ᠠᠪᠠᠭ᠎ᠠ ᠬᠤᠰᠢᠭᠤᠨ ᠤ 2021 ᠤᠨ ᠤ ᠬᠠᠪᠤᠷ ᠤᠨ ᠤᠯᠠᠷᠢᠯ ᠤᠨ ᠨᠤᠭᠤᠭ᠎ᠠ ᠭᠠᠷᠬᠤ ᠬᠤᠭᠤᠴᠠᠭᠠᠨ ᠳᠤ ᠰᠠᠯᠬᠦᠨ ᠮᠠᠯᠵᠢᠬᠤ ᠶᠢ ᠬᠡᠷᠡᠭᠵᠢᠬᠦᠯᠬᠦ ᠲᠣᠬᠠᠢ ᠵᠠᠷᠯᠠᠯ
ᠨᠡᠶᠢᠲᠡᠯᠡᠭᠰᠡᠨ ᠴᠠᠭ᠄
2021/3/23
ᠦᠷᠬᠡᠨ ᠤᠯᠠᠨ ᠮᠠᠯᠴᠢᠨ ᠲᠦᠮᠡᠨ ᠳᠤ᠄       ᠪᠦᠬᠦ ᠠᠶᠢᠮᠠᠭ ᠤᠨ ᠨᠢᠬᠡᠳᠤᠯᠳᠡᠢ ᠪᠠᠶᠢᠷᠢᠯᠠᠭᠤᠯᠤᠯᠳᠠ ᠶᠤᠰᠤᠭᠠᠷ᠂ ᠮᠠᠨ ᠤ ᠬᠤᠰᠢᠭᠤ ᠨᠢ ᠬᠠᠪᠤᠷ ᠤᠨ ᠤᠯᠠᠷᠢᠯ ᠤᠨ ᠨᠤᠭᠤᠭ᠎ᠠ ᠭᠠᠷᠬᠤ ᠬᠤᠭᠤᠴᠠᠭᠠᠨ ᠤ ᠰᠠᠯᠬᠦᠨ ᠮᠠᠯᠵᠢᠬᠤ ᠠᠵᠢᠯ ᠤᠨ ᠦᠷ᠎ᠠ ᠪᠦᠳᠤᠮᠵᠢ ᠪᠠᠨ ᠤᠯᠠᠮ ᠴᠢᠨᠠᠭᠰᠢᠳᠠ ᠪᠠᠳᠤᠳᠬᠠᠨ᠂ ᠲᠠᠯ᠎ᠠ ᠨᠤᠳᠤᠭ ᠤᠨ ᠠᠮᠢ ᠠᠬᠤᠢ ᠶᠢᠨ ᠡᠬᠢ ᠪᠠᠶᠠᠯᠢᠭ ᠢ ᠰᠢᠡᠵᠢᠯᠡᠬᠦ ᠤᠬᠠᠭᠠᠡᠴᠢ ᠪᠠᠷ ᠬᠠᠮᠠᠭᠠᠯᠠᠨ ᠠᠰᠢᠭᠯᠠᠬᠤ ᠶᠢᠨ ᠲᠤᠰᠠᠳᠠ᠂ 2021 ᠤᠨ ᠳᠤ ᠬᠠᠪᠤᠷ ᠤᠨ ᠤᠯᠠᠷᠢᠯ ᠤᠨ ᠨᠤᠭᠤᠭ᠎ᠠ ᠭᠠᠷᠬᠤ ᠬᠤᠭᠤᠴᠠᠭᠠᠨ ᠳᠤ ᠦᠷᠬᠦᠯᠵᠢᠯᠡᠨ ᠰᠠᠯᠬᠦᠨ ᠮᠠᠯᠵᠢᠬᠤ ᠶᠢ ᠬᠡᠷᠡᠭᠵᠢᠬᠦᠯᠬᠦ ᠪᠠᠷ ᠲᠤᠭᠳᠠᠪᠠ᠃ ᠤᠳᠤ ᠬᠠᠮᠢᠶ᠎ᠠ ᠪᠦᠬᠦᠢ ᠶᠠᠪᠤᠳᠠᠯ ᠢ ᠲᠤᠤᠷᠡᠬᠢ ᠮᠠᠳᠤ ᠵᠠᠷᠯᠠᠶ᠎ᠠ᠄      ᠨᠢᠬᠡ᠂ ᠰᠠᠯᠬᠦᠨ ᠮᠠᠯᠵᠢᠬᠤ ᠬᠤᠭᠤᠴᠠᠭ᠎ᠠ      ᠮᠠᠨ ᠤ ᠬᠤᠰᠢᠭᠤ ᠨᠢ 2021 ᠤᠨ ᠤ ᠬᠠᠪᠤᠷ ᠤᠨ ᠤᠯᠠᠷᠢᠯ ᠤᠨ ᠨᠤᠭᠤᠭ᠎ᠠ ᠭᠠᠷᠬᠤ ᠬᠤᠭᠤᠴᠠᠭᠠᠨ ᠳᠤ 30 ᠡᠳᠤᠷ ᠰᠠᠯᠬᠦᠨ ᠮᠠᠯᠵᠢᠬᠤ ᠶᠢ ᠬᠡᠷᠡᠭᠵᠢᠬᠦᠯᠤᠨ᠎ᠠ᠃ 303 ᠤᠯᠤᠰ ᠤᠨ ᠵᠠᠮ ︵ᠤᠤᠯ ᠤᠨ 101 ᠮᠤᠵᠢ ᠶᠢᠨ ᠵᠠᠮ︶᠎ ᠢᠶᠠᠷ ᠵᠠᠭᠠᠭᠯᠠᠨ ᠬᠤᠶᠡᠷ ᠬᠤᠭᠤᠴᠠᠭ᠎ᠠ ᠬᠤᠪᠢᠶᠠᠨ ᠶᠠᠪᠤᠭᠳᠠᠭᠤᠯᠤᠨ᠎ᠠ᠃303 ᠤᠯᠤᠰ ᠤᠨ ᠵᠠᠮ ᠠᠴᠠ ᠡᠮᠤᠨᠡᠬᠢ ᠰᠤᠮᠤ ᠪᠠᠯᠭᠠᠰᠤᠨ ︵ᠪᠡᠯᠬᠦᠳᠡᠢ ᠪᠠᠯᠭᠠᠰᠤᠨ ᠤ ᠬᠡᠰᠡᠭ ᠭᠠᠵᠡᠷ ᠤᠷᠤᠨ᠂ ᠴᠠᠭᠠᠡᠨᠠᠭᠤᠷ ᠪᠠᠯᠭᠠᠰᠤ᠂ ᠬᠤᠩᠭᠤᠷᠭᠤᠤᠯ ᠪᠠᠯᠭᠠᠰᠤ︶᠎ ᠳᠤ 4 ᠰᠠᠷ᠎ᠠ ᠶᠢᠨ 5᠎ ᠤ ᠡᠳᠤᠷ ᠠᠴᠠ 5 ᠰᠠᠷ᠎ᠠ ᠶᠢᠨ 5᠎ ᠤ ᠡᠳᠤᠷ ᠪᠤᠯᠳᠠᠯ᠎ᠠ ᠰᠠᠯᠬᠦᠨ ᠮᠠᠯᠵᠢᠬᠤ ᠶᠢ ᠬᠡᠷᠡᠭᠵᠢᠬᠦᠯᠤᠨ᠎ᠠ᠃303 ᠤᠯᠤᠰ ᠤᠨ ᠵᠠᠮ ᠠᠴᠠ ᠬᠤᠶᠢᠰᠢᠬᠢ ᠰᠤᠮᠤ ᠪᠠᠯᠭᠠᠰᠤᠨ ︵ᠪᠡᠯᠬᠦᠳᠡᠢ ᠪᠠᠯᠭᠠᠰᠤᠨ ᠤ ᠬᠡᠰᠡᠭ ᠭᠠᠵᠡᠷ ᠤᠷᠤᠨ᠂ ᠪᠠᠶᠠᠡᠳᠤᠭ ᠰᠤᠮᠤ᠂ ᠶᠠᠬᠡᠭᠤᠤᠯ ᠰᠤᠮᠤ᠂ ᠵᠢᠷᠭᠠᠯᠠᠩᠳᠤ ᠰᠤᠮᠤ᠂ ᠨᠠᠷᠠᠡᠪᠤᠯᠠᠭ ᠰᠤᠮᠤ︶᠎ ᠳᠤ 4 ᠰᠠᠷ᠎ᠠ ᠶᠢᠨ 15᠎ ᠤ ᠡᠳᠤᠷ ᠠᠴᠠ 5 ᠰᠠᠷ᠎ᠠ ᠶᠢᠨ 15᠎ ᠤ ᠡᠳᠤᠷ ᠪᠤᠯᠳᠠᠯ᠎ᠠ ᠰᠠᠯᠬᠦᠨ ᠮᠠᠯᠵᠢᠬᠤ ᠶᠢ ᠬᠡᠷᠡᠭᠵᠢᠬᠦᠯᠤᠨ᠎ᠠ᠂      ᠬᠤᠶᠡᠷ᠂ ᠰᠠᠯᠬᠦᠨ ᠮᠠᠯᠵᠢᠬᠤ ᠬᠡᠪᠴᠢᠶ᠎ᠠ      ᠪᠦᠬᠦ ᠬᠤᠰᠢᠭᠤᠨ ᠤ ᠬᠡᠪᠴᠢᠶᠠᠨ ᠳᠠᠬᠢ ᠦᠬᠡᠷ᠂ ᠬᠤᠨᠢ ᠶᠢ ᠴᠦᠮ ᠬᠠᠪᠤᠷ ᠤᠨ ᠤᠯᠠᠷᠢᠯ ᠤᠨ ᠨᠤᠭᠤᠭ᠎ᠠ ᠭᠠᠷᠬᠤ ᠬᠤᠭᠤᠴᠠᠭᠠᠨ ᠳᠤ ᠰᠠᠯᠬᠦᠨ ᠮᠠᠯᠵᠢᠨ᠎ᠠ᠃      ᠭᠤᠷᠪᠡ᠂ ᠨᠦᠬᠦᠪᠤᠷᠢ ᠶᠢᠨ ᠪᠠᠷᠢᠮᠵᠢᠶ᠎ᠠ      ᠰᠠᠯᠬᠦᠨ ᠮᠠᠯᠵᠢᠬᠤ ᠶᠢ ᠬᠡᠷᠡᠭᠵᠢᠬᠦᠯᠵᠤ ᠪᠠᠶᠢᠭ᠎ᠠ ᠮᠠᠯᠵᠢᠬᠤ ᠡᠷᠤᠬᠡ ᠳᠤ ᠰᠠᠯᠬᠦᠨ ᠮᠠᠯᠵᠢᠭᠰᠡᠨ ᠨᠤᠳᠤᠭ ᠪᠠᠯᠴᠢᠬᠡᠷ ᠤᠨ ᠲᠠᠯᠠᠪᠠᠢ ᠪᠠᠷ ᠰᠠᠯᠬᠦᠨ ᠮᠠᠯᠵᠢᠬᠤ ᠨᠦᠬᠦᠪᠤᠷᠢ ᠤᠯᠭᠤᠨ᠎ᠠ᠃ ᠨᠦᠬᠦᠪᠤᠷᠢ ᠶᠢᠨ ᠪᠠᠷᠢᠮᠵᠢᠶ᠎ᠠ ᠨᠢ ᠮᠤ᠋ ᠪᠦᠷᠢ 0.75 ᠲᠦᠬᠦᠷᠢᠭ ᠪᠤᠯᠤᠨ᠎ᠠ᠃      ᠲᠦᠷᠪᠡ᠂ ᠮᠠᠯ ᠤᠨ ᠬᠦᠳᠡᠯᠬᠡᠬᠡᠨ ᠤ ᠲᠠᠯᠠᠪᠤᠷ ᠲᠤᠭᠳᠠᠭᠠᠨ᠎ᠠ      ᠦᠬᠡᠷ ᠪᠠ ᠬᠤᠨᠢ ᠶᠢ ᠬᠤᠨᠢᠴᠢᠯᠠᠭᠰᠡᠨ ᠨᠢᠬᠡᠴᠢ ᠪᠦᠷᠢ ᠳᠤ 20 ᠲᠡᠭᠰᠢ ᠲᠦᠷᠪᠡᠯᠵᠢᠨ ᠮᠧᠲᠷ ᠠᠴᠠ ᠬᠡᠳᠤᠷᠡᠬᠦᠯᠬᠦ ᠦᠬᠡᠢ ᠪᠠᠷᠢᠮᠵᠢᠶ᠎ᠠ ᠪᠠᠷ ᠰᠠᠯᠬᠦᠨ ᠮᠠᠯᠵᠢᠬᠤ ᠬᠤᠭᠤᠴᠠᠭᠠᠨ ᠳᠤ ᠬᠦᠳᠡᠯᠬᠡᠬᠡᠨ ᠤ ᠲᠠᠯᠠᠪᠤᠷ ᠲᠤᠭᠳᠠᠭᠠᠵᠤ ᠂ ᠨᠢᠬᠡ ᠲᠤᠯᠤᠭᠠᠢ ᠦᠬᠡᠷ ᠢ ᠲᠠᠪᠤᠨ ᠬᠤᠨᠢᠴᠢᠯᠠᠭᠰᠡᠨ ᠨᠢᠬᠡᠴᠢ ᠪᠠᠷ ᠪᠤᠳᠤᠵᠤ᠂ ᠨᠢᠬᠡ ᠲᠤᠭᠤᠯ ᠢ ᠬᠤᠶᠡᠷ ᠴᠡᠭ ᠲᠠᠪᠤᠨ ᠬᠤᠨᠢᠴᠢᠯᠠᠭᠰᠡᠨ ᠨᠢᠬᠡᠴᠢ ᠪᠠᠷ ᠪᠤᠳᠤᠵᠤ᠂ ᠬᠦᠳᠡᠯᠬᠡᠬᠡᠨ ᠤ ᠲᠠᠯᠠᠪᠤᠷ ᠶᠢ ᠫᠸᠡᠭ ᠬᠤᠷᠤᠭᠠᠨ ᠤ ᠬᠢ ᠪᠠᠨ ᠦᠢᠷ᠎ᠠ ᠬᠠᠪᠢ ᠳᠤ ᠪᠠᠶᠢᠭᠤᠯᠤᠨ᠂ ᠲᠦᠷᠪᠡᠨ ᠲᠠᠯ᠎ᠠ ᠶᠢᠨ ᠵᠠᠭᠠᠭ ᠪᠠ ᠬᠤᠳᠳᠤᠭ ᠲᠤ ᠤᠴᠢᠬᠤ ᠵᠠᠮ ᠵᠠᠷᠬᠡ ᠶᠢ ᠵᠤᠬᠢᠰᠳᠡᠢ ᠪᠦᠬᠡᠳ ᠲᠤᠳᠤᠷᠬᠠᠢ ᠲᠤᠭᠳᠠᠭᠠᠬᠤ ᠶᠢᠨ ᠬᠠᠮᠳᠤ ᠬᠦᠳᠡᠯᠬᠡᠬᠡᠨ ᠤ ᠲᠠᠯᠠᠪᠤᠷ ᠶᠢ ᠢᠯᠡᠷᠬᠡᠢ ᠫᠠᠶᠢᠰᠠ ᠲᠡᠮᠳᠡᠭ ᠪᠠᠷ ᠢᠯᠡᠷᠬᠡᠶᠢᠯᠡᠵᠤ᠂ ᠬᠦᠳᠡᠯᠬᠡᠬᠡᠨ ᠤ ᠲᠠᠯᠠᠪᠤᠷ ᠠᠴᠠ ᠭᠠᠳᠠᠨ᠎ᠠ ᠪᠠᠯᠴᠢᠬᠡᠷᠯᠡᠬᠦᠯᠬᠦ ᠶᠢ ᠬᠤᠷᠢᠭᠯᠠᠨ᠎ᠠ᠃ ᠡᠬᠦᠨ ᠠᠴᠠ ᠭᠠᠳᠠᠨ᠎ᠠ ᠡᠬᠡ ᠮᠠᠯ᠂ ᠲᠦᠯ ᠮᠠᠯ ᠢ ᠨᠠᠶᠢᠯᠡᠬᠦᠯᠬᠦ ᠲᠠᠯᠠᠪᠤᠷ ᠶᠢ ᠨᠠᠮᠠᠵᠤ᠂ ᠡᠬᠡ ᠲᠦᠯ ᠤᠨ ᠬᠦᠳᠡᠯᠬᠡᠬᠡᠨ ᠎ ᠤ ᠲᠠᠯᠠᠪᠤᠷ ᠨᠢ ᠨᠢᠬᠡ ᠬᠤᠣᠰ ᠡᠬᠡ ᠲᠦᠯ ᠪᠦᠷᠢ ᠨᠢ 0.5 ᠮᠣ᠋ ᠠᠴᠠ ᠬᠡᠳᠤᠷᠡᠵᠤ ᠪᠤᠯᠬᠤ ᠦᠬᠡᠢ ᠪᠠᠶᠢᠵᠤ᠂ ᠡᠬᠡ ᠮᠠᠯ᠂ ᠲᠦᠯ ᠮᠠᠯ ᠢ ᠨᠠᠶᠢᠯᠡᠬᠦᠯᠬᠦ ᠴᠠᠭ ᠬᠤᠭᠤᠴᠠᠭ᠎ᠠ ᠶᠢ ᠴᠢᠩᠭ᠎ᠠ ᠬᠢᠵᠠᠭᠠᠷ ᠲᠠᠢ ᠪᠠᠶᠢᠯᠭᠠᠬᠤ ᠬᠡᠷᠡᠭᠳᠡᠢ᠃       ᠲᠠᠪᠤ᠂ ᠨᠦᠬᠦᠪᠤᠷᠢ ᠶᠢᠨ ᠲᠠᠷᠬᠠᠭᠠᠯᠳᠠ       ᠰᠠᠯᠬᠦᠨ ᠮᠠᠯᠵᠢᠬᠤ ᠬᠤᠭᠤᠴᠠᠭ᠎ᠠ ᠲᠠᠭᠤᠰᠤᠭᠰᠡᠨ ᠤ ᠲᠠᠷᠠᠭ᠎ᠠ᠂ ᠬᠤᠰᠢᠭᠤ ᠬᠠᠪᠤᠷ ᠤᠨ ᠤᠯᠠᠷᠢᠯ ᠤᠨ ᠨᠤᠭᠤᠭ᠎ᠠ ᠭᠠᠷᠬᠤ ᠬᠤᠭᠤᠴᠠᠭᠠᠨ ᠤ ᠰᠠᠯᠬᠦᠨ ᠮᠠᠯᠵᠢᠬᠤ ᠠᠵᠢᠯ ᠤᠨ ᠤᠳᠤᠷᠢᠳᠬᠤ ᠲᠤᠭᠤᠶᠢᠯᠠᠩ ᠠᠴᠠ ᠲᠠᠷᠢᠶᠠᠯᠠᠩ ᠮᠠᠯ ᠠᠵᠤ ᠠᠬᠤᠢ᠂ ᠤᠢ ᠰᠢᠭᠤᠢ ᠲᠠᠯ᠎ᠠ ᠨᠣᠳᠤᠭ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ ᠤᠨ ᠶᠠᠷᠤᠩᠬᠡᠶᠢᠯᠡᠭᠰᠡᠨ ᠬᠠᠤᠯᠢ ᠬᠡᠷᠡᠭᠵᠢᠬᠦᠯᠬᠦ ᠶᠡᠭᠡ ᠠᠩᠬᠢ ᠪᠠ ᠡᠯ᠎ᠠ ᠰᠤᠮᠤ ᠪᠠᠯᠭᠠᠰᠤ ᠶᠢ ᠵᠤᠬᠢᠶᠠᠨ ᠪᠠᠶᠢᠭᠤᠯᠵᠤ᠂ ᠰᠠᠯᠬᠦᠨ ᠮᠠᠯᠵᠢᠬᠤ ᠠᠵᠢᠯ ᠢ ᠬᠢᠨᠡᠨ ᠳ᠋ᠦᠩᠨᠡᠨ᠎ᠠ᠃ ᠬᠢᠨᠡᠨ ᠪᠠᠶᠢᠴᠠᠭᠠᠯᠳᠠ ᠳᠤ ᠬᠢᠷᠢ ᠲᠠᠩᠴᠡᠭᠰᠡᠨ ᠤ ᠲᠠᠷᠠᠭ᠎ᠠ ᠡᠳ᠋ ᠎ ᠤᠨ ᠵᠠᠰᠠᠭ ᠤᠨ ᠰᠠᠯᠠᠭ᠎ᠠ ᠮᠦᠴᠢᠷ ᠨᠢ ︽ᠨᠢᠬᠡ ᠺᠠᠷᠲ ᠢᠶᠠᠷ ᠨᠠᠪᠳᠠᠷᠠᠬᠦᠯᠬᠦ︾᠎ ᠪᠠᠷ ᠨᠢᠬᠡᠯᠡ ᠤᠳᠠᠭ᠎ᠠ ᠲᠡᠬᠡᠷ᠎ᠠ ᠰᠠᠯᠬᠦᠨ ᠮᠠᠯᠵᠢᠬᠤ ᠨᠦᠬᠦᠪᠤᠷᠢ ᠶᠢ ᠲᠠᠷᠬᠠᠭᠠᠨ᠎ᠠ᠃       ᠵᠢᠷᠭᠤᠭ᠎ᠠ᠂ ᠬᠠᠮᠢᠶ᠎ᠠ ᠪᠦᠬᠦᠢ ᠱᠠᠭᠠᠷᠳᠠᠯᠭ᠎ᠠ      ︵ᠨᠢᠬᠡ︶ ᠡᠯ᠎ᠠ ᠰᠤᠮᠤ ᠪᠠᠯᠭᠠᠰᠤ ᠨᠢ ᠰᠠᠯᠬᠦᠨ ᠮᠠᠯᠵᠢᠬᠤ ᠲᠠᠩᠰᠠ ᠡᠪᠬᠡᠮᠡᠯ ᠢ ᠪᠠᠶᠢᠭᠤᠯᠤᠨ ᠪᠦᠷᠢᠡᠰᠢᠬᠦᠯᠵᠤ᠂ ᠬᠤᠯᠪᠤᠭᠳᠠᠭᠰᠡᠨ ᠮᠠᠯᠵᠢᠬᠤ ᠡᠷᠤᠬᠡ ᠨᠢ ᠪᠡᠯᠡᠳᠬᠡᠯ ᠠᠵᠢᠯ ᠢᠶᠠᠨ ᠰᠠᠶᠢᠳᠤᠷ ᠬᠢᠵᠤ᠂ ᠰᠠᠯᠬᠦᠨ ᠮᠠᠯᠵᠢᠬᠤ ᠬᠤᠭᠤᠴᠠᠭᠠᠨ ᠳᠤ ᠰᠠᠯᠬᠦᠨ ᠮᠠᠯᠵᠢᠬᠤ ᠲᠤᠭᠤᠷᠢᠭ ᠲᠤ ᠪᠦᠬᠦ ᠲᠠᠯ᠎ᠠ ᠪᠠᠷ ᠪᠠᠯᠴᠢᠬᠡᠷᠯᠡᠬᠦᠯᠬᠦ ᠶᠢ ᠵᠤᠭᠰᠤᠭᠠᠨ᠂ ᠦᠬᠡᠷ ᠬᠤᠨᠢ ᠶᠢ ᠪᠠᠯᠴᠢᠬᠡᠷᠯᠡᠬᠦᠯᠵᠤ ᠪᠤᠯᠬᠤ ᠦᠬᠡᠢ᠃ ᠦᠷᠬᠡᠨ ᠤᠯᠠᠨ ᠮᠠᠯᠴᠢᠨ ᠲᠦᠮᠡᠨ ᠮᠠᠨᠢ  ᠰᠠᠯᠬᠦᠨ ᠮᠠᠯᠵᠢᠬᠤ ᠲᠤᠭᠳᠠᠭᠠᠯ ᠢ ᠤᠬᠠᠮᠰᠠᠷ ᠠᠴᠠ ᠪᠠᠨ ᠵᠢᠷᠤᠮᠯᠠᠨ᠂ ᠰᠤᠮᠤ ᠪᠠᠯᠭᠠᠰᠤ᠂ ᠦᠡᠳᠤᠰᠤᠨ ᠱᠠᠳᠤᠨ ᠤ ᠶᠠᠷᠤᠩᠬᠡᠶᠢᠯᠡᠭᠰᠡᠨ ᠬᠠᠤᠯᠢ ᠬᠡᠷᠡᠭᠵᠢᠬᠦᠯᠬᠦ ᠲᠤᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠶᠠᠷᠤᠩᠬᠡᠶᠢᠯᠡᠭᠰᠡᠨ ᠬᠠᠤᠯᠢ ᠬᠡᠷᠡᠭᠵᠢᠬᠦᠯᠬᠦ ᠶᠡᠭᠡ ᠠᠩᠬᠢ ᠪᠠ ᠤᠢ ᠰᠢᠭᠤᠢ ᠲᠠᠯ᠎ᠠ ᠨᠤᠳᠤᠭ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠬᠢᠨᠡᠨ ᠬᠠᠮᠢᠶᠠᠷᠤᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠠᠬᠦ ᠬᠡᠷᠡᠭᠳᠡᠢ᠃      ︵ᠬᠤᠶᠡᠷ︶ ᠡᠯ᠎ᠠ ᠰᠤᠮᠤ ᠪᠠᠯᠭᠠᠰᠤ ᠨᠢ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠭᠠᠴᠠᠭ᠎ᠠ ᠪᠠ ᠮᠠᠯᠵᠢᠬᠤ ᠡᠷᠤᠬᠡ ᠶᠢ ᠵᠤᠬᠢᠶᠠᠨ ᠪᠠᠶᠢᠭᠤᠯᠵᠤ᠂ ᠰᠠᠯᠬᠦᠨ ᠮᠠᠯᠵᠢᠬᠤ ᠬᠡᠷ᠎ᠠ ᠲᠤᠭᠳᠠᠨ᠂ ᠮᠠᠯᠵᠢᠬᠤ ᠡᠷᠤᠬᠡ ᠶᠢᠨ ᠮᠠᠯ ᠤᠨᠤᠭ᠎ᠠ ᠪᠠᠨ ᠪᠦᠬᠦᠨ ᠢ ᠬᠠᠰᠢᠶᠠᠯᠠᠨ ᠲᠡᠵᠢᠬᠡᠬᠦ ᠶᠢ ᠱᠠᠯᠠᠪᠳᠠᠭᠤᠯᠬᠤ ᠶᠢᠨ ᠬᠠᠮᠳᠤ ᠲᠡᠵᠢᠬᠡᠯ ᠡᠪᠡᠰᠤ ᠪᠤᠷᠳᠤᠭ᠎ᠠ᠂ ᠤᠰᠤ ᠤᠮᠳᠠ᠂ ᠬᠦᠳᠡᠯᠬᠡᠬᠡᠨ ᠤ ᠲᠠᠯᠠᠪᠤᠷ ᠪᠠᠶᠢᠭᠤᠯᠬᠤ ᠪᠠ ᠫᠠᠶᠢᠰᠠ ᠢᠯᠠᠷᠬᠡᠶᠢᠯᠡᠯ ᠬᠢᠬᠦ ᠵᠡᠷᠬᠡ ᠠᠵᠢᠯ ᠤᠳ ᠢ ᠰᠠᠶᠢᠳᠤᠷ ᠬᠢᠬᠦ ᠶᠢ ᠱᠠᠯᠠᠪᠳᠠᠭᠤᠯᠬᠤ ᠬᠡᠷᠡᠭᠳᠡᠢ︔ ᠲᠠᠷᠢᠶᠠᠯᠠᠩ ᠮᠠᠯ ᠠᠵᠤ ᠠᠬᠤᠢ ᠰᠢᠡᠵᠢᠯᠡᠬᠦ ᠮᠠᠷᠬᠡᠵᠢᠯ ᠤᠨ ᠰᠠᠯᠠᠭ᠎ᠠ ᠮᠦᠴᠢᠷ ᠨᠢ ᠮᠡᠷᠬᠡᠵᠢᠯ ᠤᠨ ᠵᠢᠯᠤᠭᠤᠳᠤᠯᠭ᠎ᠠ ᠬᠢᠬᠦ᠂ ᠡᠪᠡᠳᠴᠢᠨ ᠬᠢᠵᠢᠭ ᠰᠡᠷᠬᠡᠶᠢᠯᠡᠬᠦ ᠪᠠ ᠦᠢᠯᠡᠴᠢᠯᠡᠭᠡ ᠬᠠᠩᠭᠠᠬᠤ ᠠᠵᠢᠯ ᠢ ᠰᠠᠶᠢᠳᠤᠷ ᠬᠦᠢᠴᠡᠳᠬᠡᠬᠦ ᠬᠡᠷᠡᠭᠳᠡᠢ︔ ᠤᠢ ᠰᠢᠭᠤᠢ ᠲᠠᠯ᠎ᠠ ᠨᠤᠳᠤᠭ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ ᠬᠢᠨᠡᠨ ᠵᠢᠯᠤᠭᠤᠳᠬᠤ ᠠᠵᠢᠯ ᠢᠶᠠᠨ ᠴᠢᠩᠭᠠᠳᠬᠠᠵᠤ᠂ ᠲᠠᠯ᠎ᠠ ᠨᠤᠳᠤᠭ ᠤᠨ ᠲᠤᠬᠠᠶᠢᠯᠠᠭᠰᠡᠨ ᠠᠵᠢᠯ ᠤᠨ ᠬᠠᠮᠢᠶᠠᠷᠤᠨ ᠬᠠᠮᠠᠭᠠᠯᠠᠬᠤ ᠠᠵᠢᠯᠳᠠᠨ ᠤ ᠦᠢᠯᠡᠳᠤᠯ ᠢ ᠬᠦᠢᠴᠡᠳ ᠪᠠᠳᠠᠷᠠᠭᠤᠯᠤᠨ᠂ ᠬᠢᠨᠡᠨ ᠬᠠᠮᠢᠶᠠᠷᠬᠤ ᠠᠵᠢᠯ ᠢ ᠦᠨᠡᠡᠬᠦ ᠨᠠᠶᠢᠳᠠᠪᠤᠷᠢᠵᠢᠭᠳᠠᠬᠤ ᠶᠢ ᠪᠠᠳᠤᠯᠠᠬᠤ ᠬᠡᠷᠡᠭᠳᠡᠢ︔ ᠪᠠᠶᠢᠭᠠᠯᠢ ᠎ ᠶᠢᠨ ᠡᠬᠢ ᠪᠠᠶᠠᠯᠢᠭ ᠤᠨ ᠶᠠᠷᠤᠩᠬᠡᠶᠢᠯᠡᠭᠰᠡᠨ ᠬᠠᠤᠯᠢ ᠬᠡᠷᠡᠭᠵᠢᠬᠦᠯᠬᠦ ᠶᠡᠭᠡ ᠠᠩᠬᠢ᠂ ᠦᠡᠳᠤᠰᠤᠨ ᠱᠠᠳᠤᠨ ᠤ ᠶᠠᠷᠤᠩᠬᠡᠶᠢᠯᠡᠭᠰᠡᠨ ᠬᠠᠤᠯᠢ ᠬᠡᠷᠡᠭᠵᠢᠬᠦᠯᠬᠦ ᠲᠤᠪᠴᠢᠶ᠎ᠠ ᠠᠴᠠ ᠬᠠᠤᠯᠢ ᠬᠡᠷᠡᠭᠵᠢᠬᠦᠯᠬᠦ ᠡᠷᠴᠢᠮ ᠢᠶᠠᠨ ᠴᠢᠩᠭᠠᠷᠠᠭᠤᠯᠵᠤ᠂ ᠬᠤᠯᠠᠭᠠᠢ ᠪᠠᠷ ᠪᠠᠯᠴᠢᠬᠡᠷᠯᠡᠬᠦᠯᠬᠦ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠲᠤᠭᠳᠠᠭᠠᠯ ᠠᠴᠠ ᠵᠦᠷᠢᠴᠠᠨ ᠪᠠᠯᠴᠢᠬᠡᠷᠯᠡᠬᠦᠯᠬᠦ ᠠᠵᠢᠯᠯᠠᠭ᠎ᠠ ᠪᠠᠶᠢᠪᠠᠯ ᠬᠠᠮᠢᠶ᠎ᠠ ᠪᠦᠬᠦᠢ ᠲᠤᠭᠳᠠᠭᠠᠯ ᠶᠤᠰᠤᠭᠠᠷ ᠬᠠᠤᠯᠢ ᠶᠤᠰᠤᠭᠠᠷ ᠪᠠᠶᠢᠴᠠᠭᠠᠨ ᠰᠢᠢᠳᠪᠤᠷᠢᠯᠡᠬᠦ ᠬᠡᠷᠡᠭᠳᠡᠢ᠃      ︵ᠭᠤᠷᠪᠡ︶ ᠰᠠᠯᠬᠦᠨ ᠮᠠᠯᠵᠢᠬᠤ ᠬᠤᠭᠤᠴᠠᠭᠠᠨ ᠳᠤ ᠢᠯᠠᠴᠢᠯᠠᠨ ᠮᠠᠳᠡᠬᠦᠯᠬᠦ ᠲᠦᠷᠢᠮ ᠢ ᠬᠡᠷᠡᠭᠵᠢᠬᠦᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠬᠢᠨᠠᠯᠳᠠ᠂ ᠭᠤᠤᠯ ᠴᠤᠭᠴᠠ ᠶᠢᠨ ᠦᠪᠡᠷ ᠤᠨ ᠬᠢᠨᠡᠯᠳᠡ᠂ ᠨᠠᠶᠢᠬᠡᠮ ᠤᠨ ᠬᠢᠨᠠᠯᠳᠠ᠂ ᠤᠯᠠᠨ ᠲᠦᠮᠡᠨ ᠤ ᠬᠢᠨᠡᠯᠳᠠ ᠶᠢ ᠬᠦᠯᠢᠶᠡᠭᠰᠡᠨ ᠬᠢᠨᠠᠨ ᠬᠠᠮᠢᠶᠠᠷᠤᠯᠳᠠ ᠶᠢᠨ ᠬᠠᠮᠳᠤᠷᠡᠯ ᠤᠨ ᠬᠦᠴᠤᠨ ᠢ ᠪᠦᠷᠢᠯᠳᠤᠬᠦᠯᠤᠨ᠂ ᠦᠷᠬᠡᠨ ᠤᠯᠠᠨ ᠲᠦᠮᠡᠨ ᠠᠴᠠ ᠬᠤᠯᠠᠭᠠᠢ ᠪᠠᠷ ᠪᠠᠯᠴᠢᠬᠡᠷᠯᠡᠬᠦᠯᠬᠦ ᠵᠡᠷᠬᠡ ᠲᠤᠭᠳᠠᠭᠠᠯ ᠠᠴᠠ ᠵᠦᠷᠢᠴᠡᠭᠰᠡᠨ ᠠᠵᠢᠯᠯᠠᠭ᠎ᠠ ᠶᠢ ᠢᠳᠡᠪᠬᠢᠳᠡᠢ ᠪᠠᠷ ᠢᠯᠠᠴᠢᠯᠡᠨ ᠮᠡᠳᠡᠬᠦᠯᠬᠦ ᠪᠤᠯᠪᠠᠤ᠃     ᠢᠯᠠᠴᠢᠯᠡᠨ ᠮᠡᠳᠡᠬᠦᠯᠬᠦ ᠤᠳᠠᠰᠤ᠄     ᠪᠡᠯᠬᠦᠳᠡᠢ ᠪᠠᠯᠭᠠᠰᠤ᠄ 2026683     ᠬᠤᠩᠭᠤᠷᠭᠤᠤᠯ ᠪᠠᠯᠭᠠᠰᠤ᠄ 2402203     ᠴᠠᠭᠠᠡᠨᠠᠭᠤᠷ ᠪᠠᠯᠭᠠᠰᠤ᠄ 2457118     ᠨᠠᠷᠠᠡᠪᠤᠯᠠᠭ ᠰᠤᠮᠤ᠄ 2301368     ᠶᠡᠬᠡᠭᠤᠤᠯ ᠰᠤᠮᠤ᠄ 2317120     ᠵᠢᠷᠭᠠᠯᠠᠩᠳᠤ ᠰᠤᠮᠤ᠄ 2300658     ᠪᠠᠶᠠᠡᠳᠤᠭ ᠰᠤᠮᠤ᠄ 2300889     ᠤᠡᠴᠠᠭᠠᠶᠢᠯᠠᠨ ᠵᠠᠷᠯᠠᠪᠠ                        ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ                           2021 ᠤᠨ ᠤ 3 ᠰᠠᠷ᠎ᠠ ᠶᠢᠨ 12᠎ ᠤ ᠡᠳᠤᠷ
 
ᠢᠷᠡᠯᠲᠡ᠄ ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号