ᠦᠬᠡᠷ ᠤᠨ ᠡᠭᠦᠯᠳᠡᠷ ᠢ ᠰᠠᠶᠢᠵᠢᠷᠠᠭᠤᠯᠵᠤ ᠮᠠᠯᠴᠢᠳ ᠤᠨ ᠠᠮᠢᠳᠤᠷᠠᠯ ᠢ ᠰᠠᠶᠢᠵᠢᠷᠠᠭᠤᠯᠤᠯ᠎ᠠ
ᠨᠡᠶᠢᠲᠡᠯᠡᠭᠰᠡᠨ ᠴᠠᠭ᠄
2021/7/29
    ᠮᠥᠩᠬᠡᠪᠠᠶᠠᠷ᠄ ︽2013 ᠣᠨ ᠠᠴᠠ ᠡᠬᠢᠯᠡᠨ ᠬᠤᠨᠢ ᠶᠢ ᠴᠦᠭᠡᠴᠢᠯᠡᠵᠦ ᠦᠭᠡᠷ ᠢ ᠨᠡᠮᠡᠭᠳᠡᠬᠦᠯᠦᠨ᠂ ᠭᠠᠳᠠᠭᠠᠳᠤ ᠠᠴᠠ ᠰᠢᠯᠢᠳᠡᠭ ᠡᠭᠦᠯᠳᠡᠷ ᠤᠨ ᠦᠭᠡᠷ ᠤᠷᠤᠭᠤᠯᠤᠨ᠂ ᠬᠡᠭᠡᠯᠲᠦᠭᠦᠯᠭᠡ ᠬᠢᠬᠦ ᠪᠠᠷ ᠲᠠᠮᠵᠢᠨ ᠦᠭᠡᠷ ᠤᠨ ᠡᠬᠦᠯᠳᠡᠷ ᠢᠶᠠᠨ ᠰᠠᠶᠢᠵᠢᠷᠠᠭᠤᠯᠵᠦ ᠢᠷᠡᠭᠰᠡᠨ ᠢᠶᠠᠷ ᠮᠠᠨᠠᠶᠢᠬᠢᠨ ᠤ ᠲᠤᠭᠤᠯ ᠳᠤᠮᠳᠠᠴᠢ ᠪᠠᠷ 15000 ᠲᠥᠭᠦᠷᠢᠭ ᠤᠨ ᠦᠨ᠎ᠡ ᠬᠦᠷᠦᠨ᠂ ᠵᠢᠯ ᠤᠨ ᠤᠷᠤᠯᠭ᠎ᠠ 40 ᠲᠦᠮᠡᠨ ᠲᠥᠭᠦᠷᠢᠭ ᠲᠤ ᠬᠦᠷᠴᠦ ᠪᠠᠶᠢᠨ᠎ᠠ︾ ᠭᠡᠵᠦ ᠥᠪᠡᠷ ᠤᠨ ᠦᠬᠡᠷ ᠮᠠᠯᠵᠢᠵᠦ ᠠᠮᠢᠳᠤᠷᠠᠯ ᠢᠶᠠᠨ ᠴᠢᠨᠡᠭᠡᠯᠢᠭᠵᠢᠭᠦᠯᠦᠭᠰᠡᠨ ᠲᠤᠬᠠᠢ ᠪᠠᠨ ᠪᠠᠶᠠᠷᠳᠠᠶᠢᠬᠠᠨ ᠶᠠᠷᠢᠵᠦ ᠪᠠᠶᠢᠯ᠎ᠠ᠃     ᠣᠶᠢᠷ᠎ᠠ ᠶᠢᠨ ᠵᠢᠯ ᠤᠨ ᠲᠤᠷᠰᠢ᠂ ᠠᠪᠠᠭ᠎ᠠ ᠬᠤᠰᠢᠭᠤ ︽ᠬᠤᠨᠢ ᠶᠢ ᠴᠦᠭᠡᠴᠢᠯᠡᠨ ᠦᠬᠡᠷ ᠢ ᠨᠡᠮᠡᠭᠳᠡᠬᠦᠯᠬᠦ︾ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠬᠦ ᠠᠵᠢᠯ ᠢᠶᠠᠨ ᠤᠯᠠᠮ ᠠᠬᠢᠭᠤᠯᠵᠤ᠂ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠬᠢᠪᠡ᠃ ᠮᠥᠨᠴᠦ ᠢᠴᠡᠭᠡᠯ ᠦᠷ᠎ᠡ ᠶᠢᠨ ᠭᠡᠭᠡᠯᠳᠦᠬᠦᠯᠭᠡ ᠬᠢᠬᠦ ᠪᠡ ᠪᠣᠬ᠎ᠠ ᠪᠠᠷ ᠬᠡᠭᠡᠯᠳᠦᠭᠦᠯᠬᠦ ᠶᠢ ᠤᠶᠠᠯᠳᠤᠭᠤᠯᠤᠨ᠂ ᠰᠢᠯᠢᠳᠡᠭ ᠡᠭᠦᠯᠳᠡᠷ ᠤᠨ ᠮᠠᠯ ᠤᠷᠤᠭᠤᠯᠬᠤ ᠪᠠ ᠰᠣᠩᠭᠤᠨ ᠪᠤᠶᠢᠵᠢᠭᠤᠯᠬᠤ ᠠᠵᠢᠯ ᠢ ᠵᠡᠷᠭᠡᠪᠡᠷ ᠶᠠᠪᠤᠭᠳᠠᠭᠤᠯᠵᠤ᠂ ᠤᠬᠠᠭᠤᠯᠭ᠎ᠠ ᠪᠤᠯᠪᠠᠰᠤᠷᠠᠯ ᠬᠢᠬᠦ᠂ ᠲᠦᠷᠦ ᠶᠢᠨ ᠪᠤᠳᠤᠯᠭ᠎ᠠ ᠪᠠᠷ ᠲᠡᠳᠬᠦᠬᠦ᠂ ᠲᠦᠷᠦᠯ ᠵᠦᠢᠯ ᠢ ᠨᠡᠮᠡᠭᠳᠡᠭᠦᠯᠬᠦ ᠵᠡᠷᠭᠡ ᠤᠯᠠᠨ ᠠᠷᠪᠢᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠦᠬᠡᠷ ᠤᠨ ᠡᠭᠦᠯᠳᠡᠷ ᠢ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠳᠤᠳᠠᠢ ᠠᠬᠢᠭᠤᠯᠵᠤ᠂ ᠢᠯᠡᠳᠲᠡ ᠦᠷ᠎ᠡ ᠪᠦᠲᠦᠮᠵᠢ ᠣᠯᠤᠭᠰᠠᠨ ᠢᠶᠠᠷ ᠪᠠᠷᠠᠬᠤ ᠦᠭᠡᠢ ᠮᠠᠯᠴᠢᠳ ᠤᠨ ᠠᠵᠦ ᠠᠬᠤᠢ ᠶᠢᠨ ᠦᠷ᠎ᠡ ᠠᠰᠢᠭ ᠢ ᠲᠡᠭᠡᠭᠰᠢᠯᠡᠬᠦᠯᠦᠭᠰᠡᠨ ᠪᠠᠶᠢᠨ᠎ᠠ᠂ ᠮᠥᠩᠬᠡᠪᠠᠶᠠᠷ ᠪᠣᠯ ᠡᠳᠡᠭᠡᠷ ᠦᠢ ᠤᠯᠠᠨ ᠮᠠᠯᠴᠢᠳ ᠤᠨ ᠳᠣᠲᠣᠷᠠᠬᠢ ᠨᠢᠭᠡ ᠨᠢ ᠪᠢᠯᠡ᠃     ᠮᠥᠩᠬᠡᠪᠠᠶᠠᠷ ᠪᠣᠯ ᠠᠪᠠᠭ᠎ᠠ ᠬᠤᠰᠢᠭᠤᠨ ᠤ ᠨᠠᠷᠠᠨᠪᠤᠯᠠᠭ ᠰᠤᠮᠤᠨ ᠤ ᠡᠷᠳᠡᠨᠢᠠᠤᠪᠤᠭ᠎ᠠ ᠭᠠᠴᠠᠭᠠᠨ ᠤ ᠮᠠᠯᠴᠢᠨ ᠪᠣᠯᠤᠨ᠎ᠠ᠃ ᠡᠳᠡᠨᠡᠶᠢᠬᠢᠨ 7000 ᠭᠠᠷᠤᠶ ᠮᠥ ᠨᠤᠳᠤᠭ ᠪᠡᠯᠴᠢᠭᠡᠷ ᠲᠠᠢ᠂ 2013 ᠣᠨ ᠳᠤ ᠥᠪᠡᠷ ᠤᠨ ᠮᠠᠯ ᠰᠦᠷᠦᠭ ᠲᠡᠭᠡᠨ ᠪᠦᠲᠦᠴᠡ ᠶᠢᠨ ᠲᠣᠬᠢᠷᠠᠭᠤᠯᠤᠯᠲᠠ ᠬᠢᠭᠰᠡᠨ ᠠᠴᠠ ᠠᠪᠤᠭᠠᠳ᠂ 8 ᠵᠢᠯ ᠤᠨ ᠰᠢᠨᠲᠠᠷᠠᠰᠢ ᠥᠬᠡᠶ ᠴᠢᠷᠮᠠᠶᠢᠯᠭ᠎ᠠ ᠪᠠᠷ ᠳᠡᠮᠵᠢᠨ᠂ ᠣᠲᠣ ᠪᠣᠯᠬᠤ ᠳᠤ ᠰᠢᠯᠢᠳᠡᠭ ᠡᠬᠦᠯᠳᠡᠷ ᠤᠨ 60 ᠦᠭᠡᠷ ᠮᠠᠯᠵᠢᠵᠦ ᠪᠤᠢ᠃ 2020 ᠣᠨ ᠳᠤ ᠮᠥᠩᠬᠡᠪᠠᠶᠠᠷ ᠤᠨ ᠬᠢ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠴᠠ ᠠᠶᠢᠮᠠᠭ ᠤᠨ ᠲᠠᠰ ᠤᠨ ᠮᠢᠬᠠᠨ ᠤ ᠦᠬᠡᠷ  ᠮᠠᠯᠵᠢᠬᠤ ᠭᠤᠤᠯᠳᠠᠯᠭ᠎ᠠ ᠲᠠᠢ ᠡᠷᠦᠬᠡ ᠪᠠᠷ ᠲᠤᠭᠲᠠᠭᠠᠭᠳᠠᠭᠰᠠᠨ ᠪᠠᠶᠢᠨ᠎ᠠ᠃     ᠰᠤᠷᠪᠤᠯᠵᠢᠯᠠᠭᠴᠢ ᠲᠡᠳᠡᠨ ᠤ ᠬᠢᠨ ᠳᠤ ᠬᠦᠷᠬᠦ ᠳᠤ᠂ ᠮᠥᠩᠬᠡᠪᠠᠶᠠᠷ ᠪᠦᠰᠡᠬᠦᠢ ᠲᠠᠢ ᠪᠠᠨ ᠬᠤᠶᠠᠭᠤᠯᠠ ᠶᠠᠭ ᠡᠬᠡ ᠮᠠᠯ ᠳᠤ ᠪᠠᠨ ᠢᠴᠡᠭᠡᠯ ᠦᠷ᠎ᠡ ᠶᠢᠨ ᠬᠡᠭᠡᠯᠲᠦᠭᠦᠯᠭᠡ ᠬᠢᠬᠦ ᠪᠠᠷ ᠪᠡᠯᠡᠳᠬᠡᠵᠦ ᠪᠠᠶᠢᠯ᠎ᠠ᠃ ᠲᠡᠳᠡ ᠨᠢᠭᠡᠨᠲᠡ 40 ᠦᠨᠢᠶᠡᠨ ᠳᠤ ᠬᠡᠭᠡᠯᠲᠦᠭᠦᠯᠭᠡ ᠬᠢᠵᠦ ᠲᠠᠭᠤᠰᠬᠠᠭᠠᠳ᠂ ᠤᠳᠤ 10 ᠦᠨᠢᠶ᠎ᠡ ᠯᠡ ᠦᠯᠡᠳᠡᠵᠦ ᠪᠠᠶᠢᠬᠤ ᠶᠤᠮ ᠪᠠᠶᠢᠨ᠎ᠠ ᠃ ᠮᠥᠩᠬᠡᠪᠠᠶᠠᠷ ᠤᠨ ᠬᠢ᠂ 2018 ᠣᠨ ᠳᠤ ᠢᠴᠡᠭᠡᠯ ᠦᠷ᠎ᠡ ᠶᠢᠨ ᠬᠡᠭᠡᠯᠲᠦᠭᠦᠯᠭᠡ ᠬᠢᠭᠰᠡᠨ ᠠᠴᠠ ᠠᠪᠤᠭᠠᠳ᠂ ᠲᠤᠰᠬᠠᠢ ᠮᠡᠷᠭᠡᠵᠢᠯᠲᠡᠨ ᠠᠴᠠ ᠰᠤᠷᠤᠯᠴᠠᠬᠤ ᠪᠠ ᠦᠪᠡᠷ ᠢᠶᠠᠨ ᠰᠤᠷᠤᠯᠴᠠᠬᠤ ᠪᠠᠷ ᠲᠠᠮᠵᠢᠨ᠂ ᠭᠡᠭᠡᠯᠳᠦᠬᠦᠯᠭᠡ ᠶᠢᠨ ᠮᠡᠷᠭᠡᠵᠢᠯ ᠢ ᠰᠠᠶᠢᠲᠤᠷ ᠡᠵᠡᠮᠰᠢᠵᠦ᠂ ᠨᠢᠳᠤᠨᠤᠨ ᠠᠴᠠ ᠡᠬᠢᠯᠡᠨ ᠦᠪᠡᠷ ᠢᠶᠠᠨ ᠦᠨᠢᠶᠡᠨ ᠳᠡᠭᠡᠨ ᠭᠡᠭᠡᠯᠳᠦᠬᠦᠯᠭᠡ ᠬᠢᠵᠦ᠂ ᠦᠨᠢᠶᠡᠨ ᠤ ᠬᠡᠭᠡᠯᠲᠦᠭᠰᠡᠨ ᠨᠤᠷᠮ᠎ᠠ ᠨᠢ 90%᠎ ᠠᠴᠠ ᠳᠡᠭᠡᠭᠰᠢ ᠳᠤ ᠬᠦᠷᠴᠠᠢ᠃     600 ᠲᠡᠭᠰᠢ ᠳᠥᠷᠪᠡᠯᠵᠢᠨ ᠮᠧᠲᠷ ᠤᠨ ᠳᠤᠯᠠᠭᠠᠨ ᠫᠧᠩ᠂ 150 ᠲᠡᠭᠰᠢ ᠳᠥᠷᠪᠡᠯᠵᠢᠨ ᠮᠧᠲᠷ ᠤᠨ ᠴᠡᠪᠡᠷ ᠲᠤᠬᠢᠯᠢᠭ ᠰᠢᠨ᠎ᠡ ᠤᠷᠤᠨ ᠰᠠᠭᠤᠴᠠ᠂ ᠲᠠᠷᠭᠤ ᠰᠠᠶᠢᠲᠠᠢ ᠰᠢᠮᠧᠨᠧᠲᠷ ᠦᠬᠡᠷ᠂ ᠢᠭᠴᠤ ᠰᠠᠬᠤᠯᠢᠭ ᠪᠡᠯᠴᠢᠭᠡᠷ ᠲᠠᠢ ᠮᠠᠯᠵᠢᠯ ᠤᠨ ᠲᠠᠯᠠᠪᠠᠢ ᠁ ᠵᠡᠷᠭᠡ ᠶᠢ ᠦᠵᠡᠭᠡᠳ ᠰᠤᠷᠪᠤᠯᠵᠢᠯᠠᠭᠴᠢ ᠥᠪᠡᠷ ᠤᠨ ᠡᠷᠬᠡ ᠦᠭᠡᠢ ᠰᠢᠨ᠎ᠡ ᠴᠠᠭ ᠦᠶ᠎ᠡ ᠶᠢᠨ ᠮᠠᠯᠴᠢᠳ ᠤᠨ ᠵᠣᠯ ᠵᠢᠷᠭᠠᠯᠲᠤ ᠪᠡᠶᠡᠨ ᠴᠢᠨᠡᠭᠡᠯᠢᠭ ᠠᠮᠢᠳᠤᠷᠠᠯ ᠢ ᠪᠠᠭ᠋ᠠᠳᠣᠨ ᠪᠢᠰᠢᠷᠡᠯ᠎ᠡ᠃     ᠮᠥᠩᠬᠡᠪᠠᠶᠠᠷ᠄ ︽ᠪᠡᠯᠴᠢᠭᠡᠷ ᠨᠤᠲᠤᠭ ᠤᠨ ᠲᠠᠯᠠᠪᠠᠢ ᠪᠠᠭ᠎ᠠ᠂ ᠬᠤᠶᠠᠷ ᠯᠡ ᠬᠥᠳᠡᠯᠮᠦᠷᠢ ᠶᠢᠨ ᠬᠦᠴᠦ ᠲᠠᠢ ᠪᠤᠯᠬᠤᠷ ᠦᠬᠡᠷ ᠮᠠᠯᠵᠢᠬᠤ ᠶᠢ ᠵᠤᠷᠢᠭᠰᠠᠨ ᠶᠤᠮ᠃ ᠡᠨᠡ ᠬᠡᠳᠦᠨ ᠵᠢᠯ ᠦᠬᠡᠷ ᠤᠨ ᠡᠭᠦᠯᠳᠡᠷ ᠰᠠᠶᠢᠵᠢᠷᠠᠭᠤᠯᠬᠤ ᠪᠠᠷ ᠳᠠᠮᠵᠢᠨ᠂ ᠤᠷᠤᠯᠭ᠎ᠠ ᠶᠢᠨ ᠨᠡᠮᠡᠭᠳᠡᠯ ᠴᠦ ᠪᠠᠭ᠎ᠠ ᠪᠤᠰᠤ᠂ ᠠᠮᠢ ᠠᠬᠤᠢ ᠶᠢᠨ ᠣᠷᠴᠢᠨ ᠲᠣᠭᠤᠷᠢᠨ ᠴᠤ ᠮᠡᠳᠡᠭᠳᠡᠮ᠎ᠡ ᠰᠠᠶᠢᠵᠢᠷᠠᠭᠰᠠᠨ᠃ ᠶᠡᠷᠦᠨᠢ ᠤᠯᠤᠰ ᠠᠴᠠ ᠦᠬᠡᠷ ᠤᠨ ᠡᠭᠦᠯᠳᠡᠷ ᠢ ᠰᠠᠶᠢᠵᠢᠷᠠᠭᠤᠯᠬᠤ ᠲᠤᠬᠠᠢ ᠲᠥᠷᠥ ᠶᠢᠨ ᠪᠣᠳᠣᠯᠭ᠎ᠠ  ᠮᠠᠰᠢ ᠰᠠᠶᠢᠨ ᠪᠠᠶᠢᠳᠠᠭ᠃ ᠵᠢᠱᠢᠶᠡᠯᠡᠪᠡᠯ᠂ ᠬᠤᠰᠢᠭᠤ ᠮᠠᠯ ᠠᠵᠤ ᠠᠬᠤᠶ ᠶᠢᠨ ᠠᠵᠢᠯ ᠤᠨ ᠥᠷᠲᠡᠭᠡᠨ ᠤ ᠬᠢᠨᠠᠨ ᠲᠣᠭᠲᠠᠭᠠᠯᠲᠠ ᠳᠤ ᠬᠢᠷᠢ ᠲᠡᠩᠴᠡᠵᠦ ᠤᠳᠤᠮ ᠤᠨ ᠲᠠᠩᠰᠠ ᠡᠪᠬᠡᠮᠡᠯ ᠪᠠᠶᠢᠭᠤᠯᠤᠭᠰᠠᠨ ᠡᠷ᠎ᠡ ᠲᠤᠭᠤᠯ ᠢ ᠬᠤᠳᠠᠯᠳᠤᠬᠤ ᠪᠠᠷ ᠠᠪᠴᠤ ᠬᠡᠯᠡᠪᠡᠯ᠂ ᠬᠤᠳᠠᠯᠳᠤᠨ ᠠᠪᠤᠭᠴᠢ 3000 ᠲᠥᠭᠦᠷᠢᠭ ᠤᠨ ᠨᠥᠬᠦᠪᠥᠷᠢ ᠣᠯᠵᠤ᠂ ᠬᠤᠳᠠᠯᠳᠤᠭᠴᠢ 1000 ᠲᠥᠭᠦᠷᠢᠭ ᠤᠨ ᠨᠥᠬᠦᠪᠥᠷᠢ ᠤᠯᠳᠠᠭ᠃ ᠬᠢᠨᠠᠨ ᠲᠣᠭᠲᠠᠭᠠᠯᠲᠠ ᠳᠤ ᠬᠢᠷᠢ ᠲᠡᠩᠴᠡᠵᠦ ᠤᠳᠤᠮ ᠤᠨ ᠲᠠᠩᠰᠠ ᠡᠪᠬᠡᠮᠡᠯ ᠪᠠᠶᠢᠭᠤᠯᠤᠭᠰᠠᠨ ᠦᠬᠢᠨ ᠲᠤᠭᠤᠯ ᠬᠤᠳᠠᠯᠳᠤᠪᠠᠯ᠂ ᠬᠤᠳᠠᠯᠳᠤᠨ ᠠᠪᠤᠭᠴᠢ 3000 ᠲᠥᠭᠦᠷᠢᠭ ᠤᠨ ᠨᠥᠬᠦᠪᠥᠷᠢ ᠣᠯᠵᠤ ᠳᠡᠶᠢᠯᠳᠡᠭ᠃ ᠡᠨᠡ ᠨᠢ ᠮᠠᠯᠴᠢᠳ ᠤᠨ ᠦᠬᠡᠷ ᠮᠠᠯᠵᠢᠬᠤ ᠢᠳᠡᠪᠬᠢᠵᠢᠯ ᠢ ᠲᠦᠢᠯ ᠤᠨ ᠶᠡᠭᠡ ᠪᠠᠷ ᠳᠠᠶᠢᠴᠢᠯᠠᠭᠰᠠᠨ ᠶᠤᠮ︾ ᠭᠡᠵᠦ ᠮᠥᠩᠬᠡᠪᠠᠶᠠᠷ ᠪᠠᠶᠠᠷᠲᠠᠶᠢᠬᠠᠨ ᠶᠠᠷᠢᠵᠤ ᠪᠠᠶᠢᠯ᠎ᠠ᠃     ᠥᠷᠭᠡᠨ ᠣᠯᠠᠨ ᠮᠠᠯᠴᠢᠨ ᠲᠦᠮᠡᠨ ᠳᠤ ︽ᠦᠬᠡᠷ ᠮᠠᠯᠵᠢᠵᠤ ᠪᠠᠶᠠᠵᠢᠬᠤ︾ ᠠᠷᠭ᠎ᠠ ᠲᠤᠷᠰᠢᠯᠭ᠎ᠠ ᠶᠢ ᠤᠯᠠᠮᠵᠢᠯᠠᠬᠤ ᠶᠢᠨ ᠲᠥᠯᠥᠭᠡ᠂ ᠠᠪᠠᠭ᠎ᠠ ᠬᠤᠰᠢᠭᠤ ᠦᠬᠡᠷ ᠤᠨ ᠡᠭᠦᠯᠳᠡᠷ ᠢ ᠰᠠᠶᠢᠵᠢᠷᠠᠭᠤᠯᠬᠤ ᠠᠵᠢᠯ ᠢ ︽ᠠᠷᠠᠳ ᠢ ᠪᠠᠶᠠᠵᠢᠭᠤᠯᠬᠤ ᠢᠨᠵᠧᠨᠧᠷᠢᠩ︾ ᠪᠣᠯᠭᠠᠨ ᠠᠳᠬᠤᠵᠤ᠂ ᠡᠯ᠎ᠡ ᠲᠥᠷᠥᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠥᠭᠡᠷᠡᠴᠢᠯᠡᠯᠲᠡ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠭᠰᠠᠨ ᠪᠢᠯᠡ᠃     ︽ᠣᠳᠣᠬᠠᠨ ᠪᠣᠯᠲᠠᠯ᠎ᠠ᠂ ᠮᠠᠨ ᠤ ᠬᠤᠰᠢᠭᠤ ᠨᠢᠭᠡᠨᠲᠡ 12000 ᠦᠨᠢᠶᠡᠨ ᠳᠤ ᠢᠴᠡᠭᠡᠯ ᠦᠷ᠎ᠡ ᠎ ᠶᠢᠨ ᠬᠡᠭᠡᠯᠲᠦᠭᠦᠯᠭᠡ ᠬᠢᠵᠦ᠂ ᠨᠡᠶᠢᠲᠡ 80412 ᠦᠨᠢᠶᠡᠨ ᠳᠤ ᠪᠣᠬ᠎ᠠ ᠳᠠᠭᠠᠭᠤᠯᠵᠤ ᠬᠡᠭᠡᠯᠳᠦᠭᠦᠯᠦᠭᠰᠡᠨ ᠪᠠᠶᠢᠨ᠎ᠠ᠃ ᠬᠡᠭᠡᠯᠲᠦᠭᠦᠯᠭᠡ ᠶᠢᠨ ᠥᠷᠲᠡᠭᠡ ᠨᠡᠶᠢᠲᠡ 120᠎ ᠶᠢ ᠪᠠᠶᠢᠭᠤᠯᠵᠤ᠂ ᠠᠶᠢᠮᠠᠭ ᠤᠨ ᠲᠠᠰ ᠤᠨ ᠮᠢᠬᠠᠨ ᠤ ᠦᠬᠡᠷ ᠮᠠᠯᠵᠢᠬᠤ ᠭᠤᠤᠯᠳᠠᠯᠭ᠎ᠠ ᠲᠠᠢ ᠡᠷᠦᠬᠡ 27 ᠪᠠᠶᠢᠵᠤ᠂ ᠡᠨᠡ ᠵᠢᠯ 5 ᠡᠷᠦᠬᠡ ᠨᠡᠮᠡᠵᠦ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠃ ᠣᠳᠣᠬᠠᠨ ᠳᠤ᠂ ᠮᠠᠯᠴᠢᠳ ᠨᠢᠭᠡᠨᠲᠡ 391 ᠰᠢᠯᠢᠳᠡᠭ ᠡᠭᠦᠯᠳᠡᠷ ᠤᠨ ᠦᠬᠡᠷ ᠢ ᠣᠷᠣᠭᠤᠯᠤᠨ ᠠᠪᠴᠢᠷᠠᠭᠰᠠᠨ ᠪᠠᠶᠢᠨ᠎ᠠ᠃ ᠡᠭᠦᠨ ᠠᠴᠠ ᠭᠠᠳᠠᠨ᠎ᠠ ᠮᠢᠬᠠᠨ ᠤ ᠦᠬᠡᠷ ᠤᠨ ᠭᠤᠤᠯᠳᠠᠯᠭᠠᠳᠦ ᠰᠦᠷᠦᠭ ᠤᠨ ᠰᠠᠭᠤᠷᠢ ᠡᠬᠡ ᠮᠠᠯ ᠳᠤ ᠪᠦᠷ ᠢᠴᠡᠭᠡᠯ ᠦᠷ᠎ᠡ ᠶᠢᠨ ᠬᠡᠭᠡᠯᠲᠦᠭᠦᠯᠭᠡ ᠬᠢᠵᠦ᠂ ᠲᠤᠭᠤᠯ ᠢ ᠪᠦᠬᠦᠨ ᠢ ᠬᠢᠨᠠᠨ ᠲᠣᠭᠲᠠᠭᠠᠵᠤ ᠳᠠᠭᠤᠰᠬᠠᠭᠠᠳ᠂ ᠣᠲᠣ ᠶᠠᠭ ᠤᠳᠤᠮ ᠤᠨ ᠲᠠᠩᠰᠠ ᠡᠪᠬᠡᠮᠡᠯ ᠪᠠ ᠲᠡᠵᠢᠭᠡᠨ ᠦᠷᠡᠵᠢᠭᠦᠯᠬᠦ ᠲᠠᠩᠰᠠ ᠡᠪᠬᠡᠮᠡᠯ ᠢ ᠪᠠᠶᠢᠭᠤᠯᠬᠤ ᠠᠵᠢᠯ ᠢ ᠬᠢᠵᠦ ᠪᠠᠶᠢᠨ᠎ᠠ᠃ ᠡᠨᠡ ᠵᠢᠯ᠂ ᠮᠠᠨ ᠤ ᠬᠤᠰᠢᠭᠤ ᠪᠠᠰᠠ ᠬᠤᠶᠠᠷ ᠬᠤᠭᠤᠴᠠᠭᠠᠨ ᠤ ᠰᠢᠯᠢᠳᠡᠭ ᠡᠭᠦᠯᠳᠡᠷ ᠤᠨ ᠦᠨᠢᠶᠡᠨ ᠳᠤ ᠢᠴᠡᠭᠡᠯ ᠦᠷ᠎ᠡ ᠶᠢᠨ ᠬᠡᠭᠡᠯᠲᠦᠭᠦᠯᠭᠡ ᠬᠢᠬᠦ ᠮᠡᠷᠭᠡᠵᠢᠯ ᠤᠨ ᠪᠤᠯᠪᠠᠰᠤᠷᠠᠯ ᠬᠢᠵᠦ᠂ ᠣᠨᠣᠯ ᠤᠨ ᠰᠤᠷᠤᠯᠴᠠᠯᠭ᠎ᠠ ᠪᠠ ᠪᠣᠳᠠᠲᠠᠶ ᠦᠢᠯᠡᠳᠦᠯᠭᠡ ᠵᠡᠷᠭᠡ ᠬᠡᠯᠪᠡᠷᠢ ᠎ ᠶᠢᠨ ᠵᠢᠭᠠᠨ ᠰᠤᠷᠭᠠᠯᠲᠠ ᠪᠠᠷ ᠳᠠᠮᠵᠢᠭᠤᠯᠤᠨ ᠂ ᠪᠦᠭᠦ ᠬᠤᠰᠢᠭᠤᠨ ᠤ ᠰᠢᠯᠢᠳᠡᠭ‌ᠡᠭᠦᠯᠳᠡᠷ ᠤᠨ ᠮᠢᠬᠠᠨ ᠤ ᠦᠬᠡᠷ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠬᠢᠷᠢ ᠲᠦᠪᠰᠢᠨ ᠵᠢᠴᠢ ᠲᠤᠰᠬᠠᠶ ᠮᠡᠷᠭᠡᠵᠢᠯ ᠤᠨ ᠬᠡᠷᠡᠭᠯᠡᠭᠡᠨ ᠤ ᠬᠢᠷᠢ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠨᠢᠭᠡ ᠪᠦᠯᠦᠭ ᠡᠵᠡᠩᠨᠡᠯᠲᠡ ᠳᠤ ᠴᠠᠭᠠᠷᠠᠭᠰᠠᠨ᠂ ᠬᠠᠮᠢᠶᠠᠷᠤᠯᠲᠠ ᠳᠤ ᠴᠢᠳᠠᠮᠠᠭᠠᠶ᠂ ᠮᠡᠷᠭᠡᠵᠢᠯ ᠰᠠᠶᠢᠲᠠᠢ᠂ ᠥᠨᠳᠥᠷ ᠬᠡᠪ ᠪᠣᠯᠪᠠᠰᠤᠷᠠᠯ ᠲᠠᠢ ᠤᠳᠤ ᠦᠶ᠎ᠡ ᠶᠢᠨ ᠰᠢᠨ᠎ᠡ ᠮᠠᠶ᠋ᠢᠭ ᠤᠨ ᠮᠠᠯᠴᠢᠳ ᠢ ᠬᠥᠮᠦᠵᠢᠭᠦᠯᠦᠨ ᠭᠠᠷᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠲᠤᠯᠭ᠎ᠠ ᠶᠢ ᠶᠡᠬᠡᠪᠡᠷ ᠬᠡᠷᠡᠭᠵᠢᠭᠦᠯᠬᠦ ᠳᠤ ᠴᠢᠳᠠᠪᠤᠷᠢᠲᠠᠨ ᠤ ᠰᠠᠭᠤᠷᠢ ᠶᠢ ᠲᠠᠯᠪᠢᠭᠰᠠᠨ ᠪᠠᠶᠢᠨ᠎ᠠ︾ ᠬᠡᠮᠡᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠮᠡᠷᠭᠡᠵᠢᠯ ᠤᠨ ᠲᠣᠪᠴᠢᠶᠠᠨ ᠤ ᠳᠡᠳ᠋ ᠳᠠᠷᠤᠭ᠎ᠠ ᠪᠤᠯᠠᠭ ᠤᠴᠢᠷᠯᠠᠵᠦ ᠪᠠᠶᠢᠯ᠎ᠠ᠃      ᠣᠳᠣᠬᠠᠨ ᠳᠤ᠂ ᠰᠢᠮᠧᠨᠧᠲᠷ ᠦᠬᠡᠷ ᠤᠨ ᠡᠭᠦᠯᠳᠡᠷ ᠢ ᠰᠠᠶᠢᠵᠢᠷᠠᠭᠤᠯᠬᠤ ᠨᠢ ᠮᠠᠨ ᠤ ᠬᠤᠰᠢᠭᠤᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠬᠤ᠂ ᠣᠲᠣ ᠦᠶ᠎ᠡ ᠶᠢᠨ ᠮᠠᠯ ᠠᠵᠤ ᠠᠬᠤᠶ ᠶᠢ ᠬᠥᠭᠵᠢᠭᠦᠯᠬᠦ᠂ ᠲᠠᠯ᠎ᠠ ᠨᠤᠲᠤᠭ ᠤᠨ ᠠᠮᠢ ᠠᠬᠤᠶ ᠶᠢ ᠰᠠᠶᠢᠵᠢᠷᠠᠭᠤᠯᠬᠤ ᠪᠠ ᠬᠠᠮᠠᠭᠠᠯᠠᠬᠤ ᠴᠢᠬᠤᠯᠠ ᠠᠷᠭ᠎ᠠ ᠬᠡᠮᠵᠢᠶ᠎ᠡ ᠶᠢᠨ ᠨᠢᠭᠡ ᠪᠣᠯᠵᠣ᠂ ᠪᠠᠰᠠ ᠨᠡᠩ ᠤᠯᠠᠨ ᠮᠥᠩᠬᠡᠪᠠᠶᠠᠷ ᠲᠠᠢ ᠠᠳᠠᠯᠢᠬᠠᠨ ᠮᠠᠯᠴᠢᠳ ᠢ ᠮᠠᠯ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ  ᠬᠢᠵᠦ᠂ ᠪᠠᠶᠠᠵᠢᠭᠤᠯᠬᠤ ᠵᠠᠮ ᠢᠶᠠᠷ ᠵᠠᠮᠨᠠᠭᠤᠯᠬᠤ ᠪᠤᠯᠤᠨ᠎ᠠ᠃  
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号