ᠵᠠᠰᠠᠭ ᠤᠨ ᠤᠷᠳᠤᠨ ᠤ ᠠᠵᠢᠯ ᠤᠨ ᠢᠯᠡᠳᠭᠡᠯ | | — 2021 ᠣᠨ ᠤ 3 ᠰᠠᠷ᠎ᠠ ᠶᠢᠨ 17 ᠤ ᠡᠳᠦᠷ ᠠᠪᠠᠭ᠎ᠠ ᠬᠤᠰᠢᠭᠤᠨ ᠤ | ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠦᠷᠪᠡᠳᠤᠬᠡᠷ ᠤᠳᠠᠭᠠᠨ ᠤ ᠬᠤᠷᠠᠯᠳᠤᠭᠠᠨ ᠲᠡᠭᠡᠷᠡᠬᠢ | | ᠵᠠᠰᠠᠭ ᠤᠨ ᠣᠷᠳᠣᠨ ᠤ ᠬᠤᠰᠢᠭᠤ ᠲᠠᠷᠤᠭ᠎ᠠ ᠢᠥᠢ ᠬᠠᠶ ᠴᠧᠩ | | | ᠲᠥᠯᠥᠭᠡᠯᠡᠭᠴᠢᠳ ᠡ᠄ | ᠤᠲᠤ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠤᠬᠡᠯᠡᠨ ᠶᠡᠭᠡ ᠬᠤᠷᠠᠯ ᠳᠤ ᠠᠵᠢᠯ ᠤᠨ | ᠢᠯᠡᠳᠬᠡᠯ ᠬᠢᠶ᠎ᠠ᠂ ᠬᠢᠨᠠᠨ ᠵᠥᠪᠯᠡᠬᠦ ᠪᠣᠯᠪᠠᠤ᠂ ᠤᠯᠤᠰ ᠳᠦᠷᠤ ᠶᠢᠨ ᠵᠦᠪᠯᠡᠯᠬᠡᠨ ᠤ ᠭᠡᠰᠢᠭᠦᠳ ᠪᠠ ᠬᠤᠷᠠᠯ ᠳᠤ | ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠠ 2020 | ᠣᠨ ᠤ ᠠᠵᠢᠯ ᠤᠨ ᠡᠷᠭᠢᠴᠡᠭᠦᠯᠦᠯ | ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠲᠦᠪᠡᠭ ᠪᠤᠳᠤᠯᠢᠶᠠᠨᠲᠠᠶ | ᠠᠵᠤ ᠠᠬᠤᠶ ᠶᠢᠨ ᠪᠠᠶᠢᠳᠠᠯ ᠪᠠ ᠬᠠᠲᠠᠭᠤ ᠴᠢᠩᠭ᠎ᠠ ᠥᠭᠡᠷᠡᠴᠢᠯᠡᠯᠲᠡ ᠬᠥᠭᠵᠢᠯᠲᠡ ᠶᠢᠨ ᠡᠭᠦᠷᠭᠡ ᠳᠤ ᠬᠠᠨᠳᠤᠭᠤᠯᠤᠨ᠂ | ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠪᠥᠬᠦ ᠬᠤᠰᠢᠭᠤᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠢᠶᠠᠨ ᠪᠦᠯᠬᠦᠮᠳᠡᠭᠦᠯᠦᠨ ᠳᠠᠭᠠᠭᠤᠯᠵᠤ᠂ ᠠᠵᠠ ᠲᠣᠬᠢᠶᠠᠯ ᠢ ᠡᠵᠡᠮᠳᠡᠨ᠂ | ᠬᠦᠴᠢᠷ ᠪᠡᠷᠬᠡᠰᠢᠶᠠᠯ ᠢ ᠲᠤᠭᠤᠯᠵᠤ᠂ ᠠᠵᠤ ᠠᠬᠤᠶ ᠦᠷᠭᠦᠯᠵᠢᠯᠡᠨ ᠡᠷᠡᠭᠦᠯ ᠢᠶᠠᠷ ᠬᠥᠭᠵᠢᠪᠠ᠃ ᠪᠥᠬᠦ | ᠬᠤᠰᠢᠭᠤᠨ ᠤ ᠭᠠᠵᠠᠷ ᠣᠷᠣᠨ ᠤ ᠦᠢᠯᠡᠳᠪᠤᠷᠢᠯᠡᠯ ᠤᠨ ᠶᠡᠷᠦᠩᠬᠡᠶ ᠥᠷᠲᠡᠭ ᠢ ᠵᠢᠯ ᠪᠦᠷᠢ ᠳᠤᠮᠳᠠᠴᠢ ᠪᠠᠷ 5.7% | ᠪᠠᠷ ᠨᠡᠮᠡᠭᠳᠡᠬᠦᠯᠵᠤ᠂ ᠪᠥᠬᠦ ᠠᠶᠢᠮᠠᠭ ᠤᠨ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠪᠠ︔ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ ᠶᠢ ᠵᠢᠯ ᠪᠦᠷᠢ ᠳᠤᠮᠳᠠᠴᠢ ᠪᠠᠷ 12% ᠢᠶᠠᠷ ᠨᠡᠮᠡᠭᠳᠡᠬᠦᠯᠵᠤ᠂ ᠬᠤᠲᠠ | ᠬᠥᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ | ᠵᠢᠯ ᠪᠦᠷᠢ ᠳᠤᠮᠳᠠᠴᠢ ᠪᠠᠷ ᠲᠣᠰ ᠲᠣᠰ 6.4% ᠪᠠ 9.0% ᠢᠶᠠᠷ ᠨᠡᠮᠡᠭᠳᠡᠬᠦᠯᠪᠠ︔ 157 ᠵᠥᠢᠯ ᠤᠨ | ᠭᠤᠤᠯᠳᠠᠯᠭ᠎ᠠ ᠲᠠᠢ ᠲᠥᠷᠥᠯ ᠵᠥᠢᠯ ᠢ ᠬᠡᠷᠡᠭᠵᠢᠭᠦᠯᠵᠦ᠂ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢ 147 ᠳ᠋ᠦᠩᠰᠢᠭᠤᠷ ᠲᠥᠭᠦᠷᠢᠭ ᠪᠡᠶᠡᠯᠡᠭᠦᠯᠪᠡ᠃ | — ᠲᠠᠪᠤᠨ ᠵᠢᠯ ᠤᠨ ᠲᠤᠷᠰᠢ᠂ ᠪᠢᠳᠡ ᠠᠵᠤ ᠦᠢᠯᠡᠰ ᠤᠨ ᠪᠦᠲᠦᠴᠡ ᠶᠢ ᠬᠦᠴᠦᠯᠡᠨ ᠰᠢᠯᠢᠳᠡᠭᠵᠢᠭᠦᠯᠵᠦ᠂ | ᠴᠢᠨᠠᠷ ᠰᠠᠶᠢᠲᠠᠢ ᠬᠥᠭᠵᠢᠯᠲᠡ ᠶᠢᠨ ᠲᠤᠯᠭᠠᠭᠤᠷᠢᠯᠠᠯ ᠨᠡᠩ ᠪᠠᠲᠤᠵᠢᠪᠠ᠃ ᠮᠠᠯ ᠠᠵᠤ ᠠᠬᠤᠶ ᠶᠢᠨ ᠴᠢᠨᠠᠷ ᠰᠠᠶᠢᠲᠠᠶ | ᠬᠦᠭᠵᠢᠯᠳᠠ ᠶᠢ ᠪᠠᠳᠤᠯᠠᠪᠠ᠃ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ | ᠪᠠᠶᠢᠭᠤᠯᠤᠯᠲᠠ ᠶᠢ ᠪᠦᠬᠦ ᠣᠷᠣᠨ ᠳᠤ ᠤᠷᠢᠳᠠᠪᠠᠷ ᠲᠤᠷᠰᠢᠨ ᠬᠡᠷᠡᠭᠵᠢᠭᠦᠯᠵᠦ᠂ ᠬᠡᠷᠡᠭᠵᠢᠬᠦᠯᠤᠨ ᠳᠡᠯᠭᠡᠷᠡᠭᠦᠯᠵᠦ ᠪᠣᠯᠬᠤ | ᠲᠤᠷᠰᠢᠯᠭ᠎ᠠ ᠶᠢ ᠬᠤᠷᠠᠮᠳᠤᠭᠤᠯᠪᠠ᠃ ︽ᠬᠤᠨᠢ ᠶᠢ ᠴᠥᠭᠡᠳᠬᠡᠨ ᠦᠬᠡᠷ ᠢ ᠨᠡᠮᠡᠭᠳᠡᠭᠦᠯᠬᠦ︾ ᠪᠠᠶᠢᠯᠳᠤᠬᠤ | ᠪᠤᠳᠤᠯᠭ᠎ᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠨᠡᠶᠢᠳᠡ 66 ᠲᠦᠮᠡᠨ ᠬᠤᠨᠢ ᠶᠢ ᠴᠥᠭᠡᠳᠬᠡᠵᠦ᠂ 3 | ᠲᠦᠮᠡᠨ ᠦᠬᠡᠷ ᠨᠡᠮᠡᠭᠳᠡᠭᠦᠯᠪᠡ᠃ ᠰᠦᠷᠦᠭ ᠤᠨ ᠪᠦᠲᠦᠴᠡ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠮᠢᠬᠠᠨ ᠤ | ᠬᠤᠨᠢᠨ ᠤ ᠪᠠᠷᠢᠮᠵᠢᠶᠠᠵᠢᠭᠰᠠᠨ ᠰᠦᠷᠦᠭ 2200 ᠶᠢ ᠪᠠᠶᠢᠭᠤᠯᠵᠤ᠂ ᠰᠢᠮᠧᠨᠧᠲᠷ ᠦᠬᠡᠷ ᠤᠨ ᠭᠤᠤᠯᠳᠠᠯᠭ᠎ᠠ ᠲᠠᠢ | ᠰᠦᠷᠦᠭ 27 ᠶᠢ ᠤᠯᠠᠨ ᠴᠢᠨᠠᠭᠰᠢᠳᠠ ᠪᠠᠷᠢᠮᠵᠢᠶᠠᠭᠤᠯᠵᠤ᠂ 1.3 ᠲᠦᠮᠡᠨ ᠲᠤᠯᠤᠭᠠᠢ ᠰᠢᠯᠢᠳᠡᠭ ᠡᠭᠦᠯᠳᠡᠷ ᠤᠨ | ᠮᠢᠬᠠᠨ ᠤ ᠦᠬᠡᠷ ᠤᠷᠤᠭᠤᠯᠵᠤ᠂ ᠮᠠᠯ ᠤᠨ ᠡᠭᠦᠯᠳᠡᠷ ᠰᠠᠶᠢᠵᠢᠷᠠᠭᠤᠯᠤᠭᠰᠡᠨ ᠬᠠᠷᠢᠴᠠᠯ 99.4% ᠳᠤ ᠬᠦᠷᠪᠡ᠃ | ᠵᠣᠬᠢᠶᠠᠨ ᠪᠠᠶᠢᠭᠤᠯᠵᠢᠭᠰᠡᠨ ᠬᠡᠮᠵᠢᠶ᠎ᠡ ᠶᠢ ᠲᠠᠰᠤᠷᠠᠯᠲᠠ ᠥᠬᠡᠶ ᠲᠡᠬᠡᠭᠰᠢᠯᠡᠬᠦᠯᠵᠤ᠂ ᠮᠠᠯ ᠠᠵᠤ ᠠᠬᠤᠶ ᠶᠢᠨ | ᠲᠤᠯᠤᠭᠠᠶᠢᠯᠠᠭᠴᠢ ᠠᠵᠤ ᠠᠬᠤᠶᠢᠯᠠᠯ 7 ᠶᠢ ᠤᠷᠢᠨ ᠣᠷᠣᠭᠤᠯᠵᠤ᠂ 110 ᠬᠡᠷ ᠪᠦᠯᠢ ᠶᠢᠨ ᠮᠠᠯᠵᠢᠯ ᠤᠨ ᠲᠠᠯᠠᠪᠠᠶ ᠶᠢ | ᠪᠤᠶᠢᠵᠢᠭᠤᠯᠤᠨ᠂ ᠨᠠᠶᠢᠳᠠ 157 ᠡᠷᠦᠬᠡ ᠳᠤ ᠬᠦᠷᠬᠡᠵᠤ᠂ 49 ᠲᠤᠰᠬᠠᠶᠢᠵᠢᠭᠰᠡᠨ ᠬᠤᠷᠰᠢᠶᠠᠵᠢᠯ ᠢ | ᠲᠦᠷᠢᠮᠵᠢᠬᠦᠯᠤᠨ᠂ ᠨᠠᠶᠢᠳᠠ 168 ᠳᠤ ᠬᠦᠷᠬᠡᠵᠤ᠂ ᠮᠠᠯᠵᠢᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠬᠡᠨ ᠤ | ᠠᠩᠭᠢ 8 ᠶᠢ ᠪᠠᠶᠢᠭᠤᠯᠪᠠ᠃ ᠠᠵᠤ ᠦᠢᠯᠡᠳᠪᠦᠷᠢ ᠶᠢᠨ ᠠᠵᠤ ᠠᠬᠤᠶ ᠲᠦᠷᠭᠡᠨ ᠬᠥᠭᠵᠢᠪᠡ᠃ ᠡᠨᠧᠷᠭᠢ ᠶᠢᠨ ᠠᠵᠤ | ᠦᠢᠯᠡᠰ ᠢ ᠲᠦᠷᠬᠡᠳᠬᠡᠨ ᠬᠦᠭᠵᠢᠬᠦᠯᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ 85 ᠲᠦᠮᠡᠨ ᠺᠢᠯᠣᠸᠠᠲ | ᠪᠠᠶᠢᠭᠰᠠᠨ ᠠᠴᠠ ᠪᠠᠨ 215 ᠲᠦᠮᠡᠨ ᠺᠢᠯᠣᠸᠠᠲ ᠪᠣᠯᠤᠨ ᠬᠥᠭᠵᠢᠵᠦ᠂ ᠴᠠᠬᠢᠯᠭᠠᠨ ᠭᠠᠷᠭᠠᠬᠤ ᠬᠡᠮᠵᠢᠶ᠎ᠠ ᠪᠣᠯᠤᠨ | ᠮᠠᠰᠢᠨ ᠴᠣᠭᠴᠠᠯᠠᠪᠤᠷᠢ ᠶᠢᠨ ᠬᠡᠮᠵᠢᠶ᠎ᠠ ᠴᠥᠮ ᠪᠦᠬᠦ ᠠᠶᠢᠮᠠᠭ ᠤᠨ ᠲᠡᠷᠢᠭᠦᠨ ᠳᠤ ᠣᠷᠣᠪᠠ᠃ ᠴᠠᠭᠠᠨᠨᠠᠭᠤᠷ ᠤᠨ | ᠴᠠᠬᠢᠯᠭᠠᠨ ᠦᠢᠯᠡᠳᠪᠦᠷᠢ ᠶᠢ ᠪᠦᠬᠦ ᠲᠠᠯ᠎ᠠ ᠪᠠᠷ ᠪᠠᠷᠢᠯᠭ᠎ᠠ ᠡᠬᠢᠯᠡᠭᠦᠯᠵᠦ᠂ ᠹᠧᠩ ᠹᠧᠩ ᠨᠡᠭᠦᠷᠡᠰᠦᠨ ᠠᠭᠤᠷᠬᠠᠢ᠂ ᠳ᠋ᠠ | ᠠᠨ ᠨᠡᠭᠦᠷᠡᠰᠦᠨ ᠠᠭᠤᠷᠬᠠᠢ ᠶᠢᠨ ᠬᠢᠨᠠᠨ ᠵᠦᠪᠰᠢᠶᠠᠷᠡᠯ ᠤᠨ ᠠᠵᠢᠯ ᠢ ᠪᠠᠶᠠᠯᠠᠬᠦᠯᠪᠠ︔ ᠠᠭᠤᠷᠬᠠᠶ ᠶᠢᠨ ᠬᠦᠳᠡᠷ | ᠰᠢᠯᠢᠬᠦ ᠦᠢᠯᠡᠰ ᠦᠳᠳᠡᠷ ᠬᠦᠭᠵᠢᠵᠤ᠂ ᠭᠤᠷᠴᠢ ᠮᠥᠩᠭᠦ ᠲᠤᠭᠤᠯᠭ᠎ᠠ ᠴᠠᠶᠢᠷ ᠤᠨ ᠤᠯᠠᠨ ᠲᠡᠮᠦᠷᠯᠢᠭ ᠤᠨ | ᠠᠭᠤᠷᠬᠠᠶ᠂ ᠯᠦᠡᠭ ᠰᠢᠩ ᠤᠨ ᠬᠠᠶᠢᠯᠤᠭᠤᠷ ᠵᠣᠩᠰᠢ ᠶᠢᠨ ᠠᠭᠤᠷᠬᠠᠶ ᠶᠢ ᠠᠰᠢᠭᠯᠠᠯᠲᠠ ᠳᠤ ᠣᠷᠣᠭᠤᠯᠪᠠ᠃ ᠮᠠᠯ ᠤᠨ | ᠠᠰᠢᠭ ᠰᠢᠮ᠎ᠡ ᠶᠢᠨ ᠪᠦᠳᠤᠬᠡᠭᠳᠡᠬᠦᠨ ᠢ ᠨᠠᠷᠢᠯᠢᠭ ᠡᠳ᠋ᠰᠢᠭᠦᠯᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ | ᠡᠷᠳᠡᠨᠢ ᠪᠠ ᠮᠤᠩᠭᠤᠯ ᠤᠯᠠᠭᠠᠨ ᠢᠳᠡᠭᠡᠨ ᠡᠳ᠋ᠰᠢᠭᠦᠯᠬᠦ ᠠᠵᠤ ᠠᠬᠤᠶᠢᠯᠠᠯ ᠢ ᠠᠰᠢᠭᠯᠠᠯᠲᠠ ᠳᠤ ᠣᠷᠣᠭᠤᠯᠵᠤ᠂ ᠵᠣᠣ | ᠹᠦ᠋᠂ ᠢᠰᠬᠡ᠂ ᠮᠠᠯᠴᠢᠳ ᠤᠨ ᠲᠤᠷᠠᠰᠤᠮᠵᠢ ᠵᠡᠷᠭᠡ ᠴᠠᠭᠠᠨ ᠢᠳᠡᠭᠡᠨ ᠡᠳ᠋ᠰᠢᠭᠦᠯᠬᠦ ᠠᠵᠤ ᠠᠬᠤᠶᠢᠯᠠᠯ ᠢ ᠪᠥᠬᠦ | ᠲᠠᠯ᠎ᠠ ᠪᠠᠷ ᠲᠠᠰ ᠳᠡᠪᠰᠢᠭᠦᠯᠦᠨ ᠥᠭᠡᠷᠡᠴᠢᠯᠡᠪᠡ᠃ ᠭᠤᠷᠪᠠᠳᠤᠭᠠᠷ ᠠᠵᠤ ᠦᠢᠯᠡᠰ ᠤᠨ ᠠᠮᠢᠵᠢᠷᠠᠯ ᠤᠨ ᠬᠦᠴᠦᠨ | ᠴᠢᠩᠭᠠᠷᠠᠪᠠ᠃ ᠵᠤᠭᠠᠴᠠᠯ ᠤᠨ ᠦᠢᠯᠡᠰ ᠢ ᠲᠣᠭᠲᠠᠭᠤᠨ ᠢᠶᠠᠷ ᠬᠥᠭᠵᠢᠭᠦᠯᠵᠦ᠂ ᠬᠠᠷ᠎ᠠ ᠠᠳᠤᠭᠤᠨ ᠰᠣᠶᠣᠯ ᠤᠨ ᠨᠠᠶᠢᠷ | ᠵᠡᠷᠭᠡ ᠲᠣᠮᠣ ᠬᠡᠯᠪᠡᠷᠢ ᠶᠢᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ ᠰᠢᠯᠢ ᠶᠢᠨ | ᠭᠤᠤᠯ ᠤᠨ ᠲᠠᠯ᠎ᠠ ᠨᠤᠲᠤᠭ ᠤᠨ ᠮᠢᠩᠭᠠᠨ ᠭᠠᠵᠡᠷ ᠤᠨ ᠵᠤᠭᠠᠴᠠᠯ ᠤᠨ ᠱᠤᠭᠤᠮ ᠤᠨ ᠠᠪᠠᠭ᠎ᠠ ᠥᠷᠲᠡᠭᠡ ᠵᠤᠭᠠᠴᠠᠯ | ᠤᠨ ᠦᠢᠯᠡᠴᠢᠯᠡᠬᠡᠨ ᠤ ᠲᠥᠪ ᠢ ᠠᠰᠢᠭᠯᠠᠯᠳᠠ ᠳᠤ ᠤᠷᠤᠭᠤᠯᠤᠨ᠂ ᠨᠡᠶᠢᠲᠡ 105 ᠲᠦᠮᠡᠨ ᠬᠥᠮᠦᠨ ︵ᠤᠳᠠᠭ᠎ᠠ︶ | ᠢ ᠭᠥᠯᠢᠶᠡᠨ ᠵᠤᠴᠢᠯᠠᠵᠤ᠂ 5.5 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠶᠢ ᠡᠬᠦᠳᠪᠡ᠃ ᠵᠠᠬ᠎ᠠ | ᠳᠡᠯᠭᠡᠭᠦᠷ ᠤᠨ ᠪᠤᠳᠠᠳᠤ ᠬᠦᠴᠦᠨ ᠴᠢᠩᠭᠠᠷᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠷᠤᠬᠡ 4408 ᠳᠤ | ᠬᠦᠷᠴᠦ᠂ 96.3 ᠳ᠋ᠦᠩᠰᠢᠭᠤᠷ ᠲᠥᠭᠦᠷᠢᠭ ᠤᠨ ᠬᠦᠷᠤᠩᠬᠡ ᠲᠠᠩᠰᠠᠯᠠᠭᠤᠯᠵᠤ᠂ ︽ᠠᠷᠪᠠᠨ ᠬᠤᠶᠠᠳᠤᠭᠠᠷ ᠲᠠᠪᠤᠨ | ᠵᠢᠯ︾ ᠤᠨ ᠲᠥᠯᠥᠪᠵᠢᠭᠦᠯᠭᠡ ᠶᠢᠨ ᠰᠡᠭᠦᠯᠴᠢ ᠠᠴᠠ ᠲᠣᠰ ᠲᠣᠰ 105% ᠪᠠ 76% ᠪᠠᠷ ᠨᠡᠮᠡᠭᠳᠡᠨ᠂ ᠨᠠᠶᠢᠬᠡᠮ | ᠤᠨ ᠬᠡᠷᠡᠭᠯᠡᠬᠡᠨ ᠤ ᠪᠤᠳᠠᠰ ᠢ ᠵᠢᠵᠢᠭᠯᠡᠨ ᠪᠤᠷᠤᠯᠠᠭᠤᠯᠤᠭᠰᠡᠨ ᠶᠠᠷᠤᠩᠬᠡᠢ ᠬᠡᠮᠵᠢᠶ᠎ᠠ ᠨᠢ 1.6% ᠪᠠᠷ ᠨᠡᠮᠡᠭᠳᠡᠪᠡ᠃ | ᠮᠥᠩᠭᠦᠨ ᠬᠦᠢᠯᠬᠡᠬᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠤᠭ᠎ᠠ ᠲᠣᠰ ᠲᠣᠰ | 26.7 ᠳ᠋ᠦᠩᠰᠢᠭᠤᠷ ᠲᠥᠭᠦᠷᠢᠭ ᠪᠠ 23.4 ᠳ᠋ᠦᠩᠰᠢᠭᠤᠷ ᠲᠥᠭᠦᠷᠢᠭ ᠲᠤ ᠬᠦᠷᠴᠦ᠂ ᠠᠷᠪᠠᠨ ᠬᠤᠶᠠᠳᠤᠭᠠᠷ | ᠲᠠᠪᠤᠨ ᠵᠢᠯ ᠤᠨ ᠰᠡᠭᠦᠯᠴᠢ ᠠᠴᠠ ᠲᠣᠰ ᠲᠣᠰ 75% ᠪᠠ 87% ᠪᠠᠷ ᠨᠡᠮᠡᠭᠳᠡᠪᠡ᠃ ᠭᠤᠷᠪᠠᠳᠤᠭᠠᠷ ᠠᠵᠤ | ᠦᠢᠯᠡᠰ ᠤᠨ ᠨᠡᠮᠡᠭᠳᠡᠯ ᠥᠷᠲᠡᠭ ᠨᠢ 2015 ᠣᠨ ᠤ 9.8 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ | 2020 ᠣᠨ ᠳᠤ 14.3 ᠳ᠋ᠦᠩᠰᠢᠭᠤᠷ ᠲᠥᠭᠦᠷᠢᠭ ᠪᠣᠯᠤᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 7.7% | ᠪᠠᠷ ᠨᠡᠮᠡᠭᠳᠡᠪᠡ᠃ | — ᠲᠠᠪᠤᠨ ᠵᠢᠯ ᠤᠨ ᠲᠤᠷᠰᠢ᠂ ᠪᠢᠳᠡ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠬᠤᠯᠠᠴᠢᠯᠠᠨ | ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠬᠢᠵᠢᠬᠦᠯᠪᠡ᠃ ᠲᠠᠯ᠎ᠠ ᠨᠤᠲᠤᠭ ᠤᠨ ᠠᠮᠢ ᠠᠬᠤᠶ ᠶᠢᠨ | ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠪᠠ᠃ ᠨᠡᠶᠢᠲᠡ 8.25 ᠳ᠋ᠦᠩᠰᠢᠭᠤᠷ ᠲᠥᠭᠦᠷᠢᠭ ᠤᠨ ᠲᠠᠯ᠎ᠠ ᠨᠤᠳᠤᠭ | ᠤᠨ ᠠᠮᠢ ᠠᠬᠤᠢ ᠶᠢᠨ ᠱᠠᠩᠨᠠᠯ ᠨᠦᠬᠦᠪᠤᠷᠢ᠂ ᠰᠠᠯᠬᠦᠨ ᠮᠠᠯᠵᠢᠭᠰᠡᠨ ᠨᠦᠬᠦᠪᠤᠷᠢ᠂ ᠨᠠᠶᠢᠳᠠ ᠶᠢᠨ ᠠᠰᠢᠭᠳᠤ ᠤᠢ | ᠶᠢᠨ ᠨᠦᠬᠦᠪᠤᠷᠢ ᠵᠡᠷᠬᠡ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢ ᠲᠠᠷᠬᠠᠭᠠᠵᠤ᠂ 23.9 ᠲᠦᠮᠡᠨ ᠮᠥ ᠶᠢ | ᠦᠢᠵᠢᠭᠤᠯᠵᠤ᠂ 138 ᠲᠦᠮᠡᠨ ᠮᠥ ᠢ ᠪᠢᠳᠠᠬᠦᠮᠵᠢᠯᠡᠨ ᠰᠡᠷᠬᠡᠶᠢᠡᠯᠵᠤ᠂ ᠤᠷᠭᠤᠮᠠᠯ ᠤᠨ ᠬᠤᠴᠢᠯᠭ᠎ᠠ ᠶᠢᠨ ᠪᠦᠷᠬᠦᠴᠡ | 2015 ᠣᠨ ᠳᠤ 54.9% ᠪᠠᠶᠢᠭᠰᠠᠨ ᠠᠴᠠ ᠪᠠᠨ 2020 ᠣᠨ ᠳᠤ 60.9% ᠪᠣᠯᠵᠣ ᠳᠡᠭᠡᠭᠰᠢᠯᠡᠪᠡ᠃ | ᠪᠣᠬᠢᠷᠲᠤᠯ ᠢ ᠰᠡᠷᠭᠡᠶᠢᠯᠡᠨ ᠵᠠᠰᠠᠬᠤ ᠲᠠᠶᠢᠯᠠᠯᠳᠤᠭᠠᠨ ᠱᠠᠳᠤᠴᠢ ᠴᠢᠨᠠᠷᠲᠠᠶ ᠦᠷ᠎ᠡ ᠪᠦᠲᠦᠮᠵᠢ ᠤᠯᠪᠠ᠃ ᠤᠯᠤᠰ ᠤᠨ | ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠣ ᠣᠷᠣᠨ ᠳᠤ ᠰᠢᠯᠵᠢᠭᠦᠯᠦᠨ ᠲᠦᠯᠤᠪᠤᠷᠢᠯᠡᠬᠦ ᠪᠠᠯᠠ ᠮᠥᠩᠭᠦ ᠶᠢ | ᠨᠡᠶᠢᠲᠡ 1.16 ᠳ᠋ᠦᠩᠰᠢᠭᠤᠷ ᠲᠥᠭᠦᠷᠢᠭ ᠡᠷᠡᠮᠡᠯᠵᠡᠯᠡᠨ ᠣᠯᠵᠤ᠂ ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ | ᠂ ᠪᠣᠬᠢᠷᠲᠤᠯ ᠲᠠᠢ︾ ᠠᠵᠤ ᠦᠢᠯᠡᠳᠪᠤᠷᠢ ᠶᠢᠨ ᠠᠵᠤ ᠠᠬᠤᠶᠢᠯᠠᠯ ᠢ ᠵᠤᠭᠰᠤᠭᠠᠵᠤ᠂ ᠲᠣᠰᠣ ᠨᠡᠮᠡᠬᠦ ᠥᠷᠲᠡᠭᠡ ᠶᠢᠨ | ᠲᠣᠰᠣ ᠬᠠᠳᠠᠭᠠᠯᠠᠬᠤ ᠰᠠᠪᠠ ᠶᠢᠨ ᠥᠭᠡᠷᠡᠴᠢᠯᠡᠯᠲᠡ ᠶᠢ ᠪᠡᠶᠡᠯᠡᠭᠦᠯᠤᠨ᠂ 10 ᠲᠣᠨ ᠠᠴᠠ ᠳᠣᠷᠣᠭᠰᠢᠬᠢ ᠨᠡᠭᠦᠷᠡᠰᠦ | ᠰᠢᠲᠠᠭᠠᠬᠤ ᠵᠢᠵᠢᠭ ᠵᠣᠤᠬ᠎ᠠ ᠶᠢ ᠪᠦᠬᠦᠨ ᠢ ᠰᠢᠭᠰᠢᠪᠡ︔ ︽ᠭᠤᠤᠯ ︵ᠨᠠᠭᠤᠷ︶ ᠤᠨ ᠳᠠᠷᠤᠭ᠎ᠠ ᠶᠢᠨ ᠲᠦᠷᠢᠮ︾ ᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠣᠬᠢᠷ ᠤᠰᠤ ᠰᠢᠢᠳᠪᠤᠷᠢᠯᠡᠬᠦ ᠦᠢᠯᠡᠳᠪᠤᠷᠢ ᠶᠢᠨ ᠤᠰᠤᠨ ᠤ ᠴᠢᠨᠠᠷ | ᠨᠢᠭᠡᠳᠦᠭᠡᠷ ᠳᠡᠰ ᠤᠨ A ᠪᠠᠷᠢᠮᠵᠢᠶ᠎ᠠ ᠳᠤ ᠬᠥᠷᠪᠡ︔ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠠᠭᠤᠷᠬᠠᠶ | ᠬᠠᠶᠢᠬᠤ ᠡᠷᠬᠡ᠂ ᠠᠭᠤᠷᠬᠠᠶ ᠮᠠᠯᠲᠠᠬᠤ ᠡᠷᠬᠡ ᠵᠢᠴᠢ ᠡᠮᠬᠢ ᠵᠠᠮᠪᠠᠷᠠᠭ᠎ᠠ ᠦᠬᠡᠢ ᠡᠵᠡᠩᠨᠡᠯᠲᠡ ᠶᠢᠨ ᠲᠠᠯᠠᠪᠤᠷ ᠢ | ᠪᠦᠬᠦᠨ ᠢ ᠬᠠᠭᠠᠵᠤ᠂ ᠮᠠᠨᠢᠲᠤ᠂ ᠴᠠᠭᠠᠡᠨᠠᠭᠤᠷ ᠤᠨ ᠠᠭᠤᠷᠬᠠᠶ ᠶᠢᠨ ᠣᠷᠣᠨ ᠢ ᠶᠡᠷᠦᠩᠬᠡᠶᠢᠯᠡᠨ ᠵᠠᠰᠠᠬᠤ ᠠᠵᠢᠯ | ᠢᠯᠡᠳᠲᠡ ᠦᠷ᠎ᠡ ᠪᠦᠲᠦᠮᠵᠢ ᠣᠯᠵᠤ᠂ ︽ᠪᠥᠬᠦ ᠤᠯᠤᠰ ᠤᠨ ᠤᠯᠤᠰ ᠤᠨ ᠭᠠᠵᠠᠷ ᠰᠢᠷᠣᠶ ᠶᠢᠨ ᠡᠬᠢ ᠪᠠᠶᠠᠯᠢᠭ ᠢ | ᠠᠷᠪᠢᠯᠠᠨ ᠡᠷᠴᠢᠮᠵᠢᠭᠦᠯᠦᠭᠰᠡᠨ ᠵᠢᠱᠢᠶᠡᠴᠢ ᠬᠤᠰᠢᠭᠤ︾ ᠪᠠᠷ ᠦᠨᠡᠯᠡᠭᠳᠡᠪᠡ᠃ | — ᠲᠠᠪᠤᠨ ᠵᠢᠯ ᠤᠨ ᠲᠤᠷᠰᠢ᠂ ᠪᠢᠳᠡ ᠥᠭᠡᠷᠡᠴᠢᠯᠡᠯᠲᠡ ᠨᠡᠬᠡᠬᠡᠯᠳᠡ ᠶᠢ ᠪᠠᠷᠢᠮᠲᠠᠯᠠᠵᠤ᠂ ᠴᠢᠨᠠᠷ ᠰᠠᠶᠢᠲᠠᠢ | ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠩ ᠬᠦᠭᠵᠢᠶᠠᠡᠵᠢᠬᠦᠯᠪᠠ᠃ ᠥᠭᠡᠷᠡᠴᠢᠯᠡᠯᠲᠡ ᠶᠢ ᠢᠳᠡᠪᠬᠢᠲᠡᠶ | ᠯᠠᠪᠳᠠᠭᠤᠨ ᠢᠶᠠᠷ ᠲᠦᠯᠬᠢᠨ ᠠᠬᠢᠭᠤᠯᠵᠤ᠂ ᠠᠵᠤ ᠠᠬᠤᠶ᠂ ᠠᠮᠢ ᠠᠬᠤᠶ ᠪᠠ ᠨᠡᠶᠢᠭᠡᠮ ᠤᠨ ᠬᠦᠷᠢᠶ᠎ᠠ ᠴᠡᠷ᠎ᠠ ᠳᠠᠬᠢ | 249 ᠲᠦᠷᠦᠯ ᠤᠨ ᠥᠭᠡᠷᠡᠴᠢᠯᠡᠯᠲᠡ ᠶᠢ ᠪᠡᠶᠡᠯᠡᠭᠦᠯᠪᠡ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠢᠳᠡᠪᠬᠢᠲᠡᠶ ᠪᠠᠷ | ᠳᠥᠯᠭᠢᠨ ᠠᠬᠢᠭᠤᠯᠵᠤ᠂ ᠵᠠᠰᠠᠭ ᠤᠨ ᠣᠷᠳᠣᠨ ᠤ ᠪᠠᠶᠢᠭᠤᠯᠤᠮᠵᠢ ᠶᠢ 28 ᠪᠣᠯᠭᠠᠨ ᠳᠣᠭᠢᠷᠠᠭᠤᠯᠵᠤ᠂ 8 | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢ ᠵᠣᠬᠢᠶᠠᠨ ᠪᠠᠶᠢᠭᠤᠯᠵᠤ᠂ ᠰᠤᠮᠤ ᠪᠠᠯᠭᠠᠰᠤᠨ | ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢ ᠪᠠᠶᠢᠭᠤᠯᠵᠤ᠂ ᠠᠵᠢᠯ ᠦᠢᠯᠡᠰ ᠤᠨ ᠨᠢᠭᠡᠴᠡ ᠶᠢᠨ | ᠥᠭᠡᠷᠡᠴᠢᠯᠡᠯᠲᠡ ᠶᠢ ᠪᠥᠬᠦ ᠲᠠᠯ᠎ᠠ ᠪᠠᠷ ᠡᠬᠢᠯᠡᠭᠦᠯᠪᠡ᠃ ᠪᠠᠶᠢᠭᠤᠯᠤᠮᠵᠢ ᠵᠣᠬᠢᠴᠠᠮᠵᠢ ᠶᠢᠨ ᠪᠠᠶᠢᠭᠤᠯᠤᠯᠲᠠ ᠶᠢ | ᠲᠡᠭᠦᠯᠳᠡᠷᠵᠢᠭᠦᠯᠵᠦ᠂ ᠨᠡᠶᠢᠭᠡᠮ ᠤᠨ ᠢᠲᠡᠭᠡᠮᠵᠢ ᠶᠢᠨ ᠲᠤᠭᠳᠠᠯᠴᠠᠭ᠎ᠠ ᠶᠢᠨ ᠪᠠᠶᠢᠭᠤᠯᠤᠯᠲᠠ᠂ ᠭᠠᠴᠠᠭᠠᠨ ᠤ | ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠂ ᠬᠡᠷ ᠪᠠᠶᠢᠰᠢᠩ ᠭᠠᠵᠠᠷ ᠰᠢᠷᠣᠶ ᠶᠢ ᠨᠢᠭᠡ ᠴᠤᠭᠴᠠᠵᠢᠭᠤᠯᠤᠭᠰᠠᠨ | ᠣᠷᠣᠨ ᠰᠠᠭᠤᠴᠠ ᠶᠢᠨ ᠭᠠᠵᠠᠷ ᠪᠠ ᠬᠠᠮᠲᠤ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠡᠷᠬᠡ ᠶᠢ | ᠨᠤᠲᠠᠯᠠᠨ ᠲᠣᠭᠲᠠᠭᠠᠬᠤ ᠥᠭᠡᠷᠡᠴᠢᠯᠡᠯᠲᠡ ᠶᠢᠨ ᠠᠵᠢᠯ ᠱᠠᠳᠤᠴᠢ ᠴᠢᠨᠠᠷᠲᠠᠶ ᠦᠷ᠎ᠡ ᠪᠦᠳᠤᠮᠵᠢ ᠤᠯᠪᠠ᠃ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠲᠦᠯᠬᠢᠨ | ᠠᠬᠢᠭᠤᠯᠵᠤ᠂ ᠨᠡᠬᠦᠷᠡᠰᠤ ᠭᠠᠷᠭᠠᠬᠤ ᠴᠢᠳᠠᠪᠬᠢ ᠶᠢ 90 ᠲᠦᠮᠡᠨ ᠲᠤᠨ ᠴᠡᠭᠴᠡᠯᠡᠪᠡ᠃ ︽ᠲᠠᠯᠪᠢᠬᠤ᠂ ᠬᠠᠮᠢᠶᠠᠷᠬᠤ᠂ | ᠦᠢᠯᠡᠴᠢᠯᠡᠬᠦ︾ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠲᠤ ᠣᠷᠣᠬᠤ | ᠵᠥᠪᠰᠢᠶᠡᠷᠡᠯ ᠤᠨ ᠭᠠᠷ ᠬᠦᠢᠴᠡᠳᠭᠡᠯ ᠤᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠤᠨ᠂ ᠬᠤᠳᠠᠯᠳᠤᠭ᠎ᠠ ᠡᠷᠭᠢᠯᠡᠬᠦ | ᠣᠷᠴᠢᠨ ᠤ ᠬᠠᠤᠯᠢ ᠲᠦᠷᠢᠮᠵᠢᠯ ᠢ ᠤᠯᠠᠮ ᠲᠡᠭᠦᠯᠳᠡᠷᠵᠢᠭᠦᠯᠪᠠ᠃ ︽ᠬᠤᠶᠠᠷ ᠲᠤᠭᠳᠠᠮᠠᠯ ᠪᠤᠰᠤ ᠨᠢᠭᠡ ᠶᠢ ᠢᠯᠡ | ᠪᠣᠯᠭᠠᠬᠤ︾ ᠶᠢ ᠶᠡᠬᠡᠪᠡᠷ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠠᠷᠡᠯ ᠤᠨ ᠲᠦᠷᠢᠮ ᠤᠨ | ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ︽ᠦᠨᠡᠮᠯᠡᠯ ᠢ ᠨᠢᠬᠡᠳᠬᠡᠬᠦ︾ ︽ᠨᠢᠭᠡ ᠰᠦᠯᠵᠢᠶ᠎ᠡ ᠪᠠᠷ | ᠬᠦᠢᠴᠡᠳᠬᠡᠬᠦ︾ ᠶᠢ ᠪᠡᠶᠡᠯᠡᠭᠦᠯᠦᠨ᠂ ᠠᠵᠤ ᠠᠬᠤᠶᠢᠯᠠᠯ ᠤᠨ ᠳᠡᠩᠰᠡᠯᠡᠯᠲᠡ ᠶᠢᠨ ᠪᠥᠬᠦ ᠶᠠᠪᠤᠴᠠ ᠶᠢ | ᠡᠯᠧᠺᠲᠷᠤᠡᠴᠢᠯᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠥᠢᠯᠡᠰ ᠢ ᠰᠦᠯᠵᠢᠶᠡᠨ ᠳᠡᠭᠡᠷ᠎ᠡ ᠬᠦᠢᠴᠡᠳᠬᠡᠵᠤ | ᠪᠣᠯᠬᠤ ᠨᠣᠷᠮ᠎ᠠ ᠶᠢ 80% ᠠᠴᠠ ᠳᠡᠭᠡᠭᠰᠢ ᠪᠤᠯᠭᠠᠪᠠ᠃ ᠭᠠᠳᠠᠭᠰᠢ ᠨᠡᠬᠡᠬᠡᠯᠳᠡ ᠬᠢᠬᠦ ᠠᠬᠢᠴᠠ ᠪᠠᠨ ᠲᠠᠰᠤᠷᠠᠯᠲᠠ | ᠦᠭᠡᠶ ᠲᠦᠷᠬᠡᠳᠬᠡᠪᠡ᠃ ᠤᠷᠢᠳ ᠬᠤᠵᠢᠳ ᠳᠥᠷᠪᠡᠨ ᠬᠤᠭᠤᠴᠠᠭᠠᠨ ᠤ ᠳᠤᠮᠳᠠᠳᠤ ᠮᠣᠩᠭᠤᠯ ᠤᠨ | ᠦᠨᠳᠦᠰᠦᠲᠡᠨ ᠤ ᠲᠠᠸᠠᠷ ᠤᠨ ᠰᠣᠯᠢᠯᠴᠠᠭᠠᠨ ᠤ ᠴᠤᠭᠯᠠᠭᠠᠨ ᠢ ᠡᠷᠭᠢᠯᠡᠵᠦ᠂ ᠠᠵᠤ ᠠᠬᠤᠶᠢᠯᠠᠯ ᠢ ᠵᠣᠬᠢᠶᠠᠨ | ᠪᠠᠶᠢᠭᠤᠯᠤᠨ ᠳᠤᠮᠳᠠᠳᠤ ᠤᠯᠤᠰ ᠤᠨ ᠣᠯᠠᠨ ᠤᠯᠤᠰ ᠤᠨ ᠭᠠᠳᠠᠭᠠᠳᠤ ᠪᠠᠷᠠᠭᠠᠨ ᠤ ᠦᠵᠡᠭᠦᠯᠦᠯᠭᠡ ᠶᠢᠨ ᠳᠤᠮᠳᠠᠳᠤ | ᠮᠣᠩᠭᠤᠯ ᠣᠷᠣᠰ ᠤᠨ ᠠᠵᠤ ᠠᠬᠤᠶ ᠠᠷᠠᠯᠵᠢᠶᠠᠨ ᠤ ᠵᠥᠪᠳᠡᠯᠴᠡᠬᠡᠷ ᠤᠨ ᠬᠤᠷᠠᠯ ᠵᠡᠷᠭᠡ ᠴᠢᠬᠤᠯᠠ ᠶᠡᠭᠡ | ᠦᠵᠡᠭᠦᠯᠦᠯᠭᠡ ᠳᠤ 28 ᠤᠳᠠᠭ᠎ᠠ ᠣᠷᠣᠯᠴᠠᠭᠤᠯᠵᠤ᠂ ᠠᠶᠢᠮᠠᠭ ᠤᠨ ᠭᠠᠳᠠᠨ᠎ᠠ ᠠᠴᠠ 78 ᠲᠥᠷᠥᠯ ᠵᠥᠢᠯ ᠢ ᠤᠷᠢᠨ | ᠤᠷᠤᠭᠤᠯᠵᠤ᠂ 141 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ | — ᠲᠠᠪᠤᠨ ᠵᠢᠯ ᠤᠨ ᠲᠤᠷᠰᠢ᠂ ᠪᠢᠳᠡ ᠬᠤᠳᠠ ᠬᠥᠳᠡᠭᠡ ᠶᠢ ᠨᠢᠭᠡᠳᠦᠯᠲᠡᠢ ᠲᠥᠯᠦᠪᠵᠢᠭᠦᠯᠦᠨ | ᠬᠦᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠨᠡᠩ ᠪᠠᠲᠤᠳᠬᠠᠪᠠ᠃ ᠬᠤᠲᠠ ᠪᠠᠯᠭᠠᠰᠤᠨ ᠤ | ᠠᠴᠢᠶᠠᠯᠠᠪᠤᠷᠢ ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠤᠲᠠ ᠶᠢᠨ ᠶᠠᠪᠤᠳᠠᠯ ᠤᠨ ᠰᠠᠭᠤᠷᠢ | ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠳᠤ ᠨᠡᠶᠢᠲᠡ 12.4 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠤᠨ᠂ 2380 ᠡᠷᠦᠬᠡ ᠶᠢᠨ ᠳᠥᠭᠦᠮ ᠪᠦᠳᠤᠴᠡᠲᠤ ᠤᠷᠤᠨ ᠰᠠᠭᠤᠴᠠ ᠶᠢᠨ ᠲᠣᠭᠤᠷᠢᠭ ᠤᠨ | ᠥᠭᠡᠷᠡᠴᠢᠯᠡᠯᠲᠡ ᠶᠢ ᠪᠡᠶᠡᠯᠡᠭᠦᠯᠵᠦ᠂ 24 ᠲᠦᠮᠡᠨ ᠲᠡᠭᠰᠢ ᠳᠥᠷᠪᠡᠯᠵᠢᠨ ᠮᠧᠲᠷ ᠵᠡᠭᠡᠯᠢ ᠭᠤᠳᠤᠮᠵᠢ ᠶᠢ ᠥᠷᠭᠡᠳᠬᠡᠨ | ᠪᠠᠶᠢᠭᠤᠯᠵᠤ᠂ ᠬᠤᠲᠠ ᠪᠠᠯᠭᠠᠰᠤᠨ ᠤ ᠨᠣᠭᠤᠭᠠᠷᠠᠭᠤᠯᠤᠯᠲᠠ ᠶᠢᠨ ᠲᠠᠯᠠᠪᠠᠶ ᠶᠢ 140.5 ᠲᠦᠮᠡᠨ ᠲᠡᠭᠰᠢ | ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠦᠨ᠂ ᠬᠤᠲᠠ ᠪᠠᠯᠭᠠᠰᠤᠨ ᠤ ᠲᠥᠭᠡᠭᠡᠯ ᠣᠰᠣᠨ ᠤ | ᠲᠦᠭᠡᠮᠡᠯᠵᠢᠭᠦᠯᠦᠭᠰᠡᠨ ᠨᠣᠷᠮ᠎ᠠ᠂ ᠪᠣᠬᠢᠷ ᠤᠰᠤ ᠶᠢ ᠰᠢᠢᠳᠪᠤᠷᠢᠯᠡᠭᠰᠡᠨ ᠨᠣᠷᠮ᠎ᠠ ᠲᠣᠰ ᠲᠣᠰ 100% ᠪᠠ 98. | 5% ᠳᠤ ᠬᠦᠷᠴᠦ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ | ᠰᠡᠭᠦᠯᠴᠢ ᠠᠴᠠ ᠲᠣᠰ ᠲᠣᠰ 16.4 ᠵᠠᠭᠤᠨ ᠤ ᠬᠤᠪᠢ ᠪᠠ 43.2 ᠵᠠᠭᠤᠨ ᠤ ᠬᠤᠪᠢ ᠳᠡᠭᠡᠭᠰᠢᠯᠡᠪᠡ᠃ ᠮᠠᠯᠵᠢᠬᠤ | ᠣᠷᠣᠨ ᠤ ᠰᠠᠭᠤᠷᠢ ᠲᠦᠬᠦᠭᠡᠷᠦᠮᠵᠢ ᠶᠢᠨ ᠨᠥᠬᠦᠴᠡᠯ ᠲᠠᠰᠤᠷᠠᠯᠲᠠ ᠥᠬᠡᠶ ᠰᠠᠶᠢᠵᠢᠷᠠᠵᠤ᠂ ᠮᠠᠯᠵᠢᠬᠤ ᠣᠷᠣᠨ ᠤ | ᠣᠷᠣᠰᠢᠨ ᠰᠠᠭᠤᠬᠤ ᠣᠷᠴᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠭᠤᠤᠯᠳᠠᠯᠭ᠎ᠠ ᠲᠠᠢ | ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠦᠨ᠂ 968 ᠤᠰᠤᠨ ᠰᠤᠷᠪᠤᠯᠵᠢ ᠶᠢᠨ ᠬᠤᠳᠳᠤᠭ ᠰᠢᠨ᠎ᠡ ᠪᠠᠷ ᠮᠠᠯᠳᠠᠵᠤ᠂ | 5570 ᠢᠵᠢ ᠤᠰᠤ ᠴᠡᠪᠡᠷᠰᠢᠭᠦᠯᠬᠦ ᠲᠥᠬᠦᠭᠡᠷᠦᠮᠵᠢ ᠶᠢ ᠤᠭᠰᠠᠷᠠᠪᠠ︔ ᠴᠠᠬᠢᠯᠭᠠᠨ ᠬᠦᠷᠭᠡᠬᠦ ᠱᠤᠭᠤᠮ ᠢ 312 | ᠺᠢᠯᠣᠮᠧᠲᠷ ᠰᠢᠨ᠎ᠡ ᠪᠠᠷ ᠪᠠᠶᠢᠭᠤᠯᠤᠨ᠂ 209 ᠮᠠᠯᠵᠢᠬᠤ ᠡᠷᠦᠬᠡ ᠳᠤ ᠴᠠᠬᠢᠯᠭᠠᠨ ᠨᠡᠪᠳᠡᠷᠡᠭᠦᠯᠵᠦ᠂ ᠨᠡᠶᠢᠲᠡ2110 | ᠡᠷᠦᠬᠡ ᠳᠤ ᠬᠦᠷᠪᠡ︔ 303 ᠪᠠ 331 ᠤᠯᠤᠰ ᠤᠨ ᠵᠠᠮ ᠱᠤᠭᠤᠮ ᠤᠨ ᠠᠪᠠᠭ᠎ᠠ ᠬᠤᠰᠢᠭᠤᠨ ᠤ ᠬᠡᠰᠡᠭ ᠢ ᠲᠠᠰ | ᠳᠡᠪᠰᠢᠭᠦᠯᠵᠦ᠂ 397 ᠺᠢᠯᠣᠮᠧᠲᠷ ᠤᠨ ᠮᠠᠯᠵᠢᠬᠤ ᠣᠷᠣᠨ ᠤ ᠵᠠᠰᠠᠮᠠᠯ ᠵᠠᠮ ᠢ ᠰᠢᠨ᠎ᠡ ᠪᠠᠷ ᠵᠠᠰᠠᠵᠤ᠂ ᠭᠠᠴᠠᠭᠠᠨ ᠳᠤ | ᠰᠠᠭᠠᠳ ᠥᠬᠡᠶ ᠨᠡᠪᠲᠡᠷᠡᠬᠦ ᠨᠣᠷᠮ᠎ᠠ ᠶᠢ ︽ᠠᠷᠪᠠᠨ ᠬᠤᠶᠠᠳᠤᠭᠠᠷ ᠲᠠᠪᠤᠨ ᠵᠢᠯ︾ ᠤᠨ ᠲᠦᠯᠤᠪᠵᠢᠬᠦᠯᠬᠡ ᠶᠢᠨ | ᠬᠤᠭᠤᠴᠠᠭᠠᠨ ᠤ ᠰᠠᠬᠦᠯᠴᠢ ᠳᠤ 80% ᠪᠠᠶᠢᠭᠰᠠᠨ ᠠᠴᠠ 100% ᠪᠣᠯᠭᠠᠪᠠ︔ ᠴᠢᠮᠡᠭᠡ ᠬᠤᠯᠪᠣᠭ᠎ᠠ ᠶᠢᠨ | ᠰᠠᠭᠤᠷᠢ ᠥᠷᠲᠡᠭᠡ 23 ᠶᠢ ᠰᠢᠨ᠎ᠡ ᠪᠠᠷ ᠪᠠᠶᠢᠭᠤᠯᠵᠤ᠂ ᠭᠠᠴᠠᠭᠠᠨ ᠤ ᠨᠠᠮ ᠤᠨ ᠬᠡᠰᠢᠬᠦᠨ ᠣᠯᠠᠨ ᠲᠦᠮᠡᠨ ᠳᠤ | ᠦᠢᠯᠡᠴᠢᠯᠡᠬᠦ ᠲᠥᠪ ᠲᠤ ᠰᠦᠯᠵᠢᠶ᠎ᠡ ᠨᠡᠶᠢᠳᠡᠮ ᠪᠦᠷᠬᠦᠭᠦᠯᠬᠦ ᠶᠢ ᠪᠡᠶᠡᠯᠡᠭᠦᠯᠪᠠ︔ 50 ᠲᠦᠮᠡᠨ ᠲᠡᠭᠰᠢ ᠳᠥᠷᠪᠡᠯᠵᠢᠨ | ᠮᠧᠲᠷ ᠤᠨ ᠫᠸᠡᠭ ᠰᠠᠷᠠᠪᠴᠢ ᠶᠢ ᠰᠢᠨ᠎ᠡ ᠪᠠᠷ ᠪᠠᠶᠢᠭᠤᠯᠵᠤ᠂ ᠮᠠᠯ ᠪᠦᠷᠢ ᠳᠤ ᠲᠡᠭᠰᠢᠳᠬᠡᠭᠰᠡᠨ ᠫᠸᠡᠭ ᠰᠠᠷᠠᠪᠴᠢ ᠶᠢᠨ | ᠲᠠᠯᠠᠪᠠᠶ ᠨᠢ 1.3 ᠲᠡᠭᠰᠢ ᠳᠥᠷᠪᠡᠯᠵᠢᠨ ᠮᠧᠲᠷ ᠲᠤ ᠬᠥᠷᠪᠡ︔ ᠪᠥᠬᠦ ᠵᠠᠰᠠᠭ ᠵᠠᠬᠢᠷᠭᠠᠨ ᠤ ᠭᠠᠴᠠᠭᠠᠨ ᠳᠤ | ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠲᠤᠭᠳᠠᠯᠴᠠᠭ᠎ᠠ ᠶᠢ ᠪᠠᠶᠢᠭᠤᠯᠵᠤ᠂ ᠵᠣᠷᠯᠣᠩ ᠢ | ᠲᠦᠭᠡᠮᠡᠯᠵᠢᠭᠦᠯᠦᠭᠰᠡᠨ ᠨᠣᠷᠮ᠎ᠠ 43% ᠳᠤ ᠬᠦᠷᠴᠦ᠂ ᠪᠥᠬᠦ ᠣᠷᠣᠨ ᠤ ᠬᠠᠷᠠᠯᠲᠠ ᠠᠴᠠ 8 ᠵᠠᠭᠤᠨ ᠤ ᠬᠤᠪᠢ | ᠳᠠᠪᠠᠪᠠ᠃ | — ᠲᠠᠪᠤᠨ ᠵᠢᠯ ᠤᠨ ᠲᠤᠷᠰᠢ᠂ ᠪᠢᠳᠡ ᠬᠦᠮᠤᠨ ᠢᠶᠠᠷ ᠦᠨᠳᠦᠰᠦ ᠪᠣᠯᠭᠠᠬᠤ ᠦᠵᠡᠯ ᠰᠠᠨᠠᠭ᠎ᠠ ᠶᠢ | ᠦᠢᠯᠡᠳᠦᠯᠭᠡᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠳᠤᠮᠵᠢ ᠶᠢ ᠪᠠᠬᠢᠵᠢᠭᠦᠯᠪᠡ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ︽ | ᠵᠢᠷᠭᠤᠭᠠᠨ ᠤᠨᠢᠨ ᠳᠡᠭᠡᠷ᠎ᠡ ᠨᠢ ᠲᠡᠳᠭᠦᠬᠦ︾᠂ ︽ᠲᠠᠪᠤᠨ ᠨᠢᠭᠡ ᠪᠦᠯᠦᠭ︾ ᠤᠨ ᠱᠠᠭᠠᠷᠳᠠᠯᠭ᠎ᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ 2 ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ ᠪᠡᠯᠡ ᠣᠷᠣᠭᠤᠯᠤᠨ᠂ | ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠤᠷᠣᠯᠭ᠎ᠠ ᠶᠢ ᠠᠯᠬᠤᠮ ᠠᠯᠬᠤᠮ ᠢᠶᠠᠷ ᠨᠡᠮᠡᠭᠳᠡᠬᠦᠯᠬᠦ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ 71 ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ | ᠪᠦᠬᠦᠨ ᠢ 5 ᠲᠦᠮᠡᠨ ᠲᠥᠭᠦᠷᠢᠭ ᠠᠴᠠ ᠳᠡᠭᠡᠭᠰᠢ ᠪᠣᠯᠭᠠᠪᠠ᠃ ᠵᠤᠬᠢᠴᠠᠮᠵᠢ ᠶᠢᠨ ᠰᠢᠨ᠎ᠡ ᠶᠢ ᠡᠭᠦᠳᠬᠦ ᠶᠢ | ᠢᠳᠡᠪᠬᠢᠲᠡᠶ ᠰᠦᠪᠡᠭᠴᠢᠯᠡᠵᠦ᠂ ︽ᠠᠵᠤ ᠠᠬᠤᠶᠢᠯᠠᠯ + ᠭᠠᠴᠠᠭ᠎ᠠ ︵ᠬᠤᠷᠰᠢᠶᠠᠵᠢᠯ︶ + ᠮᠠᠯᠴᠢᠨ ᠡᠷᠦᠬᠡ︾ ᠶᠢᠨ | ᠮᠠᠯ ᠠᠵᠤ ᠠᠬᠤᠶᠢᠯᠠᠯ ᠤᠨ ᠦᠷ᠎ᠠ ᠠᠰᠢᠭ ᠬᠤᠯᠪᠣᠭᠠᠯᠠᠭᠰᠠᠨ ᠵᠤᠬᠢᠴᠠᠮᠵᠢ ᠶᠢ ᠤᠯᠠᠮ ᠨᠢᠭᠲᠠᠷᠠᠭᠤᠯᠵᠤ᠂ ᠪᠥᠬᠦ | ᠣᠷᠣᠨ ᠳᠤ ᠳᠠᠭᠠᠳᠬᠠᠯ ᠢᠶᠠᠷ ᠶᠠᠳᠠᠭᠤ ᠶᠢ ᠲᠡᠳᠬᠦᠬᠦ ᠰᠢᠨ᠎ᠡ ᠵᠠᠭᠪᠤᠷ ᠢ ᠠᠩᠬ᠎ᠠ ᠡᠭᠦᠳᠴᠦ᠂ ᠥᠪᠡᠷᠲᠡᠭᠡᠨ ᠵᠠᠰᠠᠬᠤ | ᠣᠷᠣᠨ ᠤ ︽ᠳᠠᠭᠠᠳᠬᠠᠯ ᠢᠶᠠᠷ ᠶᠠᠳᠠᠭᠤ ᠶᠢ ᠲᠡᠳᠬᠦᠬᠦ ᠵᠢᠱᠢᠶ᠎ᠡ ᠦᠵᠡᠭᠦᠯᠬᠦ ᠬᠤᠰᠢᠭᠤ︾ ᠶᠢᠨ ᠢᠷᠠᠭᠤ ᠠᠯᠳᠠᠷ ᠢ | ᠭᠥᠷᠳᠡᠨ᠂ ᠪᠥᠬᠦ ᠬᠤᠰᠢᠭᠤᠨ ᠤ 15 ᠶᠠᠳᠠᠭᠤ ᠬᠦᠴᠢᠷᠳᠡᠯᠲᠡᠶ ᠭᠠᠴᠠᠭᠠᠨ ᠤ 448 ᠡᠷᠦᠬᠡ ᠶᠢᠨ 1250 ᠨᠠᠷᠠ | ᠲᠠᠩᠰᠠ ᠪᠠᠶᠢᠭᠤᠯᠵᠤ ᠺᠠᠷᠲ ᠤᠯᠭᠤᠭᠰᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠶᠠᠳᠠᠭᠤ ᠠᠴᠠ | ᠠᠩᠭᠢᠵᠢᠷᠠᠭᠤᠯᠪᠠ︔ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠲᠠᠰᠤᠷᠠᠯᠲᠠ ᠥᠬᠡᠶ ᠳᠡᠭᠡᠭᠰᠢᠯᠡᠵᠦ᠂ ᠨᠡᠶᠢᠲᠡ | 10.9 ᠳ᠋ᠦᠩᠰᠢᠭᠤᠷ ᠲᠥᠭᠦᠷᠢᠭ ᠤᠨ ᠨᠠᠰᠤᠵᠢᠯ ᠤᠨ ᠮᠥᠩᠭᠦ᠂ 5190 ᠲᠦᠮᠡᠨ ᠲᠥᠭᠦᠷᠢᠭ ᠤᠨ ᠡᠯ᠎ᠡ | ᠲᠥᠷᠥᠯ ᠤᠨ ᠠᠪᠤᠷᠠᠨ ᠲᠤᠰᠠᠯᠠᠬᠤ ᠮᠥᠩᠭᠦ᠂ 914 ᠲᠦᠮᠡᠨ ᠲᠥᠭᠦᠷᠢᠭ ᠤᠨ ᠥᠨᠳᠥᠷ ᠨᠠᠰᠤᠨ ᠤ ᠤᠯᠭᠤᠮᠵᠢ ᠶᠢ | ᠲᠠᠷᠬᠠᠭᠠᠵᠤ᠂ 2.9 ᠳ᠋ᠦᠩᠰᠢᠭᠤᠷ ᠲᠥᠭᠦᠷᠢᠭ ᠤᠨ ᠡᠮ ᠡᠮᠨᠡᠯᠬᠡ ᠶᠢᠨ ᠰᠦᠢᠳᠬᠡᠯ ᠢ ᠴᠠᠶᠢᠷᠠᠭᠤᠯᠤᠨ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ 97% ᠳᠤ | ᠬᠥᠷᠪᠡ᠃ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠶ ᠳᠤ ᠪᠠᠨ ᠲᠣᠭᠲᠠᠭᠤᠨ ᠢᠶᠠᠷ ᠬᠦᠭᠵᠢᠪᠠ᠃ ᠬᠤᠳᠠ | ᠪᠠᠯᠭᠠᠰᠤᠨ ᠤ 4629 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ | ᠠᠵᠢᠯ ᠠᠯᠳᠠᠯᠲᠠ ᠶᠢᠨ ᠨᠤᠷᠮ᠎ᠠ ᠶᠢ 4% ᠶᠢᠨ ᠳᠣᠲᠣᠷ᠎ᠠ ᠬᠢᠵᠠᠭᠠᠷᠯᠠᠪᠠ᠃ ᠰᠤᠷᠭᠠᠨ ᠬᠥᠮᠦᠵᠢᠯ ᠤᠨ ᠦᠢᠯᠡᠰ | ᠥᠷᠨᠢᠨ ᠬᠥᠭᠵᠢᠪᠡ᠃ ᠨᠡᠶᠢᠲᠡ 7.1 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠣᠷᠣᠭᠤᠯᠵᠤ᠂ ︽ᠠᠷᠪᠠᠨ | ᠬᠤᠶᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ 1.6 ᠳᠠᠬᠢᠨ ᠪᠠᠶᠢᠵᠤ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠨᠦᠬᠦᠴᠡᠯ ᠠᠨᠠᠢ ᠰᠤᠷᠭᠠᠭᠤᠯᠢ ᠶᠢ ᠦᠬᠡᠷᠡᠴᠢᠯᠡᠨ ᠰᠠᠶᠢᠵᠢᠷᠠᠭᠤᠯᠬᠤ | ᠢᠨᠵᠧᠨᠧᠷᠢᠩ ᠢ ᠪᠥᠬᠦ ᠲᠠᠯ᠎ᠠ ᠪᠠᠷ ᠬᠡᠷᠡᠭᠵᠢᠭᠦᠯᠦᠨ᠂ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ | ᠪᠦᠬᠦᠨ ᠢᠶᠠᠷ ᠢᠶᠠᠨ ᠠᠶᠢᠮᠠᠭ ᠤᠨ ᠲᠠᠰ ᠤᠨ ᠪᠠᠷᠢᠮᠵᠢᠶ᠎ᠠ ᠳᠤ ᠬᠦᠷᠴᠦ᠂ ᠬᠤᠰᠢᠭᠤᠨ ᠤ ᠬᠡᠤᠬᠡᠳ ᠤᠨ ᠴᠡᠴᠡᠷᠯᠢᠭ | ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠬᠡᠤᠬᠡᠳ ᠤᠨ ᠴᠡᠴᠡᠷᠯᠢᠭ ᠤᠨ ᠪᠠᠷᠢᠮᠵᠢᠶ᠎ᠠ ᠳᠤ | ᠬᠦᠷᠴᠦ᠂ 63 ᠨᠠᠷᠠ ᠲᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠢᠯᠡ ᠪᠠᠷ ᠤᠷᠢᠨ ᠬᠡᠷᠡᠭᠯᠡᠪᠡ᠃ ᠡᠮ | ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠰ ᠥᠳᠲᠡᠷ ᠬᠥᠭᠵᠢᠪᠡ᠃ ᠨᠡᠶᠢᠲᠡ 1.2 ᠳ᠋ᠦᠩᠰᠢᠭᠤᠷ ᠲᠥᠭᠦᠷᠢᠭ ᠤᠨ | ᠪᠠᠯᠠ ᠣᠷᠣᠭᠤᠯᠵᠤ᠂ ᠬᠤᠰᠢᠭᠤ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ᠂ ᠡᠷᠡᠭᠦᠯ ᠬᠠᠮᠠᠭᠠᠯᠠᠯ | ᠲᠥᠯᠥᠪᠯᠡᠭᠡᠲᠦ ᠦᠷᠡᠵᠢᠯ ᠤᠨ ᠦᠢᠯᠡᠴᠢᠯᠡᠬᠡᠨ ᠤ ᠶᠡᠷᠦᠩᠬᠡᠶᠢᠯᠡᠭᠰᠡᠨ ᠠᠰᠠᠷ᠂ 7 ᠰᠤᠮᠤ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶ᠎ᠠ᠂ 42 ᠭᠠᠴᠠᠭᠠᠨ ᠤ ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠲᠠᠰᠤᠭ ᠢ | ᠠᠰᠢᠭᠯᠠᠯᠲᠠ ᠳᠤ ᠣᠷᠣᠭᠤᠯᠵᠤ᠂ 45 ᠨᠠᠷᠠ ᠡᠮᠴᠢᠯᠡᠭᠡᠨ ᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠤᠷᠢᠨ | ᠬᠡᠷᠡᠭᠯᠡᠵᠤ᠂ ︽ᠪᠥᠬᠦ ᠣᠷᠣᠨ ᠤ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ ᠬᠤᠰᠢᠭᠤ︾ ᠶᠢᠨ ᠴᠣᠯᠠ ᠭᠥᠷᠳᠡᠪᠡ᠃ | ᠰᠣᠶᠣᠯ ᠪᠡᠶ᠎ᠡ ᠲᠠᠮᠢᠷ ᠤᠨ ᠦᠢᠯᠡᠰ ᠥᠷᠨᠢᠭᠦᠨ ᠬᠥᠭᠵᠢᠵᠦ᠂ ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ ᠲᠥᠪ᠂ | ᠴᠤᠭᠤᠷ ᠲᠠᠭᠤᠤ ᠦᠪᠯᠡᠨ ᠣᠯᠠᠮᠵᠢᠯᠠᠬᠤ ᠲᠥᠪ ᠠᠰᠢᠭᠯᠠᠯᠲᠠ ᠳᠤ ᠤᠷᠤᠵᠤ᠂ ᠲᠣᠭᠠᠴᠢᠯᠠᠭᠰᠠᠨ ᠲᠧᠯᠸᠢᠰ ᠤᠨ | ᠲᠤᠬᠢᠶᠠᠨ ᠤ ᠥᠷᠲᠡᠭᠡ ᠶᠢ ᠪᠦᠷᠬᠦᠭᠦᠯᠦᠨ᠂ ᠷᠠᠳᠢᠣ᠋ ᠲᠧᠯᠸᠢᠰ ᠤᠨ ᠫᠷᠤᠭ᠍ᠷᠠᠮ ᠤᠨ ᠪᠦᠷᠬᠦᠴᠡ ᠶᠢᠨ ᠨᠣᠷᠮ᠎ᠠ ᠶᠢ | 98% ᠳᠤ ᠬᠦᠷᠬᠡᠵᠤ᠂ ᠬᠤᠰᠢᠭᠤ ᠤᠯᠠᠭᠠᠨᠮᠥ᠋ᠴᠢᠷ ᠨᠢ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠥᠷᠥᠯ ᠤᠨ | ᠰᠢᠯᠢᠳᠡᠭ ᠤᠯᠠᠭᠠᠨᠮᠥ᠋ᠴᠢᠷ ᠤᠨ ᠴᠣᠯᠠ ᠭᠥᠷᠳᠡᠵᠦ᠂ ᠪᠠᠷᠢᠮᠲᠠᠲᠤ ᠺᠢᠨᠣ᠋ ︽ᠠᠳᠤᠭᠤᠴᠢᠨ ᠠᠶᠢᠯ︾ ᠨᠢ ᠥᠪᠡᠷᠲᠡᠭᠡᠨ | ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ | ᠲᠠᠪᠤᠨ ᠨᠢᠭᠡ ᠢᠨᠵᠧᠨᠧᠷᠢᠩ︾ ᠤᠨ ᠱᠠᠩᠨᠠᠯ ᠢ ᠭᠥᠷᠳᠡᠪᠡ᠃ | — ᠲᠠᠪᠤᠨ ᠵᠢᠯ ᠤᠨ ᠲᠤᠷᠰᠢ᠂ ᠪᠢᠳᠡ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠪᠠᠨ | ᠴᠢᠩᠭᠠᠳᠬᠠᠵᠤ᠂ ᠴᠢᠨᠠᠷ ᠰᠠᠶᠢᠲᠠᠶ ᠬᠥᠭᠵᠢᠯᠲᠡ ᠶᠢ ᠨᠠᠩ ᠡᠷᠴᠢᠮᠳᠡᠢ ᠶᠡᠷᠦᠩᠬᠡᠶᠢᠯᠡᠨ ᠵᠢᠯᠣᠭᠤᠳᠪᠠ᠃ ᠨᠠᠮ ᠤᠨ | ᠪᠠᠶᠢᠭᠤᠯᠤᠯᠲᠠ ᠶᠢ ᠦᠨᠡᠨᠬᠦ ᠴᠢᠩᠭᠠᠳᠬᠠᠪᠠ᠃ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠨᠢᠭᠡᠳᠦᠯᠲᠡᠢ | ᠵᠢᠯᠣᠭᠤᠳᠣᠭᠤᠯᠬᠤ ᠶᠢ ᠪᠠᠷᠢᠮᠲᠠᠯᠠᠵᠤ᠂ ︽ᠲᠥᠷᠪᠡᠨ ᠤᠬᠠᠮᠰᠠᠷ︾ ᠢᠶᠠᠨ ᠴᠢᠩᠭᠠᠳᠬᠠᠨ᠂ ︽ᠲᠥᠷᠪᠡᠨ ᠢᠲᠡᠭᠡᠯ︾ | ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠰᠢ ᠶᠢᠨ ᠫᠢᠩ ᠶᠡᠷᠦᠩᠬᠡᠶ ᠱᠦᠵᠢ ᠶᠢᠨ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠲᠥᠪ ᠤᠨ ᠰᠢᠢᠳᠪᠤᠷᠢᠳᠤ | ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ | ᠵᠠᠬᠢᠷᠭᠠᠨ ᠤ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠦᠨᠡᠡᠬᠦ ᠨᠠᠶᠢᠳᠠᠪᠤᠷᠢᠵᠢᠭᠤᠯᠤᠨ᠂ ᠦᠷ᠎ᠡ ᠪᠦᠲᠦᠮᠵᠢ | ᠭᠠᠷᠭᠠᠬᠤ ᠶᠢ ᠪᠥᠬᠦ ᠬᠦᠴᠦᠨ ᠢᠶᠠᠷ ᠢᠶᠠᠨ ᠲᠥᠯᠬᠢᠨ ᠠᠬᠢᠭᠤᠯᠪᠠ᠃ ᠨᠠᠮ ᠤᠨ ᠰᠤᠷᠲᠠᠯ ᠠᠷᠢᠭᠤᠨ ᠴᠢᠬᠡᠴᠢ ᠪᠠᠷ | ᠵᠠᠰᠠᠭᠯᠠᠬᠤ ᠪᠠᠶᠢᠭᠤᠯᠤᠯᠲᠠ ᠶᠢ ᠴᠢᠩᠭᠠᠳᠬᠠᠪᠠ᠃ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ | ᠡᠬᠦᠷᠬᠡᠯᠡᠬᠦ︾ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠬᠢᠨᠠᠨ ᠪᠤᠳᠤᠵᠤ ᠬᠢᠨᠠᠯᠲᠠ ᠲᠠᠯᠪᠢᠬᠤ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠲᠠᠯ᠎ᠠ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠲᠠᠰᠤᠷᠠᠯᠳᠠ ᠦᠭᠡᠢ | ᠴᠢᠩᠭᠠᠳᠬᠠᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠢ ᠵᠥᠷᠢᠴᠡᠵᠦ ᠬᠠᠤᠯᠢ ᠶᠢ | ᠵᠥᠷᠢᠴᠡᠭᠰᠡᠨ ᠠᠰᠠᠭᠤᠳᠠᠯ ᠢ ᠲᠤᠰᠬᠠᠶ ᠲᠦᠷᠤᠯ ᠢᠶᠠᠷ ᠴᠡᠭᠴᠡᠯᠡᠨ ᠵᠠᠰᠠᠬᠤ ᠪᠠ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠰᠢᠰᠲ᠋ᠧᠮ ᠤᠨ ᠢᠯᠵᠠᠷᠠᠯ ᠤᠨ ᠠᠰᠠᠭᠤᠳᠠᠯ ᠢ ᠲᠤᠰᠬᠠᠶ ᠲᠦᠷᠦᠯ ᠢᠶᠠᠷ ᠴᠡᠭᠴᠡᠯᠡᠨ ᠵᠠᠰᠠᠬᠤ ᠶᠢ | ᠭᠦᠨᠵᠡᠭᠡᠶ ᠲᠦᠯᠬᠢᠨ ᠠᠬᠢᠭᠤᠯᠵᠤ᠂ ᠨᠡᠶᠢᠳᠡ 1.81 ᠳ᠋ᠦᠩᠰᠢᠭᠤᠷ ᠲᠥᠭᠦᠷᠢᠭ ᠤᠨ ᠬᠤᠬᠢᠷᠠᠯ ᠢ ᠨᠡᠬᠡᠮᠵᠢᠯᠡᠨ | ᠠᠪᠴᠢᠷᠠᠪᠠ᠃ 136 ᠲᠦᠷᠤᠯ ᠵᠥᠢᠯ ᠳᠤ ᠬᠢᠨᠡᠨ ᠪᠤᠳᠤᠯᠳᠠ ᠬᠢᠵᠤ᠂ 49 ᠳ᠋ᠦᠩᠰᠢᠭᠤᠷ ᠲᠥᠭᠦᠷᠢᠭ ᠤᠨ ᠪᠠᠯᠠ | ᠮᠥᠩᠭᠦ ᠶᠢ ᠲᠦᠷᠢᠮᠵᠢᠬᠦᠯᠵᠤ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠥᠢᠯ ᠤᠨ ᠪᠥᠲᠥᠭᠡᠨ | ᠪᠠᠶᠢᠭᠤᠯᠤᠯᠲᠠ ᠶᠢᠨ ᠪᠠᠯᠠ ᠮᠥᠩᠭᠦ ᠶᠢ 5213 ᠲᠦᠮᠡᠨ ᠲᠥᠭᠦᠷᠢᠭ ᠠᠷᠪᠢᠯᠠᠪᠠ᠃ ᠵᠠᠰᠠᠭ ᠤᠨ ᠣᠷᠳᠣᠨ ᠤ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠪᠠ᠃ ︽ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ᠂ ︽ᠬᠤᠶᠠᠷ ᠢ ᠰᠤᠷᠤᠯᠴᠠᠵᠤ ᠬᠢᠷᠢ | ᠲᠠᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠥᠮᠦᠵᠢᠯ ᠵᠡᠷᠭᠡ ᠶᠢ ᠪᠦᠬᠦ ᠲᠠᠯ᠎ᠠ ᠪᠠᠷ ᠯᠠᠪᠳᠠᠭᠤᠨ | ᠪᠠᠲᠤᠲᠠᠶ ᠥᠷᠨᠢᠭᠦᠯᠵᠦ᠂ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠬᠢᠨᠠᠮᠠᠭᠠᠶ | ᠨᠠᠶᠢᠳᠠᠪᠤᠷᠢᠵᠢᠭᠤᠯᠤᠨ᠂ ︽ᠲᠦᠷᠪᠡᠨ ᠰᠤᠷᠲᠠᠯ︾ ᠢ ᠦᠷᠭᠦᠯᠵᠢᠯᠡᠨ ᠵᠠᠰᠠᠨ ᠰᠠᠶᠢᠵᠢᠷᠠᠭᠤᠯᠵᠤ᠂ ᠵᠠᠰᠠᠭ ᠤᠨ ᠰᠤᠷᠲᠠᠯ | ᠢᠯᠡᠳᠲᠡ ᠰᠠᠶᠢᠵᠢᠷᠠᠯᠲᠠ ᠲᠠᠢ ᠪᠣᠯᠬᠤ ᠶᠢ ᠲᠦᠯᠬᠢᠨ ᠠᠬᠢᠭᠤᠯᠪᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠭᠦᠨᠵᠡᠭᠡᠶᠢᠷᠡᠭᠦᠯᠪᠡ᠃ ᠬᠠᠤᠯᠢ ᠶᠣᠰᠣᠭᠠᠷ ᠵᠠᠰᠠᠭᠯᠠᠬᠤ ᠶᠢ ᠭᠦᠨᠵᠡᠭᠡᠶ ᠠᠬᠢᠭᠤᠯᠤᠨ᠂ ︽ᠬᠡᠨ | ᠬᠠᠤᠯᠢ ᠬᠡᠷᠡᠭᠵᠢᠭᠦᠯᠪᠡᠯ᠂ ᠬᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ | ᠬᠠᠷᠢᠭᠤᠴᠠᠯᠭ᠎ᠠ ᠶᠢᠨ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ︽ᠳᠣᠯᠣᠳᠤᠭᠠᠷ ᠲᠠᠪᠤᠨ ᠵᠢᠯ︾ | ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠡᠭᠦᠷᠭᠡ ᠶᠢ ᠲᠡᠭᠦᠰ ᠠᠮᠵᠢᠯᠲᠠ ᠲᠠᠢ | ᠪᠡᠶᠡᠯᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠰᠢᠢᠳᠪᠤᠷᠢ | ᠲᠣᠭᠲᠠᠭᠠᠯ ᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠠᠷᠡᠳᠴᠢᠯᠡᠯᠳᠤ ᠬᠢᠨᠠᠯᠲᠠ᠂ | ᠨᠡᠶᠢᠭᠡᠮ ᠤᠨ ᠬᠢᠨᠠᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠂ ᠨᠠᠶᠢᠳᠠ | 867 ᠬᠤᠪᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠵᠥᠪᠯᠡᠯᠭᠡ ᠪᠠ | ᠰᠠᠨᠠᠭᠤᠯᠭ᠎ᠠ᠂ 400 ᠬᠤᠪᠢ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠤᠨ ᠰᠠᠨᠠᠯ ᠢ ᠬᠦᠯᠢᠶᠠᠨ | ᠬᠦᠢᠴᠡᠳᠬᠡᠪᠡ᠃ ᠠᠮᠤᠷ ᠲᠠᠶᠢᠪᠤᠡᠭ ᠠᠪᠠᠭ᠎ᠠ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠪᠠ᠃ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠱᠠᠳᠤᠴᠢ ᠴᠢᠨᠠᠷᠲᠠᠢ ᠦᠷ᠎ᠡ ᠪᠦᠳᠤᠮᠵᠢ ᠣᠯᠵᠤ᠂ | ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢ ᠦᠷᠭᠦᠯᠵᠢᠯᠡᠨ ᠠᠬᠢᠭᠤᠯᠤᠨ᠂ ᠬᠠᠮᠲᠤᠪᠠᠷ | ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠤᠷᠴᠢᠨ ᠢ ᠠᠩᠬ᠎ᠠ ᠠᠯᠬᠤᠮ | ᠪᠦᠷᠢᠯᠳᠦᠭᠦᠯᠵᠦ᠂ ᠵᠠᠬᠢᠳᠠᠯ ᠰᠤᠷᠪᠤᠯᠵᠢᠯᠠᠭ᠎ᠠ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ | ᠰᠠᠶᠢᠵᠢᠷᠠᠪᠠ᠃ ᠲᠦᠭᠰᠢᠭᠦᠷᠢ ᠶᠢ ᠰᠡᠷᠭᠡᠶᠢᠯᠡᠨ ᠨᠠᠮᠳᠠᠭᠠᠬᠤ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠪᠡ᠃ | ᠴᠢᠬᠤᠯᠠ ᠶᠡᠭᠡ ᠰᠢᠢᠳᠪᠤᠷᠢᠳᠤ ᠪᠣᠳᠣᠯᠭ᠎ᠠ ᠶᠢᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ | ᠵᠢᠱᠢᠬᠦ ᠵᠤᠬᠢᠴᠠᠮᠵᠢ ᠶᠢ ᠪᠠᠶᠢᠭᠤᠯᠤᠨ ᠪᠦᠷᠢᠨᠰᠢᠭᠦᠯᠵᠦ᠂ ᠠᠹᠷᠢᠺᠠ ᠲᠢᠪ ᠤᠨ ᠭᠠᠭ᠋ᠠᠶ ᠶᠢᠨ ᠬᠢᠵᠢᠭ᠂ ᠬᠤᠯᠤᠭᠠᠨ᠎ᠠ ᠶᠢᠨ | ᠬᠢᠵᠢᠭ᠂ ᠦᠬᠡᠷ ᠤᠨ ᠠᠷᠠᠰᠤᠨ ᠤ ᠡᠪᠡᠳᠴᠢᠨ᠂ ᠰᠢᠨ᠎ᠡ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ | ᠪᠠᠶᠢᠳᠠᠯ ᠵᠡᠷᠭᠡ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠴᠠᠭ ᠲᠤᠬᠠᠶ ᠳᠤᠨᠢ ᠪᠦᠲᠦᠮᠵᠢᠲᠡᠶ ᠪᠠᠷ ᠰᠡᠷᠬᠡᠶᠢᠯᠡᠨ | ᠡᠵᠡᠮᠳᠡᠵᠤ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠪᠠ᠃ | ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡᠨ ᠤ ᠲᠦᠭᠰᠢᠭᠦᠷᠢ ᠶᠢ ᠯᠠᠪᠳᠠᠭᠤᠨ ᠢᠶᠠᠷ ᠨᠠᠮᠳᠠᠭᠠᠵᠤ᠂ | ᠨᠡᠶᠢᠳᠡ 13.86 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠴᠠᠶᠢᠷᠠᠭᠤᠯᠵᠤ᠂ ᠥᠷᠢ ᠦᠭᠴᠡᠭᠡᠨ ᠤ | ᠲᠦᠭᠰᠢᠭᠦᠷᠢ ᠶᠢ ᠤᠯᠠᠭᠠᠨ ᠲᠡᠰ ᠪᠠᠶᠢᠭᠰᠠᠨ ᠠᠴᠠ ᠤᠯᠠᠪᠤᠷ ᠲᠡᠰ ᠪᠣᠯᠭᠠᠨ ᠪᠠᠭᠤᠷᠠᠭᠤᠯᠪᠠ᠃ ᠭᠠᠵᠠᠷ ᠰᠢᠷᠣᠶ ᠬᠡᠷ | ᠬᠥᠷᠥᠩᠭᠡ ᠶᠢᠨ ᠤᠯᠠᠨ ᠵᠢᠯ ᠤᠨ ᠦᠯᠡᠳᠡᠭᠳᠡᠵᠦ ᠢᠷᠡᠭᠰᠡᠨ ᠠᠰᠠᠭᠤᠳᠠᠯ ᠢ ᠪᠦᠯᠦᠭ ᠬᠤᠪᠢᠶᠠᠨ ᠲᠥᠷᠥᠯ ᠬᠤᠪᠢᠶᠠᠨ | ᠰᠢᠢᠳᠪᠤᠷᠢᠯᠡᠵᠤ᠂ ᠭᠠᠵᠠᠷ ᠰᠢᠷᠣᠶ ᠬᠡᠷ ᠬᠥᠷᠥᠩᠭᠡ ᠶᠢᠨ ᠦᠨᠡᠮᠯᠡᠯ ᠬᠦᠢᠴᠡᠳᠭᠡᠬᠦ ᠠᠰᠠᠭᠤᠳᠠᠯ ᠳᠤ ᠬᠤᠯᠪᠣᠭᠳᠠᠭᠰᠠᠨ | 9 ᠰᠠᠭᠤᠭᠠᠯᠢ ᠲᠣᠭᠤᠷᠢᠭ ᠴᠥᠮ ᠦᠨᠡᠮᠯᠡᠯ ᠬᠦᠢᠴᠡᠳᠬᠡᠬᠦ ᠨᠥᠬᠦᠴᠡᠯ ᠪᠦᠷᠢᠳᠦᠪᠡ᠃ | ᠡᠭᠦᠨ ᠠᠴᠠ ᠭᠠᠳᠠᠨ᠎ᠠ᠂ ᠢᠳᠡᠭᠡᠨ ᠪᠠ ᠡᠮ ᠤᠨ ᠵᠥᠢᠯ᠂ ᠠᠷᠠᠳ ᠤᠨ ᠠᠭᠠᠷ ᠤᠨ ᠰᠡᠷᠭᠡᠶᠢᠯᠡᠯᠲᠡ᠂ ᠴᠠᠭ | ᠠᠭᠤᠷ᠂ ᠬᠠᠩᠭᠠᠨ ᠪᠣᠷᠣᠯᠠᠭᠤᠯᠬᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠲᠠᠯ᠎ᠠ ᠨᠣᠳᠤᠭ ᠤᠨ ᠭᠠᠯ | ᠰᠡᠷᠭᠡᠶᠢᠯᠡᠬᠦ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠰᠢᠤᠳᠠᠨ ᠬᠤᠯᠪᠣᠭ᠎ᠠ᠂ ᠦᠨᠳᠦᠰᠦᠲᠡᠨ ᠱᠠᠰᠢᠨ | ᠰᠤᠷᠲᠠᠬᠤᠨ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠴᠡᠷᠢᠭ ᠠᠴᠠ ᠬᠠᠯᠠᠭᠳᠠᠭᠰᠠᠳ᠂ ᠠᠵᠢᠯᠴᠢᠨ ᠤ | ᠡᠪᠯᠡᠯ᠂ ᠡᠪ ᠬᠠᠮᠳᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭ᠎ᠠ᠂ ᠬᠡᠤᠬᠡᠳ ᠪᠠᠭᠠᠴᠤᠳ ᠵᠡᠷᠭᠡ | ᠲᠠᠯ᠎ᠠ ᠶᠢᠨ ᠠᠵᠢᠯ ᠰᠢᠨ᠎ᠡ ᠦᠷ᠎ᠡ ᠪᠦᠲᠦᠮᠵᠢ ᠣᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠷᠲᠡᠮᠵᠢ | ᠶᠢᠨ ᠲᠥᠷᠥᠭᠳᠡᠯ᠂ ᠵᠤᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠪᠥᠬᠦ ᠲᠠᠯ᠎ᠠ ᠪᠠᠷ ᠳᠡᠭᠡᠭᠰᠢᠯᠡᠪᠡ᠃ | | ᠲᠥᠯᠥᠭᠡᠯᠡᠭᠴᠢᠳ ᠡ︕ ᠦᠩᠬᠡᠷᠡᠭᠰᠡᠨ ᠲᠠᠪᠤᠨ ᠵᠢᠯ ᠳᠤ ᠪᠢᠳᠠ ᠠᠵᠤ ᠠᠬᠤᠢ ᠶᠢᠨ ᠲᠠᠷᠤᠯᠳᠠ ᠪᠠ ᠬᠦᠨᠳᠦ | ᠭᠡᠴᠡᠭᠦᠦ ᠬᠢᠵᠢᠭ ᠤᠨ ᠪᠠᠶᠢᠳᠠᠯ ᠤᠨ ᠰᠢᠯᠭᠠᠯᠳᠠ ᠶᠢ ᠠᠮᠵᠢᠯᠳᠠ ᠲᠠᠢ ᠲᠤᠭᠤᠯᠵᠤ᠂ ᠠᠮᠢ ᠠᠬᠤᠢ ᠶᠢᠨ ᠬᠠᠮᠠᠭᠠᠯᠠᠯᠳᠠ | ᠶᠢᠨ ᠬᠢᠵᠠᠭᠠᠷᠯᠠᠯ ᠢ ᠴᠢᠩᠭ᠎ᠠ ᠪᠠᠷᠢᠮᠳᠠᠯᠠᠨ᠂ ᠲᠤᠭᠲᠠᠭᠤᠨ ᠬᠦᠭᠵᠢᠯᠲᠡ ᠪᠠᠨ ᠪᠠᠲᠤᠯᠠᠭᠰᠠᠭᠠᠷ ᠢᠷᠡᠪᠡ᠃ | ᠬᠤᠪᠢᠰᠤᠯᠳᠠ ᠨᠢ ᠴᠦᠮ ᠪᠢᠳᠠᠨ ᠤ ᠡᠬᠦᠷᠬᠡ ᠬᠠᠷᠢᠭᠤᠴᠠᠯᠭ᠎ᠠ ᠪᠠᠨ ᠪᠠᠶᠠᠯᠠᠬᠦᠯᠤᠨ᠂ ᠬᠦᠴᠢᠷᠳᠡᠯ ᠢ ᠰᠢᠢᠳᠪᠤᠷᠢᠯᠡᠵᠤ᠂ | ᠪᠤᠳᠠᠳᠡᠢ ᠠᠵᠢᠯᠯᠠᠬᠤ ᠰᠦᠰᠤ ᠵᠤᠷᠢᠭ ᠪᠠᠷ ᠬᠡᠯᠪᠡᠷᠢ ᠪᠠᠨ ᠬᠤᠪᠢᠷᠠᠭᠤᠯᠤᠨ ᠴᠢᠨᠡᠷ ᠰᠠᠶᠢᠳᠡᠢ ᠬᠦᠭᠵᠢᠯᠳᠠ ᠶᠢ | ᠠᠬᠢᠭᠤᠯᠬᠤ ᠢᠳᠡᠬᠡᠯ ᠵᠤᠷᠢᠭ ᠢ ᠬᠦᠢᠴᠡᠳ ᠢᠯᠡᠷᠡᠭᠦᠯᠦᠭᠰᠡᠨ ᠪᠠᠶᠢᠨ᠎ᠠ᠃ ᠲᠡᠦᠬᠡ ᠶᠢᠨ ᠰᠢᠨ᠎ᠡ ᠭᠠᠷᠤᠭ᠎ᠠ ᠠᠴᠠ ︽ | ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠡᠷᠭᠢᠴᠡᠭᠦᠯᠬᠦ ᠳᠤ ᠪᠢᠳᠡ ᠲᠣᠩ ᠤᠯᠠᠨ ᠬᠦᠴᠢᠷ | ᠪᠡᠷᠬᠡ ᠶᠢ ᠢᠯᠡᠨ ᠳᠠᠪᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠤᠨ᠂ ᠬᠢᠯᠢ | ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠡᠶ᠎ᠡ ᠵᠤᠬᠢᠴᠠᠯ ᠲᠣᠭᠲᠠᠭᠤᠨ ᠢ ᠪᠠᠲᠤᠯᠠᠵᠤ᠂ ᠴᠠᠭ ᠤᠨ ᠪᠠᠶᠢᠳᠠᠯ | ᠳᠤ ᠵᠤᠬᠢᠴᠠᠭᠰᠡᠨ᠂ ᠰᠢᠨᠵᠢᠯᠡᠬᠦ ᠤᠬᠠᠭᠠᠨᠴᠢ᠂ ᠤᠷᠤᠭᠰᠢᠯᠠᠨ ᠲᠠᠪᠰᠢᠭᠰᠡᠨ ᠭᠡᠷᠡᠯ ᠰᠠᠴᠣᠷᠠᠩᠭᠤᠢ ᠬᠠᠭᠤᠳᠠᠰᠤ ᠶᠢ | ᠪᠢᠴᠢᠭᠯᠡᠭᠰᠡᠨ ᠪᠠᠶᠢᠨ᠎ᠠ᠃ | ᠰᠠᠶ᠋ᠢᠬᠠᠨ ᠥᠩᠭᠡᠷᠡᠭᠰᠡᠨ 2020 ᠣᠨ ᠪᠣᠯ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ | ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ ᠮᠦᠷᠲᠡᠭᠡᠨ ᠨᠢᠭᠡᠳᠦᠭᠡᠷ | ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠠ ᠶᠠᠳᠠᠭᠤ ᠠᠴᠠ ᠠᠩᠬᠢᠵᠢᠷᠠᠭᠤᠯᠵᠤ ᠪᠤᠭᠤᠮᠳᠠ ᠰᠢᠪᠳᠤᠯᠬᠤ | ᠰᠢᠢᠳᠪᠤᠷᠢᠳᠤ ᠢᠯᠠᠯᠲᠠ ᠶᠢ ᠲᠡᠮᠡᠴᠡᠨ ᠤᠯᠤᠭᠰᠠᠨ ᠵᠢᠯ ᠮᠥᠨ᠂ ᠮᠦᠨᠴᠦ ᠮᠠᠨ ᠤ ᠬᠤᠰᠢᠭᠤᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠶᠠᠪᠤᠴᠠ ᠳᠠᠬᠢ ᠲᠦᠢᠯ ᠤᠨ ᠶᠡᠷᠦ ᠪᠤᠰᠤ ᠶᠢᠨ ᠨᠢᠭᠡ ᠵᠢᠯ ᠪᠤᠯᠬᠤ ᠶᠤᠮ᠃ | ᠲᠣᠭᠲᠠᠭᠤᠨ ᠤ ᠳᠤᠮᠳᠠ ᠬᠤᠪᠢᠷᠠᠯᠲᠠ ᠶᠡᠬᠡᠲᠡᠢ ᠠᠵᠤ ᠠᠬᠤᠶ ᠶᠢᠨ ᠪᠠᠶᠢᠳᠠᠯ᠂ ᠭᠡᠨᠡᠳᠲᠡ ᠡᠭᠦᠰᠦᠭᠰᠡᠨ ᠰᠢᠨ᠎ᠡ | ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠵᠡᠷᠬᠡ ᠬᠦᠨᠳᠦ ᠬᠡᠴᠡᠬᠦᠦ ᠰᠢᠯᠭᠠᠯᠲᠠ ᠪᠠ ᠮᠠᠯᠵᠢᠬᠤ ᠣᠷᠣᠨ ᠤ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠤᠷᠢᠳᠴᠢᠯᠠᠨ ᠲᠤᠷᠰᠢᠨ ᠬᠡᠷᠡᠭᠵᠢᠬᠦᠯᠬᠦ ᠤᠯᠤᠰ ᠲᠥᠷᠥ ᠶᠢᠨ | ᠱᠠᠭᠠᠷᠳᠠᠯᠭ᠎ᠠ ᠳᠤ ᠴᠢᠭᠯᠡᠭᠦᠯᠦᠨ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ | ᠠᠮᠢ ᠠᠬᠤᠶ ᠶᠢ ᠡᠩ ᠲᠡᠷᠢᠭᠦᠨ ᠳᠤ ᠲᠠᠯᠪᠢᠨ᠂ ᠪᠣᠬᠢᠷᠲᠤᠯ ᠦᠭᠡᠶ ᠬᠥᠭᠵᠢᠭᠦᠯᠬᠦ ᠶᠢ ᠪᠠᠷᠢᠮᠲᠠᠯᠠᠵᠤ᠂ ᠰᠢᠨ᠎ᠡ | ᠬᠥᠭᠵᠢᠯᠲᠡ ᠶᠢᠨ ᠤᠶᠢᠯᠠᠭᠠᠭᠳᠠᠬᠤᠨ ᠢ ᠭᠤᠶᠢᠪᠢᠰᠢ ᠥᠬᠡᠶ ᠨᠠᠶᠢᠳᠠᠪᠤᠷᠢᠵᠢᠭᠤᠯᠤᠨ᠂ ᠲᠥᠪ᠂ ᠥᠪᠡᠷᠲᠡᠭᠡᠨ ᠵᠠᠰᠠᠬᠤ | ᠣᠷᠣᠨ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ ᠬᠤᠷᠢᠶ᠎ᠠ ᠶᠢᠨ ᠡᠯ᠎ᠡ | ᠵᠥᠢᠯ ᠤᠨ ᠰᠢᠢᠳᠪᠤᠷᠢᠳᠤ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠢᠨᠡᠭᠡᠯᠢᠭ ᠨᠡᠶᠢᠭᠡᠮ ᠢ | ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ | ᠨᠢᠭᠡᠳᠦᠯᠲᠡᠶ ᠲᠦᠯᠤᠪᠵᠢᠬᠦᠯᠵᠤ᠂ ︽ᠵᠢᠷᠭᠤᠭ᠎ᠠ ᠶᠢ ᠲᠤᠭᠳᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠥᠬᠦ | ᠬᠤᠰᠢᠭᠤᠨ ᠤ ᠠᠵᠤ ᠠᠬᠤᠶ ᠨᠡᠶᠢᠭᠡᠮ ᠦᠷᠭᠦᠯᠵᠢᠯᠡᠨ ᠡᠷᠡᠭᠦᠯ ᠢᠶᠠᠷ ᠬᠦᠭᠵᠢᠭᠰᠡᠨ ᠰᠠᠶᠢᠨ ᠰᠠᠶᠢᠬᠠᠨ ᠪᠠᠶᠢᠳᠠᠯ ᠲᠠᠢ | ᠪᠤᠯᠪᠠ᠃ ᠪᠥᠬᠦ ᠵᠢᠯ ᠳᠤ 36 ᠳ᠋ᠦᠩᠰᠢᠭᠤᠷ ᠲᠥᠭᠦᠷᠢᠭ ᠤᠨ ᠭᠠᠵᠠᠷ ᠣᠷᠣᠨ ᠤ ᠦᠢᠯᠡᠳᠪᠤᠷᠢᠯᠡᠯ ᠤᠨ ᠶᠠᠷᠤᠩᠬᠡᠢ | ᠥᠷᠲᠡᠭ ᠢ ᠪᠡᠶᠡᠯᠡᠭᠦᠯᠵᠦ᠂ 0.4% ᠪᠠᠷ ᠨᠡᠮᠡᠭᠳᠡᠬᠦᠯᠪᠠ︔ ᠡᠩ ᠤᠨ ᠤᠯᠠᠨ ᠨᠡᠶᠢᠲᠡ ᠶᠢᠨ ᠲᠥᠰᠦᠪ ᠤᠨ | ᠣᠷᠣᠯᠭ᠎ᠠ ᠶᠢ 3.5 ᠳ᠋ᠦᠩᠰᠢᠭᠤᠷ ᠲᠥᠭᠦᠷᠢᠭ ᠪᠠᠶᠠᠯᠠᠬᠦᠯᠵᠤ᠂ 15% ︵ᠣᠨᠴᠠᠭᠠᠶ ᠰᠢᠯᠳᠠᠭᠠᠨ ᠠᠴᠠ ᠭᠠᠳᠠᠨ᠎ᠠ︶ | ᠪᠠᠷ ᠨᠡᠮᠡᠭᠳᠡᠭᠦᠯᠪᠠ︔ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠶᠢ 201% ᠪᠠᠷ ᠨᠡᠮᠡᠭᠳᠡᠬᠦᠯᠵᠤ᠂ | ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠤᠷᠤᠯᠠᠭᠤᠯᠤᠭᠰᠡᠨ ᠶᠠᠷᠤᠩᠬᠡᠢ ᠬᠡᠮᠵᠢᠶ᠎ᠠ 5.1 ᠳ᠋ᠦᠩᠰᠢᠭᠤᠷ | ᠲᠥᠭᠦᠷᠢᠭ ᠲᠤ ᠬᠦᠷᠪᠠ︔ ᠬᠤᠲᠠ ᠬᠥᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠤ ᠪᠤᠯᠬᠤᠶᠢᠴᠠ ᠣᠷᠣᠯᠭ᠎ᠠ ᠨᠢ ᠲᠣᠰ ᠲᠣᠰ 40826 ᠲᠥᠭᠦᠷᠢᠭ ᠪᠠ 30857 ᠲᠥᠭᠦᠷᠢᠭ ᠲᠤ | ᠬᠦᠷᠴᠤ᠂ 2% ᠪᠠ 8.9% ᠪᠠᠷ ᠨᠡᠮᠡᠭᠳᠡᠪᠡ᠃ ᠨᠢᠭᠡ ᠵᠢᠯ ᠤᠨ ᠲᠤᠷᠰᠢ ᠪᠢᠳᠡ ᠭᠤᠣᠯᠳᠠᠭᠤ ᠳᠣᠣᠷᠠᠬᠢ ᠬᠡᠳᠤᠨ | ᠲᠠᠯ᠎ᠠ ᠶᠢᠨ ᠠᠵᠢᠯ ᠢ ᠬᠢᠪᠡ᠄ | ︵ᠨᠢᠭᠡ︶ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠲᠠᠶᠢᠯᠠᠯᠳᠤᠭᠠᠨ ᠤ ᠢᠯᠠᠠᠯᠳᠠ ᠶᠢ ᠪᠥᠬᠦ | ᠬᠦᠴᠦᠨ ᠢᠶᠠᠷ ᠢᠶᠠᠨ ᠲᠠᠮᠠᠴᠠᠨ ᠤᠯᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠨᠠᠮ ᠤᠨ ᠲᠥᠪ | ᠬᠤᠷᠢᠶᠠᠨ ᠤ ᠰᠢᠢᠳᠪᠤᠷᠢᠳᠤ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ | ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠪᠥᠬᠦ ᠬᠤᠰᠢᠭᠤ ᠪᠠᠷ ᠢᠶᠠᠨ ᠬᠢᠵᠢᠭ ᠤᠨ | ᠪᠠᠶᠢᠳᠠᠯ ᠢ ᠰᠡᠷᠭᠡᠶᠢᠯᠡᠨ ᠬᠤᠷᠢᠭᠯᠠᠬᠤ ᠲᠠᠶᠢᠯᠠᠯᠳᠤᠭᠠᠨ ᠢ ᠬᠦᠴᠤᠨ ᠢᠶᠠᠨ ᠬᠠᠮᠳᠤᠳᠬᠠᠨ ᠰᠠᠶᠢᠲᠤᠷ ᠬᠢᠵᠦ᠂ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠨᠳᠦ ᠶᠡᠭᠡ ᠭᠡᠨᠡᠳᠲᠡ ᠶᠢᠨ ᠬᠡᠷᠡᠭ ᠤᠨ ᠨᠢᠭᠡᠳᠦᠭᠡᠷ ᠳᠡᠰ ᠤᠨ ᠲᠤᠬᠢᠶᠠᠨ ᠤ | ᠱᠠᠭᠠᠷᠳᠠᠯᠭ᠎ᠠ ᠶᠣᠰᠣᠭᠠᠷ᠂ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠢ ᠥᠷᠭᠡᠨ ᠢᠶᠠᠷ ᠳᠠᠶᠢᠴᠢᠯᠠᠨ᠂ 676 | ᠲᠦᠮᠡᠨ ᠲᠥᠭᠦᠷᠢᠭ ᠤᠨ ᠬᠠᠨᠳᠢᠪᠯᠠᠭᠰᠠᠨ ᠮᠥᠩᠭᠦ ᠡᠳ᠋ ᠪᠣᠳᠠᠰ ᠢ ᠭᠥᠯᠢᠶᠡᠨ ᠠᠪᠴᠤ᠂ ᠬᠤᠯᠪᠣᠭᠠᠯᠠᠨ ᠰᠡᠷᠭᠡᠶᠢᠯᠡᠵᠦ | ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ | ᠦᠳᠲᠡᠷ ᠲᠦᠷᠭᠡᠨ ᠪᠠᠶᠢᠭᠤᠯᠵᠤ᠂ ᠬᠢᠵᠢᠭ ᠭᠠᠳᠠᠨ᠎ᠠ ᠠᠴᠠ ᠬᠠᠯᠳᠠᠪᠤᠷᠢᠯᠠᠨ ᠤᠷᠤᠬᠤ ᠶᠢ ᠰᠡᠷᠬᠡᠶᠢᠯᠡᠬᠦ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠡᠷᠡᠭᠦᠯ | ᠮᠡᠨᠳᠦ ᠶᠢᠨ ᠬᠤᠷᠢᠭ᠎ᠠ ᠱᠤᠭᠤᠮ ᠢ ᠪᠠᠲᠤ ᠰᠠᠬᠢᠪᠠ᠃ ᠪᠥᠬᠦ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠲᠤᠭᠳᠠᠯᠴᠠᠭ᠎ᠠ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠤᠭᠳᠠᠯᠴᠠᠭᠠᠨ ᠤ ᠬᠥᠮᠦᠨ ᠤ | ᠰᠡᠷᠭᠡᠶᠢᠯᠡᠯᠲᠡ᠂ ᠪᠣᠳᠠᠰ ᠤᠨ ᠰᠡᠷᠭᠡᠶᠢᠯᠡᠯᠲᠡ ᠶᠢᠨ ᠴᠢᠳᠠᠪᠤᠷᠢ ᠶᠢ ᠪᠥᠬᠦ ᠲᠠᠯ᠎ᠠ ᠪᠠᠷ ᠴᠢᠩᠭᠠᠳᠬᠠᠵᠤ᠂ P C R᠂ | P 2 ᠲᠤᠷᠰᠢᠯᠲᠠ ᠶᠢᠨ ᠲᠠᠰᠤᠭ ᠢ ᠠᠰᠢᠭᠯᠠᠯᠲᠠ ᠳᠤ ᠣᠷᠣᠭᠤᠯᠤᠨ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ᠂ | ᠬᠤᠯᠤᠭᠠᠨ᠎ᠠ ᠬᠢᠵᠢᠭ ᠤᠨ ᠪᠠᠺᠲ᠋ᠧᠷᠢ ᠶᠢᠨ ᠪᠥᠭᠡᠮ ᠬᠦᠴᠢᠯ ᠤᠨ ᠪᠠᠶᠢᠴᠠᠭᠠᠯᠳᠠ ᠶᠢᠨ ᠴᠢᠳᠠᠪᠤᠷᠢ ᠶᠢ ᠪᠦᠷᠢᠨᠰᠢᠭᠦᠯᠵᠦ | ᠂ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠷᠢ ᠲᠦᠪᠰᠢᠨ ᠢ ᠶᠡᠬᠡᠪᠡᠷ ᠳᠡᠭᠡᠭᠰᠢᠯᠡᠭᠦᠯᠪᠡ᠃ | ︵ᠬᠤᠶᠠᠷ︶ ᠨᠡᠮᠡᠭᠳᠡᠯ ᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠪᠠᠲᠤᠯᠠᠬᠤ ᠶᠢ ᠯᠠᠪᠳᠠᠭᠤᠨ ᠢᠶᠠᠷ | ᠠᠬᠢᠭᠤᠯᠪᠠ᠃ ᠠᠵᠤ ᠠᠬᠤᠶᠢᠯᠠᠯ ᠢ ᠲᠣᠭᠲᠠᠪᠤᠷᠢᠵᠢᠭᠤᠯᠤᠨ ᠬᠦᠴᠢᠷᠳᠡᠯ ᠢ ᠰᠢᠢᠳᠪᠤᠷᠢᠯᠡᠬᠦ ᠡᠯ᠎ᠡ ᠵᠥᠢᠯ ᠤᠨ | ᠲᠥᠷᠥ ᠶᠢᠨ ᠪᠣᠳᠣᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠤᠨ᠂ ᠣᠷᠣᠨ ᠨᠤᠲᠤᠭ ᠤᠨ ᠪᠠᠲᠤᠯᠠᠭ᠎ᠠ ᠶᠢᠨ ᠴᠢᠨᠠᠷᠳᠡᠢ | ᠠᠷᠭ᠎ᠠ ᠬᠡᠮᠵᠢᠶ᠎ᠡ ᠶᠢ ᠢᠵᠢ ᠪᠥᠷᠢᠳᠦᠭᠦᠯᠦᠨ ᠨᠡᠶᠢᠲᠡᠯᠡᠵᠦ᠂ ᠪᠠᠶᠢᠩᠭᠤ ᠶᠢᠨ ᠴᠢᠨᠠᠷᠳᠡᠢ ᠬᠢᠵᠢᠭ ᠰᠡᠷᠭᠡᠶᠢᠯᠡᠨ ᠡᠵᠡᠮᠳᠡᠬᠦ | ᠬᠤᠭᠤᠴᠠᠭᠠᠨ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠤᠷᠢ ᠶᠢᠨ ᠠᠵᠤ ᠠᠬᠤᠶᠢᠯᠠᠯ ᠪᠦᠬᠦᠨ ᠢᠶᠠᠷ ᠢᠶᠠᠨ | ᠠᠵᠢᠯ ᠢᠶᠠᠨ ᠡᠬᠢᠯᠡᠬᠦᠯᠵᠤ ᠦᠢᠯᠡᠳᠪᠤᠷᠢᠯᠡᠯ ᠢᠶᠠᠨ ᠰᠡᠷᠭᠦᠭᠡᠬᠦ ᠶᠢ ᠪᠡᠶᠡᠯᠡᠭᠦᠯᠤᠨ᠂ 2458 ᠲᠦᠮᠡᠨ ᠲᠥᠭᠦᠷᠢᠭ ᠤᠨ | ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠶᠢ ᠨᠠᠶᠢᠳᠠᠪᠤᠷᠢᠵᠢᠭᠤᠯᠤᠨ᠂ 664 ᠲᠦᠮᠡᠨ ᠲᠥᠭᠦᠷᠢᠭ ᠤᠨ | ᠡᠯ᠎ᠡ ᠲᠥᠷᠥᠯ ᠤᠨ ᠳᠠᠭᠠᠳᠬᠠᠯ ᠢ ᠬᠠᠰᠤᠵᠤ ᠭᠡᠯᠳᠦᠷᠢᠭᠦᠯᠤᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ 4 | ᠳ᠋ᠦᠩᠰᠢᠭᠤᠷ ᠲᠥᠭᠦᠷᠢᠭ ᠤᠨ ᠵᠢᠭᠡᠯᠡᠯᠭᠡ ᠬᠠᠩᠭᠠᠨ᠂ ᠠᠵᠤ ᠠᠬᠤᠶᠢᠯᠠᠯ ᠢ ᠲᠠᠮᠵᠢᠵᠤ᠂130 ᠲᠦᠮᠡᠨ ᠲᠦᠬᠦᠷᠢᠭ | ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂ ᠠᠵᠢᠯᠯᠠᠬᠤ ᠪᠠᠷ ᠪᠣᠯᠪᠠᠰᠤᠷᠠᠯ ᠢ ᠣᠷᠣᠯᠠᠭᠤᠯᠬᠤ᠂ ᠵᠢᠬᠡᠯᠡᠯᠬᠡ | ᠶᠢᠨ ᠬᠦᠦ ᠮᠦᠩᠬᠦ ᠵᠡᠷᠬᠡ ᠶᠢ ᠲᠠᠷᠬᠠᠭᠠᠪᠠ᠃ ᠭᠤᠤᠯᠳᠠᠯᠭ᠎ᠠ ᠲᠠᠢ ᠲᠥᠷᠥᠯ ᠵᠥᠢᠯ ᠢ ᠲᠥᠪᠯᠡᠷᠡᠭᠦᠯᠦᠨ ︽ᠬᠢᠨᠠᠨ | ᠵᠥᠪᠰᠢᠶᠡᠷᠡᠬᠦ ᠰᠠᠷ᠎ᠠ︾ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠵᠢᠩ ᠨᠧᠩ ᠴᠠᠭᠠᠡᠨᠠᠭᠤᠷ ᠤᠨ ᠴᠠᠬᠢᠯᠭᠠᠨ ᠤ | ᠦᠢᠯᠡᠳᠪᠤᠷᠢ᠂ ᠣᠨᠴᠠ ᠥᠨᠳᠥᠷ ᠬᠦᠴᠦᠳᠡᠯᠲᠦ ᠭᠠᠳᠠᠭᠰᠢ ᠬᠦᠷᠭᠡᠬᠦ ᠰᠠᠯᠬᠢᠨ ᠴᠠᠬᠢᠯᠭᠠᠨ᠂ ᠶᠦᠨ ᠵᠢᠶ ᠯᠢ ᠲᠣᠮᠣ | ᠳ᠋ᠠᠶᠢᠲ᠋ᠠ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ | ᠵᠡᠷᠭᠡ ᠨᠢᠭᠡ ᠪᠦᠯᠦᠭ ᠭᠤᠤᠯᠳᠠᠯᠭ᠎ᠠ ᠲᠠᠢ ᠲᠥᠷᠥᠯ ᠵᠥᠢᠯ ᠢ ᠪᠥᠬᠦ ᠲᠠᠯ᠎ᠠ ᠪᠠᠷ ᠠᠵᠢᠯ ᠡᠬᠢᠯᠡᠬᠦᠯᠵᠤ᠂ ᠪᠥᠬᠦ ᠵᠢᠯ ᠳᠤ | 37 ᠭᠤᠤᠯᠳᠠᠯᠭ᠎ᠠ ᠲᠠᠢ ᠲᠥᠷᠥᠯ ᠵᠥᠢᠯ ᠢ ᠬᠡᠷᠡᠭᠵᠢᠭᠦᠯᠤᠨ᠂ ᠠᠵᠢᠯ ᠢᠶᠠᠨ ᠡᠬᠢᠯᠡᠭᠦᠯᠵᠦ ᠰᠡᠷᠭᠦᠭᠡᠭᠰᠡᠨ ᠨᠣᠷᠮ᠎ᠠ | 92% ᠲᠤ ᠬᠦᠷᠴᠦ᠂ 72 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ | ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠬᠦᠮᠤᠰ ᠢ ᠠᠵᠢᠯ ᠣᠯᠭᠤᠯᠲᠠ ᠪᠠᠷ ᠲᠡᠳᠬᠦᠬᠦ ᠶᠢ | ᠴᠢᠩᠭᠠᠳᠬᠠᠵᠤ᠂ ᠵᠢᠯ ᠤᠨ ᠳᠣᠲᠣᠷ᠎ᠠ 5612 ᠠᠵᠢᠯ ᠤᠨ ᠪᠠᠶᠢᠷᠢ ᠴᠤᠭᠯᠠᠭᠤᠯᠤᠨ᠂ 16 ᠬᠤᠭᠤᠴᠠᠭᠠᠨ ᠤ 500 | ᠬᠦᠮᠤᠨ ᠤᠷᠤᠯᠴᠠᠭᠰᠡᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠠᠩᠭᠢ ᠡᠷᠭᠢᠯᠡᠵᠦ᠂ 727 ᠲᠦᠮᠡᠨ | ᠲᠥᠭᠦᠷᠢᠭ ᠤᠨ ᠠᠳᠠᠯ ᠦᠢᠯᠡᠰ ᠴᠣᠭᠴᠠᠯᠠᠬᠤ ᠪᠠᠳᠤᠯᠠᠭᠠᠳᠤ ᠵᠢᠭᠡᠯᠡᠯᠭᠡ ᠲᠠᠷᠬᠠᠭᠠᠵᠤ᠂ ᠨᠡᠶᠢᠲᠡ ᠶᠢᠨ ᠠᠰᠠᠷᠠᠮᠵᠢ ᠶᠢᠨ | ᠴᠢᠨᠠᠷᠲᠠᠶ ᠠᠵᠢᠯ ᠤᠨ ᠪᠠᠶᠢᠷᠢ 70 ᠶᠢ ᠲᠤᠬᠢᠷᠠᠭᠤᠯᠵᠤ᠂ ᠬᠤᠲᠠ ᠪᠠᠯᠭᠠᠰᠤᠨ ᠤ 588 ᠬᠦᠮᠤᠨ ᠳᠤ ᠠᠵᠢᠯ | ᠤᠯᠭᠤᠵᠤ᠂ 901 ᠨᠠᠷᠠ ᠮᠠᠯᠴᠢᠳ ᠢ ᠨᠡᠬᠦᠯᠬᠡᠨ ᠰᠢᠯᠵᠢᠬᠦᠯᠵᠤ ᠠᠵᠢᠯ ᠤᠯᠭᠤᠨ᠂ ᠬᠤᠲᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 3.7% ᠪᠤᠯᠪᠠ᠃ ᠲᠥᠪ ᠠᠴᠠ ᠰᠢᠭᠤᠳ ᠪᠠᠭᠤᠯᠭᠠᠭᠰᠡᠨ | ᠪᠡᠯᠡ ᠮᠥᠩᠭᠦ᠂ ᠣᠨᠴᠠᠭᠠᠶ ᠰᠢᠯᠵᠢᠭᠦᠯᠦᠨ ᠲᠦᠯᠤᠪᠤᠷᠢᠯᠡᠬᠦ ᠪᠡᠯᠡ ᠮᠦᠩᠬᠦ᠂ ᠲᠡᠩᠴᠡᠬᠦᠷᠢᠰᠢᠬᠦᠯᠬᠦ ᠴᠢᠨᠠᠷᠲᠠᠶ | ᠰᠢᠯᠵᠢᠭᠦᠯᠦᠨ ᠲᠦᠯᠤᠪᠤᠷᠢᠯᠡᠬᠦ ᠪᠡᠯᠡ ᠮᠥᠩᠭᠦ ᠶᠢ 2.4 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠬᠦ᠂ ᠠᠵᠢᠯ ᠣᠯᠭᠤᠯᠲᠠ ᠶᠢ ᠪᠠᠲᠤᠯᠠᠬᠤ᠂ | ᠠᠷᠠᠳ ᠤᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ ᠳᠤ | ᠭᠤᠣᠯᠳᠠᠯᠭ᠎ᠠ ᠲᠠᠢ ᠬᠡᠷᠡᠭᠯᠡᠪᠡ᠃ | ︵ᠭᠤᠷᠪᠠ︶ ︽ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾ ᠤ ᠢᠯᠠᠯᠲᠠ ᠶᠢ ᠲᠠᠮᠠᠴᠠᠨ ᠤᠯᠪᠠ | ᠃ ᠰᠢᠢᠳᠪᠦᠷᠢᠲᠦ ᠢᠯᠠᠯᠲᠠ ᠶᠢ ᠲᠠᠮᠠᠴᠠᠨ ᠤᠯᠬᠤ ᠬᠠᠷᠠᠯᠲᠠ ᠡᠭᠦᠷᠭᠡ ᠶᠢ ᠲᠣᠭᠲᠠᠭᠰᠠᠨ ᠬᠤᠭᠤᠴᠠᠭᠠᠨ ᠳᠤ | ᠪᠡᠶᠡᠯᠡᠭᠦᠯᠬᠦ ᠲᠠᠢ ᠨᠢᠭᠲᠠ ᠤᠶᠠᠯᠳᠤᠭᠤᠯᠤᠨ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠳᠠ | ᠶᠢ ᠡᠷᠡᠰ ᠢᠶᠠᠷ ᠲᠠᠮᠠᠴᠠᠨ ᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠳᠤᠬᠡᠬᠦ ᠴᠢᠬᠤᠯᠠ ᠶᠡᠭᠡ | ᠪᠣᠭᠤᠮᠲᠠ ᠲᠠᠪᠠᠭ᠋ᠤ ᠠᠵᠢᠯ ᠢ ᠪᠦᠬᠦ ᠬᠦᠴᠦᠨ ᠢᠶᠠᠷ ᠢᠶᠠᠨ ᠪᠠᠶᠠᠯᠠᠬᠦᠯᠪᠠ᠃ ᠬᠦᠨᠳᠦ ᠶᠡᠭᠡ ᠲᠦᠭᠰᠢᠭᠦᠷᠢ ᠶᠢ | ᠪᠦᠲᠦᠮᠵᠢᠲᠡᠶ ᠨᠠᠮᠳᠠᠭᠠᠪᠠ᠃ ᠪᠥᠬᠦ ᠵᠢᠯ ᠳᠤ᠂ 1.78 ᠳ᠋ᠦᠩᠰᠢᠭᠤᠷ ᠲᠥᠭᠦᠷᠢᠭ ᠤᠨ ᠳᠠᠯᠳᠠ ᠴᠢᠨᠡᠷᠳᠡᠢ ᠦᠷᠢ | ᠥᠭᠴᠡᠭᠡ ᠶᠢ ᠴᠠᠶᠢᠷᠠᠭᠤᠯᠵᠤ᠂ ᠳᠡᠭᠡᠳᠦ ᠱᠠᠲᠤᠨ ᠠᠴᠠ ᠪᠠᠭᠤᠯᠭᠠᠭᠰᠠᠨ ᠬᠠᠷᠠᠯᠲᠠᠲᠤ ᠡᠭᠦᠷᠭᠡ ᠪᠠᠨ 112% ᠢᠶᠠᠷ | ᠪᠡᠶᠡᠯᠡᠭᠦᠯᠪᠡ᠂ ᠡᠭᠦᠨ ᠳᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 1.59 ᠳ᠋ᠦᠩᠰᠢᠭᠤᠷ ᠲᠥᠭᠦᠷᠢᠭ ᠤᠨ | ᠥᠷᠢ ᠥᠭᠴᠡᠭᠡ ᠶᠢ ᠴᠠᠶᠢᠷᠠᠭᠤᠯᠪᠠ᠃ ᠵᠠᠰᠠᠭ ᠤᠨ ᠣᠷᠳᠣᠨ ᠠᠴᠠ 1.67 ᠳ᠋ᠦᠩᠰᠢᠭᠤᠷ ᠲᠥᠭᠦᠷᠢᠭ ᠤᠨ ᠡᠩ ᠤᠨ | ᠵᠢᠭᠡᠯᠡᠯᠭᠡ ᠶᠢᠨ ᠲᠡᠮᠳᠡᠭᠲᠦ᠂ 2000 ᠲᠦᠮᠡᠨ ᠲᠥᠭᠦᠷᠢᠭ ᠤᠨ ᠲᠤᠰᠬᠠᠶ ᠲᠦᠷᠤᠯ ᠤᠨ ᠵᠢᠭᠡᠯᠡᠯᠭᠡ ᠶᠢᠨ ᠲᠡᠮᠳᠡᠭᠲᠦ᠂ | 9750 ᠲᠦᠮᠡᠨ ᠲᠥᠭᠦᠷᠢᠭ ᠤᠨ ᠣᠨᠴᠠᠭᠠᠶ ᠤᠯᠤᠰ ᠤᠨ ᠵᠢᠭᠡᠯᠡᠯᠭᠡ ᠶᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠪᠠ᠃ | ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠥᠢᠯ ᠢ ᠬᠢᠨᠠᠨ ᠪᠤᠳᠤᠵᠤ ᠬᠢᠨᠠᠯᠲᠠ ᠲᠠᠯᠪᠢᠬᠤ ᠶᠢ | ᠲᠠᠰᠤᠷᠠᠯᠲᠠ ᠥᠬᠡᠶ ᠴᠢᠩᠭᠠᠳᠬᠠᠵᠤ᠂ ᠪᠥᠬᠦ ᠵᠢᠯ ᠳᠤ 60 ᠲᠥᠷᠥᠯ ᠵᠥᠢᠯ ᠤᠨ ᠬᠢᠨᠡᠨ ᠪᠤᠳᠤᠯᠳᠠ ᠶᠢ ᠪᠡᠶᠡᠯᠡᠭᠦᠯᠵᠦ | ᠂ ᠢᠡᠵᠧᠨᠧᠷᠢᠩ ᠤᠨ ᠦᠷᠳᠡᠭ ᠢ 2790 ᠲᠦᠮᠡᠨ ᠲᠥᠭᠦᠷᠢᠭ ᠤᠨ ᠬᠠᠷᠭᠤᠭᠤᠯᠤᠨ ᠪᠠᠭᠤᠷᠠᠭᠤᠯᠪᠠ᠃ | ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ | ᠲᠤᠰᠬᠠᠢ ᠲᠦᠷᠤᠯ ᠢᠶᠠᠷ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠪᠡ᠃ ᠮᠠᠨᠢᠲᠤ ᠠᠭᠤᠷᠬᠠᠶ ᠶᠢᠨ | ᠲᠤᠭᠤᠷᠢᠭ ᠢ ᠴᠡᠭᠴᠡᠯᠡᠨ ᠵᠠᠰᠠᠬᠤ ᠠᠵᠢᠯ ᠤᠨ ᠡᠷᠴᠢᠮ ᠢ ᠴᠢᠩᠭᠠᠷᠠᠭᠤᠯᠤᠨ᠂ ᠨᠡᠭᠦᠷᠡᠰᠦᠨ ᠤ ᠠᠵᠤ ᠠᠬᠤᠶᠢᠯᠠᠯ ᠤᠨ | ᠭᠠᠶᠢᠯᠢ ᠶᠢᠨ ᠢᠷᠡᠯᠲᠡ ᠶᠢ ᠬᠠᠮᠢᠶᠠᠷᠤᠨ ᠡᠵᠡᠮᠳᠡᠬᠦ ᠠᠵᠢᠯ ᠢᠯᠡᠳᠲᠡ ᠦᠷ᠎ᠡ ᠪᠦᠲᠦᠮᠵᠢ ᠣᠯᠵᠤ᠂ ᠨᠡᠶᠢᠲᠡ 2.1 | ᠳ᠋ᠦᠩᠰᠢᠭᠤᠷ ᠲᠥᠭᠦᠷᠢᠭ ᠤᠨ ᠭᠠᠶᠢᠯᠢ ᠬᠤᠷᠢᠶᠠᠪᠠ᠃ ᠶᠠᠳᠠᠭᠤ ᠠᠴᠠ ᠠᠩᠭᠢᠵᠢᠷᠠᠭᠤᠯᠵᠤ ᠪᠤᠭᠤᠮᠳᠠ ᠰᠢᠪᠳᠤᠯᠬᠤ | ᠠᠵᠢᠯ ᠤᠨ ᠦᠷ᠎ᠡ ᠪᠦᠲᠦᠭᠡᠯ ᠲᠠᠰᠤᠷᠠᠯᠲᠠ ᠥᠬᠡᠶ ᠪᠠᠬᠢᠵᠢᠪᠡ᠃ 3279 ᠲᠦᠮᠡᠨ ᠲᠥᠭᠦᠷᠢᠭ ᠤᠨ ᠶᠠᠳᠠᠭᠤ ᠶᠢ | ᠲᠡᠳᠬᠦᠬᠦ ᠪᠠᠯᠠ ᠮᠥᠩᠭᠦ ᠣᠷᠣᠭᠤᠯᠤᠨ᠂ 45 ᠲᠥᠷᠥᠯ ᠵᠥᠢᠯ ᠢ ᠬᠡᠷᠡᠭᠵᠢᠭᠦᠯᠵᠦ᠂ ᠠᠪᠠᠭ᠎ᠠ ᠬᠤᠰᠢᠭᠤᠨ ᠤ ᠡᠳ᠋ | ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠪᠠᠶᠢᠭᠤᠯᠤᠨ᠂ ᠶᠠᠳᠠᠭᠤ ᠶᠢ | ᠲᠡᠳᠬᠦᠬᠦ ᠲᠣᠭᠲᠠᠮᠠᠯ ᠬᠥᠷᠥᠩᠭᠡ ᠪᠠ ᠠᠰᠢᠭ ᠣᠷᠣᠯᠭ᠎ᠠ ᠶᠢᠨ ᠪᠠᠯᠠ ᠮᠥᠩᠭᠦ ᠶᠢᠨ ᠬᠠᠮᠢᠶᠠᠷᠤᠯᠲᠠ ᠶᠢ ᠣᠯᠠᠮ ᠨᠢᠭᠡ | ᠠᠯᠬᠤᠮ ᠵᠢᠷᠤᠮᠵᠢᠭᠤᠯᠵᠤ᠂ ᠲᠥᠪ ᠤᠨ ᠲᠤᠰᠬᠠᠶ ᠲᠣᠭᠤᠷᠢᠨ ᠪᠠᠶᠢᠴᠠᠭᠠᠯᠲᠠ ᠶᠢᠨ ︽ᠡᠷᠬᠢᠨ ᠬᠠᠷᠠᠵᠤ︾ ᠬᠠᠷᠢᠭᠤ | ᠲᠤᠰᠬᠠᠭᠰᠠᠨ ᠰᠠᠨᠠᠯ ᠵᠢᠴᠢ ᠤᠯᠤᠰ ᠠᠴᠠ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ | ᠵᠠᠯᠠᠷᠠᠭᠤᠯᠪᠠ᠃ ᠪᠣᠬᠢᠷᠲᠤᠯ ᠢ ᠰᠡᠷᠭᠡᠶᠢᠯᠡᠨ ᠵᠠᠰᠠᠵᠤ ᠰᠢᠪᠳᠤᠯᠤᠯᠳᠠ ᠲᠠᠢ ᠪᠤᠯᠭᠠᠬᠤ ᠠᠵᠢᠯ ᠢ ᠭᠦᠨᠵᠡᠭᠡᠶᠢᠷᠡᠭᠦᠯᠦᠨ | ᠬᠥᠭᠵᠢᠭᠦᠯᠪᠡ᠃ ᠠᠭᠤᠯᠠ ᠠᠭᠤᠷᠬᠠᠶ ᠶᠢᠨ ᠤᠷᠤᠨ ᠤ ᠣᠷᠴᠢᠨ ᠲᠣᠭᠤᠷᠢᠨ ᠢ ᠰᠡᠷᠭᠦᠭᠡᠨ ᠵᠠᠰᠠᠬᠤ ᠠᠵᠢᠯ ᠢ | ᠭᠦᠨᠵᠡᠭᠡᠶ ᠳᠥᠯᠭᠢᠨ ᠠᠬᠢᠭᠤᠯᠵᠤ᠂ 2.45 ᠲᠡᠭᠰᠢ ᠳᠥᠷᠪᠡᠯᠵᠢᠨ ᠺᠢᠯᠣᠮᠧᠲᠷ ᠭᠠᠵᠡᠷ ᠤᠨ ᠵᠠᠳᠠᠭᠠᠶ ᠠᠭᠤᠷᠬᠠᠶ ᠪᠠ | ᠬᠠᠶᠠᠭᠳᠠᠮᠠᠯ ᠮᠠᠯᠳᠠᠭᠰᠡᠨ ᠨᠦᠬᠡ ᠶᠢ ᠪᠥᠭᠯᠡᠵᠦ ᠵᠠᠰᠠᠨ᠂ ᠮᠠᠨᠢᠲᠤ᠂ ᠴᠠᠭᠠᠨᠨᠠᠭᠤᠷ ᠤᠨ ᠠᠭᠤᠷᠬᠠᠶ ᠶᠢᠨ ᠲᠤᠭᠤᠷᠢᠭ ᠤᠨ | ᠴᠡᠭᠴᠡᠯᠡᠨ ᠵᠠᠰᠠᠯᠲᠠ ᠶᠢᠨ ᠠᠵᠢᠯ ᠲᠣᠪᠤᠶᠢᠮ᠎ᠠ ᠦᠷ᠎ᠠ ᠪᠦᠲᠦᠮᠵᠢ ᠣᠯᠵᠤ᠂ ᠪᠣᠬᠢᠷᠲᠤᠯ ᠥᠬᠡᠶ ᠠᠭᠤᠷᠬᠠᠶ ᠶᠢᠨ | ᠪᠠᠶᠢᠭᠤᠯᠤᠯᠲᠠ ᠶᠢ ᠭᠦᠨᠵᠡᠭᠡᠶ ᠳᠥᠯᠭᠢᠨ ᠠᠬᠢᠭᠤᠯᠵᠤ᠂ ᠶᠢᠨ ᠳ᠋ᠢ ᠠᠭᠤᠷᠬᠠᠶ ᠶᠢᠨ ᠦᠢᠯᠡᠰ᠂ ᠵᠢᠢ ᠳ᠋ᠦᠡᠭ ᠱᠦᠢᠨᠢ | ᠶᠢᠨ ᠦᠢᠯᠡᠰ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ | ᠵᠢᠭᠰᠠᠭᠠᠯᠲᠠ ᠳᠤ ᠣᠷᠣᠭᠤᠯᠪᠠ᠃ ᠣᠷᠴᠢᠨ ᠠᠬᠤᠶ ᠶᠢᠨ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠠᠵᠢᠯ ᠢ ᠬᠦᠴᠦᠲᠡᠶ ᠠᠳᠬᠤᠵᠤ᠂ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢ | ᠱᠠᠯᠠᠪᠳᠠᠭᠤᠯᠤᠨ ᠪᠠᠶᠢᠴᠠᠭᠠᠵᠤ ︽ᠡᠷᠭᠢᠵᠦ ᠬᠠᠷᠠᠬᠤ︾ ᠲᠠᠯ᠎ᠠ ᠨᠤᠲᠤᠭ ᠤᠨ ᠠᠮᠢ ᠠᠬᠤᠶ ᠶᠢᠨ ᠣᠷᠴᠢᠨ | ᠨᠥᠬᠦᠴᠡᠯ ᠤᠨ ᠠᠰᠠᠭᠤᠳᠠᠯ ᠤᠨ ᠲᠤᠰᠬᠠᠶ ᠲᠦᠷᠤᠯ ᠤᠨ ᠱᠠᠯᠠᠪᠳᠠᠨ ᠪᠠᠶᠢᠴᠠᠭᠠᠯᠲᠠ ᠵᠡᠷᠬᠡ ᠬᠠᠷᠢᠭᠤ ᠲᠤᠰᠬᠠᠭᠰᠠᠨ | ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠪᠠ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠪᠦᠬᠦ | ᠤᠯᠤᠰ ᠤᠨ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ | ᠬᠥᠮᠥᠷᠭᠡ ᠶᠢ ᠪᠠᠶᠢᠭᠤᠯᠤᠨ᠂ ᠪᠣᠳᠠᠲᠠᠶ ᠭᠠᠵᠠᠷ ᠲᠤᠨᠢ 1.6 ᠲᠦᠮᠡᠨ ᠵᠢᠷᠤᠭ ᠢ ᠬᠠᠷᠭᠤᠭᠤᠯᠤᠨ ᠪᠠᠶᠢᠴᠠᠭᠠᠵᠤ᠂ | ᠡᠯᠡᠰᠦᠷᠬᠡᠭ ᠭᠠᠵᠠᠷ ᠤᠨ ᠠᠷᠴᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠵᠠᠭᠠᠭ ᠱᠤᠭᠤᠮ ᠢ ᠬᠠᠶᠢᠨ | ᠲᠡᠮᠳᠡᠭᠯᠡᠬᠦ ᠠᠵᠢᠯ ᠢ ᠪᠡᠶᠡᠯᠡᠭᠦᠯᠵᠦ᠂ ᠴᠢᠳᠠᠮᠵᠢᠳᠤ ᠣᠷᠣᠨ ᠤ ᠳᠤᠬᠢᠷᠠᠭᠤᠯᠤᠯᠳᠠ ᠨᠢ ᠤᠯᠤᠰ ᠤᠨ ᠤᠢ ᠰᠢᠭᠤᠶ ᠲᠠᠯ᠎ᠠ | ᠨᠤᠳᠤᠭ ᠤᠨ ᠬᠠᠮᠢᠶᠠᠷᠤᠯᠳᠠ ᠶᠢᠨ ᠲᠤᠪᠴᠢᠶᠠᠨ ᠤ ᠲᠤᠰᠬᠠᠶ ᠮᠡᠷᠭᠡᠵᠢᠯᠲᠡᠨ ᠤ ᠲᠤᠭᠤᠶᠢᠯᠠᠩ ᠤᠨ ᠬᠢᠨᠠᠨ | ᠪᠠᠶᠢᠴᠠᠭᠠᠯᠳᠠ ᠳᠤ ᠬᠢᠷᠢ ᠲᠠᠩᠴᠡᠪᠡ᠃ ᠲᠠᠯ᠎ᠠ ᠨᠤᠲᠤᠭ ᠤᠨ ᠠᠮᠢ ᠠᠬᠤᠶ ᠶᠢ ᠦᠷᠭᠦᠯᠵᠢᠯᠡᠨ ᠰᠠᠶᠢᠵᠢᠷᠠᠭᠤᠯᠵᠤ᠂ | ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ᠂ ᠲᠠᠴᠢᠷᠰᠢᠭᠰᠡᠨ ᠨᠤᠲᠤᠭ ᠪᠡᠯᠴᠢᠭᠡᠷ ᠢ ᠵᠠᠰᠠᠨ ᠰᠡᠷᠭᠦᠭᠡᠬᠦ | ᠢᠨᠵᠧᠨᠧᠷᠢᠩ ᠢ ᠬᠡᠷᠡᠭᠵᠢᠭᠦᠯᠤᠨ᠂ 16 ᠲᠦᠮᠡᠨ ᠮᠤ᠋ ᠠᠮᠢ ᠠᠬᠤᠶ ᠶᠢ ᠵᠠᠰᠠᠨ ᠰᠡᠷᠬᠦᠬᠡᠵᠤ᠂ 3.1 ᠲᠦᠮᠡᠨ ᠮᠤ᠋ ᠶᠢ | ᠣᠶᠢᠵᠢᠭᠤᠯᠤᠨ᠂ 500 ᠲᠦᠮᠡᠨ ᠮᠤ᠋ ᠳᠤ ᠬᠤᠯᠤᠭᠠᠨ᠎ᠠ ᠬᠤᠷᠣᠬᠠᠶ ᠶᠢᠨ ᠬᠥᠨᠥᠭᠡᠯ ᠢ ᠠᠷᠢᠯᠭᠠᠪᠠ᠃ ᠨᠠᠶᠢᠳᠠ 2.8 | ᠳ᠋ᠦᠩᠰᠢᠭᠤᠷ ᠲᠦᠬᠦᠷᠢᠭ ᠤᠨ ᠲᠠᠯ᠎ᠠ ᠨᠤᠳᠤᠭ ᠤᠨ ᠠᠮᠢ ᠠᠬᠤᠶ ᠶᠢᠨ ᠱᠠᠩᠨᠠᠯ ᠨᠥᠬᠦᠪᠥᠷᠢ᠂ ᠬᠠᠪᠤᠷ ᠤᠨ | ᠤᠯᠠᠷᠢᠯ ᠤᠨ ᠰᠠᠯᠬᠦᠨ ᠮᠠᠯᠵᠢᠬᠤ ᠨᠦᠬᠦᠪᠤᠷᠢ᠂ ᠨᠡᠶᠢᠲᠡ ᠶᠢᠨ ᠠᠰᠢᠭᠳᠤ ᠣᠶ ᠶᠢᠨ ᠨᠦᠬᠦᠪᠤᠷᠢ ᠶᠢ ᠲᠠᠷᠬᠠᠭᠠᠵᠤ᠂ | ᠤᠷᠭᠤᠮᠠᠯ ᠤᠨ ᠤᠷᠭᠤᠴᠠ᠂ ᠪᠦᠷᠬᠦᠴᠠ ᠡᠪᠡᠰᠤᠨ ᠤ ᠭᠠᠷᠤᠯᠳᠠ ᠶᠢᠨ ᠬᠡᠮᠵᠢᠶ᠎ᠠ ᠨᠢ ᠲᠤᠰ ᠲᠤᠰ ᠨᠢ 5.8 | ᠰᠠᠡᠲ᠋ᠢᠮᠧᠲᠷ᠂ 16.6 ᠵᠠᠭᠤᠨ ᠤ ᠬᠤᠪᠢ᠂ ᠮᠤ᠋ ᠪᠦᠷᠢ ᠳᠤ 33.4 ᠺᠢᠯᠦᠭᠷᠡᠮ ᠨᠡᠮᠡᠭᠳᠡᠪᠡ᠃ ᠭᠤᠣᠯ ᠨᠠᠭᠤᠷ ᠤᠨ | ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠰᠠᠪᠠ ᠭᠠᠵᠠᠷ ᠤᠨ ᠤᠰᠤᠨ ᠤ ᠠᠮᠢ ᠠᠬᠤᠢ᠂ | ᠭᠠᠵᠠᠷ ᠳᠣᠣᠷᠠᠬᠢ ᠤᠰᠤᠨ ᠤ ᠠᠮᠢ ᠠᠬᠤᠢ᠂ ᠴᠠᠭᠠᠨ ᠤᠰᠤᠨ ᠴᠥᠭᠦᠷᠥᠮ ᠤᠨ ᠠᠮᠢ ᠠᠬᠤᠢ ᠶᠢᠨ ᠬᠠᠮᠠᠭᠠᠯᠠᠯᠲᠠ | ᠵᠠᠰᠠᠯᠲᠠ ᠶᠢᠨ ᠲᠥᠯᠥᠪᠵᠢᠭᠦᠯᠭᠡ ᠶᠢ ᠡᠬᠢᠯᠡᠨ ᠨᠠᠶᠢᠷᠠᠭᠤᠯᠵᠤ᠂ ᠭᠠᠩᠭᠠᠡᠰᠢᠯᠢ ᠲᠦᠷᠦᠭᠦᠦ ᠪᠦᠯᠦᠭ ᠤᠯᠤᠰ ᠤᠨ ᠲᠠᠯ᠎ᠠ | ᠨᠤᠲᠤᠭ ᠤᠨ ᠪᠠᠶᠢᠭᠠᠯᠢ ᠶᠢᠨ ᠴᠡᠴᠡᠷᠯᠢᠭ ᠤᠨ ᠲᠤᠷᠰᠢᠯᠲᠠ ᠶᠢᠨ ᠴᠡᠭ ᠢᠶᠠᠷ ᠵᠢᠭᠰᠠᠭᠠᠭᠳᠠᠪᠠ᠃ | ︵ᠳᠥᠷᠪᠡ︶ ᠠᠵᠤ ᠦᠢᠯᠡᠰ ᠤᠨ ᠪᠦᠲᠦᠴᠡ ᠶᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠪᠠ᠃ | ᠣᠳᠣᠬᠢᠴᠢᠯᠠᠭᠰᠠᠨ ᠮᠠᠯ ᠠᠵᠤ ᠠᠬᠤᠢ ᠶᠢ ᠴᠢᠨᠠᠷ ᠰᠠᠶᠢᠲᠠᠢ ᠬᠥᠭᠵᠢᠭᠦᠯᠪᠠ᠃ ᠮᠠᠯᠵᠢᠬᠤ ᠣᠷᠣᠨ ᠤ | ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠤᠨ | ᠂ ᠠᠮᠢ ᠠᠬᠤᠶ ᠶᠢ ᠰᠡᠷᠭᠦᠭᠡᠬᠦ᠂ ᠠᠵᠤ ᠦᠢᠯᠡᠰ ᠢ ᠬᠥᠭᠵᠢᠭᠦᠯᠬᠦ ᠪᠠ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠵᠡᠷᠭᠡ ᠲᠤᠷᠰᠢᠯᠲᠠ ᠶᠢᠨ ᠴᠡᠭ ᠤᠨ 59 ᠲᠥᠷᠥᠯ ᠵᠦᠢᠯ ᠢ ᠡᠬᠢᠯᠡᠨ ᠬᠡᠷᠡᠭᠵᠢᠭᠦᠯᠵᠤ᠂ 2.6 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠮᠠᠯ ᠡᠮᠨᠡᠯᠭᠡ ᠮᠠᠯ ᠤᠨ ᠡᠮ ᠤᠨ | ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪ᠂ ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠬᠤ ᠲᠡᠵᠢᠭᠡᠯ ᠡᠪᠡᠰᠦ | ᠪᠣᠷᠳᠤᠭ᠎ᠠ ᠶᠢ ᠨᠥᠭᠡᠴᠡᠯᠡᠬᠦ ᠰᠠᠭᠤᠷᠢᠨ ᠭᠠᠵᠠᠷ᠂ ᠮᠠᠯᠴᠢᠳ ᠤᠨ ᠲᠤᠷᠡᠰᠤᠮᠵᠢ ᠴᠠᠭᠠᠨ ᠢᠳᠡᠭᠡᠨ ᠤ ᠪᠦᠳᠤᠬᠡᠭᠳᠡᠬᠦᠨ᠂ | ᠶᠤᠸᠠᠨ ᠱᠠᠩ ᠦᠬᠡᠷ ᠤᠨ ᠦᠢᠯᠡᠰ ᠤᠨ ᠪᠤᠷᠳᠤᠨ ᠲᠠᠷᠭᠤᠯᠠᠭᠤᠯᠵᠤ ᠨᠠᠶᠢᠳᠠᠨ ᠲᠡᠵᠢᠭᠡᠯᠭᠡᠬᠦ ᠰᠠᠭᠤᠷᠢᠨ ᠭᠠᠵᠠᠷ᠂ ᠰᠤ᠋ | ᠨᠢᠤ ᠦᠢᠯᠡᠰ ᠮᠢᠬᠠᠨ ᠤ ᠦᠬᠡᠷ ᠢ ᠨᠠᠶᠢᠳᠠᠨ ᠬᠠᠮᠢᠶᠠᠷᠤᠭᠤᠯᠬᠤ ᠭᠠᠵᠠᠷ᠂ ᠡᠷᠳᠡᠮᠳᠡᠬᠦᠰ ᠤᠨ ᠤᠳᠤᠬᠢᠴᠢᠯᠠᠭᠰᠡᠨ ᠭᠡᠷ | ᠪᠦᠯᠢ ᠶᠢᠨ ᠮᠠᠯᠵᠢᠯ ᠤᠨ ᠲᠠᠯᠠᠪᠠᠢ ᠵᠡᠷᠭᠡ ᠨᠢᠭᠡ ᠪᠦᠯᠦᠭ ᠵᠢᠱᠢᠶ᠎ᠠ ᠦᠵᠡᠭᠦᠯᠦᠨ ᠳᠠᠶᠢᠴᠢᠯᠠᠬᠤ ᠴᠡᠭ ᠢ ᠵᠠᠯᠭᠠᠪᠠᠷ | ᠪᠠᠶᠢᠭᠤᠯᠵᠤ ᠠᠰᠢᠭᠯᠠᠯᠲᠠ ᠳᠤ ᠣᠷᠣᠭᠤᠯᠤᠨ᠂ ᠪᠥᠬᠦ ᠣᠷᠣᠨ᠂ ᠪᠥᠬᠦ ᠠᠶᠢᠮᠠᠭ ᠤᠨ ᠮᠠᠯᠵᠢᠬᠤ ᠣᠷᠣᠨ ᠤ | ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠠᠬᠤᠢ | ᠲᠠᠯᠠᠪᠠᠶ ᠶᠢᠨ ᠦᠵᠡᠭᠦᠯᠦᠯᠭᠡ ᠶᠢᠨ ᠬᠤᠷᠠᠯ ᠢ ᠠᠮᠵᠢᠯᠲᠠ ᠲᠠᠢ ᠬᠤᠷᠠᠯᠳᠤᠭᠤᠯᠤᠨ᠂ ᠤᠳᠤᠬᠢᠴᠢᠯᠠᠭᠰᠡᠨ ᠬᠡᠷ | ᠪᠦᠯᠢ ᠶᠢᠨ ᠮᠠᠯᠵᠢᠯ ᠤᠨ ᠲᠠᠯᠠᠪᠠᠶ᠂ ᠬᠠᠳᠤᠯᠠᠩ ᠪᠡᠯᠴᠢᠭᠡᠷ ᠢᠶᠠᠨ ᠨᠡᠶᠢᠯᠡᠭᠦᠯᠬᠦ᠂ ᠮᠠᠯ ᠢᠶᠠᠨ ᠨᠠᠶᠢᠳᠠᠨ ᠬᠠᠮᠢᠶᠠᠷᠤᠭᠤᠯᠬᠤ | ᠂ ᠡᠪᠡᠰᠦ ᠪᠣᠷᠳᠤᠭ᠎ᠠ ᠨᠥᠭᠡᠴᠡᠯᠡᠬᠦ᠂ ᠨᠡᠶᠢᠭᠡᠮᠴᠢᠯᠡᠭᠰᠡᠨ ᠦᠢᠯᠡᠴᠢᠯᠡᠬᠡᠨ ᠤ ᠲᠤᠭᠳᠠᠯᠴᠠᠭ᠎ᠠ ᠶᠢᠨ ᠪᠠᠶᠢᠭᠤᠯᠤᠯᠲᠠ ᠶᠢᠨ | ᠲᠠᠯ᠎ᠠ ᠪᠠᠷ ᠬᠢ ᠠᠮᠵᠢᠯᠲᠠ ᠲᠠᠢ ᠲᠤᠷᠰᠢᠯᠭ᠎ᠠ ᠶᠢ ᠬᠠᠶᠢᠨ ᠰᠦᠪᠡᠭᠴᠢᠯᠡᠵᠦ᠂ ᠥᠪᠡᠷᠲᠡᠭᠡᠨ ᠵᠠᠰᠠᠬᠤ ᠣᠷᠣᠨ ᠤ ᠰᠠᠶᠢᠨ | ᠨᠤᠲᠠᠯᠠᠯᠲᠠ ᠶᠢ ᠤᠯᠪᠠ᠃ ︽ᠬᠤᠨᠢ ᠶᠢ ᠴᠥᠭᠡᠳᠬᠡᠨ ᠦᠬᠡᠷ ᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠯ ᠠᠵᠤ ᠠᠬᠤᠶ ᠶᠢᠨ ᠮᠠᠯᠵᠢᠯ ᠤᠨ ᠣᠨ ᠤ ᠮᠠᠯ ᠤᠨ ᠲᠤᠭ᠎ᠠ 177 ᠲᠦᠮᠡᠨ | ᠲᠣᠯᠣᠭᠠᠶ ᠪᠠᠶᠢᠵᠤ᠂ 9.3 ᠲᠦᠮᠡᠨ ᠲᠤᠯᠤᠭᠠᠢ ᠬᠤᠨᠢ ᠶᠢ ᠴᠥᠭᠡᠳᠬᠡᠨ᠂ 1.8 ᠲᠦᠮᠡᠨ ᠲᠤᠯᠤᠭᠠᠢ ᠦᠬᠡᠷ | ᠨᠡᠮᠡᠭᠳᠡᠭᠦᠯᠵᠦ᠂ ᠪᠥᠬᠦ ᠵᠢᠯ ᠳᠤ 3616 ᠰᠢᠯᠢᠳᠡᠭ ᠡᠭᠦᠯᠳᠡᠷ ᠤᠨ ᠮᠢᠬᠠᠨ ᠤ ᠦᠬᠡᠷ ᠣᠷᠣᠭᠤᠯᠤᠨ᠂ ᠠᠶᠢᠮᠠᠭ ᠤᠨ | ᠲᠠᠰ ᠤᠨ ᠮᠢᠬᠠᠨ ᠤ ᠦᠬᠡᠷ ᠤᠨ ᠭᠤᠤᠯᠳᠠᠯᠭ᠎ᠠ ᠲᠠᠢ ᠰᠦᠷᠦᠭ 7 ᠶᠢ ᠪᠠᠶᠢᠭᠤᠯᠤᠨ᠂ 1000 ᠲᠣᠯᠣᠭᠠᠶ ᠠᠴᠠ | ᠲᠡᠬᠡᠭᠰᠢ ᠪᠣᠷᠳᠣᠵᠤ ᠲᠠᠷᠭᠤᠯᠠᠭᠤᠯᠬᠤ ᠰᠠᠭᠤᠷᠢᠨ ᠭᠠᠵᠠᠷ 1 ᠶᠢ ᠪᠠᠶᠢᠭᠤᠯᠵᠤ᠂ 100 ᠲᠣᠯᠣᠭᠠᠶ ᠠᠴᠠ ᠲᠡᠬᠡᠭᠰᠢ | ᠪᠣᠷᠳᠣᠵᠤ ᠲᠠᠷᠭᠤᠯᠠᠭᠤᠯᠬᠤ ᠲᠠᠯᠠᠪᠠᠶ 6᠂ ᠮᠢᠬᠠᠨ ᠤ ᠦᠬᠡᠷ ᠢ ᠨᠠᠶᠢᠳᠠᠨ ᠬᠠᠮᠢᠶᠠᠷᠤᠭᠤᠯᠵᠤ ᠣᠷᠣᠯᠠᠨ ᠲᠡᠵᠢᠭᠡᠬᠦ | ᠰᠠᠭᠤᠷᠢᠨ ᠭᠠᠵᠠᠷ 3 ᠶᠢ ᠪᠠᠶᠢᠭᠤᠯᠪᠠ᠃ ᠪᠠᠶᠠᠨ ᠲᠠᠩᠰᠤᠭ ᠰᠢᠯᠢᠳᠡᠭ ᠡᠭᠦᠯᠳᠡᠷ ᠤᠨ ᠮᠢᠬᠠᠨ ᠤ ᠦᠬᠡᠷ | ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ᠂ ᠷᠦᠨ ᠨᠢᠤ ᠮᠠᠯ ᠠᠵᠤ ᠠᠬᠤᠶ ᠶᠢᠨ ᠰᠢᠨᠵᠢᠯᠡᠬᠦ ᠮᠡᠷᠭᠡᠵᠢᠯ ᠤᠨ | ᠰᠠᠭᠤᠷᠢᠨ ᠭᠠᠵᠠᠷ᠂ ᠢᠴᠡᠬᠡᠯ ᠦᠷ᠎ᠠ ᠶᠢᠨ ᠬᠡᠬᠡᠯᠳᠤᠬᠦᠯᠬᠡ ᠶᠢᠨ ᠬᠤᠷᠰᠢᠶᠠᠵᠢᠯ ᠢ ᠪᠠᠶᠢᠭᠤᠯᠤᠨ ᠠᠰᠢᠭᠯᠠᠯᠲᠠ ᠳᠤ | ᠣᠷᠣᠭᠤᠯᠵᠤ᠂ ᠲᠠᠩᠰᠤᠭ ᠬᠤᠴᠠ ᠮᠠᠯᠵᠢᠬᠤ ᠲᠠᠯᠠᠪᠠᠢ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠮᠣᠩᠭᠤᠯ | ᠬᠤᠨᠢᠨ ᠤ ᠡᠭᠦᠯᠳᠡᠷ ᠬᠠᠮᠠᠭᠠᠯᠠᠬᠤ ᠲᠠᠯᠠᠪᠠᠶ ᠶᠢᠨ ᠭᠡᠷᠡᠴᠢᠯᠡᠯᠲᠡ ᠶᠢ ᠤᠯᠵᠤ᠂ 1.1 ᠲᠦᠮᠡᠨ ᠪᠡᠯᠡᠳᠬᠡᠯ ᠬᠤᠷᠠᠭᠠᠨ | ᠬᠤᠴᠠ ᠰᠤᠩᠭᠤᠨ ᠦᠯᠡᠳᠡᠬᠡᠵᠤ᠂ ᠮᠢᠬᠠᠨ ᠤ ᠬᠤᠨᠢᠨ ᠤ ᠭᠤᠤᠯᠳᠠᠯᠭᠠᠳᠤ ᠰᠦᠷᠦᠭ 130 ᠶᠢ ᠲᠣᠭᠲᠠᠭᠠᠵᠤ᠂ | 733 ᠲᠦᠮᠡᠨ ᠲᠥᠭᠦᠷᠢᠭ ᠤᠨ ᠡᠬᠦᠯᠳᠡᠷ ᠰᠠᠶᠢᠵᠢᠷᠠᠭᠤᠯᠤᠭᠰᠡᠨ ᠨᠥᠬᠦᠪᠥᠷᠢ ᠣᠯᠭᠤᠪᠠ᠃ ᠬᠠᠷ᠎ᠠ ᠠᠳᠤᠭᠤᠨ ᠤ | ᠡᠭᠦᠯᠳᠡᠷ ᠤᠨ ᠬᠠᠮᠠᠭᠠᠯᠠᠯᠲᠠ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ 595 ᠬᠠᠷ᠎ᠠ ᠠᠳᠤᠭᠤᠨ ᠤ | ᠲᠠᠩᠰᠠ ᠡᠪᠬᠡᠮᠡᠯ ᠢ ᠪᠠᠶᠢᠭᠤᠯᠤᠨ᠂ 56 ᠲᠦᠮᠡᠨ ᠲᠥᠭᠦᠷᠢᠭ ᠤᠨ ᠨᠥᠬᠦᠪᠥᠷᠢ ᠶᠢ ᠲᠠᠷᠬᠠᠭᠠᠪᠠ᠃ ᠰᠦᠨ ᠤ | ᠦᠢᠯᠡᠰ ᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠦᠨᠳᠦᠰᠦᠲᠡᠨ ᠤ ᠤᠯᠠᠮᠵᠢᠯᠠᠯᠲᠤ | ᠴᠠᠭᠠᠨ ᠢᠳᠡᠭᠡᠨ ᠢ ᠰᠢᠯᠭᠠᠨ ᠬᠡᠮᠵᠢᠬᠦ ᠲᠥᠪ ᠢ ᠪᠠᠶᠢᠭᠤᠯᠤᠨ ᠠᠰᠢᠭᠯᠠᠯᠳᠠ ᠳᠤ ᠣᠷᠣᠭᠤᠯᠤᠨ᠂ ᠪᠠᠷᠢᠮᠵᠢᠶᠠᠵᠢᠭᠰᠠᠨ | ᠤᠯᠠᠮᠵᠢᠯᠠᠯᠲᠤ ᠴᠠᠭᠠᠨ ᠢᠳᠡᠭᠡ ᠡᠳ᠋ᠰᠢᠭᠦᠯᠬᠦ 66 ᠡᠷᠦᠬᠡ᠂ ᠰᠠᠭᠠᠯᠢ ᠶᠢᠨ ᠦᠨᠢᠶᠡᠨ ᠤ ᠳᠤᠮᠳᠠ ᠵᠢᠵᠢᠭ ᠲᠡᠵᠢᠭᠡᠨ | ᠦᠷᠡᠵᠢᠭᠦᠯᠬᠦ ᠲᠠᠯᠠᠪᠠᠶ 16 ᠡᠷᠦᠬᠡ ᠶᠢ ᠪᠤᠶᠢᠵᠢᠭᠤᠯᠤᠨ᠂ ᠴᠡᠭᠡ ᠡᠳ᠋ᠰᠢᠭᠦᠯᠬᠦ ᠬᠤᠷᠰᠢᠶᠠᠵᠢᠯ 2 ᠢ ᠪᠠᠶᠢᠭᠤᠯᠵᠤ᠂ | ᠪᠥᠬᠦ ᠵᠢᠯ ᠳᠤ 200 ᠲᠣᠨ ᠴᠡᠭᠡ᠂ 46 ᠲᠤᠨ ᠴᠡᠭᠡ ᠶᠢᠨ ᠲᠠᠯᠬ᠎ᠠ ᠪᠣᠷᠣᠯᠠᠭᠤᠯᠪᠠ᠃ ᠰᠢᠨ᠎ᠡ ᠬᠡᠯᠪᠡᠷᠢ ᠶᠢᠨ | ᠡᠵᠡᠩᠨᠡᠯᠲᠡ ᠶᠢᠨ ᠭᠤᠤᠯ ᠴᠣᠭᠴᠠ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠵᠢᠷᠤᠮᠵᠢᠭᠤᠯᠤᠨ᠂ ᠰᠢᠨ᠎ᠡ ᠪᠠᠷ | ᠲᠤᠰᠬᠠᠶᠢᠵᠢᠭᠰᠡᠨ ᠬᠤᠷᠰᠢᠶᠠᠵᠢᠯ 9 ᠶᠢ ᠪᠠᠶᠢᠭᠤᠯᠵᠤ᠂ 35 ᠬᠡᠷ ᠪᠦᠯᠢ ᠶᠢᠨ ᠮᠠᠯᠵᠢᠯ ᠤᠨ ᠲᠠᠯᠠᠪᠠᠶ ᠶᠢ ᠲᠤᠭᠳᠠᠭᠠᠪᠠ | ᠃ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠲᠣᠭᠲᠠᠭᠤᠨ ᠢᠶᠠᠷ ᠠᠬᠢᠭᠤᠯᠵᠤ | ᠂ ᠨᠠᠷᠠᠲᠤ ᠲᠡᠮᠳᠡᠭ ᠤᠨ ᠪᠠᠶᠢᠭᠤᠯᠤᠯᠲᠠ ᠶᠢ ᠠᠬᠢᠭᠤᠯᠵᠤ᠂ ᠠᠪᠠᠭ᠎ᠠ ᠤᠷᠢᠶᠠᠩᠬᠠᠢ ᠬᠤᠨᠢ᠂ ᠠᠪᠠᠭ᠎ᠠ ᠤᠷᠢᠶᠠᠩᠬᠠᠢ | ᠬᠤᠨᠢᠨ ᠮᠢᠬ᠎ᠠ᠂ ᠠᠪᠠᠭ᠎ᠠ ᠴᠡᠭᠡ᠂ ᠠᠪᠠᠭ᠎ᠠ ᠬᠠᠷ᠎ᠠ ᠠᠳᠤᠭᠤ᠂ ᠠᠪᠠᠭ᠎ᠠ ᠴᠤᠭᠤᠷ ᠵᠡᠷᠭᠡ ᠨᠢ ᠤᠯᠤᠰ ᠤᠨ ᠠᠮᠢ | ᠠᠬᠤᠶ ᠶᠢᠨ ᠣᠷᠣᠨ ᠨᠤᠳᠤᠭ ᠤᠨ ᠪᠦᠲᠦᠭᠡᠭᠳᠡᠬᠦᠨ ᠤ ᠬᠠᠮᠠᠭᠠᠯᠠᠯᠲᠠ ᠶᠢᠨ ᠦᠨᠡᠯᠡᠯᠲᠡ ᠳᠤ ᠬᠢᠷᠢ ᠲᠡᠩᠴᠡᠭᠰᠡᠨ | ᠦᠨᠡᠮᠯᠡᠯ ᠢ ᠣᠯᠵᠤ᠂ ᠠᠪᠠᠭ᠎ᠠ ᠬᠠᠷ᠎ᠠ ᠠᠳᠤᠭᠤ ᠨᠢ ᠤᠯᠤᠰ ᠤᠨ ᠲᠠᠰ ᠤᠨ ᠮᠣᠩᠭᠤᠯ ᠠᠳᠤᠭᠤᠨ ᠤ | ᠬᠠᠮᠠᠭᠠᠯᠠᠯᠲᠠ ᠶᠢᠨ ᠲᠦᠷᠦᠯ ᠢᠶᠠᠷ ᠦᠨᠡᠯᠡᠨ ᠲᠤᠭᠳᠠᠭᠠᠭᠳᠠᠪᠠ᠃ ᠤᠷᠢᠶᠠᠩᠬᠠᠢ ᠬᠤᠨᠢᠨ ᠮᠢᠬᠠᠨ ᠤ ᠪᠦᠳᠤᠬᠡᠭᠳᠡᠬᠦᠨ ᠢ | 2020 ᠣᠨ ᠤ ︽ᠨᠢᠭᠡ ᠭᠠᠵᠡᠷ ᠨᠢᠭᠡ ᠪᠦᠳᠦᠭᠡᠭᠳᠡᠭᠦᠨ︾ ᠤ ᠣᠯᠠᠨ ᠤᠯᠤᠰ ᠤᠨ ᠲᠠᠸᠠᠷ ᠤᠨ ᠦᠵᠡᠰᠬᠦᠯᠡᠩ ᠳᠤ | ᠲᠡᠯᠬᠡᠨ ᠦᠵᠡᠬᠦᠯᠪᠡ᠃ ᠠᠵᠤ ᠦᠢᠯᠡᠳᠪᠦᠷᠢ ᠶᠢᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠡᠰ | ᠲᠠᠪᠰᠢᠬᠦᠯᠬᠦ ᠠᠵᠢᠯ ᠨᠢ ᠵᠠᠩᠭᠢᠯᠠᠭ᠎ᠠ ᠶᠢᠨ ᠴᠢᠨᠠᠷᠳᠡᠢ ᠲᠠᠪᠰᠢᠯᠳᠠ ᠲᠠᠢ ᠪᠤᠯᠪᠠ᠃ ᠠᠷᠢᠭᠤᠨ ᠴᠡᠪᠡᠷ ᠡᠨᠧᠷᠭᠢ ᠶᠢᠨ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠴᠢᠬᠤᠯᠠ ᠶᠡᠭᠡ ᠰᠢᠪᠲᠤᠯᠤᠯᠲᠠ ᠲᠠᠢ ᠪᠣᠯᠵᠤ᠂ ᠵᠢᠩ ᠨᠸᠡᠭ | ᠴᠠᠭᠠᠡᠨᠠᠭᠤᠷ ᠤᠨ 2 × 66 ᠲᠦᠮᠡᠨ ᠺᠢᠯᠣᠸᠠᠲ ᠤᠨ ᠴᠠᠬᠢᠯᠭᠠᠨ ᠦᠢᠯᠡᠳᠪᠦᠷᠢ ᠶᠢᠨ ᠰᠠᠭᠤᠷᠢ ᠲᠠᠯᠪᠢᠬᠤ ᠠᠵᠢᠯ ᠢ | ᠪᠠᠶᠠᠯᠠᠬᠦᠯᠤᠨ᠂ ᠹᠸᠡᠭ ᠹᠸᠡᠭ ᠨᠡᠭᠦᠷᠡᠰᠦᠨ ᠠᠭᠤᠷᠬᠠᠶ ᠨᠢ ᠠᠭᠤᠷᠬᠠᠢ ᠶᠢᠨ ᠬᠡᠪᠴᠢᠶ᠎ᠠ ᠶᠢ ᠲᠤᠭᠳᠠᠭᠠᠬᠤ ᠵᠦᠪᠰᠢᠶᠠᠷᠡᠯ | ᠢᠶᠠᠨ ᠣᠯᠵᠤ᠂ ᠳ᠋ᠠ ᠠᠨ ᠨᠡᠭᠦᠷᠡᠰᠦᠨ ᠠᠭᠤᠷᠬᠠᠶ ᠨᠢ ᠠᠭᠤᠷᠬᠠᠶ ᠨᠡᠬᠡᠬᠡᠬᠦ ᠦᠨᠡᠮᠯᠡᠯ ᠢᠶᠠᠨ ᠨᠦᠬᠦᠪᠤᠷᠢᠯᠡᠬᠦ ᠠᠵᠢᠯ | ᠢᠶᠠᠨ ᠪᠠᠶᠠᠯᠠᠬᠦᠯᠪᠠ᠃ 130 ᠲᠦᠮᠡᠨ ᠺᠢᠯᠣᠸᠠᠲ ᠤᠨ ᠣᠨᠴᠠ ᠥᠨᠳᠥᠷ ᠬᠦᠴᠦᠳᠡᠯᠲᠦ ᠰᠠᠯᠬᠢᠨ ᠴᠠᠬᠢᠯᠭᠠᠨ ᠤ | ᠲᠥᠷᠥᠯ ᠵᠥᠢᠯ ᠢ 500 ᠺᠢᠯᠤᠸᠤᠯᠲ ᠤᠨ ᠴᠠᠬᠢᠯᠭᠠᠨ ᠬᠦᠷᠭᠡᠬᠦ ᠬᠦᠴᠦᠳᠡᠯ ᠬᠤᠪᠢᠰᠬᠠᠬᠤ ᠢᠨᠵᠧᠨᠧᠷᠢᠩ ᠵᠢᠴᠢ | ᠢᠵᠢ ᠪᠥᠷᠢᠳᠦᠭᠰᠡᠨ 220 ᠺᠢᠯᠤᠸᠤᠯᠲ ᠤᠨ ᠢᠨᠵᠧᠨᠧᠷᠢᠩ ᠤᠨ ᠪᠠᠷᠢᠯᠭ᠎ᠠ ᠲᠠᠭᠤᠰᠴᠤ᠂ ᠵᠢᠩ ᠨᠸᠡᠭ ᠡᠯᠡᠰᠦᠷᠬᠡᠭ | ᠭᠠᠵᠡᠷ ᠤᠨ ᠨᠠᠷᠡᠨ ᠡᠨᠧᠷᠬᠢ ᠶᠢᠨ 10 ᠲᠦᠮᠡᠨ ᠺᠢᠯᠤᠸᠠᠲ ᠤᠨ ᠬᠡᠷᠡᠯ ᠴᠠᠬᠢᠯᠭᠠᠨ᠂ ᠭᠦᠸᠧ ᠲᠢᠶᠠᠨ ᠤ 1 ᠲᠦᠮᠡᠨ | ᠺᠢᠯᠤᠸᠠᠲ ᠤᠨ ᠰᠠᠯᠬᠢᠨ ᠴᠠᠬᠢᠯᠭᠠᠨ ᠤ ᠲᠥᠷᠥᠯ ᠵᠥᠢᠯ ᠤᠨ ᠭᠠᠵᠠᠷ ᠰᠢᠷᠣᠶ ᠲᠠᠲᠠᠪᠤᠷᠢᠯᠠᠬᠤ ᠠᠵᠢᠯ ᠢ ᠪᠡᠶᠡᠯᠡᠭᠦᠯᠪᠡ᠃ | ᠠᠭᠤᠷᠬᠠᠶ ᠶᠢᠨ ᠬᠦᠳᠡᠷ ᠰᠢᠯᠢᠬᠦ ᠠᠵᠢᠯ ᠦᠳᠳᠡᠷ ᠬᠥᠭᠵᠢᠵᠦ᠂ ᠶᠢᠨ ᠳ᠋ᠢ ᠵᠡᠰ ᠮᠤᠯᠢᠪᠳᠧᠨ ᠤ ᠠᠭᠤᠷᠬᠠᠶ᠂ ᠭᠤᠷᠴᠢ | ᠮᠦᠩᠬᠦ ᠲᠤᠭᠤᠯᠭ᠎ᠠ ᠴᠠᠶᠢᠷ ᠤᠨ ᠠᠭᠤᠷᠬᠠᠶ᠂ ᠵᠢᠢ ᠳ᠋ᠦᠡᠭ ᠱᠦᠢᠨᠢ ᠵᠡᠷᠬᠡ ᠨᠢ ᠲᠤᠭᠳᠠᠭᠤᠨ ᠡᠷᠬᠢᠯᠳᠡ ᠪᠠᠨ ᠪᠠᠳᠤᠯᠠᠨ | ᠂ ᠯᠦᠩ ᠰᠢᠩ ᠬᠠᠶᠢᠯᠤᠭᠤᠷ ᠵᠣᠩᠰᠢ ᠶᠢᠨ ᠠᠭᠤᠷᠬᠠᠶ ᠶᠢᠨ ᠡᠳᠦᠷ ᠲᠤ 1000 ᠲᠣᠨ ᠬᠦᠳᠡᠷ ᠰᠢᠯᠢᠬᠦ | ᠦᠢᠯᠡᠳᠪᠦᠷᠢ ᠶᠢ ᠲᠤᠷᠰᠢᠨ ᠠᠵᠢᠯᠯᠠᠭᠤᠯᠪᠠ᠃ ᠰᠢᠨ᠎ᠡ ᠪᠠᠷ ᠮᠠᠡᠳᠤᠭᠰᠡᠨ ᠠᠵᠤ ᠦᠢᠯᠡᠰ ᠢ ᠲᠣᠭᠲᠠᠭᠤᠨ ᠢᠶᠠᠷ | ᠪᠤᠶᠢᠵᠢᠭᠤᠯᠵᠤ᠂ ᠵᠧᠨ ᠰᠢᠨ ᠠᠮᠢᠳᠤ ᠪᠣᠳᠠᠰ ᠤᠨ ᠰᠢᠨᠵᠢᠯᠡᠬᠦ ᠮᠡᠷᠭᠡᠵᠢᠯ ᠤᠨ ᠵᠢᠯ ᠳᠤ 5 ᠲᠦᠮᠡᠨ ᠲᠣᠨ ᠣᠷᠭᠠᠨᠢᠭ | ᠪᠣᠷᠲᠣᠭᠤᠷ ᠦᠢᠯᠡᠳᠪᠤᠷᠢᠯᠡᠬᠦ ᠲᠥᠷᠥᠯ ᠵᠥᠢᠯ ᠢ ᠠᠰᠢᠭᠯᠠᠯᠲᠠ ᠳᠤ ᠣᠷᠣᠭᠤᠯᠵᠤ᠂ ᠢᠰᠬᠡ ᠴᠡᠭᠡ ᠶᠢᠨ ᠠᠰᠢᠭᠲᠤ | ᠪᠠᠺᠲ᠋ᠧᠷᠢ ᠶᠢᠨ ᠠᠵᠤ ᠦᠢᠯᠡᠰ ᠤᠨ ᠲᠥᠷᠥᠯ ᠵᠥᠢᠯ ᠨᠢ ᠠᠵᠢᠯ ᠡᠬᠢᠯᠡᠭᠦᠯᠪᠡ᠃ ᠪᠦᠬᠦ ᠵᠢᠯ ᠳᠤ 361 ᠲᠦᠮᠡᠨ | ᠲᠣᠨ ᠨᠡᠭᠦᠷᠡᠰᠦ᠂ 71.5 ᠲᠦᠮᠡᠨ ᠲᠣᠨ ᠱᠦᠢᠨᠢ᠂ 56 ᠲᠦᠮᠡᠨ ᠲᠣᠨ ᠪᠤᠯᠭᠤᠭᠰᠠᠨ ᠴᠤᠬᠤᠢ ᠂ 2526 ᠲᠣᠨ | ᠮᠣᠯᠢᠪᠳᠧᠨ ᠤ ᠨᠤᠨᠲᠠᠭ ᠢ ᠪᠣᠷᠣᠯᠠᠭᠤᠯᠵᠤ᠂ 17.8 ᠳ᠋ᠦᠩᠰᠢᠭᠤᠷ ᠭᠷᠠᠳᠦ᠋ᠰ ᠤᠨ ᠴᠠᠬᠢᠯᠭᠠᠨ ᠭᠠᠷᠭᠠᠪᠠ᠃ | ︵ᠲᠠᠪᠤ︶ ᠥᠭᠡᠷᠡᠴᠢᠯᠡᠯᠲᠡ ᠨᠡᠭᠡᠭᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠪᠠ᠃ ︽ᠲᠠᠯᠪᠢᠬᠤ᠂ | ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠪᠡ᠃ 6165 ᠲᠦᠷᠤᠯ ᠤᠨ | ᠵᠠᠰᠠᠭ ᠵᠠᠬᠢᠷᠭᠠᠨ ᠤ ᠡᠷᠬᠡ ᠶᠢ ᠲᠤᠭᠳᠠᠭᠠᠵᠤ᠂ ᠰᠤᠮᠤ ᠪᠠᠯᠭᠠᠰᠤᠨ ᠳᠤ 94 ᠲᠦᠷᠤᠯ ᠤᠨ ᠡᠷᠬᠡ ᠶᠢ ᠪᠠᠭᠤᠯᠭᠠᠵᠤ᠂ | ᠰᠢᠨ᠎ᠡ ᠪᠠᠷ ᠪᠠᠶᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠢ ᠠᠰᠢᠭᠯᠠᠯᠲᠠ ᠳᠤ ᠣᠷᠣᠭᠤᠯᠤᠨ | ᠂ ᠶᠡᠷᠦᠩᠬᠡᠶᠢᠯᠡᠭᠰᠡᠨ ︽ᠡᠬᠡᠯᠵᠢᠯᠡᠨ ᠵᠢᠵᠢᠬᠦᠷᠯᠡᠬᠦ ᠠᠵᠢᠯ︾ ᠤᠨ ᠲᠦᠷᠢᠮ ᠢ ᠬᠡᠷᠡᠭᠵᠢᠭᠦᠯᠦᠨ᠂ ᠪᠥᠬᠦ ᠵᠢᠯ ᠳᠤ 13. | 5 ᠲᠦᠮᠡᠨ ᠬᠤᠪᠢ ᠤᠴᠢᠷ ᠶᠠᠪᠤᠳᠠᠯ ᠢ ᠬᠦᠢᠴᠡᠳᠬᠡᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ | ᠬᠦᠢᠴᠡᠳᠬᠡᠭᠰᠡᠨ ᠲᠤᠭ᠎ᠠ ᠬᠡᠮᠵᠢᠶ᠎ᠡ ᠴᠥᠮ ᠰᠢᠨ᠎ᠡ ᠲᠡᠮᠳᠡᠭᠯᠡᠯ ᠢ ᠡᠭᠦᠳᠴᠦ᠂ ᠰᠤᠮᠤ ᠪᠠᠯᠭᠠᠰᠤᠨ ᠤ ᠰᠦᠯᠵᠢᠶᠡᠨ | ᠳᠡᠭᠡᠷ᠎ᠡ ᠬᠦᠢᠴᠡᠳᠬᠡᠭᠰᠡᠨ ᠤᠴᠢᠷ ᠶᠠᠪᠤᠳᠠᠯ 800 ᠬᠤᠪᠢ ᠳᠤ ᠬᠦᠷᠴᠤ᠂ ᠪᠥᠬᠦ ᠠᠶᠢᠮᠠᠭ ᠤᠨ ᠲᠡᠷᠢᠭᠦᠨ ᠳᠤ | ᠤᠷᠤᠵᠤ᠂ 908 ᠲᠦᠷᠦᠯ ᠢ ᠪᠦᠬᠦᠨ ᠢ ᠥᠪᠡᠷᠲᠡᠭᠡᠨ ᠵᠠᠰᠠᠬᠤ ᠣᠷᠣᠨ ᠤ ᠨᠢᠭᠡ ᠴᠤᠭᠴᠠᠵᠢᠭᠰᠠᠨ ᠲᠠᠪᠴᠠᠩ ᠳᠤ | ᠣᠷᠣᠭᠤᠯᠤᠨ᠂ ᠡᠯᠧᠺᠲᠷᠣᠨ ᠵᠠᠰᠠᠭ ᠤᠨ ᠶᠠᠪᠤᠳᠠᠯ ᠤᠨ ᠰᠦᠯᠵᠢᠶ᠎ᠡ ᠨᠢ ᠪᠦᠬᠦᠨ ᠢ ᠬᠠᠮᠤᠷᠪᠡ᠃ ᠬᠥᠳᠡᠭᠡ | ᠲᠣᠰᠬᠤᠨ ᠤ ᠬᠤᠳᠠᠯᠳᠤᠭᠠᠨ ᠤ ᠪᠠᠩᠬᠢ ᠶᠢᠨ ᠲᠦᠷᠢᠮ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠬᠡᠪᠴᠢᠶ᠎ᠡ ᠶᠢ ᠲᠠᠰᠤᠷᠠᠯᠳᠠ ᠦᠭᠡᠢ | ᠥᠷᠭᠡᠳᠬᠡᠵᠦ᠂ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠤᠭ᠎ᠠ ᠲᠤᠰ ᠲᠤᠰ 26.7 ᠳ᠋ᠦᠩᠰᠢᠭᠤᠷ | ᠲᠥᠭᠦᠷᠢᠭ ᠪᠠ 23.4 ᠳ᠋ᠦᠩᠰᠢᠭᠤᠷ ᠲᠦᠬᠦᠷᠢᠭ ᠲᠤ ᠬᠦᠷᠴᠤ᠂ 12.8% ᠪᠠ 30.1% ᠪᠠᠷ ᠨᠡᠮᠡᠭᠳᠡᠪᠡ᠃ | ᠠᠷᠠᠯᠵᠢᠶᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠪᠠ᠃ ᠰᠢᠨ᠎ᠡ ᠪᠠᠷ 703 | ᠵᠠᠬ᠎ᠠ ᠲᠡᠯᠬᠡᠬᠦᠷ ᠤᠨ ᠭᠤᠤᠯ ᠴᠤᠭᠴᠠ ᠶᠢᠨ ᠡᠷᠤᠬᠡ ᠶᠢ ᠨᠡᠮᠡᠭᠳᠡᠬᠦᠯᠵᠤ᠂ ᠬᠤᠪᠢ ᠶᠢᠨ ᠡᠵᠡᠩᠨᠡᠯᠳᠡ ᠶᠢᠨ ᠡᠷᠤᠬᠡ | ᠠᠴᠠ ᠠᠵᠤ ᠠᠬᠤᠶᠢᠯᠠᠯ ᠳᠤ ᠰᠢᠯᠵᠢᠭᠰᠡᠨ 9 ᠡᠷᠦᠬᠡ ᠪᠠᠶᠢᠵᠤ᠂ ︽ᠬᠤᠶᠠᠷ ᠲᠤᠭᠳᠠᠮᠠᠯ ᠪᠤᠰᠤ ᠨᠢᠭᠡ ᠶᠢ ᠢᠯᠡ | ᠪᠣᠯᠭᠠᠬᠤ︾ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ 267 ᠤᠳᠠᠭ᠎ᠠ ᠥᠷᠨᠢᠭᠦᠯᠪᠡ᠃ ᠴᠠᠬᠢᠯᠭᠠᠨ | ᠬᠦᠴᠦᠨ ᠤ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠪᠠ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ | ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ 10 ᠠᠵᠤ ᠠᠬᠤᠶᠢᠯᠠᠯ ᠢ ᠠᠷᠠᠯᠵᠢᠶᠠᠨ ᠤ | ᠲᠠᠪᠴᠠᠩ ᠳᠤ ᠣᠷᠣᠭᠤᠯᠵᠤ᠂ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ 3910 ᠲᠦᠮᠡᠨ ᠲᠥᠭᠦᠷᠢᠭ | ᠪᠠᠭᠤᠷᠠᠭᠤᠯᠪᠠ᠃ ᠮᠠᠯᠵᠢᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ | ᠯᠠᠪᠳᠠᠭᠤᠨ ᠢᠶᠠᠷ ᠠᠬᠢᠭᠤᠯᠪᠠ᠃ ᠭᠠᠴᠠᠭᠠᠨ ᠤ ᠬᠠᠮᠲᠤ ᠶᠢᠨ ᠬᠤᠪᠢ ᠣᠷᠣᠭᠤᠯᠬᠤ ᠲᠦᠷᠢᠮ ᠤᠨ ᠥᠭᠡᠷᠡᠴᠢᠯᠡᠯᠲᠡ ᠶᠢ | ᠪᠡᠶᠡᠯᠡᠭᠦᠯᠵᠦ᠂ ᠭᠠᠴᠠᠭᠠᠨ ᠤ ᠬᠤᠪᠢ ᠣᠷᠣᠭᠤᠯᠣᠯᠳᠠ ᠶᠢᠨ ᠠᠵᠤ ᠠᠬᠤᠶ ᠶᠢᠨ ᠬᠤᠷᠰᠢᠶᠠᠵᠢᠯ ᠢ ᠪᠠᠶᠢᠭᠤᠯᠤᠨ᠂ 1. | 2 ᠳ᠋ᠦᠩᠰᠢᠭᠤᠷ ᠲᠥᠭᠦᠷᠢᠭ ᠤᠨ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠵᠤ᠂ ᠮᠠᠯᠵᠢᠬᠤ ᠣᠷᠣᠨ ᠤ | ᠬᠠᠮᠲᠤ ᠶᠢᠨ ︽ᠭᠤᠷᠪᠠᠨ ᠬᠦᠷᠤᠩᠬᠡ︾ ᠶᠢᠨ ᠬᠠᠮᠢᠶᠠᠷᠤᠯᠲᠠ ᠶᠢᠨ ᠲᠠᠪᠴᠠᠩ ᠢ ᠲᠤᠷᠰᠢᠨ ᠠᠵᠢᠯᠯᠠᠭᠤᠯᠵᠤ᠂ 3448 | ᠬᠤᠪᠢ ᠣᠷᠣᠨ ᠰᠠᠭᠤᠴᠠ ᠶᠢᠨ ᠥᠮᠴᠢᠯᠡᠬᠦ ᠡᠷᠬᠡ ᠶᠢᠨ ᠦᠨᠡᠮᠯᠡᠯ ᠢ ᠣᠯᠭᠤᠨ᠂ 92% ᠢ ᠪᠡᠶᠡᠯᠡᠭᠦᠯᠪᠡ᠃ | ᠭᠠᠳᠠᠭᠰᠢ ᠨᠡᠬᠡᠬᠡᠯᠳᠡ ᠬᠢᠬᠦ ᠠᠬᠢᠴᠠ ᠪᠠᠨ ᠲᠠᠰᠤᠷᠠᠯᠲᠠ ᠦᠭᠡᠶ ᠲᠦᠷᠬᠡᠳᠬᠡᠪᠠ᠃ 2020 ᠣᠨ ᠤ ᠣᠯᠠᠨ | ᠤᠯᠤᠰ ᠤᠨ ᠲᠠᠸᠠᠷ ᠤᠨ ᠰᠤᠯᠢᠯᠴᠠᠭᠠᠨ ᠤ ᠴᠣᠭᠯᠠᠭᠠᠨ ᠢ ᠠᠮᠵᠢᠯᠲᠠ ᠲᠠᠢ ᠡᠷᠭᠢᠯᠡᠵᠦ᠂ ᠠᠵᠤ ᠠᠬᠤᠶᠢᠯᠠᠯ ᠢ ᠵᠣᠬᠢᠶᠠᠨ | ᠪᠠᠶᠢᠭᠤᠯᠤᠨ᠂ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠳᠠᠬᠢ ᠣᠯᠠᠨ ᠤᠯᠤᠰ ᠤᠨ ᠭᠠᠳᠠᠭᠠᠳᠤ ᠪᠠᠷᠠᠭᠠᠨ | ᠤ ᠦᠵᠡᠰᠬᠦᠯᠡᠩ᠂ ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠪᠣᠬᠢᠷᠲᠤᠯ ᠥᠬᠡᠶ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠴᠤᠭᠯᠠᠭᠠᠨ ᠵᠡᠷᠭᠡ ᠲᠣᠮᠣ ᠬᠡᠯᠪᠡᠷᠢ ᠶᠢᠨ ᠦᠵᠡᠬᠦᠯᠤᠯᠬᠡ ᠴᠤᠭᠯᠠᠭᠠᠨ ᠳᠤ | 12 ᠲᠠᠯᠠᠪᠤᠷ ᠤᠷᠤᠯᠴᠠᠭᠤᠯᠤᠨ᠂ 13 ᠲᠦᠷᠤᠯ ᠤᠨ ᠠᠷᠠᠯᠵᠢᠶᠠᠴᠢᠨ ᠤᠷᠢᠵᠤ ᠪᠡᠯᠡ ᠲᠠᠳᠠᠬᠤ ᠲᠥᠷᠥᠯ ᠵᠥᠢᠯ ᠢ | ᠬᠡᠷᠡᠭᠵᠢᠭᠦᠯᠤᠨ᠂ 70 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠨᠠᠶᠢᠳᠠᠪᠤᠷᠢᠵᠢᠭᠤᠯᠪᠠ᠃ | ︵ᠵᠢᠷᠭᠤᠭ᠎ᠠ︶ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠦᠯᠤᠪᠵᠢᠬᠦᠯᠤᠨ | ᠠᠬᠢᠭᠤᠯᠪᠠ᠃ ᠬᠤᠲᠠ ᠪᠠᠯᠭᠠᠰᠤᠨ ᠤ ᠴᠢᠳᠠᠮᠵᠢ ᠲᠠᠰᠤᠷᠠᠯᠲᠠ ᠥᠬᠡᠶ ᠰᠢᠯᠢᠳᠡᠭᠵᠢᠪᠡ᠃ 4337 ᠲᠦᠮᠡᠨ | ᠲᠥᠭᠦᠷᠢᠭ ᠤᠨ ᠪᠡᠯᠡ ᠣᠷᠣᠭᠤᠯᠤᠨ ᠬᠤᠲᠠ ᠪᠠᠯᠭᠠᠰᠤ ᠶᠢ ᠥᠭᠡᠷᠡᠴᠢᠯᠡᠨ ᠰᠠᠶᠢᠵᠢᠷᠠᠭᠤᠯᠵᠦ᠂ 1.4 ᠲᠦᠮᠡᠨ ᠲᠡᠭᠰᠢ | ᠳᠥᠷᠪᠡᠯᠵᠢᠨ ᠮᠧᠲᠷ ᠤᠨ ᠵᠠᠮ ᠢ ᠰᠢᠨ᠎ᠡ ᠪᠠᠷ ᠵᠠᠰᠠᠵᠤ᠂ 1.1 ᠲᠦᠮᠡᠨ ᠲᠡᠭᠰᠢ ᠳᠥᠷᠪᠡᠯᠵᠢᠨ ᠮᠧᠲᠷ ᠭᠠᠵᠡᠷ ᠢ | ᠬᠠᠳᠠᠭᠤᠵᠢᠭᠤᠯᠤᠨ᠂ 18 ᠲᠦᠮᠡᠨ ᠲᠡᠭᠰᠢ ᠳᠥᠷᠪᠡᠯᠵᠢᠨ ᠮᠧᠲᠷ ᠭᠠᠵᠡᠷ ᠢ ᠨᠣᠭᠤᠭᠠᠷᠠᠭᠤᠯᠵᠤ᠂ 320 ᠢᠵᠢ ᠵᠠᠮ | ᠤᠨ ᠳ᠋ᠸᠡᠭ ᠢ ᠰᠡᠯᠪᠢᠨ ᠵᠠᠰᠠᠵᠤ᠂ 21.6 ᠺᠢᠯᠣᠮᠧᠲᠷ ᠲᠦᠬᠡᠬᠡᠯ ᠤᠰᠤ᠂ ᠪᠤᠬᠢᠷ ᠤᠰᠤ᠂ ᠲᠤᠯᠠᠭᠠᠯᠭ᠎ᠠ ᠬᠠᠩᠭᠠᠬᠤ | ᠬᠤᠭᠤᠯᠠᠢ ᠶᠢ ᠦᠬᠡᠷᠡᠴᠢᠯᠡᠨ ᠰᠠᠶᠢᠵᠢᠷᠠᠭᠤᠯᠵᠤ᠂ ᠤᠰᠤ ᠬᠠᠩᠭᠠᠬᠤ ᠬᠡᠮᠵᠢᠶ᠎ᠡ ᠶᠢ ᠡᠳᠤᠷ ᠲᠤ 2000 ᠲᠣᠨ | ᠨᠡᠮᠡᠭᠳᠡᠭᠦᠯᠦᠨ᠂ ᠪᠣᠬᠢᠷ ᠤᠰᠤ ᠰᠢᠢᠳᠪᠤᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠤ᠂ ᠤᠰᠤ ᠪᠠᠷ | ᠴᠠᠪᠠᠷᠰᠢᠬᠦᠯᠬᠦ ᠵᠣᠷᠯᠣᠩ 3 ᠶᠢ ᠰᠢᠨ᠎ᠡ ᠪᠠᠷ ᠪᠠᠶᠢᠭᠤᠯᠵᠤ᠂ 15 ᠬᠠᠭᠤᠴᠢᠨ ᠰᠠᠭᠤᠭᠠᠯᠢ ᠲᠣᠭᠤᠷᠢᠭ ᠢ ᠰᠢᠨᠡᠳᠬᠡᠨ | ᠵᠠᠰᠠᠵᠤ᠂ ᠮᠠᠯᠵᠢᠬᠤ ᠣᠷᠣᠨ ᠤ ᠠᠮᠢ ᠠᠬᠤᠶ ᠶᠢᠨ ᠰᠤᠪᠢᠯᠠᠯᠲᠠ ᠶᠢᠨ ᠬᠦᠷᠢᠶᠡᠯᠡᠩ ᠢ ᠡᠬᠢᠯᠡᠨ ᠪᠠᠶᠢᠭᠤᠯᠵᠤ᠂ | ᠣᠷᠣᠰᠢᠭᠤᠯᠭ᠎ᠠ ᠶᠢᠨ ᠭᠠᠵᠠᠷ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢᠨ ᠠᠭᠤᠳᠠᠮ | ᠲᠠᠯᠠᠪᠠᠢ ᠶᠢ ᠠᠰᠢᠭᠯᠠᠯᠲᠠ ᠳᠤ ᠣᠷᠣᠭᠤᠯᠪᠠ᠃ ᠮᠠᠯᠵᠢᠬᠤ ᠣᠷᠣᠨ ᠤ ᠰᠠᠭᠤᠷᠢ ᠪᠡᠯᠡᠳᠬᠡᠮᠵᠢ ᠶᠢᠨ ᠨᠥᠬᠦᠴᠡᠯ | ᠲᠠᠰᠤᠷᠠᠯᠲᠠ ᠥᠬᠡᠶ ᠪᠦᠷᠢᠡᠰᠢᠪᠠ᠃ 1.7 ᠲᠦᠮᠡᠨ ᠲᠡᠭᠰᠢ ᠳᠥᠷᠪᠡᠯᠵᠢᠨ ᠮᠧᠲᠷ ᠤᠨ ᠳᠤᠯᠠᠭᠠᠨ ᠫᠸᠡᠭ᠂ 5600 | ᠲᠡᠭᠰᠢ ᠳᠥᠷᠪᠡᠯᠵᠢᠨ ᠮᠧᠲᠷ ᠤᠨ ᠡᠪᠡᠰᠤ ᠬᠠᠳᠠᠭᠠᠯᠠᠬᠤ ᠫᠸᠡᠭ ᠰᠢᠨ᠎ᠠ ᠪᠠᠷ ᠪᠠᠶᠢᠭᠤᠯᠤᠨ᠂ 91 ᠤᠰᠤᠨ ᠰᠤᠷᠪᠤᠯᠵᠢ | ᠶᠢᠨ ᠬᠤᠳᠳᠤᠭ ᠮᠠᠯᠳᠠᠵᠤ᠂ 47 ᠣᠰᠣ ᠬᠠᠳᠠᠭᠠᠯᠠᠬᠤ ᠵᠣᠭᠤᠷᠢ ᠰᠢᠨ᠎ᠡ ᠪᠠᠷ ᠪᠠᠶᠢᠭᠤᠯᠵᠤ᠂ 1030 ᠢᠵᠢ ᠤᠰᠤ | ᠴᠠᠪᠠᠷᠰᠢᠬᠦᠯᠬᠦ ᠲᠥᠬᠦᠭᠡᠷᠦᠮᠵᠢ ᠤᠭᠰᠠᠷᠠᠨ᠂ 95.2 ᠺᠢᠯᠤᠮᠧᠲᠷ ᠵᠠᠮ ᠰᠢᠨ᠎ᠡ ᠪᠠᠷ ᠵᠠᠰᠠᠭᠰᠡᠨ ᠪᠠ ᠥᠭᠡᠷᠡᠴᠢᠯᠡᠨ | ᠰᠠᠶᠢᠵᠢᠷᠠᠭᠤᠯᠵᠤ᠂ 271 ᠰᠠᠤᠷᠢ ᠮᠠᠰᠢᠨ ᠮᠧᠬᠠᠨᠢᠭ ᠤᠨ ᠨᠦᠬᠦᠪᠤᠷᠢ ᠤᠯᠭᠤᠨ᠂ 72 ᠡᠷᠥᠭᠡ ᠳᠤ ᠲᠤᠤᠷ | ᠰᠦᠯᠵᠢᠶ᠎ᠠ ᠴᠠᠬᠢᠯᠭᠠᠨ ᠨᠠᠪᠳᠠᠷᠠᠬᠦᠯᠵᠤ᠂ ᠮᠠᠯᠵᠢᠬᠤ ᠣᠷᠣᠨ ᠤ ᠠᠮᠢᠳᠤᠷᠠᠯ ᠤᠨ ᠬᠠᠶᠠᠭᠳᠠᠮᠠᠯ ᠪᠣᠳᠠᠰ ᠢ | ᠰᠢᠢᠳᠪᠤᠷᠢᠯᠡᠬᠦ ᠥᠷᠳᠡᠭᠡ 2 ᠶᠢ ᠰᠢᠨ᠎ᠡ ᠪᠠᠷ ᠪᠠᠶᠢᠭᠤᠯᠵᠤ᠂ 1312 ᠡᠷᠥᠭᠡ ᠶᠢᠨ ᠵᠤᠷᠯᠤᠩ ᠢ ᠦᠬᠡᠷᠡᠴᠢᠯᠡᠨ | ᠰᠠᠶᠢᠵᠢᠷᠠᠭᠤᠯᠤᠭᠰᠡᠨ ᠪᠠ ᠰᠢᠨ᠎ᠠ ᠪᠠᠷ ᠤᠭᠰᠠᠷᠠᠵᠤ᠂ ᠴᠠᠪᠠᠷ ᠡᠨᠧᠷᠬᠢ ᠶᠢᠨ ᠳᠤᠯᠠᠭᠠᠯᠭ᠎ᠠ ᠶᠢᠨ ᠵᠢᠱᠢᠶ᠎ᠡ ᠦᠵᠡᠭᠦᠯᠬᠦ | ᠲᠥᠷᠥᠯ ᠵᠦᠢᠯ ᠢ 16 ᠡᠷᠥᠭᠡ ᠳᠤ ᠬᠡᠷᠡᠭᠵᠢᠬᠦᠯᠪᠠ᠃ | ︵ᠳᠣᠯᠤᠭ᠎ᠠ︶ ᠠᠷᠠᠳ ᠤᠨ ᠠᠮᠢᠳᠤᠷᠠᠯ ᠤᠨ ᠵᠤᠯ ᠵᠢᠷᠭᠠᠯᠳᠤ ᠰᠡᠳᠬᠢᠭᠳᠡᠯ ᠢ ᠨᠡᠮᠡᠭᠳᠡᠬᠦᠯᠪᠠ᠃ ᠪᠦᠬᠦ ᠵᠢᠯ ᠳᠤ | ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ ᠳᠤ ᠬᠡᠷᠡᠭᠯᠡᠭᠰᠡᠨ ᠵᠠᠷᠤᠯᠭ᠎ᠠ 13 ᠳ᠋ᠦᠩᠰᠢᠭᠤᠷ ᠲᠥᠭᠦᠷᠢᠭ ᠲᠤ | ᠬᠦᠷᠪᠡ᠃ ᠡᠷᠡᠭᠦᠯ ᠮᠠᠡᠳᠤ ᠠᠪᠠᠭ᠎ᠠ ᠶᠢ ᠴᠤᠭᠴᠠᠯᠠᠬᠤ ᠠᠵᠢᠯᠯᠠᠭ᠎ᠠ ᠶᠢ ᠭᠦᠨᠵᠡᠭᠡᠶ ᠠᠬᠢᠭᠤᠯᠪᠠ᠃᠂ ᠡᠷᠡᠭᠦᠯ | ᠬᠠᠮᠠᠭᠠᠯᠠᠯ ᠤᠨ ᠮᠡᠷᠭᠡᠵᠢᠯ ᠤᠨ ᠴᠢᠳᠠᠪᠤᠷᠢᠲᠠᠨ 9 ᠶᠢ ᠤᠷᠢᠨ ᠬᠡᠷᠡᠭᠯᠡᠵᠤ᠂ ᠬᠤᠰᠢᠭᠤ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠲᠥᠯᠥᠪᠯᠡᠭᠡᠲᠦ ᠦᠷᠡᠵᠢᠯ ᠤᠨ ᠲᠤᠬᠠᠶᠢᠯᠠᠭᠰᠠᠨ ᠠᠵᠢᠯ ᠤᠨ ᠶᠡᠷᠦᠩᠬᠡᠶᠢᠯᠡᠭᠰᠡᠨ ᠠᠰᠠᠷ ᠢ | ᠠᠰᠢᠭᠯᠠᠯᠲᠠ ᠳᠤ ᠣᠷᠣᠭᠤᠯᠤᠨ᠂ ᠬᠤᠰᠢᠭᠤ ᠲᠣᠭᠲᠠᠭᠰᠠᠨ ᠴᠡᠭ ᠲᠤ ᠠᠪᠤᠷᠠᠨ ᠡᠮᠴᠢᠯᠡᠬᠦ ᠡᠮᠨᠡᠯᠭᠡ ᠶᠢᠨ ᠬᠤᠷᠢᠶᠠᠨ | ᠳᠤ ᠲᠤᠤᠷ᠎ᠠ ᠲᠠᠷᠤᠯᠳᠠᠳᠤ ᠪᠠᠴᠢᠮ ᠠᠪᠤᠷᠠᠯᠳᠠ ᠶᠢᠨ ᠲᠡᠷᠭᠡ᠂ ᠲᠤᠤᠷ᠎ᠠ ᠲᠠᠷᠤᠯᠳᠠᠳᠤ ᠳᠠᠮᠵᠢᠭᠤᠯᠤᠨ ᠲᠡᠭᠡᠭᠡᠪᠦᠷᠢᠯᠡᠬᠦ | ᠲᠤᠰᠠᠭᠠᠷᠯᠠᠬᠤ ᠲᠠᠰᠤᠭ᠂ DR ᠵᠡᠷᠭᠡ ᠡᠮᠴᠢᠯᠡᠭᠡᠨ ᠤ ᠲᠥᠬᠦᠭᠡᠷᠦᠮᠵᠢ ᠳᠣᠭᠢᠷᠠᠭᠤᠯᠤᠨ᠂ ᠨᠠᠭᠤᠡᠪᠢᠯᠢᠭ | ᠳ᠋ᠤᠺᠲ᠋ᠤᠷ ᠤᠨ ᠠᠵᠢᠯᠯᠠᠬᠤ ᠲᠠᠰᠤᠭ ᠢ ᠠᠰᠢᠭᠯᠠᠯᠲᠠ ᠳᠤ ᠣᠷᠣᠭᠤᠯᠵᠤ᠂ ᠮᠣᠩᠭᠤᠯ ᠡᠮᠨᠡᠯᠭᠡ ᠶᠢᠨ ᠪᠡᠶ᠎ᠡ ᠰᠡᠳᠬᠢᠴᠠ | ᠶᠢᠨ ᠡᠷᠡᠭᠦᠯ ᠮᠡᠨᠳᠦ ᠶᠢᠨ ᠬᠥᠮᠦᠵᠢᠯ ᠤᠨ ᠲᠠᠶᠢᠯᠤᠮᠵᠢ ᠶᠢᠨ ᠬᠢᠴᠢᠶᠠᠯ ᠢ ᠡᠬᠢᠯᠡᠬᠦᠯᠦᠨ᠂ 353 ᠤᠳᠠᠭ᠎ᠠ 1.69 | ᠲᠦᠮᠡᠨ ᠬᠥᠮᠦᠨ ᠤᠷᠤᠯᠴᠠᠭᠰᠨᠨ ᠲᠠᠶᠢᠯᠤᠮᠵᠢ ᠡᠷᠭᠢᠯᠡᠵᠦ᠂ ᠰᠠᠭᠤᠭᠠᠯᠢ ᠠᠷᠠᠳ ᠤᠨ ᠡᠯᠧᠺᠲᠷᠣᠨ ᠡᠷᠡᠭᠦᠯ | ᠮᠡᠨᠳᠦ ᠶᠢᠨ ᠲᠠᠩᠰᠠ ᠡᠪᠬᠡᠮᠡᠯ ᠪᠠᠶᠢᠭᠤᠯᠤᠭᠰᠠᠨ ᠨᠣᠷᠮ᠎ᠠ 90% ᠠᠴᠠ ᠳᠡᠭᠡᠭᠰᠢ ᠳᠤ ᠬᠦᠷᠴᠦ᠂ ᠲᠥᠷᠥ ᠶᠢᠨ | ᠪᠣᠳᠣᠯᠭ᠎ᠠ ᠳᠤ ᠨᠡᠶᠢᠴᠡᠭᠰᠡᠨ ᠲᠦᠷᠤᠯᠳᠠ ᠶᠢᠨ ᠨᠣᠷᠮ᠎ᠠ 100% ᠳᠤ ᠬᠥᠷᠪᠡ᠃ ᠰᠤᠷᠭᠠᠨ ᠬᠥᠮᠦᠵᠢᠯ ᠤᠨ ᠦᠢᠯᠡᠰ | ᠢ ᠡᠩ ᠲᠡᠷᠢᠬᠦᠨ ᠳᠤ ᠬᠥᠭᠵᠢᠭᠦᠯᠪᠠ᠃ ᠰᠠᠭᠤᠷᠢ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ | ᠠᠵᠢᠯᠯᠠᠭ᠎ᠠ ᠶᠢᠨ ᠲᠥᠯᠥᠪᠯᠡᠭᠡ ᠶᠢ ᠤᠷᠤᠭᠰᠢᠲᠠᠶ ᠬᠡᠷᠡᠭᠵᠢᠭᠦᠯᠵᠦ᠂ ᠮᠣᠩᠭᠤᠯ ᠦᠨᠳᠦᠰᠦᠲᠡᠨ ᠤ ᠬᠡᠦᠬᠡᠳ ᠤᠨ | ᠴᠡᠴᠡᠷᠯᠢᠭ ᠤᠨ ᠰᠢᠨ᠎ᠡ ᠪᠠᠷ ᠪᠠᠶᠢᠭᠤᠯᠤᠭᠰᠡᠨ ᠶᠡᠷᠦᠩᠬᠡᠶᠢᠯᠡᠭᠰᠡᠨ ᠠᠰᠠᠷ ᠤᠨ ᠪᠠᠷᠢᠯᠭ᠎ᠠ ᠳᠠᠭᠤᠰᠴᠤ᠂ 823 ᠲᠦᠮᠡᠨ | ᠲᠥᠭᠦᠷᠢᠭ ᠤᠨ ᠰᠤᠷᠭᠠᠨ ᠬᠥᠮᠦᠵᠢᠯ ᠤᠨ ᠨᠥᠬᠦᠪᠥᠷᠢ᠂ ᠰᠤᠷᠤᠯᠭ᠎ᠠ ᠲᠡᠳᠬᠦᠬᠦ ᠵᠢᠭᠡᠯᠡᠯᠭᠡ ᠶᠢ ᠨᠠᠶᠢᠳᠠᠪᠤᠷᠢᠵᠢᠭᠤᠯᠤᠨ᠂ | 20 ᠨᠠᠷᠠ ᠪᠠᠭᠰᠢ ᠤᠷᠢᠨ ᠬᠡᠷᠡᠭᠯᠡᠵᠦ᠂ ᠤᠯᠠᠨ ᠨᠡᠶᠢᠲᠡ ᠶᠢᠨ ᠠᠵᠢᠯ ᠤᠨ ᠪᠠᠶᠢᠷᠢ 40 ᠶᠢ ᠲᠤᠬᠢᠷᠠᠭᠤᠯᠵᠤ᠂ ᠬᠡᠷ | ᠪᠦᠯᠢ ᠶᠢᠨ ᠰᠤᠷᠭᠠᠨ ᠬᠥᠮᠦᠵᠢᠯ ᠤᠨ ᠵᠢᠭᠠᠨ ᠵᠢᠯᠣᠭᠤᠳᠬᠤ ᠦᠢᠯᠡᠴᠢᠯᠡᠬᠡᠨ ᠤ ᠥᠷᠲᠡᠭᠡ ᠵᠢᠩᠬᠢᠨᠢ ᠪᠠᠷ ᠠᠰᠢᠭᠯᠠᠯᠳᠠ | ᠳᠤ ᠤᠷᠤᠵᠤ᠂ ᠨᠡᠶᠢᠲᠡ 111 ᠣᠳᠠᠭ᠎ᠠ 1 ᠲᠦᠮᠡ ᠭᠠᠷᠤᠶ ᠬᠥᠮᠦᠨ ᠤᠷᠤᠯᠴᠠᠭᠰᠡᠨ ᠬᠡᠷ ᠪᠦᠯᠢ ᠶᠢᠨ ᠰᠤᠷᠭᠠᠨ | ᠬᠥᠮᠦᠵᠢᠯ ᠤᠨ ᠪᠣᠯᠪᠠᠰᠤᠷᠠᠯ ᠢ ᠡᠷᠬᠢᠯᠡᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠡᠷᠡᠰ | ᠭᠤᠶᠢᠪᠢᠰᠢ ᠥᠬᠡᠶ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠬᠡᠷᠡᠭᠯᠡᠬᠦ ᠶᠢ ᠬᠡᠷᠡᠭᠵᠢᠭᠦᠯᠬᠦ ᠠᠵᠢᠯ ᠢ ᠤᠷᠤᠭᠰᠢᠲᠠᠶ ᠪᠡᠶᠡᠯᠡᠭᠦᠯᠪᠡ᠃ ᠰᠣᠶᠣᠯ ᠵᠤᠭᠠᠴᠠᠯ ᠤᠨ ᠦᠢᠯᠡᠰ | ᠲᠠᠰᠤᠷᠠᠯᠲᠠ ᠥᠬᠡᠶ ᠬᠥᠭᠵᠢᠪᠠ᠃ ︽ᠠᠷᠪᠠᠳᠤᠭᠠᠷ ᠬᠤᠭᠤᠴᠠᠭᠠᠨ ᠤ ᠬᠠᠷ᠎ᠠ ᠠᠳᠤᠭᠤᠨ ᠰᠣᠶᠣᠯ ᠤᠨ ᠨᠠᠶᠢᠷ︾ ᠢ | ᠠᠮᠵᠢᠯᠲᠠ ᠲᠠᠢ ᠡᠷᠭᠢᠯᠡᠵᠦ᠂ ᠴᠤᠭᠤᠷ ᠲᠠᠭᠤᠤ ᠦᠪᠯᠡᠨ ᠤᠯᠠᠮᠵᠢᠯᠠᠬᠤ ᠲᠦᠪ᠂ ᠠᠪᠠᠭ᠎ᠠ ᠥᠷᠲᠡᠭᠡ᠂ ᠡᠯᠧᠺᠲᠷᠣᠨ | ᠬᠤᠳᠠᠯᠳᠤᠭᠠᠨ ᠤ ᠦᠢᠯᠡᠴᠢᠯᠡᠬᠡᠨ ᠤ ᠲᠥᠪ ᠢ ᠠᠰᠢᠭᠯᠠᠯᠲᠠ ᠳᠤ ᠤᠷᠤᠭᠤᠯᠤᠨ᠂ ᠤᠯᠠᠭᠠᠨᠮᠥ᠋ᠴᠢᠷ ᠤᠨ ᠰᠠᠭᠤᠷᠢ | ᠲᠦᠬᠦᠬᠡᠷᠤᠮᠵᠢ ᠶᠢᠨ ᠪᠠᠷᠢᠮᠵᠢᠶᠠᠵᠢᠭᠰᠡᠨ ᠢᠨᠵᠧᠨᠧᠷᠢᠩ ᠢ ᠡᠬᠢᠯᠠᠬᠦᠯᠵᠣ᠂ ᠵᠤᠭᠠᠴᠠᠯ ᠤᠨ ᠴᠡᠭ ᠲᠤ 7 ᠵᠣᠷᠯᠣᠩ ᠢ | ᠰᠢᠨ᠎ᠡ ᠪᠠᠷ ᠪᠠᠶᠢᠭᠤᠯᠪᠠ᠃ ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠶᠢ ᠢᠯᠡᠳᠲᠡ ᠨᠡᠮᠡᠭᠳᠡᠭᠦᠯᠪᠠ᠃ 2.5 | ᠳ᠋ᠦᠩᠰᠢᠭᠤᠷ ᠲᠥᠭᠦᠷᠢᠭ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠲᠠᠷᠬᠠᠭᠠᠵᠤ᠂ 4474 ᠲᠦᠮᠡᠨ | ᠲᠥᠭᠦᠷᠢᠭ ᠤᠨ ᠡᠮ ᠡᠮᠨᠡᠯᠭᠡ ᠶᠢᠨ ᠰᠠᠭᠤᠷᠢ ᠮᠥᠩᠭᠦ ᠶᠢ ᠴᠠᠶᠢᠷᠠᠭᠤᠯᠤᠨ᠂ ᠡᠯ᠎ᠡ ᠲᠥᠷᠥᠯ ᠤᠨ ᠨᠡᠶᠢᠭᠡᠮ ᠤᠨ ᠠᠪᠤᠷᠠᠨ | ᠲᠤᠰᠠᠯᠠᠬᠤ ᠪᠠᠯᠠ ᠮᠥᠩᠭᠦ ᠶᠢ 1140 ᠲᠦᠮᠡᠨ ᠲᠥᠭᠦᠷᠢᠭ ᠲᠠᠷᠬᠠᠭᠠᠵᠤ᠂ 294 ᠲᠦᠮᠡᠨ ᠲᠥᠭᠦᠷᠢᠭ ᠤᠨ | ᠪᠤᠯᠭᠤᠭᠠᠨ ᠲᠤᠬᠤᠨᠢᠭᠤᠯᠬᠤ ᠨᠥᠬᠦᠪᠥᠷᠢ ᠣᠯᠭᠤᠨ᠂ ᠬᠤᠲᠠ ᠬᠥᠳᠡᠭᠡ ᠶᠢᠨ ᠠᠮᠢᠳᠤᠷᠡᠯ ᠨᠢ ᠬᠦᠴᠢᠷᠳᠡᠯᠲᠡᠶ ᠬᠦᠮᠤᠰ | ᠤᠨ ᠦᠨᠳᠦᠰᠦᠨ ᠠᠮᠢᠳᠤᠷᠠᠯ ᠢ ᠪᠦᠲᠦᠮᠵᠢᠲᠡᠶ ᠪᠠᠲᠤᠯᠠᠪᠠ᠃ ᠠᠶᠤᠯᠬᠦᠢ ᠦᠢᠯᠡᠳᠪᠤᠷᠢᠯᠡᠯ ᠤᠨ ᠲᠣᠭᠲᠠᠭᠤᠨ | ᠪᠠᠶᠢᠳᠠᠯ ᠢ ᠪᠠᠳᠤᠯᠠᠪᠠ᠃ ᠠᠶᠤᠯᠬᠦᠢ ᠦᠢᠯᠡᠳᠪᠤᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢ ᠪᠠᠶᠢᠭᠤᠯᠤᠨ᠂ ᠬᠤᠰᠢᠭᠤᠨ ᠤ ︽1230︾ ᠤᠨ | ᠮᠡᠳᠡᠭᠡᠯᠡᠬᠦ ᠲᠦᠷᠢᠮ ᠢ ᠪᠠᠶᠢᠩᠭᠤᠵᠢᠭᠤᠯᠤᠨ ᠬᠡᠷᠡᠭᠵᠢᠭᠦᠯᠵᠦ᠂ 100 ᠲᠦᠮᠡᠨ ᠲᠦᠬᠦᠷᠢᠭ ᠤᠨ ᠢᠯᠡᠴᠢᠯᠡᠨ | ᠮᠡᠳᠡᠭᠦᠯᠦᠭᠰᠡᠳ ᠢ ᠱᠠᠩᠨᠠᠬᠤ ᠮᠥᠩᠭᠦ ᠶᠢ ᠲᠤᠬᠢᠷᠠᠭᠤᠯᠵᠤ᠂ ᠪᠥᠬᠦ ᠵᠢᠯ ᠳᠤ ᠠᠶᠤᠯᠬᠦᠢ ᠦᠢᠯᠡᠳᠪᠤᠷᠢᠯᠡᠯ ᠤᠨ ᠠᠳᠡᠯ | ᠭᠠᠷᠤᠭᠰᠠᠨ ᠥᠬᠡᠶ᠃ ᠢᠳᠡᠭᠡᠨ ᠪᠠ ᠡᠮ ᠤᠨ ᠵᠥᠢᠯᠡᠰ ᠤᠨ ᠠᠮᠤᠷ ᠲᠦᠪᠰᠢᠨ ᠤ ᠢᠨᠵᠧᠨᠧᠷᠢᠩ ᠢ ᠦᠷᠭᠦᠯᠵᠢᠯᠡᠨ | ᠥᠷᠨᠢᠭᠦᠯᠵᠦ᠂ ᠢᠳᠡᠭᠡᠨ ᠪᠠ ᠡᠮ ᠤᠨ ᠵᠥᠢᠯᠡᠰ ᠤᠨ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ | ᠪᠦᠲᠦᠮᠵᠢᠲᠡᠶ ᠳᠡᠭᠡᠭᠰᠢᠯᠡᠭᠦᠯᠪᠠ᠃ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠣᠭᠲᠠᠭᠤᠨ ᠢ ᠪᠠᠳᠤᠯᠠᠪᠠ᠃ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠣᠭᠲᠠᠭᠤᠨ ᠢᠶᠠᠷ ᠠᠬᠢᠭᠤᠯᠤᠨ᠂ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠥᠷᠨᠢᠭᠦᠯᠵᠦ᠂ ︽ᠵᠢᠷᠭᠤᠭ᠎ᠠ ᠶᠢ | ᠴᠠᠪᠠᠷᠯᠠᠬᠦ︾ ᠬᠠᠷᠠᠯᠲᠠ ᠡᠭᠦᠷᠭᠡ ᠢᠶᠠᠨ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ ᠨᠡᠶᠢᠭᠡᠮ ᠤᠨ ᠵᠥᠷᠢᠴᠡᠯ | ᠵᠢᠭᠤᠷᠠᠭᠠᠨ ᠢ ᠴᠡᠭᠴᠡᠯᠡᠨ ᠪᠠᠶᠢᠴᠠᠭᠠᠵᠤ ᠨᠠᠮᠳᠠᠭᠤᠯᠬᠤ ᠠᠵᠢᠯ ᠢ ᠢᠳᠡᠪᠬᠢᠳᠡᠢ ᠥᠷᠨᠢᠭᠦᠯᠤᠨ᠂ ᠥᠪᠡᠷᠲᠡᠭᠡᠨ ᠵᠠᠰᠠᠬᠤ | ᠣᠷᠣᠨ ᠤ ᠲᠤᠰᠢᠶᠠᠨ ᠰᠢᠢᠳᠪᠤᠷᠢᠯᠡᠬᠦᠯᠦᠭᠰᠡᠨ ᠵᠠᠬᠢᠳᠠᠯ ᠰᠤᠷᠪᠤᠯᠵᠢᠯᠠᠭ᠎ᠠ ᠶᠢ ᠰᠢᠢᠳᠪᠤᠷᠢᠯᠡᠭᠰᠡᠨ ᠨᠣᠷᠮ᠎ᠠ 91% ᠳᠤ | ᠬᠦᠷᠴᠦ᠂ ᠨᠢᠭᠡ ᠪᠦᠯᠦᠭ ᠲᠦᠪᠡᠭ ᠪᠤᠳᠤᠯᠢᠶᠠᠨᠲᠠᠶ ᠵᠠᠬᠢᠳᠠᠯ ᠰᠤᠷᠪᠤᠯᠵᠢᠯᠠᠭ᠎ᠠ ᠶᠢᠨ ᠣᠨ ᠣᠳᠠᠭᠰᠠᠨ ᠬᠡᠷᠡᠭ ᠢ | ᠰᠢᠢᠳᠪᠤᠷᠢᠯᠡᠵᠤ᠂ ᠪᠥᠬᠦ ᠵᠢᠯ ᠤᠨ ᠵᠠᠬᠢᠳᠠᠯ ᠰᠤᠷᠪᠤᠯᠵᠢᠯᠠᠭ᠎ᠠ ᠶᠢᠨ ᠶᠡᠷᠦᠩᠬᠡᠶ ᠬᠡᠮᠵᠢᠶ᠎ᠡ ᠶᠢ 40% ᠪᠠᠷ | ᠪᠠᠭᠤᠷᠠᠭᠤᠯᠤᠨ᠂ ᠬᠡᠪ ᠤᠨ ᠪᠤᠰᠤ ᠵᠠᠬᠢᠳᠠᠯ ᠰᠤᠷᠪᠤᠯᠵᠢᠯᠠᠭ᠎ᠠ ᠥᠬᠡᠶ ᠬᠠᠷᠠᠯᠲᠠ ᠶᠢ ᠪᠡᠶᠡᠯᠡᠭᠦᠯᠪᠡ᠃ ᠠᠮᠤᠷ ᠲᠠᠶᠢᠪᠤᠡᠭ | ᠠᠪᠠᠭ᠎ᠠ ᠶᠢ ᠴᠤᠭᠴᠠᠯᠠᠬᠤ ᠠᠵᠢᠯ ᠢ ᠠᠬᠢᠭᠤᠯᠤᠨ᠂ ᠵᠡᠭᠡᠯᠢ ᠳᠠᠭᠠᠤ ᠬᠥᠮᠦᠨ ᠤ ᠵᠢᠰᠦ ᠶᠢ ᠢᠯᠭᠠᠨ ᠲᠠᠨᠢᠬᠤ ᠭᠡᠷᠡᠯ | ᠵᠢᠷᠤᠭ ᠤᠨ ᠮᠠᠰᠢᠨ 100 ᠢᠵᠢ ᠤᠭᠰᠠᠷᠠᠵᠤ᠂ ︽ᠬᠢᠨᠡᠨ ᠡᠵᠡᠮᠳᠡᠬᠦ︾ ᠢᠨᠵᠧᠨᠧᠷᠢᠩ ᠤᠨ ᠪᠠᠶᠢᠭᠤᠯᠤᠯᠲᠠ ᠶᠢᠨ | ᠡᠭᠦᠷᠭᠡ ᠶᠢ ᠪᠡᠶᠡᠯᠡᠭᠦᠯᠤᠨ᠂ 67 ᠡᠷᠡᠭᠦᠦ ᠶᠢᠨ ᠬᠡᠷᠡᠭ ᠢ ᠪᠠᠶᠢᠴᠠᠭᠠᠨ ᠢᠯᠡᠷᠡᠭᠦᠯᠵᠤ᠂ 48% ᠪᠠᠷ ᠲᠤᠷᠤᠭᠰᠢᠯᠠᠨ᠂ | 55 ᠠᠮᠤᠷ ᠢ ᠬᠠᠮᠠᠭᠠᠯᠠᠬᠤ ᠬᠡᠷᠡᠭ ᠢ ᠪᠠᠶᠢᠴᠠᠭᠠᠨ ᠰᠢᠢᠳᠪᠦᠷᠢᠯᠡᠵᠤ᠂ 35% ᠪᠠᠷ ᠳᠣᠷᠣᠭᠰᠢᠯᠠᠪᠠ᠃ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ | ᠰᠦᠯᠵᠢᠶᠡᠨ ᠳᠠᠬᠢ ᠦᠵᠡᠯ ᠤᠬᠠᠮᠰᠠᠷ ᠤᠨ ᠬᠡᠯᠪᠡᠷᠢ ᠶᠢᠨ ᠰᠠᠭᠤᠷᠢᠨ ᠭᠠᠵᠠᠷ ᠤᠨ ᠬᠠᠮᠢᠶᠠᠷᠤᠯᠲᠠ ᠡᠵᠡᠮᠳᠡᠯ ᠢ | ᠦᠷᠭᠦᠯᠵᠢᠯᠡᠨ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶ᠎ᠡ ᠴᠠᠷ᠎ᠠ ᠶᠢᠨ ᠲᠣᠭᠲᠠᠭᠤᠨ | ᠬᠠᠨᠳᠤᠰᠢ ᠶᠢ ᠪᠠᠲᠤᠯᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ | ᠦᠷᠭᠦᠯᠵᠢᠯᠡᠨ ᠴᠢᠩᠭᠠᠳᠬᠠᠵᠤ᠂ ᠦᠨᠳᠦᠰᠦᠲᠡᠨ ᠤ ᠶᠠᠪᠤᠳᠠᠯ ᠢ ᠬᠠᠤᠯᠢ ᠪᠠᠷ ᠵᠠᠰᠠᠬᠤ ᠬᠢᠷᠢ ᠲᠦᠪᠰᠢᠨ ᠢ | ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠵᠢᠱᠢᠶ᠎ᠡ ᠦᠵᠡᠭᠦᠯᠬᠦ ᠬᠤᠰᠢᠭᠤ ᠪᠠᠷ ᠨᠠᠷᠠᠶᠢᠳᠦᠭᠳᠠᠪᠠ᠃ ᠡᠭᠦᠨ ᠠᠴᠠ ᠭᠠᠳᠠᠨ᠎ᠠ᠂ ᠳᠣᠯᠣᠳᠤᠭᠠᠷ | ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ᠂ ᠡᠮᠡᠭᠲᠡᠶᠢᠴᠦᠳ ᠬᠡᠤᠬᠡᠳ ᠤᠨ ︽ | ᠬᠤᠶᠠᠷ ᠬᠥᠲᠥᠯᠪᠦᠷᠢ︾ ᠶᠢᠨ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠪᠡ᠃ | ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠡᠷᠭᠢᠴᠡᠭᠦᠯᠪᠡᠯ᠂ ᠬᠦᠨᠳᠦ ᠴᠢᠬᠤᠯᠠ ᠡᠭᠦᠷᠭᠡ᠂ ᠬᠠᠳᠠᠭᠤ | ᠰᠢᠷᠤᠬᠦᠨ ᠥᠷᠢᠰᠥᠯᠳᠦᠭᠡᠨ ᠪᠠ ᠯᠤᠲᠤ ᠶᠡᠭᠡ ᠳᠠᠷᠤᠯᠲᠠ ᠶᠢᠨ ᠡᠮᠦᠨ᠎ᠡ᠂ ᠪᠢᠳᠡ ᠬᠦᠴᠤᠨ ᠢᠶᠠᠨ ᠬᠠᠮᠳᠤᠳᠬᠠᠨ᠂ | ᠢᠲᠡᠭᠡᠯ ᠪᠢᠰᠢᠷᠠᠯ ᠢᠶᠠᠨ ᠪᠠᠲᠤᠳᠬᠠᠵᠤ᠂ ᠬᠠᠷᠠᠯᠲᠠ ᠪᠠᠨ ᠪᠠᠲᠤ ᠡᠵᠡᠮᠳᠡᠨ᠂ ᠬᠦᠴᠢᠷ ᠢ ᠰᠦᠷᠦᠨ ᠤᠷᠤᠭᠰᠢᠯᠠᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠲᠠᠶᠢᠯᠠᠯᠳᠤᠭᠠᠨ᠂ ᠠᠵᠤ ᠠᠬᠤᠢ ᠶᠢᠨ ᠬᠥᠭᠵᠢᠯᠲᠡ ᠶᠢ ᠪᠠᠳᠤᠯᠠᠬᠤ | ᠲᠠᠶᠢᠯᠠᠯᠳᠤᠭᠠᠨ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠣᠭᠤᠮᠲᠠ ᠰᠢᠪᠲᠤᠯᠬᠤ ᠲᠠᠶᠢᠯᠠᠯᠳᠤᠭᠠᠨ᠂ | ᠠᠮᠢ ᠠᠬᠤᠢ ᠶᠢᠨ ᠣᠷᠴᠢᠨ ᠤ ᠤᠳᠠᠭᠠᠨ ᠳᠠᠭᠠᠭᠠᠮᠠᠭᠠᠢ ᠲᠠᠶᠢᠯᠠᠯᠳᠤᠭᠠᠨ ᠤ ᠢᠯᠠᠯᠲᠠ ᠶᠢ ᠲᠠᠮᠠᠴᠠᠨ ᠣᠯᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠶᠢᠨ ᠬᠥᠭᠵᠢᠯᠲᠡ ᠶᠢ ᠪᠠᠳᠤᠯᠠᠬᠤ ᠬᠤᠣᠰ | ᠠᠮᠵᠢᠯᠳᠠ ᠶᠢ ᠲᠠᠮᠠᠴᠠᠨ ᠤᠯᠵᠤ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠪᠠᠶᠠᠯᠠᠬᠦᠯᠬᠦ ᠪᠠ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠳᠤᠬᠡᠬᠦ ᠡᠯ᠎ᠡ ᠵᠦᠢᠯ ᠤᠨ ᠬᠠᠷᠠᠯᠲᠠ ᠡᠭᠦᠷᠭᠡ ᠪᠠᠨ | ᠠᠮᠵᠢᠯᠳᠠ ᠲᠠᠢ ᠪᠡᠶᠡᠯᠡᠭᠦᠯᠪᠡ᠃ | ᠲᠥᠯᠥᠭᠡᠯᠡᠭᠴᠢᠳ ᠡ᠂ ᠦᠩᠬᠡᠷᠡᠭᠰᠡᠨ ᠲᠠᠪᠤᠨ ᠵᠢᠯ ᠤᠨ ᠠᠮᠵᠢᠯᠳᠠ ᠪᠤᠯ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ | ᠤᠬᠠᠭᠠᠨᠴᠢ ᠵᠢᠯᠤᠭᠤᠳᠤᠯᠭ᠎ᠠ ᠶᠢᠨ ᠦᠷ᠎ᠡ ᠳ᠋ᠦᠩ ᠪᠤᠯᠬᠤ ᠮᠦᠷᠳᠡᠬᠡᠨ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ | ᠤᠨ ᠵᠠᠬᠢᠷᠭ᠎ᠠ ᠵᠢᠴᠢ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ | ᠪᠤᠯᠤᠨ᠎ᠠ᠃ ᠮᠦᠡᠴᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ | ᠵᠥᠪᠯᠡᠯᠭᠡᠨ ᠤ ᠬᠢᠨᠠᠯᠲᠠ ᠳᠡᠮᠵᠢᠯᠭᠡ ᠪᠠ ᠪᠦᠬᠦ ᠬᠤᠰᠢᠭᠤᠨ ᠤ ᠠᠷᠡᠳ ᠲᠦᠮᠡᠨ ᠤ ᠬᠠᠮᠳᠤᠪᠠᠷ ᠪᠦᠯᠬᠦᠮᠳᠠᠨ | ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠤᠬᠡᠯᠡᠨ | ᠠᠪᠠᠭ᠎ᠠ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠶᠢᠨ ᠠᠵᠢᠯ ᠢ ᠬᠠᠯᠠᠮᠵᠢᠯᠠᠨ ᠲᠡᠮᠵᠢᠭᠰᠡᠬᠡᠷ ᠢᠷᠡᠭᠰᠡᠨ ᠡᠯ᠎ᠡ | ᠱᠠᠲᠤᠨ ᠤ᠂ ᠡᠯ᠎ᠡ ᠡᠲᠡᠭᠡᠳ ᠤᠨ᠂ ᠡᠯ᠎ᠡ ᠠᠵᠢᠯ ᠲᠦᠷᠦᠯ ᠤᠨ ᠨᠥᠬᠦᠳ᠂ ᠨᠠᠶᠢᠵᠠ ᠨᠠᠷ ᠲᠤ ᠪᠠᠨ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠲᠦᠭᠰᠢᠬᠦᠷᠢ ᠶᠢ ᠰᠡᠷᠬᠡᠶᠢᠯᠡᠪᠡᠯ ᠰᠠᠶ᠋ᠢ ᠠᠮᠤᠷ ᠲᠠᠶᠢᠪᠤᠡᠭ ᠢ ᠪᠠᠳᠤᠯᠠᠵᠤ᠂ ᠬᠦᠴᠢᠷ ᠪᠠᠷᠬᠡᠰᠢᠶᠠᠯ ᠢ ᠲᠤᠭᠤᠯᠪᠠᠯ | ᠰᠠᠶ᠋ᠢ ᠢᠯᠠᠯᠳᠠ ᠳᠤ ᠬᠦᠷᠴᠤ ᠲᠠᠶᠢᠯᠬᠦ ᠨᠢ ᠭᠠᠷᠴᠠᠭ᠎ᠠ ᠦᠬᠡᠢ᠃ ᠢᠷᠡᠬᠡᠳᠤᠢ ᠶᠢᠨ ᠬᠠᠷᠠᠯᠳᠠ ᠡᠬᠦᠷᠬᠡ ᠶᠢ | ᠪᠠᠶᠠᠯᠠᠬᠦᠯᠬᠦ ᠶᠠᠪᠤᠴᠠ ᠳᠤ ᠪᠠᠰᠠ ᠴᠥᠭᠡᠨ ᠪᠤᠰᠤ ᠠᠰᠠᠭᠤᠳᠠᠯ ᠪᠠ ᠥᠷᠢᠰᠥᠯᠳᠦᠭᠡᠨ ᠲᠤᠯᠭᠠᠷᠠᠵᠤ ᠪᠠᠶᠢᠬᠤ ᠶᠢ ᠪᠢᠳᠡ | ᠰᠡᠷᠭᠡᠭ ᠢᠶᠠᠷ ᠲᠠᠨᠢᠬᠤ ᠴᠢᠬᠤᠯᠠᠳᠡᠢ ᠪᠠᠶᠢᠨ᠎ᠠ᠄ ᠲᠤᠬᠠᠶᠢᠯᠠᠪᠠᠯ ᠠᠵᠤ ᠦᠢᠯᠡᠰ ᠤᠨ ᠪᠦᠲᠦᠴᠡ ᠲᠠᠩ ᠴᠤᠯᠭᠤᠢ᠂ | ᠠᠵᠤ ᠦᠢᠯᠡᠰ ᠤᠨ ᠬᠢᠷᠢ ᠲᠦᠪᠰᠢᠨ ᠳᠣᠣᠷ᠎ᠠ ᠪᠠᠶᠢᠵᠤ᠂ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢᠨ | ᠡᠭᠦᠷᠭᠡ ᠬᠦᠨᠳᠦ ᠵᠠᠮ ᠬᠤᠯᠠ ᠪᠠᠶᠢᠨ᠎ᠠ︔ ᠰᠢᠨ᠎ᠡ ᠪᠠᠷ ᠮᠠᠡᠳᠤᠭᠰᠡᠨ ᠦᠢᠯᠡᠴᠢᠯᠡᠭᠡᠨ ᠤ ᠦᠢᠯᠡᠰ ᠤᠨ ᠬᠥᠭᠵᠢᠯᠲᠡ | ᠭᠦᠢᠴᠡᠳ ᠪᠤᠰᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠦᠭᠰᠢᠭᠦᠷᠢ ᠶᠢ ᠠᠷᠭᠠᠴᠠᠬᠤ ᠴᠢᠳᠠᠪᠤᠷᠢ ᠨᠡᠯᠢᠶᠡᠳ | ᠪᠠᠭᠤᠷᠠᠶ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ ᠪᠠᠶᠢᠵᠤ᠂ ᠥᠷᠢ ᠥᠭᠴᠡᠭᠡ ᠶᠢ | ᠰᠢᠢᠳᠪᠤᠷᠢᠯᠡᠬᠦ ᠠᠵᠢᠯ ᠪᠠᠴᠢᠮ ᠲᠤᠯᠭᠠᠮ᠎ᠠ︔ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ | ᠡᠨᠧᠷᠭᠢ ᠶᠢᠨ ᠬᠤᠷᠣᠭᠳᠠᠯ ᠤᠨ ᠬᠤᠣᠰ ᠬᠢᠵᠠᠭᠠᠷᠯᠠᠯ ᠤᠨ ᠳᠠᠷᠤᠯᠲᠠ ᠨᠡᠮᠡᠭᠳᠡᠵᠦ᠂ ᠡᠯ᠎ᠡ ᠲᠠᠯ᠎ᠠ ᠶᠢᠨ ᠴᠢᠳᠠᠪᠤᠷᠢᠲᠠᠨ | ᠶᠡᠬᠡᠪᠡᠷ ᠳᠤᠲᠠᠭᠳᠠᠵᠤ᠂ ᠦᠢᠯᠡᠰ ᠡᠷᠬᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠬᠤ | ᠴᠢᠬᠤᠯᠠᠲᠠᠶ︔ ᠬᠤᠲᠠ ᠪᠠᠯᠭᠠᠰᠤᠵᠢᠯᠲᠠ ᠶᠢᠨ ᠬᠢᠷᠢ ᠲᠦᠪᠰᠢᠨ ᠠᠨᠠᠢ᠂ ᠨᠡᠶᠢᠭᠡᠮ ᠤᠨ ᠠᠷᠠᠳ ᠤᠨ ᠠᠮᠢᠳᠤᠷᠠᠯ ᠤᠨ | ᠬᠡᠪᠴᠢᠶᠠᠨ ᠳᠠᠬᠢ ᠳᠤᠲᠠᠭᠤᠳᠠᠯ ᠢ ᠲᠦᠷᠬᠡᠳᠬᠡᠨ ᠰᠢᠢᠳᠪᠤᠷᠢᠯᠡᠬᠦ ᠴᠢᠬᠤᠯᠠᠳᠡᠢ ᠪᠠᠶᠢᠨ᠎ᠠ᠃ ᠡᠳᠡᠬᠡᠷ ᠠᠰᠠᠭᠤᠳᠠᠯ ᠪᠠ | ᠥᠷᠢᠰᠥᠯᠳᠦᠭᠡᠨ ᠳᠤ ᠬᠠᠨᠳᠤᠭᠤᠯᠤᠨ ᠨᠠᠷᠢᠨ ᠨᠢᠮᠪᠠᠢ ᠰᠤᠳᠤᠯᠤᠨ ᠪᠠᠶᠢᠷᠢᠯᠠᠭᠤᠯᠵᠤ᠂ ᠨᠠᠩ ᠪᠤᠳᠠᠳᠡᠢ ᠠᠷᠭ᠎ᠠ ᠬᠡᠮᠵᠢᠶ᠎ᠠ | ᠠᠪᠴᠤ᠂ ᠦᠷ᠎ᠠ ᠪᠦᠳᠤᠮᠵᠢ ᠭᠠᠷᠭᠠᠵᠤ᠂ ᠤᠯᠠᠨ ᠲᠦᠮᠡᠨ ᠤ ᠢᠳᠡᠬᠡᠯ ᠬᠦᠷᠢᠶᠠᠯᠠᠯ ᠢ ᠤᠯᠵᠤ ᠲᠠᠶᠢᠯᠤᠨ᠎ᠠ ᠬᠡᠳᠡᠭ | ᠲᠤ ᠢᠳᠡᠬᠡᠯ ᠲᠠᠬᠦᠯᠳᠡᠷ ᠪᠠᠶᠢᠨ᠎ᠠ᠃ | ᠬᠤᠶᠠᠷ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠭᠤᠣᠯ | ᠬᠠᠷᠠᠯᠳᠠ ᠡᠭᠦᠷᠭᠡ ᠪᠠ 2021 ᠣᠨ ᠤ ᠭᠤᠣᠯᠳᠠᠯᠭ᠎ᠠ ᠲᠠᠢ ᠠᠵᠢᠯ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ | ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ | ᠲᠡᠮᠡᠴᠡᠬᠦ ᠬᠠᠷᠠᠯᠲᠠ ᠳᠠᠰᠢ ᠤᠷᠤᠭᠰᠢᠯᠠᠬᠤ ᠠᠩᠬᠠᠨ ᠤ ᠲᠠᠪᠤᠨ ᠵᠢᠯ ᠮᠦᠷᠳᠡᠬᠡᠨ ᠮᠠᠨ ᠤ ᠬᠤᠰᠢᠭᠤᠨ ᠤ | ᠳᠠᠪᠠᠭᠤᠯᠢᠭ ᠢᠶᠠᠨ ᠪᠠᠲᠤᠳᠬᠠᠨ᠂ ᠳᠤᠲᠠᠭᠤᠳᠠᠯ ᠢᠶᠠᠨ ᠨᠥᠬᠦᠪᠥᠷᠢᠯᠡᠵᠦ᠂ ᠴᠢᠨᠠᠷ ᠰᠠᠶᠢᠲᠠᠶ ᠬᠥᠭᠵᠢᠯᠲᠡ ᠶᠢ | ᠲᠦᠷᠭᠡᠳᠬᠡᠬᠦ ᠴᠢᠬᠤᠯᠠ ᠠᠵᠠ ᠲᠤᠬᠢᠶᠠᠯ ᠤᠨ ᠬᠤᠭᠤᠴᠠᠭ᠎ᠠ ᠮᠥᠨ᠃ ᠳᠡᠭᠡᠳᠦ ᠱᠠᠲᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠱᠠᠭᠠᠷᠳᠠᠯᠭ᠎ᠠ ᠶᠢ ᠦᠨᠳᠦᠰᠦᠯᠡᠨ᠂ ᠪᠢᠳᠡ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠱᠠᠭᠠᠷᠳᠠᠯᠭ᠎ᠠ᠂ ᠭᠤᠤᠯ ᠵᠢᠱᠢᠭᠰᠡᠨ ᠬᠠᠷᠠᠯᠲᠠ ᠪᠠ | ᠭᠤᠤᠯᠳᠠᠯᠭ᠎ᠠ ᠲᠠᠢ ᠡᠭᠦᠷᠭᠡ ᠶᠢ ᠲᠣᠭᠲᠠᠭᠠᠵᠤ᠂ ︽ᠠᠪᠠᠭ᠎ᠠ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠥᠲᠥᠯᠪᠦᠷᠢ ︵ | ᠲᠥᠰᠦᠯ︶︾ ᠳᠤ ᠪᠥᠬᠦ ᠲᠠᠯ᠎ᠠ ᠪᠠᠷ ᠲᠤᠰᠬᠠᠵᠤ᠂ ᠲᠣᠰ ᠤᠳᠠᠭᠠᠨ ᠤ ᠶᠡᠭᠡ ᠬᠤᠷᠠᠯ ᠳᠤ ᠳᠡᠪᠰᠢᠭᠦᠯᠦᠨ ᠬᠢᠨᠠᠨ | ᠵᠦᠪᠯᠡᠬᠦᠯᠬᠦ ᠪᠤᠯᠤᠨ᠎ᠠ᠃ | ᠰᠢᠨ᠎ᠡ ᠴᠠᠭ ᠦᠶ᠎ᠠ ᠶᠢᠨ ᠰᠢᠨ᠎ᠡ ᠬᠠᠷᠠᠯᠲᠠ ᠡᠬᠦᠷᠬᠡ ᠳᠤ ᠴᠢᠭᠯᠡᠬᠦᠯᠤᠨ᠂ ᠰᠢᠨ᠎ᠡ ᠠᠶᠠᠨ ᠢ ᠡᠬᠢᠯᠡᠬᠦᠯᠬᠦ ᠳᠤ | ᠪᠢᠳᠡ ᠡᠷᠬᠡᠪᠰᠢ ᠨᠠᠮ ᠤᠨ ᠲᠥᠪ ᠬᠤᠷᠢᠶᠠᠨ ᠤ ᠰᠢᠢᠳᠪᠤᠷᠢ ᠪᠠᠶᠢᠷᠢᠯᠠᠭᠤᠯᠤᠯᠳᠠ ᠶᠢ ᠡᠷᠡᠰ ᠲᠤᠤᠱᠯᠠᠭᠤᠯᠵᠤ᠂ | ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ᠪᠠ ︽ᠨᠢᠭᠡ | ᠪᠠᠬᠢᠯᠡᠯᠲᠡ︾ ᠶᠢᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ᠠᠵᠠ ᠲᠣᠬᠢᠶᠠᠯ ᠤᠨ ᠤᠬᠠᠮᠰᠠᠷ | ᠪᠣᠯᠤᠨ ᠲᠦᠭᠰᠢᠭᠦᠷᠢ ᠶᠢᠨ ᠤᠬᠠᠮᠰᠠᠷ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠬᠤ ᠪᠠ ᠤᠯᠤᠰ ᠤᠨ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠬᠡᠪᠡᠷ ᠨᠡᠭᠡᠭᠡᠨ | ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠬᠦ᠂ ᠶᠠᠳᠠᠭᠤ ᠬᠦᠴᠢᠷᠳᠡᠯᠲᠡᠢ ᠭᠠᠵᠠᠷ ᠣᠷᠣᠨ᠂ | ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ ᠣᠷᠣᠨ ᠤ ᠦᠷᠨᠢᠩᠬᠦᠢ ᠬᠥᠭᠵᠢᠯᠲᠡ ᠶᠢ | ᠳᠡᠮᠵᠢᠬᠦ ᠵᠡᠷᠭᠡ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠢ ᠡᠵᠡᠮᠳᠡᠬᠦ ᠶᠢᠨ ᠬᠠᠮᠳᠤ ᠪᠢᠳᠡᠨ ᠳᠤ ᠲᠤᠯᠭᠠᠷᠠᠵᠤ | ᠪᠠᠶᠢᠭ᠎ᠠ ᠳᠣᠲᠣᠭᠠᠳᠤ ᠭᠠᠳᠠᠭᠠᠳᠤ ᠶᠢᠨ ᠣᠷᠴᠢᠨ ᠨᠦᠬᠦᠴᠠᠯ ᠢ ᠪᠦᠬᠦ ᠲᠠᠯ᠎ᠠ ᠪᠠᠷ᠂ ᠬᠤᠪᠢᠰᠤᠩᠭᠤᠢ ᠪᠠᠷ ᠵᠠᠳᠠᠯᠤᠨ | ᠰᠤᠳᠤᠯᠵᠤ᠂ ᠤᠳᠤᠬᠢ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠲᠤᠭᠳᠠᠭᠠᠵᠤ᠂ ᠬᠠᠷᠢᠴᠠᠩᠭᠤᠢ ᠳᠠᠪᠠᠭᠤᠯᠢᠭ ᠢᠶᠠᠨ | ᠪᠠᠳᠠᠷᠠᠭᠤᠯᠵᠤ᠂ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠭᠳᠠᠭᠠᠯᠳᠠ ᠪᠠᠨ ᠪᠠᠷᠢᠮᠳᠠᠯᠠᠵᠤ᠂ ᠲᠡᠮᠡᠴᠡᠯ ᠤᠨ ᠵᠣᠷᠢᠭ | ᠰᠠᠨᠠᠭ᠎ᠠ ᠪᠠᠨ ᠪᠠᠳᠠᠷᠠᠭᠤᠯᠤᠨ᠂ ᠬᠤᠷᠢᠭ᠎ᠠ ᠱᠤᠭᠤᠮ ᠤᠨ ᠰᠡᠳᠬᠢᠬᠦᠢ ᠶᠢ ᠪᠤᠢ ᠪᠣᠯᠭᠠᠵᠤ᠂ ᠬᠢᠮᠤᠷᠠᠯ ᠤᠨ ᠳᠤᠮᠳᠠ | ᠠᠵᠠ ᠲᠣᠬᠢᠶᠠᠯ ᠢ ᠡᠵᠡᠮᠳᠠᠵᠤ᠂ ᠬᠤᠪᠢᠰᠤᠯᠲᠠ ᠶᠢᠨ ᠳᠤᠮᠳᠠ ᠰᠢᠨ᠎ᠡ ᠪᠠᠶᠢᠳᠠᠯ ᠢ ᠪᠤᠢ ᠪᠣᠯᠭᠠᠬᠤ ᠪᠠᠷ ᠴᠢᠷᠮᠠᠶᠢᠨ᠎ᠠ᠃ | ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ ᠳᠣᠣᠷᠠᠬᠢ ᠬᠡᠳᠤᠨ ᠲᠠᠯ᠎ᠠ ᠶᠢᠨ ᠵᠠᠷᠴᠢᠮ ᠢ ᠪᠠᠷᠢᠮᠳᠠᠯᠠᠨ᠎ᠠ | ᠄ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠪᠠ ᠪᠦᠬᠦ ᠲᠠᠯ᠎ᠠ ᠶᠢᠨ ᠬᠠᠷᠠᠭᠠᠰᠤ ᠶᠢ ᠪᠠᠷᠢᠮᠲᠠᠯᠠᠬᠤ ᠬᠡᠷᠡᠭᠲᠡᠶ᠃ | ᠤᠯᠤᠰ᠂ ᠥᠪᠡᠷᠲᠡᠭᠡᠨ ᠵᠠᠰᠠᠬᠤ ᠣᠷᠣᠨ ᠪᠠ ᠪᠥᠬᠦ ᠠᠶᠢᠮᠠᠭ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠳᠤ ᠴᠢᠭᠯᠡᠭᠦᠯᠦᠨ᠂ ᠬᠥᠭᠵᠢᠯᠲᠡ ᠶᠢᠨ ᠠᠵᠠ ᠲᠣᠬᠢᠶᠠᠯ ᠢ ᠣᠨᠣᠪᠴᠢᠲᠠᠶ ᠡᠵᠡᠮᠳᠡᠵᠦ᠂ | ᠥᠷᠢᠰᠥᠯᠳᠦᠭᠡᠨ ᠢ ᠢᠳᠡᠬᠡᠯ ᠲᠡᠬᠦᠯᠳᠡᠷ ᠤᠭᠲᠤᠨ᠎ᠠ︔ ᠠᠵᠤ ᠠᠬᠤᠢ ᠶᠢᠨ ᠬᠥᠭᠵᠢᠯᠲᠡ ᠶᠢᠨ ᠶᠡᠭᠡ | ᠬᠤᠪᠢᠰᠤᠯᠲᠠ ᠶᠢᠨ ᠳᠤᠮᠳᠠ᠂ ᠲᠤᠰ ᠪᠡᠶ᠎ᠡ ᠶᠢᠨ ᠬᠥᠭᠵᠢᠯᠲᠡ ᠶᠢᠨ ᠴᠢᠭᠯᠡᠯ᠂ ᠬᠥᠭᠵᠢᠯᠲᠡ ᠶᠢᠨ ᠪᠠᠶᠢᠷᠢ | ᠲᠣᠭᠲᠠᠭᠠᠯᠲᠠ᠂ ᠬᠥᠭᠵᠢᠯᠲᠡ ᠶᠢᠨ ᠠᠷᠭ᠎ᠠ ᠵᠠᠮ ᠪᠣᠯᠤᠨ ᠬᠥᠭᠵᠢᠯᠲᠡ ᠶᠢᠨ ᠬᠠᠷᠠᠯᠲᠠ ᠪᠠᠨ ᠲᠤᠳᠤᠷᠬᠠᠶᠢᠯᠠᠨ᠎ᠠ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠨᠡᠨ ᠪᠣᠳᠠᠲᠠᠢ ᠶᠢ ᠴᠢᠬᠤᠯᠠᠴᠢᠯᠠᠨ᠎ᠠ᠃ ᠲᠤᠰ | ᠪᠡᠶ᠎ᠡ ᠶᠢᠨ ᠬᠥᠭᠵᠢᠯᠲᠡ ᠶᠢᠨ ᠰᠠᠭᠤᠷᠢ ᠪᠠ ᠪᠣᠳᠠᠲᠤ ᠪᠠᠶᠢᠳᠠᠯ ᠳᠤ ᠰᠠᠭᠤᠷᠢᠯᠠᠨ᠂ ᠣᠷᠣᠨ ᠪᠠᠶᠢᠷᠢ ᠶᠢᠨ ᠳᠠᠪᠠᠭᠤᠯᠢᠭ᠂ | ᠡᠬᠢ ᠪᠠᠶᠠᠯᠢᠭ ᠤᠨ ᠳᠠᠪᠠᠭᠤᠯᠢᠭ ᠪᠠ ᠵᠠᠮ ᠬᠠᠷᠢᠯᠴᠠᠭᠠᠨ ᠤ ᠳᠠᠪᠠᠭᠤᠯᠢᠭ ᠢᠶᠠᠨ ᠪᠠᠳᠠᠷᠠᠭᠤᠯᠵᠤ᠂ ᠬᠥᠭᠵᠢᠯᠲᠡ ᠶᠢᠨ | ᠴᠢᠬᠤᠯᠠ ᠶᠡᠭᠡ ᠠᠰᠠᠭᠤᠳᠠᠯ ᠢ ᠲᠤᠳᠤᠷᠬᠠᠶᠢᠯᠠᠵᠤ᠂ ᠬᠥᠭᠵᠢᠯᠲᠡ ᠶᠢᠨ ᠳᠤᠲᠠᠭᠤᠳᠠᠯ ᠪᠠ ᠬᠢᠵᠠᠭᠠᠷᠯᠠᠯ ᠢ | ᠲᠣᠳᠣᠷᠬᠠᠶᠢᠯᠠᠵᠤ᠂ ᠭᠠᠵᠠᠷ ᠣᠷᠣᠨ ᠤ ᠲᠠᠪᠠᠭᠤᠯᠢᠭ ᠢ ᠪᠠᠳᠠᠷᠠᠭᠤᠯᠣᠭᠰᠠᠨ ᠴᠢᠬᠤᠯᠠ ᠶᠡᠭᠡ ᠲᠦᠷᠦ ᠶᠢᠨ ᠪᠤᠳᠤᠯᠭ᠎ᠠ | ᠠᠷᠭ᠎ᠠ ᠬᠡᠮᠵᠢᠶ᠎ᠠ ᠶᠢ ᠲᠣᠭᠲᠠᠭᠠᠵᠤ᠂ ᠵᠠᠬ᠎ᠠ ᠳᠡᠯᠭᠡᠭᠦᠷ ᠪᠠ ᠬᠥᠭᠵᠢᠯᠲᠡ ᠲᠠᠢ ᠵᠣᠬᠢᠴᠠᠭᠰᠠᠨ ᠴᠢᠬᠤᠯᠠ ᠶᠡᠭᠡ | ᠢᠨᠵᠧᠨᠧᠷᠢᠩ᠂ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠵᠦ᠂ ᠬᠥᠭᠵᠢᠯᠲᠡ ᠶᠢᠨ ᠠᠰᠠᠭᠤᠳᠠᠯ ᠢ | ᠰᠢᠢᠳᠪᠦᠷᠢᠯᠡᠬᠦ᠂ ᠬᠥᠭᠵᠢᠯᠲᠡ ᠶᠢᠨ ᠶᠠᠪᠤᠴᠠ ᠶᠢ ᠰᠢᠯᠤᠭᠤᠳᠬᠠᠬᠤ ᠴᠢᠬᠤᠯᠠ ᠶᠡᠭᠡ ᠠᠷᠭ᠎ᠠ ᠪᠤᠳᠤᠯᠭ᠎ᠠ | ᠬᠡᠷᠡᠭᠵᠢᠭᠦᠯᠵᠦ᠂ ᠶᠡᠷᠦᠩᠬᠡᠶᠢᠯᠡᠭᠰᠡᠨ ᠪᠣᠳᠠᠲᠤ ᠬᠦᠴᠦᠨ ᠢ ᠴᠢᠩᠭᠠᠳᠬᠠᠨ᠎ᠠ︔ ᠠᠮᠢ ᠠᠬᠤᠶ ᠶᠢ ᠡᠩ ᠲᠡᠷᠢᠭᠦᠨ ᠳᠤ | ᠲᠠᠯᠪᠢᠨ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠨ᠎ᠠ᠃ ᠠᠮᠢ ᠠᠬᠤᠶ ᠶᠢᠨ ᠣᠷᠴᠢᠨ ᠲᠤᠭᠤᠷᠢᠨ ᠤ | ᠬᠠᠮᠠᠭᠠᠯᠠᠯᠲᠠ ᠪᠠ ᠠᠵᠤ ᠠᠬᠤᠶ ᠶᠢᠨ ᠬᠥᠭᠵᠢᠯᠲᠡ ᠶᠢᠨ ᠬᠠᠷᠢᠴᠠᠭ᠎ᠠ ᠶᠢ ᠵᠦᠢ ᠵᠤᠬᠢᠰᠳᠡᠢ ᠰᠢᠢᠳᠪᠤᠷᠢᠯᠡᠵᠤ᠂ | ᠪᠠᠶᠢᠭᠠᠯᠢ ᠶᠢᠨ ᠠᠮᠢ ᠠᠬᠤᠶ ᠶᠢ ᠰᠠᠶᠢᠲᠤᠷ ᠬᠠᠮᠠᠭᠠᠯᠠᠵᠤ᠂ ᠠᠵᠤ ᠦᠢᠯᠡᠰ ᠤᠨ ᠠᠮᠢ ᠠᠬᠤᠶ ᠶᠢ ᠰᠠᠶᠢᠲᠤᠷ | ᠬᠥᠭᠵᠢᠭᠦᠯᠵᠦ᠂ ᠨᠡᠶᠢᠭᠡᠮ ᠲᠣᠭᠤᠷᠢᠭ ᠤᠨ ᠣᠷᠴᠢᠨ ᠨᠥᠬᠦᠴᠡᠯ ᠢ ᠰᠠᠶᠢᠲᠤᠷ ᠪᠦᠳᠦᠭᠡᠨ ᠪᠠᠶᠢᠭᠤᠯᠵᠤ᠂ ᠪᠣᠬᠢᠷᠲᠤᠯ | ᠦᠭᠡᠢ ᠬᠥᠭᠵᠢᠯᠲᠡ ᠶᠢᠨ ᠠᠮᠢ ᠠᠬᠤᠶ ᠶᠢᠨ ᠬᠡᠯᠬᠢᠶᠠᠵᠢᠯ᠂ ᠠᠵᠤ ᠦᠢᠯᠡᠰ ᠤᠨ ᠬᠡᠯᠬᠢᠶᠠᠵᠢᠯ᠂ ᠬᠠᠩᠭᠠᠯᠭ᠎ᠠ ᠶᠢᠨ | ᠬᠡᠯᠬᠢᠶᠠᠵᠢᠯ᠂ ᠦᠷᠳᠡᠭ ᠤᠨ ᠬᠡᠯᠬᠢᠶᠠᠵᠢᠯ ᠶᠢ ᠪᠠᠶᠢᠭᠤᠯᠵᠤ᠂ ᠬᠤᠲᠠ ᠬᠥᠳᠡᠭᠡ ᠶᠢ ᠠᠭᠤᠰᠤᠯᠴᠠᠭᠤᠯᠤᠭᠰᠠᠨ᠂ | ᠣᠷᠣᠰᠢᠨ ᠰᠠᠭᠤᠷᠢᠰᠢᠬᠤ ᠳᠤ ᠲᠠᠭᠠᠯᠠᠮᠵᠢᠳᠡᠢ᠂ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠪᠣᠬᠢᠷᠲᠤᠯ ᠦᠭᠡᠢ | ᠬᠥᠭᠵᠢᠯᠲᠡ ᠶᠢᠨ ᠤᠷᠴᠢᠨ ᠢ ᠪᠤᠢ ᠪᠤᠯᠭᠠᠨ᠎ᠠ︔ ᠰᠢᠨ᠎ᠡ ᠶᠢ ᠡᠭᠦᠳᠬᠦ ᠪᠠᠷ ᠬᠥᠲᠥᠯᠥᠨ ᠵᠢᠯᠤᠭᠤᠳᠤᠭᠤᠯᠵᠤ᠂ | ᠨᠡᠬᠡᠬᠡᠯᠳᠡᠳᠤ ᠬᠦᠭᠵᠢᠯᠳᠠ ᠶᠢ ᠪᠠᠷᠢᠮᠲᠠᠯᠠᠨ᠎ᠠ᠃ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠭᠦᠨᠵᠡᠭᠡᠢ | ᠲᠤᠤᠱᠯᠠᠭᠤᠯᠵᠤ᠂ ᠰᠢᠨ᠎ᠡ ᠶᠢ ᠡᠭᠦᠳᠬᠦ ᠴᠢᠯᠤᠬᠡᠳᠡᠢ ᠶᠠᠪᠤᠯᠴᠠᠬᠤ ᠪᠠᠷ ᠦᠢᠯᠡᠳᠪᠦᠷᠢᠯᠡᠯ ᠤᠨ ᠡᠯᠧᠮᠧᠨ᠋ᠲ ᠶᠢ | ᠲᠦᠪᠯᠡᠷᠡᠬᠦᠯᠵᠤ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠤᠨ᠎ᠠ᠃ ᠤᠳᠤᠬᠢᠴᠢᠯᠠᠭᠰᠡᠨ | ᠮᠡᠷᠭᠡᠵᠢᠯ ᠢ ᠲᠡᠯᠬᠡᠷᠡᠬᠦᠯᠵᠤ᠂ ᠠᠮᠢᠳᠤ ᠪᠣᠳᠠᠰ ᠤᠨ ᠰᠢᠨᠵᠢᠯᠡᠬᠦ ᠮᠡᠷᠭᠡᠵᠢᠯ᠂ ᠪᠣᠬᠢᠷᠲᠤᠯ ᠥᠬᠡᠶ ᠮᠠᠯ ᠤᠨ ᠠᠰᠢᠭ ᠰᠢᠮ᠎ᠡ | ᠶᠢᠨ ᠪᠦᠳᠤᠬᠡᠭᠳᠡᠬᠦᠨ ᠡᠳ᠋ᠰᠢᠭᠦᠯᠬᠦ᠂ ᠤᠳᠤᠬᠢᠴᠢᠯᠠᠭᠰᠡᠨ ᠪᠠᠷᠠᠭᠠᠨ ᠤ ᠬᠦᠢᠯᠬᠡᠬᠡ᠂ ᠰᠣᠶᠣᠯ ᠵᠢᠭᠤᠯᠴᠢᠯᠠᠯ ᠵᠡᠷᠭᠡ | ᠠᠵᠤ ᠦᠢᠯᠡᠰ ᠢ ᠬᠥᠭᠵᠢᠭᠦᠯᠵᠦ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ | ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠤᠨ᠎ᠠ᠃ | ᠦᠬᠡᠳᠡᠯᠡᠬᠦ ᠵᠠᠮ ᠲᠤᠷᠠᠶᠢᠨ᠂ ᠦᠷᠨᠢᠩᠬᠦᠢ ᠬᠦᠭᠵᠢᠯᠳᠠ ᠬᠤᠷᠤᠶᠢᠯᠠᠭᠰᠡᠨ ᠢᠷᠡᠬᠦ ᠲᠠᠪᠤᠨ ᠵᠢᠯ ᠢᠶᠠᠨ | ᠪᠠᠷᠠᠯᠠᠬᠤᠶ᠎ᠠ᠂ ᠢᠲᠡᠭᠡᠯ ᠵᠣᠷᠢᠭ ᠲᠡᠭᠦᠯᠳᠡᠷ ᠪᠠᠶᠢᠨ᠎ᠠ᠃ ᠪᠢᠳᠠ ᠦᠷᠬᠦᠯᠵᠢᠯᠡᠨ ᠲᠠᠰᠪᠤᠷᠢ ᠬᠠᠳᠠᠭᠤᠵᠢᠯᠳᠡᠢ ᠪᠠᠷ ᠠᠳᠠᠯ | ᠦᠢᠯᠡᠰ ᠪᠤᠰᠬᠠᠬᠤ ᠵᠤᠷᠢᠭ ᠰᠠᠨᠠᠭ᠎ᠠ ᠶᠢ ᠪᠠᠳᠠᠷᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠵᠢᠭᠠᠪᠤᠷᠢ | ᠴᠤᠬᠤᠯᠪᠤᠷᠢ ᠶᠢᠨ ᠵᠤᠷᠢᠭ ᠰᠠᠨᠠᠭ᠎ᠠ ᠶᠢ ᠡᠷᠡᠰ ᠭᠤᠶᠢᠪᠢᠰᠢ ᠦᠭᠡᠢ ᠪᠠᠷᠢᠮᠳᠠᠯᠠᠵᠤ᠂ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ᠂ ᠭᠠᠪᠰᠢᠭᠠᠶᠢᠯᠠᠨ ᠠᠵᠢᠯᠯᠠᠳᠠᠭ ᠯᠠ ᠶᠤᠮ ᠪᠤᠯ ᠢᠷᠡᠬᠡᠳᠤᠢ ᠶᠢᠨ ᠲᠠᠪᠤᠨ ᠵᠢᠯ ᠤᠨ ᠬᠠᠷᠠᠯᠳᠠ ᠡᠬᠦᠷᠬᠡ | ᠪᠠᠨ ᠲᠡᠬᠦᠰ ᠠᠮᠵᠢᠯᠳᠠ ᠲᠠᠢ ᠪᠠᠶᠠᠯᠠᠬᠦᠯᠵᠤ᠂ ᠠᠪᠠᠭ᠎ᠠ ᠬᠤᠰᠢᠭᠤᠨ ᠤ ᠢᠷᠡᠬᠦ ᠮᠠᠷᠭᠠᠰᠢ ᠶᠢᠨ ᠬᠡᠷᠡᠯ ᠰᠠᠴᠤᠷᠠᠩᠭᠤᠢ | ᠬᠠᠭᠤᠳᠠᠰᠤ ᠶᠢ ᠪᠢᠴᠢᠭᠯᠡᠬᠦ ᠨᠢ ᠭᠠᠷᠴᠠᠭ᠎ᠠ ᠦᠬᠡᠢ︕ | 2021 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠤᠯᠬᠤ | ᠮᠦᠷᠳᠡᠬᠡᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ | ᠠᠶᠠᠨ ᠢ ᠡᠬᠢᠯᠡᠭᠦᠯᠬᠦ ᠵᠢᠯ ᠪᠤᠯᠬᠤᠷ ᠠᠵᠤ ᠠᠬᠤᠶ ᠨᠡᠶᠢᠭᠡᠮ ᠤᠨ ᠡᠯ᠎ᠡ ᠲᠦᠷᠤᠯ ᠤᠨ ᠠᠵᠢᠯ ᠢ ᠰᠠᠶᠢᠲᠤᠷ ᠬᠢᠬᠦ ᠨᠢ | ᠬᠦᠡᠳᠤ ᠴᠢᠬᠤᠯᠠ ᠠᠴᠢ ᠬᠤᠯᠪᠤᠭᠳᠠᠯ ᠲᠠᠢ᠃ ᠦᠨᠤ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ | ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ | ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠲᠣᠭᠲᠠᠭᠤᠨ ᠤ ᠲᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ | ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ | ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠᠷ ᠭᠤᠣᠯ ᠱᠤᠭᠤᠮ ᠪᠣᠯᠭᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ | ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ | ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠨ᠂ ᠰᠢᠰᠲ᠋ᠧᠮᠲᠦ | ᠦᠵᠡᠯᠲᠡ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠭᠵᠢᠯᠲᠡ ᠪᠠ ᠠᠮᠤᠷ ᠲᠦᠪᠰᠢᠨ ᠢ ᠨᠡᠩ | ᠰᠠᠶᠢᠲᠤᠷ ᠨᠢᠭᠡᠳᠦᠯᠲᠡᠶ ᠲᠦᠯᠤᠪᠵᠢᠬᠦᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ | ᠬᠤᠷᠸ᠎ᠠ ᠲᠦᠷᠦ ᠶᠢᠨ ᠪᠤᠳᠤᠯᠭ᠎ᠠ ᠶᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠤᠨᠤᠪᠴᠢᠳᠡᠢ ᠬᠡᠷᠡᠭᠵᠢᠭᠦᠯᠵᠦ᠂ ᠠᠵᠤ | ᠠᠬᠤᠶ ᠶᠢᠨ ᠡᠷᠬᠢᠯᠳᠡ ᠶᠢ ᠵᠦᠢ ᠵᠣᠬᠢᠰᠲᠠᠶ ᠣᠷᠣᠨ ᠵᠠᠢ ᠳᠤ ᠪᠠᠶᠢᠯᠭᠠᠬᠤ ᠶᠢ ᠴᠢᠷᠮᠠᠶᠢᠨ ᠪᠠᠲᠤᠯᠠᠵᠤ᠂ ᠳᠣᠲᠣᠭᠠᠳᠤ | ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠤᠳᠤᠯᠭ᠎ᠠ ᠶᠢ ᠪᠠᠲᠤᠯᠠᠨ᠂ ᠰᠢᠨᠵᠢᠯᠡᠬᠦ ᠤᠬᠠᠭᠠᠨ ᠮᠡᠷᠭᠡᠵᠢᠯ ᠤᠨ | ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢᠯᠠᠯ ᠢ ᠴᠢᠩᠭᠠᠳᠬᠠᠵᠤ᠂ ᠥᠨᠳᠥᠷ ᠬᠢᠷᠢ ᠲᠦᠪᠰᠢᠨ ᠪᠦᠬᠦᠢ ᠭᠠᠳᠠᠭᠰᠢ | ᠨᠡᠭᠡᠭᠡᠯᠳᠡ ᠶᠢ ᠥᠷᠭᠡᠳᠬᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠤ ᠰᠠᠶᠢᠨ | ᠰᠠᠶᠢᠬᠠᠨ ᠡᠬᠢᠯᠡᠯᠳᠡ ᠲᠠᠯᠪᠢᠬᠤ ᠶᠢ ᠦᠨᠡᠡᠬᠦ ᠪᠠᠲᠤᠯᠠᠵᠤ᠂ ᠰᠢᠯᠢᠳᠡᠭ ᠬᠢᠷᠢ ᠪᠦᠳᠤᠮᠵᠢ ᠪᠠᠷ ᠨᠠᠮ ᠪᠠᠶᠢᠭᠤᠯᠤᠭᠳᠠᠭᠰᠠᠨ | 100 ᠵᠢᠯ ᠤᠨ ᠤᠢ ᠪᠠᠨ ᠤᠭᠳᠤᠨ ᠪᠠᠯᠬᠡᠯᠡᠨᠠ᠃ | ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ | ᠭᠠᠵᠠᠷ ᠣᠷᠣᠨ ᠤ ᠦᠢᠯᠡᠳᠪᠤᠷᠢᠯᠡᠯ ᠤᠨ ᠶᠡᠷᠦᠩᠬᠡᠶ ᠥᠷᠲᠡᠭ ᠢ 5.5% ᠪᠠᠷ ᠨᠡᠮᠡᠭᠳᠡᠭᠦᠯᠦᠨ᠎ᠡ᠂ ᠡᠭᠦᠨ ᠳᠤ᠄ | ᠨᠢᠭᠡᠳᠦᠭᠡᠷ ᠠᠵᠤ ᠦᠢᠯᠡᠰ ᠢ 2.3%᠂ ᠬᠤᠶᠠᠳᠤᠭᠠᠷ ᠠᠵᠤ ᠦᠢᠯᠡᠰ ᠢ 8.8%᠂ ᠭᠤᠷᠪᠠᠳᠤᠭᠠᠷ ᠠᠵᠤ | ᠦᠢᠯᠡᠰ ᠢ 2.3% ᠪᠠᠷ ᠨᠡᠮᠡᠭᠳᠡᠭᠦᠯᠦᠨ᠎ᠡ᠃ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 45 | ᠳ᠋ᠦᠩᠰᠢᠭᠤᠷ ᠲᠥᠭᠦᠷᠢᠭ ᠪᠠᠶᠠᠯᠠᠬᠦᠯᠤᠨ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 2.25 | ᠳ᠋ᠦᠩᠰᠢᠭᠤᠷ ᠲᠥᠭᠦᠷᠢᠭ ᠲᠤ ᠬᠦᠷᠬᠡᠵᠤ᠂ ᠠᠳᠠᠯᠢ ᠬᠤᠭᠤᠴᠠᠭᠠᠨ ᠤ ᠬᠢ ᠠᠴᠠ 1.5% ᠪᠠᠷ ᠨᠡᠮᠡᠭᠳᠡᠭᠦᠯᠦᠨ᠎ᠡ᠃ | ᠨᠡᠶᠢᠭᠡᠮ ᠤᠨ ᠬᠡᠷᠡᠭᠯᠡᠭᠡᠨ ᠤ ᠪᠤᠳᠠᠰ ᠢ ᠵᠢᠵᠢᠭᠯᠡᠨ ᠪᠤᠷᠤᠯᠠᠭᠤᠯᠤᠭᠰᠡᠨ ᠶᠠᠷᠤᠩᠬᠡᠢ ᠬᠡᠮᠵᠢᠶ᠎ᠠ ᠶᠢ 5.1% ᠪᠠᠷ | ᠨᠡᠮᠡᠭᠳᠡᠬᠦᠯᠤᠨ᠎ᠠ᠃ ᠬᠤᠳᠠ ᠬᠥᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠤ ᠪᠤᠯᠬᠤᠶᠢᠴᠠ ᠣᠷᠣᠯᠭ᠎ᠠ ᠶᠢ ᠲᠤᠰ ᠲᠤᠰ 5.0% ᠪᠠ 6.2% ᠢᠶᠠᠷ ᠨᠡᠮᠡᠭᠳᠡᠭᠦᠯᠵᠦ᠂ ᠳᠡᠭᠡᠳᠦ | ᠱᠠᠲᠤᠨ ᠠᠴᠠ ᠪᠠᠭᠤᠯᠭᠠᠭᠰᠠᠨ ᠡᠨᠧᠷᠭᠢ ᠠᠷᠪᠢᠯᠠᠵᠤ ᠪᠤᠬᠢᠷᠳᠤᠯ ᠪᠠᠭᠠᠰᠬᠠᠬᠤ ᠪᠠ ᠪᠣᠬᠢᠷᠲᠤᠯ ᠪᠤᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠡᠷᠭᠡ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠪᠠᠶᠠᠯᠠᠬᠦᠯᠤᠨ᠎ᠠ᠃ | ᠡᠭᠦᠨ ᠤ ᠲᠤᠯᠠᠳᠠ᠂ ᠳᠣᠣᠷᠠᠬᠢ ᠬᠡᠳᠤᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠠ᠃ | ︵ᠨᠢᠭᠡ︶ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ | ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠠ ᠶᠢ ᠥᠷᠭᠡᠳᠬᠡᠵᠤ᠂ ᠮᠠᠯᠵᠢᠬᠤ ᠣᠷᠣᠨ ᠢ ᠪᠦᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠤᠨ᠎ᠠ᠃ | ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠰᠢᠨ᠎ᠡ ᠴᠠᠭ ᠦᠶ᠎ᠡ ᠶᠢᠨ ︽ᠭᠤᠷᠪᠡᠨ ᠮᠠᠯᠵᠢᠯ︾ ᠤᠨ | ᠠᠵᠢᠯ ᠤᠨ ᠶᠡᠷᠦᠩᠬᠡᠶ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ | ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠂ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠲᠠᠢ | ᠪᠦᠲᠦᠮᠵᠢᠲᠡᠶ ᠵᠣᠯᠭᠠᠭᠤᠯᠬᠤ ᠶᠢ ᠠᠬᠢᠭᠤᠯᠤᠨ᠎ᠠ᠃ ᠨᠢᠭᠡ ᠳᠤ᠂ ᠤᠳᠤᠬᠢᠴᠢᠯᠠᠭᠰᠡᠨ ᠮᠠᠯ ᠠᠵᠤ ᠠᠬᠤᠶ ᠶᠢᠨ ᠠᠵᠤ | ᠦᠢᠯᠡᠰ ᠤᠨ ᠲᠤᠭᠳᠠᠯᠴᠠᠭ᠎ᠠ ᠶᠢ ᠲᠡᠬᠦᠯᠳᠡᠷᠵᠢᠬᠦᠯᠤᠨ᠎ᠠ᠃ ᠦᠬᠡᠷ ᠤᠨ ᠦᠢᠯᠡᠰ ᠢ ᠬᠦᠴᠦᠷᠬᠡᠭᠵᠢᠭᠦᠯᠤᠨᠠ᠃ ᠮᠢᠬᠠᠨ | ᠤ ᠦᠬᠡᠷ ᠤᠨ ᠡᠭᠦᠯᠳᠡᠷ ᠰᠠᠶᠢᠵᠢᠷᠠᠭᠤᠯᠬᠤ ᠠᠵᠢᠯ ᠢ ᠶᠡᠬᠡᠪᠡᠷ ᠦᠷᠨᠢᠬᠦᠯᠤᠨ᠂ ᠮᠢᠬᠠᠨ ᠤ ᠦᠬᠡᠷ ᠪᠤᠷᠳᠤᠨ | ᠲᠠᠷᠭᠤᠯᠠᠭᠤᠯᠬᠤ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠪᠦᠬᠦ | ᠠᠵᠤ ᠦᠢᠯᠡᠰ ᠤᠨ ᠬᠡᠯᠬᠢᠶᠠᠵᠢᠯ ᠢ ᠪᠠᠶᠢᠭᠤᠯᠵᠤ᠂ ᠪᠠᠶᠠᠨ ᠲᠠᠩᠰᠤᠭ᠂ ᠷᠦᠨ ᠨᠢᠤ ᠮᠠᠯ ᠠᠵᠤ ᠠᠬᠤᠶ ᠶᠢᠨ | ᠰᠢᠨᠵᠢᠯᠡᠬᠦ ᠮᠡᠷᠭᠡᠵᠢᠯ ᠤᠨ ᠰᠠᠭᠤᠷᠢᠨ ᠭᠠᠵᠠᠷ ᠲᠤ ᠲᠦᠰᠢᠭᠯᠡᠨ᠂ ︽ᠠᠵᠤ ᠠᠬᠤᠶᠢᠯᠠᠯ + ᠰᠠᠭᠤᠷᠢᠨ ᠭᠠᠵᠠᠷ + | ᠲᠡᠵᠢᠭᠡᠨ ᠦᠷᠡᠵᠢᠭᠦᠯᠬᠦ ᠡᠷᠦᠬᠡ︾ ᠶᠢᠨ ᠵᠠᠭᠪᠤᠷ ᠢ ᠠᠰᠢᠭᠯᠠᠨ᠂ ᠤᠳᠤᠬᠢᠴᠢᠯᠠᠭᠰᠡᠨ ᠮᠢᠬᠠᠨ ᠤ ᠦᠬᠡᠷ ᠤᠨ ᠠᠵᠤ | ᠦᠢᠯᠡᠰ ᠤᠨ ᠬᠥᠭᠵᠢᠯᠲᠡ ᠳᠤ ᠵᠣᠬᠢᠴᠠᠭᠰᠠᠨ ᠦᠷ᠎ᠠ ᠶᠢᠨ ᠮᠠᠯ ᠪᠤᠶᠢᠵᠢᠭᠤᠯᠬᠤ᠂ ᠲᠡᠵᠢᠬᠡᠨ ᠦᠷᠡᠵᠢᠭᠦᠯᠬᠦ᠂ ᠡᠬᠦᠯᠳᠡᠷ | ᠰᠠᠶᠢᠵᠢᠷᠠᠭᠤᠯᠬᠤ᠂ ᠬᠢᠵᠢᠭ ᠰᠡᠷᠭᠡᠶᠢᠯᠡᠬᠦ ᠨᠡᠶᠢᠭᠡᠮᠴᠢᠯᠡᠭᠰᠡᠨ ᠦᠢᠯᠡᠴᠢᠯᠡᠬᠡᠨ ᠤ ᠲᠤᠭᠳᠠᠯᠴᠠᠭ᠎ᠠ ᠶᠢ ᠪᠠᠶᠢᠭᠤᠯᠵᠤ᠂ | ᠦᠷ᠎ᠠ ᠶᠢᠨ ᠮᠠᠯ ᠬᠠᠩᠭᠠᠬᠤ ᠴᠢᠳᠠᠪᠤᠷᠢ ᠪᠠ ᠴᠢᠨᠠᠷ ᠴᠢᠡᠰᠠᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠵᠢᠯ ᠤᠨ | ᠳᠣᠲᠣᠷ᠎ᠠ 2000 ᠲᠣᠯᠣᠭᠠᠶ ᠠᠴᠠ ᠳᠡᠭᠡᠭᠰᠢ ᠰᠠᠶᠢᠨ ᠡᠭᠦᠯᠳᠡᠷ ᠤᠨ ᠮᠢᠬᠠᠨ ᠤ ᠦᠬᠡᠷ ᠣᠷᠣᠭᠤᠯᠵᠤ᠂ ᠡᠭᠦᠯᠳᠡᠷ | ᠰᠠᠶᠢᠵᠢᠷᠠᠭᠤᠯᠤᠭᠰᠡᠨ ᠨᠤᠷᠮ᠎ᠠ ᠶᠢ 96% ᠠᠴᠠ ᠳᠡᠭᠡᠭᠰᠢ ᠳᠤ ᠬᠦᠷᠬᠡᠵᠤ᠂ ᠰᠢᠯᠢᠳᠡᠭ ᠡᠭᠦᠯᠳᠡᠷ ᠤᠨ ᠬᠠᠷᠢᠴᠠᠯ ᠢ | 30% ᠠᠴᠠ ᠳᠡᠭᠡᠭᠰᠢ ᠳᠤ ᠬᠦᠷᠬᠡᠨ᠎ᠠ︔ 100 ᠲᠣᠯᠣᠭᠠᠶ ᠠᠴᠠ ᠳᠡᠭᠡᠭᠰᠢᠬᠢ ᠲᠤᠭᠤᠯ ᠪᠢᠷᠠᠭᠤ ᠰᠤᠩᠭᠤᠨ | ᠮᠠᠯᠵᠢᠬᠤ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ 10 ᠶᠢ ᠪᠤᠶᠢᠵᠢᠭᠤᠯᠵᠤ᠂ 1000 | ᠲᠣᠯᠣᠭᠠᠶ ᠠᠴᠠ ᠳᠡᠭᠡᠭᠰᠢᠬᠢ ᠮᠢᠬᠠᠨ ᠤ ᠦᠬᠡᠷ ᠪᠣᠷᠳᠣᠵᠤ ᠲᠠᠷᠭᠤᠯᠠᠭᠤᠯᠬᠤ ᠰᠠᠭᠤᠷᠢᠨ ᠭᠠᠵᠠᠷ 1 ᠶᠢ ᠰᠢᠨ᠎ᠡ ᠪᠠᠷ | ᠪᠠᠶᠢᠭᠤᠯᠤᠨ᠎ᠠ᠃ ᠬᠤᠨᠢᠨ ᠤ ᠦᠢᠯᠡᠰ ᠢ ᠰᠢᠯᠢᠳᠡᠭᠵᠢᠬᠦᠯᠤᠨ᠎ᠠ᠃ ᠰᠢᠯᠢ ᠶᠢᠨ ᠭᠤᠤᠯ ᠬᠤᠨᠢᠨ ᠤ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠠᠶᠢᠭᠤᠯᠤᠯᠲᠠ ᠲᠠᠢ ᠢᠳᠡᠪᠬᠢᠲᠡᠶ ᠠᠭᠤᠰᠤᠯᠴᠠᠭᠤᠯᠤᠨ᠂ ᠮᠢᠬᠠᠨ | ᠤ ᠬᠤᠨᠢᠨ ᠤ ᠡᠭᠦᠯᠳᠡᠷ ᠰᠠᠶᠢᠵᠢᠷᠠᠭᠤᠯᠬᠤ ᠠᠵᠢᠯ ᠢ ᠠᠬᠢᠭᠤᠯᠣᠨ᠂ ᠣᠷᠣᠨ ᠨᠤᠲᠤᠭ ᠤᠨ ᠰᠢᠯᠢᠳᠡᠭ ᠡᠭᠦᠯᠳᠡᠷ ᠢ | ᠰᠣᠩᠭᠤᠨ ᠪᠤᠶᠢᠵᠢᠭᠤᠯᠬᠤ ᠶᠢ ᠰᠠᠶᠢᠲᠤᠷ ᠠᠳᠬᠤᠵᠤ᠂ ᠵᠢᠯ ᠤᠨ ᠳᠣᠲᠣᠷ᠎ᠠ ᠮᠢᠬᠠᠨ ᠤ ᠬᠤᠨᠢᠨ ᠤ 20 | ᠭᠤᠤᠯᠳᠠᠯᠭᠠᠳᠤ ᠰᠦᠷᠦᠭ ᠢ ᠰᠢᠨ᠎ᠡ ᠪᠠᠷ ᠪᠠᠶᠢᠭᠤᠯᠤᠨ᠎ᠠ᠃ ᠵᠢᠯ ᠳᠤ 3000 ᠬᠤᠴᠠ ᠬᠠᠩᠭᠠᠬᠤ ᠨᠦᠬᠦᠴᠠᠯ ᠢ | ᠪᠦᠷᠢᠯᠳᠤᠬᠦᠯᠤᠨ᠂ ᠪᠦᠬᠦᠨ ᠢ ᠣᠨᠴᠠ ᠲᠠᠰ᠂ ᠨᠢᠭᠡᠳᠦᠭᠡᠷ ᠳᠡᠰ ᠤᠨ ᠪᠠᠷᠢᠮᠵᠢᠶᠠᠨ ᠳᠤ ᠬᠦᠷᠬᠡᠨ᠎ᠠ᠃ ᠲᠠᠯ᠎ᠠ | ᠨᠤᠲᠤᠭ ᠤᠨ ᠮᠢᠬᠠᠨ ᠤ ᠬᠤᠨᠢᠨ ᠤ ᠠᠵᠤ ᠦᠢᠯᠡᠰ ᠤᠨ ᠰᠦᠷᠦᠭᠵᠢᠯ ᠤᠨ ᠬᠥᠭᠵᠢᠯᠲᠡ ᠶᠢᠨ ᠲᠥᠷᠥᠯ ᠵᠥᠢᠯ ᠢ | ᠬᠡᠷᠡᠭᠵᠢᠬᠦᠯᠵᠤ᠂ ᠪᠠᠷᠢᠮᠵᠢᠶᠠᠵᠢᠭᠰᠡᠨ ᠰᠦᠷᠦᠭ ᠪᠣᠯᠤᠨ ᠭᠤᠤᠯᠳᠠᠯᠭᠠᠳᠤ ᠰᠦᠷᠦᠭ ᠤᠨ ᠪᠥᠲᠥᠭᠡᠨ ᠪᠠᠶᠢᠭᠤᠯᠤᠯᠲᠠ ᠶᠢ | ᠥᠷᠭᠡᠳᠬᠡᠨ᠂ ᠰᠢᠨ᠎ᠡ ᠪᠠᠷ ᠲᠡᠵᠢᠬᠡᠨ ᠦᠷᠡᠵᠢᠬᠦᠯᠬᠦ ᠰᠠᠭᠤᠷᠢᠨ 1 ᠶᠢ ᠪᠠᠶᠢᠭᠤᠯᠵᠤ᠂ ᠡᠮ᠎ᠡ ᠬᠤᠨᠢᠨ ᠤ ᠬᠠᠷᠢᠴᠠᠯ ᠢ | ᠰᠢᠯᠢᠳᠡᠭᠵᠢᠭᠦᠯᠵᠦ᠂ ᠡᠮ᠎ᠡ ᠬᠤᠨᠢᠨ ᠤ ᠬᠠᠷᠢᠴᠠᠯ ᠢ 85% ᠠᠴᠠ ᠳᠡᠭᠡᠭᠰᠢ ᠳᠤ ᠬᠦᠷᠬᠡᠬᠦ ᠶᠢ ᠪᠠᠲᠤᠯᠠᠨ᠂ ᠬᠤᠴᠠ | ᠪᠠ ᠡᠮ᠎ᠠ ᠬᠤᠨᠢᠨ ᠤ ᠬᠠᠷᠢᠴᠠᠯ ᠢ 1᠄ 35 ᠶᠢᠨ ᠳᠣᠲᠣᠷ᠎ᠠ ᠪᠠᠶᠢᠯᠭᠠᠬᠤ ᠶᠢ ᠪᠠᠲᠤᠯᠠᠵᠤ᠂ ᠡᠪᠦᠯ ᠬᠠᠪᠤᠷ ᠤᠨ ᠡᠷᠳᠡ | ᠶᠢᠨ ᠲᠦᠯ ᠲᠣᠰᠬᠤ ᠶᠢ ᠦᠷᠭᠦᠯᠵᠢᠯᠡᠨ ᠵᠣᠷᠢᠭᠵᠢᠭᠤᠯᠵᠤ᠂ ᠤᠷᠢᠳᠴᠢᠯᠠᠨ ᠵᠠᠷᠤᠴᠠᠭᠤᠯᠵᠤ ᠡᠳ᠋ᠰᠢᠭᠦᠯᠦᠭᠰᠡᠨ | ᠬᠡᠮᠵᠢᠶ᠎ᠡ ᠶᠢ 10 ᠲᠦᠮᠡ ᠠᠴᠠ ᠳᠡᠭᠡᠭᠰᠢ ᠳᠤ ᠬᠦᠷᠬᠡᠵᠤ᠂ ᠤᠯᠠᠷᠢᠯ ᠰᠤᠯᠪᠢᠴᠠᠨ ᠵᠠᠷᠤᠴᠠᠭᠤᠯᠬᠤ᠂ ᠲᠡᠩᠴᠡᠭᠦᠷᠢᠲᠡᠶ | ᠡᠳ᠋ᠰᠢᠬᠦᠯᠬᠦ ᠪᠠᠷ ᠲᠠᠮᠵᠢᠨ ᠰᠢᠨ᠎ᠠ ᠰᠣᠷᠭᠤᠭ ᠢᠳᠡᠭᠡᠨ ᠢ ᠵᠠᠬ᠎ᠠ ᠳᠡᠯᠭᠡᠭᠦᠷ ᠲᠤ ᠭᠠᠷᠭᠠᠬᠤ ᠶᠢ ᠠᠯᠬᠤᠮ ᠠᠯᠬᠤᠮ ᠢᠶᠠᠷ | ᠪᠡᠶᠡᠯᠡᠭᠦᠯᠦᠨ᠎ᠡ᠃ ᠠᠳᠤᠭᠤᠨ ᠤ ᠦᠢᠯᠡᠰ ᠢ ᠨᠠᠷᠢᠯᠢᠭᠵᠢᠭᠤᠯᠣᠨ ᠬᠦᠭᠵᠢᠬᠦᠯᠣᠨ᠎ᠠ᠃ ᠮᠣᠩᠭᠤᠯ ᠠᠳᠤᠭᠤᠨ ᠤ | ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠦᠨ᠂ ᠠᠳᠤᠭᠤᠨ ᠤ ᠲᠤᠭ᠎ᠠ ᠲᠤᠯᠤᠭᠠᠢ ᠶᠢ 2 ᠲᠦᠮᠡ ᠠᠴᠠ | ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠵᠤ᠂ ᠠᠳᠤᠭᠤᠨ ᠰᠣᠶᠣᠯ ᠢ ᠦᠪᠯᠡᠨ ᠤᠯᠠᠮᠵᠢᠯᠠᠬᠤ 23 ᠡᠷᠦᠬᠡ ᠶᠢ | ᠪᠤᠶᠢᠵᠢᠭᠤᠯᠵᠤ᠂ ᠮᠣᠩᠭᠤᠯ ᠠᠳᠤᠭᠤᠨ ᠰᠣᠶᠣᠯ ᠤᠨ ᠠᠵᠤ ᠦᠢᠯᠡᠰ ᠤᠨ ᠰᠠᠭᠤᠷᠢᠨ ᠭᠠᠵᠠᠷ ᠤᠨ ᠪᠥᠲᠥᠭᠡᠨ | ᠪᠠᠶᠢᠭᠤᠯᠤᠯᠲᠠ ᠶᠢ ᠡᠬᠢᠯᠡᠭᠦᠯᠵᠦ᠂ ᠪᠠᠷᠢᠮᠵᠢᠶᠠᠵᠢᠭᠰᠡᠨ ᠴᠡᠭᠡ ᠡᠳ᠋ᠰᠢᠬᠦᠯᠬᠦ ᠡᠷᠤᠬᠡ 21 ᠶᠢ ᠪᠠᠶᠢᠭᠤᠯᠤᠨ᠎ᠠ︔ ︽ | ᠠᠪᠠᠭ᠎ᠠ ᠬᠠᠷ᠎ᠠ ᠠᠳᠤᠭᠤ︾ ᠶᠢᠨ ᠭᠠᠵᠠᠷ ᠵᠦᠶ ᠶᠢᠨ ᠲᠡᠮᠳᠡᠭᠳᠤ ᠪᠦᠲᠦᠭᠡᠭᠳᠡᠬᠦᠨ ᠤ ᠬᠠᠮᠠᠭᠠᠯᠠᠯᠲᠠ ᠶᠢᠨ ᠲᠥᠷᠥᠯ | ᠵᠥᠢᠯ ᠪᠠ ᠴᠡᠭᠡ ᠶᠢᠨ ᠭᠠᠵᠠᠷ ᠵᠦᠶ ᠶᠢᠨ ᠲᠡᠮᠳᠡᠭᠳᠤ ᠪᠦᠲᠦᠭᠡᠭᠳᠡᠬᠦᠨ ᠤ ᠬᠠᠮᠠᠭᠠᠯᠠᠯᠳᠠ ᠶᠢᠨ ᠲᠥᠷᠥᠯ ᠵᠥᠢᠯ ᠢ | ᠬᠡᠷᠡᠭᠵᠢᠭᠦᠯᠵᠦ᠂ ᠵᠣᠣ ᠹᠦ᠋᠂ ᠪᠠᠶᠢᠭᠠᠯᠢ ᠬᠤᠷᠰᠢᠶᠠᠵᠢᠯ ᠢ ᠲᠠᠰ ᠳᠡᠪᠰᠢᠭᠦᠯᠦᠨ ᠥᠭᠡᠷᠡᠴᠢᠯᠡᠵᠦ᠂ ᠭᠠᠵᠡᠷ ᠣᠷᠣᠨ ᠤ | ᠰᠠᠶᠢᠨ ᠡᠭᠦᠯᠳᠡᠷ ᠢ ᠬᠠᠮᠠᠭᠠᠯᠠᠨ ᠪᠤᠶᠢᠵᠢᠭᠤᠯᠬᠤ ᠪᠠ ᠪᠦᠲᠦᠭᠡᠭᠳᠡᠬᠦᠨ ᠢ ᠰᠤᠳᠤᠯᠤᠨ ᠡᠳ᠋ᠰᠢᠬᠦᠯᠬᠦ ᠴᠢᠳᠠᠪᠤᠷᠢ ᠶᠢ | ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠦᠢᠯᠡᠰ ᠢ | ᠲᠤᠪᠤᠶᠢᠯᠭᠠᠨ᠎ᠠ᠃ ᠥᠪᠡᠷᠲᠡᠭᠡᠨ ᠵᠠᠰᠠᠬᠤ ᠣᠷᠣᠨ ᠤ ︽ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ︾ ᠶᠢ | ᠠᠬᠢᠭᠤᠯᠬᠤ ᠠᠰᠢᠭᠲᠠᠶ ᠲᠦᠷᠤ ᠶᠢᠨ ᠪᠤᠳᠤᠯᠭ᠎ᠠ ᠶᠢᠨ ᠠᠵᠠ ᠲᠣᠬᠢᠶᠠᠯ ᠢ ᠡᠵᠡᠮᠳᠡᠵᠤ᠂ ᠰᠢᠯᠢ ᠶᠢᠨ ᠭᠤᠣᠯ ᠤᠨ | ᠴᠠᠭᠠᠨ ᠢᠳᠡᠬᠡᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠡᠳᠤ ᠲᠠᠮᠳᠡᠭ ᠤᠨ ᠪᠠᠶᠢᠭᠤᠯᠤᠯᠲᠠ ᠳᠤ | ᠢᠳᠡᠪᠬᠢᠲᠡᠶ ᠠᠭᠤᠰᠤᠯᠴᠠᠵᠤ᠂ ᠰᠦᠨ ᠤ ᠢᠷᠡᠯᠲᠡ ᠶᠢᠨ ᠪᠠᠶᠢᠷᠢᠯᠠᠭᠤᠯᠤᠯᠳᠠ ᠶᠢ ᠰᠢᠯᠢᠳᠡᠭᠵᠢᠭᠦᠯᠵᠦ᠂ | ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡ ᠡᠳ᠋ᠰᠢᠭᠦᠯᠬᠦ ᠲᠣᠭᠤᠷᠢᠭ ᠪᠣᠯᠤᠨ ᠤᠯᠠᠮᠵᠢᠯᠠᠯᠲᠤ ᠴᠠᠭᠠᠨ | ᠢᠳᠡᠭᠡᠨ ᠤ ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ ᠲᠤᠭᠤᠷᠢᠭ ᠤᠨ ᠪᠥᠲᠥᠭᠡᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠵᠢᠯ ᠤᠨ ᠳᠣᠲᠣᠷ᠎ᠠ ᠰᠢᠯᠢᠳᠡᠭ ᠡᠬᠦᠯᠳᠡᠷ ᠤᠨ ᠰᠢᠮᠧᠨ᠋ᠲ᠋ᠧᠷ ᠦᠬᠡᠷ ᠪᠣᠯᠤᠨ ᠾᠧᠰᠲ᠋ᠠᠨ ᠰᠠᠭᠠᠯᠢ ᠶᠢᠨ | ᠦᠨᠢᠶ᠎ᠡ ᠶᠢ 1.9 ᠲᠦᠮᠡᠨ ᠲᠤᠯᠤᠭᠠᠢ ᠳᠤ ᠬᠦᠷᠬᠡᠵᠤ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡ | ᠡᠳ᠋ᠰᠢᠭᠦᠯᠬᠦ ᠠᠵᠤ ᠠᠬᠤᠶᠢᠯᠠᠯ 3 ᠶᠢ ᠪᠤᠶᠢᠵᠢᠭᠤᠯᠵᠤ᠂ ᠰᠠᠭᠠᠯᠢ ᠶᠢᠨ ᠦᠨᠢᠶ᠎ᠠ ᠲᠠᠵᠢᠬᠡᠵᠤ ᠦᠷᠡᠵᠢᠬᠦᠯᠬᠦ ᠳᠤᠮᠳᠠ | ᠵᠢᠵᠢᠭ ᠲᠡᠵᠢᠭᠡᠨ ᠦᠷᠡᠵᠢᠭᠦᠯᠬᠦ ᠲᠠᠯᠠᠪᠠᠶ 21 ᠡᠷᠦᠬᠡ᠂ ᠪᠠᠷᠢᠮᠵᠢᠶᠠᠵᠢᠭᠰᠠᠨ ᠴᠠᠭᠠᠨ ᠢᠳᠡᠭᠡ ᠡᠳ᠋ᠰᠢᠭᠦᠯᠬᠦ 50 | ᠡᠷᠦᠬᠡ ᠶᠢ ᠲᠠᠰ ᠳᠡᠪᠰᠢᠭᠦᠯᠦᠨ᠎ᠡ᠃ ᠬᠤᠶᠠᠷ ᠲᠤ᠂ ᠰᠠᠭᠤᠷᠢ ᠲᠥᠬᠦᠭᠡᠷᠦᠮᠵᠢ ᠶᠢᠨ ᠪᠠᠳᠤᠯᠠᠭ᠎ᠠ ᠶᠢᠨ ᠴᠢᠳᠠᠪᠤᠷᠢ ᠶᠢ | ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠤᠰᠤ ᠤᠮᠳᠠ ᠶᠢᠨ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ᠂ | ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ᠂ ᠡᠯᠡᠰᠦᠷᠬᠡᠭᠵᠢᠭᠰᠡᠨ ᠨᠤᠲᠤᠭ ᠪᠡᠯᠴᠢᠭᠡᠷ ᠢ ᠵᠠᠰᠠᠨ ᠰᠡᠷᠭᠦᠭᠡᠬᠦ | ᠵᠡᠷᠭᠡ ᠢᠨᠵᠧᠨᠧᠷᠢᠩ ᠢ ᠬᠡᠷᠡᠭᠵᠢᠭᠦᠯᠵᠦ᠂ 260 ᠤᠰᠤᠨ ᠰᠤᠷᠪᠤᠯᠵᠢ ᠶᠢᠨ ᠬᠤᠳᠳᠤᠭ᠂ 350 ᠤᠰᠤ | ᠬᠠᠳᠠᠭᠠᠯᠠᠬᠤ ᠵᠣᠭᠤᠷᠢ ᠶᠢ ᠰᠢᠨ᠎ᠡ ᠪᠠᠷ ᠪᠠᠶᠢᠭᠤᠯᠵᠤ᠂ 450 ᠢᠵᠢ ᠠᠦ᠋ᠲ᠋ᠣᠴᠢᠯᠠᠭᠰᠠᠨ ᠤᠰᠤ ᠲᠠᠲᠠᠬᠤ | ᠲᠥᠬᠦᠭᠡᠷᠦᠮᠵᠢ ᠤᠭᠰᠠᠷᠠᠵᠤ᠂ ᠴᠠᠭᠠᠨ ᠣᠰᠣᠨ ᠴᠥᠭᠦᠷᠥᠮ ᠵᠡᠷᠭᠡ ᠭᠤᠤᠯᠳᠠᠯᠭ᠎ᠠ ᠲᠠᠢ ᠰᠠᠪᠠ ᠭᠠᠵᠠᠷ ᠢ ᠬᠠᠮᠠᠭᠠᠯᠠᠨ | ᠵᠠᠰᠠᠬᠤ ᠲᠥᠯᠥᠪᠵᠢᠭᠦᠯᠭᠡ ᠶᠢ ᠨᠠᠶᠢᠷᠠᠭᠤᠯᠤᠨ ᠳᠠᠭᠤᠰᠬᠠᠨ᠎ᠠ︔ ᠬᠥᠳᠡᠭᠡ ᠲᠣᠰᠬᠤᠨ ᠤ ᠴᠠᠬᠢᠯᠭᠠᠨ ᠲᠣᠣᠷ ᠢ | ᠥᠭᠡᠷᠡᠴᠢᠯᠡᠨ ᠳᠡᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠨᠠᠷᠠ ᠰᠠᠯᠬᠢᠨ ᠬᠠᠷᠢᠯᠴᠠᠨ ᠨᠦᠬᠦᠪᠤᠷᠢᠯᠡᠭᠰᠡᠨ | ᠲᠦᠷᠦᠯ ᠵᠦᠢᠯ ᠢ ᠡᠷᠮᠡᠯᠵᠠᠯᠠᠨ ᠣᠯᠵᠤ᠂ ᠵᠢᠯ ᠤᠨ ᠳᠣᠲᠣᠷ᠎ᠠ 451 ᠡᠷᠦᠬᠡ ᠳᠤ ᠴᠠᠬᠢᠯᠭᠠᠨ ᠨᠡᠪᠲᠡᠷᠡᠭᠦᠯᠦᠨ᠎ᠡ︔ ︽ | ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ︽ᠠᠪᠠᠭ᠎ᠠ | ᠬᠤᠰᠢᠭᠤᠨ ᠤ ᠮᠠᠯᠵᠢᠬᠤ ᠤᠷᠤᠨ ᠤ ᠵᠠᠰᠠᠮᠠᠯ ᠵᠠᠮ ᠤᠨ ᠲᠤᠮᠳᠠ ᠤᠷᠳᠤ ᠬᠤᠭᠤᠴᠠᠭᠠᠨ ᠤ ᠬᠦᠭᠵᠢᠯᠳᠠ ᠶᠢᠨ | ᠲᠦᠯᠤᠪᠵᠢᠬᠦᠯᠬᠡ ︵2021 —2035︶︾ ᠶᠢ ᠨᠠᠶᠢᠷᠠᠭᠤᠯᠤᠨ ᠲᠠᠭᠤᠰᠬᠠᠵᠤ᠂ ᠵᠠᠰᠠᠮᠠᠯ ᠵᠠᠮ ᠤᠨ ᠶᠠᠰᠤ | ᠴᠢᠨᠠᠷ ᠢ ᠳᠡᠭᠡᠭᠰᠢᠯᠡᠭᠦᠯᠬᠦ ᠥᠭᠡᠷᠡᠴᠢᠯᠡᠯᠲᠡ ᠶᠢᠨ ᠲᠥᠷᠥᠯ ᠵᠥᠢᠯ ᠢ ᠬᠡᠷᠡᠭᠵᠢᠭᠦᠯᠵᠦ᠂ 313 ᠺᠢᠯᠣᠮᠧᠲᠷ ᠵᠠᠰᠠᠮᠠᠯ | ᠵᠠᠮ ᠢ ᠥᠭᠡᠷᠡᠴᠢᠯᠡᠨ ᠵᠠᠰᠠᠵᠤ ᠠᠷᠠᠴᠢᠯᠠᠨ ᠬᠠᠮᠠᠭᠠᠯᠠᠨ᠎ᠠ︔ ︽ᠷᠠᠳᠢᠣ᠋ ᠲᠧᠯᠸᠢᠰ᠂ ᠰᠢᠯᠵᠢᠮᠡᠯ ᠬᠤᠯᠪᠣᠭ᠎ᠠ᠂ ᠭᠡᠷᠡᠯᠯᠢᠭ | ᠰᠢᠷᠬᠡᠭ ᠤᠨ ᠲᠣᠤᠷ ᠰᠦᠯᠵᠢᠶ᠎ᠡ︾ ᠭᠤᠷᠪᠠ ᠶᠢ ᠪᠦᠷᠬᠦᠬᠦᠯᠬᠦ ᠢᠨᠵᠧᠨᠧᠷᠢᠩ ᠢ ᠪᠥᠬᠦ ᠲᠠᠯ᠎ᠠ ᠪᠠᠷ ᠬᠡᠷᠡᠭᠵᠢᠭᠦᠯᠵᠦ᠂ | ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠬᠡᠨ ᠤ ᠲᠤᠷᠰᠢᠯᠲᠠ ᠶᠢᠨ ᠴᠡᠭ ᠤᠨ ᠲᠥᠷᠥᠯ ᠵᠥᠢᠯ ᠳᠤ ᠲᠦᠰᠢᠭᠯᠡᠨ | ᠂ ︽ᠮᠦᠩᠬᠡ ᠰᠤᠪᠠᠭ︾ ︽ᠲᠠᠨ ᠢ ᠬᠠᠪᠰᠤᠷᠤᠨ ᠬᠦᠢᠴᠡᠳᠬᠡᠬᠦ︾ ᠲᠠᠪᠴᠠᠩ ᠢ ᠭᠠᠴᠠᠭ᠎ᠠ ᠮᠠᠯᠵᠢᠬᠤ ᠡᠷᠦᠬᠡ ᠳᠤ | ᠬᠦᠷᠬᠡᠵᠤ᠂ ᠰᠢᠨ᠎ᠠ ᠪᠠᠷ 4G ᠰᠠᠭᠤᠷᠢ ᠥᠷᠲᠡᠭᠡ 8 ᠶᠢ ᠪᠠᠶᠢᠭᠤᠯᠵᠤ᠂ 5G ᠰᠠᠭᠤᠷᠢ ᠥᠷᠲᠡᠭᠡ 7 ᠶᠢ | ᠨᠡᠪᠲᠡᠷᠡᠭᠦᠯᠦᠨ᠎ᠡ︔ ᠣᠶᠤᠨᠴᠢᠯᠠᠭᠰᠠᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠠᠯᠵᠢᠬᠤ | ᠣᠷᠣᠨ ᠤ ᠣᠳᠣᠬᠢᠴᠢᠯᠠᠭᠰᠠᠨ ᠮᠡᠳᠡᠭᠡ ᠵᠠᠩᠬᠢ ᠶᠢᠨ ᠲᠥᠪ᠂ ᠦᠬᠡᠷ ︵ᠬᠤᠨᠢ︶ ᠤᠨ ᠤᠶᠤᠨᠲᠤ ᠮᠠᠯ ᠠᠵᠤ | ᠠᠬᠤᠶ ᠶᠢᠨ ᠮᠡᠳᠡᠭᠡ ᠵᠠᠩᠭᠢᠵᠢᠯᠲᠠ ᠶᠢᠨ ᠲᠠᠪᠴᠠᠩ᠂ ᠠᠮᠢ ᠠᠬᠤᠶ ᠶᠢᠨ ᠡᠬᠢ ᠪᠠᠶᠠᠯᠢᠭ ᠤᠨ ᠮᠡᠳᠡᠭᠡ | ᠵᠠᠩᠭᠢᠵᠢᠯᠲᠠ ᠶᠢᠨ ᠬᠠᠮᠢᠶᠠᠷᠤᠯᠲᠠ ᠶᠢᠨ ᠲᠠᠪᠴᠠᠩ ᠢ ᠠᠰᠢᠭᠯᠠᠯᠲᠠ ᠳᠤ ᠣᠷᠣᠭᠤᠯᠤᠨ᠂ ᠣᠶᠤᠨᠴᠢᠯᠠᠭᠰᠠᠨ ᠲᠡᠵᠢᠭᠡᠨ | ᠦᠷᠡᠵᠢᠭᠦᠯᠬᠦ ᠲᠤᠭ᠎ᠠ ᠪᠠᠷᠢᠮᠲᠠ ᠶᠢᠨ ᠲᠠᠪᠴᠠᠩ 20 ᠶᠢ ᠰᠢᠨ᠎ᠡ ᠪᠠᠷ ᠪᠠᠶᠢᠭᠤᠯᠵᠤ᠂ ᠣᠶᠤᠨᠴᠢᠯᠠᠭᠰᠠᠨ ᠵᠢᠱᠢᠶ᠎ᠡ | ᠦᠵᠡᠭᠦᠯᠬᠦ ᠮᠠᠯᠵᠢᠯ ᠤᠨ ᠲᠠᠯᠠᠪᠠᠶ 20 ᠶᠢ ᠥᠭᠡᠷᠡᠴᠢᠯᠡᠨ ᠰᠠᠶᠢᠵᠢᠷᠠᠭᠤᠯᠵᠤ᠂ ᠰᠢᠨ᠎ᠠ ᠪᠠᠷ 3 ᠲᠦᠮᠡᠨ ᠲᠡᠭᠰᠢ | ᠳᠥᠷᠪᠡᠯᠵᠢᠨ ᠮᠧᠲᠷ ᠳᠤᠯᠠᠭᠠᠨ ᠫᠸᠡᠭ᠂ 5000 ᠲᠡᠭᠰᠢ ᠳᠥᠷᠪᠡᠯᠵᠢᠨ ᠮᠧᠲᠷ ᠡᠪᠡᠰᠦ ᠬᠠᠳᠠᠭᠠᠯᠠᠬᠤ ᠫᠸᠡᠭ | ᠪᠠᠶᠢᠭᠤᠯᠵᠤ᠂ 30 ᠲᠦᠮᠡᠨ ᠮᠥ ᠨᠤᠳᠤᠭ ᠪᠡᠯᠴᠢᠬᠡᠷ ᠢ ᠲᠤᠤᠷᠯᠠᠨ ᠪᠢᠲᠡᠭᠦᠮᠵᠢᠯᠡᠨ᠎ᠡ︔ ᠣᠷᠣᠰᠢᠨ ᠰᠠᠭᠤᠷᠢᠰᠢᠬᠤ | ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ | ᠵᠢᠯ ᠤᠨ ᠳᠣᠲᠣᠷ᠎ᠠ 350 ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠵᠦ᠂ ᠵᠣᠷᠯᠣᠩ ᠢ ᠲᠦᠭᠡᠮᠡᠯᠵᠢᠭᠦᠯᠬᠦ | ᠨᠣᠷᠮ᠎ᠠ ᠶᠢ 50% ᠠᠴᠠ ᠳᠡᠭᠡᠭᠰᠢ ᠳᠤ ᠬᠦᠷᠬᠡᠵᠤ᠂ ᠮᠠᠯᠵᠢᠬᠤ ᠣᠷᠣᠨ ᠤ ᠮᠠᠯ ᠲᠡᠵᠢᠬᠡᠪᠤᠷᠢ ᠶᠢᠨ ᠢᠯᠭᠠᠳᠠᠰᠤ ᠶᠢ | ᠡᠬᠢ ᠪᠠᠶᠠᠯᠢᠭᠵᠢᠭᠤᠯᠤᠨ ᠠᠰᠢᠭᠯᠠᠵᠤ᠂ 13 ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠲᠠᠯᠠᠪᠠᠶ ᠳᠤ ᠮᠠᠯ | ᠲᠡᠵᠢᠬᠡᠪᠤᠷᠢ ᠶᠢᠨ ᠢᠯᠭᠠᠳᠠᠰᠤᠨ ᠤ ᠲᠠᠳᠠᠭᠠᠯ ᠰᠢᠨ᠎ᠡ ᠪᠠᠷ ᠪᠠᠶᠢᠭᠤᠯᠵᠤ᠂ ᠴᠡᠪᠡᠷ ᠡᠨᠧᠷᠭᠢ ᠪᠠᠷ ᠲᠤᠯᠠᠭᠠᠯᠭ᠎ᠠ | ᠬᠠᠩᠭᠠᠬᠤ ᠶᠢ ᠳᠡᠯᠭᠡᠷᠡᠭᠦᠯᠵᠦ᠂ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠵᠤᠬᠢᠴᠠᠮᠵᠢ ᠶᠢ | ᠪᠦᠷᠢᠡᠰᠢᠬᠦᠯᠤᠨ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ | ᠪᠠᠶᠢᠴᠠᠭᠠᠨ ᠰᠢᠯᠭᠠᠬᠤ ᠲᠥᠪ ᠤᠨ ᠬᠤᠤᠰ ᠭᠡᠷᠡᠴᠢᠯᠡᠯ ᠤᠨ ᠠᠵᠢᠯ ᠢ ᠪᠠᠶᠠᠯᠠᠬᠦᠯᠤᠨ᠎ᠠ᠃ ᠭᠤᠷᠪᠠ ᠳᠤ᠂ | ᠪᠠᠶᠢᠭᠤᠯᠤᠮᠵᠢ ᠵᠤᠬᠢᠴᠠᠮᠵᠢ ᠶᠢᠨ ᠰᠢᠨ᠎ᠡ ᠶᠢ ᠡᠭᠦᠳᠬᠦ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠮᠠᠯᠴᠢᠳ ᠠᠵᠤ | ᠠᠬᠤᠶᠢᠯᠠᠯ ᠤᠨ ᠠᠰᠢᠭ ᠲᠤᠰᠠ ᠬᠤᠯᠪᠤᠭᠠᠯᠠᠭᠰᠡᠨ ᠵᠤᠬᠢᠴᠠᠮᠵᠢ ᠶᠢ ᠪᠠᠶᠢᠭᠤᠯᠤᠨ ᠪᠦᠷᠢᠨᠰᠢᠬᠦᠯᠵᠦ᠂ ᠰᠤ᠋ ᠨᠢᠤ᠂ ᠷᠦᠨ | ᠨᠢᠦ᠂ ᠶᠤᠸᠠᠨ ᠱᠠᠩ ᠭᠤᠷᠪᠡᠨ ᠲᠤᠯᠤᠭᠠᠶᠢᠯᠠᠭᠴᠢ ᠠᠵᠤ ᠠᠬᠤᠶᠢᠯᠠᠯ ᠤᠨ ︽ᠬᠦᠢᠳᠠᠨ ᠤᠯᠠᠷᠢᠯ ᠳᠤ ᠨᠠᠶᠢᠳᠠᠨ | ᠬᠠᠮᠢᠶᠠᠷᠤᠭᠤᠯᠵᠤ ᠣᠷᠣᠯᠠᠨ ᠲᠡᠵᠢᠭᠡᠯᠭᠡᠬᠦ︾ ᠵᠠᠭᠪᠤᠷ ᠢ ᠦᠷᠭᠦᠯᠵᠢᠯᠡᠨ ᠳᠡᠯᠭᠡᠷᠡᠭᠦᠯᠵᠦ᠂ ᠲᠤᠯᠤᠭᠠᠶᠢᠯᠠᠭᠴᠢ ᠠᠵᠤ | ᠠᠬᠤᠶᠢᠯᠠᠯ ᠤᠨ ᠲᠠᠭᠠᠭᠤᠯᠬᠤ ᠦᠢᠯᠡᠳᠤᠯ ᠢ ᠪᠠᠳᠠᠷᠠᠭᠤᠯᠤᠨ᠂ ᠮᠠᠯᠴᠢᠳ ᠠᠵᠤ ᠠᠬᠤᠶᠢᠯᠠᠯ ᠤᠨ ᠬᠠᠷᠢᠯᠴᠠᠨ ᠠᠰᠢᠭᠲᠠᠶ | ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠵᠤ᠂ 7 ᠨᠠᠶᠢᠳᠠᠨ ᠬᠠᠮᠢᠶᠠᠷᠤᠭᠤᠯᠵᠤ ᠣᠷᠣᠯᠠᠨ | ᠲᠡᠵᠢᠭᠡᠬᠦ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠤᠨ᠂ ᠪᠤᠯᠠᠭᠠᠨ ᠤᠪᠤᠭ᠎ᠠ ᠬᠤᠷᠰᠢᠶᠠᠵᠢᠯ ᠤᠨ ᠪᠥᠲᠥᠭᠡᠨ | ᠪᠠᠶᠢᠭᠤᠯᠤᠯᠲᠠ ᠶᠢ ᠲᠦᠷᠬᠡᠳᠬᠡᠨ᠎ᠡ︔ ᠮᠠᠯᠵᠢᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠬᠡᠨ ᠤ ᠲᠤᠭᠳᠠᠯᠴᠠᠭ᠎ᠠ ᠶᠢ | ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠠᠵᠤ ᠠᠬᠤᠶᠢᠯᠠᠯ ᠪᠤᠶᠤ ᠠᠵᠢᠯ ᠲᠥᠷᠥᠯ ᠤᠨ ᠨᠡᠶᠢᠭᠡᠮᠯᠢᠭ ᠲᠤ | ᠲᠦᠰᠢᠭᠯᠡᠨ ᠰᠢᠨ᠎ᠡ ᠬᠡᠯᠪᠡᠷᠢ ᠶᠢᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠦᠢᠯᠡᠴᠢᠯᠡᠬᠡᠨ ᠤ | ᠲᠤᠭᠳᠠᠯᠴᠠᠭ᠎ᠠ ᠶᠢ ᠱᠠᠲᠤ ᠬᠤᠪᠢᠶᠠᠨ ᠪᠠᠶᠢᠭᠤᠯᠵᠤ᠂ ᠦᠢᠯᠡᠴᠢᠯᠡᠬᠡᠨ ᠤ ᠬᠦᠷᠢᠶ᠎ᠡ ᠴᠠᠷ᠎ᠠ ᠶᠢ ᠠᠯᠬᠤᠮ ᠠᠯᠬᠤᠮ ᠢᠶᠠᠷ | ᠥᠷᠭᠡᠳᠬᠡᠨ᠂ ᠬᠤᠰᠢᠭᠤ ᠱᠠᠲᠤᠨ ᠤ ᠦᠢᠯᠡᠴᠢᠯᠡᠬᠡᠨ ᠤ ᠲᠥᠪ ᠤᠨ ᠠᠮᠢᠲᠠᠨ ᠤ ᠬᠢᠵᠢᠭ ᠡᠪᠡᠳᠴᠢᠨ ᠢ ᠠᠯᠤᠰ ᠠᠴᠠ | ᠣᠨᠣᠰᠢᠯᠠᠬᠤ ᠪᠦᠷᠬᠦᠴᠡ ᠶᠢᠨ ᠨᠤᠷᠮ᠎ᠠ ᠶᠢ 40% ᠠᠴᠠ ᠳᠡᠭᠡᠭᠰᠢ ᠳᠤ ᠬᠦᠷᠬᠡᠨ᠎ᠠ᠃ ᠵᠠᠰᠠᠭ ᠤᠨ ᠣᠷᠳᠣᠨ ᠠᠴᠠ | ᠵᠢᠯᠣᠭᠤᠳᠬᠤ᠂ ᠠᠵᠤ ᠠᠬᠤᠶᠢᠯᠠᠯ ᠤᠨ ᠵᠢᠱᠢᠶ᠎ᠠ ᠦᠵᠡᠬᠦᠯᠬᠦ ᠵᠠᠭᠪᠤᠷ ᠢ ᠬᠡᠷᠡᠭᠯᠡᠨ᠂ ᠰᠦᠨ ᠤ ᠦᠢᠯᠡᠰ ᠤᠨ | ᠦᠢᠯᠡᠴᠢᠯᠡᠬᠡᠨ ᠤ ᠠᠩᠭᠢ᠂ ᠮᠠᠯᠵᠢᠬᠤ ᠣᠷᠣᠨ ᠤ ᠠᠵᠤ ᠦᠢᠯᠡᠰ ᠤᠨ ᠳᠠᠭᠠᠳᠬᠠᠯ ᠵᠡᠷᠭᠡ ᠡᠯ᠎ᠡ ᠲᠥᠷᠥᠯ ᠤᠨ ᠰᠢᠨ᠎ᠡ | ᠬᠡᠯᠪᠡᠷᠢ ᠶᠢᠨ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠬᠡᠨ ᠤ ᠵᠣᠬᠢᠶᠠᠨ ᠪᠠᠶᠢᠭᠤᠯᠤᠯᠲᠠ ᠶᠢ | ᠲᠦᠷᠭᠡᠳᠬᠡᠨ ᠪᠤᠶᠢᠵᠢᠭᠤᠯᠵᠤ᠂ ᠬᠡᠪᠴᠢᠶ᠎ᠡ ᠪᠠᠷ ᠨᠡᠯᠢᠶᠡᠳ ᠶᠡᠭᠡ ᠦᠢᠯᠡᠳᠪᠤᠷᠢᠯᠡᠯ ᠦᠢᠯᠡᠴᠢᠯᠡᠬᠡᠨ ᠤ ᠠᠵᠤ | ᠠᠬᠤᠶᠢᠯᠠᠯ 2 ᠢ ᠤᠷᠢᠨ ᠣᠷᠣᠭᠤᠯᠤᠨ᠎ᠠ︔ ᠭᠤᠷᠪᠠᠨ ᠱᠠᠲᠤᠨ ᠤ ᠲᠡᠵᠢᠭᠡᠯ ᠡᠪᠡᠰᠦ ᠪᠤᠷᠳᠤᠭ᠎ᠠ ᠨᠥᠭᠡᠴᠡᠯᠡᠬᠦ | ᠦᠢᠯᠡᠴᠢᠯᠡᠬᠡᠨ ᠤ ᠲᠤᠭᠳᠠᠯᠴᠠᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠡᠪᠡᠰᠦ ᠪᠣᠷᠳᠤᠭ᠎ᠠ ᠨᠥᠭᠡᠴᠡᠯᠡᠬᠦ | ᠪᠠᠶᠢᠷᠢᠯᠠᠭᠤᠯᠤᠯᠳᠠ ᠶᠢ ᠰᠢᠯᠢᠳᠡᠭᠵᠢᠭᠦᠯᠦᠨ᠂ ᠲᠡᠵᠢᠭᠡᠯ ᠪᠣᠷᠳᠤᠭ᠎ᠠ ᠡᠳ᠋ᠰᠢᠭᠦᠯᠬᠦ ᠦᠢᠯᠡᠳᠪᠤᠷᠢ ᠶᠢᠨ ᠪᠥᠲᠥᠭᠡᠨ | ᠪᠠᠶᠢᠭᠤᠯᠤᠯᠲᠠ ᠶᠢ ᠡᠬᠢᠯᠡᠭᠦᠯᠵᠦ᠂ ᠬᠤᠯᠢᠮᠠᠭ ᠲᠡᠵᠢᠭᠡᠯ ᠪᠣᠷᠳᠤᠭ᠎ᠠ ᠳᠣᠭᠢᠷᠠᠭᠤᠯᠤᠨ ᠬᠦᠷᠭᠡᠬᠦ ᠦᠢᠯᠡᠴᠢᠯᠡᠭᠡ ᠶᠢ | ᠥᠷᠭᠡᠳᠬᠡᠨ᠂ ᠵᠢᠯ ᠳᠤ 2 ᠲᠦᠮᠡᠨ ᠲᠣᠨ ᠠᠴᠠ ᠳᠡᠭᠡᠭᠰᠢ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠨ᠎ᠡ᠃ | ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠵᠤ᠂ | ᠮᠠᠯᠵᠢᠬᠤ ᠣᠷᠣᠨ ᠤ ᠬᠠᠮᠲᠤ ᠶᠢᠨ ︽ᠭᠤᠷᠪᠠᠨ ᠬᠦᠷᠤᠩᠬᠡ︾ ᠶᠢᠨ ᠬᠠᠮᠢᠶᠠᠷᠤᠯᠲᠠ ᠶᠢᠨ ᠲᠠᠪᠴᠠᠩ ᠢ ᠪᠥᠬᠦ | ᠲᠠᠯ᠎ᠠ ᠪᠠᠷ ᠠᠰᠢᠭᠯᠠᠯᠳᠠ ᠳᠤ ᠤᠷᠤᠭᠤᠯᠵᠤ᠂ ᠮᠠᠯᠵᠢᠬᠤ ᠣᠷᠣᠨ ᠤ ᠭᠤᠷᠪᠠᠨ ᠱᠠᠲᠤᠨ ᠤ ᠬᠠᠮᠲᠤ ᠶᠢᠨ ᠥᠮᠴᠢᠯᠡᠯ ᠤᠨ | ᠡᠷᠬᠡ ᠶᠢᠨ ᠦᠢᠯᠡᠴᠢᠯᠡᠬᠡᠨ ᠤ ᠲᠠᠪᠴᠠᠩ ᠢ ᠪᠠᠶᠢᠭᠤᠯᠤᠨ ᠪᠦᠷᠢᠨᠰᠢᠬᠦᠯᠵᠦ᠂ ᠵᠢᠯ ᠤᠨ ᠳᠣᠲᠣᠷ᠎ᠠ 10 ᠲᠦᠮᠡᠨ | ᠲᠥᠭᠦᠷᠢᠭ ᠠᠴᠠ ᠳᠡᠭᠡᠭᠰᠢᠬᠢ ᠣᠷᠣᠯᠭ᠎ᠠ ᠲᠠᠢ ᠭᠠᠴᠠᠭ᠎ᠠ ᠶᠢᠨ ᠡᠵᠡᠯᠡᠬᠦ ᠬᠠᠷᠢᠴᠠᠯ ᠢ 80% ᠠᠴᠠ ᠳᠡᠭᠡᠭᠰᠢ ᠳᠤ | ᠬᠦᠷᠬᠡᠵᠤ᠂ ᠤᠯᠤᠰ ᠤᠨ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠮᠠᠯᠵᠢᠬᠤ ᠣᠷᠣᠨ ᠳᠤ ᠣᠷᠣᠭᠤᠯᠬᠤ | ᠵᠢᠱᠢᠶ᠎ᠡ ᠦᠵᠡᠭᠦᠯᠬᠦ ᠬᠤᠰᠢᠭᠤᠨ ᠤ ᠲᠥᠷᠥᠯ ᠵᠥᠢᠯ ᠢ ᠪᠠᠶᠢᠭᠤᠯᠤᠨ ᠠᠰᠢᠭᠯᠠᠯᠳᠠ ᠳᠤ ᠤᠷᠤᠭᠤᠯᠤᠨ᠎ᠠ᠃ ᠣᠷᠣᠨ | ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠶᠢ ᠲᠠᠰᠤᠷᠠᠯᠲᠠ ᠥᠬᠡᠶ ᠴᠢᠩᠭᠠᠳᠬᠠᠵᠤ᠂ ᠣᠷᠣᠨ ᠨᠤᠲᠤᠭ ᠤᠨ | ᠰᠢᠨᠵᠢᠯᠡᠬᠦ ᠮᠠᠷᠬᠡᠵᠢᠯ ᠢ ᠲᠦᠭᠡᠮᠡᠯᠵᠢᠭᠦᠯᠬᠦ ᠴᠢᠳᠠᠪᠤᠷᠢᠲᠠᠨ ᠤ ᠡᠩᠨᠡᠭᠡ ᠶᠢ ᠵᠣᠬᠢᠶᠠᠨ ᠪᠠᠶᠢᠭᠤᠯᠵᠤ᠂ ᠲᠤᠰᠬᠠᠶ | ᠮᠡᠷᠭᠡᠵᠢᠯᠲᠡᠨ ᠢ ᠤᠷᠢᠵᠤ ᠲᠣᠭᠲᠠᠮᠠᠯ ᠬᠤᠭᠤᠴᠠᠭ᠎ᠠ ᠲᠠᠢ ᠪᠠᠷ ᠪᠣᠯᠪᠠᠰᠤᠷᠠᠯ ᠦᠷᠨᠢᠬᠦᠯᠬᠦ ᠪᠠ ᠲᠤᠬᠠᠶ ᠶᠢᠨ | ᠭᠠᠵᠠᠷ ᠲᠤᠨᠢ ᠵᠢᠯᠣᠭᠤᠳᠣᠯᠭ᠎ᠠ ᠥᠷᠨᠢᠭᠦᠯᠵᠦ᠂ ᠰᠢᠨᠵᠢᠯᠡᠬᠦ ᠮᠡᠷᠬᠡᠵᠢᠯ ᠢ ᠲᠦᠭᠡᠮᠡᠯᠵᠢᠭᠦᠯᠬᠦ ᠠᠵᠢᠯᠲᠠᠨ ᠪᠠ ᠠᠮᠢ | ᠠᠬᠤᠶ ᠶᠢᠨ ᠪᠣᠯᠪᠠᠰᠤᠨ ᠤ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠦᠢᠯᠡᠳᠤᠯ ᠢ ᠬᠦᠢᠴᠡᠳ | ᠪᠠᠳᠠᠷᠠᠭᠤᠯᠤᠨ᠂ ᠵᠠᠬᠢᠶᠠᠯᠠᠭ᠎ᠠ ᠶᠢᠨ ᠬᠡᠯᠪᠡᠷᠢ ᠪᠠᠷ ᠣᠷᠣᠨ ᠨᠤᠲᠤᠭ ᠤᠨ ᠴᠢᠳᠠᠪᠤᠷᠢᠲᠠᠨ ᠢ ᠪᠣᠯᠪᠠᠰᠤᠷᠠᠭᠤᠯᠬᠤ ᠬᠢᠷᠢ | ᠬᠡᠮᠵᠢᠶ᠎ᠡ ᠶᠢ ᠳᠡᠭᠡᠭᠰᠢᠯᠡᠭᠦᠯᠵᠦ᠂ ᠨᠤᠲᠤᠭ ᠲᠠᠭᠠᠨ ᠪᠤᠴᠠᠭᠰᠠᠨ ᠣᠶᠤᠲᠠᠨ ᠪᠠ ᠰᠢᠨ᠎ᠡ ᠬᠡᠯᠪᠡᠷᠢ ᠶᠢᠨ ᠠᠵᠢᠯ | ᠮᠡᠷᠭᠡᠵᠢᠯ ᠤᠨ ᠴᠢᠳᠠᠪᠤᠷᠢ ᠬᠦᠷᠳᠡᠭᠰᠡᠨ ᠮᠠᠯᠴᠢᠳ ᠢ ᠬᠥᠮᠦᠵᠢᠭᠦᠯᠦᠨ᠎ᠡ︔ ᠴᠢᠳᠠᠪᠤᠷᠢᠳᠠᠳ ᠬᠤᠯᠪᠤᠭᠠᠯᠠᠬᠤ ᠠᠵᠢᠯ ᠢ | ᠭᠦᠨᠵᠡᠭᠡᠶᠢᠷᠡᠭᠦᠯᠵᠦ᠂ ᠴᠢᠳᠠᠪᠤᠷᠢᠲᠠᠨ ᠤ ᠦᠢᠯᠡᠳᠤᠯ ᠢ ᠪᠠᠳᠠᠷᠠᠭᠤᠯᠬᠤ ᠵᠠᠭᠪᠤᠷ ᠢ ᠡᠬᠢᠯᠡᠭᠦᠯᠤᠨ᠂ ᠡᠯ᠎ᠡ ᠲᠠᠯ᠎ᠠ ᠶᠢᠨ | ᠴᠢᠳᠠᠪᠤᠷᠢᠲᠠᠨ ᠢ ᠤᠷᠢᠨ ᠬᠡᠷᠡᠭᠯᠡᠵᠤ᠂ ᠲᠤᠰᠬᠠᠢ ᠮᠡᠷᠭᠡᠵᠢᠯᠲᠡᠨ ᠤ ᠪᠦᠯᠬᠦᠮ ᠢ ᠵᠣᠬᠢᠶᠠᠨ ᠪᠠᠶᠢᠭᠤᠯᠵᠤ᠂ ᠠᠵᠤ | ᠦᠢᠯᠡᠰ ᠤᠨ ᠬᠥᠭᠵᠢᠯᠲᠡ ᠳᠤ ᠠᠷᠭ᠎ᠠ ᠪᠤᠳᠤᠯᠭ᠎ᠠ ᠬᠠᠩᠭᠠᠨ᠎ᠠ᠃ ᠲᠦᠷᠪᠡ ᠳᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠠᠵᠢᠯ ᠢ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ | ᠵᠣᠯᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠪᠠ | ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠡᠷᠴᠢᠮ ᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠵᠤ᠂ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ | ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠠᠵᠤ ᠦᠢᠯᠡᠰ᠂ ᠵᠣᠬᠢᠶᠠᠨ ᠪᠠᠶᠢᠭᠤᠯᠤᠯᠲᠠ᠂ ᠴᠢᠳᠠᠪᠤᠷᠢᠲᠠᠨ ᠵᠡᠷᠭᠡ | ᠲᠠᠯ᠎ᠠ ᠪᠠᠷ ᠪᠦᠲᠦᠮᠵᠢᠲᠡᠶ ᠵᠣᠯᠭᠠᠭᠤᠯᠬᠤ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠨᠢᠭᠡ᠂ ᠶᠠᠳᠠᠭᠤ ᠶᠢ ᠲᠡᠳᠬᠦᠬᠦ ᠠᠵᠤ ᠦᠢᠯᠡᠰ ᠢ | ᠲᠣᠭᠲᠠᠭᠤᠨ ᠢᠶᠠᠷ ᠬᠥᠭᠵᠢᠭᠦᠯᠵᠦ᠂ 2700 ᠲᠦᠮᠡᠨ ᠲᠥᠭᠦᠷᠢᠭ ᠤᠨ ᠪᠡᠯᠡ ᠣᠷᠣᠭᠤᠯᠵᠤ ᠠᠵᠤ ᠦᠢᠯᠡᠰ ᠢᠶᠠᠷ | ᠲᠡᠳᠬᠦᠬᠦ᠂ ᠨᠡᠶᠢᠲᠡ ᠶᠢᠨ ᠠᠰᠠᠷᠠᠮᠵᠢ ᠶᠢᠨ ᠲᠥᠷᠥᠯ᠂ ᠦᠢᠯᠡᠴᠢᠯᠡᠬᠡᠨ ᠤ ᠲᠥᠷᠥᠯ ᠤᠨ ᠲᠥᠷᠥᠯ ᠵᠥᠢᠯ ᠢ | ᠬᠡᠷᠡᠭᠵᠢᠬᠦᠯᠵᠤ᠂ ᠭᠠᠴᠠᠭᠠᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ᠂ ︽ᠬᠠᠮᠲᠤ | ᠨᠠᠶᠢᠳᠠ ᠶᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢᠶᠠᠷ ᠠᠷᠠᠳ ᠢ ᠪᠠᠶᠠᠵᠢᠭᠤᠯᠬᠤ︾ ᠬᠥᠭᠵᠢᠯᠲᠡ ᠶᠢᠨ | ᠵᠠᠮ ᠢ ᠴᠢᠷᠮᠠᠶᠢᠨ ᠨᠡᠭᠡᠭᠡᠨ᠎ᠡ︔ ᠬᠤᠶᠠᠷ᠂ ︽ᠠᠵᠤ ᠠᠬᠤᠶᠢᠯᠠᠯ + ᠬᠤᠷᠰᠢᠶᠠᠵᠢᠯ + ᠮᠠᠯᠵᠢᠬᠤ ᠡᠷᠦᠬᠡ︾ ᠶᠢᠨ | ᠬᠥᠭᠵᠢᠯᠲᠡ ᠶᠢᠨ ᠵᠠᠭᠪᠤᠷ ᠢ ᠪᠤᠶᠢᠵᠢᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠣᠷᠣᠯᠭ᠎ᠠ ᠶᠢ ᠨᠡᠮᠡᠭᠳᠡᠭᠦᠯᠬᠦ | ᠠᠷᠭ᠎ᠠ ᠵᠠᠮ ᠢ ᠥᠷᠭᠡᠳᠬᠡᠨ᠎ᠡ᠃ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠪᠠᠶ᠎ᠠ ᠪᠠᠨ ᠲᠠᠭᠠᠭᠠᠬᠤ | ᠴᠢᠳᠠᠪᠤᠷᠢ ᠶᠢ ᠳᠡᠭᠡᠭᠰᠢᠯᠡᠭᠦᠯᠦᠨ᠂ ᠵᠢᠯ ᠤᠨ ᠳᠣᠲᠣᠷ᠎ᠠ ᠶᠠᠳᠠᠭᠤ ᠶᠢ ᠲᠡᠳᠬᠦᠬᠦ ᠪᠣᠯᠪᠠᠰᠤᠷᠠᠯ ᠢ 4 ᠬᠤᠭᠤᠴᠠᠭ᠎ᠠ | 300 ᠬᠥᠮᠦᠨ ᠤᠳᠠᠭ᠎ᠠ ᠠᠴᠠ ᠳᠡᠭᠡᠭᠰᠢ ᠡᠷᠭᠢᠯᠡᠨ᠎ᠡ︔ ᠭᠤᠷᠪᠠ᠂ ᠶᠠᠳᠠᠭᠤ ᠶᠢ ᠲᠡᠳᠬᠦᠬᠦ ᠲᠦᠷᠦᠯ ᠵᠦᠢᠯ ᠤᠨ | ᠪᠡᠯᠡ ᠮᠥᠩᠭᠦ ᠶᠢᠨ ᠬᠠᠮᠢᠶᠠᠷᠤᠯᠲᠠ ᠪᠠ ᠬᠢᠨᠠᠯᠲᠠ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠬᠤᠭᠤᠴᠠᠭᠠᠨ ᠳᠤ ᠪᠦᠳᠦᠭᠡᠨ ᠪᠠᠶᠢᠭᠤᠯᠤᠭᠰᠠᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠰᠠᠭᠤᠷᠢ | ᠲᠥᠬᠦᠭᠡᠷᠦᠮᠵᠢ᠂ ᠤᠯᠠᠨ ᠨᠡᠶᠢᠲᠡ ᠶᠢᠨ ᠦᠢᠯᠡᠴᠢᠯᠡᠭᠡ ᠵᠡᠷᠭᠡ ᠲᠦᠷᠦᠯ ᠵᠦᠢᠯ ᠳᠤ ᠴᠢᠩᠭ᠎ᠠ ᠬᠢᠵᠠᠭᠠᠷᠯᠠᠬᠤ | ᠵᠤᠬᠢᠴᠠᠮᠵᠢ ᠪᠠ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠤᠬᠢᠴᠠᠮᠵᠢ ᠶᠢ ᠪᠠᠶᠢᠭᠤᠯᠵᠤ᠂ ᠵᠠᠰᠠᠭ ᠤᠨ ᠣᠷᠳᠣᠨ ᠤ | ᠪᠡᠯᠡ ᠣᠷᠣᠭᠤᠯᠤᠯᠲᠠ ᠶᠢᠨ ᠠᠮᠤᠷ ᠲᠦᠪᠰᠢᠨ ᠪᠦᠲᠦᠮᠵᠢᠲᠡᠢ ᠪᠠᠶᠢᠬᠤ ᠶᠢ ᠪᠠᠲᠤᠯᠠᠵᠤ᠂ ᠶᠠᠳᠠᠭᠤ ᠶᠢ ᠲᠡᠳᠬᠦᠬᠦ ᠡᠳ᠋ | ᠬᠦᠷᠦᠩᠭᠡ ᠶᠢᠨ ᠦᠷᠳᠡᠭ ᠢ ᠪᠠᠲᠤᠯᠠᠵᠤ ᠦᠷᠳᠡᠭ ᠢ ᠨᠡᠮᠡᠭᠳᠡᠭᠦᠯᠬᠦ ᠶᠢ ᠪᠠᠲᠤᠯᠠᠨ᠎ᠠ︔ ᠲᠦᠷᠪᠡ᠂ ᠲᠠᠬᠢᠨ | ᠶᠠᠳᠠᠭᠤᠷᠠᠬᠤ ᠶᠢ ᠰᠡᠷᠭᠡᠶᠢᠯᠡᠵᠤ᠂ ᠰᠡᠷᠡᠮᠵᠢᠯᠡᠭᠦᠯᠬᠦ ᠪᠠ ᠬᠥᠳᠡᠯᠦᠩᠭᠦᠢ ᠪᠠᠷ ᠬᠠᠪᠰᠤᠷᠤᠨ ᠲᠡᠳᠬᠦᠬᠦ ᠵᠤᠬᠢᠴᠠᠮᠵᠢ ᠶᠢ | ᠪᠦᠷᠢᠨᠰᠢᠬᠦᠯᠵᠤ᠂ ᠶᠠᠳᠠᠭᠤ ᠠᠴᠠ ᠠᠩᠭᠢᠵᠢᠷᠠᠭᠰᠠᠨ ᠲᠣᠭᠲᠠᠭᠤᠨ ᠪᠤᠰᠤ ᠡᠷᠦᠬᠡ ᠪᠠ ᠤᠷᠤᠯᠭ᠎ᠠ ᠪᠠᠭᠠᠳᠡᠢ ᠡᠷᠦᠬᠡ ᠶᠢ | ᠪᠠᠶᠢᠩᠭᠤᠵᠢᠭᠤᠯᠤᠨ ᠬᠢᠨᠠᠨ ᠬᠠᠮᠢᠶᠠᠷᠬᠤ ᠶᠢ ᠴᠢᠩᠭᠠᠳᠬᠠᠵᠤ᠂ ᠮᠠᠯᠵᠢᠬᠤ ᠣᠷᠣᠨ ᠤ ᠨᠡᠶᠢᠭᠡᠮ ᠤᠨ ᠪᠠᠲᠤᠯᠠᠭ᠎ᠠ ᠪᠠ | ᠠᠪᠤᠷᠠᠨ ᠲᠤᠰᠠᠯᠠᠬᠤ ᠵᠤᠬᠢᠴᠠᠮᠵᠢ ᠶᠢ ᠪᠦᠷᠢᠨᠰᠢᠬᠦᠯᠵᠤ᠂ ᠦᠷᠭᠦᠯᠵᠢᠯᠡᠨ ᠬᠠᠪᠰᠤᠷᠤᠨ ᠲᠡᠳᠬᠦᠵᠦ᠂ ᠶᠠᠳᠠᠭᠤ ᠠᠴᠠ | ᠠᠩᠭᠢᠵᠢᠷᠠᠭᠰᠠᠨ ᠬᠥᠮᠦᠨ ᠠᠮᠠ ᠶᠢᠨ ᠲᠠᠬᠢᠨ ᠶᠠᠳᠠᠭᠤᠷᠠᠬᠤ ᠠᠴᠠ ᠰᠡᠷᠭᠡᠶᠢᠯᠡᠨ᠎ᠡ᠃ | ︵ᠬᠤᠶᠠᠷ︶ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠴᠢᠭᠯᠡᠬᠦᠯᠤᠨ᠂ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠲᠠᠰ ᠲᠠᠪᠰᠢᠬᠦ ᠶᠢ ᠪᠥᠬᠦ ᠬᠦᠴᠤᠨ ᠢᠶᠠᠷ ᠠᠬᠢᠭᠤᠯᠤᠨ᠎ᠠ᠃ | ᠳᠡᠭᠡᠳᠦ ᠲᠠᠰ ᠤᠨ᠂ ᠪᠣᠬᠢᠷᠲᠤᠯ ᠥᠬᠡᠶ᠂ ᠡᠷᠴᠢᠮᠵᠢᠭᠰᠡᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠪᠥᠬᠦ | ᠬᠤᠰᠢᠭᠤᠨ ᠤ ᠠᠭᠤᠷᠬᠠᠶ ᠶᠢᠨ ᠭᠠᠷᠤᠯᠲᠠ᠂ ᠰᠠᠯᠬᠢᠨ ᠴᠠᠬᠢᠯᠭᠠᠨ ᠵᠡᠷᠭᠡ ᠡᠬᠢ ᠪᠠᠶᠠᠯᠢᠭ ᠤᠨ ᠳᠠᠪᠠᠭᠤᠯᠢᠭ ᠲᠤ | ᠰᠠᠭᠤᠷᠢᠯᠠᠨ᠂ ᠠᠵᠤ ᠦᠢᠯᠡᠰ ᠤᠨ ᠰᠢᠯᠵᠢᠯᠳᠠ ᠶᠢ ᠪᠦᠳᠤᠮᠵᠢᠳᠡᠢ ᠵᠤᠯᠭᠠᠭᠤᠯᠵᠤ᠂ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠲᠠᠰ ᠲᠠᠪᠰᠢᠬᠦᠯᠬᠦ ᠶᠢ ᠪᠥᠬᠦ ᠬᠦᠴᠦᠨ ᠢᠶᠠᠷ ᠠᠬᠢᠭᠤᠯᠤᠨ᠎ᠠ᠃ ᠨᠢᠭᠡ ᠳᠤ᠂ ᠠᠵᠤ ᠦᠢᠯᠡᠳᠪᠦᠷᠢ ᠶᠢᠨ | ᠠᠵᠤ ᠠᠬᠤᠶ ᠶᠢᠨ ᠲᠣᠭᠲᠠᠭᠤᠨ ᠡᠷᠬᠢᠯᠳᠡ ᠶᠢ ᠰᠠᠶᠢᠲᠤᠷ ᠠᠳᠬᠤᠨ᠎ᠠ᠃ ᠵᠢᠩ ᠨᠸᠡᠭ ᠴᠠᠭᠠᠡᠨᠠᠭᠤᠷ ᠤᠨ ᠴᠠᠬᠢᠯᠭᠠᠨ | ᠦᠢᠯᠡᠳᠪᠤᠷᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠢᠯ ᠤᠨ ᠳᠣᠲᠣᠷ᠎ᠠ | ᠬᠥᠷᠥᠭᠡᠯᠲᠡ ᠶᠢᠨ ᠰᠤᠪᠤᠷᠭ᠎ᠠ᠂ ᠮᠠᠰᠢᠨ ᠮᠧᠬᠠᠨᠢᠭ ᠤᠨ ᠰᠠᠭᠤᠷᠢ ᠶᠢᠨ ᠪᠥᠲᠥᠭᠡᠨ ᠪᠠᠶᠢᠭᠤᠯᠤᠯᠲᠠ ᠶᠢᠨ | ᠢᠨᠵᠧᠨᠧᠷᠢᠩ ᠢ ᠪᠡᠶᠡᠯᠡᠭᠦᠯᠦᠨ᠎ᠡ︔ ᠵᠢᠩ ᠨᠸᠡᠭ ᠡᠯᠡᠰᠦᠷᠬᠡᠭ ᠭᠠᠵᠠᠷ ᠤᠨ ᠨᠠᠷᠡᠨ ᠡᠨᠧᠷᠬᠢ ᠶᠢᠨ 10 ᠲᠦᠮᠡᠨ | ᠺᠢᠯᠤᠸᠠᠲ ᠤᠨ ᠬᠡᠷᠡᠯ ᠴᠠᠬᠢᠯᠭᠠᠨ ᠤ ᠲᠥᠷᠥᠯ ᠵᠥᠢᠯ ᠪᠠ ᠭᠦᠸᠧ ᠲᠢᠶᠠᠨ ᠤ 1 ᠲᠦᠮᠡᠨ ᠺᠢᠯᠤᠸᠠᠲ ᠤᠨ ᠰᠠᠯᠬᠢᠨ | ᠴᠠᠬᠢᠯᠭᠠᠨ ᠤ ᠲᠥᠷᠥᠯ ᠵᠥᠢᠯ ᠢ ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠨ᠎ᠠ᠃ ᠶᠢᠨ ᠳ᠋ᠢ᠂ ᠭᠤᠷᠴᠢ᠂ ᠵᠢᠢ | ᠳ᠋ᠦᠡᠭ ᠱᠦᠢᠨᠢ ᠶᠢᠨ ᠲᠣᠭᠲᠠᠭᠤᠨ ᠡᠵᠡᠩᠨᠡᠯᠳᠡ ᠶᠢ ᠠᠬᠢᠭᠤᠯᠵᠤ᠂ 8 ᠠᠵᠤ ᠦᠢᠯᠡᠳᠪᠤᠷᠢ ᠶᠢᠨ ᠠᠵᠤ | ᠠᠬᠤᠶᠢᠯᠠᠯ ᠤᠨ ᠬᠡᠪᠴᠢᠶᠠᠵᠢᠯ ᠢ ᠳᠡᠭᠡᠭᠰᠢᠯᠡᠭᠦᠯᠬᠦ ᠠᠵᠢᠯ ᠢ ᠪᠠᠶᠠᠯᠠᠬᠦᠯᠤᠨ᠎ᠠ︔ ᠮᠠᠨ ᠤ ᠠᠶᠢᠮᠠᠭ ᠤᠨ ᠬᠠᠩᠭᠠᠯᠭ᠎ᠠ ᠶᠢ | ᠪᠠᠲᠤᠯᠠᠬᠤ ᠲᠥᠷᠥᠯ ᠤᠨ ᠨᠡᠭᠦᠷᠡᠰᠦᠨ ᠠᠭᠤᠷᠬᠠᠶ ᠶᠢᠨ ᠭᠠᠷᠳᠠᠮ ᠢ ᠳᠥᠯᠭᠢᠨ ᠠᠬᠢᠭᠤᠯᠬᠤ ᠲᠤᠷᠰᠢᠯᠲᠠ ᠶᠢᠨ ᠴᠡᠭ ᠤᠨ | ᠭᠠᠵᠠᠷ ᠣᠷᠣᠨ ᠢᠶᠠᠷ ᠵᠢᠭᠰᠠᠭᠠᠭᠳᠠᠭᠰᠠᠨ ᠠᠰᠢᠭᠲᠠᠶ ᠠᠵᠠ ᠲᠣᠬᠢᠶᠠᠯ ᠢ ᠡᠵᠡᠮᠳᠡᠵᠤ᠂ ᠮᠠᠨᠢᠲᠤ ᠠᠭᠤᠷᠬᠠᠶ ᠶᠢᠨ | ᠲᠤᠭᠤᠷᠢᠭ ᠤᠨ ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠨ ᠡᠬᠢ ᠪᠠᠶᠠᠯᠢᠭ ᠢ ᠡᠮᠬᠢᠯᠡᠨ ᠨᠢᠬᠡᠳᠬᠡᠬᠦ ᠶᠢ | ᠳᠥᠯᠭᠢᠨ ᠠᠬᠢᠭᠤᠯᠵᠤ᠂ ᠹᠸᠡᠭ ᠹᠸᠡᠭ ᠨᠡᠭᠦᠷᠡᠰᠦᠨ ᠠᠭᠤᠷᠬᠠᠶ᠂ ᠳ᠋ᠠ ᠠᠨ ᠨᠡᠭᠦᠷᠡᠰᠦᠨ ᠠᠭᠤᠷᠬᠠᠶ ᠶᠢᠨ ᠬᠠᠶᠢᠨ | ᠰᠢᠡᠵᠢᠯᠡᠬᠦ ᠠᠴᠠ ᠨᠡᠬᠡᠬᠡᠬᠦ ᠭᠠᠷᠳᠠᠮ ᠬᠦᠢᠴᠡᠳᠬᠡᠯ ᠶᠢ ᠲᠦᠷᠭᠡᠳᠬᠡᠨ ᠠᠬᠢᠭᠤᠯᠵᠤ᠂ ᠵᠢᠯ ᠤᠨ ᠳᠣᠲᠣᠷ᠎ᠠ ᠠᠵᠢᠯ ᠢᠶᠠᠨ | ᠰᠡᠷᠭᠦᠭᠡᠵᠦ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ︔ ᠡᠷᠳᠡᠨᠢ᠂ ᠨᠣᠮᠢᠨ ᠲᠠᠯᠠᠬᠡᠢ᠂ ᠵᠤᠤ ᠹᠦ᠋ ᠺᠤᠮᠫᠠᠨᠢ ᠶᠢ ᠲᠠᠰ | ᠲᠠᠪᠰᠢᠬᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠮᠣᠩᠭᠤᠯ ᠺᠤᠮᠫᠠᠨᠢ᠂ ᠮᠸᠡᠭ ᠶᠤᠸᠠᠨ ᠢ ᠨᠢᠬᠡᠳᠬᠡᠬᠦ ᠶᠢ | ᠠᠬᠢᠭᠤᠯᠵᠤ᠂ ᠵᠢᠯ ᠤᠨ ᠳᠣᠲᠣᠷ᠎ᠠ 30 ᠲᠦᠮᠡᠨ ᠬᠤᠨᠢᠴᠢᠯᠠᠭᠰᠡᠨ ᠨᠢᠬᠡᠴᠢ ᠡᠳ᠋ᠰᠢᠭᠦᠯᠬᠦ ᠪᠠᠷ ᠴᠢᠷᠮᠠᠶᠢᠨ᠎ᠠ︔ ᠢᠰᠬᠡ | ᠴᠡᠭᠡ ᠶᠢᠨ ᠠᠰᠢᠭᠲᠤ ᠪᠠᠺᠲ᠋ᠧᠷᠢ ᠶᠢᠨ ᠠᠵᠤ ᠦᠢᠯᠡᠰ ᠤᠨ ᠲᠥᠷᠥᠯ ᠵᠥᠢᠯ᠂ ᠵᠢᠥᠢ ᠱᠢ ᠨᠡᠶᠢᠯᠡᠮᠡᠯ ᠮᠠᠲ᠋ᠧᠷᠢᠶᠠᠯ | ᠡᠳ᠋ᠰᠢᠭᠦᠯᠬᠦ ᠲᠥᠷᠥᠯ ᠵᠥᠢᠯ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠬᠤᠶᠠᠷ ᠲᠤ᠂ | ᠭᠤᠣᠯᠳᠠᠯᠭ᠎ᠠ ᠲᠠᠢ ᠲᠦᠷᠤᠯ ᠵᠥᠢᠯ ᠢ ᠰᠠᠶᠢᠲᠤᠷ ᠠᠳᠬᠤᠵᠤ ᠪᠡᠯᠡ ᠣᠷᠣᠭᠤᠯᠤᠯᠲᠠ ᠶᠢ ᠠᠬᠢᠭᠤᠯᠤᠨ᠎ᠠ᠃ 500 | ᠲᠦᠮᠡᠨ ᠲᠥᠭᠦᠷᠢᠭ ᠠᠴᠠ ᠳᠡᠭᠡᠭᠰᠢᠬᠢ 68 ᠲᠦᠷᠤᠯ ᠵᠥᠢᠯ ᠢ ᠳᠣᠭᠢᠷᠠᠭᠤᠯᠵᠤ᠂ ᠶᠡᠷᠦᠩᠬᠡᠶ ᠪᠠᠯᠠ | ᠣᠷᠣᠭᠤᠯᠤᠯᠲᠠ ᠶᠢ 56.8 ᠳ᠋ᠦᠩᠰᠢᠭᠤᠷ ᠲᠥᠭᠦᠷᠢᠭ ᠲᠤ ᠬᠦᠷᠬᠡᠨ᠂ ᠲᠥᠪᠯᠡᠷᠡᠭᠦᠯᠦᠨ ᠬᠢᠨᠠᠨ ᠵᠥᠪᠰᠢᠶᠡᠷᠡᠬᠦ | ᠰᠠᠷ᠎ᠠ ᠶᠢᠨ ᠠᠵᠢᠯᠯᠠᠭ᠎ᠠ ᠶᠢ ᠡᠬᠢᠯᠡᠭᠦᠯᠵᠦ᠂ ᠲᠥᠷᠥᠯ ᠵᠥᠢᠯ ᠤᠨ ᠡᠷᠲᠡᠬᠡᠨ ᠠᠵᠢᠯ ᠡᠬᠢᠯᠡᠭᠦᠯᠦᠨ ᠪᠥᠲᠥᠭᠡᠨ | ᠪᠠᠶᠢᠭᠤᠯᠬᠤ ᠶᠢ ᠠᠬᠢᠭᠤᠯᠤᠨ᠎ᠠ᠃ ᠲᠥᠪ ᠤᠨ ᠬᠤᠷᠸ᠎ᠠ ᠲᠦᠷᠦ ᠶᠢᠨ ᠪᠤᠳᠤᠯᠭ᠎ᠠ ᠶᠢᠨ ᠲᠣᠭᠲᠠᠪᠤᠷᠢᠲᠤ ᠴᠢᠨᠠᠷ ᠪᠠ | ᠦᠷᠭᠦᠯᠵᠢᠯᠡᠬᠦ ᠴᠢᠨᠠᠷ ᠢ ᠪᠠᠲᠤᠯᠠᠬᠤ ᠠᠰᠢᠭᠲᠠᠶ ᠠᠵᠠ ᠲᠣᠬᠢᠶᠠᠯ ᠢ ᠭᠦᠢᠴᠡᠳ ᠡᠵᠡᠮᠳᠡᠵᠦ᠂ ᠪᠠᠴᠢᠮ ᠲᠤᠯᠭᠠᠮ᠎ᠠ ᠪᠠ | ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠤᠰᠬᠠᠶ ᠵᠦᠢᠯ ᠤᠨ ᠵᠢᠭᠡᠯᠡᠯᠭᠡ ᠶᠢᠨ | ᠲᠡᠮᠳᠡᠭ ᠢ ᠲᠡᠮᠡᠴᠡᠨ ᠤᠯᠬᠤ ᠡᠷᠴᠢᠮ ᠢᠶᠠᠨ ᠴᠢᠩᠭᠠᠷᠠᠭᠤᠯᠵᠤ᠂ ᠲᠦᠷᠤᠯ ᠵᠥᠢᠯ ᠤᠨ ᠨᠥᠭᠡᠴᠡ ᠪᠠ ᠪᠡᠯᠡᠳᠬᠡᠯ | ᠬᠤᠭᠤᠴᠠᠭᠠᠨ ᠤ ᠠᠵᠢᠯ ᠢ ᠰᠢᠯᠢᠳᠡᠭᠵᠢᠭᠦᠯᠦᠨ ᠪᠣᠳᠠᠲᠠᠶᠢᠵᠢᠭᠤᠯᠵᠤ᠂ ᠰᠠᠭᠤᠷᠢ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢᠨ ᠪᠡᠯᠡ ᠮᠥᠩᠭᠦ ᠶᠢᠨ ᠢᠷᠡᠯᠳᠡ ᠶᠢ ᠪᠦᠬᠦ ᠬᠦᠴᠦᠨ ᠢᠶᠠᠷ ᠪᠠᠲᠤᠯᠠᠵᠤ᠂ ᠠᠵᠤ ᠠᠬᠤᠶ ᠶᠢᠨ | ᠲᠣᠭᠲᠠᠭᠤᠨ ᠡᠷᠬᠢᠯᠳᠡ ᠶᠢ ᠲᠦᠯᠬᠢᠨ ᠠᠬᠢᠭᠤᠯᠤᠨ᠎ᠠ᠃ ᠭᠤᠷᠪᠠ ᠳᠤ᠂ ᠵᠢᠭᠤᠯᠴᠢᠯᠡᠯ ᠤᠨ ᠲᠠᠯᠳᠠ ᠬᠦᠴᠦᠨ ᠢ | ᠬᠦᠢᠴᠡᠳ ᠠᠭᠤᠳᠠᠯᠯᠠᠨ᠎ᠠ᠃ ︽ᠠᠪᠠᠭ᠎ᠠ ᠬᠤᠰᠢᠭᠤᠨ ᠤ ᠪᠦᠬᠦ ᠣᠷᠣᠨ ᠪᠦᠰᠡ ᠶᠢᠨ ᠵᠢᠭᠤᠯᠴᠢᠯᠠᠯ ᠤᠨ | ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ ᠡᠮᠤᠨ᠎ᠠ | ᠪᠠᠶ᠎ᠠ ᠶᠢᠨ ᠠᠮᠢ ᠠᠬᠤᠶ ᠶᠢᠨ ᠳᠠᠪᠠᠭᠤᠯᠢᠭ᠂ ᠳᠤᠮᠳᠠ ᠪᠠᠶ᠎ᠠ ᠶᠢᠨ ᠲᠥᠪᠯᠡᠷᠡᠯ ᠤᠨ ᠳᠠᠪᠠᠭᠤᠯᠢᠭ᠂ ᠬᠤᠶᠢᠳᠤ ᠪᠠᠶ᠎ᠠ | ᠶᠢᠨ ᠬᠢᠯᠢ ᠬᠢᠵᠠᠭᠠᠷ ᠤᠨ ᠳᠠᠪᠠᠭᠤᠯᠢᠭ ᠲᠤ ᠲᠦᠰᠢᠭᠯᠡᠨ᠂ ᠰᠢᠯᠢ ᠶᠢᠨ ᠭᠤᠤᠯ ᠤᠨ ᠮᠢᠩᠭᠠᠨ ᠭᠠᠵᠠᠷ ᠤᠨ | ᠦᠵᠡᠮᠵᠢ ᠶᠢᠨ ᠵᠤᠭᠠᠴᠠᠯ ᠤᠨ ᠱᠤᠭᠤᠮ ᠳᠤ ᠢᠳᠡᠪᠬᠢᠲᠡᠶ ᠠᠭᠤᠰᠤᠯᠴᠠᠵᠤ᠂ ᠪᠥᠬᠦ ᠬᠤᠰᠢᠭᠤᠨ ᠤ ᠵᠢᠭᠤᠯᠴᠢᠯᠠᠯ ᠤᠨ | ᠦᠢᠯᠡᠰ ᠤᠨ ᠰᠢᠨ᠎ᠡ ᠬᠥᠭᠵᠢᠯᠲᠡ ᠲᠠᠢ ᠪᠣᠯᠬᠤ ᠶᠢ ᠠᠬᠢᠭᠤᠯᠤᠨ᠂ ᠭᠠᠩᠭᠠᠨᠰᠢᠯᠢ ᠤᠯᠤᠰ ᠤᠨ ᠲᠠᠯ᠎ᠠ ᠨᠤᠲᠤᠭ ᠤᠨ | ᠪᠠᠶᠢᠭᠠᠯᠢ ᠶᠢᠨ ᠴᠡᠴᠡᠷᠯᠢᠭ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ ᠪᠣᠭᠳᠠ | ᠠᠭᠤᠯᠠ᠂ ᠬᠤᠷᠭᠤ ᠠᠭᠤᠯᠠ ᠶᠢᠨ ᠦᠵᠡᠮᠵᠢ ᠶᠢᠨ ᠲᠤᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠥᠢᠯ ᠢ ᠬᠡᠷᠡᠭᠵᠢᠭᠦᠯᠦᠨ᠂ ᠵᠢᠰᠠ ᠵᠢᠭᠤᠯᠴᠢᠯᠠᠯ ᠤᠨ ᠲᠤᠭᠤᠷᠢᠭ ᠤᠨ ᠲᠤᠨᠤᠭ | ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠭᠥᠯᠢᠶᠡᠨ ᠵᠤᠴᠢᠯᠠᠬᠤ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ | ᠥᠬᠡᠶ ᠳᠡᠭᠡᠭᠰᠢᠯᠡᠭᠦᠯᠦᠨ᠎ᠡ᠃ | ︵ᠭᠤᠷᠪᠠ︶ ︽ᠬᠤᠶᠠᠷ ᠠᠭᠤᠯᠠ︾ ᠶᠢᠨ ᠤᠨᠤᠯ ᠢ ᠢᠳᠡᠪᠬᠢᠲᠡᠶ ᠦᠢᠯᠡᠳᠦᠯᠭᠡᠵᠢᠭᠦᠯᠵᠦ᠂ ᠠᠮᠢ ᠠᠬᠤᠶ ᠶᠢᠨ | ᠣᠷᠴᠢᠨ ᠨᠥᠬᠦᠴᠡᠯ ᠤᠨ ᠬᠠᠮᠠᠭᠠᠯᠠᠯᠲᠠ ᠶᠢ ᠴᠢᠩᠭᠠᠳᠬᠠᠨ᠎ᠠ | ᠬᠦᠬᠡ ᠠᠭᠤᠯᠠ ᠬᠦᠬᠡᠮᠳᠦᠭ ᠤᠰᠤ ᠪᠣᠯ ᠠᠯᠳᠠ ᠮᠥᠩᠭᠦᠨ ᠠᠭᠤᠯᠠ ᠭᠡᠬᠦ ᠣᠶᠢᠯᠠᠭᠠᠭᠳᠠᠬᠤᠨ ᠢ ᠪᠠᠳᠤ ᠪᠠᠬᠢ | ᠪᠤᠢ ᠪᠤᠯᠭᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ | ᠠᠮᠢ ᠠᠬᠤᠢ ᠶᠢᠨ ᠪᠤᠬᠢᠷᠳᠤᠯ ᠦᠬᠡᠢ ᠴᠢᠨᠡᠷ ᠰᠠᠶᠢᠳᠡᠢ ᠬᠥᠭᠵᠢᠯᠲᠡ ᠶᠢ ᠠᠬᠢᠭᠤᠯᠤᠨ᠎ᠠ᠃ ᠨᠢᠭᠡ ᠳᠤ᠂ ᠨᠤᠲᠤᠭ | ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠨ᠎ᠠ᠃ ᠨᠤᠲᠤᠭ ᠪᠡᠯᠴᠢᠭᠡᠷ ᠤᠨ | ᠬᠠᠤᠯᠢ ᠲᠣᠭᠲᠠᠭᠠᠯ ᠠᠴᠠ ᠵᠦᠷᠢᠴᠡᠭᠰᠡᠳ ᠢ ᠲᠤᠰᠬᠠᠶ ᠲᠦᠷᠤᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ | ᠰᠠᠶᠢᠲᠤᠷ ᠥᠷᠨᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢ ᠡᠪᠳᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ | ᠥᠭᠭᠦᠨ᠎ᠡ᠃ ᠨᠡᠶᠢᠲᠡᠯᠢᠭ ᠵᠢᠱᠢᠶ᠎ᠠ ᠦᠵᠡᠭᠦᠯᠬᠦ ᠦᠢᠯᠡᠳᠦᠯ ᠢ ᠪᠠᠳᠠᠷᠠᠭᠤᠯᠵᠤ᠂ ᠠᠮᠢ ᠠᠬᠤᠢ ᠶᠢᠨ ᠤᠢᠢᠯᠠᠭᠠᠭᠳᠠᠬᠤᠨ | ᠢ ᠪᠠᠳᠤ ᠪᠠᠬᠢ ᠪᠤᠢ ᠪᠤᠯᠭᠠᠵᠤ᠂ ᠨᠤᠲᠤᠭ ᠪᠡᠯᠴᠢᠭᠡᠷ ᠤᠨ ᠬᠠᠮᠠᠭᠠᠯᠠᠯᠲᠠ ᠶᠢ ᠴᠢᠩᠭᠠᠳᠬᠠᠬᠤ᠂ ᠨᠤᠲᠤᠭ ᠪᠡᠯᠴᠢᠭᠡᠷ ᠤᠨ | ᠠᠰᠢᠭᠯᠠᠯᠲᠠ ᠶᠢ ᠳᠡᠭᠡᠭᠰᠢᠯᠡᠭᠦᠯᠬᠦ᠂ ᠨᠠᠷᠢᠯᠢᠭ ᠤᠨᠤᠪᠴᠢᠳᠡᠢ ᠰᠡᠷᠭᠦᠭᠡᠬᠦ ᠠᠵᠢᠯ ᠢ ᠰᠠᠶᠢᠲᠤᠷ ᠬᠢᠬᠦ ᠪᠠᠷ ᠲᠠᠮᠵᠢᠨ᠂ | ᠰᠢᠨ᠎ᠡ ᠴᠠᠭ ᠦᠶ᠎ᠡ ᠶᠢᠨ ᠨᠤᠲᠤᠭ ᠪᠡᠯᠴᠢᠭᠡᠷ ᠤᠨ ᠠᠮᠢ ᠠᠬᠤᠢ ᠶᠢ ᠰᠠᠶᠢᠵᠢᠷᠠᠭᠤᠯᠬᠤ ᠪᠠ ᠮᠠᠯᠴᠢᠳ ᠤᠨ | ᠣᠷᠣᠯᠭ᠎ᠠ ᠶᠢ ᠨᠡᠮᠡᠭᠳᠡᠭᠦᠯᠬᠦ ᠬᠤᠣᠰ ᠠᠮᠵᠢᠯᠲᠠ ᠶᠢ ᠤᠯᠬᠤ ᠠᠷᠭ᠎ᠠ ᠵᠠᠮ ᠢ ᠰᠦᠪᠡᠭᠴᠢᠯᠡᠨ᠎ᠡ᠃ ᠨᠢᠭᠡ᠂ ᠠᠮᠢ | ᠠᠬᠤᠶ ᠶᠢᠨ ᠪᠣᠯᠪᠠᠰᠤᠨ ᠤ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠦᠨ᠎ᠡ᠃ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠪᠣᠯᠤᠨ ᠶᠡᠭᠡ ᠳᠡᠭᠡᠳᠦ ᠰᠤᠷᠭᠠᠭᠤᠯᠢ ᠲᠠᠢ ᠢᠳᠡᠪᠬᠢᠲᠡᠢ ᠪᠠᠷ ᠬᠠᠮᠲᠤᠷᠠᠯᠴᠠᠭ᠎ᠠ | ᠥᠷᠨᠢᠭᠦᠯᠵᠦ᠂ ᠲᠢᠩ · ᠪᠠᠭᠠᠲᠤᠷ ᠤᠨ ᠨᠤᠲᠤᠭ ᠪᠡᠯᠴᠢᠭᠡᠷ ᠤᠨ ᠬᠠᠮᠠᠭᠠᠯᠠᠯᠲᠠ ᠪᠣᠯᠤᠨ ᠮᠠᠯ ᠠᠵᠤ ᠠᠬᠤᠢ ᠶᠢᠨ | ᠬᠥᠭᠵᠢᠯᠲᠡ ᠶᠢᠨ ᠬᠤᠣᠰ ᠠᠮᠵᠢᠯᠲᠠ ᠶᠢᠨ ᠨᠡᠶᠢᠲᠡᠯᠢᠭ ᠲᠤᠷᠰᠢᠯᠭ᠎ᠠ ᠶᠢ ᠥᠷᠭᠡᠨ ᠢᠶᠠᠷ ᠤᠬᠠᠭᠤᠯᠤᠨ ᠳᠡᠯᠭᠡᠷᠡᠭᠦᠯᠵᠦ᠂ | ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠤᠢᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ | ᠠᠬᠢᠭᠤᠯᠤᠨ᠎ᠠ᠃ ᠬᠤᠶᠠᠷ᠂ ᠪᠡᠯᠴᠢᠭᠡᠷᠯᠡᠭᠦᠯᠬᠦ ᠶᠢ ᠵᠣᠭᠰᠣᠭᠠᠬᠤ᠂ ᠪᠡᠯᠴᠢᠬᠡᠷ ᠰᠡᠯᠬᠦᠬᠦ᠂ ᠮᠠᠯ ᠪᠠᠯᠴᠢᠬᠡᠷ ᠤᠨ | ᠲᠡᠩᠴᠡᠭᠦᠷᠢ ᠶᠢ ᠪᠠᠳᠤᠯᠠᠬᠤ ᠲᠦᠷᠢᠮ ᠢ ᠴᠢᠩᠭ᠎ᠠ ᠬᠡᠷᠡᠭᠵᠢᠭᠦᠯᠦᠨ᠎ᠡ᠃ ᠰᠢᠨ᠎ᠡ ᠨᠢᠬᠡ ᠡᠭᠡᠯᠵᠢ ᠶᠢᠨ ᠲᠠᠯ᠎ᠠ ᠨᠤᠲᠤᠭ | ᠤᠨ ᠱᠠᠩᠨᠠᠯ ᠨᠦᠬᠦᠪᠤᠷᠢ ᠶᠢᠨ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ᠂ ᠪᠡᠯᠴᠢᠭᠡᠷᠯᠡᠭᠦᠯᠬᠦ ᠶᠢ ᠵᠤᠭᠰᠤᠭᠠᠬᠤ | ᠲᠤᠭᠤᠷᠢᠭ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠲᠤᠭᠤᠷᠢᠭ ᠢ ᠵᠦᠶ ᠵᠣᠬᠢᠰᠲᠠᠶ ᠬᠤᠪᠢᠶᠠᠷᠢᠯᠠᠨ | ᠲᠣᠭᠲᠠᠭᠠᠵᠤ᠂ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠪᠠ ᠰᠢᠯᠭᠠᠨ ᠦᠨᠡᠯᠡᠬᠦ ᠡᠷᠴᠢᠮ ᠢ ᠴᠢᠩᠭᠠᠷᠠᠭᠤᠯᠤᠨ᠂ | ᠮᠠᠯ ᠪᠡᠯᠴᠢᠭᠡᠷ ᠢ ᠲᠡᠩᠴᠡᠭᠦᠷᠢ ᠶᠢ ᠪᠠᠳᠤᠯᠠᠬᠤ ᠲᠤᠭᠤᠷᠢᠭ ᠲᠤ ︽ᠳᠠᠭᠠᠭᠠᠴᠠ ᠠᠴᠠ ᠥᠯᠥ ᠬᠡᠲᠦᠷᠡᠭᠦᠯᠬᠦ︾᠂ | ᠪᠡᠯᠴᠢᠭᠡᠷᠯᠡᠭᠦᠯᠬᠦ ᠶᠢ ᠵᠤᠭᠰᠤᠭᠠᠬᠤ ᠲᠤᠭᠤᠷᠢᠭ ᠲᠤ ︽ᠪᠡᠯᠴᠢᠭᠡᠷᠯᠡᠭᠦᠯᠬᠦ ᠦᠬᠡᠢ ᠪᠠᠶᠢᠬᠤ︾ ᠶᠢ ᠦᠨᠡᠨᠬᠦ ᠪᠠᠲᠤᠯᠠᠨ᠎ᠠ᠃ | ᠭᠤᠷᠪᠠ᠂ ᠨᠤᠲᠤᠭ ᠪᠡᠯᠴᠢᠭᠡᠷ ᠤᠨ ᠬᠡᠰᠡᠭᠯᠡᠨ ᠲᠤᠤᠷᠯᠠᠬᠤ ᠠᠰᠠᠭᠤᠳᠠᠯ ᠢ ᠬᠦᠴᠦᠯᠡᠨ ᠰᠢᠢᠳᠪᠤᠷᠢᠯᠡᠨ᠎ᠠ᠃ | ᠭᠠᠩᠭᠠᠡᠰᠢᠯᠢ ᠭᠠᠴᠠᠭᠠᠨ ᠤ ᠲᠤᠤᠷ ᠬᠦᠷᠢᠶ᠎ᠡ ᠶᠢ ᠨᠢᠬᠡᠳᠬᠡᠨ ᠨᠡᠶᠢᠯᠡᠭᠦᠯᠦᠭᠰᠡᠨ ᠨᠡᠶᠢᠲᠡᠯᠢᠭ ᠲᠤᠷᠰᠢᠯᠭ᠎ᠠ ᠶᠢ | ᠳᠡᠯᠭᠡᠷᠡᠭᠦᠯᠵᠦ᠂ ᠲᠣᠤᠷ ᠨᠡᠶᠢᠯᠡᠭᠦᠯᠦᠨ ᠡᠵᠡᠩᠨᠡᠬᠦ ᠶᠢ ᠵᠣᠷᠢᠭᠵᠢᠭᠤᠯᠤᠨ᠂ ᠰᠤᠮᠤ ᠪᠠᠯᠭᠠᠰᠤ ᠪᠦᠷᠢ ᠳᠤ 8 ᠲᠦᠮᠡᠨ | ᠮᠥ ᠠᠴᠠ ᠳᠡᠭᠡᠭᠰᠢᠬᠢ ᠲᠤᠤᠷ ᠬᠦᠷᠢᠶ᠎ᠡ ᠶᠢ ᠨᠢᠬᠡᠳᠬᠡᠨ ᠨᠡᠶᠢᠯᠡᠭᠦᠯᠬᠦ ᠠᠵᠢᠯ ᠢ ᠦᠷᠨᠢᠬᠦᠯᠤᠨ᠎ᠠ᠃ ᠬᠤᠶᠠᠷ ᠲᠤ᠂ | ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠶᠢ ᠬᠡᠷᠡᠭᠵᠢᠭᠦᠯᠵᠦ ᠪᠣᠬᠢᠷᠲᠤᠯ ᠢ ᠰᠡᠷᠭᠡᠶᠢᠯᠡᠨ ᠵᠠᠰᠠᠨ᠎ᠠ᠃ ᠲᠥᠪ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ | ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠪᠠ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢ ᠤᠭᠲᠤᠬᠤ ᠪᠡᠯᠡᠳᠬᠡᠯ ᠢ ᠪᠦᠬᠦ ᠲᠠᠯ᠎ᠠ ᠪᠠᠷ ᠰᠠᠶᠢᠲᠤᠷ ᠬᠢᠨ᠎ᠠ᠃ | ᠨᠢᠭᠡ᠂ ᠴᠠᠯᠮᠡᠭ ᠲᠡᠭᠷᠢ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠲᠠᠮᠠᠴᠠᠨ ᠤᠯᠤᠨ᠎ᠠ᠃ ᠡᠨᠧᠷᠭᠢ ᠶᠢᠨ | ᠬᠤᠷᠣᠭᠳᠠᠯ ᠤᠨ ᠶᠡᠷᠦᠩᠬᠡᠶ ᠬᠡᠮᠵᠢᠶ᠎ᠡ ᠪᠠ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠴᠢᠩᠭ᠎ᠠ ᠬᠢᠵᠠᠭᠠᠷᠯᠠᠵᠤ᠂ | ᠭᠤᠣᠯ ᠪᠣᠯᠬᠤ ᠠᠭᠠᠷ ᠮᠠᠨᠳᠠᠯ ᠤᠨ ᠪᠣᠬᠢᠷᠲᠤᠯ ᠪᠣᠳᠠᠰ ᠤᠨ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠦᠷᠭᠦᠯᠵᠢᠯᠡᠨ | ᠪᠠᠭᠠᠰᠬᠠᠵᠤ᠂ ᠱᠦᠢᠨᠢ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠵᠢᠴᠢ ᠨᠡᠭᠦᠷᠡᠰᠦ ᠰᠢᠲᠠᠭᠠᠬᠤ ᠬᠦᠸᠧᠯᠤ᠂ ᠠᠵᠤ | ᠦᠢᠯᠡᠳᠪᠦᠷᠢ ᠶᠢᠨ ᠵᠤᠤᠬ᠎ᠠ ᠵᠡᠷᠭᠡ ᠶᠢᠨ ᠪᠣᠬᠢᠷᠲᠤᠯ ᠢ ᠵᠠᠰᠠᠬᠤ ᠲᠥᠬᠦᠭᠡᠷᠦᠮᠵᠢ ᠶᠢ ᠥᠭᠡᠷᠡᠴᠢᠯᠡᠬᠦ ᠢᠨᠵᠧᠨᠧᠷᠢᠩ ᠢ | ᠪᠦᠬᠦ ᠲᠠᠯ᠎ᠠ ᠪᠠᠷ ᠪᠡᠶᠡᠯᠡᠭᠦᠯᠦᠨ᠎ᠡ᠃ ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠠᠢ︾ ᠠᠵᠤ | ᠠᠬᠤᠶᠢᠯᠠᠯ ᠢ ᠶᠡᠷᠦᠩᠬᠡᠶᠢᠯᠡᠨ ᠵᠠᠰᠠᠬᠤ ᠶᠢ ᠦᠨᠡᠨᠬᠦ ᠴᠢᠩᠭᠠᠳᠬᠠᠵᠤ᠂ ᠵᠢᠶᠦ᠋ᠨ ᠯᠢᠶᠠᠨ ᠲᠤᠯᠠᠭᠠᠯᠭ᠎ᠠ ᠬᠠᠩᠭᠠᠬᠤ | ᠵᠤᠤᠬ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠭᠤᠤᠯᠳᠠᠯᠭ᠎ᠠ ᠲᠠᠢ ᠰᠠᠶᠢᠲᠤᠷ | ᠠᠳᠬᠤᠨ᠎ᠠ᠃ ᠬᠤᠶᠠᠷ᠂ ᠬᠦᠬᠡᠮᠳᠦᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠲᠠᠮᠠᠴᠠᠨ ᠤᠯᠤᠨ᠎ᠠ᠃ | ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠬᠡᠷᠡᠭᠵᠢᠭᠦᠯᠵᠦ᠂ | ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠲᠤᠭᠤᠷᠢᠭ ᠤᠨ ᠵᠢᠷᠤᠮᠵᠢᠭᠰᠠᠨ ᠪᠥᠲᠥᠭᠡᠨ | ᠪᠠᠶᠢᠭᠤᠯᠤᠯᠲᠠ ᠶᠢ ᠦᠷᠭᠦᠯᠵᠢᠯᠡᠨ ᠥᠷᠨᠢᠭᠦᠯᠵᠦ᠂ ︽ᠨᠢᠭᠡ ᠡᠬᠢ ᠰᠤᠷᠪᠤᠯᠵᠢ ᠨᠢᠭᠡ ᠲᠠᠩᠰᠠ ᠡᠪᠬᠡᠮᠡᠯ︾ ᠤᠨ | ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠳᠥᠯᠭᠢᠨ ᠠᠬᠢᠭᠤᠯᠤᠨ᠎ᠠ᠃ ︽ᠭᠤᠣᠯ ᠨᠠᠭᠤᠷ ᠤᠨ | ᠳᠠᠷᠤᠭ᠎ᠠ ᠶᠢᠨ ᠲᠥᠷᠢᠮ︾ ᠢ ᠴᠢᠩᠭ᠎ᠠ ᠨᠠᠶᠢᠳᠠᠪᠤᠷᠢᠵᠢᠭᠤᠯᠤᠨ᠂ ᠤᠷᠤᠰᠬᠠᠯ ᠰᠠᠪᠠ ᠭᠠᠵᠠᠷ ᠤᠨ ᠣᠷᠴᠢᠨ ᠲᠣᠭᠤᠷᠢᠨ | ᠤ ᠬᠠᠮᠢᠶᠠᠷᠤᠯᠲᠠ᠂ ᠬᠥᠷᠥᠰᠥ ᠰᠢᠷᠣᠶ ᠶᠢ ᠬᠠᠮᠠᠭᠠᠯᠠᠬᠤ ᠬᠠᠮᠢᠶᠠᠷᠤᠯᠲᠠ ᠶᠢ ᠴᠢᠩᠭᠠᠳᠬᠠᠨ᠂ ᠴᠠᠭᠠᠨᠨᠠᠭᠤᠷ ᠤᠨ | ᠤᠷᠤᠰᠬᠠᠯ ᠤᠨ ᠪᠠᠭᠲᠠᠭᠠᠮᠵᠢ ᠶᠢ ᠴᠠᠪᠠᠷᠰᠢᠬᠦᠯᠤᠨ ᠥᠷᠭᠡᠳᠬᠡᠬᠦ ᠪᠠ ᠤᠶᠤᠡᠴᠢ ᠤᠰᠤᠨ ᠠᠰᠢᠭᠯᠠᠯᠲᠠ ᠶᠢᠨ ᠮᠡᠳᠡᠭᠡ | ᠵᠠᠩᠭᠢᠵᠢᠭᠤᠯᠬᠤ ᠪᠠᠶᠢᠭᠤᠯᠤᠯᠲᠠ ᠶᠢᠨ ᠲᠥᠷᠥᠯ ᠵᠦᠢᠯ ᠢ ᠣᠯᠬᠤ ᠪᠠᠷ ᠴᠢᠷᠮᠠᠶᠢᠨ᠎ᠠ᠃ ᠪᠣᠬᠢᠷ ᠤᠰᠤᠨ ᠤ | ᠬᠤᠭᠤᠯᠠᠶ ᠶᠢᠨ ᠲᠣᠣᠷ ᠢ ᠬᠤᠯᠪᠣᠬᠤ ᠢᠨᠵᠧᠨᠧᠷᠢᠩ ᠢ ᠬᠡᠷᠡᠭᠵᠢᠭᠦᠯᠵᠦ᠂ ᠤᠰᠤ ᠶᠢ ᠲᠠᠬᠢᠨ ᠠᠰᠢᠭᠯᠠᠬᠤ | ᠦᠢᠯᠡᠳᠪᠦᠷᠢ ᠶᠢᠨ ᠪᠠᠭᠲᠠᠭᠠᠮᠵᠢ ᠶᠢ ᠥᠷᠭᠡᠳᠬᠡᠬᠦ ᠢᠨᠵᠧᠨᠧᠷᠢᠩ ᠢ ᠡᠬᠢᠯᠡᠭᠦᠯᠵᠦ᠂ ᠬᠤᠲᠠ ᠪᠠᠯᠭᠠᠰᠤᠨ ᠤ ᠪᠣᠬᠢᠷ | ᠤᠰᠤ ᠶᠢ ᠬᠤᠷᠠᠮᠳᠤᠭᠤᠯᠬᠤ ᠪᠠ ᠰᠢᠢᠳᠪᠤᠷᠢᠯᠡᠬᠦ ᠳᠤᠲᠠᠭᠤᠳᠠᠯ ᠢ ᠨᠥᠬᠦᠪᠥᠷᠢᠯᠡᠨ᠎ᠡ᠃ ᠭᠤᠷᠪᠠ᠂ ᠬᠦᠷᠤᠰᠤ ᠰᠢᠷᠤᠢ | ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠲᠠᠮᠠᠴᠠᠨ ᠤᠯᠤᠨ᠎ᠠ᠃ ᠠᠭᠤᠷᠬᠠᠶ ᠶᠢᠨ ᠣᠷᠴᠢᠨ ᠲᠣᠭᠤᠷᠢᠨ ᠢ | ᠶᠡᠷᠦᠩᠬᠡᠶᠢᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠪᠣᠬᠢᠷᠲᠤᠯ ᠦᠭᠡᠶ ᠠᠭᠤᠷᠬᠠᠶ ᠶᠢᠨ ᠪᠦᠲᠦᠭᠡᠨ | ᠪᠠᠶᠢᠭᠤᠯᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠶᠢᠨ ᠳ᠋ᠢ ᠠᠭᠤᠷᠬᠠᠶ ᠶᠢᠨ ᠦᠢᠯᠡᠰ᠂ ᠵᠢᠢ ᠳ᠋ᠦᠡᠭ ᠱᠦᠢᠨᠢ ᠶᠢ | ᠤᠯᠤᠰ ᠤᠨ ᠲᠠᠰ ᠤᠨ ᠪᠣᠬᠢᠷᠲᠤᠯ ᠥᠬᠡᠶ ᠠᠭᠤᠯᠠ ᠠᠭᠤᠷᠬᠠᠶ ᠶᠢᠨ ᠵᠢᠭᠰᠠᠭᠠᠯᠲᠠ ᠳᠤ ᠣᠷᠣᠭᠤᠯᠬᠤ᠂ ᠭᠤᠷᠴᠢ ᠶᠢ | ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠭᠰᠠᠭᠠᠯᠲᠠ ᠳᠤ ᠣᠷᠣᠭᠤᠯᠬᠤ ᠶᠢ ᠠᠬᠢᠭᠤᠯᠵᠤ᠂ ᠵᠠᠳᠠᠭᠠᠶ | ᠠᠭᠤᠷᠬᠠᠶ ᠶᠢᠨ ᠬᠠᠶᠠᠭᠳᠠᠮᠠᠯ ᠨᠦᠬᠡ ᠶᠢ ᠰᠡᠷᠭᠦᠭᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠫᠢᠡᠭ ᠠᠨ | ᠨᠡᠭᠦᠷᠡᠰᠦᠨ ᠠᠭᠤᠷᠬᠠᠶ ᠶᠢ ᠴᠡᠭᠴᠡᠯᠡᠨ ᠵᠠᠰᠠᠬᠤ ᠢᠨᠵᠧᠨᠧᠷᠢᠩ ᠢ ᠲᠤᠭᠳᠠᠭᠰᠡᠨ ᠬᠤᠭᠤᠴᠠᠭᠠᠨ ᠳᠤ ᠪᠡᠶᠡᠯᠡᠭᠦᠯᠵᠦ᠂ | ᠬᠠᠶᠠᠭᠳᠠᠮᠠᠯ ᠨᠦᠬᠡ ᠶᠢ ᠵᠠᠰᠠᠬᠤ ᠡᠷᠴᠢᠮ ᠢ ᠴᠢᠩᠭᠠᠷᠠᠭᠤᠯᠤᠨ᠂ ᠵᠢᠯ ᠤᠨ ᠳᠣᠲᠣᠷ᠎ᠠ ᠴᠠᠭᠠᠡᠨᠠᠭᠤᠷ ᠤᠨ ᠲᠡᠮᠦᠷ ᠤᠨ | ᠠᠭᠤᠷᠬᠠᠶ ᠶᠢᠨ ᠲᠤᠭᠤᠷᠢᠭ ᠢ ᠶᠡᠷᠦᠩᠬᠡᠶᠢᠯᠡᠨ ᠵᠠᠰᠠᠬᠤ ᠡᠭᠦᠷᠭᠡ ᠶᠢ ᠪᠡᠶᠡᠯᠡᠭᠦᠯᠦᠨ᠎ᠡ᠃ ᠲᠦᠷᠪᠡ᠂ ᠤᠯᠤᠰ ᠤᠨ | ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠦᠬᠦ | ᠬᠦᠴᠦᠨ ᠢᠶᠠᠷ ᠠᠬᠢᠭᠤᠯᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠮᠡᠳᠡᠭᠡ ᠵᠠᠩᠭᠢ ᠶᠢᠨ ᠲᠠᠪᠴᠠᠩ ᠢ | ᠪᠠᠶᠢᠭᠤᠯᠵᠤ᠂ ︽ᠤᠯᠠᠨ ᠲᠥᠯᠥᠪᠵᠢᠭᠦᠯᠭᠡ ᠶᠢ ᠨᠢᠭᠡᠳᠬᠡᠬᠦ︾ ᠶᠢ ᠪᠡᠶᠡᠯᠡᠭᠦᠯᠦᠨ᠎ᠡ᠃ ᠪᠥᠬᠦ ᠬᠤᠰᠢᠭᠤᠨ ᠤ ᠠᠮᠢ | ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠵᠠᠭᠠᠭ ᠢ ᠬᠠᠶᠢᠵᠤ ᠲᠡᠮᠳᠡᠭᠯᠡᠬᠦ ᠠᠵᠢᠯ ᠢ ᠥᠷᠨᠢᠭᠦᠯᠵᠦ᠂ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠤᠯᠤᠰ ᠤᠨ ᠪᠠᠶᠢᠳᠠᠯ ᠤᠨ ᠪᠠᠶᠢᠴᠠᠭᠠᠯᠲᠠ ᠪᠠ ᠪᠥᠬᠦ ᠤᠯᠤᠰ ᠤᠨ | ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠳᠠ ᠶᠢᠨ ᠠᠵᠢᠯ ᠢ ᠪᠠᠶᠠᠯᠠᠬᠦᠯᠤᠨ᠎ᠠ᠃ | ︵ᠲᠦᠷᠪᠡ︶ ᠦᠢᠯᠡᠰ ᠡᠷᠬᠢᠯᠡᠬᠦ ᠣᠷᠴᠢᠨ ᠨᠥᠬᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ | ᠥᠭᠡᠷᠡᠴᠢᠯᠡᠯᠲᠡ ᠨᠡᠭᠡᠭᠡᠯᠳᠡ ᠶᠢ ᠲᠦᠯᠬᠢᠨ ᠠᠬᠢᠭᠤᠯᠤᠨ᠎ᠠ | ᠥᠭᠡᠷᠡᠴᠢᠯᠡᠯᠲᠡ ᠪᠠᠷ ᠰᠢᠪᠲᠤᠯᠤᠯᠲᠠ ᠶᠢᠨ ᠴᠡᠭ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠲᠤᠰᠬᠠᠶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠠ ᠲᠣᠬᠢᠶᠠᠯ | ᠢ ᠡᠵᠡᠮᠳᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠴᠢᠭᠯᠡᠬᠦᠯᠤᠨ᠂ ᠡᠷᠬᠡ ᠲᠡᠭᠰᠢ ᠥᠷᠢᠰᠦᠯᠳᠦᠬᠦ ᠵᠠᠬ᠎ᠠ | ᠳᠡᠯᠭᠡᠭᠦᠷ ᠤᠨ ᠣᠷᠴᠢᠨ ᠢ ᠪᠣᠶ ᠪᠣᠯᠭᠠᠵᠤ᠂ ᠦᠢᠯᠡᠰ ᠡᠷᠬᠢᠯᠡᠬᠦ ᠣᠷᠴᠢᠨ ᠨᠦᠬᠦᠴᠠᠯ ᠤᠨ ᠪᠥᠲᠥᠭᠡᠨ | ᠪᠠᠶᠢᠭᠤᠯᠤᠯᠲᠠ ᠶᠢ ᠪᠥᠬᠦ ᠲᠠᠯ᠎ᠠ ᠪᠠᠷ ᠰᠠᠶᠢᠲᠤᠷ ᠠᠳᠬᠤᠨ᠎ᠠ᠃ ᠨᠢᠭᠡ ᠳᠤ᠂ ︽ᠲᠠᠯᠪᠢᠬᠤ᠂ ᠬᠠᠮᠢᠶᠠᠷᠬᠤ᠂ | ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠤᠨ᠎ᠠ᠃ ᠵᠠᠰᠠᠭ ᠢ ᠴᠣᠮᠬᠠᠳᠬᠠᠨ ᠡᠷᠬᠡ ᠶᠢ | ᠳᠣᠷᠣᠭᠰᠢ ᠪᠠᠭᠤᠯᠭᠠᠬᠤ ᠡᠷᠴᠢᠮ ᠢ ᠴᠢᠩᠭᠠᠷᠠᠭᠤᠯᠵᠤ᠂ ᠨᠠᠷᠢᠯᠢᠭ ᠪᠦᠬᠡᠳ ᠪᠦᠷᠢᠨ ᠦᠢᠯᠡᠴᠢᠯᠡᠬᠡᠨ ᠤ ᠬᠡᠯᠪᠡᠷᠢ ᠶᠢᠨ | ᠵᠠᠰᠠᠭ ᠤᠨ ᠣᠷᠳᠣᠨ ᠢ ᠬᠦᠴᠦᠯᠡᠨ ᠪᠠᠶᠢᠭᠤᠯᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠠᠷᠡᠯ ᠤᠨ ᠲᠦᠷᠢᠮ ᠤᠨ | ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠨ᠂ ᠬᠢᠨᠠᠨ ᠵᠦᠪᠰᠢᠶᠠᠷᠡᠯ ᠬᠦᠢᠴᠡᠳᠬᠡᠬᠦ ᠰᠠᠯᠠᠭ᠎ᠠ ᠮᠥᠴᠢᠷ ᠢ ᠪᠦᠬᠦᠨ ᠢ | ᠲᠢᠩᠬᠢᠮ ᠳᠤ ᠣᠷᠣᠭᠤᠯᠵᠤ᠂ ︽ᠢᠡᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ | ᠬᠡᠷᠡᠭᠵᠢᠭᠦᠯᠦᠨ᠂ ︽ᠨᠢᠬᠡ ᠴᠤᠩᠬᠤᠪᠴᠢ ᠪᠠᠷ ᠶᠠᠷᠤᠩᠬᠡᠶᠢᠯᠡᠨ ᠦᠢᠯᠡᠴᠢᠯᠡᠬᠦ︾ ᠪᠠ ︽ᠨᠢᠭᠡ ᠶᠠᠪᠤᠳᠠᠯ ᠢ ᠨᠢᠬᠡᠯᠡ | ᠤᠳᠠᠭ᠎ᠠ ᠳᠤ ᠬᠦᠢᠴᠡᠳᠬᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠬᠢᠨᠠᠨ ᠵᠥᠪᠰᠢᠶᠡᠷᠡᠬᠦ ᠲᠠᠷᠠᠭᠠᠯᠠᠯ ᠢ | ᠰᠢᠯᠢᠳᠡᠭᠵᠢᠭᠦᠯᠦᠨ᠂ ᠦᠢᠯᠡᠴᠢᠯᠡᠬᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠯᠤᠰ ᠡᠵᠡᠮᠳᠡᠯ ᠢᠶᠠᠷ | ᠲᠠᠭᠠᠭᠠᠴᠢᠯᠠᠯᠳᠠ ᠲᠤᠭᠳᠠᠭᠠᠬᠤ ᠨᠣᠷᠮ᠎ᠠ ᠶᠢ ᠵᠢᠯ ᠤᠨ ᠳᠣᠲᠣᠷ᠎ᠠ 80% ᠠᠴᠠ ᠳᠡᠭᠡᠭᠰᠢ ᠳᠤ ᠬᠦᠷᠬᠡᠬᠦ ᠪᠠᠷ | ᠴᠢᠷᠮᠠᠶᠢᠨ᠎ᠠ᠃ ︽ᠢᠡᠲ᠋ᠧᠷ ᠰᠦᠯᠵᠢᠶ᠎ᠡ + ᠵᠠᠰᠠᠭ ᠤᠨ ᠣᠷᠳᠣᠨ ᠤ ᠬᠤᠳᠠᠯᠳᠤᠨ ᠠᠪᠬᠤ︾ ᠵᠠᠭᠪᠤᠷ ᠢ | ᠬᠡᠷᠡᠭᠵᠢᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠤᠨ ᠴᠢᠨᠠᠷ ᠴᠢᠡᠰᠠᠭ᠎ᠠ ᠪᠠ ᠦᠷ᠎ᠠ ᠪᠦᠳᠤᠮᠵᠢ | ᠶᠢ ᠪᠦᠬᠦ ᠲᠠᠯ᠎ᠠ ᠪᠠᠷ ᠲᠡᠬᠡᠭᠰᠢᠯᠡᠬᠦᠯᠤᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ | ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠠᠪᠠᠭ᠎ᠠ ᠬᠤᠰᠢᠭᠤᠨ ᠤ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢ ᠪᠠᠶᠢᠭᠤᠯᠤᠨ᠂ | ᠤᠳᠤᠬᠢᠴᠢᠯᠠᠭᠰᠡᠨ ᠠᠵᠤ ᠠᠬᠤᠶᠢᠯᠠᠯ ᠤᠨ ᠲᠦᠷᠢᠮ ᠢ ᠲᠦᠷᠬᠡᠳᠬᠡᠨ ᠪᠠᠶᠢᠭᠤᠯᠵᠤ᠂ ᠨᠡᠶᠢᠭᠡᠮ ᠤᠨ ᠢᠲᠡᠭᠡᠮᠵᠢ ᠶᠢᠨ | ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ︽ᠢᠡᠲ᠋ᠧᠷ ᠰᠦᠯᠵᠢᠶ᠎ᠡ + ᠢᠲᠡᠭᠡᠮᠵᠢ ᠶᠢᠨ ᠬᠢᠨᠠᠯᠲᠠ | ᠬᠠᠮᠢᠶᠠᠷᠤᠯᠲᠠ︾ ᠶᠢᠨ ᠵᠠᠭᠪᠤᠷ ᠢ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠠᠮᠢᠵᠢᠷᠠᠯ ᠤᠨ ᠬᠦᠴᠦᠨ ᠢ ᠬᠥᠭᠵᠢᠭᠡᠵᠦ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠪᠠ ᠥᠪᠡᠷ ᠤᠨ | ᠦᠷᠳᠡᠭ ᠢ ᠪᠠᠭᠤᠷᠠᠭᠤᠯᠬᠤ ᠪᠤᠰᠤᠳ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠤᠨ᠂ | ᠲᠣᠭᠲᠠᠭᠠᠯ ᠠᠴᠠ ᠵᠥᠷᠢᠴᠡᠨ ᠠᠵᠤ ᠠᠬᠤᠶᠢᠯᠠᠯ ᠳᠤ ᠬᠤᠯᠪᠣᠭᠳᠠᠭᠰᠠᠨ ᠡᠯ᠎ᠡ ᠲᠦᠷᠦᠯ ᠤᠨ ᠰᠦᠢᠳᠬᠡᠯ | ᠬᠤᠷᠢᠶᠠᠬᠤ ᠶᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠤᠨ᠎ᠠ᠃ ᠲᠡᠳᠬᠦᠨ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ ᠠᠵᠤ | ᠠᠬᠤᠶᠢᠯᠠᠯ ᠤᠨ ᠡᠭᠦᠷᠭᠡ ᠬᠠᠷᠢᠭᠤᠴᠠᠯᠭ᠎ᠠ ᠡᠭᠦᠷᠭᠡᠯᠡᠬᠦ᠂ ᠬᠤᠪᠢ ᠨᠡᠮᠡᠷᠢ ᠦᠵᠡᠭᠦᠯᠬᠦ ᠶᠢ ᠵᠣᠷᠢᠭᠵᠢᠭᠤᠯᠤᠨ᠎ᠠ᠃ | ᠬᠤᠶᠠᠷ ᠲᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠦᠨ᠎ᠡ᠃ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠵᠤᠬᠢᠴᠠᠮᠵᠢ ᠶᠢ ᠪᠠᠶᠢᠭᠤᠯᠤᠨ | ᠲᠡᠭᠦᠯᠳᠡᠷᠵᠢᠭᠦᠯᠵᠦ᠂ ᠵᠠᠰᠠᠭ ᠪᠠᠩᠬᠢ ᠠᠵᠤ ᠠᠬᠤᠶᠢᠯᠠᠯ ᠤᠨ ᠬᠠᠮᠳᠤᠷᠠᠯᠴᠠᠭ᠎ᠠ ᠶᠢ ᠠᠬᠢᠭᠤᠯᠬᠤ᠂ ᠭᠤᠣᠯᠳᠠᠯᠭ᠎ᠠ ᠲᠠᠢ | ᠲᠥᠷᠥᠯ ᠵᠦᠢᠯ ᠵᠢᠴᠢ ᠠᠷᠠᠳ ᠠᠴᠠ ᠡᠵᠡᠩᠨᠡᠭᠰᠡᠨ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠬᠤᠷᠠᠮᠳᠤᠭᠤᠯᠭ᠎ᠠ | ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢᠨ ᠠᠵᠢᠯ ᠢ ᠭᠦᠨᠵᠡᠭᠡᠶ ᠥᠷᠨᠢᠭᠦᠯᠵᠦ᠂ | ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠤ ᠰᠢᠨ᠎ᠡ ᠶᠢ ᠡᠭᠦᠳᠴᠦ᠂ ᠢᠲᠡᠭᠡᠮᠵᠢᠲᠦ ᠵᠢᠭᠡᠯᠡᠯᠭᠡ ᠶᠢᠨ ᠡᠬᠡ | ᠮᠥᠩᠭᠦ ᠶᠢ ᠪᠤᠴᠠᠭᠠᠬᠤ ᠥᠬᠡᠶ ᠦᠷᠭᠦᠯᠵᠢᠯᠡᠨ ᠵᠢᠭᠡᠯᠡᠯᠭᠡ ᠲᠠᠯᠪᠢᠬᠤ᠂ ᠪᠠᠩᠬᠢ ᠭᠠᠶᠢᠯᠢ ᠶᠢᠨ ᠬᠠᠷᠢᠯᠴᠠᠨ | ᠬᠥᠳᠡᠯᠦᠯᠴᠡᠬᠦ᠂ ᠬᠤᠷᠢᠶᠠᠪᠠᠰᠤ ᠵᠣᠬᠢᠬᠤ ᠲᠠᠩᠰᠨ ᠵᠣᠭᠤᠰ ᠵᠡᠷᠭᠡ ᠪᠠᠯᠠ ᠲᠣᠬᠢᠷᠠᠭᠤᠯᠭ᠎ᠠ ᠶᠢᠨ ᠦᠢᠯᠡᠳᠬᠦᠨ ᠤ | ᠡᠵᠡᠯᠡᠬᠦ ᠬᠠᠷᠢᠴᠠᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠪᠠᠭ᠎ᠠ ᠪᠢᠴᠢᠯ ᠠᠵᠤ ᠠᠬᠤᠶᠢᠯᠠᠯ ᠤᠨ ᠢᠲᠡᠭᠡᠮᠵᠢᠲᠦ | ᠵᠢᠭᠡᠯᠡᠯᠭᠡ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠤᠨ ᠡᠬᠡ ᠮᠥᠩᠭᠦ ᠶᠢ ᠪᠤᠴᠠᠭᠠᠬᠤ | ᠪᠠ ᠬᠦᠤ ᠮᠥᠩᠭᠦ ᠶᠢ ᠳᠥᠯᠥᠬᠦ ᠳᠠᠷᠤᠯᠲᠠ ᠶᠢ ᠬᠥᠩᠭᠡᠷᠡᠭᠦᠯᠦᠨ᠂ ᠵᠢᠯ ᠤᠨ ᠳᠣᠲᠣᠷ᠎ᠠ ᠵᠠᠰᠠᠭ ᠪᠠᠩᠬᠢ ᠠᠵᠤ | ᠠᠬᠤᠶᠢᠯᠠᠯ ᠢ ᠵᠣᠯᠭᠠᠭᠤᠯᠬᠤ ᠬᠤᠷᠠᠯ ᠢ 2 ᠤᠳᠠᠭ᠎ᠠ ᠬᠤᠷᠠᠯᠳᠤᠭᠤᠯᠵᠤ᠂ ᠭᠤᠤᠯᠳᠠᠯᠭ᠎ᠠ ᠲᠠᠢ ᠲᠥᠷᠥᠯ ᠵᠥᠢᠯ᠂ ᠠᠵᠤ | ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠳᠤ ᠴᠢᠭᠯᠡᠬᠦᠯᠤᠨ᠂ ᠮᠥᠩᠭᠦᠨ ᠬᠦᠢᠯᠬᠡᠬᠡᠨ ᠤ | ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ ︽ᠨᠢᠭᠡ ᠨᠢ ᠨᠢᠭᠡ ᠲᠠᠢ ᠬᠠᠷᠢᠴᠠᠬᠤ︾ ᠲᠤᠰᠬᠠᠶ ᠲᠦᠷᠤᠯ ᠢᠶᠠᠷ | ᠵᠣᠯᠭᠠᠭᠤᠯᠬᠤ ᠶᠢ ᠥᠷᠨᠢᠭᠦᠯᠦᠨ᠎ᠡ︔ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠥᠨᠳᠥᠷ ᠬᠦᠦ ᠲᠠᠢ ᠵᠢᠭᠡᠯᠡᠯᠭᠡ | ᠲᠠᠯᠪᠢᠬᠤ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠦᠷᠭᠦᠯᠵᠢᠯᠡᠨ ᠴᠣᠬᠢᠯᠲᠠ ᠥᠭᠴᠦ᠂ ᠮᠥᠩᠭᠦᠨ | ᠭᠦᠢᠯᠭᠡᠭᠡᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃ ᠭᠤᠷᠪᠠ ᠳᠤ᠂ ᠥᠭᠡᠷᠡᠴᠢᠯᠡᠯᠲᠡ | ᠨᠡᠭᠡᠭᠡᠯᠳᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠨᠡᠭᠡᠭᠡᠯᠲᠡᠲᠦ ᠬᠥᠭᠵᠢᠯᠲᠡ ᠶᠢᠨ ᠦᠢᠯᠠᠭᠠᠭᠳᠠᠬᠤᠨ ᠢ | ᠭᠦᠨᠵᠡᠭᠡᠶ ᠦᠢᠯᠡᠳᠤᠯᠬᠡᠵᠢᠬᠦᠯᠵᠤ᠂ ᠮᠠᠨ ᠤ ᠬᠤᠰᠢᠭᠤᠨ ᠤ ᠣᠷᠣᠨ ᠪᠠᠶᠢᠷᠢ ᠪᠠ ᠡᠬᠢ ᠪᠠᠶᠠᠯᠢᠭ ᠤᠨ ᠳᠠᠪᠠᠭᠤᠯᠢᠭ ᠲᠤ | ᠰᠠᠭᠤᠷᠢᠯᠠᠨ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠬᠤ ᠪᠠ ᠤᠯᠤᠰ ᠤᠨ ᠳᠣᠲᠣᠭᠠᠳᠤ ᠶᠢᠨ ᠶᠡᠭᠡ ᠡᠷᠭᠢᠯᠲᠡ ᠶᠢ ᠰᠠᠭᠠᠳ ᠥᠬᠡᠶ ᠨᠡᠪᠲᠡᠷᠡᠭᠦᠯᠬᠦ ᠠᠰᠢᠭᠲᠠᠶ ᠠᠵᠠ | ᠲᠣᠬᠢᠶᠠᠯ ᠢ ᠡᠵᠡᠮᠳᠡᠵᠤ᠂ ︽ᠬᠤᠶᠠᠷ ᠰᠠᠭᠤᠷᠢᠨ ᠭᠠᠵᠠᠷ︾ ᠤᠨ ᠪᠥᠲᠥᠭᠡᠨ ᠪᠠᠶᠢᠭᠤᠯᠤᠯᠲᠠ ᠳᠤ | ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠴᠡᠪᠡᠷ ᠡᠨᠧᠷᠭᠢ ᠶᠢ ᠭᠠᠳᠠᠭᠰᠢ ᠬᠦᠷᠭᠡᠬᠦ ᠬᠡᠪᠴᠢᠶ᠎ᠡ ᠶᠢ ᠲᠠᠰᠤᠷᠠᠯᠲᠠ | ᠥᠬᠡᠶ ᠥᠷᠭᠡᠳᠬᠡᠨ᠂ ᠪᠣᠬᠢᠷᠲᠤᠯ ᠥᠬᠡᠶ ᠣᠷᠭᠠᠨᠢᠭ ᠮᠠᠯ ᠤᠨ ᠠᠰᠢᠭ ᠰᠢᠮ᠎ᠡ ᠶᠢᠨ ᠳᠡᠭᠡᠳᠦ ᠲᠠᠰ ᠤᠨ | ᠪᠦᠳᠤᠬᠡᠭᠳᠡᠬᠦᠨ ᠢ ᠵᠠᠬ᠎ᠠ ᠳᠡᠯᠭᠡᠭᠦᠷ ᠲᠤ ᠭᠠᠷᠭᠠᠬᠤ ᠶᠢ ᠠᠬᠢᠭᠤᠯᠤᠨ᠎ᠠ᠃ ᠬᠦᠷᠰᠢ ᠵᠡᠷᠬᠡᠯᠡᠳᠡᠭᠡ ᠬᠤᠰᠢᠭᠤ ᠰᠢᠶᠠᠨ᠂ | ᠠᠶᠢᠮᠠᠭ ᠬᠤᠲᠠ᠂ ᠬᠥᠭᠵᠢᠭᠰᠡᠨ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠶᠢ ᠦᠨᠡᠨᠬᠦ ᠴᠢᠩᠭᠠᠳᠬᠠᠵᠤ᠂ ᠣᠷᠣᠨ | ᠪᠦᠰᠡ ᠶᠢᠨ ᠬᠠᠮᠲᠤᠷᠠᠯᠴᠠᠭ᠎ᠠ ᠶᠢᠨ ᠪᠠᠶᠢᠩᠭᠤ ᠶᠢᠨ ᠪᠦᠲᠦᠮᠵᠢᠲᠡᠶ ᠵᠤᠬᠢᠴᠠᠮᠵᠢ ᠪᠠ ᠬᠠᠮᠵᠢᠯᠴᠠᠨ ᠨᠡᠭᠡᠭᠡᠯᠲᠡ ᠬᠢᠵᠦ | ᠬᠥᠭᠵᠢᠭᠦᠯᠬᠦ ᠵᠤᠬᠢᠴᠠᠮᠵᠢ ᠶᠢ ᠪᠠᠶᠢᠭᠤᠯᠤᠨ᠂ ᠠᠵᠤ ᠦᠢᠯᠡᠰ ᠢ ᠵᠣᠯᠭᠠᠭᠤᠯᠵᠤ ᠬᠠᠷᠢᠯᠴᠠᠨ ᠬᠠᠮᠳᠤᠷᠠᠯᠴᠠᠬᠤ᠂ | ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ᠂ ᠴᠢᠬᠤᠯᠠ ᠶᠡᠭᠡ ᠲᠥᠷᠥᠯ ᠵᠥᠢᠯ ᠤᠨ ᠬᠠᠮᠲᠤᠷᠠᠯᠴᠠᠭ᠎ᠠ᠂ | ᠺᠠᠳ᠋ᠷ ᠴᠢᠳᠠᠪᠤᠷᠢᠲᠠᠨ ᠤ ᠰᠣᠯᠢᠯᠴᠠᠭ᠎ᠠ ᠵᠡᠷᠭᠡ ᠲᠠᠯ᠎ᠠ ᠪᠠᠷ ᠨᠠᠩ ᠣᠯᠠᠨ ᠦᠷ᠎ᠡ ᠪᠦᠲᠦᠭᠡᠯ ᠤᠯᠬᠤ ᠪᠠᠷ ᠴᠢᠷᠮᠠᠶᠢᠨ᠎ᠠ᠃ | ᠠᠷᠠᠯᠵᠢᠶᠠᠴᠢᠨ ᠤᠷᠢᠵᠤ ᠪᠠᠯᠠ ᠣᠷᠣᠭᠤᠯᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠦᠨᠡᠨᠴᠢ ᠢᠲᠡᠭᠡᠮᠵᠢᠲᠡᠶ᠂ | ᠨᠠᠷᠢᠯᠢᠭ ᠤᠨᠤᠪᠴᠢᠳᠡᠢ᠂ ᠠᠮᠢᠳᠤᠯᠢᠭ ᠪᠠᠶᠢᠬᠤ ᠵᠠᠷᠴᠢᠮ ᠶᠣᠰᠣᠭᠠᠷ᠂ ᠭᠠᠳᠠᠭᠰᠢ ᠤᠬᠠᠭᠤᠯᠤᠨ ᠲᠠᠨᠢᠯᠴᠠᠭᠤᠯᠬᠤ ᠪᠠ | ᠠᠵᠤ ᠠᠬᠤᠶ ᠠᠷᠠᠯᠵᠢᠶ᠎ᠠ ᠰᠣᠶᠣᠯ ᠤᠨ ᠰᠣᠯᠢᠯᠴᠠᠭ᠎ᠠ ᠶᠢ ᠴᠢᠩᠭᠠᠳᠬᠠᠵᠤ᠂ ᠭᠠᠳᠠᠭᠰᠢ ᠤᠬᠠᠭᠤᠯᠬᠤ ᠪᠠ ᠤᠷᠢᠵᠤ | ᠠᠪᠴᠢᠷᠠᠬᠤ ᠪᠠᠷ ᠳᠡᠮᠵᠢᠨ᠂ ᠮᠠᠨ ᠤ ᠬᠤᠰᠢᠭᠤᠨ ᠤ ᠨᠥᠯᠥᠭᠡᠯᠡᠬᠦ ᠬᠦᠴᠦᠨ ᠪᠠ ᠨᠠᠷᠠ ᠠᠯᠳᠠᠷᠰᠢᠯ ᠢ ᠲᠠᠰᠤᠷᠠᠯᠲᠠ | ᠥᠬᠡᠶ ᠥᠷᠭᠡᠳᠬᠡᠵᠦ᠂ ᠨᠠᠩ ᠣᠯᠠᠨ ᠠᠵᠤ ᠠᠬᠤᠶᠢᠯᠠᠯ ᠮᠠᠨ ᠤ ᠬᠤᠰᠢᠭᠤᠨ ᠳᠤ ᠢᠷᠡᠵᠦ ᠪᠠᠯᠠ ᠣᠷᠣᠭᠤᠯᠤᠨ ᠠᠵᠤ | ᠦᠢᠯᠡᠰ ᠢᠶᠠᠨ ᠬᠥᠭᠵᠢᠭᠦᠯᠬᠦ ᠶᠢ ᠵᠤᠷᠢᠭᠵᠢᠭᠤᠯᠤᠨ ᠲᠠᠮᠵᠢᠨ᠎ᠠ᠃ | ︵ᠲᠠᠪᠤ︶ ᠠᠷᠠᠳ ᠤᠨ ᠠᠮᠢᠳᠤᠷᠠᠯ ᠤᠨ ᠵᠤᠯ ᠵᠢᠷᠭᠠᠯ ᠤᠨ ᠵᠢᠭᠠᠯᠳᠠ ᠲᠤᠭ᠎ᠠ ᠶᠢ ᠨᠡᠮᠡᠭᠳᠡᠭᠦᠯᠵᠦ᠂ ᠣᠯᠠᠨ | ᠲᠦᠮᠡᠨ ᠤ ᠬᠦᠷᠳᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ | ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠱᠠᠭᠠᠷᠳᠠᠯᠭ᠎ᠠ ᠶᠢ ᠪᠠᠶᠠᠯᠠᠬᠦᠯᠬᠦ ᠪᠠᠷ | ᠲᠡᠮᠡᠴᠡᠯ ᠤᠨ ᠬᠠᠷᠠᠯᠲᠠ ᠪᠠᠨ ᠪᠣᠯᠭᠠᠬᠤ ᠶᠢ ᠪᠠᠷᠢᠮᠲᠠᠯᠠᠵᠤ᠂ ᠲᠥᠪ ᠠᠴᠠ ᠰᠢᠭᠤᠳ ᠪᠠᠭᠤᠯᠭᠠᠭᠰᠡᠨ ᠪᠡᠯᠡ ᠮᠥᠩᠭᠦ ᠶᠢ | ᠰᠠᠶᠢᠲᠤᠷ ᠠᠮᠢᠳᠤᠯᠢᠭ ᠢᠶᠠᠷ ᠬᠡᠷᠡᠭᠯᠡᠵᠦ᠂ ᠠᠷᠠᠳ ᠤᠨ ᠠᠮᠢᠳᠤᠷᠠᠯ ᠤᠨ ᠪᠡᠯᠡ ᠣᠷᠣᠭᠤᠯᠤᠯᠲᠠ ᠶᠢ ᠦᠷᠭᠦᠯᠵᠢᠯᠡᠨ | ᠨᠡᠮᠡᠭᠳᠡᠭᠦᠯᠵᠦ᠂ ᠠᠷᠡᠳ ᠲᠦᠮᠡᠨ ᠤ ᠬᠠᠮᠤᠭ ᠤᠨ ᠪᠠᠴᠢᠮ᠂ ᠬᠠᠮᠤᠭ ᠤᠨ ᠰᠠᠨᠠᠭᠠᠰᠢᠷᠠᠵᠤ ᠪᠠᠶᠢᠭ᠎ᠠ ᠠᠰᠠᠭᠤᠳᠠᠯ ᠢ | ᠬᠦᠴᠦᠨ ᠢᠶᠠᠨ ᠲᠥᠪᠯᠡᠷᠡᠭᠦᠯᠦᠨ ᠰᠢᠢᠳᠪᠦᠷᠢᠯᠡᠵᠦ᠂ ᠪᠤᠳᠠᠳᠤ ᠦᠢᠯᠡ ᠠᠵᠢᠯᠯᠠᠭ᠎ᠠ ᠪᠠᠷ ᠢᠶᠠᠨ ᠠᠷᠠᠳ ᠲᠦᠮᠡᠨ ᠤ | ᠢᠳᠡᠬᠡᠯ ᠬᠦᠷᠢᠶᠠᠯᠠᠯ ᠢ ᠤᠯᠬᠤ ᠪᠠᠷ ᠴᠢᠷᠮᠠᠶᠢᠨ᠎ᠠ᠃ ᠨᠢᠭᠡ ᠳᠤ᠂ ᠠᠵᠢᠯ ᠣᠯᠭᠤᠯᠲᠠ ᠶᠢ ᠲᠤᠭᠳᠠᠭᠤᠨ ᠢᠶᠠᠷ | ᠥᠷᠭᠡᠳᠬᠡᠨ᠎ᠡ᠃ ᠰᠢᠨ᠎ᠡ ᠨᠢᠭᠡ ᠡᠭᠡᠯᠵᠢ ᠶᠢᠨ ᠠᠵᠢᠯ ᠣᠯᠭᠤᠯᠲᠠ ᠳᠠᠬᠢᠨ ᠠᠵᠢᠯ ᠣᠯᠭᠤᠯᠲᠠ ᠶᠢᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠳᠠᠯ ᠦᠢᠯᠡᠰ ᠴᠣᠭᠴᠠᠯᠠᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ | ᠪᠣᠯᠪᠠᠰᠤᠷᠠᠯ ᠪᠠ ᠠᠵᠢᠯ ᠣᠯᠭᠤᠯᠲᠠ ᠶᠢ ᠨᠢᠭᠲᠠ ᠵᠣᠯᠭᠠᠭᠤᠯᠬᠤ ᠶᠢ ᠠᠬᠢᠭᠤᠯᠵᠤ᠂ ᠶᠡᠷᠦᠩᠬᠡᠶᠢᠯᠡᠭᠰᠡᠨ ᠰᠤᠷᠭᠠᠨ | ᠬᠥᠮᠦᠵᠢᠯ ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠬᠠᠮᠢᠶᠠᠷᠤᠯᠲᠠ ᠪᠠ ᠪᠣᠯᠪᠠᠰᠤᠷᠠᠯ ᠤᠨ ᠬᠢᠷᠢ | ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠠᠳᠠᠯ ᠦᠢᠯᠡᠰ ᠪᠤᠰᠬᠠᠬᠤ ᠰᠠᠭᠤᠷᠢᠨ ᠭᠠᠵᠠᠷ ᠤᠨ ᠦᠢᠯᠡᠳᠤᠯ ᠢ | ᠬᠦᠢᠴᠡᠳ ᠪᠠᠳᠠᠷᠠᠭᠤᠯᠤᠨ᠂ ︽ᠪᠤᠯᠪᠠᠰᠤᠷᠠᠯ + ᠰᠠᠭᠤᠷᠢᠨ ᠭᠠᠵᠡᠷ + ᠪᠤᠶᠢᠵᠢᠭᠤᠯᠬᠤ︾ ᠵᠠᠭᠪᠤᠷ ᠢᠶᠠᠷ | ᠳᠠᠮᠵᠢᠭᠤᠯᠤᠨ᠂ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ᠂ ᠬᠤᠲᠠ ᠤᠷᠤᠭᠰᠠᠨ | ᠮᠠᠯᠴᠢᠨ ᠪᠠ ᠬᠦᠴᠢᠷᠳᠡᠯᠲᠡᠶ ᠣᠯᠠᠨ ᠲᠦᠮᠡᠨ ᠵᠡᠷᠬᠡ ᠬᠦᠮᠤᠰ ᠤᠨ ᠠᠳᠠᠯ ᠦᠢᠯᠡᠰ ᠴᠣᠭᠴᠠᠯᠠᠵᠤ ᠠᠵᠢᠯ ᠣᠯᠭᠤᠬᠤ | ᠠᠵᠢᠯ ᠢ ᠲᠣᠪᠤᠶᠢᠮ᠎ᠠ ᠰᠠᠶᠢᠲᠤᠷ ᠠᠳᠬᠤᠵᠤ᠂ ᠲᠣᠭᠲᠠᠭᠤᠨ ᠢᠶᠠᠷ ᠠᠵᠢᠯ ᠤᠯᠬᠤ ᠶᠢ ᠠᠬᠢᠭᠤᠯᠤᠨ᠎ᠠ᠃ ᠵᠢᠯ ᠤᠨ | ᠳᠣᠲᠣᠷ᠎ᠠ 5000 ᠠᠵᠢᠯ ᠤᠨ ᠪᠠᠶᠢᠷᠢ ᠴᠤᠭᠯᠠᠭᠤᠯᠵᠤ᠂ ᠬᠤᠳᠠ ᠬᠥᠳᠡᠭᠡ ᠶᠢᠨ ᠡᠯ᠎ᠡ ᠲᠦᠷᠦᠯ ᠤᠨ 1500 | ᠬᠥᠮᠦᠨ ᠢ ᠲᠥᠪᠬᠢᠨᠡᠭᠦᠯᠤᠨ᠂ ᠬᠤᠳᠠ ᠪᠠᠯᠭᠠᠰᠤᠨ ᠤ 550 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠳᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠳᠠ ᠶᠢᠨ ᠨᠤᠷᠮ᠎ᠠ ᠶᠢ 4.5% ᠶᠢᠨ ᠳᠣᠲᠣᠷ᠎ᠠ ᠬᠢᠵᠠᠭᠠᠷᠯᠠᠨ᠎ᠠ᠃ | ᠬᠤᠶᠠᠷ ᠲᠤ᠂ ᠨᠡᠶᠢᠭᠡᠮ ᠤᠨ ᠦᠨᠳᠦᠰᠦᠨ ᠪᠠᠲᠤᠯᠠᠭ᠎ᠠ ᠶᠢᠨ ᠴᠢᠳᠠᠪᠤᠷᠢ ᠶᠢ ᠬᠦᠴᠦᠯᠡᠨ ᠪᠠᠬᠢᠵᠢᠭᠦᠯᠦᠨ᠎ᠡ᠃ | ᠨᠠᠰᠤᠵᠢᠯ ᠤᠨ ᠳᠠᠭᠠᠳᠬᠠᠯ ᠤᠨ ᠦᠢᠯᠡᠰ ᠤᠨ ᠬᠥᠭᠵᠢᠯᠲᠡ ᠶᠢ ᠠᠬᠢᠭᠤᠯᠵᠤ᠂ ᠨᠡᠶᠢᠭᠡᠮ ᠤᠨ ᠳᠠᠭᠠᠳᠬᠠᠯ ᠤᠨ | ᠬᠡᠪᠴᠢᠶ᠎ᠡ ᠶᠢ ᠥᠷᠭᠡᠳᠬᠡᠬᠦ ᠲᠤᠰᠬᠠᠶ ᠲᠦᠷᠤᠯ ᠤᠨ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠥᠪᠡᠷᠲᠡᠭᠡᠨ | ᠵᠠᠰᠠᠬᠤ ᠣᠷᠣᠨ ᠤ ᠱᠠᠭᠠᠷᠳᠠᠯᠭ᠎ᠠ ᠪᠠᠷ ᠳᠠᠭᠠᠳᠬᠠᠯ ᠳᠤ ᠣᠷᠤᠭ᠎ᠠ ᠥᠬᠡᠶ ᠬᠥᠮᠦᠰ ᠢ ᠳᠠᠭᠠᠳᠬᠠᠯ ᠳᠤ ᠣᠷᠣᠭᠤᠯᠬᠤ | ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠃ ᠨᠡᠶᠢᠭᠡᠮ ᠤᠨ ᠳᠠᠭᠠᠳᠬᠠᠯ ᠤᠨ ᠬᠠᠮᠢᠶᠠᠷᠤᠯᠲᠠ ᠶᠢᠨ | ᠦᠢᠯᠡᠴᠢᠯᠡᠭᠡ ᠶᠢ ᠴᠢᠩᠭᠠᠳᠬᠠᠵᠤ᠂ ᠰᠦᠯᠵᠢᠶᠡᠨ ᠲᠡᠬᠡᠷ᠎ᠠ ᠲᠤᠬᠠᠶᠢᠯᠠᠭᠰᠠᠨ ᠠᠵᠢᠯ ᠢ ᠬᠦᠢᠴᠡᠳᠬᠡᠬᠦ ᠬᠢᠷᠢ ᠲᠦᠪᠰᠢᠨ | ᠢ ᠳᠡᠭᠡᠭᠰᠢᠯᠡᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠦᠨᠡᠨᠬᠦ | ᠴᠢᠩᠭᠠᠳᠬᠠᠵᠤ᠂ ᠲᠣᠮᠣ ᠳ᠋ᠠᠶᠢᠲ᠋ᠠ ᠤᠨ ᠲᠦᠪ ᠢ ᠬᠦᠢᠴᠡᠳ ᠠᠰᠢᠭᠯᠠᠨ᠂ ᠲᠤᠭ᠎ᠠ ᠪᠠᠷᠢᠮᠲᠠ ᠶᠢ ᠬᠠᠷᠭᠤᠭᠤᠯᠤᠨ | ᠪᠠᠶᠢᠴᠠᠭᠠᠬᠤ ᠠᠵᠢᠯ ᠢ ᠥᠷᠨᠢᠭᠦᠯᠦᠨ᠎ᠡ᠃ ᠮᠠᠯᠵᠢᠬᠤ ᠣᠷᠣᠨ ᠤ ᠨᠠᠰᠤᠵᠢᠯ ᠤᠨ ᠦᠢᠯᠡᠴᠢᠯᠡᠬᠡᠨ ᠤ ᠬᠢᠷᠢ ᠲᠦᠪᠰᠢᠨ ᠢ | ᠦᠷᠭᠦᠯᠵᠢᠯᠡᠨ ᠳᠡᠭᠡᠭᠰᠢᠯᠡᠭᠦᠯᠵᠦ᠂ ᠵᠢᠯ ᠤᠨ ᠳᠣᠲᠣᠷ᠎ᠠ ᠮᠠᠯᠵᠢᠬᠤ ᠣᠷᠣᠨ ᠤ ᠠᠮᠢ ᠠᠬᠤᠶ ᠶᠢᠨ ᠰᠤᠪᠢᠯᠠᠯᠲᠠ ᠶᠢᠨ | ᠬᠦᠷᠢᠶᠡᠯᠡᠩ ᠤᠨ ᠪᠠᠶᠢᠭᠤᠯᠤᠯᠲᠠ ᠶᠢ ᠪᠡᠶᠡᠯᠡᠭᠦᠯᠵᠦ᠂ ᠵᠡᠮᠳᠡᠭᠴᠦᠳ ᠤᠨ ᠨᠠᠶᠢᠳᠠᠨ ᠠᠰᠠᠷᠠᠭᠤᠯᠬᠤ ᠦᠢᠯᠡᠴᠢᠯᠡᠬᠡᠨ ᠤ | ᠲᠥᠪ ᠢ ᠠᠰᠢᠭᠯᠠᠯᠲᠠ ᠳᠤ ᠣᠷᠣᠭᠤᠯᠤᠨ᠂ ᠨᠠᠭᠤᠡᠪᠢᠯᠢᠭ ᠳ᠋ᠣᠺᠲ᠋ᠣᠷ ᠪᠤᠯᠤᠨ ᠠᠨᠠᠡᠳᠠ ᠠᠺᠠᠳᠧᠮᠢᠴᠢ ᠶᠢᠨ ᠡᠮᠴᠢᠯᠡᠬᠡᠨ | ᠤ ᠨᠥᠯᠥᠭᠡᠯᠡᠬᠦ ᠬᠦᠴᠦᠨ ᠢ ᠠᠰᠢᠭᠯᠠᠨ᠂ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠮᠨᠡᠬᠦ ᠪᠠ ᠰᠤᠪᠢᠯᠠᠬᠤ ᠶᠢ | ᠤᠶᠠᠯᠳᠤᠭᠤᠯᠬᠤ ᠦᠢᠯᠡᠴᠢᠯᠡᠬᠡᠨ ᠤ ᠲᠥᠷᠥᠯ ᠵᠥᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠡᠮᠨᠡᠬᠦ ᠪᠠ | ᠰᠤᠪᠢᠯᠠᠬᠤ ᠶᠢ ᠤᠶᠠᠯᠳᠤᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ ᠴᠡᠷᠢᠭ ᠠᠴᠠ ᠬᠠᠯᠠᠭᠳᠠᠭᠰᠠᠳ ᠤᠨ | ᠦᠢᠯᠡᠴᠢᠯᠡᠭᠡᠨ ᠤ ᠲᠥᠪ ᠤᠨ ᠪᠠᠷᠢᠮᠵᠢᠶᠠᠵᠢᠭᠰᠠᠨ ᠪᠠᠶᠢᠭᠤᠯᠤᠯᠲᠠ ᠪᠠ ᠵᠢᠷᠤᠮᠵᠢᠭᠰᠠᠨ ᠠᠵᠢᠯᠯᠠᠭᠠᠨ ᠢ ᠲᠦᠯᠬᠢᠨ | ᠠᠬᠢᠭᠤᠯᠵᠤ᠂ ᠦᠨᠳᠦᠰᠦᠨ ᠱᠠᠲᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠬᠡᠨ ᠤ ᠪᠠᠲᠤᠯᠠᠭ᠎ᠠ ᠶᠢ | ᠴᠢᠩᠭᠠᠳᠬᠠᠨ᠎ᠠ᠃ ᠭᠤᠷᠪᠠ ᠳᠤ᠂ ᠠᠷᠠᠳ ᠲᠦᠮᠡᠨ ᠤ ᠬᠠᠨᠤᠮᠵᠢᠳᠡᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠡ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠴᠢᠩᠭᠠᠳᠬᠠᠵᠤ᠂ ᠰᠤᠷᠭᠠᠭᠤᠯᠢ ᠶᠢᠨ ᠦᠵᠡᠯ ᠰᠠᠨᠠᠭ᠎ᠠ | ᠤᠯᠤᠰ ᠲᠥᠷᠥ ᠶᠢᠨ ᠠᠵᠢᠯ ᠢ ᠭᠦᠨᠵᠡᠭᠡᠶᠢᠷᠡᠭᠦᠯᠵᠦ᠂ ᠪᠠᠭᠰᠢ ᠰᠤᠷᠤᠭᠴᠢᠳ ᠢ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠬᠡᠷᠡᠭᠯᠡᠬᠦ ᠶᠢ ᠡᠷᠡᠰ ᠬᠡᠷᠡᠭᠵᠢᠭᠦᠯᠦᠨ᠂ ᠪᠥᠬᠦ ᠬᠤᠰᠢᠭᠤᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠬᠦ | ᠪᠠᠭ᠎ᠠ ᠰᠤᠷᠭᠠᠭᠤᠯᠢ ᠶᠢᠨ ᠨᠢᠭᠡᠳᠦᠭᠡᠷ ᠬᠤᠶᠠᠳᠤᠭᠠᠷ ᠣᠨ᠂ ᠠᠩᠬ᠎ᠠ ᠳᠤᠮᠳᠠᠳᠤ ᠶᠢᠨ ᠨᠢᠭᠡᠳᠦᠭᠡᠷ ᠬᠤᠶᠠᠳᠤᠭᠠᠷ | ᠣᠨ ᠳᠤ ᠲᠤᠭᠳᠠᠭᠰᠡᠨ ᠬᠤᠭᠤᠴᠠᠭᠠᠨ ᠳᠤ ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠵᠡᠷᠬᠡᠪᠡᠷ ᠬᠡᠷᠡᠭᠯᠡᠵᠦ᠂ ᠬᠡᠤᠬᠡᠳ ᠤᠨ ᠴᠡᠴᠡᠷᠯᠢᠭ ᠲᠤ ᠴᠥᠮ ᠤᠯᠤᠰ ᠤᠨ ᠨᠡᠶᠢᠳᠡᠮ ᠬᠡᠷᠡᠭᠯᠡᠬᠦ | ᠬᠡᠯᠡ ᠪᠠᠷ ᠠᠰᠠᠷᠠᠨ ᠬᠥᠮᠦᠵᠢᠭᠦᠯᠬᠦ ᠶᠢ ᠪᠠᠲᠤᠯᠠᠨ᠎ᠠ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ | ᠴᠥᠭᠡᠨ ᠲᠣᠭᠠᠲᠤ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠪᠠᠭᠰᠢᠨᠠᠷ ᠤᠨ ᠤᠯᠤᠰ ᠤᠨ | ᠨᠡᠶᠢᠳᠡᠮ ᠬᠡᠷᠡᠭᠯᠡᠬᠦ ᠬᠡᠯᠡᠨ ᠤ ᠰᠤᠷᠭᠠᠨ ᠬᠥᠮᠦᠵᠢᠯ ᠵᠢᠭᠠᠨ ᠰᠤᠷᠭᠠᠯᠳᠠ ᠶᠢᠨ ᠴᠢᠳᠠᠪᠤᠷᠢ ᠶᠢᠨ ᠪᠣᠯᠪᠠᠰᠤᠷᠠᠯ ᠢ | ᠬᠡᠷᠡᠭᠵᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠳᠠ ᠶᠢᠨ ᠶᠠᠰᠤ ᠴᠢᠨᠠᠷ ᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ᠃ ᠰᠠᠭᠤᠷᠢ ᠰᠤᠷᠭᠠᠨ ᠬᠥᠮᠦᠵᠢᠯ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠭᠤᠷᠪᠠᠨ | ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ ᠨᠠᠷᠢᠨ ᠬᠢᠨᠠᠮᠠᠭᠠᠶ ᠬᠡᠷᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ | ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠪᠥᠬᠦ ᠬᠦᠴᠦᠨ ᠢᠶᠠᠷ ᠠᠬᠢᠭᠤᠯᠤᠨ᠂ | ᠬᠢᠴᠢᠶᠡᠯ ᠤᠨ ᠪᠠᠷᠢᠮᠵᠢᠶ᠎ᠠ ᠳᠤ ᠰᠠᠭᠤᠷᠢᠯᠠᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠲᠥᠷᠥᠯ ᠵᠥᠢᠯ ᠢ ᠦᠷᠭᠦᠯᠵᠢᠯᠡᠨ ᠬᠡᠷᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ | ᠬᠢᠴᠢᠶᠡᠯ ᠤᠨ ᠪᠠᠷᠢᠮᠵᠢᠶ᠎ᠠ ᠪᠤᠯᠪᠠᠰᠤᠷᠠᠯ ᠢ ᠴᠢᠩᠭᠠᠳᠬᠠᠵᠤ᠂ ᠰᠤᠷᠭᠠᠨ ᠬᠦᠮᠤᠵᠢᠯ ᠤᠨ ᠰᠠᠭᠤᠷᠢ ᠲᠦᠬᠦᠬᠡᠷᠤᠮᠵᠢ ᠶᠢᠨ | ᠬᠢᠷᠢ ᠲᠦᠪᠰᠢᠨ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠦᠩᠬᠡᠭᠠᠯ ᠬᠡᠤᠬᠡᠳ ᠤᠨ ᠴᠡᠴᠡᠷᠯᠢᠭ ᠤᠨ ᠰᠢᠨ᠎ᠡ | ᠠᠰᠠᠷ ᠢ ᠦᠨᠤ ᠨᠠᠮᠤᠷ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠮᠣᠩᠭᠤᠯ ᠳᠤᠮᠳᠠᠳᠤ ᠰᠤᠷᠭᠠᠭᠤᠯᠢ ᠶᠢᠨ | ᠥᠨᠳᠥᠷ ᠲᠤᠮᠳᠠᠳᠤ ᠶᠢᠨ ᠵᠢᠭᠠᠨ ᠰᠤᠷᠭᠠᠯᠲᠠ ᠶᠢᠨ ᠲᠤᠷᠰᠢᠯᠲᠠ ᠶᠢᠨ ᠠᠰᠠᠷ ᠢ ᠡᠷᠠᠮᠠᠯᠵᠢᠯᠠᠵᠤ᠂ ᠠᠶᠢᠮᠠᠭ ᠪᠠ | ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠳᠤᠯᠤᠨ ᠰᠤᠷᠤᠯᠴᠠᠬᠤ | ᠰᠠᠭᠤᠷᠢᠨ ᠭᠠᠵᠠᠷ ᠪᠤᠯᠭᠠᠨ ᠪᠠᠶᠢᠭᠤᠯᠤᠨ᠎ᠠ᠃ ᠬᠡᠷ ᠪᠦᠯᠢ ᠶᠢᠨ ᠬᠥᠮᠦᠵᠢᠯ ᠤᠨ ᠵᠢᠭᠠᠨ ᠵᠢᠯᠣᠭᠤᠳᠬᠤ | ᠦᠢᠯᠡᠴᠢᠯᠡᠬᠡᠨ ᠤ ᠥᠷᠲᠡᠭᠡ ᠶᠢᠨ ᠦᠢᠯᠡᠳᠤᠯ ᠢ ᠬᠦᠢᠴᠡᠳ ᠪᠠᠳᠠᠷᠠᠭᠤᠯᠵᠤ᠂ ᠬᠡᠷ ᠪᠦᠯᠢ ᠶᠢᠨ ᠬᠥᠮᠦᠵᠢᠯ ᠢ | ᠴᠢᠩᠭᠠᠳᠬᠠᠨ᠎ᠠ᠃ ᠲᠦᠷᠪᠡ ᠳᠤ᠂ ᠡᠷᠡᠭᠦᠯ ᠮᠠᠡᠳᠤ ᠠᠪᠠᠭ᠎ᠠ ᠶᠢᠨ ᠪᠠᠶᠢᠭᠤᠯᠤᠯᠲᠠ ᠶᠢ ᠬᠦᠴᠦᠯᠡᠨ ᠠᠬᠢᠭᠤᠯᠤᠨ᠎ᠠ᠃ | ᠬᠤᠰᠢᠭᠤ ᠲᠡᠰ ᠤᠨ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶ ᠠᠬᠢᠭᠤᠯᠵᠤ᠂ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠦᠨᠡᠯᠡᠬᠦ ᠶᠢ ᠪᠥᠬᠦ ᠲᠠᠯ᠎ᠠ ᠪᠠᠷ ᠥᠷᠨᠢᠭᠦᠯᠵᠦ᠂ ᠠᠵᠢᠯᠲᠠᠨ ᠤ ᠶᠠᠪᠤᠳᠠᠯ ᠤᠨ ᠴᠠᠯᠢᠩ | ᠬᠥᠯᠥᠰᠥ ᠶᠢᠨ ᠲᠦᠷᠢᠮ ᠤᠨ ᠥᠭᠡᠷᠡᠴᠢᠯᠡᠯᠲᠡ ᠶᠢ ᠨᠢᠭᠡᠳᠦᠯᠲᠡᠶ ᠲᠦᠯᠤᠪᠵᠢᠬᠦᠯᠤᠨ ᠠᠬᠢᠭᠤᠯᠵᠤ᠂ ᠡᠮᠴᠢᠯᠡᠭᠡ | ᠦᠢᠯᠡᠴᠢᠯᠡᠬᠡᠨ ᠤ ᠬᠢᠷᠢ ᠲᠦᠪᠰᠢᠨ ᠢᠶᠠᠨ ᠲᠡᠬᠡᠭᠰᠢᠯᠡᠬᠦᠯᠤᠨ᠎ᠠ᠃ ᠲᠤᠰᠬᠠᠶ ᠮᠠᠷᠬᠡᠵᠢᠯᠳᠠᠨ ᠤ ᠡᠩᠨᠡᠬᠡᠨ ᠤ | ᠪᠠᠶᠢᠭᠤᠯᠤᠯᠲᠠ ᠶᠢ ᠴᠢᠩᠭᠠᠳᠬᠠᠨ᠂ ᠳᠡᠳ᠋ ᠡᠷᠬᠢᠯᠡᠭᠴᠢ ᠡᠮᠴᠢ ᠠᠴᠠ ᠳᠡᠭᠡᠭᠰᠢᠬᠢ ᠰᠢᠨᠵᠢᠯᠡᠭᠡᠨ ᠤ ᠰᠠᠯᠠᠭ᠎ᠠ ᠶᠢᠨ | ᠳᠠᠭᠠᠭᠤᠯᠤᠭᠴᠢ ᠪᠠ ᠪᠠᠴᠢᠮ ᠳᠤᠲᠠᠭᠳᠠᠵᠤ ᠪᠠᠶᠢᠭ᠎ᠠ ᠲᠤᠰᠬᠠᠶ ᠮᠡᠷᠭᠡᠵᠢᠯ ᠤᠨ ᠠᠵᠢᠯᠲᠠᠨ ᠢ ᠶᠡᠬᠡᠪᠡᠷ ᠤᠷᠢᠨ | ᠬᠡᠷᠡᠭᠯᠡᠨ᠎ᠠ᠃ ᠡᠮᠨᠡᠯᠭᠡ ᠶᠢᠨ ᠠᠵᠢᠯᠲᠠᠨ ᠤ ᠪᠣᠯᠪᠠᠰᠤᠷᠠᠯ ᠤᠨ ᠡᠷᠴᠢᠮ ᠢ ᠴᠢᠩᠭᠠᠷᠠᠭᠤᠯᠵᠤ᠂ ᠡᠮᠨᠡᠯᠭᠡ ᠶᠢᠨ | ᠠᠵᠢᠯᠲᠠᠨ ᠤ ᠡᠩᠨᠡᠭᠡ ᠶᠢᠨ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠦᠨ᠂ ᠠᠵᠢᠯ ᠲᠥᠷᠥᠯ ᠢᠶᠠᠷ ᠳᠡᠮᠵᠢᠬᠦ | ᠂ ᠡᠮᠨᠡᠯᠭᠡ ᠶᠢᠨ ᠬᠤᠯᠪᠣᠭᠠᠲᠤ ᠴᠣᠭᠴᠠ ᠪᠠᠶᠢᠭᠤᠯᠬᠤ᠂ ᠡᠮᠨᠡᠯᠭᠡ ᠶᠢᠨ ᠬᠠᠮᠲᠤ ᠶᠢᠨ ᠴᠣᠭᠴᠠ ᠪᠠᠶᠢᠭᠤᠯᠬᠤ ᠵᠡᠷᠭᠡ | ᠠᠷᠭ᠎ᠠ ᠮᠠᠶ᠋ᠢᠭ ᠢᠶᠠᠷ ᠳᠡᠮᠵᠢᠨ᠂ ᠲᠡᠷᠢᠭᠦᠨ ᠤ ᠭᠠᠵᠠᠷ ᠣᠷᠣᠨ ᠤ ᠡᠮᠴᠢᠯᠡᠭᠡᠨ ᠤ ᠡᠬᠢ ᠪᠠᠶᠠᠯᠢᠭ ᠢ ᠬᠠᠮᠲᠤᠪᠠᠷ ᠡᠳ᠋ᠯᠡᠵᠦ | ᠂ ᠡᠮᠴᠢᠯᠡᠭᠡ ᠦᠢᠯᠡᠴᠢᠯᠡᠬᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠰᠢᠨ᠎ᠡ ᠲᠢᠳᠢᠮᠯᠢᠭ ᠠᠭᠤᠰᠬᠢᠨ | ᠦᠷᠪᠢᠰᠦᠯ᠂ ᠬᠤᠯᠤᠭᠠᠨ᠎ᠠ ᠶᠢᠨ ᠬᠢᠵᠢᠭ ᠵᠡᠷᠭᠡ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ | ᠲᠤᠭᠳᠠᠯᠴᠠᠭ᠎ᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠡᠮᠨᠡᠬᠦ ᠰᠡᠷᠭᠡᠶᠢᠯᠡᠬᠦ ᠬᠠᠮᠵᠢᠯᠴᠠᠭᠠᠨ ᠤ ᠵᠤᠬᠢᠴᠠᠮᠵᠢ ᠶᠢᠨ | ᠰᠢᠨ᠎ᠡ ᠶᠢ ᠡᠬᠦᠳᠤᠨ᠂ ᠬᠢᠵᠢᠭ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠰᠢᠯᠭᠠᠨ | ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ ᠴᠢᠳᠠᠪᠤᠷᠢ ᠶᠢ ᠲᠡᠬᠡᠭᠰᠢᠯᠡᠬᠦᠯᠵᠤ᠂ ᠡᠬᠡ ᠤᠷᠤᠡᠴᠢ | ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠪᠠᠶᠢᠩᠭᠤᠵᠢᠭᠤᠯᠤᠨ ᠰᠠᠶᠢᠲᠤᠷ ᠥᠷᠨᠢᠭᠦᠯᠤᠨ᠂ ᠪᠥᠬᠦ ᠠᠷᠠᠳ ᠤᠨ ᠡᠷᠡᠭᠦᠯ | ᠮᠡᠨᠳᠦ ᠶᠢᠨ ᠬᠥᠮᠦᠵᠢᠯ ᠢ ᠴᠢᠩᠭᠠᠳᠬᠠᠵᠤ᠂ ᠬᠤᠰᠢᠭᠤ ᠡᠮᠨᠡᠯᠭᠡ ᠶᠢᠨ ᠬᠤᠷᠢᠶᠠᠨ ᠤ ᠰᠢᠯᠭᠠᠨ ᠪᠠᠶᠢᠴᠠᠭᠠᠬᠤ ᠡᠪᠡᠳᠴᠢᠨ | ᠤ ᠵᠦᠶ ᠶᠢᠨ ᠲᠥᠪ᠂ ᠤᠯᠤᠰ ᠤᠨ ᠲᠠᠰ ᠤᠨ ᠬᠤᠯᠤᠭᠠᠨ᠎ᠠ ᠶᠢᠨ ᠬᠢᠵᠢᠭ ᠢ ᠬᠢᠨᠠᠨ ᠰᠢᠯᠭᠠᠬᠤ ᠴᠡᠭ᠂ ᠠᠨᠠᠨᠳᠠ ᠶᠢᠨ | ᠠᠵᠢᠯᠯᠠᠬᠤ ᠲᠠᠰᠤᠭ ᠢ ᠠᠰᠢᠭᠯᠠᠯᠲᠠ ᠳᠤ ᠣᠷᠣᠭᠤᠯᠵᠤ᠂ 3 ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ | ᠬᠤᠷᠢᠶ᠎ᠠ ᠶᠢᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠠᠯᠪᠠᠨ ᠬᠡᠷ᠂ ᠮᠣᠩᠭᠤᠯ ᠡᠮᠨᠡᠯᠭᠡ ᠶᠢᠨ ᠬᠤᠷᠢᠶ᠎ᠠ ᠶᠢᠨ | ᠬᠤᠳᠣᠭᠤᠳᠣ ᠭᠡᠳᠡᠰᠦᠨ ᠤ ᠳᠤᠷᠠᠨ ᠤ ᠲᠠᠰᠤᠭ ᠢ ᠪᠠᠶᠢᠭᠤᠯᠵᠤ ᠠᠰᠢᠭᠯᠠᠯᠳᠠ ᠳᠤ ᠤᠷᠤᠭᠤᠯᠬᠤ ᠪᠠᠷ ᠴᠢᠷᠮᠠᠶᠢᠨ᠎ᠠ᠃ | ᠲᠠᠪᠤ ᠳᠤ᠂ ᠰᠣᠶᠣᠯ ᠤᠨ ᠦᠢᠯᠡᠰ ᠤᠨ ᠴᠡᠴᠡᠭᠯᠡᠨ ᠬᠦᠭᠵᠢᠬᠦ ᠶᠢ ᠠᠬᠢᠭᠤᠯᠤᠨ᠎ᠠ᠃ ᠰᠢᠨ᠎ᠡ ᠴᠠᠭ ᠦᠶ᠎ᠡ ᠶᠢᠨ | ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠤᠯᠠᠭᠠᠨᠮᠥ᠋ᠴᠢᠷ ᠤᠨ ︽ | ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠦᠢᠯᠡᠳᠤᠯ ᠢ ᠬᠦᠢᠴᠡᠳ ᠪᠠᠳᠠᠷᠠᠭᠤᠯᠤᠨ᠎ᠠ | ᠃ ᠲᠢᠩ · ᠪᠠᠭᠠᠲᠤᠷ ᠤᠨ ᠲᠡᠷᠢᠬᠦᠨ ᠤ ᠦᠢᠯᠡ ᠠᠵᠢᠯᠯᠠᠭ᠎ᠠ ᠪᠠᠷ ᠰᠠᠳᠤᠪᠯᠡᠭᠰᠡᠨ ᠲᠣᠮᠣ ᠬᠡᠯᠪᠡᠷᠢ ᠶᠢᠨ ᠵᠦᠴᠦᠭᠡ ᠶᠢ | ᠨᠠᠶᠢᠷᠠᠭᠤᠯᠤᠨ ᠲᠤᠭᠯᠠᠵᠤ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠳᠤ ᠵᠤᠷᠢᠭᠤᠯᠤᠨ ᠰᠣᠶᠣᠯ ᠪᠡᠶ᠎ᠡ ᠶᠢᠨ | ᠲᠠᠮᠢᠷ ᠤᠨ ᠰᠢᠷᠢᠰ ᠠᠵᠢᠯᠯᠠᠭ᠎ᠠ ᠶᠢ ᠥᠷᠨᠢᠭᠦᠯᠦᠨ᠂ ᠣᠯᠠᠨ ᠲᠦᠮᠡᠨᠴᠢ ᠴᠢᠨᠠᠷᠲᠠᠶ ᠣᠶᠤᠨ ᠤ ᠪᠣᠯᠪᠠᠰᠤᠨ ᠤ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠤᠯᠬᠡ ᠶᠢᠨ | ᠲᠥᠪ ᠤᠨ ᠪᠠᠶᠢᠭᠤᠯᠤᠯᠲᠠ ᠶᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠪᠠᠯᠭᠠᠰᠤ ᠶᠢ | ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ ᠳᠡᠭᠡᠭᠰᠢᠯᠡᠭᠦᠯᠦᠨ᠎ᠡ᠃ ᠮᠠᠯᠵᠢᠬᠤ | ᠣᠷᠣᠨ ᠤ ᠦᠵᠡᠯ ᠰᠠᠨᠠᠭ᠎ᠠ ᠰᠣᠶᠣᠯ ᠤᠨ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ ᠰᠣᠶᠣᠯ ᠢᠶᠠᠷ ᠠᠷᠠᠳ ᠲᠤ | ᠠᠰᠢᠭ ᠬᠦᠷᠲᠡᠭᠡᠬᠦ ᠦᠢᠯᠡᠴᠢᠯᠡᠬᠡᠨ ᠤ ᠰᠢᠨ᠎ᠡ ᠶᠢ ᠡᠭᠦᠳᠴᠦ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ᠂ | ᠰᠣᠶᠣᠯ ᠤᠨ ᠦᠪ ᠢ ᠤᠯᠠᠮᠵᠢᠯᠠᠬᠤ᠂ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ᠂ | ᠴᠢᠳᠠᠪᠤᠷᠢᠲᠠᠨ ᠤ ᠡᠩᠨᠡᠭᠡ ᠶᠢ ᠬᠥᠮᠦᠵᠢᠭᠦᠯᠬᠦ᠂ ᠰᠣᠶᠣᠯ ᠤᠨ ᠨᠠᠷᠠᠲᠤ ᠲᠡᠮᠳᠡᠭ ᠢ ᠡᠭᠦᠳᠬᠦ ᠵᠡᠷᠭᠡ ᠠᠵᠢᠯ ᠢ | ᠦᠷᠭᠦᠯᠵᠢᠯᠡᠨ ᠰᠠᠶᠢᠲᠤᠷ ᠠᠳᠬᠤᠨ᠎ᠠ᠃ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠬᠡᠨ ᠤ ᠴᠢᠳᠠᠪᠤᠷᠢ ᠶᠢ | ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠣᠮ ᠤᠨ ᠰᠠᠩ᠂ ᠦᠨᠳᠦᠰᠦᠲᠡᠨ ᠤ ᠪᠡᠶ᠎ᠡ ᠶᠢᠨ ᠲᠠᠮᠢᠷ ᠤᠨ ᠣᠷᠳᠣᠨ᠂ | ᠮᠦᠰᠤ ᠲᠠᠰᠢᠬᠦ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠵᠡᠷᠭᠡ ᠲᠥᠷᠥᠯ ᠵᠥᠢᠯ ᠢ ᠡᠬᠢᠯᠡᠭᠦᠯᠦᠨ᠂ | ᠤᠯᠠᠭᠠᠨᠮᠥ᠋ᠴᠢᠷ ᠤᠨ ᠰᠠᠭᠤᠷᠢ ᠲᠦᠬᠦᠬᠡᠷᠤᠮᠵᠢ ᠶᠢ ᠪᠠᠷᠢᠮᠵᠢᠶᠠᠵᠢᠭᠤᠯᠬᠤ ᠲᠥᠷᠥᠯ ᠵᠥᠢᠯ ᠢ ᠪᠠᠶᠢᠭᠤᠯᠤᠨ ᠳᠠᠭᠤᠰᠬᠠᠵᠤ | ᠂ ᠬᠠᠮ ᠵᠠᠭᠤᠴᠢᠯᠠᠭᠤᠷ ᠤᠨ ᠢᠨᠵᠧᠨᠧᠷᠢᠩ ᠢ ᠬᠡᠷᠡᠭᠵᠢᠭᠦᠯᠦᠨ ᠠᠰᠢᠭᠯᠠᠯᠳᠠ ᠳᠤ ᠤᠷᠤᠭᠤᠯᠤᠨ᠎ᠠ᠃ ᠵᠢᠷᠭᠤᠭ᠎ᠠ ᠳᠤ᠂ | ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠪᠦᠳᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠤᠨ᠎ᠠ᠃ | ᠰᠢᠨ᠎ᠡ ᠨᠢᠭᠡ ᠡᠭᠡᠯᠵᠢ ᠶᠢᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠠᠵᠠ ᠲᠣᠬᠢᠶᠠᠯ ᠢ | ᠡᠵᠡᠮᠳᠡᠵᠤ᠂ ᠬᠥᠮᠦᠨ ᠢᠶᠠᠷ ᠦᠡᠳᠤᠰᠤ ᠪᠤᠯᠭᠠᠭᠰᠡᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠥᠲᠥᠭᠡᠨ | ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠂ ᠨᠢᠭᠡᠳᠦᠯᠲᠡᠶ ᠲᠥᠯᠥᠪᠵᠢᠭᠦᠯᠬᠦ᠂ ᠪᠥᠲᠥᠭᠡᠨ ᠪᠠᠶᠢᠭᠤᠯᠬᠤ᠂ | ᠬᠠᠮᠢᠶᠠᠷᠬᠤ ᠶᠢ ᠨᠢᠭᠡ ᠴᠤᠭᠴᠠᠵᠢᠭᠤᠯᠤᠨ᠂ ᠬᠤᠳᠠ ᠪᠠᠯᠭᠠᠰᠤᠨ ᠤ ᠤᠷᠴᠢᠨ ᠲᠤᠭᠤᠷᠢᠨ ᠢ ᠲᠤᠰᠬᠠᠶ ᠲᠦᠷᠤᠯ ᠢᠶᠠᠷ | ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠬᠤᠲᠠ ᠪᠠᠯᠭᠠᠰᠤ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ | ᠂ ᠳᠠᠭᠠᠭᠠᠴᠠ ᠴᠢᠳᠠᠪᠤᠷᠢ᠂ ᠣᠯᠠᠨ ᠨᠡᠶᠢᠲᠡ ᠶᠢᠨ ᠦᠢᠯᠡᠴᠢᠯᠡᠭᠡ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ | ᠲᠣᠭᠤᠷᠢᠨ᠂ ᠨᠠᠷᠢᠯᠢᠭ ᠬᠠᠮᠢᠶᠠᠷᠤᠯᠲᠠ ᠶᠢᠨ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠤᠷᠢᠯᠡᠨ᠎ᠠ᠃ ᠬᠢᠯᠢ | ᠬᠢᠵᠠᠭᠠᠷ ᠢ ᠬᠥᠭᠵᠢᠭᠦᠯᠵᠦ ᠠᠷᠠᠳ ᠢ ᠪᠠᠶᠠᠵᠢᠭᠤᠯᠬᠤ ᠲᠥᠷᠥᠯ ᠵᠥᠢᠯ ᠢ ᠢᠳᠡᠪᠬᠢᠲᠡᠶ ᠲᠡᠮᠡᠴᠡᠨ ᠣᠯᠵᠤ᠂ 1 | ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠬᠤᠲᠠ ᠪᠠᠯᠭᠠᠰᠤ ᠶᠢᠨ 2 ᠵᠤᠷᠪᠤᠰ ᠵᠠᠮ ᠢ | ᠨᠡᠪᠲᠡᠷᠡᠭᠦᠯᠦᠨ᠂ 7.3 ᠺᠢᠯᠣᠮᠧᠲᠷ ᠲᠤᠰᠠᠭᠠᠷᠯᠠᠨ ᠬᠠᠮᠠᠭᠠᠯᠠᠬᠤ ᠬᠡᠷᠡᠰᠬᠡ ᠤᠭᠰᠠᠷᠠᠵᠤ᠂ 3.6 ᠲᠦᠮᠡᠨ ᠲᠡᠭᠰᠢ | ᠳᠥᠷᠪᠡᠯᠵᠢᠨ ᠮᠧᠲᠷ ᠭᠠᠵᠡᠷ ᠢ ᠨᠣᠭᠤᠭᠠᠷᠠᠭᠤᠯᠤᠨ᠂ 40 ᠺᠢᠯᠣᠮᠧᠲᠷ ᠤᠨ ᠲᠤᠯᠠᠭᠠᠯᠭ᠎ᠠ ᠬᠠᠩᠭᠠᠬᠤ᠂ ᠲᠦᠬᠡᠬᠡᠯ | ᠤᠰᠤ ᠬᠠᠩᠭᠠᠬᠤ᠂ ᠪᠣᠷᠣᠭᠠᠨ ᠤ ᠤᠰᠤ᠂ ᠪᠣᠬᠢᠷ ᠤᠰᠤ ᠭᠠᠳᠠᠭᠰᠢᠯᠠᠭᠤᠯᠬᠤ ᠬᠤᠭᠤᠯᠠᠶ᠂ 2 ᠤᠰᠤᠨ ᠴᠥᠭᠦᠷᠥᠮ ᠢ | ᠰᠢᠨ᠎ᠡ ᠪᠠᠷ ᠥᠭᠡᠷᠡᠴᠢᠯᠡᠨ ᠵᠠᠰᠠᠵᠤ᠂ 5000 ᠢᠵᠢ ᠲᠦᠬᠡᠬᠡᠯ ᠤᠰᠤᠨ ᠤ ᠬᠡᠮᠵᠢᠭᠦᠷ ᠢ ᠥᠭᠡᠷᠡᠴᠢᠯᠡᠨ ᠰᠢᠨᠡᠳᠬᠡᠨ᠎ᠠ | ︔ ᠠᠮᠢᠳᠤᠷᠠᠯ ᠤᠨ ᠬᠤᠭ ᠨᠣᠪᠰᠢ ᠶᠢ ᠪᠤᠬᠢᠷᠳᠤᠯ ᠦᠬᠡᠢ ᠰᠢᠢᠳᠪᠤᠷᠢᠯᠡᠬᠦ ᠲᠥᠷᠥᠯ ᠵᠥᠢᠯ ᠢ ᠬᠡᠷᠡᠭᠵᠢᠭᠦᠯᠵᠦ᠂ | ᠠᠮᠢᠳᠤᠷᠠᠯ ᠤᠨ ᠬᠠᠶᠠᠭᠳᠠᠮᠠᠯ ᠪᠣᠳᠠᠰ ᠢ ᠰᠢᠢᠳᠪᠤᠷᠢᠯᠡᠬᠦ ᠥᠷᠲᠡᠭᠡ 6᠂ ᠬᠤᠭᠤᠯᠠᠨ ᠬᠡᠷ ᠤᠨ ᠬᠤᠭ ᠨᠣᠪᠰᠢ ᠶᠢ | ᠪᠤᠬᠢᠷᠳᠤᠯ ᠦᠬᠡᠢ ᠰᠢᠢᠳᠪᠤᠷᠢᠯᠡᠬᠦ ᠥᠷᠲᠡᠭᠡ 1᠂ ᠪᠣᠬᠢᠷ ᠰᠢᠪᠠᠷ ᠢ ᠬᠠᠭᠤᠷᠠᠶ ᠪᠠᠷ ᠰᠢᠢᠳᠪᠤᠷᠢᠯᠡᠬᠦ ᠥᠷᠲᠡᠭᠡ 1 ᠶᠢ | ᠰᠢᠨ᠎ᠡ ᠪᠠᠷ ᠪᠠᠶᠢᠭᠤᠯᠤᠨ᠎ᠠ︔ ᠤᠰᠤᠨ ᠰᠤᠷᠪᠤᠯᠵᠢ ᠶᠢᠨ ᠭᠠᠵᠠᠷ ᠢ ᠲᠣᠤᠷ ᠲᠤ ᠨᠡᠶᠢᠯᠡᠭᠦᠯᠬᠦ ᠢᠨᠵᠧᠨᠧᠷᠢᠩ ᠢ | ᠢᠳᠡᠪᠬᠢᠲᠡᠶ ᠠᠬᠢᠭᠤᠯᠵᠤ᠂ ᠤᠰᠤ ᠴᠠᠪᠠᠷᠰᠢᠬᠦᠯᠬᠦ ᠦᠢᠯᠡᠳᠪᠤᠷᠢ ᠶᠢ ᠪᠥᠬᠦ ᠲᠠᠯ᠎ᠠ ᠪᠠᠷ ᠠᠰᠢᠭᠯᠠᠵᠤ᠂ ᠬᠤᠲᠠ | ᠪᠠᠯᠭᠠᠰᠤᠨ ᠤ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤᠨ ᠤ ᠶᠠᠰᠤ ᠴᠢᠨᠠᠷ ᠪᠠ ᠬᠤᠲᠠ ᠪᠠᠯᠭᠠᠰᠤᠨ ᠤ | ᠬᠠᠮᠢᠶᠠᠷᠤᠯᠲᠠ ᠶᠢᠨ ᠬᠢᠷᠢ ᠲᠦᠪᠰᠢᠨ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠣᠶᠤᠨᠴᠢ ᠠᠮᠤᠷ ᠲᠦᠪᠰᠢᠨ | ᠰᠠᠭᠤᠭᠠᠯᠢ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠲᠦᠷᠤᠯ ᠵᠥᠢᠯ ᠢ ᠬᠡᠷᠡᠭᠵᠢᠬᠦᠯᠤᠨ᠎ᠠ᠃ | ︵ᠵᠢᠷᠭᠤᠭ᠎ᠠ︶ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠪᠠᠬᠢ ᠪᠠᠶᠢᠭᠤᠯᠵᠤ᠂ ᠬᠦᠨᠳᠦ ᠶᠡᠭᠡ | ᠲᠦᠭᠰᠢᠭᠦᠷᠢ ᠶᠢ ᠰᠡᠷᠭᠡᠶᠢᠯᠡᠨ ᠨᠠᠮᠳᠠᠭᠠᠨ᠎ᠠ᠃ | ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠨ ᠵᠠᠰᠠᠬᠤ ᠶᠢ ᠤᠶᠠᠯᠳᠤᠭᠤᠯᠬᠤ ᠶᠢ | ᠪᠠᠷᠢᠮᠲᠠᠯᠠᠵᠤ᠂ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠶᠢ ᠬᠡᠷᠡᠭᠵᠢᠭᠦᠯᠬᠦ ᠶᠢ ᠴᠢᠬᠤᠯᠠᠴᠢᠯᠠᠨ᠂ ᠪᠠᠶᠢᠩᠭᠤ ᠶᠢᠨ | ᠪᠦᠲᠦᠮᠵᠢᠲᠡᠶ ᠵᠤᠬᠢᠴᠠᠮᠵᠢ ᠶᠢ ᠲᠡᠭᠦᠯᠳᠡᠷᠵᠢᠭᠦᠯᠵᠦ᠂ ᠠᠵᠤ ᠠᠬᠤᠶ ᠶᠢᠨ ᠬᠥᠭᠵᠢᠯᠲᠡ᠂ ᠨᠡᠶᠢᠭᠡᠮ ᠤᠨ ᠵᠠᠰᠠᠯᠲᠠ ᠵᠡᠷᠭᠡ | ᠲᠠᠯ᠎ᠠ ᠶᠢᠨ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠤᠷᠢᠯᠡᠨ᠎ᠠ᠃ ᠨᠢᠭᠡ ᠳᠤ᠂ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠤᠨ᠎ᠠ᠃ ᠨᠠᠮ ᠤᠨ ᠦᠨᠳᠦᠰᠦᠲᠡᠨ ᠤ ᠣᠨᠣᠯ ᠴᠢᠭᠯᠡᠯᠲᠡ᠂ ᠲᠥᠷᠥ ᠶᠢᠨ ᠪᠣᠳᠣᠯᠭ᠎ᠠ ᠶᠢ | ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠬᠢᠵᠢᠬᠦᠯᠬᠦ ᠤᠬᠠᠭᠤᠯᠭ᠎ᠠ ᠬᠥᠮᠦᠵᠢᠯ ᠪᠠ ᠶᠠᠷᠢᠶ᠎ᠠ ᠬᠡᠯᠡᠯᠴᠡᠭᠡᠨ ᠤ ᠵᠢᠯᠤᠭᠤᠳᠤᠯᠭ᠎ᠠ ᠶᠢ ᠴᠢᠩᠭᠠᠳᠬᠠᠨ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠦᠨ᠂ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠶ ᠬᠦᠢᠴᠡᠳᠬᠡᠵᠤ᠂ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠮᠢᠶᠠᠷᠤᠯᠲᠠ ᠶᠢ ᠦᠨᠡᠨᠬᠦ ᠴᠢᠩᠭᠠᠳᠬᠠᠨ᠂ ᠬᠠᠮ | ᠵᠠᠭᠤᠴᠢᠯᠠᠭᠤᠷ ᠤᠨ ᠲᠥᠪ ᠤᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠷᠬᠡ | ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ | ᠦᠨᠳᠦᠰᠦᠲᠡᠨ ᠤ ᠬᠠᠷᠢᠴᠠᠭ᠎ᠠ ᠶᠢ ᠲᠠᠰᠤᠷᠠᠯᠲᠠ ᠥᠬᠡᠶ ᠪᠠᠬᠢᠵᠢᠭᠦᠯᠦᠨ᠎ᠡ᠃ ᠬᠤᠶᠠᠷ ᠲᠤ᠂ ᠠᠶᠤᠯᠭᠦᠶ | ᠦᠢᠯᠡᠳᠪᠦᠷᠢᠯᠡᠯ ᠢ ᠴᠢᠩᠭᠠᠳᠬᠠᠨ ᠳᠡᠭᠡᠭᠰᠢᠯᠡᠭᠦᠯᠦᠨ᠎ᠡ᠃ ᠬᠤᠷᠢᠭ᠎ᠠ ᠱᠤᠭᠤᠮ ᠤᠨ ᠰᠡᠳᠬᠢᠬᠦᠶ ᠪᠠ ᠤᠯᠠᠭᠠᠨ | ᠱᠤᠭᠤᠮ ᠤᠨ ᠤᠬᠠᠮᠰᠠᠷ ᠢ ᠪᠠᠷᠢᠮᠲᠠᠯᠠᠵᠤ᠂ ᠠᠶᠤᠯᠭᠦᠶ ᠦᠢᠯᠡᠳᠪᠦᠷᠢᠯᠡᠯ ᠤᠨ ᠲᠠᠯᠳᠠ ᠬᠡᠮ ᠢ ᠴᠡᠭᠴᠡᠯᠡᠨ ᠪᠠᠶᠢᠴᠠᠭᠠᠬᠤ | ᠬᠠᠪᠤᠷ ᠤᠨ ᠤᠯᠠᠷᠢᠯ ᠤᠨ ᠲᠤᠰᠬᠠᠶ ᠠᠵᠢᠯᠯᠠᠭ᠎ᠠ ᠪᠠ ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ | ᠭᠤᠷᠪᠠᠨ ᠵᠢᠯ ᠤᠨ ᠠᠵᠢᠯᠯᠠᠭ᠎ᠠ ᠶᠢ ᠪᠦᠬᠦ ᠲᠠᠯ᠎ᠠ ᠪᠠᠷ ᠠᠬᠢᠭᠤᠯᠵᠤ᠂ ᠡᠯ᠎ᠡ ᠠᠵᠢᠯ ᠲᠥᠷᠥᠯ ᠤᠨ ᠬᠡᠪᠴᠢᠶᠠᠨ ᠳᠠᠬᠢ | ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ︽1230︾ ᠤᠨ ᠲᠦᠷᠢᠮ ᠪᠠ ᠠᠶᠤᠯᠭᠦᠶ | ᠦᠢᠯᠡᠳᠪᠤᠷᠢᠯᠡᠯ ᠤᠨ ᠢᠯᠡᠴᠢᠯᠡᠨ ᠮᠡᠳᠡᠭᠦᠯᠦᠭᠰᠡᠳ ᠢ ᠱᠠᠩᠨᠠᠬᠤ ᠠᠷᠭ᠎ᠠ ᠶᠢ ᠪᠠᠶᠢᠩᠭᠤᠵᠢᠭᠤᠯᠤᠨ ᠰᠠᠶᠢᠲᠤᠷ | ᠨᠠᠶᠢᠳᠠᠪᠤᠷᠢᠵᠢᠭᠤᠯᠵᠤ᠂ ᠠᠶᠤᠯᠭᠦᠶ ᠦᠢᠯᠡᠳᠪᠤᠷᠢᠯᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠ ᠳᠠᠯᠳᠠ | ᠬᠡᠮ ᠢ ᠪᠠᠶᠢᠴᠠᠭᠠᠨ ᠵᠠᠰᠠᠬᠤ ᠡᠷᠴᠢᠮ ᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠤᠨ | ᠳᠣᠭᠢᠷᠠᠭᠤᠯᠬᠤ ᠲᠠᠪᠴᠠᠩ ᠢ ᠪᠠᠶᠢᠭᠤᠯᠵᠤ᠂ ᠡᠳ᠋ ᠪᠣᠳᠠᠰ ᠨᠦᠬᠡᠴᠠᠯᠡᠬᠦ ᠪᠠ ᠭᠠᠮᠰᠢᠭ ᠢ ᠰᠡᠷᠭᠡᠶᠢᠯᠡᠬᠦ ᠬᠤᠬᠢᠷᠡᠯ ᠢ | ᠪᠠᠭᠠᠰᠬᠠᠬᠤ ᠭᠠᠮᠰᠢᠭ ᠠᠴᠠ ᠠᠪᠤᠷᠬᠠᠤ ᠴᠢᠳᠠᠪᠤᠷᠢ ᠶᠢ ᠳᠡᠭᠡᠭᠰᠢᠯᠡᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ | ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠠᠩᠬᠠᠳᠤᠭᠠᠷ ᠤᠳᠠᠭᠠᠨ ᠤ ᠪᠥᠬᠦ ᠤᠯᠤᠰ ᠤᠨ ᠪᠠᠶᠢᠭᠠᠯᠢ ᠶᠢᠨ | ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ | ᠦᠷᠨᠢᠬᠦᠯᠤᠨ᠎ᠠ᠃ ᠢᠳᠡᠭᠡᠨ ᠪᠠ ᠡᠮ ᠤᠨ ᠵᠥᠢᠯᠡᠰ ᠤᠨ ᠠᠮᠤᠷ ᠲᠦᠪᠰᠢᠨ ᠤ ᠣᠶᠤᠨᠴᠢ ᠬᠢᠨᠠᠯᠲᠠ | ᠬᠠᠮᠢᠶᠠᠷᠤᠯᠲᠠ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠵᠢᠯ ᠤᠨ ᠳᠣᠲᠣᠷ᠎ᠠ 5 ᠢᠳᠡᠭᠡᠨ | ᠪᠤᠯᠪᠠᠰᠤᠷᠠᠭᠤᠯᠬᠤ ᠠᠵᠤ ᠠᠬᠤᠶᠢᠯᠠᠯ᠂ 50 ᠬᠥᠮᠦᠨ ᠠᠴᠠ ᠳᠡᠭᠡᠭᠰᠢ ᠪᠠᠭᠳᠠᠭᠠᠮᠵᠢᠳᠡᠢ 20 ᠢᠳᠡᠭᠡᠨ ᠤᠮᠳᠠᠭᠠᠨ ᠤ | ᠨᠢᠭᠡᠴᠡ ᠳᠤ ᠡᠯᠧᠺᠲᠷᠣᠨ ᠬᠢᠨᠠᠨ ᠡᠵᠡᠮᠳᠡᠬᠦ ᠰᠢᠰᠲ᠋ᠧᠮ ᠤᠭᠰᠠᠷᠠᠨ᠎ᠠ᠃ ᠭᠤᠷᠪᠠ ᠳᠤ᠂ ᠨᠡᠶᠢᠭᠡᠮ ᠤᠨ ᠲᠠᠯ᠎ᠠ ᠶᠢᠨ | ᠬᠠᠮᠢᠶᠠᠷᠤᠯᠲᠠ ᠡᠵᠡᠮᠳᠡᠯ ᠢ ᠴᠢᠩᠭᠠᠳᠬᠠᠨ ᠳᠡᠭᠡᠭᠰᠢᠯᠡᠭᠦᠯᠦᠨ᠎ᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ | ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠭᠤᠣᠯᠳᠠᠯᠭ᠎ᠠ ᠲᠠᠢ ᠬᠥᠮᠦᠰ ᠢ ᠬᠠᠮᠢᠶᠠᠷᠤᠨ ᠡᠵᠡᠮᠳᠡᠬᠦ ᠪᠠ ᠲᠤᠰᠬᠠᠢ | ᠬᠡᠷᠡᠭ ᠲᠤ ᠴᠣᠬᠢᠯᠲᠠ ᠥᠭᠬᠦ ᠡᠷᠴᠢᠮ ᠢ ᠬᠠᠤᠯᠢ ᠶᠣᠰᠣᠭᠠᠷ ᠴᠢᠩᠭᠠᠳᠬᠠᠵᠤ᠂ ᠲᠠᠯᠳᠠ ᠬᠡᠮ ᠢ ᠪᠠᠶᠢᠴᠠᠭᠠᠨ | ᠵᠠᠰᠠᠬᠤ ᠶᠢ ᠠᠬᠢᠭᠤᠯᠵᠤ᠂ ᠳᠠᠶᠢᠰᠤᠩᠨᠠᠭᠴᠢ ᠬᠦᠴᠦᠨ ᠤ ᠨᠡᠪᠴᠢᠯᠲᠡ ᠡᠪᠳᠡᠯᠭᠡ ᠶᠢᠨ ᠠᠵᠢᠯᠯᠠᠭ᠎ᠠ ᠳᠤ ᠴᠢᠩᠭ᠎ᠠ | ᠴᠣᠬᠢᠯᠲᠠ ᠥᠭᠭᠦᠨ᠎ᠡ᠃ ᠵᠥᠷᠢᠴᠡᠯ ᠵᠢᠭᠤᠷᠠᠭᠠᠨ ᠢ ᠡᠶᠡᠳᠡᠭᠦᠯᠦᠨ ᠰᠢᠢᠳᠪᠤᠷᠢᠯᠡᠬᠦ ᠵᠤᠬᠢᠴᠠᠮᠵᠢ ᠶᠢ ᠲᠡᠭᠦᠯᠳᠡᠷᠵᠢᠭᠦᠯᠵᠦ | ᠂ ᠵᠠᠬᠢᠳᠠᠯ ᠰᠤᠷᠪᠤᠯᠵᠢᠯᠠᠭ᠎ᠠ ᠶᠢ ᠲᠥᠪᠯᠡᠷᠡᠭᠦᠯᠦᠨ ᠵᠠᠰᠠᠬᠤ᠂ ᠵᠠᠬᠢᠳᠠᠯ ᠰᠤᠷᠪᠤᠯᠵᠢᠯᠠᠭ᠎ᠠ ᠶᠢᠨ ᠤᠨ ᠤᠳᠠᠭᠰᠡᠨ ᠬᠡᠷᠡᠭ ᠢ | ᠰᠢᠢᠳᠪᠤᠷᠢᠯᠡᠬᠦ ᠲᠤᠰᠬᠠᠶ ᠠᠵᠢᠯ ᠢ ᠭᠦᠨᠵᠡᠭᠡᠶ ᠥᠷᠨᠢᠭᠦᠯᠵᠦ᠂ ᠤᠯᠠᠨ ᠲᠦᠮᠡᠨ ᠤ ᠵᠦᠢ ᠶᠣᠰᠣᠨ ᠤ ᠭᠤᠮᠣᠳᠠᠯ | ᠱᠠᠭᠠᠷᠳᠠᠯᠭ᠎ᠠ ᠶᠢ ᠬᠠᠤᠯᠢ ᠶᠣᠰᠣᠭᠠᠷ ᠰᠢᠢᠳᠪᠤᠷᠢᠯᠡᠨ᠎ᠠ᠃ ᠴᠡᠷᠢᠭ ᠠᠷᠠᠳ ᠤᠨ ᠵᠢᠭᠠᠰᠤ ᠤᠰᠤᠨ ᠤ ᠬᠠᠷᠢᠴᠠᠭ᠎ᠠ ᠶᠢ | ᠠᠬᠢᠭᠤᠯᠵᠤ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠨ᠂ ᠬᠤᠶᠠᠷ ᠢ | ᠬᠦᠷᠢᠶᠡᠯᠡᠨ ᠬᠠᠮᠲᠤᠪᠠᠷ ᠪᠠᠶᠢᠭᠤᠯᠬᠤ ᠶᠢ ᠭᠦᠨᠵᠡᠭᠡᠶᠢᠷᠡᠭᠦᠯᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ | ᠪᠠᠬᠢᠵᠢᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ | ᠲᠦᠷᠪᠡ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠯᠢᠭ ᠤᠨᠤᠪᠴᠢᠳᠡᠢ ᠪᠠᠷ ᠰᠠᠶᠢᠲᠤᠷ | ᠠᠳᠬᠤᠨ᠎ᠠ᠃ ᠪᠠᠶᠢᠩᠭᠤᠵᠢᠭᠰᠠᠨ ᠨᠠᠷᠢᠯᠢᠭ ᠤᠨᠤᠪᠴᠢᠳᠡᠢ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠨ | ᠰᠢᠢᠳᠪᠤᠷᠢᠯᠡᠬᠦ ᠶᠢ ᠣᠷᠭᠠᠨᠢᠭ ᠢᠶᠠᠷ ᠤᠶᠠᠯᠳᠤᠭᠤᠯᠬᠤ ᠠᠷᠭ᠎ᠠ ᠪᠣᠳᠣᠯᠭ᠎ᠠ ᠶᠢ ᠪᠠᠷᠢᠮᠲᠠᠯᠠᠨ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠬᠥᠳᠡᠯᠦᠩᠭᠦᠶ ᠪᠠᠷ ᠥᠷᠨᠢᠭᠦᠯᠵᠦ᠂ ︽ | ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠣᠳᠠᠲᠠᠶᠢᠵᠢᠭᠤᠯᠤᠨ᠂ ︽1+8+N︾ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠤᠨ ᠲᠣᠭᠤᠷᠢᠨ ᠴᠠᠭᠳᠠᠬᠤ | ᠠᠩᠭᠢ ᠶᠢᠨ ᠬᠠᠮᠢᠶᠠᠷᠤᠨ ᠡᠵᠡᠮᠳᠡᠬᠦ ᠦᠢᠯᠡᠳᠤᠯ ᠢ ᠪᠠᠳᠠᠷᠠᠭᠤᠯᠤᠨ᠂ ︽ᠲᠦᠷᠪᠡᠨ ᠡᠷᠳᠡ︾ ︽ᠳᠥᠷᠪᠡᠨ | ᠲᠦᠪᠯᠡᠷᠡᠩᠬᠦᠢ︾ ︽ᠲᠠᠪᠤᠨ ᠪᠠᠶᠢᠬᠤ ᠨᠢᠬᠡ ᠲᠤᠤᠷᠵᠢᠭᠤᠯᠤᠭᠰᠡᠨ︾ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠲᠥᠪᠯᠡᠷᠡᠯ ᠤᠨ ᠴᠢᠨᠠᠷᠲᠠᠶ ᠬᠢᠵᠢᠭ ᠤᠨ ᠪᠠᠶᠢᠳᠠᠯ ᠡᠭᠦᠰᠬᠦ ᠶᠢ ᠴᠢᠩᠭ᠎ᠠ ᠰᠡᠷᠭᠡᠶᠢᠯᠡᠨ᠎ᠡ | ᠃ ᠲᠠᠪᠤ ᠳᠤ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠠᠵᠢᠯᠴᠢ | ᠪᠤᠷᠤᠭᠵᠢᠭᠤᠨ ᠠᠷᠪᠢᠯᠠᠨ ᠭᠠᠮᠨᠠᠬᠤ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠡᠳ᠋ ᠤᠨ ᠵᠠᠰᠠᠭ ᠤᠨ | ᠲᠦᠰᠤᠪᠯᠡᠨ ᠪᠤᠳᠤᠯᠳᠠ ᠳᠤ ᠣᠷᠣᠭᠤᠯᠤᠭᠰᠠᠨ ᠦᠭᠡᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠦᠷᠤᠯ | ᠵᠥᠢᠯ ᠳᠤ ᠠᠷᠠᠳ ᠤᠨ ᠠᠮᠢᠳᠤᠷᠠᠯ᠂ ᠣᠷᠴᠢᠨ ᠠᠬᠤᠶ ᠶᠢᠨ ᠬᠠᠮᠠᠭᠠᠯᠠᠯᠲᠠ᠂ ᠪᠠᠴᠢᠮ ᠪᠠᠶᠢᠳᠠᠯ ᠢ ᠠᠷᠭᠠᠴᠠᠭᠠᠬᠤ | ᠵᠡᠷᠬᠡ ᠳᠤ ᠬᠤᠯᠪᠤᠭᠳᠠᠭᠰᠡᠨ ᠴᠢᠬᠤᠯᠠ ᠪᠦᠬᠦᠢ ᠲᠦᠷᠤᠯ ᠵᠥᠢᠯ ᠠᠴᠠ ᠪᠤᠰᠤᠳ ᠢ ᠴᠥᠮ ᠲᠣᠬᠢᠷᠠᠭᠤᠯᠬᠤ ᠦᠭᠡᠢ᠃ | ︽ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠦᠷᠢᠮ︾ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ | ᠵᠠᠰᠠᠭ ᠤᠨ ᠣᠷᠳᠣᠨ ᠤ ᠥᠷᠢ ᠲᠠᠯᠪᠢᠬᠤ ᠠᠵᠢᠯᠯᠠᠭ᠎ᠠ ᠶᠢ ᠡᠷᠡᠰ ᠵᠢᠷᠤᠮᠵᠢᠭᠤᠯᠤᠨ᠂ ᠬᠠᠷᠢᠭᠤᠴᠠᠯᠭ᠎ᠠ ᠨᠡᠬᠡᠮᠵᠢᠯᠡᠬᠦ᠂ | ᠬᠢᠨᠠᠨ ᠬᠠᠮᠢᠶᠠᠷᠬᠤ ᠪᠠᠶᠢᠩᠭᠤ ᠶᠢᠨ ᠪᠦᠲᠦᠮᠵᠢᠲᠡᠶ ᠵᠤᠬᠢᠴᠠᠮᠵᠢ ᠶᠢ ᠪᠦᠷᠢᠨᠰᠢᠬᠦᠯᠵᠦ᠂ ᠰᠢᠨ᠎ᠡ ᠪᠠᠷ ᠪᠠᠶᠢᠭᠤᠯᠤᠭᠰᠠᠨ | ᠲᠥᠷᠥᠯ ᠵᠥᠢᠯ ᠳᠤ ᠥᠷᠢ ᠥᠭᠴᠡᠭᠡ ᠶᠢᠨ ᠲᠦᠭᠰᠢᠭᠦᠷᠢ ᠶᠢᠨ ᠦᠨᠡᠯᠡᠯᠳᠡ ᠬᠢᠵᠦ᠂ ᠬᠢᠨᠠᠨ ᠵᠦᠪᠰᠢᠶᠠᠷᠡᠯ ᠤᠨ ᠲᠠᠰ | ᠳᠠᠷᠠᠭᠠᠯᠠᠯ ᠢ ᠵᠢᠷᠤᠮᠵᠢᠭᠤᠯᠵᠤ᠂ ᠬᠠᠤᠯᠢ ᠲᠣᠭᠲᠠᠭᠠᠯ ᠠᠴᠠ ᠵᠥᠷᠢᠴᠡᠨ ᠥᠷᠢ ᠲᠠᠯᠪᠢᠬᠤ ᠶᠢ ᠡᠷᠡᠰ ᠲᠠᠪᠴᠢᠵᠤ᠂ | ᠵᠢᠯ ᠤᠨ ᠳᠣᠲᠣᠷ᠎ᠠ ᠵᠠᠰᠠᠭ ᠤᠨ ᠣᠷᠳᠣᠨ ᠤ ᠥᠷᠢ ᠥᠭᠴᠡᠭᠡ ᠶᠢ 1.84 ᠳ᠋ᠦᠩᠰᠢᠭᠤᠷ ᠲᠥᠭᠦᠷᠢᠭ ᠴᠠᠶᠢᠷᠠᠭᠤᠯᠤᠨ᠎ᠠ | ᠃ | ︵ᠳᠣᠯᠤᠭ᠎ᠠ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ | ᠴᠢᠩᠭᠠᠳᠬᠠᠵᠤ᠂ ᠵᠠᠰᠠᠯᠲᠠ ᠶᠢᠨ ᠪᠦᠲᠦᠮᠵᠢ ᠶᠢᠨ ᠤᠳᠤᠬᠢᠴᠢᠯᠠᠯᠳᠠ ᠶᠢ ᠠᠬᠢᠭᠤᠯᠤᠨ᠎ᠠ᠃ | ᠨᠢᠭᠡ ᠳᠤ᠂ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠪᠠᠷᠢᠮᠲᠠᠯᠠᠨ ᠴᠢᠩᠭᠠᠳᠬᠠᠵᠤ᠂ ᠨᠠᠮ ᠳᠠᠭᠠᠨ | ᠦᠨᠡᠨᠴᠢ ᠰᠢᠳᠤᠷᠭᠤ ᠪᠠᠶᠢᠬᠤ ᠶᠢ ᠦᠢᠯᠡᠳᠦᠯᠭᠡᠵᠢᠭᠦᠯᠤᠨ᠎ᠠ᠃ ︽ᠳᠥᠷᠪᠡᠨ ᠤᠬᠠᠮᠰᠠᠷ︾ ᠢ ᠪᠠᠳᠤ ᠪᠠᠬᠢ ᠪᠤᠢ | ᠪᠤᠯᠭᠠᠵᠤ᠂ ︽ᠳᠥᠷᠪᠡᠨ ᠢᠲᠡᠭᠡᠯ︾ ᠢ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ | ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ | ᠲᠥᠷᠥ ᠶᠢᠨ ᠬᠡᠷᠡᠭᠵᠢᠭᠦᠯᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠤᠨ᠎ᠠ᠃ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠨᠠᠮ ᠤᠨ ᠲᠡᠦᠬᠡ ᠶᠢ ᠰᠤᠷᠤᠯᠴᠠᠬᠤ ᠶᠢ | ᠲᠤᠷᠰᠢᠯᠭ᠎ᠠ ᠪᠠᠨ ᠳ᠋ᠦᠩᠨᠡᠬᠦ᠂ ᠪᠣᠳᠠᠲᠤ ᠪᠠᠶᠢᠳᠠᠯ ᠢ ᠠᠵᠢᠭᠯᠠᠬᠤ᠂ ᠠᠵᠢᠯ ᠢᠶᠠᠨ ᠠᠬᠢᠭᠤᠯᠬᠤ ᠲᠠᠢ ᠤᠶᠠᠯᠳᠤᠭᠤᠯᠤᠨ᠎ᠠ᠃ | ᠠᠷᠠᠳ ᠲᠦᠮᠡᠨ ᠢᠶᠠᠷ ᠭᠤᠣᠯ ᠪᠣᠯᠭᠠᠬᠤ ᠵᠠᠰᠠᠭ ᠪᠠᠷᠢᠬᠤ ᠣᠶᠢᠯᠠᠭᠠᠭᠳᠠᠬᠤᠨ ᠢ ᠦᠨᠡᠡᠬᠦ ᠴᠢᠩᠭᠠᠳᠬᠠᠵᠤ᠂ | ᠰᠠᠨᠠᠭᠠᠴᠢᠯᠠᠭ᠎ᠠ ᠠᠴᠠ ᠪᠠᠨ ᠠᠷᠠᠳ ᠤᠨ ᠰᠠᠨᠠᠯ ᠢ ᠰᠣᠨᠣᠰᠴᠤ᠂ ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ | ᠠᠮᠢᠳᠤᠷᠠᠯ ᠳᠤ ᠦᠢᠯᠡᠴᠢᠯᠡᠵᠦ᠂ ᠵᠠᠰᠠᠭ ᠤᠨ ᠣᠷᠳᠣᠨ ᠤ ᠠᠵᠢᠯ ᠢ ᠠᠷᠠᠳ ᠤᠨ ᠰᠠᠨᠠᠭᠠᠨ ᠳᠤ ᠨᠡᠩ ᠨᠡᠶᠢᠴᠡᠭᠦᠯᠤᠨ᠂ | ᠠᠷᠠᠳ ᠤᠨ ᠢᠳᠡᠬᠡᠯ ᠬᠦᠷᠢᠶᠠᠯᠠᠯ ᠢ ᠤᠯᠤᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ | ᠡᠬᠦᠷᠬᠡᠯᠡᠬᠦ︾ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠤ᠂ ᠳᠡᠭᠡᠳᠦ ᠱᠠᠲᠤᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠡᠷᠡᠰ ᠴᠢᠩᠭ᠎ᠠ ᠲᠤᠤᠱᠯᠠᠭᠤᠯᠤᠨ᠂ ᠬᠠᠩᠭᠠᠨ ᠪᠣᠷᠣᠯᠠᠭᠤᠯᠬᠤ ᠰᠢᠰᠲ᠋ᠧᠮ ᠤᠨ ᠢᠯᠵᠠᠷᠡᠯ ᠤᠨ | ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠪᠣᠳᠠᠲᠠᠢ ᠦᠷ᠎ᠡ ᠪᠦᠲᠦᠮᠵᠢ ᠪᠠᠷ ᠢᠶᠠᠨ | ᠨᠠᠮ ᠳᠠᠭᠠᠨ ᠦᠨᠡᠨᠴᠢ ᠪᠠᠶᠢᠬᠤ ᠪᠠᠨ ᠢᠯᠡᠳᠬᠡᠨ᠎ᠠ᠃ | ᠬᠤᠶᠠᠷ ᠲᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠵᠤ᠂ ᠵᠠᠰᠠᠯᠲᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ | ᠠᠬᠢᠭᠤᠯᠵᠤ᠂ ᠬᠠᠤᠯᠢ ᠪᠠᠷ ᠵᠠᠰᠠᠬᠤ ᠰᠡᠳᠬᠢᠬᠦᠶ ᠪᠠ ᠵᠠᠰᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠠᠷᠠᠳᠴᠢᠯᠠᠯ | ᠲᠥᠪᠯᠡᠷᠡᠯ ᠤᠨ ᠲᠦᠷᠢᠮ ᠢ ᠪᠠᠷᠢᠮᠲᠠᠯᠠᠵᠤ᠂ ︽ᠭᠤᠷᠪᠠᠨ ᠴᠢᠬᠤᠯᠠ ᠨᠢᠭᠡ ᠶᠡᠭᠡ︾ ᠲᠦᠷᠢᠮ ᠢ ᠴᠢᠩᠭ᠎ᠠ | ᠬᠡᠷᠡᠭᠵᠢᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ | ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠤᠰᠤ ᠬᠥᠮᠦᠰ | ᠪᠠ ᠠᠷᠠᠳ ᠤᠨ ᠪᠦᠯᠬᠦᠮ ᠤᠨ ᠰᠠᠨᠠᠯ ᠰᠠᠨᠠᠭᠤᠯᠭ᠎ᠠ ᠶᠢ ᠬᠢᠨᠠᠮᠠᠭᠠᠶ ᠰᠣᠨᠣᠰᠤᠨ᠎ᠠ᠃ ᠬᠢᠨᠠᠨ ᠪᠤᠳᠤᠵᠤ ᠬᠢᠨᠠᠯᠲᠠ | ᠲᠠᠯᠪᠢᠬᠤ ᠶᠢ ᠴᠢᠩᠭᠠᠳᠬᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠨ᠂ ᠡᠷᠬᠡ ᠪᠠᠨ | ᠢᠯᠡ ᠪᠠᠷ ᠬᠡᠷᠡᠭᠵᠢᠭᠦᠯᠬᠦ ᠵᠠᠰᠠᠭ ᠤᠨ ᠣᠷᠳᠣᠨ ᠤ ᠦᠢᠯᠡᠴᠢᠯᠡᠬᠡᠨ ᠤ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ | ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ ᠵᠢᠷᠤᠮᠵᠢᠭᠤᠯᠤᠨ᠎ᠠ᠃ | ᠤᠯᠤᠰ ᠲᠥᠷᠥ ᠬᠠᠤᠯᠢ ᠴᠠᠭᠠᠵᠠ ᠶᠢᠨ ᠡᠩᠨᠡᠬᠡᠨ ᠤ ᠲᠤᠰᠬᠠᠶ ᠲᠦᠷᠤᠯ ᠤᠨ ᠴᠡᠭᠴᠡᠯᠡᠨ ᠵᠠᠰᠠᠯᠲᠠ ᠶᠢ ᠭᠦᠨᠵᠡᠭᠡᠶ | ᠥᠷᠨᠢᠭᠦᠯᠵᠦ᠂ ︽ᠬᠠᠤᠯᠢ ᠪᠠᠷ ᠵᠠᠰᠠᠬᠤ ᠠᠪᠠᠭ᠎ᠠ︾ ︽ᠠᠮᠤᠷ ᠲᠠᠶᠢᠪᠤᠡᠭ ᠠᠪᠠᠭ᠎ᠠ︾ ᠶᠢᠨ ᠪᠠᠶᠢᠭᠤᠯᠤᠯᠲᠠ ᠰᠢᠨ᠎ᠡ | ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃ | ᠭᠤᠷᠪᠠ ᠳᠤ᠂ ᠰᠤᠷᠲᠠᠯ ᠤᠨ ᠪᠠᠶᠢᠭᠤᠯᠤᠯᠲᠠ ᠶᠢ ᠢᠮᠠᠭᠲᠠ ᠪᠠᠷᠢᠮᠲᠠᠯᠠᠨ ᠴᠢᠩᠭᠠᠳᠬᠠᠵᠤ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ ᠲᠥᠪ ᠬᠤᠷᠢᠶᠠᠨ ᠤ ᠨᠠᠢᠮᠠᠨ ᠵᠥᠢᠯ ᠤᠨ ᠲᠣᠭᠲᠠᠭᠠᠯ ᠤᠨ | ᠵᠤᠷᠢᠭ ᠰᠠᠨᠠᠭ᠎ᠠ ᠵᠢᠴᠢ ᠢᠵᠢ ᠪᠦᠷᠢᠨ ᠲᠤᠭᠳᠠᠭᠠᠯ ᠢ ᠴᠢᠩᠭ᠎ᠠ ᠬᠡᠷᠡᠭᠵᠢᠭᠦᠯᠵᠦ᠂ ᠰᠠᠬᠢᠯᠭ᠎ᠠ ᠪᠠᠲᠤ ᠶᠢᠨ | ᠱᠠᠭᠠᠷᠳᠠᠯᠭ᠎ᠠ ᠶᠢ ᠡᠷᠡᠰ ᠬᠡᠷᠡᠭᠵᠢᠭᠦᠯᠤᠨ᠂ ︽ᠲᠦᠷᠪᠡᠨ ᠰᠤᠷᠲᠠᠯ︾ ᠢ ᠦᠷᠭᠦᠯᠵᠢᠯᠡᠨ ᠴᠡᠭᠴᠡᠯᠡᠨ ᠵᠠᠰᠠᠵᠤ᠂ | ᠵᠣᠷᠢᠭᠲᠠᠶ ᠪᠠᠷ ᠬᠠᠷᠢᠭᠤᠴᠠᠯᠭ᠎ᠠ ᠡᠬᠦᠷᠬᠡᠯᠡᠨ᠂ ᠰᠢᠨ᠎ᠡ ᠶᠢ ᠡᠭᠦᠳᠬᠦ ᠤᠬᠠᠮᠰᠠᠷ᠂ ᠦᠷ᠎ᠡ ᠪᠦᠲᠦᠮᠵᠢ ᠶᠢᠨ ᠤᠬᠠᠮᠰᠠᠷ᠂ | ᠤᠷᠤᠭᠰᠢᠯᠠᠨ ᠳᠠᠪᠰᠢᠬᠤ ᠤᠬᠠᠮᠰᠠᠷ ᠢ ᠪᠠᠲᠤ ᠪᠠᠬᠢ ᠪᠤᠶ ᠪᠣᠯᠭᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ | ᠴᠢᠩᠭ᠎ᠠ ᠴᠡᠭᠡᠷᠯᠡᠵᠦ᠂ ᠬᠡᠯᠡᠬᠦ ᠪᠠ ᠬᠢᠬᠦ ᠪᠠᠨ ᠨᠢᠬᠡᠳᠬᠡᠵᠤ᠂ ᠪᠢᠴᠢᠭ ᠮᠠᠲ᠋ᠧᠷᠢᠶᠠᠯ ᠪᠠ ᠬᠤᠷᠡᠯ ᠤᠨ ᠵᠤᠷᠢᠭ ᠰᠠᠨᠠᠭ᠎ᠠ | ᠶᠢ ᠴᠠᠭ ᠲᠤᠬᠠᠢ ᠳᠤᠨᠢ ᠨᠠᠶᠢᠳᠠᠪᠤᠷᠢᠵᠢᠭᠤᠯᠵᠤ᠂ ᠲᠡᠰᠪᠦᠷᠢ ᠬᠠᠲᠠᠭᠤᠵᠢᠯᠲᠠᠶ ᠪᠠᠷ ᠠᠳᠠᠯ ᠦᠢᠯᠡᠰ ᠪᠤᠰᠬᠠᠬᠤ ᠵᠣᠷᠢᠭ | ᠰᠠᠨᠠᠭ᠎ᠠ ᠪᠠᠷ ᠡᠯ᠎ᠡ ᠲᠦᠷᠤᠯ ᠤᠨ ᠠᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠪᠠ | ᠰᠢᠨ᠎ᠡ ᠶᠢ ᠡᠭᠦᠳᠬᠦ ᠪᠠᠷ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠢᠯᠡ ᠲᠣᠳᠣ ᠤᠳᠤᠷᠢᠳᠤᠮᠵᠢ ᠪᠣᠯᠭᠠᠨ᠎ᠠ᠃ | | ᠲᠦᠷᠪᠡ ᠳᠤ᠂ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠢᠮᠠᠭᠳᠠ ᠪᠠᠷᠢᠮᠲᠠᠯᠠᠵᠤ᠂ | ᠲᠤᠬᠠᠶᠢᠯᠠᠭᠰᠡᠨ ᠠᠵᠢᠯ ᠤᠨ ᠴᠢᠳᠠᠪᠤᠷᠢᠳᠠᠨ ᠪᠣᠯᠬᠤ ᠪᠠᠷ ᠴᠢᠷᠮᠠᠶᠢᠨ᠎ᠠ᠃ ᠵᠠᠰᠠᠭ ᠤᠨ ᠣᠷᠳᠣᠨ ᠤ ᠠᠵᠢᠯ ᠢ ᠰᠠᠶᠢᠲᠤᠷ | ᠬᠢᠬᠦ ᠳᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠶᠢᠨ ᠬᠠᠮᠳᠤ ᠤᠴᠢᠷ ᠶᠠᠪᠤᠳᠠᠯ ᠢ ᠰᠢᠢᠳᠪᠤᠷᠢᠯᠡᠬᠦ ᠳᠡᠭᠡᠨ | ᠴᠢᠳᠠᠮᠠᠭᠠᠢ ᠪᠠᠶᠢᠬᠤ ᠬᠡᠷᠡᠭᠲᠡᠢ᠃ ᠰᠢᠮᠳᠠᠨ ᠰᠤᠷᠤᠯᠴᠠᠬᠤ᠂ ᠴᠢᠳᠠᠮᠠᠭᠠᠶ ᠰᠤᠷᠤᠯᠴᠠᠬᠤ᠂ ᠨᠠᠰᠤᠨ ᠲᠤᠷᠰᠢᠳᠠ | ᠰᠤᠷᠤᠯᠴᠠᠬᠤ ᠰᠠᠶᠢᠨ ᠰᠠᠶᠢᠬᠠᠨ ᠬᠡᠪ ᠰᠤᠷᠲᠠᠯ ᠢ ᠪᠤᠢ ᠪᠤᠯᠭᠠᠵᠤ᠂ ᠥᠷᠭᠡᠨ ᠤᠯᠠᠨ ᠺᠠᠳ᠋ᠷ ᠢ ᠬᠦᠳᠦᠯᠦᠨ | ᠵᠢᠯᠣᠭᠤᠳᠴᠤ᠂ ︽ᠲᠤᠯᠤᠭᠠᠨ ᠵᠦᠢᠯ ᠤᠨ ᠮᠡᠳᠡᠯᠬᠡ ᠴᠢᠳᠠᠪᠤᠷᠢ︾ ᠶᠢ ᠨᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ︽ | ᠨᠠᠢᠮᠠᠨ ᠲᠦᠷᠤᠯ ᠤᠨ ᠤᠷ᠎ᠠ ᠴᠢᠳᠠᠪᠤᠷᠢ︾ ᠶᠢ ᠨᠢ ᠴᠢᠩᠭᠠᠳᠬᠠᠵᠤ᠂ ᠲᠤᠰ ᠪᠡᠶ᠎ᠡ ᠶᠢᠨ ᠬᠡᠪ ᠴᠢᠨᠠᠷ ᠪᠣᠯᠤᠨ ᠲᠤᠰᠬᠠᠢ | ᠮᠡᠷᠭᠡᠵᠢᠯ ᠤᠨ ᠬᠡᠪ ᠪᠣᠯᠪᠠᠰᠤᠷᠠᠯ ᠢᠶᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠡᠷᠴᠢ ᠵᠤᠷᠢᠭ ᠲᠡᠬᠦᠯᠳᠡᠷ᠂ | ᠲᠤᠰᠬᠠᠢ ᠮᠡᠷᠭᠡᠵᠢᠯ ᠳᠤ ᠪᠠᠨ ᠴᠠᠭᠠᠷᠠᠭᠰᠡᠨ ᠪᠣᠳᠠᠲᠠᠢ ᠠᠵᠢᠯᠯᠠᠭᠴᠢ ᠪᠤᠯᠭᠠᠨ ᠬᠦᠮᠤᠵᠢᠬᠦᠯᠵᠤ᠂ ᠠᠪᠠᠭ᠎ᠠ ᠬᠤᠰᠢᠭᠤᠨ | ᠤ ᠴᠢᠨᠠᠷ ᠰᠠᠶᠢᠲᠠᠢ ᠬᠥᠭᠵᠢᠯᠲᠡ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ᠃ | ᠲᠥᠯᠥᠭᠡᠯᠡᠭᠴᠢᠳ ᠡ᠂ ᠦᠨᠤ ᠵᠢᠯ ᠤᠨ ᠬᠠᠷᠠᠯᠳᠠ ᠡᠬᠦᠷᠬᠡ ᠨᠢᠬᠡᠨᠳᠡ ᠲᠤᠳᠤᠷᠬᠠᠢ ᠪᠤᠯᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠰᠢᠨ᠎ᠡ ᠠᠶᠠᠨ ᠡᠬᠢᠯᠡᠯ᠎ᠡ᠃ ᠪᠢᠳᠡ ᠰᠢ ᠶᠢᠨ ᠫᠢᠩ | ᠨᠥᠬᠦᠷ ᠢᠶᠠᠷ ᠭᠤᠤᠯᠯᠠᠭᠴᠢ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ | ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠷᠴᠢ ᠵᠤᠷᠢᠭ ᠢᠶᠠᠨ ᠬᠦᠪᠴᠢᠯᠡᠨ | ᠭᠠᠪᠰᠢᠭᠠᠶᠢᠯᠠᠨ ᠠᠵᠢᠯᠯᠠᠵᠤ᠂ ᠡᠭᠦᠷᠭᠡ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠬᠡᠨ᠂ ᠡᠯ᠎ᠠ ᠲᠦᠷᠤᠯ ᠤᠨ | ᠲᠦᠭᠰᠢᠬᠦᠷᠢ ᠦᠷᠢᠰᠤᠯᠳᠤᠬᠡᠨ ᠢ ᠲᠠᠰᠤᠷᠠᠯᠳᠠ ᠦᠬᠡᠢ ᠢᠯᠠᠨ ᠲᠠᠪᠠᠵᠤ᠂ ᠴᠠᠭ ᠮᠦᠴᠠ ᠲᠠᠢ ᠤᠷᠤᠯᠳᠤᠨ ᠲᠡᠮᠡᠴᠡᠵᠦ | ᠂ ᠡᠯ᠎ᠡ ᠲᠦᠷᠤᠯ ᠤᠨ ᠲᠣᠭᠲᠠᠭᠰᠠᠨ ᠬᠠᠷᠠᠯᠲᠠ ᠡᠭᠦᠷᠭᠡ ᠪᠠᠨ ᠪᠦᠬᠦ ᠬᠦᠴᠦᠨ ᠢᠶᠠᠷ ᠢᠶᠠᠨ ᠪᠡᠶᠡᠯᠡᠭᠦᠯᠤᠨ᠂ ᠠᠪᠠᠭ᠎ᠠ | ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ᠂ | ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠳᠤᠨ ᠪᠡᠯᠭᠡᠯᠡᠶ᠎ᠡ︕ |