ᠰᠢᠯᠢ ᠶᠢᠨ ᠭᠤᠤᠯ ᠠᠶᠢᠮᠠᠭ ᠤᠨ ᠲᠦᠪ ᠡᠮᠨᠡᠯᠭᠡ ᠶᠢᠨ ᠬᠤᠷᠢᠶ᠎ᠠ ᠨᠢ ᠠᠪᠠᠭ᠎ᠠ ᠬᠤᠰᠢᠭᠤᠨ ᠳᠤ ᠬᠦᠷᠴᠦ ᠡᠷᠡᠬᠦᠯ ᠮᠡᠨᠳᠦ ᠶᠢ ᠦᠨᠳᠦᠰᠦᠨ ᠱᠠᠳᠤᠨ ᠳᠤ ᠬᠦᠷᠭᠡᠬᠦ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/8/31
    ᠰᠢᠯᠢ ᠶᠢᠨ ᠭᠤᠤᠯ ᠠᠶᠢᠮᠠᠭ ᠤᠨ ᠲᠦᠪ ᠡᠮᠨᠡᠯᠭᠡ ᠶᠢᠨ ᠬᠤᠷᠢᠶ᠎ᠠ ᠨᠢ ᠠᠪᠠᠭ᠎ᠠ ᠬᠤᠰᠢᠭᠤᠨ ᠤ ᠬᠤᠩᠭᠤᠷᠭᠤᠤᠯ ᠪᠠᠯᠭᠠᠰᠤᠨ ᠤ ᠰᠠᠷᠠᠭᠤᠯᠲᠤᠶᠠᠭ᠎ᠠ ᠭᠠᠴᠠᠭᠠᠨ ᠳᠤ ᠭᠦᠨᠵᠡᠭᠡᠶᠢᠷᠡᠨ ︽ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠳᠦ ᠰᠡᠳᠬᠢᠯ ᠢᠶᠠᠨ ᠨᠢᠭᠡᠳᠬᠡᠨ᠂ ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠦᠶ᠎ᠡ︾ ᠭᠡᠬᠦ ᠡᠷᠡᠭᠦᠯ ᠮᠡᠨᠳᠦ ᠶᠢ ᠦᠨᠳᠦᠰᠦᠨ ᠱᠠᠲᠤᠨ ᠳᠤ ᠬᠦᠷᠭᠡᠬᠦ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ ᠃ ᠡᠨᠡ ᠨᠢ ᠮᠦᠨᠴᠦ ᠲᠣᠰ ᠡᠮᠨᠡᠯᠭᠡ ᠶᠢᠨ ᠬᠤᠷᠢᠶᠠᠨ ᠤ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ ᠵᠢᠴᠢ ︿ᠪᠢ ᠪᠣᠯ ᠡᠷᠡᠭᠦᠯ ᠴᠢᠭᠢᠷᠠᠭ ᠬᠥᠮᠦᠨ᠂ ᠲᠠᠨ ᠳᠤ ᠬᠠᠪᠰᠤᠷᠤᠶ᠎ᠠ﹀ ᠭᠡᠬᠦ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ︾᠎ ᠶᠢᠨ ᠨᠢᠭᠡᠨ ᠴᠢᠬᠤᠯᠠ  ᠠᠭᠤᠯᠭ᠎ᠠ ᠪᠣᠯᠤᠨ᠎ᠠ᠃     ᠰᠢᠯᠢ ᠶᠢᠨ ᠭᠤᠣᠯ ᠠᠶᠢᠮᠠᠭ ᠤᠨ ᠲᠦᠪ ᠡᠮᠨᠡᠯᠭᠡ ᠶᠢᠨ ᠬᠤᠷᠢᠶᠠᠨ ᠤ ᠵᠢᠷᠦᠬᠡᠨ ᠤ ᠰᠠᠯᠠᠭ᠎ᠠ᠂ ᠨᠠᠰᠤᠲᠠᠶᠢᠴᠤᠳ ᠤᠨ ᠠᠨᠠᠭᠠᠬᠤ ᠤᠬᠠᠭᠠᠨ ᠤ ᠬᠤᠶᠠᠳᠤᠭᠠᠷ ᠰᠠᠯᠠᠭ᠎ᠠ᠂ ᠶᠠᠰᠤᠨ ᠤ ᠭᠤᠷᠪᠠᠳᠤᠭᠠᠷ ᠰᠠᠯᠠᠭ᠎ᠠ᠂ ᠳᠣᠲᠣᠭᠠᠳᠤ ᠱᠦᠬᠦᠷᠡᠯ ᠤᠨ ᠰᠠᠯᠠᠭ᠎ᠠ᠂ ᠠᠮᠢᠰᠬᠤᠯ ᠤᠨ ᠰᠠᠯᠠᠭᠠᠨ ᠤ 12 ᠲᠤᠰᠬᠠᠢ ᠮᠡᠷᠭᠡᠵᠢᠯᠲᠡᠨ ᠢᠶᠠᠷ ᠪᠦᠷᠢᠯᠳᠦᠭᠰᠡᠨ ᠠᠯᠪᠠᠨ ᠵᠢᠷᠤᠮ ᠤᠨ ᠡᠮᠴᠢᠯᠡᠭᠡᠨ ᠤ ᠳᠤᠭᠤᠶᠢᠯᠠᠩ ᠤᠨ ᠬᠢᠨ ᠰᠠᠷᠠᠭᠤᠯᠳᠤᠶᠠᠭ᠎ᠠ ᠭᠠᠴᠠᠭᠠᠨ ᠤ ᠥᠷᠭᠡᠨ ᠤᠯᠠᠨ ᠮᠠᠯᠴᠢᠳ ᠲᠤ ᠵᠢᠷᠦᠬᠡᠨ ᠯᠤᠭᠰᠢᠯᠲᠠ ᠶᠢᠨ ᠵᠢᠷᠤᠭ᠂ ᠴᠢᠰᠤᠨ ᠳᠠᠷᠤᠯᠲᠠ  ᠂ ᠴᠢᠰᠤᠨ ᠰᠢᠬᠢᠷ᠂ ᠴᠡᠭᠡᠵᠢᠨ ᠭᠡᠰᠡᠭ ᠤᠨ ᠰᠡᠬᠦᠳᠡᠷ᠂ B ᠬᠡᠳᠦ ᠳᠣᠯᠭᠢᠶᠠᠨ᠂ ᠴᠢᠰᠤᠨ ᠤ  ᠪᠠᠶᠢᠴᠠᠭᠠᠯᠲᠠ ᠵᠡᠷᠭᠡ  ᠪᠦᠬᠦ ᠲᠠᠯ᠎ᠠ ᠶᠢᠨ ᠪᠠᠶᠢᠴᠠᠭᠠᠯᠲᠠ ᠬᠢᠵᠦ ᠦᠭᠴᠠᠢ᠃    ᠰᠠᠷᠠᠭᠤᠯᠲᠤᠶᠠᠭ᠎ᠠ ᠭᠠᠴᠠᠭᠠᠨ ᠤ 40 ᠭᠠᠷᠤᠢ ᠮᠠᠯᠴᠢᠨ ᠡᠮᠬᠢ ᠲᠢᠭᠯᠢᠮ ᠲᠠᠢ ᠪᠠᠷ ᠡᠮᠨᠡᠯᠭᠡ ᠶᠢᠨ ᠠᠵᠢᠯᠲᠠᠳ ᠲᠠᠢ ᠬᠠᠮᠵᠢᠯᠴᠠᠨ ᠡᠯ᠎ᠡ ᠵᠦᠢᠯ ᠤᠨ ᠪᠠᠶᠢᠴᠠᠭᠠᠯᠲᠠ ᠬᠢᠯᠭᠡᠵᠦ ᠳᠠᠭᠤᠰᠤᠭᠰᠠᠨ ᠤ ᠳᠠᠷᠠᠭ᠎ᠠ ᠡᠮᠴᠢ ᠰᠤᠪᠢᠯᠠᠭᠴᠢᠳ ᠠᠴᠠ ᠬᠥᠮᠦᠨ ᠪᠦᠷᠢ ᠶᠢᠨ ᠪᠡᠶ᠎ᠡ ᠶᠢᠨ ᠪᠠᠶᠢᠴᠠᠭᠠᠯᠲᠠ ᠶᠢᠨ ᠳ᠋ᠦᠩ ᠢ ᠨᠢᠭᠡ ᠨᠢᠭᠡ ᠪᠠᠷ ᠬᠤᠷᠢᠶᠠᠨ ᠠᠪᠤᠪᠠ᠃ ᠨᠠᠰᠤᠲᠠᠶᠢᠴᠤᠳ ᠤᠨ ᠬᠤᠶᠠᠳᠤᠭᠠᠷ ᠰᠠᠯᠠᠭᠠᠨ ᠤ ᠭᠡᠭᠡᠷᠡᠯ ᠡᠮᠴᠢ ᠪᠣᠯᠤᠨ ᠳᠣᠲᠣᠭᠠᠳᠤ ᠱᠦᠬᠦᠷᠡᠯ ᠤᠨ ᠰᠠᠯᠠᠭᠠᠨ ᠤ ᠰᠦᠨᠳᠡᠷᠯᠢᠭ ᠡᠮᠴᠢ ᠠᠴᠠ ᠴᠢᠰᠤᠨ ᠳᠠᠷᠤᠯᠲᠠ᠂ ᠴᠢᠰᠤᠨ ᠰᠢᠬᠢᠷ ᠢ ᠵᠥᠪ ᠣᠨᠣᠪᠴᠢᠲᠠᠶ ᠡᠵᠡᠮᠳᠡᠬᠦ᠂ ᠴᠢᠰᠤᠨ ᠳᠠᠷᠤᠯᠲᠠ ᠶᠢᠨ ᠡᠮ ᠢ ᠵᠥᠪ ᠣᠨᠣᠪᠴᠢᠲᠠᠶ ᠬᠡᠷᠡᠭᠯᠡᠬᠦ ᠵᠢᠴᠢ ᠰᠢᠬᠢᠷ ᠰᠢᠵᠢᠩ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠵᠡᠷᠭᠡ ᠲᠠᠯ᠎ᠠ ᠪᠠᠷ ᠮᠠᠯᠴᠢᠳ ᠲᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠡᠷᠡᠭᠦᠯ ᠮᠡᠨᠳᠦ ᠶᠢᠨ ᠠᠰᠠᠭᠤᠳᠠᠯ ᠤᠨ ᠲᠤᠬᠠᠶ ᠲᠠᠶᠢᠯᠤᠮᠵᠢ ᠬᠢᠭᠰᠡᠨ ᠪᠠᠶᠢᠨ᠎ᠠ᠃    ᠲᠦᠪ ᠡᠮᠨᠡᠯᠭᠡ ᠶᠢᠨ ᠬᠤᠷᠢᠶᠠᠨ ᠤ ᠵᠢᠷᠦᠬᠡᠨ ᠤ ᠨᠢᠭᠡᠳᠦᠭᠡᠷ ᠰᠠᠯᠠᠭᠠᠨ ᠤ ᠡᠷᠬᠢᠯᠡᠭᠴᠢ᠂ ᠳᠡᠳ᠋ ᠡᠷᠬᠢᠯᠡᠭᠴᠢ ᠡᠮᠴᠢ ᠪᠦᠦ ᠲᠤᠶᠠᠭ᠎ᠠ  ᠄ ︽ᠡᠨᠡ ᠤᠳᠠᠭ᠎ᠠ ᠪᠢᠳᠡ ᠮᠠᠯᠵᠢᠬᠤ ᠣᠷᠣᠨ ᠳᠤ ᠠᠯᠪᠠᠨ ᠵᠢᠷᠤᠮ ᠤᠨ ᠡᠮᠴᠢᠯᠡᠭᠡ ᠬᠢᠬᠦ ᠪᠠᠷ ᠢᠷᠡᠭᠰᠡᠨ ᠨᠢ ᠭᠤᠣᠯᠳᠠᠭᠤ ᠲᠡᠳᠡᠨ ᠳᠤ ᠪᠡᠶ᠎ᠡ ᠶᠢᠨ ᠪᠠᠶᠢᠴᠠᠭᠠᠯᠲᠠ ᠬᠢᠯᠭᠡᠬᠦ ᠶᠢᠨ ᠴᠢᠬᠤᠯᠠ ᠴᠢᠨᠠᠷ ᠵᠢᠴᠢ ᠡᠮ ᠬᠡᠷᠡᠭᠯᠡᠬᠦ ᠵᠥᠪ ᠠᠷᠭ᠎ᠠ ᠶᠢ ᠭᠦᠢᠴᠡᠳ ᠲᠠᠨᠢᠭᠤᠯᠬᠤ ᠶᠢᠨ ᠲᠥᠯᠥᠭᠡ ᠶᠤᠮ᠂ ᠪᠢᠳᠡ ᠡᠶᠢᠮᠦᠷᠬᠦ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠮᠠᠯᠴᠢᠳ ᠲᠤ ᠨᠡᠩ ᠤᠯᠠᠨ ᠡᠷᠡᠭᠦᠯ ᠮᠡᠨᠳᠦ ᠶᠢᠨ ᠵᠢᠯᠤᠭᠤᠳᠤᠯᠭ᠎ᠠ ᠪᠠ ᠡᠮ ᠡᠮᠨᠡᠯᠭᠡ ᠶᠢᠨ ᠦᠢᠯᠡᠴᠢᠯᠡᠭᠡ ᠬᠠᠩᠭᠠᠬᠤ ᠪᠠᠷ ᠴᠢᠷᠮᠠᠶᠢᠨ᠎ᠠ︾ ᠭᠡᠪᠡ᠃     ᠮᠠᠯᠴᠢᠨ ᠦᠬᠢᠨ᠄ ︽ᠪᠢ ᠪᠣᠯ ᠵᠡᠮᠳᠡᠭ ᠬᠥᠮᠦᠨ᠂ ᠬᠤᠷᠢᠭᠠᠳ ᠵᠢᠯ ᠡᠮᠨᠡᠭᠦᠯᠵᠡᠶ᠂ ᠬᠥᠳᠡᠯᠵᠦ ᠪᠠᠷᠢᠬᠤ ᠳᠤ ᠳᠥᠭᠦᠮ ᠦᠭᠡᠢ ᠠᠴᠠ ᠪᠣᠯᠵᠣ᠂ ᠤᠳᠠᠭ᠎ᠠ ᠪᠣᠯᠭᠠᠨ ᠬᠤᠰᠢᠭᠤ ᠪᠤᠶᠤ ᠠᠶᠢᠮᠠᠭ ᠲᠤ ᠣᠴᠢᠵᠤ ᠡᠮᠨᠡᠭᠦᠯᠬᠦ ᠳᠤ ᠮᠠᠰᠢ ᠬᠦᠴᠢᠷᠲᠡᠶ ᠪᠠᠶᠢᠳᠠᠭ᠂ ᠥᠨᠥᠳᠦᠷ ᠰᠢᠯᠢ ᠶᠢᠨ ᠭᠤᠤᠯ ᠠᠶᠢᠮᠠᠭ ᠤᠨ ᠲᠦᠪ ᠡᠮᠨᠡᠯᠭᠡ ᠶᠢᠨ ᠬᠤᠷᠢᠶᠠᠨ ᠤ ᠲᠤᠰᠬᠠᠶ ᠮᠡᠷᠭᠡᠵᠢᠯᠲᠡᠨ ᠮᠠᠨ ᠤ ᠭᠠᠴᠠᠭᠠᠨ ᠳᠤ ᠢᠷᠡᠵᠦ᠂ ᠡᠬᠦᠳᠡᠨ ᠲᠡᠭᠡᠷ᠎ᠡ ᠪᠠᠨ ᠰᠦᠢᠳᠬᠡᠯ ᠬᠤᠷᠢᠶᠠᠬᠤ ᠥᠬᠡᠶ ᠪᠠᠷ ᠪᠡᠶ᠎ᠡ ᠶᠢᠨ ᠪᠠᠶᠢᠴᠠᠭᠠᠯᠲᠠ ᠬᠢᠯᠭᠡᠯ᠎ᠡ᠂ ᠡᠶᠢᠮᠦ ᠰᠠᠶᠢᠨ ᠦᠢᠯᠡᠴᠢᠯᠡᠭᠡ ᠳᠤ ᠮᠠᠰᠢ ᠶᠡᠭᠡ ᠲᠠᠯᠠᠷᠬᠠᠵᠤ ᠪᠠᠶᠢᠨ᠎ᠠ︾ ᠭᠡᠯ᠎ᠡ᠃     ᠮᠠᠯᠴᠢᠨ ᠨᠠᠰᠤᠨᠳᠤᠭᠲᠠᠬᠤ᠄ ︽ᠮᠠᠯᠴᠢᠳ ᠬᠤᠳᠠ ᠤᠷᠤᠵᠦ ᠪᠡᠶ᠎ᠡ ᠶᠢᠨ ᠪᠠᠶᠢᠴᠠᠭᠠᠯᠳᠠ ᠬᠢᠯᠭᠡᠬᠦ ᠳᠤ ᠶᠡᠷᠦᠨᠢ ᠡᠨᠡ ᠲᠡᠷᠡ ᠳᠤ ᠠᠯᠭᠠᠰᠠᠨ᠂ ᠶᠠᠭᠠᠷᠠᠵᠦ ᠰᠠᠨᠳᠤᠷᠤᠨ᠂ ᠪᠠᠶᠢᠴᠠᠭᠠᠯᠭᠠᠬᠤ ᠲᠦᠷᠦᠯ ᠵᠦᠢᠯ ᠨᠢ ᠴᠦ ᠲᠠᠩ ᠴᠤᠯᠭᠤᠢ ᠪᠠᠶᠢᠳᠠᠭ᠃ ᠡᠨᠡ ᠤᠳᠠᠭ᠎ᠠ  ᠲᠦᠪ ᠡᠮᠨᠡᠯᠭᠡ ᠶᠢᠨ ᠬᠤᠷᠢᠶᠠᠨ ᠤ ᠡᠮᠴᠢ ᠨᠠᠷ ᠮᠠᠨ ᠤ ᠭᠠᠴᠠᠭᠠᠨ ᠳᠤ ᠢᠷᠡᠵᠦ ᠠᠯᠪᠠᠨ ᠵᠢᠷᠤᠮ ᠤᠨ ᠡᠮᠴᠢᠯᠡᠭᠡ ᠬᠢᠭᠰᠡᠨ ᠨᠢ ᠮᠠᠯᠴᠢᠳ ᠲᠤ ᠲᠤᠩ ᠲᠦᠭᠦᠮ ᠦᠵᠡᠬᠦᠯᠵᠠᠢ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠲᠦᠪ ᠡᠮᠨᠡᠯᠭᠡ ᠶᠢᠨ ᠬᠤᠷᠢᠶᠠᠨ ᠤ ᠡᠮᠴᠢ ᠨᠡᠷ ᠲᠤ  ᠲᠠᠯᠠᠷᠬᠠᠵᠤ ᠪᠠᠶᠢᠨ᠎ᠠ  ︾ ᠭᠡᠯ᠎ᠡ᠃    ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡᠨ ᠤ ᠠᠵᠢᠯᠯᠠᠭ᠎ᠠ ᠨᠢ ᠮᠠᠯᠴᠢᠨ ᠲᠦᠮᠡᠨ ᠳᠤ ᠡᠷᠡᠭᠦᠯ ᠮᠡᠨᠳᠦ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ᠂ ᠲᠡᠳᠡᠨ ᠤ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠤᠬᠠᠮᠰᠠᠷ ᠢ  ᠲᠡᠭᠡᠭᠰᠢᠯᠡᠬᠦᠯᠬᠦ᠂ ᠣᠯᠠᠨ ᠲᠦᠮᠡᠨ ᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠬᠦᠯᠬᠦ ᠪᠤᠯᠤᠨ᠎ᠠ᠃    ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠭᠦᠸᠧ ᠯᠢ ᠬᠤᠩ ᠠᠪᠠᠭ᠎ᠠ ᠬᠤᠰᠢᠭᠤᠨ ᠤ ᠡᠮᠴᠢ ᠰᠤᠪᠢᠯᠠᠭᠴᠢᠳ ᠢ ᠳᠠᠭᠠᠭᠤᠯᠤᠨ ᠲᠤᠬᠠᠶ ᠶᠢᠨ ᠲᠠᠯᠠᠪᠠᠶ ᠳᠤ ᠬᠦᠷᠴᠦ᠂ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠳᠤ ᠣᠷᠣᠯᠴᠠᠭᠰᠠᠨ ᠪᠥᠭᠡᠳ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠰᠢᠯᠢ ᠶᠢᠨ ᠭᠤᠤᠯ ᠠᠶᠢᠮᠠᠭ ᠤᠨ ᠲᠥᠪ ᠡᠮᠨᠡᠯᠭᠡ ᠶᠢᠨ ᠬᠤᠷᠢᠶ᠎ᠠ ᠳᠤ ᠲᠠᠯᠠᠷᠬᠠᠯ ᠢᠶᠠᠨ ᠢᠯᠡᠳᠬᠡᠵᠡᠢ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号