︽ᠳᠤᠮᠳᠠᠳᠤ ᠤᠯᠤᠰ ᠤᠨ ᠡᠪ ᠬᠠᠮᠲᠤ ᠨᠠᠮ︾ ᠭᠡᠬᠦ ᠨᠡᠷᠡᠶᠢᠳᠦᠯ ᠤᠨ ᠢᠷᠡᠯᠳᠡ
ᠨᠡᠶᠢᠲᠡᠯᠡᠭᠰᠡᠨ ᠴᠠᠭ᠄
2021/4/30
    ᠤᠯᠠᠨ ᠤ ᠮᠡᠳᠡᠭᠡᠵᠢ ᠪᠠᠷ᠂ ᠮᠠᠷᠺᠰ ᠤᠨ ᠦᠵᠡᠯ ᠤᠨ ᠲᠦᠷᠦ ᠶᠢᠨ ᠨᠠᠮ ᠨᠢ ᠠᠳᠠᠯᠢ ᠪᠤᠰᠤ ᠤᠯᠤᠰ ᠪᠠ ᠠᠳᠠᠯᠢ ᠪᠤᠰᠤ ᠲᠡᠦᠬᠡᠨ ᠴᠠᠭ ᠦᠶ᠎ᠡ ᠳᠤ ᠠᠳᠠᠯᠢ ᠪᠤᠰᠤ ᠨᠡᠷᠡᠶᠢᠳᠦᠯ ᠲᠠᠢ ᠪᠠᠶᠢᠳᠠᠭ᠃ ᠲᠡᠭᠡᠪᠡᠯ ︽ᠳᠤᠮᠳᠠᠳᠤ ᠤᠯᠤᠰ ᠤᠨ ᠡᠪ ᠬᠠᠮᠲᠤ ᠨᠠᠮ︾ ᠭᠡᠳᠡᠭ ᠨᠡᠷ᠎ᠡ ᠬᠠᠮᠢᠭ᠎ᠠ ᠠᠴᠠ ᠢᠷᠡᠯ ᠲᠠᠢ ᠪᠤᠢ︖ ᠠᠷᠤ ᠳᠤ ᠨᠢ ᠪᠠᠰᠠ ᠶᠠᠮᠠᠷ ᠦᠯᠢᠭᠡᠷ ᠪᠠᠶᠢᠬᠤ ᠪᠤᠢ︖ ᠡᠭᠦᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠬᠤᠯᠠ ᠡᠭᠦᠰᠭᠡᠨ ᠪᠠᠶᠢᠭᠤᠯᠤᠭᠴᠢ ᠶᠢᠨ ᠨᠢᠭᠡ ᠪᠣᠯᠬᠤ ᠼᠠᠢ ᠾᠧ ᠰᠧᠨ ᠢ ᠳᠤᠷᠠᠳᠬᠤ ᠴᠢᠬᠤᠯᠠᠲᠠᠢ᠃     1920 ᠣᠨ ᠳᠤ᠂ ᠹᠷᠠᠨᠼᠢ ᠳᠤ ᠠᠵᠢᠯᠴᠢ ᠠᠷᠪᠢᠴᠢ ᠪᠠᠷ ᠰᠤᠷᠤᠯᠴᠠᠵᠤ ᠪᠠᠶᠢᠭᠰᠠᠨ ᠼᠠᠢ ᠾᠧ ᠰᠧᠨ ᠮᠠᠤ ᠽᠧ ᠳ᠋ᠦᠩ ᠳᠤ ᠪᠢᠴᠢᠭᠰᠡᠨ ᠬᠤᠶᠠᠷ ᠵᠠᠬᠢᠳᠠᠯ ᠳᠠᠭᠠᠨ ︽ᠳᠤᠮᠳᠠᠳᠤ ᠤᠯᠤᠰ ᠤᠨ ᠡᠪ ᠬᠠᠮᠲᠤ ᠨᠠᠮ︾ ᠭᠡᠬᠦ ᠨᠡᠷ᠎ᠡ ᠶᠢ ᠬᠠᠮᠤᠭ ᠡᠷᠲᠡ ᠳᠤᠷᠠᠳᠤᠭᠰᠠᠨ ᠪᠥᠭᠡᠳ ︽ᠢᠯᠡ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠢ ᠵᠢᠩᠬᠢᠨᠢ ᠪᠠᠷ ᠪᠠᠶᠢᠭᠤᠯᠬᠤ︾᠎ ᠶᠢ ᠵᠣᠷᠢᠪᠠ᠃ ᠮᠦᠨ ᠲᠡᠷᠡ ᠦᠶᠡᠰ ᠢᠶᠠᠷ᠂ ᠴᠧᠨ ᠳ᠋ᠦ᠋ ᠰᠢᠤ ᠱᠠᠩᠬᠠᠶ ᠳᠤ᠂ ᠯᠢ ᠳ᠋ᠡ ᠵᠤᠤ᠂ ᠵᠠᠩ ᠱᠧᠨ ᠹᠦ᠋ ᠪᠡᠭᠡᠵᠢᠩ ᠳᠤ ᠪᠠᠰᠠ ᠵᠠᠬᠢᠳᠠᠯ ᠢᠶᠠᠷ ᠨᠠᠮ ᠤᠨ ᠨᠡᠷᠡᠶᠢᠳᠦᠯ ᠤᠨ ᠠᠰᠠᠭᠤᠳᠠᠯ ᠢ ᠶᠠᠷᠢᠯᠴᠠᠵᠤ᠂ ︽ᠡᠪ ᠬᠠᠮᠲᠤ ᠨᠠᠮ︾᠎ ᠢ ᠳᠤᠮᠳᠠᠳᠤ ᠤᠯᠤᠰ ᠤᠨ ᠦᠭᠡᠶᠢᠭᠦᠦ ᠠᠩᠬᠢ ᠶᠢᠨ ᠲᠦᠷᠦ ᠶᠢᠨ ᠨᠠᠮ ᠤᠨ ᠨᠡᠷᠡᠶᠢᠳᠦᠯ ᠪᠣᠯᠭᠠᠬᠤ ᠪᠠᠷ ᠲᠣᠭᠲᠠᠪᠠ᠃     ᠼᠠᠢ ᠾᠧ ᠰᠧᠨ ︽ᠳᠤᠮᠳᠠᠳᠤ ᠤᠯᠤᠰ ᠤᠨ ᠡᠪ ᠬᠠᠮᠲᠤ ᠨᠠᠮ︾ ᠭᠡᠬᠦ ᠨᠡᠷ᠎ᠡ ᠪᠠ ︽ᠡᠪ ᠬᠠᠮᠲᠤ ᠨᠠᠮ ᠢ ᠪᠠᠶᠢᠭᠤᠯᠬᠤ︾ ᠵᠣᠷᠢᠯᠲᠠ ᠶᠢ ᠬᠠᠮᠤᠭ ᠡᠷᠲᠡ ᠳᠤᠷᠠᠳᠤᠭᠰᠠᠨ ᠢᠶᠠᠷ ᠪᠠᠷᠠᠬᠤ ᠦᠭᠡᠢ᠂ ᠪᠠᠰᠠ ᠨᠠᠮ ᠤᠨ ᠰᠢᠨᠵᠢ ᠴᠢᠨᠠᠷ᠂ ᠵᠢᠯᠣᠭᠤᠳᠬᠤ ᠦᠵᠡᠯ ᠰᠠᠨᠠᠭ᠎ᠠ ᠵᠡᠷᠭᠡ ᠲᠠᠯ᠎ᠠ ᠪᠠᠷ ᠠᠯᠢ ᠤᠯᠠᠨ ᠠᠯᠤᠰ ᠬᠡᠳᠤ ᠶᠢᠨ ᠨᠥᠯᠥᠭᠡ ᠪᠦᠬᠦᠢ ᠵᠣᠷᠢᠯᠲᠠ ᠶᠢ ᠳᠤᠷᠠᠳᠴᠠᠢ᠃     ᠲᠡᠭᠦᠨ ᠤ ᠦᠵᠡᠬᠦ ᠪᠠᠷ᠄ ᠨᠢᠭᠡ ᠳᠤ᠂ ᠡᠨᠡ ᠨᠠᠮ ᠡᠷᠬᠡᠪᠰᠢ ᠦᠭᠡᠶᠢᠭᠦᠦ ᠠᠩᠭᠢ ᠶᠢᠨ ᠬᠤᠪᠢᠰᠬᠠᠯᠲᠤ ᠲᠦᠷᠦ ᠶᠢᠨ ᠨᠠᠮ ᠪᠠᠶᠢᠬᠤ ᠬᠡᠷᠡᠭᠲᠡᠢ︔ ᠬᠤᠶᠠᠷ ᠲᠤ᠂ ᠡᠨᠡ ᠨᠠᠮ ᠡᠷᠬᠡᠪᠰᠢ ᠮᠠᠷᠺᠰ ᠤᠨ ᠦᠵᠡᠯ ᠢᠶᠠᠷ ᠵᠢᠯᠣᠭᠤᠳᠬᠤ ᠦᠵᠡᠯ ᠰᠠᠨᠠᠭ᠎ᠠ ᠪᠣᠯᠭᠠᠬᠤ ᠬᠡᠷᠡᠭᠲᠡᠢ︔ ᠭᠤᠷᠪᠠ ᠳᠤ᠂ ᠡᠨᠡ ᠨᠠᠮ ᠡᠷᠬᠡᠪᠰᠢ ᠲᠦᠢᠯᠪᠤᠷᠢᠲᠠᠢ ᠬᠤᠪᠢᠰᠬᠠᠯᠲᠤ ᠠᠷᠭ᠎ᠠ ᠪᠠᠷ ᠵᠠᠰᠠᠮᠵᠢᠯᠠᠬᠤ ᠦᠵᠡᠯ ᠢ ᠡᠰᠡᠷᠭᠦᠴᠡᠬᠦ ᠬᠡᠷᠡᠭᠲᠡᠢ︔ ᠲᠦᠷᠪᠡ ᠳᠤ᠂ ᠡᠨᠡ ᠨᠠᠮ ᠡᠷᠬᠡᠪᠰᠢ ᠤᠯᠠᠨ ᠲᠦᠮᠡᠨ ᠲᠠᠢ ᠨᠢᠭᠲᠠ ᠬᠠᠷᠢᠯᠴᠠᠬᠤ ᠬᠡᠷᠡᠭᠲᠡᠢ︔ ᠲᠠᠪᠤ ᠳᠤ᠂ ᠡᠨᠡ ᠨᠠᠮ ᠳᠤ ᠵᠠᠪᠠᠯ ᠪᠠᠳᠤ ᠴᠢᠩᠭ᠎ᠠ ᠰᠠᠬᠢᠯᠭ᠎ᠠ ᠪᠠᠲᠤ ᠲᠠᠢ ᠪᠠᠶᠢᠬᠤ ᠬᠡᠷᠡᠭᠲᠡᠢ᠃     ᠲᠤᠬᠠᠢ ᠶᠢᠨ ᠦᠶ᠎ᠡ ᠶᠢᠨ ᠪᠡᠷᠬᠡ ᠬᠠᠲᠠᠭᠤᠵᠢᠯᠲᠠᠢ ᠣᠷᠴᠢᠨ ᠲᠣᠭᠤᠷᠢᠨ ᠳᠤ᠂ ᠠᠯᠢ ᠤᠯᠠᠨ ᠲᠣᠭᠲᠠᠪᠤᠷᠢ ᠦᠭᠡᠢ ᠴᠢᠨᠠᠷ ᠪᠠ ᠨᠠᠷᠢᠨ ᠪᠤᠳᠤᠯᠢᠶᠠᠨᠲᠠᠢ ᠪᠠᠶᠢᠳᠠᠯ ᠤᠨ ᠡᠮᠦᠨ᠎ᠡ᠂ ᠡᠳᠡᠭᠡᠷ ᠵᠣᠷᠢᠯᠲᠠ ᠶᠢ ᠮᠥᠨ ᠯᠡ ᠲᠣᠳᠣᠷᠬᠠᠢ ᠳᠤᠷᠠᠳᠴᠤ ᠴᠢᠳᠠᠬᠤ ᠨᠢ ᠬᠢᠯᠪᠠᠷ ᠪᠤᠰᠤ ᠪᠥᠭᠡᠳ ᠡᠷᠬᠢᠮ ᠨᠠᠨᠳᠢᠨ ᠪᠣᠯᠬᠤ ᠨᠢ ᠳᠠᠮᠵᠢᠭ ᠦᠭᠡᠢ ᠶᠤᠮ᠃     ᠮᠠᠤ ᠽᠧ ᠳ᠋ᠦᠩ ᠤᠨ ᠼᠠᠢ ᠾᠧ ᠰᠧᠨ ᠳᠤ ᠥᠭᠭᠦᠭᠰᠡᠨ ᠬᠠᠷᠢᠭᠤ ᠵᠠᠬᠢᠳᠠᠯ ᠳᠤ ᠲᠡᠨ ᠤ ᠦᠵᠡᠯᠲᠡ ᠮᠠᠰᠢ ᠵᠥᠪ᠂ ᠮᠢᠨᠦ ᠬᠤᠪᠢ ᠳᠤ ᠵᠥᠪᠰᠢᠶᠡᠷᠡᠬᠦ ᠦᠭᠡᠢ ᠦᠭᠡ ᠨᠢᠭᠡ ᠴᠦ ᠦᠭᠡᠢ ᠭᠡᠵᠡᠢ᠃ ᠼᠠᠢ ᠾᠧ ᠰᠧᠨ ᠴᠦ ᠡᠭᠦᠨ ᠠᠴᠠ ᠬᠤᠶᠢᠰᠢᠬᠢ ᠬᠤᠪᠢᠰᠬᠠᠯ ᠤᠨ ᠠᠵᠢᠯ ᠳᠤᠮᠳᠠ ᠪᠠᠨ ᠡᠳᠡᠬᠡᠷ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠤᠷᠪᠠᠭᠴᠢ ᠳᠤ ᠬᠤᠳᠠᠯᠳᠤᠭᠳᠠᠵᠤ ᠪᠠᠭᠠᠲᠤᠷᠯᠢᠭ ᠢᠶᠠᠷ ᠪᠡᠶ᠎ᠡ ᠦᠷᠡᠭᠳᠡᠬᠦ ᠪᠣᠯᠲᠠᠯ᠎ᠠ ᠥᠴᠦᠬᠡᠨ ᠴᠦ ᠭᠤᠶᠢᠪᠢᠯᠵᠠᠭᠰᠠᠨ ᠦᠬᠡᠢ ᠪᠥᠭᠡᠳ ᠬᠤᠪᠢᠷᠠᠭᠤᠯᠤᠭᠰᠠᠨ ᠦᠬᠡᠢ ᠶᠤᠮ᠃     ᠡᠨᠡ ᠬᠦ ︽ᠨᠡᠷ᠎ᠡ ᠣᠯᠤᠭᠰᠠᠨ ᠲᠡᠦᠬᠡ︾᠎ ᠪᠠᠷ ᠳᠠᠮᠵᠢᠭᠤᠯᠤᠨ᠂ ᠳᠤᠮᠳᠠᠳᠤ ᠤᠯᠤᠰ ᠤᠨ ᠡᠪ ᠬᠠᠮᠲᠤ ᠨᠠᠮ ᠡᠬᠢᠯᠡᠩᠭᠦᠳᠡ ᠪᠠᠨ ᠮᠠᠷᠺᠰ ᠤᠨ ᠦᠵᠡᠯ ᠢ ᠥᠪᠡᠷ ᠤᠨ ᠲᠤᠭ ᠳᠡᠭᠡᠷ᠎ᠡ ᠪᠠᠨ ᠪᠢᠴᠢᠵᠦ᠂ ᠡᠪ ᠬᠠᠮᠲᠤ ᠶᠣᠰᠣ ᠶᠢ ᠪᠡᠶᠡᠯᠡᠭᠦᠯᠬᠦ ᠪᠠᠷ ᠬᠠᠮᠤᠭ ᠤᠨ ᠳᠡᠭᠡᠳᠦ ᠬᠦᠰᠡᠯᠡᠩ ᠪᠠ ᠡᠴᠦᠰ ᠤᠨ ᠬᠠᠷᠠᠯᠲᠠ ᠪᠠᠨ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠤᠯᠤᠰ ᠦᠨᠳᠦᠰᠦᠲᠡᠨ ᠤ ᠲᠡᠦᠬᠡᠲᠦ ᠡᠭᠦᠷᠭᠡ ᠪᠣᠯᠤᠨ ᠡᠪ ᠬᠠᠮᠲᠤ ᠶᠣᠰᠣᠨ ᠤ ᠳᠡᠯᠡᠬᠡᠢ ᠶᠢᠨ ᠲᠡᠦᠬᠡ ᠶᠢᠨ ᠠᠯᠤᠰ ᠬᠡᠳᠦ ᠶᠢᠨ ᠡᠭᠦᠷᠭᠡ ᠶᠢ ᠣᠷᠭᠠᠨᠢᠭ ᠢᠶᠠᠷ ᠨᠢᠭᠡᠳᠬᠡᠭᠰᠡᠨ ᠢ ᠴᠦ ᠣᠯᠵᠤ ᠮᠡᠳᠡᠵᠦ ᠪᠣᠯᠤᠨ᠎ᠠ᠃ᠵᠠᠭᠤᠨ ᠵᠢᠯ ᠤᠨ ᠲᠡᠤᠭᠡ ᠶᠢᠨ ᠠᠶᠠᠨ ᠳᠤ᠂ ᠼᠠᠢ ᠾᠧ ᠰᠧᠨ ᠵᠡᠷᠭᠡ ᠠᠬᠠᠮᠠᠳ ᠬᠤᠪᠢᠰᠬᠠᠯᠴᠢᠳ ᠤᠨ ᠲᠤᠬᠠᠢ ᠶᠢᠨ ᠵᠢᠯ ᠤᠨ ᠵᠣᠷᠢᠯᠲᠠ ᠨᠢ ᠦᠶ᠎ᠡ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠢ ᠭᠦᠨᠵᠡᠭᠡᠢ ᠨᠥᠯᠥᠭᠡᠯᠡᠵᠦ᠂ ᠲᠡᠳᠡᠨ ᠤ ᠬᠠᠮᠲᠤ ᠪᠠᠷ ᠬᠥᠭᠡᠭᠡᠴᠡᠯᠳᠦᠬᠦ ᠬᠦᠰᠡᠯᠡᠩ ᠪᠠ ᠢᠲᠡᠭᠡᠯ ᠪᠢᠰᠢᠷᠡᠯ ᠪᠣᠯᠤᠭᠰᠠᠨ ᠪᠠᠶᠢᠨ᠎ᠠ᠃      ᠳᠤᠮᠳᠠᠳᠤ ᠤᠯᠤᠰ ᠤᠨ ᠡᠪ ᠬᠠᠮᠲᠤ ᠨᠠᠮ ᠳᠤ ᠠᠪᠴᠤ ᠬᠡᠯᠡᠪᠡᠯ᠂ ᠵᠠᠭᠤᠨ ᠵᠢᠯ ᠳᠠᠭᠤᠳᠠᠭᠳᠠᠭᠰᠠᠨ ᠨᠡᠷ᠎ᠡ ᠨᠢ ᠵᠥᠪᠬᠡᠨ ᠨᠡᠷᠡᠶᠢᠳᠦᠯ ᠲᠡᠳᠦᠢ ᠪᠢᠰᠢ᠂ ᠨᠡᠩ ᠴᠤ ᠡᠷᠲᠡ ᠦᠶ᠎ᠡ ᠶᠢᠨ ᠡᠪ ᠬᠠᠮᠲᠤᠴᠤᠳ ᠤᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ ᠲᠡᠮᠳᠡᠭᠯᠡᠵᠦ᠂ ᠠᠯᠢ ᠤᠯᠠᠨ ᠠᠭᠤᠤ ᠶᠡᠭᠡ ᠵᠣᠷᠢᠭ ᠰᠠᠨᠠᠭ᠎ᠠ ᠪᠣᠯᠤᠨ ᠰᠢᠯᠢᠳᠡᠭ ᠤᠯᠠᠮᠵᠢᠯᠠᠯ ᠢ ᠲᠤᠰᠬᠠᠵᠤ᠂ ᠮᠠᠷᠲᠠᠭᠳᠠᠰᠢ ᠦᠭᠡᠢ ᠲᠡᠦᠬᠡ ᠶᠢ ᠠᠴᠢᠶᠠᠯᠠᠵᠤ ᠪᠠᠶᠢᠳᠠᠭ᠃ ᠲᠡᠭᠦᠨ ᠤ ᠬᠠᠮᠢᠭ᠎ᠠ ᠠᠴᠠ ᠨᠡᠷ᠎ᠡ ᠣᠯᠤᠭᠰᠠᠨ ᠢ ᠡᠷᠭᠢᠴᠡᠭᠦᠯᠪᠡᠯ᠂ ᠳᠠᠷᠤᠢ ᠲᠡᠭᠦᠨ ᠤ ᠬᠠᠮᠤᠭ ᠠᠩᠬᠠᠨ ᠤ ᠬᠠᠷᠠᠯᠲᠠ ᠪᠣᠯᠤᠨ ᠬᠦᠰᠡᠯᠡᠩ ᠢ ᠡᠷᠭᠢᠴᠡᠭᠦᠯᠵᠦ᠂ ᠲᠡᠭᠦᠨ ᠤ ᠬᠤᠪᠢᠷᠠᠰᠢ ᠦᠭᠡᠢ ᠵᠣᠷᠢᠯᠲᠠ ᠪᠣᠯᠤᠨ ᠡᠭᠦᠷᠭᠡ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠡᠭᠦᠨ ᠤ ᠤᠯᠠᠮ ᠢᠶᠠᠷ ᠳᠤᠮᠳᠠᠳᠤ ᠤᠯᠤᠰ ᠤᠨ ᠡᠪ ᠬᠠᠮᠲᠤᠴᠤᠳ ᠢ ᠵᠣᠷᠢᠭᠵᠢᠭᠤᠯᠤᠨ ᠲᠠᠰᠤᠷᠠᠯᠲᠠ ᠦᠭᠡᠢ ᠤᠷᠤᠭᠰᠢᠯᠠᠭᠤᠯᠬᠤ ᠪᠣᠯᠤᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号