︽ᠠᠪᠠᠭ᠎ᠠ ᠬᠤᠰᠢᠭᠤᠨ ᠤ ᠰᠢᠯᠢᠳᠡᠭ ᠡᠭᠦᠯᠳᠡᠷ ᠤᠨ ᠮᠢᠬᠠᠨ ᠤ ᠦᠬᠡᠷ ᠰᠤᠯᠢᠯᠴᠠᠵᠤ ᠲᠡᠳᠬᠦᠬᠦ ᠠᠵᠢᠯ ᠤᠨ ᠲᠥᠰᠦᠯ︾   ︽ᠠᠪᠠᠭ᠎ᠠ ᠬᠤᠰᠢᠭᠤᠨ ᠤ ᠲᠠᠷᠢᠶᠠᠯᠠᠩ ᠤᠨ ᠮᠠᠰᠢᠨ ᠮᠧᠬᠠᠨᠢᠭ ᠤᠨ  ᠬᠤᠰᠢᠭᠤ ᠲᠠᠰ ᠤᠨ ᠨᠥᠬᠦᠪᠥᠷᠢ ᠶᠢᠨ ᠲᠥᠰᠦᠯ︾᠎   ᠎ ᠢ ᠳᠠᠷᠤᠮᠠᠯᠯᠠᠨ ᠲᠠᠷᠬᠠᠭᠠᠬᠤ ᠲᠤᠬᠠᠶ ᠠᠪᠠᠭ᠎ᠠ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
ᠨᠡᠶᠢᠲᠡᠯᠡᠭᠰᠡᠨ ᠴᠠᠭ᠄
2021/8/24
ᠡᠯ᠎ᠡ ᠰᠤᠮᠤ ᠪᠠᠯᠭᠠᠰᠤᠨ ︵ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄      ᠡᠳᠦᠭᠡ ︽ᠠᠪᠠᠭ᠎ᠠ ᠬᠤᠰᠢᠭᠤᠨ ᠤ ᠰᠢᠯᠢᠳᠡᠭ ᠡᠭᠦᠯᠳᠡᠷ ᠤᠨ ᠮᠢᠬᠠᠨ ᠤ ᠦᠬᠡᠷ ᠰᠤᠯᠢᠯᠴᠠᠵᠤ ᠲᠡᠳᠬᠦᠬᠦ ᠠᠵᠢᠯ ᠤᠨ ᠲᠥᠰᠦᠯ︾᠂ ︽ᠠᠪᠠᠭ᠎ᠠ ᠬᠤᠰᠢᠭᠤᠨ ᠤ ᠲᠠᠷᠢᠶᠠᠯᠠᠩ ᠤᠨ ᠮᠠᠰᠢᠨ  ᠮᠧᠬᠠᠨᠢᠭ ᠤᠨ ᠬᠤᠰᠢᠭᠤ ᠲᠠᠰ ᠤᠨ ᠨᠥᠬᠦᠪᠥᠷᠢ ᠶᠢᠨ ᠲᠥᠰᠦᠯ︾᠎ ᠢ ᠬᠤᠰᠢᠭᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠶᠠᠷᠢᠯᠴᠠᠵᠤ ᠵᠦᠪᠰᠢᠶᠠᠷᠡᠬᠦᠯᠦᠬᠡᠳ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠵᠤ ᠬᠡᠷᠡᠭᠵᠢᠬᠦᠯᠤᠬᠡᠷᠡᠢ᠃      ᠳᠠᠭᠠᠯᠳᠤᠭᠤᠯᠤᠯ᠄ 1. ︽ᠠᠪᠠᠭ᠎ᠠ ᠬᠤᠰᠢᠭᠤᠨ ᠤ ᠰᠢᠯᠢᠳᠡᠭ ᠡᠭᠦᠯᠳᠡᠷ ᠤᠨ ᠮᠢᠬᠠᠨ ᠤ ᠦᠬᠡᠷ ᠰᠤᠯᠢᠯᠴᠠᠵᠤ ᠲᠡᠳᠬᠦᠬᠦ ᠠᠵᠢᠯ ᠤᠨ ᠲᠥᠰᠦᠯ︾                       2. ︽ᠠᠪᠠᠭ᠎ᠠ ᠬᠤᠰᠢᠭᠤᠨ ᠤ ᠲᠠᠷᠢᠶᠠᠯᠠᠩ ᠤᠨ ᠮᠠᠰᠢᠨ ᠮᠧᠬᠠᠨᠢᠭ ᠤᠨ ᠬᠤᠰᠢᠭᠤ ᠲᠠᠰ ᠤᠨ ᠨᠥᠬᠦᠪᠥᠷᠢ ᠶᠢᠨ ᠲᠥᠰᠦᠯ︾                            ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠤ ᠠᠯᠪᠠᠨ ᠬᠡᠷ                            2021 ᠣᠨ ᠤ 8 ᠰᠠᠷ᠎ᠠ ᠶᠢᠨ 11᠎ ᠤ ᠡᠳᠤᠷ ᠳᠠᠭᠠᠯᠳᠤᠭᠤᠯᠤᠯ 1᠄           ᠠᠪᠠᠭ᠎ᠠ ᠬᠤᠰᠢᠭᠤᠨ ᠤ ᠰᠢᠯᠢᠳᠡᠭ ᠡᠭᠦᠯᠳᠡᠷ ᠤᠨ ᠮᠢᠬᠠᠨ ᠤ ᠦᠬᠡᠷ ᠰᠤᠯᠢᠯᠴᠠᠵᠤ ᠲᠡᠳᠬᠦᠬᠦ ᠠᠵᠢᠯ ᠤᠨ ᠲᠥᠰᠦᠯ ︵ᠲᠤᠷᠰᠢᠨ ᠬᠡᠷᠡᠭᠵᠢᠭᠦᠯᠬᠦ︶           ᠮᠠᠯ ᠤᠨ ᠪᠦᠲᠦᠴᠡ ᠶᠢᠨ ᠲᠣᠬᠢᠷᠠᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠦᠬᠡᠷ ᠤᠨ ᠡᠭᠦᠯᠳᠡᠷ ᠢ ᠰᠠᠶᠢᠵᠢᠷᠠᠭᠤᠯᠬᠤ ᠠᠵᠢᠯ ᠢ ᠲᠣᠭᠲᠠᠭᠤᠨ ᠢᠶᠠᠷ ᠠᠬᠢᠭᠤᠯᠤᠨ᠂ ᠮᠠᠯ ᠠᠵᠤ ᠠᠬᠤᠶ ᠶᠢᠨ ᠦᠷ᠎ᠡ ᠠᠰᠢᠭ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠪᠠᠶᠢᠭᠤᠯᠤᠯᠲᠠ ᠶᠢᠨ ︽ᠬᠤᠤᠰ ᠠᠮᠵᠢᠯᠳᠠ︾᠎ ᠶᠢᠨ ᠬᠠᠷᠠᠯᠲᠠ ᠶᠢ ᠪᠡᠶᠡᠯᠡᠭᠦᠯᠵᠦ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠦᠷᠭᠦᠯᠵᠢᠯᠡᠨ ᠠᠬᠢᠭᠤᠯᠬᠤ ᠶᠢᠨ ᠲᠤᠰᠠᠳᠠ᠂ ᠮᠠᠨ ᠤ ᠬᠤᠰᠢᠭᠤᠨ ᠤ ᠪᠣᠳᠠᠲᠠᠶ ᠪᠠᠶᠢᠳᠠᠯ ᠪᠠ ᠮᠠᠯᠴᠢᠳ ᠤᠨ ᠬᠡᠷᠡᠭᠴᠡᠭᠡ ᠶᠢ ᠦᠨᠳᠦᠰᠦᠯᠡᠨ᠂ ᠠᠪᠠᠭ᠎ᠠ ᠬᠤᠰᠢᠭᠤᠨ ᠤ ᠰᠢᠯᠢᠳᠡᠭ ᠡᠭᠦᠯᠳᠡᠷ ᠤᠨ ᠮᠢᠬᠠᠨ ᠤ ᠦᠬᠡᠷ ᠰᠤᠯᠢᠯᠴᠠᠵᠤ ᠲᠡᠳᠬᠦᠬᠦ ᠠᠵᠢᠯ ᠤᠨ ᠲᠥᠰᠦᠯ ᠢ ᠲᠣᠭᠲᠠᠭᠠᠪᠠ᠃      ᠨᠢᠭᠡ᠂ ᠭᠤᠣᠯ ᠵᠣᠷᠢᠯᠭ᠎ᠠ      ⒈ ᠮᠢᠬᠠᠨ ᠤ ᠦᠬᠡᠷ ᠢ ᠰᠤᠯᠢᠯᠴᠠᠬᠤ ᠪᠠᠷ ᠳᠡᠮᠵᠢᠨ᠂ ᠮᠠᠯᠵᠢᠬᠤ ᠡᠷᠦᠬᠡ ᠶᠢᠨ ᠡᠭᠦᠯᠳᠡᠷ ᠰᠠᠶᠢᠵᠢᠷᠠᠭᠤᠯᠬᠤ ᠦᠶᠡᠯᠡᠯ ᠤᠨ ᠬᠤᠭᠤᠴᠠᠭ᠎ᠠ ᠶᠢ ᠪᠣᠭᠤᠨᠢᠰᠬᠠᠵᠤ᠂ ᠮᠠᠯᠵᠢᠬᠤ ᠡᠷᠦᠬᠡ ᠶᠢᠨ ᠡᠭᠦᠯᠳᠡᠷ ᠰᠠᠶᠢᠵᠢᠷᠠᠭᠤᠯᠬᠤ ᠪᠠ ᠲᠡᠵᠢᠭᠡᠨ ᠠᠷᠠᠴᠢᠯᠠᠬᠤ ᠲᠤᠭ᠎ᠠ ᠲᠣᠯᠣᠭᠠᠶ ᠶᠢ ᠪᠠᠭᠠᠰᠬᠠᠬᠤ ᠶᠠᠪᠤᠴᠠ ᠶᠢ ᠲᠦᠷᠬᠡᠳᠬᠡᠨ᠎ᠠ︔      ⒉ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠪᠠ ᠪᠣᠷᠳᠣᠵᠤ ᠲᠠᠷᠭᠤᠯᠠᠭᠤᠯᠵᠤ ᠣᠷᠣᠯᠭ᠎ᠠ ᠢᠶᠠᠨ ᠨᠡᠮᠡᠭᠳᠡᠭᠦᠯᠬᠦ ᠶᠢ ᠪᠡᠶᠡᠯᠡᠭᠦᠯᠵᠦ᠂ ᠪᠠᠯᠠ ᠬᠤᠷᠠᠮᠳᠤᠭᠤᠯᠬᠤ ᠭᠤᠭᠴᠤᠭ᠎ᠠ ᠶᠢ ᠲᠤᠪᠴᠢᠯᠠᠵᠤ᠂ ᠮᠠᠯᠵᠢᠬᠤ ᠡᠷᠤᠬᠡ ᠶᠢᠨ ᠮᠠᠯ ᠤᠨ ᠡᠭᠦᠯᠳᠡᠷ ᠢ ᠰᠠᠶᠢᠵᠢᠷᠠᠭᠤᠯᠬᠤ᠂ ᠨᠠᠷᠢᠯᠢᠭ ᠠᠷᠠᠴᠢᠯᠠᠵᠤ ᠴᠢᠨᠠᠷᠯᠢᠭ ᠲᠡᠵᠢᠭᠡᠬᠦ᠂ ᠮᠠᠯ ᠠᠵᠤ ᠠᠬᠤᠶ ᠶᠢᠨ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃      ᠬᠤᠶᠠᠷ᠂ ᠲᠡᠳᠬᠦᠬᠦ ᠡᠲᠡᠭᠡᠳ ᠬᠢᠭᠡᠳ ᠲᠡᠳᠬᠦᠬᠦ ᠪᠠᠷᠢᠮᠵᠢᠶ᠎ᠠ      ⒈ ᠲᠡᠳᠬᠦᠬᠦ ᠡᠲᠡᠭᠡᠳ᠄ ᠮᠠᠨ ᠤ ᠬᠤᠰᠢᠭᠤᠨ ᠳᠤ ᠮᠠᠯᠵᠢᠬᠤ ᠲᠠᠷᠢᠶᠠᠯᠠᠬᠤ ᠤᠷᠤᠨ ᠤ ᠡᠷᠦᠬᠡ ᠠᠮᠠ ᠲᠠᠢ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠤᠷᠢᠯᠡᠯ ᠡᠷᠭᠢᠯᠡᠵᠦ ᠪᠠᠶᠢᠭ᠎ᠠ ᠮᠦᠷᠳᠡᠬᠡᠨ ᠮᠠᠯ ᠪᠡᠯᠴᠢᠭᠡᠷ ᠤᠨ ᠲᠠᠩᠴᠠᠬᠦᠷᠢᠰᠢᠯ ᠢ ᠪᠠᠳᠤᠯᠠᠬᠤ᠂ ᠬᠠᠪᠤᠷ ᠤᠨ ᠤᠯᠠᠷᠢᠯ ᠤᠨ ᠨᠤᠭᠤᠭ᠎ᠠ ᠭᠠᠷᠬᠤ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠵᠣᠭᠰᠣᠭᠠᠬᠤ ᠵᠡᠷᠭᠡ ᠲᠦᠷᠢᠮ ᠢ ᠰᠠᠶᠢᠳᠤᠷ ᠵᠢᠷᠤᠮᠯᠠᠭᠰᠡᠨ ᠪᠦᠬᠡᠳ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠮᠢᠬᠠᠨ ᠤ ᠦᠬᠡᠷ ᠤᠨ ᠰᠤᠯᠢᠯᠴᠠᠭ᠎ᠠ ᠪᠠᠨ ᠶᠠᠪᠤᠭᠳᠠᠭᠤᠯᠤᠭᠰᠡᠨ ᠮᠠᠯᠵᠢᠬᠤ ᠡᠷᠤᠬᠡ ᠪᠠᠶᠢᠬᠤ ᠬᠡᠷᠡᠭᠳᠡᠢ᠃      ᠲᠡᠳᠬᠦᠬᠦ ᠪᠠᠷᠢᠮᠵᠢᠶ᠎ᠠ᠄ ᠰᠤᠯᠢᠯᠴᠠᠭᠠᠨ ᠳᠤ ᠬᠢᠷᠢ ᠲᠡᠩᠴᠡᠭᠰᠡᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠪᠦᠷᠢ ᠳᠤ ᠨᠢᠬᠡ ᠯᠡ ᠲᠡᠬᠡᠷ᠎ᠠ ᠳᠤ 1000 ᠲᠥᠭᠦᠷᠢᠭ ᠤᠨ ᠨᠥᠬᠦᠪᠥᠷᠢ ᠣᠯᠭᠤᠨ᠎ᠠ᠃      ᠭᠤᠷᠪᠠ᠂ ᠨᠥᠬᠦᠪᠥᠷᠢ ᠥᠭᠬᠦ ᠬᠡᠪᠴᠢᠶ᠎ᠡ      ᠲᠣᠰ ᠤᠳᠠᠭ᠎ᠠ ᠡᠷᠡᠮᠡᠯᠵᠡᠯᠡᠨ ᠮᠡᠳᠡᠬᠦᠯᠦᠭᠰᠡᠨ ᠲᠠᠰ ᠳᠠᠷᠠᠭᠠᠯᠠᠯ ᠢᠶᠠᠷ ᠨᠥᠬᠦᠪᠥᠷᠢ ᠥᠭᠴᠦ᠂ ᠪᠥᠬᠦ ᠬᠤᠰᠢᠭᠤᠨ ᠤ 2000 ᠰᠢᠯᠢᠳᠡᠭ ᠡᠬᠦᠯᠳᠡᠷ ᠤᠨ ᠮᠢᠬᠠᠨ ᠤ ᠦᠬᠡᠷ ᠤᠨ ᠰᠤᠯᠢᠯᠴᠠᠬᠤ ᠨᠥᠬᠦᠪᠥᠷᠢ ᠶᠢ ᠨᠠᠶᠢᠳᠠᠪᠤᠷᠢᠵᠢᠭᠤᠯᠵᠤ᠂ ᠨᠦᠬᠦᠪᠤᠷᠢᠯᠡᠵᠤ ᠪᠠᠷᠠᠪᠠᠯ ᠲᠠᠷᠤᠢ ᠵᠤᠭᠰᠤᠨ᠎ᠠ᠃      ᠳᠥᠷᠪᠡ᠂ ᠰᠤᠯᠢᠯᠴᠠᠬᠤ ᠱᠠᠭᠠᠷᠳᠠᠯᠭ᠎ᠠ      ⒈ ᠮᠢᠬᠠᠨ ᠤ ᠦᠬᠡᠷ ᠢ ᠰᠤᠯᠢᠯᠴᠠᠬᠤ ᠳᠤ ᠬᠤᠰᠢᠭᠤ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠮᠠᠷᠬᠡᠵᠢᠯ ᠤᠨ ᠲᠣᠪᠴᠢᠶ᠎ᠠ ᠪᠣᠯᠤᠨ ᠰᠤᠮᠤ ᠪᠠᠯᠭᠠᠰᠤᠨ ᠤ ᠵᠠᠰᠠᠭ ᠤᠨ ᠣᠷᠳᠣᠨ ᠠᠴᠠ ᠪᠦᠷᠢᠳᠬᠡᠨ ᠳᠠᠩᠰᠠᠯᠠᠬᠤ ᠶᠢᠨ ᠬᠠᠮᠲᠤ ᠮᠢᠬᠠᠨ ᠤ ᠦᠬᠡᠷ ᠢ ᠬᠢᠨᠠᠨ ᠲᠣᠭᠲᠠᠭᠠᠬᠤ ᠪᠠ ᠲᠠᠩᠰᠠ ᠡᠪᠬᠡᠮᠡᠯ ᠪᠠᠶᠢᠭᠤᠯᠬᠤ ᠠᠵᠢᠯ ᠢ ᠪᠡᠶᠡᠯᠡᠭᠦᠯᠵᠦ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠰᠠᠶᠢᠲᠤᠷ ᠬᠢᠬᠦ ᠬᠡᠷᠡᠭᠲᠡᠶ᠃      ⒉ ᠮᠠᠯᠵᠢᠬᠤ ᠡᠷᠦᠬᠡ ᠰᠤᠯᠢᠯᠴᠠᠭᠠᠨ ᠤ ᠡᠳᠡᠬᠡᠳ ᠢᠶᠠᠨ ᠥᠪᠡᠰᠦᠪᠡᠨ ᠡᠵᠡᠨ ᠮᠡᠳᠡᠵᠤ ᠰᠣᠩᠭᠤᠬᠤ ᠶᠢᠨ ᠬᠠᠮᠲᠤ ᠮᠢᠬᠠᠨ ᠤ ᠦᠬᠡᠷ ᠢᠶᠠᠨ ᠰᠤᠯᠢᠯᠴᠠᠵᠤ᠂ ᠰᠤᠯᠢᠯᠴᠠᠭᠰᠡᠨ ᠮᠢᠬᠠᠨ ᠤ ᠦᠬᠡᠷ ᠤᠨ ᠲᠤᠭ᠎ᠠ᠂ ᠮᠢᠬᠠᠨ ᠤ ᠦᠬᠡᠷ ᠤᠨ ᠡᠬᠦᠯᠳᠡᠷ ᠤᠨ ᠲᠦᠷᠤᠯ ᠢ ᠭᠠᠴᠠᠭ᠎ᠠ᠂ ᠰᠤᠮᠤ ᠪᠠᠯᠭᠠᠰᠤᠨ ᠳᠤ ᠮᠡᠳᠡᠭᠦᠯᠦᠨ ᠪᠦᠷᠢᠳᠬᠡᠬᠦᠯᠤᠨ ᠳᠠᠩᠰᠠᠯᠠᠭᠤᠯᠬᠤ ᠶᠢᠨ ᠬᠠᠮᠲᠤ᠂ ᠡᠷᠦᠬᠡ ᠶᠢᠨ ᠡᠵᠡᠨ ᠤ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ᠂ ᠨᠢᠬᠡ ᠺᠠᠷᠲ ᠢᠶᠠᠷ ᠨᠠᠪᠳᠠᠷᠠᠬᠦ ᠨᠣᠮᠧᠷ ᠪᠠ ᠬᠠᠷᠢᠯᠴᠠᠬᠤ ᠠᠷᠭ᠎ᠠ ᠮᠠᠶ᠋ᠢᠭ ᠢᠶᠠᠨ ᠬᠠᠩᠭᠠᠨ᠎ᠠ᠃      ⒊ ᠴᠢᠨᠠᠷ ᠮᠠᠭᠤᠲᠠᠶ ᠦᠬᠡᠷ ᠢ ᠰᠤᠯᠢᠯᠴᠠᠬᠤ ᠳᠤ ᠬᠤᠶᠠᠷ ᠲᠠᠯ᠎ᠠ ᠪᠠᠷ ᠢᠶᠠᠨ ᠰᠤᠯᠢᠯᠴᠠᠬᠤ ᠬᠡᠯᠡᠯᠴᠡᠭᠡᠷ ᠤᠨ ᠪᠢᠴᠢᠭ ᠢ ᠵᠥᠪᠳᠡᠯᠴᠡᠨ ᠲᠣᠭᠲᠠᠵᠤ᠂ ᠦᠨ᠎ᠡ ᠬᠠᠩᠰᠢ ᠶᠢᠨ ᠵᠥᠷᠢᠶ᠎ᠡ ᠪᠠᠨ ᠬᠠᠷᠢᠯᠴᠠᠨ ᠨᠥᠬᠦᠪᠥᠷᠢᠯᠡᠬᠦ ᠬᠡᠷᠡᠭᠲᠡᠶ᠃      ⒋ ᠰᠤᠯᠢᠯᠴᠠᠭᠰᠡᠨ ᠰᠢᠯᠢᠳᠡᠭ ᠡᠭᠦᠯᠳᠡᠷ ᠤᠨ ᠦᠬᠡᠷ ᠨᠢ ᠡᠷᠬᠡᠪᠰᠢ 12 ᠰᠠᠷ᠎ᠠ ᠠᠴᠠ ᠳᠡᠭᠡᠭᠰᠢ᠂ ᠰᠢᠯᠢᠳᠡᠭ ᠡᠭᠦᠯᠳᠡᠷ ᠤᠨ ᠰᠢᠮᠧᠨ᠋ᠲ᠋ᠠᠷ ᠦᠨᠢᠶ᠎ᠡ ᠪᠠᠶᠢᠵᠤ᠂ ᠮᠠᠯᠴᠢᠳ ᠰᠤᠯᠢᠵᠤ ᠠᠪᠤᠭᠰᠡᠨ ᠴᠢᠨᠠᠷ ᠰᠠᠶᠢᠲᠠᠶ ᠮᠢᠬᠠᠨ ᠤ ᠦᠬᠡᠷ ᠎ ᠢᠶᠠᠨ 3 ᠵᠢᠯ ᠤᠨ ᠳᠣᠲᠣᠷ᠎ᠠ ᠬᠤᠳᠠᠯᠳᠤᠬᠤ ᠪᠤᠶᠤ ᠰᠢᠯᠵᠢᠭᠦᠯᠦᠨ ᠮᠠᠯᠵᠢᠵᠤ ᠪᠣᠯᠬᠤ ᠥᠬᠡᠶ᠃ ᠦᠨᠡᠨᠬᠦ ᠬᠤᠳᠠᠯᠳᠤᠬᠤ ᠪᠠ ᠰᠢᠢᠳᠪᠤᠷᠢᠯᠡᠬᠦ ᠴᠢᠬᠤᠯᠠ ᠲᠠᠢ ᠪᠣᠯ ᠡᠷᠬᠡᠪᠰᠢ ᠭᠠᠴᠠᠭ᠎ᠠ᠂ ᠰᠤᠮᠤ ᠪᠠᠯᠭᠠᠰᠤ ᠪᠠᠷ ᠢᠶᠠᠨ ᠲᠠᠮᠵᠢᠨ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠮᠡᠷᠬᠡᠵᠢᠯ ᠤᠨ ᠲᠣᠪᠴᠢᠶ᠎ᠠ ᠪᠠᠷ ᠵᠥᠪᠰᠢᠶᠡᠷᠡᠭᠦᠯᠬᠦ ᠶᠢᠨ ᠬᠠᠮᠲᠤ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠮᠠᠷᠬᠡᠵᠢᠯ ᠤᠨ ᠲᠣᠪᠴᠢᠶ᠎ᠠ ᠠᠴᠠ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠲᠤᠷᠠᠨ ᠬᠤᠯᠪᠤᠭᠳᠠᠯ ᠪᠦᠬᠦᠢ ᠨᠥᠬᠦᠪᠥᠷᠢ ᠶᠢᠨ ᠪᠠᠯᠠ ᠮᠥᠩᠭᠦ ᠶᠢ ᠡᠬᠡᠬᠦᠯᠤᠨ ᠬᠤᠷᠢᠶᠠᠨ ᠠᠪᠬᠤ ᠬᠡᠷᠡᠭᠲᠡᠶ᠃ ᠥᠭᠦᠭᠰᠡᠨ ᠪᠤᠶᠤ ᠠᠯᠳᠠᠵᠤ ᠤᠷᠬᠢᠭᠰᠡᠨ ᠪᠠᠶᠢᠪᠠᠯ ᠴᠠᠭ ᠲᠤᠬᠠᠢ ᠳᠤᠨᠢ ᠰᠤᠮᠤ ᠪᠠᠯᠭᠠᠰᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠮᠠᠷᠬᠡᠵᠢᠯ ᠤᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃      ᠲᠠᠪᠤ᠂ ᠰᠤᠯᠢᠯᠴᠠᠬᠤ ᠠᠵᠢᠯ ᠢ ᠪᠦᠷᠢᠳᠬᠡᠨ ᠳᠠᠩᠰᠠᠯᠠᠬᠤ ᠲᠠᠰ ᠳᠠᠷᠠᠭᠠᠯᠠᠯ      ᠴᠢᠨᠠᠷ ᠮᠠᠭᠤᠲᠠᠶ ᠮᠢᠬᠠᠨ ᠤ ᠦᠬᠡᠷ ᠢ ᠤᠷᠢᠳᠴᠢᠯᠠᠨ ᠰᠣᠯᠢᠭᠰᠠᠨ ᠮᠠᠯᠵᠢᠬᠤ ᠡᠷᠦᠬᠡ ᠤᠷᠢᠳᠠᠪᠠᠷ ᠰᠤᠮᠤ ᠪᠠᠯᠭᠠᠰᠤ᠂ ᠭᠠᠴᠠᠭ᠎ᠠ ᠳᠤ ᠪᠠᠨ ᠪᠦᠷᠢᠳᠬᠡᠨ ᠳᠠᠩᠰᠠᠯᠠᠭᠤᠯᠬᠤ ᠬᠡᠷᠡᠭᠲᠡᠶ᠃ ᠰᠤᠮᠤ ᠪᠠᠯᠭᠠᠰᠤ ᠠᠴᠠ ᠰᠣᠯᠢᠭᠰᠠᠨ ᠮᠢᠬᠠᠨ ᠤ ᠦᠬᠡᠷ ᠢ ᠬᠢᠨᠠᠨ ᠲᠤᠭᠳᠠᠭᠠᠵᠤ ᠬᠢᠷᠢ ᠲᠡᠩᠴᠡᠭᠰᠡᠨ ᠤ ᠳᠠᠷᠠᠭ᠎ᠠ᠂ ᠤᠯᠠᠷᠢᠯ ᠪᠦᠷᠢ ᠳᠤ ᠵᠠᠷᠯᠠᠨ ᠨᠡᠶᠢᠲᠡᠯᠡᠵᠦ ᠂ ᠵᠠᠷᠯᠠᠨ ᠨᠡᠶᠢᠲᠡᠯᠡᠭᠰᠡᠨ ᠤ ᠳᠠᠷᠠᠭ᠎ᠠ ᠣᠨᠳᠣᠤ ᠰᠠᠨᠠᠯ ᠥᠬᠡᠶ ᠪᠣᠯ ᠬᠤᠰᠢᠭᠤ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠮᠠᠷᠬᠡᠵᠢᠯ ᠤᠨ ᠲᠣᠪᠴᠢᠶ᠎ᠠ ᠳᠤ ᠮᠡᠳᠡᠭᠦᠯᠵᠦ᠂ ᠬᠠᠮᠢᠶ᠎ᠠ ᠪᠥᠬᠦᠶ ᠨᠥᠬᠦᠪᠥᠷᠢ ᠶᠢ ᠣᠯᠭᠤᠨ᠎ᠠ᠃      ᠵᠢᠷᠭᠤᠭ᠎ᠠ᠂ ᠪᠡᠯᠡ ᠮᠦᠩᠬᠦᠨ ᠤ ᠬᠠᠮᠢᠶᠠᠷᠤᠯᠲᠠ      ᠬᠤᠰᠢᠭᠤ ᠡᠳ᠋ ᠤᠨ ᠵᠠᠰᠠᠭ ᠤᠨ ᠲᠣᠪᠴᠢᠶ᠎ᠠ ᠠᠴᠠ ᠲᠡᠳᠬᠦᠨ ᠳᠡᠮᠵᠢᠬᠦ ᠪᠠᠯᠠ ᠮᠦᠩᠬᠦᠨ ᠤ ᠬᠠᠮᠢᠶᠠᠷᠤᠯᠲᠠ ᠪᠠᠨ ᠴᠢᠩᠭᠠᠳᠬᠠᠵᠤ᠂ ︽ᠲᠤᠰᠬᠠᠶ ᠲᠠᠩᠰᠠ ᠪᠠᠷ ᠬᠢᠨᠡᠨ ᠬᠠᠷᠭᠤᠭᠤᠯᠵᠤ᠂ ᠲᠤᠰᠬᠠᠶ ᠪᠡᠯᠡ ᠶᠢ ᠲᠤᠰᠬᠠᠶ ᠬᠡᠷᠡᠭᠯᠡᠬᠦ︾᠎ ᠶᠢ ᠦᠨᠡᠨᠬᠦ ᠪᠠᠲᠤᠯᠠᠬᠤ ᠬᠡᠷᠡᠭᠲᠡᠶ᠃ ᠡᠳ᠋ ᠤᠨ ᠵᠠᠰᠠᠭ᠂ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ ᠱᠠᠯᠠᠪᠳᠠᠨ ᠪᠠᠶᠢᠴᠠᠭᠠᠵᠤ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠳᠬᠠᠵᠤ ᠲᠠᠮᠵᠢᠨ᠂ ᠲᠡᠳᠬᠦᠬᠦ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠬᠤ᠂ ᠪᠠᠯᠠ ᠮᠥᠩᠭᠦ ᠶᠢ ᠲᠦᠷᠢᠮᠵᠢᠬᠦᠯᠤᠨ ᠬᠡᠷᠡᠭᠯᠡᠬᠦ ᠶᠢ ᠦᠨᠡᠨᠬᠦ ᠪᠠᠲᠤᠯᠠᠵᠤ᠂ ᠬᠤᠳᠠᠯ ᠬᠠᠭᠤᠷᠮᠠᠭ ᠢᠶᠠᠷ ᠰᠤᠯᠢᠯᠴᠠᠬᠤ᠂ ᠮᠡᠬᠡᠯᠡᠨ ᠠᠪᠬᠤ᠂ ᠠᠯᠪᠠᠳᠠᠨ ᠡᠵᠡᠯᠡᠬᠦ᠂ ᠨᠡᠭᠦᠯᠭᠡᠨ ᠬᠡᠷᠡᠭᠯᠡᠬᠦ᠂ ᠳᠤᠮᠳᠠ ᠠᠴᠠ ᠨᠢ ᠦᠯᠡᠳᠡᠭᠡᠬᠦ ᠦᠵᠡᠭᠳᠡᠯ ᠭᠠᠷᠬᠤ ᠶᠢ ᠡᠷᠡᠰ ᠴᠠᠭᠠᠵᠠᠯᠠᠬᠤ ᠬᠡᠷᠡᠭᠲᠡᠶ᠃      ᠲᠤᠯᠤᠭ᠎ᠠ᠂ ᠬᠠᠤᠯᠢ ᠶᠢᠨ ᠬᠠᠷᠢᠭᠤᠴᠠᠯᠭ᠎ᠠ      ᠮᠠᠯᠵᠢᠬᠤ ᠡᠷᠦᠬᠡ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠡᠳ᠋ ᠤᠨ ᠵᠠᠰᠠᠭ ᠤᠨ ᠨᠥᠬᠦᠪᠥᠷᠢ ᠶᠢᠨ ᠵᠣᠭᠤᠰ ᠢ ᠬᠤᠷᠢᠶᠠᠨ ᠠᠪᠴᠤ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠬᠠᠤᠯᠢ ᠶᠣᠰᠣᠭᠠᠷ ᠰᠢᠯᠵᠢᠭᠦᠯᠦᠨ ᠬᠦᠷᠭᠡᠵᠦ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄      ︵ᠨᠢᠭᠡ︶  ᠰᠢᠯᠢᠳᠡᠭ ᠴᠢᠨᠡᠷ ᠤᠨ ᠦᠬᠡᠷ ᠰᠤᠯᠢᠯᠴᠠᠨ ᠠᠪᠴᠢᠷᠠᠭᠠᠳ ᠥᠪᠡᠷ ᠢᠶᠠᠨ ᠲᠡᠵᠢᠭᠡᠨ ᠠᠷᠠᠴᠢᠯᠠᠬᠤ ᠥᠭᠡᠢ᠂ ᠰᠢᠯᠵᠢᠬᠦᠯᠤᠨ ᠬᠤᠳᠠᠯᠳᠤᠬᠤ ᠪᠤᠶᠤ ᠨᠥᠬᠦᠪᠥᠷᠢ ᠥᠭᠬᠦ ᠨᠥᠬᠦᠴᠡᠯ ᠲᠤ ᠨᠡᠶᠢᠴᠡᠬᠦ ᠥᠭᠡᠢ ᠬᠥᠮᠦᠰ ᠣᠷᠣᠯᠠᠨ ᠬᠤᠳᠠᠯᠳᠤᠨ ᠠᠪᠴᠤ᠂ ᠨᠥᠬᠦᠪᠥᠷᠢ ᠶᠢ ᠮᠡᠬᠡᠯᠡᠨ ᠠᠪᠬᠤ ᠪᠤᠶᠤ ᠳᠤᠮᠳᠠ ᠠᠴᠠ ᠨᠢ ᠠᠰᠢᠭ ᠬᠤᠨᠵᠢᠬᠤ᠃      ︵ᠬᠤᠶᠠᠷ︶ ᠬᠠᠮᠢᠶ᠎ᠠ ᠪᠦᠬᠦᠢ ᠭᠠᠷᠳᠠᠮ ᠢ ᠬᠠᠭᠤᠷᠮᠠᠭᠯᠠᠨ ᠵᠤᠬᠢᠶᠠᠵᠤ᠂ ᠬᠤᠳᠠᠯ ᠢᠶᠠᠷ ᠰᠤᠯᠢᠯᠴᠠᠭᠠᠨ ᠶᠠᠪᠤᠭᠳᠠᠭᠤᠯᠵᠤ᠂ ᠡᠳ᠋ ᠤᠨ ᠵᠠᠰᠠᠭ ᠤᠨ ᠨᠥᠬᠦᠪᠥᠷᠢ ᠶᠢ ᠮᠡᠬᠡᠯᠡᠨ ᠠᠪᠬᠤ᠃      ︵ᠭᠤᠷᠪᠠ︶ ᠤᠯᠤᠰ ᠤᠨ ᠠᠰᠢᠭ ᠲᠤᠰᠠ ᠶᠢ ᠬᠤᠬᠢᠷᠠᠭᠤᠯᠤᠭᠰᠠᠨ ᠪᠤᠰᠤᠳ ᠠᠵᠢᠯᠯᠠᠭ᠎ᠠ ᠨᠤᠭᠤᠳ᠃      ᠲᠣᠰ ᠲᠡᠳᠬᠦᠬᠦ ᠠᠵᠢᠯ ᠤᠨ ᠲᠥᠰᠦᠯ ᠢ ᠨᠡᠶᠢᠲᠡᠯᠡᠭᠰᠡᠨ ᠡᠳᠦᠷ ᠠᠴᠠ ᠡᠬᠢᠯᠡᠨ ᠲᠤᠷᠰᠢᠨ ᠬᠡᠷᠡᠭᠵᠢᠭᠦᠯᠵᠦ᠂ ᠬᠠᠮᠤᠭ ᠡᠴᠦᠰ ᠤᠨ ᠲᠠᠶᠢᠯᠪᠤᠷᠢᠯᠠᠬᠤ ᠡᠷᠬᠡ ᠶᠢ ᠠᠪᠠᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠠᠷᠢᠭᠤᠴᠠᠨ᠎ᠠ᠃    ᠳᠠᠭᠠᠯᠳᠤᠭᠤᠯᠤᠯ 2᠄          ᠠᠪᠠᠭ᠎ᠠ ᠬᠤᠰᠢᠭᠤᠨ ᠤ ᠲᠠᠷᠢᠶᠠᠯᠠᠩ ᠤᠨ ᠮᠠᠰᠢᠨ ᠮᠧᠬᠠᠨᠢᠭ ᠤᠨ ᠬᠤᠰᠢᠭᠤ ᠲᠡᠰ ᠤᠨ ᠨᠥᠬᠦᠪᠥᠷᠢ ᠶᠢᠨ ᠲᠥᠰᠦᠯ          ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠤᠯᠠᠮ ᠴᠢᠨᠠᠭᠰᠢᠳᠠ ᠲᠥᠯᠬᠢᠨ ᠠᠬᠢᠭᠤᠯᠬᠤ ᠶᠢᠨ ᠲᠤᠰᠠᠳᠠ᠂ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠪᠣᠯᠤᠨ ᠮᠠᠯᠴᠢᠳ ᠤᠨ ᠬᠡᠷᠡᠭᠴᠡᠭᠡ ᠲᠠᠢ ᠤᠶᠠᠯᠳᠤᠭᠤᠯᠤᠨ᠂ ᠲᠡᠵᠢᠭᠡᠯ ᠪᠣᠷᠳᠤᠭ᠎ᠠ ᠨᠠᠶᠢᠷᠠᠭᠤᠯᠬᠤ ᠤᠯᠠᠨ ᠬᠡᠷᠡᠭᠴᠡᠭᠡᠲᠦ ᠨᠡᠬᠦᠳᠠᠯ ᠮᠠᠰᠢᠨ ᠲᠤ ᠨᠥᠬᠦᠪᠥᠷᠢ ᠣᠯᠭᠤᠨ᠎ᠠ᠃ ᠪᠣᠳᠠᠲᠠᠶ ᠠᠭᠤᠯᠭ᠎ᠠ ᠨᠢ ᠳᠣᠣᠷᠠᠬᠢ ᠮᠡᠲᠦ᠄      ᠨᠢᠭᠡ᠂ ᠭᠤᠣᠯ ᠵᠣᠷᠢᠯᠭ᠎ᠠ      ⒈ᠮᠠᠨ ᠤ ᠬᠤᠰᠢᠭᠤᠨ ᠤ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠬᠢᠷᠢ ᠲᠦᠪᠰᠢᠨ ᠶᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠮᠠᠯᠵᠢᠬᠤ ᠣᠷᠣᠨ ᠤ ᠬᠥᠳᠡᠯᠮᠦᠷᠢ ᠬᠦᠴᠤ ᠶᠢ ᠠᠷᠪᠢᠯᠠᠨ᠂ ᠲᠡᠵᠢᠬᠡᠨ ᠠᠷᠠᠴᠢᠯᠠᠬᠤ ᠥᠪᠡᠷ ᠤᠨ ᠥᠷᠲᠡᠭ ᠢ ᠪᠠᠭᠠᠰᠬᠠᠨ᠂ ᠮᠠᠯᠵᠢᠬᠤ ᠣᠷᠣᠨ ᠤ ᠦᠢᠯᠡᠳᠪᠤᠷᠢᠯᠡᠯ ᠠᠮᠢᠳᠤᠷᠠᠯ ᠤᠨ ᠬᠡᠷᠡᠭᠴᠡᠭᠡ ᠶᠢ ᠰᠢᠢᠳᠪᠤᠷᠢᠯᠡᠵᠤ᠂ ᠮᠠᠯᠵᠢᠬᠤ ᠣᠷᠣᠨ ᠤ ᠤᠳᠤᠬᠢᠴᠢᠯᠠᠭᠰᠡᠨ ᠮᠠᠰᠢᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      ⒉ᠲᠡᠷᠢᠭᠦᠨ ᠤ ᠬᠡᠷᠡᠭᠯᠡᠭᠡᠨ ᠤ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠮᠧᠬᠠᠨᠢᠭ ᠶᠢ ᠳᠡᠯᠭᠡᠷᠡᠭᠦᠯᠬᠦ ᠪᠠᠷ ᠳᠠᠮᠵᠢᠭᠤᠯᠤᠨ᠂ ᠮᠠᠯᠴᠢᠳ ᠢ ᠬᠥᠲᠥᠯᠦᠨ ᠵᠢᠯᠣᠭᠤᠳᠴᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨᠴᠢ ᠦᠢᠯᠡᠳᠪᠤᠷᠢᠯᠡᠯ ᠤᠨ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠮᠠᠯᠴᠢᠳ ᠤᠨ ︽ᠴᠦᠬᠡᠨ ᠲᠡᠵᠢᠭᠡᠵᠦ ᠨᠠᠷᠢᠯᠢᠭ ᠲᠡᠵᠢᠭᠡᠬᠦ︾ ᠲᠠᠨᠢᠯᠳᠠ ᠤᠬᠠᠮᠰᠠᠷ ᠢ ᠳᠡᠭᠡᠭᠰᠢᠯᠡᠭᠦᠯᠦᠨ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠢ ᠤᠯᠠᠮ ᠴᠢᠨᠠᠭᠰᠢᠳᠠ ᠰᠠᠶᠢᠵᠢᠷᠠᠭᠤᠯᠵᠤ᠂ ᠠᠵᠤ ᠠᠬᠤᠶ ᠶᠢᠨ ᠦᠷ᠎ᠡ ᠠᠰᠢᠭ᠂ ᠠᠮᠢ ᠠᠬᠤᠶ ᠶᠢᠨ ᠦᠷ᠎ᠡ ᠠᠰᠢᠭ ᠢ ᠨᠡᠮᠡᠭᠳᠡᠬᠦᠯᠤᠨ᠎ᠠ᠃      ᠬᠤᠶᠠᠷ᠂ ᠮᠠᠰᠢᠨ ᠮᠧᠬᠠᠨᠢᠭ ᠤᠨ ᠲᠦᠷᠦᠯ ᠬᠡᠯᠪᠡᠷᠢ ᠵᠢᠴᠢ ᠨᠥᠬᠦᠪᠥᠷᠢ ᠥᠭᠬᠦ ᠪᠠᠷᠢᠮᠵᠢᠶ᠎ᠠ      ⒈ᠮᠠᠰᠢᠨ ᠮᠧᠬᠠᠨᠢᠭ ᠤᠨ ᠲᠥᠷᠥᠯ ᠬᠡᠯᠪᠡᠷᠢ ᠨᠢ ᠡᠳ᠋ᠰᠢᠭᠦᠯᠦᠨ ᠨᠠᠶᠢᠷᠠᠭᠤᠯᠬᠤ ᠪᠠ ᠲᠡᠵᠢᠬᠡᠯ ᠣᠷᠣᠭᠤᠯᠬᠤ᠂ ᠲᠡᠵᠢᠬᠡᠯ ᠠᠰᠬᠠᠬᠤ ᠣᠯᠠᠨ ᠴᠢᠳᠠᠮᠵᠢᠳᠤ ᠲᠡᠵᠢᠬᠡᠯ ᠡᠪᠡᠰᠤ ᠪᠣᠷᠳᠤᠭ᠎ᠠ ᠨᠠᠶᠢᠷᠠᠭᠤᠯᠬᠤ ᠠᠦ᠋ᠲ᠋ᠠᠴᠢᠯᠠᠭᠰᠡᠨ ᠰᠢᠯᠵᠢᠮᠡᠯ ᠬᠡᠯᠪᠡᠷᠢ ᠶᠢᠨ ᠨᠢᠭᠡ ᠴᠣᠭᠴᠠᠲᠤ ᠮᠠᠰᠢᠨ ᠪᠥᠭᠡᠳ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠮᠧᠬᠠᠨᠢᠭ ᠢ ᠦᠢᠯᠡᠳᠪᠤᠷᠢᠯᠡᠨ ᠪᠣᠷᠣᠯᠠᠭᠤᠯᠬᠤ ︽ᠪᠦᠳᠤᠬᠡᠭᠳᠡᠬᠦᠨ ᠤ ᠶᠠᠰᠤ ᠴᠢᠨᠠᠷ ᠤᠨ ᠬᠠᠤᠯᠢ︾ ᠵᠡᠷᠭᠡ ᠬᠠᠮᠢᠶ᠎ᠠ ᠪᠥᠬᠦᠶ ᠲᠣᠭᠲᠠᠭᠠᠯ ᠳᠤ ᠨᠠᠶᠢᠴᠡᠭᠰᠡᠨ ᠪᠠᠶᠢᠬᠤ ᠬᠡᠷᠡᠭᠳᠡᠢ᠃      ⒉ᠨᠥᠬᠦᠪᠥᠷᠢ ᠭᠥᠷᠳᠡᠬᠦ ᠮᠠᠯᠵᠢᠬᠤ ᠡᠷᠦᠬᠡ ᠨᠢ ᠲᠣᠰ ᠭᠠᠵᠠᠷ ᠣᠷᠣᠨ ᠤ ᠲᠠᠷᠢᠶᠠᠯᠠᠩ ᠮᠠᠯᠵᠢᠬᠤ ᠡᠷᠦᠬᠡ ᠠᠮᠠ ᠶᠢᠨ ᠲᠠᠩᠰᠠ ᠲᠠᠢ ᠪᠠᠶᠢᠵᠤ᠂ ᠮᠠᠯ ᠠᠵᠤ ᠠᠬᠤᠶ ᠡᠷᠬᠢᠯᠡᠵᠤ ᠪᠠᠶᠢᠬᠤ ᠶᠢᠨ ᠬᠠᠮᠲᠤ ᠮᠠᠯ ᠪᠡᠯᠴᠢᠭᠡᠷ ᠤᠨ ᠲᠠᠩᠴᠠᠬᠦᠷᠢᠰᠢᠯ ᠢ ᠰᠠᠶᠢᠳᠤᠷ ᠬᠡᠷᠡᠭᠵᠢᠬᠦᠯᠦᠭᠰᠡᠨ ᠡᠷᠦᠬᠡ ᠪᠠᠶᠢᠬᠤ ᠬᠡᠷᠡᠭᠳᠡᠢ᠃ ᠮᠠᠰᠢᠨ ᠨᠢᠭᠡᠪᠦᠷᠢ ᠳᠤ 1.5 ᠲᠦᠮᠡᠨ ᠲᠥᠭᠦᠷᠢᠭ ᠤᠨ ᠨᠥᠬᠦᠪᠥᠷᠢ ᠥᠭᠬᠦ ᠪᠠᠷᠢᠮᠵᠢᠶ᠎ᠠ ᠪᠠᠷ ᠨᠥᠬᠦᠪᠥᠷᠢ ᠤᠯᠭᠤᠨ᠎ᠠ᠃ 2018 ᠣᠨ ᠠᠴᠠ 2020 ᠣᠨ ᠪᠣᠯᠲᠠᠯ᠎ᠠ ᠨᠢᠭᠡᠨᠲᠡ ᠠᠳᠠᠯᠢ ᠲᠥᠷᠥᠯ ᠤᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠮᠧᠬᠠᠨᠢᠭ ᠤᠨ ᠨᠥᠬᠦᠪᠥᠷᠢ ᠶᠢ ᠭᠥᠷᠳᠡᠭᠰᠡᠨ ᠮᠠᠯᠴᠢᠨ ᠡᠷᠦᠬᠡ ᠲᠣᠰ ᠤᠳᠠᠭᠠᠨ ᠤ ᠲᠠᠷᠢᠶᠠᠯᠠᠩ ᠤᠨ ᠮᠠᠰᠢᠨ ᠤ ᠨᠥᠬᠦᠪᠥᠷᠢ ᠶᠢ ᠳᠠᠬᠢᠨ ᠳᠠᠪᠲᠠᠨ ᠭᠥᠷᠳᠡᠵᠦ ᠪᠣᠯᠬᠤ ᠥᠬᠡᠶ᠃      ᠭᠤᠷᠪᠠ᠂ ᠨᠥᠬᠦᠪᠥᠷᠢ ᠥᠭᠬᠦ ᠬᠡᠪᠴᠢᠶ᠎ᠡ      ᠲᠣᠰ ᠤᠳᠠᠭᠠᠨ ᠤ ᠨᠥᠬᠦᠪᠥᠷᠢ ᠶᠢᠨ ᠲᠤᠷᠰᠢᠨ ᠬᠡᠷᠡᠭᠵᠢᠭᠦᠯᠬᠦ ᠠᠷᠭ᠎ᠠ ᠳᠤ ᠪᠡᠶ᠎ᠡ ᠪᠠᠨ ᠳᠠᠭᠠᠭᠠᠵᠤ ᠮᠠᠰᠢᠨ ᠮᠧᠬᠠᠨᠢᠭ ᠬᠤᠳᠠᠯᠳᠤᠨ ᠠᠪᠬᠤ᠂ ᠲᠣᠭᠲᠠᠭᠰᠠᠨ ᠨᠣᠷᠮ᠎ᠠ ᠪᠠᠷ ᠨᠥᠬᠦᠪᠥᠷᠢ ᠥᠭᠬᠦ᠂ ᠤᠷᠢᠳ ᠢᠶᠠᠷ ᠬᠤᠳᠠᠯᠳᠤᠨ ᠠᠪᠴᠤ ᠳᠠᠷᠠᠭ᠎ᠠ ᠨᠢ ᠨᠥᠬᠦᠪᠥᠷᠢ ᠥᠭᠬᠦ᠂ ᠨᠥᠬᠦᠪᠥᠷᠢ ᠶᠢ ᠰᠢᠭᠤᠳ ᠡᠷᠦᠬᠡ ᠳᠤ ᠤᠯᠭᠤᠬᠤ ᠠᠷᠭ᠎ᠠ ᠬᠡᠮᠵᠢᠶ᠎ᠠ ᠶᠢ ᠠᠪᠴᠤ᠂ ᠮᠠᠰᠢᠨ ᠬᠤᠳᠠᠯᠳᠤᠨ ᠠᠪᠤᠭᠰᠡᠨ ᠢᠶᠠᠨ ᠲᠡᠬᠡᠭᠰᠢ ᠮᠡᠳᠡᠬᠦᠯᠦᠭᠰᠡᠨ ᠲᠠᠰ ᠳᠠᠷᠠᠭᠠᠯᠠᠯ ᠢᠶᠠᠷ ᠨᠥᠬᠦᠪᠥᠷᠢ ᠥᠭᠴᠦ᠂ ᠲᠤᠰᠬᠠᠢ ᠲᠦᠷᠤᠯ ᠵᠥᠢᠯ ᠤᠨ ᠮᠦᠩᠬᠦ ᠨᠥᠬᠦᠪᠥᠷᠢᠯᠡᠵᠦ ᠳᠠᠭᠤᠰᠲᠠᠯ᠎ᠠ ᠬᠡᠷᠡᠭᠵᠢᠭᠦᠯᠦᠨ᠎ᠡ᠃      ᠳᠥᠷᠪᠡ᠂ ᠮᠡᠳᠡᠭᠦᠯᠬᠦ ᠲᠠᠰ ᠳᠠᠷᠠᠭᠠᠯᠠᠯ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠮᠧᠬᠠᠨᠢᠭ ᠬᠤᠳᠠᠯᠳᠤᠨ ᠠᠪᠬᠤ ᠬᠠᠮᠢᠶ᠎ᠠ ᠪᠥᠬᠦᠶ ᠲᠣᠭᠲᠠᠭᠠᠯ ᠤᠨ ᠱᠠᠭᠠᠷᠳᠠᠯᠭ᠎ᠠ ᠶᠣᠰᠣᠭᠠᠷ ︽ᠮᠠᠰᠢᠨ ᠬᠤᠳᠠᠯᠳᠤᠨ ᠠᠪᠬᠤ ᠶᠢ ᠴᠢᠯᠥᠭᠡᠲᠡᠶ ᠪᠣᠯᠭᠠᠬᠤ᠂ ᠤᠷᠢᠳᠠᠪᠠᠷ ᠬᠤᠳᠠᠯᠳᠤᠨ ᠠᠪᠴᠤ ᠳᠠᠷᠠᠭ᠎ᠠ ᠨᠢ ᠨᠥᠬᠦᠪᠥᠷᠢᠯᠡᠬᠦ᠂ ᠪᠢᠴᠢᠭ ᠪᠠᠷᠢᠮᠳᠠ ᠪᠠᠨ ᠪᠦᠷᠢᠡᠰᠢᠬᠦᠯᠤᠨ ᠭᠤᠶᠤᠴᠢᠯᠠᠬᠤ᠂ ᠬᠦᠢᠴᠡᠳᠬᠡᠯ ᠢ ᠳᠥᠭᠦᠮᠴᠢᠯᠡᠬᠦ︾ ᠵᠠᠷᠴᠢᠮ ᠶᠣᠰᠣᠭᠠᠷ ᠬᠡᠷᠡᠭᠵᠢᠭᠦᠯᠦᠨ᠎ᠡ᠃ ᠪᠣᠳᠠᠲᠠᠶ ᠪᠠᠷ ᠬᠡᠯᠡᠪᠡᠯ᠄      ⒈ᠮᠠᠯᠵᠢᠬᠤ ᠡᠷᠦᠬᠡ ᠮᠠᠰᠢᠨ ᠮᠧᠬᠠᠨᠢᠭ ᠬᠤᠳᠠᠯᠳᠤᠨ ᠠᠪᠤᠭᠰᠠᠨ ᠤ ᠳᠠᠷᠠᠭ᠎ᠠ ᠦᠨᠳᠦᠰᠦᠨ ᠮᠡᠳᠡᠭᠡ ᠵᠠᠩᠭᠢ ᠶᠢᠨ ᠬᠠᠭᠤᠳᠠᠰᠤ᠂ ᠪᠣᠷᠣᠯᠠᠭᠤᠯᠤᠭᠰᠠᠨ ᠪᠠᠷᠢᠮᠲᠠ᠂ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠨᠤᠳᠤᠭ ᠪᠡᠯᠴᠢᠭᠡᠷ ᠤᠨ ᠳᠡᠪᠲᠡᠷ᠂ ︽ᠨᠢᠬᠡ ᠺᠠᠷᠲ ᠢᠶᠠᠷ ᠨᠠᠪᠳᠠᠷᠠᠬᠦ ᠨᠤᠮᠧᠷ︾ ᠵᠡᠷᠭᠡ ᠮᠠᠲ᠋ᠧᠷᠢᠶᠠᠯ ᠢᠶᠠᠨ ᠠᠪᠴᠤ ᠰᠤᠮᠤ ᠪᠠᠯᠭᠠᠰᠤ᠂  ᠭᠠᠴᠠᠭᠠᠨ ᠳᠤ ᠪᠠᠨ ᠪᠦᠷᠢᠳᠬᠡᠨ ᠳᠠᠩᠰᠠᠯᠠᠭᠤᠯᠬᠤ ᠬᠡᠷᠡᠭᠲᠡᠶ᠃      ⒉ᠡᠯ᠎ᠡ ᠰᠤᠮᠤ ᠪᠠᠯᠭᠠᠰᠤ ᠨᠢ ᠮᠠᠰᠢᠨ ᠮᠧᠬᠠᠨᠢᠭ ᠬᠤᠳᠠᠯᠳᠤᠨ ᠠᠪᠤᠭᠰᠠᠨ ᠮᠠᠯᠵᠢᠬᠤ ᠡᠷᠦᠬᠡ ᠳᠤ ᠵᠢᠭᠰᠠᠭᠠᠨ ᠪᠠᠶᠢᠴᠠᠭᠠᠯᠲᠠ ᠬᠢᠵᠦ᠂ ᠬᠢᠨᠠᠨ ᠲᠣᠭᠲᠠᠭᠠᠭᠰᠠᠨ ᠤ ᠳᠠᠷᠠᠭ᠎ᠠ᠂ ᠵᠣᠬᠢᠬᠤ ᠬᠡᠪᠴᠢᠶᠡᠨ ᠤ ᠳᠣᠲᠣᠷ᠎ᠠ 5 ᠡᠳᠦᠷ ᠤᠨ ᠬᠤᠭᠤᠴᠠᠭ᠎ᠠ ᠲᠠᠢ ᠪᠠᠷ ᠢᠯᠡ ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭᠠᠨ ᠳᠤ ᠣᠨᠳᠣᠤ ᠰᠠᠨᠠᠯ ᠥᠬᠡᠶ ᠪᠣᠯᠤᠭᠰᠠᠨ ᠤ ᠳᠠᠷᠠᠭ᠎ᠠ ᠬᠤᠰᠢᠭᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠮᠡᠷᠭᠡᠵᠢᠯ ᠤᠨ ᠲᠤᠪᠴᠢᠶᠠᠨ ᠳᠤ ᠮᠡᠳᠡᠭᠦᠯᠦᠨ᠎ᠡ᠃      ⒊ᠬᠤᠰᠢᠭᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠮᠡᠷᠭᠡᠵᠢᠯ ᠤᠨ ᠲᠣᠪᠴᠢᠶ᠎ᠠ ᠠᠴᠠ ᠰᠤᠮᠤ ᠪᠠᠯᠭᠠᠰᠤᠨ ᠤ ᠳᠡᠭᠡᠭᠰᠢ ᠮᠡᠳᠡᠭᠦᠯᠦᠭᠰᠡᠨ ᠮᠠᠲ᠋ᠧᠷᠢᠶᠠᠯ ᠢ ᠡᠮᠬᠢᠯᠠᠵᠤ ᠬᠢᠨᠡᠨ ᠬᠠᠷᠭᠤᠭᠤᠯᠤᠭᠠᠳ ᠠᠯᠳᠠᠭ᠎ᠠ ᠥᠬᠡᠶ ᠪᠣᠯ ᠳᠡᠭᠡᠭᠰᠢ ᠬᠤᠰᠢᠭᠤ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠵᠦ᠂ ᠮᠠᠯᠴᠢᠨ ᠡᠷᠦᠬᠡ ᠶᠢᠨ ︽ᠨᠢᠬᠡ ᠺᠠᠷᠲ ᠪᠠᠷ ᠨᠠᠪᠳᠠᠷᠠᠬᠦ ᠺᠠᠷᠲ︾᠎ ᠢᠶᠠᠷ ᠳᠡᠮᠵᠢᠨ ᠨᠥᠬᠦᠪᠥᠷᠢ ᠶᠢ ᠣᠯᠭᠤᠨ᠎ᠠ᠃ ᠲᠠᠪᠤ᠂ ᠪᠡᠯᠡ ᠮᠦᠩᠬᠦᠨ ᠤ ᠬᠠᠮᠢᠶᠠᠷᠤᠯᠲᠠ      ᠬᠤᠰᠢᠭᠤ ᠡᠳ᠋ ᠤᠨ ᠵᠠᠰᠠᠭ ᠤᠨ ᠲᠣᠪᠴᠢᠶ᠎ᠠ ᠠᠴᠠ ᠲᠡᠳᠬᠦᠨ ᠳᠡᠮᠵᠢᠬᠦ ᠪᠠᠯᠠ ᠮᠦᠩᠬᠦᠨ ᠤ ᠬᠠᠮᠢᠶᠠᠷᠤᠯᠲᠠ ᠪᠠᠨ ᠴᠢᠩᠭᠠᠳᠬᠠᠵᠤ᠂ ︽ᠲᠤᠰᠬᠠᠶ ᠲᠠᠩᠰᠠ ᠪᠠᠷ ᠬᠢᠨᠡᠨ ᠬᠠᠷᠭᠤᠭᠤᠯᠵᠤ᠂ ᠲᠤᠰᠬᠠᠶ ᠪᠡᠯᠡ ᠮᠦᠩᠬᠦ ᠎ ᠶᠢ ᠲᠤᠰᠬᠠᠶ ᠬᠡᠷᠡᠭᠯᠡᠬᠦ︾᠎ ᠶᠢ ᠦᠨᠡᠨᠬᠦ ᠪᠠᠲᠤᠯᠠᠬᠤ ᠬᠡᠷᠡᠭᠲᠡᠶ᠃ ᠬᠤᠰᠢᠭᠤ ᠡᠳ᠋ ᠤᠨ ᠵᠠᠰᠠᠭ᠂ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ ᠱᠠᠯᠠᠪᠳᠠᠭᠤᠯᠤᠨ ᠪᠠᠶᠢᠴᠠᠭᠠᠵᠤ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠲᠡᠳᠬᠦᠬᠦ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠤᠨ᠂ ᠪᠠᠯᠠ ᠮᠥᠩᠭᠦ ᠶᠢ ᠲᠦᠷᠢᠮᠵᠢᠬᠦᠯᠤᠨ ᠬᠡᠷᠡᠭᠯᠡᠬᠦ ᠶᠢ ᠪᠠᠲᠤᠯᠠᠵᠤ᠂ ᠲᠥᠷᠥᠯ ᠵᠥᠢᠯ ᠤᠨ ᠪᠠᠯᠠ ᠮᠥᠩᠭᠦ ᠶᠢ ᠮᠡᠬᠡᠯᠡᠨ ᠠᠪᠬᠤ᠂ ᠠᠯᠪᠠᠳᠠᠨ ᠡᠵᠡᠯᠡᠬᠦ᠂ ᠨᠡᠭᠦᠯᠭᠡᠨ ᠬᠡᠷᠡᠭᠯᠡᠬᠦ᠂ ᠳᠤᠮᠳᠠ ᠠᠴᠠ ᠨᠢ ᠦᠯᠡᠳᠡᠭᠡᠬᠦ ᠦᠵᠡᠭᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ ᠬᠤᠰᠢᠭᠤ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠮᠡᠷᠬᠡᠵᠢᠯ ᠤᠨ ᠲᠣᠪᠴᠢᠶ᠎ᠠ ᠡᠯ᠎ᠡ ᠰᠤᠮᠤ ᠪᠠᠯᠭᠠᠰᠤ ᠲᠠᠢ ᠬᠠᠮᠵᠢᠯᠴᠠᠨ ᠮᠠᠰᠢᠨ ᠮᠧᠬᠠᠨᠢᠭ ᠢ ᠮᠥᠷᠳᠡᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠮᠠᠰᠢᠨ  ᠮᠧᠬᠠᠨᠢᠭ ᠢ ᠰᠢᠯᠵᠢᠭᠦᠯᠦᠨ ᠬᠤᠳᠠᠯᠳᠤᠬᠤ ᠠᠵᠢᠯᠯᠠᠭ᠎ᠠ ᠎ ᠶᠢ ᠬᠤᠷᠢᠭᠯᠠᠵᠤ᠂ ᠬᠡᠷᠪᠡ ᠲᠦᠷᠢᠮ ᠲᠤᠭᠳᠠᠭᠠᠯ ᠠᠴᠠ ᠵᠦᠷᠢᠴᠡᠭᠰᠡᠨ ᠠᠵᠢᠯᠯᠠᠭ᠎ᠠ ᠪᠠᠶᠢᠪᠠᠯ ᠪᠥᠬᠦ ᠨᠥᠬᠦᠪᠥᠷᠢ ᠶᠢᠨ ᠪᠠᠯᠠ ᠮᠥᠩᠭᠦ ᠶᠢ ᠨᠡᠬᠡᠮᠵᠢᠯᠡᠨ ᠠᠪᠴᠢᠷᠠᠨ᠎ᠠ᠃      ᠵᠢᠷᠭᠤᠭ᠎ᠠ᠂ ᠬᠠᠤᠯᠢ ᠶᠢᠨ ᠬᠠᠷᠢᠭᠤᠴᠠᠯᠭ᠎ᠠ      ᠮᠠᠯᠵᠢᠬᠤ ᠡᠷᠦᠬᠡ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠢᠯᠡᠷᠡᠪᠡᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠡᠳ᠋ ᠤᠨ ᠵᠠᠰᠠᠭ ᠤᠨ ᠨᠥᠬᠦᠪᠥᠷᠢ ᠮᠦᠩᠬᠦ ᠶᠢ ᠬᠤᠷᠢᠶᠠᠨ ᠠᠪᠴᠤ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠬᠠᠤᠯᠢ ᠶᠣᠰᠣᠭᠠᠷ ᠰᠢᠯᠵᠢᠭᠦᠯᠦᠨ ᠬᠦᠷᠭᠡᠵᠦ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄      ︵ᠨᠢᠭᠡ︶ ᠮᠠᠰᠢᠨ ᠮᠧᠬᠠᠨᠢᠭ ᠬᠤᠳᠠᠯᠳᠤᠨ ᠠᠪᠤᠭᠠᠳ ᠥᠪᠡᠷ ᠢᠶᠠᠨ ᠬᠡᠷᠡᠭᠯᠡᠬᠦ ᠦᠭᠡᠢ ᠪᠠᠷ ᠳᠠᠮᠵᠢᠭᠤᠯᠤᠨ ᠬᠤᠳᠠᠯᠳᠤᠭᠰᠠᠨ ᠪᠤᠶᠤ ᠨᠥᠬᠦᠪᠥᠷᠢ ᠥᠭᠬᠦ ᠨᠥᠬᠦᠴᠡᠯ ᠳᠤ ᠨᠡᠶᠢᠴᠡᠬᠦ ᠦᠭᠡᠢ ᠬᠥᠮᠦᠨ ᠳᠤ ᠣᠷᠣᠯᠠᠨ ᠬᠤᠳᠠᠯᠳᠤᠨ ᠥᠭᠴᠦ᠂ ᠨᠥᠬᠦᠪᠥᠷᠢ ᠶᠢ ᠮᠡᠬᠡᠯᠡᠨ ᠠᠪᠬᠤ ᠪᠤᠶᠤ ᠳᠤᠮᠳᠠ ᠠᠴᠠ ᠨᠢ ᠠᠰᠢᠭ ᠤᠯᠬᠤ᠃      ︵ᠬᠤᠶᠠᠷ︶  ᠬᠡᠷᠡᠴᠢ ᠪᠠᠷᠢᠮᠳᠠ ᠶᠢ ᠬᠠᠭᠤᠷᠮᠠᠭᠯᠠᠨ ᠵᠤᠬᠢᠶᠠᠵᠤ᠂ ᠮᠠᠰᠢᠨ ᠮᠧᠬᠠᠨᠢᠭ ᠬᠡᠶᠢᠰᠪᠤᠷᠢ ᠪᠠᠷ ᠬᠤᠳᠠᠯᠳᠤᠨ ᠠᠪᠴᠤ᠂ ᠡᠳ᠋ ᠤᠨ ᠵᠠᠰᠠᠭ ᠤᠨ ᠨᠥᠬᠦᠪᠥᠷᠢ ᠶᠢ ᠮᠡᠬᠡᠯᠡᠨ ᠠᠪᠬᠤ᠃ ︵ᠭᠤᠷᠪᠠ︶ ᠤᠯᠤᠰ ᠣᠷᠣᠨ ᠤ ᠠᠰᠢᠭ ᠲᠤᠰᠠ ᠶᠢ ᠬᠤᠬᠢᠷᠠᠭᠤᠯᠤᠭᠰᠠᠨ ᠪᠤᠰᠤᠳ ᠠᠵᠢᠯᠯᠠᠭ᠎ᠠ ᠨᠤᠭᠤᠳ᠃      ᠲᠣᠰ ᠲᠡᠳᠬᠦᠬᠦ ᠲᠥᠰᠦᠯ ᠢ ᠨᠡᠶᠢᠲᠡᠯᠡᠭᠰᠡᠨ ᠡᠳᠦᠷ ᠠᠴᠠ ᠡᠬᠢᠯᠡᠨ ᠲᠤᠷᠰᠢᠨ ᠬᠡᠷᠡᠭᠵᠢᠭᠦᠯᠵᠦ᠂ ᠬᠠᠮᠤᠭ ᠡᠴᠦᠰ ᠤᠨ ᠲᠠᠶᠢᠯᠪᠤᠷᠢᠯᠠᠬᠤ ᠡᠷᠬᠡ ᠶᠢ ᠠᠪᠠᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠮᠡᠷᠭᠡᠵᠢᠯ ᠤᠨ ᠲᠣᠪᠴᠢᠶ᠎ᠠ ᠠᠴᠠ ᠬᠠᠷᠢᠭᠤᠴᠠᠨ᠎ᠠ᠃    
 
ᠢᠷᠡᠯᠲᠡ᠄ ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号