ᠠᠪᠠᠭ᠎ᠠ ᠬᠤᠰᠢᠭᠤᠨ ᠤ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠳ ᠤᠨ ᠪᠣᠯᠪᠠᠰᠤᠷᠠᠯ ᠤᠨ ᠰᠠᠭᠤᠷᠢᠨ ᠭᠠᠵᠠᠷ ᠤᠨ ᠫᠠᠶᠢᠰᠠ ᠰᠡᠬᠦᠬᠦ ᠶᠣᠰᠣᠯᠠᠯ ᠵᠢᠴᠢ 2021 ᠣᠨ ᠤ ᠠᠩᠬᠠᠳᠤᠭᠠᠷ ᠬᠤᠭᠤᠴᠠᠭᠠᠨ ᠤ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠳ ᠤᠨ ᠪᠣᠯᠪᠠᠰᠤᠷᠠᠯ ᠤᠨ ᠠᠩᠭᠢ ᠡᠬᠢᠯᠡᠬᠦ ᠶᠣᠰᠣᠯᠠᠯ ᠳᠡᠭᠡᠷᠡᠬᠢ ᠬᠥᠲᠥᠯᠬᠦ ᠦᠭᠡ
ᠨᠡᠶᠢᠲᠡᠯᠡᠭᠰᠡᠨ ᠴᠠᠭ᠄
2021/4/28
   ᠠᠪᠠᠭ᠎ᠠ ᠬᠤᠰᠢᠭᠤᠨ ᠤ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠳ ᠤᠨ ᠪᠣᠯᠪᠠᠰᠤᠷᠠᠯ ᠤᠨ    ᠰᠠᠭᠤᠷᠢᠨ ᠭᠠᠵᠠᠷ ᠤᠨ ᠫᠠᠶᠢᠰᠠ ᠰᠡᠬᠦᠬᠦ ᠶᠣᠰᠣᠯᠠᠯ ᠵᠢᠴᠢ 2021 ᠣᠨ ᠤ ᠠᠩᠬᠠᠳᠤᠭᠠᠷ    ᠬᠤᠭᠤᠴᠠᠭᠠᠨ ᠤ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠳ ᠤᠨ    ᠪᠣᠯᠪᠠᠰᠤᠷᠠᠯ ᠤᠨ ᠠᠩᠭᠢ ᠡᠬᠢᠯᠡᠬᠦ ᠶᠣᠰᠣᠯᠠᠯ ᠳᠡᠭᠡᠷᠡᠬᠢ ᠬᠥᠲᠥᠯᠬᠦ ᠦᠭᠡ                       ᠬᠤᠰᠢᠭᠤ ᠵᠠᠰᠠᠭ ᠤᠨ ᠤᠷᠳᠤᠨ ᠤ ᠲᠡᠳ᠋ ᠲᠠᠷᠤᠭ᠎ᠠ  ᠠᠷᠢᠭᠤᠨ                           2021 ᠤᠨ ᠤ 4 ᠰᠠᠷ᠎ᠠ ᠶᠢᠨ 26᠎ ᠤ ᠡᠳᠤᠷᠬᠦᠨᠳᠦᠲᠦ ᠤᠳᠤᠷᠢᠳᠤᠯᠭ᠎ᠠ᠂ ᠡᠷᠬᠢᠮ ᠵᠣᠴᠢᠳ᠂ ᠮᠠᠯᠴᠢᠨ ᠲᠦᠮᠡᠨ ᠮᠢᠨᠢ᠄ ᠲᠠᠨᠠᠷ ᠰᠠᠶᠢᠨ ᠪᠠᠶᠢᠵᠠᠭᠠᠨᠠᠤ︖       ᠥᠨᠥᠳᠦᠷ ᠪᠢᠳᠡ ᠪᠠᠭ᠋ᠠᠳᠤᠮ᠎ᠠ ᠰᠡᠳᠬᠢᠯᠬᠡ ᠪᠠᠷ ︽ᠰᠢᠯᠢ ᠶᠢᠨ ᠭᠤᠤᠯ ᠠᠶᠢᠮᠠᠭ ᠤᠨ ᠮᠠᠯ ᠠᠵᠤ ᠠᠬᠤᠶ ᠶᠢᠨ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ ᠤᠨ ᠰᠠᠭᠤᠷᠢᠨ ᠭᠠᠵᠠᠷ ᠤᠨ ᠫᠠᠶᠢᠰᠠ ᠰᠡᠬᠦᠬᠦ ᠶᠣᠰᠣᠯᠠᠯ︾ ᠪᠠ ︽ᠠᠪᠠᠭ᠎ᠠ ᠬᠤᠰᠢᠭᠤᠨ ᠤ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠳ ᠤᠨ ᠪᠣᠯᠪᠠᠰᠤᠷᠠᠯ ᠤᠨ ᠰᠠᠭᠤᠷᠢᠨ ᠭᠠᠵᠠᠷ ᠤᠨ ᠫᠠᠶᠢᠰᠠ ᠰᠡᠬᠦᠬᠦ ᠶᠣᠰᠣᠯᠠᠯ ᠵᠢᠴᠢ 2021 ᠣᠨ ᠤ ᠠᠩᠬᠠᠳᠤᠭᠠᠷ ᠬᠤᠭᠤᠴᠠᠭᠠᠨ ᠤ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠳ ᠤᠨ ᠪᠣᠯᠪᠠᠰᠤᠷᠠᠯ ᠤᠨ ᠠᠩᠭᠢ ᠡᠬᠢᠯᠡᠬᠦ ᠶᠣᠰᠣᠯᠠᠯ︾᠎ ᠢ ᠶᠠᠪᠤᠭᠳᠠᠭᠤᠯᠵᠤ ᠪᠠᠶᠢᠨ᠎ᠠ᠃ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠳ ᠤᠨ ᠪᠤᠯᠪᠠᠰᠤᠷᠠᠯ ᠤᠨ ᠰᠠᠭᠤᠷᠢᠨ ᠭᠠᠵᠠᠷ ᠢ ︽ᠵᠠᠰᠠᠭ ᠤᠨ ᠤᠷᠳᠤᠨ ᠎ ᠠᠴᠠ ᠬᠦᠳᠤᠯᠤᠨ ᠵᠢᠯᠤᠭᠤᠳᠬᠤ᠂ ᠠᠵᠤ ᠠᠬᠤᠶᠢᠯᠡᠯ ᠠᠴᠠ ᠡᠵᠡᠩᠨᠡᠨ ᠬᠠᠮᠢᠶᠠᠷᠬᠤ︾ ᠵᠠᠷᠴᠢᠮ ᠶᠤᠰᠤᠭᠠᠷ᠂ ᠪᠠᠶᠠᠨ ᠲᠠᠩᠰᠤᠭ ᠤᠳᠤᠬᠢᠴᠢᠯᠠᠭᠰᠡᠨ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠠᠴᠠ ᠡᠵᠡᠩᠨᠡᠨ ᠬᠠᠮᠢᠶᠠᠷᠴᠤ᠂ ᠭᠤᠣᠯᠳᠠᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠬᠦᠯᠬᠦ᠂ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ᠂ ᠠᠷᠠᠴᠢᠯᠠᠵᠤ ᠲᠡᠵᠢᠭᠡᠬᠦ ᠬᠠᠮᠢᠶᠠᠷᠤᠯᠲᠠ ᠶᠢᠨ ᠮᠡᠷᠭᠡᠵᠢᠯ᠂ ᠮᠠᠯ ᠤᠨ ᠡᠭᠦᠯᠳᠡᠷ ᠢ ᠰᠠᠶᠢᠵᠢᠷᠠᠭᠤᠯᠬᠤ᠂ ᠮᠠᠯ ᠠᠵᠤ ᠠᠬᠤᠢ ᠶᠢᠨ ᠮᠠᠰᠢᠨ ᠮᠧᠬᠠᠨᠢᠭ ᠤᠨ ᠬᠡᠷᠡᠭᠯᠡᠭᠡᠨ ᠤ ᠮᠡᠷᠭᠡᠵᠢᠯ ᠢ ᠳᠡᠯᠭᠡᠷᠡᠭᠦᠯᠬᠦ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠲᠠᠯ᠎ᠠ ᠶᠢᠨ ᠡᠯ᠎ᠡ ᠲᠦᠷᠦᠯ ᠤᠨ ᠪᠣᠯᠪᠠᠰᠤᠷᠠᠯ ᠢ ᠦᠷᠨᠢᠬᠦᠯᠵᠤ᠂ ᠪᠣᠯᠪᠠᠰᠤᠷᠠᠯ ᠳᠤ ᠣᠷᠣᠯᠴᠠᠭᠰᠠᠨ ᠮᠠᠯᠴᠢᠳ ᠤᠨ ᠲᠡᠵᠢᠭᠡᠨ ᠦᠷᠡᠵᠢᠭᠦᠯᠬᠦ ᠨᠠᠷᠢᠯᠢᠭᠵᠢᠭᠤᠯᠤᠭᠰᠡᠨ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠵᠦ᠂ ᠨᠠᠩ ᠣᠯᠠᠨ ︽ᠮᠠᠯ ᠠᠵᠤ ᠠᠬᠤᠶ ᠳᠤ ᠳᠤᠷᠠᠲᠠᠶ᠂ ᠮᠡᠷᠭᠡᠵᠢᠯ ᠎ ᠳᠤ ᠪᠠᠨ ᠴᠠᠭᠠᠷᠠᠭᠰᠡᠨ᠂ ᠡᠵᠡᠩᠨᠡᠬᠦ ᠳᠡᠭᠡᠨ ᠴᠢᠳᠠᠮᠠᠭᠠᠶ︾ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠳ ᠢ ᠬᠦᠮᠤᠵᠢᠬᠦᠯᠵᠤ᠂ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠰᠠᠶᠢᠳᠤᠷ ᠬᠡᠷᠡᠭᠵᠢᠭᠦᠯᠵᠦ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠪᠤᠯᠬᠤ ᠨᠢ ᠭᠠᠷᠴᠠᠭ᠎ᠠ ᠦᠬᠡᠢ᠃       ᠥᠨᠥᠳᠦᠷ ᠤᠨ ᠶᠣᠰᠣᠯᠠᠯ ᠳᠤ ᠤᠷᠤᠯᠴᠠᠭᠰᠡᠨ ᠤᠳᠤᠷᠢᠳᠤᠯᠭ᠎ᠠ ᠳᠤ᠄ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠬᠠᠰᠪᠠᠶᠠᠷ ᠨᠦᠬᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠢᠦᠢ ᠬᠠᠢ ᠴᠸᠡᠭ ᠨᠦᠬᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠯᠤᠳᠪᠠᠭᠠᠳᠤᠷ ᠨᠦᠬᠦᠷ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠡᠳ᠋ ᠳᠠᠷᠤᠭ᠎ᠠ  ᠤᠶᠤᠡᠴᠢᠮᠡᠭ ᠨᠦᠬᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠳ᠋ᠧ ᠨᠦᠬᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠠᠯᠮᠠᠰ ᠨᠦᠬᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠭᠧ ᠶᠦᠡᠭ ᠵᠢᠶᠦ᠋ᠨ ᠨᠦᠬᠦᠷ᠂ ᠠᠶᠢᠮᠠᠭ ᠤᠨ ᠮᠠᠯ ᠠᠵᠤ ᠠᠬᠤᠶ ᠶᠢᠨ ᠠᠵᠢᠯ ᠤᠨ ᠥᠷᠲᠡᠭᠡ ᠶᠢᠨ ᠮᠡᠷᠭᠡᠵᠢᠯ ᠳᠡᠯᠭᠡᠷᠡᠭᠦᠯᠬᠦ ᠰᠤᠳᠤᠯᠤᠭᠴᠢ᠂ ᠥᠷᠲᠡᠭᠡᠨ ᠳᠠᠷᠤᠭ᠎ᠠ ᠰᠠᠴᠡᠡᠪᠠᠭᠠᠳᠤᠷ ᠨᠦᠬᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠤᠷᠤᠬᠦᠦ ᠨᠦᠬᠦᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ  ᠰᠢᠶᠤᠤ ᠴᠦᠨ ᠨᠦᠬᠦᠷ᠂ ᠬᠤᠰᠢᠭᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠰᠬᠠᠶ ᠮᠡᠷᠭᠡᠵᠢᠯᠲᠡᠨ ᠤ ᠵᠥᠪᠯᠡᠭᠴᠢ ᠶᠢᠨ ᠪᠦᠯᠬᠦᠮ ᠤᠨ ᠳᠠᠷᠤᠭ᠎ᠠ  ᠰᠠᠴᠡᠡᠮᠦ᠋ᠩᠬᠡ ᠨᠦᠬᠦᠷ ᠪᠠ ᠮᠠᠯᠴᠢᠳ ᠤᠨ ᠪᠣᠯᠪᠠᠰᠤᠷᠠᠯ ᠤᠨ ᠲᠥᠪ ᠤᠨ ᠬᠠᠷᠢᠭᠤᠴᠠᠯᠭᠠᠲᠠᠨ ᠬᠦᠭᠵᠢᠯᠳᠤ ᠨᠦᠬᠦᠷ᠃      ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠰᠤᠮᠤ ᠪᠠᠯᠭᠠᠰᠤᠨ ᠤ ᠳᠠᠷᠤᠭ᠎ᠠ᠂ ᠮᠠᠯ ᠠᠵᠤ ᠠᠬᠤᠶ ᠶᠢᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠰᠤᠮᠤ ᠪᠠᠯᠭᠠᠰᠤᠨ ᠤ ᠲᠡᠳ᠋ ᠳᠠᠷᠤᠭ᠎ᠠ︔ ᠬᠤᠰᠢᠭᠤ ᠮᠠᠯᠵᠢᠬᠤ ᠣᠷᠣᠨ ᠤ ᠤᠳᠤᠬᠢᠴᠢᠯᠠᠯᠳᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ︔ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠵᠢᠴᠢ ᠮᠠᠯᠴᠢᠨ ᠲᠦᠮᠡᠨ᠃      ᠠᠪᠠᠭ᠎ᠠ ᠬᠤᠰᠢᠭᠤᠨ ᠤ ᠪᠠᠶᠠᠨ ᠲᠠᠩᠰᠤᠭ ᠤᠳᠤᠬᠢᠴᠢᠯᠠᠭᠰᠡᠨ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠶᠡᠭᠡ ᠰᠠᠶᠢᠨ ᠮᠠᠯ ᠠᠵᠤ ᠠᠬᠤᠶ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ᠂ ᠠᠪᠠᠭ᠎ᠠ ᠬᠤᠰᠢᠭᠤᠨ ᠤ ᠹᠸᠢ ᠱᠧᠩ ᠦᠬᠡᠷ ᠬᠤᠨᠢ ᠪᠣᠷᠳᠣᠨ ᠲᠠᠷᠭᠤᠯᠠᠭᠤᠯᠬᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠢᠨ ᠬᠤᠤ ᠡᠪᠡᠰᠦᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠬᠤᠩᠭᠤᠷᠭᠤᠤᠯ ᠪᠠᠯᠭᠠᠰᠤᠨ ᠤ ᠮᠢᠬᠠᠨ ᠤ ᠦᠬᠡᠷ ᠲᠡᠵᠢᠭᠡᠨ ᠦᠷᠡᠵᠢᠭᠦᠯᠵᠦ ᠲᠠᠷᠭᠤᠯᠠᠭᠤᠯᠬᠤ ᠠᠵᠤ ᠦᠢᠯᠡᠰᠵᠢᠯᠳᠠ ᠶᠢᠨ ᠵᠢᠱᠢᠶ᠎ᠠ ᠦᠵᠡᠭᠦᠯᠬᠦ ᠰᠠᠭᠤᠷᠢᠨ ᠭᠠᠵᠠᠷ᠂ ᠴᠠᠭᠠᠨᠨᠠᠭᠤᠷ ᠪᠠᠯᠭᠠᠰᠤᠨ ᠤ ᠶᠤᠸᠠᠨ ᠱᠠᠩ ᠦᠬᠡᠷ ᠤᠨ ᠦᠢᠯᠡᠰ ᠤᠨ ᠬᠢᠵᠠᠭᠠᠷᠲᠤ ᠺᠣᠮᠫᠠᠨᠢ᠂ ᠪᠠᠶᠠᠨᠳᠤᠭ ᠰᠤᠮᠤ ᠶᠢᠨ ᠷᠦᠨ ᠨᠢᠤ ᠦᠬᠡᠷ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠢᠴᠢ ᠤᠷᠢᠯᠭ᠎ᠠ ᠪᠠᠷ ᠦᠵᠡᠬᠦᠯᠤᠯᠬᠡ ᠳᠤ ᠣᠷᠣᠯᠴᠠᠭᠰᠠᠨ ᠬᠤᠯᠠᠨ ᠰᠢᠷᠭ᠎ᠠ ᠲᠠᠭ᠎ᠠ ᠶᠢᠨ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠣᠳᠣᠬᠢᠴᠢᠯᠠᠭᠰᠠᠨ ᠮᠠᠯ ᠠᠵᠤ ᠠᠬᠤᠢ ᠶᠢᠨ ᠮᠠᠰᠢᠨ ᠮᠧᠬᠠᠨᠢᠭ ᠤᠨ ᠲᠥᠬᠦᠭᠡᠷᠦᠮᠵᠢ ᠦᠢᠯᠡᠳᠪᠦᠷᠢᠯᠡᠨ ᠪᠣᠷᠣᠯᠠᠭᠤᠯᠬᠤ ᠺᠣᠮᠫᠠᠨᠢ ᠶᠢᠨ ᠠᠵᠤ ᠠᠬᠤᠶᠢᠯᠠᠯ ᠤᠨ ᠲᠥᠯᠥᠭᠡᠯᠡᠭᠴᠢ  ᠃ᠶᠣᠰᠣᠯᠠᠯ ᠲᠦᠷᠪᠡᠨ ᠠᠭᠤᠯᠭ᠎ᠠ ᠪᠠᠷ ᠶᠠᠪᠤᠭᠳᠠᠨ᠎ᠠ᠃      ᠨᠢᠬᠡᠳᠤᠬᠡᠷ ᠲᠤ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠡᠳ᠋ ᠳᠠᠷᠤᠭ᠎ᠠ ᠤᠶᠤᠡᠴᠢᠮᠡᠭ ᠪᠠᠶᠠᠷ ᠤᠨ ᠦᠬᠡ ᠶᠠᠷᠢᠨ᠎ᠠ᠃      ᠬᠤᠶᠠᠳᠤᠭᠠᠷ ᠲᠤ᠄ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠢᠦᠶ ᠬᠠᠶ ᠴᠧᠩ ᠨᠥᠬᠦᠷ ᠪᠠᠶᠠᠷ ᠤᠨ ᠦᠭᠡ ᠶᠠᠷᠢᠨ᠎ᠠ᠃ ᠭᠤᠷᠪᠠᠳᠤᠭᠠᠷ ᠳᠤ᠄  ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠬᠠᠰᠪᠠᠶᠠᠷ ᠨᠥᠬᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠢᠦᠶ ᠬᠠᠶ ᠴᠧᠩ ᠨᠦᠬᠦᠷ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠡᠳ᠋ ᠳᠠᠷᠤᠭ᠎ᠠ ᠤᠶᠤᠡᠴᠢᠮᠡᠭ ᠨᠦᠬᠦᠷ᠂ ᠮᠠᠯᠴᠢᠳ ᠤᠨ ᠪᠤᠯᠪᠠᠰᠤᠷᠠᠯ ᠤᠨ ᠲᠦᠪ ᠤᠨ ᠬᠠᠷᠢᠭᠤᠴᠠᠯᠭᠠᠳᠠᠨ ᠬᠦᠭᠵᠢᠯᠳᠤ ᠨᠥᠬᠦᠷ ᠠᠴᠠ ᠫᠠᠶᠢᠰᠠ ᠰᠡᠬᠦᠨ᠎ᠠ᠃     ᠤᠳᠤ᠂ ᠬᠠᠮᠳᠤᠪᠠᠷ ᠢᠶᠠᠨ ᠮᠠᠯᠴᠢᠳ ᠤᠨ ᠪᠣᠯᠪᠠᠰᠤᠷᠠᠯ ᠤᠨ ᠰᠠᠭᠤᠷᠢᠨ ᠭᠠᠵᠠᠷ᠂ ᠪᠠᠶᠠᠨ ᠲᠠᠩᠰᠤᠭ ᠮᠢᠬᠠᠨ ᠤ ᠦᠬᠡᠷ ᠪᠣᠷᠳᠣᠵᠤ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠰᠠᠭᠤᠷᠢ ᠲᠤᠨᠤᠭ ᠲᠥᠬᠦᠭᠡᠷᠦᠮᠵᠢ ︵ᠬᠥᠭᠵᠢᠯᠲᠦ ᠲᠠᠶᠢᠯᠤᠮᠵᠢ ᠶᠢ ᠬᠠᠷᠢᠭᠤᠴᠠᠨ᠎ᠠ︶ ᠵᠢᠴᠢ ᠤᠳᠤᠬᠢᠴᠢᠯᠠᠭᠰᠡᠨ ᠮᠠᠯ ᠠᠵᠤ ᠠᠬᠤᠶ ᠶᠢᠨ ᠮᠠᠰᠢᠨ ᠮᠧᠬᠠᠨᠢᠭ᠂ ᠮᠠᠯ ᠠᠵᠤ ᠠᠬᠤᠢ ᠶᠢᠨ ᠬᠠᠭᠤᠴᠢᠨ ᠮᠠᠰᠢᠨ ᠮᠧᠬᠠᠨᠢᠭ ᠤᠨ ᠲᠡᠯᠬᠡᠨ ᠦᠵᠡᠭᠦᠯᠦᠯᠭᠡ ︵ᠦᠵᠡᠬᠦᠯᠤᠯᠬᠡ ᠳᠤ ᠣᠷᠣᠯᠴᠠᠭᠰᠠᠨ ᠬᠠᠮᠢᠶ᠎ᠠ ᠪᠥᠬᠦᠶ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠲᠠᠨᠢᠯᠴᠠᠭᠤᠯᠤᠨ᠎ᠠ︶᠎ ᠶᠢ ᠲᠣᠭᠤᠷᠢᠨ ᠦᠵᠡᠨ᠎ᠠ᠃
 
ᠢᠷᠡᠯᠲᠡ᠄ ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号