ᠠᠪᠠᠭ᠎ᠠ ᠬᠤᠰᠢᠭᠤᠨ ᠤ 2021 ᠣᠨ ᠤ ᠨᠠᠮᠤᠷ ᠤᠨ ᠤᠯᠠᠷᠢᠯ ᠤᠨ ᠡᠪᠡᠰᠦ ᠬᠠᠳᠤᠵᠤ ᠨᠦᠬᠡᠴᠠᠯᠡᠬᠦ ᠠᠵᠢᠯ ᠢ ᠰᠠᠶᠢᠲᠤᠷ ᠬᠢᠬᠦ ᠲᠤᠬᠠᠶ ᠠᠯᠪᠠᠨ ᠵᠠᠷᠯᠡᠯ
ᠨᠡᠶᠢᠲᠡᠯᠡᠭᠰᠡᠨ ᠴᠠᠭ᠄
2021/8/10
     ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠤᠯᠠᠮ ᠨᠢᠬᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠶ ᠬᠥᠭᠵᠢᠭᠦᠯᠬᠦ︾ ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠭᠡᠵᠢᠭᠦᠯᠵᠦ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠵᠦᠢ ᠵᠣᠬᠢᠰᠲᠠᠶ ᠠᠰᠢᠭᠯᠠᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠤᠬᠠᠮᠰᠠᠷ ᠢᠶᠠᠨ ᠦᠨᠡᠨᠬᠦ ᠳᠡᠭᠡᠭᠰᠢᠯᠡᠭᠦᠯᠵᠦ᠂ ᠦᠨᠤ ᠡᠪᠦᠯ ᠢᠷᠡᠬᠦ ᠬᠠᠪᠤᠷ ᠤᠨ ᠮᠠᠯ ᠤᠨ ᠤᠡᠳᠤᠷᠤᠯᠳᠠ ᠶᠢᠨ ᠪᠡᠯᠡᠳᠬᠡᠯ ᠠᠵᠢᠯ ᠵᠢᠴᠢ 2022 ᠣᠨ ᠤ ᠬᠠᠪᠤᠷ ᠤᠨ ᠤᠯᠠᠷᠢᠯ ᠤᠨ ᠨᠤᠭᠤᠭ᠎ᠠ ᠭᠠᠷᠬᠤ ᠬᠤᠭᠤᠴᠠᠭᠠᠨ ᠳᠠᠬᠢ ᠪᠡᠯᠴᠢᠭᠡᠷ ᠰᠡᠷᠬᠦᠬᠡᠬᠦ ᠳᠤ ᠬᠡᠷᠡᠭᠰᠡᠬᠦ ᠡᠪᠡᠰᠦ ᠪᠣᠷᠳᠤᠭ᠎ᠠ ᠨᠦᠬᠡᠴᠡᠯᠡᠬᠦ ᠠᠵᠢᠯ ᠢ ᠪᠦᠲᠦᠮᠵᠢᠲᠡᠶ ᠵᠣᠬᠢᠶᠠᠨ ᠪᠠᠶᠢᠭᠤᠯᠤᠨ ᠨᠥᠭᠡᠴᠡᠯᠡᠵᠦ᠂ ᠭᠠᠮᠰᠢᠭ ᠢ ᠰᠡᠷᠭᠡᠶᠢᠯᠡᠨ ᠭᠠᠮᠰᠢᠭ ᠢ ᠡᠰᠡᠷᠭᠦᠴᠡᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂         ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠲᠦᠷᠢᠮ︾᠂ ︽ᠪᠠᠶᠢᠭᠠᠯᠢ ᠶᠢᠨ ᠬᠠᠳᠤᠯᠠᠩ ᠪᠡᠯᠴᠢᠭᠡᠷ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ︾᠂ ︽ᠠᠪᠠᠭ᠎ᠠ ᠬᠤᠰᠢᠭᠤᠨ ᠤ ᠪᠠᠶᠢᠭᠠᠯᠢᠯᠢᠭ ᠬᠠᠳᠤᠯᠠᠩ ᠪᠡᠯᠴᠢᠭᠡᠷ ᠤᠨ ᠬᠠᠮᠢᠶᠠᠷᠤᠯᠲᠠ ᠶᠢᠨ ᠠᠷᠭ᠎ᠠ︾᠎ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠨᠠᠮᠤᠷ ᠤᠨ ᠤᠯᠠᠷᠢᠯ ᠤᠨ ᠡᠪᠡᠰᠦ ᠬᠠᠳᠤᠵᠤ ᠨᠥᠭᠡᠴᠡᠯᠡᠬᠦ ᠠᠵᠢᠯ ᠢ ᠰᠠᠶᠢᠲᠤᠷ ᠬᠢᠬᠦ ᠲᠤᠬᠠᠢ ᠠᠯᠪᠠᠨ ᠵᠠᠷᠯᠠᠯ ᠢ ᠨᠠᠶᠢᠳᠠᠯᠠᠨ ᠵᠠᠷᠯᠠᠶ᠎ᠠ᠄      ᠨᠢᠭᠡ᠂ ᠬᠠᠳᠤᠬᠤ ᠴᠠᠭ ᠬᠤᠭᠤᠴᠠᠭ᠎ᠠ ᠶᠢ ᠴᠢᠩᠭ᠎ᠠ ᠵᠢᠷᠤᠮᠯᠠᠬᠤ ᠬᠡᠷᠡᠭᠲᠡᠶ ᠮᠠᠨ ᠤ ᠬᠤᠰᠢᠭᠤᠨ ᠤ ᠪᠣᠳᠠᠲᠠᠶ ᠪᠠᠶᠢᠳᠠᠯ᠂ ᠠᠭᠤᠷ ᠠᠮᠢᠰᠬᠤᠯ ᠤᠨ ᠨᠥᠬᠦᠴᠡᠯ ᠪᠠ ᠡᠪᠡᠰᠦ ᠪᠡᠯᠴᠢᠭᠡᠷ ᠤᠨ ᠤᠷᠭᠤᠴᠠ ᠵᠢᠴᠢ ᠭᠠᠯ ᠰᠡᠷᠭᠡᠶᠢᠯᠡᠬᠦ ᠪᠠᠶᠢᠳᠠᠯ ᠢ ᠦᠨᠳᠦᠰᠦᠯᠡᠨ᠂ 8 ᠰᠠᠷ᠎ᠠ ᠶᠢᠨ 25᠎ ᠤ ᠡᠳᠦᠷ ᠠᠴᠠ ᠡᠬᠢᠯᠡᠨ ᠡᠪᠡᠰᠤ ᠬᠠᠳᠤᠵᠤ ᠪᠤᠯᠤᠨ᠎ᠠ᠃ ᠶᠠᠮᠠᠷᠪᠠ ᠪᠠᠶᠢᠭᠤᠯᠭ᠎ᠠ ᠨᠢᠭᠡᠴᠡ ᠪᠠ ᠬᠤᠪᠢ ᠬᠥᠮᠦᠨ ᠬᠠᠳᠤᠵᠤ ᠨᠦᠬᠡᠴᠠᠯᠡᠬᠦ ᠴᠠᠭ ᠬᠤᠭᠤᠴᠠᠭ᠎ᠠ ᠠᠴᠠ ᠤᠷᠢᠳᠴᠢᠯᠠᠬᠤ ᠪᠤᠶᠤ ᠴᠠᠭ ᠬᠤᠭᠤᠴᠠᠭ᠎ᠠ ᠶᠢ ᠬᠤᠶᠢᠰᠢᠯᠠᠭᠤᠯᠬᠤ ᠶᠢ ᠴᠠᠭᠠᠵᠠᠯᠠᠨ᠎ᠠ᠃      ᠬᠤᠶᠠᠷ᠂ ᠬᠠᠳᠤᠯᠠᠩ ᠬᠠᠳᠤᠬᠤ ᠲᠥᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠶ ᠡᠯ᠎ᠡ ᠡᠪᠡᠰᠦ ᠬᠠᠳᠤᠵᠤ ᠨᠦᠬᠡᠴᠡᠯᠡᠬᠦ ᠨᠢᠭᠡᠴᠡ ᠪᠣᠯᠤᠨ ᠬᠤᠪᠢ ᠡᠷᠤᠬᠡ ︽ᠠᠪᠠᠭ᠎ᠠ ᠬᠤᠰᠢᠭᠤᠨ ᠤ ᠪᠠᠶᠢᠭᠠᠯᠢᠯᠢᠭ ᠬᠠᠳᠤᠯᠠᠩ ᠤᠨ ᠬᠠᠮᠢᠶᠠᠷᠤᠯᠲᠠ ᠶᠢᠨ ᠠᠷᠭ᠎ᠠ︾᠎ ᠳᠤ ᠲᠣᠭᠲᠠᠭᠠᠭᠰᠠᠨ ᠬᠠᠳᠤᠯᠠᠩ ᠬᠠᠳᠤᠬᠤ ᠠᠵᠢᠯ ᠤᠨ ᠲᠦᠷᠢᠮ ᠢ ᠴᠢᠩᠭ᠎ᠠ ᠵᠢᠷᠤᠮᠯᠠᠨ ᠡᠪᠡᠰᠦ ᠬᠠᠳᠤᠵᠤ ᠨᠦᠬᠡᠴᠡᠯᠡᠬᠦ ᠬᠡᠷᠡᠭᠲᠡᠶ᠃      ︵ᠨᠢᠭᠡ︶ ᠬᠠᠳᠤᠯᠠᠩ ᠤᠨ ᠲᠠᠯᠠᠪᠠᠢ ᠨᠢ ᠨᠠᠯᠢᠶᠠᠳ ᠪᠠᠭ᠎ᠠ ᠭᠠᠵᠡᠷ ᠲᠤ ᠲᠤᠮᠳᠠᠬᠢ ᠶᠢ ᠨᠢ ᠬᠠᠳᠤᠵᠤ᠂ ᠬᠤᠶᠠᠷ ᠲᠠᠯ᠎ᠠ ᠳᠤ ᠨᠢ ᠦᠯᠡᠳᠡᠭᠡᠬᠦ ᠪᠤᠶᠤ ᠬᠤᠶᠠᠷ ᠲᠠᠯ᠎ᠠ ᠠᠴᠠ ᠨᠢ ᠬᠠᠳᠤᠵᠤ᠂ ᠲᠤᠮᠳᠠᠬᠢ ᠶᠢ ᠦᠯᠡᠳᠡᠭᠡᠵᠦ᠂ ᠡᠪᠡᠰᠤᠨ ᠡᠪᠡᠰᠤ ᠦᠷᠡᠯᠡᠬᠦ ᠬᠠᠮᠠᠭᠠᠯᠠᠯᠳᠠ ᠶᠢᠨ ᠪᠦᠰᠠ ᠦᠯᠡᠳᠡᠬᠡᠬᠦ ᠶᠢ ᠪᠠᠲᠤᠯᠠᠨ᠎ᠠ᠃      ︵ᠬᠤᠶᠠᠷ︶ ᠬᠠᠳᠤᠯᠠᠩ ᠤᠨ ᠲᠠᠯᠠᠪᠠᠢ ᠪᠠᠷ ᠨᠡᠯᠢᠶᠡᠳ ᠶᠡᠭᠡ ᠭᠠᠵᠡᠷ ᠪᠤᠶᠤ ᠲᠥᠪᠯᠡᠷᠡᠨ ᠵᠠᠯᠭᠠᠯᠳᠤᠵᠤ ᠪᠠᠶᠢᠭ᠎ᠠ ᠬᠠᠳᠤᠯᠠᠩ ᠳᠤ ᠲᠥᠯᠥᠪᠯᠡᠭᠡ ᠲᠠᠢ ᠪᠠᠷ ᠬᠡᠰᠡᠭ ᠲᠤᠭᠤᠷᠢᠭ ᠬᠤᠪᠢᠶᠠᠨ᠂ ᠵᠢᠯ ᠠᠯᠤᠰᠯᠠᠨ ᠬᠠᠳᠤᠬᠤ ᠠᠷᠭ᠎ᠠ ᠠᠪᠴᠤ ᠡᠪᠡᠰᠦᠨ ᠤ ᠦᠷ᠎ᠡ ᠶᠢᠨ ᠦᠷᠠᠵᠢᠯᠳᠠ ᠶᠢ ᠪᠠᠳᠤᠯᠠᠬᠤ ᠬᠡᠷᠡᠭᠳᠡᠢ᠃      ︵ᠭᠤᠷᠪᠠ︶ ᠲᠦᠷ ᠴᠠᠭ ᠡᠭᠡᠯᠵᠢᠯᠡᠨ ᠬᠠᠳᠤᠬᠤ ᠨᠦᠬᠦᠴᠠᠯ ᠥᠬᠡᠶ ᠪᠣᠯ᠂ 300 ᠮᠧᠲᠷ ᠬᠠᠳᠤᠬᠤ ᠪᠦᠷᠢ 20 ᠮᠧᠲᠷ ᠠᠴᠠ ᠥᠷᠭᠡᠨ ᠡᠪᠡᠰᠤᠨ ᠤ ᠦᠷ᠎ᠠ ᠶᠢᠨ ᠡᠪᠡᠰᠦᠨ ᠦᠷ᠎ᠡ ᠶᠢᠨ ᠪᠦᠰᠡ ᠪᠣᠯᠭᠠᠨ ᠦᠯᠡᠳᠡᠭᠡᠵᠦ᠂  ᠬᠠᠳᠤᠵᠤ ᠦᠯᠡᠳᠡᠭᠰᠡᠨ ᠭᠤᠤᠷᠠᠰᠤ ᠶᠢ 6 ᠰᠠᠨᠲ᠋ᠢᠮᠧᠲᠷ ᠠᠴᠠ ᠲᠡᠬᠡᠭᠰᠢ ᠪᠠᠶᠢᠯᠭᠠᠬᠤ ᠬᠡᠷᠡᠭᠳᠡᠢ᠃      ︵ᠲᠥᠷᠪᠡ︶ ᠬᠠᠳᠤᠯᠠᠩ ᠤᠨ ᠤᠷᠭᠤᠮᠠᠯ ᠬᠤᠴᠢᠯᠭ᠎ᠠ ᠶᠢᠨ ᠳᠤᠮᠳᠠᠴᠢ ᠪᠦᠷᠬᠦᠴᠡ ᠶᠢᠨ ᠬᠡᠮᠵᠢᠶ᠎ᠡ ᠨᠢ 40%᠎ ᠠᠴᠠ ᠳᠡᠭᠡᠭᠰᠢ᠂ ᠡᠪᠡᠰᠦᠨ ᠤ ᠳᠤᠮᠳᠠᠴᠢ ᠤᠷᠭᠤᠴᠠ ᠶᠢᠨ ᠬᠡᠮᠵᠢᠶ᠎ᠡ ᠨᠢ 20 ᠰᠠᠨᠲ᠋ᠢᠮᠧᠲᠷ ᠠᠴᠠ ᠳᠡᠭᠡᠭᠰᠢ᠂ ᠮᠤ᠋ ᠪᠦᠷᠢ ᠶᠢᠨ ᠭᠠᠷᠤᠯᠳᠠ ᠶᠢᠨ ᠬᠡᠮᠵᠢᠶ᠎ᠠ ᠨᠢ ᠬᠠᠭᠤᠷᠠᠢ ᠡᠪᠡᠰᠤ 45 ᠺᠢᠯᠣᠭ᠍ᠷᠠᠮ ᠠᠴᠠ ᠳᠡᠭᠡᠭᠰᠢ ᠪᠤᠯ ᠰᠠᠶ᠋ᠢ ᠬᠠᠳᠤᠵᠤ ᠪᠣᠯᠤᠨ᠎ᠠ᠂ ᠳᠡᠭᠡᠷ᠎ᠡ ᠳᠤᠷᠠᠳᠤᠭᠰᠠᠨ ᠨᠥᠬᠦᠴᠡᠯ ᠪᠠᠷᠢᠮᠵᠢᠶᠠᠨ ᠲᠤ ᠨᠠᠶᠢᠴᠡᠬᠦ ᠥᠭᠡᠢ ᠪᠣᠯ ᠡᠪᠡᠰᠤ ᠬᠠᠳᠤᠬᠤ ᠶᠢ ᠴᠠᠭᠠᠵᠠᠯᠠᠨ᠎ᠠ᠃      ᠭᠤᠷᠪᠠ᠂ ᠪᠣᠳᠠᠲᠠᠶ ᠱᠠᠭᠠᠷᠳᠠᠯᠭ᠎ᠠ      ︵ᠨᠢᠭᠡ︶ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠬᠠᠳᠤᠯᠠᠩ ᠤᠨ ᠬᠠᠮᠢᠶᠠᠷᠤᠯᠲᠠ ᠶᠢᠨ ᠨᠢᠭᠡᠳᠦᠭᠡᠷ ᠬᠠᠷᠢᠭᠤᠴᠠᠯᠭᠠᠳᠠᠨ ᠨᠢᠭᠡᠴᠡ ᠪᠣᠯᠤᠭᠰᠠᠨ ᠤ ᠬᠤᠪᠢ ᠳᠤ᠂ ᠡᠯ᠎ᠡ ᠭᠠᠴᠠᠭᠠᠨ ᠤ ᠵᠦᠪᠯᠡᠯ ᠤᠨ  ᠬᠠᠳᠤᠯᠠᠩ ᠎ ᠤᠨ ᠲᠠᠯᠠᠪᠠᠢ ᠶᠢᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠶᠢᠨ ᠬᠠᠮᠲᠤ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢᠨ ᠲᠥᠷᠢᠮ ᠲᠤᠭᠳᠠᠭᠠᠵᠤ᠂ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠬᠢᠨᠠᠯᠲᠠ ᠲᠠᠯᠪᠢᠵᠤ ᠬᠠᠮᠢᠶᠠᠷᠬᠤ ᠪᠠ ᠬᠠᠤᠯᠢ ᠬᠡᠷᠡᠭᠵᠢᠭᠦᠯᠵᠦ ᠪᠠᠶᠢᠴᠠᠭᠠᠬᠤ ᠠᠵᠢᠯ ᠨᠢ ᠰᠠᠶᠢᠲᠤᠷ ᠬᠢᠬᠦ ᠬᠡᠷᠡᠭᠲᠡᠶ᠃      ︵ᠬᠤᠶᠠᠷ︶ ᠡᠯ᠎ᠡ ᠭᠠᠴᠠᠭᠠᠨ ᠤ ᠵᠥᠪᠯᠡᠯ ᠲᠣᠰ ᠭᠠᠴᠠᠭᠠᠨ ᠤ ᠪᠠᠨ ᠬᠠᠳᠤᠯᠠᠩ ᠬᠠᠳᠤᠬᠤ ᠲᠥᠰᠦᠯ ᠢ ᠲᠣᠭᠲᠠᠭᠠᠬᠤ ᠶᠢᠨ ᠬᠠᠮᠲᠤ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠵᠤ᠂ ᠬᠠᠳᠤᠯᠠᠩ ᠬᠠᠳᠤᠬᠤ ᠲᠥᠰᠦᠯ ᠤᠨ ᠱᠠᠭᠠᠷᠳᠠᠯᠭ᠎ᠠ ᠶᠣᠰᠣᠭᠠᠷ ᠠᠵᠢᠯᠯᠠᠬᠤ ᠳᠤ ᠬᠢᠨᠠᠯᠲᠠ ᠲᠠᠯᠪᠢᠬᠤ ᠬᠡᠷᠡᠭᠲᠡᠶ᠃      ︵ᠭᠤᠷᠪᠠ︶ ᠲᠡᠯᠬᠢᠭ᠌ᠳᠠᠯ ᠤᠨ ᠴᠢᠨᠠᠷᠳᠡᠢ ᠬᠠᠳᠤᠯᠠᠩ ᠬᠠᠳᠤᠵᠤ ᠡᠵᠡᠩᠨᠡᠯᠳᠡ ᠬᠢᠬᠦ ᠶᠢ ᠴᠠᠭᠠᠵᠠᠯᠠᠵᠤ᠂ ᠬᠠᠳᠤᠯᠠᠩ ᠬᠠᠳᠤᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠡᠳᠤᠷᠡᠳᠠᠯ᠎ᠠ ᠬᠠᠳᠤᠬᠤ ᠶᠢ ᠴᠢᠩᠭ᠎ᠠ ᠴᠠᠭᠠᠵᠠᠯᠠᠵᠤ᠂ ᠲᠣᠭᠤᠷᠢᠭ ᠬᠡᠯᠪᠡᠷᠢ ᠶᠢᠨ ᠡᠪᠡᠰᠦ ᠬᠠᠮᠤᠬᠤ ᠮᠠᠰᠢᠨ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠬᠠᠳᠤᠯᠠᠩ ᠬᠠᠳᠤᠬᠤ ᠳᠤ ᠡᠷᠬᠡᠪᠰᠢ ︽ᠠᠪᠠᠭ᠎ᠠ ᠬᠤᠰᠢᠭᠤᠨ ᠤ ᠪᠠᠶᠢᠭᠠᠯᠢᠯᠢᠭ ᠬᠠᠳᠤᠯᠠᠩ ᠪᠡᠯᠴᠢᠭᠡᠷ ᠤᠨ ᠬᠠᠮᠢᠶᠠᠷᠤᠯᠲᠠ ᠶᠢᠨ ᠠᠷᠭ᠎ᠠ︾᠎ ᠶᠢᠨ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠵᠢᠷᠤᠮᠯᠠᠵᠤ᠂ ᠪᠡᠯᠴᠢᠭᠡᠷ ᠰᠡᠷᠬᠦᠬᠡᠬᠦ ᠶᠢ ᠨᠦᠯᠤᠬᠡᠯᠡᠵᠤ ᠤᠷᠭᠤᠮᠠᠯ ᠬᠤᠴᠢᠯᠭ᠎ᠠ ᠶᠢ ᠵᠢᠯ ᠳᠠᠷᠠᠭᠠᠯᠠᠨ ᠮᠠᠭᠤᠳᠠᠭᠤᠯᠬᠤ ᠠᠴᠠ ᠵᠠᠶᠢᠯᠠᠰᠬᠢᠬᠦ ᠬᠡᠷᠡᠭᠲᠡᠶ︔      ︵ᠲᠥᠷᠪᠡ︶ ᠬᠠᠳᠤᠯᠠᠩ ᠤᠨ ᠲᠠᠯᠠᠪᠠᠢ ᠳᠤ ᠣᠷᠣᠬᠤ ᠲᠡᠭᠡᠭᠡᠪᠦᠷᠢ ᠶᠢᠨ ᠲᠡᠷᠭᠡ ᠬᠥᠰᠬᠡ ᠲᠣᠭᠲᠠᠭᠰᠠᠨ ᠵᠠᠮ ᠱᠤᠭᠤᠮ ᠢᠶᠠᠷ ᠶᠠᠪᠤᠵᠤ᠂ 20 ᠲᠣᠨ ᠠᠴᠠ ᠲᠡᠬᠡᠭᠰᠢᠬᠢ ᠲᠤᠮᠤ ᠬᠡᠯᠪᠡᠷᠢ ᠶᠢᠨ ᠲᠡᠭᠡᠭᠡᠪᠦᠷᠢ ᠶᠢᠨ ᠲᠡᠷᠭᠡ ᠬᠥᠰᠬᠡ ᠬᠠᠳᠤᠯᠠᠩ ᠤᠨ ᠲᠠᠯᠠᠪᠠᠢ ᠳᠤ ᠣᠷᠣᠬᠤ ᠶᠢ ᠴᠢᠩᠭ᠎ᠠ ᠴᠠᠭᠠᠵᠠᠯᠠᠬᠤ ᠬᠡᠷᠡᠭᠳᠡᠢ᠃      ︵ᠲᠠᠪᠤ︶ ᠡᠯ᠎ᠡ ᠰᠤᠮᠤ ᠪᠠᠯᠭᠠᠰᠤᠨ ᠤ ᠬᠠᠷᠢᠶ᠎ᠠ ᠲᠣᠭᠤᠷᠢᠭ ᠲᠠᠬᠢ ᠬᠡᠷᠡᠭᠴᠡᠭᠡ ᠪᠠᠨ ᠪᠠᠲᠤᠯᠠᠭᠰᠠᠨ ᠰᠠᠭᠤᠷᠢᠨ ᠳᠡᠭᠡᠷ᠎ᠡ᠂ ᠬᠤᠰᠢᠭᠤᠨ ᠲᠤᠳᠤᠷ᠎ᠠ ᠪᠠᠨ ᠲᠤᠬᠢᠷᠠᠭᠤᠯᠤᠨ ᠬᠤᠳᠠᠯᠳᠤᠵᠤ ᠪᠤᠯᠤᠨ᠎ᠠ︔      ︵ᠵᠢᠷᠭᠤᠭ᠎ᠠ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ ᠲᠤᠭᠳᠠᠭᠠᠯ︾᠎ ᠢ ᠴᠢᠩᠭ᠎ᠠ ᠨᠠᠶᠢᠳᠠᠪᠤᠷᠢᠵᠢᠭᠤᠯᠵᠤ᠂ ᠬᠡᠭᠡᠷ᠎ᠡ ᠭᠠᠳᠠᠨ᠎ᠠ ᠦᠢᠯᠡᠳᠪᠦᠷᠢᠯᠡᠯ ᠡᠵᠡᠩᠨᠡᠯᠲᠡ ᠬᠢᠬᠦ ᠨᠢᠭᠡᠴᠡ ᠪᠠ ᠬᠤᠪᠢ ᠬᠦᠮᠦᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠭᠡᠷ᠎ᠡ ᠲᠤᠭᠲᠠᠵᠦ᠂ ᠬᠡᠭᠡᠷ᠎ᠡ ᠭᠠᠳᠠᠭ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠡᠳᠤᠷ ᠲᠤᠳᠤᠮ ᠤᠨ ᠭᠠᠯ ᠬᠡᠷᠡᠭᠯᠡᠬᠦ ᠳᠤ ᠡᠷᠬᠡᠪᠰᠢ ᠬᠤᠰᠢᠭᠤᠨ ᠤ ᠭᠠᠯ ᠰᠡᠷᠭᠡᠶᠢᠯᠡᠬᠦ ᠵᠢᠯᠣᠭᠤᠳᠬᠤ ᠬᠡᠯᠳᠡᠰ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠶ︔      ︵ᠲᠤᠯᠤᠭ᠎ᠠ︶ ᠬᠤᠭ ᠨᠣᠪᠰᠢ ᠢ ᠲᠦᠷᠢᠮᠵᠢᠯ ᠲᠠᠢ ᠰᠢᠢᠳᠪᠤᠷᠢᠯᠡᠵᠤ᠂ ᠡᠪᠡᠰᠤ ᠬᠠᠳᠤᠬᠤ ᠬᠦᠮᠤᠰ ᠡᠯ᠎ᠡ ᠲᠥᠷᠥᠯ ᠤᠨ ᠬᠤᠭ ᠨᠣᠪᠰᠢ ᠶᠢ ᠵᠦᠢ ᠵᠤᠬᠢᠰᠳᠡᠢ ᠰᠢᠢᠳᠪᠤᠷᠢᠯᠡᠵᠤ᠂ ᠬᠤᠭ ᠨᠣᠪᠰᠢ ᠢ ᠳᠤᠷ᠎ᠠ ᠪᠠᠷ  ᠬᠠᠶᠠᠵᠤ ᠤᠷᠬᠢᠬᠤ ᠶᠢ ᠴᠢᠩᠭ᠎ᠠ ᠴᠠᠭᠠᠵᠠᠯᠠᠵᠤ᠂ ᠦᠢᠯᠡᠳᠪᠦᠷᠢᠯᠡᠯ ᠠᠮᠢᠳᠤᠷᠠᠯ ᠤᠨ ᠬᠤᠭ ᠨᠣᠪᠰᠢ ᠢ ᠪᠤᠬᠢᠷᠳᠤᠯ ᠦᠬᠡᠢ ᠰᠢᠢᠳᠪᠤᠷᠢᠯᠡᠬᠦ ᠶᠢ ᠪᠠᠳᠤᠯᠠᠬᠤ ᠬᠡᠷᠡᠭᠲᠡᠶ᠃                                 ᠠᠪᠠᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ                     2021 ᠣᠨ ᠤ 8 ᠰᠠᠷ᠎ᠠ ᠶᠢᠨ 9᠎ ᠤ ᠡᠳᠤᠷ
 
ᠢᠷᠡᠯᠲᠡ᠄ ᠠᠪᠠᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号