ᠠᠪᠠᠭ᠎ᠠ ᠬᠤᠰᠢᠭᠤᠨ ᠤ ᠰᠢᠨ᠎ᠠ ᠲᠢᠳᠢᠮᠯᠢᠭ ᠠᠭᠤᠰᠬᠢᠨ ᠦᠷᠪᠢᠰᠦᠯ ᠢ ᠰᠠᠷᠬᠡᠶᠢᠯᠡᠨ ᠬᠢᠵᠠᠭᠠᠷᠯᠠᠬᠤ ᠠᠵᠢᠯ ᠎ ᠤᠨ ᠵᠢᠯᠣᠭᠤᠳᠬᠤ ᠬᠡᠯᠳᠠᠰ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2021/8/5
      ᠠᠪᠠᠭ᠎ᠠ ᠬᠤᠰᠢᠭᠤᠨ ᠤ ᠰᠢᠨ᠎ᠠ ᠲᠢᠳᠢᠮᠯᠢᠭ ᠠᠭᠤᠰᠬᠢᠨ ᠦᠷᠪᠢᠰᠦᠯ ᠢ ᠰᠠᠷᠬᠡᠶᠢᠯᠡᠨ ᠬᠢᠵᠠᠭᠠᠷᠯᠠᠬᠤ ᠠᠵᠢᠯ ᠎ ᠤᠨ ᠵᠢᠯᠣᠭᠤᠳᠬᠤ ᠬᠡᠯᠳᠠᠰ ᠤᠨ ᠠᠯᠪᠠᠨ ᠵᠠᠷᠯᠠᠯ                            56 ᠳ᠋ᠣᠭᠠᠷ ᠲᠣᠭᠠᠳᠣ       ᠣᠶᠢᠷ᠎ᠠ ᠶᠢᠨ ᠡᠳᠣᠷ ᠲᠤ᠂ ᠣᠯᠣᠰ ᠤᠨ ᠲᠣᠳᠣᠭᠠᠳᠣ ᠶᠢᠨ ᠵᠠᠷᠢᠮ ᠭᠠᠵᠠᠷ ᠣᠷᠣᠨ ᠳᠤ ᠲᠦᠪᠯᠡᠷᠠᠯ ᠤᠨ ᠴᠢᠨᠠᠷᠳᠠᠢ ᠬᠢᠵᠢᠭ ᠤᠨ ᠪᠠᠶᠢᠳᠠᠯ ᠵᠠᠯᠭᠠᠪᠠᠷ ᠭᠠᠷᠴᠤ᠂ ᠶᠦᠨᠨᠠᠨ ᠮᠣᠵᠢ ᠶᠢᠨ ᠷᠦᠢ ᠯᠢ ᠬᠤᠳᠠ ᠪᠠ ᠯᠦᠩ ᠴᠢᠣᠸᠠᠨ ᠰᠢᠶᠠᠨ᠂ ᠯᠢᠶᠣᠣᠨᠢᠩ ᠮᠣᠵᠢ ᠶᠢᠨ ᠮᠦᠭᠳᠡᠨ ᠬᠤᠳᠠ᠂ ᠨᠠᠨᠵᠢᠩ ᠬᠤᠳᠠ ᠶᠢᠨ ᠵᠢᠶᠠᠩ ᠨᠢᠩ ᠲᠣᠭᠤᠷᠢᠭ᠂ ᠰᠧᠴᠣᠸᠠᠨ ᠮᠣᠵᠢ ᠶᠢᠨ ᠮᠢᠶᠠᠨ ᠶᠠᠩ ᠬᠤᠳᠠ ᠳᠤ ᠣᠨᠣᠰᠢᠯᠠᠭᠳᠠᠭᠰᠠᠨ ᠡᠪᠡᠳᠴᠢᠨ ᠤ ᠵᠢᠱᠢᠶ᠎ᠠ ᠵᠠᠯᠭᠠᠪᠠᠷ ᠭᠠᠷᠴᠣ᠂ ᠰᠠᠷᠬᠡᠶᠢᠯᠠᠨ ᠬᠢᠵᠠᠭᠠᠷᠯᠠᠬᠤ ᠪᠠᠶᠢᠳᠠᠯ ᠶᠡᠷᠣ ᠪᠣᠰᠣ ᠶᠢᠨ ᠬᠦᠨᠳᠣ ᠨᠣᠴᠢᠳᠠᠢ ᠪᠠᠶᠢᠳᠠᠯ ᠲᠠᠢ ᠪᠣᠯᠣᠭᠰᠠᠨ ᠪᠠᠶᠢᠨ᠎ᠠ᠃ ᠣᠳᠣᠬᠠᠨ ᠳᠤ ᠶᠠᠭ ᠵᠣᠭᠠᠴᠠᠯ ᠤᠨ ᠬᠦᠭᠵᠢᠶᠠᠨᠳᠠᠢ ᠣᠯᠠᠷᠢᠯ ᠣᠴᠢᠷ ᠠᠴᠠ ᠬᠦᠮᠣᠰ ᠨᠠᠰᠢ ᠴᠠᠰᠢ ᠵᠣᠷᠴᠢᠬᠤ ᠣᠷᠬᠢᠯ ᠎ ᠤᠨ ᠬᠤᠭᠤᠴᠠᠭ᠎ᠠ ᠪᠠᠶᠢᠵᠣ᠂ ᠬᠢᠵᠢᠭ ᠤᠨ ᠪᠠᠶᠢᠳᠠᠯ ᠢ ᠰᠠᠷᠬᠡᠶᠢᠯᠠᠨ ᠬᠢᠵᠠᠭᠠᠷᠯᠠᠬᠤ ᠠᠵᠢᠯ ᠬᠠᠳᠠᠭᠤ ᠴᠢᠩᠭ᠎ᠠ ᠰᠢᠯᠭᠠᠯᠳᠠ ᠳᠤ ᠲᠣᠯᠭᠠᠷᠠᠵᠣ ᠪᠣᠢ᠃ ᠠᠷᠠᠳ ᠣᠯᠠᠨ ᠤ ᠪᠠᠶ᠎ᠠ ᠮᠠᠬᠠᠪᠣᠳ ᠤᠨ ᠡᠷᠡᠬᠦᠯ ᠮᠠᠨᠳᠣ ᠪᠠ ᠠᠮᠢ ᠨᠠᠰᠣᠨ ᠤ ᠠᠮᠣᠷ ᠲᠦᠪᠰᠢᠨ ᠢ ᠪᠠᠳᠣᠯᠠᠨ᠂ ᠬᠢᠵᠢᠭ ᠤᠨ ᠪᠠᠶᠢᠳᠠᠯ ᠢ ᠰᠠᠷᠬᠡᠶᠢᠯᠠᠨ ᠬᠢᠵᠠᠭᠠᠷᠯᠠᠵᠣ ᠪᠠᠶᠢᠩᠭᠤᠵᠢᠭᠤᠯᠬᠤ ᠠᠵᠢᠯ ᠢ ᠣᠯᠠᠮ ᠴᠢᠨᠠᠭᠰᠢᠳᠠ ᠰᠠᠶᠢᠳᠣᠷ ᠬᠢᠬᠦ ᠶᠢᠨ ᠲᠣᠰᠠᠳᠠ ᠬᠠᠮᠢᠶ᠎ᠠ ᠪᠦᠬᠦᠢ ᠶᠠᠪᠣᠳᠠᠯ ᠢ ᠲᠣᠣᠷᠠᠬᠢ ᠮᠠᠳᠣ ᠵᠠᠷᠯᠠᠨ ᠮᠡᠳᠡᠭᠳᠡᠶ᠎ᠠ᠄      ᠨᠢᠬᠡ᠂ ᠲᠣᠮᠳᠠ ᠦᠨᠳᠣᠷ ᠲᠠᠰ ᠤᠨ ᠲᠦᠭᠰᠢᠬᠦᠷᠢᠳᠠᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠠᠵᠣ ᠪᠣᠴᠠᠭᠰᠠᠨ ᠬᠦᠮᠦᠰ  ᠎ ᠨᠢ ᠦᠷᠬᠦᠯᠵᠢᠯᠠᠨ ︽7 ᠡᠳᠣᠷ ᠤᠨ ᠬᠦᠴᠣᠨ ᠲᠠᠢ ᠪᠦᠬᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠠᠷᠳᠠᠢ ᠬᠡᠷᠡᠴᠢ + 14 ᠡᠳᠣᠷ ᠤᠨ ᠬᠡᠷ ᠲᠤ ᠪᠠᠨ ᠲᠣᠰᠠᠭᠠᠷᠯᠠᠵᠣ ᠠᠵᠢᠭᠯᠠᠯᠳᠠ ᠬᠢᠭᠰᠡᠨ ᠡᠷᠡᠬᠦᠯ ᠮᠠᠨᠳᠣ ᠶᠢᠨ ᠪᠠᠶᠢᠴᠠᠭᠠᠯᠳᠠ + 2 ᠤᠳᠠᠭᠠᠨ ᠤ ᠪᠦᠬᠡᠮ ᠬᠦᠴᠢᠯ ᠤᠨ ᠪᠠᠶᠢᠴᠠᠭᠠᠯᠳᠠ ︵ᠲᠣᠰ ᠲᠣᠰ 7 ᠪᠠ 14 ᠡᠳᠣᠷ ᠤᠨ ᠪᠠᠶᠢᠴᠠᠭᠠᠯᠳᠠ︶︾᠎ ᠶᠢᠨ ᠬᠠᠮᠢᠶᠠᠷᠣᠨ ᠡᠵᠡᠮᠳᠡᠬᠦ ᠠᠷᠭ᠎ᠠ ᠬᠡᠮᠵᠢᠶ᠎ᠠ ᠶᠢ ᠬᠡᠷᠡᠭᠵᠢᠬᠦᠯᠣᠨ᠎ᠠ︔ 7 ᠡᠳᠣᠷ ᠤᠨ ᠬᠦᠴᠣᠨ ᠲᠠᠢ ᠪᠦᠬᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠠᠷ ᠤᠨ ᠬᠡᠷᠡᠴᠢ ᠪᠠᠨ ᠬᠠᠩᠭᠠᠵᠣ ᠲᠠᠶᠢᠯᠬᠦ ᠦᠬᠡᠢ ᠮᠠᠨ ᠤ ᠬᠤᠰᠢᠭᠤᠨ ᠳᠤ ᠢᠷᠠᠵᠣ ᠪᠣᠴᠠᠭᠰᠠᠨ ᠬᠦᠮᠦᠰ ᠢ ᠲᠠᠷᠣᠶᠢᠬᠠᠨ ᠲᠦᠪᠯᠡᠷᠡᠬᠦᠯᠦᠨ ᠲᠣᠰᠠᠭᠠᠷᠯᠠᠬᠤ ᠶᠢᠨ ᠬᠠᠮᠳᠣ ᠪᠦᠬᠡᠮ ᠬᠦᠴᠢᠯ ᠤᠨ ᠪᠠᠶᠢᠴᠠᠭᠠᠯᠳᠠ ᠬᠢᠵᠣ᠂ 24 ᠴᠠᠭ ᠤᠨ ᠲᠣᠳᠣᠷ᠎ᠠ ᠪᠠᠶᠢᠴᠠᠭᠠᠯᠳᠠ ᠶᠢᠨ ᠳ᠋ᠦᠩ ᠢᠶᠠᠨ ᠭᠠᠷᠭᠠᠵᠣ᠂ ᠪᠠᠶᠢᠴᠠᠭᠠᠯᠳᠠ ᠶᠢᠨ ᠳ᠋ᠦᠩ ᠨᠢ ᠪᠢᠯᠢᠭ ᠴᠢᠨᠠᠷ ᠲᠠᠢ ᠪᠣᠯ 14 ᠡᠳᠣᠷ ᠬᠡᠷ ᠲᠤ ᠪᠠᠨ ᠲᠣᠰᠠᠭᠠᠷᠯᠠᠵᠣ ᠠᠵᠢᠭᠯᠠᠯᠳᠠ ᠬᠢᠨ᠎ᠠ᠃ ᠲᠣᠳᠣᠭᠠᠳᠣ ᠶᠢ ᠬᠠᠮᠠᠭᠠᠯᠠᠬᠤ ᠲᠣᠪᠴᠢᠶ᠎ᠠ ᠨᠢ ᠲᠡᠬᠡᠳᠣ ᠱᠠᠳᠣᠨ ᠤ ᠬᠦᠷᠬᠡᠭᠰᠡᠨ ᠨᠢᠭᠳᠠ ᠣᠶᠢᠷᠠᠳᠣᠭᠰᠠᠳ ᠤᠨ ᠮᠡᠳᠡᠭᠡ ᠵᠠᠩᠬᠢ ᠶᠢ ᠲᠠᠷᠣᠶᠢᠬᠠᠨ ᠮᠦᠷᠳᠠᠵᠣ᠂ ᠬᠢᠨᠠᠨ ᠡᠵᠡᠮᠳᠡᠵᠣ ᠬᠠᠷᠢᠭᠤ ᠲᠣᠰᠬᠠᠬᠤ ᠶᠢᠨ ᠬᠠᠮᠳᠣ ᠡᠷᠡᠬᠦᠯ ᠮᠠᠨᠳᠣ ᠶᠢᠨ ᠵᠦᠪᠯᠡᠯ ᠲᠠᠢ ᠬᠠᠮᠵᠢᠯᠴᠠᠨ ᠰᠢᠯᠵᠢᠬᠦᠯᠦᠨ ᠵᠣᠬᠢᠴᠠᠭᠤᠯᠬᠤ ᠪᠠ ᠲᠦᠪᠯᠡᠷᠡᠬᠦᠯᠦᠨ ᠲᠣᠰᠠᠭᠠᠷᠯᠠᠬᠤ ᠵᠡᠷᠬᠡ ᠠᠵᠢᠯ ᠢ ᠰᠠᠶᠢᠳᠣᠷ ᠬᠦᠢᠴᠡᠳᠬᠡᠨ᠎ᠠ᠃ ᠦᠷᠬᠡᠨ ᠣᠯᠠᠨ ᠰᠠᠭᠤᠭᠠᠯᠢᠴᠢᠳ ᠠᠴᠠ ᠮᠠᠨ ᠤ ᠬᠤᠰᠢᠭᠤᠨ ᠤ ᠬᠠᠮᠢᠶ᠎ᠠ ᠪᠦᠬᠦᠢ ᠬᠠᠮᠢᠶᠠᠷᠣᠨ ᠡᠵᠡᠮᠳᠠᠬᠦ ᠠᠵᠢᠯ ᠳᠤ ᠢᠳᠡᠪᠬᠢᠳᠠᠢ ᠬᠠᠮᠵᠢᠯᠴᠠᠨ ᠠᠷᠭ᠎ᠠ ᠬᠡᠮᠵᠢᠶ᠎ᠠ ᠶᠢ ᠦᠨᠡᠡᠬᠦ ᠬᠡᠷᠡᠭᠵᠢᠬᠦᠯᠬᠦ ᠬᠡᠷᠡᠭᠳᠠᠢ᠃      ᠬᠤᠶᠠᠷ᠂ ᠲᠣᠮᠳᠠ ᠦᠨᠳᠣᠷ ᠲᠠᠰ ᠤᠨ ᠲᠦᠭᠰᠢᠬᠦᠷᠢᠳᠠᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠠᠵᠣ ᠪᠣᠴᠠᠭᠰᠠᠨ ᠬᠦᠮᠦᠰ ᠨᠢ ᠣᠬᠠᠮᠰᠠᠷ ᠠᠴᠠ ᠪᠠᠨ ᠪᠠᠶᠢᠭ᠎ᠠ ᠭᠠᠴᠠᠭ᠎ᠠ ︵ᠨᠡᠶᠢᠬᠡᠮ ᠲᠣᠭᠤᠷᠢᠭ︶᠂ ᠪᠠᠶᠢᠭᠤᠯᠭ᠎ᠠ ᠪᠠ ᠰᠠᠭᠤᠭᠰᠠᠨ ᠪᠠᠭᠤᠳᠠᠯ ᠵᠡᠷᠬᠡ ᠳᠤ ᠪᠠᠨ ᠮᠡᠳᠡᠬᠦᠯᠵᠣ᠂ ᠰᠠᠷᠬᠡᠶᠢᠯᠡᠨ ᠡᠵᠡᠮᠳᠡᠬᠦ ᠱᠠᠭᠠᠷᠳᠠᠯᠭ᠎ᠠ ᠶᠢ ᠢᠳᠡᠪᠬᠢᠳᠠᠢ ᠨᠠᠶᠢᠳᠠᠪᠣᠷᠢᠵᠢᠭᠤᠯᠣᠨ᠎ᠠ᠃ ᠬᠡᠷᠪᠡ ᠬᠠᠯᠠᠭᠤᠷᠠᠬᠤ᠂ ᠬᠠᠨᠢᠶᠠᠯᠭᠠᠬᠤ ᠵᠡᠷᠬᠡ ᠰᠠᠵᠢᠭ᠍ᠯᠡᠯᠳᠠᠢ ᠪᠠᠶᠢᠳᠠᠯ ᠢᠯᠡᠷᠠᠪᠠᠯ ᠲᠠᠷᠣᠶᠢᠬᠠᠨ ᠡᠪᠡᠳᠴᠢᠨ ᠡᠮᠬᠡᠭ ᠢ ᠰᠠᠷᠬᠡᠶᠢᠯᠠᠨ ᠡᠵᠡᠮᠳᠠᠬᠦ ᠲᠦᠪ ᠲᠤ ᠮᠡᠳᠡᠬᠦᠯᠣᠨ᠂ ᠱᠠᠭᠠᠷᠳᠠᠯᠭ᠎ᠠ ᠶᠣᠰᠣᠭᠠᠷ ᠪᠠᠶᠢᠴᠠᠭᠠᠯᠳᠠ ᠬᠢᠯᠬᠡᠨ᠎ᠠ᠃ ᠬᠤᠪᠢ ᠬᠦᠮᠦᠨ ᠤ ᠡᠷᠡᠬᠦᠯ ᠮᠠᠨᠳᠣ ᠶᠢᠨ ᠺᠣᠳ᠋ ᠤᠨ ᠮᠡᠳᠡᠭᠡ ᠵᠠᠩᠬᠢ ᠪᠠ ᠪᠦᠬᠡᠮ ᠬᠦᠴᠢᠯ ᠎ ᠤᠨ ᠪᠠᠶᠢᠴᠠᠭᠠᠯᠳᠠ ᠶᠢᠨ ᠬᠡᠷᠡᠴᠢ ᠨᠢ ᠡᠷᠬᠡᠪᠰᠢ ᠦᠨᠠᠨ ᠪᠣᠳᠠᠳᠠᠢ ᠪᠠᠶᠢᠬᠤ ᠶᠢ ᠪᠠᠳᠣᠯᠠᠨ᠂ ᠮᠡᠳᠡᠬᠦᠯᠬᠦ ᠦᠬᠡᠢ ᠨᠢᠭᠤᠭᠰᠠᠳ᠂ ᠬᠠᠭᠤᠷᠮᠠᠭᠯᠠᠨ ᠮᠡᠳᠡᠬᠦᠯᠦᠭᠰᠠᠳ ᠨᠢ ᠬᠠᠣᠯᠢ ᠶᠢᠨ ᠬᠠᠷᠢᠭᠤᠴᠠᠯᠭ᠎ᠠ ᠡᠬᠦᠷᠬᠡᠯᠡᠬᠦ ᠬᠡᠷᠡᠭᠳᠠᠢ᠃      ᠭᠤᠷᠪᠠ᠂ ᠦᠷᠬᠡᠨ ᠣᠯᠠᠨ ᠰᠠᠭᠤᠭᠠᠯᠢᠴᠢᠳ ᠪᠠ ᠵᠣᠭᠠᠴᠠᠭᠰᠠᠳ ᠬᠤᠪᠢ ᠬᠦᠮᠦᠨ ᠤ ᠰᠠᠷᠬᠡᠶᠢᠯᠠᠨ ᠬᠠᠮᠠᠭᠠᠯᠠᠯᠳᠠ ᠪᠠᠨ ᠴᠢᠩᠭᠠᠳᠬᠠᠬᠤ ᠶᠢ ᠠᠩᠬᠠᠷᠴᠣ᠂ ᠰᠠᠷᠬᠡᠶᠢᠯᠠᠨ ᠡᠵᠡᠮᠳᠡᠬᠦ ᠣᠬᠠᠮᠰᠠᠷ ᠢᠶᠠᠨ ᠰᠠᠨᠠᠭᠠᠴᠢᠯᠠᠭ᠎ᠠ ᠠᠴᠠ ᠎ ᠪᠠᠨ ᠲᠡᠬᠡᠭᠰᠢᠯᠡᠬᠦᠯᠦᠨ᠂ ᠬᠦᠮᠦᠨ ᠣᠯᠠᠨ ᠲᠦᠪᠯᠡᠷᠡᠭᠰᠡᠨ ᠭᠠᠵᠠᠷ ᠣᠷᠣᠨ᠂ ᠪᠢᠳᠡᠬᠦᠮᠵᠢᠯᠡᠭᠰᠡᠨ ᠲᠠᠯᠠᠪᠣᠷ᠂ ᠰᠠᠯᠬᠢ ᠨᠠᠪᠳᠡᠷᠡᠬᠦ ᠪᠠᠷ ᠠᠨᠠᠢ ᠲᠠᠯᠠᠪᠣᠷ ᠲᠤ ᠣᠴᠢᠪᠠᠯ ᠱᠠᠭᠠᠷᠳᠠᠯᠭ᠎ᠠ ᠶᠣᠰᠣᠭᠠᠷ ᠠᠮᠠᠪᠴᠢ ᠵᠡᠬᠦᠵᠣ᠂ ᠪᠠᠶ᠎ᠠ ᠶᠢᠨ ᠬᠠᠯᠠᠭᠤᠨ ᠬᠡᠮᠵᠢᠬᠦ᠂ ᠡᠷᠡᠬᠦᠯ ᠮᠠᠨᠳᠣ ᠶᠢᠨ ᠺᠣᠳ᠋ ᠤᠨ ᠪᠠᠶᠢᠴᠠᠭᠠᠯᠳᠠ᠂ ︽ᠨᠢᠬᠡ ᠮᠧᠲᠷ ᠤᠨ ᠵᠠᠢ︾᠎ ᠶᠢ ᠪᠠᠳᠣᠯᠠᠬᠤ ᠵᠠᠷᠬᠡ ᠬᠢᠵᠢᠭ ᠰᠡᠷᠬᠡᠶᠢᠯᠡᠬᠦ ᠱᠠᠭᠠᠷᠳᠠᠯᠭ᠎ᠠ ᠶᠢ ᠣᠬᠠᠮᠰᠠᠷ ᠠᠴᠠ ᠪᠠᠨ ᠵᠢᠷᠣᠮᠯᠠᠨ᠂ ᠭᠠᠷ ᠢᠶᠠᠨ ᠦᠷᠬᠦᠯᠵᠢ ᠣᠬᠢᠶᠠᠬᠤ᠂ ᠰᠠᠯᠬᠢ ᠪᠠᠶᠢᠩᠭᠤ ᠨᠠᠪᠳᠡᠷᠡᠬᠦᠯᠬᠦ᠂ ᠣᠯᠠᠨ ᠬᠦᠮᠦᠰ ᠪᠦᠭᠡᠮᠨᠡᠷᠡᠬᠦ ᠦᠬᠡᠢ᠂  ᠣᠯᠠᠨ ᠢᠶᠠᠷ ᠢᠶᠠᠨ ᠴᠣᠭᠯᠠᠷᠠᠬᠤ ᠦᠬᠡᠢ ᠵᠡᠷᠬᠡ ᠣᠬᠢ ᠰᠠᠶᠢᠨ ᠲᠠᠳᠬᠠᠯ ᠢ ᠪᠠᠳᠣᠯᠠᠬᠤ ᠬᠡᠷᠡᠭᠳᠠᠢ᠃      ᠲᠦᠷᠪᠠ᠂ ᠰᠢᠨ᠎ᠠ ᠲᠢᠳᠢᠮᠯᠢᠭ ᠠᠭᠤᠰᠬᠢᠨ ᠦᠷᠪᠢᠰᠣᠯ ᠤᠨ ᠸᠠᠺᠼᠢᠨ ᠤ ᠲᠠᠷᠢᠯᠭ᠎ᠠ ᠶᠢ ᠲᠠᠷᠢᠬᠤ ᠪᠣᠯ ᠰᠢᠨ᠎ᠠ ᠲᠢᠳᠢᠮᠯᠢᠭ ᠠᠭᠤᠰᠬᠢᠨ ᠦᠷᠪᠢᠰᠣᠯ ᠤᠨ ᠬᠠᠯᠳᠠᠪᠣᠷᠢᠯᠠᠯ ᠢ ᠰᠠᠷᠬᠡᠶᠢᠯᠡᠬᠦ ᠬᠠᠮᠤᠭ ᠤᠨ ᠬᠢᠮᠳᠠ᠂ ᠬᠠᠮᠤᠭ ᠤᠨ ᠪᠦᠳᠣᠮᠵᠢᠳᠠᠢ᠂ ᠬᠠᠮᠤᠭ ᠤᠨ ᠲᠦᠬᠦᠮ ᠠᠷᠭ᠎ᠠ ᠬᠡᠮᠵᠢᠶ᠎ᠠ ᠪᠣᠯᠣᠨ᠎ᠠ᠃ ᠨᠡᠩ ᠴᠤ ᠠᠷᠠᠳ ᠢᠷᠬᠡᠳ ᠨᠢᠬᠡᠪᠣᠷᠢ ᠶᠢᠨ ᠬᠦᠢᠴᠡᠳᠬᠡᠪᠠᠰᠣ ᠵᠣᠬᠢᠬᠤ ᠡᠬᠦᠷᠬᠡ ᠬᠠᠷᠢᠭᠤᠴᠠᠯᠭ᠎ᠠ ᠮᠦᠨ᠃ ᠲᠠᠷᠢᠯᠭ᠎ᠠ ᠬᠢᠯᠬᠡᠬᠦ ᠨᠦᠬᠦᠴᠠᠯ ᠳᠤ ᠨᠠᠶᠢᠴᠡᠭᠰᠡᠨ ᠪᠦᠬᠡᠳ ᠲᠠᠷᠢᠯᠭ᠎ᠠ ᠪᠠᠨ ᠬᠢᠯᠬᠡᠭᠰᠡᠨ ᠦᠬᠡᠢ ᠬᠦᠮᠦᠰ ︵12—17 ᠪᠦᠬᠦᠯᠢ ᠨᠠᠰᠣ ᠬᠦᠷᠦᠭᠰᠡᠳ ᠪᠠᠭᠳᠠᠨ᠎ᠠ︶ ᠣᠬᠠᠮᠰᠠᠷ ᠠᠴᠠ ᠪᠠᠨ ᠡᠷᠳᠡᠬᠡᠨ ᠲᠠᠷᠢᠯᠭ᠎ᠠ ᠪᠠᠨ ᠲᠠᠷᠢᠭᠤᠯᠵᠣ᠂ ᠲᠠᠷᠢᠭᠤᠯᠪᠠᠯ ᠵᠣᠬᠢᠬᠤ ᠨᠢ ᠴᠦᠮ ᠲᠠᠷᠢᠭᠤᠯᠬᠤ ᠶᠢ ᠪᠠᠶᠡᠯᠡᠬᠦᠯᠦᠨ᠂ ᠪᠦᠬᠦ ᠠᠷᠠᠳ ᠤᠨ ᠦᠯᠣ ᠬᠠᠯᠳᠠᠭᠠᠬᠤ ᠬᠠᠯᠬᠠᠪᠴᠢ ᠶᠢ ᠬᠠᠮᠳᠣᠪᠠᠷ ᠪᠠᠶᠢᠭᠤᠯᠬᠤ ᠬᠡᠷᠡᠭᠳᠠᠢ᠃      ᠲᠠᠪᠤ᠂ ᠦᠷᠬᠡᠨ ᠣᠯᠠᠨ ᠰᠠᠭᠤᠭᠠᠯᠢᠴᠢᠳ ᠲᠤ ᠲᠠᠬᠢᠨᠳᠠ ᠰᠠᠨᠠᠭᠤᠯᠬᠤ ᠨᠢ ᠬᠡᠷᠪᠠ ᠬᠠᠯᠠᠭᠤᠷᠠᠬᠤ᠂ ᠬᠤᠭᠤᠯᠠᠢ ᠡᠪᠡᠳᠬᠦ᠂ ᠬᠠᠨᠢᠶᠠᠯᠭᠠᠬᠤ᠂ ᠲᠠᠮᠢᠷᠳᠠᠬᠤ ᠵᠡᠷᠬᠡ ᠰᠢᠨ᠎ᠠ ᠲᠢᠳᠢᠮᠯᠢᠭ ᠠᠭᠤᠰᠬᠢᠨ ᠦᠷᠪᠢᠰᠣᠯ ᠤᠨ ᠡᠪᠡᠳᠴᠢᠨ ᠤ ᠢᠯᠡᠷᠠᠯ ᠲᠠᠢ ᠪᠠᠶᠢᠪᠠᠯ ᠨᠢᠬᠡᠯᠨ ᠣᠳᠠᠭ᠎ᠠ ᠬᠡᠷᠡᠭᠯᠡᠬᠦ ᠡᠮᠴᠢᠯᠡᠬᠡᠨ ᠤ ᠠᠮᠠᠪᠴᠢ ᠶᠢ ᠱᠠᠭᠠᠷᠳᠠᠯᠭ᠎ᠠ ᠶᠣᠰᠣᠭᠠᠷ ᠵᠡᠬᠦᠵᠣ᠂ ᠲᠠᠷᠣᠶᠢᠬᠠᠨ ᠬᠠᠯᠠᠭᠤᠷᠠᠬᠤ ᠶᠢ ᠪᠠᠶᠢᠴᠠᠭᠠᠬᠤ ᠡᠬᠦᠳᠠᠨ ᠡᠮᠨᠡᠯᠬᠡ ᠳᠤ ᠣᠴᠢᠵᠣ ᠬᠠᠮᠢᠶ᠎ᠠ ᠪᠦᠬᠦᠢ ᠪᠠᠶᠢᠴᠠᠭᠠᠯᠳᠠ ᠬᠢᠵᠣ᠂ ᠣᠨᠣᠰᠢᠯᠠᠨ ᠡᠮᠴᠢᠯᠠᠬᠦᠯᠬᠦ ᠶᠢᠨ ᠬᠠᠮᠳᠣ 14 ᠡᠳᠣᠷ ᠤᠨ ᠲᠣᠳᠣᠷᠡᠬᠢ ᠶᠠᠪᠣᠵᠣ ᠰᠠᠭᠤᠭᠰᠠᠨ ᠦᠩᠬᠡᠷᠡᠯᠳᠠ ᠪᠠ ᠨᠢᠭᠳᠠ ᠣᠶᠢᠷᠠᠳᠣᠭᠰᠠᠳ ᠢᠶᠠᠨ ᠰᠠᠨᠠᠭᠠᠴᠢᠯᠠᠭ᠎ᠠ ᠠᠴᠠ ᠪᠠᠨ ᠡᠮᠴᠢ ᠳᠤ ᠮᠡᠳᠡᠬᠦᠯᠬᠦ ᠬᠡᠷᠡᠭᠳᠠᠢ᠃ ᠡᠮᠴᠢᠯᠡᠬᠦᠯᠬᠦ ᠶᠠᠪᠣᠴᠨ ᠳᠤ ᠪᠠᠨ ᠣᠯᠠᠨ ᠨᠠᠶᠢᠳᠠ ᠶᠢᠨ ᠵᠠᠮ ᠬᠠᠷᠢᠯᠴᠠᠭᠠᠨ ᠤ ᠲᠠᠷᠬᠡ ᠣᠨᠣᠭᠠᠨ ᠳᠤ ᠰᠠᠭᠤᠬᠤ ᠠᠴᠠ ᠵᠠᠶᠢᠯᠠᠰᠬᠢᠵᠣ᠂ ᠡᠪᠡᠳᠴᠢᠨ ᠤ ᠪᠠᠶᠢᠳᠠᠯ ᠢᠶᠠᠨ ᠰᠠᠭᠠᠳᠠᠭᠠᠬᠤ ᠪᠣᠶᠣ ᠬᠠᠯᠳᠠᠪᠣᠷᠢᠯᠠᠬᠤ ᠠᠴᠠ ᠵᠠᠶᠢᠯᠠᠰᠬᠢᠬᠦ ᠬᠡᠷᠡᠭᠳᠠᠢ᠃      ᠵᠢᠷᠭᠤᠭ᠎ᠠ᠂ ᠦᠷᠬᠡᠨ ᠣᠯᠠᠨ ᠰᠠᠭᠤᠭᠠᠯᠢᠴᠢᠳ ᠠᠴᠠ ᠠᠯᠪᠠᠨ ᠤ ᠲᠠᠯ᠎ᠠ ᠶᠢᠨ ᠡᠷᠬᠡ ᠰᠦᠷᠳᠣ ᠨᠠᠶᠢᠳᠠᠯᠠᠯ᠂  ᠭᠤᠣᠯ ᠰᠣᠨᠢᠨ ᠮᠡᠳᠡᠬᠡᠨ ᠤ ᠵᠠᠭᠤᠴᠢᠯᠠᠭᠤᠷ ᠵᠡᠷᠬᠡ ᠠᠴᠠ ᠬᠢᠵᠢᠭ ᠤᠨ ᠪᠠᠶᠢᠳᠠᠯ ᠪᠠ ᠰᠠᠷᠬᠡᠶᠢᠯᠡᠨ ᠡᠵᠡᠮᠳᠡᠬᠦ ᠶᠠᠷᠣ ᠎ ᠶᠢᠨ ᠮᠡᠳᠡᠯᠬᠡ ᠶᠢ ᠣᠶᠢᠯᠠᠭᠠᠵᠣ᠂ ᠴᠣᠣᠷᠬᠠᠯ ᠢ ᠢᠳᠡᠬᠡᠬᠦ ᠦᠬᠡᠢ᠂ ᠴᠣᠣᠷᠬᠠᠯ ᠲᠠᠷᠬᠠᠭᠠᠬᠤ ᠦᠬᠡᠢ᠂ ᠴᠣᠣᠷᠬᠠᠯ ᠲᠠᠯᠪᠢᠬᠤ ᠦᠬᠡᠢ ᠪᠠᠶᠢᠵᠣ᠂  ᠬᠡᠳᠣᠷᠬᠡᠢ ᠲᠦᠭᠰᠢᠬᠦᠷᠢ ᠬᠡᠯᠮᠡᠭᠳᠠᠯ ᠡᠬᠦᠰᠬᠡᠬᠦ ᠠᠴᠠ ᠵᠠᠶᠢᠯᠠᠰᠬᠢᠨ᠎ᠠ᠃ ᠬᠤᠰᠢᠭᠤ ᠰᠢᠨ᠎ᠠ ᠲᠢᠳᠢᠮᠯᠢᠭ ᠠᠭᠤᠰᠬᠢᠨ ᠦᠷᠪᠢᠰᠣᠯ ᠢ ᠰᠠᠷᠬᠡᠶᠢᠯᠡᠨ ᠡᠵᠡᠮᠳᠡᠬᠦ ᠵᠢᠯᠣᠭᠤᠳᠬᠤ ᠬᠡᠯᠳᠠᠰ ᠠᠴᠠ ᠬᠠᠮᠢᠶ᠎ᠠ ᠪᠦᠬᠦᠢ ᠮᠡᠳᠡᠭᠡ ᠵᠠᠩᠬᠢ ᠶᠢ ᠨᠠᠶᠢᠳᠠᠯᠠᠵᠣ᠂ ᠡᠯ᠎ᠠ ᠰᠠᠯᠠᠭ᠎ᠠ ᠮᠦᠴᠢᠷ ᠨᠢ ᠲᠣᠷᠠᠪᠠᠷ ᠨᠠᠶᠢᠳᠠᠯᠠᠵᠣ ᠪᠣᠯᠬᠤ ᠦᠬᠡᠢ᠃      ᠲᠣᠯᠤᠭ᠎ᠠ᠂ ᠦᠵᠡᠮᠵᠢ ᠶᠢᠨ ᠣᠷᠣᠨ ︵ᠲᠣᠭᠤᠷᠢᠭ︶᠂ ᠮᠠᠯᠴᠢᠨ ᠠᠶᠢᠯ ᠵᠣᠭᠠᠴᠠᠯ ᠤᠨ ᠴᠡᠭ᠂ ᠡᠮ ᠤᠨ ᠲᠡᠯᠬᠡᠬᠦᠷ᠂ ᠡᠬᠦᠳᠠᠨ ᠡᠮᠨᠡᠯᠬᠡ᠂ ᠪᠠᠭᠤᠳᠠᠯ ᠬᠤᠭᠤᠯᠠᠨ ᠬᠡᠷ᠂ ᠲᠠᠷᠬᠡᠨ ᠦᠷᠳᠡᠭᠡ᠂ ᠭᠠᠯ ᠲᠡᠷᠬᠡᠨ ᠤ ᠦᠷᠳᠡᠭᠡ᠂ ᠴᠢᠯᠣᠬᠡᠳᠣ ᠲᠡᠯᠬᠡᠬᠦᠷ᠂ ᠲᠣᠰᠣ ᠨᠡᠮᠡᠬᠦ ᠦᠷᠳᠡᠭᠡ ᠵᠡᠷᠬᠡ ᠨᠢ ᠬᠢᠵᠢᠭ ᠰᠡᠷᠬᠡᠶᠢᠯᠠᠨ ᠡᠵᠡᠮᠳᠡᠬᠦ ᠪᠠᠶᠢᠩᠭᠤᠵᠢᠭᠰᠠᠨ ᠠᠷᠭ᠎ᠠ ᠬᠡᠮᠵᠢᠶ᠎ᠠ ᠶᠢ ᠴᠢᠩᠭ᠎ᠠ ᠨᠠᠶᠢᠳᠠᠪᠣᠷᠢᠵᠢᠭᠤᠯᠣᠨ᠂ ᠬᠠᠮᠢᠶ᠎ᠠ ᠪᠦᠬᠦᠢ ᠠᠵᠢᠯᠳᠠᠳ ᠨᠢ ᠱᠠᠭᠠᠷᠳᠠᠯᠭ᠎ᠠ ᠶᠣᠰᠣᠭᠠᠷ ᠠᠮᠠᠪᠴᠢ ᠵᠠᠬᠦᠵᠣ᠂ ᠢᠷᠠᠵᠣ ᠣᠴᠢᠭᠰᠠᠳ ᠤᠨ ᠪᠠᠶ᠎ᠠ ᠶᠢᠨ ᠲᠣᠯᠠᠭᠠᠨ ᠢ ᠬᠡᠮᠵᠢᠬᠦ᠂ ᠡᠷᠡᠬᠦᠯ ᠮᠠᠨᠳᠣ ᠶᠢᠨ ᠺᠣᠳ᠋ ᠢ ᠪᠠᠶᠢᠴᠠᠭᠠᠬᠤ ᠠᠵᠢᠯ ᠢ ᠰᠠᠶᠢᠳᠣᠷ ᠬᠦᠢᠴᠡᠳᠬᠡᠬᠦ ᠬᠡᠷᠡᠭᠳᠠᠢ᠃ ︽ᠲᠦᠷᠪᠠᠨ ᠲᠠᠯ᠎ᠠ ᠶᠢᠨ ᠬᠠᠷᠢᠭᠤᠴᠠᠯᠭ᠎ᠠ︾᠎ ᠶᠢ ᠴᠢᠩᠭᠠᠳᠬᠠᠨ ᠪᠣᠳᠠᠳᠠᠶᠢᠵᠢᠭᠤᠯᠵᠣ᠂ ᠬᠠᠷᠢᠶ᠎ᠠ ᠭᠠᠵᠠᠷ᠂ ᠰᠠᠯᠠᠭ᠎ᠠ ᠮᠦᠴᠢᠷ᠂ ᠪᠠᠶᠢᠭᠤᠯᠭ᠎ᠠ ︵ᠠᠵᠣ ᠠᠬᠤᠶᠢᠯᠠᠯ᠂ ᠬᠤᠪᠢ ᠡᠵᠡᠩᠨᠡᠯᠳᠠ ᠶᠢᠨ ᠡᠷᠦᠬᠡ︶᠂ ᠬᠤᠪᠢ ᠬᠦᠮᠦᠨ ᠤ ᠬᠠᠷᠢᠭᠤᠴᠠᠯᠭ᠎ᠠ ᠶᠢᠨ ᠬᠡᠯᠬᠢᠶᠠᠵᠢᠯ ᠢ ᠪᠦᠬᠦ ᠲᠠᠯ᠎ᠠ ᠪᠠᠷ ᠴᠣᠭᠴᠠᠯᠠᠨ᠂ ᠲᠣᠣᠷᠴᠢᠯᠠᠭᠰᠠᠨ ᠬᠠᠮᠢᠶᠠᠷᠣᠯᠳᠠ ᠶᠢᠨ ᠲᠣᠭᠳᠠᠯᠴᠠᠭ᠎ᠠ ᠶᠢ ᠴᠢᠩᠭ᠎ᠠ ᠨᠠᠶᠢᠳᠠᠪᠣᠷᠢᠵᠢᠭᠤᠯᠵᠣ᠂ ᠲᠣᠬᠢᠷᠠᠭᠤᠯᠬᠤ᠂ ᠪᠠᠶᠢᠷᠢᠯᠠᠭᠤᠯᠬᠤ᠂ ᠨᠠᠶᠢᠳᠠᠪᠣᠷᠢᠵᠢᠭᠤᠯᠬᠤ᠂ ᠰᠢᠢᠳᠪᠣᠷᠢᠯᠡᠬᠦ ᠶᠢ ᠦᠨᠡᠨᠬᠦ ᠪᠠᠶᠠᠯᠡᠬᠦᠯᠬᠦ ᠬᠡᠷᠡᠭᠳᠠᠢ᠃ ᠰᠣᠶᠣᠯ ᠲᠠᠮᠢᠷ ᠵᠣᠭᠠᠴᠠᠯ᠂  ᠵᠠᠬ᠎ᠠ ᠲᠡᠯᠬᠡᠬᠦᠷ ᠤᠨ ᠬᠢᠨᠠᠨ ᠬᠠᠮᠢᠶᠠᠷᠣᠯᠳᠠ᠂ ᠡᠷᠡᠬᠦᠯ ᠬᠠᠮᠠᠭᠠᠯᠠᠯ ᠡᠷᠡᠬᠦᠯ ᠮᠠᠨᠳᠣ᠂ ᠵᠠᠮ ᠬᠠᠷᠢᠯᠴᠠᠭ᠎ᠠ ᠵᠦᠬᠡᠬᠡᠪᠣᠷᠢ᠂ ᠲᠣᠳᠣᠭᠠᠳᠣ ᠶᠢ ᠬᠠᠮᠠᠭᠠᠯᠠᠬᠤ᠂ ᠠᠵᠣ ᠦᠢᠯᠡᠳᠪᠣᠷᠢ ᠮᠡᠳᠡᠭᠡ ᠵᠠᠩᠬᠢ ︵ᠠᠷᠠᠯᠵᠢᠶᠠᠨ ᠤ ᠶᠠᠪᠣᠳᠠᠯ︶ ᠵᠡᠷᠬᠡ ᠡᠯ᠎ᠠ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠨᠢ ᠡᠳᠣᠷ ᠲᠣᠳᠣᠮ ᠤᠨ ᠬᠢᠨᠠᠨ ᠪᠠᠶᠢᠴᠠᠭᠠᠯᠳᠠ ᠬᠢᠨᠠᠨ ᠬᠠᠮᠢᠶᠠᠷᠣᠯᠳᠠ ᠪᠠᠨ ᠴᠢᠩᠭᠠᠳᠬᠠᠨ᠂ ᠬᠠᠮᠢᠶ᠎ᠠ ᠪᠦᠬᠦᠢ ᠰᠠᠷᠬᠡᠶᠢᠯᠠᠨ ᠡᠵᠡᠮᠳᠡᠬᠦ ᠠᠷᠭ᠎ᠠ ᠬᠡᠮᠵᠢᠶ᠎ᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠬᠤ ᠦᠬᠡᠢ ᠪᠠᠶᠢᠭ᠎ᠠ ᠪᠠᠶᠢᠭᠤᠯᠭ᠎ᠠ ︵ᠠᠵᠣ ᠠᠬᠤᠶᠢᠯᠠᠯ᠂ ᠬᠤᠪᠢ ᠶᠢᠨ ᠡᠵᠡᠩᠨᠡᠯᠳᠠ ᠶᠢᠨ ᠡᠷᠦᠬᠡ︶᠎ ᠶᠢ ᠬᠠᠣᠯᠢ ᠶᠣᠰᠣᠭᠠᠷ ᠴᠢᠩᠭ᠎ᠠ ᠪᠠᠶᠢᠴᠠᠭᠠᠨ ᠰᠢᠳᠬᠡᠨ᠎ᠠ᠃     ᠬᠤᠰᠢᠭᠤ ᠨᠡᠶᠢᠬᠡᠮ ᠤᠨ ᠬᠠᠮᠢᠶᠠᠷᠣᠯᠳᠠ ᠡᠵᠡᠮᠳᠠᠯ ᠤᠨ ᠲᠣᠭᠤᠶᠢᠯᠠᠩ᠄ 110᠂ 0479 — 2306866     ᠬᠤᠰᠢᠭᠤ ᠡᠮᠴᠢᠯᠡᠬᠡᠨ ᠤ ᠰᠡᠷᠬᠡᠶᠢᠯᠠᠨ ᠡᠵᠡᠮᠳᠡᠬᠦ ᠲᠣᠭᠤᠶᠢᠯᠠᠩ᠄ 0479 — 2028792     ᠬᠤᠰᠢᠭᠤ ᠡᠪᠡᠳᠴᠢᠨ ᠡᠮᠬᠡᠭ ᠰᠡᠷᠬᠡᠶᠢᠯᠠᠨ ᠡᠵᠡᠮᠳᠡᠬᠦ ᠲᠦᠪ᠄  0479 —2022550     ᠬᠤᠰᠢᠭᠤ ᠡᠮᠨᠡᠯᠬᠡ ᠶᠢᠨ ᠬᠤᠷᠢᠶ᠎ᠠ᠄ 0479 —2308633     ᠲᠠᠭᠠᠯᠳᠣᠭᠤᠯᠣᠯ ᠬᠦᠰᠣᠨᠣᠭ᠍ᠳᠣ᠄ ᠪᠦᠬᠦ ᠣᠯᠣᠰ ᠤᠨ ᠲᠣᠮᠳᠠ ᠦᠨᠳᠣᠷ ᠲᠠᠰ ᠤᠨ ᠲᠦᠭᠰᠢᠬᠦᠷᠢᠳᠠᠢ ᠭᠠᠵᠠᠷ ᠣᠷᠣᠨ ᠰᠢᠶᠠᠨ ᠤ ᠨᠠᠷᠠᠰ ᠤᠨ ᠵᠢᠭᠰᠠᠭᠠᠯᠳᠠ ︵2021 ᠣᠨ ᠤ 7 ᠰᠠᠷ᠎ᠠ ᠶᠢᠨ 26᠎ ᠤ ᠡᠳᠣᠷ ᠤᠨ19 ᠴᠠᠭ ᠪᠣᠯᠳᠠᠯ᠎ᠠ᠂ ᠨᠠᠶᠢᠳᠠ 35︶     ᠠᠪᠠᠭ᠎ᠠ ᠬᠤᠰᠢᠭᠤᠨ ᠤ ᠰᠢᠨ᠎ᠠ ᠲᠢᠳᠢᠮᠯᠢᠭ ᠠᠭᠤᠰᠬᠢᠨ ᠦᠷᠪᠢᠰᠣᠯ ᠢ ᠰᠠᠷᠬᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠳᠠᠰ                       2021 ᠣᠨ ᠤ 7 ᠰᠠᠷ᠎ᠠ ᠶᠢᠨ 27  ᠎ ᠤ ᠡᠳᠣᠷ
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号