︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠤᠬᠠᠭᠤᠯᠤᠨ ᠪᠠᠳᠠᠷᠠᠭᠤᠯᠬᠤ ᠶᠢᠨ ᠲᠥᠯᠥᠭᠡ᠂ 6 ᠰᠠᠷ᠎ᠠ ᠶᠢᠨ | 15 ᠤ ᠡᠳᠦᠷ᠂ ᠠᠪᠠᠭ᠎ᠠ ᠬᠤᠰᠢᠭᠤᠨ ᠤ ᠬᠤᠩᠭᠤᠷᠭᠤᠣᠯ ᠪᠠᠯᠭᠠᠰᠤᠨ ᠤ ᠶᠡᠬᠡᠪᠣᠯᠠᠭ ᠭᠠᠴᠠᠭᠠᠨ ᠤ ᠠᠳᠤᠭᠤᠴᠢᠨ | ᠰᠡᠴᠡᠨᠪᠠᠲᠤ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠶ ᠳᠤ ︽ᠬᠠᠷ᠎ᠠ ᠠᠳᠤᠭᠤᠨ︾ ᠰᠣᠶᠣᠯ ᠶᠢ ᠦᠢᠯᠡᠳᠪᠤᠷᠢᠯᠡᠯ | ᠠᠮᠢᠳᠤᠷᠠᠯ ᠵᠤᠭ᠎ᠠ ᠴᠡᠩᠭᠡᠯ ᠲᠠᠢ ᠨᠢᠭᠡ ᠴᠤᠭᠴᠠᠵᠢᠭᠤᠯᠤᠭᠰᠠᠨ ᠤᠯᠠᠮᠵᠢᠯᠠᠯᠲᠤ ᠠᠷᠠᠳ ᠤᠨ ᠵᠠᠩ ᠦᠢᠯᠡ ᠶᠢᠨ | ᠠᠵᠢᠯᠯᠠᠭ᠎ᠠ ᠶᠢ ᠥᠷᠨᠢᠭᠦᠯᠵᠦ᠂ ᠮᠠᠰᠢ ᠣᠯᠠᠨ ᠬᠡᠷᠡᠯ ᠵᠢᠷᠤᠭ ᠲᠠᠲᠠᠬᠤ ᠳᠤᠷᠠᠲᠠᠶ ᠬᠥᠮᠦᠰ ᠢ ᠠᠮᠵᠢᠯᠲᠠᠲᠠᠶ | ᠣᠷᠣᠯᠴᠠᠭᠤᠯᠵᠠᠶ᠃ | ︽ᠳᠤᠮᠳᠠᠳᠤ ᠤᠯᠤᠰ ᠤᠨ ᠬᠠᠷ᠎ᠠ ᠠᠳᠤᠭᠤᠨ ᠤ ᠰᠣᠶᠣᠯ ᠤᠨ ᠨᠤᠲᠤᠭ︾ ᠬᠡᠮᠡᠭᠳᠡᠭᠰᠡᠨ ᠠᠪᠠᠭ᠎ᠠ ᠬᠤᠰᠢᠭᠤ ᠨᠢ | ᠥᠨᠢ ᠤᠳᠠᠭᠠᠨ ᠲᠡᠤᠬᠡ ᠲᠠᠢ ᠪᠥᠭᠡᠳ ᠤᠯᠠᠮᠵᠢᠯᠠᠯᠲᠤ ᠦᠨᠳᠦᠰᠦᠲᠡᠨ ᠤ ᠰᠣᠶᠣᠯ ᠲᠠᠢ ᠶᠤᠮ᠂ ᠲᠣᠰ | ᠠᠵᠢᠯᠯᠠᠭ᠎ᠠ ᠨᠢ ︽ᠬᠠᠷ᠎ᠠ ᠠᠳᠤᠭᠤᠨ︾ ᠰᠣᠶᠣᠯ ᠤᠨ ᠬᠡᠷᠡᠯ ᠵᠢᠷᠤᠭ᠂ ᠠᠷᠠᠳ ᠤᠨ ᠵᠠᠩ ᠦᠢᠯᠡ᠂ ᠤᠯᠠᠮᠵᠢᠯᠠᠯᠲᠤ | ᠮᠣᠷᠢ ᠤᠷᠭᠠᠯᠠᠬᠤ᠂ ᠮᠣᠷᠢ ᠤᠨᠤᠵᠤ ᠬᠠᠳᠠᠭ ᠰᠢᠭᠦᠷᠡᠬᠦ᠂ ᠳᠡᠯ ᠬᠠᠶᠢᠴᠢᠯᠠᠬᠤ᠂ ᠮᠣᠷᠢ ᠲᠠᠮᠠᠭᠠᠯᠠᠬᠤ᠂ ᠮᠣᠷᠢ | ᠰᠤᠷᠭᠠᠬᠤ ᠵᠡᠷᠭᠡ ᠪᠠᠶᠠᠯᠢᠭ ᠠᠭᠤᠯᠭ᠎ᠠ ᠪᠠᠷ ᠶᠠᠪᠤᠭᠳᠠᠵᠠᠶ᠃ ᠲᠤᠰ ᠠᠵᠢᠯᠯᠠᠭ᠎ᠠ ᠳᠤ᠂ ᠪᠦᠬᠦ ᠤᠯᠤᠰ ᠤᠨ ᠡᠯ᠎ᠡ | ᠭᠠᠵᠠᠷ ᠠᠴᠠ ᠢᠷᠡᠭᠰᠡᠨ 70 ᠭᠠᠷᠤᠢ ᠭᠡᠷᠡᠯ ᠵᠢᠷᠤᠭ ᠤᠨ ᠪᠠᠭ᠋ᠠᠳᠠᠳ ᠠᠵᠢᠯᠯᠠᠭ᠎ᠠ ᠳᠤ ᠣᠷᠣᠯᠴᠠᠵᠤ᠂ ᠰᠡᠭᠦᠳᠡᠷᠯᠡᠬᠦ | ᠮᠠᠰᠢᠨ ᠢᠶᠠᠷ ᠵᠤᠨ ᠴᠠᠭ ᠤᠨ ᠭᠠᠩᠭᠠᠩ ᠪᠠᠶᠢᠭᠠᠯᠢ ᠪᠣᠯᠤᠨ ᠠᠪᠠᠭ᠎ᠠ ᠬᠠᠷ᠎ᠠ ᠠᠳᠤᠭᠤ᠂ ᠬᠥᠮᠦᠨ ᠪᠠᠶᠢᠭᠠᠯᠢ ᠶᠢᠨ ᠡᠶ᠎ᠡ | ᠵᠣᠬᠢᠴᠠᠩᠭᠤᠢ ᠪᠠᠷ ᠬᠠᠮᠲᠤ ᠣᠷᠣᠰᠢᠵᠤ ᠪᠠᠶᠢᠭ᠎ᠠ ᠦᠵᠡᠰᠬᠦᠯᠡᠩᠲᠦ ᠰᠠᠶᠢᠬᠠᠨ ᠦᠵᠡᠮᠵᠢ ᠶᠢ ᠲᠡᠮᠳᠡᠭᠯᠡᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠥᠪᠥᠷ ᠮᠣᠩᠭᠤᠯ ᠤᠨ ᠵᠤᠭᠠᠴᠠᠯ ᠤᠨ ᠭᠡᠷᠡᠯ ᠵᠢᠷᠤᠭᠴᠢᠳ ᠤᠨ | ᠨᠡᠶᠢᠭᠡᠮᠯᠢᠭ ᠠᠴᠠ ᠠᠪᠠᠭ᠎ᠠ ᠬᠤᠰᠢᠭᠤᠨ ᠳᠤ ︽︿ᠬᠠᠷ᠎ᠠ ᠠᠳᠣᠭᠤ﹀ ᠭᠡᠷᠡᠯ ᠵᠢᠷᠤᠭ ᠵᠣᠬᠢᠶᠠᠨ ᠪᠦᠲᠦᠭᠡᠬᠦ ᠰᠠᠭᠤᠷᠢᠨ︾ | ᠫᠠᠶᠢᠰᠠ ᠣᠯᠭᠤᠵᠤ᠂ ᠥᠪᠥᠷ ᠮᠣᠩᠭᠤᠯ ᠤᠨ ᠢᠰᠭᠡ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠪᠠᠰᠠ ᠮᠠᠯᠴᠢᠨ ᠰᠡᠴᠡᠨᠪᠠᠲᠤ ᠳᠤ 5000 ᠲᠥᠭᠦᠷᠢᠭ ᠤᠨ ᠠᠷᠠᠳ ᠤᠨ ᠵᠣᠭᠤᠰ ᠬᠠᠨᠳᠢᠪᠯᠠᠪᠠ᠃ | |