9 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠠᠪᠠᠭ᠎ᠠ ᠬᠤᠰᠢᠭᠤᠨ ᠤ ᠠᠷᠪᠠᠨ ᠳᠥᠷᠪᠡᠳᠦᠭᠡᠷ ᠤᠳᠠᠭᠠᠨ ᠤ ᠭᠡᠰᠢᠭᠦᠳ ᠤᠨ ᠶᠡᠭᠡ ᠬᠤᠷᠠᠯ ᠤᠨ ᠪᠦᠬᠦ | ᠲᠦᠯᠦᠭᠡᠯᠡᠭᠴᠢᠳ ᠤᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠪᠠ᠃ | ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠪᠠᠷ ᠰᠦᠨ ᠵᠢᠶᠦ᠋ᠨ᠂ ᠨᠠᠰᠤᠨᠪᠠᠲᠤ᠂ ᠪᠤᠯᠤᠳᠪᠠᠭᠠᠳᠤᠷ᠂ | ᠯᠢᠦ ᠰᠢᠶᠤᠤ ᠮᠢᠨ᠂ ᠵᠠᠩ ᠯᠢ ᠭᠤᠸᠠᠩ᠂ ᠠᠯᠮᠠᠰ᠂ ᠸᠠᠩ ᠵᠢᠩ᠂ ᠳ᠋ᠤᠸᠠᠨ ᠵᠧᠨ ᠬᠤᠸᠠ᠂ ᠷᠧᠨ ᠬᠤᠤ᠂ ᠮᠤᠤ ᠽᠢ | ᠨᠠᠨ᠂ ᠰᠡᠴᠡᠨᠴᠢᠮᠩ᠂ ᠰᠤᠶᠤᠯᠳᠤ᠂ ᠰᠡᠷᠬᠦᠯᠡᠩᠪᠠᠭᠠᠳᠤᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠵᠤ᠂ ᠪᠦᠬᠦ | ᠨᠠᠮ ᠤᠨ ᠲᠦᠯᠦᠭᠡᠯᠡᠭᠴᠢ ᠬᠤᠷᠠᠯ ᠳᠤ ᠣᠷᠣᠯᠴᠠᠪᠠ᠃ | ᠥᠪᠡᠷᠲᠡᠭᠡᠨ ᠵᠠᠰᠠᠬᠤ ᠣᠷᠣᠨ ᠤ ᠬᠤᠭᠤᠴᠠᠭ᠎ᠠ ᠰᠣᠯᠢᠬᠤ ᠵᠢᠷᠭᠤᠳᠤᠭᠠᠷ ᠬᠢᠨᠠᠨ ᠵᠢᠯᠣᠭᠤᠳᠬᠤ | ᠳᠤᠭᠤᠶᠢᠯᠠᠩ ᠤᠨ ᠬᠡᠰᠢᠬᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠯᠪᠠᠨ | ᠲᠢᠩᠬᠢᠮ ᠤᠨ ᠬᠤᠷᠠᠯ ᠤᠨ ᠭᠡᠯᠲᠡᠰ ᠤᠨ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠨᠢᠤ ᠵᠥᠩ ᠯᠢ᠂ ᠵᠢᠭᠠᠨ | ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠬᠠᠰᠪᠠᠶᠠᠷ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ | ᠬᠤᠰᠢᠭᠤ ᠨᠠᠮ ᠤᠨ ᠬᠤᠷᠢᠶᠠᠨ ᠤ ᠱᠦᠵᠢ ᠰᠦᠨ ᠵᠢᠶᠦ᠋ᠨ ᠬᠤᠷᠠᠯ ᠡᠷᠬᠢᠯᠡᠪᠡ᠃ | ᠲᠣᠰ ᠤᠳᠠᠭᠠᠨ ᠤ ᠶᠡᠭᠡ ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭᠴᠢ 177 ᠪᠠᠶᠢᠵᠦ᠂ ᠪᠣᠳᠠᠲᠠᠶ | ᠤᠷᠤᠯᠴᠠᠭᠰᠠᠨ 174 ᠲᠥᠯᠥᠭᠡᠯᠡᠭᠴᠢ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃ | ᠶᠡᠷᠦᠩᠬᠡᠢ ᠫᠢᠶᠤᠤ ᠬᠢᠨᠠᠭᠴᠢ ᠪᠣᠯᠤᠨ ᠫᠢᠶᠤᠤ ᠬᠢᠨᠠᠭᠴᠢ ᠶᠢᠨ ᠬᠢᠨᠠᠯᠲᠠ ᠳᠣᠣᠷ᠎ᠠ ᠲᠥᠯᠥᠭᠡᠯᠡᠭᠴᠢᠳ ᠨᠠᠷᠠ | ᠲᠡᠮᠳᠡᠭᠯᠡᠬᠦ ᠦᠭᠡᠢ ᠰᠣᠩᠭᠤᠭᠤᠯᠢ ᠶᠢᠨ ᠠᠷᠭ᠎ᠠ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠪᠠᠭ᠎ᠠ | ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠡᠰᠢᠬᠦᠨ 32 ᠬᠦᠮᠦᠨ ᠂ ᠣᠷᠣᠯᠠᠭᠴᠢ | ᠭᠡᠰᠢᠭᠦᠨ 7 ᠬᠦᠮᠦᠨ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠪᠠᠭ᠎ᠠ ᠬᠤᠰᠢᠭᠤᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠭᠡᠰᠢᠭᠦᠨ 19 ᠬᠦᠮᠦᠨ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ | ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠬᠤ 3 ᠲᠥᠯᠥᠭᠡᠯᠡᠭᠴᠢ ᠶᠢ ᠰᠣᠩᠭᠤᠨ | ᠭᠠᠷᠭᠠᠪᠠ᠃ |