ᠮᠤᠤ ᠽᠢ ᠨᠠᠨ
ᠨᠡᠶᠢᠲᠡᠯᠡᠭᠰᠡᠨ ᠴᠠᠭ᠄
2021/7/30
     ᠲᠤᠪᠴᠢ ᠨᠠᠮᠳᠠᠷ      ᠮᠣᠣ ᠽᠢ ᠨᠠᠨ᠂ ᠡᠷᠡᠭᠲᠡᠢ᠂ ᠬᠢᠲᠠᠳ ᠦᠨᠳᠦᠰᠦᠲᠡᠨ᠂ 1983 ᠣᠨ ᠤ 7 ᠰᠠᠷ᠎ᠠ ᠳᠤ ᠲᠦᠷᠦᠪᠡ᠂᠂ ᠪᠦᠬᠦᠯᠢ ᠡᠳᠦᠷ ᠤᠨ ᠳᠦᠷᠢᠮᠲᠦ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠣᠲᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠪᠠᠭ᠎ᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠲᠡᠷᠢᠭᠦᠯᠡᠭᠴᠢ ᠶᠢᠨ ᠳᠤᠰᠢᠶᠠᠯ ᠢ ᠬᠠᠷᠢᠭᠤᠴᠠᠵᠤ ᠪᠣᠢ᠃ ᠦᠩᠭᠡᠷᠡᠭᠰᠡᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠤᠰᠤᠨ ᠠᠰᠢᠭᠯᠠᠯᠲᠠ ᠶᠢᠨ ᠬᠠᠶᠢᠨ ᠬᠡᠮᠵᠢᠵᠦ ᠵᠢᠷᠤᠵᠤ ᠲᠥᠯᠥᠪᠯᠡᠬᠦ ᠠᠩᠭᠢ ᠳᠤ ᠠᠵᠢᠯᠯᠠᠵᠤ ᠥᠩᠭᠡᠷᠡᠵᠡᠢ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠤᠰᠤᠨ ᠠᠰᠢᠭᠯᠠᠯᠲᠠ ᠶᠢᠨ ᠬᠠᠶᠢᠨ ᠬᠡᠮᠵᠢᠵᠦ ᠵᠢᠷᠤᠵᠤ ᠲᠥᠯᠥᠪᠯᠡᠬᠦ ᠠᠩᠭᠢ ᠶᠢᠨ ᠳᠡᠳ᠋ ᠳᠠᠷᠤᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠲᠠᠶᠢᠸᠠᠨ ᠤ ᠠᠵᠢᠯ ᠤᠨ ᠠᠯᠪᠠᠨ ᠭᠡᠷ ᠤᠨ ᠳᠡᠳ᠋ ᠡᠷᠬᠢᠯᠡᠭᠴᠢ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠵᠥᠪᠯᠡᠯ ᠤᠨ ᠨᠢᠭᠡᠳᠦᠮᠡᠯ ᠹᠷᠣᠨᠲ ᠤᠨ ᠬᠡᠯᠲᠡᠰ ᠤᠨ ᠠᠯᠪᠠᠨ ᠭᠡᠷ ᠤᠨ ᠳᠡᠳ᠋ ᠡᠷᠬᠢᠯᠡᠭᠴᠢ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠨᠠᠮ ᠤᠨ ᠭᠠᠳᠠᠨᠠᠬᠢ ᠰᠡᠬᠡᠭᠡᠲᠡᠨ ᠤ ᠠᠵᠢᠯ ᠤᠨ ᠰᠠᠯᠠᠭ᠎ᠠ ᠶᠢᠨ ᠰᠠᠯᠠᠭᠠᠨ ᠳᠠᠷᠤᠭ᠎ᠠ᠂ ᠰᠠᠯᠠᠭ᠎ᠠ ᠲᠡᠰ ᠤᠨ ᠨᠢᠭᠡᠳᠦᠭᠡᠷ ᠳᠡᠰ ᠤᠨ ᠺᠠᠳ᠋ᠷ ᠤᠨ ᠠᠵᠢᠯ ᠢ ᠬᠠᠷᠢᠭᠤᠴᠠᠵᠤ ᠦᠩᠭᠡᠷᠡᠪᠡ᠃     ᠠᠵᠢᠯ ᠤᠨ ᠬᠤᠪᠢᠶᠠᠷᠢᠯᠠᠯ     ᠰᠦᠨ ᠵᠢᠶᠦ᠋ᠨ ᠨᠥᠬᠦᠷ ᠤᠨ ᠠᠵᠢᠯ ᠢ ᠬᠠᠪᠰᠤᠷᠴᠤ᠂ ᠨᠢᠭᠡᠳᠦᠮᠡᠯ ᠹᠷᠣᠨᠲ᠂ ᠦᠨᠳᠦᠰᠦᠲᠡᠨ ᠱᠠᠰᠢᠨ ᠰᠤᠷᠲᠠᠬᠤᠨ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠠᠵᠢᠯ ᠢ ᠬᠠᠷᠢᠭᠤᠴᠠᠵᠤ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠥᠬᠦ ᠲᠠᠯ᠎ᠠ ᠶᠢᠨ ᠠᠵᠢᠯ ᠢ ᠡᠷᠭᠢᠯᠡᠨ᠎ᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号