ᠠᠪᠠᠭ᠎ᠠ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠵᠡᠷᠯᠡᠯ
ᠨᠡᠶᠢᠲᠡᠯᠡᠭᠰᠡᠨ ᠴᠠᠭ᠄
2021/8/5
        ᠠᠪᠠᠭ᠎ᠠ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠵᠡᠷᠯᠡᠯ                            58 ᠳ᠋ᠤᠭᠠᠷ ᠲᠣᠭᠠᠲᠤ          2021 ᠣᠨ ᠤ 7 ᠰᠠᠷ᠎ᠠ ᠶᠢᠨ 20᠎ ᠤ ᠡᠳᠦᠷ ᠠᠴᠠ ᠨᠠᠰᠢ᠂ ᠨᠠᠨᠵᠢᠩ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠤ ᠬᠠᠯᠳᠠᠪᠤᠷᠢᠯᠠᠭᠳᠠᠭᠰᠠᠨ ᠬᠥᠮᠦᠨ ᠤ ᠲᠤᠭ᠎ᠠ ᠲᠠᠰᠤᠷᠠᠯᠲᠠ ᠥᠬᠡᠶ ᠨᠡᠮᠡᠭᠳᠡᠵᠦ᠂ ᠨᠢᠭᠡᠨᠲᠡ ᠣᠯᠠᠨ ᠮᠤᠵᠢ ᠬᠤᠲᠠ ᠳᠤ ᠳᠡᠯᠭᠡᠷᠡᠭᠰᠡᠨ ᠪᠠᠶᠢᠨ᠎ᠠ᠃ ᠣᠳᠣᠬᠠᠨ ᠳᠤ ᠲᠡᠯᠬᠡᠷᠡᠵᠤ ᠪᠠᠶᠢᠭ᠎ᠠ ᠬᠤᠣᠷᠲᠤ ᠸᠢᠷᠦ᠋ᠰ ᠨᠢ ᠭᠤᠣᠯᠳᠠᠭᠤ  ᠳ᠋ᠧᠯᠲ᠋ᠠ ᠣᠨᠳᠣᠣᠰᠢᠭᠰᠠᠨ ᠸᠢᠷᠦ᠋ᠰ ᠪᠠᠶᠢᠵᠤ᠂ ᠲᠠᠷᠬᠠᠬᠤ ᠬᠤᠷᠳᠤᠴᠠ ᠨᠢ ᠲᠦᠷᠭᠡᠨ᠂ ᠪᠡᠶ᠎ᠡ ᠶᠢᠨ ᠳᠣᠲᠣᠭᠠᠳᠤ ᠳᠤ ᠦᠷᠪᠢᠰᠴᠤ ᠦᠷᠡᠵᠢᠬᠦ ᠨᠢ ᠲᠦᠷᠭᠡᠨ᠂ ᠪᠠᠶᠢᠴᠠᠭᠠᠯᠳᠠ ᠶᠢᠨ ᠳ᠋ᠦᠡᠭ ᠨᠢ ᠪᠢᠯᠢᠭ ᠴᠢᠨᠠᠷ ᠪᠤᠯᠬᠤ ᠳᠤ ᠬᠡᠷᠡᠭᠰᠡᠬᠦ ᠴᠠᠭ ᠨᠢ ᠤᠷᠲᠤ ᠵᠡᠷᠭᠡ ᠣᠨᠴᠠᠯᠢᠭ ᠲᠠᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠴᠢᠨᠠᠭᠰᠢᠳᠠ ᠴᠢᠩᠭᠠᠳᠬᠠᠬᠤ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠥᠷᠭᠡᠨ ᠣᠯᠠᠨ ᠰᠠᠭᠤᠭᠠᠯᠢ ᠠᠷᠠᠳ ᠬᠢᠵᠢᠭ ᠤᠨ ᠪᠠᠶᠢᠳᠠᠯ ᠢ ᠨᠢᠭᠲᠠ ᠠᠩᠬᠠᠷᠴᠤ᠂ 14 ᠡᠳᠦᠷ ᠤᠨ ᠳᠣᠲᠣᠷ᠎ᠠ ᠳᠤᠮᠳᠠ᠂ ᠦᠡᠳᠤᠷ ᠲᠠᠰ ᠤᠨ ᠲᠦᠭᠰᠢᠬᠦᠷᠢᠳᠡᠢ ᠭᠠᠵᠠᠷ ᠣᠷᠣᠨ ᠢᠶᠠᠷ ᠲᠤᠭᠤᠷᠢᠨ ᠵᠤᠭᠠᠴᠠᠭᠰᠡᠨ ᠦᠩᠬᠡᠷᠡᠯᠳᠠ ᠲᠠᠢ ᠪᠤᠶᠤ ᠦᠡᠳᠤᠷ ᠲᠠᠰ ᠤᠨ ᠲᠦᠭᠰᠢᠬᠦᠷᠢᠳᠡᠢ ᠲᠠᠯᠠᠪᠤᠷ ᠢᠶᠠᠷ ᠣᠷᠣᠵᠤ ᠭᠠᠷᠤᠭᠰᠠᠨ᠂ ᠣᠨᠣᠰᠢᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠥᠬᠡᠶ ᠪᠠᠷ ᠬᠠᠯᠳᠠᠪᠤᠷᠢᠯᠠᠭᠰᠠᠳ ᠤᠨ ᠠᠶᠠᠯᠠᠯ ᠤᠨ ᠵᠠᠮ ᠱᠤᠭᠤᠮ ᠢᠶᠠᠷ ᠶᠠᠪᠤᠭᠰᠡᠨ ᠬᠥᠮᠦᠰ ᠨᠢ ᠬᠤᠰᠢᠭᠤᠨ ᠳᠤ ᠪᠠᠨ ᠢᠷᠡᠭᠰᠡᠨ ᠤ ᠳᠠᠷᠠᠭ᠎ᠠ ᠲᠠᠷᠤᠶᠢᠬᠠᠨ ᠤᠬᠠᠮᠰᠠᠷ ᠠᠴᠠ ᠪᠠᠨ ᠲᠠᠷᠤᠶᠢᠬᠠᠨ ᠪᠠᠶᠢᠭ᠎ᠠ ᠭᠠᠴᠠᠭ᠎ᠠ ︵ᠨᠡᠶᠢᠭᠡᠮ ᠲᠣᠭᠤᠷᠢᠭ︶ ᠪᠠ ᠪᠠᠶᠢᠭᠤᠯᠭ᠎ᠠ ︵ᠪᠤᠶᠤ ᠰᠠᠭᠤᠭ᠎ᠠ ᠵᠣᠴᠢᠳ ᠤᠨ ᠪᠠᠭᠤᠳᠠᠯ︶᠎ ᠳᠤ ᠪᠠᠨ ᠮᠡᠳᠡᠭᠦᠯᠬᠦ ᠬᠡᠷᠡᠭᠲᠡᠶ᠃ ᠦᠡᠳᠤᠷ ᠲᠠᠰ ᠤᠨ ᠲᠦᠭᠰᠢᠬᠦᠷᠢᠳᠡᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠡᠭᠰᠡᠨ ᠬᠦᠮᠤᠰ ᠲᠤ ᠴᠦᠮ ︽14 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠳᠠ ᠬᠢᠬᠦ + 5 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ︾᠎ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂  ᠲᠤᠮᠳᠠ ᠲᠡᠰ ᠤᠨ ᠲᠦᠭᠰᠢᠭᠦᠷᠢ ᠲᠠᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠦᠰ ᠲᠤ ᠴᠥᠮ ︽14 ᠡᠳᠦᠷ ᠬᠡᠷ ᠲᠤ ᠪᠠᠨ ᠲᠤᠰᠠᠭᠠᠷᠯᠠᠬᠤ + 5 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠲᠡ︾᠎ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠠᠵᠢᠭᠯᠠᠯᠲᠠ ᠬᠢᠭᠰᠡᠨ 1᠂ 4᠂ 7᠂ 10᠂ 14 ᠳ᠋ᠤᠬᠡᠷ ᠡᠳᠦᠷ ᠲᠤ ᠴᠦᠮ ᠨᠢᠭᠡ  ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠨ᠎ᠠ᠃       ᠬᠤᠶᠠᠷ᠂ ᠲᠣᠰ ᠡᠳᠦᠷ ᠠᠴᠠ ᠡᠬᠢᠯᠡᠨ᠂ ᠡᠮᠴᠢᠯᠡᠭᠡᠨ ᠤ ᠪᠠᠶᠢᠭᠤᠯᠤᠮᠵᠢ᠂ ᠨᠠᠰᠤᠲᠠᠨ ᠢ ᠠᠰᠠᠷᠠᠬᠤ ᠬᠦᠷᠢᠶᠡᠯᠡᠩ᠂ ᠵᠣᠴᠢᠳ ᠤᠨ ᠪᠠᠭᠤᠳᠠᠯ᠂ ᠪᠢᠲᠡᠭᠦᠮᠵᠢᠯᠡᠭᠰᠡᠨ ᠵᠤᠭ᠎ᠠ ᠴᠠᠩᠬᠡᠬᠦᠨ ᠤ ᠭᠠᠵᠡᠷ ᠵᠡᠷᠭᠡ ᠭᠤᠤᠯᠳᠠᠯᠭ᠎ᠠ ᠲᠠᠢ ᠲᠠᠯᠠᠪᠤᠷ᠂ ᠮᠠᠰᠢᠨ ᠲᠡᠷᠭᠡᠨ ᠤ ᠥᠷᠲᠡᠭᠡ᠂ ᠭᠠᠯᠲᠤ ᠲᠡᠷᠭᠡᠨ ᠤ ᠥᠷᠲᠡᠭᠡ ᠪᠠ ᠬᠦᠮᠤᠰ ᠨᠠᠰᠢ ᠴᠠᠰᠢ ᠵᠤᠷᠴᠢᠬᠤ ᠬᠡᠮᠵᠢᠶ᠎ᠠ ᠶᠡᠭᠡ ᠣᠯᠠᠨ ᠨᠡᠶᠢᠲᠡ ᠶᠢᠨ ᠲᠠᠯᠠᠪᠤᠷ᠂ ᠣᠯᠠᠨ ᠨᠡᠶᠢᠲᠡ ᠶᠢᠨ ᠵᠠᠮ ᠲᠡᠭᠡᠭᠡᠪᠦᠷᠢ᠂ ᠡᠯ᠎ᠡ ᠵᠢᠭᠤᠯᠴᠢᠯᠠᠯ ᠦᠵᠡᠮᠵᠢ ᠶᠢᠨ ᠭᠠᠵᠠᠷ ︵ᠲᠣᠭᠤᠷᠢᠭ︶᠂ ᠮᠠᠯᠴᠢᠨ ᠠᠶᠢᠯ ᠵᠤᠭᠠᠴᠠᠯ ᠵᠡᠷᠭᠡ ᠭᠠᠳᠠᠨ᠎ᠠ ᠠᠴᠠ ᠢᠷᠡᠭᠰᠡᠨ ᠬᠥᠮᠦᠰ ᠤᠨ ᠣᠷᠣᠵᠤ ᠭᠠᠷᠬᠤ ᠭᠠᠵᠠᠷ ᠣᠷᠣᠨ ᠪᠠ ᠨᠢᠭᠡᠴᠡ ᠳᠤ ᠠᠮᠠᠪᠴᠢ ᠵᠡᠭᠦᠬᠦ᠂ ᠪᠡᠶ᠎ᠡ ᠶᠢᠨ ᠳᠤᠯᠠᠭᠠᠨ ᠢ ᠬᠡᠮᠵᠢᠬᠦ᠂ ᠡᠷᠡᠭᠦᠯ ᠮᠡᠨᠳᠦ ᠶᠢᠨ ᠺᠤᠳ᠋ ᠢᠶᠠᠨ ᠪᠠᠶᠢᠴᠠᠭᠠᠨ ᠰᠢᠯᠭᠠᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ ᠃ ᠣᠯᠠᠨ ᠨᠡᠶᠢᠲᠡ ᠶᠢᠨ ᠦᠢᠯᠡᠴᠢᠯᠡᠬᠡᠨ ᠤ ᠠᠵᠢᠯ ᠤᠨ ᠠᠵᠢᠯᠲᠠᠳ ᠤᠨ ᠸᠠᠺᠼᠢᠨ ᠤ ᠲᠠᠷᠢᠯᠭ᠎ᠠ᠂ ᠬᠤᠪᠢ ᠬᠥᠮᠦᠨ ᠤ ᠰᠡᠷᠭᠡᠶᠢᠯᠡᠯᠲᠡ ᠪᠠ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠳᠠ ᠶᠢᠨ ᠠᠵᠢᠯ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃       ᠭᠤᠷᠪᠠ᠂ ᠤᠯᠤᠰ ᠤᠨ ᠳᠣᠲᠣᠭᠠᠳᠤ ᠶᠢᠨ ᠣᠯᠠᠨ ᠭᠠᠵᠠᠷ ᠣᠷᠣᠨ ᠳᠤ ᠲᠤᠬᠠᠢ ᠶᠢᠨ ᠭᠠᠵᠡᠷ ᠤᠨ ᠡᠪᠡᠳᠴᠢᠨ ᠤ ᠵᠢᠱᠢᠶ᠎ᠡ ᠭᠠᠷᠴᠤ ᠪᠠᠶᠢᠭ᠎ᠠ ᠪᠣᠯᠬᠤᠷ ᠣᠶᠢᠷ᠎ᠠ ᠶᠢᠨ ᠬᠤᠭᠤᠴᠠᠭᠠᠨ ᠳᠤ ᠲᠤᠬᠠᠢ ᠶᠢᠨ ᠭᠠᠵᠠᠷ ᠤᠨ ᠡᠪᠡᠳᠴᠢᠨ ᠤ ᠵᠢᠱᠢᠶ᠎ᠠ ᠭᠠᠷᠤᠭᠰᠠᠨ ᠬᠤᠲᠠ ᠪᠠ ᠭᠠᠵᠠᠷ ᠣᠷᠣᠨ ᠳᠤ ᠣᠴᠢᠵᠤ ᠵᠢᠭᠤᠯᠴᠢᠯᠠᠬᠤ᠂ ᠠᠯᠪᠠᠨ ᠠᠵᠢᠯ ᠢᠶᠠᠷ ᠭᠠᠳᠠᠭᠰᠢ ᠭᠠᠷᠬᠤ᠂ ᠲᠥᠷᠥᠯ ᠰᠠᠳᠤᠨ ᠨᠠᠶᠢᠵᠠ ᠨᠥᠬᠦᠳ ᠢᠶᠠᠨ ᠡᠷᠭᠢᠵᠦ ᠦᠵᠡᠬᠦ ᠴᠢᠬᠤᠯᠠ ᠦᠭᠡᠶ᠃ ᠬᠡᠷᠪᠡ ᠵᠠᠪᠠᠯ ᠣᠴᠢᠬᠤ ᠴᠢᠬᠤᠯᠠ ᠲᠠᠢ ᠪᠣᠯ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ︔ ᠬᠤᠰᠢᠭᠤᠨ ᠳᠤ ᠪᠠᠨ ᠪᠤᠴᠠᠬᠤ ᠠᠴᠠ ᠡᠮᠦᠨ᠎ᠡ᠂ ᠪᠠᠶᠢᠭᠤᠯᠭ᠎ᠠ ᠨᠢᠭᠡᠴᠡ ᠪᠠ ᠪᠠᠶᠢᠭ᠎ᠠ ᠭᠠᠴᠠᠭ᠎ᠠ ︵ᠨᠡᠶᠢᠭᠡᠮ ᠲᠣᠭᠤᠷᠢᠭ︶᠎ ᠳᠤ ᠪᠠᠨ ᠤᠷᠢᠳᠴᠢᠯᠠᠨ ᠳᠠᠩᠰᠠᠯᠠᠭᠤᠯᠵᠤ᠂ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠲᠣᠰ ᠡᠳᠦᠷ ᠠᠴᠠ ᠡᠬᠢᠯᠡᠨ᠂ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠪᠣᠯᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠨᠢ ᠬᠤᠰᠢᠭᠤᠨ ᠠᠴᠠ ᠭᠠᠳᠠᠭᠰᠢ ᠭᠠᠷᠴᠤ ᠪᠦᠯᠬᠦᠮ ᠨᠡᠶᠢᠲᠡ ᠶᠢᠨ ᠴᠢᠨᠠᠷᠲᠠᠶ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠᠨ ᠲᠦᠷ ᠵᠣᠭᠰᠣᠭᠠᠬᠤ ᠶᠢᠨ ᠬᠠᠮᠲᠤ ᠲᠣᠰ ᠨᠢᠭᠡᠴᠡ ᠶᠢᠨ ᠢᠶᠠᠨ ᠺᠠᠳ᠋ᠷ ᠠᠵᠢᠯᠲᠠᠨ ᠠᠵᠢᠯᠴᠢᠨ ᠵᠢᠴᠢ ᠲᠡᠳᠡᠨ ᠤ ᠬᠡᠷ ᠤᠨ ᠬᠥᠮᠦᠰ ᠢ ᠬᠤᠰᠢᠭᠤᠨ ᠠᠴᠠ ᠭᠠᠷᠴᠤ ᠵᠢᠭᠤᠯᠴᠢᠯᠠᠬᠤ ᠪᠠᠨ ᠲᠦᠷ ᠬᠤᠶᠢᠰᠢᠯᠠᠭᠤᠯᠬᠤ ᠶᠢ ᠰᠠᠨᠠᠭᠤᠯᠬᠤ ᠪᠠ ᠬᠥᠲᠥᠯᠥᠨ ᠵᠢᠯᠣᠭᠤᠳᠤᠨ᠎ᠠ᠃ ᠰᠤᠷᠭᠠᠨ ᠬᠥᠮᠦᠵᠢᠯ ᠤᠨ ᠲᠣᠪᠴᠢᠶ᠎ᠠ ᠪᠣᠯᠤᠨ ᠡᠯ᠎ᠡ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠥᠷᠭᠡᠨ ᠣᠯᠠᠨ ᠪᠠᠭᠰᠢ ᠰᠤᠷᠤᠭᠴᠢᠳ ᠢ ᠰᠠᠨᠠᠭᠤᠯᠬᠤ ᠪᠠ ᠬᠥᠲᠥᠯᠦᠨ ᠵᠢᠯᠣᠭᠤᠳᠴᠤ ᠪᠠᠶᠢᠭᠠᠳ ᠵᠣᠨ ᠤ ᠠᠮᠠᠷᠠᠯᠲᠠ ᠶᠢᠨ ᠬᠤᠭᠤᠴᠠᠭᠠᠨ ᠤ ᠵᠢᠭᠤᠯᠴᠢᠯᠠᠯ ᠢ ᠠᠯᠢ ᠴᠢᠳᠠᠬᠤ ᠪᠠᠷ ᠬᠤᠰᠢᠭᠤᠨ ᠤ ᠬᠡᠪᠴᠢᠶᠠᠨ ᠤ ᠳᠣᠲᠣᠷ᠎ᠠ ᠪᠠᠨ ᠶᠠᠪᠤᠭᠳᠠᠭᠤᠯᠵᠤ᠂ ᠬᠤᠰᠢᠭᠤᠨ ᠠᠴᠠ ᠭᠠᠷᠴᠤ ᠵᠤᠭᠠᠴᠠᠬᠤ ᠶᠢ ᠲᠦᠷ ᠬᠤᠶᠢᠰᠢᠯᠠᠭᠤᠯᠵᠤ᠂ ᠡᠷᠬᠡᠪᠰᠢ ᠣᠴᠢᠬᠤ ᠴᠢᠬᠤᠯᠠᠳᠡᠢ ᠪᠣᠯ ᠰᠤᠷᠭᠠᠭᠤᠯᠢ ᠡᠬᠢᠯᠡᠬᠦ ᠠᠴᠠ 14 ᠡᠳᠦᠷ ᠤᠨ ᠡᠮᠦᠨ᠎ᠡ ᠵᠠᠪᠠᠯ ᠪᠤᠴᠠᠵᠤ ᠢᠷᠡᠬᠦ ᠬᠡᠷᠡᠭᠲᠡᠶ᠃        ᠳᠥᠷᠪᠡ᠂ ᠣᠶᠢᠷ᠎ᠠ ᠶᠢᠨ ᠬᠤᠭᠤᠴᠠᠭᠠᠨ ᠳᠤ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠨᠢ ᠴᠢᠬᠤᠯᠠ ᠥᠬᠡᠶ ᠪᠣᠯ ᠲᠣᠮᠣ ᠬᠡᠯᠪᠡᠷᠢ ᠶᠢᠨ ᠴᠤᠭᠯᠠᠷᠠᠯ ᠤᠨ ᠴᠢᠨᠠᠷᠲᠠᠶ ᠠᠵᠢᠯᠯᠠᠭ᠎ᠠ ᠡᠷᠭᠢᠯᠡᠬᠦ ᠥᠬᠡᠶ ᠪᠠᠶᠢᠵᠤ᠂ ᠦᠨᠡᠨᠬᠦ ᠴᠢᠬᠤᠯᠠ ᠲᠠᠢ ᠪᠣᠯ ᠰᠡᠷᠭᠡᠶᠢᠯᠡᠨ ᠡᠵᠡᠮᠳᠡᠬᠦ ᠲᠥᠰᠦᠯ ᠪᠠ ᠪᠠᠴᠢᠮ ᠪᠠᠶᠢᠳᠠᠯ ᠢ ᠠᠷᠭᠠᠴᠠᠬᠤ ᠲᠥᠰᠦᠯ ᠲᠣᠭᠲᠠᠭᠠᠵᠤ᠂ ᠬᠠᠷᠢᠶ᠎ᠠ ᠭᠠᠵᠠᠷ᠂ ᠭᠤᠤᠯᠯᠠᠨ ᠡᠷᠭᠢᠯᠡᠬᠦ ᠨᠢᠭᠡᠴᠡ ᠵᠡᠷᠭᠡ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠠ ᠲᠦᠷᠤᠯ ᠤᠨ ᠠᠵᠢᠯ ᠢ ᠴᠢᠩᠭ᠎ᠠ ᠰᠠᠶᠢᠲᠤᠷ  ᠬᠦᠢᠴᠡᠳᠬᠡᠬᠦ ᠬᠡᠷᠡᠭᠲᠡᠶ᠃ ᠲᠣᠮᠣ ᠬᠡᠯᠪᠡᠷᠢ ᠶᠢᠨ ᠬᠤᠷᠠᠯ᠂ ᠦᠵᠡᠭᠦᠯᠦᠯᠭᠡ᠂ ᠰᠢᠯᠭᠠᠯᠲᠠ ᠵᠡᠷᠭᠡ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠴᠢᠩᠭ᠎ᠠ ᠬᠢᠵᠠᠭᠠᠷᠯᠠᠵᠤ᠂ ᠴᠢᠬᠤᠯᠠ ᠪᠤᠰᠤ ᠴᠤᠭᠯᠠᠷᠠᠯ ᠢ ᠪᠠᠭᠠᠰᠬᠠᠨ᠂ ᠠᠯᠢ ᠴᠢᠳᠠᠬᠤ ᠪᠠᠷ ᠰᠦᠯᠵᠢᠶᠡᠨ ᠳᠡᠭᠡᠷᠡᠬᠢ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ ᠭᠠᠳᠠᠨ᠎ᠠ ᠣᠷᠣᠨ ᠠᠴᠠ ᠮᠠᠨ ᠤ ᠬᠤᠰᠢᠭᠤᠨ ᠳᠤ ᠢᠷᠡᠵᠤ ᠬᠤᠷᠠᠯ᠂ ᠤᠷᠤᠯᠳᠤᠭᠠᠨ ᠵᠡᠷᠭᠡ ᠬᠠᠮᠲᠤ ᠶᠢᠨ ᠠᠵᠢᠯᠯᠠᠭ᠎ᠠ ᠳᠤ ᠣᠷᠣᠯᠴᠠᠭᠰᠠᠨ ᠬᠥᠮᠦᠰ ᠡᠷᠬᠡᠪᠰᠢ 72 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠬᠠᠩᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ᠂ ᠬᠠᠮᠢᠶ᠎ᠠ ᠪᠥᠬᠦᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠬᠠᠯᠠᠭᠤᠷᠠᠬᠤ᠂ ᠬᠠᠨᠢᠶᠠᠯᠭᠠᠬᠤ ᠵᠡᠷᠭᠡ ᠰᠡᠵᠢᠭᠯᠡᠯᠲᠡᠶ ᠢᠯᠡᠷᠡᠯ ᠭᠠᠷᠪᠠᠯ ᠬᠤᠷᠠᠯ᠂ ᠠᠵᠢᠯᠯᠠᠭ᠎ᠠ ᠶᠢ ᠡᠷᠭᠢᠯᠡᠭᠰᠡᠨ ᠲᠠᠯ᠎ᠠ ᠶᠢᠨ ᠬᠢᠨ ᠳᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃        ᠲᠠᠪᠤ᠂ ᠰᠢᠨ᠎ᠡ ᠲᠢᠳᠢᠮᠯᠢᠭ ᠠᠭᠤᠰᠬᠢᠨ ᠦᠷᠪᠢᠰᠤᠯ ᠤᠨ ᠸᠠᠺᠼᠢᠨ ᠤ ᠲᠠᠷᠢᠯᠭ᠎ᠠ ᠬᠢᠬᠦ ᠪᠣᠯ ᠰᠢᠨ᠎ᠡ ᠲᠢᠳᠡᠮᠯᠢᠭ ᠠᠭᠤᠰᠬᠢᠨ ᠦᠷᠪᠢᠰᠦᠯ ᠢ ᠰᠡᠷᠭᠡᠶᠢᠯᠡᠬᠦ ᠪᠦᠲᠦᠮᠵᠢᠲᠡᠶ ᠠᠷᠭ᠎ᠠ ᠬᠡᠮᠵᠢᠶ᠎ᠡ ᠮᠥᠨ ᠪᠦᠬᠡᠳ ᠠᠷᠠᠳ ᠢᠷᠭᠡᠨ ᠨᠢᠭᠡᠪᠦᠷᠢ ᠶᠢᠨ ᠬᠦᠢᠴᠡᠳᠬᠡᠪᠡᠰᠤ ᠵᠣᠬᠢᠬᠤ ᠡᠬᠦᠷᠬᠡ ᠬᠠᠷᠢᠭᠤᠴᠠᠯᠭ᠎ᠠ ᠪᠤᠯᠤᠨ᠎ᠠ᠃ ᠨᠥᠬᠦᠴᠡᠯ ᠳᠤ ᠨᠡᠶᠢᠴᠡᠭᠰᠡᠨ ᠪᠠᠶᠢᠲᠠᠯ᠎ᠠ ᠮᠦᠡᠬᠦ ᠲᠠᠷᠢᠯᠭ᠎ᠠ ᠬᠢᠭᠡᠳᠦᠶ ᠰᠠᠭᠤᠭᠠᠯᠢ ᠠᠷᠠᠳ ᠠᠯᠢ ᠲᠦᠷᠭᠡᠨ ᠢᠶᠠᠷ ᠲᠠᠷᠢᠯᠭ᠎ᠠ ᠬᠢᠵᠦ᠂ ᠰᠢᠨ᠎ᠡ ᠲᠢᠳᠢᠮᠯᠢᠭ ᠠᠭᠤᠰᠬᠢᠨ ᠦᠷᠪᠢᠰᠤᠯ ᠤᠨ ᠦᠯᠤ ᠬᠠᠯᠳᠠᠭᠠᠬᠤ ᠬᠠᠯᠬᠠᠪᠴᠢ ᠶᠢ ᠬᠠᠮᠲᠤ ᠪᠠᠷ ᠴᠣᠭᠴᠠᠯᠠᠬᠤ ᠬᠡᠷᠡᠭᠳᠡᠢ᠃        ᠵᠢᠷᠭᠤᠭ᠎ᠠ᠂ ᠥᠷᠭᠡᠨ ᠣᠯᠠᠨ ᠰᠠᠭᠤᠭᠠᠯᠢ ᠠᠷᠠᠳ ᠲᠤ ᠰᠠᠨᠠᠭᠤᠯᠬᠤ ᠨᠢ᠂ ᠬᠤᠪᠢ ᠬᠥᠮᠦᠨ ᠤ ᠬᠠᠮᠠᠭᠠᠯᠠᠯᠲᠠ ᠪᠠᠨ ᠦᠷᠭᠦᠯᠵᠢᠯᠡᠨ ᠰᠠᠶᠢᠲᠤᠷ ᠬᠢᠵᠤ᠂ ᠢᠯᠠᠩᠭᠤᠶ᠎ᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠦᠬᠦᠬᠡᠷᠤᠮᠵᠢ ᠳᠤ ᠰᠠᠭᠤᠬᠤ ᠵᠢᠴᠢ ᠬᠥᠮᠦᠨ ᠣᠯᠠᠨ ᠴᠤᠭᠯᠠᠷᠠᠬᠤ ᠭᠠᠵᠠᠷ ᠲᠤ ᠠᠵᠢᠯᠯᠠᠭ᠎ᠠ ᠬᠢᠬᠦ ᠳᠤ ᠪᠠᠨ ᠱᠠᠭᠠᠷᠳᠠᠯᠭ᠎ᠠ ᠶᠤᠰᠤᠭᠠᠷ ᠠᠮᠠᠪᠴᠢ ᠵᠡᠭᠦᠬᠦ ᠶᠢ ᠠᠩᠬᠠᠷᠬᠤ ᠬᠡᠷᠡᠭᠲᠡᠶ᠃ ᠨᠢᠰᠬᠡᠯ ᠵᠡᠷᠭᠡ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠦᠬᠦᠬᠡᠷᠤᠮᠵᠢ ᠳᠤ ᠰᠠᠭᠤᠬᠤ ᠳᠤ ᠪᠠᠨ ᠠᠯᠢ ᠴᠢᠳᠠᠬᠤ ᠪᠠᠷ ᠣᠯᠠᠨ ᠨᠡᠶᠢᠲᠡ ᠶᠢᠨ ᠬᠡᠷᠡᠭᠰᠡᠯ ᠲᠠᠢ ᠣᠶᠢᠷᠠᠳᠬᠤ ᠠᠴᠠ ᠵᠠᠶᠢᠯᠠᠰᠬᠢᠵᠦ᠂ ᠢᠳᠡᠬᠡᠨ ᠢᠳᠡᠬᠦ ᠪᠠ ᠤᠰᠤ ᠤᠤᠭᠤᠬᠤ ᠤᠳᠠᠭ᠎ᠠ ᠪᠠᠨ ᠪᠠᠭᠠᠰᠬᠠᠬᠤ ᠬᠡᠷᠡᠭᠲᠡᠶ᠃ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ᠂ ᠪᠦᠬᠡᠮᠨᠡᠷᠡᠨ ᠴᠤᠭᠯᠠᠷᠠᠬᠤ ᠦᠬᠡᠢ᠂ ᠭᠠᠷ ᠢᠶᠠᠨ ᠦᠷᠭᠦᠯᠵᠢ ᠤᠬᠢᠶᠠᠬᠤ᠂ ᠪᠠᠶᠢᠩᠭᠤ ᠰᠠᠯᠬᠢ ᠨᠡᠪᠲᠡᠷᠡᠭᠦᠯᠬᠦ᠂ ᠤᠯᠠᠨ ᠬᠦᠮᠤᠨ ᠬᠠᠮᠳᠤ ᠬᠤᠭᠤᠯᠠᠯᠯᠠᠬᠤ ᠦᠬᠡᠢ᠂ ᠨᠡᠶᠢᠲᠡ ᠶᠢᠨ ᠬᠠᠯᠪᠠᠭ᠎ᠠ ᠰᠠᠪᠬ᠎ᠠ ᠬᠡᠷᠡᠭᠯᠡᠬᠦ᠂ ᠬᠠᠨᠢᠶᠠᠬᠤ᠂ ᠨᠠᠶᠢᠲᠠᠭᠠᠬᠤ ᠦᠶ᠎ᠡ ᠳᠤ ᠪᠠᠨ ᠴᠠᠭᠠᠰᠤ ᠠᠯᠴᠢᠭᠤᠷ ᠪᠤᠶᠤ ᠲᠣᠬᠤᠶ ᠬᠠᠨᠴᠤᠶ ᠪᠠᠷ ᠢᠶᠠᠨ ᠬᠠᠯᠬᠠᠯᠠᠬᠤ ᠵᠡᠷᠭᠡ ᠡᠷᠡᠭᠦᠯ ᠬᠠᠮᠠᠭᠠᠯᠠᠯ ᠤᠨ ᠳᠠᠳᠬᠠᠯ ᠪᠠ ᠠᠮᠢᠳᠤᠷᠠᠯ ᠤᠨ ᠠᠷᠭ᠎ᠠ ᠮᠠᠶ᠋ᠢᠭ ᠢ ᠪᠠᠷᠢᠮᠲᠠᠯᠠᠬᠤ ᠬᠡᠷᠡᠭᠲᠡᠶ᠃ ᠬᠡᠷᠪᠡ ᠬᠠᠯᠠᠭᠤᠷᠠᠬᠤ᠂ ᠬᠠᠨᠢᠶᠠᠯᠭᠠᠬᠤ ᠵᠡᠷᠭᠡ ᠰᠡᠵᠢᠭᠯᠡᠯᠲᠡᠢ ᠡᠪᠡᠳᠴᠢᠨ ᠤ ᠢᠯᠠᠷᠡᠯ ᠭᠠᠷᠪᠠᠯ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠣᠷ᠎ᠠ᠂ ᠳᠠᠷᠤᠢ ᠲᠦᠷᠭᠡᠨ ᠣᠶᠢᠷᠠᠯᠴᠠᠭ᠎ᠠ ᠪᠠᠶᠢᠭ᠎ᠠ ᠬᠠᠯᠠᠭᠤᠷᠠᠬᠤ ᠶᠢ ᠪᠠᠶᠢᠴᠠᠭᠠᠬᠤ ᠡᠭᠦᠳᠡᠨ ᠡᠮᠨᠡᠯᠭᠡ ᠳᠤ ᠬᠦᠷᠴᠦ ᠣᠨᠣᠰᠢᠯᠠᠭᠤᠯᠤᠨ ᠵᠢᠭᠰᠠᠭᠠᠨ ᠪᠠᠶᠢᠴᠠᠭᠠᠬᠤ ᠬᠡᠷᠡᠭᠳᠡᠢ᠃                  ᠠᠪᠠᠭ᠎ᠠ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠳᠡᠰ                    2021 ᠣᠨ ᠤ 8 ᠰᠠᠷ᠎ᠠ ᠶᠢᠨ 2  ᠎ ᠤ ᠡᠳᠤᠷ
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号