9 ᠰᠠᠷ᠎ᠠ ᠶᠢᠨ 4 ᠤ ᠡᠳᠦᠷ ᠬᠤᠰᠢᠭᠤ ᠰᠤᠶᠤᠯ ᠤᠬᠠᠭᠤᠯᠭ᠎ᠠ ᠶᠢᠨ ᠲᠦᠪ ᠲᠤ ᠪᠦᠬᠦ ᠬᠤᠰᠢᠭᠤᠨ ᠤ | ᠦᠷᠭᠡᠨ ᠤᠯᠠᠨ ᠨᠠᠮ ᠤᠨ ᠭᠡᠰᠢᠬᠦᠨ ᠪᠡ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠬᠦᠯᠢᠶᠡᠨ᠂ ᠡᠯ᠎ᠡ ᠹᠷᠤᠨᠲ | ᠠᠴᠠ ᠢᠷᠡᠭᠰᠡᠨ ᠨᠠᠮ ᠤᠨ ᠲᠦᠯᠦᠭᠡᠯᠡᠭᠴᠢᠳ ᠠᠪᠠᠭ᠎ᠠ ᠨᠤᠳᠤᠭ ᠤᠨ ᠢᠶᠠᠨ ᠴᠢᠨᠠᠷ ᠰᠠᠶᠢᠳᠠᠢ ᠬᠦᠭᠵᠢᠯᠳᠡ ᠶᠢᠨ | ᠠᠤᠭ᠎ᠠ ᠲᠦᠰᠦᠪ ᠢ ᠵᠢᠷᠤᠭᠯᠠᠬᠤ ᠦᠢᠯᠡᠰ ᠲᠤ ᠬᠦᠴᠦᠨ ᠨᠡᠮᠡᠷᠢᠯᠡᠬᠦ ᠪᠠᠷ ᠢᠳᠡᠭᠡᠯ ᠲᠡᠬᠦᠯᠳᠡᠷ᠂ ᠬᠤᠷᠠᠯ ᠤᠨ ᠲᠠᠯᠠᠪᠠᠢ | ᠳᠤ ᠤᠷᠤᠵᠠᠭᠠᠨ᠎ᠠ ᠁ | ᠦᠳᠡ ᠶᠢᠨ ᠡᠮᠦᠨᠡᠬᠢ 8 ᠴᠠᠭ 30 ᠮᠢᠨᠦ᠋ᠲ ᠲᠤ᠂ ᠰᠦᠷ ᠵᠢᠪᠬᠤᠯᠠᠩᠳᠤ ︽ᠪᠦᠬᠦᠳᠡ ᠨᠠᠶᠢᠷᠠᠮᠳᠠᠬᠤ | ᠳᠤᠮᠳᠠᠳᠦ ᠠᠷᠠᠳ ᠤᠯᠤᠰ ᠤᠨ ᠤᠯᠤᠰ ᠤᠨ ᠰᠦᠯᠳᠡ ᠳᠠᠭᠤᠤ︾ ᠶᠢᠨ ᠳᠤᠮᠳᠠ ᠳᠤᠮᠳᠠᠳᠦ ᠤᠯᠤᠰ ᠤᠨ ᠡᠪ | ᠬᠠᠮᠳᠤ ᠨᠠᠮ ᠤᠨ ᠠᠪᠠᠭ᠎ᠠ ᠬᠤᠰᠢᠭᠤᠨ ᠤ ᠠᠷᠪᠠᠨ ᠲᠦᠷᠪᠡᠳᠦᠭᠡᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ | ᠬᠤᠰᠢᠭᠤ ᠰᠤᠶᠤᠯ ᠤᠬᠠᠭᠤᠯᠭ᠎ᠠ ᠶᠢᠨ ᠲᠦᠪ ᠲᠤ ᠦᠪᠡᠳᠡᠭᠰᠢ ᠶᠡᠭᠡᠪᠡᠷ ᠡᠬᠢᠯᠡᠪᠡ᠃ | ᠶᠡᠭᠡ ᠬᠤᠷᠠᠯ ᠤᠨ ᠬᠦᠢᠴᠡᠳᠭᠡᠭᠴᠢ ᠳᠡᠷᠢᠬᠦᠯᠡᠭᠴᠢ ᠪᠠᠷ ᠰᠦᠨ ᠵᠢᠶᠦ᠋ᠨ᠂ ᠨᠠᠰᠤᠨᠪᠠᠳᠤ᠂ ᠪᠤᠯᠤᠳᠪᠠᠭᠠᠳᠤᠷ᠂ | ᠯᠢᠦ ᠰᠢᠶᠤᠤ ᠮᠢᠨ᠂ ᠵᠠᠩ ᠯᠢ ᠭᠤᠸᠠᠩ᠂ ᠠᠯᠮᠠᠰ᠂ ᠭᠧ ᠶᠥᠩ ᠵᠢᠶᠦ᠋ᠨ᠂ ᠸᠠᠩ ᠵᠢᠩ᠂ ᠳ᠋ᠤᠸᠠᠨ ᠵᠧᠨ ᠬᠤᠸᠠ᠂ | ᠭᠠᠩᠴᠤᠭᠳᠤ᠂ ᠷᠧᠨ ᠬᠤᠤ᠂ ᠬᠢᠴᠢᠶᠡᠯᠳᠤ᠂ ᠡᠷᠳᠡᠨᠢᠳᠡᠬᠦᠰ ᠲᠡᠷᠢᠬᠦᠯᠡᠭᠴᠢ ᠶᠢᠨ ᠳᠠᠶᠢᠰᠠᠨ ᠤ ᠡᠮᠦᠨ᠎ᠡ ᠮᠦᠷ ᠲᠤ | ᠰᠠᠭᠤᠵᠠᠭᠠᠪᠠ᠃ | ᠠᠶᠢᠮᠠᠭ ᠤᠨ ᠨᠠᠮ ᠤᠨ ᠬᠤᠷᠢᠶᠠᠨ ᠤ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠲᠠᠪᠤᠳᠤᠭᠠᠷ | ᠵᠢᠯᠤᠭᠤᠳᠬᠤ ᠲᠤᠭᠤᠶᠢᠯᠠᠩ ᠤᠨ ᠳᠠᠷᠤᠭ᠎ᠠ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ | ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠸᠠᠩ ᠵᠣᠣ ᠱᠧᠩ᠂ ᠵᠢᠯᠤᠭᠤᠳᠬᠤ ᠲᠤᠭᠤᠶᠢᠯᠠᠩ ᠤᠨ ᠳᠡᠳ᠋ ᠳᠠᠷᠤᠭ᠎ᠠ | ᠂ ᠠᠶᠢᠮᠠᠭ ᠤᠨ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ ᠬᠠᠰᠪᠠᠶᠠᠷ ᠬᠤᠷᠠᠯ ᠳᠤ ᠤᠷᠤᠯᠴᠠᠵᠦ | ᠵᠢᠭᠠᠨ ᠵᠢᠯᠤᠭᠤᠳᠪᠠ᠃ | ᠶᠡᠭᠡ ᠬᠤᠷᠠᠯ ᠳᠤ ᠤᠷᠤᠯᠴᠠᠬᠤ ᠶᠤᠰᠤᠳᠠᠢ ᠲᠦᠯᠦᠭᠡᠯᠡᠭᠴᠢ 177 ᠬᠦᠮᠦᠨ᠂ ᠪᠤᠳᠠᠳᠠᠢ ᠤᠷᠤᠯᠴᠠᠭᠰᠠᠨ | ᠲᠦᠯᠦᠭᠡᠯᠡᠭᠴᠢ 172 ᠬᠦᠮᠦᠨ ᠪᠠᠶᠢᠵᠦ᠂ ᠬᠠᠤᠯᠢ ᠳᠤ ᠲᠤᠭᠳᠠᠭᠰᠠᠨ ᠬᠦᠮᠦᠨ ᠤ ᠲᠤᠭᠠᠨ ᠳᠤ ᠨᠡᠶᠢᠴᠡᠪᠡ᠃ | ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠤᠷᠳᠤᠨ ᠤ ᠤᠷᠤᠯᠠᠭᠴᠢ ᠬᠤᠰᠢᠭᠤ | ᠲᠠᠷᠤᠭ᠎ᠠ ᠨᠠᠰᠤᠨᠪᠠᠳᠦ ᠬᠤᠷᠠᠯ ᠡᠷᠬᠢᠯᠡᠭᠰᠡᠨ ᠤ ᠬᠠᠮᠳᠦ ᠲᠤᠮᠳᠠᠳᠦ ᠤᠯᠤᠰ ᠤᠨ ᠡᠪ ᠬᠠᠮᠳᠦ ᠨᠠᠮ ᠤᠨ ᠠᠪᠠᠭ᠎ᠠ | ᠬᠤᠰᠢᠭᠤᠨ ᠤ ᠠᠷᠪᠠᠨ ᠲᠦᠷᠪᠡᠳᠦᠭᠡᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠡᠬᠢᠯᠡᠭᠰᠡᠨ ᠢ ᠵᠠᠷᠯᠠᠪᠠ᠃ | ᠬᠤᠰᠢᠭᠤ ᠨᠠᠮ ᠤᠨ ᠬᠤᠷᠢᠶᠠᠨ ᠤ ᠱᠦᠵᠢ ᠰᠦᠨ ᠵᠢᠶᠦ᠋ᠨ ᠳᠤᠮᠳᠠᠳᠤ ᠤᠯᠤᠰ ᠤᠨ ᠡᠪ ᠬᠠᠮᠲᠤ ᠨᠠᠮ ᠤᠨ | ᠠᠪᠠᠭ᠎ᠠ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢ ᠲᠦᠯᠤᠬᠡᠯᠡᠨ ᠶᠡᠭᠡ ᠬᠤᠷᠠᠯ ᠳᠤ ︽ | ᠰᠢᠨ᠎ᠡ ᠪᠠᠶᠢᠳᠠᠯ ᠳᠤ ᠵᠣᠬᠢᠴᠠᠨ᠂ ᠰᠢᠨ᠎ᠡ ᠠᠶᠠᠨ ᠵᠠᠮ ᠢᠶᠠᠷ ᠡᠷᠡᠯᠬᠡᠭᠯᠡᠨ ᠤᠷᠤᠭᠰᠢᠯᠠᠵᠤ᠂ ᠰᠢᠨ᠎ᠡ ᠰᠢᠪᠲᠤᠯᠤᠯᠲᠠ ᠶᠢ | ᠪᠡᠶᠡᠯᠡᠭᠦᠯᠦᠨ᠂ ᠴᠡᠴᠡᠭᠯᠡᠨ ᠬᠥᠭᠵᠢᠭᠰᠡᠨ᠂ ᠪᠣᠯᠪᠠᠰᠤᠨ ᠡᠶ᠎ᠡ ᠵᠣᠬᠢᠴᠠᠯ ᠲᠠᠢ᠂ ᠦᠵᠡᠰᠬᠦᠯᠡᠩᠲᠦ ᠰᠠᠶᠢᠬᠠᠨ ᠵᠣᠯ | ᠵᠢᠷᠭᠠᠯᠳᠤ ᠠᠪᠠᠭ᠎ᠠ ᠶᠢ ᠪᠦᠲᠦᠭᠡᠨ ᠪᠠᠶᠢᠭᠤᠯᠬᠤ ᠪᠠᠷ ᠴᠥᠬᠦᠷᠡᠰᠢ ᠦᠭᠡᠢ ᠲᠠᠮᠠᠴᠠᠵᠡᠬᠡᠶᠠ︾ ᠬᠡᠰᠡᠨ ᠰᠡᠳᠦᠪ ᠢᠶᠠᠷ | ᠢᠯᠡᠳᠬᠡᠯ ᠬᠢᠪᠡ᠃ | ᠰᠦᠨ ᠵᠢᠶᠦ᠋ᠨ ᠵᠢᠭᠠᠵᠦ ᠭᠠᠷᠭᠠᠭᠰᠠᠨ ᠨᠢ᠂ ᠠᠷᠪᠠᠨ ᠭᠤᠷᠪᠠᠳᠤᠭᠠᠷ ᠤᠳᠠᠭᠠᠨ ᠤ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠰᠢ᠂ ᠠᠪᠠᠭ᠎ᠠ ᠬᠤᠰᠢᠭᠤ ᠬᠥᠭᠵᠢᠯᠲᠡ ᠶᠢᠨ ᠶᠡᠷᠦ ᠪᠤᠰᠤ ᠶᠢᠨ ᠲᠠᠪᠤᠨ | ᠵᠢᠯ ᠢ ᠥᠩᠭᠡᠷᠡᠭᠡᠪᠡ᠃ ᠬᠤᠷᠸ᠎ᠠ ᠠᠵᠤ ᠠᠬᠤᠶ ᠶᠢᠨ ᠣᠷᠴᠢᠨ ᠨᠥᠬᠦᠴᠡᠯ ᠤᠨ ᠭᠦᠨᠵᠡᠭᠡᠶ ᠬᠤᠪᠢᠷᠠᠯᠲᠠ᠂ ᠠᠵᠤ | ᠠᠬᠤᠶ ᠶᠢᠨ ᠪᠦᠬᠦᠯᠢ ᠴᠤᠭᠴᠠ ᠶᠢᠨ ᠲᠤᠷᠤᠭᠰᠢᠯᠠᠬᠤ ᠳᠠᠷᠤᠯᠲᠠ᠂ ᠠᠰᠠᠭᠤᠳᠠᠯ ᠪᠠ ᠥᠷᠢᠰᠥᠯᠳᠦᠭᠡᠨ ᠲᠠᠰᠤᠷᠠᠯᠲᠠ | ᠦᠭᠡᠶ ᠢᠯᠡᠷᠡᠭᠰᠡᠨ ᠬᠦᠨᠳᠦ ᠬᠡᠴᠡᠭᠦᠦ ᠪᠠᠶᠢᠳᠠᠯ ᠳᠤ ᠴᠢᠭᠯᠡᠬᠦᠯᠤᠨ᠂ ᠬᠤᠰᠢᠭᠤ ᠨᠠᠮ ᠤᠨ ᠬᠤᠷᠢᠶ᠎ᠠ ᠨᠢ ᠪᠥᠬᠦ | ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢᠶᠠᠨ ᠪᠦᠯᠬᠦᠮᠳᠡᠭᠦᠯᠦᠨ ᠳᠠᠭᠠᠭᠤᠯᠵᠤ᠂ ︽ | ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠳᠠ ᠪᠠ ︽ᠳᠥᠷᠪᠡᠨ ᠪᠥᠬᠦ ᠲᠠᠯ᠎ᠠ︾ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠠᠵᠤ ᠠᠬᠤᠶ ᠶᠢᠨ | ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠴᠠᠭ ᠦᠶ᠎ᠡ ᠲᠠᠢ ᠵᠡᠷᠬᠡᠴᠠᠨ | ᠤᠷᠤᠭᠰᠢᠯᠠᠵᠤ᠂ ᠬᠦᠭᠵᠢᠯᠳᠡ ᠶᠢᠨ ᠠᠷᠭ᠎ᠠ ᠵᠠᠮ ᠢ ᠲᠡᠭᠦᠯᠳᠡᠷᠵᠢᠭᠦᠯᠤᠨ᠂ ᠰᠡᠳᠬᠢᠯ ᠨᠢᠬᠡᠳᠤᠨ ᠬᠦᠴᠦᠨ ᠢᠶᠠᠨ | ᠲᠥᠪᠯᠡᠷᠡᠭᠦᠯᠵᠦ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠤᠷᠢᠯᠡᠵᠤ᠂ ᠲᠦᠭᠰᠢᠭᠦᠷᠢ ᠪᠠ ᠥᠷᠢᠰᠥᠯᠳᠦᠭᠡᠨ ᠢ | ᠪᠦᠲᠦᠮᠵᠢᠲᠡᠶ ᠠᠷᠭᠠᠴᠠᠨ᠂ ᠠᠵᠤ ᠠᠬᠤᠶ ᠨᠡᠶᠢᠭᠡᠮ ᠤᠨ ᠬᠥᠭᠵᠢᠯᠲᠡ ᠢᠯᠡᠳᠲᠡ ᠦᠷ᠎ᠡ ᠪᠦᠲᠦᠮᠵᠢ ᠣᠯᠵᠤ᠂ | ᠨᠠᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠠᠷᠪᠠᠨ ᠭᠤᠷᠪᠠᠳᠤᠭᠠᠷ ᠤᠳᠠᠭᠠᠨ ᠤ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠢᠶᠠᠨ ᠲᠡᠭᠦᠰ ᠠᠮᠵᠢᠯᠲᠠ ᠲᠠᠢ | ᠪᠡᠶᠡᠯᠡᠬᠦᠯᠵᠦ᠂ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠤᠷᠢᠯᠡᠯ ᠤᠨ ᠶᠡᠷᠦᠩᠬᠡᠶ ᠥᠷᠲᠡᠭ ᠵᠢᠯ ᠪᠦᠷᠢ | ᠳᠤᠮᠳᠠᠴᠢ ᠪᠠᠷ 5.7% ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠵᠢᠯ ᠪᠦᠷᠢ | ᠳᠤᠮᠳᠠᠴᠢ ᠪᠠᠷ 12% ᠢᠶᠠᠷ ᠨᠡᠮᠡᠭᠳᠡᠨ᠂ ᠬᠤᠲᠠ ᠬᠥᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠬᠥᠮᠦᠨ | ᠳᠤᠮᠳᠠᠴᠢ ᠡᠵᠡᠮᠳᠡᠵᠦ ᠪᠤᠯᠬᠤᠶᠢᠴᠠ ᠣᠷᠣᠯᠭ᠎ᠠ ᠵᠢᠯ ᠪᠦᠷᠢ ᠳᠤᠮᠳᠠᠴᠢ ᠪᠠᠷ ᠲᠣᠰ ᠲᠣᠰ 6.4% ᠪᠠ 9.0% ᠪᠠᠷ | ᠨᠡᠮᠡᠭᠳᠡᠵᠦ᠂ ᠨᠡᠶᠢᠲᠡ 157 ᠭᠤᠤᠯᠳᠠᠯᠭ᠎ᠠ ᠲᠠᠢ ᠲᠥᠷᠥᠯ ᠵᠥᠢᠯ ᠬᠡᠷᠡᠭᠵᠢᠭᠦᠯᠵᠦ᠂ ᠪᠥᠬᠦ ᠨᠡᠶᠢᠭᠡᠮ ᠤᠨ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ 147 ᠳ᠋ᠦᠩᠰᠢᠭᠤᠷ ᠲᠥᠭᠦᠷᠢᠭ ᠲᠤ ᠬᠦᠷᠪᠡ ᠭᠡᠵᠠᠢ᠃ | ᠰᠦᠨ ᠵᠢᠶᠦ᠋ᠨ ᠢᠯᠡᠳᠬᠡᠯ ᠳᠤ ᠪᠠᠨ᠂ ᠦᠩᠭᠡᠷᠡᠭᠰᠡᠨ ᠲᠠᠪᠤᠨ ᠵᠢᠯ ᠤᠨ ᠲᠤᠷᠰᠢ᠂ ᠬᠡᠯᠪᠡᠷᠢ ᠪᠠᠨ | ᠬᠤᠪᠢᠷᠠᠭᠤᠯᠵᠤ᠂ ᠪᠦᠲᠦᠴᠡ ᠶᠢ ᠲᠣᠬᠢᠷᠠᠭᠤᠯᠤᠨ᠂ ᠠᠵᠤ ᠦᠢᠯᠡᠰ ᠤᠨ ᠬᠥᠭᠵᠢᠯᠲᠡ ᠶᠢᠨ ᠲᠡᠰ ᠳᠠᠪᠬᠤᠷᠭ᠎ᠠ ᠶᠢ | ᠲᠠᠰᠤᠷᠠᠯᠳᠠ ᠦᠭᠡᠢ ᠳᠡᠭᠡᠭᠰᠢᠯᠡᠭᠦᠯᠪᠡ︔ ᠬᠦᠴᠢᠷ ᠢ ᠲᠤᠭᠤᠯᠤᠨ᠂ ᠰᠢᠷᠭᠠᠭᠤ ᠲᠠᠮᠠᠴᠠᠨ᠂ ︽ᠭᠤᠷᠪᠠᠨ ᠶᠡᠭᠡ | ᠪᠣᠭᠤᠮᠲᠠ ᠰᠢᠪᠲᠤᠯᠬᠤ ᠳᠠᠶᠢᠯᠠᠯᠳᠤᠭᠠᠨ︾ ᠤ ᠢᠯᠠᠯᠳᠠ ᠶᠢ ᠲᠠᠮᠠᠴᠠᠨ ᠤᠯᠪᠠ︔ ᠥᠭᠡᠷᠡᠴᠢᠯᠡᠯᠲᠡ ᠶᠢ ᠠᠳᠬᠤᠵᠤ᠂ | ᠨᠡᠭᠡᠭᠡᠯᠳᠡ ᠶᠢ ᠠᠬᠢᠭᠤᠯᠤᠭᠰᠠᠨ ᠠᠴᠠ ᠬᠥᠭᠵᠢᠯᠲᠡ ᠶᠢᠨ ᠠᠮᠢᠵᠢᠷᠠᠯ ᠤᠨ ᠬᠦᠴᠦᠨ ᠪᠠ ᠬᠥᠳᠡᠯᠭᠡᠭᠴᠢ ᠬᠦᠴᠦᠨ ᠢ | ᠦᠷᠭᠦᠯᠵᠢᠯᠡᠨ ᠴᠢᠩᠭᠠᠳᠬᠠᠪᠠ︔ ᠠᠮᠢ ᠠᠬᠤᠶ ᠶᠢᠨ ᠬᠠᠮᠠᠭᠠᠯᠠᠯᠳᠠ᠂ ᠣᠷᠴᠢᠨ ᠠᠬᠤᠶ ᠶᠢᠨ ᠬᠠᠮᠠᠭᠠᠯᠠᠯᠲᠠ᠂ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢᠯᠡᠳᠲᠡ ᠦᠷ᠎ᠡ ᠪᠦᠲᠦᠮᠵᠢ ᠤᠯᠪᠠ︔ ᠳᠤᠲᠠᠭᠤᠳᠠᠯ ᠢᠶᠠᠨ | ᠨᠥᠬᠦᠪᠥᠷᠢᠯᠡᠵᠦ᠂ ᠲᠠᠯᠳᠠ ᠬᠦᠴᠦᠨ ᠢᠶᠠᠨ ᠪᠠᠳᠠᠷᠠᠭᠤᠯᠵᠤ᠂ ᠬᠤᠳᠠ ᠬᠥᠳᠡᠭᠡ ᠶᠢᠨ ᠬᠥᠭᠵᠢᠯᠲᠡ ᠶᠢᠨ ᠠᠴᠢᠶᠠᠯᠠᠪᠤᠷᠢ | ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ︔ ᠠᠷᠠᠳ ᠲᠤ ᠠᠰᠢᠭ ᠬᠦᠷᠲᠡᠭᠡᠵᠦ᠂ ᠡᠶ᠎ᠡ ᠵᠤᠬᠢᠴᠠᠯ ᠢ ᠠᠬᠢᠭᠤᠯᠤᠨ᠂ | ᠠᠷᠡᠳ ᠲᠦᠮᠡᠨ ᠤ ᠵᠤᠯ ᠵᠢᠷᠭᠠᠯᠳᠤ ᠰᠡᠳᠬᠢᠭᠳᠡᠯ ᠢ ᠡᠳᠦᠷ ᠢᠷᠡᠬᠦᠶ᠎ᠡ ᠨᠡᠮᠡᠭᠳᠡᠬᠦᠯᠪᠠ︔ ᠨᠠᠮ ᠤᠨ ᠤᠳᠤᠷᠢᠳᠤᠯᠭ᠎ᠠ ᠢ | ᠪᠠᠷᠢᠮᠳᠠᠯᠠᠬᠤ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠪᠠᠷ ᠤᠯᠤᠰ ᠢᠶᠠᠨ ᠵᠠᠰᠠᠬᠤ ᠶᠢ | ᠣᠷᠭᠠᠨᠢᠭ ᠢᠶᠠᠷ ᠨᠢᠭᠡᠳᠦᠭᠦᠯᠬᠦ ᠶᠢ ᠪᠠᠷᠢᠮᠲᠠᠯᠠᠵᠤ᠂ ᠠᠷᠠᠳᠴᠢᠯᠠᠯ ᠪᠠ ᠬᠠᠤᠯᠢ ᠪᠠᠷ ᠵᠠᠰᠠᠬᠤ ᠪᠠᠶᠢᠭᠤᠯᠤᠯᠲᠠ ᠶᠢ ᠪᠦᠬᠦ | ᠲᠠᠯ᠎ᠠ ᠪᠠᠷ ᠴᠢᠩᠭᠠᠳᠬᠠᠪᠠ︔ ᠨᠠᠮ ᠠᠴᠠ ᠨᠠᠮ ᠢ ᠬᠠᠮᠢᠶᠠᠷᠬᠤ᠂ ᠨᠠᠮ ᠢᠶᠠᠨ ᠴᠢᠩᠭ᠎ᠠ ᠵᠠᠰᠠᠬᠤ ᠶᠢ ᠪᠠᠷᠢᠮᠲᠠᠯᠠᠵᠤ᠂ | ᠨᠠᠮ ᠤᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠲᠦᠪᠰᠢᠨ ᠲᠠᠰᠤᠷᠠᠯᠳᠠ ᠦᠭᠡᠢ | ᠳᠡᠭᠡᠭᠰᠢᠯᠡᠪᠡ ᠭᠡᠵᠦ ᠦᠩᠭᠡᠷᠡᠭᠰᠡᠨ ᠲᠠᠪᠤᠨ ᠵᠢᠯ ᠤᠨ ᠠᠵᠢᠯ ᠢᠶᠠᠨ ᠨᠠᠢᠮᠠᠨ ᠲᠠᠯ᠎ᠠ ᠪᠠᠷ ᠡᠷᠭᠢᠴᠡᠭᠦᠯᠪᠡ᠃ ᠮᠦᠨᠬᠦ | ᠲᠠᠪᠤᠨ ᠵᠢᠯ ᠤᠨ ᠳᠤᠷᠰᠢ ᠬᠤᠷᠠᠮᠳᠤᠭᠤᠯᠤᠭᠰᠠᠨ ᠠᠮᠵᠢᠯᠳᠠ ᠳᠤᠷᠰᠢᠯᠭ᠎ᠠ ᠠᠴᠠ᠂ ᠠᠪᠠᠭ᠎ᠠ ᠬᠤᠰᠢᠭᠤᠨ ᠤ ᠴᠢᠨᠠᠷ | ᠰᠠᠶᠢᠳᠠᠢ ᠬᠦᠭᠵᠢᠯᠳᠡ ᠶᠢ ᠠᠬᠢᠭᠤᠯᠬᠤ ᠳᠤ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠡᠷᠬᠡᠪᠰᠢ ᠪᠠᠷᠢᠮᠲᠠᠯᠠᠬᠤ | ᠬᠡᠷᠡᠭᠲᠡᠢ︔ ᠬᠥᠭᠵᠢᠯᠲᠡ ᠶᠢ ᠲᠡᠷᠢᠭᠦᠨ ᠴᠢᠬᠤᠯᠠ ᠡᠭᠦᠷᠭᠡ ᠪᠤᠯᠭᠠᠬᠤ ᠶᠢ ᠰᠠᠶᠢᠳᠤᠷ ᠠᠳᠬᠤᠬᠤ ᠬᠡᠷᠡᠭᠲᠡᠶ︔ | ᠡᠷᠬᠡᠪᠰᠢ ᠠᠷᠡᠳ ᠤᠨ ᠲᠦᠯᠤᠬᠡ ᠵᠠᠰᠠᠭ ᠪᠠᠷᠢᠬᠤ ᠶᠢ ᠪᠠᠲᠤ ᠰᠠᠬᠢᠬᠤ ᠬᠡᠷᠡᠭᠲᠡᠶ︔ ᠥᠭᠡᠷᠡᠴᠢᠯᠡᠯᠲᠡ ᠨᠡᠭᠡᠭᠡᠯᠳᠡ ᠶᠢ | ᠭᠦᠨᠵᠡᠭᠡᠶᠢᠷᠡᠭᠦᠯᠬᠦ ᠶᠢ ᠡᠷᠬᠡᠪᠰᠢ ᠪᠠᠷᠢᠮᠲᠠᠯᠠᠬᠤ ᠬᠡᠷᠡᠭᠲᠡᠶ︔ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠡᠷᠬᠡᠪᠰᠢ | ᠴᠢᠩᠭᠠᠳᠬᠠᠬᠤ ᠬᠡᠷᠡᠭᠲᠡᠶ ᠭᠡᠳᠡᠭ ᠢ ᠳ᠋ᠦᠩᠨᠡᠨ ᠭᠠᠷᠭᠠᠪᠠ᠃ | ᠰᠦᠨ ᠵᠢᠶᠦ᠋ᠨ ᠬᠤᠶᠢᠰᠢᠳᠡ ᠶᠢᠨ ᠲᠠᠪᠤᠨ ᠵᠢᠯ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ | ᠪᠦᠭᠦ ᠲᠠᠯ᠎ᠠ ᠪᠠᠷ ᠪᠦᠳᠤᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ | ᠬᠠᠷᠠᠯᠲᠠ ᠲᠠᠰᠢ ᠤᠷᠤᠭᠰᠢᠯᠠᠬᠤ ᠠᠩᠬᠠᠳᠠᠭᠴᠢ ᠲᠠᠪᠤᠨ ᠵᠢᠯ ᠪᠤᠯᠬᠤ ᠮᠦᠷᠳᠡᠬᠡᠨ ᠮᠠᠨ ᠤ ᠬᠤᠰᠢᠭᠤᠨ ᠤ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠪᠦᠭᠦ ᠲᠠᠯ᠎ᠠ ᠪᠠᠷ ᠪᠡᠶᠡᠯᠡᠭᠦᠯᠵᠤ᠂ ᠬᠥᠭᠵᠢᠯᠲᠡ ᠶᠢᠨ ᠠᠷᠭ᠎ᠠ | ᠬᠡᠯᠪᠡᠷᠢ ᠪᠠᠨ ᠬᠤᠪᠢᠷᠠᠭᠤᠯᠤᠨ᠂ ᠠᠵᠤ ᠠᠬᠤᠶ ᠶᠢᠨ ᠪᠦᠲᠦᠴᠡ ᠶᠢ ᠰᠢᠯᠢᠳᠡᠭᠵᠢᠭᠦᠯᠵᠤ᠂ ᠨᠡᠮᠡᠭᠳᠡᠯ ᠤᠨ ᠲᠤᠳᠤᠭᠠᠳᠤ | ᠬᠥᠳᠡᠯᠭᠡᠭᠴᠢ ᠬᠦᠴᠤᠨ ᠢ ᠲᠠᠶᠢᠴᠢᠯᠠᠵᠤ᠂ ᠴᠢᠨᠠᠷ ᠰᠠᠶᠢᠲᠠᠶ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ | ᠪᠠᠶᠢᠯᠳᠤᠬᠤ ᠪᠤᠲᠤᠯᠭ᠎ᠠ ᠶᠢᠨ ᠵᠠᠩᠬᠢᠯᠠᠭ᠎ᠠ ᠶᠢᠨ ᠴᠠᠭ ᠬᠤᠭᠤᠴᠠᠭ᠎ᠠ ᠪᠤᠯᠤᠨ᠎ᠠ ᠭᠡᠮᠡᠨ ᠵᠢᠭᠠᠵᠦ ᠭᠠᠷᠭᠠᠪᠠ᠃ | ᠰᠦᠨ ᠵᠢᠶᠦ᠋ᠨ ᠢᠯᠡᠳᠬᠡᠯ ᠳᠤ ᠪᠠᠨ ᠬᠤᠶᠢᠰᠢᠳᠠ ᠶᠢᠨ ᠲᠠᠪᠤᠨ ᠵᠢᠯ ᠤᠨ ᠬᠥᠭᠵᠢᠯᠲᠡ ᠶᠢᠨ ᠰᠡᠳᠬᠢᠴᠡ ᠪᠣᠯ | ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ | ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠢ ᠪᠠᠳᠤᠯᠠᠨ ᠬᠦᠭᠵᠢᠯᠳᠠ ᠶᠢ ᠠᠬᠢᠭᠤᠯᠬᠤ ᠠᠵᠢᠯ ᠤᠨ | ᠶᠡᠷᠦᠩᠬᠡᠶ ᠬᠥᠭ ᠠᠶᠠᠰ ᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠵᠤ᠂ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠱᠤᠭᠤᠮ ᠪᠣᠯᠭᠠᠵᠤ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠨ᠂ ᠠᠷᠠᠳ ᠲᠦᠮᠡᠨ ᠤ | ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ | ᠦᠨᠳᠦᠰᠦᠨ ᠵᠣᠷᠢᠯᠲᠠ ᠪᠣᠯᠭᠠᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ︽ | ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ︽ᠮᠠᠯᠵᠢᠬᠤ ᠤᠷᠤᠨ ᠢ ᠬᠦᠭᠵᠢᠬᠦᠯᠤᠨ ᠮᠠᠡᠳᠤᠭᠤᠯᠬᠤ︾᠂ ︽ᠠᠵᠤ | ᠦᠢᠯᠡᠰ ᠢᠶᠠᠷ ᠬᠤᠰᠢᠭᠤ ᠪᠠᠨ ᠬᠦᠴᠤᠷᠬᠡᠭᠵᠢᠬᠦᠯᠬᠦ︾ ᠬᠤᠶᠡᠷ ᠲᠤᠮᠤ ᠪᠠᠶᠢᠯᠳᠤᠬᠤ ᠪᠤᠳᠤᠯᠭ᠎ᠠ ᠶᠢᠨ | ᠬᠡᠷᠡᠭᠵᠢᠬᠦᠯᠤᠯᠳᠠ ᠶᠢ ᠬᠦᠡᠵᠡᠬᠡᠢ ᠠᠬᠢᠭᠤᠯᠬᠤ᠂ ᠠᠮᠢ ᠠᠬᠤᠢ ᠶᠢ ᠡᠩ ᠲᠡᠷᠢᠭᠦᠨ ᠳᠤ ᠲᠠᠯᠪᠢᠨ᠂ ᠪᠣᠬᠢᠷᠲᠤᠯ ᠦᠭᠡᠢ | ᠬᠦᠭᠵᠢᠯᠳᠠ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ | ᠭᠤᠶᠢᠪᠢᠰᠢ ᠦᠭᠡᠢ ᠵᠠᠮᠨᠠᠵᠤ᠂ ᠴᠡᠴᠡᠭᠯᠡᠨ ᠬᠥᠭᠵᠢᠭᠰᠡᠨ᠂ ᠪᠣᠯᠪᠠᠰᠤᠨ᠂ ᠡᠶ᠎ᠡ ᠵᠣᠬᠢᠴᠠᠩᠭᠤᠢ᠂ ᠦᠵᠡᠰᠬᠦᠯᠡᠩᠲᠦ | ᠰᠠᠶᠢᠬᠠᠨ᠂ ᠵᠣᠯ ᠵᠢᠷᠭᠠᠯᠳᠤ ᠠᠪᠠᠭ᠎ᠠ ᠶᠢ ᠴᠤᠭᠴᠠᠯᠠᠨ ᠪᠠᠶᠢᠭᠤᠯᠤᠨ᠎ᠠ᠃ ᠬᠤᠶᠢᠰᠢᠳᠠ ᠶᠢᠨ ᠲᠠᠪᠤᠨ ᠵᠢᠯ ᠤᠨ | ᠬᠥᠭᠵᠢᠯᠲᠡ ᠶᠢᠨ ᠬᠠᠷᠠᠯᠲᠠ ᠪᠣᠯ᠄ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠰᠡᠭᠦᠯᠴᠢ | ᠪᠣᠯᠬᠤ ᠳᠤ᠂ ᠠᠵᠤ ᠠᠬᠤᠶ ᠶᠢᠨ ᠨᠡᠮᠡᠭᠳᠡᠯ ᠤᠨ ᠬᠡᠯᠪᠡᠷᠢ ᠶᠢ ᠴᠢᠨᠠᠷ ᠰᠠᠶᠢᠲᠠᠶ ᠬᠥᠭᠵᠢᠯᠲᠡ ᠲᠡᠰᠢ ᠬᠤᠪᠢᠷᠠᠭᠤᠯᠬᠤ ᠶᠢ | ᠪᠡᠶᠡᠯᠡᠭᠦᠯᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠳᠡᠭ ᠢ ᠵᠢᠯ ᠪᠦᠷᠢ ᠳᠤᠮᠳᠠᠴᠢ ᠪᠠᠷ 5% | ᠤᠷᠴᠢᠮ ᠢᠶᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠪᠤᠳᠠᠰ ᠢ ᠵᠢᠵᠢᠭᠯᠡᠨ ᠪᠤᠷᠤᠯᠠᠭᠤᠯᠬᠤ ᠶᠡᠷᠦᠩᠬᠡᠶ ᠬᠡᠮᠵᠢᠶ᠎ᠠ | ᠶᠢ ᠵᠢᠯ ᠪᠦᠷᠢ ᠳᠤᠮᠳᠠᠴᠢ ᠪᠠᠷ 6% ᠤᠷᠴᠢᠮ ᠨᠡᠮᠡᠭᠳᠡᠭᠦᠯᠦᠨ᠎ᠡ︔ ᠡᠩ ᠤᠨ ᠤᠯᠠᠨ ᠨᠡᠶᠢᠲᠡ ᠶᠢᠨ ᠲᠥᠰᠦᠪ ᠤᠨ | ᠣᠷᠣᠯᠭ᠎ᠠ ᠶᠢ ᠵᠢᠯ ᠪᠦᠷᠢ ᠳᠤᠮᠳᠠᠴᠢ ᠪᠠᠷ 6% ᠤᠷᠴᠢᠮ ᠨᠡᠮᠡᠭᠳᠡᠭᠦᠯᠵᠦ᠂ ᠬᠤᠳᠠ ᠬᠦᠳᠡᠭᠡ ᠶᠢᠨ ᠪᠠᠶᠢᠩᠭᠤ ᠶᠢᠨ | ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ ᠪᠤᠯᠬᠤᠶᠢᠴᠠ ᠣᠷᠣᠯᠭ᠎ᠠ ᠶᠢ ᠵᠢᠯ ᠪᠦᠷᠢ ᠳᠤᠮᠳᠠᠴᠢ ᠪᠠᠷ | ᠲᠤᠰ ᠲᠤᠰ 5% ᠪᠠ 6% ᠪᠠᠷ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 150 | ᠳ᠋ᠦᠩᠰᠢᠭᠤᠷ ᠲᠥᠭᠦᠷᠢᠭ ᠪᠡᠶᠡᠯᠡᠭᠦᠯᠦᠨ᠎ᠡ ᠭᠡᠵᠦ ᠲᠤᠷᠠᠳᠤᠨ ᠭᠠᠷᠭᠠᠪᠠ᠃ | ᠰᠦᠨ ᠵᠢᠶᠦ᠋ᠨ ᠴᠢᠬᠤᠯᠠᠴᠢᠯᠠᠬᠤ ᠳᠤ ᠪᠠᠨ᠂ ᠬᠤᠶᠢᠰᠢᠳᠠ ᠶᠢᠨ ᠲᠠᠪᠤᠨ ᠵᠢᠯ ᠳᠤ ᠨᠢᠭᠡᠳᠦᠭᠡᠷ ᠠᠵᠤ | ᠦᠢᠯᠡᠰ ᠢ ᠬᠦᠴᠦᠷᠬᠡᠭᠵᠢᠭᠦᠯᠵᠦ᠂ ᠤᠳᠤᠬᠢᠴᠢᠯᠠᠭᠰᠡᠨ ᠮᠠᠯ ᠠᠵᠤ ᠠᠬᠤᠶ ᠶᠢ ᠬᠦᠴᠦᠯᠡᠨ ᠬᠦᠭᠵᠢᠬᠦᠯᠬᠦ ᠪᠠᠷ᠂ ᠮᠠᠯ | ᠠᠵᠦ ᠠᠬᠤᠢ ᠶᠢᠨ ᠠᠵᠦ ᠦᠢᠯᠡᠰ ᠤᠨ ᠪᠦᠳᠦᠴᠡ ᠶᠢ ᠰᠢᠯᠢᠳᠡᠭᠵᠢᠬᠦᠯᠦᠨ᠂ ᠦᠢᠯᠡᠳᠪᠦᠷᠢᠯᠡᠯ ᠡᠵᠡᠩᠨᠡᠯᠲᠡ ᠶᠢᠨ | ᠬᠡᠯᠪᠡᠷᠢ ᠶᠢ ᠰᠢᠨᠡᠴᠢᠯᠡᠵᠦ᠂ ᠮᠠᠯ ᠠᠵᠤ ᠠᠬᠤᠢ ᠶᠢᠨ ᠬᠥᠭᠵᠢᠯᠲᠡ ᠶᠢᠨ ᠪᠠᠳᠤᠯᠠᠭ᠎ᠠ ᠶᠢᠨ ᠴᠢᠳᠠᠪᠤᠷᠢ ᠶᠢ | ᠲᠡᠭᠡᠭᠰᠢᠯᠡᠬᠦᠯᠦᠨ᠎ᠡ︔ ᠬᠤᠶᠠᠳᠤᠭᠠᠷ ᠠᠵᠤ ᠦᠢᠯᠡᠰ ᠢ ᠪᠤᠵᠠᠭᠠᠶᠢᠷᠠᠭᠤᠯᠵᠤ᠂ ᠰᠢᠨ᠎ᠡ ᠬᠡᠯᠪᠡᠷᠢ ᠶᠢᠨ ᠠᠵᠤ | ᠦᠢᠯᠡᠳᠪᠦᠷᠢᠵᠢᠯᠲᠡ ᠶᠢᠨ ᠠᠬᠢᠴᠠ ᠶᠢ ᠬᠦᠴᠦᠯᠡᠨ ᠠᠬᠢᠭᠤᠯᠬᠤ ᠪᠠᠷ᠂ ᠰᠢᠨᠵᠢᠯᠡᠬᠦ ᠤᠬᠠᠭᠠᠨᠴᠢ ᠪᠦᠲᠦᠮᠵᠢᠲᠡᠶ ᠪᠡᠯᠡ | ᠣᠷᠣᠭᠤᠯᠤᠯᠲᠠ ᠶᠢ ᠦᠷᠭᠡᠳᠬᠡᠨ᠂ ᠤᠯᠠᠮᠵᠢᠯᠠᠯᠲᠤ ᠠᠵᠤ ᠦᠢᠯᠡᠰ ᠢ ᠲᠠᠰ ᠲᠠᠪᠰᠢᠬᠦᠯᠬᠦ ᠶᠢ ᠠᠬᠢᠭᠤᠯᠵᠦ᠂ | ᠰᠢᠨ᠎ᠡ ᠪᠠᠷ ᠮᠠᠡᠳᠤᠭᠰᠡᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ︔ ᠭᠤᠷᠪᠠᠳᠤᠭᠠᠷ ᠠᠵᠤ ᠦᠢᠯᠡᠰ ᠢ | ᠢᠳᠡᠪᠬᠢᠳᠡᠢ ᠬᠦᠭᠵᠢᠬᠦᠯᠵᠤ᠂ ᠦᠢᠯᠡᠴᠢᠯᠡᠬᠡᠨ ᠤ ᠦᠢᠯᠡᠰ ᠤᠨ ᠲᠠᠰ ᠳᠡᠪᠰᠢᠬᠦ ᠶᠢ ᠬᠦᠴᠦᠯᠡᠨ ᠠᠬᠢᠭᠤᠯᠬᠤ ᠪᠠᠷ᠂ | ᠰᠣᠶᠣᠯ ᠵᠤᠭᠠᠴᠠᠯ ᠤᠨ ᠦᠢᠯᠡᠰ ᠢ ᠬᠦᠴᠤᠯᠠᠨ ᠬᠦᠭᠵᠢᠬᠦᠯᠵᠦ᠂ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ | ᠦᠢᠯᠡᠰ ᠢ ᠶᠡᠬᠡᠪᠡᠷ ᠬᠦᠭᠵᠢᠬᠦᠯᠦᠨ᠂ ᠠᠮᠢᠳᠤᠷᠠᠯ ᠤᠨ ᠬᠡᠷᠡᠭᠯᠡᠬᠡᠨ ᠤ ᠴᠢᠨᠠᠷᠲᠠᠶ ᠦᠢᠯᠡᠴᠢᠯᠡᠭᠡᠨ ᠤ ᠦᠢᠯᠡᠰ ᠢ ᠶᠡᠬᠡᠪᠡᠷ | ᠬᠥᠭᠵᠢᠭᠦᠯᠦᠨ᠎ᠡ︔ ᠥᠭᠡᠷᠡᠴᠢᠯᠡᠯᠲᠡ ᠨᠡᠭᠡᠭᠡᠯᠳᠡ ᠶᠢ ᠭᠦᠨᠵᠡᠭᠡᠶᠢᠷᠡᠭᠦᠯᠵᠦ᠂ ᠠᠵᠤ ᠠᠬᠤᠶ ᠶᠢᠨ ᠬᠥᠭᠵᠢᠯᠲᠡ ᠳᠤ | ᠰᠢᠨ᠎ᠡ ᠠᠮᠢᠵᠢᠷᠠᠯ ᠤᠨ ᠬᠦᠴᠦᠨ ᠢ ᠬᠠᠩᠭᠠᠬᠤ ᠪᠠᠷ᠂ ᠭᠤᠣᠯᠳᠠᠯᠭ᠎ᠠ ᠲᠠᠢ ᠬᠦᠷᠢᠶ᠎ᠠ ᠴᠡᠷ᠎ᠠ ᠳᠠᠬᠢ ᠥᠭᠡᠷᠡᠴᠢᠯᠡᠯᠲᠡ ᠶᠢ | ᠨᠢᠭᠡᠳᠦᠯᠲᠡᠶ ᠲᠦᠯᠤᠪᠵᠢᠬᠦᠯᠤᠨ ᠠᠬᠢᠭᠤᠯᠵᠦ᠂ ᠭᠠᠳᠠᠭᠰᠢ ᠨᠡᠬᠡᠬᠡᠯᠳᠡ ᠬᠢᠬᠦ ᠬᠢᠷᠢ ᠲᠦᠪᠰᠢᠨ ᠢᠶᠠᠨ ᠯᠠᠪᠳᠠᠭᠤᠨ ᠢᠶᠠᠷ | ᠲᠡᠭᠡᠭᠰᠢᠯᠡᠬᠦᠯᠦᠨ᠂ ᠰᠢᠨᠵᠢᠯᠡᠬᠦ ᠮᠡᠷᠭᠡᠵᠢᠯ ᠤᠨ ᠰᠢᠨᠠᠴᠢᠯᠠᠯᠳᠠ ᠶᠢᠨ ᠲᠤᠯᠭᠠᠭᠤᠷᠢᠯᠠᠬᠤ ᠬᠦᠴᠦᠨ ᠢ ᠳᠡᠭᠡᠭᠰᠢᠯᠡᠭᠦᠯᠦᠨ᠎ᠡ︔ | ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠦᠵᠡᠰᠬᠦᠯᠡᠩᠲᠦ ᠰᠠᠶᠢᠬᠠᠨ ᠦᠷᠨᠢᠩᠬᠦᠢ | ᠬᠦᠭᠵᠢᠯᠳᠠ ᠶᠢ ᠠᠬᠢᠭᠤᠯᠬᠤ ᠶᠢ ᠪᠡᠶᠡᠯᠡᠬᠦᠯᠬᠦ ᠪᠠᠷ᠂ ᠲᠠᠯ᠎ᠠ ᠨᠤᠳᠤᠭ ᠤᠨ ᠠᠮᠢ ᠠᠬᠤᠢ ᠶᠢᠨ ᠤᠷᠴᠢᠨ ᠲᠤᠭᠤᠷᠢᠨ ᠤ | ᠬᠠᠮᠠᠭᠠᠯᠠᠯᠳᠠ ᠶᠢᠨ ᠡᠷᠴᠢᠮ ᠢ ᠴᠢᠩᠭᠠᠷᠠᠭᠤᠯᠵᠦ᠂ ᠣᠷᠴᠢᠨ ᠠᠬᠤᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ | ᠪᠤᠭᠤᠮᠳᠠ ᠰᠢᠪᠳᠤᠯᠬᠤ ᠲᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ︔ ᠠᠷᠠᠳ ᠲᠦᠮᠡᠨ ᠢᠶᠠᠷ ᠭᠤᠣᠯ | ᠪᠣᠯᠭᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠬᠢᠷᠢ ᠲᠦᠪᠰᠢᠨ ᠢ ᠪᠠᠳᠤᠯᠠᠨ ᠰᠠᠶᠢᠵᠢᠷᠠᠭᠤᠯᠬᠤ ᠪᠠᠷ᠂ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠲᠡᠭᠡᠭᠰᠢᠯᠡᠬᠦᠯᠵᠦ᠂ ᠨᠡᠶᠢᠭᠡᠮ ᠤᠨ ᠠᠵᠢᠯ ᠦᠢᠯᠡᠰ ᠢ | ᠲᠦᠷᠬᠡᠳᠬᠡᠨ ᠬᠦᠭᠵᠢᠬᠦᠯᠵᠦ᠂ ᠬᠤᠳᠠ ᠪᠠᠯᠭᠠᠰᠤᠨ ᠤ ᠰᠠᠭᠤᠷᠢ ᠲᠦᠬᠦᠬᠡᠷᠤᠮᠵᠢ ᠶᠢᠨ ᠪᠠᠶᠢᠭᠤᠯᠤᠯᠳᠠ ᠶᠢ ᠦᠨᠡᠡᠬᠦ | ᠰᠠᠶᠢᠵᠢᠷᠠᠭᠤᠯᠤᠨ᠂ ᠠᠷᠠᠳᠴᠢᠯᠠᠯ ᠪᠠ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠨ᠎ᠠ ᠭᠡᠪᠡ᠃ | ᠰᠦᠨ ᠵᠢᠶᠦ᠋ᠨ ᠱᠠᠭᠠᠷᠳᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠠᠴᠠ ᠨᠠᠮ ᠤᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠤᠨ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ᠂ ᠨᠠᠮ ᠤᠨ ᠦᠵᠡᠯ ᠰᠠᠨᠠᠭᠠᠨ ᠤ | ᠪᠠᠶᠢᠭᠤᠯᠤᠯᠲᠠ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠨᠠᠮ ᠤᠨ ᠰᠤᠷᠲᠠᠯ ᠤᠨ ᠪᠠᠶᠢᠭᠤᠯᠤᠯᠲᠠ᠂ | ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠦ᠂ ᠡᠯ᠎ᠠ ᠲᠠᠯ᠎ᠠ ᠶᠢᠨ | ᠴᠢᠳᠠᠪᠤᠷᠢ ᠪᠠᠨ ᠲᠠᠰᠤᠷᠠᠯᠲᠠ ᠥᠬᠡᠶ ᠲᠡᠬᠡᠭᠰᠢᠯᠡᠬᠦᠯᠵᠤ᠂ ᠠᠪᠠᠭ᠎ᠠ ᠬᠤᠰᠢᠭᠤᠨ ᠤ ᠨᠡᠶᠢᠭᠡᠮ ᠵᠢᠷᠤᠮᠳᠤ | ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠠᠶᠠᠨ ᠢ ᠪᠥᠬᠦ ᠲᠠᠯ᠎ᠠ ᠪᠠᠷ ᠡᠬᠢᠯᠡᠭᠦᠯᠬᠦ ᠳᠤ ᠪᠠᠳᠤ | ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠨ᠎ᠠ ᠭᠡᠪᠡ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ | ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠸᠠᠩ ᠵᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ | ᠠᠪᠠᠭ᠎ᠠ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢ | ᠲᠦᠯᠦᠭᠡᠯᠡᠨ ᠶᠡᠭᠡ ᠬᠤᠷᠠᠯ ᠳᠤ ︽ᠪᠠᠲᠦᠯᠡᠨ ᠬᠡᠷᠡᠭᠵᠢᠬᠦᠯᠬᠦ ᠳᠤ ᠬᠢᠨᠠᠯᠲᠠ ᠲᠠᠯᠪᠢᠵᠤ᠂ ᠲᠡᠭᠦᠯᠳᠡᠷᠵᠢᠭᠦᠯᠦᠨ | ᠬᠦᠭᠵᠢᠭᠦᠯᠬᠦ ᠶᠢ ᠠᠬᠢᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠰᠢᠨ᠎ᠠ ᠠᠶᠠᠨ ᠳᠤ ᠪᠠᠳᠤ ᠴᠢᠩᠭ᠎ᠠ | ᠰᠠᠬᠢᠯᠭ᠎ᠠ ᠪᠠᠳᠤ ᠶᠢᠨ ᠪᠠᠳᠤᠯᠠᠭ᠎ᠠ ᠬᠠᠩᠭᠠᠨ᠎ᠠ︾ ᠬᠡᠰᠡᠨ ᠰᠡᠳᠤᠪ ᠢᠶᠠᠷ ᠠᠵᠢᠯ ᠤᠨ ᠢᠯᠡᠳᠭᠡᠯ ᠬᠢᠪᠡ᠃ | ᠢᠯᠡᠳᠭᠡᠯ ᠳᠤ ᠵᠢᠭᠠᠵᠦ ᠭᠠᠷᠭᠠᠭᠰᠠᠨ ᠨᠢ᠂ ᠥᠩᠭᠡᠷᠡᠭᠰᠡᠨ ᠲᠠᠪᠤᠨ ᠵᠢᠯ ᠳᠤ᠂ ᠬᠤᠰᠢᠭᠤ ᠠᠷᠪᠠᠨ | ᠭᠤᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠨᠢ ᠠᠶᠢᠮᠠᠭ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠪᠣᠯᠤᠨ ᠬᠤᠰᠢᠭᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠰᠢ | ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ | ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ | ᠬᠥᠭ ᠠᠶᠠᠰ ᠢ ᠪᠠᠷᠢᠮᠲᠠᠯᠠᠨ᠂ ᠨᠠᠮ ᠤᠨ ᠲᠦᠷᠢᠮ ᠪᠤᠯᠤᠨ ᠦᠨᠳᠦᠰᠦᠨ ᠬᠠᠤᠯᠢ ᠠᠴᠠ ᠣᠯᠭᠤᠭᠰᠠᠨ ᠡᠭᠦᠷᠭᠡ | ᠬᠠᠷᠢᠭᠤᠴᠠᠯᠭ᠎ᠠ ᠶᠢ ᠦᠨᠡᠨᠴᠢ ᠪᠠᠷ ᠭᠦᠶᠴᠡᠳᠬᠡᠵᠦ᠂ ᠢᠯᠵᠠᠷᠠᠬᠤ ᠠᠴᠠ ᠠᠶᠤᠨ ᠰᠦᠷᠳᠡᠬᠦ᠂ ᠢᠯᠵᠠᠷᠠᠵᠤ ᠪᠤᠯᠬᠤ | ᠥᠬᠡᠶ᠂ ᠢᠯᠵᠠᠷᠠᠬᠤ ᠶᠢ ᠪᠤᠳᠤᠬᠤ ᠥᠬᠡᠶ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠪᠥᠬᠦ ᠬᠤᠰᠢᠭᠤᠨ ᠤ | ᠠᠵᠤ ᠠᠬᠤᠶ ᠨᠡᠶᠢᠭᠡᠮ ᠤᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠳᠤ ᠪᠠᠲᠤ ᠴᠢᠩᠭ᠎ᠠ ᠰᠠᠬᠢᠯᠭ᠎ᠠ | ᠪᠠᠲᠤ ᠶᠢᠨ ᠪᠠᠲᠤᠯᠠᠭ᠎ᠠ ᠬᠠᠩᠭᠠᠪᠠ᠃ ᠬᠤᠶᠢᠰᠢᠳᠠ ᠶᠢᠨ ᠲᠠᠪᠤᠨ ᠵᠢᠯ ᠳᠤ ︽ᠬᠤᠶᠠᠷ ᠢ ᠬᠠᠮᠠᠭᠠᠯᠠᠬᠤ︾ ᠦᠨᠳᠦᠰᠦᠨ | ᠡᠭᠦᠷᠭᠡ ᠶᠢᠨ ᠲᠣᠭᠤᠷᠢᠨ ᠳᠤ᠂ ᠴᠢᠩᠭ᠎ᠠ ᠬᠦᠴᠦᠲᠡᠶ ᠤᠯᠤᠰ ᠲᠦᠷᠦ ᠶᠢᠨ ᠬᠢᠨᠠᠯᠲᠠ ᠪᠠᠷ ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠥᠪᠵᠢᠭᠦᠯᠭᠡ ᠶᠢᠨ ᠢᠯᠭᠤᠮ ᠬᠡᠷᠡᠭᠵᠢᠭᠦᠯᠦᠭᠳᠡᠬᠦ ᠶᠢ ᠪᠠᠲᠤᠯᠠᠨ᠎ᠠ︔ ᠢᠯᠵᠠᠷᠠᠬᠤ ᠠᠴᠠ ᠠᠶᠤᠨ | ᠰᠦᠷᠳᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠭᠴᠠᠵᠢᠭᠤᠯᠤᠨ | ᠠᠬᠢᠭᠤᠯᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠠᠮᠢ ᠠᠬᠤᠢ ᠪᠠ ᠬᠥᠭᠵᠢᠯᠲᠡ ᠶᠢᠨ ᠣᠷᠴᠢᠨ ᠨᠥᠬᠦᠴᠡᠯ ᠢ | ᠦᠷᠭᠦᠯᠵᠢᠯᠡᠨ ᠰᠢᠯᠢᠳᠡᠭᠵᠢᠭᠦᠯᠵᠦ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠠᠵᠢᠯ ᠦᠢᠯᠡᠰ ᠪᠦᠲᠦᠭᠡᠬᠦ ᠶᠢ | ᠵᠣᠷᠢᠭᠵᠢᠭᠤᠯᠤᠨ᠎ᠠ︔ ︽ᠲᠦᠷᠪᠡᠨ ᠰᠤᠷᠲᠠᠯ︾ ᠢ ᠡᠷᠡᠰ ᠭᠤᠶᠢᠪᠢᠰᠢ ᠦᠬᠡᠢ ᠴᠡᠭᠴᠡᠯᠡᠨ ᠵᠠᠰᠠᠵᠤ᠂ ᠲᠥᠪ | ᠭᠤᠣᠯᠴᠢ ᠠᠷᠢᠭᠤᠨ ᠴᠢᠬᠡᠴᠢ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠰᠢᠨ᠎ᠡ ᠰᠤᠷᠲᠠᠯ ᠲᠥᠪ ᠰᠤᠷᠲᠠᠯ ᠢ | ᠪᠤᠢ ᠪᠣᠯᠭᠠᠨ᠎ᠠ︔ ᠠᠷᠠᠳ ᠲᠦᠮᠡᠨ ᠢᠶᠠᠷ ᠭᠤᠣᠯ ᠪᠣᠯᠭᠠᠬᠤ ᠦᠵᠡᠯ ᠰᠠᠨᠠᠭ᠎ᠠ ᠶᠢ ᠪᠤᠢ ᠪᠣᠯᠭᠠᠵᠤ᠂ ᠤᠯᠠᠨ ᠲᠦᠮᠡᠨ ᠤ | ᠳᠡᠷᠭᠡᠳᠡᠬᠢ ᠢᠯᠵᠠᠷᠠᠯ ᠤᠨ ᠠᠰᠠᠭᠤᠳᠠᠯ ᠪᠠ ᠲᠥᠪ ᠪᠤᠰᠤ ᠰᠤᠷᠲᠠᠯ ᠢ ᠦᠷᠭᠦᠯᠵᠢᠯᠡᠨ ᠴᠡᠭᠴᠡᠯᠡᠨ ᠵᠠᠰᠠᠨ᠎ᠠ︔ ᠰᠢᠨ᠎ᠡ | ᠴᠠᠭ ᠦᠶ᠎ᠡ ᠶᠢᠨ ᠲᠣᠭᠤᠷᠢᠨ ᠪᠠᠶᠢᠴᠠᠭᠠᠬᠤ ᠠᠵᠢᠯ ᠤᠨ ᠱᠠᠭᠠᠷᠳᠠᠯᠭ᠎ᠠ ᠶᠢ ᠡᠵᠡᠮᠳᠡᠵᠦ᠂ ᠲᠣᠭᠤᠷᠢᠨ ᠪᠠᠶᠢᠴᠠᠭᠠᠭᠰᠠᠨ | ᠦᠷ᠎ᠡ ᠪᠦᠲᠦᠮᠵᠢ ᠶᠢᠨ ᠬᠡᠷᠡᠭᠯᠡᠯᠲᠡ ᠶᠢ ᠭᠦᠨᠵᠡᠭᠡᠶᠢᠷᠡᠭᠦᠯᠦᠨ ᠪᠠᠬᠢᠵᠢᠭᠦᠯᠦᠨ᠎ᠡ︔ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠤᠨ | ᠳᠣᠲᠣᠭᠠᠳᠤ ᠶᠢᠨ ᠬᠢᠨᠠᠯᠲᠠ ᠪᠠ ᠤᠯᠤᠰ ᠤᠨ ᠬᠢᠨᠠᠨ ᠪᠠᠶᠢᠴᠠᠭᠠᠯᠲᠠ ᠶᠢ ᠨᠡᠶᠢᠳᠡᠮ ᠳᠤᠨᠢ ᠪᠦᠷᠬᠦᠭᠦᠯᠬᠦ ᠶᠢ | ᠪᠦᠲᠦᠮᠵᠢᠲᠡᠶ ᠲᠦᠯᠬᠢᠨ ᠠᠬᠢᠭᠤᠯᠤᠨ᠎ᠠ︔ ᠴᠢᠩᠭ᠎ᠠ ᠬᠠᠮᠢᠶᠠᠷᠬᠤ ᠪᠠ ᠬᠠᠯᠠᠮᠵᠢᠯᠠᠬᠤ ᠶᠢ ᠴᠢᠬᠤᠯᠠᠴᠢᠯᠠᠵᠤ᠂ ᠦᠨᠡᠨᠴᠢ | ᠰᠢᠳᠤᠷᠭᠤ ᠠᠷᠢᠭᠤᠨ ᠴᠢᠬᠡᠴᠢ ᠡᠭᠦᠷᠭᠡᠯᠡᠯ ᠲᠠᠢ᠂ ᠵᠣᠷᠢᠭᠲᠠᠢ ᠪᠥᠭᠡᠳ ᠴᠢᠳᠠᠮᠠᠭᠠᠢ ᠲᠡᠮᠡᠴᠡᠬᠦ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢ ᠪᠠᠶᠢᠭᠤᠯᠬᠤ ᠪᠤᠯᠤᠨ᠎ᠠ ᠬᠡᠵᠠᠢ᠃ | ᠬᠤᠷᠠᠯ ᠳᠤ ᠢᠶᠠᠷ᠂ ︽ᠪᠦᠬᠦ ᠬᠤᠰᠢᠭᠤᠨ ᠤ ᠨᠠᠮ ᠤᠨ ᠰᠦᠢᠳᠭᠡᠯ ᠢ ᠬᠤᠷᠢᠶᠠᠵᠦ ᠬᠡᠷᠡᠭᠯᠡᠭᠰᠡᠨ ᠪᠠ | ᠬᠠᠮᠢᠶᠠᠷᠤᠯᠳᠠ ᠶᠢᠨ ᠲᠤᠬᠠᠢ ᠮᠡᠳᠡᠬᠦᠯᠦᠯᠳᠡ︾ ᠶᠢ ᠪᠢᠴᠢᠭ ᠮᠠᠲ᠋ᠧᠷᠢᠶᠠᠯ ᠤᠨ ᠬᠡᠯᠪᠡᠷᠢ ᠪᠠᠷ ᠳᠡᠪᠰᠢᠬᠦᠯᠪᠡ᠃ | ᠲᠤᠰ ᠤᠳᠠᠭᠠᠨ ᠤ ᠨᠠᠮ ᠤᠨ ᠲᠥᠯᠥᠭᠡᠯᠡᠭᠴᠢ ᠪᠤᠰᠤ ᠳᠡᠭᠡᠷ᠎ᠡ ᠬᠤᠭᠤᠴᠠᠭᠠᠨ ᠤ ᠨᠠᠮ ᠤᠨ ᠬᠤᠷᠢᠶᠠᠨ ᠤ | ᠭᠡᠰᠢᠭᠦᠨ᠂ ᠣᠷᠣᠯᠠᠭᠴᠢ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ︔ ᠳᠡᠳ᠋ ᠭᠠᠵᠠᠷ ᠤᠨ | ᠲᠡᠰ ᠠᠴᠠ ᠳᠡᠭᠡᠭᠰᠢᠬᠢ ᠤᠳᠤᠷᠢᠳᠬᠤ ᠪᠠᠶᠢᠷᠢ ᠠᠴᠠ ᠪᠠᠭᠤᠭᠰᠠᠨ ᠨᠠᠮ ᠤᠨ ᠲᠤᠳᠤᠷᠠᠬᠢ ᠠᠬᠠᠮᠠᠳ ᠨᠦᠬᠦᠳ︔ | ᠲᠣᠰ ᠤᠳᠠᠭᠠᠨ ᠤ ᠨᠠᠮ ᠤᠨ ᠲᠥᠯᠥᠭᠡᠯᠡᠭᠴᠢ ᠪᠤᠰᠤ ᠬᠤᠰᠢᠭᠤ ᠡᠯ᠎ᠡ ᠤᠳᠤᠷᠢᠳᠬᠤ ᠪᠠᠭ ᠤᠨ ᠨᠠᠮ ᠤᠨ ᠭᠡᠰᠢᠭᠦᠨ᠂ | ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷ ᠵᠢᠴᠢ ᠰᠤᠮᠤ ᠪᠠᠯᠭᠠᠰᠤ᠂ ᠬᠤᠰᠢᠭᠤ ᠰᠢᠭᠤᠳ | ᠬᠠᠷᠢᠶ᠎ᠠ ᠡᠯ᠎ᠡ ᠰᠠᠯᠠᠭ᠎ᠠ ᠮᠥᠴᠢᠷ ᠤᠨ ᠨᠠᠮ ᠤᠨ ᠭᠡᠰᠢᠭᠦᠨ ᠭᠤᠤᠯ ᠬᠠᠷᠢᠭᠤᠴᠠᠯᠭᠠᠲᠠᠨ ᠵᠢᠴᠢ ᠬᠤᠰᠢᠭᠤᠨ ᠳᠤ | ᠰᠠᠭᠤᠭ᠎ᠠ ᠡᠯ᠎ᠡ ᠰᠢᠰᠲ᠋ᠧᠮᠲᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠬᠡᠰᠡᠭ ᠠᠵᠤ ᠠᠬᠤᠶᠢᠯᠠᠯ ᠤᠨ | ᠬᠠᠷᠢᠭᠤᠴᠠᠯᠭᠠᠲᠠᠨ︔ ᠲᠣᠰ ᠤᠳᠠᠭᠠᠨ ᠤ ᠨᠠᠮ ᠤᠨ ᠲᠥᠯᠥᠭᠡᠯᠡᠭᠴᠢ ᠪᠤᠰᠤ ᠰᠢᠨ᠎ᠡ ᠨᠢᠭᠡ ᠬᠤᠭᠤᠴᠠᠭᠠᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ ᠤ ᠵᠢᠱᠢᠭᠳᠡᠭᠰᠡᠳ ᠤᠨ ᠪᠡᠯᠡᠳᠭᠡᠯ ᠬᠦᠮᠦᠰ︔ ᠳᠡᠳ᠋ | ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠬᠤ ᠲᠤᠰᠢᠶᠠᠯ ᠳᠤ ᠪᠠᠶᠢᠭ᠎ᠠ ᠨᠠᠮ ᠤᠨ ᠭᠡᠰᠢᠭᠦᠨ ᠪᠤᠰᠤ ᠺᠠᠳ᠋ᠷ᠂ | ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠨᠠᠮ ᠤᠨ ᠭᠡᠰᠢᠭᠦᠨ ᠪᠤᠰᠤ ᠭᠤᠤᠯ ᠬᠠᠷᠢᠭᠤᠴᠠᠯᠭᠠᠲᠠᠨ | ᠬᠤᠷᠠᠯ ᠳᠤ ᠰᠤᠯᠠ ᠤᠷᠤᠯᠴᠠᠪᠠ᠃ |