ᠠᠪᠠᠭ᠎ᠠ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠨᠢ ︽ᠠᠯᠪᠠᠨ ᠵᠢᠷᠤᠮ ᠤᠨ ᠨᠣᠮ ᠤᠨ ᠬᠤᠳᠠᠯᠳᠤᠭ᠎ᠠ ᠵᠢᠴᠢ ᠬᠤᠩ ᠰᠢᠩ ᠨᠣᠮ ᠤᠨ ᠥᠷᠥᠭᠡ ᠶᠢ ᠬᠠᠨᠳᠢᠪᠯᠠᠨ ᠪᠠᠶᠢᠭᠤᠯᠬᠤ ᠶᠡᠷᠦᠩᠬᠡᠶᠢᠯᠡᠭᠰᠡᠨ ᠦᠢᠯᠡᠳᠦᠯᠭᠡ ᠶᠢᠨ ᠠᠵᠢᠯᠯᠠᠭ᠎ᠠ︾ ᠦᠷᠨᠢᠭᠦᠯᠪᠡ
ᠨᠡᠶᠢᠲᠡᠯᠡᠭᠰᠡᠨ ᠴᠠᠭ᠄
2021/7/20
     ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠨ᠂ ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾᠎ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠤᠷᠤᠭᠴᠢᠳ ᠤᠨ ᠵᠣᠨ ᠤ ᠠᠮᠠᠷᠠᠯᠲᠠ ᠶᠢᠨ ᠶᠡᠷᠦᠩᠬᠡᠶᠢᠯᠡᠭᠰᠡᠨ ᠦᠢᠯᠡᠳᠦᠯᠭᠡ ᠶᠢᠨ ᠠᠵᠢᠯᠯᠠᠭ᠎ᠠ ᠶᠢ ᠪᠠᠶᠠᠯᠢᠭᠵᠢᠭᠤᠯᠬᠤ ᠶᠢᠨ ᠲᠦᠯᠦᠭᠡ᠂ 7 ᠰᠠᠷ᠎ᠠ ᠶᠢᠨ 19᠎ ᠤ ᠡᠳᠦᠷ᠂ ᠠᠪᠠᠭ᠎ᠠ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠨᠢ ᠪᠡᠯᠭᠦᠳᠡᠢ ᠰᠣᠶᠣᠯ ᠤᠨ ᠠᠭᠤᠳᠠᠮ ᠲᠠᠯᠠᠪᠠᠶ ᠳᠤ ᠠᠯᠪᠠᠨ ᠵᠢᠷᠤᠮ ᠤᠨ ᠨᠣᠮ ᠤᠨ ᠬᠤᠳᠠᠯᠳᠤᠭ᠎ᠠ ᠵᠢᠴᠢ ︽ᠬᠤᠩ ᠰᠢᠩ ᠨᠣᠮ ᠤᠨ ᠥᠷᠥᠭᠡ︾᠎ ᠎ ᠶᠢ ᠬᠠᠨᠳᠢᠪᠯᠠᠨ ᠪᠠᠶᠢᠭᠤᠯᠬᠤ ᠶᠡᠷᠦᠩᠬᠡᠶᠢᠯᠡᠭᠰᠡᠨ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ᠃      ᠪᠠᠭᠰᠢ ᠰᠤᠷᠤᠭᠴᠢᠳ ᠬᠠᠮᠲᠤᠪᠡᠷ ᠬᠡᠷᠡᠭᠯᠡᠭᠡᠨ ᠤ ᠵᠦᠢᠯᠡᠰ ᠢᠶᠠᠨ ᠠᠪᠴᠦ ᠬᠦᠯ ᠪᠦᠮᠪᠦᠭᠡ ᠶᠢᠨ ᠲᠠᠯᠠᠪᠠᠢ ᠳᠤ ᠬᠦᠷᠴᠦ᠂ ᠨᠤᠮ ᠪᠢᠴᠢᠭ ᠢᠶᠠᠨ ᠡᠮᠬᠢ ᠴᠡᠭᠴᠡ ᠲᠠᠢ ᠲᠦᠷᠦᠯ ᠬᠤᠪᠢᠶᠠᠨ ᠲᠠᠯᠪᠢᠵᠤ᠂ ᠬᠤᠳᠠᠯᠳᠤᠭᠠᠨ ᠤ ᠠᠵᠢᠯᠯᠠᠭ᠎ᠠ ᠎ ᠪᠠᠨ ᠡᠬᠢᠯᠡᠭᠦᠯᠵᠡᠢ᠃ ᠲᠣᠰ ᠤᠳᠠᠭᠠᠨ ᠤ ᠬᠤᠳᠠᠯᠳᠤᠬᠤ ᠨᠣᠮ ᠪᠢᠴᠢᠭ ᠤᠨ ᠣᠯᠠᠩᠬᠢ ᠶᠢ ᠨᠢ ᠴᠦᠮ ᠲᠤᠰ ᠰᠤᠷᠭᠠᠭᠤᠯᠢ ᠶᠢᠨ ᠰᠤᠷᠤᠭᠴᠢᠳ ᠠᠴᠠ ᠬᠠᠨᠳᠢᠪᠯᠠᠭᠰᠠᠨ ᠪᠠᠶᠢᠨ᠎ᠠ᠃ ᠰᠤᠷᠤᠭᠴᠢᠳ ᠪᠠ ᠭᠡᠷ ᠤᠨ ᠠᠬᠠᠮᠠᠳ ᠴᠤ ᠦᠪᠡᠷ ᠥᠪᠡᠷ ᠤᠨ ᠳᠤᠷᠠᠲᠠᠶ ᠨᠣᠮ ᠪᠢᠴᠢᠭ ᠢᠶᠠᠨ ᠰᠣᠩᠭᠤᠨ ᠠᠪᠤᠭᠰᠠᠨ ᠢᠶᠠᠷ ᠪᠠᠷᠠᠬᠤ ᠦᠭᠡᠢ ᠪᠠᠭᠰᠢ ᠰᠤᠷᠤᠭᠴᠢ ᠎ ᠶᠢᠨ ᠬᠠᠮᠲᠤ ᠶᠢᠨ ᠴᠢᠷᠮᠠᠶᠢᠯᠭ᠎ᠠ ᠪᠠᠷ ᠲᠤᠰ ᠤᠳᠠᠭᠠᠨ ᠤ ᠠᠵᠢᠯᠯᠠᠭ᠎ᠠ ᠨᠢ ᠢᠯᠭᠤᠮ ᠤᠷᠤᠭᠰᠢᠲᠠᠢ ᠬᠦᠷ ᠬᠦᠭᠵᠢᠶᠡᠨ ᠎ ᠲᠠᠢ ᠶᠠᠪᠤᠭᠳᠠᠵᠠᠢ᠃      ᠰᠤᠷᠪᠤᠯᠵᠢᠯᠠᠭ᠎ᠠ —— ᠠᠪᠠᠭ᠎ᠠ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠳᠡᠳ᠋ ᠵᠠᠬᠢᠷᠤᠯ ᠯᠢ ᠰᠢᠤᠸᠠᠢ ᠲᠤᠤ᠄ ︽ᠥᠨᠥᠳᠦᠷ ᠪᠢᠳᠡ ᠠᠯᠪᠠᠨ ᠵᠢᠷᠤᠮ ᠤᠨ ᠨᠣᠮ ᠤᠨ ᠬᠤᠳᠠᠯᠳᠤᠭᠠᠨ ᠤ ᠠᠵᠢᠯᠯᠠᠭ᠎ᠠ ᠶᠢ ᠡᠷᠬᠢᠯᠡᠵᠡᠢ᠂ ᠡᠨᠡ ᠬᠦ ᠠᠵᠢᠯᠯᠠᠭ᠎ᠠ ᠨᠢ ᠮᠦᠨ ᠴᠦ ᠮᠠᠨ ᠤ ᠵᠣᠨ ᠤ ᠠᠮᠠᠷᠠᠯᠲᠠ ᠶᠢᠨ ᠶᠡᠷᠦᠩᠬᠡᠶᠢᠯᠡᠭᠰᠡᠨ ᠦᠢᠯᠡᠳᠦᠯᠭᠡ ᠶᠢᠨ ᠠᠵᠢᠯᠯᠠᠭ᠎ᠠ ᠶᠢᠨ ᠬᠢᠴᠢᠶᠡᠯ ᠤᠨ ᠨᠢᠭᠡ ᠬᠡᠰᠡᠭ ᠪᠣᠯᠤᠨ᠎ᠠ᠃ ᠬᠡᠳᠦᠨ ᠡᠳᠦᠷ ᠤᠨ ᠡᠮᠦᠨ᠎ᠡ᠂ ᠪᠢᠳᠡ ᠰᠤᠷᠭᠠᠭᠤᠯᠢ ᠳᠤ ᠪᠠᠨ ᠨᠣᠮ ᠪᠢᠴᠢᠭ ᠬᠠᠨᠳᠢᠪᠯᠠᠬᠤ ᠰᠠᠨᠠᠭᠠᠴᠢᠯᠠᠭ᠎ᠠ ᠭᠠᠷᠭᠠᠵᠤ᠂ 644 ᠳᠡᠪᠲᠡᠷ ᠨᠣᠮ ᠪᠢᠴᠢᠭ ᠴᠤᠭᠯᠠᠭᠤᠯᠤᠨ ᠥᠨᠥᠳᠦᠷ ᠤᠨ ᠬᠤᠳᠠᠯᠳᠤᠭᠠᠨ ᠤ ᠠᠵᠢᠯᠯᠠᠭ᠎ᠠ ᠶᠢ ᠦᠷᠨᠢᠭᠦᠯᠵᠠᠢ᠂ ᠲᠣᠰ ᠤᠳᠠᠭᠠᠨ ᠤ ᠠᠵᠢᠯᠯᠠᠭ᠎ᠠ ᠨᠢ ᠬᠡᠤᠬᠡᠳ ᠤᠨ ᠶᠡᠷᠦᠩᠬᠡᠶᠢᠯᠡᠭᠰᠡᠨ ᠦᠢᠯᠡᠳᠦᠯᠭᠡ ᠶᠢᠨ ᠴᠢᠳᠠᠪᠤᠷᠢ ᠶᠢ ᠬᠥᠮᠦᠵᠢᠭᠦᠯᠦᠨ ᠪᠣᠯᠪᠠᠰᠤᠷᠠᠭᠤᠯᠵᠤ᠂ ᠰᠤᠷᠤᠭᠴᠢᠳ ᠤᠨ ᠨᠡᠶᠢᠭᠡᠮ ᠤᠨ ᠤᠬᠠᠮᠰᠠᠷ ᠪᠠ ᠬᠠᠷᠠᠮ ᠥᠬᠡᠶ ᠵᠣᠷᠢᠭᠤᠯᠬᠤ ᠵᠣᠷᠢᠭ ᠰᠠᠨᠠᠭ᠎ᠠ ᠶᠢ ᠬᠥᠮᠦᠵᠢᠭᠦᠯᠦᠨ᠂ ᠬᠤᠩ ᠰᠢᠩ ᠨᠣᠮ ᠤᠨ ᠥᠷᠥᠭᠡ ᠶᠢ ᠪᠠᠶᠢᠭᠤᠯᠬᠤ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠬᠦ ᠶᠢ ᠬᠦᠰᠡᠵᠦ ᠪᠠᠶᠢᠨ᠎ᠠ︾᠃      ᠰᠤᠷᠪᠤᠯᠵᠢᠯᠠᠭ᠎ᠠ ——  ᠰᠤᠷᠤᠭᠴᠢᠳ ᠤᠨ ᠲᠥᠯᠥᠭᠡᠯᠡᠭᠴᠢ ᠸᠠᠩ ᠶᠠᠨ᠄ ︽ᠡᠨᠡ ᠤᠳᠠᠭᠠᠨ ᠤ ᠨᠤᠮ ᠎ ᠤᠨ ᠬᠤᠳᠠᠯᠳᠤᠭᠠᠨ ᠤ ᠠᠵᠢᠯᠯᠠᠭ᠎ᠠ ᠳᠤ ᠣᠷᠣᠯᠴᠠᠭᠰᠠᠨ ᠳᠠᠭᠠᠨ ᠪᠢ ᠮᠠᠰᠢ ᠪᠠᠶᠠᠷᠲᠠᠢ ᠪᠠᠶᠢᠨ᠎ᠠ᠂ ᠲᠡᠭᠦᠰᠬᠦ ᠰᠤᠷᠤᠭᠴᠢ ᠪᠣᠯᠤᠭᠰᠠᠨ ᠤ ᠬᠤᠪᠢ ᠳᠤ ᠰᠤᠷᠭᠠᠭᠤᠯᠢ ᠶᠢᠨ ᠨᠣᠮ ᠤᠨ ᠥᠷᠥᠭᠡ ᠪᠠᠶᠢᠭᠤᠯᠬᠤ ᠠᠵᠢᠯᠯᠠᠭ᠎ᠠ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠬᠦ ᠶᠢ ᠬᠦᠰᠡᠵᠦ ᠪᠠᠶᠢᠨ᠎ᠠ᠂ ᠢᠩᠭᠢᠪᠡᠯ ᠲᠡᠭᠦᠤᠨᠡᠷ ᠮᠢᠨᠢ ᠨᠡᠩ ᠰᠠᠶᠢᠨ ᠨᠤᠮ ᠤᠩᠰᠢᠵᠤ ᠴᠢᠳᠠᠬᠤ ᠮᠦᠷᠲᠡᠭᠡᠨ ᠪᠠᠰᠠ ᠨᠣᠮ ᠪᠢᠴᠢᠭ ᠤᠩᠰᠢᠬᠤ ᠳᠤᠷᠠᠲᠠᠶ ᠪᠤᠯᠵᠤ ᠴᠢᠳᠠᠨ᠎ᠠ᠂ ᠡᠨᠡ ᠤᠳᠠᠭᠠᠨ ᠤ ᠠᠮᠠᠷᠠᠯᠲᠠ ᠶᠢᠨ ᠬᠤᠭᠤᠴᠠᠭ᠎ᠠ ᠪᠠᠨ ᠤᠳᠬ᠎ᠠ ᠠᠭᠤᠯᠭ᠎ᠠ ᠲᠠᠢ ᠦᠩᠭᠡᠷᠡᠭᠡᠵᠡᠢ︾ ᠭᠡᠪᠡ᠃      ᠡᠨᠡ ᠵᠢᠯ ᠪᠣᠯ ᠨᠠᠮ ᠪᠠᠶᠢᠭᠤᠯᠤᠭᠳᠠᠭᠰᠠᠨ 100 ᠵᠢᠯ ᠤᠨ ᠣᠶ ᠪᠤᠯᠤᠨ᠎ᠠ᠂ ᠲᠣᠰ ᠤᠳᠠᠭᠠᠨ ᠤ ᠨᠤᠮ ᠤᠨ ᠬᠤᠳᠠᠯᠳᠤᠭᠠᠨ ᠤ ᠠᠵᠢᠯᠯᠠᠭ᠎ᠠ ᠪᠠᠷ ᠳᠠᠮᠵᠢᠨ ᠴᠤᠭᠯᠠᠭᠤᠯᠤᠭᠰᠠᠨ ᠮᠦᠩᠭᠦ ᠶᠢ ᠬᠤᠶᠠᠳᠤᠭᠠᠷ ᠪᠠᠭ᠎ᠠ ᠰᠤᠷᠭᠠᠭᠤᠯᠢ ᠶᠢᠨ ︽ᠬᠤᠩ ᠰᠢᠩ ᠨᠣᠮ ᠤᠨ ᠥᠷᠥᠭᠡ︾᠎ ᠶᠢ ᠪᠠᠶᠢᠭᠤᠯᠬᠤ ᠳᠤ ᠬᠡᠷᠡᠭᠯᠡᠨ᠎ᠡ᠃ ᠰᠤᠷᠭᠠᠭᠤᠯᠢ ᠠᠴᠠ ︽ᠲᠦᠷᠪᠡᠨ ᠲᠡᠦᠬᠡ ︾᠎ ᠶᠢᠨ ᠰᠢᠷᠢᠰ ᠨᠣᠮ ᠪᠢᠴᠢᠭ ᠢ ᠬᠤᠳᠠᠯᠳᠤᠨ ᠠᠪᠴᠤ᠂ ᠥᠷᠭᠡᠨ ᠤᠯᠠᠨ ᠰᠤᠷᠤᠭᠴᠢᠳ ᠢ ᠪᠠᠭ᠎ᠠ ᠠᠴᠠ ᠨᠢ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠬᠡᠬᠡᠯᠳᠡ ᠶᠢᠨ ᠲᠡᠦᠬᠡ ᠪᠣᠯᠤᠨ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢ ᠰᠤᠷᠤᠯᠴᠠᠭᠤᠯᠬᠤ ᠪᠠᠷ ᠪᠠᠶᠢᠨ᠎ᠠ᠃ ᠥᠷᠭᠡᠨ ᠤᠯᠠᠨ ᠰᠤᠷᠤᠭᠴᠢᠳ ᠢ ᠰᠤᠷᠭᠠᠨ ᠬᠥᠮᠦᠵᠢᠭᠦᠯᠵᠦ ᠬᠦᠳᠦᠯᠦᠨ ᠵᠢᠯᠣᠭᠤᠳᠴᠤ ᠪᠠᠶᠢᠭᠠᠳ ᠴᠠᠭ ᠦᠶ᠎ᠡ ᠲᠠᠢ ᠵᠡᠷᠭᠡᠪᠡᠷ ᠤᠷᠤᠭᠰᠢᠯᠠᠵᠤ ᠴᠢᠳᠠᠬᠤ ᠰᠢᠨ᠎ᠡ ᠡᠷᠡᠨ ᠤ ᠵᠠᠯᠠᠭᠤᠴᠤᠳ ᠪᠠᠭᠠᠴᠤᠳ ᠪᠤᠯᠭᠠᠬᠤ ᠪᠠᠷ ᠴᠢᠷᠮᠠᠶᠢᠨ᠎ᠠ᠃ ᠬᠤᠶᠠᠳᠤᠭᠠᠷ ᠪᠠᠭ᠎ᠠ ᠰᠤᠷᠭᠠᠭᠤᠯᠢ ᠶᠢᠨ ︽ᠬᠤᠩ ᠰᠢᠩ ᠨᠣᠮ ᠤᠨ ᠥᠷᠥᠭᠡ︾᠎ ᠶᠢ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠠᠴᠠ ᠡᠮᠦᠨ᠎ᠡ ᠪᠠᠶᠢᠭᠤᠯᠵᠤ ᠳᠠᠭᠤᠰᠬᠠᠬᠤ ᠪᠠᠷ ᠲᠦᠯᠦᠪᠯᠡᠵᠦ ᠪᠣᠶ᠂ ᠡᠨᠡ ᠨᠢ ᠲᠤᠰ ᠰᠤᠷᠭᠠᠭᠤᠯᠢ ᠶᠢᠨ ᠤᠯᠤᠰ ᠢᠶᠠᠨ ᠬᠠᠶᠢᠷᠠᠯᠠᠬᠤ᠂ ᠨᠠᠮ ᠢᠶᠠᠨ ᠬᠠᠶᠢᠷᠠᠯᠠᠬᠤ᠂ ᠬᠤᠪᠢᠰᠬᠠᠯᠲᠤ  ᠤᠯᠠᠮᠵᠢᠯᠠᠯᠲᠤ ᠰᠤᠷᠭᠠᠨ ᠬᠥᠮᠦᠵᠢᠯ ᠤᠨ ᠴᠢᠬᠤᠯᠠ ᠭᠠᠵᠠᠷ ᠤᠨ ᠨᠢᠭᠡ ᠪᠣᠯᠬᠤ ᠪᠣᠯᠤᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号