ᠨᠠᠮ ᠤᠨ ᠳᠡᠤᠭᠡ ᠰᠤᠷᠤᠯᠴᠠᠬᠤ ᠳᠤ ᠶᠠᠭᠤ ᠰᠤᠷᠬᠤ ᠪᠢᠯᠡ︖
ᠨᠡᠶᠢᠲᠡᠯᠡᠭᠰᠡᠨ ᠴᠠᠭ᠄
2021/4/30
   ᠨᠠᠮ ᠤᠨ ᠲᠡᠤᠭᠡ ᠶᠢᠨ ᠰᠤᠷᠤᠯᠴᠠᠯᠭ᠎ᠠ ᠬᠦᠮᠦᠵᠢᠯ ᠳᠤ ᠭᠡᠷᠡᠭᠯᠡᠬᠦ ᠨᠤᠮ ᠬᠡᠪᠯᠡᠯ ᠤᠨ ᠰᠠᠭᠤᠳᠠᠯ ᠤᠨ ᠬᠤᠷᠠᠯ ᠵᠢᠴᠢ ᠳᠤᠰᠬᠠᠢ ᠰᠡᠳᠦᠪᠳᠦ ᠤᠬᠠᠭᠤᠯᠭ᠎ᠠ ᠶᠠᠷᠢᠯᠴᠠᠭᠠᠨ ᠤ ᠲᠠᠶᠢᠴᠢᠯᠠᠯᠳᠠ ᠶᠢᠨ ᠬᠤᠷᠠᠯ 15᠎ ᠤ ᠡᠳᠦᠷ ᠪᠡᠭᠡᠵᠢᠩ ᠳᠤ ᠬᠤᠷᠠᠯᠳᠤᠵᠦ᠂ ᠳᠦᠷᠪᠡᠨ ᠳᠡᠪᠳᠡᠷ ᠨᠤᠮ ᠤᠯᠠᠨ ᠲᠠᠢ ᠵᠤᠯᠭᠠᠯ᠎ᠠ᠄    · ᠰᠢ ᠶᠢᠨ ᠫᠢᠩ ᠤᠨ ︽ᠳᠤᠮᠳᠠᠳᠤ ᠤᠯᠤᠰ ᠤᠨ ᠡᠪ ᠬᠠᠮᠳᠤ ᠨᠠᠮ ᠤᠨ ᠳᠡᠤᠭᠡ ᠶᠢ ᠦᠬᠦᠯᠡᠬᠦ ᠨᠢ︾    · ︽ᠮᠠᠤ ᠽᠧ ᠳ᠋ᠦᠩ᠂ ᠳ᠋ᠧᠩ ᠰᠢᠶᠤᠤ ᠫᠢᠩ᠂ ᠵᠢᠶᠠᠩ ᠽᠧ ᠮᠢᠨ᠂ ᠬᠤ᠋ ᠶᠢᠨ ᠲᠤᠤ ᠶᠢᠨ ᠳᠤᠮᠳᠠᠳᠤ ᠤᠯᠤᠰ ᠤᠨ ᠡᠪ ᠬᠠᠮᠳᠤ ᠨᠠᠮ ᠤᠨ ᠳᠡᠤᠭᠡ ᠶᠢᠨ ᠳᠤᠬᠠᠢ ᠦᠬᠦᠯᠡᠯᠳᠠ ᠶᠢᠨ ᠰᠤᠩᠭᠤᠮᠠᠯ︾    · ︽ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠠᠰᠠᠭᠤᠯᠳᠠ ᠬᠠᠷᠢᠭᠤᠯᠳᠠ︾    · ︽ᠳᠤᠮᠳᠠᠳᠤ ᠤᠯᠤᠰ ᠤᠨ ᠡᠪ ᠬᠠᠮᠳᠤ ᠨᠠᠮ ᠤᠨ ᠳᠤᠪᠴᠢ ᠳᠡᠤᠭᠡ︾    ᠲᠡᠭᠡᠪᠡᠯ ᠨᠠᠮ ᠤᠨ ᠲᠡᠤᠭᠡ ᠶᠢᠨ ᠰᠤᠷᠤᠯᠴᠠᠯᠭ᠎ᠠ ᠬᠦᠮᠦᠵᠢᠯ ᠳᠤ ᠶᠠᠭᠠᠬᠢᠭᠠᠳ ᠡᠨᠡ ᠳᠦᠷᠪᠡᠨ ᠨᠤᠮ ᠢ ᠰᠤᠩᠭᠤᠭᠰᠠᠨ ᠪᠤᠢ︖ ᠪᠢᠳᠡ ᠬᠠᠮᠳᠤ ᠪᠠᠷ ᠡᠳᠡᠭᠡᠷ ᠨᠤᠮ ᠤᠨ ᠠᠭᠤᠯᠭ᠎ᠠ ᠲᠠᠢ ᠲᠠᠨᠢᠯᠴᠠᠶ᠎ᠠ᠃    · ᠰᠢ ᠶᠢᠨ ᠫᠢᠩ ᠤᠨ ︽ᠳᠤᠮᠳᠠᠳᠤ ᠤᠯᠤᠰ ᠤᠨ ᠡᠪ ᠬᠠᠮᠳᠤ ᠨᠠᠮ ᠤᠨ ᠳᠡᠤᠭᠡ ᠶᠢ ᠦᠬᠦᠯᠡᠬᠦ ᠨᠢ︾
   ᠲᠤᠰ ᠨᠤᠮ ᠳᠤ ᠰᠢ ᠶᠢᠨ ᠫᠢᠩ ᠨᠦᠬᠦᠷ ᠤᠨ 2012 ᠤᠨ ᠤ 11 ᠰᠠᠷ᠎ᠠ ᠶᠢᠨ 29᠎ ᠤ ᠡᠳᠦᠷ ᠠᠴᠠ 2020 ᠤᠨ ᠤ 11 ᠰᠠᠷ᠎ᠠ ᠶᠢᠨ 24᠎ ᠤ ᠡᠳᠦᠷ ᠬᠦᠷᠳᠡᠯᠡᠬᠢ ᠬᠤᠭᠤᠴᠠᠭᠠᠨ ᠳᠠᠬᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠳᠡᠤᠭᠡ ᠶᠢᠨ ᠳᠤᠬᠠᠢ 40 ᠴᠢᠬᠤᠯᠡ ᠡᠬᠡ ᠪᠢᠴᠢᠭ ᠢ ᠰᠤᠩᠭᠤᠨ ᠤᠷᠤᠭᠤᠯᠵᠦ᠂ ᠡᠬᠦᠨ ᠳᠤ 16 ᠡᠬᠡ ᠪᠢᠴᠢᠭ ᠢ ᠨᠢ ᠠᠩᠬ᠎ᠠ ᠤᠳᠠᠭ᠎ᠠ ᠢᠯᠡ ᠪᠠᠷ ᠨᠡᠶᠢᠳᠡᠯᠡᠵᠦ ᠪᠠᠶᠢᠨ᠎ᠠ᠃    · ︽ᠮᠠᠤ ᠽᠧ ᠳ᠋ᠦᠩ᠂ ᠳ᠋ᠧᠩ ᠰᠢᠶᠤᠤ ᠫᠢᠩ᠂ ᠵᠢᠶᠠᠩ ᠽᠧ ᠮᠢᠨ᠂ ᠬᠤ᠋ ᠶᠢᠨ ᠲᠤᠤ ᠶᠢᠨ ᠳᠤᠮᠳᠠᠳᠤ ᠤᠯᠤᠰ ᠤᠨ ᠡᠪ ᠬᠠᠮᠳᠤ ᠨᠠᠮ ᠤᠨ ᠳᠡᠤᠭᠡ ᠶᠢᠨ ᠳᠤᠬᠠᠢ ᠦᠬᠦᠯᠡᠯᠳᠡ ᠶᠢᠨ ᠰᠤᠩᠭᠤᠮᠠᠯ︾
    ᠲᠤᠰ ᠨᠤᠮ ᠳᠤ ᠮᠠᠤ ᠽᠧ ᠳ᠋ᠦᠩ ᠨᠦᠬᠦᠷ᠂ ᠳ᠋ᠧᠩ ᠰᠢᠶᠤᠤ ᠫᠢᠩ ᠨᠦᠬᠦᠷ᠂ ᠵᠢᠶᠠᠩ ᠽᠧ ᠮᠢᠨ ᠨᠦᠬᠦᠷ᠂ ᠬᠤ᠋ ᠶᠢᠨ ᠲᠤᠤ ᠨᠦᠬᠦᠷ ᠤᠨ ᠳᠤᠮᠳᠠᠳᠤ ᠤᠯᠤᠰ ᠤᠨ ᠬᠤᠪᠢᠰᠬᠠᠯ᠂ ᠪᠦᠳᠦᠬᠡᠨ ᠪᠠᠶᠢᠭᠤᠯᠤᠯᠳᠠ᠂ ᠦᠬᠡᠷᠡᠴᠢᠯᠡᠯᠳᠡ ᠶᠢ ᠤᠳᠤᠷᠢᠳᠴᠤ ᠪᠠᠶᠢᠭᠰᠠᠨ ᠬᠤᠭᠤᠴᠠᠭᠠᠨ ᠳᠠᠬᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠳᠡᠤᠭᠡ ᠶᠢᠨ ᠲᠤᠭᠤᠷᠢᠨ ᠳᠤ ᠳᠠᠯᠪᠢᠭᠰᠠᠨ ᠶᠠᠷᠢᠶ᠎ᠠ᠂ ᠮᠡᠳᠡᠬᠦᠯᠦᠯᠳᠡ᠂ ᠶᠠᠷᠢᠯᠴᠠᠭ᠎ᠠ᠂ ᠴᠤᠬᠤᠯᠠᠪᠤᠷᠢ ᠪᠠ ᠨᠤᠮ ᠵᠠᠬᠢᠳᠠᠯ ᠵᠡᠷᠭᠡ ᠴᠢᠬᠤᠯᠠ ᠰᠤᠷᠪᠤᠯᠵᠢ ᠪᠢᠴᠢᠭ ᠢ ᠰᠤᠩᠭᠤᠵᠦ᠂ ᠨᠡᠶᠢᠳᠡ 141 ᠪᠠᠳᠠᠭ ᠦᠬᠦᠯᠡᠯᠳᠠ᠂ 9.8 ᠲᠦᠮᠡᠨ ᠦᠰᠦᠭ ᠲᠠᠢ᠃     · ︽ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠠᠰᠠᠭᠤᠯᠳᠠ ᠬᠠᠷᠢᠭᠤᠯᠳᠠ︾
    ᠲᠤᠰ ᠨᠤᠮ ᠨᠢ ᠨᠠᠮ ᠤᠨ ᠰᠢᠨ᠎ᠠ ᠶᠢ ᠡᠬᠦᠳᠬᠦ ᠤᠨᠤᠯ ᠢ ᠺᠠᠳ᠋ᠷ ᠤᠯᠠᠨ ᠲᠦᠮᠡᠨ ᠤ ᠬᠠᠯᠠᠮᠵᠢᠯᠠᠵᠦ ᠪᠠᠶᠢᠭ᠎ᠠ 100 ᠠᠰᠠᠭᠤᠯᠳᠠ ᠪᠤᠯᠭᠠᠨ ᠵᠠᠳᠠᠯᠵᠦ᠂ ᠤᠨᠤᠯ ᠢ ᠠᠮᠢᠳᠤᠯᠢᠭ ᠦᠢᠯᠡᠳᠦᠯᠬᠡ ᠳᠤ ᠠᠭᠤᠰᠬᠠᠵᠦ᠂ ᠶᠤᠰᠤ ᠤᠴᠢᠷ ᠢ ᠳᠡᠤᠭᠡ ᠶᠢᠨ ᠳᠤᠷᠰᠢᠯᠭ᠎ᠠ ᠳᠤ ᠠᠭᠤᠰᠬᠠᠵᠦ᠂ ᠴᠦᠬᠡᠨ ᠪᠤᠰᠤ ᠪᠦᠯᠦᠭ ᠤᠨ ᠠᠭᠤᠯᠭ᠎ᠠ ᠶᠢ ᠳᠡᠤᠭᠡ ᠶᠢᠨ ᠦᠯᠢᠬᠡᠷ ᠢᠶᠠᠷ ᠡᠰᠢᠯᠡᠬᠦ ᠪᠤᠶᠤ ᠳᠡᠤᠭᠡ ᠶᠢᠨ ᠭᠡᠷᠡᠭ ᠤᠴᠢᠷ ᠢᠶᠠᠷ ᠪᠠᠳᠤᠯᠠᠵᠦ᠂ ᠴᠡᠭ ᠠᠴᠠ ᠬᠠᠪᠳᠠᠭᠠᠢ ᠳᠤ ᠬᠦᠷᠴᠤ᠂ ᠬᠦᠨᠵᠡᠬᠡᠢ ᠠᠳᠠᠯ᠎ᠠ ᠤᠢᠢᠯᠠᠭᠠᠮᠵᠢᠳᠠᠢ᠂ ᠮᠠᠰᠢ ᠴᠢᠩᠭ᠎ᠠ ᠤᠯᠤᠰ ᠳᠦᠷᠦᠴᠢ ᠴᠢᠨᠠᠷ᠂ ᠦᠵᠡᠯ ᠰᠠᠨᠠᠭᠠᠳᠤ ᠴᠢᠨᠠᠷ ᠪᠠ ᠤᠩᠰᠢᠪᠤᠷᠢᠳᠦ ᠴᠢᠨᠠᠷ ᠲᠠᠢ ᠶᠤᠮ᠃     · ︽ᠳᠤᠮᠳᠠᠳᠤ ᠤᠯᠤᠰ ᠤᠨ ᠡᠪ ᠬᠠᠮᠳᠤ ᠨᠠᠮ ᠤᠨ ᠳᠤᠪᠴᠢ ᠳᠡᠤᠭᠡ︾
    ᠲᠤᠰ ᠨᠤᠮ ᠨᠢ ᠨᠡᠶᠢᠳᠡ 10 ᠪᠦᠯᠦᠭ᠂ 70 ᠭᠡᠰᠡᠭ ᠲᠠᠢ ᠪᠠᠶᠢᠵᠦ᠂ ᠵᠠᠭᠤᠨ ᠵᠢᠯ ᠤᠨ ᠳᠤᠷᠰᠢᠬᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠠᠳ ᠳᠦᠮᠡᠨ ᠢ ᠪᠦᠯᠬᠦᠮᠳᠡᠬᠦᠯᠦᠨ ᠤᠳᠤᠷᠢᠳᠴᠤ ᠬᠤᠪᠢᠰᠬᠠᠯ ᠬᠢᠭᠰᠡᠨ᠂ ᠪᠦᠳᠦᠬᠡᠨ ᠪᠠᠶᠢᠭᠤᠯᠤᠯᠳᠠ ᠪᠠ ᠦᠬᠡᠷᠡᠴᠢᠯᠡᠯᠳᠡ ᠬᠢᠭᠰᠡᠨ ᠭᠡᠷᠡᠯ ᠰᠠᠴᠤᠷᠠᠩᠭᠤᠢ ᠳᠡᠤᠭᠡ ᠶᠢᠨ ᠠᠶᠠᠨ ᠢ ᠳᠡᠮᠳᠡᠭᠯᠡᠵᠦ᠂ ᠨᠠᠮ ᠪᠠ ᠤᠯᠤᠰ ᠤᠨ ᠠᠵᠢᠯ ᠦᠢᠯᠡᠰ ᠳᠠᠰᠤᠷᠠᠯᠳᠠ ᠦᠬᠡᠢ ᠢᠯᠡᠯᠳᠡ ᠠᠴᠠ ᠪᠠᠨ ᠢᠯᠡᠯᠳᠡ ᠳᠤ ᠬᠦᠷᠦᠭᠰᠡᠨ ᠨᠠᠨᠳᠢᠨ ᠳᠤᠷᠰᠢᠯᠭ᠎ᠠ ᠶᠢ ᠰᠢᠰᠲ᠋ᠧᠮ ᠲᠠᠢ ᠳ᠋ᠦᠩᠨᠡᠵᠦ᠂ ᠨᠠᠮ ᠤᠨ ᠡᠯ᠎ᠠ ᠳᠡᠤᠭᠡᠨ ᠴᠠᠭ ᠦᠶ᠎ᠠ ᠳᠠᠬᠢ ᠳᠠᠪᠳᠠᠭᠳᠠᠨ ᠪᠤᠯᠪᠠᠰᠤᠷᠠᠭᠰᠠᠨ ᠠᠭᠤᠤ ᠶᠡᠭᠡ ᠦᠵᠡᠯ ᠰᠠᠨᠠᠭ᠎ᠠ ᠶᠢ ᠳᠦᠪᠯᠡᠷᠡᠩᠬᠦᠢ ᠢᠯᠡᠷᠡᠬᠦᠯᠦᠭᠰᠡᠨ ᠪᠠᠶᠢᠨ᠎ᠠ᠃     ᠲᠡᠤᠭᠡ ᠪᠠᠨ ᠮᠡᠳᠡᠪᠡᠯ ᠰᠠᠶ᠋ᠢ ᠨᠡᠩ ᠠᠯᠤᠰ ᠢ ᠪᠠᠷᠠᠭᠠᠯᠠᠵᠦ ᠴᠢᠳᠠᠨ᠎ᠠ᠃     ᠳᠡᠤᠭᠡ ᠪᠠᠨ ᠤᠢᠢᠯᠠᠭᠠᠪᠠᠯ ᠰᠠᠶ᠋ᠢ ᠨᠡᠩ ᠬᠤᠯᠠ ᠠᠶᠠᠯᠠᠵᠦ ᠴᠢᠳᠠᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号