9 ᠰᠠᠷ᠎ᠠ ᠶᠢᠨ 5 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠪᠠᠭ᠎ᠠ | ᠬᠤᠰᠢᠭᠤᠨ ᠤ ᠠᠷᠪᠠᠨ ᠳᠥᠷᠪᠡᠳᠦᠭᠡᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠪᠦᠬᠦ | ᠲᠦᠯᠦᠭᠡᠯᠡᠭᠴᠢᠳ ᠤᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠪᠠ᠃ | ᠬᠤᠰᠢᠭᠤ ᠨᠠᠮ ᠤᠨ ᠬᠤᠷᠢᠶᠠᠨ ᠤ ᠱᠦᠵᠢ ᠰᠦᠨ ᠵᠢᠶᠦ᠋ᠨ ᠬᠤᠷᠠᠯ ᠡᠷᠬᠢᠯᠡᠪᠡ᠃ | ᠶᠡᠭᠡ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 177 ᠬᠥᠮᠦᠨ᠂ ᠪᠣᠳᠠᠲᠠᠢ ᠣᠷᠣᠯᠴᠠᠭᠰᠠᠨ | ᠲᠥᠯᠥᠭᠡᠯᠡᠭᠴᠢ 174 ᠬᠥᠮᠦᠨ ᠪᠠᠶᠢᠵᠤ᠂ ᠬᠠᠤᠯᠢ ᠳᠤ ᠲᠣᠭᠲᠠᠭᠰᠠᠨ ᠬᠥᠮᠦᠨ ᠤ ᠲᠤᠭ᠎ᠠ ᠳᠤ ᠨᠡᠶᠢᠴᠡᠵᠡᠢ᠃ | ᠲᠣᠰ ᠤᠳᠠᠭᠠᠨ ᠤ ᠶᠡᠭᠡ ᠬᠤᠷᠠᠯ ᠤᠨ ᠭᠦᠢᠴᠡᠳᠬᠡᠬᠦ ᠲᠡᠷᠢᠭᠦᠯᠡᠭᠴᠢ ᠪᠣᠯ᠄ ᠰᠦᠨ ᠵᠢᠶᠦ᠋ᠨ᠂ ᠨᠠᠰᠤᠨᠪᠠᠲᠤ᠂ | ᠪᠤᠯᠤᠳᠪᠠᠭᠠᠲᠤᠷ᠂ ᠯᠢᠦ ᠰᠢᠶᠤᠤ ᠮᠢᠨ᠂ ᠵᠠᠩ ᠯᠢ ᠭᠤᠸᠠᠩ᠂ ᠠᠯᠮᠠᠰ᠂ ᠭᠧ ᠶᠦᠩ ᠵᠢᠶᠦ᠋ᠨ᠂ ᠸᠠᠩ ᠵᠢᠩ᠂ | ᠳ᠋ᠤᠸᠠᠨ ᠵᠧᠨ ᠬᠤᠸᠠ᠂ ᠭᠠᠩᠴᠣᠭᠲᠤ᠂ ᠮᠤᠤ ᠽᠢ ᠨᠠᠨ᠂ ᠡᠷᠬᠢᠮᠲᠤ᠂ ᠰᠠᠶᠢᠨᠵᠠᠶᠠᠭ᠎ᠠ ᠨᠠᠷ ᠪᠣᠯᠤᠨ᠎ᠠ᠃ | ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ ᠳ᠋ᠤᠸᠠᠨ ᠵᠧᠨ ᠬᠤᠸᠠ ᠠᠴᠠ ᠠᠷᠪᠠᠨ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯᠲᠠᠨ ᠤ ᠶᠠᠪᠤᠳᠠᠯ ᠤᠨ ᠲᠤᠬᠢᠷᠠᠭᠤᠯᠤᠯᠲᠠ ᠶᠢᠨ ᠲᠤᠬᠠᠶ | ᠲᠣᠳᠣᠷᠬᠠᠶᠢᠯᠠᠯᠲᠠ ᠬᠢᠵᠦ᠂ ᠠᠷᠪᠠᠨ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠭᠡᠰᠢᠭᠦᠨ᠂ | ᠣᠷᠣᠯᠠᠭᠴᠢ ᠭᠡᠰᠢᠭᠦᠨ ᠪᠠ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ ᠵᠢᠴᠢ ᠥᠪᠡᠷᠲᠡᠭᠡᠨ ᠵᠠᠰᠠᠬᠤ | ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠡᠯᠡᠳᠬᠡᠯ | ᠰᠣᠩᠭᠤᠭᠤᠯᠢ ᠳᠤ ᠣᠷᠣᠯᠴᠠᠬᠤ ᠵᠢᠱᠢᠭᠳᠡᠭᠰᠡᠳ ᠤᠨ ᠨᠡᠷᠡᠰ ᠢ ᠤᠩᠰᠢᠨ ᠨᠠᠶᠢᠲᠡᠯᠡᠵᠡᠢ᠃ | ᠬᠤᠷᠠᠯ ᠠᠴᠠ ᠪᠠᠰᠠ ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠦᠯ︶ ᠶᠢ ᠪᠠᠲᠤᠯᠠᠪᠠ︔ | ᠶᠡᠷᠦᠩᠬᠡᠶ ᠫᠢᠶᠣᠣ ᠬᠢᠨᠠᠭᠴᠢ᠂ ᠫᠢᠶᠣᠣ ᠬᠢᠨᠠᠭᠴᠢ ᠶᠢᠨ ᠨᠡᠷᠡᠰ ᠢ ᠪᠠᠲᠤᠯᠠᠵᠤ᠂ ᠫᠢᠶᠣᠣ ᠪᠦᠷᠢᠳᠬᠡᠭᠴᠢ ᠶᠢᠨ ᠨᠡᠷᠡᠰ ᠢ | ᠨᠡᠶᠢᠳᠡᠯᠡᠭᠰᠡᠨ ᠪᠠᠶᠢᠨ᠎ᠠ᠃ |