ᠠᠷᠢᠭᠤᠨ
ᠨᠡᠶᠢᠲᠡᠯᠡᠭᠰᠡᠨ ᠴᠠᠭ᠄
2021/3/2
     ᠳᠤᠪᠴᠢ ᠨᠠᠮᠳᠠᠷ      ᠠᠷᠢᠭᠤᠨ᠂ ᠡᠷᠡᠭᠲᠡᠢ᠂ 1977 ᠣᠨ ᠤ 4 ᠰᠠᠷ᠎ᠠ ᠳᠤ ᠲᠦᠷᠦᠪᠡ᠂ ᠮᠣᠩᠭᠤᠯ ᠦᠨᠳᠦᠰᠦᠲᠡᠨ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠣᠲᠣ ᠠᠪᠠᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠣᠢ᠃ ᠦᠩᠭᠡᠷᠡᠭᠰᠡᠨ ᠳᠤ ᠰᠤᠮᠤ ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠪᠠᠯᠭᠠᠰᠤᠨ ᠳᠠᠷᠤᠭ᠎ᠠ ᠂  ᠪᠠᠯᠭᠠᠰᠤᠨ ᠳᠠᠷᠤᠭ᠎ᠠ᠂ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ︔ ᠬᠤᠰᠢᠭᠤ ᠵᠠᠰᠠᠭ ᠤᠨ ᠣᠷᠳᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ᠂ ᠲᠣᠪᠴᠢᠶᠠᠨ ᠳᠠᠷᠤᠭ᠎ᠠ ᠶᠢᠨ ᠳᠤᠰᠢᠶᠠᠯ ᠢ ᠡᠭᠦᠷᠭᠡᠯᠡᠵᠦ ᠪᠠᠶᠢᠪᠠ᠃      ᠠᠵᠢᠯ ᠤᠨ ᠬᠤᠪᠢᠶᠠᠷᠢᠯᠠᠯ      ᠬᠤᠰᠢᠭᠤ ᠳᠠᠷᠤᠭ᠎ᠠ ᠶᠢ ᠬᠠᠪᠰᠤᠷᠤᠨ ᠡᠳ᠋ ᠤᠨ ᠵᠠᠰᠠᠭ ᠭᠠᠶᠢᠯᠢ᠂ ᠲᠠᠷᠢᠶᠠᠯᠠᠩ ᠮᠠᠯ ᠠᠵᠤ ᠠᠬᠤᠢ᠂ ᠰᠢᠨᠵᠢᠯᠡᠬᠦ ᠮᠡᠷᠭᠡᠵᠢᠯ᠂ ᠤᠰᠤᠨ ᠠᠰᠢᠭᠯᠠᠯᠲᠠ᠂ ᠣᠶ ᠰᠢᠭᠤᠢ ᠡᠪᠡᠰᠦ ᠪᠡᠯᠴᠢᠭᠡᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠲᠡᠨ ᠤ ᠬᠡᠷᠡᠭ ᠡᠷᠬᠢᠯᠡᠬᠦ ᠵᠡᠷᠭᠡ ᠲᠠᠯ᠎ᠠ ᠶᠢᠨ ᠠᠵᠢᠯ ᠢ ᠨᠢᠭᠡᠳᠦᠯᠲᠡᠢ ᠲᠦᠯᠦᠪᠵᠢᠭᠦᠯᠦᠨ᠎ᠡ᠃ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ︶᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠮᠡᠷᠭᠡᠵᠢᠯ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠠᠵᠢᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠦᠨᠳᠦᠰᠦᠲᠡᠨ ᠤ ᠬᠡᠷᠡᠭ ᠶᠠᠪᠤᠳᠠᠯ ᠤᠨ ᠵᠥᠪᠯᠡᠯ᠂ ᠮᠥᠩᠭᠦᠨ ᠭᠦᠢᠯᠭᠡᠭᠡᠨ ᠤ ᠠᠯᠪᠠᠨ ᠭᠡᠷ ᠢ ᠬᠤᠪᠢᠳᠠᠨ ᠬᠠᠮᠢᠶᠠᠷᠤᠨ᠎ᠠ᠃      ᠴᠠᠭ ᠠᠭᠤᠷ ᠤᠨ ᠲᠣᠪᠴᠢᠶ᠎ᠠ᠂ ᠱᠠᠰᠢᠨ ᠰᠤᠷᠲᠠᠬᠤᠨ ᠤ ᠲᠣᠪᠴᠢᠶ᠎ᠠ᠂ ᠰᠢᠨᠵᠢᠯᠡᠬᠦ ᠮᠡᠷᠭᠡᠵᠢᠯ ᠤᠨ ᠨᠡᠶᠢᠭᠡᠮᠯᠢᠭ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠷᠠᠳ ᠤᠨ ᠪᠠᠩᠬᠢ᠂ ᠦᠢᠯᠡᠳᠪᠦᠷᠢ ᠬᠤᠳᠠᠯᠳᠤᠭᠠᠨ ᠤ ᠪᠠᠩᠬᠢ᠂ ᠲᠠᠷᠢᠶᠠᠯᠠᠩ ᠤᠨ ᠬᠤᠳᠠᠯᠳᠤᠭᠠᠨ ᠤ ᠪᠠᠩᠬᠢ᠂ ᠠᠮᠢ ᠨᠠᠰᠣᠨ ᠤ ᠳᠠᠭᠠᠳᠬᠠᠯ᠂ ᠡᠳ᠋ ᠬᠦᠷᠦᠩᠭᠡ ᠶᠢᠨ ᠳᠠᠭᠠᠳᠬᠠᠯ ᠤᠨ ᠰᠠᠯᠪᠤᠷᠢ ᠺᠣᠮᠫᠠᠨᠢ ᠲᠠᠢ ᠬᠠᠷᠢᠯᠴᠠᠨ᠎ᠠ᠃     ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号