡ᠃ ᠬᠤᠲᠠ ᠬᠥᠳᠡᠭᠡ ᠶᠢᠨ ᠪᠠᠶᠢᠩᠭᠤ ᠶᠢᠨ

ᠰᠠᠭᠤᠭᠠᠯᠢᠴᠢᠳ ᠤᠨ ᠬᠥᠮᠦᠨ ᠳᠤᠮᠳᠠᠴᠢ ᠶᠢᠨ ᠲᠤᠬᠢᠷᠠᠭᠤᠯᠵᠤ ᠪᠤᠯᠬᠤᠶᠢᠴᠠ ᠣᠷᠣᠯᠭ᠎ᠠ 40826 ᠲᠥᠭᠦᠷᠢᠭ ᠪᠠ

30857 ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ ᠲᠣᠰ ᠲᠣᠰ 6.4% ᠪᠠ 9.0%᠎ ᠢᠶᠠᠷ

ᠨᠡᠮᠡᠭᠳᠡᠪᠡ︔ ᠲᠠᠪᠤᠨ ᠵᠢᠯ ᠳᠤ 2 ᠳ᠋ᠦᠩᠰᠢᠭᠤᠷ ᠭᠠᠷᠤᠶ ᠲᠥᠭᠦᠷᠢᠭ ᠤᠨ ᠶᠠᠳᠠᠭᠤ ᠶᠢ ᠲᠡᠳᠬᠦᠬᠦ ᠪᠠᠯᠠ ᠮᠥᠩᠭᠦ

ᠣᠷᠣᠭᠤᠯᠵᠤ᠂ 15 ᠶᠠᠳᠠᠭᠤ ᠬᠦᠴᠢᠷᠳᠡᠯᠲᠡᠶ ᠭᠠᠴᠠᠭ᠎ᠠ᠂ 448 ᠡᠷᠦᠬᠡ ᠶᠢᠨ 1250 ᠨᠠᠷ᠎ᠠ ᠲᠠᠩᠰᠠ ᠪᠠᠶᠢᠭᠤᠯᠵᠤ

ᠺᠠᠷᠲ ᠤᠯᠭᠤᠭᠰᠡᠨ  ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠪᠠ︔

ᠬᠤᠲᠠ ᠪᠠᠯᠭᠠᠰᠤᠨ ᠤ 4629 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠰᠤᠷᠭᠠᠨ ᠬᠥᠮᠦᠵᠢᠯ᠂ ᠡᠷᠡᠭᠦᠯ

ᠬᠠᠮᠠᠭᠠᠯᠠᠯ᠂ ᠰᠣᠶᠣᠯ᠂ ᠨᠡᠶᠢᠭᠡᠮ ᠤᠨ ᠪᠠᠲᠤᠯᠠᠭ᠎ᠠ ᠵᠡᠷᠭᠡ ᠦᠶᠯᠡᠰ ᠲᠦᠷᠭᠡᠨ ᠬᠥᠭᠵᠢᠵᠦ᠂ ᠠᠶᠤᠯᠭᠦᠶ

ᠦᠶᠯᠡᠳᠪᠦᠷᠢᠯᠡᠯ ᠤᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠴᠡᠷᠢᠭ ᠴᠠᠭᠳᠠᠭ᠎ᠠ ᠠᠷᠠᠳ ᠬᠠᠮᠲᠤᠪᠠᠷ

ᠪᠠᠶᠢᠭᠤᠯᠤᠯᠴᠠᠬᠤ ᠠᠵᠢᠯᠯᠠᠭ᠎ᠠ ᠲᠠᠰᠤᠷᠠᠯᠲᠠ ᠥᠬᠡᠶ ᠭᠦᠨᠵᠡᠭᠡᠶᠢᠷᠡᠵᠦ᠂ ᠨᠠᠮ ᠤᠨ ᠦᠨᠳᠦᠰᠦᠲᠡᠨ ᠤ ᠲᠥᠷᠥ ᠶᠢᠨ

ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ

ᠬᠦᠷᠳᠠᠮᠵᠢᠳᠤ ᠲᠥᠷᠥᠭᠳᠡᠯ᠂ ᠵᠤᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠪᠥᠬᠦ ᠲᠠᠯ᠎ᠠ ᠪᠠᠷ

ᠳᠡᠭᠡᠭᠰᠢᠯᠡᠪᠡ᠃ ᠡᠳᠡᠬᠡᠷ ᠠᠮᠵᠢᠯᠲᠠ ᠶᠢ ᠣᠯᠤᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ

ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ

ᠵᠢᠯᠤᠭᠤᠳᠤᠯᠭ᠎ᠠ ᠶᠢᠨ ᠦᠷ᠎ᠡ ᠳ᠋ᠦᠩ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ᠂ ᠪᠦᠬᠦ

ᠬᠤᠰᠢᠭᠤᠨ ᠤ ᠥᠷᠭᠡᠨ ᠤᠯᠠᠨ ᠺᠠᠳ᠋ᠷ ᠤᠯᠠᠨ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂

ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠪᠣᠯᠤᠨ᠎ᠠ᠃ ᠠᠳᠡ ᠪᠢ ᠬᠤᠰᠢᠭᠤ ᠨᠠᠮ ᠤᠨ ᠬᠤᠷᠢᠶ᠎ᠠ ᠶᠢ ᠲᠥᠯᠥᠭᠡᠯᠡᠨ

ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠪᠣᠯᠤᠨ ᠠᠪᠠᠭ᠎ᠠ ᠶᠢᠨ ᠬᠥᠭᠵᠢᠯᠲᠡ

ᠳᠠᠪᠰᠢᠯᠲᠠ ᠶᠢ ᠬᠠᠯᠠᠮᠵᠢᠯᠠᠨ ᠲᠡᠮᠵᠢᠭᠰᠡᠬᠡᠷ ᠢᠷᠡᠭᠰᠡᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ

ᠲᠠᠯᠠᠷᠬᠠᠯ ᠢᠶᠠᠨ ᠳᠡᠪᠰᠢᠭᠦᠯᠦᠶ᠎ᠡ  ︕

     ᠬᠤᠶᠠᠷ᠂ ᠪᠠᠶᠢᠳᠠᠯ ᠢ ᠭᠦᠨᠵᠡᠭᠡᠶ ᠵᠠᠳᠠᠯᠵᠤ᠂ ᠬᠥᠭᠵᠢᠯᠲᠡ ᠳᠤ ᠲᠤᠯᠭᠠᠷᠠᠵᠤ ᠪᠠᠶᠢᠭ᠎ᠠ ᠠᠵᠠ ᠲᠣᠬᠢᠶᠠᠯ ᠪᠠ

ᠥᠷᠢᠰᠥᠯᠳᠦᠭᠡᠨ ᠢ ᠣᠨᠣᠪᠴᠢᠲᠠᠶ ᠡᠵᠡᠮᠳᠡᠬᠦ ᠬᠡᠷᠡᠭᠲᠡᠶ

     ᠣᠳᠣᠬᠠᠨ ᠤ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠲᠠᠨᠢᠵᠤ᠂ ᠢᠷᠡᠭᠡᠳᠦᠶ ᠶᠢᠨ ᠬᠠᠨᠳᠤᠰᠢ ᠶᠢ

ᠣᠨᠣᠪᠴᠢᠲᠠᠶ ᠰᠤᠳᠤᠯᠤᠨ ᠮᠠᠭᠠᠳᠯᠠᠬᠤ ᠪᠣᠯ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠤᠷᠢᠲᠠᠯ

ᠮᠥᠨ᠃ ᠣᠳᠣᠬᠠᠨ ᠳᠤ ᠳᠡᠯᠡᠬᠡᠶ ᠶᠢᠨ ᠪᠠᠶᠢᠳᠠᠯ ᠵᠠᠭᠤᠨ ᠵᠢᠯ ᠳᠤ ᠲᠤᠬᠢᠶᠠᠯᠳᠤᠭ᠎ᠠ ᠦᠭᠡᠢ ᠶᠡᠭᠡ ᠬᠤᠪᠢᠷᠠᠯᠲᠠ

ᠲᠦᠷᠭᠡᠨ ᠬᠤᠪᠢᠰᠤᠯᠲᠠ ᠶᠢᠨ ᠬᠤᠭᠤᠴᠠᠭᠠᠨ ᠳᠤ ᠣᠷᠣᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ

ᠰᠡᠷᠭᠦᠨ ᠮᠠᠨᠳᠤᠯᠲᠠ ᠵᠠᠩᠭᠢᠯᠠᠭ᠎ᠠ ᠶᠢᠨ ᠬᠤᠭᠤᠴᠠᠭᠠᠨ ᠳᠤ ᠤᠷᠤᠰᠢᠨ᠂ ᠳᠡᠯᠡᠬᠡᠶ ᠶᠢᠨ ᠪᠠ ᠤᠯᠤᠰ ᠤᠨ

ᠳᠣᠲᠣᠭᠠᠳᠤ ᠶᠢᠨ ᠠᠵᠤ ᠠᠬᠤᠶ ᠶᠢᠨ ᠪᠠᠶᠢᠳᠠᠯ ᠨᠠᠷᠢᠨ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ ᠪᠠᠶᠢᠵᠤ᠂ ᠣᠷᠣᠨ

ᠨᠤᠲᠤᠭ ᠤᠨ ᠠᠵᠤ ᠠᠬᠤᠶ ᠶᠢᠨ ᠬᠥᠭᠵᠢᠯᠲᠡ ᠳᠤ ᠦᠵᠡᠭᠦᠯᠬᠦ ᠨᠥᠯᠥᠭᠡ ᠨᠢ ᠨᠡᠩ ᠰᠢᠭᠤᠳ᠂ ᠨᠡᠩ ᠢᠯᠡᠷᠬᠡᠶ

ᠪᠣᠯᠵᠠᠶ᠃ ᠡᠨᠡ ᠨᠢ ᠳᠠᠷᠤᠶ ᠪᠢᠳᠡᠨ ᠢ ᠡᠷᠬᠡᠪᠰᠢ ᠠᠵᠤ ᠠᠬᠤᠶ ᠶᠢᠨ ᠪᠠᠶᠢᠳᠠᠯ ᠤᠨ ᠬᠤᠪᠢᠷᠠᠯᠲᠠ ᠳᠤ ᠰᠡᠷᠬᠡᠭ ᠢᠶᠠᠷ

ᠬᠠᠨᠳᠤᠵᠤ᠂ ᠴᠢᠳᠠᠪᠤᠷᠢ ᠪᠠᠨ ᠨᠡᠮᠡᠭᠳᠡᠭᠦᠯᠤᠨ᠂ ᠬᠤᠪᠢᠷᠠᠯᠲᠠ ᠶᠢ ᠲᠠᠨᠢᠵᠤ ᠬᠤᠪᠢᠷᠠᠯᠲᠠ ᠶᠢ ᠠᠷᠭᠠᠴᠠᠭᠠᠨ᠂ ᠰᠢᠨ᠎ᠠ

ᠵᠠᠮ ᠶᠢ ᠡᠷᠢᠯᠬᠢᠯᠡᠬᠦ ᠳᠡᠭᠡᠨ ᠴᠢᠳᠠᠮᠠᠭᠠᠶ ᠪᠠᠶᠢᠵᠤ᠂ ᠪᠡᠯᠡᠳᠬᠡᠯ ᠲᠠᠢ ᠪᠠᠶᠢᠯᠳᠤᠭᠠᠨ ᠢ ᠬᠢᠵᠦ᠂ ᠬᠥᠭᠵᠢᠯᠲᠡ ᠶᠢᠨ

ᠰᠠᠨᠠᠭᠠᠴᠢᠯᠠᠭᠠᠲᠤ ᠡᠷᠬᠡ ᠶᠢ ᠪᠠᠲᠤ ᠴᠢᠩᠭ᠎ᠠ ᠠᠳᠬᠤᠬᠤ ᠶᠢ ᠱᠠᠭᠠᠷᠳᠠᠵᠤ ᠪᠠᠶᠢᠨ᠎ᠠ᠃

     ᠨᠢᠭᠡ ᠳᠤ᠂ ᠪᠦᠬᠦ ᠤᠯᠤᠰ ᠤᠨ ᠠᠵᠤ ᠠᠬᠤᠶ ᠶᠢᠨ ᠬᠥᠭᠵᠢᠯᠲᠡ ᠶᠢᠨ ᠶᠡᠷᠦᠩᠬᠡᠶ ᠪᠠᠶᠢᠳᠠᠯ ᠰᠠᠶᠢᠨ ᠰᠠᠶᠢᠬᠠᠨ

ᠬᠠᠨᠳᠤᠰᠢ ᠲᠠᠢ ᠪᠠᠶᠢᠬᠤ ᠶᠢ ᠭᠦᠨᠵᠡᠭᠡᠶ ᠲᠠᠨᠢᠬᠤ ᠬᠡᠷᠡᠭᠲᠡᠶ᠃ ᠬᠡᠳᠦ᠋ᠢᠪᠡᠷ ᠣᠳᠣᠬᠠᠨ ᠤ ᠬᠢᠵᠢᠭ ᠤᠨ ᠪᠠᠶᠢᠳᠠᠯ ᠤᠨ

ᠬᠤᠪᠢᠷᠠᠯᠲᠠ ᠪᠠ ᠭᠠᠳᠠᠭᠠᠳᠤ ᠣᠷᠴᠢᠨ ᠳᠤ ᠪᠠᠰᠠ ᠮᠠᠰᠢ ᠣᠯᠠᠨ ᠲᠣᠭᠲᠠᠪᠤᠷᠢ ᠦᠭᠡᠶ ᠴᠢᠨᠠᠷ ᠣᠷᠣᠰᠢᠵᠤ᠂ ᠮᠠᠨ ᠤ

ᠤᠯᠤᠰ ᠤᠨ ᠬᠥᠭᠵᠢᠯᠲᠡ ᠳᠤ ᠳᠤᠮᠳᠠᠳᠤ ᠠᠮᠧᠷᠢᠺᠠ ᠶᠢᠨ ᠪᠠᠶᠢᠯᠳᠤᠬᠤ ᠪᠣᠳᠣᠯᠭ᠎ᠠ ᠶᠢᠨ ᠥᠷᠢᠰᠥᠯᠳᠦᠭᠡᠨ ᠤ ᠤᠷᠲᠤ

ᠬᠤᠭᠤᠴᠠᠭᠠᠨ ᠤ ᠥᠷᠢᠰᠥᠯᠳᠦᠭᠡᠨ ᠲᠤᠯᠭᠠᠷᠠᠵᠤ ᠪᠠᠶᠢᠬᠤ ᠮᠦᠷᠳᠡᠬᠡᠨ ᠪᠠᠰᠠ ᠳᠡᠯᠡᠬᠡᠶ ᠶᠢᠨ ᠠᠵᠤ ᠠᠬᠤᠶ ᠶᠢᠨ

ᠰᠡᠷᠭᠦᠯᠲᠡ ᠶᠢᠨ ᠲᠣᠭᠲᠠᠭᠤᠨ ᠪᠤᠰᠤ ᠲᠡᠩᠴᠡᠭᠦᠷᠢ ᠦᠭᠡᠶ ᠪᠠᠶᠢᠳᠠᠯ᠂ ᠤᠯᠤᠰ ᠤᠨ ᠳᠣᠲᠣᠭᠠᠳᠤ ᠶᠢᠨ ᠠᠵᠤ

ᠠᠬᠤᠶ ᠶᠢᠨ ᠰᠡᠷᠭᠦᠯᠲᠡ ᠶᠢᠨ ᠰᠠᠭᠤᠷᠢ ᠬᠠᠷᠠᠬᠠᠨ ᠪᠠᠬᠢᠵᠢᠬᠡᠳᠤᠢ ᠵᠡᠷᠭᠡ ᠬᠦᠴᠢᠷᠳᠡᠯ ᠳᠤ ᠲᠤᠯᠭᠠᠷᠠᠵᠤ ᠪᠠᠶᠢᠭ᠎ᠠ

ᠪᠤᠯᠪᠠᠴᠤ ᠮᠠᠨ ᠤ ᠤᠯᠤᠰ ᠤᠨ ᠬᠥᠭᠵᠢᠯᠲᠡ ᠮᠥᠨ ᠬᠦ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ ᠤᠨ

ᠬᠤᠭᠤᠴᠠᠭᠠᠨ ᠳᠤ ᠣᠷᠣᠰᠢᠵᠤ᠂ ᠠᠵᠤ ᠠᠬᠤᠶ ᠲᠣᠭᠲᠠᠭᠤᠨ᠂ ᠤᠷᠳᠤ ᠬᠤᠭᠤᠴᠠᠭ᠎ᠠ ᠪᠠᠷ ᠦᠷᠬᠦᠯᠵᠢᠯᠡᠨ ᠬᠦᠭᠵᠢᠵᠤ

ᠪᠠᠶᠢᠭ᠎ᠠ ᠦᠨᠳᠦᠰᠦᠨ ᠬᠠᠨᠳᠤᠰᠢ ᠬᠤᠪᠢᠷᠠᠭ᠎ᠠ ᠦᠭᠡᠢ᠂ ᠠᠵᠤ ᠠᠬᠤᠶ ᠶᠢᠨ ᠲᠠᠯᠳᠠ ᠬᠦᠴᠦᠨ ᠴᠢᠩᠭᠠᠷᠠᠨ᠂ ᠤᠶᠠᠨ

ᠬᠠᠳᠠᠨ ᠴᠢᠨᠠᠷ ᠢᠶᠠᠷ ᠰᠠᠶᠢᠨ᠂ ᠠᠮᠢᠵᠢᠷᠠᠯ ᠤᠨ ᠬᠦᠴᠦᠨ ᠴᠢᠩᠭ᠎ᠠ᠂ ᠣᠷᠣᠨ ᠵᠠᠶ ᠦᠷᠬᠡᠨ᠂ ᠲᠦᠷᠦ ᠶᠢᠨ

ᠪᠤᠳᠤᠯᠭ᠎ᠠ ᠶᠢᠨ ᠠᠷᠭ᠎ᠠ ᠬᠡᠮᠵᠢᠶ᠎ᠠ ᠤᠯᠠᠨ ᠪᠠᠶᠢᠬᠤ ᠦᠨᠳᠦᠰᠦᠨ ᠣᠨᠴᠠᠯᠢᠭ ᠬᠤᠪᠢᠷᠠᠭ᠎ᠠ ᠦᠭᠡᠢ᠂ ᠬᠥᠭᠵᠢᠯᠲᠡ ᠶᠢᠨ

ᠳᠠᠪᠠᠭᠤᠯᠢᠭ ᠪᠠ ᠨᠥᠬᠦᠴᠡᠯ ᠬᠤᠪᠢᠷᠠᠭ᠎ᠠ ᠦᠭᠡᠢ᠃ ᠡᠨᠡ ᠪᠣᠯ ᠪᠢᠳᠡᠨ ᠤ ᠠᠶᠤᠯ ᠲᠦᠭᠰᠢᠭᠦᠷᠢ᠂ ᠥᠷᠢᠰᠥᠯᠳᠦᠭᠡᠨ ᠢ

ᠪᠦᠲᠦᠮᠵᠢᠲᠡᠢ ᠠᠷᠭᠠᠴᠠᠵᠤ᠂ ᠠᠵᠤ ᠠᠬᠤᠢ ᠶᠢᠨ ᠬᠥᠭᠵᠢᠯᠲᠡ ᠶᠢ ᠨᠡᠩ ᠰᠠᠶᠢᠲᠤᠷ ᠠᠬᠢᠭᠤᠯᠬᠤ ᠶᠢᠨ ᠪᠠᠲᠤ ᠪᠠᠬᠢ

ᠲᠦᠰᠢᠭ ᠪᠠ ᠬᠦᠴᠦᠷᠬᠡᠭ ᠶᠡᠭᠡ ᠲᠤᠯᠭᠠᠭᠤᠷᠢᠯᠠᠯ ᠪᠣᠯᠤᠨ᠎ᠠ᠃ ᠪᠢᠳᠡ ︽ᠬᠤᠶᠠᠷ ᠢ ᠬᠠᠮᠠᠭᠠᠯᠠᠬᠤ︾᠎ ᠶᠢ ᠡᠷᠡᠰ

ᠪᠡᠶᠡᠯᠡᠭᠦᠯᠵᠦ᠂ ︽ᠲᠠᠪᠤᠨ ᠦᠨᠳᠦᠰᠦᠨ︾᠎ ᠤ ᠵᠢᠮ᠎ᠡ ᠶᠣᠰᠣᠴᠢ ᠴᠢᠨᠠᠷ ᠤᠨ ᠲᠤᠬᠠᠶ ᠲᠠᠨᠢᠯᠲᠠ ᠶᠢ

ᠤᠬᠠᠮᠰᠠᠷ ᠠᠴᠠ ᠪᠠᠨ ᠢᠮᠠᠭᠲᠠ ᠲᠤᠤᠱᠯᠠᠭᠤᠯᠵᠤ᠂ ᠠᠵᠠ ᠲᠣᠬᠢᠶᠠᠯ ᠢ ᠡᠵᠡᠮᠳᠡᠨ᠂ ᠰᠠᠨᠠᠭᠠᠴᠢᠯᠠᠭ᠎ᠠ ᠲᠠᠢ ᠪᠠᠷ

ᠠᠵᠢᠯᠯᠠᠵᠤ᠂ ᠡᠷᠡᠯᠬᠡᠭᠯᠡᠨ ᠲᠡᠮᠡᠴᠡᠳᠡᠭ ᠯᠡ ᠶᠤᠮ ᠪᠣᠯ ᠯᠠᠪᠳᠠᠶ᠎ᠠ ᠤᠷᠤᠭᠰᠢᠯᠠᠯᠲᠠ ᠶᠢᠨ ᠵᠠᠮ ᠳᠡᠭᠡᠷᠡᠬᠢ ᠬᠦᠴᠢᠷ

ᠪᠡᠷᠬᠡᠰᠢᠶᠡᠯ ᠪᠠ ᠥᠷᠢᠰᠥᠯᠳᠦᠭᠡᠨ ᠢ ᠢᠯᠠᠨ ᠳᠠᠪᠠᠵᠤ᠂ ᠨᠡᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠵᠦ ᠴᠢᠳᠠᠬᠤ

ᠶᠤᠮ ︵︽ᠲᠠᠪᠤᠨ ᠦᠨᠳᠦᠰᠦᠨ︾᠎ ᠤ ᠵᠢᠮ᠎ᠡ ᠶᠣᠰᠣᠴᠢ ᠴᠢᠨᠠᠷ ᠤᠨ ᠲᠤᠬᠠᠶ ᠲᠠᠨᠢᠯᠲᠠ᠄ ᠲᠥᠪ ᠤᠨ ᠠᠵᠤ

ᠠᠬᠤᠶ ᠶᠢᠨ ᠠᠵᠢᠯ ᠤᠨ ᠬᠤᠷᠠᠯᠳᠤᠭᠠᠨ ᠠᠴᠠ ︽ᠲᠠᠪᠤᠨ ᠦᠨᠳᠦᠰᠦᠨ︾᠎ ᠤ ᠵᠢᠮ᠎ᠡ ᠶᠣᠰᠣᠴᠢ ᠴᠢᠨᠠᠷ ᠤᠨ ᠲᠤᠬᠠᠶ

ᠲᠠᠨᠢᠯᠲᠠ ᠶᠢ ᠬᠤᠷᠢᠶᠠᠩᠭᠤᠶᠢᠯᠠᠨ ᠳ᠋ᠦᠩᠨᠡᠪᠡ᠂ ᠡᠭᠦᠨ ᠳᠤ᠄ ᠨᠠᠮ ᠤᠨ ᠲᠥᠪ ᠬᠤᠷᠢᠶᠠᠨ ᠤ ᠡᠷᠬᠡ ᠰᠦᠷ ᠪᠣᠯ ᠠᠶᠤᠯ

ᠲᠦᠭᠰᠢᠭᠦᠷᠢᠲᠡᠶ ᠴᠠᠭ ᠮᠥᠴᠡ ᠳᠤ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ

ᠬᠦᠴᠢᠷ ᠢ ᠰᠦᠷᠦᠨ ᠤᠷᠤᠭᠰᠢᠯᠠᠬᠤ ᠶᠢᠨ ᠦᠨᠳᠦᠰᠦᠨ ᠲᠦᠰᠢᠭ ᠲᠤᠯᠭᠠᠭᠤᠷᠢ ᠮᠥᠨ︔ ᠠᠷᠠᠳ ᠲᠦᠮᠡᠨ ᠢ

ᠳᠡᠭᠡᠳᠦᠯᠡᠬᠦ ᠪᠣᠯ ᠵᠥᠪ ᠰᠣᠩᠭᠤᠯᠲᠠ ᠬᠢᠬᠦ ᠶᠢᠨ ᠦᠨᠳᠦᠰᠦᠨ ᠤᠷᠢᠲᠠᠯ ᠮᠥᠨ︔ ᠪᠠᠶᠢᠭᠤᠯᠤᠯ ᠤᠨ ᠳᠠᠪᠠᠭᠤᠯᠢᠭ ᠪᠣᠯ

ᠴᠠᠭ ᠤᠨ ᠪᠡᠷᠬᠡ ᠶᠢ ᠬᠠᠮᠲᠤᠪᠠᠷ ᠲᠤᠭᠤᠯᠬᠤ ᠰᠦᠷ ᠳᠠᠯᠠᠶᠢᠴᠠᠲᠠᠢ ᠬᠦᠴᠦᠨ ᠢ ᠪᠦᠷᠢᠯᠳᠦᠭᠦᠯᠬᠦ ᠦᠨᠳᠦᠰᠦᠨ

ᠪᠠᠲᠤᠯᠠᠭ᠎ᠠ ᠮᠥᠨ︔ ᠰᠢᠨᠵᠢᠯᠡᠬᠦ ᠤᠬᠠᠭᠠᠨᠴᠢ ᠪᠠᠷ ᠰᠢᠶᠳᠪᠦᠷᠢᠲᠦ ᠪᠤᠳᠤᠯᠭ᠎ᠠ ᠲᠣᠭᠲᠠᠭᠠᠬᠤ ᠪᠠ ᠪᠦᠲᠦᠭᠡᠯᠴᠢ ᠪᠠᠷ

ᠠᠷᠭᠠᠴᠠᠬᠤ ᠪᠣᠯ ᠠᠶᠤᠯ ᠲᠦᠭᠰᠢᠭᠦᠷᠢ ᠶᠢ ᠲᠣᠬᠢᠶᠠᠯ ᠪᠣᠯᠭᠠᠨ ᠬᠤᠪᠢᠷᠠᠭᠤᠯᠬᠤ ᠶᠢᠨ ᠦᠨᠳᠦᠰᠦᠨ ᠠᠷᠭ᠎ᠠ ᠮᠥᠨ︔

ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠪᠣᠯ

ᠬᠥᠭᠵᠢᠯᠲᠡ ᠶᠢᠨ ᠶᠡᠭᠡ ᠲᠠᠯ᠎ᠠ ᠶᠢ ᠠᠬᠢᠭᠤᠯᠬᠤ ᠶᠢᠨ ᠦᠨᠳᠦᠰᠦᠨ ᠲᠦᠰᠢᠭ ᠲᠤᠯᠭᠠᠭᠤᠷᠢ ᠮᠥᠨ︶᠃

     ᠬᠤᠶᠠᠷ ᠲᠤ᠂ ᠮᠠᠨ ᠤ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢᠨ ᠠᠰᠢᠭᠲᠠᠶ ᠠᠵᠠ ᠲᠣᠬᠢᠶᠠᠯ

ᠮᠥᠨ ᠯᠠ ᠬᠦᠢᠴᠠᠳ ᠣᠷᠤᠰᠢᠭᠰᠠᠭᠠᠷ ᠪᠠᠶᠢᠨ᠎ᠠ ᠭᠡᠳᠡᠭ ᠢ ᠭᠦᠨᠵᠡᠭᠡᠶ ᠲᠠᠨᠢᠬᠤ ᠬᠡᠷᠡᠭᠲᠡᠶ᠃ ᠬᠤᠷᠸ᠎ᠠ ᠪᠠᠶᠢᠳᠠᠯ ᠠᠴᠠ

ᠦᠵᠡᠪᠡᠯ᠂ ᠬᠢᠵᠢᠭ ᠤᠨ ᠪᠠᠶᠢᠳᠠᠯ ᠤᠨ ᠨᠥᠯᠥᠭᠡ ᠶᠢ ᠢᠳᠡᠪᠬᠢᠲᠡᠶ ᠠᠷᠭᠠᠴᠠᠬᠤ ᠶᠢᠨ ᠲᠥᠯᠥᠭᠡ᠂ ᠡᠨᠡ ᠵᠢᠯ

ᠲᠥᠪ ᠠᠴᠠ ᠬᠤᠷᠸ᠎ᠠ ᠲᠦᠷᠦ ᠶᠢᠨ ᠪᠤᠳᠤᠯᠭ᠎ᠠ ᠶᠢᠨ ᠦᠷᠭᠦᠯᠵᠢᠯᠡᠬᠦ ᠴᠢᠨᠠᠷ᠂ ᠲᠣᠭᠲᠠᠪᠤᠷᠢᠲᠤ ᠴᠢᠨᠠᠷ ᠪᠠ

ᠦᠷᠭᠦᠯᠵᠢᠯᠡᠬᠦ ᠴᠢᠨᠠᠷ ᠢ ᠦᠷᠭᠦᠯᠵᠢᠯᠡᠨ ᠪᠠᠲᠤᠯᠠᠨ᠎ᠠ᠃ ᠲᠤᠰᠬᠠᠶ ᠲᠦᠷᠤᠯ ᠤᠨ ᠵᠢᠭᠡᠯᠡᠯᠭᠡ ᠶᠢᠨ ᠲᠡᠮᠳᠡᠭᠲᠦ ᠶᠢ

ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠴᠢᠬᠤᠯᠠ ᠪᠡᠯᠡ ᠮᠦᠩᠬᠦᠨ ᠤ ᠢᠷᠡᠯᠳᠡ ᠪᠠ

ᠲᠣᠭᠲᠠᠭᠤᠨ ᠨᠡᠮᠡᠭᠳᠡᠯ ᠤᠨ ᠴᠢᠬᠤᠯᠠ ᠬᠦᠴᠦᠯᠡᠬᠦ ᠴᠡᠭ ᠪᠣᠯᠭᠠᠵᠤ᠂ ᠡᠨᠡ ᠵᠢᠯ ᠬᠡᠷᠡᠭᠯᠡᠬᠦ ᠬᠡᠪᠴᠢᠶ᠎ᠡ ᠶᠢ ᠵᠦᠢ

ᠵᠣᠬᠢᠰᠲᠠᠶ ᠪᠠᠷ ᠥᠷᠭᠡᠳᠬᠡᠨ᠂ ᠬᠡᠷᠡᠭᠯᠡᠬᠦ ᠨᠥᠬᠦᠴᠡᠯ ᠢ ᠵᠣᠬᠢᠰᠲᠠᠶ ᠪᠠᠷ ᠠᠭᠤᠵᠢᠭᠤ ᠲᠠᠯᠪᠢᠬᠤ ᠶᠢᠨ ᠬᠠᠮᠲᠤ ᠣᠷᠣᠨ

ᠨᠤᠲᠤᠭ ᠲᠤ ᠰᠢᠯᠵᠢᠭᠦᠯᠦᠨ ᠥᠭᠬᠦ ᠵᠠᠷᠤᠯᠭ᠎ᠠ ᠶᠢᠨ ᠨᠡᠮᠡᠭᠳᠡᠯ ᠤᠨ ᠬᠡᠮᠵᠢᠶ᠎ᠡ ᠶᠢ 10%᠎ ᠠᠴᠠ ᠳᠣᠣᠷ᠎ᠠ ᠪᠠᠶᠢᠯᠭᠠᠬᠤ

ᠦᠭᠡᠢ ᠪᠠᠶᠢᠬᠤ ᠶᠢ ᠱᠠᠭᠠᠷᠳᠠᠨ᠎ᠠ︔ ᠤᠯᠤᠰ ᠠᠴᠠ ᠨᠢᠭᠡᠨᠲᠡ ᠪᠠᠷᠠᠭᠤᠨ ᠬᠡᠰᠡᠭ ᠤᠨ ᠭᠠᠵᠠᠷ ᠣᠷᠣᠨ ᠤ

ᠬᠥᠭᠵᠢᠯᠲᠡ ᠶᠢ ᠳᠡᠮᠵᠢᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠵᠡᠭᠦᠨ

ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠠᠵᠢᠯ ᠢ ᠶᠡᠭᠡ ᠪᠠᠷ ᠲᠦᠯᠬᠢᠨ ᠠᠬᠢᠭᠤᠯᠵᠤ᠂ ᠦᠷᠭᠦᠯᠵᠢᠯᠡᠨ

ᠣᠨᠴᠠᠭᠠᠶ ᠲᠦᠷᠦ ᠶᠢᠨ ᠪᠤᠳᠤᠯᠭ᠎ᠠ ᠠᠪᠴᠤ ᠬᠤᠪᠢᠰᠬᠠᠯ ᠤᠨ ᠰᠠᠭᠤᠷᠢᠨ ᠭᠠᠵᠠᠷ᠂ ᠦᠨᠳᠦᠰᠦᠲᠡᠨ ᠤ ᠭᠠᠵᠠᠷ ᠣᠷᠣᠨ

᠂ ᠬᠢᠯᠢ ᠬᠢᠵᠠᠭᠠᠷ ᠣᠷᠣᠨ ᠤ ᠬᠥᠭᠵᠢᠯᠲᠡ ᠪᠠᠨ ᠲᠦᠷᠭᠡᠳᠬᠡᠬᠦ ᠶᠢ ᠳᠡᠮᠵᠢᠪᠡ︔ ᠥᠪᠡᠷᠲᠡᠭᠡᠨ ᠵᠠᠰᠠᠬᠤ ᠣᠷᠣᠨ ᠪᠣᠯᠤᠨ

ᠠᠶᠢᠮᠠᠭ ᠠᠴᠠ ᠡᠨᠡ ᠵᠢᠯ ᠴᠢᠨᠠᠷ ᠰᠠᠶᠢᠲᠠᠶ ᠮᠢᠬᠠᠨ ᠤ ᠦᠬᠡᠷ ᠮᠢᠬᠠᠨ ᠤ ᠬᠤᠨᠢ᠂ ᠰᠢᠨ᠎ᠡ ᠡᠨᠧᠷᠭᠢ᠂ ᠲᠣᠨᠤᠭ

ᠲᠥᠬᠦᠭᠡᠷᠦᠮᠵᠢ ᠦᠶᠯᠡᠳᠬᠦ᠂ ᠠᠮᠢ ᠠᠬᠤᠶ ᠶᠢᠨ ᠵᠢᠭᠤᠯᠴᠢᠯᠠᠯ ᠵᠡᠷᠭᠡ ᠠᠵᠤ ᠦᠶᠯᠡᠰ ᠢ ᠭᠤᠤᠯᠳᠠᠯᠭ᠎ᠠ ᠲᠠᠢ ᠲᠡᠳᠬᠦᠨ

ᠳᠡᠮᠵᠢᠨ᠎ᠡ᠃ ᠡᠲᠡᠭᠡᠷ ᠠᠰᠢᠭᠲᠠᠶ ᠨᠥᠬᠦᠴᠡᠯ ᠨᠢ ᠮᠠᠨ ᠤ ᠬᠤᠰᠢᠭᠤᠨ ᠤ ᠣᠷᠣᠨ ᠪᠦᠰᠡ ᠶᠢᠨ ᠬᠠᠮᠲᠤᠷᠠᠯᠴᠠᠭ᠎ᠠ ᠶᠢ

ᠤᠯᠠᠮ ᠴᠢᠨᠠᠭᠰᠢᠳᠠ ᠭᠦᠨᠵᠡᠭᠡᠶᠢᠷᠡᠭᠦᠯᠦᠨ᠂ ᠬᠥᠭᠵᠢᠯᠲᠡ ᠶᠢᠨ ᠣᠷᠣᠨ ᠵᠠᠶ ᠶᠢ ᠥᠷᠭᠡᠳᠬᠡᠵᠦ᠂ ᠭᠠᠳᠠᠭᠰᠢ ᠨᠡᠭᠡᠭᠡᠯᠲᠡ

ᠬᠢᠬᠦ ᠶᠢ ᠥᠷᠭᠡᠳᠬᠡᠬᠦ ᠳᠤ ᠨᠠᠩ ᠥᠷᠭᠡᠨ ᠠᠭᠤᠳᠠᠮ ᠣᠷᠣᠨ ᠵᠠᠶ ᠬᠠᠩᠭᠠᠬᠤ ᠪᠣᠯᠤᠨ᠎ᠠ᠃ ᠮᠠᠨ ᠤ ᠬᠤᠰᠢᠭᠤ ᠪᠠᠷ

ᠠᠪᠴᠤ ᠬᠡᠯᠡᠪᠡᠯ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠠᠴᠠ ᠨᠠᠰᠢᠬᠢ

ᠦᠷᠭᠦᠯᠵᠢᠯᠡᠨ ᠲᠡᠮᠡᠴᠡᠬᠦ ᠪᠠᠷ ᠳᠡᠮᠵᠢᠨ᠂ ᠤᠯᠠᠨ ᠵᠢᠯ ᠤᠨ ᠲᠤᠷᠰᠢᠬᠢ ᠬᠥᠭᠵᠢᠯᠲᠡ ᠶᠢ ᠬᠢᠵᠠᠭᠠᠷᠯᠠᠵᠤ ᠪᠠᠶᠢᠭᠰᠠᠨ

ᠨᠢᠭᠡ ᠪᠦᠯᠦᠭ ᠬᠦᠴᠢᠷ ᠲᠦᠪᠡᠭᠲᠡᠢ ᠠᠰᠠᠭᠤᠳᠠᠯ ᠢ ᠰᠠᠶᠢᠳᠪᠤᠷᠢᠯᠡᠵᠤ᠂ ᠠᠵᠤ ᠠᠬᠤᠢ ᠶᠢᠨ ᠦᠷᠭᠦᠯᠵᠢᠯᠡᠨ

ᠡᠷᠡᠭᠦᠯ ᠢᠶᠠᠷ ᠬᠥᠭᠵᠢᠬᠦ ᠶᠢ ᠨᠥᠯᠥᠭᠡᠯᠡᠵᠦ ᠪᠠᠶᠢᠭᠰᠠᠨ ᠪᠦᠲᠦᠴᠡ ᠶᠢᠨ ᠴᠢᠨᠠᠷᠲᠠᠢ ᠠᠰᠠᠭᠤᠳᠠᠯ ᠢ ᠶᠠᠭ ᠠᠯᠬᠤᠮ

ᠠᠯᠬᠤᠮ ᠢᠶᠠᠷ ᠰᠢᠢᠳᠪᠦᠷᠢᠯᠡᠵᠦ ᠪᠤᠢ᠂ ᠢᠯᠠᠩᠭᠤᠶ᠎ᠠ ᠨᠢᠳᠤᠨᠤᠨ ᠵᠢᠯ ᠤᠨ 9 ᠣᠨᠴᠠ ᠥᠨᠳᠥᠷ ᠬᠦᠴᠦᠳᠡᠯᠲᠦ ᠰᠠᠯᠬᠢᠨ

ᠴᠠᠬᠢᠯᠭᠠᠨ ᠤ ᠲᠦᠷᠦᠯ ᠵᠦᠢᠯ ᠢ ᠪᠦᠬᠦᠨ ᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠴᠠᠭᠠᠨᠨᠠᠭᠤᠷ ᠤᠨ

ᠨᠡᠭᠦᠷᠡᠰᠦ ᠴᠠᠬᠢᠯᠭᠠᠨ ᠢ ᠨᠢᠭᠡ ᠴᠤᠬᠴᠠᠵᠢᠭᠤᠯᠬᠤ ᠲᠦᠷᠦᠯ ᠵᠦᠢᠯ ᠢ ᠤᠷᠤᠭᠰᠢᠲᠠᠢ ᠠᠬᠢᠭᠤᠯᠵᠤ᠂ ᠪᠢᠳᠡᠨ ᠤ ᠴᠢᠨᠠᠷ

ᠰᠠᠶᠢᠲᠠᠢ ᠬᠥᠭᠵᠢᠯᠲᠡ ᠶᠢ ᠠᠬᠢᠭᠤᠯᠬᠤ ᠰᠠᠭᠤᠷᠢ ᠨᠡᠩ ᠪᠠᠲᠤᠵᠢᠵᠤ᠂ ᠳᠠᠪᠠᠭᠤᠯᠢᠭ ᠨᠡᠩ ᠢᠯᠡᠷᠬᠡᠢ ᠪᠣᠯᠪᠠ᠃

      ᠭᠤᠷᠪᠠ ᠳᠤ᠂ ᠮᠠᠨ ᠤ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢᠨ ᠬᠦᠴᠢᠷᠳᠡᠯ ᠪᠠ

ᠥᠷᠢᠰᠥᠯᠳᠦᠭᠡᠨ ᠮᠥᠨ ᠬᠦ ᠬᠦᠨᠳᠦ ᠬᠡᠴᠡᠭᠦᠦ ᠪᠠᠶᠢᠬᠤ ᠶᠢ ᠭᠦᠨᠵᠡᠭᠡᠶ ᠲᠠᠨᠢᠬᠤ ᠬᠡᠷᠡᠭᠲᠡᠶ᠃ ᠬᠢᠵᠢᠭ ᠤᠨ ᠪᠠᠶᠢᠳᠠᠯ ᠪᠠ

ᠬᠤᠷᠸ᠎ᠠ ᠪᠠᠶᠢᠳᠠᠯ ᠤᠨ ᠨᠥᠯᠥᠭᠡ ᠠᠴᠠ ᠪᠤᠯᠵᠤ᠂ ᠠᠵᠤ ᠠᠬᠤᠶ ᠶᠢᠨ ᠪᠠᠭᠤᠷᠠᠯᠲᠠ ᠶᠢᠨ ᠳᠠᠷᠤᠯᠲᠠ ᠮᠥᠨ ᠯᠡ

ᠨᠡᠯᠢᠶᠡᠳ ᠶᠡᠭᠡ ᠪᠠᠶᠢᠵᠤ᠂ ᠬᠡᠰᠡᠭ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠳᠤ ᠴᠥᠭᠡᠨ ᠪᠤᠰᠤ

ᠬᠦᠴᠢᠷᠳᠡᠯ ᠲᠤᠯᠭᠠᠷᠠᠵᠤ ᠪᠠᠶᠢᠨ᠎ᠠ︔ ᠠᠵᠤ ᠦᠢᠯᠡᠰ ᠤᠨ ᠠᠭᠤᠰᠤᠯᠴᠠᠨ ᠬᠥᠭᠵᠢᠬᠦ ᠬᠢᠷᠢ ᠬᠡᠮᠵᠢᠶ᠎ᠡ ᠥᠨᠳᠥᠷ ᠪᠢᠰᠢ᠂

ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠳᠤ ᠪᠠᠰᠠ ᠴᠠᠭ ᠬᠤᠭᠤᠴᠠᠭ᠎ᠠ ᠬᠡᠷᠡᠭᠰᠡᠵᠦ᠂ ᠠᠵᠤ

ᠠᠬᠤᠢ ᠶᠢᠨ ᠰᠢᠨ᠎ᠡ ᠨᠡᠮᠡᠭᠳᠡᠯ ᠤᠨ ᠴᠡᠭ ᠬᠠᠷᠠᠬᠠᠨ ᠪᠦᠷᠢᠯᠳᠦᠭᠡᠳᠦᠢ ᠪᠠᠶᠢᠭᠰᠠᠭᠠᠷ︔ ᠲᠥᠷᠥᠯ ᠵᠦᠶᠯ ᠤᠨ ᠨᠥᠭᠡᠴᠡ

ᠪᠠ ᠪᠦᠲᠦᠮᠵᠢᠲᠡᠶ ᠪᠠᠯᠠ ᠣᠷᠣᠭᠤᠯᠤᠯᠲᠠ ᠶᠢᠨ ᠲᠤᠯᠭᠠᠭᠤᠷᠢᠯᠠᠯ ᠬᠦᠷᠦᠯᠴᠡᠬᠦ ᠥᠬᠡᠶ᠂ ᠴᠢᠬᠤᠯᠠ ᠶᠡᠭᠡ ᠲᠥᠷᠥᠯ

ᠵᠦᠶᠯ ᠤᠨ ᠦᠷᠭᠦᠯᠵᠢᠯᠡᠯ ᠬᠦᠷᠦᠯᠴᠡᠬᠦ ᠥᠬᠡᠶ︔ ︽ᠪᠠᠭᠤᠯᠭᠠᠬᠤ ᠬᠠᠮᠢᠶᠠᠷᠬᠤ ᠦᠶᠯᠡᠴᠢᠯᠡᠬᠦ  ︾ ᠥᠭᠡᠷᠡᠴᠢᠯᠡᠯᠲᠡ᠂

ᠰᠢᠯᠢᠳᠡᠭ ᠰᠠᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠬᠤ ᠡᠭᠦᠷᠭᠡ ᠬᠦᠨᠳᠦ ᠵᠠᠮ ᠬᠤᠯᠠ

ᠪᠠᠶᠢᠭᠰᠠᠭᠠᠷ︔ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠳᠤ ᠬᠦᠴᠢᠷᠲᠡᠶ᠂ ᠪᠠᠯᠠ ᠲᠣᠬᠢᠷᠠᠭᠤᠯᠬᠤ ᠳᠤ ᠦᠨᠡᠲᠡᠶ

ᠪᠠᠶᠢᠬᠤ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠵᠦ ᠴᠢᠳᠠᠭᠠᠳᠤᠶ ᠪᠠᠶᠢᠭᠰᠠᠭᠠᠷ︔ ᠡᠳ᠋ ᠤᠨ ᠵᠠᠰᠠᠭ ᠤᠨ ᠣᠷᠣᠯᠭ᠎ᠠ

ᠵᠠᠷᠤᠯᠭ᠎ᠠ ᠶᠢᠨ ᠵᠥᠷᠢᠴᠡᠯ ᠮᠥᠨ ᠯᠡ ᠲᠤᠪᠤᠶᠢᠮ᠎ᠠ ᠪᠠᠶᠢᠵᠤ᠂ ᠰᠠᠭᠤᠷᠢ ᠲᠥᠬᠦᠭᠡᠷᠦᠮᠵᠢ᠂ ᠠᠷᠠᠳ ᠤᠨ ᠠᠮᠢᠳᠤᠷᠠᠯ ᠤᠨ

ᠪᠦᠳᠦᠭᠡᠨ ᠪᠠᠶᠢᠭᠤᠯᠤᠯᠲᠠ ᠶᠢᠨ ᠣᠷᠣᠭᠤᠯᠤᠯᠲᠠ ᠬᠦᠷᠦᠯᠴᠡᠬᠦ ᠦᠭᠡᠢ ᠪᠠᠶᠢᠬᠤ ᠵᠡᠷᠭᠡ ᠪᠣᠯᠤᠨ᠎ᠠ᠃ ᠡᠳᠡᠭᠡᠷ

ᠬᠦᠴᠢᠷᠳᠡᠯ ᠪᠠ ᠠᠰᠠᠭᠤᠳᠠᠯ ᠳᠤ ᠬᠠᠨᠳᠤᠭᠤᠯᠤᠨ ᠪᠢᠳᠡ ᠡᠷᠬᠡᠪᠰᠢ ᠣᠷᠣᠨ ᠪᠠᠶᠢᠷᠢ ᠪᠠᠨ ᠣᠨᠣᠪᠴᠢᠲᠠᠶ ᠣᠯᠵᠤ᠂

ᠵᠥᠷᠢᠶ᠎ᠡ ᠪᠠᠨ ᠡᠷᠢᠵᠦ᠂ ᠮᠢᠡᠴᠤᠬᠦᠷᠠᠮᠠᠯ ᠬᠠᠨᠤᠮᠵᠢᠳᠡᠢ ᠪᠠᠶᠢᠳᠠᠯ ᠢᠶᠠᠨ ᠲᠠᠶᠠᠭᠳᠠᠵᠤ᠂ ᠠᠶᠤᠯ ᠲᠦᠭᠰᠢᠭᠦᠷᠢ᠂

ᠥᠷᠢᠰᠥᠯᠳᠦᠭᠡᠨ ᠢ ᠨᠡᠩ ᠭᠦᠢᠴᠡᠳ ᠵᠢᠱᠢᠵᠦ᠂ ᠠᠷᠭᠠᠴᠠᠬᠤ ᠠᠷᠭ᠎ᠠ ᠬᠡᠮᠵᠢᠶ᠎ᠡ ᠪᠠᠨ ᠨᠡᠩ ᠲᠡᠬᠦᠯᠳᠡᠷᠵᠢᠬᠦᠯᠤᠨ᠂

ᠲᠦᠭᠰᠢᠬᠦᠷᠢ ᠶᠢᠨ ᠳᠤᠮᠳᠠ ᠠᠵᠠ ᠲᠣᠬᠢᠶᠠᠯ ᠢ ᠴᠢᠳᠠᠮᠠᠭᠠᠢ ᠡᠷᠢᠯᠬᠢᠯᠡᠨ᠂ ᠬᠤᠪᠢᠷᠠᠯᠲᠠ ᠶᠢᠨ ᠳᠤᠮᠳᠠ ᠰᠢᠨ᠎ᠡ

ᠪᠠᠶᠢᠳᠠᠯ ᠢ ᠨᠡᠭᠡᠭᠡᠵᠦ᠂  ᠥᠷᠢᠰᠥᠯᠳᠦᠭᠡᠨ ᠤ ᠳᠤᠮᠳᠠ ᠲᠠᠪᠰᠢᠨ ᠤᠷᠤᠭᠰᠢᠯᠠᠬᠤ ᠪᠠᠷ ᠴᠢᠷᠮᠠᠶᠢᠬᠤ ᠬᠡᠷᠡᠭᠲᠡᠶ᠃

      ᠭᠤᠷᠪᠠ᠂ ᠶᠡᠷᠦᠩᠬᠡᠶ ᠱᠠᠭᠠᠷᠳᠠᠯᠭ᠎ᠠ ᠶᠢ ᠡᠵᠡᠮᠳᠡᠵᠦ᠂ ᠡᠨᠡ ᠵᠢᠯ ᠤᠨ ᠠᠵᠤ ᠠᠬᠤᠶ ᠨᠡᠶᠢᠭᠡᠮ ᠤᠨ

ᠬᠥᠭᠵᠢᠯᠲᠡ ᠶᠢᠨ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ

ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠬᠡᠷᠡᠭᠵᠢᠭᠦᠯᠵᠦ᠂ ᠨᠡᠶᠢᠭᠡᠮ

ᠵᠢᠷᠤᠮᠳᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ

ᠠᠩᠬᠠᠨ ᠤ ᠵᠢᠯ᠂ ᠮᠠᠨ ᠤ ᠨᠠᠮ ᠪᠠᠶᠢᠭᠤᠯᠤᠭᠳᠠᠭᠰᠠᠨ 100 ᠵᠢᠯ ᠤᠨ ᠣᠶ ᠮᠥᠨ᠂ ᠪᠥᠬᠦ ᠬᠤᠰᠢᠭᠤᠨ ᠤ ᠠᠵᠤ

ᠠᠬᠤᠶ ᠶᠢᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠨᠠᠮ ᠤᠨ ᠲᠥᠪ

ᠬᠤᠷᠢᠶ᠎ᠠ ᠠᠴᠠ ᠲᠣᠳᠣᠷᠬᠠᠶ ᠳᠤᠷᠠᠳᠤᠭᠰᠠᠨ ᠨᠢ᠂ ᠡᠨᠡ ᠵᠢᠯ ᠤᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠳᠤ

ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ

ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ

ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ

ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ

ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠱᠠᠲᠤᠨ ᠳᠤ

ᠰᠠᠭᠤᠷᠢᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠤᠱᠯᠠᠭᠤᠯᠤᠨ᠂ ᠰᠢᠨ᠎ᠡ ᠬᠥᠭᠵᠢᠯᠲᠡ ᠶᠢᠨ

ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠨ᠂

ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ

ᠱᠤᠭᠤᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠨ᠂

ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ

ᠬᠠᠩᠭᠠᠬᠤ ᠪᠠᠷ ᠦᠨᠳᠦᠰᠦᠨ ᠬᠠᠷᠠᠯᠲᠠ ᠪᠣᠯᠭᠠᠨ᠎ᠠ᠃ ᠰᠢᠰᠲ᠋ᠧᠮᠲᠦ ᠦᠵᠡᠯᠲᠡ ᠪᠠᠨ ᠪᠠᠷᠢᠮᠲᠠᠯᠠᠵᠤ᠂ ᠬᠢᠵᠢᠭ ᠤᠨ

ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ

ᠪᠠᠬᠢᠵᠢᠭᠦᠯᠦᠨ ᠥᠷᠭᠡᠳᠬᠡᠵᠤ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠶ

ᠲᠦᠯᠤᠪᠵᠢᠬᠦᠯᠵᠤ᠂  ︽ᠵᠢᠷᠭᠤᠭᠠᠨ ᠲᠤᠭᠳᠠᠭᠤᠨ︾᠎ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽

ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠤᠷᠸ᠎ᠠ ᠲᠦᠷᠦ ᠶᠢᠨ

ᠪᠤᠳᠤᠯᠭ᠎ᠠ ᠶᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠤᠨᠤᠪᠴᠢᠳᠡᠢ ᠪᠠᠷ ᠬᠡᠷᠡᠭᠵᠢᠭᠦᠯᠵᠦ᠂ ᠠᠵᠤ ᠠᠬᠤᠶ ᠶᠢᠨ

ᠡᠷᠬᠢᠯᠳᠡ ᠶᠢ ᠵᠦᠢ ᠵᠣᠬᠢᠰᠲᠠᠶ ᠣᠷᠣᠨ ᠪᠠᠶᠢᠷᠢ ᠳᠤ ᠪᠠᠶᠢᠯᠭᠠᠬᠤ ᠶᠢ ᠴᠢᠷᠮᠠᠶᠢᠨ ᠪᠠᠲᠤᠯᠠᠵᠤ᠂ ᠳᠣᠲᠣᠭᠠᠳᠤ

ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠤᠳᠤᠯᠭ᠎ᠠ ᠶᠢ ᠪᠠᠲᠤᠯᠠᠨ᠂ ᠰᠢᠨᠵᠢᠯᠡᠬᠦ ᠤᠬᠠᠭᠠᠨ ᠮᠡᠷᠭᠡᠵᠢᠯ ᠤᠨ

ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢᠯᠠᠯ ᠢ ᠴᠢᠩᠭᠠᠳᠬᠠᠨ᠂ ᠥᠨᠳᠥᠷ ᠬᠢᠷᠢ ᠲᠦᠪᠰᠢᠨ ᠪᠦᠬᠦᠢ ᠭᠠᠳᠠᠭᠰᠢ

ᠨᠡᠭᠡᠭᠡᠯᠳᠡ ᠶᠢ ᠥᠷᠭᠡᠳᠬᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠰᠠᠶᠢᠲᠤᠷ

ᠡᠬᠢᠯᠡᠭᠦᠯᠬᠦ ᠶᠢ ᠦᠨᠡᠨ ᠬᠦ ᠪᠠᠲᠤᠯᠠᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ

ᠤᠢ ᠶᠢ ᠪᠡᠯᠭᠡᠯᠡᠨ᠎ᠡ᠃ ᠨᠠᠮ ᠤᠨ ᠲᠥᠪ ᠬᠤᠷᠢᠶᠠᠨ ᠤ ᠳᠤᠷᠠᠳᠤᠭᠰᠠᠨ ᠶᠡᠷᠦᠩᠬᠡᠶ ᠱᠠᠭᠠᠷᠳᠠᠯᠭ᠎ᠠ ᠪᠣᠯ ᠳᠠᠷᠤᠶ ᠪᠢᠳᠡᠨ ᠤ

ᠡᠨᠡ ᠵᠢᠯ ᠤᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠶᠢᠨ ᠶᠡᠷᠦᠩᠬᠡᠶ ᠵᠢᠷᠤᠮᠯᠠᠯ ᠮᠥᠨ᠂ ᠡᠭᠦᠨ ᠢ ᠡᠷᠬᠡᠪᠰᠢ

ᠡᠯ᠎ᠡ ᠵᠦᠢᠯ ᠤᠨ ᠰᠢᠶᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠠ ᠪᠣᠳᠠᠲᠠᠶ ᠠᠵᠢᠯ ᠤᠨ ᠳᠤᠮᠳᠠ ᠪᠠᠨ ᠪᠦᠬᠦ

ᠲᠠᠯ᠎ᠠ ᠪᠠᠷ ᠣᠨᠣᠪᠴᠢᠲᠠᠶ ᠨᠠᠶᠢᠳᠠᠪᠤᠷᠢᠵᠢᠭᠤᠯᠬᠤ ᠬᠡᠷᠡᠭᠲᠡᠶ᠃

       ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠤᠨ ᠨᠠᠮ ᠤᠨ ᠬᠤᠷᠢᠶᠠᠨ ᠤ

ᠵᠠᠬᠢᠷᠭ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ

ᠨᠠᠷᠢᠨ ᠬᠢᠨᠠᠮᠠᠭᠠᠶ ᠰᠤᠳᠤᠯᠤᠨ ᠵᠢᠱᠢᠵᠦ ᠪᠤᠳᠤᠬᠤ ᠪᠠᠷ ᠳᠡᠮᠵᠢᠨ᠂ ᠡᠨᠡ ᠵᠢᠯ ᠤᠨ ᠠᠵᠤ ᠠᠬᠤᠶ ᠨᠡᠶᠢᠭᠡᠮ ᠤᠨ

ᠬᠥᠭᠵᠢᠯᠲᠡ ᠶᠢᠨ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠤᠷᠢᠯᠡᠯ ᠤᠨ ᠶᠡᠷᠦᠩᠬᠡᠶ ᠥᠷᠲᠡᠭ ᠢ 5.

5%᠎ ᠪᠠᠷ ᠨᠡᠮᠡᠭᠳᠡᠭᠦᠯᠵᠦ᠂ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 45

ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠠᠳᠠᠯᠢ

ᠬᠤᠭᠤᠴᠠᠭᠠᠨ ᠤ ᠬᠢ ᠠᠴᠠ 1.5%᠎ ᠪᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠥᠢᠯᠡᠰ ᠢ ᠵᠢᠵᠢᠭᠯᠡᠨ

ᠪᠤᠷᠤᠯᠠᠭᠤᠯᠤᠭᠰᠡᠨ ᠶᠡᠷᠦᠩᠬᠡᠶ ᠬᠡᠮᠵᠢᠶ᠎ᠡ ᠶᠢ 5.1%᠎ ᠪᠠᠷ ᠨᠡᠮᠡᠭᠳᠡᠭᠦᠯᠵᠦ᠂ ᠬᠤᠲᠠ ᠬᠥᠳᠡᠭᠡ ᠶᠢᠨ ᠪᠠᠶᠢᠩᠭᠤ ᠶᠢᠨ

ᠰᠠᠭᠤᠭᠠᠯᠢᠴᠢᠳ ᠤᠨ ᠬᠥᠮᠦᠨ ᠳᠤᠮᠳᠠᠴᠢ ᠶᠢᠨ ᠲᠤᠬᠢᠷᠠᠭᠤᠯᠵᠤ ᠪᠤᠯᠬᠤᠶᠢᠴᠠ ᠣᠷᠣᠯᠭ᠎ᠠ ᠶᠢ ᠲᠣᠰ ᠲᠣᠰ 5.0%

ᠪᠠ 6.2%᠎ ᠢᠶᠠᠷ ᠨᠡᠮᠡᠭᠳᠡᠭᠦᠯᠦᠨ᠎ᠡ᠃ ᠢᠩᠭᠢᠵᠦ ᠲᠣᠬᠢᠷᠠᠭᠤᠯᠤᠭᠰᠠᠨ ᠨᠢ ᠲᠥᠪ ᠬᠤᠷᠢᠶ᠎ᠠ᠂ ᠥᠪᠡᠷᠲᠡᠭᠡᠨ ᠵᠠᠰᠠᠬᠤ

ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠠᠵᠤ ᠠᠬᠤᠶ ᠶᠢᠨ ᠠᠵᠢᠯ ᠤᠨ ᠲᠤᠬᠠᠶ

ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠦᠭᠦ ᠲᠠᠯ᠎ᠠ ᠪᠠᠷ ᠲᠤᠤᠱᠯᠠᠭᠤᠯᠵᠤ᠂ ᠮᠠᠨ ᠤ ᠬᠤᠰᠢᠭᠤᠨ ᠤ

ᠬᠥᠭᠵᠢᠯᠲᠡ ᠶᠢᠨ ᠪᠣᠳᠠᠲᠤ ᠬᠡᠷᠡᠭᠴᠡᠭᠡ ᠪᠣᠯᠤᠨ ᠳᠦᠷᠤ ᠶᠢᠨ ᠪᠤᠲᠣᠯᠭ᠎ᠠ᠂ ᠬᠢᠵᠢᠭ ᠤᠨ ᠪᠠᠶᠢᠳᠠᠯ ᠵᠡᠷᠭᠡ ᠭᠠᠳᠠᠭᠠᠳᠤ

ᠣᠷᠴᠢᠨ ᠤ ᠨᠥᠯᠥᠭᠡ ᠶᠢ ᠬᠦᠢᠴᠡᠳ ᠪᠣᠳᠣᠯᠬᠢᠯᠠᠨ᠂ ᠣᠨ ᠤ ᠬᠠᠷᠠᠯᠲᠠ ᠡᠭᠦᠷᠭᠡ ᠪᠣᠯᠤᠨ ︽ᠠᠷᠪᠠᠨ ᠲᠦᠷᠪᠡᠳᠤᠬᠡᠷ

ᠲᠠᠪᠤᠨ ᠵᠢᠯ︾᠎ ᠤᠨ ᠰᠡᠭᠦᠯᠴᠢ ᠶᠢᠨ ᠬᠡᠳᠦᠨ ᠵᠢᠯ ᠤᠨ ᠠᠵᠢᠯ ᠢ ᠠᠪᠴᠠᠯᠳᠤᠭᠤᠯᠬᠤ ᠶᠢ ᠨᠢᠭᠡᠳᠦᠯᠲᠡᠶ ᠲᠥᠯᠥᠪᠯᠡᠵᠦ᠂

ᠨᠡᠯᠢᠶᠡᠳ ᠢᠳᠡᠪᠬᠢᠲᠡᠶ᠂ ᠨᠡᠯᠢᠶᠡᠳ ᠵᠣᠬᠢᠰᠲᠠᠶ ᠬᠠᠷᠠᠯᠲᠠ ᠪᠣᠯᠵᠠᠶ᠃ ᠡᠨᠡ ᠬᠦ ᠬᠠᠷᠠᠯᠲᠠ ᠶᠢ ᠪᠡᠶᠡᠯᠡᠭᠦᠯᠬᠦ ᠶᠢᠨ

ᠲᠥᠯᠥᠭᠡ᠂ ᠪᠢᠳᠡ ᠡᠷᠬᠡᠪᠰᠢ ᠳᠣᠣᠷᠠᠬᠢ ᠬᠡᠳᠦᠨ ᠲᠠᠯ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ

ᠠᠳᠬᠤᠬᠤ ᠬᠡᠷᠡᠭᠲᠡᠶ᠃

      ︵ᠨᠢᠭᠡ︶ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠳᠡᠢ᠃

ᠨᠢᠳᠤᠨᠤᠨ ᠮᠠᠨ ᠤ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠲᠡᠭ 0.4%᠎ ᠪᠠᠷ

ᠨᠡᠮᠡᠭᠳᠡᠵᠦ᠂ ᠨᠡᠮᠡᠭᠳᠡᠯ ᠤᠨ ᠬᠤᠷᠳᠤᠴᠠ ᠤᠳᠠᠭᠠᠰᠢᠷᠠᠪᠠ᠃ ᠡᠶᠢᠮᠦᠷᠬᠦ ᠠᠰᠠᠭᠤᠳᠠᠯ ᠭᠠᠷᠤᠭᠰᠠᠨ ᠨᠢ ᠰᠢᠨ᠎ᠡ

ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠪᠤᠰᠤᠳᠴᠢ ᠰᠢᠯᠲᠠᠭᠠᠨ ᠪᠠᠶᠢᠬᠤ ᠮᠥᠷᠲᠡᠭᠡᠨ

ᠪᠠᠰᠠ ᠠᠵᠤ ᠦᠶᠯᠡᠰ ᠤᠨ ᠪᠦᠲᠦᠴᠡ ᠶᠢᠨ ᠠᠰᠠᠭᠤᠳᠠᠯ᠂ ᠶᠠᠰᠤ ᠴᠢᠨᠠᠷ ᠤᠨ ᠠᠰᠠᠭᠤᠳᠠᠯ ᠪᠠᠶᠢᠵᠤ᠂ ᠣᠷᠳᠣ

ᠬᠤᠭᠤᠴᠠᠭᠠᠨ ᠤ ᠲᠤᠷᠰᠢ ᠪᠦᠳᠦᠭᠦᠯᠢᠭ ᠬᠡᠯᠪᠡᠷᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠠᠴᠠ ᠪᠤᠯᠤᠭᠰᠡᠨ  

ᠠᠰᠠᠭᠤᠳᠠᠯ ᠣᠳᠣᠬᠢ ᠱᠠᠲᠤᠨ ᠳᠤ ᠲᠥᠪᠯᠡᠷᠡᠩᠭᠦᠶ ᠢᠯᠡᠷᠡᠵᠦ ᠪᠠᠶᠢᠨ᠎ᠠ᠃ ᠪᠢᠳᠡ ᠡᠷᠬᠡᠪᠰᠢ ᠤᠯᠤᠰ ᠤᠨ ᠳᠣᠲᠣᠭᠠᠳᠤ

ᠬᠡᠷᠡᠭᠴᠡᠭᠡ ᠶᠢ ᠥᠷᠭᠡᠳᠬᠡᠬᠦ ᠡᠨᠡᠬᠦ ᠪᠠᠶᠢᠯᠳᠤᠬᠤ ᠪᠤᠳᠤᠯᠭ᠎ᠠ ᠶᠢᠨ ᠦᠡᠳᠤᠰᠤᠨ ᠴᠡᠭ ᠢ ᠪᠠᠲᠤ ᠡᠵᠡᠮᠳᠡᠵᠦ᠂ ᠠᠵᠤ

ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠪᠠ

ᠬᠥᠳᠡᠯᠭᠡᠬᠦ ᠬᠦᠴᠦᠨ ᠤ ᠰᠣᠯᠢᠭᠳᠠᠯ ᠢ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠦᠬᠦ

ᠲᠠᠯ᠎ᠠ ᠪᠠᠷ ᠠᠬᠢᠭᠤᠯᠵᠤ᠂ ᠵᠦᠢ ᠵᠣᠬᠢᠰᠲᠠᠢ ᠣᠷᠣᠨ ᠵᠠᠢ ᠳᠤ ᠪᠠᠶᠢᠬᠤ ᠶᠢ ᠪᠠᠲᠤᠯᠠᠬᠤ ᠬᠡᠷᠡᠭᠲᠡᠢ᠃

      ᠨᠢᠭᠡ ᠳᠤ᠂ ᠪᠡᠯᠡ ᠣᠷᠣᠭᠤᠯᠤᠯᠲᠠ ᠶᠢ ᠴᠢᠷᠮᠠᠶᠢᠨ ᠥᠷᠭᠡᠳᠬᠡᠨ᠎ᠡ᠃ ᠰᠢᠨᠵᠢᠯᠡᠬᠦ ᠤᠬᠠᠭᠠᠨᠴᠢ ᠪᠥᠭᠡᠳ

ᠪᠦᠲᠦᠮᠵᠢᠲᠡᠶ ᠪᠡᠯᠡ ᠣᠷᠣᠭᠤᠯᠤᠯᠲᠠ ᠨᠢ ᠮᠠᠰᠢ ᠴᠢᠩᠭ᠎ᠠ ᠠᠬᠢᠭᠤᠯᠬᠤ ᠦᠢᠯᠡᠳᠦᠯ ᠲᠠᠢ ᠪᠠᠶᠢᠵᠤ᠂ ᠠᠵᠤ ᠠᠬᠤᠶ ᠶᠢᠨ

ᠠᠵᠢᠯᠯᠠᠭᠠᠨ ᠢ ᠲᠣᠭᠲᠠᠭᠤᠨ ᠪᠠᠶᠢᠯᠭᠠᠬᠤ ᠶᠢᠨ ᠵᠠᠩᠭᠢᠯᠠᠭ᠎ᠠ ᠶᠢᠨ ᠭᠠᠷᠳᠠᠴᠠ ᠪᠣᠯᠬᠤ ᠪᠠᠷ ᠪᠠᠷᠠᠬᠤ ᠦᠭᠡᠢ ᠬᠡᠯᠪᠡᠷᠢ ᠪᠠᠨ

ᠬᠤᠪᠢᠷᠠᠭᠤᠯᠬᠤ᠂ ᠪᠦᠲᠦᠴᠡ ᠶᠢ ᠲᠣᠬᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠶᠢᠨ ᠴᠢᠬᠤᠯᠠ ᠲᠤᠯᠭᠠᠭᠤᠷᠢᠯᠠᠯ

ᠪᠣᠯᠬᠤ ᠶᠤᠮ᠃ ᠪᠢᠳᠡ ᠬᠤᠷᠸ᠎ᠠ ᠠᠵᠤ ᠠᠬᠤᠢ ᠶᠢᠨ ᠪᠠᠶᠢᠳᠠᠯ ᠢ ᠨᠠᠷᠢᠨ ᠬᠢᠨᠠᠮᠠᠭᠠᠢ ᠰᠤᠳᠤᠯᠵᠤ᠂ ᠴᠢᠨᠠᠷ ᠰᠠᠶᠢᠲᠠᠢ

ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ ᠪᠡᠯᠡ ᠣᠷᠣᠭᠤᠯᠤᠯᠲᠠ ᠶᠢᠨ ᠣᠷᠣᠨ ᠵᠠᠢ ᠪᠣᠯᠤᠨ ᠪᠡᠯᠡ

ᠣᠷᠣᠭᠤᠯᠤᠯᠲᠠ ᠶᠢᠨ ᠲᠦᠷᠦᠯ ᠵᠦᠢᠯ ᠢ ᠭᠤᠶᠤᠴᠢᠯᠡᠨ ᠣᠯᠵᠤ᠂ ᠪᠡᠯᠡ ᠣᠷᠣᠭᠤᠯᠤᠯᠲᠠ ᠶᠢ ᠴᠠᠭ ᠲᠤᠬᠠᠢ ᠳᠤᠨᠢ

ᠪᠦᠳᠤᠮᠵᠢᠳᠡᠢ ᠥᠷᠭᠡᠳᠬᠡᠬᠦ ᠬᠡᠷᠡᠭᠲᠡᠢ᠃ ᠡᠩ ᠲᠡᠷᠢᠭᠦᠨ ᠳᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠᠨ

ᠲᠣᠳᠣᠷᠬᠠᠶᠢᠯᠠᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠰᠠᠭᠤᠷᠢᠨ ᠭᠠᠵᠠᠷ︾᠎ ᠤᠨ ᠪᠠᠶᠢᠷᠢᠰᠢᠭᠤᠯᠤᠯᠲᠠ ᠶᠢᠨ

ᠠᠵᠢᠯ ᠤᠨ ᠬᠤᠪᠢᠶᠠᠷᠢᠯᠠᠯ ︵ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ

ᠰᠠᠭᠤᠷᠢᠨ ᠭᠠᠵᠠᠷ︔ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ

ᠦᠶᠯᠡᠳᠪᠦᠷᠢᠯᠡᠯ ᠤᠨ ᠰᠠᠭᠤᠷᠢᠨ ᠭᠠᠵᠠᠷ︶ ᠪᠣᠯᠤᠨ ︽ᠳᠥᠷᠪᠡᠨ ᠶᠠᠭᠠᠬᠢᠭᠰᠠᠨ ᠴᠤ ᠪᠣᠯᠬᠤ ᠥᠬᠡᠶ︾ ᠴᠢᠬᠤᠯᠠ

ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ᠃ ︵ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ

ᠪᠠᠶᠢᠬᠤ ᠭᠠᠵᠡᠷ ᠪᠦᠬᠦᠨ ᠢ ᠮᠠᠯᠲᠠᠵᠤ ᠶᠠᠭᠠᠬᠢᠭᠰᠠᠨ ᠴᠤ ᠪᠣᠯᠬᠤ ᠦᠭᠡᠢ︔ ᠠᠭᠤᠷᠬᠠᠶ ᠶᠢᠨ ᠭᠠᠷᠤᠯᠲᠠ ᠶᠢᠨ ᠡᠬᠢ

ᠪᠠᠶᠠᠯᠢᠭ ᠲᠠᠢ ᠭᠠᠵᠠᠷ ᠣᠷᠣᠨ ᠳᠤ ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ ᠬᠡᠯᠪᠡᠷᠢ ᠶᠢᠨ ᠠᠵᠤ ᠦᠢᠯᠡᠰ ᠢ

ᠬᠥᠭᠵᠢᠭᠦᠯᠵᠦ ᠡᠬᠢ ᠪᠠᠶᠠᠯᠢᠭ ᠢ ᠪᠦᠳᠦᠭᠦᠯᠢᠭ ᠮᠠᠶ᠋ᠢᠭ ᠢᠶᠠᠷ᠂ ᠳᠤᠤᠷᠠᠳᠤ ᠳᠡᠰ ᠢᠶᠠᠷ ᠨᠡᠭᠡᠭᠡᠨ ᠠᠰᠢᠭᠯᠠᠬᠤ ᠪᠠ

ᠬᠤᠪᠢᠷᠠᠭᠤᠯᠬᠤ ᠠᠵᠢᠯ ᠢ ᠶᠠᠭᠠᠬᠢᠭᠰᠠᠨ ᠴᠤ ᠬᠢᠵᠦ ᠪᠣᠯᠬᠤ ᠦᠬᠡᠢ︔ ᠭᠤᠣᠯ ᠴᠣᠭᠴᠠ ᠶᠢᠨ ᠴᠢᠳᠠᠮᠵᠢ ᠶᠢᠨ ᠪᠠᠶᠢᠷᠢ

ᠲᠣᠭᠲᠠᠭᠠᠯᠲᠠ ᠶᠢ ᠬᠠᠮᠢᠶᠠᠷᠬᠤ ᠦᠭᠡᠢ ᠪᠠᠷ ᠶᠠᠮᠠᠷᠪᠠ ᠠᠵᠤ ᠦᠢᠯᠡᠰ ᠢ ᠴᠦ ᠴᠥᠮ ᠠᠳᠬᠤᠵᠤ ᠪᠣᠯᠬᠤ ᠦᠭᠡᠢ︶᠂

ᠠᠮᠢ ᠠᠬᠤᠢ ᠶᠢ ᠡᠩ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠤᠳᠤᠷᠢᠳᠤᠮᠵᠢ ᠶᠢ ᠡᠷᠡᠰ

ᠪᠠᠷᠢᠮᠲᠠᠯᠠᠵᠤ᠂ ᠭᠤᠣᠯᠳᠠᠯᠭ᠎ᠠ ᠲᠠᠢ ᠶᠠᠭᠤ ᠶᠢ ᠠᠳᠬᠤᠬᠤ᠂ ᠶᠠᠭᠤ ᠶᠢ ᠠᠳᠬᠤᠬᠤ ᠶᠢ ᠬᠢᠵᠠᠭᠠᠷᠯᠠᠬᠤ᠂ ᠶᠠᠭᠤ ᠶᠢ

ᠠᠳᠬᠤᠬᠤ ᠶᠢ ᠴᠠᠭᠠᠵᠠᠯᠠᠬᠤ ᠶᠢ ᠲᠣᠳᠣᠷᠬᠠᠢ ᠪᠤᠯᠭᠠᠬᠤ ᠬᠡᠷᠡᠭᠳᠡᠢ᠃ ᠳᠠᠷᠠᠭ᠎ᠠ ᠳᠤᠨᠢ ᠤᠯᠤᠰ ᠠᠴᠠ ᠠᠵᠤ ᠦᠢᠯᠡᠰ ᠢ

ᠤᠯᠤᠰ ᠤᠨ ᠳᠣᠲᠣᠭᠠᠳᠤ ᠳᠤ ᠡᠮᠬᠢ ᠵᠢᠷᠤᠮ ᠲᠠᠢ ᠪᠠᠷ ᠰᠢᠯᠵᠢᠭᠦᠯᠬᠦ ᠶᠢ ᠠᠬᠢᠭᠤᠯᠬᠤ ᠪᠠᠶᠢᠯᠳᠤᠬᠤ ᠪᠤᠲᠤᠯᠭ᠎ᠠ ᠶᠢᠨ

ᠠᠵᠠ ᠲᠣᠬᠢᠶᠠᠯ ᠪᠣᠯᠤᠨ ᠮᠠᠨ ᠤ ᠬᠤᠰᠢᠭᠤᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ

᠎ ᠢ ᠪᠠᠶᠢᠭᠤᠯᠬᠤ ᠲᠡᠦᠬᠡᠨ ᠠᠵᠠ ᠲᠣᠬᠢᠶᠠᠯ ᠢ ᠡᠵᠡᠮᠳᠡᠨ᠂ ᠠᠷᠠᠯᠵᠢᠶᠠᠴᠢᠨ ᠤᠷᠢᠵᠤ ᠪᠠᠯᠠ ᠲᠠᠳᠠᠬᠤ ᠠᠵᠢᠯ ᠢ ᠤᠯᠠᠮ

ᠨᠢᠭᠡ ᠠᠯᠬᠤᠮ ᠰᠠᠶᠢᠲᠤᠷ ᠬᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠶᠯᠡᠰ ᠢ

ᠲᠠᠰ ᠲᠡᠪᠰᠢᠬᠦᠯᠬᠦ᠂ ᠠᠮᠢ ᠠᠬᠤᠶ ᠶᠢᠨ ᠤᠷᠴᠢᠨ ᠲᠤᠭᠤᠷᠢᠨ᠂ ᠵᠠᠮ ᠬᠠᠷᠢᠯᠴᠠᠭ᠎ᠠ᠂ ᠣᠯᠠᠨ ᠨᠡᠶᠢᠲᠡ ᠶᠢᠨ ᠡᠷᠡᠭᠦᠯ

ᠬᠠᠮᠠᠭᠠᠯᠠᠯ ᠪᠠ ᠮᠠᠯᠵᠢᠬᠤ ᠣᠷᠣᠨ ᠤ ᠪᠥᠲᠥᠭᠡᠨ ᠪᠠᠶᠢᠭᠤᠯᠤᠯᠲᠠ ᠳᠤ ᠨᠢᠭᠡ ᠪᠦᠯᠦᠭ ᠰᠢᠨ᠎ᠡ ᠲᠥᠷᠥᠯ ᠵᠦᠶᠯ ᠢ

ᠣᠷᠣᠭᠤᠯᠤᠨ ᠠᠪᠴᠢᠷᠠᠵᠤ᠂ ᠠᠵᠤ ᠦᠶᠯᠡᠰ ᠢ ᠲᠠᠰ ᠳᠡᠪᠰᠢᠭᠦᠯᠬᠦ ᠶᠢ ᠬᠦᠴᠦᠯᠡᠨ ᠠᠬᠢᠭᠤᠯᠵᠤ᠂ ᠠᠵᠤ ᠠᠬᠤᠶ ᠶᠢᠨ

ᠬᠡᠯᠪᠡᠷᠢ ᠪᠠᠨ ᠬᠤᠪᠢᠷᠠᠭᠤᠯᠬᠤ ᠶᠢ ᠲᠦᠷᠬᠡᠳᠬᠡᠨ᠎ᠠ᠃ ᠲᠦᠷᠦᠯ ᠵᠦᠢᠯ ᠤᠨ ᠬᠡᠷᠡᠭᠵᠢᠭᠦᠯᠦᠯᠲᠡ ᠶᠢ ᠠᠬᠢᠭᠤᠯᠵᠤ᠂ ᠡᠨᠡ

ᠵᠢᠯ ᠪᠢᠳᠡ ᠠᠩᠬ᠎ᠠ ᠠᠯᠬᠤᠮ 500 ᠲᠦᠮᠡᠨ ᠲᠥᠭᠦᠷᠢᠭ ᠠᠴᠠ ᠳᠡᠭᠡᠭᠰᠢᠬᠢ 39 ᠲᠦᠷᠦᠯ ᠵᠦᠢᠯ ᠢ ᠲᠣᠭᠲᠠᠭᠠᠵᠤ᠂

ᠶᠡᠷᠦᠩᠬᠡᠢ ᠪᠡᠯᠡ ᠣᠷᠣᠭᠤᠯᠤᠯᠲᠠ ᠶᠢ 38.6 ᠳ᠋ᠦᠩᠰᠢᠭᠤᠷ ᠲᠥᠭᠦᠷᠢᠭ ᠲᠤ ᠬᠦᠷᠬᠡᠨ᠎ᠠ᠃ ᠡᠳᠡᠭᠡᠷ ᠪᠣᠯ ᠴᠥᠮ

ᠦᠨᠡᠨ ᠪᠣᠳᠠᠲᠠᠢ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠡᠮᠵᠢᠶ᠎ᠡ ᠪᠤᠯᠬᠤᠷ᠂ ᠡᠯ᠎ᠡ ᠬᠤᠯᠪᠣᠭᠳᠠᠯ ᠪᠦᠬᠦᠢ ᠰᠠᠯᠠᠭ᠎ᠠ

ᠮᠥᠴᠢᠷ ᠤᠨ ᠬᠢᠨ ᠡᠷᠬᠡᠪᠰᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠴᠢᠩᠭ᠎ᠠ ᠡᠷᠴᠢᠮᠳᠡᠢ ᠠᠳᠬᠤᠵᠤ᠂ ᠪᠦᠬᠦ

ᠬᠦᠴᠦᠨ ᠢᠶᠠᠷ ᠢᠶᠠᠨ ᠲᠦᠷᠭᠡᠳᠬᠡᠨ ᠠᠬᠢᠭᠤᠯᠵᠤ᠂ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠨᠡᠮᠡᠭᠳᠡᠯ ᠤᠨ

ᠬᠡᠮᠵᠢᠶ᠎ᠡ ᠶᠢ ᠲᠡᠬᠡᠭᠰᠢᠯᠡᠬᠦᠯᠬᠦ ᠶᠢ ᠪᠠᠲᠤᠯᠠᠬᠤ ᠬᠡᠷᠡᠭᠲᠡᠢ᠃ ᠠᠳᠡ ᠪᠢ ᠨᠢᠭᠡ ᠵᠦᠢᠯ ᠢ ᠴᠢᠬᠤᠯᠠᠴᠢᠯᠠᠶ᠎ᠠ ᠭᠡᠵᠦ ᠪᠤᠳᠦᠵᠦ

ᠪᠠᠶᠢᠨ᠎ᠠ᠃ ᠨᠢᠳᠤᠨᠤᠨ ᠮᠠᠨ ᠤ ᠵᠠᠷᠢᠮ ᠳᠡᠭᠡᠳᠦ ᠱᠠᠲᠤᠨ ᠤ ᠲᠤᠰᠬᠠᠶ ᠵᠦᠢᠯ ᠤᠨ ᠪᠡᠯᠡ ᠮᠥᠩᠭᠦ᠂ ᠲᠦᠷᠤᠯ

ᠵᠥᠢᠯ ᠤᠨ ᠪᠡᠯᠡᠳᠬᠡᠯ ᠬᠤᠭᠤᠴᠠᠭᠠᠨ ᠤ ᠠᠵᠢᠯ ᠯᠠᠪᠳᠠᠭᠤᠨ ᠪᠠᠲᠤᠲᠠᠶ ᠪᠢᠰᠢ᠂ ᠲᠦᠷᠤᠯ ᠵᠥᠢᠯ ᠢ ᠠᠬᠢᠭᠤᠯᠤᠭᠰᠠᠨ

ᠪᠠ ᠪᠡᠯᠡ ᠮᠥᠩᠭᠦ ᠶᠢ ᠲᠦᠯᠤᠪᠤᠷᠢᠯᠡᠨ ᠥᠭᠬᠦ ᠶᠠᠪᠤᠳᠠᠯ ᠪᠠᠭ᠎ᠠ ᠤᠳᠠᠭᠠᠰᠢᠷᠠᠭᠰᠠᠨ ᠠᠴᠠ ᠪᠤᠯᠵᠤ᠂ ᠲᠦᠷᠤᠯ ᠵᠥᠢᠯ ᠢ

ᠬᠡᠷᠡᠭᠵᠢᠭᠦᠯᠬᠦ ᠪᠠ ᠰᠢᠨ᠎ᠡ ᠲᠦᠷᠤᠯ ᠵᠥᠢᠯ ᠢ ᠲᠡᠮᠡᠴᠡᠨ ᠤᠯᠬᠤ ᠶᠢ ᠨᠥᠯᠥᠭᠡᠯᠡᠭᠰᠡᠨ ᠪᠠᠶᠢᠨ᠎ᠠ᠂ ᠡᠯ᠎ᠡ ᠬᠤᠯᠪᠣᠭᠳᠠᠯ

ᠪᠦᠬᠦᠢ ᠰᠠᠯᠠᠭ᠎ᠠ ᠮᠥᠴᠢᠷ ᠪᠠ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠡᠷᠬᠡᠪᠰᠢ ᠡᠭᠦᠨ ᠠᠴᠠ ᠰᠤᠷᠭᠠᠮᠵᠢ

ᠠᠪᠴᠤ᠂ ᠬᠤᠶᠢᠰᠢᠳᠠ ᠡᠶᠢᠮᠦᠷᠬᠦ ᠠᠰᠠᠭᠤᠳᠠᠯ ᠢ ᠶᠠᠭᠠᠬᠢᠭᠰᠠᠨ ᠴᠤ ᠭᠠᠷᠭᠠᠵᠤ ᠪᠣᠯᠬᠤ ᠦᠭᠡᠢ᠃

       ᠬᠤᠶᠠᠷ ᠲᠤ᠂ ᠠᠵᠤ ᠦᠢᠯᠡᠰ ᠤᠨ ᠪᠦᠲᠦᠴᠡ ᠶᠢ ᠬᠦᠴᠤᠯᠡᠨ ᠰᠢᠯᠢᠳᠡᠭᠵᠢᠭᠦᠯᠬᠦ ᠬᠡᠷᠡᠭᠲᠡᠶ᠃ ᠠᠵᠤ

ᠦᠢᠯᠡᠰ ᠪᠣᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠭᠤᠣᠯᠯᠠᠭᠴᠢ ᠪᠠ ᠰᠠᠭᠤᠷᠢ

ᠮᠥᠨ᠃ ᠪᠢᠳᠡ ᠤᠯᠠᠮᠵᠢᠯᠠᠯᠲᠤ ᠠᠵᠤ ᠦᠢᠯᠡᠰ ᠢ ᠰᠢᠯᠢᠳᠡᠭᠵᠢᠬᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ

ᠪᠤᠶᠢᠵᠢᠭᠤᠯᠬᠤ᠂ ᠤᠳᠤ ᠦᠶ᠎ᠡ ᠶᠢᠨ ᠦᠢᠯᠡᠴᠢᠯᠡᠭᠡᠨ ᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ ᠳᠤ

ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠲᠤᠯ ᠦᠭᠡᠢ ᠤᠨᠴᠠᠯᠢᠭᠳᠤ ᠳᠠᠪᠠᠭᠤᠯᠢᠭ ᠠᠵᠤ ᠦᠢᠯᠡᠰ ᠤᠨ ᠰᠢᠰᠲ᠋ᠧᠮ ᠢ

ᠪᠠᠶᠢᠭᠤᠯᠵᠤ᠂ ᠠᠵᠤ ᠦᠢᠯᠡᠰ ᠤᠨ ᠰᠠᠭᠤᠷᠢ ᠶᠢ ᠳᠡᠰ ᠲᠠᠪᠰᠢᠬᠦᠯᠵᠤ᠂ ᠠᠵᠤ ᠦᠢᠯᠡᠰ ᠤᠨ ᠬᠡᠯᠬᠢᠶ᠎ᠡ ᠶᠢ

ᠣᠳᠣᠬᠢᠴᠢᠯᠠᠬᠤ ᠶᠢ ᠠᠬᠢᠭᠤᠯᠬᠤ ᠬᠡᠷᠡᠭᠲᠡᠢ᠃ ᠤᠯᠠᠮᠵᠢᠯᠠᠯᠲᠤ ᠠᠵᠤ ᠦᠢᠯᠡᠰ ᠢ ᠰᠢᠯᠢᠳᠡᠭᠵᠢᠬᠦᠯᠤᠨ ᠳᠡᠰ

ᠲᠠᠪᠰᠢᠬᠦᠯᠬᠦ ᠳᠤ᠂ ᠳᠠᠷᠤᠶ ᠣᠳᠣ ᠶᠢᠨ ᠪᠠᠶᠢᠭ᠎ᠠ ᠰᠠᠭᠤᠷᠢ ᠪᠣᠯᠤᠨ ᠳᠠᠪᠠᠭᠤᠯᠢᠭ ᠲᠤ ᠪᠠᠨ ᠰᠠᠭᠤᠷᠢᠯᠠᠵᠤ᠂ ᠠᠵᠤ

ᠦᠢᠯᠡᠰ ᠤᠨ ᠬᠡᠯᠬᠢᠶ᠎ᠡ᠂ ᠥᠷᠲᠡᠭ ᠤᠨ ᠬᠡᠯᠬᠢᠶ᠎ᠡ ᠶᠢᠨ ᠥᠨᠳᠥᠷ ᠳᠤᠮᠳᠠᠳᠤ ᠲᠡᠰ ᠵᠦᠭ ᠬᠦᠭᠵᠢᠬᠦ ᠶᠢ ᠠᠬᠢᠭᠤᠯᠵᠤ᠂

ᠮᠠᠯ ᠠᠵᠤ ᠠᠬᠤᠶ ᠶᠢᠨ ᠲᠠᠯ᠎ᠠ ᠪᠠᠷ ᠴᠢᠨᠠᠷ ᠰᠠᠶᠢᠲᠠᠶ ᠪᠦᠲᠦᠮᠵᠢᠲᠡᠶ ᠪᠤᠯᠭᠠᠨ ᠬᠤᠪᠢᠷᠠᠭᠤᠯᠬᠤ ᠶᠢ ᠪᠠᠷᠢᠮᠲᠠᠯᠠᠨ᠂

ᠠᠪᠠᠭ᠎ᠠ ᠬᠠᠷ᠎ᠠ ᠠᠳᠤᠭᠤ᠂ ᠠᠪᠠᠭ᠎ᠠ ᠴᠡᠭᠡ᠂ ᠤᠷᠢᠶᠠᠩᠬᠠᠢ ᠬᠤᠨᠢ ᠵᠡᠷᠭᠡ ᠳᠠᠪᠠᠭᠤᠯᠢᠭ ᠨᠠᠷᠠᠲᠤ ᠲᠡᠮᠳᠡᠭᠲᠦ ᠪᠠᠷ

ᠭᠤᠤᠯᠯᠠᠭᠤᠯᠵᠤ᠂ ᠲᠤᠳᠤᠷ ᠴᠤᠯᠤ ᠵᠡᠷᠭᠡ ᠲᠠᠭᠠᠯᠳᠠ ᠪᠦᠳᠤᠬᠡᠭᠳᠡᠬᠦᠨ ᠪᠣᠯᠪᠠᠰᠤᠷᠠᠭᠤᠯᠬᠤ ᠠᠵᠤ ᠠᠬᠤᠶᠢᠯᠠᠯ ᠢ

ᠢᠳᠡᠪᠬᠢᠲᠡᠶ ᠪᠠᠷ ᠤᠷᠢᠨ ᠣᠷᠣᠭᠤᠯᠵᠤ᠂ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠢ

ᠨᠡᠮᠡᠭᠳᠡᠭᠦᠯᠦᠨ᠂ ᠵᠢᠯ ᠤᠨ ᠳᠣᠲᠣᠷ᠎ᠠ ᠢᠰᠬᠡ ᠴᠡᠭᠡ ᠶᠢᠨ ᠠᠰᠢᠭᠳᠤ ᠪᠠᠺᠲ᠋ᠧᠷᠢ᠂ ᠮᠠᠯᠴᠢᠳ ᠤᠨ ᠲᠤᠷᠠᠰᠤᠮᠵᠢ ᠴᠠᠭᠠᠨ

ᠢᠳᠡᠭᠡ ᠪᠤᠯᠪᠠᠰᠤᠷᠠᠭᠤᠯᠬᠤ ᠠᠵᠤ ᠦᠢᠯᠡᠰ ᠤᠨ ᠠᠵᠤ ᠦᠢᠯᠡᠳᠪᠤᠷᠢ ᠶᠢᠨ ᠲᠣᠭᠤᠷᠢᠭ ᠲᠤ ᠰᠠᠭᠤᠷᠢᠰᠢᠬᠤ ᠠᠵᠢᠯ ᠢ

ᠴᠢᠷᠮᠠᠶᠢᠨ ᠪᠡᠶᠡᠯᠡᠭᠦᠯᠦᠨ᠎ᠡ︔ ᠨᠡᠭᠦᠷᠡᠰᠦ ᠵᠡᠷᠭᠡ ᠡᠨᠧᠷᠭᠢ ᠡᠬᠢ ᠪᠠᠶᠠᠯᠢᠭ ᠤᠨ ᠠᠵᠤ ᠦᠢᠯᠡᠰ ᠤᠨ ᠬᠡᠯᠬᠢᠶᠠᠵᠢᠯ ᠢ

ᠣᠷᠳᠤᠳᠬᠠᠬᠤ ᠪᠠᠷ ᠭᠤᠣᠯᠳᠠᠯᠭ᠎ᠠ ᠪᠣᠯᠭᠠᠨ᠂ ᠡᠬᠢ ᠪᠠᠶᠠᠯᠢᠭ ᠢ ᠲᠤᠬᠠᠶ ᠶᠢᠨ ᠭᠠᠵᠠᠷ ᠲᠤᠨᠢ ᠠᠰᠢᠭᠯᠠᠬᠤ ᠨᠤᠷᠮ᠎ᠠ ᠪᠠ

ᠨᠠᠷᠢᠯᠢᠭ ᠭᠦᠨᠵᠡᠭᠡᠶ ᠪᠣᠯᠪᠠᠰᠤᠷᠠᠭᠤᠯᠬᠤ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠵᠦ᠂ ᠡᠬᠢ ᠪᠠᠶᠠᠯᠢᠭ ᠢ ᠡᠩ ᠤᠨ

ᠴᠢᠨᠠᠷᠲᠠᠶ ᠨᠡᠬᠡᠬᠡᠬᠦ᠂ ᠠᠩᠬᠠᠨ ᠤ ᠱᠠᠲᠤᠨ ᠤ ᠪᠣᠯᠪᠠᠰᠤᠷᠠᠭᠤᠯᠤᠯᠲᠠ ᠠᠴᠠ ᠶᠡᠷᠦᠩᠬᠡᠶᠢᠯᠡᠨ ᠠᠰᠢᠭᠯᠠᠬᠤ᠂ ᠨᠠᠷᠢᠯᠢᠭ

ᠭᠦᠨᠵᠡᠭᠡᠶ ᠡᠳ᠋ᠰᠢᠬᠦᠯᠤᠨ ᠪᠣᠯᠪᠠᠰᠤᠷᠠᠭᠤᠯᠬᠤ ᠪᠤᠯᠭᠠᠨ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠵᠢᠯ ᠤᠨ

ᠳᠣᠲᠣᠷ᠎ᠠ ᠮᠠᠨᠢᠲᠤ ᠠᠭᠤᠷᠬᠠᠶ ᠶᠢᠨ ᠲᠤᠭᠤᠷᠢᠭ ᠤᠨ ᠡᠬᠢ ᠪᠠᠶᠠᠯᠢᠭ ᠢ ᠨᠢᠬᠡᠳᠬᠡᠬᠦ ᠨᠡᠭᠦᠷᠡᠰᠦᠨ ᠠᠭᠤᠷᠬᠠᠶ ᠶᠢᠨ

ᠲᠥᠷᠥᠯ ᠵᠦᠶᠯ ᠪᠠ ᠵᠢᠩ ᠨᠧᠩ ᠴᠠᠭᠠᠨ ᠨᠠᠭᠤᠷ ᠤᠨ ᠴᠠᠬᠢᠯᠭᠠᠨ ᠤ ᠦᠶᠯᠡᠳᠪᠦᠷᠢ ᠶᠢᠨ 2 × 66 ᠲᠦᠮᠡᠨ

ᠺᠢᠯᠣᠸᠠᠲ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠵᠤ᠂ ᠴᠠᠭᠠᠨ

ᠨᠠᠭᠤᠷ ᠤᠨ ᠨᠡᠭᠦᠷᠡᠰᠦᠨ ᠠᠭᠤᠷᠬᠠᠶ ᠶᠢᠨ ᠨᠢᠭᠡᠳᠦᠭᠡᠷ ᠨᠣᠮᠧᠷᠲᠤ ᠬᠤᠳᠳᠤᠭ ᠪᠠ ᠳ᠋ᠠ ᠠᠨ ᠨᠡᠭᠦᠷᠡᠰᠦᠨ

ᠠᠭᠤᠷᠬᠠᠶ ᠶᠢᠨ ᠠᠵᠢᠯ ᠢ ᠰᠡᠷᠭᠦᠭᠡᠨ᠎ᠡ᠃ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠬᠤ᠂ ᠬᠡᠷᠡᠭᠯᠡᠭᠡᠨ ᠢ

ᠲᠠᠰ ᠲᠠᠪᠰᠢᠬᠦᠯᠬᠦ᠂ ᠰᠢᠨᠵᠢᠯᠡᠬᠦ ᠮᠡᠷᠭᠡᠵᠢᠯ ᠤᠨ ᠳᠠᠪᠰᠢᠯᠲᠠ᠂ ᠠᠵᠤ ᠦᠶᠯᠡᠰ ᠤᠨ ᠬᠤᠪᠢᠰᠤᠯᠲᠠ ᠵᠡᠷᠭᠡ ᠰᠢᠨ᠎ᠡ

ᠬᠠᠨᠳᠤᠰᠢ᠂ ᠰᠢᠨ᠎ᠡ ᠠᠵᠠ ᠲᠣᠬᠢᠶᠠᠯ ᠢ ᠴᠢᠩᠭ᠎ᠠ ᠡᠵᠡᠮᠳᠡᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠣᠨᠤᠭ

ᠲᠥᠬᠦᠭᠡᠷᠦᠮᠵᠢ ᠦᠶᠯᠡᠳᠬᠦ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠳᠠᠪᠠᠭᠤᠯᠢᠭ ᠪᠠᠨ ᠪᠠᠳᠠᠷᠠᠭᠤᠯᠵᠤ᠂ ᠠᠵᠤ

ᠠᠬᠤᠶ ᠶᠢᠨ ᠬᠥᠭᠵᠢᠯᠲᠡ ᠶᠢᠨ ᠰᠢᠨ᠎ᠡ ᠲᠤᠯᠭᠠᠭᠤᠷᠢᠯᠠᠬᠤ ᠬᠦᠴᠤᠨ ᠢ ᠢᠳᠡᠪᠬᠢᠲᠡᠶ ᠪᠠᠷ ᠪᠣᠶ ᠪᠣᠯᠭᠠᠵᠤ᠂ ᠵᠢᠯ ᠤᠨ

ᠳᠣᠲᠣᠷ᠎ᠠ ᠵᠢᠩ ᠨᠸᠡᠭ ᠤᠨ ᠬᠡᠷᠡᠯ ᠴᠠᠬᠢᠯᠭᠠᠨ᠂ ᠬᠦᠸᠧ ᠲᠢᠶᠠᠨ ᠰᠠᠯᠪᠤᠷᠢᠯᠠᠭᠰᠡᠨ ᠬᠡᠯᠪᠡᠷᠢ ᠶᠢᠨ ᠰᠠᠯᠬᠢᠨ ᠴᠠᠬᠢᠯᠭᠠᠨ

ᠵᠡᠷᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠳᠥᠯᠭᠢᠨ ᠠᠬᠢᠭᠤᠯᠬᠤ ᠬᠡᠷᠡᠭᠲᠡᠶ᠃

ᠤᠳᠤᠬᠢᠴᠢᠯᠠᠭᠰᠡᠨ ᠦᠶᠯᠡᠴᠢᠯᠡᠭᠡᠨ ᠤ ᠦᠶᠯᠡᠰ ᠤᠨ ᠶᠠᠰᠤ ᠴᠢᠨᠠᠷ ᠢ ᠲᠡᠬᠡᠭᠰᠢᠯᠡᠬᠦᠯᠵᠤ᠂ ᠡᠯᠪᠡᠭ ᠪᠠᠶᠠᠯᠢᠭ ᠲᠠᠯ᠎ᠠ

ᠨᠤᠲᠤᠭ ᠤᠨ ᠰᠣᠶᠣᠯ ᠤᠨ ᠡᠬᠢ ᠪᠠᠶᠠᠯᠢᠭ ᠲᠤ ᠲᠦᠰᠢᠭᠯᠡᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ

ᠳᠣᠭᠢᠷᠠᠭᠤᠯᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠴᠤᠭᠴᠠᠯᠠᠵᠤ᠂ ᠮᠠᠯᠵᠢᠬᠤ ᠣᠷᠣᠨ ᠤ ᠵᠢᠭᠤᠯᠴᠢᠯᠠᠯ᠂

ᠠᠷᠠᠳ ᠤᠨ ᠵᠠᠩ ᠦᠢᠯᠡ ᠶᠢᠨ ᠰᠣᠳᠣᠨ ᠵᠢᠭᠤᠯᠴᠢᠯᠠᠯ ᠤᠨ ᠵᠠᠮ ᠱᠤᠭᠤᠮ ᠢ ᠲᠥᠯᠥᠪᠵᠢᠭᠦᠯᠦᠨ ᠪᠠᠶᠢᠭᠤᠯᠵᠤ᠂

ᠤᠨᠴᠠᠯᠢᠬᠳᠤ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠪᠣᠶ ᠪᠣᠯᠭᠠᠨ᠎ᠠ︔ ᠮᠥᠩᠭᠦᠨ ᠭᠦᠢᠯᠭᠡᠭᠡ᠂ ᠪᠤᠳᠠᠰ ᠤᠨ

ᠭᠦᠢᠯᠭᠡᠭᠡ᠂ ᠡᠮᠴᠢᠯᠡᠭᠡ ᠡᠷᠡᠭᠦᠯᠵᠢᠯ ᠰᠤᠪᠢᠯᠠᠯᠲᠠ᠂ ᠡᠯᠧᠺᠲᠷᠣᠨ ᠬᠤᠳᠠᠯᠳᠤᠭᠠᠨ ᠤ ᠶᠠᠪᠤᠳᠠᠯ ᠪᠠ ᠬᠤᠭᠤᠯᠠ ᠤᠮᠳᠠ

ᠬᠤᠨᠤᠭ ᠪᠠᠭᠤᠳᠠᠯ ᠵᠡᠷᠭᠡ ᠦᠢᠯᠡᠴᠢᠯᠡᠭᠡᠨ ᠤ ᠦᠢᠯᠡᠰ ᠢ ᠨᠠᠷᠢᠯᠢᠬᠵᠢᠭᠤᠯᠬᠤ ᠪᠠ ᠴᠢᠨᠠᠷ ᠰᠠᠶᠢᠲᠠᠢ ᠪᠣᠯᠭᠠᠨ

ᠬᠤᠪᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠦᠢᠯᠡᠴᠢᠯᠡᠭᠡᠨ ᠤ ᠦᠢᠯᠡᠰ ᠤᠨ  

ᠬᠠᠷᠢᠴᠠᠯ᠂ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠬᠦ ᠶᠢ ᠠᠬᠢᠭᠤᠯᠤᠨ᠎ᠠ᠃

       ᠭᠤᠷᠪᠠ ᠳᠤ᠂ ᠬᠡᠷᠡᠭᠯᠡᠭᠡᠨ ᠤ ᠲᠠᠯᠳᠠ ᠬᠦᠴᠦᠨ ᠢ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ ᠤᠨ

ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠶ᠃ ᠬᠡᠷᠡᠭᠯᠡᠭᠡ ᠪᠣᠯ ᠠᠵᠤ ᠠᠬᠤᠶ ᠶᠢᠨ ᠨᠡᠮᠡᠭᠳᠡᠯ ᠢ ᠠᠬᠢᠭᠤᠯᠬᠤ ᠶᠢᠨ

ᠰᠠᠭᠤᠷᠢ ᠮᠥᠨ᠃ ᠮᠠᠨ ᠤ ᠬᠤᠰᠢᠭᠤᠨ ᠤ ᠬᠥᠮᠦᠨ ᠠᠮᠠ ᠶᠢᠨ ᠲᠤᠭ᠎ᠠ ᠪᠠᠭ᠎ᠠ᠂ ᠰᠢᠯᠢᠩᠬᠤᠲᠠ ᠠᠴᠠ ᠣᠶᠢᠷ᠎ᠠ᠂

ᠡᠬᠦᠨ ᠤ ᠲᠡᠬᠡᠷ᠎ᠠ ᠰᠦᠯᠵᠢᠶᠡᠨ ᠳᠠᠬᠢ ᠠᠷᠠᠯᠵᠢᠶᠠᠨ ᠬᠥᠭᠵᠢᠯᠲᠡ ᠶᠢ ᠳᠠᠭᠠᠯᠳᠤᠨ᠂ ᠬᠡᠷᠡᠭᠯᠡᠭᠡ ᠶᠢᠨ ᠭᠠᠳᠠᠭᠰᠢ

ᠰᠢᠯᠵᠢᠬᠦ ᠦᠵᠡᠭᠳᠡᠯ ᠡᠳᠦᠷ ᠢᠷᠡᠬᠦᠶ᠎ᠡ ᠰᠢᠷᠦᠭᠦᠰᠴᠦ᠂ ᠬᠤᠰᠢᠭᠤᠨ ᠳᠣᠲᠣᠷᠠᠬᠢ ᠬᠡᠷᠡᠭᠯᠡᠭᠡ ᠦᠷᠭᠦᠯᠵᠢᠯᠡᠨ

ᠲᠤᠷᠤᠭᠰᠢᠯᠠᠵᠤ᠂ ᠢᠯᠠᠩᠭᠤᠶ᠎ᠠ ᠬᠢᠵᠢᠭ ᠤᠨ ᠪᠠᠶᠢᠳᠠᠯ ᠠᠴᠠ ᠪᠤᠯᠵᠤ᠂ ᠨᠢᠳᠤᠨᠤᠨ ᠮᠠᠨ ᠤ ᠬᠤᠰᠢᠭᠤᠨ ᠤ ᠨᠡᠶᠢᠭᠡᠮ ᠤᠨ

ᠬᠡᠷᠡᠭᠯᠡᠭᠡᠨ ᠤ ᠪᠤᠳᠠᠰ ᠢ ᠵᠢᠵᠢᠭᠯᠡᠨ ᠪᠤᠷᠤᠯᠠᠭᠤᠯᠤᠭᠰᠡᠨ ᠶᠡᠷᠦᠩᠬᠡᠶ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ 7.5%

᠎ ᠪᠠᠷ ᠪᠠᠭᠤᠷᠠᠪᠠ᠃ ᠡᠭᠦᠨ ᠳᠤ ᠪᠢᠳᠡ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠡᠷᠡᠭᠯᠡᠭᠡᠨ ᠤ

ᠴᠢᠳᠠᠪᠤᠷᠢ ᠶᠢ ᠳᠡᠭᠡᠭᠰᠢᠯᠡᠭᠦᠯᠬᠦ ᠪᠠ ᠬᠡᠷᠡᠭᠯᠡᠭᠡᠨ ᠤ ᠬᠠᠨᠳᠤᠰᠢ ᠶᠢ ᠨᠡᠮᠡᠭᠳᠡᠭᠦᠯᠬᠦ ᠡᠨᠡ ᠬᠤᠶᠠᠷ ᠵᠠᠩᠭᠢᠯᠠᠭ᠎ᠠ ᠶᠢ ᠴᠢᠩᠭ᠎ᠠ

ᠠᠳᠬᠤᠵᠤ᠂ ᠬᠡᠷᠡᠭᠯᠡᠭᠡᠨ ᠤ ᠪᠦᠲᠦᠴᠡ ᠶᠢᠨ ᠲᠡᠰ ᠳᠡᠪᠰᠢᠬᠦ ᠬᠠᠨᠳᠤᠰᠢ ᠪᠠ ᠠᠳᠠᠯᠢ ᠪᠤᠰᠤ ᠣᠷᠣᠯᠭ᠎ᠠ ᠲᠠᠢ

ᠬᠦᠮᠤᠰ ᠤᠨ ᠪᠣᠳᠠᠲᠤ ᠬᠡᠷᠡᠭᠴᠡᠭᠡ ᠳᠤ ᠵᠣᠬᠢᠴᠠᠭᠤᠯᠤᠨ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠴᠢᠨᠠᠷ

ᠰᠠᠶᠢᠲᠠᠶ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠵᠦ᠂ ᠬᠡᠷᠡᠭᠯᠡᠭᠡ ᠶᠢ ᠤᠯᠠᠨ ᠡᠰᠢᠵᠢᠬᠦᠯᠬᠦ᠂

ᠲᠡᠰ ᠲᠠᠪᠰᠢᠬᠦᠯᠬᠦ ᠶᠢ ᠠᠬᠢᠭᠤᠯᠬᠤ ᠬᠡᠷᠡᠭᠲᠡᠶ᠃ ᠤᠯᠠᠮᠵᠢᠯᠠᠯᠲᠤ ᠬᠡᠷᠡᠭᠯᠡᠭᠡ ᠶᠢᠨ ᠲᠡᠰ ᠲᠠᠪᠰᠢᠬᠦᠯᠬᠦ ᠶᠢ ᠯᠠᠪᠳᠠᠭᠤᠨ

ᠪᠠᠲᠤᠲᠠᠢ ᠥᠷᠨᠢᠭᠦᠯᠵᠦ᠂ ᠪᠣᠬᠢᠷᠲᠤᠯ ᠦᠭᠡᠢ ᠬᠡᠷᠡᠭᠯᠡᠭᠡ ᠶᠢ ᠠᠬᠢᠭᠤᠯᠵᠤ᠂ ᠪᠦᠷᠢᠯᠭᠡᠨ ᠰᠦᠢᠳᠬᠡᠬᠦ ᠶᠢ ᠲᠠᠪᠴᠢᠵᠤ᠂

ᠰᠠᠭᠤᠷᠢ ᠬᠡᠷᠡᠭᠯᠡᠭᠡ ᠶᠢᠨ ᠲᠡᠰ ᠳᠡᠪᠰᠢᠬᠦ ᠶᠢ ᠠᠬᠢᠭᠤᠯᠬᠤ ᠬᠡᠷᠡᠭᠲᠡᠢ᠃ ᠬᠥᠮᠦᠵᠢᠯ ᠪᠣᠯᠪᠠᠰᠤᠷᠠᠯ᠂ ᠰᠣᠶᠣᠯ ᠪᠡᠶ᠎ᠡ

ᠲᠠᠮᠢᠷ᠂ ᠡᠷᠡᠭᠦᠯ ᠬᠠᠮᠠᠭᠠᠯᠠᠯ ᠡᠷᠡᠭᠦᠯ ᠮᠡᠨᠳᠤ ᠵᠡᠷᠭᠡ ᠬᠥᠭᠵᠢᠯᠲᠡ ᠶᠢᠨ ᠴᠢᠨᠠᠷᠲᠠᠶ ᠬᠡᠷᠡᠭᠯᠡᠭᠡ ᠪᠠ ᠰᠡᠯᠡᠭᠦᠴᠡᠯ

ᠵᠢᠭᠤᠯᠴᠢᠯᠠᠯ᠂ ᠭᠡᠷ ᠤᠨ ᠶᠠᠪᠤᠳᠠᠯ ᠤᠨ ᠦᠢᠯᠡᠴᠢᠯᠡᠭᠡ᠂ ᠨᠠᠰᠤᠵᠢᠯ ᠤᠨ ᠠᠰᠠᠷᠠᠮᠵᠢ ᠶᠢᠨ ᠨᠠᠶᠢᠳᠠᠨ ᠠᠰᠠᠷᠠᠬᠤ ᠵᠡᠷᠭᠡ

ᠦᠢᠯᠡᠴᠢᠯᠡᠭᠡᠨ ᠤ ᠴᠢᠨᠠᠷᠲᠠᠶ ᠬᠡᠷᠡᠭᠯᠡᠭᠡ ᠶᠢ ᠢᠳᠡᠪᠬᠢᠲᠡᠶ ᠪᠤᠶᠢᠵᠢᠭᠤᠯᠵᠤ᠂ ᠬᠡᠷᠡᠭᠯᠡᠭᠡᠨ ᠤ ᠪᠦᠲᠦᠴᠡ ᠶᠢᠨ ᠲᠡᠰ

ᠳᠡᠪᠰᠢᠬᠦ ᠶᠢ ᠳᠠᠶᠢᠴᠢᠯᠠᠬᠤ ᠬᠡᠷᠡᠭᠲᠡᠶ᠃ ᠮᠠᠯᠵᠢᠬᠤ ᠣᠷᠣᠨ ᠤ ᠬᠡᠷᠡᠭᠯᠡᠭᠡᠨ ᠤ ᠵᠠᠬ᠎ᠠ ᠳᠡᠯᠭᠡᠭᠦᠷ ᠢ ᠨᠡᠭᠡᠭᠡᠵᠦ᠂

ᠬᠡᠷᠡᠭᠯᠡᠭᠡᠨ ᠤ ᠲᠠᠯᠳᠠ ᠬᠦᠴᠦᠨ ᠢ ᠠᠭᠤᠳᠠᠯᠯᠠᠨ᠂ ᠮᠠᠯᠴᠢᠳ ᠤᠨ ᠬᠡᠷᠡᠭᠯᠡᠭᠡᠨ ᠤ ᠲᠡᠰ ᠳᠠᠪᠬᠤᠷᠭ᠎ᠠ ᠶᠢᠨ

ᠳᠡᠭᠡᠭᠰᠢᠯᠡᠯᠲᠡ ᠶᠢ ᠲᠥᠯᠬᠢᠨ ᠠᠬᠢᠭᠤᠯᠬᠤ ᠬᠡᠷᠡᠭᠲᠡᠶ᠃ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂

ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠵᠤ᠂

ᠠᠮᠤᠷ ᠲᠦᠪᠰᠢᠨ᠂ ᠳᠥᠭᠦᠮ ᠳᠥᠲᠡ᠂ ᠦᠨᠡᠨᠴᠢ ᠢᠲᠡᠭᠡᠮᠵᠢᠲᠡᠶ ᠬᠡᠷᠡᠭᠯᠡᠭᠡᠨ ᠤ ᠣᠷᠴᠢᠨ ᠨᠥᠬᠦᠴᠡᠯ ᠢ ᠪᠤᠢ

ᠪᠣᠯᠭᠠᠬᠤ ᠬᠡᠷᠡᠭᠲᠡᠶ᠃ ᠡᠭᠦᠨ ᠤ ᠬᠠᠮᠲᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ

ᠪᠠᠳᠠᠷᠠᠭᠤᠯᠬᠤ ᠬᠡᠷᠡᠭᠲᠡᠢ᠃ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠣ᠂ ᠣᠳᠣᠬᠠᠨ ᠳᠤ ᠮᠠᠨ ᠤ

ᠬᠤᠰᠢᠭᠤᠨ ᠤ ᠵᠠᠷᠢᠮ ᠠᠵᠤ ᠠᠬᠤᠶᠢᠯᠠᠯ ᠣᠨᠴᠠᠭᠠᠶᠢᠯᠠᠨ ᠳᠤᠮᠳᠠ ᠵᠢᠵᠢᠭ ᠪᠢᠴᠢᠯ ᠠᠵᠤ ᠠᠬᠤᠶᠢᠯᠠᠯ ᠮᠥᠨ ᠨᠡᠯᠢᠶᠡᠳ

ᠶᠡᠭᠡ ᠦᠷᠢᠰᠤᠯᠳᠤᠬᠡᠨ ᠳᠤ ᠲᠤᠯᠭᠠᠷᠠᠵᠤ ᠪᠠᠶᠢᠭ᠎ᠠ ᠪᠤᠯᠬᠤᠷ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ

ᠪᠠᠲᠤᠯᠠᠬᠤ ᠶᠢ ᠡᠷᠬᠡᠪᠰᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠭᠠᠶᠢᠯᠢ ᠬᠠᠰᠤᠵᠤ ᠰᠦᠶᠳᠬᠡᠯ ᠪᠠᠭᠤᠷᠠᠭᠤᠯᠬᠤ

᠂ ᠮᠥᠩᠭᠦᠨ ᠭᠦᠶᠯᠭᠡᠭᠡ ᠶᠢᠨ ᠬᠠᠷᠠᠭᠠᠯᠵᠠᠯ ᠵᠡᠷᠭᠡ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂

ᠠᠵᠤ ᠠᠬᠤᠶᠢᠯᠠᠯ ᠢ ᠬᠠᠪᠰᠤᠷᠤᠨ ᠦᠶᠯᠡᠳᠪᠦᠷᠢᠯᠡᠯ ᠡᠵᠡᠩᠨᠡᠯᠲᠡ ᠶᠢᠨ ᠳᠤᠮᠳᠠᠬᠢ ᠬᠦᠴᠢᠷᠳᠡᠯ ᠪᠠ ᠠᠰᠠᠭᠤᠳᠠᠯ ᠢ ᠴᠠᠭ

ᠲᠤᠬᠠᠶ ᠳᠤᠨᠢ ᠰᠢᠶᠳᠪᠦᠷᠢᠯᠡᠵᠦ᠂ ᠠᠵᠤ ᠠᠬᠤᠶᠢᠯᠠᠯ ᠤᠨ ᠲᠣᠭᠲᠠᠭᠤᠨ ᠦᠶᠯᠡᠳᠪᠦᠷᠢᠯᠡᠯ ᠡᠵᠡᠩᠨᠡᠯᠲᠡ ᠶᠢ ᠪᠠᠲᠤᠯᠠᠬᠤ

ᠬᠡᠷᠡᠭᠲᠡᠶ᠃

      ︵ᠬᠤᠶᠠᠷ︶ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠠᠬᠢᠴᠠ ᠶᠢ ᠬᠦᠴᠦᠯᠡᠨ ᠲᠦᠷᠭᠡᠳᠬᠡᠨ᠎ᠡ᠃

ᠲᠥᠪ ᠤᠨ ᠬᠥᠳᠡᠭᠡ ᠲᠣᠰᠬᠤᠨ ᠤ ᠬᠤᠷᠠᠯ ᠠᠴᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ

ᠳᠠᠶᠢᠯᠠᠯᠳᠤᠭᠠᠨ ᠢᠯᠠᠯᠲᠠ ᠣᠯᠤᠭᠰᠠᠨ ᠤ ᠳᠠᠷᠠᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ

ᠲᠠᠯ᠎ᠠ ᠪᠠᠷ ᠠᠬᠢᠭᠤᠯᠬᠤ ᠬᠡᠷᠡᠭᠲᠡᠢ᠂ ᠡᠨᠡ ᠪᠣᠯ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾᠎ ᠤ

ᠠᠵᠢᠯ ᠤᠨ ᠭᠤᠣᠯᠳᠠᠯᠭ᠎ᠠ ᠶᠢᠨ ᠲᠡᠦᠬᠡᠲᠦ ᠴᠢᠨᠠᠷᠲᠠᠢ ᠰᠢᠯᠵᠢᠯᠲᠡ ᠪᠣᠯᠤᠨ᠎ᠠ ᠭᠡᠵᠦ ᠲᠣᠳᠣᠷᠬᠠᠢ ᠵᠢᠭᠠᠵᠤ ᠭᠠᠷᠭᠠᠪᠠ᠃

ᠪᠢᠳᠡ ᠠᠮᠢ ᠠᠬᠤᠶ ᠶᠢ ᠡᠩ ᠲᠡᠷᠢᠭᠦᠨ ᠳᠤ ᠲᠠᠯᠪᠢᠨ᠂ ᠪᠣᠬᠢᠷᠲᠤᠯ ᠥᠬᠡᠶ ᠬᠥᠭᠵᠢᠯᠲᠡ ᠶᠢᠨ ᠦᠵᠡᠯᠳᠡ ᠢ

ᠪᠠᠷᠢᠮᠲᠠᠯᠠᠵᠤ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠢ ᠪᠥᠲᠥᠭᠡᠨ ᠪᠠᠶᠢᠭᠤᠯᠬᠤ ᠶᠢᠨ

ᠲᠠᠶᠢᠴᠢᠯᠡᠨ ᠳᠠᠭᠠᠭᠤᠯᠬᠤ ᠦᠶᠯᠡᠳᠦᠯ ᠢ ᠭᠦᠶᠴᠡᠳ ᠪᠠᠳᠠᠷᠠᠭᠤᠯᠤᠨ᠂ ᠮᠠᠯ ᠠᠵᠤ ᠠᠬᠤᠶ ᠶᠢᠨ ᠬᠠᠩᠭᠠᠯᠭ᠎ᠠ ᠶᠢᠨ

ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠵᠤ᠂ ᠭᠤᠤᠯᠳᠠᠯᠭ᠎ᠠ ᠲᠠᠢ

ᠬᠦᠷᠢᠶ᠎ᠡ ᠴᠡᠷ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠮᠠᠯ ᠠᠵᠤ

ᠠᠬᠤᠶ ᠮᠠᠯᠵᠢᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠶ᠃

      ᠨᠢᠭᠡ ᠳᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ

ᠬᠡᠷᠡᠭᠲᠡᠢ᠃ ᠠᠮᠢ ᠠᠬᠤᠶ ᠶᠢᠨ ᠣᠷᠴᠢᠨ ᠲᠤᠭᠤᠷᠢᠨ ᠢ ᠬᠠᠮᠠᠭᠠᠯᠠᠬᠤ ᠪᠣᠯ ᠳᠠᠷᠤᠶ ᠦᠢᠯᠡᠳᠪᠦᠷᠢᠯᠡᠯ ᠤᠨ ᠬᠦᠴᠦᠨ ᠢ

ᠬᠠᠮᠠᠭᠠᠯᠠᠵᠤ ᠪᠠᠶᠢᠭ᠎ᠠ ᠶᠠᠪᠤᠳᠠᠯ ᠮᠥᠨ᠂ ᠠᠮᠢ ᠠᠬᠤᠶ ᠶᠢᠨ ᠣᠷᠴᠢᠨ ᠲᠤᠭᠤᠷᠢᠨ ᠢ ᠰᠠᠶᠢᠵᠢᠷᠠᠭᠤᠯᠬᠤ ᠪᠣᠯ ᠳᠠᠷᠤᠶ

ᠦᠢᠯᠡᠳᠪᠦᠷᠢᠯᠡᠯ ᠤᠨ ᠬᠦᠴᠤᠨ ᠢ ᠬᠦᠭᠵᠢᠬᠦᠯᠵᠤ ᠪᠠᠶᠢᠭ᠎ᠠ ᠶᠠᠪᠤᠳᠠᠯ ᠪᠤᠯᠬᠤᠷ ᠡᠷᠬᠡᠪᠰᠢ ᠨᠤᠲᠤᠭ ᠪᠡᠯᠴᠢᠭᠡᠷ ᠢ

ᠬᠠᠮᠠᠭᠠᠯᠠᠬᠤ ᠶᠢ ᠢᠮᠠᠭᠲᠠ ᠲᠡᠷᠢᠭᠦᠨ ᠴᠢᠬᠤᠯᠠ ᠡᠭᠦᠷᠭᠡ ᠪᠠᠨ ᠪᠣᠯᠭᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ︽

ᠨᠡᠮᠡᠬᠦ ᠦᠢᠯᠡᠳᠦᠯ︾ ᠪᠠ ᠣᠷᠴᠢᠨ ᠲᠣᠭᠤᠷᠢᠨ ᠤ ᠪᠣᠬᠢᠷᠲᠤᠯ ᠤᠨ ︽ᠬᠠᠰᠤᠬᠤ ᠦᠢᠯᠡᠳᠦᠯ︾᠎ ᠢ ᠦᠨᠡᠨᠬᠦ ᠰᠠᠶᠢᠲᠤᠷ

ᠬᠡᠷᠡᠭᠵᠢᠬᠦᠯᠵᠤ᠂ ᠲᠩᠷᠢ ᠨᠢ ᠴᠡᠯᠮᠡᠭ᠂ ᠬᠦᠷᠤᠰᠤ ᠨᠢ ᠰᠢᠮᠡᠯᠢᠭ᠂ ᠤᠰᠤ ᠨᠢ ᠲᠤᠩᠭᠠᠯᠠᠭ ᠰᠠᠶᠢᠨ ᠰᠠᠶᠢᠬᠠᠨ ᠭᠡᠷ

ᠣᠷᠣᠨ ᠢ ᠡᠷᠡᠰ ᠰᠠᠬᠢᠨ ᠬᠠᠮᠠᠭᠠᠯᠠᠬᠤ ᠬᠡᠷᠡᠭᠲᠡᠢ᠃ ᠨᠤᠲᠤᠭ ᠪᠡᠯᠴᠢᠭᠡᠷ ᠤᠨ ᠠᠮᠢ ᠠᠬᠤᠶ ᠶᠢᠨ   ᠱᠠᠩᠨᠠᠯ ᠨᠦᠬᠦᠪᠤᠷᠢ

᠎ ᠶᠢᠨ ᠲᠥᠷᠥ ᠶᠢᠨ ᠪᠣᠳᠣᠯᠭ᠎ᠠ ᠪᠣᠯᠤᠨ ᠪᠡᠯᠴᠢᠭᠡᠷᠯᠡᠭᠦᠯᠬᠦ ᠶᠢ ᠵᠣᠭᠰᠣᠭᠠᠵᠤ ᠰᠠᠯᠬᠦᠨ ᠮᠠᠯᠵᠢᠬᠤ᠂ ᠮᠠᠯ ᠪᠡᠯᠴᠢᠭᠡᠷ ᠤᠨ

ᠲᠠᠩᠴᠠᠬᠦᠷᠢᠰᠢᠯ ᠵᠡᠷᠭᠡ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠬᠤᠨᠢ ᠶᠢ ᠴᠥᠭᠡᠳᠬᠡᠨ ᠦᠬᠡᠷ ᠢ

ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠶ ᠠᠬᠢᠭᠤᠯᠵᠤ᠂ ᠠᠮᠢ ᠠᠬᠤᠶ ᠶᠢᠨ ᠪᠣᠯᠪᠠᠰᠤᠨ ᠤ ᠤᠬᠠᠭᠤᠯᠭ᠎ᠠ

ᠬᠥᠮᠦᠵᠢᠯ ᠢ ᠪᠥᠬᠦ ᠲᠠᠯ᠎ᠠ ᠪᠠᠷ ᠥᠷᠨᠢᠭᠦᠯᠦᠨ᠂ ᠲᠤᠤᠷ ᠬᠠᠰᠢᠶ᠎ᠠ ᠶᠢ ᠰᠢᠯᠢᠳᠡᠭᠵᠢᠭᠦᠯᠬᠦ᠂ ᠡᠷᠦᠬᠡ ᠬᠤᠯᠪᠣᠭᠠᠯᠠᠨ ᠲᠤᠤᠷ

ᠨᠡᠶᠢᠯᠡᠭᠦᠯᠦᠨ ᠡᠵᠡᠩᠨᠡᠬᠦ᠂ ᠲᠣᠭᠤᠷᠢᠭ ᠬᠤᠪᠢᠶᠠᠨ ᠡᠭᠡᠯᠵᠢᠯᠡᠨ ᠮᠠᠯᠵᠢᠬᠤ ᠲᠥᠷᠥᠯ ᠵᠦᠶᠯ ᠢ ᠢᠳᠡᠪᠬᠢᠲᠡᠶ ᠪᠠᠷ

ᠬᠡᠷᠡᠭᠵᠢᠭᠦᠯᠵᠦ᠂ ᠤᠬᠠᠭᠤᠯᠤᠨ ᠳᠠᠶᠢᠴᠢᠯᠠᠬᠤ᠂ ᠲᠦᠷᠢᠮ ᠢᠶᠠᠷ ᠬᠢᠵᠠᠭᠠᠷᠯᠠᠬᠤ᠂ ᠲᠥᠷᠥ ᠶᠢᠨ ᠪᠣᠳᠣᠯᠭ᠎ᠠ ᠪᠠᠷ

ᠬᠥᠲᠥᠯᠦᠨ ᠳᠠᠭᠠᠭᠤᠯᠬᠤ᠂ ᠨᠡᠶᠢᠲᠡᠯᠢᠭ ᠵᠢᠱᠢᠶ᠎ᠡ ᠦᠵᠡᠭᠦᠯᠬᠦ ᠪᠠᠷ ᠳᠠᠮᠵᠢᠭᠤᠯᠤᠨ᠂ ᠮᠠᠯᠴᠢᠨ ᠲᠦᠮᠡᠨ ᠢ ᠬᠥᠲᠥᠯᠦᠨ

ᠵᠢᠯᠣᠭᠤᠳᠴᠤ ︽ᠴᠥᠭᠡᠨ ᠲᠡᠵᠢᠭᠡᠵᠦ ᠨᠠᠷᠢᠯᠢᠭ ᠲᠡᠵᠢᠭᠡᠬᠦ︾ ᠵᠠᠮ ᠢᠶᠠᠷ ᠢᠳᠡᠪᠬᠢᠲᠡᠶ ᠵᠠᠮᠨᠠᠭᠤᠯᠵᠤ᠂ ᠨᠤᠲᠤᠭ

ᠪᠡᠯᠴᠢᠭᠡᠷ ᠢ ᠰᠢᠨᠵᠢᠯᠡᠬᠦ ᠤᠬᠠᠭᠠᠨᠴᠢ ᠪᠠᠷ ᠠᠰᠢᠭᠯᠠᠬᠤ᠂ ᠪᠠᠶᠢᠭᠠᠯᠢᠯᠢᠭ ᠰᠡᠷᠬᠦᠬᠡᠯᠳᠡ ᠶᠢ ᠠᠬᠢᠭᠤᠯᠤᠨ᠎ᠠ᠃

ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂

ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠵᠤ᠂ ︽ᠲᠠᠷᠠᠬᠠᠢ ᠪᠤᠳᠠᠷᠠᠬᠠᠢ᠂

ᠵᠠᠮᠪᠠᠷᠠᠭ᠎ᠠ ᠦᠬᠡᠢ᠂ ᠪᠤᠬᠢᠷ︾ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠪᠠ

ᠠᠵᠤ ᠦᠢᠯᠡᠳᠪᠦᠷᠢ ᠶᠢᠨ ᠠᠭᠤᠷᠬᠠᠢ ᠶᠢᠨ ᠵᠤᠤᠬ᠎ᠠ ᠵᠡᠷᠭᠡ ᠪᠣᠬᠢᠷᠲᠤᠯ ᠢ ᠵᠠᠰᠠᠬᠤ ᠲᠥᠬᠦᠭᠡᠷᠦᠮᠵᠢ ᠶᠢ ᠥᠭᠡᠷᠡᠴᠢᠯᠡᠨ

ᠵᠠᠰᠠᠬᠤ ᠢᠨᠵᠧᠨᠧᠷᠢᠩ ᠢ ᠰᠠᠶᠢᠲᠤᠷ ᠠᠬᠢᠭᠤᠯᠵᠤ᠂ ᠭᠤᠣᠯ ᠪᠣᠯᠬᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ

ᠪᠦᠬᠦ ᠲᠠᠯ᠎ᠠ ᠪᠠᠷ ᠪᠠᠷᠢᠮᠵᠢᠶ᠎ᠠ ᠳᠤ ᠬᠦᠷᠭᠡᠬᠦ ᠬᠡᠷᠡᠭᠲᠡᠢ︔ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ

ᠠᠵᠢᠯ ᠢ ᠭᠦᠨᠵᠡᠭᠡᠶ ᠲᠦᠯᠬᠢᠨ ᠠᠬᠢᠭᠤᠯᠵᠤ᠂ ᠪᠣᠬᠢᠷᠲᠤᠯ ᠦᠭᠡᠢ ᠠᠭᠤᠷᠬᠠᠶ ᠶᠢᠨ ᠲᠤᠭᠤᠷᠢᠭ ᠤᠨ ᠪᠦᠳᠦᠭᠡᠨ

ᠪᠠᠶᠢᠭᠤᠯᠤᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠭᠠᠵᠠᠷ ᠰᠢᠨᠵᠢᠯᠡᠭᠡᠨ ᠤ ᠣᠷᠴᠢᠨ ᠲᠤᠭᠤᠷᠢᠨ ᠢ ᠵᠠᠰᠠᠬᠤ

ᠪᠠ ᠭᠤᠣᠯᠳᠠᠯᠭ᠎ᠠ ᠲᠠᠢ ᠣᠷᠣᠨ ᠪᠦᠰᠡ ᠶᠢ ᠨᠣᠭᠤᠭᠠᠷᠠᠭᠤᠯᠬᠤ ᠵᠡᠷᠭᠡ ᠢᠨᠵᠧᠨᠧᠷᠢᠩ ᠢ ᠲᠥᠪᠯᠡᠷᠡᠭᠦᠯᠦᠨ ᠰᠠᠶᠢᠲᠤᠷ

ᠠᠳᠬᠤᠵᠤ᠂ ᠳᠤᠷ᠎ᠠ ᠪᠠᠷ ᠢᠶᠠᠨ ᠮᠠᠯᠲᠠᠵᠤ ᠬᠤᠯᠠᠭᠠᠶᠢᠯᠠᠨ ᠮᠠᠯᠲᠠᠬᠤ᠂ ᠲᠡᠰ ᠠᠴᠠ ᠲᠠᠪᠠᠭ᠋ᠤ ᠬᠤᠷᠢᠭ᠎ᠠ ᠴᠡᠬᠡᠷ ᠠᠴᠠ

ᠳᠠᠪᠠᠭ᠋ᠤ ᠵᠡᠷᠭᠡ ᠬᠠᠤᠯᠢ ᠵᠥᠷᠢᠴᠡᠭᠰᠡᠨ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠪᠦᠬᠦ ᠤᠯᠤᠰ ᠤᠨ

ᠭᠤᠷᠪᠠᠳᠤᠭᠠᠷ ᠤᠳᠠᠭᠠᠨ ᠤ ᠤᠯᠤᠰ ᠤᠨ ᠨᠤᠲᠤᠭ ᠳᠡᠪᠢᠰᠬᠡᠷ ᠤᠨ ᠪᠠᠶᠢᠴᠠᠭᠠᠯᠲᠠ ᠪᠠ ᠣᠷᠣᠨ ᠵᠠᠶ ᠶᠢᠨ

ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ︔ ᠤᠰᠤᠨ ᠤ

ᠪᠣᠬᠢᠷᠲᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠶ ᠠᠬᠢᠭᠤᠯᠵᠤ᠂ ︽ᠭᠤᠤᠯ ︵ᠨᠠᠭᠤᠷ︶᠎ ᠤᠨ ᠳᠠᠷᠤᠭ᠎ᠠ ᠶᠢᠨ ᠲᠦᠷᠢᠮ

︾ ︽ᠣᠶ ᠰᠢᠭᠤᠶ ᠶᠢᠨ ᠳᠠᠷᠤᠭ᠎ᠠ ᠶᠢᠨ ᠲᠦᠷᠢᠮ︾ ᠪᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ

ᠬᠠᠮᠤᠭ ᠤᠨ ᠴᠢᠩᠭ᠎ᠠ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠥᠷᠥᠰᠥ ᠰᠢᠷᠣᠶ ᠶᠢ ᠬᠠᠮᠠᠭᠠᠯᠠᠵᠤ ᠬᠢᠨᠠᠯᠲᠠ

ᠲᠠᠯᠪᠢᠵᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠠᠵᠤ ᠦᠶᠯᠡᠳᠪᠦᠷᠢ ᠶᠢᠨ  ᠲᠣᠭᠤᠷᠢᠭ ᠪᠠ ᠬᠤᠲᠠ

ᠪᠠᠯᠭᠠᠰᠤᠨ ᠤ ᠪᠣᠬᠢᠷ ᠤᠰᠤ ᠶᠢ ᠰᠢᠶᠳᠪᠦᠷᠢᠯᠡᠬᠦ ᠲᠦᠬᠦᠬᠡᠷᠤᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂

ᠪᠡᠯᠬᠦᠳᠡᠢ ᠪᠠᠯᠭᠠᠰᠤᠨ ᠤ ᠤᠰᠤᠨ ᠤ ᠡᠬᠢ ᠪᠠᠶᠠᠯᠢᠭ ᠢ ᠨᠠᠷᠢᠨ ᠪᠠᠶᠢᠴᠠᠭᠠᠬᠤ ᠠᠵᠢᠯ ᠢ ᠰᠠᠶᠢᠲᠤᠷ ᠬᠢᠵᠦ᠂

ᠬᠢᠵᠠᠭᠠᠷ ᠲᠠᠢ ᠤᠰᠤᠨ ᠤ ᠡᠬᠢ ᠪᠠᠶᠠᠯᠢᠭ ᠢ ᠦᠨᠡᠨᠬᠦ ᠰᠠᠶᠢᠲᠤᠷ ᠠᠰᠢᠭᠯᠠᠵᠤ ᠰᠠᠶᠢᠲᠤᠷ ᠬᠠᠮᠠᠭᠠᠯᠠᠬᠤ ᠬᠡᠷᠡᠭᠲᠡᠶ᠃

ᠮᠠᠯᠵᠢᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠬᠤᠭ ᠨᠣᠪᠰᠢ ᠪᠣᠬᠢᠷ ᠤᠰᠤ ᠶᠢ ᠵᠠᠰᠠᠬᠤ᠂

ᠵᠣᠷᠯᠣᠩ ᠤᠨ ᠦᠬᠡᠷᠡᠴᠢᠯᠡᠯᠳᠡ ᠬᠢᠬᠦ᠂ ᠮᠠᠯ ᠠᠵᠤ ᠠᠬᠤᠶ ᠶᠢᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ

ᠠᠰᠢᠭᠯᠠᠬᠤ ᠵᠡᠷᠭᠡ ᠢᠨᠵᠧᠨᠧᠷᠢᠩ ᠢ ᠢᠳᠡᠪᠬᠢᠲᠡᠶ ᠥᠷᠨᠢᠭᠦᠯᠵᠦ᠂ ᠰᠠᠶᠢᠨ ᠰᠠᠶᠢᠬᠠᠨ ᠠᠮᠢ ᠠᠬᠤᠶ ᠶᠢᠨ ᠤᠷᠴᠢᠨ ᠪᠠ

ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠢᠷᠮᠠᠶᠢᠨ ᠴᠤᠭᠴᠠᠯᠠᠵᠤ᠂ ᠴᠢᠨᠠᠷ ᠰᠠᠶᠢᠲᠠᠶ

ᠬᠥᠭᠵᠢᠯᠲᠡ ᠰᠠᠭᠤᠷᠢ ᠶᠢ ᠪᠠᠬᠢᠵᠢᠬᠦᠯᠬᠦ ᠬᠡᠷᠡᠭᠳᠡᠢ᠃

       ᠬᠤᠶᠠᠷ ᠲᠤ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ

ᠠᠬᠢᠭᠤᠯᠬᠤ ᠬᠡᠷᠡᠭᠲᠡᠢ᠃ ᠮᠠᠯ ᠠᠵᠤ ᠠᠬᠤᠶ ᠪᠣᠯ ᠮᠠᠨ ᠤ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢᠨ

ᠰᠠᠭᠤᠷᠢ  ᠪᠤᠯᠬᠤᠷ ᠡᠷᠬᠡᠪᠰᠢ ᠶᠠᠰᠤ ᠴᠢᠨᠠᠷ ᠢ ᠲᠡᠷᠢᠭᠦᠨ ᠳᠤ ᠲᠠᠯᠪᠢᠬᠤ᠂ ᠦᠷ᠎ᠡ ᠠᠰᠢᠭ ᠢ ᠲᠡᠷᠢᠭᠦᠨ ᠳᠤ

ᠲᠠᠯᠪᠢᠬᠤ ᠶᠢ ᠪᠠᠷᠢᠮᠲᠠᠯᠠᠵᠤ᠂ ᠡᠭᠦᠯᠳᠡᠷ ᠰᠠᠶᠢᠵᠢᠷᠠᠭᠤᠯᠬᠤ᠂ ᠲᠡᠵᠢᠭᠡᠨ ᠦᠷᠡᠵᠢᠭᠦᠯᠬᠦ ᠶᠢ ᠬᠡᠪᠴᠢᠶᠡᠵᠢᠭᠦᠯᠬᠦ᠂

ᠦᠢᠯᠡᠳᠪᠦᠷᠢᠯᠡᠯ ᠢ ᠪᠠᠷᠢᠮᠵᠢᠶᠠᠵᠢᠭᠤᠯᠬᠤ᠂ ᠲᠠᠸᠠᠷ ᠢ ᠵᠠᠬ᠎ᠠ ᠳᠡᠯᠭᠡᠭᠦᠷᠴᠢᠯᠡᠬᠦ ᠪᠠᠷ ᠴᠢᠭᠯᠡᠯ ᠪᠣᠯᠭᠠᠵᠤ᠂ ᠮᠠᠯ ᠠᠵᠤ

ᠠᠬᠤᠶ ᠶᠢᠨ ᠦᠨᠢᠷ ᠦᠰᠤᠯᠳᠠ ᠲᠠᠢ᠂ ᠴᠢᠨᠠᠷ ᠰᠠᠶᠢᠲᠠᠶ᠂ ᠥᠨᠳᠥᠷ ᠦᠷ᠎ᠡ ᠠᠰᠢᠭ ᠲᠠᠢ ᠬᠥᠭᠵᠢᠯᠲᠡ ᠶᠢ ᠲᠦᠯᠬᠢᠨ

ᠠᠬᠢᠭᠤᠯᠬᠤ ᠬᠡᠷᠡᠭᠲᠡᠶ᠃ ᠮᠢᠬᠠᠨ ᠤ ᠦᠬᠡᠷ ᠮᠢᠬᠠᠨ ᠤ ᠬᠤᠨᠢᠨ ᠤ ᠠᠵᠤ ᠦᠶᠯᠡᠰ ᠢ ᠪᠤᠵᠠᠭᠠᠶᠢᠷᠠᠭᠤᠯᠤᠨ

ᠬᠦᠴᠦᠷᠬᠡᠭᠵᠢᠭᠦᠯᠬᠦ ᠶᠢᠨ ᠲᠣᠭᠤᠷᠢᠨ ᠳᠤ᠂ ᠬᠠᠷ᠎ᠠ ᠠᠳᠤᠭᠤ ᠪᠠ ᠦᠨᠳᠦᠰᠦᠲᠡᠨ ᠤ ᠭᠠᠷ ᠤᠷᠠᠯᠠᠯ ᠤᠨ

ᠪᠦᠲᠦᠭᠡᠭᠳᠡᠬᠦᠨ ᠤ ᠠᠵᠤ ᠦᠶᠯᠡᠰ ᠢ ᠰᠢᠯᠢᠳᠡᠭᠵᠢᠭᠦᠯᠦᠨ᠂ ᠡᠭᠦᠯᠳᠡᠷ ᠢ ᠰᠢᠯᠢᠳᠡᠭᠵᠢᠭᠦᠯᠬᠦ ᠢᠨᠵᠧᠨᠧᠷᠢᠩ ᠢ ᠪᠥᠬᠦ

ᠲᠠᠯ᠎ᠠ ᠪᠠᠷ ᠠᠬᠢᠭᠤᠯᠵᠤ᠂ ᠦᠬᠡᠷ᠂ ᠬᠤᠨᠢ᠂ ᠠᠳᠤᠭᠤᠨ ᠤ ᠭᠤᠤᠯᠳᠠᠯᠭᠠᠳᠤ ᠰᠦᠷᠦᠭ ᠪᠠ ᠥᠷᠭᠡᠳᠬᠡᠨ

ᠦᠷᠡᠵᠢᠭᠦᠯᠬᠦ ᠰᠦᠷᠦᠭ ᠵᠡᠷᠭᠡ ᠡᠭᠦᠯᠳᠡᠷ ᠪᠤᠶᠢᠵᠢᠭᠤᠯᠬᠤ ᠲᠤᠭᠳᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠂

ᠪᠣᠷᠳᠣᠵᠤ ᠲᠠᠷᠭᠤᠯᠠᠭᠤᠯᠬᠤ ᠲᠤᠭᠳᠠᠯᠴᠠᠭ᠎ᠠ ᠶᠢᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ

ᠬᠠᠮᠢᠶᠠᠷᠴᠤ᠂ ᠦᠬᠡᠷ᠂ ᠬᠤᠨᠢᠨ ᠤ ᠰᠢᠯᠢᠳᠡᠭ ᠡᠬᠦᠯᠳᠡᠷ ᠤᠨ ᠬᠠᠷᠢᠴᠠᠯ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂

ᠠᠪᠠᠭ᠎ᠠ ᠬᠠᠷ᠎ᠠ ᠠᠳᠤᠭᠤᠨ ᠤ ᠬᠠᠮᠠᠭᠠᠯᠠᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠬᠡᠷᠡᠭᠲᠡᠶ᠃ ︽

ᠮᠢᠬ᠎ᠠ ᠰᠦ ᠠᠳᠤᠭᠤ ᠡᠪᠡᠰᠦ︾ ᠤᠨᠴᠠᠯᠢᠬᠳᠤ ᠠᠵᠤ ᠦᠶᠯᠡᠰ ᠤᠨ ᠲᠣᠭᠤᠷᠢᠨ ᠳᠤ᠂ ᠬᠡᠷ ᠪᠦᠯᠢ ᠶᠢᠨ ᠮᠠᠯᠵᠢᠯ ᠤᠨ

ᠲᠠᠯᠠᠪᠠᠶ᠂ ᠡᠷᠦᠬᠡ ᠬᠤᠯᠪᠣᠭᠠᠯᠠᠨ ᠡᠵᠡᠩᠨᠡᠬᠦ ᠪᠠ ᠮᠠᠯᠴᠢᠳ ᠤᠨ ᠬᠤᠷᠰᠢᠭᠰᠠᠨ ᠠᠵᠤ ᠠᠬᠤᠶ ᠶᠢᠨ ᠵᠣᠬᠢᠶᠠᠨ

ᠪᠠᠶᠢᠭᠤᠯᠤᠯᠲᠠ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢ ᠲᠦᠷᠭᠡᠳᠬᠡᠨ ᠬᠥᠭᠵᠢᠭᠦᠯᠵᠦ᠂

︽ᠲᠤᠯᠤᠭᠠᠶᠢᠯᠠᠭᠴᠢ ᠠᠵᠤ ᠠᠬᠤᠶᠢᠯᠠᠯ + ᠬᠡᠷ ᠪᠦᠯᠢ ᠶᠢᠨ ᠮᠠᠯᠵᠢᠯ ᠤᠨ ᠲᠠᠯᠠᠪᠠᠶ + ᠬᠤᠷᠰᠢᠶᠠᠵᠢᠯ + ᠮᠠᠯᠵᠢᠬᠤ

ᠡᠷᠦᠬᠡ︾᠎ ᠶᠢᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠠᠰᠢᠭ ᠲᠤᠰᠠ ᠶᠢᠨ ᠬᠤᠯᠪᠤᠭᠠᠯᠠᠭᠰᠡᠨ ᠭᠤᠤᠯ ᠴᠣᠭᠴᠠ ᠶᠢ

ᠬᠦᠴᠦᠯᠡᠨ ᠪᠠᠶᠢᠭᠤᠯᠵᠤ᠂ ᠠᠵᠤ ᠠᠬᠤᠶᠢᠯᠠᠯ᠂ ᠬᠤᠷᠰᠢᠶᠠᠵᠢᠯ᠂ ᠮᠠᠯᠴᠢᠳ ᠭᠤᠷᠪᠠᠨ ᠲᠠᠯ᠎ᠠ ᠪᠠᠷ ᠢᠶᠠᠨ

ᠲᠦᠭᠰᠢᠭᠦᠷᠢ ᠶᠢ ᠬᠠᠮᠲᠤᠪᠠᠷ ᠡᠭᠦᠷᠭᠡᠯᠡᠬᠦ᠂ ᠠᠰᠢᠭ ᠲᠤᠰᠠ ᠶᠢ ᠬᠠᠮᠲᠤᠪᠠᠷ ᠡᠳ᠋ᠯᠡᠬᠦ ᠵᠤᠬᠢᠴᠠᠮᠵᠢ ᠶᠢ ᠦᠨᠡᠨᠬᠦ

ᠪᠦᠷᠢᠯᠳᠦᠭᠦᠯᠵᠦ᠂ ᠮᠠᠯᠴᠢᠳ ᠤᠨ ᠣᠷᠣᠯᠭ᠎ᠠ ᠪᠠᠨ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠤᠨ᠎ᠠ᠃ ᠮᠠᠯ ᠤᠨ ᠠᠰᠢᠭ

ᠰᠢᠮ᠎ᠡ ᠶᠢᠨ ᠪᠦᠳᠤᠬᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠣᠭᠤᠷᠢᠨ ᠳᠤ᠂ ︽ᠥᠪᠡᠷᠲᠡᠭᠡᠨ ᠵᠠᠰᠠᠬᠤ

ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ

ᠬᠤᠰᠢᠭᠤ︾᠎ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠭᠦᠨᠵᠡᠭᠡᠶᠢᠷᠡᠭᠦᠯᠵᠦ᠂ ᠬᠢᠨᠠᠨ ᠬᠠᠮᠢᠶᠠᠷᠬᠤ

ᠲᠤᠭᠳᠠᠯᠴᠠᠭ᠎ᠠ᠂ ᠶᠠᠰᠤ ᠴᠢᠨᠠᠷ ᠤᠨ ᠪᠠᠶᠢᠴᠠᠭᠠᠯᠲᠠ ᠶᠢᠨ ᠲᠤᠭᠳᠠᠯᠴᠠᠭ᠎ᠠ᠂ ᠬᠠᠤᠯᠢ ᠬᠡᠷᠡᠭᠵᠢᠭᠦᠯᠬᠦ  

ᠲᠤᠭᠳᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ

ᠴᠢᠨᠠᠷ ᠤᠨ ᠠᠮᠤᠷ ᠲᠦᠪᠰᠢᠨ ᠤ ᠬᠢᠨᠠᠨ ᠬᠠᠮᠢᠶᠠᠷᠬᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ

ᠬᠡᠷᠡᠭᠲᠡᠶ᠃ ᠮᠠᠯ ᠤᠨ ᠠᠰᠢᠭ ᠰᠢᠮ᠎ᠡ ᠶᠢᠨ ᠪᠣᠷᠣᠯᠠᠭᠤᠯᠭ᠎ᠠ ᠶᠢᠨ ᠵᠠᠮ ᠢ ᠥᠷᠭᠡᠳᠬᠡᠬᠦ ᠶᠢᠨ ᠲᠣᠭᠤᠷᠢᠨ ᠳᠤ᠂ ︽

ᠤᠯᠤᠰ ᠤᠨ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠵᠢᠱᠢᠶ᠎ᠡ

ᠦᠵᠡᠭᠦᠯᠬᠦ ᠰᠢᠶᠠᠨ︾᠎ ᠤ ᠲᠥᠷᠥᠯ ᠵᠦᠶᠯ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠰᠢᠭᠤ᠂ ᠰᠤᠮᠤ

ᠪᠠᠯᠭᠠᠰᠤ᠂ ᠭᠠᠴᠠᠭ᠎ᠠ ᠭᠤᠷᠪᠠᠨ ᠱᠠᠲᠤᠨ ᠤ ᠡᠯᠧᠺᠲᠷᠣᠨ ᠬᠤᠳᠠᠯᠳᠤᠭᠠᠨ ᠤ ᠦᠶᠯᠡᠴᠢᠯᠡᠭᠡᠨ ᠤ ᠲᠤᠤᠷ ᠰᠦᠯᠵᠢᠶ᠎ᠡ ᠶᠢ

ᠲᠡᠭᠦᠯᠳᠡᠷᠵᠢᠭᠦᠯᠦᠨ᠂ ᠵᠠᠬᠢᠶᠠᠯᠠᠭ᠎ᠠ ᠪᠠᠷ ᠰᠢᠭᠤᠳ ᠪᠣᠷᠣᠯᠠᠭᠤᠯᠬᠤ᠂ ᠬᠦᠶᠲᠡᠨ ᠬᠡᠯᠬᠢᠶᠡᠲᠦ ᠪᠠᠷᠠᠭᠠᠨ ᠤ ᠭᠦᠶᠯᠭᠡᠭᠡᠨ

ᠵᠡᠷᠭᠡ ᠰᠢᠨ᠎ᠡ ᠪᠠᠷ ᠪᠣᠶ ᠪᠣᠯᠤᠭᠰᠠᠨ ᠡᠵᠡᠩᠨᠡᠯᠲᠡ ᠶᠢᠨ ᠬᠡᠯᠪᠡᠷᠢ ᠢ ᠶᠡᠬᠡᠪᠡᠷ ᠬᠥᠭᠵᠢᠭᠦᠯᠵᠦ᠂ ᠴᠢᠨᠠᠷ ᠰᠠᠶᠢᠲᠠᠶ ᠮᠠᠯ ᠤᠨ

ᠠᠰᠢᠭ ᠰᠢᠮ᠎ᠡ ᠶᠢᠨ ᠪᠦᠲᠦᠭᠡᠭᠳᠡᠬᠦᠨ ᠢ ᠦᠶᠯᠡᠳᠪᠦᠷᠢᠯᠡᠵᠦ ᠳᠡᠶᠢᠯᠬᠦ᠂ ᠲᠡᠭᠡᠭᠡᠪᠦᠷᠢᠯᠡᠵᠦ ᠳᠡᠶᠢᠯᠬᠦ᠂ ᠪᠣᠷᠣᠯᠠᠭᠤᠯᠵᠤ

ᠲᠠᠶᠢᠯᠬᠦ ᠶᠢ ᠦᠨᠡᠨᠬᠦ ᠪᠠᠲᠤᠯᠠᠬᠤ ᠬᠡᠷᠡᠭᠲᠡᠶ᠃

       ᠭᠤᠷᠪᠠ ᠳᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠦᠬᠦ ᠲᠠᠯ᠎ᠠ ᠪᠠᠷ ᠪᠠᠬᠢᠵᠢᠭᠦᠯᠦᠨ

ᠥᠷᠭᠡᠳᠬᠡᠬᠦ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠴᠢᠬᠤᠯᠠᠴᠢᠯᠠᠭᠰᠠᠨ ᠨᠢ᠂ ᠶᠠᠳᠠᠭᠤ ᠠᠴᠠ

ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠬᠦᠯᠵᠤ᠂ ᠶᠠᠳᠠᠭᠤ ᠠᠴᠠ ᠠᠩᠭᠢᠵᠢᠷᠠᠭᠤᠯᠬᠤ

ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ

ᠪᠦᠲᠦᠮᠵᠢᠲᠡᠢ ᠵᠣᠯᠭᠠᠭᠤᠯᠬᠤ ᠶᠢ ᠰᠠᠶᠢᠲᠤᠷ ᠬᠢᠵᠦ᠂ ᠠᠵᠢᠯ ᠡᠬᠦᠷᠬᠡ ᠪᠠ ᠲᠦᠷᠦ ᠶᠢᠨ ᠪᠤᠳᠤᠯᠭ᠎ᠠ ᠶᠢ ᠪᠦᠬᠦ ᠲᠠᠯ᠎ᠠ

᠎ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠡᠶᠢᠮᠦ ᠠᠴᠠ᠂ ᠪᠢᠳᠠ ᠦᠷᠭᠦᠯᠵᠢᠯᠡᠨ ᠶᠠᠳᠠᠭᠤ ᠠᠴᠠ ᠠᠩᠭᠢᠵᠢᠷᠠᠭᠤᠯᠤᠭᠰᠠᠨ

ᠦᠷ᠎ᠡ ᠪᠦᠲᠦᠭᠡᠯ ᠢ ᠪᠠᠬᠢᠵᠢᠬᠦᠯᠬᠦ ᠶᠢ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠪᠣᠯᠭᠠᠵᠤ᠂

︽ᠲᠦᠷᠪᠡ ᠶᠢ ᠰᠤᠯᠠᠷᠠᠭᠤᠯᠬᠤ ᠦᠭᠡᠢ︾ ᠠᠵᠢᠯ ᠤᠨ ᠱᠠᠭᠠᠷᠳᠠᠯᠭ᠎ᠠ ᠶᠢ ᠪᠠᠷᠢᠮᠲᠠᠯᠠᠵᠤ᠂ ᠶᠠᠳᠠᠭᠤ ᠠᠴᠠ

ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠢᠭᠤᠴᠠᠯᠭ᠎ᠠ᠂ ᠲᠦᠷᠦ ᠶᠢᠨ ᠪᠤᠳᠤᠯᠭ᠎ᠠ᠂ ᠬᠠᠪᠰᠤᠷᠤᠨ ᠲᠡᠳᠬᠦᠬᠦ᠂

ᠬᠢᠨᠠᠨ ᠬᠠᠮᠢᠶᠠᠷᠬᠤ ᠦᠷᠬᠦᠯᠵᠢᠯᠡᠬᠦᠶᠢᠴᠠ ᠴᠢᠨᠠᠷ᠂ ᠲᠣᠭᠲᠠᠭᠤᠨ ᠴᠢᠨᠠᠷ ᠢ ᠪᠠᠲᠤᠯᠠᠬᠤ ᠬᠡᠷᠡᠭᠲᠡᠢ᠃ ᠠᠵᠤ

ᠦᠢᠯᠡᠰ ᠢᠶᠠᠷ ᠶᠠᠳᠠᠭᠤ ᠶᠢ ᠲᠡᠳᠬᠦᠬᠦ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ᠂ ᠣᠨᠳᠣᠣ ᠭᠠᠵᠠᠷ

ᠨᠡᠭᠦᠯᠭᠡᠵᠦ ᠶᠠᠳᠠᠭᠤ ᠶᠢ ᠲᠡᠳᠬᠦᠬᠦ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ᠂ ᠡᠷᠡᠭᠦᠯ ᠮᠡᠨᠳᠤ ᠪᠠᠷ

ᠶᠠᠳᠠᠭᠤ ᠶᠢ ᠲᠡᠳᠬᠦᠬᠦ᠂ ᠪᠠᠲᠤᠯᠠᠭ᠎ᠠ ᠶᠢᠨ ᠴᠢᠨᠠᠷᠲᠠᠢ ᠶᠠᠳᠠᠭᠤ ᠶᠢ ᠲᠡᠳᠬᠦᠬᠦ ᠵᠡᠷᠭᠡ ᠲᠠᠯ᠎ᠠ ᠶᠢᠨ ᠲᠦᠷᠦ ᠶᠢᠨ

ᠪᠤᠳᠤᠯᠭ᠎ᠠ ᠶᠢᠨ ᠳᠡᠮᠵᠢᠯᠭᠡ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠶᠠᠳᠠᠭᠤ ᠶᠢ ᠲᠡᠳᠬᠦᠬᠦ ᠪᠠ ᠤᠶᠤᠨ

ᠤᠬᠠᠭᠠᠨ ᠢ ᠲᠡᠳᠬᠦᠬᠦ᠂ ᠡᠷᠴᠢ ᠵᠣᠷᠢᠭ ᠶᠢ ᠨᠢ ᠬᠦᠪᠴᠢᠯᠡᠬᠦ ᠶᠢ ᠤᠶᠠᠯᠳᠤᠭᠤᠯᠬᠤ ᠶᠢ ᠴᠢᠬᠤᠯᠠᠴᠢᠯᠠᠵᠤ᠂ ᠶᠠᠳᠠᠭᠤ

ᠬᠦᠴᠢᠷᠳᠡᠯᠲᠡᠢ ᠤᠯᠠᠨ ᠲᠦᠮᠡᠨ ᠤ ᠪᠠᠶ᠎ᠠ ᠪᠠᠨ ᠲᠠᠭᠠᠭᠠᠬᠤ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠬᠤ

ᠬᠡᠷᠡᠭᠲᠡᠢ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠤᠷᠢᠳᠴᠢᠯᠠᠨ ᠰᠡᠷᠡᠮᠵᠢᠯᠡᠭᠦᠯᠬᠦ ᠪᠠ ᠬᠥᠳᠡᠯᠦᠩᠭᠦᠢ

ᠬᠠᠮᠢᠶᠠᠷᠤᠯᠲᠠ ᠶᠢᠨ ᠵᠤᠬᠢᠴᠠᠮᠵᠢ ᠶᠢ ᠪᠦᠷᠢᠨᠰᠢᠬᠦᠯᠵᠦ᠂ ᠤᠷᠢᠳᠴᠢᠯᠠᠨ ᠰᠡᠷᠭᠡᠶᠢᠯᠡᠬᠦ᠂ ᠠᠪᠤᠷᠠᠨ ᠲᠤᠰᠠᠯᠠᠬᠤ ᠶᠢ

ᠤᠶᠠᠯᠳᠤᠭᠤᠯᠤᠭᠰᠠᠨ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠪᠦᠲᠦᠮᠵᠢᠲᠡᠢ ᠥᠷᠨᠢᠭᠦᠯᠵᠦ

᠂ ᠲᠠᠬᠢᠨ ᠶᠠᠳᠠᠭᠤᠷᠠᠬᠤ ᠲᠦᠭᠰᠢᠭᠦᠷᠢ ᠶᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠠᠰᠬᠠᠬᠤ ᠬᠡᠷᠡᠭᠲᠡᠢ᠃

ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠬᠡᠷᠡᠭᠯᠡᠭᠡ ᠪᠠᠷ ᠶᠠᠳᠠᠭᠤ ᠶᠢ ᠲᠡᠳᠬᠦᠬᠦ᠂ ᠡᠳ᠋ᠰᠢᠭᠦᠯᠦᠨ

ᠪᠣᠯᠪᠠᠰᠤᠷᠠᠭᠤᠯᠬᠤ ᠭᠦᠶᠯᠭᠡᠭᠡ᠂ ᠰᠡᠯᠡᠭᠦᠴᠡᠯ ᠵᠢᠭᠤᠯᠴᠢᠯᠠᠯ᠂ ᠡᠯᠧᠺᠲᠷᠣᠨ ᠬᠤᠳᠠᠯᠳᠤᠭᠠᠨ ᠤ ᠶᠠᠪᠤᠳᠠᠯ ᠪᠠ ᠡᠷᠡᠭᠦᠯ

ᠮᠡᠨᠳᠦ ᠨᠠᠰᠤᠵᠢᠯ ᠤᠨ ᠠᠰᠠᠷᠠᠮᠵᠢ ᠵᠡᠷᠭᠡ ᠠᠵᠤ ᠦᠶᠯᠡᠰ ᠤᠨ ᠬᠥᠭᠵᠢᠯᠲᠡ ᠶᠢ ᠲᠡᠳᠬᠦᠵᠦ᠂ ᠣᠯᠠᠨ ᠵᠦᠶᠯ ᠤᠨ

ᠠᠷᠭ᠎ᠠ ᠬᠡᠮᠵᠢᠶ᠎ᠡ ᠶᠢ ᠵᠡᠷᠬᠡᠪᠡᠷ ᠬᠡᠷᠡᠭᠯᠡᠨ᠂ ᠠᠵᠤ ᠦᠶᠯᠡᠰ ᠤᠨ ᠬᠥᠭᠵᠢᠯᠲᠡ᠂ ᠮᠠᠯᠴᠢᠳ ᠤᠨ ᠣᠷᠣᠯᠭ᠎ᠠ ᠶᠢᠨ

ᠨᠡᠮᠡᠭᠳᠡᠯ ᠢ ᠠᠬᠢᠭᠤᠯᠬᠤ ᠬᠡᠷᠡᠭᠲᠡᠶ᠃ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠶᠠᠳᠠᠭᠤ ᠠᠴᠠ

ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠥᠯᠥᠪᠵᠢᠭᠦᠯᠭᠡ ᠶᠢ ᠥᠨᠳᠥᠷ ᠶᠠᠰᠤ ᠴᠢᠨᠠᠷᠲᠠᠢ ᠪᠠᠷ ᠨᠠᠶᠢᠷᠠᠭᠤᠯᠤᠨ

ᠵᠣᠬᠢᠶᠠᠵᠤ᠂ ᠴᠢᠳᠠᠪᠤᠷᠢ ᠶᠢ ᠳᠡᠭᠡᠭᠰᠢᠯᠡᠭᠦᠯᠬᠦ ᠪᠠᠷ ᠭᠤᠣᠯ ᠰᠢᠵᠢᠮ ᠪᠣᠯᠭᠠᠵᠤ᠂ ᠳᠣᠣᠷ᠎ᠠ ᠣᠷᠣᠯᠭ᠎ᠠ ᠲᠠᠢ ᠬᠥᠮᠦᠨ

ᠠᠮᠠ ᠶᠢᠨ ᠬᠥᠭᠵᠢᠯᠲᠡ ᠶᠢᠨ ᠴᠢᠳᠠᠪᠤᠷᠢ᠂ ᠰᠠᠭᠤᠷᠢ ᠲᠥᠬᠦᠭᠡᠷᠦᠮᠵᠢ ᠶᠢᠨ ᠲᠤᠯᠭᠠᠭᠤᠷᠢᠯᠠᠬᠤ ᠴᠢᠳᠠᠪᠤᠷᠢ᠂ ᠤᠯᠠᠨ

ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠪᠣᠯᠤᠨ ᠨᠡᠶᠢᠭᠡᠮ ᠤᠨ ᠪᠠᠳᠤᠯᠠᠭ᠎ᠠ ᠶᠢᠨ ᠦᠨᠳᠦᠰᠦᠨ

ᠵᠦᠢᠯ ᠢ ᠪᠠᠲᠤᠯᠠᠬᠤ ᠴᠢᠳᠠᠪᠤᠷᠢ ᠶᠢ ᠪᠠᠬᠢᠵᠢᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ

ᠪᠠᠬᠢᠵᠢᠭᠦᠯᠦᠨ ᠥᠷᠭᠡᠳᠬᠡᠬᠦ ᠪᠠ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ

ᠵᠣᠯᠭᠠᠭᠤᠯᠬᠤ ᠶᠢ ᠪᠠᠲᠤᠯᠠᠬᠤ ᠬᠡᠷᠡᠭᠲᠡᠢ᠃

ᠲᠦᠷᠪᠡ ᠳᠤ᠂ ᠦᠢᠯᠡᠳᠪᠦᠷᠢᠯᠡᠯ ᠠᠮᠢᠳᠤᠷᠠᠯ ᠤᠨ ᠤᠳᠤᠬᠢᠴᠢᠯᠠᠯᠳᠠ ᠶᠢᠨ ᠪᠠᠶᠢᠭᠤᠯᠤᠯᠲᠠ ᠶᠢ ᠲᠦᠷᠬᠡᠳᠬᠡᠨ

ᠠᠬᠢᠭᠤᠯᠬᠤ ᠬᠡᠷᠡᠭᠲᠡᠶ᠃ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠪᠣᠯ

ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠶᠢᠨ ᠬᠠᠮᠤᠭ ᠤᠨ ᠪᠤᠳᠠᠳᠡᠢ ᠦᠷ᠎ᠡ ᠪᠦᠲᠦᠮᠵᠢ ᠪᠤᠯᠬᠤᠷ᠂ ᠡᠯ᠎ᠡ

ᠰᠤᠮᠤ ᠪᠠᠯᠭᠠᠰᠤᠨ ᠤ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ

᠎ ᠤᠨ ᠰᠡᠳᠬᠢᠴᠡ ᠪᠠᠨ ᠰᠢᠨᠠᠴᠢᠯᠠᠨ᠂ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠨᠠᠶᠢᠳᠠᠪᠤᠷᠢᠵᠢᠭᠤᠯᠤᠯᠲᠠ ᠶᠢ

ᠰᠠᠶᠢᠲᠤᠷ ᠠᠳᠬᠤᠨ᠂ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠣᠳᠣᠬᠢᠴᠢᠯᠠᠯᠲᠠ ᠶᠢᠨ ᠬᠢᠷᠢ

ᠲᠦᠪᠰᠢᠨ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠨᠡᠶᠢᠭᠡᠮᠴᠢᠯᠡᠭᠰᠡᠨ ᠦᠢᠯᠡᠴᠢᠯᠡᠭᠡᠨ ᠤ

ᠵᠤᠬᠢᠴᠠᠮᠵᠢ ᠶᠢᠨ ᠪᠠᠶᠢᠭᠤᠯᠤᠯᠲᠠ ᠶᠢᠨ ᠰᠢᠨ᠎ᠡ ᠶᠢ ᠡᠭᠦᠳᠬᠦ ᠪᠠᠷ ᠴᠢᠷᠮᠠᠶᠢᠵᠤ᠂ ᠵᠠᠰᠠᠭ ᠤᠨ ᠣᠷᠳᠣᠨ ᠠᠴᠠ

ᠬᠤᠳᠠᠯᠳᠤᠨ ᠠᠪᠬᠤ᠂ ᠬᠠᠨᠳᠤᠯᠭ᠎ᠠ ᠲᠠᠢ ᠪᠠᠷ ᠨᠠᠶᠢᠳᠠᠬᠤ᠂ ᠱᠠᠩᠨᠠᠵᠤ ᠨᠦᠬᠦᠪᠤᠷᠢᠯᠡᠬᠦ᠂ ᠮᠥᠩᠭᠦᠨ ᠭᠦᠢᠯᠭᠡᠭᠡᠨ ᠤ

ᠢᠲᠡᠭᠡᠮᠵᠢᠲᠦ ᠵᠢᠭᠡᠯᠡᠯᠭᠡ ᠪᠠᠷ ᠳᠡᠮᠵᠢᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠵᠤ ᠠᠬᠤᠶᠢᠯᠠᠯ᠂ ᠠᠵᠢᠯ

ᠲᠥᠷᠥᠯ ᠤᠨ ᠨᠡᠶᠢᠭᠡᠮᠯᠢᠭ ᠠᠴᠠ ᠲᠦᠷᠦᠭᠦᠯᠡᠨ ᠥᠷᠨᠢᠭᠦᠯᠦᠭᠰᠡᠨ ᠨᠢᠭᠡ ᠪᠦᠯᠦᠭ ᠨᠡᠶᠢᠭᠡᠮᠴᠢᠯᠡᠭᠰᠡᠨ ᠦᠢᠯᠡᠴᠢᠯᠡᠭᠡᠨ ᠤ

ᠵᠣᠬᠢᠶᠠᠨ ᠪᠠᠶᠢᠭᠤᠯᠤᠯᠲᠠ ᠶᠢ ᠤᠷᠢᠨ ᠣᠷᠣᠭᠤᠯᠵᠤ᠂ ᠮᠠᠯᠴᠢᠳ ᠲᠤ ᠴᠢᠨᠠᠷ ᠰᠠᠶᠢᠲᠠᠶ ᠳᠥᠭᠦᠮ ᠳᠥᠲᠡ

ᠦᠢᠯᠡᠳᠪᠦᠷᠢᠯᠡᠯ ᠠᠮᠢᠳᠤᠷᠠᠯ ᠤᠨ ᠦᠢᠯᠡᠴᠢᠯᠡᠭᠡ ᠬᠠᠩᠭᠠᠬᠤ ᠬᠡᠷᠡᠭᠲᠡᠶ᠃ ᠦᠢᠯᠡᠳᠪᠦᠷᠢᠯᠡᠯ ᠤᠨ ᠰᠢᠨᠵᠢᠯᠡᠬᠦ

ᠮᠡᠷᠭᠡᠵᠢᠯ ᠤᠨ ᠠᠭᠤᠯᠤᠭᠳᠠᠴᠠ ᠶᠢ ᠴᠢᠷᠮᠠᠶᠢᠨ ᠳᠡᠭᠡᠭᠰᠢᠯᠡᠭᠦᠯᠵᠦ᠂ ᠮᠠᠯ ᠠᠵᠤ ᠠᠬᠤᠶ ᠶᠢᠨ ᠰᠢᠨᠵᠢᠯᠡᠬᠦ ᠮᠡᠷᠭᠡᠵᠢᠯ ᠢᠶᠠᠷ

ᠲᠤᠯᠭᠠᠭᠤᠷᠢᠯᠠᠬᠤ ᠠᠵᠢᠯᠯᠠᠭᠠᠨ ᠤ ᠲᠥᠯᠥᠪᠯᠡᠭᠡ ᠶᠢ ᠰᠦᠪᠡᠭᠴᠢᠯᠡᠨ ᠬᠡᠷᠡᠭᠵᠢᠭᠦᠯᠵᠦ᠂ ᠰᠢᠨᠵᠢᠯᠡᠬᠦ ᠮᠡᠷᠭᠡᠵᠢᠯ ᠤᠨ

ᠣᠨᠴᠠ ᠲᠤᠮᠢᠯᠠᠭᠰᠡᠨ ᠮᠠᠷᠬᠡᠵᠢᠯᠳᠠᠨ᠂ ᠤᠳᠤᠬᠢᠴᠢᠯᠠᠭᠰᠡᠨ ᠮᠠᠯ ᠠᠵᠤ ᠠᠬᠤᠶ ᠶᠢᠨ ᠮᠡᠷᠭᠡᠵᠢᠯ ᠢ ᠲᠡᠯᠬᠡᠷᠡᠬᠦᠯᠬᠦ

ᠲᠠᠪᠴᠠᠩ ᠵᠡᠷᠭᠡ ᠣᠯᠠᠨ ᠡᠰᠢᠵᠢᠭ᠍ᠰᠡᠨ ᠦᠷ᠎ᠡ ᠪᠦᠲᠦᠭᠡᠯ ᠢ ᠲᠡᠯᠬᠡᠷᠡᠬᠦᠯᠬᠦ ᠲᠤᠭᠳᠠᠯᠴᠠᠭ᠎ᠠ ᠶᠢ ᠪᠠᠶᠢᠭᠤᠯᠤᠨ᠂

ᠮᠠᠯᠴᠢᠳ ᠤᠨ ᠮᠠᠯ ᠠᠵᠤ ᠠᠬᠤᠶ ᠶᠢᠨ ᠮᠠᠰᠢᠨ ᠮᠧᠬᠠᠨᠢᠭ᠂ ᠡᠯᠧᠺᠲᠷᠣᠨ  ᠲᠤᠤᠷ ᠬᠦᠷᠢᠶ᠎ᠡ᠂ ᠲᠣᠭᠠᠴᠢᠯᠠᠭᠰᠠᠨ ᠤᠰᠤ

ᠲᠠᠲᠠᠬᠤ ᠵᠡᠷᠭᠡ ᠲᠥᠬᠦᠭᠡᠷᠦᠮᠵᠢ ᠬᠤᠳᠠᠯᠳᠤᠨ ᠠᠪᠬᠤ ᠶᠢ ᠲᠡᠳᠬᠦᠵᠦ᠂ ᠮᠠᠯ ᠠᠵᠤ ᠠᠬᠤᠶ ᠶᠢᠨ ᠮᠠᠰᠢᠨᠴᠢᠯᠠᠯᠲᠠ᠂

ᠲᠣᠭᠠᠴᠢᠯᠠᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠣᠶᠤᠨᠴᠢᠯᠠᠭᠰᠠᠨ ᠬᠡᠷ ᠪᠦᠯᠢ ᠶᠢᠨ

200 ᠮᠠᠯᠵᠢᠯ ᠤᠨ ᠲᠠᠯᠠᠪᠠᠶ ᠶᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ ᠰᠢᠨ᠎ᠡ ᠬᠡᠯᠪᠡᠷᠢ ᠶᠢᠨ ᠠᠵᠢᠯ

ᠮᠡᠷᠭᠡᠵᠢᠯ ᠤᠨ ᠮᠠᠯᠴᠢᠳ ᠤᠨ ᠡᠩᠨᠡᠬᠡᠨ ᠤ ᠪᠠᠶᠢᠭᠤᠯᠤᠯᠲᠠ ᠶᠢ ᠴᠢᠩᠭᠠᠳᠬᠠᠵᠤ᠂ ︽ᠤᠷᠢᠵᠤ ᠣᠷᠣᠭᠤᠯᠬᠤ +

ᠬᠦᠷᠭᠡᠵᠦ ᠥᠭᠬᠦ︾᠎ ᠶᠢ ᠤᠶᠠᠯᠳᠤᠭᠤᠯᠬᠤ ᠪᠠᠷ ᠳᠠᠮᠵᠢᠭᠤᠯᠤᠨ᠂ ᠮᠠᠯᠴᠢᠳ ᠤᠨ ᠠᠵᠢᠯ ᠮᠡᠷᠭᠡᠵᠢᠯ ᠤᠨ ᠬᠥᠮᠦᠵᠢᠯ ᠢ

ᠴᠢᠩᠭᠠᠳᠬᠠᠵᠤ᠂ ᠮᠡᠷᠭᠡᠵᠢᠯ ᠳᠤ ᠴᠠᠭᠠᠷᠠᠭᠰᠡᠨ᠂ ᠡᠵᠡᠩᠨᠡᠬᠦ ᠳᠡᠭᠡᠨ ᠴᠢᠳᠠᠮᠠᠭᠠᠶ᠂ ᠬᠠᠮᠢᠶᠠᠷᠤᠯᠳᠠ ᠰᠠᠶᠢᠨ ᠰᠢᠨ᠎ᠡ

ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠳ ᠤᠨ ᠡᠩᠨᠡᠭᠡ ᠶᠢ ᠴᠢᠷᠮᠠᠶᠢᠨ ᠬᠥᠮᠦᠵᠢᠭᠦᠯᠬᠦ ᠬᠡᠷᠡᠭᠲᠡᠶ᠃ ᠮᠠᠯᠵᠢᠬᠤ

ᠣᠷᠣᠨ ᠤ ︽ᠬᠤᠶᠠᠷ ᠲᠤᠯᠠᠭᠠᠨ ᠫᠧᠩ ᠨᠢᠭᠡ ᠡᠪᠡᠰᠤᠨ ᠹᠸᠡᠭ︾ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ

︾᠂ ᠤᠰᠤᠨ ᠬᠤᠳᠳᠤᠭ ᠤᠰᠤᠨ ᠵᠣᠭᠤᠷᠢ᠂ ᠬᠥᠳᠡᠭᠡ ᠲᠣᠰᠬᠤᠨ ᠤ ᠴᠠᠬᠢᠯᠭᠠᠨ ᠲᠤᠤᠷ ᠤᠨ ᠥᠭᠡᠷᠡᠴᠢᠯᠡᠯᠲᠡ᠂

ᠴᠢᠮᠡᠭᠡ ᠨᠠᠪᠳᠠᠷᠠᠬᠦᠯᠬᠡ ᠶᠢᠨ ᠰᠠᠭᠤᠷᠢ ᠥᠷᠲᠡᠭᠡ᠂ ᠠᠷᠢᠭᠤᠨ ᠴᠡᠪᠡᠷ ᠳᠤᠯᠠᠭᠠᠯᠠᠭ᠎ᠠ ᠶᠢᠨ ᠲᠥᠬᠦᠭᠡᠷᠦᠮᠵᠢ ᠵᠡᠷᠭᠡ

ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠬᠤᠲᠠ

ᠪᠠᠯᠭᠠᠰᠤ ᠶᠢ ᠲᠥᠯᠥᠪᠵᠢᠭᠦᠯᠵᠦ ᠪᠥᠲᠥᠭᠡᠨ ᠪᠠᠶᠢᠭᠤᠯᠬᠤ ᠬᠠᠮᠢᠶᠠᠷᠤᠯᠲᠠ ᠶᠢᠨ ᠲᠠᠩᠰᠠ ᠡᠪᠬᠡᠮᠡᠯ ᠢ ᠳᠡᠭᠡᠭᠰᠢᠯᠡᠭᠦᠯᠦᠨ

ᠲᠠᠰ ᠳᠡᠪᠰᠢᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠲᠤᠤᠷ ᠬᠤᠭᠤᠯᠠᠢ᠂ ᠲᠤᠯᠠᠭᠠᠯᠭ᠎ᠠ ᠬᠠᠩᠭᠠᠬᠤ ᠵᠡᠷᠭᠡ

ᠬᠤᠲᠠ ᠶᠢᠨ ᠶᠠᠪᠤᠳᠠᠯ ᠤᠨ ᠲᠦᠬᠦᠬᠡᠷᠤᠮᠵᠢ ᠶᠢᠨ ᠪᠥᠲᠥᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ

ᠠᠬᠢᠭᠤᠯᠤᠨ᠂ ᠬᠠᠭᠤᠴᠢᠨ ᠪᠠ ᠬᠠᠭᠤᠴᠢᠨ ᠵᠢᠵᠢᠭ ᠰᠠᠭᠤᠭᠠᠯᠢ ᠲᠣᠭᠤᠷᠢᠭ ᠢ ᠥᠭᠡᠷᠡᠴᠢᠯᠡᠬᠦ ᠢᠨᠵᠧᠨᠧᠷᠢᠩ ᠢ

ᠬᠢᠨᠠᠮᠠᠭᠠᠶ ᠰᠠᠶᠢᠲᠤᠷ ᠠᠳᠬᠤᠵᠤ᠂ ᠬᠤᠲᠠ ᠬᠥᠳᠡᠭᠡ ᠶᠢᠨ ᠣᠯᠠᠨ ᠲᠦᠮᠡᠨ ᠤ ᠦᠶᠯᠡᠳᠪᠦᠷᠢᠯᠡᠯ ᠠᠮᠢᠳᠤᠷᠠᠯ ᠤᠨ

ᠨᠥᠬᠦᠴᠡᠯ ᠢ ᠲᠠᠰᠤᠷᠠᠯᠲᠠ ᠥᠬᠡᠶ ᠰᠠᠶᠢᠵᠢᠷᠠᠭᠤᠯᠤᠨ᠎ᠠ᠃ ᠮᠠᠯᠵᠢᠬᠤ ᠣᠷᠣᠨ ᠤ ᠴᠡᠭᠴᠡᠯᠡᠨ ᠵᠠᠰᠠᠯᠲᠠ ᠶᠢᠨ

ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠮᠠᠯᠴᠢᠳ ᠤᠨ ᠦᠪᠡᠷ ᠢ ᠪᠠᠨ ᠵᠠᠰᠠᠬᠤ ᠦᠢᠯᠡᠳᠦᠯᠭᠡ ᠶᠢ

ᠭᠦᠨᠵᠡᠭᠡᠶᠢᠷᠡᠭᠦᠯᠵᠦ᠂ ᠵᠥᠪ ᠲᠠᠯ᠎ᠠ ᠶᠢᠨ ᠨᠡᠶᠢᠲᠡᠯᠢᠭ ᠵᠢᠱᠢᠶ᠎ᠡ ᠪᠠᠷ ᠤᠷᠮᠠᠰᠢᠭᠤᠯᠤᠨ ᠬᠦᠳᠦᠯᠦᠨ ᠵᠢᠯᠤᠭᠤᠳᠴᠤ᠂

ᠦᠪᠡᠷ ᠢ ᠪᠠᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠰᠤᠷᠲᠠᠬᠤᠨ ᠢᠶᠠᠷ ᠵᠠᠰᠠᠬᠤ ᠶᠢ ᠤᠶᠠᠯᠳᠤᠭᠤᠯᠤᠭᠰᠠᠨ

ᠮᠠᠯᠵᠢᠬᠤ ᠣᠷᠣᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠬᠦᠯᠵᠦ᠂ ᠮᠠᠯᠵᠢᠬᠤ ᠣᠷᠣᠨ ᠤ ᠴᠡᠭᠴᠡᠯᠡᠨ ᠵᠠᠰᠠᠯᠲᠠ ᠶᠢᠨ

ᠰᠠᠭᠤᠷᠢ ᠶᠢ ᠪᠠᠬᠢᠵᠢᠭᠦᠯᠬᠦ ᠬᠡᠷᠡᠭᠲᠡᠢ᠃

      ︵ᠭᠤᠷᠪᠠ︶ ᠬᠥᠭᠵᠢᠯᠲᠡ ᠶᠢᠨ ᠣᠷᠴᠢᠨ ᠢ ᠬᠦᠴᠦᠯᠡᠨ ᠰᠢᠯᠢᠳᠡᠭᠵᠢᠭᠦᠯᠦᠨ᠎ᠡ᠃ ᠲᠥᠷᠥᠯ ᠵᠦᠶᠯ ᠤᠨ

ᠪᠥᠲᠥᠭᠡᠨ ᠪᠠᠶᠢᠭᠤᠯᠤᠯᠲᠠ᠂ ᠠᠵᠤ ᠦᠶᠯᠡᠰ ᠤᠨ ᠬᠥᠭᠵᠢᠯᠲᠡ ᠨᠢ ᠬᠤᠳᠠᠯᠳᠤᠭ᠎ᠠ ᠡᠷᠭᠢᠯᠡᠬᠦ  ᠤᠬᠢ ᠰᠠᠶᠢᠨ

ᠣᠷᠴᠢᠨ ᠠᠴᠠ ᠰᠠᠯᠵᠤ ᠴᠢᠳᠠᠬᠤ ᠥᠬᠡᠶ᠂ ᠭᠡᠪᠡᠴᠦ ᠣᠳᠣᠬᠠᠨ ᠳᠤ ᠮᠠᠨ ᠤ ᠬᠤᠰᠢᠭᠤᠨ ᠤ ᠬᠥᠭᠵᠢᠯᠲᠡ ᠶᠢᠨ

ᠣᠷᠴᠢᠨ ᠨᠢ ᠪᠠᠯᠠ ᠣᠷᠣᠭᠤᠯᠤᠭᠴᠢᠳ ᠪᠠ ᠥᠷᠭᠡᠨ ᠣᠯᠠᠨ ᠲᠦᠮᠡᠨ ᠤ ᠬᠦᠰᠡᠯ  ᠱᠠᠭᠠᠷᠳᠠᠯᠭ᠎ᠠ ᠲᠠᠢ ᠬᠠᠷᠢᠴᠠᠭᠤᠯᠪᠠᠯ

ᠪᠠᠰᠠ ᠵᠣᠬᠢᠬᠤ ᠵᠥᠷᠢᠶ᠎ᠡ ᠲᠠᠢ ᠪᠠᠶᠢᠭᠰᠠᠭᠠᠷ᠃ ᠬᠤᠶᠢᠰᠢᠳᠠ ᠶᠢᠨ ᠠᠵᠢᠯ ᠤᠨ ᠳᠤᠮᠳᠠ ᠪᠢᠳᠡ ᠥᠭᠡᠷᠡᠴᠢᠯᠡᠯᠲᠡ

ᠨᠡᠭᠡᠭᠡᠯᠳᠡ ᠶᠢ ᠭᠦᠨᠵᠡᠭᠡᠶᠢᠷᠡᠭᠦᠯᠬᠦ ᠪᠠᠷ ᠭᠠᠷᠳᠠᠴᠠ ᠪᠠ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ

ᠳᠡᠭᠡᠭᠰᠢᠯᠡᠭᠦᠯᠬᠦ ᠪᠠᠷ ᠬᠥᠳᠡᠯᠭᠡᠭᠦᠷ ᠪᠣᠯᠭᠠᠵᠤ᠂ ᠬᠥᠭᠵᠢᠯᠲᠡ ᠶᠢᠨ ᠣᠷᠴᠢᠨ ᠨᠥᠬᠦᠴᠡᠯ ᠢ ᠲᠠᠰᠤᠷᠠᠯᠳᠠ ᠦᠭᠡᠢ

ᠰᠢᠯᠢᠳᠡᠭᠵᠢᠭᠦᠯᠵᠦ᠂ ᠬᠥᠭᠵᠢᠯᠲᠡ ᠶᠢᠨ ᠳᠠᠪᠠᠭᠤᠯᠢᠭ ᠢ  ᠪᠠᠳᠠᠷᠠᠭᠤᠯᠬᠤ ᠬᠡᠷᠡᠭᠲᠡᠶ᠃

     ᠨᠢᠭᠡ ᠳᠤ᠂ ᠡᠯ᠎ᠡ ᠬᠦᠷᠢᠶ᠎ᠠ ᠴᠡᠷ᠎ᠠ ᠳᠠᠬᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠡᠷᠡᠭᠲᠡᠶ᠃

ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶ᠎ᠠ ᠶᠢᠨ

ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠵᠢᠯ ᠤᠨ ︽

ᠨᠢᠭᠡ ᠭᠤᠤᠯᠳᠠᠯᠭ᠎ᠠ ᠬᠤᠶᠠᠷ ᠲᠠᠩᠰᠠ︾᠎ ᠶᠢ ᠨᠠᠷᠢᠨ ᠬᠢᠨᠠᠮᠠᠭᠠᠶ ᠰᠤᠳᠤᠯᠤᠨ ᠲᠣᠭᠲᠠᠭᠠᠵᠤ᠂ ᠵᠠᠮ ᠱᠤᠭᠤᠮ ᠤᠨ

ᠵᠢᠷᠤᠭ᠂ ᠴᠠᠭ ᠤᠨ ᠬᠦᠰᠦᠨᠦᠭᠲᠦ ᠪᠠ ᠬᠠᠷᠢᠭᠤᠴᠠᠯᠭᠠᠲᠠᠨ ᠢ ᠲᠣᠳᠣᠷᠬᠠᠶᠢᠯᠠᠨ᠂ ᠵᠢᠷᠭᠤᠭᠠᠨ ᠶᠡᠭᠡ ᠬᠦᠷᠢᠶᠡᠨ ᠤ

ᠥᠭᠡᠷᠡᠴᠢᠯᠡᠯᠲᠡ ᠶᠢᠨ ᠡᠭᠦᠷᠭᠡ ᠶᠢ ᠨᠢᠭᠡᠳᠦᠯᠲᠡᠶ ᠲᠦᠯᠤᠪᠵᠢᠬᠦᠯᠤᠨ ᠠᠬᠢᠭᠤᠯᠵᠤ᠂ ᠥᠭᠡᠷᠡᠴᠢᠯᠡᠯᠲᠡ ᠶᠢᠨ

ᠡᠭᠦᠷᠭᠡ ᠶᠢᠨ ᠲᠥᠷᠥᠯ ᠵᠦᠶᠯ ᠢ ᠪᠦᠷᠢᠡᠰᠢᠬᠦᠯᠵᠤ᠂ ᠰᠢᠨ᠎ᠡ ᠶᠢ ᠡᠭᠦᠳᠬᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ

ᠦᠨᠡᠨᠬᠦ ᠪᠠᠲᠤᠯᠠᠬᠤ ᠬᠡᠷᠡᠭᠲᠡᠶ᠃ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ

ᠲᠣᠪᠤᠶᠢᠮ᠎ᠠ ᠰᠠᠶᠢᠲᠤᠷ ᠠᠳᠬᠤᠵᠤ᠂ ︽ᠲᠠᠯᠪᠢᠵᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢᠨ ᠡᠷᠴᠢᠮ ᠢ

ᠤᠯᠠᠮ ᠨᠢᠭᠡ ᠠᠯᠬᠤᠮ ᠴᠢᠩᠭᠠᠷᠠᠭᠤᠯᠵᠤ᠂ ᠬᠢᠨᠡᠨ ᠵᠥᠪᠰᠢᠶᠡᠷᠡᠯ᠂ ᠥᠪᠡᠷ ᠤᠨ ᠥᠷᠲᠡᠭ᠂ ᠭᠠᠶᠢᠯᠢ ᠰᠦᠶᠳᠬᠡᠯ᠂

ᠪᠠᠯᠠ ᠲᠣᠬᠢᠷᠠᠭᠤᠯᠭ᠎ᠠ᠂ ᠰᠠᠭᠤᠷᠢ ᠲᠥᠬᠦᠭᠡᠷᠦᠮᠵᠢ᠂ ᠥᠮᠴᠢᠯᠡᠯ ᠤᠨ ᠡᠷᠬᠡ ᠶᠢᠨ ᠬᠠᠮᠠᠭᠠᠯᠠᠯᠲᠠ ᠵᠡᠷᠭᠡ ᠲᠠᠯ᠎ᠠ ᠪᠠᠷ

ᠠᠷᠭ᠎ᠠ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠴᠢᠬᠤᠯᠠ ᠪᠤᠰᠤ ᠬᠢᠨᠠᠨ ᠵᠥᠪᠰᠢᠶᠡᠷᠡᠯ ᠢ ᠰᠢᠯᠤᠭᠤᠳᠬᠠᠵᠤ᠂

ᠵᠦᠶ ᠵᠣᠬᠢᠰ ᠥᠬᠡᠶ ᠨᠥᠬᠦᠴᠡᠯ ᠢ ᠲᠠᠪᠴᠢᠵᠤ᠂ ᠭᠠᠷᠳᠠᠮ ᠬᠦᠢᠴᠡᠳᠬᠡᠯ ᠢ ᠳᠥᠭᠦᠮᠴᠢᠯᠡᠵᠦ᠂  ᠢᠯᠭᠤᠮ

ᠤᠷᠤᠭᠰᠢᠳᠡᠢ ᠪᠤᠰᠤ ᠠᠰᠠᠭᠤᠳᠠᠯ ᠢ ᠦᠨᠡᠡᠬᠦ ᠰᠢᠶᠳᠪᠦᠷᠢᠯᠡᠬᠦ ᠬᠡᠷᠡᠭᠲᠡᠶ᠃ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ

ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠴᠢᠬᠤᠯᠠ ᠡᠯᠧᠮᠧᠨ᠋ᠲ ᠤᠨ ᠵᠠᠬ᠎ᠠ ᠳᠡᠯᠭᠡᠭᠦᠷ ᠤᠨ ᠤᠷᠴᠢᠨ ᠪᠦᠷᠢᠨ

ᠪᠤᠰᠤ᠂ ᠴᠢᠬᠤᠯᠠ ᠡᠯᠧᠮᠧᠨ᠋ᠲ ᠤᠨ ᠰᠢᠯᠵᠢᠯᠲᠡ ᠳᠤ ᠬᠠᠷᠰᠢ ᠰᠠᠭᠠᠳ ᠣᠷᠣᠰᠢᠵᠤ ᠪᠠᠶᠢᠬᠤ ᠵᠡᠷᠭᠡ ᠳᠤᠪᠤᠶᠢᠮ᠎ᠠ

ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠬᠤᠯᠠ ᠡᠯᠧᠮᠧᠨ᠋ᠲ ᠤᠨ ᠵᠠᠬ᠎ᠠ ᠳᠡᠯᠭᠡᠭᠦᠷᠴᠢᠯᠡᠬᠦ

ᠥᠭᠡᠷᠡᠴᠢᠯᠡᠯᠲᠡ ᠶᠢᠨ ᠠᠬᠢᠴᠠ ᠶᠢ ᠲᠦᠷᠭᠡᠳᠬᠡᠵᠦ᠂ ᠡᠷᠬᠡ ᠲᠡᠭᠰᠢ ᠥᠷᠢᠰᠥᠯᠳᠦᠭᠡᠨ ᠢ ᠠᠬᠢᠭᠤᠯᠵᠤ᠂ ᠴᠢᠬᠤᠯᠠ

ᠡᠯᠧᠮᠧᠨ᠋ᠲ ᠤᠨ ᠳᠤᠬᠢᠷᠠᠭᠤᠯᠤᠯᠳᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠭᠤᠣᠯ

ᠴᠣᠭᠴᠠ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶ᠎ᠠ ᠶᠢᠨ ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠶ ᠲᠣᠭᠤᠷᠢᠨ

ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨᠬᠦ ᠰᠠᠶᠢᠲᠤᠷ ᠠᠳᠬᠤᠵᠤ᠂ ᠥᠪᠡᠷᠲᠡᠭᠡᠨ ᠵᠠᠰᠠᠬᠤ

ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠨᠡᠭᠦᠷᠡᠰᠦᠨ ᠤ ᠡᠬᠢ ᠪᠠᠶᠠᠯᠢᠭ ᠤᠨ

ᠬᠦᠷᠢᠶᠡᠨ ᠳᠠᠬᠢ ᠲᠤᠰᠬᠠᠶ ᠲᠣᠭᠤᠷᠢᠨ ᠪᠠᠶᠢᠴᠠᠭᠠᠵᠤ  ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ

ᠪᠠᠬᠢᠵᠢᠭᠦᠯᠦᠨ ᠳᠡᠭᠡᠭᠰᠢᠯᠡᠭᠦᠯᠵᠦ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠬᠡᠪᠡᠷ ᠵᠠᠰᠠᠵᠤ᠂ ᠠᠵᠢᠯ

ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠵᠢᠯ ᠲᠥᠷᠥᠯ ᠤᠨ ᠬᠥᠭᠵᠢᠯᠲᠡ ᠶᠢ ᠵᠢᠷᠤᠮᠵᠢᠭᠤᠯᠵᠤ᠂

ᠤᠯᠤᠰ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠡᠳ᠋ ᠤᠨ ᠵᠠᠰᠠᠭ ᠭᠠᠶᠢᠯᠢ ᠮᠥᠩᠭᠦᠨ

ᠭᠦᠶᠯᠭᠡᠭᠡ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠢᠨᠠᠷ ᠰᠠᠶᠢᠲᠠᠶ

ᠬᠥᠭᠵᠢᠯᠲᠡ ᠶᠢᠨ ᠬᠥᠳᠡᠯᠭᠡᠬᠦ ᠬᠦᠴᠦᠨ ᠤ ᠲᠤᠯᠭᠠᠭᠤᠷᠢᠯᠠᠯ ᠢ ᠲᠠᠰᠤᠷᠠᠯᠲᠠ ᠥᠬᠡᠶ ᠴᠢᠩᠭᠠᠷᠠᠭᠤᠯᠤᠨ᠎ᠠ᠃

      ᠬᠤᠶᠠᠷ ᠲᠤ᠂ ᠴᠢᠯᠤᠬᠡᠳᠡᠢ ᠶᠠᠪᠤᠯᠴᠠᠵᠤ ᠬᠠᠮᠲᠤᠷᠠᠯᠴᠠᠬᠤ ᠬᠢᠷᠢ ᠲᠦᠪᠰᠢᠨ ᠢᠶᠠᠨ ᠴᠢᠷᠮᠠᠶᠢᠨ ᠳᠡᠭᠡᠭᠰᠢᠯᠡᠭᠦᠯᠬᠦ

ᠬᠡᠷᠡᠭᠲᠡᠢ᠃ ᠨᠡᠭᠡᠭᠡᠯᠲᠡᠲᠦ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠤᠯᠤᠰ ᠤᠨ

ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠢ ᠴᠢᠩᠭ᠎ᠠ

ᠡᠵᠡᠮᠳᠡᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠡᠷᠬᠢᠯᠳᠡᠳᠦ ᠬᠠᠮᠲᠤᠷᠠᠯᠴᠠᠭᠠᠨ ᠤ  

ᠲᠤᠭᠳᠠᠯᠴᠠᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠬᠦᠴᠦᠯᠡᠬᠦ ᠴᠡᠭ ᠪᠠ ᠰᠢᠪᠲᠤᠯᠤᠯᠲᠠ ᠶᠢᠨ ᠴᠡᠭ

᠎ ᠪᠠᠷ ᠭᠠᠷᠳᠠᠴᠠ ᠪᠤᠯᠭᠠᠵᠤ᠂ ᠨᠠᠬᠡᠬᠡᠯᠳᠡ ᠶᠢᠨ ᠬᠡᠪᠴᠢᠶ᠎ᠠ ᠶᠢ ᠠᠯᠬᠤᠮ ᠠᠯᠬᠤᠮ ᠢᠶᠠᠷ ᠥᠷᠭᠡᠳᠬᠡᠵᠦ᠂ ᠲᠡᠰ

ᠳᠠᠪᠬᠤᠷᠭ᠎ᠠ ᠶᠢ ᠳᠡᠭᠡᠭᠰᠢᠯᠡᠭᠦᠯᠵᠦ᠂ ᠨᠡᠭᠡᠭᠡᠯᠲᠡᠲᠦ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠤᠯᠬᠤ ᠬᠡᠷᠡᠭᠲᠡᠢ᠃

ᠣᠷᠣᠨ ᠪᠠᠶᠢᠷᠢ ᠶᠢᠨ ᠳᠠᠪᠠᠭᠤᠯᠢᠭ ᠲᠤ ᠲᠦᠰᠢᠭᠯᠡᠨ᠂ ᠮᠣᠩᠭᠤᠯ ᠤᠯᠤᠰ ᠯᠤᠭ᠎ᠠ ᠶᠢᠨ ᠠᠵᠤ ᠠᠬᠤᠶ ᠠᠷᠠᠯᠵᠢᠶ᠎ᠠ᠂

ᠵᠠᠮ ᠬᠠᠷᠢᠯᠴᠠᠭ᠎ᠠ ᠲᠡᠭᠡᠭᠡᠪᠦᠷᠢ᠂ ᠰᠤᠷᠭᠠᠨ ᠬᠥᠮᠦᠵᠢᠯ ᠡᠮᠴᠢᠯᠡᠭᠡ ᠪᠠ ᠰᠣᠶᠣᠯ ᠵᠢᠭᠤᠯᠴᠢᠯᠠᠯ ᠤᠨ ᠬᠠᠮᠲᠤᠷᠠᠯᠴᠠᠭ᠎ᠠ

ᠰᠣᠯᠢᠯᠴᠠᠭ᠎ᠠ ᠪᠠᠨ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠬᠠᠷᠢᠯᠴᠠᠨ ᠠᠰᠢᠭᠲᠠᠶ ᠬᠠᠷᠢᠯᠴᠠᠨ  ᠬᠠᠮᠳᠤᠷᠠᠯᠴᠠᠬᠤ᠂

ᠬᠠᠮᠲᠤᠪᠠᠷ ᠬᠥᠭᠵᠢᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠣᠷᠣᠨ ᠪᠦᠰᠡ ᠶᠢᠨ ᠠᠵᠤ ᠠᠬᠤᠶ ᠶᠢᠨ

ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠮᠠᠨ ᠤ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂

ᠲᠡᠷᠢᠭᠦᠨ ᠤ ᠭᠠᠵᠠᠷ ᠣᠷᠣᠨ ᠤ ᠠᠵᠤ ᠠᠬᠤᠶ ᠶᠢᠨ ᠲᠠᠪᠠᠭᠤᠯᠢᠭ ᠢ ᠰᠠᠨᠠᠭᠠᠴᠢᠯᠠᠭ᠎ᠠ ᠠᠴᠠ ᠪᠠᠨ ᠭᠥᠯᠢᠶᠡᠨ ᠠᠪᠴᠤ᠂

ᠪᠡᠭᠡᠵᠢᠩ ᠲᠢᠶᠠᠡᠵᠢᠨ ᠾᠧᠪᠸᠢ ᠱᠠᠨᠳᠦ᠋ᠩ᠂ ᠵᠢᠶᠠᠩᠰᠦ ᠵᠧᠵᠢᠶᠠᠩ ᠱᠠᠩᠬᠠᠶ ᠯᠤᠭ᠎ᠠ ᠶᠢᠨ ᠭᠦᠨᠵᠡᠭᠡᠶ

ᠬᠠᠮᠲᠤᠷᠠᠯᠴᠠᠭ᠎ᠠ ᠶᠢ ᠴᠢᠩᠭᠠᠳᠬᠠᠵᠤ᠂ ᠠᠵᠤ ᠦᠶᠯᠡᠰ᠂ ᠪᠠᠯᠠ ᠮᠥᠩᠭᠦ᠂ ᠮᠡᠷᠭᠡᠵᠢᠯ᠂ ᠴᠢᠳᠠᠪᠤᠷᠢᠲᠠᠨ ᠤ

ᠰᠤᠯᠢᠯᠴᠠᠭ᠎ᠠ ᠶᠢ ᠠᠬᠢᠭᠤᠯᠵᠤ᠂ ᠲᠡᠷᠢᠭᠦᠨ ᠤ ᠭᠠᠵᠠᠷ ᠣᠷᠣᠨ ᠤ ᠬᠥᠭᠵᠢᠯᠲᠡ ᠶᠢ ᠲᠦᠷᠭᠡᠳᠬᠡᠬᠦ ᠳᠤ ᠬᠦᠴᠦ

ᠨᠡᠮᠡᠷᠢᠯᠡᠨ᠎ᠡ᠃

     ᠭᠤᠷᠪᠠ ᠳᠤ᠂ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃

ᠤᠷᠲᠤ ᠬᠤᠭᠤᠴᠠᠭᠠᠨ ᠤ ᠲᠤᠷᠰᠢ ᠮᠠᠨ ᠤ ᠬᠤᠰᠢᠭᠤᠨ ᠤ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢ

ᠨᠢᠮᠭᠡᠨ᠂ ᠴᠢᠳᠠᠪᠤᠷᠢᠲᠠᠨ ᠳᠤᠲᠠᠭᠳᠠᠵᠤ ᠪᠠᠶᠢᠬᠤ ᠵᠡᠷᠭᠡ ᠠᠰᠠᠭᠤᠳᠠᠯ ᠲᠣᠪᠤᠶᠢᠮ᠎ᠠ ᠪᠠᠶᠢᠵᠤ᠂ ᠮᠠᠰᠢ ᠶᠡᠭᠡ ᠬᠡᠮᠵᠢᠶᠡᠨ

ᠳᠡᠭᠡᠷ᠎ᠡ ᠬᠥᠭᠵᠢᠯᠲᠡ ᠶᠢᠨ ᠠᠬᠢᠴᠠ ᠶᠢ ᠬᠢᠵᠠᠭᠠᠷᠯᠠᠵᠤ ᠪᠠᠶᠢᠨ᠎ᠠ᠃ ᠡᠶᠢᠮᠦ ᠠᠴᠠ ᠰᠢᠨᠵᠢᠯᠡᠬᠦ ᠮᠡᠷᠭᠡᠵᠢᠯ ᠤᠨ ᠰᠢᠨ᠎ᠡ ᠶᠢ

ᠡᠭᠦᠳᠬᠦ ᠶᠢ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢᠨ ᠴᠢᠬᠤᠯᠠ ᠲᠤᠯᠭᠠᠭᠤᠷᠢᠯᠠᠯ ᠪᠣᠯᠭᠠᠵᠤ᠂

ᠤᠳᠤ ᠠᠴᠠ ᠡᠬᠢᠯᠡᠨ ᠠᠳᠬᠤᠵᠤ᠂ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠦᠬᠦ ᠲᠠᠯ᠎ᠠ ᠪᠠᠷ

ᠳᠡᠭᠡᠭᠰᠢᠯᠡᠭᠦᠯᠵᠦ᠂ ᠬᠥᠭᠵᠢᠯᠲᠡ ᠶᠢᠨ ᠴᠢᠬᠤᠯᠠ ᠡᠯᠧᠮᠧᠨ᠋ᠲ ᠢᠶᠠᠷ ᠬᠥᠳᠡᠯᠭᠡᠭᠦᠷ ᠪᠣᠯᠭᠠᠵᠤ ᠪᠠᠶᠢᠭᠰᠠᠨ ᠠᠴᠠ ᠰᠢᠨ᠎ᠡ ᠶᠢ

ᠡᠭᠦᠳᠬᠦ ᠪᠠᠷ ᠬᠥᠳᠡᠯᠭᠡᠭᠦᠷ ᠪᠣᠯᠭᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠰᠢᠨᠵᠢᠯᠡᠬᠦ

ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠭᠤᠯᠤᠮᠵᠢ ᠵᠤᠬᠢᠴᠠᠮᠵᠢ ᠶᠢ ᠲᠠᠰᠤᠷᠠᠯᠲᠠ ᠥᠬᠡᠶ ᠪᠦᠷᠢᠨᠰᠢᠬᠦᠯᠦᠨ

ᠲᠡᠭᠦᠯᠳᠡᠷᠵᠢᠭᠦᠯᠵᠦ᠂ ︽ᠰᠢᠨᠵᠢᠯᠡᠬᠦ ᠮᠡᠷᠭᠡᠵᠢᠯ ᠢᠶᠠᠷ ᠬᠤᠰᠢᠭᠤ ᠪᠠᠨ ᠮᠠᠨᠳᠤᠭᠤᠯᠬᠤ︾ ᠠᠵᠢᠯᠯᠠᠭ᠎ᠠ ᠶᠢ ᠢᠳᠡᠪᠬᠢᠲᠡᠶ

ᠥᠷᠨᠢᠭᠦᠯᠵᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠪᠠᠶᠢᠩᠭᠤ ᠶᠢᠨ ᠨᠡᠮᠡᠭᠳᠡᠯ ᠤᠨ ᠵᠤᠬᠢᠴᠠᠮᠵᠢ ᠪᠠ

ᠨᠡᠶᠢᠭᠡᠮ ᠤᠨ ᠣᠯᠠᠨ ᠠᠷᠭ᠎ᠠ ᠵᠠᠮ ᠤᠨ ᠪᠡᠯᠡ ᠣᠷᠣᠭᠤᠯᠤᠯᠲᠠ ᠶᠢ ᠤᠷᠮᠠᠰᠢᠭᠤᠯᠬᠤ ᠵᠤᠬᠢᠴᠠᠮᠵᠢ ᠶᠢ ᠪᠠᠶᠢᠭᠤᠯᠤᠨ᠂

ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ

ᠠᠵᠤ ᠦᠶᠯᠡᠰ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ

ᠬᠠᠷᠢᠴᠠᠯ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠭᠤᠤᠯᠳᠠᠯᠭ᠎ᠠ ᠲᠠᠢ ᠠᠵᠤ ᠦᠶᠯᠡᠰ ᠤᠨ

ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠦᠨ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠬᠢ ᠶᠢ

ᠳᠡᠭᠡᠭᠰᠢᠯᠡᠭᠦᠯᠵᠦ᠂ ᠡᠪᠡᠰᠦ ᠪᠡᠯᠴᠢᠭᠡᠷ᠂ ᠰᠢᠯᠢᠳᠡᠭ ᠡᠭᠦᠯᠳᠡᠷ ᠤᠨ ᠮᠠᠯ᠂ ᠠᠮᠢ ᠠᠬᠤᠶ ᠶᠢᠨ ᠵᠠᠰᠠᠯᠲᠠ᠂ ᠮᠠᠯ ᠤᠨ

ᠠᠰᠢᠭ ᠰᠢᠮ᠎ᠡ ᠶᠢ ᠡᠳ᠋ᠰᠢᠭᠦᠯᠬᠦ᠂ ᠮᠣᠩᠭᠤᠯ ᠡᠮ ᠡᠮᠨᠡᠯᠭᠡ ᠵᠡᠷᠭᠡ ᠲᠠᠯ᠎ᠠ ᠳᠤ ᠨᠢᠭᠡ ᠪᠦᠯᠦᠭ ᠰᠢᠨ᠎ᠡ ᠮᠡᠷᠭᠡᠵᠢᠯ ᠢ

ᠳᠡᠯᠭᠡᠷᠡᠭᠦᠯᠦᠨ ᠬᠡᠷᠡᠭᠯᠡᠬᠦ ᠪᠠᠷ ᠴᠢᠷᠮᠠᠶᠢᠵᠤ᠂ ᠠᠵᠤ ᠦᠶᠯᠡᠰ ᠤᠨ ᠬᠥᠭᠵᠢᠯᠲᠡ ᠶᠢᠨ  ᠴᠢᠳᠠᠪᠬᠢ ᠶᠢ ᠤᠯᠠᠮ ᠨᠢᠭᠡ

ᠠᠯᠬᠤᠮ ᠳᠡᠭᠡᠭᠰᠢᠯᠡᠭᠦᠯᠬᠦ ᠬᠡᠷᠡᠭᠲᠡᠶ᠃ ᠴᠢᠳᠠᠪᠤᠷᠢᠲᠠᠨ ᠢᠶᠠᠷ ᠰᠢᠨ᠎ᠡ ᠶᠢ ᠡᠭᠦᠳᠬᠦ ᠨᠢᠭᠡᠳᠦᠭᠡᠷ ᠡᠬᠢ ᠪᠠᠶᠠᠯᠢᠭ

ᠪᠣᠯᠭᠠᠬᠤ ᠶᠢ ᠪᠠᠷᠢᠮᠲᠠᠯᠠᠵᠤ᠂ ︽ᠴᠢᠳᠠᠪᠤᠷᠢᠲᠠᠨ ᠢᠶᠠᠷ ᠬᠤᠰᠢᠭᠤ ᠪᠠᠨ ᠬᠦᠴᠦᠷᠬᠡᠭᠵᠢᠭᠦᠯᠬᠦ︾ ᠪᠠᠶᠢᠯᠳᠤᠬᠤ

ᠪᠣᠳᠣᠯᠭ᠎ᠠ ᠶᠢ ᠭᠦᠨᠵᠡᠭᠡᠶᠢᠷᠡᠭᠦᠯᠦᠨ᠂ ᠰᠢᠨ᠎ᠡ ᠶᠢ ᠡᠭᠦᠳᠬᠦ ᠬᠡᠯᠪᠡᠷᠢ ᠶᠢᠨ᠂ ᠰᠢᠨᠵᠢᠯᠡᠬᠦ ᠮᠡᠷᠭᠡᠵᠢᠯ ᠤᠨ ᠬᠡᠯᠪᠡᠷᠢ ᠶᠢᠨ

ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ ᠣᠷᠣᠨ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠪᠠ

ᠳᠡᠭᠡᠳᠦ ᠰᠤᠷᠭᠠᠭᠤᠯᠢ ᠲᠡᠭᠦᠰᠦᠭᠰᠡᠳ ᠤᠨ ᠨᠤᠲᠤᠭ ᠲᠤ ᠪᠠᠨ ᠪᠤᠴᠠᠵᠤ ᠠᠳᠠᠯ ᠦᠶᠯᠡᠰ ᠴᠣᠭᠴᠠᠯᠠᠬᠤ

ᠲᠥᠯᠥᠪᠯᠡᠭᠡ ᠶᠢ ᠬᠡᠷᠡᠭᠵᠢᠭᠦᠯᠵᠦ᠂ ᠰᠢᠨᠵᠢᠯᠡᠬᠦ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠲᠤᠭᠳᠠᠯᠴᠠᠭ᠎ᠠ ᠶᠢ

ᠪᠦᠷᠢᠨᠰᠢᠬᠦᠯᠵᠦ᠂ ᠴᠢᠳᠠᠪᠤᠷᠢᠲᠠᠨ ᠤ ᠡᠩᠨᠡᠬᠡᠨ ᠤ ᠪᠦᠲᠦᠴᠡ᠂  ᠪᠠᠶᠢᠷᠢᠯᠠᠭᠤᠯᠤᠯᠳᠠ ᠪᠠ ᠰᠢᠨ᠎ᠡ ᠶᠢ ᠡᠭᠦᠳᠬᠦ

ᠴᠢᠳᠠᠪᠤᠷᠢ ᠶᠢ ᠠᠵᠤ ᠠᠬᠤᠶ ᠨᠡᠶᠢᠭᠡᠮ ᠤᠨ ᠬᠥᠭᠵᠢᠯᠲᠡ ᠯᠦᠭᠡ ᠬᠠᠷᠢᠯᠴᠠᠨ ᠵᠣᠬᠢᠴᠠᠭᠤᠯᠬᠤ ᠶᠢ ᠠᠬᠢᠭᠤᠯᠬᠤ ᠬᠡᠷᠡᠭᠲᠡᠶ᠃

      ︵ᠳᠥᠷᠪᠡ︶ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠬᠡᠷᠡᠭᠳᠡᠢ᠃ ᠠᠵᠤ ᠠᠬᠤᠶ ᠶᠢᠨ

ᠪᠠᠭᠤᠷᠠᠯᠳᠠ ᠶᠢᠨ ᠳᠠᠷᠤᠯᠲᠠ ᠪᠠ ᠬᠢᠵᠢᠭ ᠤᠨ ᠪᠠᠶᠢᠳᠠᠯ ᠤᠨ ᠲᠠᠭᠠᠷᠢᠯᠲᠠ ᠨᠢ ᠣᠯᠠᠨ ᠲᠦᠮᠡᠨ᠂ ᠢᠯᠠᠩᠭᠤᠶ᠎ᠠ

ᠬᠦᠴᠢᠷᠳᠡᠯᠲᠡᠶ ᠣᠯᠠᠨ ᠲᠦᠮᠡᠨ ᠤ ᠠᠵᠢᠯ ᠣᠯᠭᠤᠯᠲᠠ᠂ ᠠᠵᠤ᠂ ᠠᠮᠢᠳᠤᠷᠠᠯ ᠳᠤ ᠨᠡᠯᠢᠶᠡᠳ ᠶᠡᠭᠡ ᠨᠥᠯᠥᠭᠡ

ᠦᠵᠡᠭᠦᠯᠵᠦ ᠪᠠᠶᠢᠭ᠎ᠠ ᠪᠣᠯᠬᠤᠷ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ

ᠪᠠᠷᠢᠮᠲᠠᠯᠠᠨ᠂ ᠬᠢᠵᠠᠭᠠᠷᠲᠠᠶ ᠡᠳ᠋ ᠤᠨ ᠵᠠᠰᠠᠭ ᠤᠨ ᠪᠠᠯᠠ ᠮᠥᠩᠭᠦ ᠶᠢ ᠠᠷᠠᠳ ᠤᠨ ᠠᠮᠢᠳᠤᠷᠠᠯ ᠢ ᠪᠠᠲᠤᠯᠠᠨ

ᠰᠠᠶᠢᠵᠢᠷᠠᠭᠤᠯᠬᠤ ᠳᠤ ᠨᠠᠩ ᠢᠯᠡᠬᠦᠦ ᠵᠠᠷᠤᠴᠠᠭᠤᠯᠵᠤ᠂ ᠡᠯ᠎ᠡ ᠵᠦᠶᠯ ᠤᠨ ᠠᠷᠠᠳ ᠤᠨ ᠠᠮᠢᠳᠤᠷᠠᠯ ᠤᠨ ᠦᠶᠯᠡᠰ ᠤᠨ

ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠬᠡᠷᠡᠭᠲᠡᠶ᠃ ᠠᠵᠢᠯ ᠣᠯᠭᠤᠯᠲᠠ ᠶᠢᠨ ᠲᠦᠷᠦ ᠶᠢᠨ

ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠤᠯᠠᠨ

ᠠᠷᠭ᠎ᠠ ᠵᠠᠮ ᠢᠶᠠᠷ ᠦᠷᠬᠡᠳᠬᠡᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠣᠯᠪᠠᠰᠤᠷᠠᠯ ᠢ ᠴᠢᠩᠭᠠᠳᠬᠠᠵᠤ᠂

ᠶᠡᠭᠡ ᠰᠤᠷᠭᠠᠭᠤᠯᠢ ᠲᠡᠭᠦᠰᠦᠭᠰᠡᠨ ᠤᠶᠤᠲᠠᠳ᠂ ᠴᠡᠷᠢᠭ ᠠᠴᠠ ᠬᠠᠯᠠᠭᠳᠠᠭᠰᠠᠳ᠂ ᠠᠵᠢᠯ ᠤᠨ ᠪᠠᠶᠢᠷᠢ ᠠᠴᠠ ᠪᠠᠨ

ᠪᠠᠭᠤᠵᠤ ᠠᠵᠢᠯ ᠠᠯᠳᠠᠭᠰᠠᠳ᠂ ᠮᠠᠯᠵᠢᠬᠤ ᠣᠷᠣᠨ ᠠᠴᠠ ᠰᠢᠯᠵᠢᠭᠰᠡᠨ ᠬᠥᠳᠡᠯᠮᠦᠷᠢ ᠬᠦᠴᠦᠨ ᠵᠡᠷᠭᠡ

ᠭᠤᠣᠯᠳᠠᠯᠭ᠎ᠠ ᠲᠠᠢ ᠬᠦᠮᠤᠰ ᠲᠤ ᠠᠵᠢᠯ ᠣᠯᠭᠤᠬᠤ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ

ᠰᠢᠶᠳᠪᠦᠷᠢᠯᠡᠵᠦ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠡᠨ ᠨᠤᠷᠮ᠎ᠠ ᠶᠢ 4.5%᠎ ᠶᠢᠨ

ᠳᠣᠲᠣᠷ᠎ᠠ ᠬᠢᠵᠠᠭᠠᠷᠯᠠᠬᠤ ᠶᠢ ᠦᠨᠡᠡᠬᠦ ᠪᠠᠳᠤᠯᠠᠵᠤ᠂ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠴᠢᠩᠭᠠᠳᠬᠠᠵᠤ᠂

ᠨᠡᠶᠢᠭᠡᠮ ᠤᠨ ᠳᠠᠭᠠᠳᠬᠠᠯ ᠢ ᠲᠡᠭᠦᠯᠳᠡᠷᠵᠢᠭᠦᠯᠬᠦ ᠪᠠᠷ ᠭᠤᠣᠯ ᠪᠣᠯᠭᠠᠬᠤ ᠬᠡᠷᠡᠭᠲᠡᠶ

     ᠨᠢᠭᠡ ᠳᠤ᠂ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠢ

ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ

ᠠᠮᠢᠳᠤᠷᠠᠯ ᠪᠤᠯᠬᠤᠷ᠂ ᠠᠵᠤ ᠠᠬᠤᠶ ᠶᠢᠨ ᠬᠥᠭᠵᠢᠯᠲᠡ ᠪᠠᠷ ᠠᠵᠢᠯ ᠣᠯᠭᠤᠯᠲᠠ ᠶᠢᠨ ᠤᠳᠤᠷᠢᠳᠤᠮᠵᠢ ᠶᠢ

ᠪᠠᠷᠢᠮᠲᠠᠯᠠᠵᠤ᠂ ︽ᠣᠯᠠᠨ ᠨᠡᠶᠢᠲᠡ ᠪᠠᠷ ᠢᠶᠠᠨ ᠡᠭᠦᠳᠦᠨ ᠪᠦᠲᠦᠭᠡᠬᠦ᠂ ᠨᠡᠶᠢᠭᠡᠮ ᠤᠨ ᠠᠪᠤᠷᠠᠨ ᠲᠤᠰᠠᠯᠠᠯᠲᠠ ᠪᠠᠷ

ᠦᠨᠳᠦᠰᠦᠨ ᠵᠦᠢᠯ ᠢ ᠪᠠᠲᠤᠯᠠᠬᠤ᠂ ᠨᠡᠶᠢᠭᠡᠮ ᠤᠨ ᠠᠰᠠᠷᠠᠮᠵᠢ ᠪᠠᠷ ᠨᠥᠬᠦᠪᠥᠷᠢ ᠪᠣᠯᠭᠠᠬᠤ ᠣᠯᠠᠨ ᠳᠡᠰ

ᠳᠠᠪᠬᠤᠷᠭ᠎ᠠ ᠶᠢᠨ ᠪᠠᠲᠤᠯᠠᠭ᠎ᠠ ᠶᠢᠨ ᠲᠤᠭᠳᠠᠯᠴᠠᠭ᠎ᠠ ᠶᠢ ᠭᠦᠨᠵᠡᠭᠡᠶ ᠬᠡᠷᠡᠭᠵᠢᠭᠦᠯᠵᠦ᠂ ᠪᠥᠬᠦ ᠠᠷᠠᠳ ᠢᠶᠠᠷ ᠢᠶᠠᠨ

ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ᠂

ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠲᠤᠭᠳᠠᠯᠴᠠᠭ᠎ᠠ ᠶᠢ ᠬᠦᠴᠦᠯᠡᠨ ᠲᠡᠭᠦᠯᠳᠡᠷᠵᠢᠭᠦᠯᠵᠦ᠂

ᠨᠠᠰᠤᠲᠠᠶᠢᠴᠤᠳ ᠢ ᠲᠡᠳᠬᠦᠬᠦ᠂ ᠵᠡᠮᠳᠡᠭᠴᠦᠳ ᠢ ᠲᠤᠰᠠᠯᠠᠬᠤ᠂ ᠥᠨᠥᠴᠢᠨ ᠬᠡᠤᠬᠡᠳ ᠢ ᠠᠪᠤᠷᠠᠬᠤ᠂ ᠠᠰᠠᠷᠠᠨ

ᠬᠠᠷᠠᠭᠠᠯᠵᠠᠬᠤ ᠵᠡᠷᠭᠡ ᠠᠰᠠᠷᠠᠮᠵᠢ ᠶᠢᠨ ᠦᠶᠯᠡᠰ ᠤᠨ ᠬᠥᠭᠵᠢᠯᠲᠡ ᠶᠢ ᠨᠢᠭᠡᠳᠦᠯᠲᠡᠶ ᠲᠦᠯᠤᠪᠵᠢᠬᠦᠯᠤᠨ ᠠᠬᠢᠭᠤᠯᠵᠤ᠂

ᠨᠡᠶᠢᠭᠡᠮ ᠤᠨ ᠳᠠᠭᠠᠳᠬᠠᠯ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠵᠢᠯᠯᠠᠭᠠᠨ ᠤ ᠬᠢᠨᠠᠯᠲᠠ

ᠪᠠᠶᠢᠴᠠᠭᠠᠯᠲᠠ ᠪᠠ ᠲᠤᠰᠬᠠᠶ ᠵᠦᠶᠯ ᠤᠨ ᠬᠢᠨᠠᠨ ᠪᠤᠳᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠳᠠᠭᠠᠳᠬᠠᠯ

ᠮᠡᠬᠡᠯᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠪᠠᠲᠤᠯᠠᠭ᠎ᠠ ᠶᠢᠨ ᠶᠠᠰᠤ ᠴᠢᠨᠠᠷ ᠢ ᠤᠯᠠᠮ ᠨᠢᠭᠡ

ᠠᠯᠬᠤᠮ ᠳᠡᠭᠡᠭᠰᠢᠯᠡᠭᠦᠯᠦᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠮᠤᠷ ᠲᠦᠪᠰᠢᠨ ᠦᠨᠡᠡᠬᠦ ᠪᠠᠳᠤᠯᠠᠬᠤ

ᠬᠡᠷᠡᠭᠳᠡᠢ᠃

     ᠬᠤᠶᠠᠷ ᠲᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠯᠠᠪᠳᠠᠭᠤᠨ ᠢᠶᠠᠷ ᠲᠡᠬᠡᠭᠰᠢᠯᠡᠬᠦᠯᠬᠦ

ᠬᠡᠷᠡᠭᠳᠡᠢ᠃ ᠤᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠪᠣᠯ ᠠᠷᠠᠳ ᠤᠯᠠᠨ ᠤ ᠰᠠᠶᠢᠨ ᠰᠠᠶᠢᠬᠠᠨ

ᠠᠮᠢᠳᠤᠷᠠᠯ ᠤᠨ ᠬᠡᠷᠡᠭᠴᠡᠭᠡ ᠶᠢ ᠨᠥᠯᠥᠭᠡᠯᠡᠬᠦ ᠵᠠᠩᠭᠢᠯᠠᠭ᠎ᠠ ᠶᠢᠨ ᠡᠯᠧᠮᠧᠨ᠋ᠲ ᠪᠤᠯᠬᠤᠷ᠂ ᠡᠷᠬᠡᠪᠰᠢ ᠲᠦᠷᠭᠡᠨ

ᠨᠥᠬᠦᠪᠥᠷᠢᠯᠡᠬᠦ ᠬᠡᠷᠡᠭᠲᠡᠢ᠃ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ

ᠪᠠᠷᠢᠮᠲᠠᠯᠠᠵᠤ᠂ ᠬᠢᠴᠢᠶᠡᠯ ᠤᠨ ᠪᠠᠷᠢᠮᠵᠢᠶ᠎ᠠ ᠳᠤ ᠰᠠᠭᠤᠷᠢᠯᠠᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ

ᠶᠠᠰᠤ ᠴᠢᠨᠠᠷ ᠢ ᠳᠡᠭᠡᠭᠰᠢᠯᠡᠭᠦᠯᠬᠦ ᠲᠥᠷᠥᠯ ᠵᠦᠢᠯ ᠪᠠ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ

ᠲᠠᠩᠬᠢᠮ ᠤᠨ ᠵᠢᠭᠠᠨ ᠰᠤᠷᠭᠠᠯᠲᠠ ᠶᠢᠨ ᠦᠬᠡᠷᠡᠴᠢᠯᠡᠯᠳᠡ ᠶᠢ ᠬᠦᠡᠵᠡᠬᠡᠢ ᠬᠡᠷᠡᠭᠵᠢᠬᠦᠯᠵᠤ᠂ ᠮᠣᠩᠭᠤᠯ

ᠦᠨᠳᠦᠰᠦᠲᠡᠨ ᠤ ᠬᠡᠤᠬᠡᠳ ᠤᠨ ᠴᠡᠴᠡᠷᠯᠢᠭ ᠤᠨ ᠰᠢᠨ᠎ᠡ ᠠᠰᠠᠷ ᠪᠠ ᠨᠢᠭᠡᠳᠦᠭᠡᠷ ᠳᠤᠮᠳᠠᠳᠤ ᠰᠤᠷᠭᠠᠭᠤᠯᠢ ᠶᠢᠨ

ᠭᠡᠷᠡᠯᠲᠦᠭᠦᠯᠭᠡ ᠶᠢᠨ ᠢᠨᠵᠧᠨᠧᠷᠢᠩ ᠢ ᠲᠦᠷᠭᠡᠳᠬᠡᠨ ᠪᠡᠶᠡᠯᠡᠭᠦᠯᠵᠦ᠂ ︽ᠵᠢᠷᠭᠤᠭᠠᠨ ᠡᠩᠨᠡᠭᠡ︾᠎ ᠶᠢᠨ

ᠪᠠᠶᠢᠭᠤᠯᠤᠯᠲᠠ ᠶᠢ ᠴᠢᠩᠭᠠᠳᠬᠠᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ

ᠬᠥᠭᠵᠢᠯᠲᠡ ᠪᠠ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ᠪᠥᠬᠦ

ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠠᠩ ᠰᠢᠯᠢᠳᠡᠭ ᠰᠤᠷᠭᠠᠨ ᠬᠥᠮᠦᠵᠢᠯ ᠤᠨ

ᠦᠶᠯᠡᠴᠢᠯᠡᠭᠡ ᠬᠦᠷᠲᠡᠭᠡᠬᠦ ᠪᠠᠷ ᠴᠢᠷᠮᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠦᠭᠡ

ᠬᠡᠯᠡ ᠦᠰᠦᠭ ᠪᠢᠴᠢᠭ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ ᠢ ᠦᠨᠡᠨᠬᠦ

ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠥᠪ ᠲᠠᠯ᠎ᠠ ᠶᠢᠨ ᠤᠬᠠᠭᠤᠯᠭ᠎ᠠ᠂ ᠶᠠᠷᠢᠶ᠎ᠠ ᠬᠡᠯᠡᠯᠴᠡᠭᠡᠨ ᠤ ᠪᠠᠶᠢᠳᠠᠯ ᠢ

ᠬᠠᠮᠢᠶᠠᠷᠤᠨ ᠡᠵᠡᠮᠳᠡᠬᠦ᠂ ᠨᠡᠶᠢᠭᠡᠮ ᠤᠨ ᠬᠠᠮᠢᠶᠠᠷᠤᠨ ᠡᠵᠡᠮᠳᠡᠬᠦ ᠵᠢᠴᠢ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ

ᠨᠢᠭᠡᠳᠦᠯᠲᠡᠶ ᠲᠦᠯᠤᠪᠵᠢᠬᠦᠯᠵᠤ᠂ ᠡᠨᠡ ᠵᠢᠯ ᠤᠨ ᠨᠠᠮᠤᠷ ᠤᠨ ᠤᠯᠠᠷᠢᠯ ᠦᠨᠳᠦᠰᠦᠲᠡᠨ ᠤ ᠬᠡᠯᠡ ᠪᠠᠷ ᠬᠢᠴᠢᠶᠡᠯᠯᠡᠬᠦ

ᠪᠠᠭ᠎ᠠ ᠰᠤᠷᠭᠠᠭᠤᠯᠢ ᠶᠢᠨ ᠨᠢᠭᠡ ᠬᠤᠶᠠᠷᠳᠣᠭᠠᠷ ᠣᠨ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡ

ᠬᠤᠶᠠᠳᠤᠭᠠᠷ ᠣᠨ ᠳᠤ ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠨᠡᠶᠢᠳᠡᠮ

ᠬᠡᠷᠡᠭᠯᠡᠬᠦ ᠶᠢᠨ ᠬᠠᠮᠲᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠵᠢᠭᠠᠨ ᠰᠤᠷᠭᠠᠬᠤ ᠶᠢ

ᠦᠨᠡᠨᠬᠦ ᠪᠠᠲᠤᠯᠠᠨ᠎ᠠ᠃ ︽ᠡᠷᠡᠭᠦᠯ ᠮᠡᠨᠳᠦ ᠠᠪᠠᠭ᠎ᠠ︾᠎ ᠶᠢᠨ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ

ᠬᠡᠷᠡᠭᠵᠢᠭᠦᠯᠵᠦ᠂ ᠭᠤᠷᠪᠠᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠤᠭᠳᠠᠯᠴᠠᠭ᠎ᠠ ᠶᠢ

ᠪᠠᠬᠢᠵᠢᠭᠦᠯᠵᠦ᠂ ᠬᠤᠰᠢᠭᠤ ᠲᠠᠰ ᠤᠨ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ ᠪᠠᠷᠢᠮᠵᠢᠶᠠᠵᠢᠭᠰᠠᠨ

ᠬᠠᠯᠠᠭᠤᠷᠠᠬᠤ ᠶᠢ ᠪᠠᠶᠢᠴᠠᠭᠠᠬᠤ ᠡᠭᠦᠳᠡᠨ ᠡᠮᠨᠡᠯᠭᠡ᠂ ᠬᠤᠰᠢᠭᠤᠨ ᠡᠮᠨᠡᠯᠭᠡ ᠶᠢᠨ ᠬᠤᠷᠢᠶ᠎ᠠ ᠶᠢᠨ ᠰᠢᠯᠭᠠᠨ ᠪᠠᠶᠢᠴᠠᠭᠠᠵᠤ

ᠡᠪᠡᠳᠴᠢᠨ ᠤ ᠵᠦᠶ ᠶᠢᠨ ᠲᠥᠪ᠂ ᠬᠠᠯᠳᠠᠪᠤᠷᠢᠲᠤ ᠡᠪᠡᠳᠴᠢᠨ ᠤ ᠲᠤᠭᠤᠷᠢᠭ ᠪᠠ ᠮᠣᠩᠭᠤᠯ ᠡᠮᠨᠡᠯᠭᠡ ᠶᠢᠨ

ᠬᠤᠷᠢᠶ᠎ᠠ ᠶᠢᠨ ᠬᠤᠳᠣᠭᠤᠳᠣ ᠭᠡᠳᠡᠰᠦᠨ ᠤ ᠳᠤᠷᠠᠨ ᠤ ᠲᠠᠰᠤᠭ᠂ ᠤᠯᠤᠰ ᠤᠨ ᠬᠤᠯᠤᠭᠠᠨ᠎ᠠ ᠬᠢᠵᠢᠭ ᠢ ᠬᠢᠨᠠᠨ ᠬᠡᠮᠵᠢᠬᠦ

ᠴᠡᠭ ᠤᠨ ᠬᠡᠭᠡᠷ᠎ᠡ ᠶᠢᠨ ᠲᠤᠷᠰᠢᠯᠲᠠ ᠶᠢᠨ ᠲᠠᠰᠤᠭ ᠵᠡᠷᠭᠡ ᠡᠮ ᠡᠮᠨᠡᠯᠭᠡ ᠡᠷᠡᠭᠦᠯ ᠬᠠᠮᠠᠭᠠᠯᠠᠯ ᠤᠨ ᠰᠠᠭᠤᠷᠢ

ᠡᠮᠴᠢᠯᠡᠭᠡᠨ ᠤ ᠠᠪᠤᠷᠠᠨ ᠵᠠᠰᠠᠬᠤ ᠪᠠ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠪᠦᠬᠦ ᠲᠠᠯ᠎ᠠ ᠪᠠᠷ

ᠳᠡᠭᠡᠭᠰᠢᠯᠡᠭᠦᠯᠵᠦ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ᠂ ᠬᠤᠯᠤᠭᠠᠨ᠎ᠠ ᠶᠢᠨ ᠬᠢᠵᠢᠭ᠂ ᠰᠦᠷᠢᠶ᠎ᠡ ᠡᠪᠡᠳᠴᠢᠨ

᠂ ᠪᠷᠦ᠋ᠼᠧᠯ ᠡᠪᠡᠳᠴᠢᠨ᠂ ᠠᠶᠢᠽ ᠡᠪᠡᠳᠴᠢᠨ ᠵᠡᠷᠭᠡ ᠬᠠᠯᠳᠠᠪᠤᠷᠢᠲᠤ ᠡᠪᠡᠳᠴᠢᠨ ᠪᠠ ᠣᠷᠣᠨ ᠨᠤᠲᠤᠭ ᠤᠨ

ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠵᠤ᠂ ᠠᠷᠠᠳ

ᠤᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠡᠬᠦ ᠰᠠᠶᠢᠲᠤᠷ

ᠬᠠᠮᠠᠭᠠᠯᠠᠬᠤ ᠬᠡᠷᠡᠭᠳᠡᠢ᠃ ᠦᠨᠳᠦᠰᠦᠲᠡᠨ ᠤ ᠰᠣᠶᠣᠯ ᠤᠨ ᠬᠦᠴᠦᠷᠬᠡᠭ ᠬᠤᠰᠢᠭᠤᠨ ᠤ ᠪᠠᠶᠢᠭᠤᠯᠤᠯᠲᠠ ᠶᠢ

ᠲᠦᠷᠭᠡᠳᠬᠡᠵᠦ᠂ ᠤᠯᠠᠭᠠᠨᠮᠥ᠋ᠴᠢᠷ ᠤᠨ ᠦᠶᠯᠡᠰ ᠤᠨ ᠥᠷᠨᠢᠩᠭᠦᠶ ᠬᠥᠭᠵᠢᠯᠲᠡ ᠶᠢ ᠠᠬᠢᠭᠤᠯᠤᠨ᠂ ᠣᠯᠠᠨ

ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ ᠲᠤᠭᠳᠠᠯᠴᠠᠭ᠎ᠠ ᠶᠢ ᠲᠡᠭᠦᠯᠳᠡᠷᠵᠢᠭᠦᠯᠵᠦ᠂ ᠰᠤᠮᠤ ᠪᠠᠯᠭᠠᠰᠤᠨ ᠤ

ᠨᠣᠮ ᠤᠨ ᠰᠠᠩ᠂ ᠰᠣᠶᠣᠯ ᠤᠨ ᠣᠷᠳᠣᠨ ᠤ ᠪᠠᠶᠢᠭᠤᠯᠤᠯᠲᠠ ᠶᠢ ᠠᠬᠢᠭᠤᠯᠤᠨ᠂ ᠲᠡᠤᠬᠡ ᠶᠢᠨ ᠳᠤᠷᠠᠰᠬᠠᠯᠲᠤ

ᠵᠦᠶᠯᠡᠰ ᠤᠨ ᠬᠠᠮᠠᠭᠠᠯᠠᠯᠲᠠ ᠪᠠ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠶᠢ

ᠴᠢᠩᠭᠠᠳᠬᠠᠵᠤ᠂ ᠰᠣᠶᠣᠯ ᠤᠷᠠᠯᠢᠭ ᠤᠨ ᠰᠣᠳᠣᠨ ᠪᠦᠲᠦᠭᠡᠯ ᠢ ᠢᠳᠡᠪᠬᠢᠲᠡᠶ ᠪᠣᠶ ᠪᠣᠯᠭᠠᠵᠤ᠂ ᠪᠥᠬᠦ ᠠᠷᠠᠳ ᠤᠨ

ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠥᠷᠭᠡᠨ ᠢᠶᠠᠷ ᠥᠷᠨᠢᠭᠦᠯᠵᠦ᠂ ᠬᠤᠲᠠ ᠬᠥᠳᠡᠭᠡ ᠶᠢ ᠬᠠᠮᠤᠷᠤᠭᠰᠠᠨ ᠣᠯᠠᠨ

ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ ᠲᠤᠭᠳᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ᠃

     ᠭᠤᠷᠪᠠ ᠳᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠬᠦᠴᠦᠨ ᠢᠶᠠᠷ ᠢᠶᠠᠨ ᠰᠡᠷᠭᠡᠶᠢᠯᠡᠨ

ᠠᠷᠢᠯᠭᠠᠬᠤ ᠬᠡᠷᠡᠭᠲᠡᠢ᠃ ︽ᠬᠤᠶᠠᠷ ᠶᠡᠭᠡ ᠲᠠᠯ᠎ᠠ︾ ︵ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ

ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ᠂ ᠳᠡᠯᠡᠬᠡᠶ ᠶᠢᠨ ᠵᠠᠭᠤᠨ ᠵᠢᠯ ᠳᠤ ᠭᠠᠷᠤᠭ᠎ᠠ ᠦᠭᠡᠢ ᠶᠡᠭᠡ

ᠬᠤᠪᠢᠷᠠᠯᠲᠠ︶᠎ ᠶᠢᠨ ᠠᠬᠤᠶ ᠪᠠᠶᠢᠳᠠᠯ ᠤᠨ ᠳᠣᠣᠷ᠎ᠠ᠂ ᠪᠢᠳᠡᠨ ᠳᠤ ᠲᠤᠯᠭᠠᠷᠠᠵᠤ ᠪᠠᠶᠢᠭ᠎ᠠ ᠡᠯ᠎ᠡ ᠵᠦᠢᠯ ᠤᠨ ᠠᠶᠤᠯ

ᠲᠦᠭᠰᠢᠭᠦᠷᠢ ᠶᠢᠨ ᠬᠦᠴᠦᠨ ᠵᠦᠢᠯ ᠢᠯᠡᠳᠲᠡ ᠨᠡᠮᠡᠭᠳᠡᠵᠦ᠂ ᠡᠯ᠎ᠡ ᠵᠦᠢᠯ ᠤᠨ ᠵᠥᠷᠢᠴᠡᠯ ᠪᠠ ᠠᠰᠠᠭᠤᠳᠠᠯ ᠬᠠᠷᠢᠯᠴᠠᠨ

ᠰᠣᠯᠪᠢᠴᠠᠵᠤ᠂ ᠰᠡᠷᠭᠡᠶᠢᠯᠡᠨ ᠰᠢᠶᠳᠪᠦᠷᠢᠯᠡᠬᠦ ᠳᠡᠭᠡᠨ ᠵᠢᠭᠠᠬᠠᠨ ᠰᠠᠷᠠᠮᠵᠢᠯᠡᠬᠦ ᠦᠭᠡᠢ ᠪᠣᠯ ᠬᠦᠡᠳᠤ ᠶᠡᠭᠡ ᠨᠥᠯᠥᠭᠡ ᠪᠠ

ᠬᠦᠨᠳᠦ ᠨᠣᠴᠢᠲᠠᠶ ᠦᠷ᠎ᠡ ᠳ᠋ᠦᠡᠭ ᠤᠴᠠᠷᠠᠭᠤᠯᠬᠤ ᠪᠤᠯᠬᠤᠷ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ

ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠡᠷᠬᠡᠪᠰᠢ ᠤᠯᠤᠰ ᠤᠨ ᠶᠡᠷᠦᠩᠬᠡᠶ ᠠᠮᠤᠷ ᠲᠦᠪᠰᠢᠨ ᠤ

ᠦᠵᠡᠯᠲᠡ ᠶᠢ ᠪᠠᠲᠤ ᠪᠠᠬᠢ ᠪᠤᠶ ᠪᠣᠯᠭᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ

ᠢᠮᠠᠭᠲᠠ ᠳᠤᠪᠤᠶᠢᠮ᠎ᠠ ᠪᠠᠶᠢᠷᠢᠨ ᠳᠤ ᠲᠠᠯᠪᠢᠵᠤ᠂ ᠠᠮᠤᠷ ᠲᠦᠪᠰᠢᠨ ᠢᠶᠠᠷ ᠬᠥᠭᠵᠢᠭᠦᠯᠬᠦ ᠦᠨᠡᠡᠬᠦ  ᠴᠢᠩᠭᠠᠷᠠᠭᠤᠯᠵᠤ᠂

ᠤᠯᠤᠰ ᠲᠦᠷᠦ᠂ ᠠᠵᠤ ᠠᠬᠤᠢ᠂ ᠨᠡᠶᠢᠭᠡᠮ᠂ ᠦᠵᠡᠯ ᠤᠬᠠᠮᠰᠠᠷ ᠤᠨ ᠬᠡᠯᠪᠡᠷᠢ ᠵᠡᠷᠭᠡ ᠨᠠᠢᠮᠠᠨ ᠬᠦᠷᠢᠶ᠎ᠠ

ᠬᠡᠪᠴᠢᠶᠠᠨ ᠤ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠨᠠᠮᠳᠠᠭᠠᠬᠤ ᠠᠵᠢᠯ ᠢ ᠨᠢᠭᠡᠳᠦᠯᠲᠡᠢ

ᠲᠥᠯᠥᠪᠵᠢᠭᠦᠯᠦᠨ ᠰᠠᠶᠢᠲᠤᠷ ᠠᠳᠬᠤᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ

ᠲᠣᠭᠲᠠᠭᠤᠨ ᠤ ᠬᠠᠯᠬᠠᠪᠴᠢ ᠶᠢ ᠪᠠᠶᠢᠭᠤᠯᠬᠤ ᠡᠭᠦᠷᠭᠡ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠬᠡᠵᠦ᠂

ᠴᠢᠨᠠᠷ ᠰᠠᠶᠢᠲᠠᠢ ᠬᠥᠭᠵᠢᠯᠲᠡ ᠪᠣᠯᠤᠨ ᠠᠮᠤᠷ ᠲᠤᠭᠳᠠᠭᠤᠨ ᠢ ᠪᠠᠳᠤᠯᠠᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃

ᠰᠢᠨ᠎ᠡ ᠲᠢᠳᠢᠮᠯᠢᠭ ᠠᠭᠤᠰᠬᠢᠨ ᠦᠷᠪᠢᠰᠤᠯ᠂ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ

ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠠᠳᠬᠤᠵᠤ᠂ ︽ᠳᠥᠷᠪᠡᠨ

ᠲᠠᠯ᠎ᠠ ᠶᠢᠨ ᠬᠠᠷᠢᠭᠤᠴᠠᠯᠭ᠎ᠠ︾᠎ ᠶᠢ ᠴᠢᠩᠭ᠎ᠠ ᠠᠳᠬᠤᠵᠤ᠂ ︽ᠳᠥᠷᠪᠡᠨ ᠡᠷᠳᠡ︾᠎ ᠶᠢᠨ ᠱᠠᠭᠠᠷᠳᠠᠯᠭ᠎ᠠ ᠶᠢ ᠴᠢᠩᠭ᠎ᠠ

ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠥᠬᠦ

ᠲᠠᠯ᠎ᠠ ᠪᠠᠷ ᠪᠠᠬᠢᠵᠢᠭᠦᠯᠦᠨ᠎ᠡ᠃ ᠳᠠᠶᠢᠰᠤᠩᠨᠠᠭᠴᠢ ᠬᠦᠴᠦᠨ ᠤ ᠨᠡᠪᠴᠢᠯᠲᠡ ᠡᠪᠳᠡᠯᠡᠭᠡ ᠶᠢᠨ ᠠᠵᠢᠯᠯᠠᠭ᠎ᠠ ᠶᠢ ᠴᠢᠩᠭ᠎ᠠ

ᠰᠡᠷᠭᠡᠶᠢᠯᠡᠵᠦ᠂ ᠡᠯ᠎ᠡ ᠲᠥᠷᠥᠯ ᠤᠨ ᠲᠦᠭᠰᠢᠭᠦᠷᠢ ᠶᠢᠨ ᠤᠯᠤᠰ ᠲᠥᠷᠥ ᠶᠢᠨ ᠠᠮᠤᠷ ᠲᠦᠪᠰᠢᠨ ᠢ ᠨᠦᠯᠤᠬᠡᠯᠡᠬᠦ ᠶᠢ

ᠴᠢᠩᠭ᠎ᠠ ᠰᠡᠷᠭᠡᠶᠢᠯᠡᠵᠦ᠂ ᠢᠯᠠᠩᠭᠤᠶ᠎ᠠ ᠦᠨᠳᠦᠰᠦᠲᠡᠨ ᠤ ᠪᠦᠯᠬᠦᠮᠳᠡᠯ ᠢ ᠨᠥᠯᠥᠭᠡᠯᠡᠬᠦ ᠠᠯᠢᠪᠠ  ᠡᠬᠢ ᠡᠬᠦᠰᠤᠯ ᠤᠨ

ᠴᠢᠨᠠᠷᠲᠠᠶ ᠠᠰᠠᠭᠤᠳᠠᠯ ᠪᠠ ᠨᠢᠭᠤᠭᠳᠠᠮᠠᠯ ᠴᠢᠨᠠᠷᠲᠠᠶ ᠲᠦᠭᠰᠢᠭᠦᠷᠢ ᠶᠢ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ

ᠪᠣᠯᠭᠠᠨ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠨᠠᠮ ᠤᠨ ᠱᠠᠰᠢᠨ ᠰᠤᠷᠲᠠᠬᠤᠨ ᠤ

ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ

ᠦᠰᠦᠭ ᠪᠢᠴᠢᠭ ᠤᠨ ᠬᠥᠮᠦᠵᠢᠯ ᠢ ᠡᠷᠡᠰ ᠭᠤᠶᠢᠪᠢᠰᠢ ᠦᠭᠡᠢ ᠪᠠᠷ ᠬᠡᠷᠡᠭᠵᠢᠭᠦᠯᠵᠦ᠂ ᠦᠨᠳᠦᠰᠦᠲᠡᠨ ᠤ ᠠᠵᠢᠯ ᠢ

ᠲᠠᠰᠤᠷᠠᠯᠲᠠ ᠦᠭᠡᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠶ᠃ ᠡᠷᠡᠰ ᠪᠠᠲᠤ᠂ ᠡᠵᠡᠮᠳᠡᠵᠦ ᠪᠣᠯᠬᠤ᠂ ᠡᠮᠬᠢ

ᠵᠢᠷᠤᠮ ᠲᠠᠢ᠂ ᠲᠣᠬᠢᠷᠠᠮᠵᠢᠲᠠᠶ ᠪᠠᠶᠢᠬᠤ ᠱᠠᠭᠠᠷᠳᠠᠯᠭ᠎ᠠ ᠶᠣᠰᠣᠭᠠᠷ᠂ ᠵᠠᠰᠠᠭ ᠤᠨ ᠣᠷᠳᠣᠨ ᠤ ᠲᠠᠯᠳᠠ ᠥᠷᠢ

ᠥᠭᠴᠡᠭᠡ ᠶᠢ ᠴᠠᠶᠢᠷᠠᠭᠤᠯᠬᠤ ᠡᠷᠴᠢᠮ ᠢ ᠦᠨᠡᠡᠬᠦ ᠴᠢᠩᠭᠠᠷᠠᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂

ᠳᠤᠮᠳᠠ ᠵᠢᠵᠢᠭ ᠠᠵᠤ ᠠᠬᠤᠶᠢᠯᠠᠯ ᠤᠨ ᠦᠷᠢ ᠦᠭᠴᠡᠭᠡ ᠶᠢ ᠴᠠᠶᠢᠷᠠᠭᠤᠯᠬᠤ ᠠᠵᠢᠯ ᠢ ᠪᠦᠬᠦ ᠲᠠᠯ᠎ᠠ ᠪᠠᠷ

ᠪᠡᠶᠡᠯᠡᠭᠦᠯᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢᠨ ᠲᠡᠰ ᠢ ᠦᠷᠭᠦᠯᠵᠢᠯᠡᠨ

ᠪᠠᠭᠤᠷᠠᠭᠤᠯᠬᠤ ᠬᠡᠷᠡᠭᠲᠡᠶ᠃ ᠨᠡᠶᠢᠭᠡᠮ ᠤᠨ ᠵᠠᠰᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠶᠢᠭᠡᠮ ᠤᠨ ᠵᠥᠷᠢᠴᠡᠯ

ᠵᠢᠭᠤᠷᠭᠠᠨ ᠢ ᠪᠠᠶᠢᠴᠠᠭᠠᠨ ᠨᠠᠮᠳᠠᠭᠠᠬᠤ ᠡᠷᠴᠢᠮ ᠢ ᠴᠢᠩᠭᠠᠷᠠᠭᠤᠯᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ

ᠬᠠᠮᠠᠭᠠᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃  ︽ᠲᠠᠪᠤ ᠶᠢ ᠠᠭᠤᠰᠤᠯᠴᠠᠭᠤᠯᠤᠨ ᠳᠥᠷᠪᠡ ᠶᠢ

ᠠᠬᠢᠭᠤᠯᠬᠤ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠶᠡᠷᠦᠩᠬᠡᠶᠢᠯᠡᠭᠰᠡᠨ ᠰᠡᠷᠭᠡᠶᠢᠯᠡᠯᠲᠡ᠂ ᠪᠠᠴᠢᠮ

ᠪᠠᠶᠢᠳᠠᠯ ᠢ ᠠᠷᠭᠠᠴᠠᠨ ᠰᠢᠶᠳᠪᠦᠷᠢᠯᠡᠬᠦ ᠴᠢᠳᠠᠪᠤᠷᠢ ᠶᠢ ᠴᠢᠩᠭᠠᠳᠬᠠᠵᠤ᠂ ᠬᠢᠯᠢ ᠬᠢᠵᠠᠭᠠᠷ ᠢ ᠬᠠᠮᠢᠶᠠᠷᠤᠨ ᠡᠵᠡᠮᠳᠡᠬᠦ

ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠣᠶᠢᠯᠠᠭᠠᠭᠳᠠᠬᠤᠨ ᠪᠣᠯᠤᠨ ᠤᠯᠠᠭᠠᠨ

ᠱᠤᠭᠤᠮ ᠤᠨ ᠤᠬᠠᠮᠰᠠᠷ ᠢ ᠴᠢᠩᠭᠠᠳᠬᠠᠵᠤ᠂ ᠭᠠᠯ ᠤᠨᠲᠠᠷᠠᠭᠠᠬᠤ᠂ ᠵᠠᠮ ᠬᠠᠷᠢᠯᠴᠠᠭ᠎ᠠ᠂ ᠢᠳᠡᠭᠡᠨ ᠪᠠ ᠡᠮ ᠤᠨ

ᠵᠦᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂

ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃

       ︵ᠲᠠᠪᠤ︶ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠦᠨᠳᠦᠰᠦᠨ ᠱᠠᠳᠤ ᠲᠡᠰᠢ ᠥᠷᠭᠡᠳᠬᠡᠬᠦ ᠶᠢ

ᠬᠦᠴᠦᠯᠡᠨ ᠠᠬᠢᠭᠤᠯᠬᠤ ᠬᠡᠷᠡᠭᠳᠡᠢ᠃ ᠨᠠᠮ ᠠᠴᠠ ᠨᠠᠮ ᠢ ᠬᠠᠮᠢᠶᠠᠷᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ

ᠪᠠᠷᠢᠮᠲᠠᠯᠠᠬᠤ ᠪᠣᠯ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠦᠨᠳᠦᠰᠦᠨ ᠪᠠᠲᠤᠯᠠᠭ᠎ᠠ ᠮᠥᠨ᠃

ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠪᠠᠶᠢᠭᠤᠯᠤᠯᠲᠠ ᠶᠢᠨ ᠴᠢᠨᠠᠷ

ᠴᠢᠨᠰᠠᠭ᠎ᠠ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ

ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠨᠠᠮ ᠤᠨ

ᠪᠠᠶᠢᠭᠤᠯᠤᠯᠲᠠ ᠶᠢ ᠦᠨᠡᠡᠬᠦ ᠨᠠᠩ ᠪᠠᠲᠤ ᠴᠢᠩᠭ᠎ᠠ ᠬᠦᠴᠦᠨ ᠲᠠᠢ ᠪᠣᠯᠭᠠᠬᠤ ᠬᠡᠷᠡᠭᠲᠡᠶ᠃

      ᠨᠢᠭᠡ ᠳᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠶ᠃

ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠣᠯ ᠨᠠᠮ ᠤᠨ ᠦᠨᠳᠦᠰᠦᠨ ᠴᠢᠨᠠᠷᠲᠠᠢ ᠪᠠᠶᠢᠭᠤᠯᠤᠯᠲᠠ ᠮᠥᠨ᠂

ᠲᠡᠷᠡ ᠨᠢ ᠨᠠᠮ ᠤᠨ ᠪᠠᠶᠢᠭᠤᠯᠤᠯᠲᠠ ᠶᠢᠨ ᠴᠢᠭᠯᠡᠯ ᠪᠠ ᠦᠷ᠎ᠡ ᠪᠦᠲᠦᠮᠵᠢ ᠶᠢ ᠲᠣᠭᠲᠠᠭᠠᠵᠤ ᠪᠠᠶᠢᠭ᠎ᠠ ᠪᠤᠯᠬᠤᠷ ᠡᠯ᠎ᠡ

ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ

ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠠ

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠠᠵᠢᠯ ᠤᠨ

ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ

ᠲᠦᠷᠦ ᠶᠢᠨ ᠠᠮᠢᠳᠤᠷᠠᠯ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠨᠠᠮ ᠤᠨ ᠤᠯᠤᠰ ᠲᠦᠷᠦ ᠶᠢᠨ ᠰᠠᠬᠢᠯᠭ᠎ᠠ

ᠪᠠᠲᠤ ᠪᠠ ᠤᠯᠤᠰ ᠲᠦᠷᠦ ᠶᠢᠨ ᠰᠠᠬᠢᠯᠭ᠎ᠠ ᠲᠦᠷᠢᠮ ᠢ ᠴᠢᠩᠭᠠᠳᠬᠠᠵᠤ᠂ ᠤᠯᠤᠰ ᠲᠦᠷᠦ ᠶᠢᠨ ᠮᠠᠭᠠᠳᠯᠠᠬᠤ

ᠴᠢᠳᠠᠪᠤᠷᠢ᠂ ᠤᠯᠤᠰ ᠲᠦᠷᠦ ᠶᠢᠨ ᠲᠠᠶᠢᠴᠢᠯᠠᠨ ᠳᠠᠭᠠᠭᠤᠯᠬᠤ ᠴᠢᠳᠠᠪᠤᠷᠢ ᠪᠠ ᠤᠯᠤᠰ ᠲᠦᠷᠦ ᠶᠢᠨ ᠬᠡᠷᠡᠭᠵᠢᠭᠦᠯᠬᠦ

ᠬᠦᠴᠦᠨ ᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ

ᠪᠡᠯᠭᠡᠯᠡᠬᠦ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠢ

ᠵᠣᠷᠢᠭᠵᠢᠭᠤᠯᠤᠨ ᠲᠠᠶᠢᠴᠢᠯᠠᠵᠤ᠂ ᠰᠢ ᠶᠢᠨ ᠫᠢᠩ ᠨᠥᠬᠦᠷ ᠢᠶᠠᠷ ᠭᠤᠤᠯᠯᠠᠭᠴᠢ ᠪᠣᠯᠭᠠᠭᠰᠠᠨ ᠨᠠᠮ ᠤᠨ ᠲᠥᠪ

ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠭᠦᠯᠬᠦ ᠬᠡᠷᠡᠭᠲᠡᠶ᠃ ᠨᠠᠮ ᠤᠨ ᠤᠯᠤᠰ ᠲᠦᠷᠦ ᠶᠢᠨ

ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂

ᠤᠯᠤᠰ ᠲᠦᠷᠦ ᠶᠢᠨ ᠵᠥᠪᠯᠡᠯᠭᠡᠨ ᠪᠠ ᠰᠢᠭᠦᠬᠦ ᠪᠠᠶᠢᠴᠠᠭᠠᠬᠤ ᠬᠤᠶᠠᠷ ᠬᠤᠷᠢᠶᠠᠨ ᠤ ᠨᠠᠮ ᠤᠨ ᠤᠳᠤᠷᠢᠳᠬᠤ

ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂

ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠳᠤ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ᠂ ᠦᠢᠯᠡᠳᠪᠦᠷᠢ

ᠬᠤᠳᠠᠯᠳᠤᠭᠠᠨ ᠤ ᠬᠤᠯᠪᠣᠭ᠎ᠠ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠲᠥᠯᠥᠭᠡᠯᠡᠭᠴᠢ

ᠬᠥᠮᠦᠰ ᠤᠨ ᠰᠠᠨᠠᠯ ᠰᠠᠨᠠᠭᠤᠯᠭ᠎ᠠ ᠶᠢ ᠬᠤᠷᠢᠶᠠᠬᠤ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠨᠢᠭᠡᠳᠦᠮᠡᠯ ᠹᠷᠣᠨᠲ᠂

ᠤᠯᠠᠨ ᠲᠦᠮᠡᠡᠴᠢ ᠪᠦᠯᠬᠦᠮ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢ ᠤᠯᠠᠮ

ᠴᠢᠨᠠᠭᠰᠢᠳᠠ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃

      ᠬᠤᠶᠠᠷ ᠲᠤ᠂ ᠡᠯ᠎ᠡ ᠱᠠᠳᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ

ᠰᠠᠶᠢᠲᠤᠷ ᠠᠳᠬᠤᠬᠤ ᠬᠡᠷᠡᠭᠲᠡᠢ᠃ ᠨᠠᠮ ᠤᠨ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ

ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠵᠢᠴᠢ ᠲᠦᠷᠢᠮ ᠤᠨ

ᠪᠠᠶᠢᠭᠤᠯᠤᠯᠲᠠ᠂ ᠢᠯᠵᠢᠷᠡᠯ ᠢ ᠡᠰᠡᠷᠭᠦᠴᠡᠬᠦ ᠲᠡᠮᠡᠴᠡᠯ ᠢ ᠨᠢᠭᠡ ᠴᠤᠭᠴᠠᠵᠢᠭᠤᠯᠤᠨ ᠠᠬᠢᠭᠤᠯᠬᠤ ᠪᠣᠯ ᠡᠯ᠎ᠡ ᠱᠠᠲᠤᠨ ᠤ

ᠨᠠᠮ ᠤᠨ ᠵᠣᠬᠢᠶᠠᠨ ᠪᠠᠶᠢᠭᠤᠯᠤᠯᠲᠠ ᠶᠢᠨ ᠡᠭᠦᠷᠭᠡ ᠬᠠᠷᠢᠭᠤᠴᠠᠯᠭ᠎ᠠ ᠪᠣᠯᠤᠨ᠎ᠠ᠂ ᠮᠥᠨᠴᠦ ᠰᠢᠨ᠎ᠡ ᠴᠠᠭ ᠦᠶ᠎ᠡ ᠶᠢᠨ

ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠳᠣᠲᠣᠭᠠᠳᠤ

ᠱᠠᠭᠠᠷᠳᠠᠯᠭ᠎ᠠ ᠪᠣᠯᠤᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ

ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠠᠶᠢᠲᠤᠷ ᠠᠳᠬᠤᠵᠤ᠂ ᠥᠪᠥᠷ ᠮᠣᠩᠭᠤᠯ ᠤᠨ

ᠠᠵᠢᠯ ᠤᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ

ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ

ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠡ

ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ

ᠵᠢᠯᠣᠭᠤᠳᠴᠤ ᠡᠷᠡᠰ ᠭᠤᠶᠢᠪᠢᠰᠢ ᠦᠭᠡᠢ ᠪᠠᠷ ᠰᠢᠨ᠎ᠡ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂

ᠦᠢᠯᠡᠳᠦᠯᠭᠡ ᠪᠠᠨ ᠵᠢᠯᠣᠭᠤᠳᠣᠭᠤᠯᠵᠤ᠂ ᠠᠵᠢᠯ ᠢᠶᠠᠨ ᠲᠦᠯᠬᠢᠨ ᠠᠬᠢᠭᠤᠯᠬᠤ ᠬᠡᠷᠡᠭᠲᠡᠶ᠃ ᠦᠵᠡᠯ ᠤᠬᠠᠮᠰᠠᠷ ᠤᠨ

ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠠᠷᠭ᠎ᠠ ᠪᠣᠯᠤᠨ ᠦᠵᠡᠯ ᠤᠬᠠᠮᠰᠠᠷ ᠤᠨ

ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂

ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂

ᠦᠵᠡᠯ ᠤᠬᠠᠮᠰᠠᠷ ᠤᠨ ᠬᠡᠯᠪᠡᠷᠢ ᠶᠢᠨ  ᠰᠠᠭᠤᠷᠢᠨ ᠭᠠᠵᠠᠷ ᠢ ᠴᠢᠩᠭ᠎ᠠ ᠬᠠᠮᠢᠶᠠᠷᠴᠤ᠂ ᠦᠵᠡᠯ ᠤᠬᠠᠮᠰᠠᠷ ᠤᠨ

ᠬᠡᠯᠪᠡᠷᠢ ᠶᠢᠨ ᠬᠦᠷᠢᠶᠡᠨ ᠤ ᠬᠠᠷᠢᠴᠠᠯᠠᠰᠢ ᠦᠭᠡᠢ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠰᠢᠨ᠎ᠡ ᠴᠠᠭ

ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠪᠥᠬᠦ ᠲᠠᠯ᠎ᠠ ᠪᠠᠷ ᠲᠤᠤᠱᠯᠠᠭᠤᠯᠵᠤ᠂ ᠬᠤᠰᠢᠭᠤᠨ ᠤ

ᠳᠥᠷᠪᠡᠨ ᠶᠡᠭᠡ ᠤᠳᠤᠷᠢᠳᠬᠤ ᠪᠠᠭ ᠪᠣᠯᠤᠨ ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠤᠭᠤᠴᠠᠭ᠎ᠠ ᠰᠣᠯᠢᠬᠤ ᠠᠵᠢᠯ ᠢ ᠯᠠᠪᠳᠠᠭᠤᠨ

ᠪᠠᠲᠤᠲᠠᠶ ᠰᠠᠶᠢᠲᠤᠷ ᠬᠢᠵᠦ᠂ ᠺᠠᠳ᠋ᠷ ᠤᠨ ᠡᠩᠨᠡᠬᠡᠨ ᠤ ᠪᠠᠶᠢᠭᠤᠯᠤᠯᠲᠠ ᠶᠢ ᠴᠢᠩᠭᠠᠳᠬᠠᠨ᠂ ᠮᠠᠯᠵᠢᠬᠤ ᠣᠷᠣᠨ ᠤ

ᠨᠡᠶᠢᠭᠡᠮ ᠲᠣᠭᠤᠷᠢᠭ᠂ ᠪᠠᠶᠢᠭᠤᠯᠭ᠎ᠠ ᠨᠢᠭᠡᠴᠡ᠂ ᠨᠡᠶᠢᠲᠡ ᠶᠢᠨ ᠦᠮᠴᠢᠯᠡᠯ ᠤᠨ ᠪᠤᠰᠤ ᠪᠠ ᠨᠡᠶᠢᠭᠡᠮ ᠤᠨ ᠵᠣᠬᠢᠶᠠᠨ

ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠦᠡᠳᠤᠰᠤᠨ

ᠱᠠᠳᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ᠃ ᠨᠠᠮ ᠤᠨ ᠲᠥᠪ

ᠬᠤᠷᠢᠶᠠᠨ ᠤ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠠ ᠢᠯᠵᠡᠷᠡᠯ ᠢ ᠡᠰᠡᠷᠭᠦᠴᠡᠬᠦ ᠲᠡᠮᠡᠴᠡᠯ ᠤᠨ ᠰᠢᠢᠳᠪᠦᠷᠢᠲᠦ

ᠪᠤᠳᠤᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾᠎ ᠤᠨ

ᠳᠤᠮᠳᠠᠬᠢ ︽ᠳᠤᠤᠷᠠᠳᠤ ᠳᠡᠰ ᠤᠨ ᠤᠯᠠᠭᠠᠨ︾ ︽ᠳᠡᠭᠡᠳᠦ ᠳᠡᠰ ᠤᠨ ᠬᠠᠷ᠎ᠠ︾᠎ ᠶᠢᠨ ᠠᠰᠠᠭᠤᠳᠠᠯ ᠢ ᠲᠦᠢᠯᠪᠤᠷᠢᠳᠡᠢ

ᠴᠡᠭᠴᠡᠯᠡᠨ ᠵᠠᠰᠠᠵᠤ᠂ ᠴᠠᠭᠳᠠᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂

ᠢᠯᠵᠠᠷᠡᠬᠤ ᠠᠴᠠ ᠵᠢᠷᠦᠭᠰᠢᠶᠡᠬᠦ᠂ ᠢᠯᠵᠠᠷᠡᠬᠤ ᠪᠣᠯᠬᠤ ᠦᠭᠡᠢ᠂ ᠢᠯᠵᠡᠷᠡᠬᠤ ᠶᠢ ᠪᠤᠳᠤᠬᠤ ᠦᠭᠡᠢ ᠪᠤᠯᠭᠠᠬᠤ ᠶᠢ ᠨᠢᠭᠡ

ᠴᠤᠭᠴᠠᠵᠢᠭᠤᠯᠤᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ

ᠪᠣᠯᠭᠠᠬᠤ ᠬᠡᠷᠡᠭᠲᠡᠢ᠃

       ᠭᠤᠷᠪᠠ ᠳᠤ᠂ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ

ᠬᠡᠷᠡᠭᠲᠡᠢ᠃ ᠨᠠᠮ ᠢ ᠪᠦᠬᠦ ᠲᠠᠯ᠎ᠠ ᠪᠠᠷ ᠴᠢᠩᠭ᠎ᠠ ᠬᠠᠮᠢᠶᠠᠷᠴᠤ ᠴᠢᠩᠭ᠎ᠠ ᠵᠠᠰᠠᠬᠤ ᠶᠢ ᠠᠬᠢᠭᠤᠯᠬᠤ ᠶᠢᠨ ᠬᠠᠮᠤᠭ ᠤᠨ

ᠦᠨᠳᠦᠰᠦᠨ᠂ ᠬᠠᠮᠤᠭ ᠤᠨ ᠵᠠᠩᠭᠢᠯᠠᠭ᠎ᠠ ᠶᠢᠨ ᠵᠦᠢᠯ ᠪᠣᠯ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠠᠶᠢᠲᠤᠷ

ᠠᠳᠬᠤᠬᠤ ᠶᠠᠪᠤᠳᠠᠯ ᠪᠣᠯᠤᠨ᠎ᠠ᠃ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ

ᠰᠢ ᠶᠢᠨ ᠫᠢᠩ ᠶᠡᠷᠦᠩᠬᠡᠶ ᠱᠦᠵᠢ ᠶᠢᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠲᠤᠬᠠᠶ ᠴᠢᠬᠤᠯᠠ ᠥᠭᠦᠯᠡᠯᠲᠡ ᠶᠢ

ᠭᠦᠨᠵᠡᠭᠡᠶ ᠨᠠᠶᠢᠳᠠᠪᠤᠷᠢᠵᠢᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠡᠭᠦᠷᠭᠡ ᠬᠠᠷᠢᠭᠤᠴᠠᠯᠭ᠎ᠠ ᠶᠢ ᠴᠢᠩᠭᠠᠳᠬᠠᠵᠤ᠂

ᠡᠬᠦᠷᠬᠡ ᠪᠠᠨ ᠰᠠᠶᠢᠳᠤᠷ ᠪᠡᠶᠠᠯᠡᠬᠦᠯᠬᠦ ᠬᠡᠷᠡᠭᠲᠡᠶ᠃ ᠭᠤᠣᠯ ᠬᠠᠷᠢᠭᠤᠴᠠᠯᠭ᠎ᠠ ᠭᠤᠣᠯ ᠠᠵᠢᠯ ᠤᠨ ᠤᠬᠠᠮᠰᠠᠷ ᠢᠶᠠᠨ

ᠦᠨᠡᠨᠬᠦ ᠴᠢᠩᠭᠠᠳᠬᠠᠵᠤ᠂ ᠡᠯ᠎ᠡ ᠱᠠᠲᠤᠨ ᠤ ᠵᠣᠬᠢᠶᠠᠨ ᠪᠠᠶᠢᠭᠤᠯᠤᠯᠲᠠ ᠨᠠᠮ ᠢ ᠴᠢᠩᠭ᠎ᠠ ᠵᠠᠰᠠᠬᠤ ᠭᠤᠣᠯ

ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ︽

ᠨᠢᠭᠡᠳᠦᠭᠡᠷ ᠬᠠᠷᠢᠭᠤᠴᠠᠯᠭᠠᠲᠠᠨ︾᠎ ᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ︽

ᠵᠠᠩᠭᠢᠯᠠᠭ᠎ᠠ ᠶᠢᠨ ᠴᠥᠭᠡᠨ ᠲᠣᠭᠠᠲᠠᠨ︾᠎ ᠢ ᠠᠳᠬᠤᠬᠤ ᠪᠠ ︽ᠵᠣᠩᠬᠢᠯᠠᠬᠤ ᠤᠯᠠᠨ ᠲᠣᠭᠠᠲᠠᠨ︾᠎ ᠢ ᠬᠠᠮᠢᠶᠠᠷᠬᠤ ᠶᠢ

ᠤᠶᠠᠯᠳᠤᠭᠤᠯᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠡᠳᠦᠷ

ᠲᠤᠳᠤᠮ ᠤᠨ ᠠᠵᠢᠯ ᠢ ᠡᠷᠴᠢᠮᠳᠡᠢ ᠠᠳᠬᠤᠵᠤ᠂ ᠠᠵᠢᠯ ᠤᠨ ᠬᠡᠪ ᠤᠨ ᠪᠠᠶᠢᠳᠠᠯ ᠢ ᠪᠤᠢ ᠪᠣᠯᠭᠠᠬᠤ ᠬᠡᠷᠡᠭᠲᠡᠢ᠃

ᠬᠠᠷᠢᠭᠤᠴᠠᠯᠭ᠎ᠠ ᠶᠢ ᠬᠤᠪᠢᠶᠠᠷᠢᠯᠠᠬᠤ ᠵᠤᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠨᠠᠮ ᠤᠨ ᠣᠷᠣᠨ

ᠨᠤᠲᠤᠭ ᠤᠨ ᠬᠤᠷᠢᠶᠠᠨ ᠤ ᠠᠵᠢᠯ ᠤᠨ ᠲᠦᠷᠢᠮ᠂ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠲᠦᠷᠢᠮ᠂

ᠨᠠᠮ ᠤᠨ ᠡᠭᠦᠷ ᠤᠨ ᠠᠵᠢᠯ ᠤᠨ ᠲᠦᠷᠢᠮ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠣᠬᠢᠶᠠᠨ

ᠪᠠᠶᠢᠭᠤᠯᠤᠯᠲᠠ ᠶᠢᠨ ᠠᠵᠢᠯ ᠤᠨ ᠲᠦᠷᠢᠮ ᠵᠡᠷᠭᠡ ᠨᠠᠮ ᠤᠨ ᠳᠣᠲᠣᠭᠠᠳᠤ ᠶᠢᠨ ᠬᠠᠤᠯᠢ ᠲᠦᠷᠢᠮ ᠢ

ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠤᠯᠤᠰ ᠲᠦᠷᠦ ᠶᠢᠨ ᠪᠠᠶᠢᠭᠤᠯᠤᠯᠲᠠ᠂ ᠤᠨᠤᠯ ᠢᠶᠠᠷ ᠵᠡᠪᠰᠡᠭᠯᠡᠬᠦ᠂

ᠺᠠᠳ᠋ᠷ ᠰᠣᠩᠭᠤᠵᠤ ᠺᠠᠳ᠋ᠷ ᠬᠡᠷᠡᠭᠯᠡᠬᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠰᠤᠷᠲᠠᠯ ᠢ ᠲᠥᠪ ᠪᠣᠯᠭᠠᠨ

ᠰᠠᠬᠢᠯᠭ᠎ᠠ ᠪᠠᠲᠤ ᠶᠢ ᠴᠢᠩᠳᠠᠯᠠᠬᠤ᠂ ᠦᠵᠡᠯ ᠤᠬᠠᠮᠰᠠᠷ ᠤᠨ ᠬᠡᠯᠪᠡᠷᠢ ᠵᠡᠷᠭᠡ ᠭᠤᠣᠯᠳᠠᠯᠭ᠎ᠠ ᠲᠠᠢ ᠡᠭᠦᠷᠭᠡ ᠶᠢ

ᠰᠤᠳᠤᠯᠤᠨ ᠨᠠᠷᠢᠯᠢᠬᠵᠢᠭᠤᠯᠵᠤ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ

ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃

       ᠨᠥᠬᠦᠳ ᠡ᠂ ᠦᠨᠤ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠰᠠᠶᠢᠲᠤᠷ ᠬᠢᠬᠦ

ᠡᠭᠦᠷᠭᠡ ᠬᠠᠲᠠᠭᠤ ᠪᠡᠷᠬᠡ᠂ ᠬᠠᠷᠢᠭᠤᠴᠠᠯᠭ᠎ᠠ ᠬᠦᠨᠳᠦ ᠶᠡᠭᠡ ᠪᠤᠯᠬᠤᠷ ᠪᠢᠳᠡ ᠡᠷᠬᠡᠪᠰᠢ ᠰᠢ ᠶᠢᠨ ᠫᠢᠩ ᠨᠥᠬᠦᠷ ᠢᠶᠠᠷ

ᠭᠤᠤᠯᠯᠠᠭᠴᠢ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ

ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ

ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠠᠶᠢᠷᠢᠯᠠᠭᠤᠯᠤᠯᠲᠠ ᠪᠣᠯᠤᠨ

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠠᠵᠢᠯ ᠤᠨ

ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠠᠬᠢᠨ ᠪᠠᠷᠠᠯᠠᠵᠤ ᠬᠠᠷᠢᠯᠴᠠᠨ

ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠵᠠᠮ ᠨᠡᠭᠡᠭᠡᠨ ᠰᠢᠨ᠎ᠡ ᠶᠢ

ᠡᠭᠦᠳᠴᠦ᠂ ᠴᠡᠴᠡᠭᠯᠡᠨ ᠬᠥᠭᠵᠢᠭᠰᠡᠨ᠂ ᠦᠵᠡᠰᠬᠦᠯᠡᠩᠲᠦ ᠰᠠᠶᠢᠬᠠᠨ᠂ ᠪᠣᠯᠪᠠᠰᠤᠨ᠂ ᠵᠣᠯ ᠵᠢᠷᠭᠠᠯᠲᠤ ᠠᠪᠠᠭ᠎ᠠ ᠶᠢ

ᠴᠤᠭᠴᠠᠯᠠᠨ ᠪᠠᠶᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ︕

 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号