ᠷᠢᠨᠴᠢᠨ ᠨᠥᠬᠦᠷ ᠤᠯᠠᠨ ᠵᠢᠯ ᠤᠨ ᠳᠤᠷᠰᠢᠬᠢ ᠬᠡᠷᠡᠯ ᠵᠢᠷᠤᠭ ᠤᠨ ᠮᠠᠲ᠋ᠧᠷᠢᠶᠠᠯ ᠢᠶᠠᠨ ᠬᠠᠨᠳᠢᠪᠯᠠᠯ᠎ᠠ
ᠨᠡᠶᠢᠲᠡᠯᠡᠭᠰᠡᠨ ᠴᠠᠭ᠄
2021/9/27
    9 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠵᠦ᠂ ᠷᠢᠨᠴᠢᠨ ᠨᠥᠬᠦᠷ ᠤᠨ ᠬᠡᠷᠡᠯ ᠵᠢᠷᠤᠭ ᠤᠨ ᠮᠠᠲ᠋ᠧᠷᠢᠶᠠᠯ ᠬᠠᠨᠳᠢᠪᠯᠠᠬᠤ ᠶᠣᠰᠣᠯᠠᠯ ᠠᠪᠠᠭ᠎ᠠ ᠬᠤᠰᠢᠭᠤᠨ ᠤ ᠲᠠᠩᠰᠠ ᠡᠪᠬᠡᠮᠡᠯ ᠤᠨ ᠣᠷᠳᠣᠨ ᠳᠤ ᠶᠠᠪᠤᠭᠳᠠᠵᠦ᠂ ᠷᠢᠨᠴᠢᠨ ᠨᠥᠬᠦᠷ ᠬᠤᠪᠢ ᠬᠥᠮᠦᠨ ᠤ ᠣᠯᠠᠨ ᠵᠢᠯ ᠤᠨ ᠲᠤᠷᠰᠢ ᠰᠡᠭᠦᠳᠡᠷᠯᠡᠭᠰᠡᠨ ᠲᠠᠪᠤᠨ ᠮᠢᠩᠭ᠎ᠠ ᠭᠠᠷᠤᠶ ᠬᠡᠷᠡᠯ ᠵᠢᠷᠤᠭ ᠤᠨ ᠮᠠᠲ᠋ᠧᠷᠢᠶᠠᠯ ᠢᠶᠠᠨ ᠬᠤᠰᠢᠭᠤ ᠲᠠᠩᠰᠠ ᠡᠪᠬᠡᠮᠡᠯ ᠤᠨ ᠣᠷᠳᠣᠨ ᠳᠤ ᠬᠠᠨᠳᠢᠪᠯᠠᠪᠠ᠃     ᠶᠣᠰᠣᠯᠠᠯ ᠳᠡᠭᠡᠷ᠎ᠡ ᠬᠤᠰᠢᠭᠤ ᠲᠠᠩᠰᠠ ᠡᠪᠬᠡᠮᠡᠯ ᠤᠨ ᠣᠷᠳᠣᠨ ᠠᠴᠠ ᠷᠢᠨᠴᠢᠨ ᠨᠥᠬᠦᠷ ᠲᠤ ᠤᠷᠳᠤᠨ ᠤ ᠬᠠᠳᠠᠭᠠᠯᠠᠮᠵᠢ ᠶᠢᠨ ᠦᠨᠡᠮᠯᠡᠯ ᠣᠯᠭᠤᠭᠰᠠᠨ ᠪᠥᠭᠡᠳ ᠲᠠᠯᠠᠷᠬᠠᠯ ᠢᠶᠠᠨ ᠢᠯᠡᠷᠭᠡᠶᠢᠯᠡᠪᠡ᠃ ᠲᠣᠰ ᠤᠳᠠᠭᠠᠨ ᠤ ᠬᠠᠨᠳᠢᠪᠯᠠᠭᠰᠠᠨ ᠮᠠᠲ᠋ᠧᠷᠢᠶᠠᠯ ᠤᠨ ᠲᠤᠭ᠎ᠠ ᠬᠡᠮᠵᠢᠶ᠎ᠡ ᠨᠢ ᠨᠡᠯᠢᠶᠡᠳ ᠶᠡᠭᠡ᠂ ᠮᠠᠰᠢ ᠶᠡᠭᠡ ᠬᠤᠷᠢᠶᠠᠨ ᠬᠠᠳᠠᠭᠠᠯᠠᠬᠤ ᠦᠨ᠎ᠡ ᠥᠷᠲᠡᠭ ᠲᠠᠢ ᠮᠦᠷᠳᠡᠭᠡᠨ ᠬᠤᠶᠢᠰᠢᠳᠠ ᠶᠢᠨ ᠬᠠᠮᠢᠶ᠎ᠠ ᠪᠥᠬᠦᠶ ᠰᠤᠳᠤᠯᠭᠠᠨ ᠳᠤ ᠴᠢᠬᠤᠯᠠ ᠯᠠᠪᠯᠠᠯᠲᠠ ᠶᠢᠨ ᠦᠢᠯᠡᠳᠦᠯ ᠦᠵᠡᠭᠦᠯᠬᠦ ᠤᠴᠢᠷ ᠠᠴᠠ᠂  ᠬᠤᠰᠢᠭᠤ ᠲᠠᠩᠰᠠ ᠡᠪᠬᠡᠮᠡᠯ ᠤᠨ ᠣᠷᠳᠣᠨ ᠡᠨᠡ ᠪᠦᠯᠦᠭ ᠮᠠᠲ᠋ᠧᠷᠢᠶᠠᠯ ᠢ ᠰᠠᠶᠢᠲᠤᠷ ᠬᠠᠳᠠᠭᠠᠯᠠᠨ ᠬᠠᠮᠢᠶᠠᠷᠬᠤ ᠪᠤᠯᠤᠨ᠎ᠠ ᠭᠡᠵᠦ ᠢᠯᠡᠷᠬᠡᠶᠢᠯᠡᠪᠡ᠃     ᠣᠶᠢᠯᠠᠭᠠᠭᠰᠠᠨ ᠢᠶᠠᠷ᠂ ᠷᠢᠨᠴᠢᠨ ᠨᠥᠬᠦᠷ ᠤᠨ ᠬᠠᠨᠳᠢᠪᠯᠠᠭᠰᠠᠨ ᠡᠳᠡᠭᠡᠷ ᠮᠠᠲ᠋ᠧᠷᠢᠶᠠᠯ ᠨᠢ ᠠᠪᠠᠭ᠎ᠠ ᠬᠤᠰᠢᠭᠤᠨ ᠤ ᠠᠷᠠᠳ ᠲᠦᠮᠡᠨ ᠤ ᠠᠮᠢᠳᠤᠷᠠᠯ ᠤᠨ ᠬᠤᠪᠢᠷᠠᠯᠲᠠ ᠪᠠ ᠬᠤᠲᠠ ᠪᠠᠯᠭᠠᠰᠤᠨ ᠤ ᠬᠤᠪᠢᠷᠠᠯᠲᠠ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ᠂ ᠦᠨᠳᠦᠰᠦᠲᠡᠨ ᠤ ᠵᠠᠩ ᠵᠠᠩᠰᠢᠯ᠂ ᠮᠠᠨ ᠤ ᠬᠤᠰᠢᠭᠤᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠡᠯᠬᠦᠳᠡᠢ ᠬᠦᠷᠢᠶᠡᠯᠡᠩ ᠢ ᠪᠠᠶᠢᠭᠤᠯᠬᠤ ᠠᠴᠠ ᠡᠮᠦᠨᠡᠬᠢ ᠳᠦᠷᠰᠦ ᠪᠠᠶᠢᠳᠠᠯ ᠢ ᠳᠡᠮᠳᠡᠭᠯᠡᠨ ᠥᠯᠡᠳᠡᠭᠡᠭᠰᠡᠨ ᠪᠠᠶᠢᠨ᠎ᠠ᠃     ᠦᠪᠡᠷ ᠢᠶᠠᠨ ᠰᠡᠬᠦᠳᠡᠷᠯᠡᠬᠦ ᠠᠵᠢᠯ ᠳᠤ ᠬᠠᠶᠢᠷᠠᠳᠠᠢ ᠳᠤᠷᠠᠳᠠᠢ ᠠᠴᠠ ᠰᠡᠭᠦᠳᠡᠷᠯᠡᠬᠦ ᠠᠵᠢᠯ ᠢ 50 ᠵᠢᠯ ᠬᠢᠵᠦ ᠢᠷᠡᠯ᠎ᠡ᠂ ᠠᠪᠠᠭ᠎ᠠ ᠬᠤᠰᠢᠭᠤᠨ ᠤ ᠵᠢᠯ ᠪᠤᠯᠭᠠᠨ ᠤ ᠬᠤᠪᠢᠷᠠᠯᠲᠠ ᠬᠦᠭᠵᠢᠯᠳᠡ ᠪᠣᠯᠤᠨ ᠰᠠᠶᠢᠨ ᠰᠠᠶᠢᠬᠠᠨ ᠴᠠᠭ ᠮᠥᠴᠡ ᠶᠢ ᠵᠢᠷᠤᠭ ᠰᠡᠬᠦᠳᠡᠷ ᠳᠡᠭᠡᠨ ᠦᠯᠡᠳᠡᠭᠡᠭᠰᠡᠨ ᠠᠴᠠ᠂ ᠡᠳᠡᠭᠡᠷ ᠭᠡᠷᠡᠯ ᠵᠢᠷᠤᠭ ᠮᠠᠰᠢ ᠬᠤᠪᠣᠷ ᠨᠠᠨᠳᠢᠨ ᠭᠡᠵᠦ ᠦᠵᠡᠵᠦ ᠪᠠᠶᠢᠨ᠎ᠠ᠂ ᠡᠭᠦᠷᠢᠳᠡ ᠬᠠᠳᠠᠭᠠᠯᠠᠭᠳᠠᠨ ᠦᠯᠡᠳᠡᠬᠦ ᠶᠢ ᠬᠦᠰᠡᠵᠦ ᠪᠠᠶᠢᠨ᠎ᠠ ᠭᠡᠵᠤ ᠷᠢᠨᠴᠢᠨ ᠨᠥᠬᠦᠷ ᠴᠢᠩ ᠰᠡᠳᠬᠢᠯ ᠤᠨ ᠬᠦᠰᠡᠯ ᠨᠠᠶᠢᠳᠠᠯᠠᠭ᠎ᠠ ᠪᠠᠨ ᠲᠠᠯᠪᠢᠵᠦ  ᠪᠠᠶᠢᠯ᠎ᠠ᠃     ᠬᠤᠰᠢᠭᠤ ᠲᠠᠩᠰᠠ ᠡᠪᠬᠡᠮᠡᠯ ᠤᠨ ᠣᠷᠳᠣᠨ ᠨᠢ ᠲᠤᠰ ᠤᠳᠠᠭᠠᠨ ᠤ ᠶᠣᠰᠣᠯᠠᠯ ᠢᠶᠠᠷ ᠠᠵᠠ ᠲᠣᠬᠢᠶᠠᠯ ᠪᠣᠯᠭᠠᠵᠤ ᠂ ︽ᠲᠠᠩᠰᠠ ᠡᠪᠬᠡᠮᠡᠯ ᠤᠨ ᠡᠬᠢ ᠪᠠᠶᠠᠯᠢᠭ ᠢ ᠬᠠᠳᠠᠭᠠᠯᠠᠵᠤ᠂ ᠲᠠᠩᠰᠠ ᠡᠪᠬᠡᠮᠡᠯ ᠤᠨ ᠠᠴᠢᠶᠠᠯᠠᠪᠤᠷᠢ ᠶᠢ ᠪᠠᠶᠠᠯᠢᠭᠵᠢᠭᠤᠯᠬᠤ︾ ᠠᠵᠢᠯ ᠤᠨ ᠰᠡᠳᠬᠢᠮᠵᠢ ᠶᠢ ᠪᠠᠷᠢᠮᠲᠠᠯᠠᠨ᠂ ᠤᠷᠢᠳᠴᠢᠯᠠᠨ ᠪᠠᠶᠢᠷᠢᠰᠢᠭᠤᠯᠵᠤ᠂ ᠠᠪᠠᠭ᠎ᠠ ᠬᠤᠰᠢᠭᠤᠨ ᠤ ᠤᠯᠤᠰ ᠲᠥᠷᠥ᠂ ᠠᠵᠤ ᠠᠬᠤᠶ᠂ ᠰᠣᠶᠣᠯ ᠪᠠ ᠦᠢᠯᠡᠳᠪᠦᠷᠢᠯᠡᠯ ᠠᠮᠢᠳᠤᠷᠠᠯ ᠵᠢᠴᠢ ᠠᠮᠢ ᠠᠬᠤᠶ ᠶᠢᠨ ᠬᠤᠪᠢᠷᠠᠯᠲᠠ ᠶᠢᠨ ᠴᠢᠬᠤᠯᠠ ᠲᠠᠩᠰᠠ ᠡᠪᠬᠡᠮᠡᠯ ᠢ ᠴᠠᠭ ᠲᠤᠬᠠᠶ ᠳᠤᠨᠢ ᠬᠤᠷᠢᠶᠠᠨ ᠴᠤᠭᠯᠠᠭᠤᠯᠵᠤ᠂ ᠰᠢᠨᠵᠢᠯᠡᠬᠦ ᠤᠬᠠᠭᠠᠨᠴᠢ  ᠪᠠᠷ ᠬᠤᠷᠢᠶᠠᠨ ᠬᠠᠳᠠᠭᠠᠯᠠᠵᠤ᠂ ᠣᠯᠠᠨ ᠡᠰᠢᠵᠢᠭᠦᠯᠦᠨ ᠨᠡᠭᠡᠭᠡᠨ  ᠬᠦᠭᠵᠢᠬᠦᠯᠦᠨ᠂ ᠥᠨᠢ ᠡᠭᠦᠷᠢᠳᠡ ᠦᠯᠡᠳᠡᠭᠡᠨ ᠠᠰᠢᠭᠯᠠᠬᠤ ᠶᠢ ᠪᠠᠳᠠᠷᠠᠭᠤᠯᠬᠤ ᠪᠠᠷ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号