9 ᠰᠠᠷ᠎ᠠ ᠶᠢᠨ 3 ᠤ ᠡᠳᠦᠷ ᠤᠨ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠠᠪᠠᠭ᠎ᠠ ᠬᠤᠰᠢᠭᠤᠨ ᠤ ᠠᠷᠪᠠᠨ ᠳᠥᠷᠪᠡᠳᠦᠭᠡᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠪᠡᠯᠡᠳᠬᠡᠯ | ᠬᠤᠷᠠᠯ ᠬᠤᠰᠢᠭᠤ ᠰᠣᠶᠣᠯ ᠤᠬᠠᠭᠤᠯᠭ᠎ᠠ ᠶᠢᠨ ᠲᠥᠪ ᠲᠤ ᠬᠤᠷᠠᠯᠳᠤᠪᠠ᠃ | ᠠᠶᠢᠮᠠᠭ ᠤᠨ ᠨᠠᠮ ᠤᠨ ᠬᠤᠷᠢᠶ᠎ᠠ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠲᠠᠪᠤᠳᠤᠭᠠᠷ | ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ | ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠸᠠᠩ ᠵᠣᠣ ᠱᠧᠩ᠂ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ | ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠬᠠᠰᠪᠠᠶᠠᠷ ᠬᠤᠷᠠᠯ ᠳᠤ ᠣᠷᠣᠯᠴᠠᠨ ᠵᠢᠭᠠᠨ | ᠵᠢᠯᠣᠭᠤᠳᠪᠠ᠃ ᠬᠤᠰᠢᠭᠤ ᠨᠠᠮ ᠤᠨ ᠬᠤᠷᠢᠶᠠᠨ ᠤ ᠱᠦᠵᠢ ᠰᠦᠨ ᠵᠢᠶᠦ᠋ᠨ ᠬᠤᠷᠠᠯ ᠳᠤ ᠣᠷᠣᠯᠴᠠᠨ ᠶᠠᠷᠢᠶ᠎ᠠ | ᠲᠠᠯᠪᠢᠵᠤ᠂ ᠬᠤᠰᠢᠭᠤ ᠤᠳᠤᠷᠢᠳᠤᠯᠭ᠎ᠠ ᠨᠠᠰᠤᠨᠪᠠᠲᠤ᠂ ᠪᠤᠯᠤᠳᠪᠠᠭᠠᠲᠤᠷ᠂ ᠯᠢᠦ ᠰᠢᠶᠤᠤ ᠮᠢᠨ᠂ ᠠᠯᠮᠠᠰ᠂ ᠸᠠᠩ | ᠵᠢᠩ᠂ ᠳ᠋ᠤᠸᠠᠨ ᠵᠧᠨ ᠬᠤᠸᠠ᠂ ᠭᠠᠩᠴᠣᠭᠲᠤ᠂ ᠷᠧᠨ ᠬᠤᠤ᠂ ᠮᠤᠤ ᠽᠢ ᠨᠠᠨ ᠵᠢᠴᠢ ᠨᠠᠮ ᠤᠨ ᠲᠦᠯᠦᠭᠡᠯᠡᠭᠴᠢᠳ | ᠬᠤᠷᠠᠯ ᠳᠤ ᠣᠷᠣᠯᠴᠠᠵᠠᠶ᠃ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠵᠠᠩ ᠯᠢ ᠭᠤᠸᠠᠩ ᠬᠤᠷᠠᠯ ᠢ ᠡᠷᠭᠢᠯᠠᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠠᠪᠠᠭ᠎ᠠ ᠬᠤᠰᠢᠭᠤᠨ ᠤ ᠠᠷᠪᠠᠨ ᠳᠥᠷᠪᠡᠳᠦᠭᠡᠷ ᠤᠳᠠᠭᠠᠨ ᠤ | ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 177 ᠬᠥᠮᠦᠨ᠂ ᠪᠣᠳᠠᠲᠠᠢ | ᠣᠷᠣᠯᠴᠠᠭᠰᠠᠨ ᠲᠥᠯᠥᠭᠡᠯᠡᠭᠴᠢ 171 ᠬᠥᠮᠦᠨ ᠪᠠᠶᠢᠵᠤ᠂ ᠬᠠᠤᠯᠢ ᠳᠤ ᠲᠣᠭᠲᠠᠭᠰᠠᠨ ᠬᠥᠮᠦᠨ ᠤ ᠲᠤᠭ᠎ᠠ ᠳᠤ | ᠨᠡᠶᠢᠴᠡᠵᠠᠢ᠃ | ᠸᠠᠩ ᠵᠣᠣ ᠱᠧᠩ ᠵᠢᠭᠠᠵᠤ ᠭᠠᠷᠭᠠᠭᠰᠠᠨ ᠨᠢ᠂ ᠦᠨᠦ ᠵᠢᠯ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢ ᠬᠡᠷᠡᠭᠵᠢᠭᠦᠯᠬᠦ ᠡᠬᠢᠯᠡᠯᠲᠡ ᠶᠢᠨ ᠵᠢᠯ ᠪᠣᠯᠬᠤ ᠮᠦᠷᠲᠡᠭᠡᠨᠲ᠋ᠤᠮᠳᠠᠳᠤ ᠤᠯᠤᠰ ᠤᠨ ᠡᠪ ᠬᠠᠮᠲᠤ | ᠨᠠᠮ ᠪᠠᠶᠢᠭᠤᠯᠤᠭᠳᠠᠭᠰᠠᠨ 100 ᠵᠢᠯ ᠤᠨ ᠣᠶ ᠪᠣᠯᠣᠨ᠎ᠠ᠂ ᠪᠠᠰᠠ ᠴᠤ ᠨᠡᠶᠢᠭᠡᠮ ᠵᠢᠷᠤᠮ ᠤᠨ ᠣᠳᠣᠬᠢᠴᠢᠯᠠᠭᠰᠠᠨ | ᠬᠦᠴᠦᠷᠬᠡᠭ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠨ ᠤ ᠵᠢᠯ | ᠮᠥᠨ᠃ ᠶᠠᠭ ᠡᠨᠡᠬᠦ ᠵᠠᠩᠭᠢᠯᠠᠭ᠎ᠠ ᠶᠢᠨ ᠴᠠᠭ ᠬᠤᠭᠤᠴᠠᠭᠠᠨ ᠳᠤ᠂ ᠡᠨᠡ ᠤᠳᠠᠭᠠᠨ ᠤ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ | ᠠᠯᠤᠰ ᠬᠡᠳᠦ ᠶᠢᠨ ᠨᠥᠯᠥᠭᠡ ᠲᠤᠰᠬᠠᠯ ᠲᠠᠢ ᠪᠣᠯᠬᠤ ᠨᠢ ᠭᠠᠷᠴᠠᠭ᠎ᠠ ᠦᠭᠡᠢ᠃ ᠠᠪᠠᠭ᠎ᠠ ᠬᠤᠰᠢᠭᠤᠨ ᠤ ᠰᠢᠨ᠎ᠡ ᠨᠢᠭᠡ | ᠬᠤᠭᠤᠴᠠᠭᠠᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠲᠤ ᠬᠦᠰᠡᠬᠦ ᠨᠢ᠂ ᠴᠤ᠋ ᠰᠢᠨ᠎ᠡ ᠳᠦᠷᠢ ᠲᠥᠷᠬᠦ᠂ ᠴᠤᠭ | ᠪᠠᠳᠠᠷᠠᠩᠭᠤᠶ ᠲᠡᠮᠡᠴᠡᠯ ᠤᠨ ᠵᠣᠷᠢᠭ᠂ ᠪᠣᠳᠠᠲᠤ ᠠᠵᠢᠯᠯᠠᠭ᠎ᠠ ᠶᠢ ᠡᠷᠬᠢᠮᠯᠡᠬᠦ ᠰᠤᠷᠲᠠᠯ ᠢᠶᠠᠷ ᠡᠯ᠎ᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ᠂ ᠡᠪ ᠬᠠᠮᠲᠤ ᠨᠠᠮ ᠤᠨ ᠭᠡᠰᠢᠭᠦᠨ ᠪᠣᠯᠤᠨ ᠡᠯ᠎ᠡ ᠦᠨᠳᠦᠰᠦᠲᠡᠨ ᠤ ᠠᠷᠠᠳ ᠲᠦᠮᠡᠨ ᠢ | ᠵᠣᠬᠢᠶᠠᠨ ᠪᠠᠶᠢᠭᠤᠯᠤᠨ ᠳᠠᠶᠢᠴᠢᠯᠠᠵᠤ᠂ ᠰᠢ ᠶᠢᠨ ᠫᠢᠩ ᠨᠥᠬᠦᠷ ᠢᠶᠠᠷ ᠭᠤᠣᠯᠯᠠᠭᠴᠢ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ | ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠥᠬᠡᠶ | ᠳᠡᠭᠡᠭᠰᠢᠯᠡᠭᠦᠯᠦᠨ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ | ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠬᠤᠰᠢᠭᠤ ᠳᠠᠶᠠᠭᠠᠷ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠨ᠂ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠬᠠᠮᠳᠤᠷᠠᠯ ᠤᠨ ᠬᠦᠴᠦᠨ ᠢ ᠨᠢᠭᠲᠠᠷᠠᠭᠤᠯᠬᠤ ᠬᠡᠷᠡᠭᠲᠡᠶ | ᠭᠡᠵᠡᠢ᠃ | ᠰᠦᠨ ᠵᠢᠶᠦ᠋ᠨ ᠵᠢᠭᠠᠵᠦ ᠭᠠᠷᠭᠠᠭᠰᠠᠨ ᠨᠢ᠂ ᠡᠨᠡ ᠤᠲᠠᠭᠠᠨ ᠤ ᠨᠠᠮ ᠤᠨ ᠲᠦᠯᠤᠬᠡᠯᠡᠭᠴᠢᠳ ᠤᠨ ᠶᠡᠭᠡ | ᠬᠤᠷᠠᠯ ᠪᠤᠯ ᠬᠤᠰᠢᠭᠤ ᠲᠠᠶᠠᠭᠠᠷ᠂ ᠨᠠᠮ ᠤᠨ ᠠᠷᠪᠠᠨ ᠶᠢᠰᠤᠳᠤᠬᠡᠷ ᠶᠡᠭᠡ ᠬᠤᠷᠠᠯ᠂ ᠠᠷᠪᠠᠨ ᠶᠢᠰᠤᠳᠤᠬᠡᠷ | ᠬᠤᠭᠤᠴᠠᠭᠠᠨ ᠤ ᠬᠤᠶᠠᠳᠤᠭᠠᠷ᠂ ᠭᠤᠷᠪᠠᠲᠤᠭᠠᠷ᠂ ᠲᠦᠷᠪᠡᠲᠤᠭᠡᠷ᠂ ᠲᠠᠪᠤᠲᠤᠭᠠᠷ ᠪᠦᠭᠦᠲᠡ ᠬᠤᠷᠠᠯ ᠪᠠ ᠰᠢ ᠶᠢᠨ | ᠫᠢᠡᠭ ᠶᠠᠷᠤᠩᠬᠡᠢ ᠱᠦᠵᠢ ᠶᠢᠨ ᠦᠪᠤᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠡᠵᠡᠬᠡᠢ ᠲᠤᠤᠱᠯᠠᠭᠠᠤᠯᠵᠤ᠂ ︽ᠠᠷᠪᠠᠨ ᠲᠦᠷᠪᠡᠳᠤᠬᠡᠷ ᠲᠠᠪᠤᠨ ᠵᠢᠯ︾ | ᠤᠨ ᠲᠦᠯᠤᠪᠵᠢᠬᠦᠯᠬᠡ ᠶᠢ ᠪᠦᠬᠦ ᠲᠠᠯ᠎ᠠ ᠪᠠᠷ ᠬᠡᠷᠡᠭᠵᠢᠬᠦᠯᠦᠨ᠂ ᠤᠳᠤᠬᠢᠴᠢᠯᠠᠭᠰᠡᠨ ᠠᠪᠠᠭ᠎ᠠ ᠶᠢᠨ ᠪᠠᠶᠢᠭᠤᠯᠤᠯᠳᠠ | ᠶᠢᠨ ᠰᠢᠨ᠎ᠠ ᠠᠶᠠᠨ ᠢ ᠡᠬᠢᠯᠡᠬᠦᠯᠬᠦ ᠵᠠᠩᠬᠢᠯᠠᠭ᠎ᠠ ᠶᠢᠨ ᠴᠠᠭ ᠦᠶ᠎ᠡ ᠳᠤ ᠬᠤᠷᠠᠯᠲᠤᠭᠤᠯᠤᠭᠰᠠᠨ ᠨᠢᠬᠡᠨ ᠤᠲᠠᠭᠠᠨ ᠤ | ᠲᠦᠢᠯ ᠤᠨ ᠴᠢᠬᠤᠯᠠ ᠤᠯᠤᠰ ᠲᠦᠷᠤ ᠶᠢᠨ ᠶᠡᠭᠡ ᠬᠤᠷᠠᠯ ᠪᠤᠯᠤᠨ᠎ᠡ᠃ ᠬᠤᠷᠠᠯ ᠳᠤ ᠲᠤᠮᠲᠠᠲᠤ ᠤᠯᠤᠰ ᠤᠨ ᠡᠪ | ᠬᠠᠮᠲᠤ ᠨᠠᠮ ᠤᠨ ᠠᠪᠠᠭ᠎ᠠ ᠬᠤᠰᠢᠭᠤᠨ ᠤ ᠠᠷᠪᠠᠨ ᠭᠤᠷᠪᠡᠳᠤᠭᠠᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ | ᠠᠴᠠ ᠨᠠᠰᠢᠬᠢ ᠠᠵᠢᠯ ᠢ ᠪᠦᠬᠦ ᠲᠠᠯ᠎ᠠ ᠪᠠᠷ ᠳ᠋ᠦᠭᠨᠠᠵᠤ᠂ ᠬᠤᠶᠢᠰᠢᠲᠠ ᠶᠢᠨ ᠲᠠᠪᠤᠨ ᠵᠢᠯ ᠤᠨ ᠮᠠᠨ ᠤ ᠬᠤᠰᠢᠭᠤᠨ ᠤ | ᠬᠦᠭᠵᠢᠯᠲᠠ ᠶᠢᠨ ᠰᠡᠳᠬᠢᠴᠡ᠂ ᠡᠬᠦᠷᠭᠡ ᠬᠠᠷᠠᠯᠲᠠ ᠪᠠ ᠨᠠᠶᠢᠲᠠᠪᠤᠷᠢᠵᠢᠭᠤᠯᠬᠤ ᠠᠷᠭ᠎ᠠ ᠪᠤᠲᠤᠯᠭ᠎ᠠ ᠵᠡᠷᠬᠡ ᠶᠢ | ᠶᠠᠷᠢᠯᠴᠠᠨ ᠲᠤᠭᠲᠠᠭᠠᠵᠤ᠂ ᠰᠢᠨ᠎ᠡ ᠨᠢᠬᠡᠨ ᠬᠤᠭᠤᠴᠠᠭᠠᠨ ᠤ ᠬᠤᠰᠢᠭᠤ ᠨᠠᠮ ᠤᠨ ᠬᠤᠷᠢᠶ᠎ᠠ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠵᠢᠴᠢ ᠦᠪᠡᠷᠲᠠᠭᠡᠨ ᠵᠠᠰᠠᠬᠤ ᠤᠷᠤᠨ ᠤ ᠠᠷᠪᠠᠨ ᠨᠢᠬᠡᠳᠤᠬᠡᠷ ᠤᠳᠠᠭᠠᠨ ᠤ ᠨᠠᠮ ᠤᠨ | ᠲᠦᠯᠦᠬᠡᠯᠡᠭᠴᠢᠳ ᠤᠨ ᠶᠡᠭᠡ ᠬᠤᠷᠠᠯ ᠳᠤ ᠤᠷᠤᠯᠴᠠᠬᠤ ᠲᠦᠯᠦᠬᠡᠯᠡᠭᠴᠢ ᠶᠢ ᠲᠤᠰ ᠲᠤᠰ ᠰᠤᠩᠭᠤᠨ ᠭᠠᠷᠭᠠᠵᠦ᠂ | ᠪᠦᠬᠦ ᠬᠤᠰᠢᠭᠤᠨ ᠤ ᠨᠠᠮ ᠤᠨ ᠭᠡᠰᠢᠬᠦᠳ ᠪᠠ ᠦᠷᠬᠡᠨ ᠤᠯᠠᠨ ᠺᠠᠳ᠋ᠷ ᠤᠯᠠᠨ ᠲᠦᠮᠡᠨ ᠢ ᠤᠷᠢᠶᠠᠯᠠᠨ ᠲᠠᠶᠢᠴᠢᠯᠠᠵᠤ᠂ | ᠤᠭ ᠰᠠᠨᠠᠭ᠎ᠠ ᠪᠠᠨ ᠦᠯᠤ ᠮᠠᠷᠳᠠᠨ᠂ ᠤᠷᠤᠭᠰᠢᠯᠠᠨ ᠲᠠᠪᠰᠢᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ | ᠪᠦᠯᠬᠦᠮᠲᠠᠨ ᠲᠠᠮᠠᠴᠡᠵᠤ᠂ ᠴᠡᠴᠡᠭᠯᠡᠨ ᠬᠦᠭᠵᠢᠭᠰᠡᠨ᠂ ᠦᠵᠡᠰᠬᠦᠯᠡᠩᠲᠤ ᠰᠠᠶᠢᠬᠠᠨ᠂ ᠡᠶ᠎ᠡ ᠵᠤᠬᠢᠴᠠᠯ ᠲᠠᠢ᠂ ᠵᠤᠯ | ᠵᠢᠷᠭᠠᠯᠳᠤ ᠠᠪᠠᠭ᠎ᠠ ᠶᠢ ᠴᠤᠭᠴᠠᠯᠠᠨ ᠪᠠᠶᠢᠭᠤᠯᠬᠤ ᠪᠠᠷ ᠴᠢᠷᠮᠠᠶᠢᠨ ᠲᠡᠮᠡᠴᠡᠵᠡᠭᠡᠶ᠎ᠠ ᠭᠡᠪᠡ᠃ | ᠰᠦᠨ ᠵᠢᠶᠦ᠋ᠨ ᠱᠠᠭᠠᠷᠳᠠᠭᠰᠠᠨ ᠨᠢ᠂ ᠲᠦᠯᠦᠬᠡᠯᠡᠭᠴᠢᠳ ᠡᠷᠬᠡᠪᠰᠢ ᠪᠦᠬᠦ ᠲᠠᠯ᠎ᠠ ᠶᠢᠨ ᠪᠠ ᠪᠠᠶᠢᠯᠲᠤᠬᠤ | ᠪᠤᠲᠤᠯᠭ᠎ᠠ ᠶᠢᠨ ᠵᠤᠭᠰᠤᠴᠠ ᠠᠴᠠ ᠲᠤᠰ ᠤᠲᠠᠭᠠᠨ ᠤ ᠬᠤᠷᠠᠯ ᠢ ᠰᠠᠶᠢᠲᠤᠷ ᠬᠢᠬᠦ ᠶᠢᠨ ᠬᠦᠨᠲᠤ ᠴᠢᠬᠤᠯᠡ ᠠᠴᠢ | ᠬᠤᠯᠪᠤᠭᠲᠠᠯ ᠢ ᠬᠦᠢᠴᠡᠳ ᠲᠠᠨᠢᠵᠤ᠂ ᠤᠯᠤᠰ ᠲᠦᠷᠤ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ | ᠤᠬᠠᠮᠰᠠᠷ ᠪᠠ ᠨᠢᠭᠡᠳᠦᠯᠳᠠᠢ ᠪᠠᠶᠢᠬᠤ ᠤᠬᠠᠮᠰᠠᠷ ᠢᠶᠠᠨ ᠤᠯᠠᠮ ᠨᠢᠬᠡ ᠠᠯᠬᠤᠮ ᠴᠢᠩᠭᠠᠳᠬᠠᠵᠤ᠂ ᠦᠵᠡᠯ ᠰᠠᠨᠠᠭ᠎ᠠ ᠪᠠ | ᠦᠢᠯᠡ ᠠᠵᠢᠯᠯᠠᠭ᠎ᠠ ᠪᠠᠨ ᠬᠤᠰᠢᠭᠤ ᠨᠠᠮ ᠤᠨ ᠬᠤᠷᠢᠶᠠᠨ ᠤ ᠰᠢᠢᠳᠪᠤᠷᠢᠲᠤ ᠪᠠᠶᠢᠷᠢᠯᠠᠭᠤᠯᠤᠯᠲᠠ ᠲᠠᠢ ᠦᠨᠡᠨᠬᠦ | ᠨᠢᠬᠡᠳᠬᠡᠵᠤ᠂ ᠲᠠᠭᠡᠲᠤ ᠬᠡᠮᠵᠢᠶᠡᠨ ᠤ ᠤᠯᠤᠰ ᠲᠦᠷᠤ ᠶᠢᠨ ᠬᠠᠷᠢᠭᠤᠴᠠᠯᠭᠠᠳᠣ ᠰᠡᠳᠬᠢᠯᠬᠡ ᠪᠠ ᠲᠡᠤᠬᠡᠳᠦ | ᠬᠠᠷᠢᠭᠤᠴᠠᠯᠭᠠᠳᠦ ᠰᠡᠳᠬᠢᠯᠭᠡ ᠪᠠᠷ᠂ ᠨᠠᠷᠢᠨ ᠨᠢᠮᠪᠠᠢ ᠬᠠᠷᠢᠭᠤᠴᠠᠨ ᠦᠨᠡᠨ ᠢ ᠪᠠᠷᠢᠮᠲᠠᠯᠠᠬᠤ ᠤᠪᠤᠷ ᠢᠶᠠᠷ᠂ ᠠᠵᠢᠯ | ᠤᠨ ᠡᠬᠦᠷᠭᠡ ᠪᠠᠨ ᠲᠤᠳᠤᠷᠬᠠᠶᠢᠯᠠᠨ᠂ ᠨᠠᠮ ᠤᠨ ᠲᠦᠯᠦᠭᠡᠯᠡᠭᠴᠢᠳ ᠤᠨ ᠡᠬᠦᠷᠬᠡ ᠬᠠᠷᠢᠭᠤᠴᠠᠯᠭ᠎ᠠ ᠪᠠᠨ ᠰᠠᠶᠢᠲᠤᠷ | ᠬᠦᠢᠴᠡᠳᠬᠡᠵᠤ᠂ ᠬᠤᠭᠤᠴᠠᠭ᠎ᠠ ᠰᠤᠯᠢᠬᠤ ᠰᠠᠬᠢᠯᠭ᠎ᠠ ᠪᠠᠳᠤ ᠶᠢ ᠴᠢᠩᠭ᠎ᠠ ᠰᠠᠬᠢᠵᠦ᠂ ᠲᠦᠪ ᠴᠢᠭᠡᠴᠢ ᠰᠢᠯᠢᠳᠡᠭ | ᠰᠠᠶᠢᠨ ᠤᠷᠴᠢᠨ ᠢ ᠪᠦᠷᠢᠯᠳᠦᠬᠦᠯᠦᠨ᠂ ᠵᠤᠬᠢᠴᠠᠭᠤᠯᠭ᠎ᠠ ᠶᠢᠨ ᠪᠠᠳᠤᠯᠠᠭ᠎ᠠ ᠶᠢ ᠴᠢᠩᠭᠠᠳᠬᠠᠵᠦ᠂ ᠨᠠᠮ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠵᠦᠪᠯᠡᠬᠦ ᠵᠤᠶᠢᠯᠡᠰ ᠢᠶᠠᠨ ᠢᠯᠭᠤᠮ ᠤᠷᠤᠭᠰᠢᠲᠠᠢ | ᠪᠡᠶᠡᠯᠡᠬᠦᠯᠵᠤ᠂ ︽ᠠᠷᠪᠠᠨ ᠲᠦᠷᠪᠡᠳᠤᠬᠡᠷ ᠲᠠᠪᠤᠨ ᠵᠢᠯ︾ ᠤᠨ ᠲᠦᠯᠦᠪᠵᠢᠬᠦᠯᠬᠡ ᠶᠢᠨ ᠬᠠᠷᠠᠯᠲᠠ ᠡᠬᠦᠷᠬᠡ ᠶᠢ | ᠪᠡᠶᠡᠯᠡᠬᠦᠯᠬᠦ ᠳᠤ ᠪᠠᠲᠤ ᠴᠢᠩᠭ᠎ᠠ ᠪᠠᠳᠤᠯᠠᠭ᠎ᠠ ᠬᠠᠨᠭ᠍ᠭᠠᠬᠤ ᠬᠡᠷᠡᠭᠲᠠᠢ ᠭᠡᠪᠡ᠃ | ᠬᠤᠷᠠᠯ ᠠᠴᠠ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠨᠡᠷᠡᠰ᠂ ᠨᠠᠷᠢᠨ ᠪᠢᠴᠢᠭ ᠤᠨ | ᠳᠠᠷᠤᠭ᠎ᠠ ᠶᠢᠨ ᠨᠡᠷᠡᠰ᠂ ᠲᠥᠯᠥᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠨᠡᠷᠡᠰ ᠪᠣᠯᠤᠨ ᠶᠡᠭᠡ | ᠬᠤᠷᠠᠯ ᠤᠨ ᠵᠥᠪᠯᠡᠬᠦ ᠵᠦᠢᠯ ᠢ ᠪᠠᠲᠤᠯᠠᠵᠠᠢ᠃ |