ᠸᠠᠩ ᠵᠢᠩ
ᠨᠡᠶᠢᠲᠡᠯᠡᠭᠰᠡᠨ ᠴᠠᠭ᠄
2021/7/30
      ᠲᠤᠪᠴᠢ ᠨᠠᠮᠳᠠᠷ       ᠸᠠᠩ ᠵᠢᠩ᠂ ᠡᠮᠡᠭᠲᠡᠢ᠂ ᠬᠢᠲᠠᠳ ᠦᠨᠳᠦᠰᠦᠲᠡᠨ᠂ 1978 ᠣᠨ ᠤ 9 ᠰᠠᠷ᠎ᠠ ᠳᠤ ᠲᠦᠷᠦᠪᠡ᠂ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠣᠳᠣ ᠬᠤᠰᠢᠭᠤ ᠨᠠᠮ ᠤᠨ ᠬᠤᠷᠢᠶᠠᠨ ᠤ ᠪᠠᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠢᠴᠠᠭᠠᠬᠤ ᠬᠤᠷᠢᠶᠠᠨ ᠤ ᠱᠦᠵᠢ᠂ ᠬᠢᠨᠠᠨ ᠪᠠᠢᠴᠠᠭᠠᠬᠤ ᠵᠥᠪᠯᠡᠯ ᠤᠨ ᠡᠷᠬᠢᠯᠡᠭᠴᠢ ᠶᠢᠨ ᠳᠤᠰᠢᠶᠠᠯ ᠢ ᠬᠠᠷᠢᠭᠤᠴᠠᠵᠤ ᠪᠣᠢ᠃ ᠦᠩᠭᠡᠷᠡᠭᠰᠡᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠲᠣᠪᠴᠢᠶ᠎ᠠ ᠶᠢᠨ ᠠᠯᠪᠠᠨ ᠭᠡᠷ ᠤᠨ ᠠᠵᠢᠯᠲᠠᠨ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠲᠣᠪᠴᠢᠶ᠎ᠠ ᠶᠢᠨ ᠠᠯᠪᠠᠨ ᠭᠡᠷ ᠤᠨ ᠳᠡᠳ᠋ ᠰᠠᠯᠠᠭ᠎ᠠ ᠲᠠᠰ ᠤᠨ ᠪᠠᠶᠢᠴᠠᠭᠠᠭᠴᠢ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠲᠣᠪᠴᠢᠶ᠎ᠠ ᠶᠢᠨ ᠬᠢᠨᠠᠨ ᠪᠠᠶᠢᠴᠠᠭᠠᠬᠤ ᠶᠡᠷᠦᠩᠬᠡᠶᠢᠯᠡᠭᠰᠡᠨ ᠲᠠᠰᠤᠭ ᠤᠨ ᠳᠡᠳ᠋ ᠡᠷᠬᠢᠯᠡᠭᠴᠢ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠲᠣᠪᠴᠢᠶ᠎ᠠ ᠶᠢᠨ ᠨᠠᠮ ᠤᠨ ᠰᠤᠷᠲᠠᠯ ᠵᠠᠰᠠᠭ ᠤᠨ ᠰᠤᠷᠲᠠᠯ ᠳᠤ ᠬᠢᠨᠠᠯᠲᠠ ᠲᠠᠯᠪᠢᠬᠤ ᠲᠠᠰᠤᠭ ᠤᠨ ᠳᠡᠳ᠋ ᠡᠷᠬᠢᠯᠡᠭᠴᠢ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠳᠡᠳ᠋ ᠡᠷᠬᠢᠯᠡᠭᠴᠢ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠪᠠᠭ᠎ᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠶᠢᠨ ᠳᠤᠰᠢᠶᠠᠯ ᠢ ᠬᠠᠷᠢᠭᠤᠴᠠᠵᠤ ᠦᠩᠭᠡᠷᠡᠪᠡ᠃       ᠠᠵᠢᠯ ᠤᠨ ᠬᠤᠪᠢᠶᠠᠷᠢᠯᠠᠯ       ᠰᠦᠨ ᠵᠢᠶᠦ᠋ᠨ ᠨᠥᠬᠦᠷ ᠤᠨ ᠠᠵᠢᠯ ᠢ ᠬᠠᠪᠰᠤᠷᠴᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠵᠢᠯ᠂ ᠱᠠᠯᠠᠪᠳᠠᠭᠤᠯᠤᠨ ᠪᠠᠶᠢᠴᠠᠭᠠᠬᠤ ᠠᠵᠢᠯ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠢ ᠬᠠᠷᠢᠭᠤᠴᠠᠵᠤ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠥᠬᠦ ᠲᠠᠯ᠎ᠠ ᠶᠢᠨ ᠠᠵᠢᠯ ᠢ ᠡᠷᠭᠢᠯᠡᠨ᠎ᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号