ᠭᠧ ᠶᠦᠩ ᠵᠢᠶᠦ᠋ᠨ
ᠨᠡᠶᠢᠲᠡᠯᠡᠭᠰᠡᠨ ᠴᠠᠭ᠄
2021/7/30
      ᠳᠤᠪᠴᠢ ᠨᠠᠮᠳᠠᠷ       ᠭᠧ ᠶᠦᠩ ᠵᠢᠶᠦ᠋ᠨ᠂ ᠡᠷᠡᠭᠲᠡᠢ᠂ ᠮᠣᠩᠭᠤᠯ ᠦᠨᠳᠦᠰᠦᠲᠡᠨ᠂ 1976 ᠣᠨ ᠤ 6 ᠰᠠᠷ᠎ᠠ ᠳᠤ ᠲᠦᠷᠦᠪᠡ᠂ 2005 ᠣᠨ ᠤ 7 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠵᠦ᠂ 1997 ᠣᠨ ᠤ 9 ᠰᠠᠷ᠎ᠠ ᠳᠤ ᠠᠵᠢᠯ ᠳᠤ ᠭᠠᠷᠴᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠃ ᠣᠲᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠪᠠᠭ᠎ᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠬᠤᠰᠢᠭᠤ ᠳᠡᠳ᠋ ᠳᠠᠷᠤᠭ᠎ᠠ᠂ ᠵᠠᠰᠠᠭ ᠵᠠᠬᠢᠷᠭᠠᠨ ᠤ ᠰᠤᠷᠭᠠᠭᠤᠯᠢ ᠶᠢᠨ ᠵᠠᠬᠢᠷᠤᠯ ᠤᠨ ᠳᠤᠰᠢᠶᠠᠯ ᠢ ᠡᠭᠦᠷᠭᠡᠯᠡᠵᠦ ᠪᠤᠢ᠃ ᠦᠩᠭᠡᠷᠡᠭᠰᠡᠨ ᠳᠤ ᠠᠪᠠᠭ᠎ᠠ ᠬᠤᠰᠢᠭᠤᠨ ᠤ ᠠᠷᠠᠳ ᠨᠡᠶᠢᠲᠡ ᠶᠢᠨ ᠬᠡᠪ ᠴᠢᠨᠠᠷ ᠤᠨ ᠢᠨᠵᠧᠨᠧᠷᠢᠩ ᠤᠨ ᠵᠢᠯᠤᠭᠤᠳᠬᠤ ᠲᠥᠪ ᠤᠨ ᠳᠡᠳ᠋ ᠡᠷᠬᠢᠯᠡᠭᠴᠢ︔ ᠠᠪᠠᠭ᠎ᠠ ᠬᠤᠰᠢᠭᠤᠨ ᠤ ᠬᠤᠩᠭᠤᠷᠭᠤᠣᠯ ᠪᠠᠯᠭᠠᠰᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ︔ ᠠᠪᠠᠭ᠎ᠠ ᠬᠤᠰᠢᠭᠤᠨ ᠤ ᠬᠤᠩᠭᠤᠷᠭᠤᠣᠯ ᠪᠠᠯᠭᠠᠰᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠪᠠᠯᠭᠠᠰᠤᠨ ᠳᠠᠷᠤᠭ᠎ᠠ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠪᠠᠭ᠎ᠠ ᠬᠤᠰᠢᠭᠤᠨ ᠤ ᠶᠡᠬᠡᠭᠤᠣᠯ ᠰᠤᠮᠤ ᠶᠢᠨ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠪᠠᠭ᠎ᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠡᠷᠭᠡ ᠳᠤᠰᠢᠶᠠᠯ ᠢ ᠡᠭᠦᠷᠭᠡᠯᠡᠵᠦ ᠪᠠᠶᠢᠪᠠ᠃     ᠠᠵᠢᠯ ᠤᠨ ᠬᠤᠪᠢᠶᠠᠷᠢᠯᠠᠯ      ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠬᠤᠰᠢᠭᠤ ᠳᠠᠷᠤᠭ᠎ᠠ ᠶᠢ ᠬᠠᠪᠰᠤᠷᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠰᠤᠷᠭᠠᠨ ᠬᠥᠮᠦᠵᠢᠯ᠂ ᠬᠥᠮᠥᠨ ᠤ ᠬᠦᠴᠦᠨ ᠤ ᠡᠬᠢ ᠪᠠᠶᠠᠯᠢᠭ᠂ ᠨᠡᠶᠢᠭᠡᠮ ᠤᠨ ᠪᠠᠲᠤᠯᠠᠭ᠎ᠠ ᠂ ᠠᠵᠢᠯ ᠣᠯᠭᠤᠵᠤ ᠦᠢᠯᠡᠰ ᠴᠣᠭᠴᠠᠯᠠᠬᠤ᠂ ᠭᠠᠳᠠᠭᠠᠳᠤ ᠶᠠᠪᠤᠳᠠᠯ᠂ ᠲᠡᠦᠬᠡ ᠣᠶᠢᠯᠠᠯᠭ᠎ᠠ ᠵᠡᠷᠭᠡ ᠲᠠᠯ᠎ᠠ ᠶᠢᠨ ᠠᠵᠢᠯ ᠢ ᠨᠢᠭᠡᠳᠦᠯᠲᠡᠢ ᠲᠦᠯᠦᠪᠵᠢᠭᠦᠯᠦᠨ᠎ᠡ᠃ ᠵᠠᠰᠠᠭ ᠤᠨ ᠣᠷᠳᠣᠨ ᠤ ᠠᠯᠪᠠᠨ ᠭᠡᠷ ᠢ ᠬᠠᠪᠢᠳᠠᠨ ᠬᠠᠮᠢᠶᠠᠷᠴᠤ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠰᠤᠷᠭᠠᠨ ᠬᠥᠮᠦᠵᠢᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠡᠳᠦ ᠶᠢᠨ ᠵᠥᠪᠯᠡᠯ ︵ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠡᠬᠡ ᠣᠷᠣᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ︶᠂ ᠬᠥᠮᠥᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︵ᠨᠡᠶᠢᠭᠡᠮ ᠤᠨ ᠳᠠᠭᠠᠳᠬᠠᠯ ᠤᠨ ᠦᠢᠯᠡᠰ ᠤᠨ ᠬᠠᠮᠢᠶᠠᠷᠤᠯᠲᠠ ᠶᠢᠨ ᠲᠥᠪ᠂ ᠠᠵᠢᠯ ᠣᠯᠭᠤᠬᠤ ᠦᠢᠯᠡᠴᠢᠯᠡᠭᠡᠨ ᠤ ᠲᠥᠪ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠲᠥᠪ︶᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠭᠠᠳᠠᠭᠠᠳᠤ ᠶᠠᠪᠤᠳᠠᠯ ᠤᠨ ᠠᠯᠪᠠᠨ ᠭᠡᠷ᠂ ᠭᠠᠯ ᠣᠨᠲᠠᠷᠠᠭᠠᠬᠤ ᠶᠡᠭᠡ ᠠᠩᠭᠢ ᠵᠡᠷᠭᠡ ᠪᠠᠶᠢᠭᠤᠯᠭ᠎ᠠ ᠶᠢ ᠬᠤᠪᠢᠳᠠᠨ ᠬᠠᠮᠢᠶᠠᠷᠤᠨ᠎ᠠ᠃ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠵᠥᠪᠯᠡᠯ᠂ ᠣᠷᠣᠨ ᠲᠤᠭᠠᠨ ᠤ ᠠᠯᠪᠠᠨ ᠭᠡᠷ᠂ ᠠᠯᠪᠠᠲᠠᠨ ᠤ ᠬᠠᠮᠢᠶᠠᠷᠤᠯᠲᠠ ᠶᠢᠨ ᠲᠣᠪᠴᠢᠶ᠎ᠠ᠂ ᠨᠠᠮ ᠤᠨ ᠰᠤᠷᠭᠠᠭᠤᠯᠢ ᠂ ᠨᠠᠮ ᠤᠨ ᠲᠡᠦᠬᠡ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠲᠠᠢ ᠬᠠᠷᠢᠯᠴᠠᠨ᠎ᠠ᠃       ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号