ᠡᠯ᠎ᠡ ᠰᠤᠮᠤ ᠪᠠᠯᠭᠠᠰᠤᠨ ︵ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ | ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ᠡᠳᠦᠭᠡ ︽ᠠᠪᠠᠭ᠎ᠠ ᠬᠤᠰᠢᠭᠤᠨ ᠤ ᠰᠢᠯᠢᠳᠡᠭ ᠡᠭᠦᠯᠳᠡᠷ ᠤᠨ ᠮᠢᠬᠠᠨ ᠤ ᠦᠬᠡᠷ ᠰᠤᠯᠢᠯᠴᠠᠵᠤ ᠲᠡᠳᠬᠦᠬᠦ | ᠠᠵᠢᠯ ᠤᠨ ᠲᠥᠰᠦᠯ︾᠂ ︽ᠠᠪᠠᠭ᠎ᠠ ᠬᠤᠰᠢᠭᠤᠨ ᠤ ᠲᠠᠷᠢᠶᠠᠯᠠᠩ ᠤᠨ ᠮᠠᠰᠢᠨ ᠮᠧᠬᠠᠨᠢᠭ ᠤᠨ ᠬᠤᠰᠢᠭᠤ ᠲᠠᠰ ᠤᠨ | ᠨᠥᠬᠦᠪᠥᠷᠢ ᠶᠢᠨ ᠲᠥᠰᠦᠯ︾ ᠢ ᠬᠤᠰᠢᠭᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ | ᠶᠠᠷᠢᠯᠴᠠᠵᠤ ᠵᠦᠪᠰᠢᠶᠠᠷᠡᠬᠦᠯᠦᠬᠡᠳ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ | ᠨᠠᠷᠢᠨ ᠬᠢᠨᠠᠮᠠᠭᠠᠶ ᠵᠣᠬᠢᠶᠠᠨ ᠪᠠᠶᠢᠭᠤᠯᠵᠤ ᠬᠡᠷᠡᠭᠵᠢᠬᠦᠯᠤᠬᠡᠷᠡᠢ᠃ | ᠳᠠᠭᠠᠯᠳᠤᠭᠤᠯᠤᠯ᠄ 1. ︽ᠠᠪᠠᠭ᠎ᠠ ᠬᠤᠰᠢᠭᠤᠨ ᠤ ᠰᠢᠯᠢᠳᠡᠭ ᠡᠭᠦᠯᠳᠡᠷ ᠤᠨ ᠮᠢᠬᠠᠨ ᠤ ᠦᠬᠡᠷ ᠰᠤᠯᠢᠯᠴᠠᠵᠤ | ᠲᠡᠳᠬᠦᠬᠦ ᠠᠵᠢᠯ ᠤᠨ ᠲᠥᠰᠦᠯ︾ | 2. ︽ᠠᠪᠠᠭ᠎ᠠ ᠬᠤᠰᠢᠭᠤᠨ ᠤ ᠲᠠᠷᠢᠶᠠᠯᠠᠩ ᠤᠨ ᠮᠠᠰᠢᠨ ᠮᠧᠬᠠᠨᠢᠭ ᠤᠨ ᠬᠤᠰᠢᠭᠤ | ᠲᠠᠰ ᠤᠨ ᠨᠥᠬᠦᠪᠥᠷᠢ ᠶᠢᠨ ᠲᠥᠰᠦᠯ︾ | | | | ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠤ ᠠᠯᠪᠠᠨ ᠬᠡᠷ | 2021 ᠣᠨ ᠤ 8 ᠰᠠᠷ᠎ᠠ ᠶᠢᠨ 11 ᠤ ᠡᠳᠤᠷ | | | ᠳᠠᠭᠠᠯᠳᠤᠭᠤᠯᠤᠯ 1᠄ | | ᠠᠪᠠᠭ᠎ᠠ ᠬᠤᠰᠢᠭᠤᠨ ᠤ ᠰᠢᠯᠢᠳᠡᠭ ᠡᠭᠦᠯᠳᠡᠷ ᠤᠨ ᠮᠢᠬᠠᠨ ᠤ ᠦᠬᠡᠷ ᠰᠤᠯᠢᠯᠴᠠᠵᠤ ᠲᠡᠳᠬᠦᠬᠦ ᠠᠵᠢᠯ ᠤᠨ | ᠲᠥᠰᠦᠯ ︵ᠲᠤᠷᠰᠢᠨ ᠬᠡᠷᠡᠭᠵᠢᠭᠦᠯᠬᠦ︶ | | ᠮᠠᠯ ᠤᠨ ᠪᠦᠲᠦᠴᠡ ᠶᠢᠨ ᠲᠣᠬᠢᠷᠠᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠦᠬᠡᠷ ᠤᠨ ᠡᠭᠦᠯᠳᠡᠷ ᠢ | ᠰᠠᠶᠢᠵᠢᠷᠠᠭᠤᠯᠬᠤ ᠠᠵᠢᠯ ᠢ ᠲᠣᠭᠲᠠᠭᠤᠨ ᠢᠶᠠᠷ ᠠᠬᠢᠭᠤᠯᠤᠨ᠂ ᠮᠠᠯ ᠠᠵᠤ ᠠᠬᠤᠶ ᠶᠢᠨ ᠦᠷ᠎ᠡ ᠠᠰᠢᠭ ᠪᠠ ᠨᠤᠲᠤᠭ | ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠪᠠᠶᠢᠭᠤᠯᠤᠯᠲᠠ ᠶᠢᠨ ︽ᠬᠤᠤᠰ ᠠᠮᠵᠢᠯᠳᠠ︾ ᠶᠢᠨ | ᠬᠠᠷᠠᠯᠲᠠ ᠶᠢ ᠪᠡᠶᠡᠯᠡᠭᠦᠯᠵᠦ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ | ᠦᠷᠭᠦᠯᠵᠢᠯᠡᠨ ᠠᠬᠢᠭᠤᠯᠬᠤ ᠶᠢᠨ ᠲᠤᠰᠠᠳᠠ᠂ ᠮᠠᠨ ᠤ ᠬᠤᠰᠢᠭᠤᠨ ᠤ ᠪᠣᠳᠠᠲᠠᠶ ᠪᠠᠶᠢᠳᠠᠯ ᠪᠠ ᠮᠠᠯᠴᠢᠳ ᠤᠨ | ᠬᠡᠷᠡᠭᠴᠡᠭᠡ ᠶᠢ ᠦᠨᠳᠦᠰᠦᠯᠡᠨ᠂ ᠠᠪᠠᠭ᠎ᠠ ᠬᠤᠰᠢᠭᠤᠨ ᠤ ᠰᠢᠯᠢᠳᠡᠭ ᠡᠭᠦᠯᠳᠡᠷ ᠤᠨ ᠮᠢᠬᠠᠨ ᠤ ᠦᠬᠡᠷ ᠰᠤᠯᠢᠯᠴᠠᠵᠤ | ᠲᠡᠳᠬᠦᠬᠦ ᠠᠵᠢᠯ ᠤᠨ ᠲᠥᠰᠦᠯ ᠢ ᠲᠣᠭᠲᠠᠭᠠᠪᠠ᠃ | ᠨᠢᠭᠡ᠂ ᠭᠤᠣᠯ ᠵᠣᠷᠢᠯᠭ᠎ᠠ | ⒈ ᠮᠢᠬᠠᠨ ᠤ ᠦᠬᠡᠷ ᠢ ᠰᠤᠯᠢᠯᠴᠠᠬᠤ ᠪᠠᠷ ᠳᠡᠮᠵᠢᠨ᠂ ᠮᠠᠯᠵᠢᠬᠤ ᠡᠷᠦᠬᠡ ᠶᠢᠨ ᠡᠭᠦᠯᠳᠡᠷ ᠰᠠᠶᠢᠵᠢᠷᠠᠭᠤᠯᠬᠤ | ᠦᠶᠡᠯᠡᠯ ᠤᠨ ᠬᠤᠭᠤᠴᠠᠭ᠎ᠠ ᠶᠢ ᠪᠣᠭᠤᠨᠢᠰᠬᠠᠵᠤ᠂ ᠮᠠᠯᠵᠢᠬᠤ ᠡᠷᠦᠬᠡ ᠶᠢᠨ ᠡᠭᠦᠯᠳᠡᠷ ᠰᠠᠶᠢᠵᠢᠷᠠᠭᠤᠯᠬᠤ ᠪᠠ ᠲᠡᠵᠢᠭᠡᠨ | ᠠᠷᠠᠴᠢᠯᠠᠬᠤ ᠲᠤᠭ᠎ᠠ ᠲᠣᠯᠣᠭᠠᠶ ᠶᠢ ᠪᠠᠭᠠᠰᠬᠠᠬᠤ ᠶᠠᠪᠤᠴᠠ ᠶᠢ ᠲᠦᠷᠬᠡᠳᠬᠡᠨ᠎ᠠ︔ | ⒉ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠪᠠ ᠪᠣᠷᠳᠣᠵᠤ ᠲᠠᠷᠭᠤᠯᠠᠭᠤᠯᠵᠤ ᠣᠷᠣᠯᠭ᠎ᠠ ᠢᠶᠠᠨ | ᠨᠡᠮᠡᠭᠳᠡᠭᠦᠯᠬᠦ ᠶᠢ ᠪᠡᠶᠡᠯᠡᠭᠦᠯᠵᠦ᠂ ᠪᠠᠯᠠ ᠬᠤᠷᠠᠮᠳᠤᠭᠤᠯᠬᠤ ᠭᠤᠭᠴᠤᠭ᠎ᠠ ᠶᠢ ᠲᠤᠪᠴᠢᠯᠠᠵᠤ᠂ ᠮᠠᠯᠵᠢᠬᠤ ᠡᠷᠤᠬᠡ ᠶᠢᠨ | ᠮᠠᠯ ᠤᠨ ᠡᠭᠦᠯᠳᠡᠷ ᠢ ᠰᠠᠶᠢᠵᠢᠷᠠᠭᠤᠯᠬᠤ᠂ ᠨᠠᠷᠢᠯᠢᠭ ᠠᠷᠠᠴᠢᠯᠠᠵᠤ ᠴᠢᠨᠠᠷᠯᠢᠭ ᠲᠡᠵᠢᠭᠡᠬᠦ᠂ ᠮᠠᠯ ᠠᠵᠤ ᠠᠬᠤᠶ ᠶᠢᠨ | ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ | ᠬᠤᠶᠠᠷ᠂ ᠲᠡᠳᠬᠦᠬᠦ ᠡᠲᠡᠭᠡᠳ ᠬᠢᠭᠡᠳ ᠲᠡᠳᠬᠦᠬᠦ ᠪᠠᠷᠢᠮᠵᠢᠶ᠎ᠠ | ⒈ ᠲᠡᠳᠬᠦᠬᠦ ᠡᠲᠡᠭᠡᠳ᠄ ᠮᠠᠨ ᠤ ᠬᠤᠰᠢᠭᠤᠨ ᠳᠤ ᠮᠠᠯᠵᠢᠬᠤ ᠲᠠᠷᠢᠶᠠᠯᠠᠬᠤ ᠤᠷᠤᠨ ᠤ ᠡᠷᠦᠬᠡ ᠠᠮᠠ ᠲᠠᠢ | ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠤᠷᠢᠯᠡᠯ ᠡᠷᠭᠢᠯᠡᠵᠦ ᠪᠠᠶᠢᠭ᠎ᠠ ᠮᠦᠷᠳᠡᠬᠡᠨ ᠮᠠᠯ ᠪᠡᠯᠴᠢᠭᠡᠷ ᠤᠨ | ᠲᠠᠩᠴᠠᠬᠦᠷᠢᠰᠢᠯ ᠢ ᠪᠠᠳᠤᠯᠠᠬᠤ᠂ ᠬᠠᠪᠤᠷ ᠤᠨ ᠤᠯᠠᠷᠢᠯ ᠤᠨ ᠨᠤᠭᠤᠭ᠎ᠠ ᠭᠠᠷᠬᠤ ᠬᠤᠭᠤᠴᠠᠭᠠᠨ ᠳᠤ | ᠪᠡᠯᠴᠢᠭᠡᠷᠯᠡᠭᠦᠯᠬᠦ ᠶᠢ ᠵᠣᠭᠰᠣᠭᠠᠬᠤ ᠵᠡᠷᠭᠡ ᠲᠦᠷᠢᠮ ᠢ ᠰᠠᠶᠢᠳᠤᠷ ᠵᠢᠷᠤᠮᠯᠠᠭᠰᠡᠨ ᠪᠦᠬᠡᠳ ᠬᠠᠮᠢᠶ᠎ᠠ ᠪᠥᠬᠦᠶ | ᠱᠠᠭᠠᠷᠳᠠᠯᠭ᠎ᠠ ᠶᠣᠰᠣᠭᠠᠷ ᠮᠢᠬᠠᠨ ᠤ ᠦᠬᠡᠷ ᠤᠨ ᠰᠤᠯᠢᠯᠴᠠᠭ᠎ᠠ ᠪᠠᠨ ᠶᠠᠪᠤᠭᠳᠠᠭᠤᠯᠤᠭᠰᠡᠨ ᠮᠠᠯᠵᠢᠬᠤ ᠡᠷᠤᠬᠡ ᠪᠠᠶᠢᠬᠤ | ᠬᠡᠷᠡᠭᠳᠡᠢ᠃ | ᠲᠡᠳᠬᠦᠬᠦ ᠪᠠᠷᠢᠮᠵᠢᠶ᠎ᠠ᠄ ᠰᠤᠯᠢᠯᠴᠠᠭᠠᠨ ᠳᠤ ᠬᠢᠷᠢ ᠲᠡᠩᠴᠡᠭᠰᠡᠨ ᠰᠢᠯᠢᠳᠡᠭ ᠡᠭᠦᠯᠳᠡᠷ ᠤᠨ ᠮᠢᠬᠠᠨ ᠤ ᠦᠬᠡᠷ | ᠪᠦᠷᠢ ᠳᠤ ᠨᠢᠬᠡ ᠯᠡ ᠲᠡᠬᠡᠷ᠎ᠠ ᠳᠤ 1000 ᠲᠥᠭᠦᠷᠢᠭ ᠤᠨ ᠨᠥᠬᠦᠪᠥᠷᠢ ᠣᠯᠭᠤᠨ᠎ᠠ᠃ | ᠭᠤᠷᠪᠠ᠂ ᠨᠥᠬᠦᠪᠥᠷᠢ ᠥᠭᠬᠦ ᠬᠡᠪᠴᠢᠶ᠎ᠡ | ᠲᠣᠰ ᠤᠳᠠᠭ᠎ᠠ ᠡᠷᠡᠮᠡᠯᠵᠡᠯᠡᠨ ᠮᠡᠳᠡᠬᠦᠯᠦᠭᠰᠡᠨ ᠲᠠᠰ ᠳᠠᠷᠠᠭᠠᠯᠠᠯ ᠢᠶᠠᠷ ᠨᠥᠬᠦᠪᠥᠷᠢ ᠥᠭᠴᠦ᠂ ᠪᠥᠬᠦ | ᠬᠤᠰᠢᠭᠤᠨ ᠤ 2000 ᠰᠢᠯᠢᠳᠡᠭ ᠡᠬᠦᠯᠳᠡᠷ ᠤᠨ ᠮᠢᠬᠠᠨ ᠤ ᠦᠬᠡᠷ ᠤᠨ ᠰᠤᠯᠢᠯᠴᠠᠬᠤ ᠨᠥᠬᠦᠪᠥᠷᠢ ᠶᠢ | ᠨᠠᠶᠢᠳᠠᠪᠤᠷᠢᠵᠢᠭᠤᠯᠵᠤ᠂ ᠨᠦᠬᠦᠪᠤᠷᠢᠯᠡᠵᠤ ᠪᠠᠷᠠᠪᠠᠯ ᠲᠠᠷᠤᠢ ᠵᠤᠭᠰᠤᠨ᠎ᠠ᠃ | ᠳᠥᠷᠪᠡ᠂ ᠰᠤᠯᠢᠯᠴᠠᠬᠤ ᠱᠠᠭᠠᠷᠳᠠᠯᠭ᠎ᠠ | ⒈ ᠮᠢᠬᠠᠨ ᠤ ᠦᠬᠡᠷ ᠢ ᠰᠤᠯᠢᠯᠴᠠᠬᠤ ᠳᠤ ᠬᠤᠰᠢᠭᠤ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ | ᠮᠠᠷᠬᠡᠵᠢᠯ ᠤᠨ ᠲᠣᠪᠴᠢᠶ᠎ᠠ ᠪᠣᠯᠤᠨ ᠰᠤᠮᠤ ᠪᠠᠯᠭᠠᠰᠤᠨ ᠤ ᠵᠠᠰᠠᠭ ᠤᠨ ᠣᠷᠳᠣᠨ ᠠᠴᠠ ᠪᠦᠷᠢᠳᠬᠡᠨ ᠳᠠᠩᠰᠠᠯᠠᠬᠤ ᠶᠢᠨ | ᠬᠠᠮᠲᠤ ᠮᠢᠬᠠᠨ ᠤ ᠦᠬᠡᠷ ᠢ ᠬᠢᠨᠠᠨ ᠲᠣᠭᠲᠠᠭᠠᠬᠤ ᠪᠠ ᠲᠠᠩᠰᠠ ᠡᠪᠬᠡᠮᠡᠯ ᠪᠠᠶᠢᠭᠤᠯᠬᠤ ᠠᠵᠢᠯ ᠢ ᠪᠡᠶᠡᠯᠡᠭᠦᠯᠵᠦ᠂ | ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠰᠠᠶᠢᠲᠤᠷ ᠬᠢᠬᠦ ᠬᠡᠷᠡᠭᠲᠡᠶ᠃ | ⒉ ᠮᠠᠯᠵᠢᠬᠤ ᠡᠷᠦᠬᠡ ᠰᠤᠯᠢᠯᠴᠠᠭᠠᠨ ᠤ ᠡᠳᠡᠬᠡᠳ ᠢᠶᠠᠨ ᠥᠪᠡᠰᠦᠪᠡᠨ ᠡᠵᠡᠨ ᠮᠡᠳᠡᠵᠤ ᠰᠣᠩᠭᠤᠬᠤ ᠶᠢᠨ | ᠬᠠᠮᠲᠤ ᠮᠢᠬᠠᠨ ᠤ ᠦᠬᠡᠷ ᠢᠶᠠᠨ ᠰᠤᠯᠢᠯᠴᠠᠵᠤ᠂ ᠰᠤᠯᠢᠯᠴᠠᠭᠰᠡᠨ ᠮᠢᠬᠠᠨ ᠤ ᠦᠬᠡᠷ ᠤᠨ ᠲᠤᠭ᠎ᠠ᠂ ᠮᠢᠬᠠᠨ ᠤ | ᠦᠬᠡᠷ ᠤᠨ ᠡᠬᠦᠯᠳᠡᠷ ᠤᠨ ᠲᠦᠷᠤᠯ ᠢ ᠭᠠᠴᠠᠭ᠎ᠠ᠂ ᠰᠤᠮᠤ ᠪᠠᠯᠭᠠᠰᠤᠨ ᠳᠤ ᠮᠡᠳᠡᠭᠦᠯᠦᠨ ᠪᠦᠷᠢᠳᠬᠡᠬᠦᠯᠤᠨ | ᠳᠠᠩᠰᠠᠯᠠᠭᠤᠯᠬᠤ ᠶᠢᠨ ᠬᠠᠮᠲᠤ᠂ ᠡᠷᠦᠬᠡ ᠶᠢᠨ ᠡᠵᠡᠨ ᠤ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ᠂ ᠨᠢᠬᠡ | ᠺᠠᠷᠲ ᠢᠶᠠᠷ ᠨᠠᠪᠳᠠᠷᠠᠬᠦ ᠨᠣᠮᠧᠷ ᠪᠠ ᠬᠠᠷᠢᠯᠴᠠᠬᠤ ᠠᠷᠭ᠎ᠠ ᠮᠠᠶ᠋ᠢᠭ ᠢᠶᠠᠨ ᠬᠠᠩᠭᠠᠨ᠎ᠠ᠃ | ⒊ ᠴᠢᠨᠠᠷ ᠮᠠᠭᠤᠲᠠᠶ ᠦᠬᠡᠷ ᠢ ᠰᠤᠯᠢᠯᠴᠠᠬᠤ ᠳᠤ ᠬᠤᠶᠠᠷ ᠲᠠᠯ᠎ᠠ ᠪᠠᠷ ᠢᠶᠠᠨ ᠰᠤᠯᠢᠯᠴᠠᠬᠤ ᠬᠡᠯᠡᠯᠴᠡᠭᠡᠷ ᠤᠨ | ᠪᠢᠴᠢᠭ ᠢ ᠵᠥᠪᠳᠡᠯᠴᠡᠨ ᠲᠣᠭᠲᠠᠵᠤ᠂ ᠦᠨ᠎ᠡ ᠬᠠᠩᠰᠢ ᠶᠢᠨ ᠵᠥᠷᠢᠶ᠎ᠡ ᠪᠠᠨ ᠬᠠᠷᠢᠯᠴᠠᠨ ᠨᠥᠬᠦᠪᠥᠷᠢᠯᠡᠬᠦ ᠬᠡᠷᠡᠭᠲᠡᠶ᠃ | ⒋ ᠰᠤᠯᠢᠯᠴᠠᠭᠰᠡᠨ ᠰᠢᠯᠢᠳᠡᠭ ᠡᠭᠦᠯᠳᠡᠷ ᠤᠨ ᠦᠬᠡᠷ ᠨᠢ ᠡᠷᠬᠡᠪᠰᠢ 12 ᠰᠠᠷ᠎ᠠ ᠠᠴᠠ ᠳᠡᠭᠡᠭᠰᠢ᠂ ᠰᠢᠯᠢᠳᠡᠭ | ᠡᠭᠦᠯᠳᠡᠷ ᠤᠨ ᠰᠢᠮᠧᠨ᠋ᠲ᠋ᠠᠷ ᠦᠨᠢᠶ᠎ᠡ ᠪᠠᠶᠢᠵᠤ᠂ ᠮᠠᠯᠴᠢᠳ ᠰᠤᠯᠢᠵᠤ ᠠᠪᠤᠭᠰᠡᠨ ᠴᠢᠨᠠᠷ ᠰᠠᠶᠢᠲᠠᠶ ᠮᠢᠬᠠᠨ ᠤ ᠦᠬᠡᠷ | ᠢᠶᠠᠨ 3 ᠵᠢᠯ ᠤᠨ ᠳᠣᠲᠣᠷ᠎ᠠ ᠬᠤᠳᠠᠯᠳᠤᠬᠤ ᠪᠤᠶᠤ ᠰᠢᠯᠵᠢᠭᠦᠯᠦᠨ ᠮᠠᠯᠵᠢᠵᠤ ᠪᠣᠯᠬᠤ ᠥᠬᠡᠶ᠃ ᠦᠨᠡᠨᠬᠦ ᠬᠤᠳᠠᠯᠳᠤᠬᠤ | ᠪᠠ ᠰᠢᠢᠳᠪᠤᠷᠢᠯᠡᠬᠦ ᠴᠢᠬᠤᠯᠠ ᠲᠠᠢ ᠪᠣᠯ ᠡᠷᠬᠡᠪᠰᠢ ᠭᠠᠴᠠᠭ᠎ᠠ᠂ ᠰᠤᠮᠤ ᠪᠠᠯᠭᠠᠰᠤ ᠪᠠᠷ ᠢᠶᠠᠨ ᠲᠠᠮᠵᠢᠨ᠂ ᠬᠤᠰᠢᠭᠤᠨ ᠤ | ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠮᠡᠷᠬᠡᠵᠢᠯ ᠤᠨ ᠲᠣᠪᠴᠢᠶ᠎ᠠ ᠪᠠᠷ ᠵᠥᠪᠰᠢᠶᠡᠷᠡᠭᠦᠯᠬᠦ ᠶᠢᠨ ᠬᠠᠮᠲᠤ | ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠮᠠᠷᠬᠡᠵᠢᠯ ᠤᠨ ᠲᠣᠪᠴᠢᠶ᠎ᠠ ᠠᠴᠠ ᠡᠳ᠋ ᠤᠨ ᠵᠠᠰᠠᠭ ᠤᠨ | ᠲᠣᠪᠴᠢᠶ᠎ᠠ ᠲᠠᠢ ᠬᠠᠮᠲᠤᠷᠠᠨ ᠬᠤᠯᠪᠤᠭᠳᠠᠯ ᠪᠦᠬᠦᠢ ᠨᠥᠬᠦᠪᠥᠷᠢ ᠶᠢᠨ ᠪᠠᠯᠠ ᠮᠥᠩᠭᠦ ᠶᠢ ᠡᠬᠡᠬᠦᠯᠤᠨ ᠬᠤᠷᠢᠶᠠᠨ ᠠᠪᠬᠤ | ᠬᠡᠷᠡᠭᠲᠡᠶ᠃ ᠥᠭᠦᠭᠰᠡᠨ ᠪᠤᠶᠤ ᠠᠯᠳᠠᠵᠤ ᠤᠷᠬᠢᠭᠰᠡᠨ ᠪᠠᠶᠢᠪᠠᠯ ᠴᠠᠭ ᠲᠤᠬᠠᠢ ᠳᠤᠨᠢ ᠰᠤᠮᠤ ᠪᠠᠯᠭᠠᠰᠤ᠂ | ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠮᠠᠷᠬᠡᠵᠢᠯ ᠤᠨ ᠲᠣᠪᠴᠢᠶ᠎ᠠ ᠳᠤ ᠮᠡᠳᠡᠭᠦᠯᠵᠦ | ᠳᠠᠩᠰᠠᠯᠠᠭᠤᠯᠬᠤ ᠬᠡᠷᠡᠭᠲᠡᠶ᠃ | ᠲᠠᠪᠤ᠂ ᠰᠤᠯᠢᠯᠴᠠᠬᠤ ᠠᠵᠢᠯ ᠢ ᠪᠦᠷᠢᠳᠬᠡᠨ ᠳᠠᠩᠰᠠᠯᠠᠬᠤ ᠲᠠᠰ ᠳᠠᠷᠠᠭᠠᠯᠠᠯ | ᠴᠢᠨᠠᠷ ᠮᠠᠭᠤᠲᠠᠶ ᠮᠢᠬᠠᠨ ᠤ ᠦᠬᠡᠷ ᠢ ᠤᠷᠢᠳᠴᠢᠯᠠᠨ ᠰᠣᠯᠢᠭᠰᠠᠨ ᠮᠠᠯᠵᠢᠬᠤ ᠡᠷᠦᠬᠡ ᠤᠷᠢᠳᠠᠪᠠᠷ ᠰᠤᠮᠤ | ᠪᠠᠯᠭᠠᠰᠤ᠂ ᠭᠠᠴᠠᠭ᠎ᠠ ᠳᠤ ᠪᠠᠨ ᠪᠦᠷᠢᠳᠬᠡᠨ ᠳᠠᠩᠰᠠᠯᠠᠭᠤᠯᠬᠤ ᠬᠡᠷᠡᠭᠲᠡᠶ᠃ ᠰᠤᠮᠤ ᠪᠠᠯᠭᠠᠰᠤ ᠠᠴᠠ ᠰᠣᠯᠢᠭᠰᠠᠨ | ᠮᠢᠬᠠᠨ ᠤ ᠦᠬᠡᠷ ᠢ ᠬᠢᠨᠠᠨ ᠲᠤᠭᠳᠠᠭᠠᠵᠤ ᠬᠢᠷᠢ ᠲᠡᠩᠴᠡᠭᠰᠡᠨ ᠤ ᠳᠠᠷᠠᠭ᠎ᠠ᠂ ᠤᠯᠠᠷᠢᠯ ᠪᠦᠷᠢ ᠳᠤ ᠵᠠᠷᠯᠠᠨ ᠨᠡᠶᠢᠲᠡᠯᠡᠵᠦ | ᠂ ᠵᠠᠷᠯᠠᠨ ᠨᠡᠶᠢᠲᠡᠯᠡᠭᠰᠡᠨ ᠤ ᠳᠠᠷᠠᠭ᠎ᠠ ᠣᠨᠳᠣᠤ ᠰᠠᠨᠠᠯ ᠥᠬᠡᠶ ᠪᠣᠯ ᠬᠤᠰᠢᠭᠤ ᠲᠠᠷᠢᠶᠠᠯᠠᠩ ᠮᠠᠯ ᠠᠵᠤ ᠠᠬᠤᠢ | ᠰᠢᠨᠵᠢᠯᠡᠬᠦ ᠤᠬᠠᠭᠠᠨ ᠮᠠᠷᠬᠡᠵᠢᠯ ᠤᠨ ᠲᠣᠪᠴᠢᠶ᠎ᠠ ᠳᠤ ᠮᠡᠳᠡᠭᠦᠯᠵᠦ᠂ ᠬᠠᠮᠢᠶ᠎ᠠ ᠪᠥᠬᠦᠶ ᠨᠥᠬᠦᠪᠥᠷᠢ ᠶᠢ ᠣᠯᠭᠤᠨ᠎ᠠ᠃ | ᠵᠢᠷᠭᠤᠭ᠎ᠠ᠂ ᠪᠡᠯᠡ ᠮᠦᠩᠬᠦᠨ ᠤ ᠬᠠᠮᠢᠶᠠᠷᠤᠯᠲᠠ | ᠬᠤᠰᠢᠭᠤ ᠡᠳ᠋ ᠤᠨ ᠵᠠᠰᠠᠭ ᠤᠨ ᠲᠣᠪᠴᠢᠶ᠎ᠠ ᠠᠴᠠ ᠲᠡᠳᠬᠦᠨ ᠳᠡᠮᠵᠢᠬᠦ ᠪᠠᠯᠠ ᠮᠦᠩᠬᠦᠨ ᠤ | ᠬᠠᠮᠢᠶᠠᠷᠤᠯᠲᠠ ᠪᠠᠨ ᠴᠢᠩᠭᠠᠳᠬᠠᠵᠤ᠂ ︽ᠲᠤᠰᠬᠠᠶ ᠲᠠᠩᠰᠠ ᠪᠠᠷ ᠬᠢᠨᠡᠨ ᠬᠠᠷᠭᠤᠭᠤᠯᠵᠤ᠂ ᠲᠤᠰᠬᠠᠶ ᠪᠡᠯᠡ ᠶᠢ | ᠲᠤᠰᠬᠠᠶ ᠬᠡᠷᠡᠭᠯᠡᠬᠦ︾ ᠶᠢ ᠦᠨᠡᠨᠬᠦ ᠪᠠᠲᠤᠯᠠᠬᠤ ᠬᠡᠷᠡᠭᠲᠡᠶ᠃ ᠡᠳ᠋ ᠤᠨ ᠵᠠᠰᠠᠭ᠂ ᠬᠢᠨᠠᠨ ᠪᠤᠳᠤᠬᠤ ᠵᠡᠷᠭᠡ ᠰᠠᠯᠠᠭ᠎ᠠ | ᠮᠥᠴᠢᠷ ᠱᠠᠯᠠᠪᠳᠠᠨ ᠪᠠᠶᠢᠴᠠᠭᠠᠵᠤ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠳᠬᠠᠵᠤ ᠲᠠᠮᠵᠢᠨ᠂ ᠲᠡᠳᠬᠦᠬᠦ | ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠬᠤ᠂ ᠪᠠᠯᠠ ᠮᠥᠩᠭᠦ ᠶᠢ ᠲᠦᠷᠢᠮᠵᠢᠬᠦᠯᠤᠨ ᠬᠡᠷᠡᠭᠯᠡᠬᠦ ᠶᠢ | ᠦᠨᠡᠨᠬᠦ ᠪᠠᠲᠤᠯᠠᠵᠤ᠂ ᠬᠤᠳᠠᠯ ᠬᠠᠭᠤᠷᠮᠠᠭ ᠢᠶᠠᠷ ᠰᠤᠯᠢᠯᠴᠠᠬᠤ᠂ ᠮᠡᠬᠡᠯᠡᠨ ᠠᠪᠬᠤ᠂ ᠠᠯᠪᠠᠳᠠᠨ ᠡᠵᠡᠯᠡᠬᠦ᠂ ᠨᠡᠭᠦᠯᠭᠡᠨ | ᠬᠡᠷᠡᠭᠯᠡᠬᠦ᠂ ᠳᠤᠮᠳᠠ ᠠᠴᠠ ᠨᠢ ᠦᠯᠡᠳᠡᠭᠡᠬᠦ ᠦᠵᠡᠭᠳᠡᠯ ᠭᠠᠷᠬᠤ ᠶᠢ ᠡᠷᠡᠰ ᠴᠠᠭᠠᠵᠠᠯᠠᠬᠤ ᠬᠡᠷᠡᠭᠲᠡᠶ᠃ | ᠲᠤᠯᠤᠭ᠎ᠠ᠂ ᠬᠠᠤᠯᠢ ᠶᠢᠨ ᠬᠠᠷᠢᠭᠤᠴᠠᠯᠭ᠎ᠠ | ᠮᠠᠯᠵᠢᠬᠤ ᠡᠷᠦᠬᠡ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠠᠴᠠ ᠡᠳ᠋ ᠤᠨ ᠵᠠᠰᠠᠭ ᠤᠨ ᠨᠥᠬᠦᠪᠥᠷᠢ ᠶᠢᠨ ᠵᠣᠭᠤᠰ ᠢ ᠬᠤᠷᠢᠶᠠᠨ ᠠᠪᠴᠤ᠂ ᠦᠢᠯᠡ ᠪᠠᠶᠢᠳᠠᠯ ᠨᠢ ᠬᠦᠨᠳᠦ | ᠨᠣᠴᠢᠲᠠᠶ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠬᠠᠤᠯᠢ ᠶᠣᠰᠣᠭᠠᠷ ᠰᠢᠯᠵᠢᠭᠦᠯᠦᠨ ᠬᠦᠷᠭᠡᠵᠦ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠰᠢᠯᠢᠳᠡᠭ ᠴᠢᠨᠡᠷ ᠤᠨ ᠦᠬᠡᠷ ᠰᠤᠯᠢᠯᠴᠠᠨ ᠠᠪᠴᠢᠷᠠᠭᠠᠳ ᠥᠪᠡᠷ ᠢᠶᠠᠨ ᠲᠡᠵᠢᠭᠡᠨ ᠠᠷᠠᠴᠢᠯᠠᠬᠤ | ᠥᠭᠡᠢ᠂ ᠰᠢᠯᠵᠢᠬᠦᠯᠤᠨ ᠬᠤᠳᠠᠯᠳᠤᠬᠤ ᠪᠤᠶᠤ ᠨᠥᠬᠦᠪᠥᠷᠢ ᠥᠭᠬᠦ ᠨᠥᠬᠦᠴᠡᠯ ᠲᠤ ᠨᠡᠶᠢᠴᠡᠬᠦ ᠥᠭᠡᠢ ᠬᠥᠮᠦᠰ | ᠣᠷᠣᠯᠠᠨ ᠬᠤᠳᠠᠯᠳᠤᠨ ᠠᠪᠴᠤ᠂ ᠨᠥᠬᠦᠪᠥᠷᠢ ᠶᠢ ᠮᠡᠬᠡᠯᠡᠨ ᠠᠪᠬᠤ ᠪᠤᠶᠤ ᠳᠤᠮᠳᠠ ᠠᠴᠠ ᠨᠢ ᠠᠰᠢᠭ ᠬᠤᠨᠵᠢᠬᠤ᠃ | ︵ᠬᠤᠶᠠᠷ︶ ᠬᠠᠮᠢᠶ᠎ᠠ ᠪᠦᠬᠦᠢ ᠭᠠᠷᠳᠠᠮ ᠢ ᠬᠠᠭᠤᠷᠮᠠᠭᠯᠠᠨ ᠵᠤᠬᠢᠶᠠᠵᠤ᠂ ᠬᠤᠳᠠᠯ ᠢᠶᠠᠷ ᠰᠤᠯᠢᠯᠴᠠᠭᠠᠨ | ᠶᠠᠪᠤᠭᠳᠠᠭᠤᠯᠵᠤ᠂ ᠡᠳ᠋ ᠤᠨ ᠵᠠᠰᠠᠭ ᠤᠨ ᠨᠥᠬᠦᠪᠥᠷᠢ ᠶᠢ ᠮᠡᠬᠡᠯᠡᠨ ᠠᠪᠬᠤ᠃ | ︵ᠭᠤᠷᠪᠠ︶ ᠤᠯᠤᠰ ᠤᠨ ᠠᠰᠢᠭ ᠲᠤᠰᠠ ᠶᠢ ᠬᠤᠬᠢᠷᠠᠭᠤᠯᠤᠭᠰᠠᠨ ᠪᠤᠰᠤᠳ ᠠᠵᠢᠯᠯᠠᠭ᠎ᠠ ᠨᠤᠭᠤᠳ᠃ | ᠲᠣᠰ ᠲᠡᠳᠬᠦᠬᠦ ᠠᠵᠢᠯ ᠤᠨ ᠲᠥᠰᠦᠯ ᠢ ᠨᠡᠶᠢᠲᠡᠯᠡᠭᠰᠡᠨ ᠡᠳᠦᠷ ᠠᠴᠠ ᠡᠬᠢᠯᠡᠨ ᠲᠤᠷᠰᠢᠨ ᠬᠡᠷᠡᠭᠵᠢᠭᠦᠯᠵᠦ᠂ | ᠬᠠᠮᠤᠭ ᠡᠴᠦᠰ ᠤᠨ ᠲᠠᠶᠢᠯᠪᠤᠷᠢᠯᠠᠬᠤ ᠡᠷᠬᠡ ᠶᠢ ᠠᠪᠠᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠠᠷᠢᠭᠤᠴᠠᠨ᠎ᠠ᠃ | | ᠳᠠᠭᠠᠯᠳᠤᠭᠤᠯᠤᠯ 2᠄ | | ᠠᠪᠠᠭ᠎ᠠ ᠬᠤᠰᠢᠭᠤᠨ ᠤ ᠲᠠᠷᠢᠶᠠᠯᠠᠩ ᠤᠨ ᠮᠠᠰᠢᠨ ᠮᠧᠬᠠᠨᠢᠭ ᠤᠨ ᠬᠤᠰᠢᠭᠤ ᠲᠡᠰ ᠤᠨ ᠨᠥᠬᠦᠪᠥᠷᠢ ᠶᠢᠨ | ᠲᠥᠰᠦᠯ | | ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠤᠯᠠᠮ ᠴᠢᠨᠠᠭᠰᠢᠳᠠ | ᠲᠥᠯᠬᠢᠨ ᠠᠬᠢᠭᠤᠯᠬᠤ ᠶᠢᠨ ᠲᠤᠰᠠᠳᠠ᠂ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠪᠣᠯᠤᠨ ᠮᠠᠯᠴᠢᠳ ᠤᠨ | ᠬᠡᠷᠡᠭᠴᠡᠭᠡ ᠲᠠᠢ ᠤᠶᠠᠯᠳᠤᠭᠤᠯᠤᠨ᠂ ᠲᠡᠵᠢᠭᠡᠯ ᠪᠣᠷᠳᠤᠭ᠎ᠠ ᠨᠠᠶᠢᠷᠠᠭᠤᠯᠬᠤ ᠤᠯᠠᠨ ᠬᠡᠷᠡᠭᠴᠡᠭᠡᠲᠦ ᠨᠡᠬᠦᠳᠠᠯ ᠮᠠᠰᠢᠨ ᠲᠤ | ᠨᠥᠬᠦᠪᠥᠷᠢ ᠣᠯᠭᠤᠨ᠎ᠠ᠃ ᠪᠣᠳᠠᠲᠠᠶ ᠠᠭᠤᠯᠭ᠎ᠠ ᠨᠢ ᠳᠣᠣᠷᠠᠬᠢ ᠮᠡᠲᠦ᠄ | ᠨᠢᠭᠡ᠂ ᠭᠤᠣᠯ ᠵᠣᠷᠢᠯᠭ᠎ᠠ | ⒈ᠮᠠᠨ ᠤ ᠬᠤᠰᠢᠭᠤᠨ ᠤ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠬᠢᠷᠢ ᠲᠦᠪᠰᠢᠨ ᠶᠢ ᠤᠯᠠᠮ | ᠴᠢᠨᠠᠭᠰᠢᠳᠠ ᠳᠡᠭᠡᠭᠰᠢᠯᠡᠭᠦᠯᠵᠦ᠂ ᠮᠠᠯᠵᠢᠬᠤ ᠣᠷᠣᠨ ᠤ ᠬᠥᠳᠡᠯᠮᠦᠷᠢ ᠬᠦᠴᠤ ᠶᠢ ᠠᠷᠪᠢᠯᠠᠨ᠂ ᠲᠡᠵᠢᠬᠡᠨ ᠠᠷᠠᠴᠢᠯᠠᠬᠤ | ᠥᠪᠡᠷ ᠤᠨ ᠥᠷᠲᠡᠭ ᠢ ᠪᠠᠭᠠᠰᠬᠠᠨ᠂ ᠮᠠᠯᠵᠢᠬᠤ ᠣᠷᠣᠨ ᠤ ᠦᠢᠯᠡᠳᠪᠤᠷᠢᠯᠡᠯ ᠠᠮᠢᠳᠤᠷᠠᠯ ᠤᠨ ᠬᠡᠷᠡᠭᠴᠡᠭᠡ ᠶᠢ | ᠰᠢᠢᠳᠪᠤᠷᠢᠯᠡᠵᠤ᠂ ᠮᠠᠯᠵᠢᠬᠤ ᠣᠷᠣᠨ ᠤ ᠤᠳᠤᠬᠢᠴᠢᠯᠠᠭᠰᠡᠨ ᠮᠠᠰᠢᠨᠴᠢᠯᠠᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ | ⒉ᠲᠡᠷᠢᠭᠦᠨ ᠤ ᠬᠡᠷᠡᠭᠯᠡᠭᠡᠨ ᠤ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠮᠧᠬᠠᠨᠢᠭ ᠶᠢ ᠳᠡᠯᠭᠡᠷᠡᠭᠦᠯᠬᠦ ᠪᠠᠷ | ᠳᠠᠮᠵᠢᠭᠤᠯᠤᠨ᠂ ᠮᠠᠯᠴᠢᠳ ᠢ ᠬᠥᠲᠥᠯᠦᠨ ᠵᠢᠯᠣᠭᠤᠳᠴᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨᠴᠢ | ᠦᠢᠯᠡᠳᠪᠤᠷᠢᠯᠡᠯ ᠤᠨ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠮᠠᠯᠴᠢᠳ ᠤᠨ ︽ᠴᠦᠬᠡᠨ ᠲᠡᠵᠢᠭᠡᠵᠦ | ᠨᠠᠷᠢᠯᠢᠭ ᠲᠡᠵᠢᠭᠡᠬᠦ︾ ᠲᠠᠨᠢᠯᠳᠠ ᠤᠬᠠᠮᠰᠠᠷ ᠢ ᠳᠡᠭᠡᠭᠰᠢᠯᠡᠭᠦᠯᠦᠨ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠢ | ᠤᠯᠠᠮ ᠴᠢᠨᠠᠭᠰᠢᠳᠠ ᠰᠠᠶᠢᠵᠢᠷᠠᠭᠤᠯᠵᠤ᠂ ᠠᠵᠤ ᠠᠬᠤᠶ ᠶᠢᠨ ᠦᠷ᠎ᠡ ᠠᠰᠢᠭ᠂ ᠠᠮᠢ ᠠᠬᠤᠶ ᠶᠢᠨ ᠦᠷ᠎ᠡ ᠠᠰᠢᠭ ᠢ | ᠨᠡᠮᠡᠭᠳᠡᠬᠦᠯᠤᠨ᠎ᠠ᠃ | ᠬᠤᠶᠠᠷ᠂ ᠮᠠᠰᠢᠨ ᠮᠧᠬᠠᠨᠢᠭ ᠤᠨ ᠲᠦᠷᠦᠯ ᠬᠡᠯᠪᠡᠷᠢ ᠵᠢᠴᠢ ᠨᠥᠬᠦᠪᠥᠷᠢ ᠥᠭᠬᠦ ᠪᠠᠷᠢᠮᠵᠢᠶ᠎ᠠ | ⒈ᠮᠠᠰᠢᠨ ᠮᠧᠬᠠᠨᠢᠭ ᠤᠨ ᠲᠥᠷᠥᠯ ᠬᠡᠯᠪᠡᠷᠢ ᠨᠢ ᠡᠳ᠋ᠰᠢᠭᠦᠯᠦᠨ ᠨᠠᠶᠢᠷᠠᠭᠤᠯᠬᠤ ᠪᠠ ᠲᠡᠵᠢᠬᠡᠯ ᠣᠷᠣᠭᠤᠯᠬᠤ᠂ | ᠲᠡᠵᠢᠬᠡᠯ ᠠᠰᠬᠠᠬᠤ ᠣᠯᠠᠨ ᠴᠢᠳᠠᠮᠵᠢᠳᠤ ᠲᠡᠵᠢᠬᠡᠯ ᠡᠪᠡᠰᠤ ᠪᠣᠷᠳᠤᠭ᠎ᠠ ᠨᠠᠶᠢᠷᠠᠭᠤᠯᠬᠤ ᠠᠦ᠋ᠲ᠋ᠠᠴᠢᠯᠠᠭᠰᠡᠨ ᠰᠢᠯᠵᠢᠮᠡᠯ | ᠬᠡᠯᠪᠡᠷᠢ ᠶᠢᠨ ᠨᠢᠭᠡ ᠴᠣᠭᠴᠠᠲᠤ ᠮᠠᠰᠢᠨ ᠪᠥᠭᠡᠳ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠮᠧᠬᠠᠨᠢᠭ ᠢ | ᠦᠢᠯᠡᠳᠪᠤᠷᠢᠯᠡᠨ ᠪᠣᠷᠣᠯᠠᠭᠤᠯᠬᠤ ︽ᠪᠦᠳᠤᠬᠡᠭᠳᠡᠬᠦᠨ ᠤ ᠶᠠᠰᠤ ᠴᠢᠨᠠᠷ ᠤᠨ ᠬᠠᠤᠯᠢ︾ ᠵᠡᠷᠭᠡ ᠬᠠᠮᠢᠶ᠎ᠠ ᠪᠥᠬᠦᠶ | ᠲᠣᠭᠲᠠᠭᠠᠯ ᠳᠤ ᠨᠠᠶᠢᠴᠡᠭᠰᠡᠨ ᠪᠠᠶᠢᠬᠤ ᠬᠡᠷᠡᠭᠳᠡᠢ᠃ | ⒉ᠨᠥᠬᠦᠪᠥᠷᠢ ᠭᠥᠷᠳᠡᠬᠦ ᠮᠠᠯᠵᠢᠬᠤ ᠡᠷᠦᠬᠡ ᠨᠢ ᠲᠣᠰ ᠭᠠᠵᠠᠷ ᠣᠷᠣᠨ ᠤ ᠲᠠᠷᠢᠶᠠᠯᠠᠩ ᠮᠠᠯᠵᠢᠬᠤ ᠡᠷᠦᠬᠡ | ᠠᠮᠠ ᠶᠢᠨ ᠲᠠᠩᠰᠠ ᠲᠠᠢ ᠪᠠᠶᠢᠵᠤ᠂ ᠮᠠᠯ ᠠᠵᠤ ᠠᠬᠤᠶ ᠡᠷᠬᠢᠯᠡᠵᠤ ᠪᠠᠶᠢᠬᠤ ᠶᠢᠨ ᠬᠠᠮᠲᠤ ᠮᠠᠯ ᠪᠡᠯᠴᠢᠭᠡᠷ ᠤᠨ | ᠲᠠᠩᠴᠠᠬᠦᠷᠢᠰᠢᠯ ᠢ ᠰᠠᠶᠢᠳᠤᠷ ᠬᠡᠷᠡᠭᠵᠢᠬᠦᠯᠦᠭᠰᠡᠨ ᠡᠷᠦᠬᠡ ᠪᠠᠶᠢᠬᠤ ᠬᠡᠷᠡᠭᠳᠡᠢ᠃ ᠮᠠᠰᠢᠨ ᠨᠢᠭᠡᠪᠦᠷᠢ ᠳᠤ 1.5 ᠲᠦᠮᠡᠨ | ᠲᠥᠭᠦᠷᠢᠭ ᠤᠨ ᠨᠥᠬᠦᠪᠥᠷᠢ ᠥᠭᠬᠦ ᠪᠠᠷᠢᠮᠵᠢᠶ᠎ᠠ ᠪᠠᠷ ᠨᠥᠬᠦᠪᠥᠷᠢ ᠤᠯᠭᠤᠨ᠎ᠠ᠃ 2018 ᠣᠨ ᠠᠴᠠ 2020 ᠣᠨ | ᠪᠣᠯᠲᠠᠯ᠎ᠠ ᠨᠢᠭᠡᠨᠲᠡ ᠠᠳᠠᠯᠢ ᠲᠥᠷᠥᠯ ᠤᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠮᠧᠬᠠᠨᠢᠭ ᠤᠨ ᠨᠥᠬᠦᠪᠥᠷᠢ ᠶᠢ | ᠭᠥᠷᠳᠡᠭᠰᠡᠨ ᠮᠠᠯᠴᠢᠨ ᠡᠷᠦᠬᠡ ᠲᠣᠰ ᠤᠳᠠᠭᠠᠨ ᠤ ᠲᠠᠷᠢᠶᠠᠯᠠᠩ ᠤᠨ ᠮᠠᠰᠢᠨ ᠤ ᠨᠥᠬᠦᠪᠥᠷᠢ ᠶᠢ ᠳᠠᠬᠢᠨ ᠳᠠᠪᠲᠠᠨ | ᠭᠥᠷᠳᠡᠵᠦ ᠪᠣᠯᠬᠤ ᠥᠬᠡᠶ᠃ | ᠭᠤᠷᠪᠠ᠂ ᠨᠥᠬᠦᠪᠥᠷᠢ ᠥᠭᠬᠦ ᠬᠡᠪᠴᠢᠶ᠎ᠡ | ᠲᠣᠰ ᠤᠳᠠᠭᠠᠨ ᠤ ᠨᠥᠬᠦᠪᠥᠷᠢ ᠶᠢᠨ ᠲᠤᠷᠰᠢᠨ ᠬᠡᠷᠡᠭᠵᠢᠭᠦᠯᠬᠦ ᠠᠷᠭ᠎ᠠ ᠳᠤ ᠪᠡᠶ᠎ᠡ ᠪᠠᠨ ᠳᠠᠭᠠᠭᠠᠵᠤ ᠮᠠᠰᠢᠨ | ᠮᠧᠬᠠᠨᠢᠭ ᠬᠤᠳᠠᠯᠳᠤᠨ ᠠᠪᠬᠤ᠂ ᠲᠣᠭᠲᠠᠭᠰᠠᠨ ᠨᠣᠷᠮ᠎ᠠ ᠪᠠᠷ ᠨᠥᠬᠦᠪᠥᠷᠢ ᠥᠭᠬᠦ᠂ ᠤᠷᠢᠳ ᠢᠶᠠᠷ ᠬᠤᠳᠠᠯᠳᠤᠨ | ᠠᠪᠴᠤ ᠳᠠᠷᠠᠭ᠎ᠠ ᠨᠢ ᠨᠥᠬᠦᠪᠥᠷᠢ ᠥᠭᠬᠦ᠂ ᠨᠥᠬᠦᠪᠥᠷᠢ ᠶᠢ ᠰᠢᠭᠤᠳ ᠡᠷᠦᠬᠡ ᠳᠤ ᠤᠯᠭᠤᠬᠤ ᠠᠷᠭ᠎ᠠ ᠬᠡᠮᠵᠢᠶ᠎ᠠ ᠶᠢ | ᠠᠪᠴᠤ᠂ ᠮᠠᠰᠢᠨ ᠬᠤᠳᠠᠯᠳᠤᠨ ᠠᠪᠤᠭᠰᠡᠨ ᠢᠶᠠᠨ ᠲᠡᠬᠡᠭᠰᠢ ᠮᠡᠳᠡᠬᠦᠯᠦᠭᠰᠡᠨ ᠲᠠᠰ ᠳᠠᠷᠠᠭᠠᠯᠠᠯ ᠢᠶᠠᠷ ᠨᠥᠬᠦᠪᠥᠷᠢ | ᠥᠭᠴᠦ᠂ ᠲᠤᠰᠬᠠᠢ ᠲᠦᠷᠤᠯ ᠵᠥᠢᠯ ᠤᠨ ᠮᠦᠩᠬᠦ ᠨᠥᠬᠦᠪᠥᠷᠢᠯᠡᠵᠦ ᠳᠠᠭᠤᠰᠲᠠᠯ᠎ᠠ ᠬᠡᠷᠡᠭᠵᠢᠭᠦᠯᠦᠨ᠎ᠡ᠃ | ᠳᠥᠷᠪᠡ᠂ ᠮᠡᠳᠡᠭᠦᠯᠬᠦ ᠲᠠᠰ ᠳᠠᠷᠠᠭᠠᠯᠠᠯ | ᠤᠯᠤᠰ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠮᠧᠬᠠᠨᠢᠭ ᠬᠤᠳᠠᠯᠳᠤᠨ ᠠᠪᠬᠤ ᠬᠠᠮᠢᠶ᠎ᠠ ᠪᠥᠬᠦᠶ | ᠲᠣᠭᠲᠠᠭᠠᠯ ᠤᠨ ᠱᠠᠭᠠᠷᠳᠠᠯᠭ᠎ᠠ ᠶᠣᠰᠣᠭᠠᠷ ︽ᠮᠠᠰᠢᠨ ᠬᠤᠳᠠᠯᠳᠤᠨ ᠠᠪᠬᠤ ᠶᠢ ᠴᠢᠯᠥᠭᠡᠲᠡᠶ ᠪᠣᠯᠭᠠᠬᠤ᠂ ᠤᠷᠢᠳᠠᠪᠠᠷ | ᠬᠤᠳᠠᠯᠳᠤᠨ ᠠᠪᠴᠤ ᠳᠠᠷᠠᠭ᠎ᠠ ᠨᠢ ᠨᠥᠬᠦᠪᠥᠷᠢᠯᠡᠬᠦ᠂ ᠪᠢᠴᠢᠭ ᠪᠠᠷᠢᠮᠳᠠ ᠪᠠᠨ ᠪᠦᠷᠢᠡᠰᠢᠬᠦᠯᠤᠨ ᠭᠤᠶᠤᠴᠢᠯᠠᠬᠤ᠂ | ᠬᠦᠢᠴᠡᠳᠬᠡᠯ ᠢ ᠳᠥᠭᠦᠮᠴᠢᠯᠡᠬᠦ︾ ᠵᠠᠷᠴᠢᠮ ᠶᠣᠰᠣᠭᠠᠷ ᠬᠡᠷᠡᠭᠵᠢᠭᠦᠯᠦᠨ᠎ᠡ᠃ ᠪᠣᠳᠠᠲᠠᠶ ᠪᠠᠷ ᠬᠡᠯᠡᠪᠡᠯ᠄ | ⒈ᠮᠠᠯᠵᠢᠬᠤ ᠡᠷᠦᠬᠡ ᠮᠠᠰᠢᠨ ᠮᠧᠬᠠᠨᠢᠭ ᠬᠤᠳᠠᠯᠳᠤᠨ ᠠᠪᠤᠭᠰᠠᠨ ᠤ ᠳᠠᠷᠠᠭ᠎ᠠ ᠦᠨᠳᠦᠰᠦᠨ ᠮᠡᠳᠡᠭᠡ | ᠵᠠᠩᠭᠢ ᠶᠢᠨ ᠬᠠᠭᠤᠳᠠᠰᠤ᠂ ᠪᠣᠷᠣᠯᠠᠭᠤᠯᠤᠭᠰᠠᠨ ᠪᠠᠷᠢᠮᠲᠠ᠂ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ | ᠨᠤᠳᠤᠭ ᠪᠡᠯᠴᠢᠭᠡᠷ ᠤᠨ ᠳᠡᠪᠲᠡᠷ᠂ ︽ᠨᠢᠬᠡ ᠺᠠᠷᠲ ᠢᠶᠠᠷ ᠨᠠᠪᠳᠠᠷᠠᠬᠦ ᠨᠤᠮᠧᠷ︾ ᠵᠡᠷᠭᠡ ᠮᠠᠲ᠋ᠧᠷᠢᠶᠠᠯ ᠢᠶᠠᠨ ᠠᠪᠴᠤ | ᠰᠤᠮᠤ ᠪᠠᠯᠭᠠᠰᠤ᠂ ᠭᠠᠴᠠᠭᠠᠨ ᠳᠤ ᠪᠠᠨ ᠪᠦᠷᠢᠳᠬᠡᠨ ᠳᠠᠩᠰᠠᠯᠠᠭᠤᠯᠬᠤ ᠬᠡᠷᠡᠭᠲᠡᠶ᠃ | ⒉ᠡᠯ᠎ᠡ ᠰᠤᠮᠤ ᠪᠠᠯᠭᠠᠰᠤ ᠨᠢ ᠮᠠᠰᠢᠨ ᠮᠧᠬᠠᠨᠢᠭ ᠬᠤᠳᠠᠯᠳᠤᠨ ᠠᠪᠤᠭᠰᠠᠨ ᠮᠠᠯᠵᠢᠬᠤ ᠡᠷᠦᠬᠡ ᠳᠤ ᠵᠢᠭᠰᠠᠭᠠᠨ | ᠪᠠᠶᠢᠴᠠᠭᠠᠯᠲᠠ ᠬᠢᠵᠦ᠂ ᠬᠢᠨᠠᠨ ᠲᠣᠭᠲᠠᠭᠠᠭᠰᠠᠨ ᠤ ᠳᠠᠷᠠᠭ᠎ᠠ᠂ ᠵᠣᠬᠢᠬᠤ ᠬᠡᠪᠴᠢᠶᠡᠨ ᠤ ᠳᠣᠲᠣᠷ᠎ᠠ 5 ᠡᠳᠦᠷ ᠤᠨ | ᠬᠤᠭᠤᠴᠠᠭ᠎ᠠ ᠲᠠᠢ ᠪᠠᠷ ᠢᠯᠡ ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭᠠᠨ ᠳᠤ ᠣᠨᠳᠣᠤ ᠰᠠᠨᠠᠯ ᠥᠬᠡᠶ | ᠪᠣᠯᠤᠭᠰᠠᠨ ᠤ ᠳᠠᠷᠠᠭ᠎ᠠ ᠬᠤᠰᠢᠭᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠮᠡᠷᠭᠡᠵᠢᠯ ᠤᠨ ᠲᠤᠪᠴᠢᠶᠠᠨ ᠳᠤ | ᠮᠡᠳᠡᠭᠦᠯᠦᠨ᠎ᠡ᠃ | ⒊ᠬᠤᠰᠢᠭᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠮᠡᠷᠭᠡᠵᠢᠯ ᠤᠨ ᠲᠣᠪᠴᠢᠶ᠎ᠠ ᠠᠴᠠ ᠰᠤᠮᠤ | ᠪᠠᠯᠭᠠᠰᠤᠨ ᠤ ᠳᠡᠭᠡᠭᠰᠢ ᠮᠡᠳᠡᠭᠦᠯᠦᠭᠰᠡᠨ ᠮᠠᠲ᠋ᠧᠷᠢᠶᠠᠯ ᠢ ᠡᠮᠬᠢᠯᠠᠵᠤ ᠬᠢᠨᠡᠨ ᠬᠠᠷᠭᠤᠭᠤᠯᠤᠭᠠᠳ ᠠᠯᠳᠠᠭ᠎ᠠ ᠥᠬᠡᠶ ᠪᠣᠯ | ᠳᠡᠭᠡᠭᠰᠢ ᠬᠤᠰᠢᠭᠤ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠵᠦ᠂ ᠮᠠᠯᠴᠢᠨ ᠡᠷᠦᠬᠡ ᠶᠢᠨ ︽ᠨᠢᠬᠡ ᠺᠠᠷᠲ ᠪᠠᠷ | ᠨᠠᠪᠳᠠᠷᠠᠬᠦ ᠺᠠᠷᠲ︾ ᠢᠶᠠᠷ ᠳᠡᠮᠵᠢᠨ ᠨᠥᠬᠦᠪᠥᠷᠢ ᠶᠢ ᠣᠯᠭᠤᠨ᠎ᠠ᠃ | ᠲᠠᠪᠤ᠂ ᠪᠡᠯᠡ ᠮᠦᠩᠬᠦᠨ ᠤ ᠬᠠᠮᠢᠶᠠᠷᠤᠯᠲᠠ | ᠬᠤᠰᠢᠭᠤ ᠡᠳ᠋ ᠤᠨ ᠵᠠᠰᠠᠭ ᠤᠨ ᠲᠣᠪᠴᠢᠶ᠎ᠠ ᠠᠴᠠ ᠲᠡᠳᠬᠦᠨ ᠳᠡᠮᠵᠢᠬᠦ ᠪᠠᠯᠠ ᠮᠦᠩᠬᠦᠨ ᠤ | ᠬᠠᠮᠢᠶᠠᠷᠤᠯᠲᠠ ᠪᠠᠨ ᠴᠢᠩᠭᠠᠳᠬᠠᠵᠤ᠂ ︽ᠲᠤᠰᠬᠠᠶ ᠲᠠᠩᠰᠠ ᠪᠠᠷ ᠬᠢᠨᠡᠨ ᠬᠠᠷᠭᠤᠭᠤᠯᠵᠤ᠂ ᠲᠤᠰᠬᠠᠶ ᠪᠡᠯᠡ ᠮᠦᠩᠬᠦ | ᠶᠢ ᠲᠤᠰᠬᠠᠶ ᠬᠡᠷᠡᠭᠯᠡᠬᠦ︾ ᠶᠢ ᠦᠨᠡᠨᠬᠦ ᠪᠠᠲᠤᠯᠠᠬᠤ ᠬᠡᠷᠡᠭᠲᠡᠶ᠃ ᠬᠤᠰᠢᠭᠤ ᠡᠳ᠋ ᠤᠨ ᠵᠠᠰᠠᠭ᠂ ᠬᠢᠨᠠᠨ ᠪᠤᠳᠤᠬᠤ ᠵᠡᠷᠭᠡ | ᠰᠠᠯᠠᠭ᠎ᠠ ᠮᠥᠴᠢᠷ ᠱᠠᠯᠠᠪᠳᠠᠭᠤᠯᠤᠨ ᠪᠠᠶᠢᠴᠠᠭᠠᠵᠤ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠲᠡᠳᠬᠦᠬᠦ ᠲᠥᠷᠥ ᠶᠢᠨ | ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠤᠨ᠂ ᠪᠠᠯᠠ ᠮᠥᠩᠭᠦ ᠶᠢ ᠲᠦᠷᠢᠮᠵᠢᠬᠦᠯᠤᠨ ᠬᠡᠷᠡᠭᠯᠡᠬᠦ ᠶᠢ ᠪᠠᠲᠤᠯᠠᠵᠤ᠂ | ᠲᠥᠷᠥᠯ ᠵᠥᠢᠯ ᠤᠨ ᠪᠠᠯᠠ ᠮᠥᠩᠭᠦ ᠶᠢ ᠮᠡᠬᠡᠯᠡᠨ ᠠᠪᠬᠤ᠂ ᠠᠯᠪᠠᠳᠠᠨ ᠡᠵᠡᠯᠡᠬᠦ᠂ ᠨᠡᠭᠦᠯᠭᠡᠨ ᠬᠡᠷᠡᠭᠯᠡᠬᠦ᠂ | ᠳᠤᠮᠳᠠ ᠠᠴᠠ ᠨᠢ ᠦᠯᠡᠳᠡᠭᠡᠬᠦ ᠦᠵᠡᠭᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ ᠬᠤᠰᠢᠭᠤ ᠲᠠᠷᠢᠶᠠᠯᠠᠩ ᠮᠠᠯ | ᠠᠵᠤ ᠠᠬᠤᠢ ᠰᠢᠨᠵᠢᠯᠡᠬᠦ ᠮᠡᠷᠬᠡᠵᠢᠯ ᠤᠨ ᠲᠣᠪᠴᠢᠶ᠎ᠠ ᠡᠯ᠎ᠡ ᠰᠤᠮᠤ ᠪᠠᠯᠭᠠᠰᠤ ᠲᠠᠢ ᠬᠠᠮᠵᠢᠯᠴᠠᠨ ᠮᠠᠰᠢᠨ ᠮᠧᠬᠠᠨᠢᠭ ᠢ | ᠮᠥᠷᠳᠡᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠮᠠᠰᠢᠨ ᠮᠧᠬᠠᠨᠢᠭ ᠢ ᠰᠢᠯᠵᠢᠭᠦᠯᠦᠨ ᠬᠤᠳᠠᠯᠳᠤᠬᠤ ᠠᠵᠢᠯᠯᠠᠭ᠎ᠠ | ᠶᠢ ᠬᠤᠷᠢᠭᠯᠠᠵᠤ᠂ ᠬᠡᠷᠪᠡ ᠲᠦᠷᠢᠮ ᠲᠤᠭᠳᠠᠭᠠᠯ ᠠᠴᠠ ᠵᠦᠷᠢᠴᠡᠭᠰᠡᠨ ᠠᠵᠢᠯᠯᠠᠭ᠎ᠠ ᠪᠠᠶᠢᠪᠠᠯ ᠪᠥᠬᠦ ᠨᠥᠬᠦᠪᠥᠷᠢ ᠶᠢᠨ | ᠪᠠᠯᠠ ᠮᠥᠩᠭᠦ ᠶᠢ ᠨᠡᠬᠡᠮᠵᠢᠯᠡᠨ ᠠᠪᠴᠢᠷᠠᠨ᠎ᠠ᠃ | ᠵᠢᠷᠭᠤᠭ᠎ᠠ᠂ ᠬᠠᠤᠯᠢ ᠶᠢᠨ ᠬᠠᠷᠢᠭᠤᠴᠠᠯᠭ᠎ᠠ | ᠮᠠᠯᠵᠢᠬᠤ ᠡᠷᠦᠬᠡ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠢᠯᠡᠷᠡᠪᠡᠯ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠠᠴᠠ ᠡᠳ᠋ ᠤᠨ ᠵᠠᠰᠠᠭ ᠤᠨ ᠨᠥᠬᠦᠪᠥᠷᠢ ᠮᠦᠩᠬᠦ ᠶᠢ ᠬᠤᠷᠢᠶᠠᠨ ᠠᠪᠴᠤ᠂ ᠦᠢᠯᠡ ᠪᠠᠶᠢᠳᠠᠯ ᠨᠢ | ᠬᠦᠨᠳᠦ ᠨᠣᠴᠢᠲᠠᠶ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠬᠠᠤᠯᠢ ᠶᠣᠰᠣᠭᠠᠷ ᠰᠢᠯᠵᠢᠭᠦᠯᠦᠨ ᠬᠦᠷᠭᠡᠵᠦ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠮᠠᠰᠢᠨ ᠮᠧᠬᠠᠨᠢᠭ ᠬᠤᠳᠠᠯᠳᠤᠨ ᠠᠪᠤᠭᠠᠳ ᠥᠪᠡᠷ ᠢᠶᠠᠨ ᠬᠡᠷᠡᠭᠯᠡᠬᠦ ᠦᠭᠡᠢ ᠪᠠᠷ ᠳᠠᠮᠵᠢᠭᠤᠯᠤᠨ | ᠬᠤᠳᠠᠯᠳᠤᠭᠰᠠᠨ ᠪᠤᠶᠤ ᠨᠥᠬᠦᠪᠥᠷᠢ ᠥᠭᠬᠦ ᠨᠥᠬᠦᠴᠡᠯ ᠳᠤ ᠨᠡᠶᠢᠴᠡᠬᠦ ᠦᠭᠡᠢ ᠬᠥᠮᠦᠨ ᠳᠤ ᠣᠷᠣᠯᠠᠨ ᠬᠤᠳᠠᠯᠳᠤᠨ | ᠥᠭᠴᠦ᠂ ᠨᠥᠬᠦᠪᠥᠷᠢ ᠶᠢ ᠮᠡᠬᠡᠯᠡᠨ ᠠᠪᠬᠤ ᠪᠤᠶᠤ ᠳᠤᠮᠳᠠ ᠠᠴᠠ ᠨᠢ ᠠᠰᠢᠭ ᠤᠯᠬᠤ᠃ | ︵ᠬᠤᠶᠠᠷ︶ ᠬᠡᠷᠡᠴᠢ ᠪᠠᠷᠢᠮᠳᠠ ᠶᠢ ᠬᠠᠭᠤᠷᠮᠠᠭᠯᠠᠨ ᠵᠤᠬᠢᠶᠠᠵᠤ᠂ ᠮᠠᠰᠢᠨ ᠮᠧᠬᠠᠨᠢᠭ ᠬᠡᠶᠢᠰᠪᠤᠷᠢ ᠪᠠᠷ | ᠬᠤᠳᠠᠯᠳᠤᠨ ᠠᠪᠴᠤ᠂ ᠡᠳ᠋ ᠤᠨ ᠵᠠᠰᠠᠭ ᠤᠨ ᠨᠥᠬᠦᠪᠥᠷᠢ ᠶᠢ ᠮᠡᠬᠡᠯᠡᠨ ᠠᠪᠬᠤ᠃ | ︵ᠭᠤᠷᠪᠠ︶ ᠤᠯᠤᠰ ᠣᠷᠣᠨ ᠤ ᠠᠰᠢᠭ ᠲᠤᠰᠠ ᠶᠢ ᠬᠤᠬᠢᠷᠠᠭᠤᠯᠤᠭᠰᠠᠨ ᠪᠤᠰᠤᠳ ᠠᠵᠢᠯᠯᠠᠭ᠎ᠠ ᠨᠤᠭᠤᠳ᠃ | ᠲᠣᠰ ᠲᠡᠳᠬᠦᠬᠦ ᠲᠥᠰᠦᠯ ᠢ ᠨᠡᠶᠢᠲᠡᠯᠡᠭᠰᠡᠨ ᠡᠳᠦᠷ ᠠᠴᠠ ᠡᠬᠢᠯᠡᠨ ᠲᠤᠷᠰᠢᠨ ᠬᠡᠷᠡᠭᠵᠢᠭᠦᠯᠵᠦ᠂ ᠬᠠᠮᠤᠭ | ᠡᠴᠦᠰ ᠤᠨ ᠲᠠᠶᠢᠯᠪᠤᠷᠢᠯᠠᠬᠤ ᠡᠷᠬᠡ ᠶᠢ ᠠᠪᠠᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ | ᠮᠡᠷᠭᠡᠵᠢᠯ ᠤᠨ ᠲᠣᠪᠴᠢᠶ᠎ᠠ ᠠᠴᠠ ᠬᠠᠷᠢᠭᠤᠴᠠᠨ᠎ᠠ᠃ | |