| | | | 3 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠠᠪᠠᠭ᠎ᠠ ᠬᠤᠰᠢᠭᠤᠨ ᠤ ᠠᠷᠪᠠᠨ ᠲᠠᠪᠤᠳᠤᠭᠠᠷ | ᠬᠤᠭᠤᠴᠠᠭᠠᠨ ᠤ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠳᠦᠷᠪᠡᠳᠦᠭᠡᠷ ᠤᠳᠠᠭᠠᠨ ᠤ ᠬᠤᠷᠠᠯᠳᠤᠭᠠᠨ ᠨᠢ | ᠠᠪᠠᠭ᠎ᠠ ᠬᠤᠰᠢᠭᠤᠨ ᠤ ᠰᠤᠶᠤᠯ ᠤᠬᠠᠭᠤᠯᠭ᠎ᠠ ᠶᠢᠨ ᠲᠥᠪ ᠲᠤ ᠥᠪᠡᠳᠡᠭᠰᠢ ᠡᠬᠢᠯᠡᠭᠰᠡᠨ ᠪᠠᠶᠢᠨ᠎ᠠ᠃ | ᠳᠤᠰ ᠤᠳᠠᠭᠠᠨ ᠤ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠪᠤᠯ᠄ ᠬᠠᠰᠪᠠᠶᠠᠷ᠂ ᠢᠦᠢ ᠬᠠᠢ ᠴᠧᠩ᠂ | ᠪᠤᠯᠤᠳᠪᠠᠭᠠᠲᠤᠷ᠂ ᠸᠠᠩ ᠳ᠋ᠧ᠂ ᠪᠠᠢ ᠲᠢᠶᠧ ᠵᠤᠸᠠᠩ᠂ ᠰᠥᠩ ᠱᠧᠦ ᠢ᠂ ᠯᠢᠦ ᠰᠢᠶᠣᠣ ᠮᠢᠨ᠂ ᠹᠠᠩ ᠭᠦᠢ ᠴᠢᠨ᠂ ᠬᠤ᠋ | ᠵᠢᠶᠠᠨ ᠫᠢᠩ᠂ ᠤᠶᠤᠨ᠂ ᠦᠨᠢᠪᠠᠶᠠᠷ᠂ ᠡᠷᠳᠡᠨᠢᠰᠤᠶᠤᠯ᠂ ᠰᠤᠶᠤᠯᠪᠠᠭᠠᠲᠤᠷ᠂ ᠬᠢᠴᠢᠶᠡᠯᠲᠦ᠂ ᠰᠢᠶᠤᠤ ᠡᠷᠳᠡᠮᠲᠦ᠃ | ᠳᠤᠰ ᠤᠳᠠᠭᠠᠨ ᠤ ᠬᠤᠷᠠᠯ ᠳᠤ ᠤᠷᠤᠯᠴᠠᠬᠤ ᠵᠤᠬᠢᠰᠲᠠᠢ ᠲᠥᠯᠥᠭᠡᠯᠡᠭᠴᠢ 133 ᠨᠡᠷ᠎ᠡ᠂ ᠪᠤᠳᠠᠳᠠᠢ ᠤᠷᠤᠯᠴᠠᠭᠰᠠᠨ | ᠨᠢ120 ᠨᠡᠷ᠎ᠡ ᠲᠥᠯᠥᠭᠡᠯᠡᠭᠴᠢ ᠪᠠᠶᠢᠵᠦ᠂ ᠬᠠᠤᠯᠢ ᠳᠤ ᠲᠤᠭᠲᠠᠭᠠᠭᠰᠠᠨ ᠬᠦᠮᠦᠨ ᠤ ᠲᠤᠭᠠᠨ ᠳᠤ ᠨᠡᠶᠢᠴᠡᠵᠠᠢ᠃ | ᠦᠳᠡ ᠶᠢᠨ ᠡᠮᠦᠨᠡᠬᠢ 8 ᠴᠠᠭ 30 ᠮᠢᠨᠦ᠋ᠲ ᠲᠤ᠂ ᠤᠯᠤᠰ ᠤᠨ ᠰᠦᠯᠳᠡ ᠳᠠᠭᠤᠤ ᠬᠦᠭᠵᠢᠮᠳᠡᠨ᠂ ᠶᠡᠭᠡ ᠬᠤᠷᠠᠯ | ᠵᠢᠩᠬᠢᠨᠢ ᠪᠠᠷ ᠡᠬᠢᠯᠡᠵᠦ᠂ ᠶᠡᠭᠡ ᠬᠤᠷᠠᠯ ᠤᠨ ᠭᠦᠢᠴᠡᠳᠬᠡᠭᠴᠢ ᠲᠡᠷᠢᠬᠦᠯᠡᠭᠴᠢ᠂ ᠲᠡᠷᠢᠭᠦᠯᠡᠭᠴᠢᠳ ᠤᠨ ᠪᠦᠯᠬᠦᠮ ᠤᠨ | ᠪᠠᠶᠢᠩᠭᠤ ᠶᠢᠨ ᠲᠡᠷᠢᠭᠦᠯᠡᠭᠴᠢ ᠪᠢᠶᠠᠨ ᠢᠦᠢ ᠯᠥᠩ ᠠᠴᠠ ᠶᠡᠭᠡ ᠬᠤᠷᠠᠯ ᠢ ᠡᠷᠬᠢᠯᠡᠪᠡ᠃ | | | | | | | ᠢᠦᠢ ᠬᠠᠢ ᠴᠧᠩ ᠠᠴᠠ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ | ᠢᠯᠡᠳᠬᠡᠯ ᠬᠢᠵᠡᠢ᠃ | ᠢᠯᠡᠳᠬᠡᠯ ᠳᠤ 13 ᠳ᠋ᠤᠭᠠᠷ ᠲᠠᠪᠤᠨ ᠵᠢᠯ ᠤᠨ ᠲᠦᠯᠦᠪᠵᠢᠬᠦᠯᠭᠡ ᠶᠢᠨ ᠬᠤᠭᠤᠴᠠᠭᠠᠨ ᠳᠠᠬᠢ ᠡᠯ᠎ᠡ ᠲᠠᠯ᠎ᠠ ᠶᠢᠨ ᠠᠵᠢᠯ | ᠪᠤᠯᠤᠨ 2020 ᠤᠨ ᠤ ᠠᠵᠢᠯ ᠢ ᠪᠦᠬᠦ ᠲᠠᠯ᠎ᠠ ᠪᠠᠷ ᠡᠷᠭᠢᠴᠡᠭᠦᠯᠦᠨ ᠳ᠋ᠦᠩᠨᠡᠵᠦ᠂ 2021 ᠤᠨ ᠤ ᠡᠯ᠎ᠡ ᠲᠠᠯ᠎ᠠ ᠶᠢᠨ | ᠠᠵᠢᠯ ᠳᠤ ᠪᠤᠳᠠᠳᠠᠢ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ | ᠢᠦᠢ ᠬᠠᠢ ᠴᠧᠩ ᠢᠯᠡᠳᠬᠡᠯ ᠳᠡᠭᠡᠨ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠨᠠᠷᠢᠨ | ᠪᠤᠳᠤᠯᠢᠶᠠᠨᠲᠠᠢ ᠠᠵᠤ ᠠᠬᠤᠢ ᠶᠢᠨ ᠪᠠᠶᠢᠳᠠᠯ ᠪᠣᠯᠤᠨ ᠪᠡᠷᠬᠡ ᠬᠠᠲᠠᠭᠤᠵᠢᠯᠲᠠᠢ ᠥᠭᠡᠷᠡᠴᠢᠯᠡᠯᠲᠡ ᠬᠥᠭᠵᠢᠯᠲᠡ ᠶᠢᠨ | ᠡᠭᠦᠷᠭᠡ ᠶᠢᠨ ᠡᠮᠦᠨ᠎ᠡ᠂ ᠠᠪᠠᠭ᠎ᠠ ᠬᠤᠰᠢᠭᠤ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠪᠦᠬᠦ | ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠠᠵᠠ ᠲᠣᠬᠢᠶᠠᠯ ᠢ ᠠᠮᠵᠢᠵᠤ | ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠢ ᠨᠡᠶᠢᠭᠡᠮ ᠦᠷᠭᠦᠯᠵᠢᠯᠡᠨ ᠡᠷᠡᠭᠦᠯ ᠢᠶᠠᠷ ᠬᠥᠭᠵᠢᠪᠡ᠃ ᠪᠦᠬᠦ | ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ ᠵᠢᠯ ᠪᠦᠷᠢ ᠳᠤᠮᠳᠠᠴᠢ ᠪᠠᠷ 5 . 7 % ᠪᠠᠷ | ᠨᠡᠮᠡᠭᠳᠡᠵᠦ᠂ ᠪᠦᠬᠦ ᠠᠶᠢᠮᠠᠭ ᠤᠨ ᠳᠤᠮᠳᠠᠴᠢ ᠲᠦᠪᠰᠢᠨ ᠠᠴᠠ ᠥᠨᠳᠥᠷ᠂ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ ᠶᠢ ᠵᠢᠯ ᠪᠦᠷᠢ ᠳᠤᠮᠳᠠᠴᠢ ᠪᠠᠷ 12 % ᠢᠶᠠᠷ ᠨᠡᠮᠡᠭᠳᠡᠭᠦᠯᠵᠡᠢ᠃ ᠬᠤᠲᠠ ᠬᠥᠳᠡᠭᠡ ᠶᠢᠨ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠵᠢᠯ ᠳᠤᠮᠳᠠᠴᠢ ᠪᠠᠷ ᠲᠣᠰ ᠲᠣᠰ 6 . 4 | % ᠪᠠ 9 . 0 % ᠨᠡᠮᠡᠭᠳᠡᠪᠡ᠃ 157 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ ᠪᠦᠬᠦ ᠨᠡᠶᠢᠭᠡᠮ ᠤᠨ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 147 ᠳ᠋ᠦᠩᠰᠢᠭᠤᠷ ᠲᠥᠭᠦᠷᠢᠭ ᠪᠡᠶᠡᠯᠡᠭᠦᠯᠪᠡ ᠬᠡᠵᠡᠢ᠃ | | | ᠪᠦᠬᠦ ᠬᠤᠰᠢᠭᠤᠨ ᠤ ᠠᠵᠤ ᠠᠬᠤᠶ ᠨᠡᠶᠢᠭᠡᠮ ᠦᠷᠭᠦᠯᠵᠢᠯᠡᠨ ᠡᠷᠡᠭᠦᠯ ᠢᠶᠠᠷ ᠬᠥᠭᠵᠢᠬᠦ ᠰᠠᠶᠢᠨ ᠪᠠᠶᠢᠳᠠᠯ ᠢᠯᠡᠷᠡᠪᠡ᠃ | ᠪᠦᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 36 ᠳ᠋ᠦᠩᠰᠢᠭᠤᠷ ᠲᠥᠭᠦᠷᠢᠭ ᠪᠡᠶᠡᠯᠡᠭᠦᠯᠵᠦ | ᠂ 0 . 4 % ᠪᠠᠷ ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 3 . 5 ᠳ᠋ᠦᠩᠰᠢᠭᠤᠷ | ᠲᠥᠭᠦᠷᠢᠭ ᠲᠤ ᠬᠦᠷᠭᠡᠵᠦ᠂ 15 % ᠪᠠᠷ ᠨᠡᠮᠡᠭᠳᠡᠪᠡ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 201 | % ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠭᠰᠠᠨ ᠪᠦᠬᠦ ᠲᠤᠭ᠎ᠠ 5 . 1 | ᠳ᠋ᠦᠩᠰᠢᠭᠤᠷ ᠲᠥᠭᠦᠷᠢᠭ ᠲᠤ ᠬᠦᠷᠴᠡᠢ᠃ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 40826 ᠲᠥᠭᠦᠷᠢᠭ ᠪᠠ 30857 ᠲᠥᠭᠦᠷᠢᠭ ᠪᠠᠶᠢᠵᠤ᠂ | 8 . 9 % ᠪᠠᠷ ᠨᠡᠮᠡᠭᠳᠡᠪᠡ᠃ 2020 ᠣᠨ ᠤ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠦᠭᠰᠡᠨ ᠨᠢ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠠᠵᠢᠯ ᠲᠡᠭᠦᠰ ᠠᠮᠵᠢᠯᠲᠠ ᠲᠠᠢ ᠳᠠᠭᠤᠰᠤᠭᠰᠠᠨ ᠢ ᠬᠠᠷᠠᠭᠤᠯᠵᠤ ᠪᠠᠶᠢᠨ᠎ᠠ ᠭᠡᠪᠡ᠃ | ᠢᠦᠢ ᠬᠠᠢ ᠴᠧᠩ ︽ᠠᠷᠪᠠᠨ ᠳᠥᠷᠪᠡᠳᠦᠭᠡᠷ ᠲᠠᠪᠤᠨ ᠵᠢᠯ︾ ᠢ ᠪᠠᠷᠠᠯᠠᠬᠤ ᠳᠠᠭᠠᠨ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠬᠤᠭᠤᠴᠠᠭ᠎ᠠ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠰᠢᠨ᠎ᠡ ᠠᠶᠠᠯᠠᠯ ᠢ ᠡᠬᠢᠯᠡᠭᠦᠯᠬᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ | ᠲᠠᠪᠤᠨ ᠵᠢᠯ ᠪᠣᠯᠤᠨ᠎ᠠ᠂ ᠮᠥᠨ ᠴᠦ ᠮᠠᠨ ᠤ ᠬᠤᠰᠢᠭᠤᠨ ᠤ ᠳᠠᠪᠠᠭᠤᠯᠢᠭ ᠢᠶᠠᠨ ᠪᠠᠳᠠᠷᠠᠭᠤᠯᠬᠤ᠂ ᠳᠤᠲᠠᠭᠤᠳᠠᠯ ᠢᠶᠠᠨ | ᠨᠥᠬᠦᠪᠥᠷᠢᠯᠡᠬᠦ᠂ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠴᠢᠬᠤᠯᠠ ᠠᠵᠠ ᠲᠣᠬᠢᠶᠠᠯᠳᠤ ᠬᠤᠭᠤᠴᠠᠭ᠎ᠠ ᠪᠣᠯᠤᠨ᠎ᠠ᠃ | ᠡᠶᠢᠮᠦ ᠠᠴᠠ᠂ ᠪᠢᠳᠡ ᠤᠯᠤᠰ᠂ ᠥᠪᠡᠷᠲᠡᠭᠡᠨ ᠵᠠᠰᠠᠬᠤ ᠣᠷᠣᠨ ᠪᠠ ᠪᠥᠬᠦ ᠠᠶᠢᠮᠠᠭ ᠤᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠬᠠᠷᠢᠴᠠᠭᠤᠯᠤᠨ᠂ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ᠂ ᠪᠥᠬᠦ | ᠲᠠᠯ᠎ᠠ ᠶᠢᠨ ᠬᠠᠷᠠᠭ᠎ᠠ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠨᠢᠭᠡ ᠪᠦᠯᠦᠭ | ᠭᠠᠵᠠᠷ ᠣᠷᠣᠨ ᠤ ᠣᠨᠴᠠᠯᠢᠭ ᠢ ᠢᠯᠡᠷᠡᠭᠦᠯᠦᠭᠰᠡᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠭᠠᠷᠭᠠᠵᠤ᠂ | ᠨᠢᠭᠡ ᠪᠦᠯᠦᠭ ᠵᠠᠬ᠎ᠠ ᠳᠡᠯᠭᠡᠭᠦᠷ ᠪᠠ ᠬᠥᠭᠵᠢᠯᠲᠡ ᠲᠠᠢ ᠬᠠᠷᠢᠯᠴᠠᠨ ᠵᠣᠬᠢᠴᠠᠭᠰᠠᠨ ᠴᠢᠬᠤᠯᠠ ᠶᠡᠭᠡ ᠢᠨᠵᠧᠨᠧᠷᠢᠩ᠂ | ᠴᠢᠬᠤᠯᠠ ᠶᠡᠭᠡ ᠲᠥᠷᠥᠯ ᠵᠤᠶᠢᠯ ᠢ ᠲᠥᠯᠥᠪᠵᠢᠭᠦᠯᠵᠦ᠂ ᠨᠢᠭᠡ ᠪᠦᠯᠦᠭ ᠬᠥᠭᠵᠢᠯᠲᠡ ᠶᠢᠨ ᠠᠰᠠᠭᠤᠳᠠᠯ ᠢ ᠰᠢᠢᠳᠪᠦᠷᠢᠯᠡᠬᠦ᠂ | ᠬᠥᠭᠵᠢᠯᠲᠡ ᠶᠢᠨ ᠰᠤᠳᠠᠰᠤ ᠶᠢ ᠰᠢᠯᠤᠭᠤᠳᠬᠠᠬᠤ ᠬᠠᠮᠢᠶ᠎ᠠ ᠪᠥᠬᠦᠶ ᠴᠢᠬᠤᠯᠠ ᠶᠡᠭᠡ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ | ᠶᠡᠷᠦᠩᠬᠡᠶᠢᠯᠡᠭᠰᠡᠨ ᠪᠣᠳᠠᠲᠤ ᠬᠦᠴᠦᠨ ᠢ ᠴᠢᠩᠭᠠᠷᠠᠭᠤᠯᠤᠨ᠎ᠠ᠃ ᠪᠢᠳᠡ ᠠᠮᠢ ᠠᠬᠤᠶ ᠶᠢ ᠤᠷᠢᠳ ᠢᠶᠠᠷ ᠪᠤᠳᠤᠯᠬᠢᠯᠠᠨ᠂ | ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠵᠤ᠂ ᠪᠣᠬᠢᠷᠲᠤᠯ ᠥᠬᠡᠶ ᠬᠥᠭᠵᠢᠯᠲᠡ ᠶᠢᠨ ᠠᠮᠢ ᠠᠬᠤᠶ ᠶᠢᠨ ᠬᠡᠯᠬᠢᠶ᠎ᠡ᠂ ᠠᠵᠤ | ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ᠂ ᠥᠷᠲᠡᠭ ᠤᠨ ᠬᠡᠯᠬᠢᠶ᠎ᠡ ᠶᠢ ᠪᠠᠶᠢᠭᠤᠯᠵᠤ᠂ ᠬᠤᠲᠠ ᠬᠥᠳᠡᠭᠡ | ᠠᠭᠤᠰᠤᠯᠴᠠᠭᠰᠠᠨ᠂ ᠣᠷᠣᠰᠢᠨ ᠰᠠᠭᠤᠷᠢᠰᠢᠬᠤ ᠦᠢᠯᠡᠰ ᠪᠤᠰᠬᠠᠬᠤ ᠳᠤ ᠲᠣᠬᠢᠷᠠᠮᠵᠢᠲᠠᠶ ᠪᠣᠬᠢᠷᠲᠤᠯ ᠥᠬᠡᠶ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠬᠤ ᠬᠡᠷᠡᠭᠲᠡᠶ᠃ ᠪᠢᠳᠡ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ᠂ ᠨᠡᠭᠡᠭᠡᠯᠲᠡᠲᠦ | ᠬᠥᠭᠵᠢᠯᠲᠡ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠨᠡᠭᠡᠭᠡᠯᠲᠡ ᠪᠠᠷ ᠦᠢᠯᠡᠳᠪᠦᠷᠢᠯᠡᠯ ᠤᠨ ᠡᠯᠧᠮᠧᠨ᠋ᠲ ᠢ ᠬᠤᠷᠠᠮᠳᠤᠭᠤᠯᠵᠤ᠂ | ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠵᠤ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠠᠯᠬᠤᠴᠠ ᠶᠢ ᠲᠦᠷᠭᠡᠳᠬᠡᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ | ᠭᠡᠵᠡᠢ᠃ | | | ᠢᠦᠶ ᠬᠠᠶ ᠴᠧᠩ ᠮᠡᠳᠡᠭᠦᠯᠦᠯᠲᠡ ᠳᠡᠭᠡᠨ᠂ 2021 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠦᠯᠦᠪᠵᠢᠬᠦᠯᠭᠡ ᠶᠢᠨ ᠡᠬᠢᠯᠡᠯᠲᠡ ᠶᠢᠨ ᠵᠢᠯ ᠮᠥᠨ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ | ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠵᠢᠯ ᠮᠥᠨ᠂ ᠠᠵᠤ ᠠᠬᠤᠶ ᠨᠡᠶᠢᠭᠡᠮ ᠤᠨ ᠡᠯ᠎ᠡ ᠵᠤᠶᠢᠯ ᠤᠨ ᠠᠵᠢᠯ ᠢ | ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠨᠡ ᠵᠢᠯ ᠤᠨ ᠠᠪᠠᠭ᠎ᠠ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ | ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠪᠥᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠪᠠ᠂᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ | ᠪᠠᠷᠢᠮᠳᠠᠯᠠᠵᠦ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠬᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠲᠤᠭᠤᠰᠢᠯᠠᠭᠤᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ᠂ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠪᠠᠷ ᠭᠤᠤᠯ ᠰᠡᠳᠦᠪ ᠪᠤᠯᠭᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠤᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ | ᠬᠥᠳᠡᠯᠭᠡᠬᠦ ᠬᠦᠴᠦᠨ ᠪᠣᠯᠭᠠᠬᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ | ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠨ᠎ᠠ᠂ ᠰᠢᠰᠲ᠋ᠧᠮ ᠤᠨ ᠦᠵᠡᠯᠲᠡ ᠪᠠᠷᠢᠮᠲᠠᠯᠠᠬᠤ | ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ | ᠪᠠᠬᠢᠵᠢᠭᠦᠯᠦᠨ ᠦᠷᠭᠡᠳᠬᠡᠵᠦ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠦᠨ᠎ᠡ᠂ | ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ | ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠂ ᠬᠤᠷᠸ᠎ᠠ ᠲᠥᠷᠥ ᠶᠢᠨ ᠪᠣᠳᠣᠯᠭ᠎ᠠ ᠶᠢ ᠰᠢᠨᠵᠢᠯᠡᠬᠦ ᠤᠬᠠᠭᠠᠨᠴᠢ | ᠪᠥᠭᠡᠳ ᠣᠨᠣᠴᠠᠲᠠᠶ ᠪᠠᠷ ᠬᠡᠷᠡᠭᠵᠢᠬᠦᠯᠵᠦ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠪᠠᠶᠢᠷᠢ ᠳᠤ | ᠪᠠᠶᠢᠯᠭᠠᠬᠤ ᠶᠢ ᠴᠢᠷᠮᠠᠶᠢᠨ ᠪᠠᠲᠤᠯᠠᠪᠠ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠪᠠᠲᠤᠯᠠᠨ᠂ | ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠢ ᠴᠢᠩᠭᠠᠷᠠᠭᠤᠯᠤᠨ᠂ ᠥᠨᠳᠥᠷ | ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠦᠷᠭᠡᠳᠬᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ | ᠡᠬᠢᠯᠡᠯᠲᠡ ᠶᠢ ᠪᠠᠲᠤᠯᠠᠵᠦ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠤᠭᠲᠤᠬᠤ | ᠪᠠᠷ ᠢᠯᠡᠷᠬᠡᠶᠢᠯᠡᠪᠡ᠃ | | | 2021 ᠣᠨ ᠤ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ | ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 5 . 5 % ᠪᠠᠷ ᠨᠡᠮᠡᠭᠳᠡᠭᠦᠯᠦᠨ᠎ᠡ᠂ ᠡᠭᠦᠨ ᠳᠤ᠄ | ᠨᠢᠭᠡᠳᠦᠭᠡᠷ ᠠᠵᠤ ᠦᠢᠯᠡᠰ ᠢ 2 . 3 % ᠪᠠᠷ ᠨᠡᠮᠡᠭᠳᠡᠭᠦᠯᠵᠦ᠂ ᠬᠤᠶᠠᠳᠤᠭᠠᠷ ᠠᠵᠤ ᠦᠢᠯᠡᠰ ᠢ 8 . 8 % ᠪᠠᠷ | ᠨᠡᠮᠡᠭᠳᠡᠭᠦᠯᠵᠦ᠂ ᠭᠤᠷᠪᠠᠳᠤᠭᠠᠷ ᠠᠵᠤ ᠦᠢᠯᠡᠰ ᠢ 2 . 3 % ᠪᠠᠷ ᠨᠡᠮᠡᠭᠳᠡᠭᠦᠯᠦᠨ᠎ᠡ᠃ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 45 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ ᠶᠢ 2 . 25 ᠳ᠋ᠦᠩᠰᠢᠭᠤᠷ ᠲᠥᠭᠦᠷᠢᠭ ᠲᠤ ᠬᠦᠷᠭᠡᠵᠦ᠂ ᠠᠳᠠᠯᠢ ᠪᠠᠷᠢᠮᠵᠢᠶ᠎ᠠ ᠪᠠᠷ 1 . 5 % ᠪᠠᠷ | ᠨᠡᠮᠡᠭᠳᠡᠭᠦᠯᠦᠨ᠎ᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠭᠰᠠᠨ ᠪᠦᠬᠦ ᠲᠤᠭ᠎ᠠ 5 . 1 % ᠪᠠᠷ | ᠨᠡᠮᠡᠭᠳᠡᠪᠡ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ | ᠲᠤᠰ ᠲᠤᠰ 5 . 0 % ᠪᠠ 6 . 2 % ᠢᠶᠠᠷ ᠨᠡᠮᠡᠭᠳᠡᠭᠦᠯᠵᠦ᠂ ᠳᠡᠭᠡᠳᠦ ᠱᠠᠲᠤᠨ ᠠᠴᠠ ᠪᠠᠭᠤᠯᠭᠠᠭᠰᠠᠨ ᠡᠨᠧᠷᠭᠢ | ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠪᠠ ᠪᠣᠬᠢᠷᠲᠤᠯ ᠪᠣᠳᠠᠰ ᠭᠠᠳᠠᠭᠰᠢᠯᠠᠭᠤᠯᠬᠤ ᠵᠡᠷᠭᠡ ᠬᠠᠷᠠᠯᠲᠠ ᠡᠭᠦᠷᠭᠡ ᠶᠢ | ᠪᠦᠬᠦ ᠲᠠᠯ᠎ᠠ ᠪᠠᠷ ᠪᠡᠶᠡᠯᠡᠭᠦᠯᠦᠨ᠎ᠡ᠃ ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ᠂ ᠢᠦᠶ ᠬᠠᠶ ᠴᠧᠩ | ᠴᠢᠬᠤᠯᠠᠴᠢᠯᠠᠭᠰᠠᠨ ᠨᠢ᠂ ᠲᠤᠯᠤᠭᠠᠨ ᠲᠠᠯ᠎ᠠ ᠶᠢ ᠭᠤᠤᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠶ ᠬᠡᠵᠡᠢ᠃ | ᠨᠢᠭᠡ ᠳᠤ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ | ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠪᠠᠷ ᠲᠦᠰᠢᠭ ᠪᠣᠯᠭᠠᠵᠤ᠂ ᠠᠯᠠᠰᠢᠨ | ᠦᠬᠡᠷ ᠤᠨ ᠠᠵᠤ ᠦᠢᠯᠡᠰ ᠢ ᠬᠦᠴᠦᠷᠬᠡᠭᠵᠢᠭᠦᠯᠵᠦ᠂ ᠠᠯᠠᠰᠢᠨ ᠬᠤᠨᠢᠨ ᠤ ᠠᠵᠤ ᠦᠢᠯᠡᠰ ᠢ ᠰᠢᠯᠢᠳᠡᠭᠵᠢᠭᠦᠯᠵᠦ᠂ | ᠠᠳᠤᠭᠤᠨ ᠤ ᠠᠵᠤ ᠦᠢᠯᠡᠰ ᠢ ᠨᠠᠷᠢᠯᠢᠭᠵᠢᠭᠤᠯᠵᠤ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ | ᠦᠢᠯᠡᠰ ᠢ ᠣᠨᠴᠠᠭᠠᠶᠢᠷᠠᠭᠤᠯᠵᠤ᠂ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ | ᠵᠣᠯᠭᠠᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠪᠥᠬᠦ | ᠲᠠᠯ᠎ᠠ ᠪᠠᠷ ᠠᠬᠢᠭᠤᠯᠬᠤ ᠬᠡᠷᠡᠭᠲᠡᠶ ᠬᠡᠵᠡᠢ᠃ | ᠬᠤᠶᠠᠷ ᠲᠤ᠂ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ | ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠢ ᠲᠣᠭᠲᠠᠪᠤᠷᠢᠵᠢᠭᠤᠯᠬᠤ᠂ ᠭᠤᠤᠯᠳᠠᠯᠭ᠎ᠠ ᠲᠠᠢ ᠲᠥᠷᠥᠯ ᠵᠤᠶᠢᠯ ᠢᠶᠠᠷ | ᠪᠠᠯᠠ ᠣᠷᠣᠭᠤᠯᠤᠯᠲᠠ ᠶᠢ ᠠᠬᠢᠭᠤᠯᠬᠤ᠂ ᠳᠠᠯᠳᠠ ᠬᠦᠴᠦᠨ ᠢ ᠭᠦᠨ ᠠᠭᠤᠳᠠᠯᠵᠤ ᠵᠢᠭᠤᠯᠴᠢᠯᠠᠯ ᠢ ᠬᠥᠭᠵᠢᠭᠦᠯᠬᠦ ᠠᠵᠢᠯ ᠢ | ᠰᠠᠶᠢᠲᠤᠷ ᠠᠳᠬᠤᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠪᠥᠬᠦ ᠬᠦᠴᠦᠨ ᠢᠶᠠᠷ | ᠠᠬᠢᠭᠤᠯᠤᠨ᠎ᠠ ᠬᠡᠵᠡᠢ᠃ | ᠭᠤᠷᠪᠠ ᠳᠤ᠂ ︽ᠬᠤᠶᠠᠷ ᠠᠭᠤᠯᠠ︾ ᠶᠢᠨ ᠣᠨᠣᠯ ᠢ ᠢᠳᠡᠪᠬᠢᠲᠡᠢ ᠦᠢᠯᠡᠳᠦᠯᠭᠡᠵᠢᠭᠦᠯᠵᠦ᠂ ᠲᠠᠯ᠎ᠠ ᠨᠤᠲᠤᠭ ᠤᠨ | ᠠᠮᠢ ᠠᠬᠤᠢ ᠶᠢᠨ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠪᠠᠷ | ᠪᠣᠬᠢᠷᠲᠤᠯ ᠢ ᠰᠡᠷᠭᠡᠶᠢᠯᠡᠨ ᠵᠠᠰᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠨ᠎ᠠ᠃ | | | | | | ᠳᠥᠷᠪᠡ ᠳᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠮᠥᠩᠭᠦᠨ ᠬᠦᠢᠯᠭᠡᠭᠡᠨ ᠤ | ᠦᠢᠯᠡᠴᠢᠯᠡᠬᠡᠨ ᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠪᠥᠬᠦ ᠲᠠᠯ᠎ᠠ ᠪᠠᠷ ᠥᠭᠡᠷᠡᠴᠢᠯᠡᠯᠲᠡ ᠨᠡᠭᠡᠭᠡᠯᠲᠡ | ᠬᠢᠬᠦ ᠶᠢ ᠦᠷᠭᠦᠯᠵᠢᠯᠡᠨ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠶᠡᠭᠡ ᠪᠠᠷ ᠠᠬᠢᠭᠤᠯᠤᠨ᠎ᠠ᠃ | ᠲᠠᠪᠤ ᠳᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠪᠦᠬᠦ ᠬᠦᠴᠦᠨ ᠢᠶᠠᠷ ᠢᠶᠠᠨ ᠨᠡᠮᠡᠭᠳᠡᠭᠦᠯᠵᠦ᠂ ᠠᠵᠢᠯ | ᠣᠯᠭᠤᠯᠲᠠ ᠶᠢ ᠲᠣᠭᠲᠠᠭᠤᠨ ᠢᠶᠠᠷ ᠥᠷᠭᠡᠳᠬᠡᠬᠦ ᠪᠠᠷ ᠬᠦᠴᠦᠯᠡᠨ ᠴᠢᠷᠮᠠᠶᠢᠵᠤ᠂ ᠨᠡᠶᠢᠭᠡᠮ ᠤᠨ ᠦᠨᠳᠦᠰᠦᠨ ᠵᠦᠢᠯ ᠢ | ᠪᠠᠲᠤᠯᠠᠬᠤ ᠴᠢᠳᠠᠪᠤᠷᠢ ᠶᠢ ᠪᠠᠬᠢᠵᠢᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ | ᠡᠷᠬᠢᠯᠡᠵᠦ᠂ ᠡᠷᠡᠭᠦᠯ ᠡᠩᠬᠡ ᠠᠪᠠᠭ᠎ᠠ ᠨᠤᠲᠤᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠣᠶᠣᠯ ᠤᠨ | ᠦᠢᠯᠡᠰ ᠤᠨ ᠴᠡᠴᠡᠭᠯᠡᠨ ᠬᠥᠭᠵᠢᠬᠦ ᠶᠢ ᠲᠦᠯᠬᠢᠨ ᠠᠬᠢᠭᠤᠯᠵᠤ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠣᠯᠠᠨ ᠲᠦᠮᠡᠨ ᠤ ᠠᠰᠢᠭ ᠬᠦᠷᠲᠡᠭᠰᠡᠨ ᠲᠥᠷᠥᠭᠳᠡᠯ ᠢ ᠲᠠᠰᠤᠷᠠᠯᠲᠠ | ᠦᠭᠡᠢ ᠨᠡᠮᠡᠭᠳᠡᠭᠦᠯᠦᠨ᠎ᠡ᠃ | ᠵᠢᠷᠭᠤᠭ᠎ᠠ ᠳᠤ᠂ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠵᠤ᠂ ᠦᠨᠳᠦᠰᠦᠲᠡᠨ ᠤ | ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠠᠶᠤᠯᠭᠦᠢ ᠦᠢᠯᠡᠳᠪᠦᠷᠢᠯᠡᠯ ᠢ ᠴᠢᠩᠭᠠᠳᠬᠠᠨ ᠳᠡᠭᠡᠭᠰᠢᠯᠡᠭᠦᠯᠵᠦ᠂ ᠨᠡᠶᠢᠭᠡᠮ ᠤᠨ | ᠲᠠᠯ᠎ᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠨ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠣᠨᠣᠴᠠᠲᠠᠢ ᠰᠠᠶᠢᠲᠤᠷ ᠠᠳᠬᠤᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠪᠣᠯᠤᠨ ᠬᠦᠨᠳᠦ ᠶᠡᠭᠡ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ | ᠳᠤᠯᠤᠭ᠎ᠠ ᠳᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ | ᠤᠯᠤᠰ ᠲᠦᠷᠦ ᠶᠢᠨ ᠪᠠᠶᠢᠭᠤᠯᠤᠯᠲᠠ ᠶᠢ ᠴᠥᠬᠦᠷᠡᠰᠢ ᠦᠭᠡᠢ ᠴᠢᠩᠭᠠᠳᠬᠠᠵᠤ᠂ ᠨᠠᠮ ᠳᠠᠭᠠᠨ ᠦᠨᠡᠨᠴᠢ ᠰᠢᠳᠤᠷᠭᠤ | ᠪᠠᠶᠢᠬᠤ ᠶᠢ ᠦᠢᠯᠡᠳᠦᠯᠭᠡᠵᠢᠭᠦᠯᠪᠡ᠃ ᠬᠠᠤᠯᠢᠵᠢᠯ ᠤᠨ ᠪᠠᠶᠢᠭᠤᠯᠤᠯᠲᠠ ᠶᠢ ᠴᠥᠬᠦᠷᠡᠰᠢ ᠦᠭᠡᠢ ᠴᠢᠩᠭᠠᠳᠬᠠᠵᠤ᠂ | ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠰᠤᠷᠲᠠᠯ ᠤᠨ ᠪᠠᠶᠢᠭᠤᠯᠤᠯᠲᠠ ᠶᠢ ᠴᠥᠬᠦᠷᠡᠰᠢ ᠦᠭᠡᠢ | ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠴᠢᠳᠠᠪᠤᠷᠢ ᠶᠢᠨ | ᠪᠠᠶᠢᠭᠤᠯᠤᠯᠲᠠ ᠶᠢ ᠴᠥᠬᠦᠷᠡᠰᠢ ᠦᠭᠡᠢ ᠴᠢᠩᠭᠠᠳᠬᠠᠵᠤ᠂ ᠮᠡᠷᠭᠡᠵᠢᠯᠲᠡᠨ ᠪᠣᠯᠬᠤ ᠪᠠᠷ ᠴᠢᠷᠮᠠᠶᠢᠵᠤ᠂ ᠵᠠᠰᠠᠯᠲᠠ ᠶᠢᠨ ᠦᠷ᠎ᠡ | ᠠᠰᠢᠭ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ | ᠢᠦᠢ ᠬᠠᠢ ᠴᠧᠩ ᠴᠢᠬᠤᠯᠠᠴᠢᠯᠠᠭᠰᠠᠨ ᠨᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ | ᠰᠢᠨ᠎ᠡ ᠠᠶᠠᠨ ᠨᠢᠭᠡᠨᠲᠡ ᠡᠬᠢᠯᠡᠵᠦ᠂ ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ | ᠂ ᠤᠳᠠᠭᠠᠨ ᠳᠠᠭᠠᠭᠠᠮᠠᠭᠠᠶ ᠪᠠᠷ ᠴᠢᠷᠮᠠᠶᠢᠬᠤ᠂ ᠴᠢᠳᠠᠮᠠᠭᠠᠶ ᠬᠢᠵᠦ ᠴᠢᠳᠠᠮᠠᠭᠠᠶ ᠪᠦᠲᠦᠭᠡᠬᠦ ᠬᠠᠳᠠᠨ ᠵᠣᠷᠢᠭ᠂ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠲᠡᠷᠢᠭᠦᠨ ᠳᠤ ᠣᠷᠣᠬᠤ ᠪᠠᠷ ᠬᠦᠴᠦᠯᠡᠨ ᠴᠢᠷᠮᠠᠶᠢᠬᠤ ᠡᠷᠴᠢ ᠵᠣᠷᠢᠭ᠂ | ᠠᠰᠠᠭᠤᠳᠠᠯ ᠢ ᠰᠤᠳᠤᠯᠬᠤ᠂ ᠬᠦᠴᠢᠷ ᠠᠰᠠᠭᠤᠳᠠᠯ ᠢ ᠰᠢᠢᠳᠪᠦᠷᠢᠯᠡᠬᠦ ᠥᠷᠥᠮ ᠤᠨ ᠬᠦᠴᠦ᠂ ᠡᠷᠬᠡᠪᠰᠢ ᠪᠣᠳᠠᠲᠤ ᠦᠷ᠎ᠡ | ᠪᠦᠲᠦᠮᠵᠢ ᠣᠯᠬᠤ ᠬᠡᠷᠡᠭᠲᠡᠶ᠂ ᠡᠴᠦᠰ ᠲᠤᠨᠢ ᠲᠤᠯᠲᠠᠯ᠎ᠠ ᠠᠳᠬᠤᠬᠤ ᠡᠷᠴᠢ ᠵᠣᠷᠢᠭ᠂ ᠴᠠᠭ ᠲᠠᠢ ᠤᠷᠤᠯᠳᠤᠬᠤ᠂ | ᠲᠡᠮᠡᠴᠡᠯ ᠢᠶᠠᠷ ᠬᠦᠰᠡᠯ ᠵᠡᠭᠦᠳᠦ ᠪᠠᠨ ᠬᠥᠭᠡᠭᠡᠴᠡᠯᠳᠦᠬᠦ᠂ ᠡᠯ᠎ᠡ ᠵᠤᠶᠢᠯ ᠤᠨ ᠲᠣᠭᠲᠠᠭᠰᠠᠨ ᠬᠠᠷᠠᠯᠲᠠ ᠡᠭᠦᠷᠭᠡ ᠪᠠᠨ ᠪᠦᠬᠦ | ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠶ᠂ ᠠᠪᠠᠭ᠎ᠠ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠯᠢᠳᠡᠭ ᠬᠢᠷᠢ ᠪᠦᠲᠦᠮᠵᠢ ᠪᠠᠷ ᠨᠠᠮ | ᠪᠠᠶᠢᠭᠤᠯᠤᠭᠳᠠᠭᠰᠠᠨ 100 ᠵᠢᠯ ᠤᠨ ᠣᠶ ᠶᠢ ᠤᠭᠲᠤᠶ᠎ᠠ ᠭᠡᠪᠡ︕ | | | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠪᠣᠯᠣᠳᠪᠠᠭᠠᠲᠤᠷ ᠠᠪᠠᠭ᠎ᠠ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠠᠵᠢᠯ ᠤᠨ ᠢᠯᠡᠳᠬᠡᠯ ᠬᠢᠪᠡ᠃ ᠪᠣᠯᠣᠳᠪᠠᠭᠠᠲᠤᠷ | ᠮᠡᠳᠡᠭᠦᠯᠦᠯᠲᠡ ᠳᠡᠭᠡᠨ᠂ 2020 ᠣᠨ ᠪᠣᠯ ᠲᠦᠢᠯ ᠤᠨ ᠶᠡᠷᠦ ᠪᠤᠰᠤ ᠶᠢᠨ ᠨᠢᠭᠡ ᠵᠢᠯ ᠪᠣᠯᠤᠨ᠎ᠠ᠃ ᠬᠤᠰᠢᠭᠤ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ | ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠪᠥᠬᠦ ᠬᠤᠰᠢᠭᠤᠨ ᠤ ᠭᠤᠤᠯ ᠠᠵᠢᠯ ᠤᠨ ᠲᠣᠭᠤᠷᠢᠨ ᠳᠤ | ᠴᠢᠬᠤᠯᠠ ᠶᠡᠭᠡ ᠰᠢᠯᠭᠠᠯᠲᠠ ᠶᠢ ᠠᠷᠭᠠᠴᠠᠭᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ | ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠬᠦ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ | ᠬᠠᠷᠢᠭᠤᠴᠠᠯᠭ᠎ᠠ ᠪᠠᠨ ᠬᠦᠢᠴᠡᠳᠭᠡᠬᠦ ᠲᠠᠢ ᠪᠦᠲᠦᠮᠵᠢᠲᠡᠶ ᠤᠶᠠᠯᠳᠤᠭᠤᠯᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ | ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠪᠡ᠃ ᠪᠦᠬᠦ ᠵᠢᠯ ᠳᠤ ᠪᠠᠶᠢᠩᠭᠤ ᠶᠢᠨ ᠬᠤᠷᠢᠶᠠᠨ ᠤ | ᠬᠤᠷᠠᠯ ᠢ ᠨᠡᠶᠢᠲᠡ 8 ᠤᠳᠠᠭ᠎ᠠ᠂ ᠡᠷᠬᠢᠯᠡᠭᠴᠢᠳ ᠤᠨ ᠬᠤᠷᠠᠯ ᠢ 17 ᠤᠳᠠᠭ᠎ᠠ ᠬᠤᠷᠠᠯᠳᠤᠭᠤᠯᠵᠤ᠂ ︽ᠨᠢᠭᠡ ᠣᠷᠳᠣᠨ | ᠨᠢᠭᠡ ᠵᠥᠪᠯᠡᠯ ᠬᠤᠶᠠᠷ ᠬᠤᠷᠢᠶ᠎ᠠ︾ ᠶᠢᠨ ᠠᠵᠢᠯ ᠤᠨ ᠮᠡᠳᠡᠭᠦᠯᠦᠯᠲᠡ 13 ᠵᠦᠢᠯ ᠢ ᠰᠣᠨᠣᠰᠴᠤ ᠬᠢᠨᠠᠨ ᠵᠥᠪᠯᠡᠵᠦ᠂ ᠬᠠᠤᠯᠢ | ᠬᠡᠷᠡᠭᠵᠢᠭᠦᠯᠦᠨ ᠪᠠᠶᠢᠴᠠᠭᠠᠨ ᠰᠤᠳᠤᠯᠬᠤ᠂ ᠪᠠᠶᠢᠴᠠᠭᠠᠨ ᠦᠵᠡᠬᠦ ᠠᠵᠢᠯᠯᠠᠭᠠᠨ ᠢ 17 ᠤᠳᠠᠭ᠎ᠠ ᠥᠷᠨᠢᠭᠦᠯᠵᠦ᠂ ᠪᠦᠬᠦ | ᠬᠤᠰᠢᠭᠤᠨ ᠤ ᠠᠵᠤ ᠠᠬᠤᠢ ᠨᠡᠢᠭᠡᠮ ᠤᠨ ᠬᠥᠭᠵᠢᠯᠲᠡ᠂ ᠠᠷᠠᠳᠴᠢᠯᠠᠯ ᠬᠠᠤᠯᠢ ᠪᠠᠷ ᠵᠠᠰᠠᠬᠤ ᠪᠠᠶᠢᠭᠤᠯᠤᠯᠲᠠ ᠪᠠ | ᠠᠷᠠᠳ ᠤᠨ ᠠᠮᠢᠳᠤᠷᠠᠯ ᠢ ᠰᠠᠢᠵᠢᠷᠠᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ ᠬᠡᠵᠡᠢ᠃ | ᠪᠣᠯᠣᠳᠪᠠᠭᠠᠲᠤᠷ᠂ 2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 | ᠵᠢᠯ ᠤᠨ ᠣᠶ ᠪᠣᠯᠤᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ | ᠪᠣᠯᠤᠨ᠎ᠠ᠂ ᠪᠠᠰᠠ ᠴᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ | ᠠᠶᠠᠨ ᠢ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠵᠠᠩᠭᠢᠯᠠᠭ᠎ᠠ ᠶᠢᠨ ᠵᠢᠯ | ᠪᠣᠯᠤᠨ᠎ᠠ᠃ ᠲᠡᠦᠬᠡ ᠶᠢᠨ ᠰᠢᠨ᠎ᠡ ᠡᠬᠢᠯᠡᠯᠲᠡ ᠨᠢ ᠪᠢᠳᠡᠨ ᠳᠤ ᠲᠡᠦᠬᠡ ᠶᠢᠨ ᠰᠢᠨ᠎ᠡ ᠬᠦᠨᠳᠦ ᠡᠭᠦᠷᠭᠡ ᠶᠢ ᠣᠯᠭᠤᠪᠠ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠬᠤᠷᠠᠯ᠂ | ᠭᠤᠷᠪᠠᠳᠤᠭᠠᠷ ᠬᠤᠷᠠᠯ᠂ ᠳᠥᠷᠪᠡᠳᠦᠭᠡᠷ ᠬᠤᠷᠠᠯ᠂ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ | ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠶ᠎ᠠ᠂ ᠶᠡᠷᠦᠩᠬᠡᠢ ᠱᠦᠵᠢ ᠰᠢ ᠶᠢᠨ | ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ | ᠴᠢᠬᠤᠯᠠ ᠦᠵᠡᠯ ᠰᠠᠨᠠᠭ᠎ᠠ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠡᠷᠬᠡ ᠮᠡᠳᠡᠵᠦ ᠡᠵᠡᠨ | ᠰᠠᠭᠤᠬᠤ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠬᠦ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠢ ᠭᠦᠨᠵᠡᠭᠡᠢ ᠦᠷᠨᠢᠬᠦᠯᠪᠡ᠂ ᠬᠤᠰᠢᠭᠤᠨ ᠤ ᠨᠠᠮ ᠤᠨ ᠬᠤᠷᠢᠶᠠᠨ ᠤ ᠠᠵᠢᠯ ᠤᠨ | ᠪᠠᠶᠢᠷᠢᠯᠠᠭᠤᠯᠤᠯᠲᠠ ᠶᠣᠰᠣᠭᠠᠷ᠂ ᠴᠢᠨᠠᠷ ᠰᠠᠶᠢᠲᠠᠶ ᠬᠥᠭᠵᠢᠯᠲᠡ ᠭᠡᠬᠦ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ | ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠣᠨᠣᠪᠴᠢᠲᠠᠶ ᠡᠵᠡᠮᠳᠡᠬᠦ ᠬᠡᠷᠡᠭᠲᠡᠶ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠭᠦᠨᠵᠡᠭᠡᠶ ᠲᠤᠭᠤᠰᠢᠯᠠᠭᠤᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠠᠭᠤᠰᠤᠯᠴᠠᠪᠠ | ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠪᠠᠷ ᠲᠣᠭᠲᠠᠭᠠᠭᠰᠠᠨ ᠡᠯ᠎ᠡ ᠵᠦᠢᠯ ᠤᠨ ᠲᠤᠰᠢᠶᠠᠯ | ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠪᠡ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠡᠬᠢᠯᠡᠯᠲᠡ ᠳᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠣᠶᠤᠨ ᠤᠬᠠᠭᠠᠨ ᠪᠠ ᠬᠦᠴᠦᠨ ᠴᠢᠳᠠᠯ ᠢ ᠡᠷᠭᠦᠨ᠎ᠡ ᠭᠡᠪᠡ᠃ | | | | | | | ᠬᠤᠷᠠᠯ ᠳᠡᠭᠡᠷ᠎ᠡ᠂ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠡᠷᠳᠡᠨᠢᠪᠠᠭᠠᠲᠤᠷ ᠬᠤᠰᠢᠭᠤᠨ ᠤ ᠠᠷᠠᠳ ᠤᠨ | ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠬᠢᠵᠦ᠂ ᠠᠷᠠᠳ ᠤᠨ ᠪᠠᠶᠢᠴᠠᠭᠠᠬᠤ ᠬᠤᠷᠢᠶᠠᠨ ᠤ ᠣᠷᠣᠯᠠᠭᠴᠢ ᠪᠠᠶᠢᠴᠠᠭᠠᠬᠤ | ᠳᠠᠷᠤᠭ᠎ᠠ ᠵᠠᠩ ᠵᠢᠶᠦ᠋ᠨ ᠯᠢ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠬᠢᠵᠡᠶ᠃ | ᠬᠤᠷᠠᠯ ᠠᠴᠠ ᠠᠪᠠᠭ᠎ᠠ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠥᠲᠥᠯᠪᠦᠷᠢ ︵ᠲᠥᠰᠦᠯ︶᠂ ᠠᠪᠠᠭ᠎ᠠ ᠬᠤᠰᠢᠭᠤᠨ ᠤ 2020 | ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ | ᠪᠠᠶᠢᠳᠠᠯ ᠵᠢᠴᠢ 2021 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ | ᠲᠥᠰᠦᠯ ᠤᠨ ᠮᠡᠳᠡᠭᠦᠯᠦᠯᠲᠡ᠂ 2020 ᠣᠨ ᠤ ᠡᠳ᠋ ᠤᠨ ᠵᠠᠰᠠᠭ ᠤᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠪᠠ | 2021 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠤᠨ ᠮᠡᠳᠡᠭᠦᠯᠦᠯᠲᠡ ᠶᠢ ᠪᠢᠴᠢᠭ ᠢᠶᠠᠷ ᠬᠢᠨᠠᠨ ᠵᠥᠪᠯᠡᠪᠡ᠃ | | | ᠲᠥᠯᠥᠭᠡᠯᠡᠭᠴᠢᠳ ᠤᠨ ᠵᠥᠪᠯᠡᠯᠭᠡ ᠶᠢᠨ ᠳᠠᠭᠤᠰᠬᠤ ᠴᠠᠭ ᠤᠨ ᠲᠣᠭᠲᠠᠭᠠᠯ ᠢ ᠨᠡᠶᠢᠲᠡᠯᠡᠪᠡ᠃ ᠬᠤᠰᠢᠭᠤᠨ ᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢᠦ ᠰᠢᠶᠣᠤ ᠮᠢᠨ ᠡᠯ᠎ᠡ | ᠵᠢᠱᠢᠭᠳᠡᠭᠴᠢ ᠶᠢᠨ ᠰᠠᠨᠠᠭᠤᠯᠭ᠎ᠠ ᠶᠢᠨ ᠨᠡᠷᠡᠰ ᠪᠠ ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠦᠯ︶ ᠶᠢᠨ | ᠲᠣᠳᠣᠷᠬᠠᠶᠢᠯᠠᠯᠲᠠ ᠬᠢᠪᠡ᠃ | ᠬᠤᠷᠠᠯ ᠳᠤ᠂ ᠲᠥᠯᠥᠭᠡᠯᠡᠭᠴᠢ ᠪᠤᠰᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ | ᠵᠥᠪᠯᠡᠯᠭᠡᠨ ᠤ ᠤᠳᠤᠷᠢᠳᠤᠯᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠵᠢᠴᠢ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠤᠰᠢᠭᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠲᠥᠯᠥᠭᠡᠯᠡᠭᠴᠢ ᠪᠤᠰᠤ ᠬᠤᠰᠢᠭᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠵᠢᠩᠬᠢᠨᠢ ᠲᠤᠰᠢᠶᠠᠯ ᠤᠨ | ᠤᠳᠤᠷᠢᠳᠤᠯᠭ᠎ᠠ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ | ᠪᠣᠯᠤᠨ ᠠᠬᠠᠮᠠᠳ ᠺᠠᠳ᠋ᠷ ᠤᠨ ᠲᠥᠯᠥᠭᠡᠯᠡᠭᠴᠢ ᠥᠨᠥᠳᠦᠷ ᠤᠨ ᠶᠡᠭᠡ ᠬᠤᠷᠠᠯ ᠳᠤ ᠰᠤᠯᠠ ᠣᠷᠣᠯᠴᠠᠵᠠᠶ᠃ | | | | | | |