| | ᠵᠠᠰᠠᠭ ᠤᠨ ᠣᠷᠳᠣᠨ ᠤ ᠠᠵᠢᠯ ᠤᠨ ᠢᠯᠡᠳᠬᠡᠯ | — ᠠᠪᠠᠭ᠎ᠠ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠬᠡᠳᠤᠬᠡᠷ | ᠤᠳᠠᠭᠠᠨ ᠤ ᠬᠤᠷᠠᠯᠳᠤᠭᠠᠨ ᠬᠤᠰᠢᠭᠤ ᠨᠠᠮ ᠤᠨ ᠬᠤᠷᠢᠶᠠᠨ ᠤ ᠲᠡᠳ᠋ | ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ | ᠨᠠᠰᠤᠡᠪᠠᠳᠤ | 2022 ᠣᠨ ᠤ 1 ᠰᠠᠷ᠎ᠠ ᠶᠢᠨ 6 ᠤ ᠡᠳᠦᠷ | ᠲᠥᠯᠥᠭᠡᠯᠡᠭᠴᠢᠳ ᠡ᠂ ᠨᠥᠬᠦᠳ ᠡ᠄ | ᠤᠲᠤ᠂ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠤᠬᠡᠯᠡᠨ ᠶᠡᠭᠡ ᠬᠤᠷᠠᠯ ᠳᠤ ᠠᠵᠢᠯ ᠤᠨ | ᠢᠯᠡᠳᠬᠡᠯ ᠬᠢᠶ᠎ᠠ᠂ ᠬᠢᠨᠠᠨ ᠵᠥᠪᠯᠡᠬᠦ ᠪᠣᠯᠪᠠᠤ︕ ᠤᠯᠤᠰ ᠳᠦᠷᠤ ᠶᠢᠨ ᠵᠦᠪᠯᠡᠯᠬᠡᠨ ᠤ ᠭᠡᠰᠢᠭᠦᠳ ᠪᠠ ᠬᠤᠷᠡᠯ ᠳᠤ | ᠰᠤᠯᠠ ᠣᠷᠣᠯᠴᠠᠭᠰᠠᠳ ᠰᠠᠨᠠᠯ ᠢᠶᠠᠨ ᠲᠠᠪᠰᠢᠬᠦᠯᠬᠦ ᠶᠢ ᠬᠦᠰᠡᠶ᠎ᠠ᠃ | ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠤᠷᠳᠤᠨ ᠤ ᠠᠵᠢᠯ ᠤᠨ ᠡᠷᠬᠢᠴᠡᠬᠦᠯᠤᠯ | ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠡᠭᠦᠷᠭᠡ ᠲᠤᠰᠢᠶᠠᠯ ᠢᠶᠠᠨ | ᠬᠦᠢᠴᠡᠳᠬᠡᠭᠰᠡᠨ ᠳᠥᠷᠪᠡᠨ ᠵᠢᠯ ᠪᠣᠯ ᠮᠠᠨ ᠤ ᠬᠤᠰᠢᠭᠤ ᠪᠥᠬᠦ ᠤᠯᠤᠰ ᠤᠨ ᠡᠯ᠎ᠡ ᠭᠠᠵᠠᠷ ᠡᠯ᠎ᠡ ᠦᠨᠳᠦᠰᠦᠲᠡᠨ ᠤ | ᠣᠯᠠᠨ ᠲᠦᠮᠡᠨ ᠲᠠᠢ ᠬᠠᠮᠲᠤ ᠪᠠᠷ ᠴᠢᠨᠡᠭᠡᠯᠢᠭ ᠨᠡᠶᠢᠭᠡᠮ ᠳᠤ ᠲᠠᠪᠰᠢᠨ ᠣᠷᠣᠵᠤ᠂ ᠠᠵᠤ ᠠᠬᠤᠶ ᠨᠡᠶᠢᠭᠡᠮ ᠤᠨ | ᠬᠥᠭᠵᠢᠯᠲᠡ ᠢᠯᠡᠳᠲᠡ ᠠᠮᠵᠢᠯᠲᠠ ᠣᠯᠤᠭᠰᠠᠨ ᠳᠥᠷᠪᠡᠨ ᠵᠢᠯ ᠪᠣᠯᠤᠨ᠎ᠠ᠃ ᠳᠥᠷᠪᠡᠨ ᠵᠢᠯ ᠤᠨ ᠲᠤᠷᠰᠢ᠂ ᠰᠢ ᠶᠢᠨ | ᠫᠢᠩ ᠨᠥᠬᠦᠷ ᠢᠶᠠᠷ ᠭᠤᠤᠯᠯᠠᠭᠴᠢ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠠᠶᠢᠮᠠᠭ ᠤᠨ ᠨᠠᠮ ᠤᠨ | ᠬᠤᠷᠢᠶ᠎ᠠ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ ᠬᠤᠷᠢᠶ᠎ᠠ ᠶᠢᠨ ᠵᠥᠪ ᠣᠨᠣᠪᠴᠢᠲᠠᠶ ᠤᠳᠤᠷᠢᠳᠤᠯᠭ᠎ᠠ ᠪᠠ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ | ᠳᠡᠮᠵᠢᠯᠭᠡ ᠪᠠᠷ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ | ᠲᠠᠭᠠᠭᠤᠯᠵᠤ᠂ ᠠᠵᠠ ᠲᠣᠬᠢᠶᠠᠯ ᠢ ᠡᠵᠡᠮᠳᠡᠨ᠂ ᠪᠤᠳᠡᠳᠡᠢ ᠠᠵᠢᠯᠯᠠᠵᠤ᠂ ᠠᠷᠪᠠᠨ ᠲᠠᠪᠤᠳᠤᠭᠠᠷ ᠬᠤᠭᠤᠴᠠᠭᠠᠨ ᠤ | ᠠᠷᠠᠳ ᠤᠨ ᠵᠠᠰᠠᠭ ᠤᠨ ᠣᠷᠳᠣᠨ ᠤ ᠠᠵᠢᠯ ᠤᠨ ᠬᠠᠷᠠᠯᠲᠠ ᠡᠭᠦᠷᠭᠡ ᠪᠠᠨ ᠢᠯᠭᠤᠮ ᠤᠷᠤᠭᠰᠢᠲᠠᠶ ᠪᠡᠶᠡᠯᠡᠭᠦᠯᠵᠦ᠂ | ᠭᠠᠵᠠᠷ ᠣᠷᠣᠨ ᠤ ᠦᠢᠯᠡᠳᠪᠤᠷᠢᠯᠡᠯ ᠤᠨ ᠶᠡᠷᠦᠩᠬᠡᠶ ᠥᠷᠲᠡᠭ 139.9 ᠳ᠋ᠦᠩᠰᠢᠭᠤᠷ ᠲᠥᠭᠦᠷᠢᠭ ᠲᠤ ᠬᠦᠷᠴᠦ᠂ | ᠵᠢᠯ ᠪᠦᠷᠢ ᠳᠤᠮᠳᠠᠴᠢ ᠪᠠᠷ 7.3% ᠪᠠᠷ ᠨᠡᠮᠡᠭᠳᠡᠪᠠ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ | ᠵᠢᠯ ᠪᠦᠷᠢ ᠳᠤᠮᠳᠠᠴᠢ ᠪᠠᠷ 21.3% ᠪᠠᠷ ᠨᠡᠮᠡᠭᠳᠡᠵᠦ᠂ ᠬᠤᠲᠠ ᠬᠥᠳᠡᠭᠡ ᠶᠢᠨ ᠪᠠᠶᠢᠩᠭᠤ ᠶᠢᠨ ᠰᠠᠭᠤᠭᠠᠯᠢ | ᠠᠷᠠᠳ ᠤᠨ ᠡᠵᠡᠮᠳᠡᠵᠦ ᠪᠤᠯᠬᠤᠶᠢᠴᠠ ᠣᠷᠣᠯᠭ᠎ᠠ ᠵᠢᠯ ᠪᠦᠷᠢ ᠳᠤᠮᠳᠠᠴᠢ ᠪᠠᠷ ᠲᠣᠰ ᠲᠣᠰ 5.4% ᠪᠠ 9.1% | ᠪᠠᠷ ᠨᠡᠮᠡᠭᠳᠡᠨ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠨᠡᠶᠢᠲᠡ 87.3 ᠳ᠋ᠦᠩᠰᠢᠭᠤᠷ ᠲᠥᠭᠦᠷᠢᠭ ᠢ | ᠪᠡᠶᠡᠯᠡᠭᠦᠯᠵᠦ᠂ ᠵᠢᠯ ᠪᠦᠷᠢ ᠳᠤᠮᠳᠠᠴᠢ ᠪᠠᠷ 33.3% ᠪᠠᠷ ᠨᠡᠮᠡᠭᠳᠡᠵᠦ᠂ ᠭᠤᠷᠪᠠᠨ ᠠᠵᠤ ᠦᠢᠯᠡᠰ ᠤᠨ ᠪᠦᠲᠦᠴᠡ | ᠶᠢᠨ ᠬᠠᠷᠢᠴᠠᠯ 28:33:39 ᠪᠣᠯᠪᠠ᠃ | │ ᠳᠦᠷᠪᠡᠨ ᠵᠢᠯ ᠤᠨ ᠲᠤᠷᠰᠢ᠂ ᠪᠢᠳᠡ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠲᠤᠳᠬᠠᠵᠤ᠂ | ᠠᠵᠤ ᠠᠬᠤᠶ ᠶᠢᠨ ᠦᠷᠬᠦᠯᠵᠢᠯᠡᠬᠦᠶᠢᠴᠠ ᠬᠥᠭᠵᠢᠯᠲᠡ ᠶᠢ ᠪᠦᠬᠦ ᠬᠦᠴᠦᠨ ᠢᠶᠠᠷ ᠲᠦᠯᠬᠢᠨ ᠠᠬᠢᠭᠤᠯᠪᠠ᠃ | ᠮᠠᠯ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠲᠠᠰᠤᠷᠠᠯᠲᠠ ᠥᠬᠡᠶ ᠳᠡᠭᠡᠭᠰᠢᠯᠡᠪᠡ᠃ ︽ᠬᠤᠨᠢ ᠶᠢ | ᠴᠥᠭᠡᠳᠬᠡᠨ ᠦᠬᠡᠷ ᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠠᠩᠬ᠎ᠠ ᠠᠯᠬᠤᠮ ᠤᠨ ᠦᠷ᠎ᠡ ᠪᠦᠲᠦᠮᠵᠢ ᠤᠯᠵᠤ᠂ | ᠨᠡᠶᠢᠲᠡ 26.3 ᠲᠦᠮᠡᠨ ᠬᠤᠨᠢ ᠶᠢ ᠴᠥᠭᠡᠳᠬᠡᠵᠦ᠂ 8.89 ᠲᠦᠮᠡᠨ ᠦᠬᠡᠷ ᠨᠡᠮᠡᠭᠳᠡᠬᠦᠯᠪᠠ᠃ ︽ᠡᠭᠦᠯᠳᠡᠷ | ᠰᠢᠯᠢᠳᠡᠭᠵᠢᠭᠦᠯᠬᠦ︾ ᠢᠨᠵᠧᠨᠧᠷᠢᠩ ᠢ ᠠᠯᠬᠤᠮ ᠲᠠᠷᠠᠭ᠎ᠠ ᠲᠠᠢ ᠠᠬᠢᠭᠤᠯᠵᠤ᠂ ᠮᠢᠬᠠᠨ ᠤ ᠬᠤᠨᠢᠨ ᠤ | ᠪᠠᠷᠢᠮᠵᠢᠶᠠᠵᠢᠭᠰᠡᠨ ᠰᠦᠷᠦᠭ 80 ᠶᠢ ᠪᠠᠶᠢᠭᠤᠯᠵᠤ᠂ ᠨᠠᠶᠢᠳᠠ 150 ᠰᠦᠷᠦᠭ ᠲᠤ ᠬᠦᠷᠬᠡᠵᠤ᠂ ᠰᠢᠮᠧᠨ᠋ᠲ᠋ᠧᠷ ᠦᠬᠡᠷ | ᠤᠨ ᠭᠤᠤᠯᠳᠠᠯᠭᠠᠳᠤ ᠰᠦᠷᠦᠭ 31 ᠶᠢ ᠵᠢᠷᠤᠮᠵᠢᠭᠤᠯᠵᠤ᠂ ᠨᠡᠶᠢᠲᠡ 9600 ᠲᠤᠯᠤᠭᠠᠢ ᠰᠢᠯᠢᠳᠡᠭ ᠡᠭᠦᠯᠳᠡᠷ ᠤᠨ | ᠮᠢᠬᠠᠨ ᠤ ᠦᠬᠡᠷ ᠬᠤᠳᠠᠯᠳᠤᠨ ᠣᠷᠣᠭᠤᠯᠵᠤ᠂ ᠮᠠᠯ ᠤᠨ ᠡᠭᠦᠯᠳᠡᠷ ᠰᠠᠶᠢᠵᠢᠷᠠᠭᠤᠯᠤᠭᠰᠡᠨ ᠬᠠᠷᠢᠴᠠᠯ 96.5% ᠳᠤ | ᠬᠥᠷᠪᠡ︔ ᠵᠣᠬᠢᠶᠠᠨ ᠪᠠᠶᠢᠭᠤᠯᠵᠢᠭᠰᠡᠨ ᠬᠢᠷᠢ ᠲᠦᠪᠰᠢᠨ ᠲᠠᠰᠤᠷᠠᠯᠲᠠ ᠥᠬᠡᠶ ᠳᠡᠭᠡᠭᠰᠢᠯᠡᠵᠦ᠂ ᠮᠠᠯ ᠠᠵᠤ | ᠠᠬᠤᠶ ᠶᠢᠨ ᠲᠤᠯᠤᠭᠠᠶᠢᠯᠠᠭᠴᠢ ᠠᠵᠤ ᠠᠬᠤᠶᠢᠯᠠᠯ 3 ᠶᠢ ᠤᠷᠢᠨ ᠣᠷᠣᠭᠤᠯᠵᠤ᠂ ᠬᠡᠷ ᠪᠦᠯᠢ ᠶᠢᠨ ᠮᠠᠯᠵᠢᠯ ᠤᠨ | ᠲᠠᠯᠠᠪᠠᠶ 147 ᠶᠢ ᠪᠤᠶᠢᠵᠢᠭᠤᠯᠤᠨ᠂ ᠨᠠᠶᠢᠳᠠ 222 ᠡᠷᠤᠬᠡ ᠪᠣᠯᠵᠤ᠂ ᠲᠤᠰᠬᠠᠶᠢᠵᠢᠭᠰᠡᠨ ᠬᠤᠷᠰᠢᠶᠠᠵᠢᠯ 32 | ᠡᠷᠤᠬᠡ ᠶᠢ ᠵᠢᠷᠤᠮᠵᠢᠭᠤᠯᠵᠤ᠂ ᠨᠠᠶᠢᠳᠠ 50 ᠡᠷᠤᠬᠡ ᠪᠤᠯᠭᠠᠪᠠ︔ ᠨᠠᠷᠠᠲᠤ ᠲᠡᠮᠳᠡᠭᠲᠦ ᠪᠠᠶᠢᠭᠤᠯᠤᠯᠲᠠ ᠨᠢ ᠦᠷ᠎ᠡ | ᠪᠦᠲᠦᠭᠡᠯ ᠲᠠᠢ ᠪᠤᠯᠵᠤ᠂ ᠠᠪᠠᠭ᠎ᠠ ᠤᠷᠢᠶᠠᠩᠬᠠᠢ ᠬᠤᠨᠢ᠂ ᠤᠷᠢᠶᠠᠩᠬᠠᠢ ᠬᠤᠨᠢᠨ ᠮᠢᠬ᠎ᠠ᠂ ᠴᠡᠭᠡ ᠨᠢ ᠤᠯᠤᠰ ᠤᠨ ᠠᠮᠢ | ᠠᠬᠤᠶ ᠶᠢᠨ ᠲᠤᠬᠠᠢ ᠶᠢᠨ ᠭᠠᠵᠡᠷ ᠤᠨ ᠪᠦᠲᠦᠭᠡᠭᠳᠡᠬᠦᠨ ᠤ ᠬᠠᠮᠠᠭᠠᠯᠠᠯᠲᠠ ᠶᠢᠨ ᠬᠢᠨᠡᠨ ᠲᠣᠭᠲᠠᠭᠠᠯᠲᠠ ᠳᠤ ᠬᠢᠷᠢ | ᠲᠡᠩᠴᠡᠭᠰᠡᠨ ᠦᠨᠡᠮᠯᠡᠯ ᠢ ᠭᠠᠷᠳᠠᠵᠤ᠂ ᠠᠪᠠᠭ᠎ᠠ ᠬᠠᠷ᠎ᠠ ᠠᠳᠤᠭᠤ ᠤᠯᠤᠰ ᠤᠨ ᠲᠠᠰ ᠤᠨ ᠮᠣᠩᠭᠤᠯ ᠠᠳᠤᠭᠤᠨ ᠤ | ᠬᠠᠮᠠᠭᠠᠯᠠᠯᠲᠠ ᠬᠢᠨᠡᠨ ᠲᠣᠭᠲᠠᠭᠠᠯᠲᠠ ᠳᠤ ᠬᠢᠷᠢ ᠲᠡᠩᠴᠡᠭᠰᠡᠨ ᠪᠠᠶᠢᠨ᠎ᠠ︔ ᠮᠠᠯᠵᠢᠬᠤ ᠣᠷᠣᠨ ᠤ | ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠲᠠᠰᠤᠷᠠᠯᠲᠠ ᠦᠬᠡᠢ ᠠᠬᠢᠭᠤᠯᠵᠤ᠂ 56 | ᠲᠥᠷᠥᠯ ᠵᠦᠢᠯ ᠢ ᠬᠡᠷᠡᠭᠵᠢᠭᠦᠯᠤᠨ᠂ 3.25 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ | ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪ᠂ ᠭᠠᠮᠰᠢᠭ ᠢ ᠰᠡᠷᠭᠡᠶᠢᠯᠡᠨ ᠬᠤᠬᠢᠷᠡᠯ ᠢ ᠪᠠᠭᠠᠰᠬᠠᠬᠤ | ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ ᠰᠠᠭᠤᠷᠢᠨ ᠭᠠᠵᠠᠷ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡ | ᠰᠢᠯᠭᠠᠨ ᠪᠠᠶᠢᠴᠠᠭᠠᠬᠤ ᠲᠥᠪ᠂ ᠮᠠᠯ ᠠᠵᠤ ᠠᠬᠤᠢ ᠶᠢᠨ ᠮᠠᠰᠢᠨ ᠮᠧᠬᠠᠨᠢᠭ ᠤᠨ ᠬᠠᠮ ᠵᠠᠬ᠎ᠠ᠂ ᠰᠢᠨ᠎ᠡ ᠬᠡᠯᠪᠡᠷᠢ ᠶᠢᠨ | ᠮᠠᠯᠴᠢᠳ ᠤᠨ ᠠᠵᠢᠯ ᠮᠡᠷᠭᠡᠵᠢᠯ ᠤᠨ ᠪᠣᠯᠪᠠᠰᠤᠷᠠᠯ ᠤᠨ ᠲᠥᠪ ᠵᠡᠷᠭᠡ ᠨᠢᠭᠡ ᠪᠦᠯᠦᠭ ᠵᠢᠱᠢᠶ᠎ᠠ ᠦᠵᠡᠭᠦᠯᠵᠦ | ᠳᠠᠶᠢᠴᠢᠯᠠᠬᠤ ᠴᠡᠭ ᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ᠡᠵᠡᠩᠨᠡᠯᠲᠡ ᠶᠢᠨ ᠵᠠᠭᠪᠤᠷ᠂ ᠨᠡᠶᠢᠭᠡᠮᠴᠢᠯᠡᠭᠰᠡᠨ | ᠦᠢᠯᠡᠴᠢᠯᠡᠬᠡᠨ ᠤ ᠲᠤᠭᠳᠠᠯᠴᠠᠭ᠎ᠠ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠪᠥᠬᠦ ᠣᠷᠣᠨ ᠳᠤ ᠳᠡᠯᠭᠡᠷᠡᠭᠦᠯᠵᠦ | ᠪᠤᠯᠬᠤᠶᠢᠴᠠ ᠲᠤᠷᠰᠢᠯᠭ᠎ᠠ ᠬᠤᠷᠠᠮᠳᠤᠭᠤᠯᠵᠤ᠂ ᠪᠥᠬᠦ ᠣᠷᠣᠨ᠂ ᠪᠥᠬᠦ ᠠᠶᠢᠮᠠᠭ ᠤᠨ ᠮᠠᠯᠵᠢᠬᠤ ᠣᠷᠣᠨ ᠤ | ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠳᠤᠬᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ | ᠲᠤᠬᠠᠶ ᠶᠢᠨ ᠲᠠᠯᠠᠪᠠᠶ ᠶᠢᠨ ᠦᠵᠡᠭᠦᠯᠦᠯᠭᠡ ᠶᠢᠨ ᠬᠤᠷᠠᠯ ᠢ ᠠᠮᠵᠢᠯᠲᠠ ᠲᠠᠢ ᠬᠤᠷᠠᠯᠳᠤᠭᠤᠯᠪᠠ᠃ ᠮᠠᠯ ᠤᠨ ᠠᠰᠢᠭ | ᠰᠢᠮ᠎ᠡ ᠶᠢᠨ ᠪᠦᠳᠤᠬᠡᠭᠳᠡᠬᠦᠨ ᠢ ᠨᠠᠷᠢᠯᠢᠭ ᠡᠳ᠋ᠰᠢᠭᠦᠯᠬᠦ ᠴᠢᠳᠠᠪᠬᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠡᠷᠳᠡᠨᠢ | ᠂ ᠨᠤᠮᠢᠨ ᠲᠠᠯᠠᠬᠡᠢ ᠵᠡᠷᠭᠡ ᠤᠯᠠᠭᠠᠨ ᠢᠳᠡᠭᠡᠨ ᠡᠳ᠋ᠰᠢᠭᠦᠯᠬᠦ ᠠᠵᠤ ᠠᠬᠤᠶᠢᠯᠠᠯ ᠢ ᠠᠰᠢᠭᠯᠠᠯᠲᠠ ᠳᠤ ᠣᠷᠣᠭᠤᠯᠵᠤ᠂ | ᠵᠣᠣ ᠹᠦ᠋᠂ ᠮᠠᠯᠴᠢᠳ ᠤᠨ ᠲᠤᠷᠠᠰᠤᠮᠵᠢ ᠵᠡᠷᠭᠡ ᠴᠠᠭᠠᠨ ᠢᠳᠡᠭᠡᠨ ᠪᠤᠯᠪᠠᠰᠤᠷᠠᠭᠤᠯᠬᠤ ᠠᠵᠤ ᠠᠬᠤᠶᠢᠯᠠᠯ ᠢ ᠪᠥᠬᠦ | ᠲᠠᠯ᠎ᠠ ᠪᠠᠷ ᠲᠠᠰ ᠳᠡᠪᠰᠢᠭᠦᠯᠦᠨ ᠰᠢᠯᠢᠳᠡᠭᠵᠢᠬᠦᠯᠪᠡ︔ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ | ᠬᠥᠭᠵᠢᠯᠲᠡ ᠶᠢᠨ ᠬᠠᠨᠳᠤᠰᠢ ᠢᠯᠡᠳᠳᠡ ᠰᠠᠶᠢᠵᠢᠷᠠᠵᠤ᠂ ᠵᠧᠨ ᠰᠢᠨ ᠠᠮᠢᠳᠤ ᠪᠣᠳᠠᠰ ᠤᠨ ᠰᠢᠨᠵᠢᠯᠡᠬᠦ ᠮᠡᠷᠭᠡᠵᠢᠯ ᠤᠨ | ᠵᠢᠯ ᠳᠤ 5 ᠲᠦᠮᠡᠨ ᠲᠣᠨ ᠣᠷᠭᠠᠨᠢᠭ ᠪᠤᠷᠳᠤᠭᠤᠷ ᠦᠢᠯᠡᠳᠪᠤᠷᠢᠯᠡᠬᠦ ᠲᠦᠷᠦᠯ ᠵᠦᠢᠯ ᠢ ᠠᠰᠢᠭᠯᠠᠯᠲᠠ ᠳᠤ | ᠤᠷᠤᠭᠤᠯᠵᠤ᠂ ᠢᠰᠬᠡ ᠴᠡᠭᠡ ᠶᠢᠨ ᠠᠵᠤ ᠦᠢᠯᠡᠰ ᠤᠨ ᠲᠦᠷᠦᠯ ᠵᠦᠢᠯ᠂ ᠰᠢᠮ᠎ᠠ ᠤᠯᠠᠮᠵᠢᠯᠠᠯᠲᠤ ᠴᠠᠭᠠᠨ | ᠢᠳᠡᠭᠡᠨ ᠪᠤᠯᠪᠠᠰᠤᠷᠠᠭᠤᠯᠬᠤ ᠵᠢᠱᠢᠶ᠎ᠠ ᠦᠵᠡᠭᠦᠯᠬᠦ ᠲᠦᠷᠦᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ | ᠠᠵᠤ ᠦᠢᠯᠡᠳᠪᠦᠷᠢ ᠶᠢᠨ ᠠᠵᠤ ᠠᠬᠤᠶ ᠶᠢᠨ ᠬᠡᠯᠪᠡᠷᠢ ᠶᠢᠨ ᠬᠤᠪᠢᠷᠠᠭᠤᠯᠤᠯᠲᠠ ᠶᠢ ᠲᠤᠭᠳᠠᠭᠤᠨ ᠢᠶᠠᠷ | ᠠᠬᠢᠭᠤᠯᠪᠠ᠃ ᠡᠨᠧᠷᠭᠢ ᠶᠢᠨ ᠠᠵᠤ ᠦᠢᠯᠡᠰ ᠰᠢᠪᠲᠤᠯᠤᠯᠲᠠ ᠲᠠᠢ ᠪᠣᠯᠵᠤ᠂ 500 ᠺᠢᠯᠣᠸᠠᠲ ᠤᠨ ᠴᠠᠬᠢᠯᠭᠠᠨ | ᠬᠦᠷᠭᠡᠬᠦ ᠬᠦᠴᠦᠳᠡᠯ ᠦᠬᠡᠷᠡᠴᠢᠯᠡᠬᠦ ᠢᠨᠵᠧᠨᠧᠷᠢᠩ ᠵᠢᠴᠢ ᠢᠵᠢ ᠪᠥᠷᠢᠨ 220 ᠺᠢᠯᠣᠸᠠᠲ ᠤᠨ ᠴᠠᠬᠢᠯᠭᠠᠨ ᠬᠦᠷᠭᠡᠬᠦ | ᠢᠨᠵᠧᠨᠧᠷᠢᠩ ᠢ ᠪᠦᠬᠦᠨ ᠢ ᠳᠠᠭᠤᠰᠬᠠᠵᠤ᠂ 130 ᠲᠦᠮᠡᠨ ᠺᠢᠯᠣᠸᠠᠲ ᠤᠨ ᠣᠨᠴᠠ ᠥᠨᠳᠥᠷ ᠬᠦᠴᠦᠳᠡᠯᠲᠦ | ᠭᠠᠳᠠᠭᠰᠢ ᠬᠦᠷᠭᠡᠬᠦ ᠰᠠᠯᠬᠢᠨ ᠴᠠᠬᠢᠯᠭᠠᠨ ᠤ ᠲᠥᠷᠥᠯ ᠵᠥᠢᠯ᠂ ᠵᠢᠩ ᠨᠸᠡᠭ ᠡᠯᠡᠰᠦᠷᠬᠡᠭ ᠭᠠᠵᠠᠷ ᠤᠨ ᠪᠣᠬᠢᠷᠲᠤᠯ | ᠥᠬᠡᠶ ᠠᠮᠢ ᠠᠬᠤᠶ ᠶᠢᠨ ᠵᠠᠰᠠᠯᠲᠠ ᠶᠢᠨ 10 ᠲᠦᠮᠡᠨ ᠺᠢᠯᠤᠸᠠᠲ ᠤᠨ ᠬᠡᠷᠡᠯ ᠴᠠᠬᠢᠯᠭᠠᠨ ᠢ ᠲᠣᠤᠷ ᠲᠤ ᠨᠡᠶᠢᠯᠡᠭᠦᠯᠦᠨ | ᠴᠠᠬᠢᠯᠭᠠᠨ ᠭᠠᠷᠭᠠᠬᠤ᠂ 150 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠰᠠᠯᠬᠢᠨ ᠴᠠᠬᠢᠯᠭᠠᠨ ᠤ ᠰᠠᠭᠤᠷᠢᠨ | ᠭᠠᠵᠠᠷ ᠤᠨ ᠲᠥᠷᠥᠯ ᠵᠥᠢᠯ ᠢ ᠢᠯᠭᠤᠮ ᠤᠷᠤᠭᠰᠢᠲᠠᠶ ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ | 85 ᠲᠦᠮᠡᠨ ᠺᠢᠯᠣᠸᠠᠲ ᠠᠴᠠ 226 ᠲᠦᠮᠡᠨ ᠺᠢᠯᠣᠸᠠᠲ ᠲᠤ ᠬᠦᠷᠴᠦ᠂ ᠴᠠᠬᠢᠯᠭᠠᠨ ᠭᠠᠷᠭᠠᠬᠤ ᠬᠡᠮᠵᠢᠶ᠎ᠡ ᠪᠣᠯᠤᠨ | ᠮᠠᠰᠢᠨ ᠴᠣᠭᠴᠠᠯᠠᠪᠤᠷᠢ ᠶᠢᠨ ᠬᠡᠮᠵᠢᠶ᠎ᠡ ᠴᠥᠮ ᠪᠥᠬᠦ ᠠᠶᠢᠮᠠᠭ ᠤᠨ ᠲᠡᠷᠢᠭᠦᠨ ᠳᠤ ᠵᠢᠭᠰᠠᠭᠠᠭᠳᠠᠪᠠ᠃ ᠵᠢᠩ ᠨᠸᠡᠭ | ᠴᠠᠭᠠᠡᠨᠠᠭᠤᠷ 2 × 66 ᠲᠦᠮᠡᠨ ᠺᠢᠯᠣᠸᠠᠲ ᠤᠨ ᠴᠠᠬᠢᠯᠭᠠᠨ ᠦᠢᠯᠡᠳᠪᠤᠷᠢ ᠶᠢᠨ ᠪᠥᠲᠥᠭᠡᠨ ᠪᠠᠶᠢᠭᠤᠯᠤᠯᠲᠠ ᠶᠢ | ᠡᠬᠢᠯᠡᠭᠦᠯᠵᠦ᠂ ᠹᠸᠡᠭ ᠹᠸᠡᠭ ᠨᠡᠭᠦᠷᠡᠰᠦᠨ ᠠᠭᠤᠷᠬᠠᠶ ᠶᠢ ᠬᠢᠨᠠᠨ ᠵᠦᠪᠰᠢᠶᠠᠷᠡᠬᠦᠯᠤᠨ᠂ ᠳ᠋ᠠ ᠠᠨ ᠨᠡᠭᠦᠷᠡᠰᠦᠨ | ᠠᠭᠤᠷᠬᠠᠶ ᠶᠢᠨ ᠠᠭᠤᠷᠬᠠᠶ ᠮᠠᠯᠲᠠᠬᠤ ᠭᠠᠷᠳᠠᠮ ᠢ ᠬᠦᠢᠴᠡᠳᠬᠡᠪᠡ︔ ᠠᠭᠤᠷᠬᠠᠶ ᠶᠢᠨ ᠬᠦᠳᠡᠷ ᠰᠢᠯᠢᠬᠦ ᠦᠢᠯᠡᠰ | ᠲᠦᠷᠭᠡᠨ ᠢᠶᠠᠷ ᠠᠬᠢᠵᠤ᠂ ᠶᠢᠨ ᠳ᠋ᠢ ᠵᠡᠰ ᠮᠤᠯᠢᠪᠳᠧᠨ ᠤ ᠠᠭᠤᠷᠬᠠᠶ᠂ ᠵᠢᠢ ᠳ᠋ᠦᠡᠭ ᠱᠦᠢᠨᠢ ᠶᠢ ᠲᠣᠭᠲᠠᠭᠤᠨ ᠢᠶᠠᠷ | ᠡᠵᠡᠩᠨᠡᠬᠦᠯᠵᠤ᠂ ᠭᠤᠷᠴᠢ ᠶᠢᠨ ᠮᠦᠩᠬᠦ ᠲᠤᠭᠤᠯᠭ᠎ᠠ ᠴᠠᠶᠢᠷ ᠤᠨ ᠤᠯᠠᠨ ᠲᠡᠮᠦᠷᠯᠢᠭ ᠤᠨ ᠠᠭᠤᠷᠬᠠᠶ ᠪᠠ ᠯᠦᠩ ᠰᠢᠩ | ᠬᠠᠶᠢᠯᠤᠭᠤᠷ ᠵᠣᠩᠰᠢ ᠶᠢᠨ ᠠᠭᠤᠷᠬᠠᠶ ᠶᠢ ᠠᠰᠢᠭᠯᠠᠯᠲᠠ ᠳᠤ ᠣᠷᠣᠭᠤᠯᠪᠠ᠃ | ᠭᠤᠷᠪᠠᠳᠤᠭᠠᠷ ᠠᠵᠤ ᠦᠢᠯᠡᠰ ᠤᠨ ᠠᠮᠢᠵᠢᠷᠠᠯ ᠤᠨ ᠬᠦᠴᠦᠨ ᠴᠢᠩᠭᠠᠷᠠᠪᠠ᠃ ᠵᠤᠭᠠᠴᠠᠯ ᠤᠨ ᠦᠢᠯᠡᠰ | ᠲᠣᠭᠲᠠᠭᠤᠨ ᠢᠶᠠᠷ ᠬᠥᠭᠵᠢᠵᠦ᠂ ︽ᠠᠪᠠᠭ᠎ᠠ ᠬᠠᠷ᠎ᠠ ᠠᠳᠤᠭᠤ᠂ ᠪᠤᠭᠳᠠ ᠠᠭᠤᠯᠠ ᠶᠢᠨ ᠲᠡᠬᠢᠯᠭ᠎ᠠ᠂ ᠠᠪᠠᠭ᠎ᠠ ᠴᠡᠭᠡ᠂ | ᠴᠤᠭᠤᠷ ᠲᠠᠭᠤᠤ᠂ ᠤᠪᠤᠭᠠᠨ ᠲᠠᠬᠢᠯᠭ᠎ᠠ᠂ ᠵᠠᠩ ᠦᠢᠯᠡ︾ ᠶᠢᠨ ᠰᠢᠷᠢᠰ ᠰᠣᠶᠣᠯ ᠵᠤᠭᠠᠴᠠᠯ ᠤᠨ ᠠᠵᠢᠯᠯᠠᠭ᠎ᠠ ᠶᠢ | ᠲᠠᠰᠤᠷᠠᠯᠲᠠ ᠦᠭᠡᠢ ᠪᠠᠶᠠᠯᠢᠭᠵᠢᠭᠤᠯᠵᠤ᠂ ᠠᠪᠠᠭ᠎ᠠ ᠵᠤᠭᠠᠴᠠᠯ ᠤᠨ ᠵᠠᠮ ᠱᠤᠭᠤᠮ ᠢ ᠰᠢᠯᠢ ᠶᠢᠨ ᠭᠤᠣᠯ ᠤᠨ ᠮᠢᠩᠭᠠᠨ | ᠭᠠᠵᠠᠷ ᠤᠨ ᠦᠵᠡᠮᠵᠢ ᠶᠢᠨ ᠵᠠᠮ ᠱᠤᠭᠤᠮ ᠳᠤ ᠤᠷᠤᠭᠤᠯᠵᠤ᠂ ︽ᠠᠪᠠᠭ᠎ᠠ ᠦᠷᠳᠡᠭᠡ︾ ᠵᠤᠭᠠᠴᠠᠭᠰᠠᠳ ᠤᠨ | ᠦᠢᠯᠡᠴᠢᠯᠡᠭᠡᠨ ᠤ ᠲᠥᠪ ᠢ ᠠᠰᠢᠭᠯᠠᠯᠳᠠ ᠳᠤ ᠣᠷᠣᠭᠤᠯᠵᠤ᠂ ᠨᠠᠶᠢᠳᠠ 106 ᠲᠦᠮᠡᠨ ᠬᠦᠮᠤᠨ ᠤᠳᠠᠭ᠎ᠠ | ᠵᠤᠭᠠᠴᠠᠭᠰᠠᠳ ᠢ ᠬᠦᠯᠢᠶᠡᠨ ᠵᠤᠴᠢᠯᠠᠵᠤ᠂ 5.6 ᠳ᠋ᠦᠩᠰᠢᠭᠤᠷ ᠲᠥᠭᠦᠷᠢᠭ ᠤᠨ ᠵᠤᠭᠠᠴᠠᠯ ᠤᠨ ᠤᠷᠤᠯᠭ᠎ᠠ ᠶᠢ | ᠪᠡᠶᠡᠯᠡᠭᠦᠯᠪᠡ︔ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠲᠠᠰᠤᠷᠠᠯᠲᠠ ᠥᠬᠡᠶ ᠴᠢᠩᠭᠠᠷᠠᠵᠤ᠂ ᠵᠠᠬ᠎ᠠ | ᠳᠡᠯᠭᠡᠭᠦᠷ ᠤᠨ ᠭᠤᠤᠯ ᠴᠣᠭᠴᠠ 4893 ᠡᠷᠦᠬᠡ᠂ ᠳᠠᠩᠰᠠᠯᠠᠭᠤᠯᠤᠭᠰᠠᠨ ᠬᠥᠷᠥᠩᠭᠡ 112.1 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21% ᠪᠠ 12.4% ᠪᠠᠷ ᠨᠡᠮᠡᠭᠳᠡᠪᠡ᠃ | ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠬᠡᠯᠡᠯᠬᠡ ᠶᠢᠨ ᠬᠡᠪᠴᠢᠶ᠎ᠠ ᠶᠢ ᠲᠠᠰᠤᠷᠠᠯᠳᠠ ᠦᠬᠡᠢ | ᠦᠷᠬᠡᠳᠬᠡᠵᠤ᠂ ᠬᠠᠳᠠᠭᠠᠯᠠᠮᠵᠢ ᠪᠠ ᠵᠢᠬᠡᠯᠡᠯᠬᠡ ᠶᠢᠨ ᠦᠯᠡᠳᠡᠪᠤᠷᠢ ᠲᠤᠭ᠎ᠠ ᠲᠤᠰ ᠲᠤᠰ 25.9 ᠳ᠋ᠦᠩᠰᠢᠭᠤᠷ | ᠲᠦᠬᠦᠷᠢᠭ ᠪᠠ 26.4 ᠳ᠋ᠦᠩᠰᠢᠭᠤᠷ ᠲᠦᠬᠦᠷᠢᠭ ᠲᠤ ᠬᠦᠷᠪᠠ᠃ ᠵᠠᠮ ᠲᠡᠬᠡᠬᠡᠪᠤᠷᠢ ᠶᠢᠨ ᠦᠢᠯᠡᠰ ᠲᠦᠷᠬᠡᠨ | ᠬᠦᠭᠵᠢᠵᠤ᠂ ᠠᠶᠠᠡᠴᠢᠳ ᠪᠠ ᠪᠠᠷᠠᠭ᠎ᠠ ᠲᠡᠬᠡᠬᠡᠪᠤᠷᠢ ᠶᠢᠨ ᠡᠷᠬᠢᠯᠳᠠ ᠶᠢᠨ ᠬᠡᠮᠵᠢᠶ᠎ᠠ ᠨᠠᠶᠢᠳᠠ 500 ᠲᠦᠮᠡᠨ ᠬᠦᠮᠤᠨ | ᠺᠢᠯᠤᠮᠧᠲᠷ ᠪᠠ 3.4 ᠳ᠋ᠦᠩᠰᠢᠭᠤᠷ ᠲᠤᠨ ᠺᠢᠯᠤᠮᠧᠲᠷ ᠲᠤ ᠬᠦᠷᠪᠡ᠃ | — ᠳᠦᠷᠪᠡᠨ ᠵᠢᠯ ᠤᠨ ᠲᠤᠷᠰᠢ᠂ ᠪᠢᠳᠡ ᠤᠯᠤᠰ ᠲᠦᠷᠦ ᠶᠢᠨ ᠡᠬᠦᠷᠬᠡ ᠬᠠᠷᠢᠭᠤᠴᠠᠯᠭ᠎ᠠ ᠪᠠᠨ | ᠴᠢᠩᠭᠠᠳᠬᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠲᠠᠮᠠᠴᠠᠨ | ᠤᠯᠪᠠ᠃ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠪᠦᠬᠦ ᠲᠠᠯ᠎ᠠ ᠶᠢᠨ ᠢᠯᠠᠯᠲᠠ ᠶᠢ ᠤᠯᠪᠠ᠃ | ᠨᠡᠶᠢᠲᠡ 1.65 ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ ᠪᠡᠯᠡ ᠣᠷᠣᠭᠤᠯᠵᠤ᠂ ᠠᠵᠤ ᠦᠢᠯᠡᠰ ᠢᠶᠠᠷ | ᠶᠠᠳᠠᠭᠤ ᠶᠢ ᠲᠡᠳᠬᠦᠬᠦ᠂ ᠠᠮᠢ ᠠᠬᠤᠶ ᠪᠠᠷ ᠶᠠᠳᠠᠭᠤ ᠶᠢ ᠲᠡᠳᠬᠦᠬᠦ᠂ ᠨᠡᠬᠦᠯᠬᠡᠨ ᠰᠢᠯᠵᠢᠬᠦᠯᠬᠦ᠂ ᠰᠤᠷᠭᠠᠨ | ᠬᠥᠮᠦᠵᠢᠯ ᠢᠶᠠᠷ ᠶᠠᠳᠠᠭᠤ ᠶᠢ ᠲᠡᠳᠬᠦᠬᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ᠂ ᠮᠥᠩᠭᠦᠨ ᠬᠦᠢᠯᠬᠡᠬᠡ ᠪᠠᠷ | ᠶᠠᠳᠠᠭᠤ ᠶᠢ ᠲᠡᠳᠬᠦᠬᠦ ᠪᠠ ᠦᠡᠳᠤᠰᠤᠨ ᠠᠮᠢᠳᠤᠷᠡᠯ ᠤᠨ ᠪᠠᠳᠤᠯᠠᠭ᠎ᠠ ᠵᠡᠷᠭᠡ ᠶᠠᠳᠠᠭᠤ ᠶᠢ ᠲᠡᠳᠬᠦᠬᠦ ᠠᠵᠢᠯ ᠢ | ᠯᠠᠪᠳᠠᠭᠤᠨ ᠪᠠᠲᠤᠲᠠᠶ ᠠᠬᠢᠭᠤᠯᠵᠤ᠂15 ᠶᠠᠳᠠᠭᠤ ᠬᠦᠴᠢᠷᠳᠡᠯᠲᠡᠶ ᠭᠠᠴᠠᠭ᠎ᠠ ᠪᠠ ᠲᠠᠩᠰᠠ ᠪᠠᠶᠢᠭᠤᠯᠵᠤ ᠺᠠᠷᠲ | ᠤᠯᠭᠤᠭᠰᠡᠨ 447 ᠡᠷᠦᠬᠡ ᠶᠢᠨ1232 ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ | ᠠᠩᠭᠢᠵᠢᠷᠠᠭᠤᠯᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ | ᠡᠬᠦᠷᠬᠡ ᠪᠠᠨ ᠠᠮᠵᠢᠯᠳᠠ ᠲᠠᠢ ᠪᠠᠶᠠᠯᠠᠬᠦᠯᠪᠠ᠃ | ᠪᠣᠬᠢᠷᠲᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠠᠵᠢᠯ ᠴᠢᠬᠤᠯᠠ ᠶᠡᠭᠡ ᠦᠷ᠎ᠡ ᠪᠦᠲᠦᠭᠡᠯ ᠤᠯᠪᠠ᠃ | ᠲᠠᠯ᠎ᠠ ᠨᠤᠲᠤᠭ ᠤᠨ ᠠᠮᠢ ᠠᠬᠤᠶ ᠶᠢᠨ ᠬᠠᠮᠠᠭᠠᠯᠠᠯᠲᠠ ᠶᠢ ᠦᠨᠡᠨᠬᠦ ᠴᠢᠩᠭᠠᠳᠬᠠᠵᠤ᠂ ᠪᠦᠬᠦ ᠬᠤᠰᠢᠭᠤᠨ ᠤ | 74% ᠶᠢᠨ ᠨᠤᠲᠤᠭ ᠳᠡᠪᠢᠰᠬᠡᠷ ᠤᠨ ᠲᠠᠯᠠᠪᠠᠶ ᠶᠢ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ | ᠬᠡᠪᠴᠢᠶᠡᠨ ᠳᠤ ᠣᠷᠣᠭᠤᠯᠵᠤ᠂ ᠲᠠᠯ᠎ᠠ ᠨᠤᠲᠤᠭ ᠤᠨ ᠠᠮᠢ ᠠᠬᠤᠶ ᠶᠢᠨ ᠱᠠᠩᠨᠠᠯ ᠨᠥᠬᠦᠪᠥᠷᠢ ᠶᠢ ᠨᠡᠶᠢᠲᠡ 3.9 | ᠳ᠋ᠦᠩᠰᠢᠭᠤᠷ ᠲᠥᠭᠦᠷᠢᠭ᠂ ᠪᠡᠯᠴᠢᠭᠡᠷ ᠰᠡᠷᠭᠦᠭᠡᠬᠦ ᠵᠢᠴᠢ ᠨᠡᠶᠢᠲᠡ ᠶᠢᠨ ᠠᠰᠢᠭᠳᠤ ᠣᠶ ᠶᠢᠨ ᠨᠥᠬᠦᠪᠥᠷᠢ ᠶᠢ 1.59 | ᠳ᠋ᠦᠩᠰᠢᠭᠤᠷ ᠲᠥᠭᠦᠷᠢᠭ ᠲᠠᠷᠬᠠᠭᠠᠵᠤ᠂ ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠤ ᠤᠷᠤᠨ ᠤ | 1.07 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠭᠥᠷᠳᠡᠵᠦ᠂ ᠤᠢ ᠰᠢᠭᠤᠢ ᠨᠤᠳᠤᠭ ᠪᠠᠯᠴᠢᠬᠡᠷ ᠤᠨ | ᠲᠠᠷᠤᠭ᠎ᠠ ᠶᠢᠨ ᠲᠦᠷᠢᠮ ᠢ ᠴᠢᠩᠭ᠎ᠠ ᠨᠢᠮᠪᠠᠢ ᠨᠠᠶᠢᠳᠠᠪᠤᠷᠢᠵᠢᠭᠤᠯᠵᠤ᠂ ᠨᠠᠶᠢᠳᠠ 10.3 ᠲᠦᠮᠡᠨ ᠮᠥ ᠬᠠᠮᠠᠭᠠᠯᠠᠨ | ᠣᠶᠢᠵᠢᠭᠤᠯᠵᠤ᠂ 114 ᠲᠦᠮᠡᠨ ᠮᠥ ᠶᠢ ᠪᠢᠲᠡᠭᠦᠮᠵᠢᠯᠡᠨ ᠰᠡᠷᠬᠦᠬᠡᠵᠤ᠂ ᠤᠷᠭᠤᠮᠠᠯ ᠤᠨ ᠬᠤᠴᠢᠯᠭ᠎ᠠ ᠶᠢᠨ ᠪᠦᠷᠬᠦᠴᠡ | 50% ᠠᠴᠠ ᠳᠡᠭᠡᠭᠰᠢ ᠳᠤ ᠬᠦᠷᠴᠦ᠂ ᠭᠠᠩᠭᠠᠡᠰᠢᠯᠢ ᠨᠢ ᠤᠯᠤᠰ ᠤᠨ ᠲᠠᠰ ᠤᠨ ᠲᠠᠯ᠎ᠠ ᠨᠤᠲᠤᠭ ᠤᠨ ᠪᠠᠶᠢᠭᠠᠯᠢ ᠶᠢᠨ | ᠲᠤᠷᠰᠢᠯᠲᠠ ᠶᠢᠨ ᠴᠡᠭ ᠤᠨ ᠴᠡᠴᠡᠷᠯᠢᠭ ᠢᠶᠠᠷ ᠰᠤᠩᠭᠤᠭᠳᠠᠵᠤ᠂ ᠮᠠᠨ ᠤ ᠬᠤᠰᠢᠭᠤ ᠨᠢ ︽ᠪᠥᠬᠦ ᠤᠯᠤᠰ ᠤᠨ | ᠤᠯᠤᠰ ᠤᠨ ᠭᠠᠵᠠᠷ ᠰᠢᠷᠣᠶ ᠶᠢᠨ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠭᠰᠡᠨ ᠵᠢᠱᠢᠶᠡᠴᠢ ᠬᠤᠰᠢᠭᠤ︾ ᠶᠢᠨ | ᠢᠷᠠᠭᠤ ᠠᠯᠳᠠᠷ ᠢ ᠭᠥᠷᠳᠡᠪᠡ︔ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ | ᠲᠥᠪ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠨ ᠪᠠᠶᠢᠴᠠᠭᠠᠵᠤ ︽ᠡᠷᠬᠢᠨ ᠬᠠᠷᠠᠬᠤ︾ ᠪᠠ ᠨᠤᠲᠤᠭ | ᠪᠡᠯᠴᠢᠭᠡᠷ ᠤᠨ ᠠᠮᠢ ᠠᠬᠤᠶ ᠣᠷᠴᠢᠨ ᠲᠤᠭᠤᠷᠢᠨ ᠤ ᠠᠰᠠᠭᠤᠳᠠᠯ ᠢ ᠲᠤᠰᠬᠠᠶ ᠱᠠᠯᠠᠪᠳᠠᠨ ᠪᠠᠶᠢᠴᠠᠭᠠᠵᠤ ᠬᠠᠷᠢᠭᠤ | ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ︽ᠲᠠᠷᠬᠠᠢ ᠪᠤᠲᠠᠷᠬᠠᠶ᠂ ᠡᠮᠬᠢ ᠵᠠᠮᠪᠠᠷᠠᠭ᠎ᠠ | ᠥᠬᠡᠶ᠂ ᠪᠣᠬᠢᠷᠲᠤᠯ ᠲᠠᠢ︾ ᠠᠵᠤ ᠦᠢᠯᠡᠳᠪᠤᠷᠢ ᠶᠢᠨ ᠠᠵᠤ ᠠᠬᠤᠶᠢᠯᠠᠯ ᠢ ᠬᠦᠴᠦᠨ ᠥᠬᠡᠶ ᠪᠣᠯᠭᠠᠵᠤ᠂ ᠲᠣᠰᠣ | ᠨᠡᠮᠡᠬᠦ ᠥᠷᠲᠡᠭᠡ ᠶᠢᠨ ᠲᠣᠰᠣ ᠬᠠᠳᠠᠭᠠᠯᠠᠬᠤ ᠰᠠᠪᠠ ᠶᠢ ᠬᠤᠤᠰ ᠲᠠᠪᠬᠤᠷᠭ᠎ᠠ ᠪᠤᠯᠭᠠᠨ ᠦᠬᠡᠷᠡᠴᠢᠯᠡᠵᠦ᠂ ᠴᠠᠭ ᠪᠦᠷᠢ | 10 ᠲᠣᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠵᠢᠵᠢᠭ ᠵᠤᠤᠬ᠎ᠠ ᠶᠢ ᠰᠢᠭᠰᠢᠨ᠂ ᠠᠭᠤᠷᠬᠠᠶ ᠶᠢᠨ ᠭᠠᠵᠠᠷ | ᠰᠢᠡᠵᠢᠯᠡᠬᠡᠨ ᠤ ᠣᠷᠴᠢᠨ ᠲᠤᠭᠤᠷᠢᠨ ᠢ 25.2 ᠲᠡᠭᠰᠢ ᠳᠥᠷᠪᠡᠯᠵᠢᠨ ᠺᠢᠯᠣᠮᠧᠲᠷ ᠵᠠᠰᠠᠨ ᠴᠡᠭᠴᠡᠯᠡᠵᠤ᠂ ᠪᠣᠬᠢᠷ | ᠤᠰᠤ ᠴᠠᠪᠠᠷᠰᠢᠬᠦᠯᠬᠦ ᠦᠢᠯᠡᠳᠪᠤᠷᠢ ᠶᠢᠨ ᠤᠰᠤᠨ ᠤ ᠴᠢᠨᠠᠷ ᠢ ᠨᠢᠭᠡᠳᠦᠭᠡᠷ ᠳᠡᠰ ᠤᠨ A ᠪᠠᠷᠢᠮᠵᠢᠶ᠎ᠠ ᠳᠤ ᠬᠦᠷᠬᠡᠪᠡ᠃ | ᠮᠠᠨᠢᠲᠤ ᠠᠭᠤᠷᠬᠠᠶ ᠶᠢᠨ ᠲᠤᠭᠤᠷᠢᠭ᠂ ᠴᠠᠭᠠᠡᠨᠠᠭᠤᠷ ᠠᠭᠤᠷᠬᠠᠶ ᠶᠢᠨ ᠲᠤᠭᠤᠷᠢᠭ ᠢ ᠶᠡᠷᠦᠩᠬᠡᠶᠢᠯᠡᠨ ᠵᠠᠰᠠᠬᠤ ᠠᠵᠢᠯ | ᠢᠯᠡᠳᠲᠡ ᠦᠷ᠎ᠡ ᠪᠦᠲᠦᠮᠵᠢ ᠣᠯᠵᠤ᠂ ᠶᠢᠨ ᠳ᠋ᠢ ᠠᠭᠤᠷᠬᠠᠶ ᠶᠢᠨ ᠦᠢᠯᠡᠰ᠂ ᠵᠢᠢ ᠳ᠋ᠦᠡᠭ ᠱᠦᠢᠨᠢ ᠶᠢᠨ | ᠦᠢᠯᠡᠳᠪᠤᠷᠢ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠶᠢᠨ ᠨᠠᠷᠡᠰ ᠲᠤ | ᠪᠦᠷᠢᠳᠬᠡᠭᠳᠡᠵᠤ᠂ ᠠᠷᠴᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠠᠭᠤᠷᠬᠠᠶ ᠬᠠᠶᠢᠬᠤ ᠡᠷᠬᠡ ᠵᠢᠴᠢ | ᠲᠠᠷᠠᠬᠠᠶ ᠪᠤᠲᠠᠷᠬᠠᠶ ᠡᠵᠡᠩᠨᠡᠯᠲᠡ ᠶᠢᠨ ᠲᠠᠯᠠᠪᠤᠷ ᠢ ᠪᠦᠬᠦᠨ ᠢ ᠴᠡᠭᠴᠡᠯᠡᠨ ᠴᠡᠪᠡᠷᠯᠡᠵᠤ᠂ ᠵᠠᠭᠠᠭ ᠬᠠᠶᠢᠵᠤ ᠪᠠᠷᠢᠮᠵᠢᠶ᠎ᠠ | ᠲᠣᠭᠲᠠᠭᠠᠬᠤ ᠪᠠ ᠴᠢᠳᠠᠪᠬᠢᠳᠤ ᠲᠤᠭᠤᠷᠢᠭ ᠲᠤ ᠲᠣᠬᠢᠷᠠᠭᠤᠯᠤᠯᠲᠠ ᠬᠢᠬᠦ ᠶᠢ ᠪᠡᠶᠡᠯᠡᠭᠦᠯᠪᠠ︔ ᠤᠰᠤᠨ ᠤ ᠡᠬᠢ | ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠤᠨ᠂ ︽ᠭᠤᠣᠯ ︵ᠨᠠᠭᠤᠷ︶ | ᠤᠨ ᠳᠠᠷᠤᠭ᠎ᠠ ᠶᠢᠨ ᠲᠦᠷᠢᠮ︾ ᠢ ᠪᠦᠬᠦ ᠲᠠᠯ᠎ᠠ ᠪᠠᠷ ᠡᠬᠢᠯᠡᠭᠦᠯᠵᠦ᠂ ᠤᠷᠤᠰᠬᠠᠯ ᠰᠠᠪᠠ ᠭᠠᠵᠠᠷ ᠤᠨ ᠣᠷᠴᠢᠨ | ᠠᠬᠤᠶ ᠶᠢᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ︽ᠲᠦᠷᠪᠡ ᠶᠢ ᠴᠡᠭᠴᠡᠯᠡᠬᠦ︾ ᠲᠤᠰᠬᠠᠶ | ᠠᠵᠢᠯᠯᠠᠭ᠎ᠠ ᠢᠯᠡᠳᠲᠡ ᠦᠷ᠎ᠡ ᠪᠦᠲᠦᠮᠵᠢ ᠤᠯᠪᠠ᠃ | ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠨᠠᠮᠳᠠᠭᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ︽ | ᠭᠠᠳᠠᠨ᠎ᠠ ᠠᠴᠠ ᠬᠠᠯᠳᠠᠪᠤᠷᠢᠯᠡᠬᠤ ᠶᠢ ᠰᠡᠷᠬᠡᠶᠢᠯᠡᠵᠤ᠂ ᠲᠤᠳᠤᠭᠠᠳᠤ ᠳᠤ ᠲᠡᠬᠢᠨ ᠲᠡᠯᠬᠡᠷᠡᠬᠦ ᠠᠴᠠ ᠰᠡᠷᠬᠡᠶᠢᠯᠡᠬᠦ︾ | ᠰᠡᠷᠭᠡᠶᠢᠯᠡᠨ ᠡᠵᠡᠮᠳᠡᠬᠦ ᠶᠠᠷᠤᠩᠬᠡᠢ ᠱᠠᠭᠠᠷᠳᠠᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ ᠬᠤᠯᠪᠤᠭᠠᠯᠠᠨ ᠰᠡᠷᠬᠡᠶᠢᠯᠡᠵᠤ | ᠬᠤᠯᠪᠤᠭᠠᠯᠠᠨ ᠡᠵᠡᠮᠳᠡᠬᠦ᠂ ᠬᠠᠮᠳᠤ ᠪᠠᠷ ᠰᠡᠷᠬᠡᠶᠢᠯᠡᠵᠤ ᠬᠠᠮᠳᠤ ᠪᠠᠷ ᠵᠠᠰᠠᠬᠤ ᠵᠤᠬᠢᠴᠠᠮᠵᠢ ᠶᠢᠨ ᠦᠢᠯᠡᠳᠤᠯ ᠢ | ᠬᠦᠢᠴᠡᠳ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠤᠷᠢᠭᠯᠠᠯᠳᠠ ᠶᠢᠨ ᠲᠠᠶᠢᠯᠠᠯᠳᠤᠭᠠᠨ ᠤ | ᠢᠯᠠᠯᠳᠠ ᠶᠢ ᠤᠯᠪᠠ︔ ᠵᠠᠰᠠᠭ ᠤᠨ ᠣᠷᠳᠣᠨ ᠤ ᠥᠷᠢ ᠥᠭᠴᠡᠭᠡ ᠶᠢ ᠬᠦᠴᠤᠯᠠᠨ ᠴᠠᠶᠢᠷᠠᠭᠤᠯᠵᠤ᠂ ᠳᠠᠯᠳᠠ ᠥᠷᠢ | ᠥᠭᠴᠡᠭᠡ ᠶᠢ ᠨᠡᠶᠢᠲᠡ 13.12 ᠳ᠋ᠦᠩᠰᠢᠭᠤᠷ ᠲᠥᠭᠦᠷᠢᠭ ᠴᠠᠶᠢᠷᠠᠭᠤᠯᠵᠤ᠂ ᠥᠷᠢ ᠥᠭᠴᠡᠭᠡ ᠶᠢᠨ | ᠲᠦᠭᠰᠢᠭᠦᠷᠢ ᠶᠢᠨ ᠲᠠᠰ ᠤᠯᠠᠭᠠᠨ ᠠᠴᠠ ᠤᠯᠠᠪᠢᠷ ᠪᠤᠯᠪᠠ᠃ ᠥᠨᠳᠥᠷ ᠬᠦᠤ ᠲᠠᠢ ᠵᠢᠭᠡᠯᠡᠯᠭᠡ ᠶᠢ ᠪᠥᠬᠦ ᠲᠠᠯ᠎ᠠ ᠪᠠᠷ | ᠴᠡᠭᠴᠡᠯᠡᠨ ᠵᠠᠰᠠᠵᠤ᠂ ᠠᠷᠠᠳ ᠤᠨ ᠬᠤᠭᠤᠷᠣᠨᠳᠣᠬᠢ ᠵᠢᠭᠡᠯᠡᠯᠭᠡ ᠶᠢᠨ ᠡᠮᠬᠢ ᠳᠢᠭᠯᠢᠮ ᠢ ᠲᠠᠰᠤᠷᠠᠯᠲᠠ ᠥᠬᠡᠶ | ᠵᠢᠷᠤᠮᠵᠢᠭᠤᠯᠤᠨ᠂ ᠮᠠᠯᠴᠢᠳ ᠤᠨ ᠥᠨᠳᠥᠷ ᠬᠦᠤ ᠲᠠᠢ ᠵᠢᠭᠡᠯᠡᠯᠭᠡ ᠶᠢ ᠬᠥᠳᠡᠯᠦᠩᠭᠦᠶ ᠪᠠᠷ ᠴᠡᠭᠴᠡᠯᠡᠪᠡ︔ ᠬᠡᠷ | ᠪᠠᠶᠢᠰᠢᠩ ᠭᠠᠵᠠᠷ ᠰᠢᠷᠣᠶ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠠᠰᠠᠭᠤᠳᠠᠯ ᠢ ᠬᠦᠴᠦᠯᠡᠨ | ᠰᠢᠢᠳᠪᠤᠷᠢᠯᠡᠵᠤ᠂ 9 ᠰᠠᠭᠤᠭᠠᠯᠢ ᠲᠣᠭᠤᠷᠢᠭ ᠲᠤ ᠦᠨᠡᠮᠯᠡᠯ ᠬᠦᠢᠴᠡᠳᠬᠡᠬᠦ ᠨᠥᠬᠦᠴᠡᠯ ᠢ ᠪᠦᠷᠢᠳᠦᠭᠦᠯᠦᠭᠰᠡᠨ ᠪᠠᠶᠢᠨ᠎ᠠ | ᠃ | — ᠲᠦᠷᠪᠡᠨ ᠵᠢᠯ ᠤᠨ ᠲᠤᠷᠰᠢ᠂ ᠪᠢᠳᠡ ᠬᠤᠳᠠ ᠬᠥᠳᠡᠭᠡ ᠶᠢᠨ ᠬᠦᠭᠵᠢᠯᠳᠠ ᠶᠢ ᠨᠢᠬᠡᠳᠤᠯᠳᠡᠢ | ᠲᠦᠯᠤᠪᠵᠢᠬᠦᠯᠵᠤ᠂ ᠰᠠᠭᠤᠷᠢ ᠲᠥᠬᠦᠭᠡᠷᠦᠮᠵᠢ ᠶᠢᠨ ᠪᠠᠳᠤᠯᠠᠭ᠎ᠠ ᠶᠢᠨ ᠴᠢᠳᠠᠪᠤᠷᠢ ᠢᠯᠡᠳᠲᠡ ᠳᠡᠭᠡᠭᠰᠢᠯᠡᠪᠡ᠃ | ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ | ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠨᠡᠶᠢᠲᠡ 6.45 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠂ 2380 ᠡᠷᠤᠬᠡ ᠶᠢᠨ ᠳᠥᠭᠦᠮ ᠪᠦᠳᠤᠴᠠᠳᠤ ᠣᠷᠣᠨ | ᠰᠠᠭᠤᠴᠠ ᠪᠠ 17 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠡ ᠰᠠᠶᠢᠵᠢᠷᠠᠭᠤᠯᠵᠤ᠂ 24 ᠲᠦᠮᠡᠨ ᠲᠡᠭᠰᠢ | ᠳᠥᠷᠪᠡᠯᠵᠢᠨ ᠮᠧᠲᠷ ᠵᠡᠭᠡᠯᠢ ᠭᠤᠳᠤᠮᠵᠢ ᠶᠢ ᠥᠷᠭᠡᠳᠬᠡᠨ ᠪᠠᠶᠢᠭᠤᠯᠵᠤ᠂ 54.3 ᠺᠢᠯᠣᠮᠧᠲᠷ ᠤᠨ ᠲᠤᠯᠠᠭᠠᠯᠭ᠎ᠠ | ᠬᠠᠩᠭᠠᠬᠤ ᠲᠤᠤᠷ ᠬᠤᠭᠤᠯᠠᠶ᠂ 45.2 ᠺᠢᠯᠤᠮᠧᠲᠷ ᠤᠨ ᠲᠦᠬᠡᠬᠡᠯ ᠤᠰᠤ ᠬᠠᠩᠭᠠᠵᠤ ᠪᠤᠬᠢᠷ ᠤᠰᠤ | ᠭᠠᠳᠠᠭᠰᠢᠯᠠᠭᠤᠯᠬᠤ ᠬᠤᠭᠤᠯᠠᠶ ᠶᠢ ᠰᠢᠨ᠎ᠠ ᠪᠠᠷ ᠪᠠᠶᠢᠭᠤᠯᠤᠭᠰᠡᠨ ᠪᠤᠶᠤ ᠰᠠᠯᠪᠢᠨ ᠵᠠᠰᠠᠵᠤ᠂ ᠬᠤᠲᠠ ᠪᠠᠯᠭᠠᠰᠤᠨ ᠤ | ᠲᠦᠬᠡᠬᠡᠯ ᠤᠰᠤ ᠬᠠᠩᠭᠠᠵᠤ᠂ ᠪᠣᠬᠢᠷ ᠤᠰᠤ ᠰᠢᠢᠳᠪᠤᠷᠢᠯᠡᠭᠰᠡᠨ ᠨᠣᠷᠮ᠎ᠠ ᠶᠢ ᠲᠣᠰ ᠲᠣᠰ 100% ᠪᠠ 98. | 5% ᠳᠤ ᠬᠦᠷᠬᠡᠨ᠂ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ᠂ | ᠨᠤᠭᠤᠭᠠᠷᠠᠭᠤᠯᠤᠭᠰᠡᠨ ᠭᠠᠵᠡᠷ ᠤᠨ ᠨᠣᠷᠮ᠎ᠠ᠂ ᠬᠥᠮᠦᠨ ᠳᠤᠮᠳᠠᠴᠢ ᠴᠡᠴᠡᠷᠯᠢᠭ ᠤᠨ ᠨᠤᠭᠤᠭᠠᠷᠠᠭᠤᠯᠤᠭᠰᠡᠨ ᠲᠠᠯᠠᠪᠠᠶ | ᠲᠣᠰ ᠲᠣᠰ 21.7%᠂ 24.3% ᠪᠠ 11.9 ᠲᠡᠭᠰᠢ ᠳᠥᠷᠪᠡᠯᠵᠢᠨ ᠮᠧᠲᠷ ᠲᠤ ᠬᠦᠷᠴᠤ᠂ ᠭᠤᠤᠯ ᠵᠡᠭᠡᠯᠢ᠂ | ᠬᠤᠲᠠ ᠲᠣᠭᠤᠷᠢᠭᠰᠠᠨ ᠵᠠᠮ᠂ ᠤᠡᠴᠠᠯᠢᠭᠳᠤ ᠪᠠᠷᠢᠯᠭ᠎ᠠ ᠪᠦᠬᠦᠨ ᠢ ᠭᠤᠸᠠᠵᠢᠭᠤᠯᠵᠤ᠂ ᠬᠤᠲᠠ ᠪᠠᠯᠭᠠᠰᠤᠨ ᠤ | ᠰᠠᠭᠤᠷᠢ ᠲᠦᠬᠦᠬᠡᠷᠤᠮᠵᠢ ᠶᠢᠨ ᠨᠦᠬᠦᠴᠡᠯ ᠲᠠᠰᠤᠷᠠᠯᠲᠠ ᠥᠬᠡᠶ ᠰᠠᠶᠢᠵᠢᠷᠠᠪᠠ᠃ | ᠮᠠᠯᠵᠢᠬᠤ ᠣᠷᠣᠨ ᠤ ᠰᠠᠭᠤᠷᠢ ᠲᠦᠬᠦᠬᠡᠷᠤᠮᠵᠢ ᠶᠢᠨ ᠨᠥᠬᠦᠴᠡᠯ ᠢ ᠲᠠᠰᠤᠷᠠᠯᠲᠠ ᠥᠬᠡᠶ ᠪᠦᠷᠢᠡᠰᠢᠬᠦᠯᠪᠠ᠃ 9. | 56 ᠲᠦᠮᠡᠨ ᠲᠡᠭᠰᠢ ᠳᠥᠷᠪᠡᠯᠵᠢᠨ ᠮᠧᠲᠷ ᠤᠨ ᠳᠤᠯᠠᠭᠠᠨ ᠫᠸᠡᠭ ᠰᠠᠷᠠᠪᠴᠢ᠂ 3.57 ᠲᠦᠮᠡᠨ ᠲᠡᠭᠰᠢ | ᠳᠥᠷᠪᠡᠯᠵᠢᠨ ᠮᠧᠲᠷ ᠤᠨ ᠡᠪᠡᠰᠦ ᠬᠠᠳᠠᠭᠠᠯᠠᠬᠤ ᠫᠸᠡᠭ ᠢ ᠰᠢᠨ᠎ᠡ ᠪᠠᠷ ᠪᠠᠶᠢᠭᠤᠯᠵᠤ᠂ ᠮᠠᠯ ᠪᠦᠷᠢ ᠶᠢᠨ | ᠲᠡᠭᠰᠢᠳᠬᠡᠭᠰᠡᠨ ᠲᠠᠯᠠᠪᠠᠢ 1.4 ᠲᠡᠭᠰᠢ ᠳᠥᠷᠪᠡᠯᠵᠢᠨ ᠮᠧᠲᠷ ᠲᠤ ᠬᠦᠷᠴᠦ᠂ ᠰᠢᠨ᠎ᠠ ᠪᠠᠷ 777 ᠤᠰᠤᠨ | ᠰᠤᠷᠪᠤᠯᠵᠢ ᠶᠢᠨ ᠬᠤᠳᠳᠤᠭ᠂ ᠤᠰᠤᠨ ᠵᠣᠭᠤᠷᠢ 47 ᠶᠢ ᠪᠠᠶᠢᠭᠤᠯᠵᠤ᠂ 5620 ᠢᠵᠢ ᠤᠰᠤ ᠴᠡᠪᠡᠷᠰᠢᠭᠦᠯᠬᠦ | ᠲᠥᠬᠦᠭᠡᠷᠦᠮᠵᠢ ᠤᠭᠰᠠᠷᠠᠵᠤ᠂ 312 ᠺᠢᠯᠣᠮᠧᠲᠷ ᠴᠠᠬᠢᠯᠭᠠᠨ ᠤᠲᠠᠰᠤ ᠲᠠᠲᠠᠨ᠂ 238 ᠮᠠᠯᠵᠢᠬᠤ ᠡᠷᠦᠬᠡ ᠳᠤ | ᠴᠠᠬᠢᠯᠭᠠᠨ ᠨᠡᠪᠲᠡᠷᠡᠭᠦᠯᠵᠦ᠂ ᠨᠡᠶᠢᠲᠡ 2110 ᠡᠷᠦᠬᠡ ᠳᠤ ᠬᠦᠷᠪᠡ᠃ ᠰᠢᠯᠢᠩᠬᠤᠳᠠ ᠠᠴᠠ ᠡᠷᠢᠶᠠᠨ ᠬᠦᠷᠬᠦ ᠲᠡᠮᠦᠷ | ᠵᠠᠮ ᠢ ᠲᠡᠷᠭᠡ ᠨᠡᠪᠲᠡᠷᠡᠭᠦᠯᠦᠨ᠂ 303᠂ 331 ᠤᠯᠤᠰ ᠤᠨ ᠲᠡᠰ ᠤᠨ ᠵᠠᠰᠠᠮᠠᠯ ᠵᠠᠮ ᠤᠨ ᠠᠪᠠᠭ᠎ᠠ ᠬᠤᠰᠢᠭᠤᠨ ᠤ | ᠬᠡᠰᠡᠭ ᠢ ᠲᠠᠰ ᠲᠠᠪᠰᠢᠬᠦᠯᠬᠦ ᠶᠢ ᠪᠡᠶᠡᠯᠡᠭᠦᠯᠵᠦ᠂ ᠮᠠᠨᠢᠳᠤ ᠠᠴᠠ ᠷᠡᠰᠢᠶᠠᠨ ᠬᠦᠷᠬᠦ ᠵᠠᠰᠠᠮᠠᠯ ᠵᠠᠮ ᠢ ᠲᠡᠷᠭᠡ | ᠨᠡᠪᠲᠡᠷᠡᠭᠦᠯᠦᠨ᠂ ᠴᠠᠭᠠᠨᠨᠠᠭᠤᠷ ᠵᠢᠩ ᠨᠸᠡᠭ ᠴᠠᠬᠢᠯᠭᠠᠨ ᠦᠢᠯᠡᠳᠪᠤᠷᠢ ᠶᠢᠨ ᠬᠡᠰᠡᠭ ᠤᠨ ᠵᠠᠰᠠᠮᠠᠯ ᠵᠠᠮ ᠢ ᠪᠠᠷᠢᠯᠭ᠎ᠠ | ᠡᠬᠢᠯᠡᠭᠦᠯᠦᠨ ᠪᠥᠲᠥᠭᠡᠨ ᠪᠠᠶᠢᠭᠤᠯᠵᠤ᠂ ᠮᠠᠯᠵᠢᠬᠤ ᠣᠷᠣᠨ ᠤ ᠵᠠᠰᠠᠮᠠᠯ ᠵᠠᠮ ᠢ 397 ᠺᠢᠯᠣᠮᠧᠲᠷ ᠥᠭᠡᠷᠡᠴᠢᠯᠡᠨ | ᠵᠠᠰᠠᠵᠤ᠂ 4G ᠶᠢᠨ ᠰᠠᠭᠤᠷᠢ ᠥᠷᠲᠡᠭᠡ 64 ᠶᠢ ᠪᠠᠶᠢᠭᠤᠯᠤᠨ᠂ 5G ᠶᠢᠨ ᠰᠠᠭᠤᠷᠢ ᠥᠷᠲᠡᠭᠡ 31 ᠶᠢ | ᠨᠠᠪᠳᠠᠷᠠᠬᠦᠯᠵᠤ᠂ ᠪᠥᠬᠦ ᠬᠤᠰᠢᠭᠤᠨ ᠤ 71 ᠭᠠᠴᠠᠭᠠᠨ ᠤ ᠨᠠᠮ ᠤᠨ ᠭᠡᠰᠢᠭᠦᠨ ᠤ ᠬᠦᠳᠡᠯᠬᠡᠬᠡᠨ ᠤ ᠲᠥᠪ ᠲᠤ ᠴᠥᠮ | ᠤᠲᠠᠰᠤᠲᠤ ᠰᠦᠯᠵᠢᠶ᠎ᠠ ᠶᠢ ᠤᠭᠰᠠᠷᠠᠨ᠂ ᠰᠢᠨ᠎ᠠ ᠪᠠᠷ ᠮᠠᠯᠵᠢᠬᠤ ᠣᠷᠣᠨ ᠤ ᠠᠮᠢᠳᠤᠷᠠᠯ ᠤᠨ ᠬᠠᠶᠠᠭᠳᠠᠮᠠᠯ ᠪᠣᠳᠠᠰ ᠢ | ᠰᠢᠢᠳᠪᠤᠷᠢᠯᠡᠬᠦ ᠦᠷᠳᠡᠭᠡ 7 ᠶᠢ ᠪᠠᠶᠢᠭᠤᠯᠵᠤ᠂ 2378 ᠡᠷᠦᠬᠡ ᠶᠢᠨ ᠵᠤᠷᠯᠤᠩ ᠢ ᠥᠭᠡᠷᠡᠴᠢᠯᠡᠨ ᠰᠠᠶᠢᠵᠢᠷᠠᠭᠤᠯᠵᠤ | ᠂ 1039 ᠰᠠᠤᠷᠢ ᠮᠠᠯ ᠠᠵᠤ ᠠᠬᠤᠶ ᠶᠢᠨ ᠮᠠᠰᠢᠨ ᠮᠧᠬᠠᠨᠢᠭ ᠲᠤ ᠨᠦᠬᠦᠪᠤᠷᠢ ᠤᠯᠭᠤᠵᠤ᠂ ᠰᠦᠯᠵᠢᠶᠠᠨ ᠤ | ᠲᠤᠷᠡᠨ ᠢᠶᠠᠷ ᠬᠢᠨᠠᠨ ᠡᠵᠡᠮᠳᠡᠬᠦ᠂ ᠠᠦ᠋ᠲ᠋ᠤᠴᠢᠯᠠᠭᠰᠡᠨ ᠤᠰᠤ ᠲᠠᠲᠠᠬᠤ ᠵᠡᠷᠭᠡ ᠨᠢᠭᠡ ᠪᠦᠯᠦᠭ ᠣᠳᠣᠬᠢᠴᠢᠯᠠᠭᠰᠠᠨ ᠮᠠᠯ | ᠠᠵᠤ ᠠᠬᠤᠶ ᠶᠢᠨ ᠦᠢᠯᠡᠳᠪᠦᠷᠢᠯᠡᠯ ᠤᠨ ᠲᠥᠬᠦᠭᠡᠷᠦᠮᠵᠢ ᠶᠢ ᠠᠰᠢᠭᠯᠠᠯᠲᠠ ᠳᠤ ᠣᠷᠣᠭᠤᠯᠪᠡ᠃ | — ᠲᠦᠷᠪᠡᠨ ᠵᠢᠯ ᠤᠨ ᠲᠤᠷᠰᠢ᠂ ᠪᠢᠳᠡ ᠥᠭᠡᠷᠡᠴᠢᠯᠡᠯᠲᠡ ᠨᠡᠭᠡᠭᠡᠯᠳᠡ ᠶᠢ ᠭᠦᠨᠵᠡᠭᠡᠶᠢᠷᠡᠭᠦᠯᠵᠦ᠂ | ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠦᠷᠭᠦᠯᠵᠢᠯᠡᠨ ᠪᠠᠳᠠᠷᠠᠭᠤᠯᠪᠠ᠃ | ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠠᠵᠤ ᠠᠬᠤᠶ᠂ ᠠᠮᠢ ᠠᠬᠤᠶ ᠪᠠ ᠨᠡᠶᠢᠭᠡᠮ ᠤᠨ | ᠬᠦᠷᠢᠶ᠎ᠠ ᠬᠡᠪᠴᠢᠶᠠᠨ ᠳᠠᠬᠢ 284 ᠲᠦᠷᠤᠯ ᠵᠦᠢᠯ ᠤᠨ ᠥᠭᠡᠷᠡᠴᠢᠯᠡᠯᠲᠡ ᠶᠢ ᠪᠡᠶᠡᠯᠡᠭᠦᠯᠪᠡ᠃ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠤᠨ᠂ ᠵᠠᠰᠠᠭ ᠤᠨ ᠣᠷᠳᠣᠨ ᠤ ᠪᠠᠶᠢᠭᠤᠯᠤᠮᠵᠢ ᠶᠢ 28 ᠪᠤᠯᠭᠠᠨ | ᠲᠤᠬᠢᠷᠠᠭᠤᠯᠵᠤ᠂ ᠠᠵᠢᠯ ᠦᠢᠯᠡᠰ ᠤᠨ ᠨᠢᠭᠡᠴᠡ ᠶᠢ 110 ᠪᠤᠯᠭᠠᠨ ᠲᠤᠬᠢᠷᠠᠭᠤᠯᠵᠤ᠂ ᠠᠪᠠᠭ᠎ᠠ ᠬᠤᠰᠢᠭᠤᠨ ᠤ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ | ᠺᠣᠮᠫᠠᠨᠢ ᠶᠢ ᠪᠠᠶᠢᠭᠤᠯᠵᠤ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢ ᠲᠠᠷᠢᠶᠠᠯᠠᠩ ᠬᠤᠳᠠᠯᠳᠤᠭᠠᠨ ᠤ | ᠪᠠᠩᠬᠢ ᠪᠤᠯᠭᠠᠨ ᠦᠬᠡᠷᠡᠴᠢᠯᠡᠬᠦ ᠠᠵᠢᠯ ᠢ ᠪᠡᠶᠡᠯᠡᠭᠦᠯᠪᠠ︔ ᠵᠠᠰᠠᠭ ᠢ ᠴᠣᠮᠬᠠᠳᠬᠠᠨ ᠡᠷᠬᠡ ᠶᠢ ᠪᠠᠭᠤᠯᠭᠠᠬᠤ ᠶᠢ | ᠭᠦᠨᠵᠡᠭᠡᠶ ᠳᠥᠯᠭᠢᠨ ᠠᠬᠢᠭᠤᠯᠵᠤ᠂ 6165 ᠲᠦᠷᠤᠯ ᠤᠨ ᠵᠠᠰᠠᠭ ᠵᠠᠬᠢᠷᠭᠠᠨ ᠤ ᠡᠷᠬᠡ ᠲᠤᠰᠢᠶᠠᠯ ᠢ ᠡᠮᠬᠢᠯᠡᠨ | ᠳᠢᠭᠯᠡᠵᠦ᠂ ᠰᠤᠮᠤ ᠪᠠᠯᠭᠠᠰᠤᠨ ᠳᠤ 99 ᠲᠦᠷᠤᠯ ᠤᠨ ᠵᠠᠰᠠᠭ ᠵᠠᠬᠢᠷᠭᠠᠨ ᠤ ᠡᠷᠬᠡ ᠲᠤᠰᠢᠶᠠᠯ ᠢ ᠲᠤᠷᠤᠭᠰᠢ | ᠪᠠᠭᠤᠯᠭᠠᠪᠠ︔ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠠᠰᠤᠷᠠᠯᠲᠠ ᠥᠬᠡᠶ | ᠭᠦᠨᠵᠡᠭᠡᠶᠢᠷᠡᠭᠦᠯᠦᠨ᠂ ︽ᠬᠤᠤᠰ ᠲᠤᠭᠳᠠᠮᠠᠯ ᠪᠤᠰᠤ ᠨᠢᠭᠡ ᠢᠯᠡ ᠨᠠᠶᠢᠳᠠᠯᠠᠬᠦ︾ ᠶᠢ ᠠᠬᠢᠭᠤᠯᠵᠤ᠂ ︽ᠣᠯᠠᠨ | ᠦᠨᠡᠮᠯᠡᠯ ᠢ ᠨᠢᠬᠡᠳᠬᠡᠬᠦ︾᠂ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠬᠡᠬᠦ︾ ᠶᠢ ᠪᠡᠶᠡᠯᠡᠭᠦᠯᠦᠨ᠂ ᠠᠵᠤ | ᠠᠬᠤᠶᠢᠯᠠᠯ ᠤᠨ ᠳᠡᠩᠰᠡᠯᠡᠨ ᠲᠡᠮᠳᠡᠭᠯᠡᠬᠦ ᠪᠥᠬᠦ ᠶᠠᠪᠤᠴᠠ ᠶᠢ ᠡᠯᠧᠺᠲᠷᠣᠡᠴᠢᠯᠡᠨ᠂ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠵᠥᠢᠯᠡᠰ ᠢ ᠰᠦᠯᠵᠢᠶᠡᠨ ᠳᠡᠭᠡᠷ᠎ᠡ ᠬᠦᠢᠴᠡᠳᠬᠡᠬᠦ ᠨᠣᠷᠮ᠎ᠠ ᠶᠢ 100% ᠳᠤ ᠬᠦᠷᠬᠡᠵᠤ᠂ | ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠳᠤ ᠨᠡᠶᠢᠲᠡ 8 ᠲᠦᠮᠡᠨ ᠬᠤᠪᠢ ᠤᠴᠢᠷ ᠶᠠᠪᠤᠳᠠᠯ ᠢ | ᠬᠦᠢᠴᠡᠳᠬᠡᠪᠡ᠃ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠵᠥᠢᠯᠡᠰ ᠢ ᠪᠥᠬᠦ ᠣᠷᠣᠨ ᠤ ︽ᠨᠢᠭᠡ | ᠰᠦᠯᠵᠢᠶ᠎ᠡ︾ ᠶᠢᠨ ᠲᠠᠪᠴᠠᠩ ᠢᠶᠠᠷ ᠬᠦᠢᠴᠡᠳᠬᠡᠵᠤ᠂ ᠭᠠᠶᠢᠯᠢ ᠶᠢᠨ ᠪᠤᠰᠤ ᠣᠷᠣᠯᠭ᠎ᠠ ᠶᠢ ᠬᠤᠷᠢᠶᠠᠨ ᠲᠤᠰᠢᠶᠠᠬᠤ | ᠠᠵᠢᠯ ᠢ ᠡᠯᠧᠺᠲᠷᠤᠡᠴᠢᠯᠡᠬᠦ ᠥᠭᠡᠷᠡᠴᠢᠯᠡᠯᠲᠡ ᠶᠢ ᠪᠡᠶᠡᠯᠡᠭᠦᠯᠪᠠ᠃ ᠮᠠᠯᠵᠢᠬᠤ ᠣᠷᠣᠨ ᠤ ᠬᠠᠮᠲᠤ ᠶᠢᠨ ᠦᠮᠴᠢᠯᠡᠯ ᠤᠨ | ᠲᠥᠷᠢᠮ ᠤᠨ ᠥᠭᠡᠷᠡᠴᠢᠯᠡᠯᠲᠡ ᠶᠢ ᠲᠥᠯᠬᠢᠨ ᠠᠬᠢᠭᠤᠯᠵᠤ᠂ ᠭᠠᠴᠠᠭᠠᠨ ᠤ ᠬᠤᠪᠢ ᠣᠷᠣᠭᠤᠯᠤᠭᠰᠠᠨ ᠠᠵᠤ | ᠠᠬᠤᠶ ᠶᠢᠨ ᠬᠤᠷᠰᠢᠶᠠᠵᠢᠯ ᠪᠠᠶᠢᠭᠤᠯᠤᠨ᠂ 1.2 ᠳ᠋ᠦᠩᠰᠢᠭᠤᠷ ᠲᠥᠭᠦᠷᠢᠭ ᠤᠨ ᠦᠪ ᠬᠥᠷᠥᠩᠭᠡ ᠶᠢ ᠬᠢᠨᠡᠨ | ᠬᠠᠷᠭᠤᠭᠤᠯᠵᠤ᠂ ᠮᠠᠯᠵᠢᠬᠤ ᠣᠷᠣᠨ ᠤ ᠬᠠᠮᠲᠤ ᠶᠢᠨ ︽ᠭᠤᠷᠪᠠᠨ ᠬᠦᠷᠤᠩᠬᠡ︾ ᠶᠢᠨ ᠬᠠᠮᠢᠶᠠᠷᠤᠯᠲᠠ ᠶᠢᠨ ᠲᠠᠪᠴᠠᠩ | ᠢ ᠠᠵᠢᠯᠯᠠᠭᠤᠯᠤᠨ᠂ ᠣᠷᠣᠨ ᠰᠠᠭᠤᠴᠠ ᠶᠢᠨ ᠥᠮᠴᠢᠯᠡᠬᠦ ᠡᠷᠬᠡ ᠶᠢᠨ ᠦᠨᠡᠮᠯᠡᠯ ᠢ 3982 ᠬᠤᠪᠢ ᠣᠯᠭᠤᠵᠤ᠂ | 71 ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠨᠠᠶᠢᠳᠠᠮ ᠳᠤᠨᠢ 10 ᠲᠦᠮᠡᠨ ᠲᠥᠭᠦᠷᠢᠭ ᠠᠴᠠ | ᠲᠠᠪᠠᠭᠤᠯᠪᠠ᠃ ᠪᠥᠬᠦ ᠣᠷᠣᠨ ᠳᠤ ᠳᠠᠭᠠᠳᠬᠠᠯ ᠢᠶᠠᠷ ᠶᠠᠳᠠᠭᠤ ᠶᠢ ᠲᠡᠳᠬᠦᠬᠦ ᠰᠢᠨ᠎ᠡ ᠵᠠᠭᠪᠤᠷ ᠢ ᠠᠩᠬ᠎ᠠ ᠡᠭᠦᠳᠴᠦ᠂ | ᠥᠪᠡᠷᠲᠡᠭᠡᠨ ᠵᠠᠰᠠᠬᠤ ᠣᠷᠣᠨ ᠤ ︽ᠳᠠᠭᠠᠳᠬᠠᠯ ᠢᠶᠠᠷ ᠶᠠᠳᠠᠭᠤ ᠶᠢ ᠲᠡᠳᠬᠦᠬᠦ ᠵᠢᠱᠢᠶ᠎ᠡ ᠦᠵᠡᠭᠦᠯᠬᠦ ᠬᠤᠰᠢᠭᠤ︾ ᠶᠢᠨ | ᠢᠷᠠᠭᠤ ᠠᠯᠳᠠᠷ ᠢ ᠭᠥᠷᠳᠡᠪᠡ᠃ ᠭᠠᠳᠠᠭᠰᠢ ᠨᠡᠬᠡᠬᠡᠯᠳᠡ ᠬᠢᠬᠦ ᠠᠬᠢᠴᠠ ᠪᠠᠨ ᠲᠠᠰᠤᠷᠠᠯᠲᠠ ᠦᠭᠡᠶ ᠲᠦᠷᠭᠡᠳᠬᠡᠵᠤ᠂ | ᠤᠷᠢᠳ ᠬᠤᠵᠢᠳ ᠳᠥᠷᠪᠡᠨ ᠬᠤᠭᠤᠴᠠᠭᠠᠨ ᠤ ᠳᠤᠮᠳᠠᠳᠤ ᠮᠣᠩᠭᠤᠯ ᠤᠨ ᠦᠨᠳᠦᠰᠦᠲᠡᠨ ᠤ ᠲᠠᠸᠠᠷ ᠤᠨ | ᠰᠣᠯᠢᠯᠴᠠᠭᠠᠨ ᠤ ᠴᠤᠭᠯᠠᠭᠠᠨ ᠢ ᠡᠷᠭᠢᠯᠡᠨ᠂ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠳᠤᠮᠳᠠᠳᠤ ᠤᠯᠤᠰ ᠤᠨ | ᠣᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ᠂ ᠳᠤᠮᠳᠠᠳᠤ ᠮᠣᠩᠭᠤᠯ | ᠣᠷᠣᠰ ᠤᠨ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠵᠥᠪᠳᠡᠯᠴᠡᠬᠡᠷ ᠤᠨ ᠬᠤᠷᠠᠯ ᠵᠡᠷᠭᠡ ᠴᠢᠬᠤᠯᠠ ᠶᠡᠭᠡ | ᠦᠵᠡᠰᠬᠦᠯᠡᠩ ᠳᠤ 21 ᠤᠳᠠᠭ᠎ᠠ ᠣᠷᠣᠯᠴᠠᠭᠤᠯᠵᠤ᠂ ᠠᠶᠢᠮᠠᠭ ᠤᠨ ᠭᠠᠳᠠᠨᠠᠬᠢ 40 ᠲᠥᠷᠥᠯ ᠵᠥᠢᠯ ᠢ ᠤᠷᠢᠨ | ᠣᠷᠣᠭᠤᠯᠵᠤ᠂ 99 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠨᠠᠶᠢᠳᠠᠪᠤᠷᠢᠵᠢᠭᠤᠯᠪᠠ᠃ | — ᠳᠦᠷᠪᠡᠨ ᠵᠢᠯ ᠤᠨ ᠲᠤᠷᠰᠢ᠂ ᠪᠢᠳᠡ ᠤᠯᠠᠨ ᠲᠦᠮᠡᠨ ᠤ ᠪᠠᠴᠢᠮ ᠲᠤᠯᠭᠠᠮ᠎ᠠ ᠱᠠᠭᠠᠷᠳᠠᠭᠳᠠᠵᠤ ᠪᠠᠶᠢᠬᠤ | ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠲᠦᠮᠡᠨ ᠤ ᠵᠤᠯ ᠵᠢᠷᠭᠠᠯᠳᠤ ᠰᠡᠳᠬᠢᠭᠳᠡᠯ ᠢ ᠦᠷᠭᠦᠯᠵᠢᠯᠡᠨ | ᠨᠡᠮᠡᠭᠳᠡᠬᠦᠯᠪᠠ᠃ | ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ᠨᠡᠶᠢᠲᠡ 9.3 | ᠳ᠋ᠦᠩᠰᠢᠭᠤᠷ ᠲᠥᠭᠦᠷᠢᠭ ᠤᠨ ᠨᠠᠰᠤᠵᠢᠯ ᠤᠨ ᠠᠰᠠᠷᠠᠮᠵᠢ ᠶᠢᠨ ᠮᠥᠩᠭᠦ᠂ 4318 ᠲᠦᠮᠡᠨ ᠲᠦᠬᠦᠷᠢᠭ ᠤᠨ ᠡᠯ᠎ᠡ | ᠲᠥᠷᠥᠯ ᠤᠨ ᠠᠪᠤᠷᠠᠨ ᠲᠤᠰᠠᠯᠠᠬᠤ ᠮᠥᠩᠭᠦ᠂ 785 ᠲᠦᠮᠡᠨ ᠲᠥᠭᠦᠷᠢᠭ ᠤᠨ ᠥᠨᠳᠥᠷ ᠨᠠᠰᠤᠨ ᠤ ᠨᠦᠬᠦᠪᠤᠷᠢ᠂ 2. | 43 ᠳ᠋ᠦᠩᠰᠢᠭᠤᠷ ᠲᠥᠭᠦᠷᠢᠭ ᠤᠨ ᠡᠮ ᠡᠮᠨᠡᠯᠭᠡ ᠶᠢᠨ ᠵᠠᠷᠤᠳᠠᠯ ᠢ ᠴᠠᠶᠢᠷᠠᠭᠤᠯᠵᠤ᠂ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ 95% ᠳᠤ ᠬᠥᠷᠪᠡ᠃ ᠠᠵᠢᠯ | ᠣᠯᠭᠤᠯᠲᠠ ᠶᠢᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠬᠤᠳᠠ ᠪᠠᠯᠭᠠᠰᠤᠨ ᠤ 2727 ᠬᠥᠮᠦᠨ ᠳᠤ | ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3. | 7% ᠶᠢᠨ ᠳᠣᠲᠣᠷ᠎ᠠ ᠬᠢᠵᠠᠭᠠᠷᠯᠠᠪᠠ᠃ | ᠰᠤᠷᠭᠠᠨ ᠬᠥᠮᠦᠵᠢᠯ ᠤᠨ ᠦᠢᠯᠡᠰ ᠥᠷᠨᠢᠨ ᠬᠥᠭᠵᠢᠪᠡ᠃ ᠨᠡᠶᠢᠲᠡ 5.19 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠵᠤ᠂ ᠰᠠᠭᠤᠷᠢ ᠰᠤᠷᠭᠠᠨ ᠬᠥᠮᠦᠵᠢᠯ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠭᠤᠷᠪᠠᠨ | ᠵᠢᠯ ᠤᠨ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠪᠠᠭᠤᠷᠠᠶ ᠭᠤᠭᠴᠤᠭ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠥᠢᠯ ᠢ ᠪᠥᠬᠦ ᠲᠠᠯ᠎ᠠ ᠪᠠᠷ | ᠬᠡᠷᠡᠭᠵᠢᠭᠦᠯᠦᠨ᠂ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢ ᠪᠦᠬᠦᠨ ᠢ ᠠᠶᠢᠮᠠᠭ ᠤᠨ ᠲᠠᠰ ᠤᠨ | ᠪᠠᠷᠢᠮᠵᠢᠶᠠᠨ ᠳᠤ ᠬᠦᠷᠬᠡᠨ᠂ ᠬᠤᠰᠢᠭᠤ ᠲᠠᠰ ᠤᠨ ᠬᠡᠤᠬᠡᠳ ᠤᠨ ᠴᠡᠴᠡᠷᠯᠢᠭ ᠢ ᠥᠪᠡᠷᠲᠡᠭᠡᠨ ᠵᠠᠰᠠᠬᠤ ᠣᠷᠣᠨ ᠤ | ᠲᠠᠰ ᠤᠨ ᠵᠢᠱᠢᠶ᠎ᠡ ᠦᠵᠡᠭᠦᠯᠬᠦ ᠬᠡᠤᠬᠡᠳ ᠤᠨ ᠴᠡᠴᠡᠷᠯᠢᠭ ᠤᠨ ᠪᠠᠷᠢᠮᠵᠢᠶ᠎ᠠ ᠳᠤ ᠬᠦᠷᠬᠡᠵᠤ᠂ ᠨᠢᠭᠡᠳᠦᠭᠡᠷ ᠬᠡᠤᠬᠡᠳ ᠤᠨ | ᠴᠡᠴᠡᠷᠯᠢᠭ ᠢ ᠠᠰᠢᠭᠯᠠᠯᠲᠠ ᠳᠤ ᠣᠷᠣᠭᠤᠯᠤᠨ᠂ ᠳᠤᠮᠳᠠᠳᠤ ᠪᠠᠭ᠎ᠠ ᠰᠤᠷᠭᠠᠭᠤᠯᠢ ᠳᠤ 71ᠪᠠᠭᠰᠢ ᠶᠢ ᠢᠯᠠ ᠪᠠᠷ | ᠡᠯᠰᠡᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠡᠷᠡᠰ ᠭᠤᠶᠢᠪᠢᠰᠢ ᠥᠬᠡᠶ | ᠳᠡᠯᠭᠡᠷᠡᠭᠦᠯᠦᠨ ᠲᠦᠭᠡᠮᠡᠯᠵᠢᠭᠦᠯᠵᠦ᠂ ᠬᠤᠰᠢᠭᠤ ᠬᠡᠷ ᠪᠦᠯᠢ ᠶᠢᠨ ᠰᠤᠷᠭᠠᠨ ᠬᠥᠮᠦᠵᠢᠯ ᠤᠨ ᠵᠢᠯᠣᠭᠤᠳᠬᠤ | ᠦᠢᠯᠡᠴᠢᠯᠡᠬᠡᠨ ᠤ ᠥᠷᠲᠡᠭᠡ ᠶᠢᠨ ᠦᠢᠯᠡᠳᠤᠯ ᠢ ᠬᠦᠢᠴᠡᠳ ᠪᠠᠳᠠᠷᠠᠭᠤᠯᠤᠨ᠂ ᠤᠯᠤᠰ ᠤᠨ ᠨᠢᠭᠡᠳᠦᠯᠲᠡᠶ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠢᠯᠭᠤᠮ ᠤᠷᠤᠭᠰᠢᠲᠠᠶ ᠪᠡᠶᠡᠯᠡᠭᠦᠯᠪᠠ᠃ | | ︽ᠡᠷᠡᠭᠦᠯ ᠮᠠᠡᠳᠤ ᠠᠪᠠᠭ᠎ᠠ︾ ᠶᠢᠨ ᠪᠠᠶᠢᠭᠤᠯᠤᠯᠲᠠ ᠶᠢ ᠭᠦᠨᠵᠡᠭᠡᠶ ᠠᠬᠢᠭᠤᠯᠪᠠ᠃ ᠡᠮᠴᠢᠯᠡᠭᠡᠨ ᠤ ᠲᠤᠰᠬᠠᠶ | ᠮᠡᠷᠭᠡᠵᠢᠯ ᠤᠨ ᠴᠢᠳᠠᠪᠤᠷᠢᠲᠠᠨ 33 ᠶᠢ ᠤᠷᠢᠨ ᠡᠯᠰᠡᠵᠤ᠂ ᠨᠡᠶᠢᠲᠡ 7300 ᠲᠦᠮᠡᠨ ᠲᠥᠭᠦᠷᠢᠭ ᠤᠨ ᠪᠠᠯᠠ | ᠣᠷᠣᠭᠤᠯᠵᠤ᠂ ᠬᠤᠰᠢᠭᠤ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ᠂ ᠡᠷᠡᠭᠦᠯ ᠬᠠᠮᠠᠭᠠᠯᠠᠯ | ᠲᠥᠯᠥᠪᠯᠡᠭᠡᠲᠦ ᠦᠷᠡᠵᠢᠯ ᠤᠨ ᠦᠢᠯᠡᠴᠢᠯᠡᠬᠡᠨ ᠤ ᠶᠡᠷᠦᠩᠬᠡᠶᠢᠯᠡᠭᠰᠡᠨ ᠠᠰᠠᠷ᠂ 7 ᠰᠤᠮᠤ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶ᠎ᠠ᠂ 42 ᠭᠠᠴᠠᠭᠠᠨ ᠤ ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠲᠠᠰᠤᠭ ᠵᠢᠴᠢ 3 | ᠪᠦᠬᠡᠮ ᠬᠦᠴᠢᠯ ᠢ ᠰᠢᠯᠭᠠᠨ ᠪᠠᠶᠢᠴᠠᠭᠠᠬᠤ ᠲᠤᠷᠰᠢᠯᠲᠠ ᠶᠢᠨ ᠲᠠᠰᠤᠭ᠂ ᠰᠢᠯᠵᠢᠮᠡᠯ ᠰᠢᠯᠭᠠᠨ ᠪᠠᠶᠢᠴᠠᠭᠠᠬᠤ ᠦᠷᠤᠬᠡ᠂ | P 2 ᠲᠤᠷᠰᠢᠯᠲᠠ ᠶᠢᠨ ᠲᠠᠰᠤᠭ᠂ ᠰᠢᠬᠡᠰᠤᠨ ᠤ ᠢᠤᠳ᠋ ᠤᠨ ᠲᠤᠷᠰᠢᠯᠳᠠ ᠶᠢᠨ ᠲᠠᠰᠤᠭ ᠢ ᠠᠰᠢᠭᠯᠠᠯᠲᠠ ᠳᠤ | ᠣᠷᠣᠭᠤᠯᠵᠤ᠂ ᠤᠯᠤᠰ ᠤᠨ ᠲᠠᠰ ᠤᠨ ᠬᠤᠯᠤᠭᠠᠨ᠎ᠠ ᠶᠢᠨ ᠬᠢᠵᠢᠭ ᠢ ᠬᠦᠳᠡᠭᠡ ᠬᠡᠬᠡᠷ᠎ᠠ ᠬᠢᠨᠠᠨ ᠬᠡᠮᠵᠢᠬᠦ ᠴᠡᠭ ᠤᠨ | ᠲᠤᠬᠠᠶᠢᠯᠠᠭᠰᠠᠨ ᠠᠵᠢᠯ ᠳᠤ ᠬᠡᠷᠡᠭᠯᠡᠬᠦ ᠲᠠᠰᠤᠭ ᠢ ᠪᠠᠶᠢᠭᠤᠯᠪᠠ᠃ | ᠰᠣᠶᠣᠯ ᠪᠡᠶ᠎ᠡ ᠲᠠᠮᠢᠷ ᠤᠨ ᠦᠢᠯᠡᠰ ᠴᠡᠴᠡᠭᠯᠡᠨ ᠬᠥᠭᠵᠢᠪᠡ᠃ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ | ᠲᠦᠪ᠂ ᠴᠤᠭᠤᠷ ᠲᠠᠭᠤᠤ ᠦᠪᠯᠡᠨ ᠤᠯᠠᠮᠵᠢᠯᠠᠬᠤ ᠲᠦᠪ ᠢ ᠠᠰᠢᠭᠯᠠᠯᠲᠠ ᠳᠤ ᠣᠷᠣᠭᠤᠯᠤᠨ᠂ ᠤᠯᠠᠭᠠᠨᠮᠥ᠋ᠴᠢᠷ ᠤᠨ | ᠰᠠᠭᠤᠷᠢ ᠲᠥᠬᠦᠭᠡᠷᠦᠮᠵᠢ ᠶᠢᠨ ᠢᠨᠵᠧᠨᠧᠷᠢᠩ ᠤᠨ ᠲᠤᠳᠤᠭᠠᠳᠤ ᠴᠢᠮᠡᠭᠯᠡᠯ ᠤᠨ ᠠᠵᠢᠯ ᠢ ᠡᠬᠢᠯᠡᠬᠦᠯᠵᠤ᠂ | ᠤᠯᠠᠭᠠᠨᠮᠥ᠋ᠴᠢᠷ ᠨᠢ ᠪᠦᠬᠦ ᠤᠯᠤᠰ ᠤᠨ ᠦᠨᠳᠦᠰᠦᠨ ᠱᠠᠲᠤᠨ ᠤ ᠲᠠᠷᠢᠬᠦᠨ ᠤ ᠤᠳᠬ᠎ᠠ ᠤᠷᠠᠯᠢᠭ ᠤᠨ ᠪᠦᠯᠬᠦᠮ ᠪᠠ | ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠦᠷᠦᠯ ᠤᠨ ᠰᠢᠯᠢᠳᠡᠭ ᠤᠯᠠᠭᠠᠨᠮᠥ᠋ᠴᠢᠷ ᠤᠨ ᠴᠣᠯᠠ ᠶᠢ ᠬᠦᠷᠳᠡᠨ᠂ | ᠪᠠᠷᠢᠮᠲᠠᠲᠤ ᠺᠢᠨᠣ᠋ ︽ᠠᠳᠤᠭᠤᠴᠢᠨ ᠠᠶᠢᠯ︾ ᠨᠢ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ᠲᠠᠪᠦ ᠨᠢᠭᠡ ᠢᠨᠵᠧᠨᠧᠷᠢᠩ︾ ᠤᠨ ᠱᠠᠩᠨᠠᠯ ᠢ | ᠬᠦᠷᠳᠡᠵᠥ᠂ ᠲᠠᠭᠤᠯᠠᠯᠳᠤ ᠵᠦᠴᠦᠭᠡ ︽ᠲᠢᠩ · ᠪᠠᠭᠠᠲᠤᠷ︾ ᠠᠩᠬ᠎ᠠ ᠦᠵᠡᠭᠴᠢᠳ ᠲᠠᠢ ᠪᠠᠨ ᠵᠤᠯᠭᠠᠪᠠ᠃ | ᠲᠣᠭᠠᠴᠢᠯᠠᠭᠰᠠᠨ ᠲᠧᠯᠸᠢᠰ ᠤᠨ ᠲᠤᠬᠢᠶ᠎ᠠ ᠰᠠᠴᠤᠷᠠᠭᠤᠯᠬᠤ ᠥᠷᠲᠡᠭᠡ ᠶᠢᠨ ᠲᠤᠯᠬᠢᠶᠠᠨ ᠤ ᠪᠦᠷᠬᠦᠴᠠ ᠨᠢ ᠬᠤᠰᠢᠭᠤᠨ | ᠤ ᠪᠦᠬᠦ ᠨᠤᠳᠤᠭ ᠢ ᠬᠠᠮᠤᠷᠴᠤ᠂ ᠷᠠᠳᠢᠣ᠋ ᠲᠧᠯᠸᠢᠰ ᠤᠨ ᠪᠦᠷᠬᠦᠯᠲᠡ ᠶᠢᠨ ᠨᠣᠷᠮ᠎ᠠ 99% ᠳᠤ ᠬᠦᠷᠪᠡ᠃ | ᠠᠮᠤᠷ ᠲᠠᠶᠢᠪᠤᠡᠭ ︽ᠠᠪᠠᠭ᠎ᠠ︾ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠪᠠ᠃ ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠢᠯᠭᠤᠮ ᠤᠷᠤᠭᠰᠢᠲᠠᠢ ᠠᠬᠢᠭᠤᠯᠵᠤ᠂ ᠬᠠᠮᠲᠤ ᠪᠠᠷ | ᠪᠠᠶᠢᠭᠤᠯᠵᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠲᠤᠭᠳᠠᠯᠴᠠᠭ᠎ᠠ ᠶᠢ ᠠᠩᠬ᠎ᠠ | ᠠᠯᠬᠤᠮ ᠪᠦᠷᠢᠯᠳᠦᠭᠦᠯᠵᠦ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠪᠠᠶᠢᠳᠠᠯ ᠤᠯᠠᠮ | ᠰᠠᠶᠢᠵᠢᠷᠠᠪᠠ᠃ ᠠᠶᠤᠯᠬᠦᠢ ᠦᠢᠯᠡᠳᠪᠤᠷᠢᠯᠡᠯ ᠤᠨ ᠶᠡᠭᠡ ᠪᠠᠶᠢᠴᠠᠭᠠᠯᠳᠠ ᠶᠡᠭᠡ ᠴᠡᠭᠴᠡᠯᠡᠨ ᠵᠠᠰᠠᠯᠳᠠ ᠶᠢᠨ ᠲᠤᠰᠬᠠᠢ | ᠠᠵᠢᠯᠯᠠᠭ᠎ᠠ ᠶᠢ ᠬᠦᠡᠵᠡᠬᠡᠢ ᠦᠷᠨᠢᠬᠦᠯᠵᠤ᠂ ᠢᠳᠡᠬᠡᠨ ᠪᠠ ᠡᠮ ᠤᠨ ᠵᠥᠢᠯᠡᠰ ᠢ ᠡᠬᠢ ᠡᠬᠦᠰᠤᠯ ᠠᠴᠠ ᠰᠡᠷᠬᠡᠶᠢᠯᠡᠬᠦ ᠪᠠ | ᠪᠦᠬᠦ ᠶᠠᠪᠤᠴᠠ ᠶᠢᠨ ᠬᠢᠨᠠᠯᠳᠠ ᠬᠠᠮᠢᠶᠠᠷᠤᠯᠳᠠ ᠶᠢ ᠦᠨᠡᠡᠬᠦ ᠴᠢᠩᠭᠠᠳᠬᠠᠨ᠂ ︽1230︾ ᠶᠢᠨ ᠠᠶᠤᠯᠬᠦᠢ | ᠦᠢᠯᠡᠳᠪᠤᠷᠢᠯᠡᠯ ᠤᠨ ᠮᠠᠳᠡᠬᠡᠯᠡᠬᠦ ᠲᠦᠷᠢᠮ ᠢ ᠡᠬᠢᠯᠡᠬᠦᠯᠵᠤ᠂ ᠬᠡᠮ ᠰᠤᠭᠤᠭ ᠢ ᠴᠡᠭᠴᠡᠯᠡᠨ ᠰᠠᠶᠢᠵᠢᠷᠠᠭᠤᠯᠤᠭᠰᠡᠨ | ᠨᠤᠷᠮ᠎ᠠ ᠶᠢ 98% ᠠᠴᠠ ᠲᠡᠬᠡᠭᠰᠢ ᠳᠤ ᠬᠦᠷᠬᠡᠵᠤ᠂ ᠠᠶᠤᠯᠬᠦᠢ ᠦᠢᠯᠡᠳᠪᠤᠷᠢᠯᠡᠯ᠂ ᠢᠳᠡᠬᠡᠨ ᠪᠠ ᠡᠮ ᠤᠨ | ᠵᠥᠢᠯᠡᠰ ᠤᠨ ᠠᠮᠤᠷ ᠲᠦᠪᠰᠢᠨ᠂ ᠨᠤᠳᠤᠭ ᠪᠠᠯᠴᠢᠬᠡᠷ ᠤᠨ ᠭᠠᠯ ᠰᠡᠷᠬᠡᠶᠢᠯᠡᠬᠦ ᠪᠠᠶᠢᠳᠠᠯ ᠢ ᠦᠷᠬᠦᠯᠵᠢᠯᠡᠨ | ᠰᠠᠶᠢᠵᠢᠷᠠᠭᠤᠯᠪᠠ᠃ | ᠦᠡᠳᠤᠰᠤᠳᠠᠨ ᠤ ᠪᠦᠯᠬᠦᠮᠳᠠᠯ ᠲᠠᠪᠰᠢᠯᠳᠠ ᠰᠢᠨ᠎ᠠ ᠠᠬᠢᠯᠳᠠ ᠲᠠᠢ ᠪᠤᠯᠪᠠ᠃ ᠨᠠᠮ ᠤᠨ ᠦᠡᠳᠤᠰᠤᠳᠠᠨ | ᠱᠠᠰᠢᠨ ᠰᠤᠷᠳᠠᠬᠤᠨ ᠤ ᠲᠦᠷᠤ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠢᠯᠢ ᠬᠢᠵᠠᠭᠠᠷ ᠢ | ᠬᠦᠭᠵᠢᠬᠦᠯᠵᠤ᠂ ᠠᠷᠡᠳ ᠢᠶᠠᠨ ᠪᠠᠶᠠᠵᠢᠭᠤᠯᠬᠤ ᠢᠡᠵᠧᠨᠧᠷᠢᠩ ᠢ ᠬᠡᠷᠡᠭᠵᠢᠬᠦᠯᠤᠨ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠱᠤᠭᠤᠮ ᠪᠣᠯᠭᠠᠬᠤ ᠶᠢ | ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ | ᠭᠦᠨᠵᠡᠭᠡᠢ ᠥᠷᠨᠢᠭᠦᠯᠤᠨ᠂ ︽ᠭᠤᠷᠪᠠᠨ ᠰᠠᠯᠵᠤ ᠪᠤᠯᠬᠤ ᠦᠭᠡᠢ︾ ︽ᠲᠠᠪᠤ ᠶᠢ ᠮᠡᠳᠡᠷᠡᠬᠦ︾ ᠦᠵᠡᠯ ᠰᠠᠨᠠᠭ᠎ᠠ ᠶᠢ | ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ︽ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ᠵᠢᠱᠢᠶ᠎ᠠ ᠦᠵᠡᠭᠦᠯᠬᠦ ᠬᠤᠰᠢᠭᠤ︾ ᠶᠢᠨ ᠢᠷᠠᠭᠤ ᠠᠯᠳᠠᠷ ᠢ ᠬᠦᠷᠳᠡᠪᠠ᠃ | — ᠲᠦᠷᠪᠡᠨ ᠵᠢᠯ ᠤᠨ ᠲᠤᠷᠰᠢ᠂ ᠪᠢᠳᠡ ᠠᠷᠠᠳᠴᠢᠯᠠᠭᠰᠠᠨ ᠤᠯᠤᠰ ᠲᠦᠷᠦ ᠶᠢᠨ ᠠᠬᠢᠴᠠ ᠶᠢ | ᠭᠦᠨᠵᠡᠭᠡᠶᠢᠷᠡᠭᠦᠯᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠳᠠ ᠦᠭᠡᠢ ᠴᠢᠩᠭᠠᠳᠬᠠᠪᠠ᠃ | ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠪᠠ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ | ᠶᠡᠷᠦᠩᠬᠡᠶᠢᠯᠡᠨ ᠵᠢᠯᠤᠭᠤᠳᠤᠭᠤᠯᠬᠤ ᠶᠢ ᠪᠠᠷᠢᠮᠲᠠᠯᠠᠵᠤ᠂ ︽ᠲᠦᠷᠪᠡᠨ ᠤᠬᠠᠮᠰᠠᠷ︾ ᠢ ᠴᠢᠩᠭᠠᠳᠬᠠᠨ᠂ ︽ᠲᠦᠷᠪᠡᠨ | ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠤᠨ᠂ ᠶᠡᠷᠦᠩᠬᠡᠢ ᠱᠦᠵᠢ ᠰᠢ ᠶᠢᠨ ᠫᠢᠩ | ᠤᠨ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠲᠥᠪ ᠤᠨ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠪᠠ | ᠃ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ᠃ ︽ᠬᠤᠶᠠᠷ ᠢ | ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ᠂ ︽ᠣᠭ ᠰᠠᠨᠠᠭ᠎ᠠ ᠪᠠᠨ | ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ᠂ ᠨᠠᠮ ᠤᠨ | ᠲᠡᠤᠬᠡ ᠶᠢᠨ ᠰᠤᠷᠤᠯᠴᠠᠯᠭ᠎ᠠ ᠬᠥᠮᠦᠵᠢᠯ ᠵᠡᠷᠭᠡ ᠶᠢ ᠪᠥᠬᠦ ᠲᠠᠯ᠎ᠠ ᠪᠠᠷ ᠯᠠᠪᠳᠠᠭᠤᠨ ᠪᠠᠲᠤᠲᠠᠶ ᠥᠷᠨᠢᠭᠦᠯᠵᠦ᠂ ᠠᠷᠢᠭᠤᠨ | ᠴᠢᠬᠡᠴᠢ ᠵᠠᠰᠠᠭ ᠤᠨ ᠤᠷᠳᠤᠨ ᠤ ᠪᠠᠶᠢᠭᠤᠯᠤᠯᠳᠠ ᠶᠢ ᠴᠢᠩᠭᠠᠳᠬᠠᠵᠤ᠂ ᠲᠥᠪ ᠤᠨ ᠨᠠᠢᠮᠠᠨ ᠵᠤᠷᠪᠤᠰ ᠲᠣᠭᠲᠠᠭᠠᠯ ᠤᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ︽ᠳᠥᠷᠪᠡᠨ ᠰᠤᠷᠲᠠᠯ︾ ᠢ ᠦᠷᠭᠦᠯᠵᠢᠯᠡᠨ | ᠴᠡᠭᠴᠡᠯᠡᠨ ᠵᠠᠰᠠᠵᠤ᠂ ᠦᠵᠡᠯ ᠤᠬᠠᠮᠰᠠᠷ ᠤᠨ ᠬᠡᠯᠪᠡᠷᠢ᠂ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠨᠢᠭᠡ ᠠᠵᠢᠯ ᠤᠨ | ᠪᠠᠶᠢᠷᠢ ᠬᠤᠤᠰ ᠬᠠᠷᠢᠭᠤᠴᠠᠯᠭ᠎ᠠ︾ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠷᠢᠭᠤᠨ ᠴᠢᠬᠡᠴᠢ ᠪᠠᠷ ᠵᠠᠰᠠᠭ | ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠨ᠂ ᠵᠠᠰᠠᠭ ᠤᠨ ᠰᠤᠷᠲᠠᠯ ᠤᠨ ᠢᠯᠡᠳᠲᠡ | ᠰᠠᠶᠢᠵᠢᠷᠠᠬᠤ ᠶᠢ ᠳᠥᠯᠭᠢᠨ ᠠᠬᠢᠭᠤᠯᠪᠠ᠃ ᠨᠡᠭᠦᠷᠡᠰᠦ᠂ ᠤᠢ ᠰᠢᠭᠤᠶ ᠨᠤᠳᠤᠭ ᠪᠡᠯᠴᠢᠭᠡᠷ᠂ ᠠᠭᠠᠷ ᠤᠨ | ᠰᠡᠷᠭᠡᠶᠢᠯᠡᠯᠲᠡ᠂ ᠠᠵᠤ ᠦᠢᠯᠡᠳᠪᠤᠷᠢ ᠶᠢᠨ ᠲᠣᠭᠤᠷᠢᠭ᠂ ᠬᠠᠩᠭᠠᠨ ᠪᠤᠷᠤᠯᠠᠭᠤᠯᠭ᠎ᠠ ᠵᠡᠷᠭᠡ ᠶᠢᠨ ᠲᠤᠰᠬᠠᠶ | ᠲᠦᠷᠤᠯ ᠤᠨ ᠴᠡᠭᠴᠡᠯᠡᠨ ᠵᠠᠰᠠᠯᠲᠠ ᠶᠢ ᠭᠦᠨᠵᠡᠭᠡᠶ ᠲᠦᠯᠬᠢᠨ ᠠᠬᠢᠭᠤᠯᠵᠤ᠂ ᠨᠡᠶᠢᠳᠡ 1.6 ᠳ᠋ᠦᠩᠰᠢᠭᠤᠷ ᠲᠥᠭᠦᠷᠢᠭ | ᠤᠨ ᠬᠤᠬᠢᠷᠡᠯ ᠢ ᠨᠡᠬᠡᠮᠵᠢᠯᠡᠨ ᠠᠪᠴᠢᠷᠠᠪᠠ᠃ | ᠬᠠᠤᠯᠢ ᠳᠦᠷᠢᠮ᠂ ᠠᠷᠠᠳᠴᠢᠯᠠᠯ ᠪᠠ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠪᠡ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠦᠷᠦ ᠶᠢᠨ | ᠵᠥᠪᠯᠡᠯᠭᠡᠨ ᠤ ᠠᠷᠡᠳᠴᠢᠯᠠᠯᠳᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠨᠡᠶᠢᠳᠡ 795 ᠬᠤᠪᠢ᠂ | ᠤᠯᠤᠰ ᠲᠦᠷᠦ ᠶᠢᠨ ᠵᠥᠪᠯᠡᠯᠭᠡᠨ ᠤ ᠰᠠᠨᠠᠯ ᠲᠤᠷᠠᠳᠤᠯᠭ᠎ᠠ 337 ᠬᠤᠪᠢ ᠶᠢ ᠵᠦᠢ ᠵᠤᠬᠢᠰᠳᠡᠢ ᠰᠢᠢᠳᠪᠤᠷᠢᠯᠡᠪᠠ᠃ | ᠬᠢᠨᠠᠨ ᠪᠤᠳᠤᠬᠤ ᠪᠠ ᠬᠢᠨᠠᠨ ᠪᠤᠳᠤᠬᠤ ᠪᠠᠶᠢᠴᠠᠭᠠᠯᠲᠠ ᠶᠢᠨ 87 ᠲᠥᠷᠥᠯ ᠵᠥᠢᠯ ᠢ ᠪᠡᠶᠡᠯᠡᠭᠦᠯᠵᠦ᠂ 30.3 | ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠪᠠᠶᠢᠴᠠᠭᠠᠨ ᠵᠢᠷᠤᠮᠵᠢᠭᠤᠯᠪᠠ︔ ᠵᠠᠰᠠᠭ ᠤᠨ ᠣᠷᠳᠣᠨ ᠤ ᠪᠠᠯᠠ | ᠣᠷᠣᠭᠤᠯᠤᠯᠲᠠ ᠶᠢᠨ 169 ᠲᠥᠷᠥᠯ ᠵᠥᠢᠯ ᠤᠨ ᠪᠠᠷᠢᠯᠭ᠎ᠠ ᠶᠢᠨ ᠦᠨ᠎ᠡ ᠶᠢ ᠬᠢᠨᠠᠨ ᠬᠠᠷᠭᠤᠭᠤᠯᠵᠤ᠂ 7126.9 | ᠲᠦᠮᠡᠨ ᠲᠥᠭᠦᠷᠢᠭ ᠤᠨ ᠪᠠᠷᠢᠯᠭ᠎ᠠ ᠶᠢᠨ ᠪᠡᠯᠡ ᠮᠦᠩᠬᠦ ᠢ ᠬᠢᠨᠠᠨ ᠬᠠᠰᠤᠪᠠ᠃ ᠨᠠᠶᠢᠳᠠ 43 ᠬᠤᠪᠢ ᠵᠠᠰᠠᠭ | ᠵᠠᠬᠢᠷᠭᠠᠨ ᠤ ᠳᠠᠬᠢᠨ ᠵᠥᠪᠯᠡᠬᠦ ᠬᠡᠷᠡᠭ᠂ 26 ᠬᠤᠪᠢ ᠵᠠᠰᠠᠭ ᠵᠠᠬᠢᠷᠭᠠᠨ ᠤ ᠵᠠᠷᠭᠤ ᠶᠢ ᠰᠢᠢᠳᠪᠤᠷᠢᠯᠡᠵᠤ᠂ ᠬᠠᠤᠯᠢ | ᠶᠣᠰᠣᠭᠠᠷ ᠵᠠᠰᠠᠭ ᠶᠠᠪᠤᠭᠤᠯᠬᠤ ᠶᠢ ᠬᠦᠡᠵᠡᠬᠡᠶᠢᠷᠡᠬᠦᠯᠤᠨ ᠠᠬᠢᠭᠤᠯᠵᠤ᠂ ᠳᠣᠯᠣᠳᠤᠭᠠᠷ ᠲᠠᠪᠤᠨ ᠵᠢᠯ ᠤᠨ ᠬᠠᠤᠯᠢ | ᠲᠦᠬᠡᠮᠡᠯᠵᠢᠬᠦᠯᠬᠦ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ | ᠡᠬᠦᠨ ᠠᠴᠠ ᠭᠠᠳᠠᠨ᠎ᠠ᠂ ᠡᠯ᠎ᠡ ᠬᠦᠷᠢᠶ᠎ᠡ ᠡᠯ᠎ᠡ ᠠᠵᠢᠯ ᠲᠥᠷᠥᠯ ᠤᠨ ᠲᠡᠩᠴᠡᠭᠦᠷᠢᠲᠡᠶ ᠬᠥᠭᠵᠢᠯᠲᠡ ᠶᠢ | ᠨᠢᠭᠡᠳᠦᠯᠲᠡᠶ ᠲᠦᠯᠤᠪᠵᠢᠬᠦᠯᠵᠤ᠂ ᠢᠳᠡᠭᠡᠨ ᠪᠠ ᠡᠮ ᠤᠨ ᠵᠥᠢᠯᠡᠰ᠂ ᠠᠭᠠᠷ ᠤᠨ ᠰᠡᠷᠭᠡᠶᠢᠯᠡᠯᠲᠡ᠂ ᠴᠠᠭ ᠠᠭᠤᠷ᠂ | ᠲᠠᠩᠰᠠ ᠡᠪᠬᠡᠮᠡᠯ᠂ ᠲᠡᠤᠬᠡ ᠦᠢᠯᠠᠯᠭ᠎ᠠ᠂ ᠬᠠᠩᠭᠠᠨ ᠪᠤᠷᠤᠯᠠᠭᠤᠯᠭ᠎ᠠ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ | ᠲᠤᠭ᠎ᠠ ᠪᠦᠷᠢᠳᠬᠡᠯ ᠤᠨ ᠪᠠᠶᠢᠴᠠᠭᠠᠯᠲᠠ᠂ ᠰᠢᠤᠳᠠᠨ ᠬᠤᠯᠪᠣᠭ᠎ᠠ᠂ ᠦᠨᠳᠦᠰᠦᠲᠡᠨ ᠱᠠᠰᠢᠨ ᠰᠤᠷᠲᠠᠬᠤᠨ᠂ | ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠴᠡᠷᠢᠭ ᠠᠴᠠ ᠬᠠᠯᠠᠭᠳᠠᠭᠰᠠᠳ᠂ ᠨᠠᠰᠤᠲᠠᠶᠢᠴᠤᠳ᠂ | ᠡᠮᠡᠭᠲᠡᠶᠢᠴᠦᠳ ᠬᠡᠤᠬᠡᠳ ᠵᠡᠷᠭᠡ ᠲᠠᠯ᠎ᠠ ᠶᠢᠨ ᠠᠵᠢᠯ ᠴᠥᠮ ᠰᠢᠨ᠎ᠡ ᠦᠷ᠎ᠡ ᠪᠦᠲᠦᠮᠵᠢ ᠤᠯᠪᠠ᠃ | ᠲᠥᠯᠥᠭᠡᠯᠡᠭᠴᠢᠳ ᠡ᠂ ᠨᠥᠬᠦᠳ ᠡ︕ | ᠲᠦᠷᠪᠡᠨ ᠵᠢᠯ ᠤᠨ ᠲᠤᠷᠰᠢ᠂ ᠪᠢᠳᠡ ᠤᠭ ᠰᠠᠨᠠᠭ᠎ᠠ ᠪᠠᠨ ᠪᠠᠷᠢᠮᠲᠠᠯᠠᠨ᠂ ᠡᠭᠦᠷᠭᠡ ᠬᠠᠷᠢᠭᠤᠴᠠᠯᠭ᠎ᠠ ᠪᠠᠨ | ᠬᠦᠢᠴᠡᠳᠬᠡᠵᠤ᠂ ᠪᠣᠭᠤᠮᠲᠠ ᠰᠢᠪᠲᠤᠯᠬᠤ ᠳᠤ ᠴᠢᠭᠯᠡᠬᠦᠯᠤᠨ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠵᠠ | ᠲᠣᠬᠢᠶᠠᠯ ᠥᠷᠢᠰᠥᠯᠳᠦᠭᠡᠨ ᠤ ᠳᠤᠮᠳᠠ ᠴᠠᠭ ᠦᠶ᠎ᠠ ᠲᠠᠢ ᠵᠡᠷᠬᠡᠴᠠᠨ ᠤᠷᠤᠭᠰᠢᠯᠠᠵᠤ᠂ ᠡᠯ᠎ᠡ ᠲᠦᠷᠤᠯ ᠤᠨ ᠠᠵᠢᠯ | ᠢᠯᠡᠳᠲᠡ ᠠᠮᠵᠢᠯᠲᠠ ᠤᠯᠤᠭᠰᠡᠨ ᠪᠠᠶᠢᠨ᠎ᠠ᠃ ᠡᠨᠡ ᠪᠣᠯ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠠ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠬᠦᠴᠦᠲᠡᠶ ᠳᠡᠮᠵᠢᠯᠭᠡ ᠶᠢᠨ ᠦᠷ᠎ᠡ | ᠳ᠋ᠦᠩ ᠪᠤᠯᠬᠤ ᠮᠦᠷᠳᠡᠬᠡᠨ ᠬᠤᠭᠤᠴᠠᠭ᠎ᠠ ᠪᠦᠷᠢ ᠶᠢᠨ ᠵᠠᠰᠠᠭ ᠤᠨ ᠣᠷᠳᠣᠨ ᠨᠢ ᠬᠤᠰᠢᠭᠤ ᠨᠠᠮ ᠤᠨ ᠬᠤᠷᠢᠶ᠎ᠠ ᠶᠢᠨ | ᠵᠥᠪ ᠤᠨᠤᠪᠴᠢᠳᠡᠢ ᠤᠳᠤᠷᠢᠳᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ | ᠵᠥᠪᠯᠡᠯᠭᠡᠨ ᠤ ᠲᠦᠪ ᠴᠢᠩᠭ᠎ᠠ ᠬᠢᠨᠠᠯᠲᠠ ᠪᠠ ᠨᠡᠶᠢᠭᠡᠮ ᠤᠨ ᠡᠯ᠎ᠡ ᠡᠲᠡᠭᠡᠳ ᠤᠨ ᠬᠠᠯᠠᠮᠵᠢ ᠳᠡᠮᠵᠢᠯᠭᠡ ᠶᠢᠨ ᠳᠣᠤᠷ᠎ᠠ | ᠴᠥᠬᠦᠷᠡᠰᠢ ᠥᠬᠡᠶ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠬᠤᠰᠢᠭᠤ ᠠᠷᠠᠳ ᠤᠨ ᠵᠠᠰᠠᠭ ᠤᠨ | ᠣᠷᠳᠣᠨ ᠢ ᠲᠥᠯᠥᠭᠡᠯᠡᠨ᠂ ᠬᠤᠷᠠᠯ ᠳᠤ ᠣᠷᠣᠯᠴᠠᠭᠰᠠᠨ ᠠᠷᠠᠳ ᠤᠨ ᠲᠥᠯᠥᠭᠡᠯᠡᠭᠴᠢᠳ᠂ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ᠂ ᠲᠡᠷᠡᠴᠢᠯᠡᠨ ᠲᠠᠨᠠᠷ ᠢᠶᠠᠷ ᠳᠠᠮᠵᠢᠭᠤᠯᠤᠨ ᠪᠦᠬᠦ ᠬᠤᠰᠢᠭᠤᠨ ᠤ ᠥᠷᠭᠡᠨ ᠤᠯᠠᠨ ᠺᠠᠳ᠋ᠷ | ᠤᠯᠠᠨ ᠲᠦᠮᠡᠨ ᠪᠠ ᠠᠪᠠᠭ᠎ᠠ ᠬᠤᠰᠢᠭᠤᠨ ᠤ ᠬᠥᠭᠵᠢᠯᠲᠡ ᠶᠢ ᠬᠠᠯᠠᠮᠵᠢᠯᠠᠨ ᠲᠡᠮᠵᠢᠭᠰᠡᠬᠡᠷ ᠢᠷᠡᠭᠰᠡᠨ ᠨᠡᠶᠢᠭᠡᠮ ᠤᠨ | ᠡᠯ᠎ᠡ ᠡᠲᠡᠭᠡᠳ ᠤᠨ ᠬᠢᠨ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠷᠬᠡᠶᠢᠯᠡᠬᠦ ᠶᠢᠨ ᠬᠠᠮᠲᠤ ᠡᠷᠬᠢᠮ ᠳᠡᠭᠡᠳᠦ | ᠬᠦᠨᠳᠦᠳᠬᠡᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠳ᠋ᠦᠩᠨᠡᠬᠦ ᠶᠢᠨ ᠬᠠᠮᠲᠤ ᠪᠢᠳᠠ ᠪᠠᠰᠠ ᠣᠳᠣᠬᠠᠨ ᠤ ᠬᠤᠷᠸ᠎ᠠ ᠤᠷᠴᠢᠨ ᠤ ᠪᠠᠶᠢᠳᠠᠯ ᠪᠠ | ᠭᠠᠳᠠᠭᠠᠳᠤ ᠤᠷᠴᠢᠨ ᠳᠤ ᠮᠠᠰᠢ ᠤᠯᠠᠨ ᠲᠤᠭᠳᠠᠭᠤᠨ ᠪᠤᠰᠤ ᠬᠠᠨᠳᠤᠯᠭ᠎ᠠ ᠣᠷᠣᠰᠢᠵᠣ᠂ ᠰᠢᠨ᠎ᠡ ᠲᠢᠳᠢᠮᠯᠢᠭ | ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠤᠨ ᠨᠦᠯᠦᠬᠡ ᠠᠴᠠ ᠪᠣᠯᠵᠣ᠂ ᠬᠢᠵᠢᠭ ᠤᠨ ᠲᠠᠷᠠᠭᠠᠬᠢ | ᠬᠦᠭᠵᠢᠯᠳᠠ ᠳᠤ ᠰᠢᠨ᠎ᠠ ᠦᠷᠢᠰᠤᠯᠳᠤᠬᠡᠨ ᠲᠣᠯᠭᠠᠷᠠᠵᠣ᠂ ᠨᠠᠶᠢᠬᠡᠮ ᠤᠨ ᠬᠦᠭᠵᠢᠯᠳᠠ ᠶᠢᠨ ᠲᠤᠮᠳᠠ ᠨᠢᠬᠡ ᠪᠦᠯᠦᠭ | ᠪᠠᠴᠢᠮ ᠲᠤᠯᠭᠠᠮ᠎ᠠ ᠰᠢᠢᠳᠪᠤᠷᠢᠯᠡᠬᠦ ᠴᠢᠬᠤᠯᠠᠳᠡᠢ ᠠᠰᠠᠭᠤᠳᠠᠯ ᠤᠷᠤᠰᠢᠵᠤ ᠪᠠᠶᠢᠭ᠎ᠠ ᠶᠢ ᠰᠡᠷᠬᠡᠭ ᠢᠶᠠᠷ ᠲᠠᠨᠢᠬᠤ | ᠴᠢᠬᠤᠯᠠᠳᠡᠢ ᠪᠠᠶᠢᠨ᠎ᠠ᠃ ᠡᠳᠡᠬᠡᠷ ᠠᠰᠠᠭᠤᠳᠠᠯ ᠨᠢ ᠭᠤᠤᠯᠳᠠᠭᠤ ᠲᠤᠤᠷᠡᠬᠢ ᠬᠡᠳᠤᠨ ᠲᠠᠯ᠎ᠠ ᠪᠠᠷ ᠢᠯᠡᠷᠡᠵᠤ ᠪᠤᠢ᠃ | ᠵᠠᠷᠢᠮ ᠠᠵᠢᠯ ᠲᠦᠷᠤᠯ ᠤᠨ ᠬᠦᠷᠢᠶ᠎ᠠ ᠬᠡᠪᠴᠢᠶᠠᠨ ᠳᠤ ︽ᠠᠮᠢ ᠠᠬᠤᠢ ᠶᠢ ᠡᠩ ᠲᠠᠷᠢᠬᠦᠨ ᠳᠤ ᠲᠠᠯᠪᠢᠨ᠂ | ᠪᠤᠬᠢᠷᠳᠤᠯ ᠦᠬᠡᠢ ᠬᠦᠭᠵᠢᠬᠦᠯᠬᠦ︾ ᠦᠢᠯᠠᠭᠠᠭᠳᠠᠬᠤᠨ ᠢ ᠠᠭᠤᠰᠤᠯᠴᠠᠭᠤᠯᠤᠨ ᠲᠤᠤᠱᠯᠠᠭᠤᠯᠬᠤ ᠶᠢ ᠦᠷᠬᠦᠯᠵᠢᠯᠡᠨ | ᠬᠦᠡᠵᠡᠬᠡᠶᠢᠷᠡᠬᠦᠯᠬᠦ ᠴᠢᠬᠤᠯᠠᠳᠡᠢ᠂ ᠤᠯᠤᠰ ᠤᠨ ᠭᠠᠵᠡᠷ ᠰᠢᠷᠥᠢ ᠶᠢᠨ ᠤᠷᠤᠨ ᠵᠠᠢ ᠶᠢᠨ ᠬᠢᠵᠠᠭᠠᠷᠯᠠᠯ᠂ ᠤᠷᠴᠢᠨ | ᠲᠤᠭᠤᠷᠢᠨ ᠤ ᠪᠠᠭᠳᠠᠭᠠᠮᠵᠢ ᠶᠢᠨ ᠬᠢᠵᠠᠭᠠᠷᠯᠠᠯ ᠡᠳᠤᠷ ᠢᠷᠡᠬᠦᠶ᠎ᠠ ᠴᠢᠩᠭᠠᠷᠠᠵᠤ᠂ ᠡᠬᠢ ᠪᠠᠶᠠᠯᠢᠭ ᠢ ᠡᠷᠴᠢᠮᠵᠢᠬᠦᠯᠤᠨ | ᠠᠰᠢᠭᠯᠠᠬᠤ᠂ ᠡᠷᠴᠢᠮᠵᠢᠬᠦᠯᠤᠨ ᠨᠡᠬᠡᠬᠡᠯᠳᠡ ᠬᠢᠬᠦ ᠶᠢ ᠪᠠᠴᠢᠮ ᠲᠤᠯᠭᠠᠮ᠎ᠠ ᠱᠠᠭᠠᠷᠳᠠᠵᠤ ᠪᠤᠢ︔ ᠭᠤᠷᠪᠡᠳᠤᠭᠠᠷ ᠠᠵᠤ | ᠦᠢᠯᠡᠰ ᠤᠨ ᠪᠦᠬᠦᠶᠢᠯᠠ ᠴᠤᠭᠴᠠ ᠶᠢᠨ ᠲᠠᠰ ᠲᠦᠪᠰᠢᠨ ᠨᠠᠯᠢᠶᠠᠳ ᠲᠤᠤᠷ᠎ᠠ᠂ ᠠᠵᠤ ᠦᠢᠯᠡᠰ ᠤᠨ ᠲᠤᠳᠤᠭᠠᠳᠤ | ᠪᠦᠳᠤᠴᠠ ᠵᠤᠬᠢᠰ ᠦᠬᠡᠢ᠂ ᠡᠬᠢ ᠪᠠᠶᠠᠯᠢᠭ ᠤᠨ ᠬᠡᠯᠪᠡᠷᠢ ᠶᠢᠨ ᠠᠵᠤ ᠦᠢᠯᠡᠰ ᠤᠨ ᠡᠵᠡᠯᠡᠬᠦ ᠬᠠᠷᠢᠴᠠᠯ ᠦᠡᠳᠤᠷ | ᠪᠠᠶᠢᠵᠤ᠂ ᠨᠠᠬᠦᠷᠡᠰᠤᠨ ᠤ ᠲᠠᠪᠰᠢᠭᠰᠡᠨ ᠦᠢᠯᠡᠳᠪᠤᠷᠢᠯᠡᠯ ᠤᠨ ᠲᠠᠯᠳᠠ ᠴᠢᠳᠠᠪᠬᠢ ᠶᠢ ᠬᠦᠢᠴᠡᠳ ᠠᠭᠤᠳᠠᠯᠯᠠᠭᠠ | ᠦᠬᠡᠢ᠂ ᠨᠠᠬᠦᠷᠡᠰᠤᠨ ᠤ ᠪᠤᠰᠤ ᠠᠭᠤᠷᠬᠠᠢ ᠶᠢᠨ ᠡᠬᠢ ᠪᠠᠶᠠᠯᠢᠭ ᠢ ᠲᠤᠬᠠᠢ ᠶᠢᠨ ᠭᠠᠵᠡᠷ ᠲᠤᠨᠢ ᠡᠳ᠋ᠰᠢᠬᠦᠯᠬᠦ ᠨᠤᠷᠮ᠎ᠠ | ᠲᠤᠤᠷ᠎ᠠ᠂ ᠤᠯᠠᠮᠵᠢᠯᠠᠯᠳᠤ ᠮᠠᠯ ᠠᠵᠤ ᠠᠬᠤᠢ ᠶᠢᠨ ᠪᠦᠬᠦ ᠠᠵᠤ ᠦᠢᠯᠡᠰ ᠤᠨ ᠬᠡᠯᠬᠢᠶᠠᠵᠢᠯ ᠤᠨ ᠲᠠᠪᠠᠭᠤᠯᠢᠭ | ᠬᠠᠷᠠᠬᠠᠨ ᠪᠦᠷᠢᠳᠤᠬᠡ ᠦᠬᠡᠢ᠂ ᠦᠢᠯᠡᠴᠢᠯᠡᠬᠡᠨ ᠤ ᠦᠢᠯᠡᠰ ᠤᠨ ᠬᠦᠭᠵᠢᠯᠳᠠ ᠬᠠᠷᠢᠴᠠᠩᠭᠤᠢ ᠬᠤᠴᠤᠷᠤᠩᠭᠤᠢ︔ | ᠵᠠᠬ᠎ᠠ ᠲᠡᠯᠬᠡᠬᠦᠷ ᠤᠨ ᠲᠤᠭᠳᠠᠭᠤᠨ ᠪᠤᠰᠤ ᠪᠠᠶᠢᠳᠠᠯ ᠢᠯᠠᠷᠠᠨ᠂ ᠵᠠᠬ᠎ᠠ ᠲᠡᠯᠬᠡᠬᠦᠷ ᠤᠨ ᠭᠤᠤᠯ ᠴᠤᠭᠴᠠ ᠬᠦᠢᠴᠡᠳ | ᠪᠦᠷᠢᠯᠳᠤᠬᠡ ᠦᠬᠡᠢ᠂ ᠵᠤᠬᠢᠶᠠᠨ ᠪᠠᠶᠢᠭᠤᠯᠵᠢᠭᠰᠡᠨ ᠬᠢᠷᠢ ᠲᠦᠪᠰᠢᠨ ᠰᠤᠯᠠ︔ ᠡᠳ᠋ ᠤᠨ ᠵᠠᠰᠠᠭ ᠤᠨ ᠤᠷᠤᠯᠭ᠎ᠠ | ᠵᠠᠷᠤᠯᠭ᠎ᠠ ᠶᠢᠨ ᠵᠦᠷᠢᠴᠠᠯ ᠲᠤᠪᠤᠶᠢᠮ᠎ᠠ ᠪᠠᠶᠢᠵᠤ᠂ ︽ᠭᠤᠷᠪᠡ ᠶᠢ ᠪᠠᠳᠤᠯᠠᠬᠤ︾ ᠵᠠᠷᠬᠡ ᠵᠠᠪᠠᠯ ᠲᠦᠯᠤᠪᠤᠷᠢᠯᠡᠬᠦ | ᠵᠠᠷᠤᠯᠭ᠎ᠠ ᠵᠢᠯ ᠲᠠᠷᠠᠭᠠᠯᠠᠨ ᠨᠠᠮᠡᠭᠳᠡᠨ᠂ ᠵᠠᠰᠠᠭ ᠤᠨ ᠤᠷᠳᠤᠨ ᠤ ᠦᠷᠢ ᠦᠭᠴᠡᠭᠡ ᠶᠢ ᠴᠠᠶᠢᠷᠠᠭᠤᠯᠬᠤ ᠠᠵᠢᠯ ᠤᠨ | ᠲᠠᠷᠤᠯᠳᠠ ᠶᠡᠭᠡ᠂ ᠰᠢᠨ᠎ᠠ ᠭᠠᠶᠢᠯᠢ ᠶᠢᠨ ᠢᠷᠠᠯᠳᠠ ᠬᠤᠮᠰᠠ᠂ ᠤᠯᠠᠨ ᠨᠠᠶᠢᠳᠠ ᠶᠢᠨ ᠡᠳ᠋ ᠤᠨ ᠵᠠᠰᠠᠭ ᠤᠨ | ᠪᠠᠳᠤᠯᠠᠭ᠎ᠠ ᠶᠢᠨ ᠴᠢᠳᠠᠪᠤᠷᠢ ᠶᠢ ᠴᠢᠩᠭᠠᠳᠬᠠᠬᠤ ᠴᠢᠬᠤᠯᠠᠳᠡᠢ︔ ᠬᠤᠳᠠ ᠬᠦᠳᠡᠭᠡ ᠶᠢᠨ ᠬᠦᠭᠵᠢᠯᠳᠠ ᠲᠠᠩᠴᠠᠬᠦᠷᠢ | ᠦᠬᠡᠢ᠂ ᠰᠤᠷᠭᠠᠨ ᠬᠦᠮᠤᠵᠢᠯ᠂ ᠡᠮᠴᠢᠯᠡᠭᠡ᠂ ᠤᠷᠤᠨ ᠰᠠᠭᠤᠴᠠ᠂ ᠨᠠᠰᠤᠵᠢᠯ ᠵᠡᠷᠬᠡ ᠠᠷᠡᠳ ᠤᠨ ᠠᠮᠢᠳᠤᠷᠡᠯ ᠤᠨ | ᠬᠦᠷᠢᠶ᠎ᠠ ᠬᠡᠪᠴᠢᠶᠠᠨ ᠤ ᠬᠦᠭᠵᠢᠯᠳᠠ ᠲᠤᠳᠠᠮᠠᠭ ᠵᠡᠷᠬᠡ ᠠᠰᠠᠭᠤᠳᠠᠯ ᠨᠠᠯᠢᠶᠡᠳ ᠲᠤᠪᠤᠶᠢᠮ᠎ᠠ︔ ᠠᠶᠢᠮᠠᠭ ᠤᠨ ᠲᠦᠪ | ᠠᠴᠠ ᠦᠢᠷᠠᠬᠠᠨ ᠪᠠᠶᠢᠬᠤ ᠭᠠᠵᠡᠷ ᠤᠷᠤᠨ ᠤ ᠤᠡᠴᠠᠭᠠᠢ ᠪᠠᠶᠢᠷᠢᠰᠢᠯ ᠠᠴᠠ ᠰᠢᠯᠳᠠᠭᠠᠯᠠᠵᠤ᠂ ᠬᠦᠮᠤᠨ ᠤ ᠬᠦᠴᠤᠨ ᠤ | ᠡᠬᠢ ᠪᠠᠶᠠᠯᠢᠭ ᠠᠯᠳᠠᠭᠳᠠᠬᠤ᠂ ᠨᠠᠶᠢᠬᠡᠮ ᠤᠨ ᠬᠡᠷᠡᠭᠯᠡᠭᠡ ᠭᠠᠳᠠᠭᠰᠢ ᠰᠢᠯᠵᠢᠬᠦ ᠵᠡᠷᠬᠡ ᠠᠰᠠᠭᠤᠳᠠᠯ ᠢ ᠦᠡᠳᠤᠰᠤᠨ | ᠠᠴᠠ ᠨᠢ ᠰᠢᠢᠳᠪᠤᠷᠢᠯᠡᠵᠤ ᠲᠠᠶᠢᠯᠤᠬᠡ ᠦᠬᠡᠢ︔ ᠨᠠᠶᠢᠬᠡᠮ ᠤᠨ ᠴᠡᠭᠴᠡᠯᠡᠨ ᠵᠠᠰᠠᠯᠳᠠ ᠶᠢᠨ ᠰᠢᠨ᠎ᠠ ᠶᠢ ᠡᠬᠦᠳᠬᠦ | ᠲᠠᠯ᠎ᠠ ᠪᠠᠷ ᠬᠦᠷᠤᠯᠴᠠᠬᠦ ᠦᠬᠡᠢ᠂ ᠲᠡᠤᠬᠡᠨ ᠠᠴᠠ ᠦᠯᠡᠳᠡᠭᠳᠡᠵᠤ ᠢᠷᠡᠭᠰᠡᠨ ᠠᠰᠠᠭᠤᠳᠠᠯ ᠪᠠ ᠵᠠᠷᠢᠮ ᠬᠦᠷᠢᠶ᠎ᠠ | ᠬᠡᠪᠴᠢᠶᠠᠨ ᠤ ᠨᠠᠶᠢᠬᠡᠮ ᠤᠨ ᠵᠦᠷᠢᠴᠠᠯ ᠵᠢᠭᠤᠷᠠᠭᠠᠨ ᠢ ᠬᠦᠴᠤ ᠤᠷᠤᠭᠤᠯᠤᠨ ᠠᠯᠬᠤᠮ ᠠᠯᠬᠤᠮ ᠢᠶᠠᠷ ᠰᠢᠢᠳᠪᠤᠷᠢᠯᠡᠬᠦ | ᠴᠢᠬᠤᠯᠠᠳᠡᠢ︔ ᠪᠦᠬᠦ ᠨᠠᠶᠢᠬᠡᠮ ᠤᠨ ᠤᠯᠠᠨ ᠨᠠᠶᠢᠳᠠ ᠶᠢᠨ ᠠᠮᠤᠷ ᠲᠦᠪᠰᠢᠨ ᠤ ᠬᠠᠷᠢᠭᠤᠴᠠᠯᠭᠠᠳᠤ ᠤᠬᠠᠮᠰᠠᠷ ᠢ | ᠮᠦᠡᠬᠦ ᠲᠡᠬᠡᠭᠰᠢᠯᠡᠬᠦᠯᠬᠦ ᠴᠢᠬᠤᠯᠠᠳᠡᠢ ᠪᠠᠶᠢᠵᠤ᠂ ᠬᠡᠨᠡᠳᠳᠠ ᠡᠬᠦᠰᠦᠭᠰᠡᠨ ᠬᠡᠷᠡᠭ ᠶᠠᠪᠤᠳᠠᠯ ᠳᠤ ᠰᠢᠭᠤᠷᠬᠠᠢ ᠬᠠᠨᠳᠤᠨ | ᠰᠢᠢᠳᠪᠤᠷᠢᠯᠡᠬᠦ ᠲᠦᠷᠢᠮ ᠲᠤᠭᠳᠠᠯᠴᠠᠭ᠎ᠠ ᠶᠢ ᠲᠡᠬᠦᠯᠳᠡᠷᠵᠢᠬᠦᠯᠬᠦ ᠶᠢ ᠪᠠᠴᠢᠮ ᠱᠠᠭᠠᠷᠳᠠᠵᠤ ᠪᠤᠢ︔ ᠨᠢᠬᠡ ᠪᠦᠯᠦᠭ | ᠺᠠᠳ᠋ᠷ ᠤᠨ ᠦᠵᠡᠯ ᠤᠬᠠᠮᠰᠠᠷ ᠤᠨ ᠲᠠᠨᠢᠯᠳᠠ ᠬᠦᠷᠤᠯᠴᠠᠬᠦ ᠦᠬᠡᠢ᠂ ᠤᠯᠠᠨ ᠲᠦᠮᠡᠡᠴᠢ ᠦᠵᠡᠯᠳᠡ ᠪᠠᠷ ᠰᠤᠯᠠ | ᠲᠤᠷᠤᠢ᠂ ᠵᠤᠷᠢᠭᠳᠡᠢ ᠠᠵᠢᠯᠯᠠᠬᠤ ᠦᠬᠡᠢ᠂ ᠢᠳᠡᠪᠬᠢᠳᠡᠢ ᠠᠵᠢᠯᠯᠠᠬᠤ ᠦᠬᠡᠢ᠂ ᠠᠵᠢᠯ ᠤᠨ ᠴᠢᠳᠠᠪᠤᠷᠢ ᠠᠨᠠᠢ | ᠪᠠᠶᠢᠳᠠᠯ ᠠᠳᠠᠯᠢ ᠪᠤᠰᠤ ᠬᠡᠮᠵᠢᠶ᠎ᠠ ᠪᠠᠷ ᠤᠷᠤᠰᠢᠵᠤ ᠪᠤᠢ︔ ᠦᠬᠡᠷᠡᠴᠢᠯᠡᠯᠳᠡ ᠨᠡᠬᠡᠬᠡᠯᠳᠡ ᠶᠢ ᠤᠯᠠᠮ ᠴᠢᠨᠠᠭᠰᠢᠳᠠ | ᠬᠦᠡᠵᠡᠬᠡᠶᠢᠷᠡᠬᠦᠯᠬᠦ ᠴᠢᠬᠤᠯᠠᠳᠡᠢ ᠪᠠᠶᠢᠵᠤ᠂ ᠵᠠᠰᠠᠭ ᠤᠨ ᠤᠷᠳᠤᠨ ᠤ ᠴᠢᠳᠠᠪᠬᠢ ᠶᠢᠨ ᠬᠤᠪᠢᠷᠠᠭᠤᠯᠤᠯᠳᠠ ᠶᠢ ᠤᠯᠠᠮ | ᠴᠢᠨᠠᠭᠰᠢᠳᠠ ᠲᠦᠷᠬᠡᠳᠬᠡᠵᠤ᠂ ᠵᠠᠰᠠᠭ ᠵᠠᠬᠢᠷᠭᠠᠨ ᠤ ᠴᠢᠳᠠᠪᠬᠢ ᠶᠢ ᠤᠯᠠᠮ ᠴᠢᠨᠠᠭᠰᠢᠳᠠ ᠲᠡᠬᠡᠭᠰᠢᠯᠡᠬᠦᠯᠬᠦ ᠴᠢᠬᠤᠯᠠᠳᠡᠢ | ᠪᠠᠶᠢᠨ᠎ᠠ᠃ ᠡᠳᠡᠬᠡᠷ ᠲᠤᠪᠤᠶᠢᠮ᠎ᠠ ᠠᠰᠠᠭᠤᠳᠠᠯ ᠳᠤ ᠴᠢᠭᠯᠡᠬᠦᠯᠤᠨ᠂ ᠪᠢᠳᠠ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ | ᠶᠢ ᠪᠠᠷᠢᠮᠳᠠᠯᠠᠵᠤ᠂ ︽ᠠᠷᠪᠠᠨ ᠲᠦᠷᠪᠡᠳᠤᠬᠡᠷ ᠲᠠᠪᠤᠨ ᠵᠢᠯ︾ ᠤᠨ ᠲᠦᠯᠤᠪᠵᠢᠬᠦᠯᠬᠡ ᠶᠢᠨ ᠬᠤᠭᠤᠴᠠᠭᠠᠨ ᠳᠠᠬᠢ | ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠦᠢᠯᠡᠳᠤᠯᠬᠡ ᠪᠠᠷ ᠲᠠᠮᠵᠢᠭᠤᠯᠤᠨ ᠡᠯ᠎ᠠ ᠲᠦᠷᠤᠯ ᠤᠨ ᠠᠵᠢᠯ ᠤᠨ | ᠡᠬᠦᠷᠬᠡ ᠪᠠᠨ ᠢᠯᠠᠭᠤᠮ ᠤᠷᠤᠭᠰᠢᠳᠡᠢ ᠪᠠᠶᠠᠯᠠᠬᠦᠯᠵᠤ ᠲᠠᠶᠢᠯᠤᠨ᠎ᠠ ᠬᠡᠳᠡᠭ ᠲᠤ ᠢᠳᠡᠬᠡᠯ ᠲᠦᠬᠦᠷᠡᠩ ᠪᠠᠶᠢᠨ᠎ᠠ᠃ | ᠬᠤᠶᠢᠰᠢᠳᠠ ᠶᠢᠨ ᠲᠠᠪᠤᠨ ᠵᠢᠯ ᠤᠨ ᠲᠠᠮᠠᠴᠠᠬᠦ ᠬᠠᠷᠠᠯᠲᠠ ᠪᠠ ᠭᠤᠣᠯ ᠡᠭᠦᠷᠭᠡ | ᠲᠥᠯᠥᠭᠡᠯᠡᠭᠴᠢᠳ ᠡ᠂ ᠨᠥᠬᠦᠳ ᠡ︕ | ᠬᠤᠶᠢᠰᠢᠳᠠ ᠶᠢᠨ ᠲᠠᠪᠤᠨ ᠵᠢᠯ ᠳᠤ᠂ ᠮᠠᠨ ᠤ ᠬᠤᠰᠢᠭᠤ ᠠᠵᠢᠯ ᠦᠢᠯᠡᠰ ᠴᠤᠭᠴᠠᠯᠠᠬᠤ ᠴᠢᠬᠤᠯᠠ ᠶᠡᠭᠡ | ᠪᠠᠶᠢᠯᠳᠤᠬᠤ ᠪᠤᠲᠤᠯᠭ᠎ᠠ ᠶᠢᠨ ᠠᠵᠠ ᠲᠣᠬᠢᠶᠠᠯᠳᠤ ᠬᠤᠭᠤᠴᠠᠭᠠᠨ ᠳᠤ ᠤᠷᠤᠰᠢᠵᠤ᠂ ᠤᠯᠤᠰ ᠤᠨ ᠶᠡᠭᠡ ᠲᠠᠯ᠎ᠠ ᠠᠴᠠ | ᠦᠵᠡᠪᠡᠯ᠂ ᠨᠠᠮ ᠤᠨ ᠲᠦᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶᠠᠨ ᠠᠴᠠ ᠰᠢᠷᠢᠰ ᠴᠢᠬᠤᠯᠠ ᠶᠡᠭᠡ | ᠪᠠᠶᠢᠯᠳᠤᠬᠤ ᠪᠤᠲᠤᠯᠭ᠎ᠠ ᠶᠢᠨ ᠪᠠᠶᠢᠷᠢᠯᠠᠭᠤᠯᠤᠯᠲᠠ᠂ ᠰᠢᠷᠢᠰ ᠲᠦᠷᠦ ᠶᠢᠨ ᠪᠤᠲᠤᠯᠭ᠎ᠠ ᠠᠷᠭ᠎ᠠ ᠬᠡᠮᠵᠢᠶ᠎ᠡ ᠶᠢ | ᠲᠣᠭᠲᠠᠭᠠᠭᠰᠠᠨ ᠨᠢ ᠮᠠᠨ ᠤ ᠬᠤᠰᠢᠭᠤᠨ ᠤ ᠬᠥᠭᠵᠢᠯᠲᠡ ᠶᠢᠨ ᠣᠷᠣᠨ ᠵᠠᠶ ᠶᠢ ᠥᠷᠭᠡᠳᠬᠡᠵᠦ᠂ ᠬᠥᠭᠵᠢᠯᠲᠡ ᠶᠢᠨ | ᠠᠬᠢᠴᠠ ᠶᠢ ᠲᠦᠷᠭᠡᠳᠬᠡᠵᠦ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠠᠰᠢᠭᠲᠠᠶ ᠨᠦᠬᠦᠴᠠᠯ | ᠪᠤᠯᠤᠭᠰᠡᠨ ᠪᠠᠶᠢᠨ᠎ᠠ︔ ᠤᠯᠤᠰ ᠠᠴᠠ ᠤᠳᠤᠬᠢᠴᠢᠯᠠᠭᠰᠡᠨ ᠡᠨᠧᠷᠭᠢ ᠶᠢᠨ ᠡᠬᠢ ᠰᠤᠷᠪᠤᠯᠵᠢ ᠶᠢᠨ ᠲᠤᠭᠳᠠᠯᠴᠠᠭ᠎ᠠ ᠶᠢ | ᠪᠠᠶᠢᠭᠤᠯᠵᠤ᠂ ᠪᠠᠴᠢᠮ ᠪᠠᠶᠢᠳᠠᠯ ᠳᠤ ᠰᠢᠭᠤᠷᠬᠠᠢ ᠬᠠᠨᠳᠤᠬᠤ ᠪᠡᠯᠡᠳᠬᠡᠯ ᠪᠠ ᠴᠠᠬᠢᠯᠭᠠᠨ ᠳᠣᠭᠢᠷᠠᠭᠤᠯᠬᠤ | ᠪᠠᠶᠢᠭᠤᠯᠤᠯᠲᠠ ᠶᠢ ᠲᠦᠷᠭᠡᠳᠬᠡᠵᠦ᠂ ᠡᠨᠧᠷᠭᠢ ᠶᠢᠨ ᠬᠠᠩᠭᠠᠯᠭ᠎ᠠ ᠶᠢᠨ ᠬᠡᠯᠬᠢᠶᠠᠵᠢᠯ ᠤᠨ ᠠᠮᠤᠷ ᠲᠦᠪᠰᠢᠨ᠂ | ᠬᠠᠩᠭᠠᠯᠭ᠎ᠠ ᠪᠠ ᠬᠡᠷᠡᠭᠴᠡᠭᠡ ᠶᠢᠨ ᠲᠠᠯ᠎ᠠ ᠶᠢᠨ ᠥᠭᠡᠷᠡᠴᠢᠯᠡᠯᠲᠡ ᠶᠢ ᠬᠠᠷᠢᠯᠴᠠᠨ ᠤᠶᠠᠯᠳᠤᠭᠤᠯᠬᠤ ᠶᠢ ᠠᠬᠢᠭᠤᠯᠤᠭᠰᠡᠨ | ᠠᠴᠠ ᠮᠠᠨ ᠤ ᠬᠤᠰᠢᠭᠤᠨ ᠤ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠨ᠂ ᠠᠵᠤ ᠦᠢᠯᠡᠰ ᠤᠨ | ᠰᠢᠯᠵᠢᠯᠲᠡ ᠶᠢ ᠠᠬᠢᠭᠤᠯᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ᠂ ᠪᠦᠲᠦᠮᠵᠢᠲᠡᠶ ᠪᠠᠯᠠ | ᠣᠷᠣᠭᠤᠯᠤᠯᠲᠠ ᠶᠢ ᠥᠷᠭᠡᠳᠬᠡᠬᠦ ᠳᠤ ᠠᠰᠢᠭᠲᠠᠶ ᠨᠦᠬᠦᠴᠠᠯ ᠪᠤᠯᠤᠭᠰᠡᠨ ᠪᠠᠶᠢᠨ᠎ᠠ︔ ᠤᠯᠤᠰ ᠠᠴᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠬᠢᠯᠢ | ᠬᠢᠵᠠᠭᠠᠷ ᠢ ᠬᠥᠭᠵᠢᠭᠦᠯᠵᠦ ᠠᠷᠠᠳ ᠢᠶᠠᠨ ᠪᠠᠶᠠᠵᠢᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠬᠦ ᠨᠢ ᠮᠠᠨ ᠤ | ᠬᠤᠰᠢᠭᠤᠨ ᠤ ᠲᠥᠷᠥ ᠶᠢᠨ ᠪᠣᠳᠣᠯᠭ᠎ᠠ ᠶᠢ ᠵᠤᠬᠢᠴᠠᠭᠤᠯᠤᠨ ᠵᠤᠯᠭᠠᠭᠤᠯᠵᠤ᠂ ᠦᠷ᠎ᠡ ᠪᠦᠳᠤᠮᠵᠢ ᠪᠠᠨ ᠦᠷᠬᠦᠯᠵᠢᠯᠡᠨ | ᠪᠠᠬᠢᠵᠢᠭᠦᠯᠦᠨ ᠥᠷᠭᠡᠳᠬᠡᠬᠦ ᠳᠤ ᠠᠰᠢᠭᠲᠠᠶ ᠪᠤᠯᠬᠤ ᠨᠢ ᠭᠠᠷᠴᠠᠭ᠎ᠠ ᠦᠬᠡᠢ᠃ ᠪᠦᠬᠦ ᠣᠷᠣᠨ ᠤ ᠬᠠᠷᠠᠭᠠᠰᠤ ᠠᠴᠠ | ᠦᠵᠡᠪᠡᠯ᠂ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ | ᠪᠠᠶᠢᠷᠢ ᠲᠣᠭᠲᠠᠭᠠᠯᠲᠠ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢᠨ | ᠪᠦᠲᠦᠭᠡᠨ ᠪᠠᠶᠢᠭᠤᠯᠤᠯᠲᠠ ᠳᠤ ᠴᠢᠭᠯᠡᠬᠦᠯᠤᠨ᠂ ᠬᠥᠭᠵᠢᠯᠲᠡ ᠶᠢᠨ ᠲᠥᠯᠥᠪᠵᠢᠭᠦᠯᠭᠡ ᠢᠶᠠᠨ ᠲᠡᠭᠦᠯᠳᠡᠷᠵᠢᠭᠦᠯᠵᠦ᠂ | ᠪᠣᠳᠠᠲᠠᠶ ᠲᠠᠢ ᠨᠠᠶᠢᠴᠡᠭᠰᠡᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠣᠷᠣᠨ ᠪᠦᠰᠡ ᠶᠢᠨ ᠪᠠᠶᠢᠷᠢᠰᠢᠯ ᠪᠠ | ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ᠂ ᠴᠢᠬᠤᠯᠠ ᠶᠡᠭᠡ ᠲᠥᠷᠥᠯ ᠵᠥᠢᠯ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠪᠠ ᠠᠷᠠᠯᠵᠢᠶᠠᠴᠢᠨ ᠤᠷᠢᠵᠤ ᠪᠠᠯᠠ ᠣᠷᠣᠭᠤᠯᠬᠤ | ᠡᠷᠴᠢᠮ ᠢᠶᠠᠨ ᠴᠢᠩᠭᠠᠷᠠᠭᠤᠯᠤᠨ᠂ ᠪᠥᠬᠦ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠨᠢᠭᠡᠳᠦᠯᠲᠡᠶ ᠲᠦᠯᠤᠪᠵᠢᠬᠦᠯᠵᠤ | ᠂ ᠮᠠᠨ ᠤ ᠬᠤᠰᠢᠭᠤ ᠶᠢ ᠪᠠᠭᠲᠠᠭᠠᠭᠰᠠᠨ ᠤᠷᠤᠨ ᠤ ᠵᠡᠭᠦᠨ ᠬᠡᠰᠡᠭ ᠤᠨ ᠭᠠᠵᠠᠷ ᠣᠷᠣᠨ ᠳᠤ ᠤᠷᠢᠳ ᠡᠮᠦᠨ᠎ᠡ | ᠭᠠᠷᠤᠭ᠎ᠠ ᠥᠬᠡᠶ ᠮᠠᠰᠢ ᠰᠠᠶᠢᠨ ᠬᠥᠭᠵᠢᠯᠲᠡ ᠶᠢᠨ ᠠᠵᠠ ᠲᠣᠬᠢᠶᠠᠯ ᠢ ᠣᠯᠭᠤᠭᠰᠠᠨ ᠪᠠᠶᠢᠨ᠎ᠠ᠃ ᠪᠥᠬᠦ ᠠᠶᠢᠮᠠᠭ ᠤᠨ | ᠬᠠᠷᠠᠭᠠᠰᠤ ᠠᠴᠠ ᠦᠵᠡᠪᠡᠯ᠂ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠳᠤ ᠰᠠᠭᠤᠷᠢᠯᠠᠨ᠂ | ᠮᠠᠨ ᠤ ᠬᠤᠰᠢᠭᠤ ᠶᠢ ᠮᠢᠩᠭᠠᠨ ᠲᠦᠮᠡᠨ ᠺᠢᠯᠣᠸᠠᠲ ᠤᠨ ᠲᠠᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ | ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠭᠠᠵᠠᠷ ᠣᠷᠣᠨ ᠳᠤ ᠣᠷᠣᠭᠤᠯᠤᠨ ᠲᠠᠮᠵᠢᠨ ᠲᠡᠳᠬᠦᠵᠦ᠂ ᠠᠵᠤ | ᠦᠢᠯᠡᠰ ᠤᠨ ᠴᠢᠳᠠᠪᠬᠢ ᠶᠢ ᠲᠠᠰ ᠳᠡᠭᠡᠭᠰᠢᠯᠡᠭᠦᠯᠬᠦ ᠪᠤᠯᠤᠭᠰᠡᠨ ᠨᠢ ᠮᠠᠨ ᠤ ᠬᠤᠰᠢᠭᠤ ᠪᠥᠬᠦ ᠠᠶᠢᠮᠠᠭ ᠤᠨ ᠰᠢᠨ᠎ᠡ | ᠡᠨᠧᠷᠭᠢ ᠶᠢᠨ ᠪᠦᠳᠤᠬᠡᠨ ᠪᠠᠶᠢᠭᠤᠯᠤᠯᠳᠠ ᠶᠢᠨ ᠲᠤᠮᠳᠠᠬᠢ ᠲᠡᠷᠢᠭᠦᠨ ᠤ ᠪᠠᠶᠢᠷᠢ ᠰᠠᠭᠤᠷᠢ ᠪᠠᠨ ᠦᠷᠭᠦᠯᠵᠢᠯᠡᠨ | ᠪᠠᠬᠢᠵᠢᠭᠦᠯᠬᠦ ᠳᠤ ᠠᠰᠢᠭᠲᠠᠶ ᠶᠤᠮ︔ ᠮᠠᠨ ᠤ ᠬᠤᠰᠢᠭᠤ ᠶᠢ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ | ᠵᠠᠬᠢᠷᠭ᠎ᠠ ᠠᠴᠠ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠠᠯ᠎ᠠ ᠳᠤ ᠲᠠᠭᠤᠷᠢᠶᠠᠯ ᠪᠤᠯᠬᠤ ᠪᠠᠷ᠂ ᠳᠡᠯᠭᠡᠷᠡᠭᠦᠯᠵᠦ | ᠪᠤᠯᠬᠤ ᠪᠠᠷ ᠲᠤᠷᠰᠢᠯᠭ᠎ᠠ ᠶᠢ ᠬᠠᠶᠢᠨ ᠰᠦᠪᠡᠭᠴᠢᠯᠡᠬᠦ ᠠᠵᠢᠯ ᠢ ᠵᠤᠷᠢᠭᠵᠢᠭᠤᠯᠤᠨ᠂ ᠪᠥᠬᠦ ᠠᠶᠢᠮᠠᠭ ᠤᠨ ᠮᠠᠯᠵᠢᠬᠤ | ᠣᠷᠣᠨ ᠤ ᠠᠵᠢᠯ ᠢ ᠤᠯᠠᠮ ᠨᠢᠭᠡ ᠠᠯᠬᠤᠮ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠶᠢ ᠵᠣᠷᠢᠭᠵᠢᠭᠤᠯᠵᠤ | ᠪᠠᠶᠢᠨ᠎ᠠ᠃ ᠭᠠᠳᠠᠭᠠᠳᠤ ᠣᠷᠴᠢᠨ ᠪᠠᠶᠢᠳᠠᠯ ᠠᠴᠠ ᠬᠥᠭᠵᠢᠯᠲᠡ ᠶᠢᠨ ᠪᠠᠶᠢᠳᠠᠯ ᠢ ᠰᠤᠳᠤᠯᠤᠨ ᠮᠠᠭᠠᠳᠯᠠᠪᠠᠯ᠂ ᠮᠠᠨ ᠤ | ᠬᠤᠰᠢᠭᠤᠨ ᠤ ᠬᠥᠭᠵᠢᠯᠲᠡ ᠳᠤ ᠠᠰᠢᠭᠲᠠᠶ ᠢᠳᠡᠪᠬᠢ ᠬᠦᠴᠦᠨ ᠵᠥᠢᠯ ᠮᠠᠰᠢ ᠣᠯᠠᠨ ᠪᠠᠶᠢᠨ᠎ᠠ᠂ ᠲᠤᠬᠠᠶᠢᠯᠠᠪᠠᠯ | ᠬᠤᠰᠢᠭᠤᠨ ᠤ ᠪᠠᠨ ᠳᠠᠪᠠᠭᠤᠯᠢᠭ ᠪᠠ ᠬᠥᠭᠵᠢᠯᠲᠡ ᠳᠤ ᠰᠠᠭᠤᠷᠢᠯᠠᠨ ᠬᠤᠰᠢᠭᠤ ᠲᠠᠶᠠᠭᠠᠷ ᠰᠡᠳᠬᠢᠯ ᠨᠢᠬᠡᠳᠤᠨ ᠬᠠᠮᠲᠤ | ᠪᠠᠷ ᠴᠢᠷᠮᠠᠶᠢᠬᠤ ᠶᠤᠮ ᠪᠤᠯ ᠪᠢᠳᠡ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠵᠦᠭ ᠤᠷᠤᠭᠰᠢᠯᠠᠬᠤ | ᠨᠢᠬᠡᠳᠤᠬᠡᠷ ᠲᠠᠪᠤᠨ ᠵᠢᠯ ᠳᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠠᠶᠠᠨ ᠳᠤ᠂ ᠠᠪᠠᠭ᠎ᠠ | ᠬᠤᠰᠢᠭᠤᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠢᠳᠡᠬᠡᠯ ᠵᠤᠷᠢᠭ ᠲᠡᠬᠦᠯᠳᠡᠷ ᠪᠠᠶᠢᠨ᠎ᠠ᠃ | ᠬᠤᠰᠢᠭᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠪᠣᠯᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠤ ᠲᠣᠭᠲᠠᠭᠠᠭᠰᠠᠨ ᠬᠠᠷᠠᠯᠲᠠ | ᠡᠭᠦᠷᠭᠡ ᠶᠢ ᠦᠨᠳᠦᠰᠦᠯᠡᠨ᠂ ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ | ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠨ᠂ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠠᠵᠢᠯ ᠤᠨ | ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ | ᠲᠦᠯᠤᠪᠵᠢᠬᠦᠯᠤᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ | ᠲᠤᠤᠱᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠠᠮᠢ | ᠠᠬᠤᠢ ᠶᠢ ᠡᠩ ᠲᠡᠷᠢᠭᠦᠨ ᠳᠤ ᠲᠠᠯᠪᠢᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ᠂ ᠰᠢᠨ᠎ᠡ ᠶᠢ ᠡᠭᠦᠳᠴᠦ᠂ | ᠰᠢᠨ᠎ᠡ ᠠᠮᠵᠢᠯᠲᠠ ᠶᠢ ᠴᠤᠭᠴᠠᠯᠠᠨ᠂ ᠭᠡᠷᠡᠯ ᠰᠠᠴᠤᠷᠠᠩᠭᠤᠢ ᠬᠠᠭᠤᠳᠠᠰᠤ ᠶᠢ ᠪᠢᠴᠢᠭᠯᠡᠵᠤ᠂ ᠴᠡᠴᠡᠭᠯᠡᠨ ᠬᠦᠭᠵᠢᠭᠰᠡᠨ᠂ | ᠪᠤᠯᠪᠠᠰᠤᠨ ᠡᠶ᠎ᠡ ᠵᠤᠬᠢᠴᠠᠯ ᠲᠠᠢ᠂ ᠦᠵᠡᠰᠬᠦᠯᠠᠩᠳᠤ ᠰᠠᠶᠢᠬᠠᠨ᠂ ᠵᠤᠯ ᠵᠢᠷᠭᠠᠯᠳᠤ ᠠᠪᠠᠭ᠎ᠠ ᠨᠤᠳᠤᠭ ᠢ ᠴᠤᠭᠴᠠᠯᠠᠨ | ᠪᠠᠶᠢᠭᠤᠯᠤᠨ᠎ᠠ᠃ | ᠬᠤᠶᠢᠰᠢᠳᠠ ᠶᠢᠨ ᠲᠠᠪᠤᠨ ᠵᠢᠯ ᠤᠨ ᠲᠠᠮᠠᠴᠠᠬᠦ ᠬᠠᠷᠠᠯᠲᠠ ᠪᠣᠯ᠄ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠳᠤ ᠲᠣᠭᠲᠠᠭᠠᠭᠰᠠᠨ ᠡᠯ᠎ᠡ ᠲᠦᠷᠤᠯ ᠤᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ | ᠥᠭᠡᠷᠡᠴᠢᠯᠡᠯᠲᠡ ᠨᠡᠭᠡᠭᠡᠯᠳᠡ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠦᠨ᠂ ᠠᠵᠤ ᠠᠬᠤᠶ ᠶᠢᠨ ᠬᠥᠭᠵᠢᠯᠲᠡ ᠶᠢᠨ | ᠰᠢᠨ᠎ᠡ ᠦᠷ᠎ᠡ ᠪᠦᠲᠦᠮᠵᠢ ᠶᠢ ᠣᠯᠵᠤ᠂ ᠠᠵᠤ ᠦᠢᠯᠡᠰ ᠤᠨ ᠬᠡᠪᠴᠢᠶ᠎ᠡ ᠶᠢ ᠲᠠᠰᠤᠷᠠᠯᠳᠠ ᠦᠭᠡᠢ ᠥᠷᠭᠡᠳᠬᠡᠨ᠂ | ᠬᠥᠭᠵᠢᠯᠲᠡ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ︔ ᠨᠡᠶᠢᠭᠡᠮ ᠤᠨ ᠪᠣᠯᠪᠠᠰᠤᠨ ᠤ ᠬᠢᠷᠢ ᠲᠦᠪᠰᠢᠨ | ᠢ ᠳᠡᠭᠡᠭᠰᠢᠯᠡᠭᠦᠯᠵᠦ᠂ ᠠᠷᠠᠳ ᠲᠦᠮᠡᠨ ᠤ ᠬᠡᠪ ᠪᠤᠯᠪᠠᠰᠤᠷᠠᠯ ᠢ ᠰᠠᠶᠢᠵᠢᠷᠠᠭᠤᠯᠤᠨ᠂ ᠤᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡ ᠶᠢ ᠨᠡᠩ ᠲᠡᠭᠦᠯᠳᠡᠷᠵᠢᠭᠦᠯᠵᠦ᠂ ᠠᠷᠠᠳ ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ | ᠡᠳᠦᠷ ᠢᠷᠡᠬᠦᠶ᠎ᠡ ᠪᠠᠶᠠᠯᠢᠭᠵᠢᠭᠤᠯᠤᠨ᠎ᠠ︔ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ | ᠲᠠᠪᠰᠢᠯᠳᠠ ᠶᠢ ᠪᠡᠶᠡᠯᠡᠭᠦᠯᠵᠦ᠂ ᠡᠬᠢ ᠪᠠᠶᠠᠯᠢᠭ ᠤᠨ ᠲᠤᠬᠢᠷᠠᠭᠤᠯᠤᠯᠳᠠ ᠶᠢ ᠨᠡᠩ ᠵᠦᠢ ᠵᠣᠬᠢᠰᠲᠠᠶ ᠪᠥᠭᠡᠳ | ᠪᠦᠲᠦᠮᠵᠢᠲᠡᠶ ᠪᠣᠯᠭᠠᠨ᠂ ᠠᠮᠢ ᠠᠬᠤᠶ ᠶᠢᠨ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠬᠤᠳᠠ | ᠬᠥᠳᠡᠭᠡ ᠶᠢᠨ ᠬᠥᠮᠦᠰ ᠤᠨ ᠣᠷᠣᠰᠢᠨ ᠰᠠᠭᠤᠷᠢᠰᠢᠬᠤ ᠨᠥᠬᠦᠴᠡᠯ ᠢ ᠢᠯᠡᠳᠲᠡ ᠰᠠᠶᠢᠵᠢᠷᠠᠭᠤᠯᠤᠨ᠎ᠠ︔ ᠠᠷᠠᠳ ᠤᠨ | ᠠᠮᠢᠳᠤᠷᠠᠯ ᠤᠨ ᠵᠤᠯ ᠵᠢᠷᠭᠠᠯ ᠢ ᠰᠢᠨ᠎ᠡ ᠬᠢᠷᠢ ᠲᠦᠪᠰᠢᠨ ᠳᠤ ᠬᠦᠷᠭᠡᠵᠦ᠂ ᠰᠠᠭᠤᠭᠠᠯᠢ ᠠᠷᠠᠳ ᠤᠨ ᠣᠷᠣᠯᠭ᠎ᠠ ᠶᠢ | ᠲᠣᠭᠲᠠᠭᠤᠨ ᠢᠶᠠᠷ ᠨᠡᠮᠡᠭᠳᠡᠭᠦᠯᠤᠨ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠲᠠᠩᠴᠠᠬᠦᠷᠢᠳᠡᠢ ᠪᠣᠯᠭᠠᠵᠤ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ | ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠠᠬᠢᠭᠤᠯᠤᠨ᠎ᠠ︔ | ᠵᠠᠰᠠᠭ ᠤᠨ ᠣᠷᠳᠣᠨ ᠤ ᠵᠠᠰᠠᠯᠲᠠ ᠶᠢᠨ ᠦᠷ᠎ᠡ ᠪᠦᠲᠦᠮᠵᠢ ᠶᠢ ᠰᠢᠨ᠎ᠡ ᠪᠠᠷ ᠳᠡᠭᠡᠭᠰᠢᠯᠡᠭᠦᠯᠵᠦ᠂ ᠨᠡᠶᠢᠭᠡᠮ ᠤᠨ | ᠠᠷᠠᠳᠴᠢᠯᠠᠯ ᠬᠠᠤᠯᠢ ᠪᠠᠷ ᠵᠠᠰᠠᠬᠤ ᠪᠠᠶᠢᠭᠤᠯᠤᠯᠲᠠ ᠶᠢ ᠨᠡᠩ ᠭᠦᠨᠵᠡᠭᠡᠶᠢᠷᠡᠭᠦᠯᠤᠨ᠂ ᠵᠠᠰᠠᠭ ᠵᠠᠬᠢᠷᠭᠠᠨ ᠤ ᠦᠷ᠎ᠡ | ᠪᠦᠲᠦᠮᠵᠢ ᠪᠠ ᠢᠳᠡᠬᠡᠮᠵᠢ ᠶᠢ ᠢᠯᠡᠳᠲᠡ ᠳᠡᠭᠡᠭᠰᠢᠯᠡᠭᠦᠯᠵᠦ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ ᠪᠠ | ᠵᠠᠰᠠᠯᠲᠠ ᠶᠢᠨ ᠰᠢᠰᠲ᠋ᠧᠮ ᠢ ᠨᠡᠩ ᠲᠡᠭᠦᠯᠳᠡᠷᠵᠢᠭᠦᠯᠤᠨ᠂ ᠬᠥᠭᠵᠢᠯᠲᠡ ᠶᠢᠨ ᠠᠮᠤᠷ ᠲᠦᠪᠰᠢᠨ ᠤ ᠪᠠᠲᠤᠯᠠᠭ᠎ᠠ ᠶᠢ ᠨᠡᠩ | ᠬᠦᠴᠦᠨ ᠲᠠᠢ ᠪᠣᠯᠭᠠᠨ᠎ᠠ︔ ᠡᠯ᠎ᠠ ᠦᠨᠳᠦᠰᠦᠲᠡᠨ ᠤ ᠬᠠᠮᠲᠤ ᠪᠠᠷ ᠪᠦᠯᠬᠦᠮᠳᠡᠨ ᠲᠡᠮᠡᠴᠡᠵᠦ ᠬᠠᠮᠲᠤ ᠪᠠᠷ ᠴᠡᠴᠡᠭᠯᠡᠨ | ᠬᠥᠭᠵᠢᠬᠦ ᠰᠠᠶᠢᠨ ᠰᠠᠶᠢᠬᠠᠨ ᠪᠠᠶᠢᠳᠠᠯ ᠢ ᠤᠯᠠᠮ ᠴᠢᠨᠠᠭᠰᠢᠳᠠ ᠪᠠᠬᠢᠵᠢᠬᠦᠯᠤᠨ᠎ᠠ᠃ | ᠭᠤᠣᠯ ᠵᠢᠱᠢᠭᠰᠡᠨ ᠠᠵᠤ ᠠᠬᠤᠶ ᠶᠢᠨ ᠵᠢᠭᠠᠯᠳᠠ ᠲᠤᠭ᠎ᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠶ ᠥᠷᠳᠡᠭ ᠢ ᠵᠢᠯ ᠪᠦᠷᠢ ᠳᠤᠮᠳᠠᠴᠢ ᠪᠠᠷ 6% ᠪᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠪᠤᠳᠠᠰ ᠢ | ᠵᠢᠵᠢᠭᠯᠡᠨ ᠪᠤᠷᠤᠯᠠᠭᠤᠯᠬᠤ ᠶᠡᠷᠦᠩᠬᠡᠶ ᠬᠡᠮᠵᠢᠶ᠎ᠠ ᠶᠢ ᠵᠢᠯ ᠪᠦᠷᠢ ᠳᠤᠮᠳᠠᠴᠢ ᠪᠠᠷ 6% ᠪᠠᠷ ᠨᠡᠮᠡᠭᠳᠡᠬᠦᠯᠤᠨ᠎ᠠ᠃ ᠡᠩ | ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠵᠢᠯ ᠪᠦᠷᠢ ᠳᠤᠮᠳᠠᠴᠢ ᠪᠠᠷ 6% ᠪᠠᠷ ᠨᠡᠮᠡᠭᠳᠡᠭᠦᠯᠵᠦ᠂ | ᠬᠤᠳᠠ ᠬᠥᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠡᠵᠡᠮᠳᠡᠵᠦ ᠪᠤᠯᠬᠤᠶᠢᠴᠠ ᠣᠷᠣᠯᠭ᠎ᠠ ᠶᠢ ᠵᠢᠯ ᠪᠦᠷᠢ | ᠳᠤᠮᠳᠠᠴᠢ ᠪᠠᠷ ᠲᠤᠰ ᠲᠤᠰ 5% ᠪᠠ 6% ᠣᠷᠴᠢᠮ ᠨᠡᠮᠡᠭᠳᠡᠬᠦᠯᠤᠨ᠎ᠠ᠃ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 150 ᠳ᠋ᠦᠩᠰᠢᠭᠤᠷ ᠲᠥᠭᠦᠷᠢᠭ ᠪᠡᠶᠡᠯᠡᠭᠦᠯᠦᠨ᠎ᠡ᠃ | ᠳᠡᠭᠡᠷᠡᠬᠢ ᠲᠤᠷᠠᠳᠤᠭᠰᠡᠨ ᠬᠠᠷᠠᠯᠲᠠ ᠶᠢ ᠪᠡᠶᠡᠯᠡᠭᠦᠯᠬᠦ ᠳᠤ᠂ ᠤᠳᠤ ᠠᠴᠠ ᠡᠬᠢᠯᠡᠨ ᠪᠢᠳᠡ ᠤᠶᠤᠨ ᠤᠬᠠᠭᠠᠨ | ᠬᠦᠴᠤᠨ ᠴᠢᠳᠠᠯ ᠢᠶᠠᠨ ᠲᠥᠪᠯᠡᠷᠡᠭᠦᠯᠵᠦ᠂ ᠳᠣᠣᠷᠠᠬᠢ ᠲᠦᠷᠪᠡᠨ ᠲᠠᠯ᠎ᠠ ᠠᠴᠠ ᠭᠠᠷᠳᠠᠨ᠂ 19 ᠲᠦᠷᠤᠯ ᠤᠨ ᠭᠤᠣᠯ | ᠡᠭᠦᠷᠭᠡ ᠶᠢ ᠯᠠᠪᠳᠠᠭᠤᠨ ᠢᠶᠠᠷ ᠠᠬᠢᠭᠤᠯᠤᠨ᠎ᠠ᠃ | — ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ ᠮᠥᠨ︾ ᠭᠡᠬᠦ | ᠤᠢᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢᠨ ᠪᠦᠳᠦᠬᠡᠨ ᠪᠠᠶᠢᠭᠤᠯᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠭᠳᠠᠭᠠᠯᠳᠠ | ᠶᠢ ᠴᠢᠩᠭᠠᠳᠬᠠᠨ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ᠂ ᠣᠷᠴᠢᠨ ᠲᠣᠭᠤᠷᠢᠨ ᠤ ᠶᠠᠰᠤ ᠴᠢᠨᠠᠷ ᠢ | ᠳᠡᠭᠡᠭᠰᠢᠯᠡᠭᠦᠯᠬᠦ ᠪᠠ ᠡᠬᠢ ᠪᠠᠶᠠᠯᠢᠭ ᠢ ᠡᠷᠴᠢᠮᠵᠢᠭᠦᠯᠦᠨ ᠠᠰᠢᠭᠯᠠᠬᠤ ᠶᠢ ᠨᠢᠭᠡᠳᠦᠯᠲᠡᠢ ᠲᠥᠯᠥᠪᠵᠢᠭᠦᠯᠦᠨ᠂ ᠪᠦᠬᠦ | ᠣᠷᠣᠨ ᠪᠦᠰᠡ ᠶᠢᠨ ᠠᠮᠢ ᠠᠬᠤᠢ ᠶᠢᠨ ᠠᠮᠤᠷ ᠲᠦᠪᠰᠢᠨ ᠤ ᠪᠠᠶᠢᠷᠢᠰᠢᠯ ᠢ ᠬᠦᠴᠦᠯᠡᠨ ᠪᠠᠶᠢᠭᠤᠯᠵᠤ᠂ ᠴᠢᠨᠠᠷ | ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠲᠤᠳᠬᠠᠨ᠎ᠠ᠃ | ᠨᠢᠭᠡ ᠳᠤ᠂ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ ᠤᠨ ᠤᠬᠠᠮᠰᠠᠷ ᠢ ᠪᠠᠲᠤᠳᠬᠠᠵᠤ᠂ ᠨᠤᠲᠤᠭ | ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ | ᠲᠦᠷᠢᠮ ᠤᠨ ᠬᠢᠵᠠᠭᠠᠷᠯᠠᠯ ᠢ ᠴᠢᠩᠭᠠᠳᠬᠠᠨ᠎ᠠ᠃ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠲᠦᠷᠢᠮ ᠢ | ᠭᠦᠨᠵᠡᠭᠡᠶᠢᠷᠡᠭᠦᠯᠵᠦ᠂ ᠢᠵᠢ ᠪᠥᠷᠢᠨ ᠬᠠᠮᠢᠶᠠᠷᠤᠯᠲᠠ ᠶᠢᠨ ᠠᠷᠭ᠎ᠠ ᠪᠣᠯᠤᠨ ᠬᠡᠷᠡᠭᠵᠢᠭᠦᠯᠬᠦ ᠨᠠᠷᠢᠨ ᠲᠦᠷᠢᠮ ᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠤᠨ᠂ 2021 — 2025 ᠣᠨ ᠤ ᠪᠥᠬᠦ ᠬᠤᠰᠢᠭᠤᠨ ᠤ ᠳᠤᠯᠠᠭᠠᠨ ᠤᠯᠠᠷᠢᠯ ᠤᠨ | ᠪᠡᠯᠴᠢᠭᠡᠷ ᠤᠨ ᠳᠠᠭᠠᠭᠠᠴᠠ ᠶᠢᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠮᠠᠯᠵᠢᠯ ᠤᠨ ᠣᠨ ᠤ ᠪᠥᠬᠦ ᠬᠤᠰᠢᠭᠤᠨ ᠤ | ᠮᠠᠯ ᠤᠨ ᠲᠤᠭ᠎ᠠ ᠲᠤᠯᠤᠭᠠᠢ ᠶᠢ ᠲᠤᠭᠳᠠᠭᠰᠡᠨ ᠬᠡᠪᠴᠢᠶᠡᠨ ᠳᠤ ᠴᠢᠩᠭ᠎ᠠ ᠬᠢᠵᠠᠭᠠᠷᠯᠠᠨ᠎ᠠ᠃ ᠨᠠᠩ ᠰᠢᠨᠵᠢᠯᠡᠬᠦ | ᠤᠬᠠᠭᠠᠨᠴᠢ ᠨᠤᠳᠤᠭ ᠪᠡᠯᠴᠢᠭᠡᠷ ᠤᠨ ︽ᠭᠤᠷᠪᠡᠨ ᠮᠠᠯᠵᠢᠯ︾ ᠤᠨ ᠲᠦᠷᠢᠮ ᠢ ᠦᠷᠭᠦᠯᠵᠢᠯᠡᠨ ᠬᠡᠷᠡᠭᠵᠢᠭᠦᠯᠵᠦ᠂ | ᠬᠠᠮᠢᠶᠠᠷᠴᠤ ᠬᠠᠮᠠᠭᠠᠯᠠᠬᠤ ᠵᠤᠬᠢᠴᠠᠮᠵᠢ ᠶᠢ ᠴᠢᠩᠭᠠᠳᠬᠠᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠦᠪᠡᠷᠳᠡᠬᠡᠨ | ᠰᠡᠷᠭᠦᠬᠦ ᠴᠢᠳᠠᠪᠤᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠨᠡᠬᠡᠬᠡᠨ ᠬᠦᠭᠵᠢᠬᠦᠯᠤᠨ᠎ᠠ᠃ ᠨᠤᠲᠤᠭ ᠪᠡᠯᠴᠢᠭᠡᠷ ᠤᠨ | ᠬᠠᠮᠠᠭᠠᠯᠠᠯᠲᠠ ᠶᠢᠨ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠵᠦ᠂ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ | ᠪᠠ ᠡᠵᠡᠯᠡᠨ ᠬᠡᠷᠡᠭᠯᠡᠬᠦ ᠠᠵᠢᠯᠯᠠᠭ᠎ᠠ ᠳᠤ ᠤᠯᠤᠰ ᠤᠨ ᠬᠠᠤᠯᠢ ᠴᠠᠭᠠᠵᠠ ᠪᠠᠷ ᠪᠠᠲᠤᠯᠠᠭ᠎ᠠ ᠪᠣᠯᠭᠠᠨ᠂ ᠨᠡᠩ ᠴᠢᠩᠭ᠎ᠠ | ᠬᠢᠨᠠᠨ ᠵᠥᠪᠰᠢᠶᠡᠷᠡᠬᠦ ᠳᠦᠷᠢᠮ ᠢ ᠬᠡᠷᠡᠭᠵᠢᠭᠦᠯᠦᠨ᠎ᠡ᠃ ᠣᠶ ᠰᠢᠭᠤᠶ ᠨᠤᠳᠤᠭ ᠪᠡᠯᠴᠢᠭᠡᠷ ᠤᠨ ᠳᠠᠷᠤᠭ᠎ᠠ ᠶᠢᠨ | ᠲᠦᠷᠢᠮ ᠢ ᠨᠠᠶᠢᠳᠠᠪᠤᠷᠢᠵᠢᠭᠤᠯᠵᠤ᠂ ︽ᠣᠶ ᠰᠢᠭᠤᠶ ᠨᠤᠳᠤᠭ ᠪᠡᠯᠴᠢᠭᠡᠷ ᠤᠨ ᠳᠠᠷᠤᠭ᠎ᠠ + ᠪᠠᠶᠢᠴᠠᠭᠠᠬᠤ ᠳᠠᠷᠤᠭ᠎ᠠ︾ | ᠶᠢᠨ ᠲᠦᠷᠢᠮ ᠪᠠ ᠨᠡᠶᠢᠲᠡ ᠶᠢᠨ ᠠᠰᠢᠭᠳᠤ ᠵᠠᠷᠭᠤ ᠶᠢ ᠬᠠᠷᠢᠯᠴᠠᠨ ᠤᠶᠠᠯᠳᠤᠭᠤᠯᠬᠤ ᠶᠢ ᠢᠳᠡᠪᠬᠢᠲᠡᠶ ᠠᠬᠢᠭᠤᠯᠵᠤ᠂ | ᠵᠠᠰᠠᠭ ᠤᠨ ᠣᠷᠳᠣᠨ ᠤ ᠪᠠᠶᠢᠭᠤᠯᠭ᠎ᠠ ᠬᠠᠤᠯᠢ ᠶᠤᠰᠤᠭᠠᠷ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠶᠠᠪᠤᠴᠠ ᠶᠢ ᠠᠬᠢᠭᠤᠯᠤᠨ᠎ᠠ᠃ | ᠲᠥᠷᠥ ᠶᠢᠨ ᠪᠣᠳᠣᠯᠭ᠎ᠠ ᠶᠢᠨ ᠵᠤᠬᠢᠴᠠᠮᠵᠢ ᠪᠠ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠱᠠᠩᠨᠠᠯ | ᠨᠦᠬᠦᠪᠤᠷᠢ ᠶᠢᠨ ᠲᠥᠷᠥ ᠶᠢᠨ ᠪᠣᠳᠣᠯᠭ᠎ᠠ ᠪᠠᠷ ᠤᠳᠤᠷᠢᠳᠤᠮᠵᠢ ᠪᠣᠯᠭᠠᠵᠤ᠂ ᠭᠤᠷᠪᠠᠳᠤᠭᠠᠷ ᠡᠭᠡᠯᠵᠢ ᠶᠢᠨ ᠨᠤᠲᠤᠭ | ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠱᠠᠩᠨᠠᠯ ᠨᠦᠬᠦᠪᠤᠷᠢ ᠶᠢᠨ ᠲᠥᠷᠥ ᠶᠢᠨ ᠪᠣᠳᠣᠯᠭ᠎ᠠ ᠶᠢ | ᠢᠳᠡᠪᠬᠢᠲᠡᠶ ᠨᠠᠶᠢᠳᠠᠪᠤᠷᠢᠵᠢᠭᠤᠯᠤᠨ᠂ ᠣᠯᠠᠨ ᠲᠦᠮᠡᠨ ᠤ ᠢᠳᠡᠪᠬᠢᠵᠢᠯ ᠢ ᠬᠦᠢᠴᠡᠳ ᠳᠠᠶᠢᠴᠢᠯᠠᠵᠤ᠂ ᠳᠠᠭᠠᠭᠠᠴᠢᠯᠠᠨ | ᠡᠵᠡᠩᠨᠡᠭᠴᠢ ᠶᠢᠨ ᠨᠤᠲᠤᠭ ᠪᠡᠯᠴᠢᠭᠡᠷ ᠢ ᠬᠠᠮᠠᠭᠠᠯᠠᠬᠤ ᠭᠤᠤᠯ ᠴᠣᠭᠴᠠ ᠶᠢᠨ ᠦᠢᠯᠡᠳᠤᠯ ᠢ ᠬᠦᠢᠴᠡᠳ | ᠪᠠᠳᠠᠷᠠᠭᠤᠯᠤᠨ᠎ᠠ᠃ ᠨᠤᠳᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠪᠠ ᠡᠵᠡᠩᠨᠡᠬᠦ ᠡᠷᠬᠡ ᠶᠢ ᠰᠢᠯᠵᠢᠬᠦᠯᠬᠦ | ᠵᠤᠬᠢᠴᠠᠮᠵᠢ ᠶᠢ ᠤᠯᠠᠮ ᠴᠢᠨᠠᠭᠰᠢᠳᠠ ᠵᠢᠷᠤᠮᠵᠢᠭᠤᠯᠤᠨ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤᠨ | ᠤ ᠨᠤᠳᠤᠭ ᠪᠠᠯᠴᠢᠬᠡᠷ ᠤᠨ ᠰᠢᠯᠵᠢᠬᠦᠯᠤᠨ ᠡᠵᠡᠩᠨᠡᠬᠦ ᠡᠷᠬᠡ ᠶᠢᠨ ᠳᠠᠷᠠᠭᠠᠯᠠᠯ ᠢ ᠲᠤᠳᠤᠷᠬᠠᠶᠢᠯᠠᠨ ᠰᠢᠯᠢᠳᠡᠭᠵᠢᠭᠦᠯᠵᠦ᠂ | ᠨᠤᠳᠤᠭ ᠪᠡᠯᠴᠢᠭᠡᠷ ᠢ ᠲᠤᠰ ᠭᠠᠴᠠᠭᠠᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠬᠡᠪᠴᠢᠶᠠᠨ ᠳᠤ ᠤᠷᠢᠳᠴᠢᠯᠡᠨ | ᠡᠵᠡᠩᠨᠡᠬᠦ ᠶᠢ ᠬᠦᠳᠤᠯᠤᠨ ᠵᠢᠯᠤᠭᠤᠳᠤᠨ᠎ᠠ᠃ | ᠠᠮᠢ ᠠᠬᠤᠶ ᠶᠢᠨ ᠵᠠᠰᠠᠯᠲᠠ ᠶᠢ ᠰᠠᠶᠢᠳᠤᠷ ᠦᠷᠨᠢᠬᠦᠯᠤᠨ᠎ᠠ᠃ ᠪᠠᠶᠢᠭᠠᠯᠢᠯᠢᠭ ᠰᠡᠷᠭᠦᠭᠡᠯᠲᠡ ᠪᠠ | ᠢᠨᠵᠧᠨᠧᠷᠢᠩ ᠤᠨ ᠵᠠᠰᠠᠯᠲᠠ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠲᠠᠴᠢᠷᠰᠢᠭᠰᠡᠨ ᠪᠡᠯᠴᠢᠭᠡᠷ ᠲᠤ | ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠢᠨᠵᠧᠨᠧᠷᠢᠩ ᠬᠡᠷᠡᠭᠵᠢᠭᠦᠯᠦᠨ᠂ ᠦᠪᠤᠷ ᠮᠤᠩᠭᠤᠯ ᠤᠨ | ᠦᠡᠳᠦᠷᠯᠢᠭ ᠤᠨ ᠠᠮᠢ ᠠᠬᠤᠢ ᠶᠢᠨ ᠬᠠᠮᠠᠭᠠᠯᠠᠬᠤ ᠵᠠᠰᠠᠯᠳᠠ ᠶᠢᠨ ᠢᠡᠵᠧᠨᠧᠷᠢᠩ᠂ ᠬᠤᠯᠠᠨ ᠰᠢᠷᠭ᠎ᠠ ᠲᠠᠭ᠎ᠠ ᠶᠢᠨ | ᠡᠯᠡᠰᠦᠷᠬᠡᠭ ᠭᠠᠵᠠᠷ ᠢ ᠵᠠᠰᠠᠬᠤ ᠵᠡᠷᠭᠡ ᠠᠮᠢ ᠠᠬᠤᠶ ᠶᠢᠨ ᠢᠨᠵᠧᠨᠧᠷᠢᠩ ᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ | ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠪᠡᠯᠴᠢᠬᠡᠷᠯᠡᠬᠦᠯᠬᠦ ᠶᠢ ᠵᠣᠭᠰᠣᠭᠠᠵᠤ ᠨᠤᠳᠤᠭ | ᠪᠡᠯᠴᠢᠭᠡᠷ ᠢ ᠰᠡᠷᠭᠦᠭᠡᠬᠦ᠂ ᠤᠷᠭᠤᠮᠠᠯ ᠤᠨ ᠬᠤᠴᠢᠯᠭ᠎ᠠ ᠪᠠ ᠬᠥᠷᠥᠰᠥ ᠰᠢᠷᠣᠶ ᠶᠢ ᠰᠠᠶᠢᠵᠢᠷᠠᠭᠤᠯᠬᠤ ᠵᠡᠷᠭᠡ | ᠮᠡᠷᠭᠡᠵᠢᠯ ᠤᠨ ᠠᠷᠭ᠎ᠠ ᠬᠡᠮᠵᠢᠶ᠎ᠡ ᠶᠢ ᠬᠡᠷᠡᠭᠯᠡᠨ ᠰᠡᠷᠭᠦᠭᠡᠨ ᠵᠠᠰᠠᠨ᠎ᠠ᠃ ᠬᠢᠨᠠᠯᠲᠠ ᠲᠠᠯᠪᠢᠬᠤ᠂ ᠦᠨᠡᠯᠡᠨ ᠵᠢᠱᠢᠬᠦ ᠪᠠ | ᠬᠠᠮᠢᠶᠠᠷᠤᠯᠳᠠ ᠪᠠᠨ ᠴᠢᠩᠭᠠᠳᠬᠠᠵᠤ᠂ ᠤᠢᠢᠷ᠎ᠠ ᠶᠢᠨ ᠵᠢᠯ ᠤᠨ ᠤᠯᠤᠰ ᠪᠠ ᠤᠯᠠᠨ ᠲᠦᠮᠡᠨ ᠤ ᠪᠡᠯᠡ ᠣᠷᠣᠭᠤᠯᠤᠨ | ᠪᠦᠳᠦᠭᠡᠨ ᠪᠠᠶᠢᠭᠤᠯᠵᠤ ᠰᠡᠷᠭᠦᠭᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ | ᠨᠡᠶᠢᠲᠡᠯᠢᠭ ᠵᠢᠱᠢᠶ᠎ᠡ ᠪᠠᠷ ᠲᠠᠶᠢᠴᠢᠯᠠᠨ ᠳᠠᠭᠠᠭᠤᠯᠬᠤ ᠶᠢ ᠪᠠᠳᠠᠷᠠᠭᠤᠯᠤᠨ᠎ᠠ᠃ ᠠᠮᠢ ᠠᠬᠤᠢ ᠶᠢᠨ ᠭᠡᠷ ᠪᠦᠯᠢ ᠶᠢᠨ | ᠮᠠᠯᠵᠢᠯ ᠤᠨ ᠲᠠᠯᠠᠪᠠᠢ ᠶᠢ ᠥᠨᠳᠥᠷ ᠪᠠᠷᠢᠮᠵᠢᠶ᠎ᠠ ᠪᠠᠷ ᠴᠣᠭᠴᠠᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠳᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ 100 | ᠡᠷᠦᠬᠡ ᠶᠢ ᠴᠤᠭᠴᠠᠯᠠᠨ ᠪᠠᠶᠢᠭᠤᠯᠵᠤ᠂ ᠨᠤᠲᠤᠭ ᠪᠡᠯᠴᠢᠭᠡᠷ ᠤᠨ ᠲᠣᠤᠷ ᠬᠦᠷᠢᠶ᠎ᠠ ᠶᠢ ᠰᠢᠯᠢᠳᠡᠭᠵᠢᠭᠦᠯᠬᠦ | ᠢᠨᠵᠧᠨᠧᠷᠢᠩ ᠢ ᠲᠤᠷᠰᠢᠨ ᠳᠡᠯᠭᠡᠷᠡᠭᠦᠯᠵᠦ᠂ ᠮᠠᠯᠴᠢᠳ ᠤᠨ ᠡᠷᠦᠬᠡ ᠬᠤᠯᠪᠣᠭᠠᠯᠠᠨ ᠡᠵᠡᠩᠨᠡᠬᠦ᠂ ᠬᠠᠳᠤᠯᠠᠩ ᠪᠠᠯᠴᠢᠬᠡᠷ | ᠢᠶᠠᠨ ᠨᠢᠬᠡᠳᠬᠡᠵᠤ ᠬᠡᠷᠡᠭᠯᠡᠬᠦ ᠶᠢ ᠬᠦᠳᠤᠯᠤᠨ ᠵᠢᠯᠤᠭᠤᠳᠤᠨ᠎ᠠ᠃ ᠪᠠᠶᠢᠭᠠᠯᠢᠯᠢᠭ ᠬᠠᠳᠤᠯᠠᠩ ᠪᠡᠯᠴᠢᠭᠡᠷ ᠢ ᠬᠠᠳᠤᠬᠤ | ᠲᠥᠰᠦᠯ ᠢ ᠰᠢᠯᠢᠳᠡᠭᠵᠢᠭᠦᠯᠵᠦ᠂ ᠬᠦᠢᠳᠡᠡᠰᠢᠯᠢ ᠤᠨ ᠬᠠᠳᠤᠯᠠᠩ ᠪᠡᠯᠴᠢᠭᠡᠷ ᠢ ᠪᠦᠷᠢᠨ ᠠᠦ᠋ᠲ᠋ᠤᠴᠢᠯᠠᠭᠰᠡᠨ ᠬᠠᠳᠤᠯᠠᠩ | ᠤᠨ ᠰᠠᠭᠤᠷᠢᠨ ᠭᠠᠵᠠᠷ ᠪᠣᠯᠭᠠᠨ ᠪᠦᠲᠦᠭᠡᠨ ᠪᠠᠶᠢᠭᠤᠯᠵᠤ᠂ ᠬᠠᠳᠤᠯᠠᠩ ᠪᠡᠯᠴᠢᠭᠡᠷ ᠤᠨ ᠡᠬᠢ ᠪᠠᠶᠠᠯᠢᠭ ᠢ | ᠡᠷᠴᠢᠮᠵᠢᠭᠦᠯᠦᠨ ᠠᠰᠢᠭᠯᠠᠬᠤ ᠵᠠᠭᠪᠤᠷ ᠢ ᠳᠡᠯᠭᠡᠷᠡᠭᠦᠯᠦᠨ᠎ᠡ᠃ | ᠬᠤᠶᠠᠷ ᠲᠤ᠂ ᠤᠷᠴᠢᠨ ᠲᠤᠭᠤᠷᠢᠨ ᠤ ᠶᠠᠰᠤ ᠴᠢᠨᠡᠷ ᠤᠨ ᠬᠤᠷᠢᠭ᠎ᠠ ᠱᠤᠭᠤᠮ ᠤᠨ ᠤᠬᠠᠮᠰᠠᠷ ᠢ ᠪᠠᠲᠤ | ᠪᠠᠬᠢ ᠪᠤᠢ ᠪᠣᠯᠭᠠᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠪᠦᠬᠦ ᠲᠠᠯ᠎ᠠ ᠪᠠᠷ ᠪᠠᠬᠢᠵᠢᠭᠦᠯᠦᠨ | ᠳᠡᠭᠡᠭᠰᠢᠯᠡᠭᠦᠯᠦᠨ᠎ᠡ᠃ | ᠣᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ | ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠨ᠎ᠡ᠃ ᠰᠢᠨ᠎ᠡ ᠨᠢᠭᠡ ᠡᠭᠡᠯᠵᠢ ᠶᠢᠨ ᠲᠥᠪ ᠪᠠ | ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠨ | ᠪᠠᠶᠢᠴᠠᠭᠠᠯᠳᠠ ᠶᠢ ᠤᠭᠲᠤᠬᠤ ᠪᠠᠷ ᠠᠵᠠ ᠲᠣᠬᠢᠶᠠᠯ ᠪᠣᠯᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ | ᠪᠠᠶᠢᠳᠠᠯ ᠢ ᠪᠥᠬᠦ ᠲᠠᠯ᠎ᠠ ᠪᠠᠷ ᠰᠢᠰᠲ᠋ᠧᠮ ᠲᠠᠢ ᠡᠮᠬᠢᠯᠡᠨ ᠳᠢᠭᠯᠡᠵᠦ ᠬᠠᠷᠢᠭᠤ ᠲᠤᠰᠬᠠᠨ᠂ ᠨᠢᠭᠡᠨᠲᠡ ᠱᠠᠭᠠᠷᠳᠠᠯᠭ᠎ᠠ | ᠶᠤᠰᠤᠭᠠᠷ ᠬᠦᠢᠴᠡᠳᠬᠡᠭᠰᠡᠨ ᠡᠭᠦᠷᠭᠡ ᠪᠠᠨ ︽ᠡᠷᠭᠢᠵᠦ ᠬᠠᠷᠠᠬᠤ︾ ᠠᠵᠢᠯ ᠢ ᠨᠠᠷᠢᠨ ᠨᠢᠮᠪᠠᠢ ᠬᠢᠵᠦ᠂ ᠴᠠᠭ | ᠲᠤᠬᠠᠶ ᠳᠤᠨᠢ ᠪᠠᠶᠢᠴᠠᠭᠠᠨ ᠨᠥᠬᠦᠪᠥᠷᠢᠯᠡᠵᠦ᠂ ᠪᠠᠬᠢᠵᠢᠭᠦᠯᠦᠨ ᠳᠡᠭᠡᠭᠰᠢᠯᠡᠭᠦᠯᠵᠦ᠂ ᠰᠢᠯᠭᠠᠨ ᠦᠨᠡᠯᠡᠬᠦ ᠪᠠ ᠲᠡᠤᠬᠡ ᠶᠢᠨ | ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨᠬᠦ ᠪᠠᠳᠤᠯᠠᠨ᠎ᠠ᠃ ᠤᠳᠠᠭ᠎ᠠ ᠪᠦᠷᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠲᠤᠷᠰᠢᠯᠭ᠎ᠠ | ᠰᠤᠷᠭᠠᠮᠵᠢ ᠪᠠᠨ ᠨᠠᠷᠢᠨ ᠬᠢᠨᠠᠮᠠᠭᠠᠢ ᠳ᠋ᠦᠩᠨᠡᠵᠤ᠂ ᠦᠵᠡᠯᠳᠡ ᠲᠠᠨᠢᠯᠲᠠ ᠪᠠᠨ ᠤᠯᠠᠮ ᠴᠢᠨᠠᠭᠰᠢᠳᠠ ᠬᠦᠡᠵᠡᠬᠡᠶᠢᠷᠡᠬᠦᠯᠤᠨ | ᠂ ᠲᠦᠷᠢᠮ ᠵᠤᠬᠢᠴᠠᠮᠵᠢ ᠪᠠᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ | ᠣᠷᠴᠢᠨ ᠲᠣᠭᠤᠷᠢᠨ ᠳᠤ ᠬᠤᠬᠢᠷᠡᠯ ᠤᠴᠠᠷᠠᠭᠤᠯᠤᠭᠰᠡᠨ ᠠᠰᠠᠭᠤᠳᠠᠯ ᠡᠭᠦᠰᠬᠦ ᠶᠢ ᠡᠬᠢ ᠡᠭᠦᠰᠦᠯ ᠠᠴᠠ ᠨᠢ | ᠰᠡᠷᠬᠡᠶᠢᠯᠡᠨ ᠬᠤᠷᠢᠭᠯᠠᠨ᠎ᠠ᠃ | ︽ABG ᠬᠥᠬᠡ ︵ᠠᠪᠠᠭ᠎ᠠ ᠬᠥᠬᠡ︶︾ ᠴᠠᠯᠮᠡᠭ ᠲᠡᠭᠷᠢ ᠴᠠᠪᠠᠷ ᠪᠠᠶᠢᠭᠠᠯᠢᠯᠢᠭ ᠦᠩᠬᠡ ᠶᠢ | ᠪᠠᠲᠤᠯᠠᠬᠤ ᠪᠠᠷ ᠬᠠᠷᠠᠯᠲᠠ ᠪᠣᠯᠭᠠᠵᠤ᠂ ︽ᠪᠣᠬᠢᠷᠲᠤᠯ ᠢ ᠵᠠᠰᠠᠬᠤ᠂ ᠨᠡᠭᠦᠷᠡᠰᠦ ᠬᠢᠵᠠᠭᠠᠷᠯᠠᠬᠤ᠂ ᠲᠣᠭᠤᠰᠣ ᠪᠠᠭᠠᠰᠬᠠᠬᠤ | ︾ ᠬᠠᠮᠢᠶᠠᠷᠤᠯᠲᠠ ᠶᠢ ᠲᠣᠪᠤᠶᠢᠮ᠎ᠠ ᠠᠳᠬᠤᠵᠤ᠂ ᠬᠥᠬᠡ ᠲᠩᠷᠢ ᠶᠢ ᠬᠠᠮᠠᠭᠠᠯᠠᠬᠤ ᠲᠠᠶᠢᠯᠠᠯᠳᠤᠭᠠᠨ ᠢ ᠤᠳᠠᠭᠠᠨ | ᠳᠠᠭᠠᠭᠠᠮᠠᠭᠠᠶ ᠰᠠᠶᠢᠲᠤᠷ ᠬᠢᠨ᠎ᠠ᠃ ︽ᠪᠣᠬᠢᠷᠲᠤᠯ ᠢ ᠵᠠᠰᠠᠬᠤ︾ ᠠᠵᠢᠯ ᠢ ᠰᠠᠶᠢᠳᠤᠷ ᠠᠳᠬᠤᠵᠤ᠂ ︽ᠲᠠᠷᠠᠬᠠᠶ | ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠠᠢ︾ ᠠᠵᠤ ᠦᠢᠯᠡᠳᠪᠤᠷᠢ ᠶᠢᠨ ᠠᠵᠤ ᠠᠬᠤᠶᠢᠯᠠᠯ ᠢ ᠲᠥᠷᠥᠯ | ᠬᠤᠪᠢᠶᠠᠨ ᠴᠡᠭᠴᠡᠯᠡᠨ ᠵᠠᠰᠠᠬᠤ ᠡᠷᠴᠢᠮ ᠢᠶᠠᠨ ᠤᠯᠠᠮ ᠴᠢᠨᠠᠭᠰᠢᠳᠠ ᠴᠢᠩᠭᠠᠷᠠᠭᠤᠯᠵᠤ᠂ ᠠᠵᠤ ᠠᠬᠤᠶᠢᠯᠠᠯ ᠢ | ᠲᠣᠭᠲᠠᠭᠤᠨ ᠢᠶᠠᠷ ᠪᠠᠷᠢᠮᠵᠢᠶ᠎ᠠ ᠳᠤ ᠬᠦᠷᠬᠡᠬᠦ ᠠᠵᠢᠯ ᠢ ᠦᠨᠡᠨᠬᠦ ᠪᠡᠶᠡᠯᠡᠭᠦᠯᠵᠦ᠂ ᠠᠭᠠᠷ ᠮᠠᠨᠳᠠᠯ ᠤᠨ ᠣᠷᠴᠢᠨ | ᠲᠣᠭᠤᠷᠢᠨ ᠤ ᠶᠠᠰᠤ ᠴᠢᠨᠠᠷ ᠤᠨ ᠬᠠᠷᠠᠯᠲᠠᠲᠤ ᠡᠭᠦᠷᠭᠡ ᠶᠢ ᠪᠠᠶᠠᠯᠠᠬᠦᠯᠤᠨ᠎ᠠ︔ ︽ᠨᠡᠭᠦᠷᠡᠰᠦ ᠬᠢᠵᠠᠭᠠᠷᠯᠠᠬᠤ︾ ᠠᠵᠢᠯ | ᠢ ᠰᠠᠶᠢᠳᠤᠷ ᠠᠳᠬᠤᠵᠤ᠂ ᠴᠡᠪᠡᠷ ᠡᠨᠧᠷᠭᠢ ᠪᠠᠷ ᠳᠤᠯᠠᠭᠠᠯᠠᠬᠤ ᠶᠢ ᠢᠳᠡᠪᠬᠢᠲᠡᠶ ᠠᠬᠢᠭᠤᠯᠵᠤ᠂ ᠰᠢᠨ᠎ᠡ ᠡᠨᠧᠷᠭᠢ ᠶᠢᠨ | ᠰᠠᠭᠤᠷᠢᠨ ᠭᠠᠵᠠᠷ ᠤᠨ ᠪᠠᠶᠢᠭᠤᠯᠤᠯᠲᠠ ᠶᠢᠨ ᠭᠤᠤᠯ ᠴᠣᠭᠴᠠ ᠶᠢᠨ ᠠᠵᠤ ᠠᠬᠤᠶᠢᠯᠠᠯ ᠯᠤᠭ᠎ᠠ ᠶᠢᠨ | ᠬᠠᠮᠲᠤᠷᠠᠯᠴᠠᠭ᠎ᠠ ᠶᠢ ᠴᠢᠩᠭᠠᠳᠬᠠᠨ᠂ ᠠᠵᠤ ᠠᠬᠤᠶ ᠰᠣᠶᠣᠯ ᠤᠨ ᠲᠥᠪ ᠪᠠᠯᠭᠠᠰᠤ ᠪᠠ ᠠᠵᠤ ᠦᠢᠯᠡᠰ | ᠪᠤᠶᠢᠵᠢᠭᠤᠯᠬᠤ ᠰᠢᠨ᠎ᠡ ᠬᠡᠯᠪᠡᠷᠢ ᠶᠢᠨ ᠪᠠᠯᠭᠠᠰᠤᠨ ᠳᠤ ᠨᠡᠭᠦᠷᠡᠰᠦ ᠰᠢᠳᠠᠭᠠᠬᠤ ᠲᠤᠯᠠᠭᠠᠯᠭ᠎ᠠ ᠠᠴᠠ ᠴᠠᠬᠢᠯᠭᠠᠨ | ᠲᠤᠯᠠᠭᠠᠯᠭ᠎ᠠ ᠳᠤ ᠰᠢᠯᠵᠢᠬᠦ ᠲᠥᠷᠥᠯ ᠵᠥᠢᠯ ᠢ ᠠᠯᠬᠤᠮ ᠠᠯᠬᠤᠮ ᠢᠶᠠᠷ ᠬᠡᠷᠡᠭᠵᠢᠭᠦᠯᠵᠦ᠂ ᠴᠡᠪᠡᠷ ᠡᠨᠧᠷᠬᠢ ᠶᠢᠨ | ᠲᠤᠯᠠᠭᠠᠯᠭ᠎ᠠ ᠶᠢᠨ ᠡᠵᠡᠯᠡᠬᠦ ᠬᠠᠷᠢᠴᠠᠯ ᠢ ᠲᠠᠰᠤᠷᠠᠯᠲᠠ ᠥᠬᠡᠶ ᠥᠷᠭᠡᠳᠬᠡᠨ᠎ᠡ︔ ︽ᠲᠣᠭᠤᠰᠣ ᠪᠠᠭᠠᠰᠬᠠᠬᠤ︾ | ᠠᠵᠢᠯ ᠢ ᠰᠠᠶᠢᠳᠤᠷ ᠠᠳᠬᠤᠵᠤ᠂ ᠵᠠᠳᠠᠭᠠᠶ ᠠᠭᠤᠷᠬᠠᠶ᠂ ᠰᠢᠷᠣᠶ ᠭᠠᠳᠠᠭᠰᠢᠯᠠᠭᠤᠯᠬᠤ ᠲᠠᠯᠠᠪᠠᠶ᠂ ᠲᠡᠭᠡᠭᠡᠪᠦᠷᠢ ᠶᠢᠨ | ᠵᠠᠮ ᠤᠨ ᠲᠣᠭᠤᠰᠣ ᠰᠢᠷᠣᠶ ᠶᠢᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ᠂ | ᠠᠭᠤᠷᠬᠠᠶ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠤᠨ᠎ᠠ᠃ ︽ᠠᠷᠪᠠᠨ | ᠳᠥᠷᠪᠡᠳᠦᠭᠡᠷ ᠲᠠᠪᠤᠨ ᠵᠢᠯ︾ ᠤᠨᠲ᠋ᠦ᠋ᠯᠤᠪᠵᠢᠬᠦᠯᠬᠡ ᠶᠢᠨ ᠬᠤᠭᠤᠴᠠᠭᠠᠨ ᠳᠤ᠂ ᠪᠥᠬᠦ ᠬᠤᠰᠢᠭᠤᠨ ᠤ ᠠᠭᠠᠷ ᠴᠠᠯᠮᠡᠭ | ᠡᠳᠦᠷ ᠤᠨ ᠬᠠᠷᠢᠴᠠᠯ ᠢ ᠦᠷᠭᠦᠯᠵᠢᠯᠡᠨ 90% ᠠᠴᠠ ᠳᠡᠭᠡᠭᠰᠢ ᠪᠠᠶᠢᠯᠭᠠᠬᠤ ᠶᠢ ᠪᠠᠳᠤᠯᠠᠨ᠎ᠠ᠃ | ᠴᠠᠭᠠᠨᠨᠠᠭᠤᠷ ᠤᠰᠤᠨ ᠰᠢᠰᠲ᠋ᠧᠮ ᠤᠨ ᠴᠢᠬᠤᠯᠠ ᠴᠢᠳᠠᠪᠬᠢ ᠪᠠᠶᠢᠷᠢ ᠲᠣᠭᠲᠠᠭᠠᠯᠲᠠ ᠶᠢ ᠪᠠᠬᠢᠵᠢᠭᠦᠯᠦᠨ | ᠳᠡᠭᠡᠭᠰᠢᠯᠡᠭᠦᠯᠵᠦ᠂ ︽ᠤᠰᠤᠨ ᠤ ᠡᠬᠢ ᠪᠠᠶᠠᠯᠢᠭ᠂ ᠤᠰᠤᠨ ᠤ ᠣᠷᠴᠢᠨ ᠲᠣᠭᠤᠷᠢᠨ᠂ ᠤᠰᠤᠨ ᠤ ᠠᠮᠢ ᠠᠬᠤᠶ︾ | ᠶᠢ ᠬᠠᠮᠢᠶᠠᠷᠤᠨ ᠬᠠᠮᠠᠭᠠᠯᠠᠬᠤ ᠠᠵᠢᠯ ᠢ ᠲᠤᠪᠤᠶᠢᠯᠭᠠᠨ ᠠᠳᠬᠤᠵᠤ᠂ ᠴᠡᠩᠭᠡᠭ ᠤᠰᠤ ᠶᠢ ᠬᠠᠮᠠᠭᠠᠯᠠᠬᠤ | ᠲᠠᠶᠢᠯᠠᠯᠳᠤᠭᠠᠨ ᠢ ᠤᠳᠠᠭᠠᠨ ᠳᠠᠭᠠᠭᠠᠮᠠᠭᠠᠶ ᠰᠠᠶᠢᠲᠤᠷ ᠬᠢᠨ᠎ᠠ᠃ ᠤᠰᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ | ᠪᠥᠬᠦ ᠲᠠᠯ᠎ᠠ ᠪᠠᠷ ᠴᠢᠩᠭᠠᠳᠬᠠᠵᠤ᠂ ︽ᠠᠪᠠᠭ᠎ᠠ ᠬᠤᠰᠢᠭᠤᠨ ᠤ ᠪᠥᠬᠦ ᠤᠷᠤᠰᠬᠠᠯ ᠰᠠᠪᠠ ᠭᠠᠵᠠᠷ ᠤᠨ ᠤᠰᠤᠨ ᠤ ᠠᠮᠢ | ᠠᠬᠤᠶ ᠶᠢᠨ ᠬᠠᠮᠠᠭᠠᠯᠠᠯᠲᠠ ᠶᠢᠨ ᠲᠥᠰᠦᠯ︾ ᠢ ᠴᠢᠩᠭ᠎ᠠ ᠨᠠᠶᠢᠳᠠᠪᠤᠷᠢᠵᠢᠭᠤᠯᠤᠨ᠂ ᠬᠦᠢᠳᠡᠡᠭᠤᠤᠯ᠂ ᠭᠤᠭᠤᠰᠤᠳᠡᠢ | ᠭᠤᠤᠯ ᠵᠡᠷᠭᠡ ᠰᠠᠪᠠ ᠭᠠᠵᠠᠷ ᠤᠨ ᠰᠢᠰᠲ᠋ᠧᠮᠵᠢᠭᠰᠡᠨ ᠬᠠᠮᠠᠭᠠᠯᠠᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ᠃ | ᠤᠰᠤᠨ ᠤ ᠠᠮᠢ ᠠᠬᠤᠶ ᠶᠢᠨ ᠬᠠᠮᠠᠭᠠᠯᠠᠯᠲᠠ ᠶᠢᠨ ᠴᠢᠬᠤᠯᠠ ᠶᠡᠭᠡ ᠢᠨᠵᠧᠨᠧᠷᠢᠩ ᠤᠨ ᠲᠥᠷᠥᠯ ᠵᠥᠢᠯ ᠢ ᠲᠠᠮᠨᠴᠠᠨ | ᠣᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠤᠨ᠂ ᠪᠡᠯᠡ ᠣᠷᠣᠭᠤᠯᠤᠯᠲᠠ ᠶᠢ ᠨᠢᠬᠡᠳᠬᠡᠵᠤ᠂ ᠴᠠᠭᠠᠨᠨᠠᠭᠤᠷ | ᠤᠰᠤᠨ ᠰᠢᠰᠲ᠋ᠧᠮ ᠤᠨ ᠪᠥᠬᠦ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠵᠢᠴᠢ ᠶᠡᠷᠦᠩᠬᠡᠶᠢᠯᠡᠨ ᠠᠰᠢᠭᠯᠠᠬᠤ | ᠢᠨᠵᠧᠨᠧᠷᠢᠩ᠂ ᠴᠠᠭᠠᠨ ᠴᠥᠭᠦᠷᠥᠮ᠂ ᠭᠤᠭᠤᠰᠤᠳᠡᠢ ᠭᠤᠤᠯ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ | ᠡᠬᠢᠯᠡᠭᠦᠯᠦᠨ ᠬᠡᠷᠡᠭᠵᠢᠭᠦᠯᠦᠨ᠎ᠡ᠃ ᠬᠤᠲᠠ ᠪᠠᠯᠭᠠᠰᠤᠨ ᠤ ᠪᠣᠬᠢᠷ ᠤᠰᠤ ᠶᠢ ᠰᠢᠢᠳᠪᠤᠷᠢᠯᠡᠬᠦ ᠢᠵᠢ ᠪᠦᠷᠢᠨ ᠲᠤᠤᠷ | ᠬᠤᠭᠤᠯᠠᠶ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠣᠬᠢᠷ ᠤᠰᠤ ᠰᠢᠢᠳᠪᠤᠷᠢᠯᠡᠬᠦ ᠦᠢᠯᠡᠳᠪᠤᠷᠢ ᠶᠢ ᠦᠷᠭᠦᠯᠵᠢᠯᠡᠨ | ᠲᠣᠭᠲᠠᠭᠤᠨ ᠢᠶᠠᠷ ᠪᠠᠷᠢᠮᠵᠢᠶ᠎ᠠ ᠳᠤ ᠬᠦᠷᠭᠡᠬᠦ ᠠᠵᠢᠯ ᠢ ᠳᠥᠯᠭᠢᠨ ᠠᠬᠢᠭᠤᠯᠵᠤ᠂ ᠪᠣᠬᠢᠷ ᠤᠰᠤ ᠰᠢᠢᠳᠪᠤᠷᠢᠯᠡᠬᠦ | ᠨᠣᠷᠮ᠎ᠠ ᠶᠢ 90% ᠠᠴᠠ ᠳᠡᠭᠡᠭᠰᠢ ᠳᠤ ᠬᠦᠷᠬᠡᠨ᠎ᠠ᠃ ᠤᠰᠤᠨ ᠤ ᠡᠬᠢ ᠪᠠᠶᠠᠯᠢᠭ ᠢ ᠬᠠᠮᠢᠶᠠᠷᠤᠨ ᠡᠵᠡᠮᠳᠡᠬᠦ ᠶᠢ ᠪᠥᠬᠦ | ᠬᠦᠴᠦᠨ ᠢᠶᠠᠷ ᠢᠶᠠᠨ ᠠᠬᠢᠭᠤᠯᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ | ᠲᠦᠷᠢᠮ ᠢ ᠨᠠᠶᠢᠳᠠᠪᠤᠷᠢᠵᠢᠭᠤᠯᠤᠨ᠂ ᠤᠰᠤᠨ ᠤ ᠡᠬᠢ ᠪᠠᠶᠠᠯᠢᠭ ᠤᠨ ᠬᠤᠷᠣᠭᠳᠠᠯ ᠤᠨ ᠶᠡᠷᠦᠩᠬᠡᠶ ᠬᠡᠮᠵᠢᠶ᠎ᠡ ᠪᠠ | ᠬᠦᠴᠦᠯᠡᠴᠡ ᠶᠢᠨ ︽ᠬᠤᠤᠰ ᠡᠵᠡᠮᠳᠡᠯ︾ ᠢ ᠴᠢᠩᠭᠠᠳᠬᠠᠵᠤ᠂ ᠲᠥᠷᠥᠯ ᠵᠥᠢᠯ ᠤᠨ ᠤᠰᠤ ᠲᠠᠲᠠᠬᠤ | ᠵᠥᠪᠰᠢᠶᠡᠷᠡᠯ ᠤᠨ ᠭᠤᠭᠴᠤᠭ᠎ᠠ ᠶᠢ ᠴᠢᠩᠭ᠎ᠠ ᠠᠳᠬᠤᠵᠤ᠂ ᠪᠥᠬᠦ ᠬᠤᠰᠢᠭᠤᠨ ᠤ ᠤᠰᠤ ᠬᠡᠷᠡᠭᠯᠡᠬᠦ ᠶᠡᠷᠦᠩᠬᠡᠶ | ᠬᠡᠮᠵᠢᠶ᠎ᠡ ᠶᠢ 5500 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠳᠣᠲᠣᠷ᠎ᠠ ᠬᠢᠵᠠᠭᠠᠷᠯᠠᠬᠤ ᠶᠢ ᠪᠠᠲᠤᠯᠠᠨ᠎ᠠ︔ | ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠪᠠ ᠨᠦᠭᠡᠴᠡ ᠤᠰᠤᠨ ᠤ ᠡᠬᠢ ᠰᠤᠷᠪᠤᠯᠵᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠲᠥᠪᠯᠡᠷᠡᠩᠭᠦᠶ ᠬᠡᠯᠪᠡᠷᠢ ᠶᠢᠨ ᠤᠤᠭᠤᠬᠤ ᠤᠰᠤᠨ ᠤ ᠡᠬᠢ ᠰᠤᠷᠪᠤᠯᠵᠢ ᠶᠢᠨ ᠲᠦᠷᠢᠮᠵᠢᠭᠰᠡᠨ | ᠪᠠᠶᠢᠭᠤᠯᠤᠯᠲᠠ ᠪᠠ ︽ᠨᠢᠭᠡ ᠡᠬᠢ ᠰᠤᠷᠪᠤᠯᠵᠢ ᠨᠢᠭᠡ ᠲᠠᠩᠰᠠ ᠡᠪᠬᠡᠮᠡᠯ︾ ᠤᠨ ᠬᠠᠮᠢᠶᠠᠷᠤᠯᠲᠠ ᠶᠢ ᠦᠷᠭᠦᠯᠵᠢᠯᠡᠨ | ᠥᠷᠨᠢᠭᠦᠯᠵᠦ᠂ ᠪᠡᠯᠬᠦᠳᠡᠢ ᠪᠠᠯᠭᠠᠰᠤᠨ ᠤ ᠲᠦᠬᠡᠬᠡᠯ ᠤᠰᠤ ᠬᠠᠩᠭᠠᠬᠤ ᠤᠰᠤᠨ ᠤ ᠡᠬᠢ ᠰᠤᠷᠪᠤᠯᠵᠢ ᠶᠢᠨ ᠭᠠᠵᠠᠷ | ᠰᠢᠨᠵᠢᠯᠡᠭᠡᠨ ᠤ ᠨᠠᠷᠢᠨ ᠪᠠᠶᠢᠴᠠᠭᠠᠯᠲᠠ ᠵᠢᠴᠢ ᠬᠡᠷᠡᠭᠵᠢᠬᠦᠯᠵᠤ ᠪᠤᠯᠬᠤᠶᠢᠴᠠ ᠨᠤᠲᠠᠯᠠᠯᠲᠠ ᠶᠢ ᠯᠠᠪᠳᠠᠭᠤᠨ ᠪᠠᠲᠤᠲᠠᠶ | ᠰᠠᠶᠢᠲᠤᠷ ᠬᠢᠵᠦ᠂ ᠤᠤᠭᠤᠬᠤ ᠤᠰᠤᠨ ᠤ ᠡᠬᠢ ᠰᠤᠷᠪᠤᠯᠵᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ | ᠲᠦᠪᠰᠢᠨ ᠢ ᠴᠢᠩᠭᠠᠳᠬᠠᠨ᠂ ᠤᠰᠤᠨ ᠤ ᠡᠬᠢ ᠪᠠᠶᠠᠯᠢᠭ ᠢ ᠲᠡᠬᠢᠨ ᠠᠰᠢᠭᠯᠠᠬᠤ ᠶᠢ ᠴᠢᠩᠭᠠᠳᠬᠠᠵᠤ᠂ ᠪᠣᠷᠣᠭᠠᠨ ᠤ | ᠤᠰᠤ ᠵᠢᠴᠢ ᠤᠰᠤ ᠶᠢ ᠲᠡᠬᠢᠨ ᠠᠰᠢᠭᠯᠠᠬᠤ ᠢᠨᠵᠧᠨᠧᠷᠢᠩ ᠢ ᠬᠡᠷᠡᠭᠵᠢᠭᠦᠯᠦᠨ᠂ 1 ᠪᠣᠷᠣᠭᠠᠨ ᠤ ᠤᠰᠤ ᠬᠠᠳᠠᠭᠠᠯᠠᠬᠤ | ᠴᠥᠭᠦᠷᠥᠮ᠂ 7.8 ᠺᠢᠯᠣᠮᠧᠲᠷ ᠤᠨ ᠤᠰᠤ ᠶᠢ ᠲᠡᠬᠢᠨ ᠠᠰᠢᠭᠯᠠᠬᠤ ᠲᠤᠤᠷ ᠬᠤᠭᠤᠯᠠᠶ ᠪᠠᠶᠢᠭᠤᠯᠵᠤ᠂ ᠪᠣᠷᠣᠭᠠᠨ ᠤ | ᠤᠰᠤ ᠵᠢᠴᠢ ᠤᠰᠤ ᠶᠢ ᠲᠠᠬᠢᠨ ᠠᠰᠢᠭᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠲᠠᠬᠢᠨ | ᠠᠰᠢᠭᠯᠠᠬᠤ ᠨᠣᠷᠮ᠎ᠠ ᠶᠢ 70% ᠠᠴᠠ ᠳᠡᠭᠡᠭᠰᠢ ᠳᠤ ᠬᠦᠷᠬᠡᠬᠦ ᠶᠢ ᠦᠨᠡᠨᠬᠦ ᠪᠠᠲᠤᠯᠠᠨ᠎ᠠ᠃ ᠤᠰᠤᠨ ᠤ ᠠᠮᠢ | ᠠᠬᠤᠶ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠭᠤᠤᠯ ᠨᠠᠭᠤᠷ ᠤᠨ ᠳᠠᠷᠤᠭ᠎ᠠ ᠶᠢᠨ ᠲᠦᠷᠢᠮ ᠢ | ᠴᠢᠩᠭ᠎ᠠ ᠨᠠᠶᠢᠳᠠᠪᠤᠷᠢᠵᠢᠭᠤᠯᠤᠨ᠂ ᠬᠠᠮᠲᠤᠷᠠᠨ ᠬᠠᠤᠯᠢ ᠬᠡᠷᠡᠭᠵᠢᠭᠦᠯᠬᠦ ᠪᠠᠶᠢᠩᠭᠤ ᠶᠢᠨ ᠪᠦᠲᠦᠮᠵᠢᠲᠡᠶ ᠵᠤᠬᠢᠴᠠᠮᠵᠢ ᠶᠢ | ᠲᠡᠭᠦᠯᠳᠡᠷᠵᠢᠭᠦᠯᠵᠦ᠂ ᠭᠤᠤᠯ ᠨᠠᠭᠤᠷ ︵ᠴᠥᠭᠦᠷᠥᠮ︶ ᠤᠨ ︽ᠲᠦᠷᠪᠡ ᠶᠢ ᠴᠡᠭᠴᠡᠯᠡᠬᠦ︾ ᠠᠵᠢᠯᠯᠠᠭ᠎ᠠ ᠶᠢ | ᠪᠠᠶᠢᠩᠭᠤᠵᠢᠭᠤᠯᠤᠨ ᠥᠷᠨᠢᠭᠦᠯᠵᠦ᠂ ᠭᠤᠤᠯ ᠨᠠᠭᠤᠷ ︵ᠴᠥᠭᠦᠷᠥᠮ︶ ᠤᠨ ᠬᠠᠮᠢᠶᠠᠷᠤᠯᠲᠠ ᠶᠢᠨ ᠬᠡᠪᠴᠢᠶᠡᠨ ᠳᠤ ︽ | ᠲᠦᠷᠪᠡᠨ ᠲᠤᠷ᠎ᠠ ᠪᠠᠷ︾ ᠠᠰᠠᠭᠤᠳᠠᠯ ᠢᠯᠡᠷᠡᠬᠦ ᠥᠬᠡᠶ ᠪᠠᠶᠢᠬᠤ ᠶᠢ ᠦᠨᠡᠨᠬᠦ ᠪᠠᠲᠤᠯᠠᠨ᠎ᠠ᠃ ᠤᠰᠤᠨ ᠤ ᠡᠬᠢ | ᠰᠤᠷᠪᠤᠯᠵᠢ ᠶᠢᠨ ᠨᠦᠭᠡᠴᠡ ᠤᠷᠤᠨ ᠪᠠ ᠭᠤᠤᠯ ᠨᠠᠭᠤᠷ ᠤᠨ ᠡᠷᠭᠢ ᠲᠠᠭᠠᠤ ᠶᠢᠨ ᠬᠠᠮᠢᠶᠠᠷᠤᠯᠲᠠ ᠬᠠᠮᠠᠭᠠᠯᠠᠯᠲᠠ ᠶᠢ | ᠴᠢᠩᠭᠠᠳᠬᠠᠵᠤ᠂ ᠴᠠᠭᠠᠡᠨᠠᠭᠤᠷ ᠤᠨ ᠡᠷᠬᠢᠨ ᠲᠣᠭᠤᠷᠢᠨ ᠤ 23 ᠲᠦᠮᠡᠨ ᠮᠥ ᠨᠤᠭᠤ ᠭᠠᠵᠠᠷ ᠢ ᠬᠠᠮᠠᠭᠠᠯᠠᠵᠤ | ᠰᠡᠷᠭᠦᠭᠡᠬᠦ ᠲᠥᠷᠥᠯ ᠵᠥᠢᠯ ᠢ ᠡᠷᠡᠮᠡᠯᠵᠡᠯᠡᠨ ᠣᠯᠵᠤ᠂ ︽ᠠᠷᠪᠠᠨ ᠲᠦᠷᠪᠡᠳᠤᠬᠡᠷ ᠲᠠᠪᠤᠨ ᠵᠢᠯ︾ ᠤᠨ | ᠲᠦᠯᠤᠪᠵᠢᠬᠦᠯᠬᠡ ᠤᠨ ᠰᠡᠭᠦᠯᠴᠢ ᠪᠣᠯᠬᠤ ᠳᠤ᠂ ᠨᠤᠭᠤ ᠭᠠᠵᠠᠷ ᠤᠨ ᠬᠠᠮᠠᠭᠠᠯᠠᠯᠲᠠ ᠶᠢᠨ ᠨᠣᠷᠮ᠎ᠠ ᠶᠢ 55% ᠠᠴᠠ | ᠳᠡᠭᠡᠭᠰᠢ ᠳᠤ ᠬᠦᠷᠬᠡᠨ᠎ᠠ᠃ | ᠬᠦᠷᠤᠰᠤ ᠰᠢᠷᠥᠢ ᠶᠢ ᠬᠠᠮᠠᠭᠠᠯᠠᠨ᠂ ᠬᠦᠷᠤᠰᠤ ᠰᠢᠷᠥᠢ ᠶᠢ ᠴᠠᠪᠠᠷᠰᠢᠬᠦᠯᠬᠦ ᠶᠢ ᠡᠷᠡᠰ ᠭᠤᠶᠢᠪᠢᠰᠢ ᠦᠬᠡᠢ | ᠪᠠᠷᠢᠮᠳᠠᠯᠠᠨ᠂ ︽ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠶᠤᠯᠲᠠᠢ ᠬᠠᠶᠠᠭᠳᠠᠮᠠᠯ ᠪᠣᠳᠠᠰ ᠢ ᠰᠢᠢᠳᠪᠦᠷᠢᠯᠡᠬᠦ᠂ ᠮᠠᠯ | ᠵᠢᠭᠦᠷᠲᠡᠨ ᠤ ᠢᠯᠭᠠᠳᠠᠰᠤᠨ ᠤ ᠪᠣᠬᠢᠷᠲᠤᠯ᠂ ᠬᠤᠭ ᠨᠣᠪᠰᠢ ᠶᠢ ᠲᠦᠷᠦᠯ ᠬᠤᠪᠢᠶᠠᠵᠤ ᠰᠢᠢᠳᠪᠤᠷᠢᠯᠡᠬᠦ︾ ᠠᠵᠢᠯ ᠢ | ᠭᠤᠣᠯᠳᠠᠯᠭ᠎ᠠ ᠲᠠᠢ ᠠᠳᠬᠤᠵᠤ᠂ ᠬᠥᠷᠥᠰᠥ ᠰᠢᠷᠣᠢ ᠶᠢ ᠬᠠᠮᠠᠭᠠᠯᠠᠬᠤ ᠳᠠᠶᠢᠯᠠᠯᠳᠤᠭᠠᠨ ᠢ ᠤᠳᠠᠭᠠᠨ ᠳᠠᠭᠠᠭᠠᠮᠠᠭᠠᠢ | ᠰᠠᠶᠢᠲᠤᠷ ᠬᠢᠨ᠎ᠠ᠃ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠶᠤᠯᠲᠠᠶ ᠬᠠᠶᠠᠭᠳᠠᠮᠠᠯ ᠪᠣᠳᠠᠰ ᠢ ᠰᠢᠢᠳᠪᠤᠷᠢᠯᠡᠵᠤ | ᠠᠰᠢᠭᠯᠠᠬᠤ ᠶᠢ ᠴᠢᠩᠭᠠᠳᠬᠠᠵᠤ᠂ ᠦᠨᠡᠰᠦ ᠢᠯᠭᠠᠷᠠᠭᠤᠯᠬᠤ ᠠᠵᠤ ᠠᠬᠤᠶᠢᠯᠠᠯ ᠤᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠲᠤᠳᠤᠷᠬᠠᠶᠢᠯᠠᠨ ᠨᠠᠶᠢᠳᠠᠪᠤᠷᠢᠵᠢᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠰᠢᠢᠳᠪᠤᠷᠢᠯᠡᠬᠦ ᠦᠢᠯᠡᠳᠪᠤᠷᠢ ᠵᠢᠴᠢ ᠠᠵᠤ ᠦᠢᠯᠡᠳᠪᠤᠷᠢ ᠶᠢᠨ ᠲᠣᠭᠤᠷᠢᠭ ᠤᠨ ᠢᠵᠢ ᠪᠦᠷᠢᠳᠦᠭᠰᠡᠨ | ᠲᠦᠬᠦᠬᠡᠷᠤᠮᠵᠢ ᠶᠢᠨ ᠪᠠᠶᠢᠭᠤᠯᠤᠯᠲᠠ ᠶᠢ ᠲᠦᠷᠭᠡᠳᠬᠡᠵᠦ᠂ ᠪᠤᠬᠢᠷᠳᠤᠯ ᠦᠬᠡᠢ ᠰᠢᠢᠳᠪᠤᠷᠢᠯᠡᠬᠦ᠂ ᠡᠬᠢ | ᠪᠠᠶᠠᠯᠢᠭᠵᠢᠭᠤᠯᠤᠨ ᠠᠰᠢᠭᠯᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠨᠤᠨᠲᠠᠭ ᠨᠡᠭᠦᠷᠡᠰᠦᠨ ᠤ ᠦᠨᠡᠰᠦ᠂ | ᠬᠦᠬᠦᠷ ᠥᠬᠡᠶᠢᠳᠡᠭᠦᠯᠦᠭᠰᠡᠨ ᠵᠤᠭᠠᠩ᠂ ᠪᠠᠷᠢᠯᠭ᠎ᠠ ᠶᠢᠨ ᠬᠤᠭ ᠨᠣᠪᠰᠢ᠂ ᠬᠦᠳᠡᠷ ᠤᠨ ᠰᠢᠭᠠᠷᠤ᠂ ᠪᠣᠬᠢᠷ ᠰᠢᠪᠠᠷ ᠢ | ᠰᠢᠢᠳᠪᠤᠷᠢᠯᠡᠵᠤ ᠠᠰᠢᠭᠯᠠᠬᠤ ᠶᠠᠪᠤᠴᠠ ᠶᠢ ᠵᠢᠷᠤᠮᠵᠢᠭᠤᠯᠤᠨ᠎ᠠ᠃ ᠬᠦᠨᠳᠦ ᠲᠡᠮᠦᠷᠯᠢᠭ ᠤᠨ ᠠᠵᠤ ᠠᠬᠤᠶᠢᠯᠠᠯ ᠤᠨ | ᠪᠣᠬᠢᠷᠲᠤᠯ ᠪᠣᠳᠠᠰ ᠢ ᠭᠠᠳᠠᠭᠰᠢᠭᠤᠯᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠦᠨᠳᠦ ᠲᠡᠮᠦᠷᠯᠢᠭ ᠤᠨ | ᠬᠢᠨᠠᠯᠲᠠ ᠬᠠᠮᠢᠶᠠᠷᠤᠯᠲᠠ ᠶᠢᠨ ᠴᠢᠳᠠᠪᠬᠢ᠂ ᠪᠣᠬᠢᠷᠲᠤᠯ ᠢ ᠵᠠᠰᠠᠬᠤ ᠴᠢᠳᠠᠪᠬᠢ ᠪᠠ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠴᠢᠳᠠᠪᠬᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠲᠦᠯᠬᠢᠨ ᠠᠬᠢᠭᠤᠯᠤᠨ᠎ᠠ᠃ ᠮᠠᠯ ᠵᠢᠭᠦᠷᠲᠡᠨ ᠤ | ᠢᠯᠭᠠᠳᠠᠰᠤᠨ ᠤ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠵᠤ᠂ ᠮᠠᠯᠵᠢᠬᠤ ᠣᠷᠣᠨ ᠤ | ᠦᠢᠯᠡᠳᠪᠤᠷᠢᠯᠡᠯ ᠪᠠ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ ᠤᠨ | ᠢᠯᠭᠠᠳᠠᠰᠤᠨ ᠤ ᠪᠣᠬᠢᠷᠲᠤᠯ ᠢ ᠬᠤᠷᠢᠶᠠᠬᠤ ᠬᠠᠳᠠᠭᠠᠯᠠᠬᠤ ᠲᠡᠭᠡᠭᠡᠪᠦᠷᠢᠯᠡᠬᠦ ᠵᠤᠬᠢᠴᠠᠮᠵᠢ ᠶᠢ ᠪᠠᠶᠢᠭᠤᠯᠤᠨ᠂ ᠣᠷᠭᠠᠨᠢᠭ | ᠪᠣᠷᠲᠣᠭᠤᠷ ᠤᠨ ᠦᠢᠯᠡᠳᠪᠤᠷᠢᠯᠡᠯ ᠤᠨ ᠬᠡᠪᠴᠢᠶ᠎ᠡ ᠶᠢ ᠥᠷᠭᠡᠳᠬᠡᠵᠦ᠂ ᠪᠣᠷᠣᠯᠠᠭᠤᠯᠬᠤ ᠠᠷᠭ᠎ᠠ ᠵᠠᠮ ᠪᠠ ᠬᠡᠷᠡᠭᠯᠡᠭᠡᠨ ᠤ | ᠬᠡᠪᠴᠢᠶ᠎ᠡ ᠶᠢ ᠥᠷᠭᠡᠳᠬᠡᠨ᠂ ᠮᠠᠯ ᠵᠢᠭᠦᠷᠲᠡᠨ ᠤ ᠢᠯᠭᠠᠳᠠᠰᠤᠨ ᠤ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ | ᠨᠣᠷᠮ᠎ᠠ ᠶᠢ 80% ᠠᠴᠠ ᠳᠡᠭᠡᠭᠰᠢ ᠳᠤ ᠬᠦᠷᠬᠡᠬᠦ ᠶᠢ ᠦᠨᠡᠨᠬᠦ ᠪᠠᠲᠤᠯᠠᠨ᠎ᠠ᠃ ᠬᠤᠭ ᠨᠣᠪᠰᠢ ᠶᠢ ᠬᠤᠷᠢᠶᠠᠵᠤ | ᠲᠡᠭᠡᠭᠡᠪᠦᠷᠢᠯᠡᠬᠦ ᠴᠢᠳᠠᠪᠬᠢ ᠶᠢ ᠳᠡᠭᠡᠭᠰᠢᠯᠡᠭᠦᠯᠵᠦ᠂ ᠰᠢᠯᠢᠩᠬᠤᠲᠠ ᠯᠤᠭ᠎ᠠ ᠶᠢᠨ ᠣᠷᠣᠨ ᠪᠦᠰᠡ ᠶᠢᠨ ᠬᠠᠮᠵᠢᠯᠴᠠᠭ᠎ᠠ ᠶᠢ | ᠴᠢᠩᠭᠠᠳᠬᠠᠨ᠂ ᠠᠮᠢᠳᠤᠷᠠᠯ ᠤᠨ ᠬᠤᠭ ᠨᠣᠪᠰᠢ᠂ ᠡᠮᠴᠢᠯᠡᠭᠡᠨ ᠤ ᠬᠤᠭ ᠨᠣᠪᠰᠢ᠂ ᠬᠤᠭᠤᠯᠠᠨ ᠬᠡᠷ ᠤᠨ ᠬᠤᠭ | ᠨᠣᠪᠰᠢ ᠶᠢ ᠴᠤᠭᠯᠠᠭᠤᠯᠵᠤ ᠰᠢᠢᠳᠪᠤᠷᠢᠯᠡᠬᠦ ᠬᠢᠨᠠᠯᠲᠠ ᠬᠠᠮᠢᠶᠠᠷᠤᠯᠲᠠ ᠶᠢᠨ ᠲᠤᠭᠳᠠᠯᠴᠠᠭ᠎ᠠ ᠶᠢ ᠲᠡᠭᠦᠯᠳᠡᠷᠵᠢᠭᠦᠯᠵᠦ᠂ | ᠡᠯ᠎ᠡ ᠲᠥᠷᠥᠯ ᠤᠨ ᠬᠤᠭ ᠨᠣᠪᠰᠢ ᠶᠢ ᠲᠠᠷᠤᠰᠢᠭᠤᠯᠵᠤ᠂ ᠪᠤᠬᠢᠷᠳᠤᠯ ᠦᠬᠡᠢ ᠰᠢᠢᠳᠪᠤᠷᠢᠯᠡᠬᠦ ᠠᠯᠬᠤᠮ ᠢ | ᠪᠡᠶᠡᠯᠡᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠪᠣᠯᠬᠤ ᠳᠤ᠂ | ᠣᠯᠠᠨ ᠨᠡᠶᠢᠲᠡ ᠶᠢᠨ ᠪᠠᠶᠢᠭᠤᠯᠤᠮᠵᠢ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠤᠷᠢᠯᠡᠬᠦ | ᠪᠦᠷᠬᠦᠴᠠ ᠶᠢᠨ ᠨᠣᠷᠮ᠎ᠠ ᠶᠢ 100% ᠳᠤ ᠬᠦᠷᠬᠡᠵᠤ᠂ ᠠᠮᠢᠳᠤᠷᠠᠯ ᠤᠨ ᠬᠤᠭ ᠨᠣᠪᠰᠢ ᠶᠢ ᠲᠡᠬᠢᠨ ᠠᠰᠢᠭᠯᠠᠬᠤ | ᠨᠣᠷᠮ᠎ᠠ ᠶᠢ 35% ᠠᠴᠠ ᠲᠡᠬᠡᠭᠰᠢ ᠳᠤ ᠬᠦᠷᠬᠡᠨ᠎ᠠ᠃ | ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ | ᠪᠠᠶᠢᠭᠤᠯᠬᠤ ᠪᠠ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠥᠷᠨᠢᠭᠦᠯᠦᠨ᠎ᠡ᠃ | ︽ᠠᠪᠠᠭ᠎ᠠ ᠬᠤᠰᠢᠭᠤᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤᠨ ᠤ | ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠬᠤ ᠪᠠ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠠᠬᠢᠭᠤᠯᠵᠤ᠂ | ᠡᠭᠦᠳᠦᠨ ᠪᠠᠶᠢᠭᠤᠯᠬᠤ ᠬᠠᠮᠳᠤᠷᠡᠯ ᠤᠨ ᠬᠦᠴᠦᠨ ᠢ ᠴᠢᠩᠭᠠᠷᠠᠭᠤᠯᠤᠨ᠂ 2023 ᠣᠨ ᠤ ᠡᠴᠦᠰ ᠪᠣᠯᠬᠤ ᠳᠤ | ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠪᠣᠯᠭᠠᠨ ᠡᠭᠦᠳᠦᠨ | ᠪᠠᠶᠢᠭᠤᠯᠬᠤ ᠪᠠᠷ ᠴᠢᠷᠮᠠᠶᠢᠨ᠎ᠠ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠡᠷᠴᠢᠮ ᠢ | ᠴᠢᠩᠭᠠᠷᠠᠭᠤᠯᠵᠤ᠂ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ᠂ ᠬᠠᠶᠠᠭᠳᠠᠮᠠᠯ ᠠᠭᠤᠷᠬᠠᠶ ᠵᠢᠴᠢ | ᠮᠠᠯᠲᠠᠵᠤ ᠬᠥᠨᠳᠡᠶᠢᠷᠡᠭᠦᠯᠦᠭᠰᠡᠨ ᠲᠤᠭᠤᠷᠢᠭ ᠢ ᠵᠠᠰᠠᠵᠤ ᠨᠣᠭᠤᠭᠠᠷᠠᠭᠤᠯᠬᠤ᠂ ᠠᠭᠤᠷᠬᠠᠶ ᠶᠢᠨ ᠬᠠᠶᠠᠭᠳᠠᠮᠠᠯ ᠨᠦᠬᠡ ᠶᠢ | ᠪᠦᠭᠯᠡᠬᠦ ᠪᠠ ︽ᠭᠤᠷᠪᠠᠨ ᠲᠤᠭᠤᠷᠢᠭ ᠬᠤᠶᠠᠷ ᠱᠤᠭᠤᠮ︾ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠭᠤᠷᠬᠠᠶ ᠶᠢᠨ ᠣᠷᠴᠢᠨ ᠲᠣᠭᠤᠷᠢᠨ ᠪᠠ ᠭᠠᠵᠠᠷ ᠰᠢᠷᠣᠶ ᠵᠠᠰᠠᠵᠤ | ᠰᠡᠷᠬᠦᠬᠡᠬᠦ ᠠᠵᠢᠯ ᠤᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠣᠬᠢᠷᠲᠤᠯ ᠥᠬᠡᠶ | ᠠᠭᠤᠷᠬᠠᠶ ᠶᠢᠨ ᠵᠢᠭᠰᠠᠭᠠᠯᠳᠠ ᠪᠠ ᠮᠡᠷᠭᠡᠵᠢᠯ ᠤᠨ ᠵᠢᠯᠤᠭᠤᠳᠤᠮᠵᠢ ᠶᠣᠰᠣᠭᠠᠷ᠂ ᠠᠭᠤᠷᠬᠠᠶ ᠶᠢᠨ ᠠᠵᠤ ᠠᠬᠤᠶᠢᠯᠠᠯ ᠢ | ᠱᠠᠯᠠᠪᠳᠠᠨ ᠵᠢᠯᠣᠭᠤᠳᠴᠤ᠂ ᠪᠠᠯᠠ ᠣᠷᠣᠭᠤᠯᠤᠯᠲᠠ ᠪᠠᠨ ᠨᠡᠮᠡᠭᠳᠡᠭᠦᠯᠦᠨ᠂ ᠠᠵᠢᠯ ᠤᠨ ᠲᠠᠷᠠᠭᠠᠯᠠᠯ ᠶᠤᠰᠤᠭᠠᠷ | ᠠᠬᠢᠴᠠ ᠪᠠᠨ ᠲᠦᠷᠭᠡᠳᠬᠡᠵᠦ᠂ 2023 ᠣᠨ ᠤ ᠡᠴᠦᠰ ᠪᠣᠯᠬᠤ ᠳᠤ ᠪᠦᠬᠦᠨ ᠢ ᠪᠣᠬᠢᠷᠲᠤᠯ ᠥᠬᠡᠶ ᠠᠭᠤᠷᠬᠠᠶ | ᠪᠤᠯᠭᠠᠨ ᠪᠠᠶᠢᠭᠤᠯᠤᠨ᠎ᠠ᠃ | ᠭᠤᠷᠪᠠ ᠳᠤ᠂ ᠡᠬᠢ ᠪᠠᠶᠠᠯᠢᠭ ᠢ ᠠᠰᠢᠭᠯᠠᠬᠤ ᠬᠢᠵᠠᠭᠠᠷ ᠱᠤᠭᠤᠮ ᠤᠨ ᠤᠬᠠᠮᠰᠠᠷ ᠢᠶᠠᠨ ᠤᠯᠠᠮ ᠴᠢᠨᠠᠭᠰᠢᠳᠠ | ᠲᠡᠬᠡᠭᠰᠢᠯᠡᠬᠦᠯᠵᠤ᠂ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ | | ᠣᠷᠣᠨ ᠵᠠᠶ ᠶᠢᠨ ᠲᠥᠯᠥᠪᠵᠢᠭᠦᠯᠭᠡ ᠪᠠ ᠡᠨᠧᠷᠭᠢ ᠶᠢᠨ ᠬᠤᠷᠣᠭᠳᠠᠯ ᠤᠨ ᠲᠥᠰᠦᠪ ᠤᠨ ︽ᠬᠤᠣᠰ ᠬᠢᠵᠠᠭᠠᠷᠯᠠᠯ | ︾ ᠢ ᠨᠠᠶᠢᠳᠠᠪᠤᠷᠢᠵᠢᠭᠤᠯᠤᠨ᠎ᠠ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠠᠷ | ᠬᠠᠮᠢᠶᠠᠷᠤᠨ ᠡᠵᠡᠮᠳᠡᠬᠦ ᠬᠦᠴᠤᠯᠠᠴᠠ ᠪᠠᠨ ᠴᠢᠩᠭᠠᠳᠬᠠᠵᠤ᠂ ︽ᠭᠤᠷᠪᠠᠨ ᠱᠤᠭᠤᠮ ᠨᠢᠭᠡ ᠪᠦᠷᠢᠳᠬᠡᠯ︾ ᠤᠨ | ᠲᠤᠭᠤᠷᠢᠭ ᠬᠤᠪᠢᠶᠠᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠡᠷᠡᠰ ᠬᠡᠷᠡᠭᠵᠢᠭᠦᠯᠵᠦ᠂ ᠨᠡᠭᠡᠭᠡᠨ ᠬᠥᠭᠵᠢᠭᠦᠯᠬᠦ ᠶᠢ | ᠴᠠᠭᠠᠵᠠᠯᠠᠬᠤ ᠤᠷᠤᠨ ᠲᠤᠭᠤᠷᠢᠭ ᠪᠠ ᠨᠡᠭᠡᠭᠡᠨ ᠬᠥᠭᠵᠢᠭᠦᠯᠬᠦ ᠶᠢ ᠬᠢᠵᠠᠭᠠᠷᠯᠠᠬᠤ ᠤᠷᠤᠨ ᠲᠤᠭᠤᠷᠢᠭ ᠤᠨ | ᠵᠥᠪᠰᠢᠶᠡᠷᠡᠯ ᠤᠨ ᠵᠥᠢᠯᠡᠰ ᠢ ᠤᠯᠠᠮ ᠴᠢᠨᠠᠭᠰᠢᠳᠠ ᠲᠣᠳᠣᠷᠬᠠᠶᠢᠯᠠᠵᠤ᠂ ᠰᠢᠯᠢᠳᠡᠭᠵᠢᠬᠦᠯᠤᠨ ᠨᠡᠭᠡᠭᠡᠨ ᠬᠥᠭᠵᠢᠭᠦᠯᠬᠦ | ᠤᠷᠤᠨ ᠲᠤᠭᠤᠷᠢᠭ᠂ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠬᠦ ᠤᠷᠤᠨ ᠲᠤᠭᠤᠷᠢᠭ ᠲᠤ ᠴᠠᠭᠠᠵᠠᠯᠠᠬᠤ ᠪᠠ | ᠬᠢᠵᠠᠭᠠᠷᠯᠠᠬᠤ ᠠᠵᠤ ᠦᠢᠯᠡᠰ ᠤᠨ ᠲᠦᠷᠤᠯ ᠵᠥᠢᠯ ᠢ ᠲᠣᠳᠣᠷᠬᠠᠶᠢᠯᠠᠵᠤ᠂ ᠠᠵᠤ ᠦᠢᠯᠡᠰ ᠤᠨ ᠲᠦᠷᠤᠯ ᠵᠥᠢᠯ ᠤᠨ | ᠵᠠᠬ᠎ᠠ ᠳᠡᠯᠭᠡᠭᠦᠷ ᠲᠤ ᠣᠷᠣᠬᠤ ᠳᠤ ᠵᠥᠷᠢᠶᠡᠲᠦ ᠵᠥᠪᠰᠢᠶᠡᠷᠡᠯ ᠤᠨ ᠠᠷᠭ᠎ᠠ ᠶᠢ ᠬᠡᠷᠡᠭᠵᠢᠭᠦᠯᠵᠦ᠂ ︽ᠡᠨᠧᠷᠭᠢ ᠶᠢᠨ | ᠬᠤᠷᠣᠭᠳᠠᠯ ᠶᠡᠬᠡᠲᠡᠶ᠂ ᠪᠤᠬᠢᠷᠳᠤᠯ ᠶᠡᠬᠡᠲᠡᠶ︾ ᠠᠵᠤ ᠦᠢᠯᠡᠰ ᠢ ᠰᠠᠭᠤᠷᠢᠰᠢᠭᠤᠯᠬᠤ ᠶᠢ ᠴᠢᠩᠭ᠎ᠠ ᠬᠢᠵᠠᠭᠠᠷᠯᠠᠨ᠎ᠠ᠃ | ᠡᠨᠧᠷᠭᠢ ᠤᠨ ᠬᠤᠷᠤᠭᠳᠠᠯ ᠤᠨ ᠲᠥᠰᠦᠪ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠨᠡᠭᠦᠷᠡᠰᠦᠲᠥ᠋ᠷᠥᠭᠴᠢ ᠶᠢᠨ | ᠤᠷᠭᠢᠯ ᠬᠡᠮᠵᠢᠶ᠎ᠡ ᠶᠢ ᠬᠢᠵᠠᠭᠠᠷᠯᠠᠬᠤ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯᠯᠠᠭ᠎ᠠ ᠶᠢ ᠢᠳᠡᠪᠬᠢᠲᠡᠶ | ᠥᠷᠨᠢᠭᠦᠯᠵᠦ᠂ ᠪᠥᠬᠦ ᠬᠤᠰᠢᠭᠤᠨ ᠤ ᠠᠮᠢ ᠠᠬᠤᠶ ᠶᠢᠨ ᠨᠡᠭᠦᠷᠡᠰᠦᠲᠥ᠋ᠷᠥᠭᠴᠢ ᠶᠢ ᠴᠡᠪᠡᠷᠰᠢᠬᠦᠯᠬᠦ ᠴᠢᠳᠠᠪᠤᠷᠢ ᠶᠢ ᠪᠥᠬᠦ | ᠲᠠᠯ᠎ᠠ ᠪᠠᠷ ᠳᠡᠭᠡᠭᠰᠢᠯᠡᠭᠦᠯᠦᠨ᠂ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠠᠴᠠ ᠡᠬᠢ ᠡᠭᠦᠰᠦᠯ ᠠᠴᠠ ᠨᠢ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠢᠨ᠎ᠡ ᠪᠠᠷ ᠪᠠᠶᠢᠭᠤᠯᠬᠤ | ᠲᠥᠷᠥᠯ ᠵᠥᠢᠯ ᠤᠨ ᠡᠨᠧᠷᠭᠢ ᠠᠷᠪᠢᠯᠠᠬᠤ ᠴᠢᠳᠠᠮᠵᠢ ᠶᠢ ᠬᠢᠨᠠᠨ ᠪᠠᠶᠢᠴᠠᠭᠠᠵᠤ ᠬᠢᠵᠠᠭᠠᠷᠯᠠᠬᠤ ᠶᠢ ᠴᠢᠩᠭᠠᠳᠬᠠᠨ᠂ ᠪᠥᠬᠦ | ᠬᠤᠰᠢᠭᠤᠨ ᠤ ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ ᠪᠠ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠬᠤᠭᠤᠴᠠᠭᠠᠨ ᠳᠤ ᠠᠰᠢᠭᠯᠠᠯᠲᠠ ᠳᠤ ᠣᠷᠣᠭᠤᠯᠬᠤ ᠲᠥᠷᠥᠯ ᠵᠥᠢᠯ ᠤᠨ ᠵᠢᠯ ᠤᠨ ᠶᠡᠷᠦᠩᠬᠡᠶᠢᠯᠡᠭᠰᠡᠨ | ᠡᠨᠧᠷᠭᠢ ᠶᠢᠨ ᠬᠤᠷᠣᠭᠳᠠᠯ ᠤᠨ ᠲᠥᠰᠦᠪ ᠢ ᠬᠠᠮᠢᠶᠠᠷᠤᠯᠲᠠ ᠳᠤ ᠣᠷᠣᠭᠤᠯᠵᠤ᠂ ᠰᠢᠨ᠎ᠡ ᠪᠠᠷ ᠨᠡᠮᠡᠭᠳᠡᠭᠰᠡᠨ | ᠡᠨᠧᠷᠭᠢ ᠶᠢᠨ ᠵᠠᠷᠤᠴᠠᠭᠤᠯᠤᠯᠳᠠ ᠪᠠ ᠨᠦᠬᠦᠪᠤᠷᠢᠯᠡᠯᠳᠡ ᠶᠢ ᠲᠡᠩᠴᠡᠭᠦᠷᠢᠲᠡᠶ ᠪᠠᠶᠢᠯᠭᠠᠬᠤ ᠶᠢ ᠪᠠᠲᠤᠯᠠᠨ᠎ᠠ᠃ | ᠡᠬᠢ ᠪᠠᠶᠠᠯᠢᠭ ᠢ ᠲᠣᠬᠢᠷᠠᠭᠤᠯᠬᠤ᠂ ᠡᠬᠢ ᠪᠠᠶᠠᠯᠢᠭ ᠢ ᠨᠢᠬᠡᠳᠬᠡᠬᠦ᠂ ᠡᠬᠢ ᠪᠠᠶᠠᠯᠢᠭ ᠢ ᠠᠰᠢᠭᠯᠠᠬᠤ ᠵᠡᠷᠬᠡ ︽ | ᠭᠤᠷᠪᠠ ᠶᠢ ᠳᠡᠭᠡᠭᠰᠢᠯᠡᠭᠦᠯᠬᠦ︾ ᠶᠢ ᠲᠦᠯᠬᠢᠨ ᠠᠬᠢᠭᠤᠯᠤᠨ᠎ᠠ᠃ ᠡᠬᠢ ᠪᠠᠶᠠᠯᠢᠭ ᠢ ᠲᠣᠬᠢᠷᠠᠭᠤᠯᠬᠤ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠪᠠ ᠰᠢᠨ᠎ᠡ ᠬᠡᠯᠪᠡᠷᠢ ᠶᠢᠨ ᠬᠤᠳᠠ | ᠪᠠᠯᠭᠠᠰᠤᠵᠢᠯᠳᠡ ᠳᠤ ᠬᠡᠷᠡᠭᠯᠡᠬᠦ ᠭᠠᠵᠠᠷ ᠰᠢᠷᠥᠢ ᠶᠢᠨ ᠪᠠᠶᠢᠷᠢᠰᠢᠯ ᠤᠨ ᠪᠦᠲᠦᠴᠡ ᠶᠢ ᠰᠢᠯᠢᠳᠡᠭᠵᠢᠭᠦᠯᠦᠨ | ᠲᠣᠬᠢᠷᠠᠭᠤᠯᠵᠤ᠂ ᠠᠵᠤ ᠦᠢᠯᠡᠰ ᠲᠤ ᠬᠡᠷᠡᠭᠯᠡᠬᠦ ᠭᠠᠵᠠᠷ ᠢ ᠨᠠᠷᠢᠯᠢᠭ ᠤᠨᠤᠪᠴᠢᠳᠡᠢ ᠬᠠᠩᠭᠠᠵᠤ᠂ ᠭᠠᠵᠠᠷ ᠰᠢᠷᠣᠶ ᠶᠢᠨ | ᠡᠬᠢ ᠪᠠᠶᠠᠯᠢᠭ ᠢ ᠪᠦᠲᠦᠮᠵᠢᠲᠡᠶ ᠲᠣᠬᠢᠷᠠᠭᠤᠯᠤᠨ᠎ᠠ᠃ ᠡᠬᠢ ᠪᠠᠶᠠᠯᠢᠭ ᠢ ᠨᠢᠬᠡᠳᠬᠡᠬᠦ ᠴᠢᠳᠠᠪᠬᠢ ᠶᠢ ᠳᠡᠭᠡᠭᠰᠢᠯᠡᠭᠦᠯᠵᠦ᠂ | ᠲᠡᠤᠬᠡᠨ ᠠᠴᠠ ᠦᠯᠡᠳᠡᠭᠳᠡᠵᠤ ᠢᠷᠡᠭᠰᠡᠨ ᠭᠠᠵᠠᠷ ᠰᠢᠷᠣᠶ ᠶᠢ ᠰᠤᠯᠠ ᠤᠷᠬᠢᠭᠰᠡᠨ᠂ ᠵᠥᠪᠰᠢᠶᠡᠷᠡᠭᠰᠡᠨ ᠪᠣᠯᠪᠠᠴᠤ | ᠬᠠᠩᠭᠠᠭᠰᠠᠨ ᠦᠭᠡᠢ ᠠᠰᠠᠭᠤᠳᠠᠯ ᠢ ᠨᠢᠭᠡᠳᠦᠯᠲᠡᠶ ᠲᠦᠯᠤᠪᠵᠢᠬᠦᠯᠤᠨ ᠰᠢᠢᠳᠪᠤᠷᠢᠯᠡᠵᠤ᠂ ᠭᠠᠵᠠᠷ ᠰᠢᠷᠣᠶ ᠶᠢ | ᠬᠤᠷᠢᠶᠠᠨ ᠨᠥᠭᠡᠴᠡᠯᠡᠬᠦ᠂ ᠭᠠᠵᠠᠷ ᠰᠢᠷᠣᠶ ᠶᠢ ᠡᠮᠬᠢᠯᠡᠨ ᠨᠢᠭᠡᠳᠭᠡᠬᠦ ᠪᠠ ᠭᠠᠵᠠᠷ ᠰᠢᠷᠣᠶ ᠶᠢ ᠬᠦᠷᠤᠩᠬᠡᠵᠢᠬᠦᠯᠤᠨ | ᠠᠰᠢᠭᠯᠠᠬᠤ ᠠᠵᠢᠯ ᠢ ᠭᠦᠨᠵᠡᠭᠡᠶ ᠥᠷᠨᠢᠭᠦᠯᠵᠦ᠂ ᠤᠯᠤᠰ ᠤᠨ ᠭᠠᠵᠡᠷ ᠰᠢᠷᠥᠢ ᠶᠢᠨ ᠣᠷᠣᠨ ᠵᠠᠶ ᠶᠢᠨ ᠵᠠᠰᠠᠯᠳᠠ ᠶᠢᠨ | ᠴᠢᠳᠠᠪᠤᠷᠢ ᠢᠶᠠᠨ ᠳᠡᠭᠡᠭᠰᠢᠯᠡᠭᠦᠯᠦᠨ᠎ᠡ᠃ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ᠮᠡᠷᠭᠡᠵᠢᠯ ᠤᠨ ᠥᠭᠡᠷᠡᠴᠢᠯᠡᠯᠲᠡ ᠶᠢ ᠴᠢᠩᠭᠠᠳᠬᠠᠵᠤ᠂ ᠬᠤᠴᠣᠷᠤᠩᠭᠤᠶ ᠦᠢᠯᠡᠳᠪᠤᠷᠢᠯᠡᠯ ᠤᠨ | ᠴᠢᠳᠠᠪᠬᠢ ᠶᠢ ᠰᠢᠭᠰᠢᠭᠳᠡᠭᠦᠯᠵᠦ᠂ ᠦᠢᠯᠡᠳᠪᠤᠷᠢᠯᠡᠯ ᠤᠨ ᠮᠡᠷᠭᠡᠵᠢᠯ ᠤᠨ ᠲᠠᠷᠠᠭᠠᠯᠠᠯ ᠢ ᠰᠢᠯᠢᠳᠡᠭᠵᠢᠭᠦᠯᠦᠨ᠂ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠡᠷᠴᠢᠮᠵᠢᠭᠦᠯᠦᠨ ᠨᠡᠭᠡᠭᠡᠨ ᠠᠰᠢᠭᠯᠠᠵᠤ᠂ ᠡᠷᠬᠢᠨ ᠲᠦᠯᠵᠢᠳᠡᠭ | ᠡᠨᠧᠷᠭᠢ ᠶᠢᠨ ᠰᠤᠷᠪᠤᠯᠵᠢ ᠪᠠᠷ ᠣᠷᠣᠯᠠᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠠᠮᠢ ᠠᠬᠤᠶ ᠶᠢᠨ ᠦᠷ᠎ᠡ ᠠᠰᠢᠭ | ᠪᠠ ᠠᠵᠤ ᠠᠬᠤᠶ ᠶᠢᠨ ᠦᠷ᠎ᠡ ᠠᠰᠢᠭ ᠤᠨ ᠬᠤᠣᠰ ᠠᠮᠵᠢᠯᠲᠠ ᠶᠢ ᠪᠦᠲᠦᠮᠵᠢᠲᠡᠶ ᠪᠡᠶᠡᠯᠡᠭᠦᠯᠦᠨ᠎ᠡ᠃ | — ︽ᠠᠷᠢᠭᠤᠨ ᠴᠡᠪᠡᠷ ᠲᠤᠤᠷ᠎ᠠ ᠨᠡᠬᠦᠷᠡᠰᠤᠳᠦ᠋ᠷᠦᠭᠴᠢᠳᠤ ᠪᠤᠯᠭᠠᠨ ᠬᠤᠪᠢᠷᠠᠭᠤᠯᠬᠤ᠂ ᠴᠢᠨᠠᠷ ᠰᠠᠶᠢᠲᠠᠢ | ᠪᠦᠲᠦᠮᠵᠢᠲᠡᠢ ᠪᠤᠯᠭᠠᠨ ᠬᠤᠪᠢᠷᠠᠭᠤᠯᠬᠤ︾ ᠤᠳᠤᠷᠢᠳᠤᠮᠵᠢ ᠶᠢ ᠢᠮᠠᠭᠲᠠ ᠪᠠᠷᠢᠮᠲᠠᠯᠠᠵᠤ᠂ ᠴᠢᠨᠠᠷ ᠰᠠᠶᠢᠲᠠᠢ ᠪᠦᠳᠦᠬᠡᠨ | ᠪᠠᠶᠢᠭᠤᠯᠤᠯᠲᠠ ᠶᠢᠨ ︽ᠬᠤᠶᠠᠷ ᠰᠠᠭᠤᠷᠢᠨ ᠭᠠᠵᠠᠷ︾ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ | ᠴᠢᠩᠭ᠎ᠠ ᠡᠵᠡᠮᠳᠡᠵᠦ᠂ ᠠᠵᠤ ᠦᠢᠯᠡᠰ ᠤᠨ ᠬᠡᠯᠬᠢᠶᠠᠵᠢᠯ ᠬᠠᠩᠭᠠᠯᠭ᠎ᠠ ᠶᠢᠨ ᠬᠡᠯᠬᠢᠶᠠᠵᠢᠯ ᠢ ᠬᠦᠴᠦᠷᠬᠡᠭᠵᠢᠭᠦᠯᠦᠨ | ᠰᠢᠯᠢᠳᠡᠭᠵᠢᠭᠦᠯᠵᠦ᠂ ︽ᠤᠯᠠᠨ ᠡᠰᠢᠵᠢᠬᠦᠯᠤᠨ ᠬᠥᠭᠵᠢᠭᠦᠯᠬᠦ᠂ ᠤᠯᠠᠨ ᠲᠠᠯ᠎ᠠ ᠠᠴᠠ ᠲᠤᠯᠭᠠᠭᠤᠷᠢᠯᠠᠬᠤ︾ ᠪᠣᠬᠢᠷᠲᠤᠯ | ᠦᠬᠡᠢ ᠦᠪᠡᠷᠮᠢᠴᠠ ᠤᠨᠴᠠᠯᠢᠭᠳᠤ ᠤᠳᠤᠬᠢᠴᠢᠯᠠᠭᠰᠡᠨ ᠠᠵᠤ ᠦᠢᠯᠡᠰ ᠤᠨ ᠪᠦᠯᠦᠭᠯᠡᠯ ᠢ ᠲᠦᠷᠬᠡᠳᠬᠡᠨ ᠪᠠᠶᠢᠭᠤᠯᠵᠤ᠂ | ᠭᠤᠷᠪᠠᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠠᠵᠤ ᠠᠬᠤᠢ ᠶᠢᠨ ᠬᠥᠭᠵᠢᠯᠲᠡ ᠶᠢᠨ ᠶᠠᠰᠤ | ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ᠃ | ᠨᠢᠭᠡ ᠳᠤ᠂ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠳᠤ ᠲᠦᠰᠢᠭᠯᠡᠨ᠂ ᠨᠠᠷᠠ | ᠰᠠᠯᠬᠢ ᠢᠯᠴᠢ ᠶᠢᠨ ᠡᠨᠧᠷᠭᠢ ᠪᠠᠷ ᠬᠠᠷᠢᠯᠴᠠᠨ ᠨᠥᠬᠦᠪᠥᠷᠢᠯᠡᠬᠦ᠂ ᠣᠯᠠᠨ ᠡᠰᠢᠵᠢᠭᠦᠯᠦᠨ ᠬᠡᠷᠡᠭᠯᠡᠬᠦ ᠤᠳᠤᠬᠢᠴᠢᠯᠠᠭᠰᠡᠨ | ᠡᠨᠧᠷᠭᠢ ᠶᠢᠨ ᠠᠵᠤ ᠠᠬᠤᠶ ᠶᠢᠨ ᠲᠤᠭᠳᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ᠃ | ᠨᠠᠷᠠ ᠰᠠᠯᠬᠢᠨ ᠤ ᠡᠨᠧᠷᠬᠢ ᠶᠢ ᠠᠰᠢᠭᠯᠠᠵᠤ ᠪᠣᠬᠢᠷᠲᠤᠯ ᠦᠭᠡᠢ ᠡᠨᠧᠷᠭᠢ ᠶᠢᠨ ᠰᠢᠨ᠎ᠡ ᠬᠠᠭᠤᠳᠠᠰᠤ ᠶᠢ | ᠪᠢᠴᠢᠭᠯᠡᠨ᠎ᠡ᠃ ᠨᠠᠷᠠ ᠰᠠᠯᠬᠢᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠦᠷᠭᠦᠯᠵᠢᠯᠡᠨ ᠴᠢᠩᠭᠠᠳᠬᠠᠵᠤ᠂ ᠶᠡᠭᠡ | ᠬᠡᠪᠴᠢᠶ᠎ᠡ ᠪᠠᠷ ᠭᠠᠳᠠᠭᠰᠢ ᠬᠦᠷᠭᠡᠬᠦ ᠪᠠ ᠲᠣᠰ ᠭᠠᠵᠠᠷ ᠲᠤ ᠠᠰᠢᠭᠯᠠᠬᠤ᠂ ᠬᠡᠪᠴᠢᠶᠡᠵᠢᠭᠰᠡᠨ ᠰᠠᠯᠬᠢᠨ ᠴᠠᠬᠢᠯᠭᠠᠨ ᠤ | ᠠᠵᠤ ᠦᠢᠯᠡᠰ ᠤᠨ ᠰᠠᠭᠤᠷᠢᠨ ᠭᠠᠵᠡᠷ ᠤᠨ ᠲᠥᠷᠥᠯ ᠵᠥᠢᠯ ᠢ ᠲᠥᠯᠥᠪᠵᠢᠭᠦᠯᠬᠦ ᠪᠠ ᠵᠣᠯᠭᠠᠭᠤᠯᠬᠤ ᠠᠵᠢᠯ ᠢ | ᠲᠣᠪᠤᠶᠢᠮ᠎ᠠ ᠠᠳᠬᠤᠵᠤ᠂ ᠣᠨᠴᠠ ᠥᠨᠳᠥᠷ ᠳᠠᠷᠤᠯᠲᠠᠲᠤ ᠰᠠᠯᠬᠢᠨ ᠴᠠᠬᠢᠯᠭᠠᠨ ᠢ ᠭᠠᠳᠠᠭᠰᠢ ᠬᠦᠷᠭᠡᠬᠦ ᠵᠠᠮ | ᠱᠤᠭᠤᠮ ᠤᠨ ᠪᠠᠶᠢᠭᠤᠯᠤᠯᠲᠠ ᠶᠢ ᠲᠦᠷᠬᠡᠳᠬᠡᠨ᠎ᠠ᠃ ︽ᠭᠡᠷᠡᠯ ᠴᠠᠬᠢᠯᠭᠠᠨ +︾ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠡᠬᠢᠯᠡᠭᠦᠯᠵᠦ᠂ ᠰᠢᠷᠣᠶ ᠭᠠᠳᠠᠭᠰᠢᠯᠠᠭᠤᠯᠬᠤ ᠲᠠᠯᠠᠪᠠᠶ ᠶᠢ ᠴᠡᠭᠴᠡᠯᠡᠨ ᠵᠠᠰᠠᠬᠤ᠂ ᠠᠭᠤᠷᠬᠠᠶ ᠶᠢᠨ | ᠲᠤᠭᠤᠷᠢᠭ ᠤᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠠ ᠭᠡᠷᠡᠯ ᠢᠶᠠᠷ ᠴᠠᠬᠢᠯᠭᠠᠨ ᠭᠠᠷᠭᠠᠬᠤ ᠲᠥᠷᠥᠯ | ᠵᠦᠢᠯ ᠢ ᠬᠠᠷᠢᠯᠴᠠᠨ ᠤᠶᠠᠯᠳᠤᠭᠤᠯᠵᠤ᠂ ᠵᠢᠩ ᠨᠸᠡᠭ ᠡᠯᠡᠰᠦᠷᠬᠡᠭ ᠭᠠᠵᠠᠷ ᠵᠢᠴᠢ ᠰᠢᠷᠭᠢᠭᠰᠡᠨ ᠨᠠᠭᠤᠷ ᠤᠨ | ᠭᠤᠯᠳᠤᠷᠢᠯ ᠤᠨ ᠪᠣᠬᠢᠷᠲᠤᠯ ᠦᠭᠡᠶ ᠠᠮᠢ ᠠᠬᠤᠶ ᠶᠢᠨ ᠵᠠᠰᠠᠯᠲᠠ ᠶᠢᠨ ᠭᠡᠷᠡᠯ ᠴᠠᠬᠢᠯᠭᠠᠨ ᠤ ᠲᠦᠷᠤᠯ ᠵᠥᠢᠯ ᠵᠢᠴᠢ | ᠪᠠᠷᠢᠯᠭ᠎ᠠ ᠶᠢᠨ ᠤᠷᠤᠢ ᠳᠠᠬᠢ ᠭᠡᠷᠡᠯ ᠴᠠᠬᠢᠯᠭᠠᠨ ᠵᠡᠷᠭᠡ ᠲᠥᠷᠥᠯ ᠵᠦᠢᠯ ᠢ ᠢᠳᠡᠪᠬᠢᠲᠡᠶ ᠠᠬᠢᠭᠤᠯᠵᠤ᠂ ᠠᠭᠤᠷᠬᠠᠢ ᠶᠢᠨ | ᠲᠤᠭᠤᠷᠢᠭ ᠤᠨ ᠬᠠᠶᠠᠭᠳᠠᠮᠠᠯ ᠭᠠᠵᠡᠷ ᠢ ᠰᠢᠡᠵᠢᠯᠡᠬᠦ ᠤᠬᠠᠭᠠᠡᠴᠢ ᠪᠠᠷ ᠨᠢᠬᠡᠳᠬᠡᠨ ᠠᠰᠢᠭᠯᠠᠵᠤ᠂ ᠦᠢᠯᠡᠳᠪᠤᠷᠢ | ᠠᠭᠤᠷᠬᠠᠢ ᠠᠵᠤ ᠠᠬᠤᠶᠢᠯᠡᠯ ᠤᠨ ᠡᠨᠧᠷᠬᠢ ᠠᠷᠪᠢᠯᠠᠵᠤ ᠪᠤᠬᠢᠷᠳᠤᠯ ᠪᠠᠭᠠᠰᠬᠠᠬᠤ ᠱᠠᠭᠠᠷᠳᠠᠯᠭ᠎ᠠ ᠲᠠᠢ ᠤᠶᠠᠯᠳᠤᠭᠤᠯᠤᠨ | ᠂ ᠲᠠᠷᠬᠠᠮᠠᠯ ᠬᠡᠯᠪᠡᠷᠢ ᠲᠠᠢ ᠰᠠᠯᠬᠢᠨ ᠴᠠᠬᠢᠯᠭᠠᠨ ᠤ ᠲᠦᠷᠤᠯ ᠵᠥᠢᠯ ᠤᠨ ᠪᠦᠳᠤᠬᠡᠨ ᠪᠠᠶᠢᠭᠤᠯᠤᠯᠳᠠ ᠶᠢ ᠡᠮᠬᠢ ᠵᠢᠷᠤᠮ | ᠲᠠᠢ ᠲᠦᠯᠬᠢᠨ ᠠᠬᠢᠭᠤᠯᠵᠤ᠂ ᠡᠷᠬᠢᠨ ᠲᠦᠯᠵᠢᠬᠦ ᠡᠨᠧᠷᠭᠢ ᠶᠢᠨ ᠰᠤᠷᠪᠤᠯᠵᠢ ᠶᠢᠨ ᠥᠨᠳᠥᠷ ᠬᠠᠷᠢᠴᠠᠯᠳᠤ | ᠬᠥᠭᠵᠢᠯᠲᠡ ᠶᠢ ᠲᠦᠯᠬᠢᠨ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠳᠤᠮᠳᠠᠴᠢ ᠬᠤᠭᠤᠴᠠᠭ᠎ᠠ ᠪᠠᠷ᠂ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ ᠶᠢᠨ ᠬᠡᠮᠵᠢᠶ᠎ᠠ ᠶᠢ | 400 ᠲᠦᠮᠡᠨ ᠺᠢᠯᠣᠸᠠᠲ ᠠᠴᠠ ᠳᠡᠭᠡᠭᠰᠢ ᠳᠤ ᠬᠦᠷᠭᠡᠵᠦ᠂ ᠪᠦᠬᠦ ᠠᠶᠢᠮᠠᠭ ᠲᠤ ᠬᠠᠮᠤᠭ ᠤᠷᠢᠳᠡᠪᠡᠷ ᠰᠢᠨ᠎ᠡ ᠡᠨᠧᠷᠭᠢ | ᠪᠠᠷ ᠭᠤᠣᠯ ᠴᠣᠭᠴᠠ ᠪᠣᠯᠭᠠᠭᠰᠠᠨ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢᠨ ᠲᠤᠭᠳᠠᠯᠴᠠᠭ᠎ᠠ ᠶᠢ | ᠪᠠᠶᠢᠭᠤᠯᠤᠨ᠎ᠠ᠃ | ᠲᠠᠯᠳᠠ ᠬᠦᠴᠤᠨ ᠪᠠᠨ ᠬᠦᠢᠴᠡᠳ ᠠᠭᠤᠳᠠᠯᠯᠠᠵᠤ᠂ ᠤᠯᠠᠮᠵᠢᠯᠠᠯᠲᠤ ᠡᠨᠧᠷᠭᠢ ᠶᠢᠨ ᠰᠤᠷᠪᠤᠯᠵᠢ ᠶᠢᠨ ᠰᠢᠨ᠎ᠡ | ᠠᠮᠵᠢᠯᠲᠠ ᠪᠦᠲᠦᠮᠵᠢ ᠶᠢ ᠡᠭᠦᠳᠦᠨ᠎ᠡ᠃ ᠴᠠᠭᠠᠨᠨᠠᠭᠤᠷ ᠨᠡᠭᠦᠷᠡᠰᠦᠨ ᠠᠭᠤᠷᠬᠠᠶ ᠶᠢᠨ ᠨᠢᠭᠡᠳᠦᠭᠡᠷ ᠨᠣᠮᠧᠷᠲᠤ | ᠬᠤᠳᠳᠤᠭ ᠤᠨ ᠪᠠᠶᠢᠭᠤᠯᠤᠯᠲᠠ ᠪᠣᠯᠤᠨ ᠦᠢᠯᠡᠳᠪᠦᠷᠢᠯᠡᠯ ᠤᠨ ᠴᠢᠳᠠᠪᠬᠢ ᠶᠢ ᠨᠡᠮᠡᠭᠳᠡᠬᠦᠯᠬᠦ ᠲᠤᠬᠠᠢ ᠬᠢᠨᠠᠨ | ᠵᠦᠪᠰᠢᠶᠠᠷᠡᠯ ᠢ ᠭᠤᠶᠤᠴᠢᠯᠠᠬᠤ ᠠᠵᠢᠯ ᠢ ᠲᠥᠯᠬᠢᠨ ᠠᠬᠢᠭᠤᠯᠤᠨ᠎ᠠ᠃ ᠳ᠋ᠠ ᠠᠨ ᠨᠡᠭᠦᠷᠡᠰᠦᠨ ᠠᠭᠤᠷᠬᠠᠶ ᠶᠢᠨ | ᠭᠠᠷᠳᠠᠮ ᠢ ᠬᠦᠢᠴᠡᠳᠬᠡᠬᠦ ᠠᠬᠢᠴᠠ ᠶᠢ ᠲᠦᠷᠭᠡᠳᠬᠡᠨ ᠠᠬᠢᠭᠤᠯᠵᠤ᠂ 2023 ᠣᠨ ᠳᠤ ᠠᠰᠢᠭᠯᠠᠯᠲᠠ ᠳᠤ | ᠣᠷᠣᠭᠤᠯᠬᠤ ᠶᠢ ᠦᠨᠡᠨᠬᠦ ᠪᠠᠲᠤᠯᠠᠨ᠎ᠠ᠃ ᠮᠠᠨᠢᠲᠤ ᠠᠭᠤᠷᠬᠠᠶ ᠶᠢᠨ ᠲᠤᠭᠤᠷᠢᠭ ᠤᠨ ᠦᠢᠯᠡᠳᠪᠤᠷᠢᠯᠡᠯ ᠤᠨ | ᠴᠢᠳᠠᠪᠬᠢ ᠶᠢ ᠨᠢᠬᠡᠳᠬᠡᠬᠦ ᠶᠠᠪᠤᠴᠠ ᠶᠢ ᠢᠳᠡᠪᠬᠢᠲᠡᠶ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠰᠡᠭᠦᠯᠴᠢ ᠪᠣᠯᠬᠤ ᠳᠤ᠂ ᠨᠡᠭᠦᠷᠡᠰᠦᠨ ᠤ ᠲᠡᠷᠢᠭᠦᠨ ᠤ ᠦᠢᠯᠡᠳᠪᠤᠷᠢᠯᠡᠯ ᠤᠨ ᠴᠢᠳᠠᠪᠬᠢ ᠶᠢ ᠵᠢᠯ ᠳᠤ 1000 ᠲᠦᠮᠡᠨ | ᠲᠣᠨ ᠠᠴᠠ ᠲᠠᠪᠠᠭᠤᠯᠬᠤ ᠪᠠᠷ ᠴᠢᠷᠮᠠᠶᠢᠨ᠎ᠠ᠃ ᠨᠡᠭᠦᠷᠡᠰᠦ ᠶᠢ ᠴᠡᠪᠡᠷ ᠪᠥᠭᠡᠳ ᠦᠷ᠎ᠠ ᠪᠦᠲᠦᠮᠵᠢᠲᠡᠶ ᠠᠰᠢᠭᠯᠠᠬᠤ | ᠬᠢᠷᠢ ᠲᠦᠪᠰᠢᠨ ᠢ ᠳᠡᠭᠡᠭᠰᠢᠯᠡᠭᠦᠯᠵᠦ᠂ ᠴᠠᠭᠠᠨᠨᠠᠭᠤᠷ ᠨᠡᠭᠦᠷᠡᠰᠦ ᠴᠠᠬᠢᠯᠭᠠᠨ ᠢ ᠨᠢᠭᠡ ᠴᠤᠭᠴᠠᠵᠢᠭᠤᠯᠬᠤ ᠲᠥᠷᠥᠯ | ᠵᠥᠢᠯ ᠤᠨ 2×66 ᠲᠦᠮᠡᠨ ᠺᠢᠯᠣᠸᠠᠲ ᠤᠨ ᠮᠠᠰᠢᠨ ᠴᠣᠭᠴᠠᠯᠠᠪᠤᠷᠢ ᠶᠢᠨ ᠪᠠᠶᠢᠭᠤᠯᠤᠯᠲᠠ ᠶᠢ ᠪᠥᠬᠦ | ᠬᠦᠴᠦᠨ ᠢᠶᠠᠷ ᠠᠬᠢᠭᠤᠯᠵᠤ᠂ 2023 ᠣᠨ ᠳᠤ ᠠᠰᠢᠭᠯᠠᠯᠲᠠ ᠳᠤ ᠣᠷᠣᠭᠤᠯᠤᠨ ᠴᠠᠬᠢᠯᠭᠠᠨ ᠭᠠᠷᠭᠠᠬᠤ ᠶᠢ ᠦᠨᠡᠨᠬᠦ | ᠪᠠᠲᠤᠯᠠᠨ᠎ᠠ᠃ | ᠨᠢᠭᠡ ᠴᠤᠭᠴᠠᠵᠢᠭᠤᠯᠤᠨ ᠠᠬᠢᠭᠤᠯᠵᠤ᠂ ᠡᠨᠧᠷᠭᠢ ᠶᠢᠨ ᠬᠡᠷᠡᠭᠯᠡᠭᠡᠨ ᠤ ᠰᠢᠨ᠎ᠡ ᠠᠷᠭ᠎ᠠ ᠵᠠᠮ ᠢ ᠥᠷᠭᠡᠳᠬᠡᠨ᠎ᠡ᠃ ︽ | ᠰᠢᠨ᠎ᠡ ᠡᠨᠧᠷᠭᠢ + ᠡᠨᠧᠷᠭᠢ ᠬᠠᠳᠠᠭᠠᠯᠠᠬᠤ︾᠂ ︽ᠪᠢᠴᠢᠯ ᠰᠦᠯᠵᠢᠶ᠎ᠡ + ᠡᠨᠧᠷᠭᠢ ᠬᠠᠳᠠᠭᠠᠯᠠᠬᠤ︾ ᠶᠢ ᠬᠠᠮᠲᠤᠷᠠᠨ | ᠡᠵᠡᠩᠨᠡᠬᠦ᠂ ᠬᠠᠮᠲᠤᠪᠠᠷ ᠡᠳ᠋ᠯᠡᠬᠦ ᠡᠨᠧᠷᠭᠢ ᠬᠠᠳᠠᠭᠠᠯᠠᠬᠤ᠂ ᠡᠨᠧᠷᠭᠢ ᠬᠠᠳᠠᠭᠠᠯᠠᠬᠤ ᠶᠢ ᠴᠠᠬᠢᠯᠭᠠᠨ ᠲᠣᠤᠷ ᠲᠤ | ᠨᠡᠶᠢᠯᠡᠭᠦᠯᠬᠦ ᠵᠡᠷᠭᠡ ᠰᠢᠨ᠎ᠡ ᠵᠠᠭᠪᠤᠷ ᠢ ᠢᠳᠡᠪᠬᠢᠲᠡᠶ ᠬᠥᠭᠵᠢᠭᠦᠯᠵᠦ᠂ ᠶᠡᠭᠡ ᠬᠡᠪᠴᠢᠶᠡᠨ ᠤ ᠰᠢᠨ᠎ᠡ ᠡᠨᠧᠷᠭᠢ ᠶᠢᠨ | ᠲᠥᠷᠥᠯ ᠵᠥᠢᠯ ᠢ ᠰᠢᠨ᠎ᠡ ᠪᠠᠷ ᠪᠠᠶᠢᠭᠤᠯᠬᠤ ᠳᠤ ᠡᠷᠬᠡᠪᠰᠢ ᠡᠨᠧᠷᠭᠢ ᠬᠠᠳᠠᠭᠠᠯᠠᠬᠤ ᠲᠦᠬᠦᠬᠡᠷᠤᠮᠵᠢ ᠳᠣᠭᠢᠷᠠᠭᠤᠯᠤᠨ | ᠪᠠᠶᠢᠭᠤᠯᠵᠤ᠂ ᠨᠢᠭᠡᠨᠲᠡ ᠲᠣᠤᠷ ᠲᠤ ᠨᠡᠶᠢᠯᠡᠭᠦᠯᠦᠭᠰᠡᠨ ᠰᠠᠯᠬᠢᠨ ᠴᠠᠬᠢᠯᠭᠠᠨ ᠤ ᠲᠦᠷᠤᠯ ᠵᠥᠢᠯ ᠨᠢ ᠡᠨᠧᠷᠭᠢ | ᠬᠠᠳᠠᠭᠠᠯᠠᠬᠤ ᠲᠦᠬᠦᠬᠡᠷᠤᠮᠵᠢ ᠶᠢ ᠪᠥᠲᠥᠭᠡᠨ ᠪᠠᠶᠢᠭᠤᠯᠬᠤ ᠶᠢ ᠵᠣᠷᠢᠭᠵᠢᠭᠤᠯᠤᠨ᠎ᠠ᠃ ᠴᠠᠬᠢᠯᠭᠠᠨ ᠡᠨᠧᠷᠭᠢ | ᠬᠠᠳᠠᠭᠠᠯᠠᠬᠤ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ᠂ ᠰᠢᠨ᠎ᠠ ᠬᠡᠯᠪᠡᠷᠢ ᠶᠢᠨ ᠴᠠᠬᠢᠯᠭᠠᠨ ᠡᠨᠧᠷᠭᠢ | ᠬᠠᠳᠠᠭᠠᠯᠠᠬᠤ ᠲᠦᠬᠦᠬᠡᠷᠤᠮᠵᠢ ᠤᠭᠰᠠᠷᠠᠬᠤ ᠦᠢᠯᠡᠳᠪᠦᠷᠢᠯᠡᠯ ᠤᠨ ᠱᠤᠭᠤᠮ ᠢ ᠪᠠᠶᠢᠭᠤᠯᠤᠨ᠎ᠠ᠃ ᠵᠣᠬᠢᠬᠤ ᠬᠡᠪᠴᠢᠶᠡᠲᠦ | ᠤᠰᠤᠲᠥ᠋ᠷᠥᠭᠴᠢ ᠦᠢᠯᠡᠳᠬᠦ ᠴᠢᠳᠠᠪᠤᠷᠢ ᠶᠢ ᠬᠥᠭᠵᠢᠭᠦᠯᠵᠦ᠂ ᠵᠢᠩ ᠨᠧᠩ ᠴᠡᠪᠡᠷ ᠡᠨᠧᠷᠭᠢ ᠶᠢᠨ 30 ᠲᠦᠮᠡᠨ | ᠺᠢᠯᠣᠸᠠᠲ ᠤᠨ ᠰᠠᠯᠬᠢᠨ ᠴᠠᠬᠢᠯᠭᠠᠨ ᠪᠠ 20 ᠲᠦᠮᠡᠨ ᠺᠢᠯᠣᠸᠠᠲ ᠤᠨ ᠬᠡᠷᠡᠯ ᠴᠠᠬᠢᠯᠭᠠᠨ ᠤ ᠲᠥᠷᠥᠯ ᠵᠦᠢᠯ ᠳᠤ | ᠲᠦᠰᠢᠭᠯᠡᠨ᠂ ᠵᠢᠩ ᠨᠧᠩ ᠴᠠᠭᠠᠨᠨᠠᠭᠤᠷ ᠤᠨ ︽ᠨᠠᠷᠠ ᠰᠠᠯᠬᠢ ᠢᠯᠴᠢ ᠡᠨᠧᠷᠬᠢ ᠬᠠᠳᠠᠭᠠᠯᠠᠬᠤ ᠤᠰᠤᠲᠥ᠋ᠷᠥᠭᠴᠢ | ᠦᠢᠯᠡᠳᠬᠦ︾ ᠢᠵᠢ ᠪᠥᠷᠢᠳᠦᠭᠰᠡᠨ ᠲᠥᠷᠥᠯ ᠵᠦᠢᠯ ︵ᠨᠢᠭᠡᠳᠦᠭᠡᠷ ᠬᠤᠭᠤᠴᠠᠭ᠎ᠠ︶ ᠢ ᠬᠡᠷᠡᠭᠵᠢᠭᠦᠯᠵᠦ᠂ | ᠴᠠᠭᠠᠨᠨᠠᠭᠤᠷ ᠤᠨ ᠴᠠᠬᠢᠯᠭᠠᠨ ᠦᠢᠯᠡᠳᠪᠤᠷᠢ ᠳᠤ ᠤᠰᠤᠲᠥ᠋ᠷᠥᠭᠴᠢ ᠨᠡᠮᠡᠬᠦ ᠥᠷᠲᠡᠭᠡ ᠶᠢ ᠢᠵᠢ ᠪᠥᠷᠢᠳᠦᠭᠦᠯᠦᠨ | ᠪᠥᠲᠥᠭᠡᠨ ᠪᠠᠶᠢᠭᠤᠯᠵᠤ᠂ ᠤᠰᠤᠲᠥ᠋ᠷᠥᠭᠴᠢ ᠶᠢᠨ ᠡᠨᠧᠷᠭᠢ ᠶᠢᠨ ᠲᠤᠮᠤ ᠠᠴᠢᠶᠠᠨ ᠤ ᠮᠠᠰᠢᠨ ᠢ ᠬᠡᠷᠡᠭᠯᠡᠵᠦ᠂ ︽ | ᠨᠡᠭᠦᠷᠡᠰᠦᠲᠥ᠋ᠷᠥᠭᠴᠢ ᠶᠢᠨ ᠪᠤᠬᠢᠷᠳᠤᠯ ᠥᠬᠡᠶ︾ ᠪᠠᠶᠢᠬᠤ ᠶᠢ ᠪᠡᠶᠡᠯᠡᠭᠦᠯᠦᠨ᠎ᠡ᠃ ᠰᠢᠨ᠎ᠡ ᠡᠨᠧᠷᠭᠢ ᠶᠢᠨ | ᠰᠤᠷᠪᠤᠯᠵᠢ ᠶᠢᠨ ᠪᠤᠳᠠᠳᠠᠢ ᠬᠡᠷᠡᠭᠯᠡᠯᠲᠡ ᠶᠢ ᠣᠯᠠᠮ ᠴᠢᠨᠠᠭᠰᠢᠳᠠ ᠥᠷᠭᠡᠳᠬᠡᠵᠦ᠂ ᠰᠠᠯᠬᠢᠨ ᠬᠦᠴᠦᠨ ᠤ ᠴᠠᠬᠢᠯᠭᠠᠨ ᠤ | ᠲᠡᠷᠢᠭᠦᠨ ᠤ ᠮᠡᠷᠭᠡᠵᠢᠯ ᠢᠶᠠᠷ ᠲᠤᠨᠤᠭ ᠲᠦᠬᠦᠭᠡᠷᠦᠮᠵᠢ ᠦᠢᠯᠡᠳᠬᠦ ᠠᠷᠠᠯᠵᠢᠶᠠᠴᠢᠨ ᠢ ᠢᠳᠡᠪᠬᠢᠲᠡᠶ ᠪᠠᠷ ᠤᠷᠢᠨ | ᠠᠪᠴᠢᠷᠠᠵᠤ᠂ ᠲᠡᠷᠢᠭᠦᠨ ᠤ ᠰᠠᠯᠬᠢᠨ ᠬᠦᠴᠦᠨ ᠤ ᠲᠦᠬᠦᠭᠡᠷᠦᠮᠵᠢ ᠵᠢᠴᠢ ᠰᠡᠯᠪᠢᠭ ᠲᠤᠨᠤᠭ ᠢ ᠦᠢᠯᠡᠳᠬᠦ ᠪᠠ | ᠲᠡᠭᠡᠭᠡᠪᠦᠷᠢᠯᠡᠬᠦ ᠦᠢᠯᠡᠴᠢᠯᠡᠭᠡ ᠶᠢ ᠶᠡᠬᠡᠪᠡᠷ ᠬᠥᠭᠵᠢᠭᠦᠯᠦᠨ᠎ᠡ᠃ | ᠬᠤᠶᠠᠷ ᠲᠤ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠠᠶᠢᠭᠤᠯᠤᠯᠲᠠ ᠳᠤ | ᠲᠦᠰᠢᠭᠯᠡᠨ᠂ ᠤᠳᠤᠬᠢᠴᠢᠯᠠᠭᠰᠡᠨ ᠮᠠᠯ ᠠᠵᠤ ᠠᠬᠤᠶ ᠶᠢᠨ ᠠᠵᠤ ᠦᠢᠯᠡᠰ ᠤᠨ ᠲᠤᠭᠳᠠᠯᠴᠠᠭ᠎ᠠ ᠶᠢ ᠲᠦᠷᠭᠡᠳᠬᠡᠨ | ᠪᠠᠶᠢᠭᠤᠯᠵᠤ᠂ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠶᠢᠨ ᠪᠦᠳᠤᠬᠡᠭᠳᠡᠬᠦᠨ ᠢ ᠬᠠᠩᠭᠠᠬᠤ ᠴᠢᠳᠠᠪᠬᠢ ᠶᠢ | ᠲᠡᠬᠡᠭᠰᠢᠯᠡᠬᠦᠯᠤᠨ᠎ᠠ᠃ | ᠮᠠᠯ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ︽ᠬᠡᠯᠬᠢᠶᠠᠵᠢᠯ ᠢ | ᠴᠢᠩᠭᠠᠳᠬᠠᠨ᠎ᠠ︾᠃ ︽ᠬᠤᠨᠢ ᠶᠢ ᠲᠣᠭᠲᠠᠪᠤᠷᠢᠵᠢᠭᠤᠯᠵᠤ ᠦᠬᠡᠷ ᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠪᠠ | ︽ᠡᠭᠦᠯᠳᠡᠷ ᠰᠢᠯᠢᠳᠡᠭᠵᠢᠭᠦᠯᠬᠦ︾ ᠢᠨᠵᠧᠨᠧᠷᠢᠩ ᠢ ᠭᠦᠨᠵᠡᠭᠡᠶ ᠬᠡᠷᠡᠭᠵᠢᠭᠦᠯᠦᠨ᠎ᠡ᠃ ᠤᠷᠢᠶᠠᠩᠬᠠᠢ ᠬᠤᠨᠢ — | ᠣᠷᠣᠨ ᠨᠤᠲᠤᠭ ᠤᠨ ᠰᠢᠯᠢᠳᠡᠭ ᠡᠭᠦᠯᠳᠡᠷ ᠢ ᠴᠡᠪᠡᠷᠰᠢᠭᠦᠯᠦᠨ ᠰᠢᠯᠢᠳᠡᠭᠵᠢᠬᠦᠯᠬᠦ ᠪᠠ ᠬᠠᠮᠠᠭᠠᠯᠠᠨ ᠦᠷᠡᠵᠢᠬᠦᠯᠬᠦ ᠠᠵᠢᠯ | ᠢ ᠰᠠᠶᠢᠳᠤᠷ ᠠᠳᠬᠤᠵᠦ᠂ ︽ᠦᠷ᠎ᠠ ᠶᠢᠨ ᠮᠠᠯ ᠤᠨ ᠲᠠᠯᠠᠪᠠᠶ + ᠦᠷᠡᠵᠢᠬᠦᠯᠦᠨ ᠪᠤᠶᠢᠵᠢᠭᠤᠯᠬᠤ ᠲᠠᠯᠠᠪᠠᠶ + | ᠭᠤᠤᠯᠳᠠᠯᠭᠠᠳᠤ ᠰᠦᠷᠦᠭ︾ ᠤᠨ ᠦᠷᠡᠵᠢᠭᠦᠯᠦᠨ ᠪᠤᠶᠢᠵᠢᠭᠤᠯᠬᠤ ᠲᠤᠭᠳᠠᠯᠴᠠᠭ᠎ᠠ ᠶᠢᠨ ᠪᠠᠶᠢᠭᠤᠯᠤᠯᠲᠠ ᠶᠢᠨ ᠦᠷ᠎ᠡ | ᠪᠦᠳᠤᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠪᠠᠷᠢᠮᠵᠢᠶᠠᠵᠢᠭᠰᠠᠨ ᠰᠦᠷᠦᠭ ᠪᠠ ᠭᠤᠤᠯᠳᠠᠯᠭᠠᠳᠤ ᠰᠦᠷᠦᠭ ᠤᠨ | ᠪᠠᠶᠢᠭᠤᠯᠤᠯᠲᠠ ᠶᠢ ᠰᠠᠶᠢᠳᠤᠷ ᠲᠡᠳᠬᠦᠨ ᠳᠡᠮᠵᠢᠵᠦ᠂ ᠮᠠᠯ ᠤᠨ ᠠᠰᠢᠭ ᠰᠢᠮ᠎ᠡ ᠶᠢᠨ ᠪᠦᠳᠤᠬᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠮᠥᠷᠳᠡᠵᠦ ᠪᠤᠯᠬᠤᠶᠢᠴᠠ ᠲᠤᠭᠳᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠤᠨ᠂ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠶᠢᠨ ᠰᠡᠭᠦᠯᠴᠢ ᠪᠣᠯᠲᠠᠯ᠎ᠠ᠂ ᠮᠢᠬᠠᠨ ᠤ ᠬᠤᠨᠢ | ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ 2᠂ ᠦᠷᠡᠵᠢᠬᠦᠯᠦᠨ ᠪᠤᠶᠢᠵᠢᠭᠤᠯᠬᠤ ᠲᠠᠯᠠᠪᠠᠶ 5᠂ | ᠭᠤᠤᠯᠳᠠᠯᠭᠠᠳᠤ ᠰᠦᠷᠦᠭ 50 ᠶᠢ ᠪᠠᠶᠢᠭᠤᠯᠬᠤ ᠪᠠᠷ ᠴᠢᠷᠮᠠᠶᠢᠨ᠎ᠠ᠃ ᠮᠢᠬᠠᠨ ᠤ ᠦᠬᠡᠷ ᠤᠨ ᠦᠷ᠎ᠡ ᠶᠢᠨ ᠮᠠᠯ ᠤᠨ | ᠢᠨᠵᠧᠨᠧᠷᠢᠩ ᠢ ᠬᠡᠷᠡᠭᠵᠢᠭᠦᠯᠵᠦ᠂ ︽ᠭᠤᠤᠯᠳᠠᠯᠭᠠᠳᠤ ᠦᠷ᠎ᠠ ᠶᠢᠨ ᠮᠠᠯ ᠪᠤᠶᠢᠵᠢᠭᠤᠯᠬᠤ ᠲᠠᠯᠠᠪᠠᠶ + ᠦᠷ᠎ᠡ ᠶᠢᠨ ᠮᠠᠯ | ᠤᠨ ᠲᠠᠯᠠᠪᠠᠶ + ᠵᠢᠱᠢᠶᠠᠴᠢ ᠲᠠᠭᠠᠭᠤᠯᠤᠭᠴᠢ ᠡᠷᠦᠬᠡ︾ ᠶᠢᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠢ | ᠦᠷᠡᠵᠢᠭᠦᠯᠦᠨ ᠪᠤᠶᠢᠵᠢᠭᠤᠯᠬᠤ ᠲᠤᠭᠳᠠᠯᠴᠠᠭ᠎ᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠶᠢᠨ ᠰᠡᠭᠦᠯᠴᠢ ᠪᠣᠯᠬᠤ ᠳᠤ᠂ ᠮᠠᠯᠵᠢᠯ ᠤᠨ ᠣᠨ ᠤ ᠮᠢᠬᠠᠨ ᠤ | ᠦᠬᠡᠷ ᠤᠨ ᠲᠤᠭ᠎ᠠ ᠶᠢ 25 ᠲᠦᠮᠡ ᠠᠴᠠ ᠲᠠᠪᠠᠭᠤᠯᠵᠤ᠂ ᠠᠶᠢᠮᠠᠭ ᠤᠨ ᠲᠠᠰ ᠤᠨ ᠭᠤᠤᠯᠳᠠᠯᠭᠠᠳᠤ ᠰᠦᠷᠦᠭ ᠢ 40 | ᠳᠤ ᠬᠦᠷᠬᠡᠵᠤ᠂ ᠰᠢᠯᠢᠳᠡᠭ ᠡᠭᠦᠯᠳᠡᠷ ᠤᠨ ᠡᠬᠡ ᠮᠠᠯ 5000 ᠶᠢ ᠣᠷᠣᠭᠤᠯᠤᠨ᠂ ᠡᠭᠦᠯᠳᠡᠷ ᠰᠠᠶᠢᠵᠢᠷᠠᠭᠤᠯᠤᠭᠰᠡᠨ | ᠨᠤᠷᠮ᠎ᠠ ᠶᠢ 97% ᠳᠤ ᠬᠦᠷᠬᠡᠬᠦ ᠪᠠᠷ ᠴᠢᠷᠮᠠᠶᠢᠨ᠎ᠠ᠃ ᠬᠤᠶᠢᠳᠤ ᠰᠤᠮᠤᠨ ᠤ ᠨᠤᠳᠤᠭ ᠪᠡᠯᠴᠢᠭᠡᠷ ᠤᠨ | ᠳᠠᠪᠠᠭᠤᠯᠢᠭ ᠲᠤ ᠪᠠᠨ ᠲᠦᠰᠢᠭᠯᠡᠨ᠂ ᠬᠠᠳᠤᠯᠠᠩ ᠪᠡᠯᠴᠢᠭᠡᠷ ᠤᠨ ᠡᠬᠢ ᠪᠠᠶᠠᠯᠢᠭ ᠢ ᠨᠢᠬᠡᠳᠬᠡᠵᠤ᠂ ᠰᠤᠯᠠ ᠪᠠᠶᠢᠭ᠎ᠠ | ᠰᠠᠭᠤᠷᠢ ᠲᠥᠬᠦᠭᠡᠷᠦᠮᠵᠢ ᠶᠢ ᠠᠮᠢᠳᠤᠯᠢᠭ ᠠᠰᠢᠭᠯᠠᠬᠤ ᠪᠠᠷ ᠳᠠᠮᠵᠢᠭᠤᠯᠤᠨ᠂ ᠰᠢᠯᠢᠳᠡᠭ ᠡᠭᠦᠯᠳᠡᠷ ᠤᠨ ᠮᠢᠬᠠᠨ ᠤ | ᠦᠬᠡᠷ ᠦᠷᠡᠵᠢᠭᠦᠯᠦᠨ ᠪᠤᠶᠢᠵᠢᠭᠤᠯᠬᠤ ᠲᠤᠯᠤᠭᠠᠶᠢᠯᠠᠭᠴᠢ ᠠᠵᠤ ᠠᠬᠤᠶᠢᠯᠠᠯ ᠢ ᠤᠷᠢᠨ ᠣᠷᠣᠭᠤᠯᠵᠤ᠂ ᠮᠠᠯᠴᠢᠳ ᠪᠠ | ᠠᠵᠤ ᠠᠬᠤᠶᠢᠯᠠᠯ ᠤᠨ ᠠᠰᠢᠭ ᠲᠤᠰᠠ ᠬᠤᠯᠪᠤᠯᠳᠤᠭᠰᠡᠨ ᠵᠤᠬᠢᠴᠠᠮᠵᠢ ᠶᠢ ᠪᠠᠶᠢᠭᠤᠯᠤᠨ ᠪᠦᠷᠢᠨᠰᠢᠬᠦᠯᠵᠦ᠂ ᠮᠠᠯᠵᠢᠬᠤ | ᠡᠷᠦᠬᠡ ᠪᠠ ᠠᠵᠤ ᠠᠬᠤᠶᠢᠯᠠᠯ ᠤᠨ ᠰᠢᠯᠢᠳᠡᠭ ᠡᠬᠦᠯᠳᠡᠷ ᠤᠨ ᠲᠤᠭᠤᠯ ᠢ ᠲᠣᠰ ᠭᠠᠵᠠᠷ ᠲᠠᠭᠠᠨ ᠠᠷᠠᠯᠵᠢᠶᠠᠯᠠᠬᠤ ᠶᠢ | ᠲᠡᠳᠬᠦᠬᠦ ᠠᠷᠭ᠎ᠠ ᠬᠡᠮᠵᠢᠶ᠎ᠠ ᠶᠢ ᠲᠣᠭᠲᠠᠭᠠᠨ᠂ ᠮᠠᠯᠵᠢᠬᠤ ᠡᠷᠦᠬᠡ ᠪᠠ ᠠᠵᠤ ᠠᠬᠤᠶᠢᠯᠠᠯ ᠢ ᠬᠥᠲᠥᠯᠦᠨ ᠵᠢᠯᠣᠭᠤᠳᠴᠤ | ᠪᠡᠯᠡᠳᠬᠡᠯ ᠡᠬᠡ ᠮᠠᠯ ᠪᠠ ᠦᠷ᠎ᠡ ᠶᠢᠨ ᠮᠠᠯ ᠪᠤᠶᠢᠵᠢᠭᠤᠯᠦᠨ᠂ ᠰᠢᠯᠢᠳᠡᠭ ᠡᠭᠦᠯᠳᠡᠷ ᠤᠨ ᠲᠤᠭᠤᠯ ᠢᠶᠠᠨ ᠭᠠᠳᠠᠭᠰᠢ | ᠪᠤᠷᠤᠯᠠᠭᠤᠯᠵᠤ ᠪᠠᠶᠢᠭ᠎ᠠ ᠠᠰᠠᠭᠤᠳᠠᠯ ᠢ ᠦᠨᠳᠦᠰᠦᠨ ᠠᠴᠠ ᠨᠢ ᠰᠢᠢᠳᠪᠤᠷᠢᠯᠡᠨ᠎ᠠ᠃ ᠮᠣᠩᠭᠤᠯ ᠠᠳᠤᠭᠤᠨ ᠤ | ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ︽ᠪᠥᠬᠦ ᠤᠯᠤᠰ ᠤᠨ ᠠᠳᠤᠭᠤᠨ ᠤ ᠠᠵᠤ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ ︵2020 — 2025︶︾ ᠲᠠᠢ ᠤᠶᠠᠯᠳᠤᠭᠤᠯᠤᠨ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠶᠢᠨ ᠰᠡᠭᠦᠯᠴᠢ ᠪᠣᠯᠬᠤ ᠳᠤ᠂ ᠬᠠᠷ᠎ᠠ ᠠᠳᠤᠭᠤᠨ ᠤ | ᠭᠤᠤᠯᠳᠠᠯᠭᠠᠳᠤ ᠰᠦᠷᠦᠭ 20 ᠶᠢ ᠪᠠᠶᠢᠭᠤᠯᠵᠤ᠂ ᠪᠠᠷᠢᠮᠵᠢᠶᠠᠵᠢᠭᠰᠠᠨ ᠠᠶᠢᠷᠠᠭ ᠴᠡᠭᠡ ᠡᠳ᠋ᠰᠢᠬᠦᠯᠤᠨ | ᠪᠣᠯᠪᠠᠰᠤᠷᠠᠭᠤᠯᠬᠤ ᠦᠢᠯᠡᠳᠪᠤᠷᠢ 4 ᠶᠢ ᠪᠠᠶᠢᠭᠤᠯᠤᠨ᠂ ᠠᠳᠤᠭᠤᠨ ᠰᠣᠶᠣᠯ ᠦᠪᠯᠡᠨ ᠤᠯᠠᠮᠵᠢᠯᠠᠬᠤ ᠡᠷᠦᠬᠡ 120 | ᠶᠢ ᠲᠡᠳᠬᠦᠨ ᠲᠠᠮᠵᠢᠨ᠎ᠠ᠃ | ᠮᠢᠬᠠᠨ ᠤ ᠦᠬᠡᠷ ᠪᠣᠷᠳᠣᠵᠤ ᠲᠠᠷᠭᠤᠯᠠᠭᠤᠯᠬᠤ ᠠᠵᠤ ᠦᠢᠯᠡᠰ ᠢ ᠬᠥᠭᠵᠢᠭᠦᠯᠵᠦ᠂ ︽ᠬᠡᠯᠬᠢᠶᠠᠵᠢᠯ ᠢ | ᠨᠥᠬᠦᠪᠥᠷᠢᠯᠡᠨ᠎ᠡ︾᠃ ᠪᠤᠷᠳᠤᠨ ᠲᠠᠷᠭᠤᠯᠠᠭᠤᠯᠬᠤ ᠠᠵᠤ ᠦᠢᠯᠡᠰ ᠤᠨ ᠬᠡᠯᠬᠢᠶᠠᠵᠢᠯ ᠢ ᠪᠠᠶᠢᠭᠤᠯᠵᠤ᠂ ᠲᠥᠷᠥ ᠶᠢᠨ | ᠪᠣᠳᠣᠯᠭ᠎ᠠ ᠶᠢᠨ ᠲᠡᠮᠵᠢᠯᠭᠡ ᠪᠠᠷ ᠬᠥᠲᠥᠯᠦᠨ ᠵᠢᠯᠣᠭᠤᠳᠬᠤ᠂ ᠬᠠᠨᠳᠤᠯᠭ᠎ᠠ ᠲᠠᠢ ᠪᠠᠷ ᠠᠷᠠᠯᠵᠢᠶᠠᠴᠢᠨ ᠤᠷᠢᠵᠤ ᠪᠠᠯᠠ | ᠣᠷᠣᠭᠤᠯᠬᠤ ᠪᠠᠷ ᠳᠠᠮᠵᠢᠭᠤᠯᠤᠨ᠂ ᠮᠢᠬᠠᠨ ᠤ ᠦᠬᠡᠷ ᠪᠤᠷᠳᠤᠨ ᠲᠠᠷᠭᠤᠯᠠᠭᠤᠯᠬᠤ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠪᠠᠶᠢᠭᠤᠯᠵᠤ᠂ ᠰᠠᠭᠤᠷᠢᠨ ᠭᠠᠵᠠᠷ ᠬᠢᠭᠡᠳ ᠭᠠᠴᠠᠭ᠎ᠠ᠂ ᠮᠠᠯᠵᠢᠬᠤ ᠡᠷᠦᠬᠡ᠂ ᠬᠤᠷᠰᠢᠶᠠᠵᠢᠯ ᠤᠨ ᠭᠦᠨᠵᠡᠭᠡᠶ | ᠬᠠᠮᠲᠤᠷᠠᠯᠴᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠮᠠᠯᠵᠢᠬᠤ ᠡᠷᠦᠬᠡ ᠠᠴᠠ ᠪᠤᠷᠳᠤᠨ ᠲᠠᠷᠭᠤᠯᠠᠭᠤᠯᠬᠤ ᠦᠭᠡᠷ | ᠦᠷᠡᠵᠢᠭᠦᠯᠦᠨ ᠪᠤᠶᠢᠵᠢᠭᠤᠯᠬᠤ᠂ ᠬᠤᠷᠰᠢᠶᠠᠵᠢᠯ ᠠᠩᠬ᠎ᠠ ᠠᠯᠬᠤᠮ ᠳᠤ ᠪᠣᠷᠳᠣᠵᠤ ᠲᠠᠷᠭᠤᠯᠠᠭᠤᠯᠬᠤ᠂ ᠠᠵᠤ | ᠠᠬᠤᠶᠢᠯᠠᠯ ᠡᠷᠴᠢᠮ ᠲᠠᠢ ᠪᠣᠷᠳᠣᠵᠤ ᠲᠠᠷᠭᠤᠯᠠᠭᠤᠯᠬᠤ ᠲᠠᠰ ᠬᠤᠪᠢᠶᠠᠭᠰᠠᠨ ᠪᠣᠷᠳᠣᠵᠤ ᠲᠠᠷᠭᠤᠯᠠᠭᠤᠯᠬᠤ | ᠲᠤᠭᠳᠠᠯᠴᠠᠭ᠎ᠠ ᠶᠢ ᠪᠠᠶᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠶᠢᠨ ᠰᠡᠭᠦᠯᠴᠢ | ᠪᠣᠯᠲᠠᠯ᠎ᠠ 100 ᠲᠤᠯᠤᠭᠠᠢ ᠠᠴᠠ ᠲᠡᠬᠡᠭᠰᠢ ᠦᠬᠡᠷ ᠪᠣᠷᠳᠣᠵᠤ ᠲᠠᠷᠭᠤᠯᠠᠭᠤᠯᠬᠤ ᠬᠡᠪᠴᠢᠶᠡᠵᠢᠭᠰᠡᠨ ᠲᠠᠯᠠᠪᠠᠶ 10 ᠶᠢ | ᠪᠠᠶᠢᠭᠤᠯᠬᠤ ᠪᠠᠷ ᠴᠢᠷᠮᠠᠶᠢᠨ᠎ᠠ᠃ | ᠮᠠᠯ ᠤᠨ ᠠᠰᠢᠭ ᠰᠢᠮ᠎ᠡ ᠶᠢ ᠨᠠᠷᠢᠯᠢᠭ ᠪᠣᠯᠪᠠᠰᠤᠷᠠᠭᠤᠯᠵᠤ᠂ ︽ᠬᠡᠯᠬᠢᠶᠠᠵᠢᠯ ᠢ ᠤᠷᠳᠤᠳᠬᠠᠨ᠎ᠠ︾᠃ ᠡᠷᠳᠡᠨᠢ᠂ | ᠨᠤᠮᠢᠨ ᠲᠠᠯᠠᠬᠡᠢ ᠵᠡᠷᠭᠡ ᠣᠯᠠᠭᠠᠨ ᠢᠳᠡᠭᠡᠨ ᠡᠳ᠋ᠰᠢᠭᠦᠯᠬᠦ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠪᠠ | ᠦᠢᠯᠡᠳᠪᠤᠷᠢᠯᠡᠯ ᠤᠨ ᠴᠢᠳᠠᠪᠬᠢ ᠶᠢ ᠲᠡᠬᠡᠭᠰᠢᠯᠡᠬᠦᠯᠬᠦ ᠶᠢ ᠦᠷᠭᠦᠯᠵᠢᠯᠡᠨ ᠠᠬᠢᠭᠤᠯᠵᠤ᠂ ᠮᠢᠬᠠᠨ ᠤ ᠦᠬᠡᠷ ᠢ ᠨᠠᠷᠢᠯᠢᠭ | ᠡᠳ᠋ᠰᠢᠭᠦᠯᠬᠦ ᠦᠢᠯᠡᠳᠪᠤᠷᠢᠯᠡᠯ ᠤᠨ ᠱᠤᠭᠤᠮ ᠢ ᠪᠠᠶᠢᠭᠤᠯᠤᠨ᠂ ᠵᠢᠯ ᠳᠤ 40 ᠲᠦᠮᠡᠨ ᠬᠤᠨᠢᠴᠢᠯᠠᠭᠰᠡᠨ ᠨᠢᠬᠡᠴᠢ ᠶᠢ | ᠡᠳ᠋ᠰᠢᠬᠦᠯᠬᠦ ᠪᠠᠷ ᠴᠢᠷᠮᠠᠶᠢᠨ᠎ᠠ᠃ ᠮᠠᠯᠴᠢᠳ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠤᠯᠳᠤᠭᠰᠡᠨ | ᠵᠤᠬᠢᠴᠠᠮᠵᠢ ᠶᠢ ᠪᠦᠷᠢᠨᠰᠢᠬᠦᠯᠵᠦ᠂ 70% ᠶᠢᠨ ᠮᠠᠯᠵᠢᠬᠤ ᠡᠷᠦᠬᠡ ᠶᠢ ᠳᠠᠶᠢᠴᠢᠯᠠᠨ ᠠᠵᠤ ᠦᠶᠯᠡᠰᠵᠢᠭᠰᠡᠨ | ᠡᠵᠡᠩᠨᠡᠯᠲᠡ ᠶᠢᠨ ᠬᠡᠯᠬᠢᠶᠠᠵᠢᠯ ᠳᠤ ᠣᠷᠣᠭᠤᠯᠵᠤ᠂ ᠠᠵᠤ ᠦᠢᠯᠡᠰ ᠤᠨ ᠬᠡᠯᠬᠢᠶᠠᠵᠢᠯ ᠳᠤ ᠲᠦᠰᠢᠭᠯᠡᠭᠰᠡᠨ ᠣᠷᠣᠯᠭ᠎ᠠ | ᠶᠢᠨ ᠲᠤᠭᠳᠠᠭᠤᠨ ᠨᠡᠮᠡᠭᠳᠡᠯ ᠢ ᠪᠠᠳᠤᠯᠠᠨ᠎ᠠ᠃ ᠶᠠᠰᠤ᠂ ᠴᠢᠰᠤ᠂ ᠳᠣᠲᠣᠷ ᠡᠷᠬᠡᠲᠡᠨ ᠵᠡᠷᠭᠡ ᠳᠠᠭᠠᠯᠲᠠ | ᠪᠦᠲᠦᠭᠡᠭᠳᠡᠬᠦᠨ ᠢ ᠰᠠᠶᠢᠲᠤᠷ ᠡᠳ᠋ᠰᠢᠬᠦᠯᠤᠨ ᠠᠰᠢᠭᠯᠠᠵᠤ᠂ ︽ᠠᠷᠪᠠᠨ ᠲᠦᠷᠪᠡᠳᠤᠬᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠰᠠᠬᠦᠯᠴᠢ ᠶᠢᠨ ᠬᠤᠭᠤᠴᠠᠭᠠᠨ ᠳᠤ᠂ ᠦᠬᠡᠷ ᠬᠤᠨᠢᠨ ᠤ ᠮᠢᠬ᠎ᠠ ᠶᠢ ᠨᠠᠷᠢᠯᠢᠭ ᠡᠳ᠋ᠰᠢᠭᠦᠯᠬᠦ | ᠨᠣᠷᠮ᠎ᠠ ᠪᠠ ᠮᠠᠯ ᠤᠨ ᠠᠰᠢᠭ ᠰᠢᠮ᠎ᠠ ᠶᠢᠨ ᠲᠠᠭᠠᠯᠳᠠ ᠪᠦᠲᠦᠭᠡᠭᠳᠡᠬᠦᠨ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ | 70% ᠠᠴᠠ ᠳᠡᠭᠡᠭᠰᠢ ᠪᠤᠯᠭᠠᠬᠤ ᠪᠠᠷ ᠴᠢᠷᠮᠠᠶᠢᠨ᠎ᠠ᠃ | ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ︽ᠬᠡᠯᠬᠢᠶᠠᠵᠢᠯ ᠢ | ᠰᠢᠯᠢᠳᠡᠭᠵᠢᠬᠦᠯᠤᠨ᠎ᠠ︾᠃ ᠤᠯᠠᠮᠵᠢᠯᠠᠯᠲᠤ ᠴᠠᠭᠠᠨ ᠢᠳᠡᠭᠡᠨ ᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ | ᠲᠡᠪᠰᠢᠬᠦᠯᠬᠦ ᠶᠢ ᠠᠬᠢᠭᠤᠯᠵᠤ᠂ ᠰᠦᠨ ᠤ ᠢᠷᠡᠯᠲᠡ ᠶᠢᠨ ᠰᠠᠭᠤᠷᠢᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠨ᠂ | ᠬᠡᠷ ᠪᠦᠯᠢ ᠶᠢᠨ ᠮᠠᠯᠵᠢᠯ ᠤᠨ ᠲᠠᠯᠠᠪᠠᠶ᠂ ᠬᠤᠷᠰᠢᠶᠠᠵᠢᠯ ᠪᠠ ᠭᠤᠷᠪᠠᠳᠠᠬᠢ ᠡᠲᠡᠭᠡᠳ ᠤᠨ ᠰᠦᠨ ᠤ ᠢᠷᠡᠯᠲᠡ ᠶᠢᠨ | ᠦᠢᠯᠡᠴᠢᠯᠡᠬᠡᠨ ᠤ ᠵᠣᠬᠢᠶᠠᠨ ᠪᠠᠶᠢᠭᠤᠯᠤᠯᠲᠠ ᠶᠢ ᠳᠡᠮᠵᠢᠵᠦ᠂ ᠮᠢᠬ᠎ᠠ ᠰᠦ ᠶᠢᠨ ᠬᠤᠤᠰ ᠬᠡᠷᠡᠭᠴᠡᠭᠡᠲᠦ ᠰᠢᠮᠧᠨᠧᠲᠷ | ᠦᠬᠡᠷ ᠪᠤᠶᠤ ᠰᠢᠯᠢᠳᠡᠭ ᠡᠭᠦᠯᠳᠡᠷ ᠤᠨ ᠰᠠᠭᠠᠯᠢ ᠶᠢᠨ ᠦᠨᠢᠶ᠎ᠡ ᠶᠢ ᠵᠣᠬᠢᠬᠤ ᠬᠡᠪᠴᠢᠶ᠎ᠡ ᠪᠠᠷ ᠲᠡᠵᠢᠭᠡᠨ | ᠦᠷᠡᠵᠢᠭᠦᠯᠬᠦ ᠶᠢᠨ ᠬᠠᠮᠲᠤ᠂ ᠮᠠᠰᠢᠨᠴᠢᠯᠠᠭᠰᠠᠨ ᠦᠨᠢᠶ᠎ᠡ ᠰᠠᠭᠠᠬᠤ ᠥᠷᠲᠡᠭᠡ ᠪᠠ ᠪᠠᠷᠢᠮᠵᠢᠶᠠᠵᠢᠭᠰᠠᠨ ᠰᠦ ᠬᠤᠷᠢᠶᠠᠬᠤ | ᠥᠷᠲᠡᠭᠡ ᠶᠢ ᠢᠵᠢ ᠪᠥᠷᠢᠳᠦᠭᠦᠯᠦᠨ ᠪᠠᠶᠢᠭᠤᠯᠵᠤ᠂ ᠰᠢᠯᠭᠠᠨ ᠪᠠᠶᠢᠴᠠᠭᠠᠬᠤ ᠦᠢᠯᠡᠴᠢᠯᠡᠭᠡ ᠶᠢ ᠴᠢᠩᠭᠠᠳᠬᠠᠨ᠂ | ᠰᠦᠨ ᠤ ᠢᠷᠡᠯᠲᠡ ᠶᠢᠨ ᠬᠠᠩᠭᠠᠯᠭ᠎ᠠ ᠠᠮᠤᠷ ᠲᠦᠪᠰᠢᠨ ᠪᠦᠬᠡᠳ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃ | ᠨᠢᠭᠡ ᠪᠦᠯᠦᠭ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠲᠥᠷᠥᠯ ᠵᠥᠢᠯ ᠢ ᠢᠳᠡᠪᠬᠢᠲᠡᠶ ᠪᠠᠷ ᠭᠤᠶᠤᠴᠢᠯᠠᠨ | ᠬᠡᠷᠡᠭᠵᠢᠭᠦᠯᠵᠦ᠂ ᠬᠡᠷ ᠪᠦᠯᠢ ᠶᠢᠨ ᠵᠢᠵᠢᠭ ᠦᠢᠯᠡᠳᠬᠡᠯ ᠤᠨ ᠴᠠᠭᠠᠨ ᠢᠳᠡᠭᠡᠨ ᠪᠤᠯᠪᠠᠰᠤᠷᠠᠭᠤᠯᠬᠤ ᠲᠦᠬᠦᠬᠡᠷᠤᠮᠵᠢ᠂ | ᠡᠳ᠋ᠰᠢᠭᠦᠯᠦᠨ ᠦᠢᠯᠡᠳᠬᠦ᠂ ᠬᠦᠢᠳᠡᠨ ᠬᠡᠯᠬᠢᠶᠡᠳᠦ ᠲᠡᠭᠡᠭᠡᠪᠤᠷᠢ᠂ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠵᠡᠷᠭᠡ | ᠲᠠᠯ᠎ᠠ ᠪᠠᠷ ᠲᠠᠰ ᠳᠡᠪᠰᠢᠭᠦᠯᠦᠨ ᠪᠠᠷᠢᠮᠵᠢᠶ᠎ᠠ ᠳᠤ ᠬᠦᠷᠬᠡᠬᠦ ᠠᠵᠢᠯ ᠢ ᠠᠬᠢᠭᠤᠯᠵᠤ᠂ ᠵᠢᠵᠢᠭ ᠦᠢᠯᠡᠳᠬᠡᠯ ᠤᠨ | ᠦᠢᠯᠡᠳᠪᠤᠷᠢᠯᠡᠯ ᠢ ᠳᠠᠶᠢᠴᠢᠯᠠᠨ᠂ ︽ᠨᠠᠷᠢᠯᠢᠭ ᠰᠢᠯᠢᠳᠡᠭ ᠬᠦᠴᠦᠷᠭᠡᠭ︾ ᠳᠠᠰᠢ ᠬᠦᠭᠵᠢᠬᠦᠯᠤᠨ᠎ᠠ᠃ ᠨᠠᠷᠠᠲᠤ | ᠲᠡᠮᠳᠡᠭᠲᠦ ᠶᠢᠨ ᠤᠬᠠᠮᠰᠠᠷ ᠢ ᠪᠤᠢ ᠪᠤᠯᠭᠠᠵᠤ᠂ ᠭᠠᠵᠠᠷ ᠵᠦᠶ ᠶᠢᠨ ᠢᠯᠡᠳᠭᠡᠮᠵᠢ ᠶᠢ ᠲᠥᠰᠦᠪᠯᠡᠬᠦ᠂ ᠡᠵᠡᠩᠨᠡᠬᠦ᠂ | ᠬᠡᠷᠡᠭᠯᠡᠬᠦ ᠪᠠ ᠳᠡᠯᠭᠡᠷᠡᠭᠦᠯᠬᠦ ᠠᠵᠢᠯᠯᠠᠭ᠎ᠠ ᠶᠢ ᠴᠢᠩᠭᠠᠳᠬᠠᠨ᠂ ᠠᠪᠠᠭ᠎ᠠ ᠤᠯᠠᠮᠵᠢᠯᠠᠯᠲᠤ ᠴᠠᠭᠠᠨ ᠢᠳᠡᠭᠡᠨ ᠤ ᠤᠷᠤᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢ ᠡᠬᠦᠳᠤᠨ᠎ᠠ᠃ ᠤᠯᠠᠮᠵᠢᠯᠠᠯᠲᠤ ᠴᠠᠭᠠᠨ ᠢᠳᠡᠭᠡ | ᠡᠳ᠋ᠰᠢᠭᠦᠯᠬᠦ ᠬᠦᠷᠢᠶᠠᠯᠡᠩ ᠲᠣᠭᠤᠷᠢᠭ ᠤᠨ ᠪᠠᠶᠢᠭᠤᠯᠤᠯᠲᠠ ᠶᠢ ᠲᠦᠷᠭᠡᠳᠬᠡᠵᠦ᠂ ᠨᠢᠭᠡᠨᠲᠡ ᠬᠦᠷᠢᠶᠡᠯᠡᠩ | ᠲᠣᠭᠤᠷᠢᠭ ᠲᠤ ᠰᠠᠭᠤᠷᠢᠰᠢᠭᠰᠡᠨ ᠢᠰᠭᠡ᠂ ᠵᠣᠣ ᠹᠦ᠋᠂ ᠮᠠᠯᠴᠢᠳ ᠤᠨ ᠲᠤᠷᠠᠰᠤᠮᠵᠢ ᠵᠡᠷᠭᠡ ᠠᠵᠤ ᠠᠬᠤᠶᠢᠯᠠᠯ ᠢ | ᠳᠡᠮᠵᠢᠵᠦ᠂ ᠰᠢᠮ᠎ᠠ ᠲᠡᠵᠢᠬᠡᠯ ᠲᠠᠢ᠂ ᠪᠤᠬᠢᠷᠳᠤᠯ ᠦᠬᠡᠢ᠂ ᠳᠡᠭᠡᠳᠦ ᠲᠠᠰ ᠤᠨ ᠴᠠᠭᠠᠨ ᠢᠳᠡᠬᠡᠨ ᠤ ᠪᠦᠲᠦᠭᠡᠭᠳᠡᠬᠦᠨ ᠢ | ᠰᠤᠳᠤᠯᠤᠨ ᠦᠢᠯᠡᠳᠴᠦ᠂ ᠠᠵᠤ ᠦᠢᠯᠡᠰ ᠤᠨ ᠲᠠᠶᠢᠴᠢᠯᠠᠨ ᠲᠠᠭᠠᠭᠤᠯᠬᠤ ᠪᠠ ᠲᠥᠪᠯᠡᠷᠡᠭᠦᠯᠬᠦ ᠦᠢᠯᠡᠳᠤᠯ ᠢ | ᠪᠠᠳᠠᠷᠠᠭᠤᠯᠤᠨ᠎ᠠ᠃ | ᠭᠤᠷᠪᠠ ᠳᠤ᠂ ᠤᠨᠴᠠᠯᠢᠬᠳᠤ ᠠᠵᠤ ᠦᠢᠯᠡᠰ ᠤᠨ ᠳᠠᠪᠠᠭᠤᠯᠢᠭ ᠲᠤ ᠲᠦᠰᠢᠭᠯᠡᠨ᠂ ᠠᠵᠤ ᠦᠢᠯᠡᠰ ᠢ ᠲᠡᠰ | ᠳᠡᠪᠰᠢᠭᠦᠯᠬᠦ ᠠᠬᠢᠴᠠ ᠶᠢ ᠲᠦᠷᠭᠡᠳᠬᠡᠵᠦ᠂ ᠠᠭᠤᠷᠬᠠᠢ ᠶᠢᠨ ᠭᠠᠷᠤᠯᠲᠠ ᠶᠢ ᠡᠳ᠋ᠰᠢᠬᠦᠯᠬᠦ ᠴᠢᠳᠠᠪᠤᠷᠢ ᠶᠢ ᠪᠦᠬᠦ | ᠲᠠᠯ᠎ᠠ ᠪᠠᠷ ᠳᠡᠭᠡᠭᠰᠢᠯᠡᠭᠦᠯᠦᠨ᠎ᠡ᠃ | ︽ᠪᠣᠷᠣ ᠠᠯᠲᠠ︾ — ᠮᠤᠯᠢᠪᠳᠧᠨ ︵ᠵᠡᠰ︶ ᠤ ᠬᠤᠪᠣᠷ ᠴᠤᠬᠠᠭ ᠠᠭᠤᠷᠬᠠᠶ ᠶᠢᠨ ᠭᠠᠷᠤᠯᠲᠠ ᠶᠢᠨ | ᠡᠬᠢ ᠪᠠᠶᠠᠯᠢᠭ ᠤᠨ ᠲᠣᠭᠤᠷᠢᠨ ᠳᠤ᠂ ᠡᠬᠢ ᠪᠠᠶᠠᠯᠢᠭ ᠢ ᠬᠤᠪᠢᠷᠠᠭᠤᠯᠬᠤ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠶᠢᠨ ᠳ᠋ᠢ ᠠᠭᠤᠷᠬᠠᠶ ᠶᠢᠨ ᠦᠢᠯᠡᠰ ᠤᠨ ︽ᠬᠤᠶᠠᠷ ᠭᠤᠤᠯᠯᠠᠬᠤ ᠪᠦᠳᠤᠬᠡᠭᠳᠡᠬᠦᠨ ᠭᠤᠷᠪᠡᠨ | ᠲᠤᠰᠠᠯᠠᠬᠤ ᠠᠵᠤ ᠦᠢᠯᠡᠰ︾ ᠤᠨ ᠡᠵᠡᠩᠨᠡᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠮᠣᠯᠢᠪᠳᠧᠨ ᠤ | ᠨᠠᠷᠢᠯᠢᠭ ᠬᠦᠳᠡᠷ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠬᠤᠶᠠᠷ ᠲᠦᠷᠤᠯ ᠤᠨ ᠭᠤᠣᠯᠯᠠᠬᠤ ᠪᠦᠳᠤᠬᠡᠭᠳᠡᠬᠦᠨ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢᠨ ᠬᠠᠮᠲᠤ᠂ ᠦᠯᠡᠳᠡᠭᠳᠡᠯ ᠬᠦᠳᠡᠷ ᠢ ᠶᠡᠷᠦᠩᠬᠡᠶᠢᠯᠡᠨ ᠨᠡᠭᠡᠭᠡᠨ ᠠᠰᠢᠭᠯᠠᠬᠤ᠂ | ᠰᠢᠨ᠎ᠡ ᠮᠠᠶ᠋ᠢᠭ ᠤᠨ ᠪᠠᠷᠢᠯᠭ᠎ᠠ ᠶᠢᠨ ᠮᠠᠲ᠋ᠧᠷᠢᠶᠠᠯ ᠢ ᠨᠡᠭᠡᠭᠡᠨ ᠠᠰᠢᠭᠯᠠᠬᠤ᠂ ᠰᠢᠨ᠎ᠡ ᠡᠨᠧᠷᠬᠢ ᠶᠢ ᠨᠡᠭᠡᠭᠡᠨ ᠠᠰᠢᠭᠯᠠᠬᠤ | ᠭᠤᠷᠪᠠᠨ ᠲᠦᠷᠤᠯ ᠤᠨ ᠲᠤᠰᠠᠯᠠᠬᠤ ᠠᠵᠤ ᠦᠢᠯᠡᠰ ᠢ ᠢᠳᠡᠪᠬᠢᠲᠡᠶ ᠪᠠᠷ ᠬᠥᠭᠵᠢᠭᠦᠯᠦᠨ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯᠴᠢ ᠪᠣᠯᠬᠤ ᠳᠤ᠂ ᠠᠭᠤᠷᠬᠠᠶ ᠶᠢᠨ ᠲᠤᠭᠤᠷᠢᠭ ᠬᠢᠭᠡᠳ | ᠰᠢᠯᠢᠩᠬᠤᠳᠠ ᠠᠴᠠ ᠡᠷᠢᠶᠠᠨ ᠬᠦᠷᠬᠦ ᠳᠡᠮᠤᠷ ᠵᠠᠮ ᠢ ᠬᠤᠯᠪᠣᠨ ᠨᠡᠪᠲᠡᠷᠡᠭᠦᠯᠬᠦ ᠢᠡᠵᠧᠨᠧᠷᠢᠩ ᠢ ᠪᠡᠶᠡᠯᠡᠭᠦᠯᠬᠦ ᠪᠠᠷ | ᠴᠢᠷᠮᠠᠶᠢᠵᠤ᠂ ︽ ᠵᠠᠰᠠᠮᠠᠯ ᠵᠠᠮ ᠠᠴᠠ ᠳᠡᠮᠦᠷ ᠵᠠᠮ ᠪᠤᠯᠭᠠᠨ ᠬᠤᠪᠢᠷᠠᠭᠤᠯᠬᠤ︾ ᠪᠣᠬᠢᠷᠲᠤᠯ ᠦᠬᠡᠢ ᠲᠡᠭᠡᠭᠡᠪᠦᠷᠢ ᠢ | ᠪᠡᠶᠡᠯᠡᠭᠦᠯᠦᠨ᠂ ᠶᠢᠨ ᠳ᠋ᠢ ᠠᠭᠤᠷᠬᠠᠶ ᠶᠢᠨ ᠦᠢᠯᠡᠰ ᠢ ᠵᠢᠯ ᠳᠤ 5000 ᠲᠣᠨ ᠮᠤᠯᠢᠪᠳᠧᠨ ᠤ ᠨᠠᠷᠢᠯᠢᠭ ᠬᠦᠳᠡᠷ | ᠦᠢᠯᠡᠳᠪᠤᠷᠢᠯᠡᠬᠦ ᠶᠡᠷᠦᠩᠬᠡᠶ ᠴᠣᠭᠴᠠ ᠶᠢᠨ ᠠᠭᠤᠷᠬᠠᠶ ᠪᠣᠯᠭᠠᠨ ᠪᠦᠳᠦᠬᠡᠨ ᠪᠠᠶᠢᠭᠤᠯᠤᠨ᠎ᠠ᠃ | ᠮᠥᠩᠭᠦ ᠲᠤᠭᠤᠯᠭ᠎ᠠ ᠴᠠᠶᠢᠷ ᠤᠯᠠᠨ ᠲᠡᠮᠦᠷᠯᠢᠭ ᠤᠨ ᠡᠬᠢ ᠪᠠᠶᠠᠯᠢᠭ ᠤᠨ ᠲᠣᠭᠤᠷᠢᠨ ᠳᠤ᠂ ᠤᠶᠤᠨᠴᠢᠯᠠᠭᠰᠠᠨ | ᠠᠭᠤᠷᠬᠠᠶ ᠶᠢᠨ ᠪᠥᠳᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠤᠨ᠎ᠠ᠃ ᠡᠬᠢ ᠪᠠᠶᠠᠯᠢᠭ ᠤᠨ ᠬᠠᠶᠢᠨ | ᠰᠢᠡᠵᠢᠯᠡᠬᠡᠨ ᠤ ᠡᠷᠴᠢᠮ ᠢᠶᠠᠨ ᠴᠢᠩᠭᠠᠷᠠᠭᠤᠯᠵᠤ᠂ ᠠᠭᠤᠷᠬᠠᠶ ᠶᠢᠨ ᠠᠰᠢᠭᠯᠠᠮᠵᠢ ᠶᠢᠨ ᠵᠢᠯ ᠬᠤᠭᠤᠴᠠᠭ᠎ᠠ ᠶᠢ | ᠤᠷᠲᠤᠳᠬᠠᠨ᠎ᠠ᠃ ᠰᠢᠯᠵᠢᠮᠡᠯ ᠬᠤᠯᠪᠣᠭ᠎ᠠ᠂ ᠴᠠᠬᠢᠯᠭᠠᠨ ᠬᠤᠯᠪᠣᠭ᠎ᠠ ᠯᠤᠭ᠎ᠠ ᠶᠢᠨ ᠬᠠᠮᠲᠤᠷᠠᠯᠴᠠᠭ᠎ᠠ ᠪᠠᠨ | ᠲᠦᠷᠭᠡᠳᠬᠡᠵᠦ᠂ ᠪᠥᠬᠦ ᠬᠤᠰᠢᠭᠤᠨ ᠤ ᠬᠡᠪᠴᠢᠶᠡᠨ ᠳᠠᠬᠢ ᠦᠢᠯᠡᠳᠪᠤᠷᠢ ᠶᠢᠨ ᠲᠣᠭᠤᠷᠢᠭ ᠤᠨ 5G ᠳᠣᠬᠢᠶ᠎ᠠ ᠶᠢ | ᠨᠡᠶᠢᠳᠡᠮ ᠪᠦᠷᠬᠦᠬᠦᠯᠬᠦ ᠶᠢ ᠡᠩ ᠲᠡᠷᠢᠬᠦᠨ ᠳᠤ ᠪᠡᠶᠡᠯᠡᠭᠦᠯᠵᠦ᠂ 5G ᠰᠦᠯᠵᠢᠶ᠎ᠡ ᠳᠤ ᠲᠦᠰᠢᠭᠯᠡᠨ ᠠᠭᠤᠷᠬᠠᠶ ᠶᠢᠨ | ᠬᠤᠳᠳᠤᠭ ᠲᠠᠬᠢ ᠮᠠᠰᠢᠨᠴᠢᠯᠠᠯᠲᠠ᠂ ᠠᠦ᠋ᠲ᠋ᠣᠴᠢᠯᠠᠯᠲᠠ᠂ ᠤᠶᠤᠨᠴᠢᠯᠠᠯᠲᠠ ᠶᠢᠨ ᠪᠠᠶᠢᠭᠤᠯᠤᠯᠲᠠ ᠶᠢ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠥᠬᠦ | ᠬᠦᠴᠦᠨ ᠢᠶᠠᠷ ᠢᠶᠠᠨ ᠴᠣᠭᠴᠠᠯᠠᠨ᠎ᠠ᠃ | ︽ᠵᠥᠭᠡᠯᠡᠨ ᠪᠣᠯᠣᠷ︾ — ᠬᠠᠶᠢᠯᠤᠭᠤᠷ ᠵᠣᠩᠰᠢ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠡᠬᠢ | ᠪᠠᠶᠠᠯᠢᠭ ᠤᠨ ᠲᠣᠭᠤᠷᠢᠨ ᠳᠤ᠂ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠬᠡᠪᠴᠢᠶ᠎ᠡ ᠶᠢ ᠲᠠᠰᠤᠷᠠᠯᠲᠠ ᠥᠬᠡᠶ | ᠬᠥᠭᠵᠢᠭᠦᠯᠦᠨ ᠪᠤᠵᠠᠭᠠᠶᠢᠷᠠᠭᠤᠯᠤᠨ᠎ᠠ᠃ ᠯᠦᠩ ᠰᠢᠩ ᠠᠭᠤᠷᠬᠠᠶ ᠶᠢᠨ ᠣᠷᠣᠨ ᠤ ᠭᠦᠨ ᠲᠠᠪᠬᠤᠷᠭ᠎ᠠ ᠶᠢᠨ ᠬᠠᠶᠢᠨ | ᠰᠢᠡᠵᠢᠯᠡᠬᠡᠨ ᠤ ᠢᠨᠵᠧᠨᠧᠷᠢᠩ ᠪᠠ ᠬᠦᠳᠡᠷ ᠰᠢᠯᠢᠬᠦ ᠦᠢᠯᠡᠳᠪᠦᠷᠢ ᠶᠢᠨ ᠮᠡᠷᠭᠡᠵᠢᠯ ᠢ ᠦᠭᠡᠷᠡᠴᠢᠯᠡᠵᠦ᠂ ᠴᠢᠳᠠᠪᠬᠢ ᠶᠢ | ᠦᠷᠭᠡᠳᠬᠡᠬᠦ ᠪᠠᠶᠢᠭᠤᠯᠤᠯᠲᠠ ᠶᠢ ᠡᠬᠢᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠰᠡᠭᠦᠯᠴᠢ ᠪᠣᠯᠬᠤ ᠳᠤ ᠬᠠᠶᠢᠯᠤᠭᠤᠷ ᠵᠣᠩᠰᠢ ᠶᠢᠨ ᠬᠠᠳᠠᠭᠠᠯᠠᠭᠳᠠᠴᠠ ᠶᠢ ᠳ᠋ᠦᠩᠰᠢᠭᠤᠷ | ᠲᠣᠨ ᠠᠴᠠ ᠳᠡᠭᠡᠭᠰᠢ ᠬᠠᠶᠢᠵᠤ᠂ ᠵᠢᠯ ᠤᠨ ᠬᠠᠶᠢᠯᠤᠭᠤᠷ ᠵᠣᠩᠰᠢ ᠶᠢᠨ ᠨᠠᠷᠢᠯᠢᠭ ᠨᠤᠨᠲᠠᠭ ᠢ 50 ᠲᠦᠮᠡᠨ ᠲᠣᠨ ᠳᠤ | ᠬᠦᠷᠭᠡᠬᠦ ᠪᠠᠷ ᠴᠢᠷᠮᠠᠶᠢᠨ᠎ᠠ᠃ ᠭᠠᠵᠠᠷ ᠣᠷᠣᠨ ᠤ ᠬᠠᠮᠲᠤᠷᠠᠯᠴᠠᠭ᠎ᠠ ᠶᠢ ᠴᠢᠩᠭᠠᠳᠬᠠᠵᠤ᠂ ᠬᠠᠶᠢᠯᠤᠭᠤᠷ ᠵᠣᠩᠰᠢ ᠶᠢᠨ | ᠠᠵᠤ ᠦᠢᠯᠡᠰ ᠤᠨ ᠲᠦᠬᠦᠭᠡᠢ ᠬᠦᠳᠡᠷ᠂ ᠬᠡᠰᠡᠭᠲᠦ ᠬᠦᠳᠡᠷ᠂ ᠨᠠᠷᠢᠯᠢᠭ ᠨᠤᠨᠲᠠᠭ ᠪᠤᠷᠤᠯᠠᠭᠤᠯᠬᠤ ᠠᠴᠠ ᠹᠯᠤᠷᠳᠦ | ᠬᠢᠮᠢ ᠶᠢᠨ ᠮᠠᠲ᠋ᠧᠷᠢᠶᠠᠯ ᠦᠢᠯᠡᠳᠪᠤᠷᠢᠯᠡᠬᠦ ᠲᠠᠰᠢ ᠬᠤᠪᠢᠷᠠᠭᠤᠯᠵᠤ᠂ ᠬᠠᠶᠢᠯᠤᠭᠤᠷ ᠵᠣᠩᠰᠢ ᠶᠢᠨ ᠠᠵᠤ ᠦᠢᠯᠡᠰ ᠢ | ᠮᠠᠨ ᠤ ᠬᠤᠰᠢᠭᠤᠨ ᠤ ᠤᠳᠤᠬᠢᠴᠢᠯᠠᠭᠰᠡᠨ ᠠᠵᠤ ᠦᠢᠯᠡᠳᠪᠦᠷᠢ ᠶᠢᠨ ᠰᠢᠨ᠎ᠡ ᠦᠷᠢᠰᠤᠯᠳᠤᠬᠦ ᠬᠦᠴᠤᠨ ᠪᠤᠯᠭᠠᠬᠤ ᠪᠠᠷ | ᠴᠢᠷᠮᠠᠶᠢᠨ᠎ᠠ᠃ | ᠱᠦᠢᠨᠢ ᠵᠡᠷᠭᠡ ᠪᠠᠷᠢᠯᠭ᠎ᠠ ᠶᠢᠨ ᠮᠠᠲ᠋ᠧᠷᠢᠶᠠᠯ ᠦᠢᠯᠡᠳᠪᠤᠷᠢᠯᠡᠨ ᠬᠠᠩᠭᠠᠬᠤ ᠲᠤᠭᠤᠷᠢᠨ ᠳᠤ᠂ ᠦᠢᠯᠡᠳᠬᠦᠨ ᠤ | ᠬᠠᠩᠭᠠᠯᠭ᠎ᠠ ᠶᠢᠨ ᠳᠠᠪᠠᠭᠤᠯᠢᠭ ᠪᠠᠶᠢᠷᠢ ᠰᠠᠭᠤᠷᠢ ᠶᠢ ᠦᠷᠭᠦᠯᠵᠢᠯᠡᠨ ᠲᠣᠭᠲᠠᠪᠤᠷᠢᠵᠢᠭᠤᠯᠤᠨ᠎ᠠ᠃ ᠰᠢᠯᠢᠩᠬᠤᠳᠠ᠂ | ᠪᠠᠷᠠᠭᠤᠨ ᠦᠵᠦᠮᠦᠴᠢᠨ ᠬᠤᠰᠢᠭᠤ ᠵᠡᠷᠭᠡ ᠠᠵᠤ ᠦᠢᠯᠡᠳᠪᠤᠷᠢ ᠶᠢᠨ ᠠᠵᠤ ᠦᠢᠯᠡᠰ ᠨᠡᠯᠢᠶᠡᠳ ᠲᠦᠪᠯᠡᠷᠡᠭᠰᠡᠨ | ᠭᠠᠵᠠᠷ ᠣᠷᠣᠨ ᠯᠤᠭ᠎ᠠ ᠶᠢᠨ ᠬᠠᠮᠵᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠴᠣᠬᠤᠶ ᠶᠢᠨ ᠴᠢᠯᠠᠭᠤᠨ ᠤ | ᠬᠡᠷᠡᠭᠯᠡᠭᠡᠨ ᠤ ᠠᠷᠭ᠎ᠠ ᠵᠠᠮ ᠢ ᠥᠷᠭᠡᠳᠬᠡᠵᠦ᠂ ᠴᠢᠨᠠᠷ ᠰᠠᠶᠢᠲᠠᠶ ᠭᠤᠤᠯ ᠮᠠᠲ᠋ᠧᠷᠢᠶᠠᠯ ᠤᠨ ᠦᠢᠯᠡᠳᠪᠤᠷᠢᠯᠡᠯ ᠤᠨ | ᠱᠤᠭᠤᠮ ᠢ ᠪᠥᠲᠥᠭᠡᠨ ᠪᠠᠶᠢᠭᠤᠯᠵᠤ᠂ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠦᠨ᠎ᠡ᠃ | ᠬᠠᠮᠢᠶᠠᠷᠤᠯᠲᠠ᠂ ᠮᠡᠷᠭᠡᠵᠢᠯ ᠤᠷᠠᠯᠠᠯ᠂ ᠠᠮᠤᠷ ᠲᠦᠪᠰᠢᠨ ᠤ ᠲᠦᠬᠦᠬᠡᠷᠤᠮᠵᠢ ︽ᠭᠤᠷᠪᠠ ᠶᠢ ᠳᠡᠭᠡᠭᠰᠢᠯᠡᠭᠦᠯᠬᠦ︾ | ᠠᠵᠢᠯᠯᠠᠭ᠎ᠠ ᠬᠡᠷᠡᠭᠵᠢᠭᠦᠯᠵᠦ᠂ ᠣᠶᠤᠨᠴᠢᠯᠠᠭᠰᠠᠨ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ | ᠪᠡᠶᠡᠯᠡᠬᠦᠯᠦᠨ᠂ ︽ᠠᠮᠤᠷ ᠲᠦᠪᠰᠢᠨ᠂ ᠪᠣᠬᠢᠷᠲᠤᠯ ᠥᠬᠡᠶ᠂ ᠰᠢᠨ᠎ᠡ ᠶᠢ ᠡᠭᠦᠳᠬᠦ᠂ ᠤᠶᠤᠡᠴᠢ᠂ ᠦᠷ᠎ᠡ ᠠᠰᠢᠭ ᠲᠠᠢ | ︾ ᠲᠠᠪᠤᠨ ᠬᠡᠯᠪᠡᠷᠢ ᠶᠢᠨ ᠦᠢᠯᠡᠳᠪᠤᠷᠢ ᠶᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ | ᠲᠦᠷᠪᠡ ᠳᠤ᠂ ᠬᠦᠴᠦ ᠪᠠᠨ ᠲᠥᠪᠯᠡᠷᠡᠭᠦᠯᠦᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ | ᠭᠦᠨᠵᠡᠭᠡᠢ ᠠᠭᠤᠰᠤᠯᠴᠠᠭᠤᠯᠵᠤ᠂ ᠤᠳᠤᠬᠢᠴᠢᠯᠠᠭᠰᠡᠨ ᠠᠵᠤ ᠦᠢᠯᠡᠰ ᠤᠨ ᠲᠤᠭᠳᠠᠯᠴᠠᠭ᠎ᠠ ᠶᠢᠨ ᠪᠠᠭᠤᠷᠠᠢ ᠲᠠᠯ᠎ᠠ ᠶᠢ | ᠴᠢᠩᠭᠠᠳᠬᠠᠵᠤ᠂ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ | ᠰᠣᠶᠣᠯ ᠵᠤᠭᠠᠴᠠᠯ ᠤᠨ ᠦᠢᠯᠡᠰ ᠤᠨ ᠶᠠᠰᠤ ᠴᠢᠨᠠᠷᠵᠢᠬᠤ ᠪᠠ ᠣᠨᠴᠠᠯᠢᠠᠠᠵᠢᠬᠤ ᠲᠡᠰᠢ ᠬᠡᠯᠪᠡᠷᠢ ᠪᠠᠨ | ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ ︽ᠪᠥᠬᠦ ᠣᠷᠣᠨ ᠪᠦᠰᠡ ᠪᠥᠬᠦ ᠤᠯᠠᠷᠢᠯ ᠳᠤ ᠵᠤᠭᠠᠴᠠᠵᠤ ᠲᠠᠶᠢᠯᠬᠦ ᠂ | ᠪᠥᠬᠦ ᠠᠵᠤ ᠦᠢᠯᠡᠰ ᠢ ᠠᠭᠤᠰᠤᠯᠴᠠᠭᠤᠯᠤᠨ᠂ ᠪᠥᠬᠦ ᠨᠡᠶᠢᠭᠡᠮ ᠢᠶᠠᠷ ᠢᠶᠠᠨ ᠣᠷᠣᠯᠴᠠᠬᠤ︾ ᠪᠠᠶᠢᠯᠳᠤᠬᠤ | ᠪᠣᠳᠣᠯᠭ᠎ᠠ ᠶᠢᠨ ᠤᠳᠤᠷᠢᠳᠤᠮᠵᠢ ᠶᠢ ᠪᠠᠷᠢᠮᠲᠠᠯᠠᠵᠤ᠂ ︽ᠰᠢᠯᠢ ᠶᠢᠨ ᠭᠤᠤᠯ ᠤᠨ ᠮᠢᠩᠭᠠᠨ ᠭᠠᠵᠠᠷ ᠤᠨ ᠲᠠᠯ᠎ᠠ | ᠨᠤᠲᠤᠭ ᠤᠨ ᠦᠵᠡᠮᠵᠢ ᠶᠢᠨ ᠵᠠᠮ ᠱᠤᠭᠤᠮ︾ ᠪᠠ ᠪᠥᠬᠦ ᠠᠶᠢᠮᠠᠭ ᠪᠥᠬᠦ ᠣᠷᠣᠨ ᠪᠦᠰᠡ ᠶᠢᠨ ᠵᠤᠭᠠᠴᠠᠯ ᠤᠨ | ᠬᠥᠭᠵᠢᠯᠲᠡ ᠶᠢᠨ ᠲᠤᠭᠳᠠᠯᠴᠠᠭ᠎ᠠ ᠲᠠᠢ ᠭᠦᠨᠵᠡᠭᠡᠶ ᠠᠭᠤᠰᠤᠯᠴᠠᠭᠤᠯᠵᠤ᠂ ᠮᠠᠨ ᠤ ᠬᠤᠰᠢᠭᠤ ᠪᠠᠨ ᠲᠠᠯ᠎ᠠ ᠨᠤᠲᠤᠭ ᠤᠨ | ᠵᠤᠭᠠᠴᠠᠯ ᠰᠡᠯᠡᠭᠦᠴᠡᠯ ᠤᠨ ᠰᠤᠳᠤᠨ ᠭᠠᠵᠠᠷ ᠪᠣᠯᠭᠠᠨ ᠪᠥᠲᠥᠭᠡᠨ ᠪᠠᠶᠢᠭᠤᠯᠤᠨ᠎ᠠ᠃ ᠤᠷᠢᠳᠠᠪᠠᠷ ᠲᠥᠯᠥᠪᠵᠢᠭᠦᠯᠬᠦ ᠶᠢ | ᠪᠠᠷᠢᠮᠲᠠᠯᠠᠨ᠎ᠠ᠃ ︽ᠠᠪᠠᠭ᠎ᠠ ᠬᠤᠰᠢᠭᠤᠨ ᠤ ᠵᠤᠭᠠᠴᠠᠯ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ︾ ᠪᠠ | ᠠᠷᠠᠯᠵᠢᠶᠠᠴᠢᠨ ᠤᠷᠢᠬᠤ ᠲᠥᠷᠥᠯ ᠵᠦᠢᠯ ᠤᠨ ᠲᠤᠰᠬᠠᠶ ᠲᠥᠯᠥᠪᠵᠢᠭᠦᠯᠭᠡ ᠶᠢ ᠨᠠᠶᠢᠷᠠᠭᠤᠯᠤᠨ ᠳᠠᠭᠤᠰᠬᠠᠵᠤ᠂ | ᠰᠢᠨᠵᠢᠯᠡᠬᠦ ᠤᠬᠠᠭᠠᠨᠴᠢ ᠪᠦᠷᠢᠨ ᠲᠡᠭᠦᠯᠳᠡᠷ ᠲᠥᠯᠥᠪᠵᠢᠭᠦᠯᠭᠡ ᠶᠢᠨ ᠲᠤᠭᠳᠠᠯᠴᠠᠭ᠎ᠠ ᠪᠠᠷ ᠪᠥᠬᠦ ᠣᠷᠣᠨ ᠪᠦᠰᠡ ᠶᠢᠨ | ᠵᠤᠭᠠᠴᠠᠯ ᠤᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠦᠨ ᠵᠢᠯᠤᠭᠤᠳᠤᠨ᠎ᠠ᠃ ᠥᠨᠳᠥᠷ ᠪᠠᠷᠢᠮᠵᠢᠶ᠎ᠠ ᠪᠠᠷ | ᠵᠤᠭᠠᠴᠠᠯ ᠤᠨ ᠦᠵᠡᠮᠵᠢ ᠶᠢᠨ ᠴᠡᠭ ᠢ ᠴᠤᠭᠴᠠᠯᠠᠨ ᠪᠠᠶᠢᠭᠤᠯᠤᠨ᠎ᠠ᠃ ᠮᠣᠩᠭᠤᠯ ᠠᠳᠤᠭᠤᠨ ᠰᠣᠶᠣᠯ ᠤᠨ ᠠᠵᠤ | ᠦᠢᠯᠡᠰ ᠤᠨ ᠬᠦᠷᠢᠶᠡᠯᠡᠩ᠂ ᠭᠠᠩᠭᠠᠡᠰᠢᠯᠢ ᠶᠢᠨ ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠤᠨ | ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠵᠤ᠂ ᠪᠡᠯᠬᠦᠳᠡᠢ ᠵᠢᠰᠠ᠂ ᠴᠢᠩᠭᠢᠰ ᠪᠣᠭᠳᠠ ᠠᠭᠤᠯᠠ᠂ | ᠬᠤᠷᠭᠤ ᠠᠭᠤᠯᠠ ᠶᠢᠨ ᠦᠵᠡᠮᠵᠢ ᠶᠢᠨ ᠲᠤᠭᠤᠷᠢᠭ ᠢ ᠲᠠᠰ ᠳᠡᠪᠰᠢᠭᠦᠯᠬᠦ ᠶᠢ ᠠᠬᠢᠭᠤᠯᠤᠨ᠂ ᠮᠠᠨ ᠤ ᠬᠤᠰᠢᠭᠤᠨ ᠤ | ᠵᠤᠭᠠᠴᠠᠯ ᠰᠣᠶᠣᠯ ᠤᠨ ᠠᠭᠤᠯᠬᠤᠨ ᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠵᠤᠭᠠᠴᠠᠯ ᠤᠨ ᠪᠦᠲᠦᠭᠡᠭᠳᠡᠬᠦᠨ ᠤ | ᠥᠷᠢᠰᠦᠯᠳᠦᠬᠦ ᠬᠦᠴᠦᠨ ᠢ ᠨᠡᠮᠡᠭᠳᠡᠭᠦᠯᠦᠨ᠎ᠡ᠃ ᠵᠤᠭᠠᠴᠠᠯ ᠤᠨ ᠵᠠᠮ ᠱᠤᠭᠤᠮ ᠢ ᠰᠢᠯᠢᠳᠡᠭᠵᠢᠭᠦᠯᠦᠨ | ᠲᠡᠭᠦᠯᠳᠡᠷᠵᠢᠭᠦᠯᠦᠨ᠎ᠡ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠵᠠᠮ ᠱᠤᠭᠤᠮ ᠢ ᠬᠠᠮᠲᠤ ᠪᠠᠷ | ᠪᠠᠶᠢᠭᠤᠯᠵᠤ᠂ ᠵᠠᠬ᠎ᠠ ᠳᠡᠯᠭᠡᠭᠦᠷ ᠢ ᠬᠠᠮᠲᠤ ᠪᠠᠷ ᠦᠷᠭᠡᠳᠬᠡᠨ᠂ ᠰᠢᠯᠢᠩᠬᠤᠳᠠ — ᠬᠤᠩᠭᠤᠷᠭᠤᠤᠯ ᠪᠠᠯᠭᠠᠰᠤ — | ᠴᠠᠭᠠᠨᠨᠠᠭᠤᠷ ᠪᠠᠯᠭᠠᠰᠤ ᠶᠢᠨ ᠴᠢᠭᠯᠡᠯ ᠲᠠᠭᠠᠤ ᠠᠭᠤᠯᠠ ᠤᠰᠤ᠂ ᠣᠶ ᠰᠢᠭᠤᠶ᠂ ᠨᠠᠭᠤᠷ ᠪᠦᠷᠢᠳᠦ᠂ ᠡᠪᠡᠰᠦ ᠪᠡᠯᠴᠢᠭᠡᠷ | ᠂ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠭᠰᠠᠨ ᠠᠮᠢ ᠠᠬᠤᠶ ᠶᠢᠨ ᠵᠤᠭᠠᠴᠠᠯ ᠤᠨ ᠵᠠᠮ ᠱᠤᠭᠤᠮ ᠪᠠ ᠰᠢᠯᠢᠩᠬᠤᠳᠠ | — ᠪᠡᠯᠬᠦᠳᠡᠢ ᠪᠠᠯᠭᠠᠰᠤ — ᠪᠡᠯᠬᠦᠳᠡᠢ ᠵᠢᠰᠠ — ᠴᠢᠩᠭᠢᠰ ᠪᠣᠭᠳᠠ ᠠᠭᠤᠯᠠ — ᠬᠢᠯᠢ ᠶᠢᠨ | ᠱᠤᠭᠤᠮ ᠤᠨ ᠪᠠᠶᠢᠭᠠᠯᠢ ᠶᠢᠨ ᠦᠵᠡᠮᠵᠢ᠂ ᠰᠣᠶᠣᠯ ᠤᠨ ᠰᠤᠨᠢᠷᠬᠠᠯ᠂ ᠰᠤᠳᠤᠯᠤᠨ ᠰᠤᠷᠤᠯᠴᠠᠵᠤ | ᠦᠢᠯᠡᠳᠤᠯᠬᠡᠵᠢᠬᠦᠯᠬᠦ ᠶᠢ ᠨᠢᠭᠡ ᠴᠤᠭᠴᠠᠵᠢᠭᠤᠯᠤᠭᠰᠠᠨ ᠬᠢᠯᠢ ᠶᠢᠨ ᠵᠤᠭᠠᠴᠠᠯ ᠤᠨ ᠵᠠᠮ ᠱᠤᠭᠤᠮ ᠢ ᠭᠤᠤᠯᠳᠠᠯᠭ᠎ᠠ ᠲᠠᠢ | ᠪᠣᠶ ᠪᠣᠯᠭᠠᠨ᠎ᠠ᠃ ︽ᠵᠤᠭᠠᠴᠠᠯ +︾ ᠰᠢᠨ᠎ᠡ ᠡᠵᠡᠩᠨᠡᠯᠲᠡ ᠶᠢᠨ ᠬᠡᠯᠪᠡᠷᠢ ᠶᠢ ᠡᠬᠦᠳᠦᠨ᠎ᠡ᠃ ᠰᠣᠶᠣᠯ ᠵᠤᠭᠠᠴᠠᠯ | ᠬᠢᠭᠡᠳ ᠲᠠᠯ᠎ᠠ ᠨᠤᠲᠤᠭ ᠤᠨ ᠠᠮᠢ ᠠᠬᠤᠶ᠂ ᠤᠷᠤᠨ ᠨᠤᠳᠤᠭ ᠤᠨ ᠣᠨᠴᠠᠯᠢᠭ᠂ ᠤᠳᠤᠬᠢᠴᠢᠯᠠᠭᠰᠡᠨ ᠮᠠᠯ ᠠᠵᠤ | ᠠᠬᠤᠶ᠂ ᠣᠷᠣᠨ ᠨᠤᠲᠤᠭ ᠤᠨ ᠤᠡᠴᠠᠯᠢᠭᠳᠤ ᠪᠦᠲᠦᠭᠡᠭᠳᠡᠬᠦᠨ᠂ ᠠᠷᠠᠳ ᠤᠨ ᠵᠠᠩ ᠦᠢᠯᠡ᠂ ᠮᠣᠩᠭᠤᠯ ᠡᠮ ᠡᠮᠨᠡᠯᠭᠡ | ᠵᠡᠷᠭᠡ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠨᠡᠭᠦᠳᠡᠯ ᠮᠠᠯᠵᠢᠯ ᠤᠨ ᠠᠮᠢᠳᠤᠷᠠᠯ ᠢ ᠣᠶᠢᠯᠠᠭᠠᠬᠤ᠂ | ᠰᠤᠳᠤᠯᠤᠨ ᠰᠤᠷᠤᠯᠴᠠᠬᠤ ᠵᠤᠭᠠᠴᠠᠯ᠂ ᠡᠷᠡᠭᠦᠯ ᠮᠡᠨᠳᠦ ᠪᠡᠶ᠎ᠡ ᠰᠤᠪᠢᠯᠠᠯᠲᠠ ᠵᠡᠷᠭᠡ ᠰᠢᠨ᠎ᠡ ᠡᠵᠡᠩᠨᠡᠯᠲᠡ ᠶᠢᠨ ᠬᠡᠪ | ᠪᠠᠶᠢᠳᠠᠯ ᠢ ᠪᠣᠶ ᠪᠣᠯᠭᠠᠨ᠎ᠠ᠃ ᠳᠡᠭᠡᠳᠦ ᠲᠠᠰ ᠤᠨ ᠬᠡᠷᠡᠭᠯᠡᠭᠴᠢᠳ ᠲᠤ ᠴᠢᠭᠯᠡᠭᠦᠯᠦᠨ᠂ ᠥᠪᠡᠷᠮᠢᠴᠡ ᠣᠨᠴᠠᠯᠢᠭ ᠲᠠᠢ᠂ | ᠵᠠᠬᠢᠶᠠᠯᠠᠭ᠎ᠠ ᠪᠦᠬᠦᠢ ᠵᠤᠭᠠᠴᠠᠯ ᠤᠨ ᠰᠢᠨ᠎ᠡ ᠪᠦᠳᠤᠬᠡᠭᠳᠡᠬᠦᠨ ᠢ ᠡᠬᠦᠳᠴᠤ᠂ ᠬᠢᠵᠢᠭ ᠤᠨ ᠲᠠᠷᠠᠭᠠᠬᠢ ᠵᠤᠭᠠᠴᠠᠭᠰᠡᠳ | ᠤᠨ ᠣᠯᠠᠨ ᠬᠡᠯᠪᠡᠷᠢ ᠶᠢᠨ ᠥᠪᠡᠷᠮᠢᠴᠡ ᠣᠨᠴᠠᠯᠢᠭ ᠲᠠᠢ ᠵᠤᠭᠠᠴᠠᠯ ᠤᠨ ᠬᠡᠷᠡᠭᠴᠡᠭᠡ ᠶᠢ ᠬᠠᠩᠭᠠᠨ᠎ᠠ᠃ ᠵᠤᠭᠠᠴᠠᠯ ᠤᠨ | ᠠᠵᠢᠯᠯᠠᠭ᠎ᠠ ᠶᠢ ᠥᠨᠳᠥᠷ ᠬᠢᠷᠢ ᠲᠦᠪᠰᠢᠨ ᠢᠶᠠᠷ ᠲᠦᠰᠦᠪᠯᠡᠨ᠎ᠡ᠃ ᠪᠦᠬᠦ ᠠᠶᠢᠮᠠᠭ ᠤᠨ ︽ᠰᠤᠶᠤᠯ ᠤᠨ ᠠᠭᠤᠯᠬᠤᠨ | ᠨᠢ ᠰᠤᠳᠤᠨ ᠰᠤᠶᠤᠯ᠂ ᠵᠤᠭᠠᠴᠠᠯ ᠦᠷᠬᠡᠨ᠂ ᠠᠵᠢᠯᠯᠠᠭ᠎ᠠ ᠣᠯᠠᠨ︾ ᠵᠤᠭᠠᠴᠠᠯ ᠤᠨ ᠠᠵᠢᠯᠯᠠᠭ᠎ᠠ ᠲᠠᠢ | ᠤᠶᠠᠯᠳᠤᠭᠤᠯᠤᠨ᠂ ᠬᠠᠷ᠎ᠠ ᠠᠳᠤᠭᠤᠨ ᠰᠣᠶᠣᠯ ᠤᠨ ᠨᠠᠶᠢᠷ᠂ ᠴᠢᠩᠭᠢᠰ ᠪᠣᠭᠳᠠ ᠠᠭᠤᠯᠠ ᠶᠢᠨ ᠵᠠᠩ ᠦᠢᠯᠡ ᠶᠢᠨ | ᠵᠤᠭᠠᠴᠠᠯ ᠰᠣᠶᠣᠯ ᠤᠨ ᠨᠠᠶᠢᠷ ᠵᠡᠷᠭᠡ ᠠᠵᠢᠯᠯᠠᠭ᠎ᠠ ᠶᠢ ᠤᠯᠠᠮ ᠴᠢᠨᠠᠭᠰᠢᠳᠠ ᠲᠦᠰᠦᠪᠯᠡᠨ ᠰᠡᠳᠦᠵᠦ᠂ ᠪᠡᠯᠬᠦᠳᠡᠢ ᠵᠢᠰᠠ | ᠶᠢᠨ ᠦᠵᠡᠮᠵᠢ ᠶᠢᠨ ᠲᠤᠭᠤᠷᠢᠭ ᠤᠨ ᠲᠣᠭᠤᠷᠢᠨ ᠳᠤ᠂ ︽ᠪᠡᠯᠬᠦᠳᠡᠢ ᠶᠢᠨ ᠬᠠᠷ᠎ᠠ ᠠᠳᠤᠭᠤᠨ ᠰᠤᠶᠤᠯ ᠤᠨ ᠣᠷᠳᠣᠨ | ︾ ᠤ IP ᠶᠢ ᠪᠠᠶᠢᠭᠤᠯᠵᠤ᠂ ᠵᠠᠬ᠎ᠠ ᠳᠡᠯᠭᠡᠭᠦᠷᠴᠢᠯᠡᠨ ᠡᠵᠡᠩᠨᠡᠬᠦ ᠪᠠᠷ ᠳᠠᠮᠵᠢᠭᠤᠯᠤᠨ᠂ ᠰᠦᠷ ᠵᠢᠪᠬᠤᠭ᠎ᠠ ᠲᠠᠢ᠂ | ᠥᠪᠡᠷᠮᠢᠴᠡ ᠣᠨᠴᠠᠯᠢᠭ ᠲᠠᠢ ᠵᠤᠭᠠᠴᠠᠯ ᠤᠨ ᠠᠵᠢᠯᠯᠠᠭ᠎ᠠ ᠶᠢ ᠥᠨᠳᠥᠷ ᠬᠢᠷᠢ ᠲᠦᠪᠰᠢᠨ ᠢᠶᠠᠷ ᠲᠦᠰᠤᠪᠯᠡᠵᠤ᠂ | ᠭᠠᠳᠠᠭᠰᠢ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠥᠷᠭᠡᠳᠬᠡᠨ᠎ᠡ᠃ | ᠦᠢᠯᠡᠳᠪᠦᠷᠢᠯᠡᠯ ᠦᠢᠯᠡᠴᠢᠯᠡᠭᠡᠨ ᠤ ᠬᠡᠯᠪᠡᠷᠢᠳᠤ ᠦᠢᠯᠡᠰ ᠢ ᠲᠤᠰᠬᠠᠶᠢᠵᠢᠭᠤᠯᠬᠤ ᠪᠠ ᠠᠵᠤ ᠦᠢᠯᠡᠰ ᠤᠨ | ᠬᠡᠯᠬᠢᠶᠠᠵᠢᠯ ᠢ ᠳᠤᠮᠳᠠ ᠳᠡᠭᠡᠳᠦ ᠲᠡᠰ ᠲᠡᠰᠢ ᠤᠷᠳᠤᠳᠬᠠᠬᠤ ᠶᠢ ᠠᠬᠢᠭᠤᠯᠤᠨ᠎ᠠ᠃ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠦᠨ᠎ᠡ᠃ ︽ᠡᠯᠧᠺᠲᠷᠣᠨ ᠬᠤᠳᠠᠯᠳᠤᠭᠠᠨ ᠤ | ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠰᠢᠶᠠᠨ ᠤ | ᠪᠠᠶᠢᠭᠤᠯᠤᠯᠲᠠ ᠶᠢᠨ ᠲᠥᠷᠥᠯ ᠵᠦᠢᠯ︾ ᠢ ᠬᠡᠷᠡᠭᠵᠢᠭᠦᠯᠬᠦ ᠳᠤ ᠲᠦᠰᠢᠭᠯᠡᠨ᠂ ᠮᠠᠯᠵᠢᠬᠤ ᠣᠷᠣᠨ ᠤ ᠡᠯᠧᠺᠲᠷᠣᠨ | ᠬᠤᠳᠠᠯᠳᠤᠭ᠎ᠠ ᠬᠢᠭᠡᠳ ᠪᠤᠳᠠᠰ ᠤᠨ ᠬᠦᠢᠯᠬᠡᠬᠡ ᠶᠢ ᠠᠭᠤᠰᠤᠯᠴᠠᠭᠤᠯᠤᠨ ᠬᠥᠭᠵᠢᠭᠦᠯᠬᠦ ᠪᠠᠷ ᠬᠦᠴᠦᠯᠡᠬᠦ ᠴᠡᠭ | ᠪᠣᠯᠭᠠᠵᠤ᠂ ᠰᠢᠤᠳᠠᠨ ᠤ ᠬᠤᠪᠢᠶᠠᠷᠢ ᠺᠣᠮᠫᠠᠨᠢ ᠬᠢᠭᠡᠳ ︽ᠳᠥᠷᠪᠡ ᠶᠢ ᠨᠡᠪᠲᠡᠷᠡᠭᠦᠯᠵᠦ ᠨᠢᠭᠡ ᠶᠢ ᠬᠦᠷᠬᠡᠬᠦ︾ ᠱᠦᠨ | ᠹᠸᠡᠭ ᠵᠡᠷᠭᠡ ᠪᠤᠳᠠᠰ ᠤᠨ ᠬᠦᠢᠯᠬᠡᠬᠡᠨ ᠤ ᠺᠣᠮᠫᠠᠨᠢ ᠶᠢᠨ ᠬᠠᠮᠲᠤᠷᠠᠯᠴᠠᠬᠤ ᠵᠤᠬᠢᠴᠠᠮᠵᠢ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠣᠶᠢᠷ᠎ᠠ ᠵᠠᠮ ᠤᠨ ᠪᠤᠳᠠᠰ ᠤᠨ ᠬᠦᠢᠯᠬᠡᠬᠡ ᠪᠠ ᠬᠤᠲᠠ ᠬᠥᠳᠡᠭᠡ ᠳᠤ ᠳᠣᠭᠢᠷᠠᠭᠤᠯᠤᠨ ᠬᠦᠷᠭᠡᠬᠦ | ᠦᠢᠯᠡᠴᠢᠯᠡᠬᠡᠨ ᠤ ᠬᠡᠪᠴᠢᠶ᠎ᠡ ᠶᠢ ᠢᠳᠡᠪᠬᠢᠲᠡᠶ ᠥᠷᠭᠡᠳᠬᠡᠨ᠂ ᠭᠤᠷᠪᠡᠨ ᠱᠠᠳᠤᠨ ᠤ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠲᠣᠤᠷ ᠰᠦᠯᠵᠢᠶ᠎ᠡ ᠶᠢ ᠪᠥᠬᠦ ᠲᠠᠯ᠎ᠠ ᠪᠠᠷ ᠪᠠᠶᠢᠭᠤᠯᠵᠤ᠂ ᠡᠯᠧᠺᠲᠷᠣᠨ ᠬᠤᠳᠠᠯᠳᠤᠭᠠᠨ ᠤ ᠰᠢᠨ᠎ᠡ | ᠬᠥᠳᠡᠯᠭᠡᠬᠦ ᠬᠦᠴᠦᠨ ᠢᠶᠠᠷ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ | ᠤᠳᠤᠬᠢᠴᠢᠯᠠᠭᠰᠡᠨ ᠪᠤᠳᠠᠰ ᠤᠨ ᠬᠦᠢᠯᠬᠡᠬᠡᠨ ᠤ ᠦᠢᠯᠡᠴᠢᠯᠡᠬᠡᠨ ᠤ ᠦᠢᠯᠡᠰ ᠢ ᠲᠣᠭᠲᠠᠭᠤᠨ ᠢᠶᠠᠷ ᠬᠥᠭᠵᠢᠭᠦᠯᠵᠦ᠂ ︽ | ᠵᠢᠯᠣᠭᠤᠴᠢ ᠶᠢᠨ ᠦᠷᠦᠭᠡ︾ ᠪᠤᠳᠠᠰ ᠤᠨ ᠬᠦᠢᠯᠬᠡᠬᠡᠨ ᠤ ᠦᠢᠯᠡᠴᠢᠯᠡᠬᠡᠨ ᠤ ᠲᠣᠭᠤᠷᠢᠭ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ᠂ ᠪᠡᠯᠬᠦᠳᠡᠢ ᠪᠠᠯᠭᠠᠰᠤᠨ ᠳᠤ ᠵᠠᠮ ᠲᠡᠭᠡᠭᠡᠪᠦᠷᠢ᠂ ᠳᠣᠭᠢᠷᠠᠭᠤᠯᠤᠨ ᠬᠦᠷᠭᠡᠬᠦ | ᠦᠢᠯᠡᠴᠢᠯᠡᠭᠡ᠂ ᠬᠥᠮᠥᠷᠭᠡᠯᠡᠨ ᠬᠠᠳᠠᠭᠠᠯᠠᠬᠤ ᠬᠠᠮᠢᠶᠠᠷᠤᠯᠲᠠ᠂ ᠢᠳᠡᠬᠡᠨ ᠤᠮᠳᠠᠭᠠᠨ ᠬᠤᠨᠤᠭ ᠪᠠᠭᠤᠳᠠᠯ᠂ LNG | ᠬᠡᠶ ᠨᠡᠮᠡᠬᠦ ᠦᠷᠳᠡᠭᠡ ᠵᠡᠷᠭᠡ ᠴᠢᠳᠠᠪᠬᠢ ᠶᠢ ᠨᠢᠭᠡ ᠴᠤᠭᠴᠠᠵᠢᠭᠤᠯᠤᠭᠰᠠᠨ ᠦᠢᠯᠡᠴᠢᠯᠡᠬᠡᠨ ᠤ ᠲᠣᠭᠤᠷᠢᠭ ᠢ ᠪᠥᠲᠥᠭᠡᠨ | ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠬᠡᠨ ᠤ ᠦᠢᠯᠡᠰ ᠢ ᠰᠦᠪᠡᠭᠴᠢᠯᠡᠨ ᠬᠥᠭᠵᠢᠭᠦᠯᠵᠦ᠂ | ᠰᠢᠨᠵᠢᠯᠡᠬᠦ ᠮᠡᠷᠭᠡᠵᠢᠯ ᠢᠶᠠᠷ ᠲᠤᠯᠭᠠᠭᠤᠷᠢᠯᠠᠨ᠂ ᠮᠠᠯ ᠠᠵᠤ ᠠᠬᠤᠶ ᠶᠢᠨ ᠰᠢᠨᠵᠢᠯᠡᠬᠦ ᠮᠡᠷᠭᠡᠵᠢᠯ ᠤᠨ ᠦᠢᠯᠡᠴᠢᠯᠡᠭᠡ᠂ | ᠨᠤᠲᠤᠭ ᠪᠡᠯᠴᠢᠭᠡᠷ ᠤᠨ ᠠᠮᠢ ᠠᠬᠤᠶ ᠶᠢᠨ ᠰᠢᠨᠵᠢᠯᠡᠬᠦ ᠮᠡᠷᠭᠡᠵᠢᠯ ᠤᠨ ᠦᠢᠯᠡᠴᠢᠯᠡᠭᠡ᠂ ᠡᠬᠢ ᠪᠠᠶᠠᠯᠢᠭ ᠢ ᠤᠷᠴᠢᠯ | ᠶᠠᠪᠤᠴᠠ ᠪᠠᠷ ᠠᠰᠢᠭᠯᠠᠬᠤ ᠰᠢᠨᠵᠢᠯᠡᠬᠦ ᠮᠡᠷᠭᠡᠵᠢᠯ ᠤᠨ ᠦᠢᠯᠡᠴᠢᠯᠡᠭᠡ ᠪᠠ ᠰᠢᠨ᠎ᠡ ᠡᠨᠧᠷᠭᠢ ᠶᠢᠨ ᠲᠤᠨᠤᠭ | ᠲᠥᠬᠦᠭᠡᠷᠦᠮᠵᠢ ᠶᠢ ᠰᠡᠯᠪᠢᠨ ᠵᠠᠰᠠᠵᠤ ᠪᠠᠶᠢᠴᠠᠭᠠᠨ ᠬᠡᠮᠵᠢᠬᠦ ᠰᠢᠨᠵᠢᠯᠡᠬᠦ ᠮᠡᠷᠭᠡᠵᠢᠯ ᠤᠨ ᠦᠢᠯᠡᠴᠢᠯᠡᠬᠡᠨ ᠤ | ᠲᠤᠭᠳᠠᠯᠴᠠᠭ᠎ᠠ ᠶᠢᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠵᠤ᠂ ᠡᠯ᠎ᠡ ᠠᠵᠤ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠤᠨ᠎ᠠ᠃ ᠮᠥᠩᠭᠦᠨ ᠬᠦᠢᠯᠬᠡᠬᠡᠨ ᠤ ᠦᠢᠯᠡᠴᠢᠯᠡᠬᠡᠨ ᠤ ᠦᠢᠯᠡᠰ ᠢ ᠡᠮᠬᠢ ᠵᠢᠷᠤᠮ ᠲᠠᠢ | ᠬᠥᠭᠵᠢᠭᠦᠯᠵᠦ᠂ ᠮᠥᠩᠭᠦᠨ ᠬᠦᠢᠯᠬᠡᠬᠡᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠲᠦᠭᠡᠮᠡᠯ ᠬᠠᠷᠠᠭᠠᠯᠵᠠᠯᠳᠤ ᠮᠥᠩᠭᠦᠨ ᠬᠦᠢᠯᠬᠡᠬᠡᠨ ᠢ ᠶᠡᠬᠡᠪᠡᠷ | ᠬᠥᠭᠵᠢᠭᠦᠯᠵᠦ᠂ ᠮᠥᠩᠭᠦᠨ ᠬᠦᠢᠯᠬᠡᠬᠡᠨ ᠤ ᠦᠢᠯᠡᠴᠢᠯᠡᠭᠡ ᠶᠢ ᠮᠠᠯᠵᠢᠬᠤ ᠣᠷᠣᠨ ᠢ ᠬᠥᠭᠵᠢᠭᠦᠯᠦᠨ | ᠮᠠᠨᠳᠤᠭᠤᠯᠬᠤ ᠯᠤᠭ᠎ᠠ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠤᠨ᠂ ᠮᠠᠯᠵᠢᠬᠤ ᠣᠷᠣᠨ ᠪᠠ ᠮᠠᠯ ᠠᠵᠤ | ᠠᠬᠤᠶ ᠶᠢᠨ ᠦᠢᠯᠡᠳᠪᠤᠷᠢᠯᠡᠯ ᠤᠨ ᠦᠶᠡᠯᠡᠯ ᠤᠨ ᠬᠤᠭᠤᠴᠠᠭ᠎ᠠ ᠲᠠᠢ ᠵᠣᠬᠢᠴᠠᠯᠳᠤᠭᠰᠠᠨ᠂ ᠮᠠᠯᠴᠢᠳ ᠤᠨ | ᠦᠢᠯᠡᠳᠪᠤᠷᠢᠯᠡᠯ ᠠᠮᠢᠳᠤᠷᠠᠯ ᠤᠨ ᠣᠨᠴᠠᠯᠢᠭ ᠲᠤ ᠵᠤᠬᠢᠴᠠᠭᠰᠡᠨ ᠮᠥᠩᠭᠦᠨ ᠭᠦᠢᠯᠭᠡᠭᠡᠨ ᠤ ᠪᠦᠳᠤᠬᠡᠭᠳᠡᠬᠦᠨ ᠢ | ᠤᠨᠤᠪᠴᠢᠳᠠᠢ ᠬᠠᠩᠭᠠᠨ᠎ᠠ᠃ ᠵᠦᠷᠢᠶᠠᠳᠤ ᠪᠠᠯᠠ ᠲᠣᠬᠢᠷᠠᠭᠤᠯᠭ᠎ᠠ ᠶᠢᠨ ᠦᠢᠯᠡᠴᠢᠯᠡᠬᠡᠨ ᠤ ᠲᠥᠯᠥᠪᠯᠡᠭᠡ ᠶᠢ | ᠲᠣᠭᠲᠠᠭᠠᠵᠤ᠂ ᠴᠢᠬᠤᠯᠠ ᠶᠡᠭᠡ ᠠᠵᠤ ᠦᠢᠯᠡᠰ ᠤᠨ ᠬᠥᠭᠵᠢᠯᠲᠡ᠂ ᠰᠠᠭᠤᠷᠢ ᠲᠦᠬᠦᠬᠡᠷᠤᠮᠵᠢ ᠶᠢᠨ ᠪᠥᠲᠥᠭᠡᠨ | ᠪᠠᠶᠢᠭᠤᠯᠤᠯᠲᠠ ᠵᠡᠷᠭᠡ ᠬᠦᠷᠢᠶ᠎ᠠ ᠴᠠᠷ᠎ᠠ ᠶᠢᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ ᠨᠡᠮᠡᠭᠳᠡᠭᠦᠯᠵᠦ᠂ ᠪᠣᠳᠠᠲᠤ | ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠮᠥᠩᠭᠦᠨ | ᠬᠦᠢᠯᠬᠡᠬᠡᠨ ᠤ ᠦᠢᠯᠡᠳᠬᠦᠨ ᠪᠠ ᠦᠢᠯᠡᠴᠢᠯᠡᠬᠡᠨ ᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠳᠤᠮᠳᠠ ᠵᠢᠵᠢᠭ | ᠪᠢᠴᠢᠯ ᠠᠵᠤ ᠠᠬᠤᠶᠢᠯᠠᠯ ᠤᠨ ᠪᠠᠷᠢᠴᠠᠭᠠᠳᠤ ᠵᠢᠭᠡᠯᠡᠯᠭᠡ ᠶᠢᠨ ᠰᠢᠨ᠎ᠡ ᠵᠠᠭᠪᠤᠷ ᠢ ᠢᠳᠡᠪᠬᠢᠲᠡᠶ ᠪᠠᠷ ᠬᠠᠶᠢᠨ | ᠰᠦᠪᠡᠭᠴᠢᠯᠡᠵᠦ᠂ ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠬᠤᠷᠠᠮᠳᠤᠭᠤᠯᠬᠤ ᠳᠤ ᠬᠦᠴᠢᠷᠲᠡᠶ᠂ ᠪᠠᠯᠠ | ᠲᠣᠬᠢᠷᠠᠭᠤᠯᠬᠤ ᠳᠤ ᠦᠨᠡᠲᠡᠶ ᠪᠠᠶᠢᠬᠤ ᠠᠰᠠᠭᠤᠳᠠᠯ ᠢ ᠦᠨᠡᠨᠬᠦ ᠰᠢᠢᠳᠪᠤᠷᠢᠯᠡᠨ᠎ᠠ᠃ | ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠳᠠᠢ᠂ ᠤᠯᠠᠨ ᠶᠠᠩᠵᠤ ᠬᠡᠯᠪᠡᠷᠢ ᠲᠡᠰᠢ | ᠲᠡᠰ ᠲᠡᠪᠰᠢᠬᠦ ᠶᠢ ᠠᠬᠢᠭᠤᠯᠤᠨ᠎ᠠ᠃ ᠠᠳᠠᠯ ᠠᠬᠤᠶ ᠶᠢᠨ ᠬᠠᠮᠢᠶᠠᠷᠤᠯᠲᠠ ᠶᠢᠨ ᠶᠠᠰᠤ ᠴᠢᠨᠠᠷ ᠢ ᠲᠡᠭᠡᠭᠰᠢᠯᠡᠬᠦᠯᠵᠦ᠂ | ᠠᠳᠠᠯ ᠠᠬᠤᠢ ᠶᠢᠨ ᠬᠠᠮᠢᠶᠠᠷᠤᠯᠳᠠ ᠶᠢᠨ ᠶᠠᠰᠤ ᠴᠢᠨᠠᠷ ᠢ ᠲᠡᠭᠡᠭᠰᠢᠯᠡᠬᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠤᠨ᠂ | ᠣᠲᠣ ᠶᠢᠨ ᠪᠠᠶᠢᠭ᠎ᠠ ᠠᠳᠠᠯ ᠠᠬᠤᠶ ᠶᠢᠨ ᠺᠣᠮᠫᠠᠨᠢ ᠶᠢᠨ ᠦᠢᠯᠡᠴᠢᠯᠡᠬᠡᠨ ᠤ ᠠᠭᠤᠯᠭ᠎ᠠ᠂ ᠦᠢᠯᠡᠴᠢᠯᠡᠬᠡᠨ ᠤ | ᠪᠠᠷᠢᠮᠵᠢᠶ᠎ᠠ ᠶᠢ ᠲᠦᠷᠢᠮᠵᠢᠬᠦᠯᠦᠭᠰᠡᠨ ᠰᠠᠭᠤᠷᠢᠨ ᠳᠡᠭᠡᠷ᠎ᠡ᠂ ᠬᠠᠭᠤᠴᠢᠨ ᠰᠠᠭᠤᠭᠠᠯᠢ ᠲᠣᠭᠤᠷᠢᠭ ᠢ ᠦᠭᠡᠷᠡᠴᠢᠯᠡᠨ | ᠰᠢᠨᠡᠳᠬᠡᠬᠦ ᠢᠨᠵᠧᠨᠧᠷᠢᠩ ᠲᠠᠢ ᠤᠶᠠᠯᠳᠤᠭᠤᠯᠤᠨ᠂ ᠵᠠᠬ᠎ᠠ ᠳᠡᠯᠭᠡᠭᠦᠷᠴᠢᠯᠡᠨ ᠡᠵᠡᠩᠨᠡᠬᠦ ᠪᠠᠷ ᠳᠠᠮᠵᠢᠭᠤᠯᠤᠨ᠂ ᠲᠤᠰᠬᠠᠶ | ᠮᠡᠷᠭᠡᠵᠢᠯ ᠤᠨ ᠬᠢᠷᠢ ᠲᠦᠪᠰᠢᠨ ᠦᠡᠳᠤᠷ᠂ ᠦᠢᠯᠡᠴᠢᠯᠡᠬᠡᠨ ᠤ ᠶᠠᠰᠤ ᠴᠢᠨᠠᠷ ᠰᠢᠯᠢᠳᠡᠭ ᠠᠵᠤ ᠠᠬᠤᠶᠢᠯᠠᠯ ᠢ ᠤᠷᠢᠨ | ᠣᠷᠣᠭᠤᠯᠵᠤ᠂ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠦᠢᠯᠡᠴᠢᠯᠡᠬᠡᠨ ᠤ ᠲᠤᠰᠬᠠᠶᠢᠵᠢᠭᠰᠠᠨ | ᠬᠠᠮᠢᠶᠠᠷᠤᠯᠲᠠ ᠶᠢ ᠲᠦᠬᠡᠮᠡᠯᠵᠢᠬᠦᠯᠤᠨᠠ᠃ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠦᠢᠯᠡᠰ ᠢ ᠢᠳᠡᠪᠬᠢᠲᠡᠶ | ᠬᠥᠭᠵᠢᠭᠦᠯᠵᠦ᠂ ᠨᠠᠰᠤᠵᠢᠯ ᠂ ᠡᠮ ᠡᠮᠨᠡᠯᠭᠡ᠂ ᠴᠢᠯᠤᠬᠡᠳᠤ ᠳᠡᠯᠭᠡᠭᠦᠷ᠂ ᠠᠳᠠᠯ ᠠᠬᠤᠶ ᠶᠢᠨ ᠦᠢᠯᠡᠴᠢᠯᠡᠭᠡ ᠵᠡᠷᠭᠡ | ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠭᠤᠣᠯᠳᠠᠯᠭ᠎ᠠ ᠲᠠᠢ ᠲᠦᠯᠬᠢᠨ ᠠᠬᠢᠭᠤᠯᠵᠤ | ᠂ ︽ᠢᠨᠲ᠋ᠧᠷ ᠰᠦᠯᠵᠢᠶ᠎ᠡ +ᠤᠯᠠᠨ ᠨᠡᠶᠢᠲᠡ ᠶᠢᠨ ᠦᠢᠯᠡᠴᠢᠯᠡᠭᠡ︾ ᠶᠢᠨ ᠲᠠᠪᠴᠠᠩ ᠢ ᠪᠠᠶᠢᠭᠤᠯᠵᠤ᠂ ᠠᠷᠠᠳ ᠲᠤ | ᠲᠦᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ᠂ ᠨᠠᠰᠤᠳᠠᠶᠢᠴᠤᠳ ᠢ ᠠᠰᠠᠷᠠᠵᠦ ᠵᠡᠮᠳᠡᠭᠴᠦᠳ ᠢ ᠬᠠᠪᠰᠤᠷᠬᠤ | ᠂ ᠠᠶᠢᠯ ᠬᠥᠷᠰᠢ ᠬᠠᠷᠢᠯᠴᠠᠨ ᠬᠠᠪᠰᠤᠷᠤᠯᠴᠠᠬᠤ᠂ ᠨᠡᠶᠢᠭᠡᠮ ᠤᠨ ᠬᠠᠮᠢᠶᠠᠷᠤᠯᠲᠠ ᠵᠡᠷᠭᠡ ᠠᠷᠠᠳ ᠤᠨ ᠠᠮᠢᠳᠤᠷᠠᠯ ᠪᠠ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠢᠭᠡ ᠴᠤᠭᠴᠠᠵᠢᠭᠤᠯᠤᠭᠰᠠᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ | ᠲᠤᠭᠳᠠᠯᠴᠠᠭ᠎ᠠ ᠶᠢ ᠪᠦᠷᠢᠯᠳᠦᠭᠦᠯᠵᠦ᠂ ᠰᠠᠭᠤᠭᠠᠯᠢ ᠠᠷᠠᠳ ᠲᠤ ᠨᠡᠩ ᠳᠥᠭᠦᠮ ᠳᠥᠲᠡ ᠦᠢᠯᠡᠴᠢᠯᠡᠭᠡ ᠬᠠᠩᠭᠠᠨ᠎ᠠ᠃ | ᠰᠢᠨ᠎ᠡ ᠬᠡᠯᠪᠡᠷᠢ ᠶᠢᠨ ᠠᠷᠠᠯᠵᠢᠶ᠎ᠠ ᠬᠤᠳᠠᠯᠳᠤᠭᠠᠨ ᠤ ᠬᠦᠢᠯᠬᠡᠬᠡᠨ ᠤ ᠦᠢᠯᠡᠰ ᠢ ᠬᠥᠭᠵᠢᠭᠦᠯᠵᠦ᠂ ᠬᠡᠯᠬᠢᠶᠡᠵᠢᠭᠰᠡᠨ | ᠡᠵᠡᠩᠨᠡᠯᠳᠡ᠂ ᠣᠨᠴᠠ ᠵᠥᠪᠰᠢᠶᠡᠷᠡᠯ ᠪᠦᠬᠦᠢ ᠡᠵᠡᠩᠨᠡᠯᠳᠡ᠂ ᠬᠥᠮᠥᠷᠭᠡᠯᠡᠨ ᠬᠠᠳᠠᠭᠠᠯᠠᠬᠤ ᠬᠠᠮ ᠵᠠᠬ᠎ᠠ᠂ | ᠬᠦᠢᠯᠬᠡᠬᠡᠨ ᠳᠤ ᠳᠣᠭᠢᠷᠠᠭᠤᠯᠤᠨ ᠬᠦᠷᠭᠡᠬᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ | ᠠᠭᠤᠰᠤᠯᠴᠠᠭᠤᠯᠤᠨ ᠬᠥᠭᠵᠢᠭᠦᠯᠬᠦ ᠶᠢ ᠵᠣᠷᠢᠭᠵᠢᠭᠤᠯᠵᠤ᠂ ᠲᠥᠬᠦᠮ ᠳᠡᠯᠭᠡᠭᠦᠷ᠂ ᠳᠤᠮᠳᠠ ᠵᠢᠵᠢᠭ ᠴᠢᠯᠤᠬᠡᠳᠤ | ᠳᠡᠯᠭᠡᠭᠦᠷ ᠤᠨ ᠮᠠᠯᠵᠢᠬᠤ ᠣᠷᠣᠨ ᠳᠠᠰᠢ ᠥᠷᠭᠡᠳᠬᠦ ᠶᠢ ᠳᠡᠮᠵᠢᠵᠦ᠂ ᠮᠠᠯᠵᠢᠬᠤ ᠣᠷᠣᠨ ᠤ ᠬᠡᠷᠡᠭᠯᠡᠭᠡᠨ ᠤ ᠵᠠᠬ᠎ᠠ | ᠳᠡᠯᠭᠡᠭᠦᠷ ᠢ ᠥᠷᠭᠡᠳᠬᠡᠨ᠎ᠡ᠃ ᠠᠪᠠᠭ᠎ᠠ ᠠᠭᠤᠳᠠᠮ ᠲᠠᠯᠠᠪᠠᠶ ᠶᠢᠨ ᠰᠣᠶᠣᠯ ᠪᠡᠶ᠎ᠡ ᠲᠠᠮᠢᠷ ᠰᠡᠯᠡᠭᠦᠴᠡᠯ ᠤᠨ ᠴᠢᠳᠠᠪᠬᠢ ᠶᠢ | ᠠᠰᠢᠭᠯᠠᠨ᠂ ᠰᠦᠯᠵᠢᠶᠠᠨ ᠤ ᠠᠷᠠᠯᠵᠢᠶ᠎ᠠ᠂ ᠢᠳᠡᠭᠡᠨ ᠤᠮᠳᠠᠭᠠᠨ ᠪᠠᠷᠠᠭ᠎ᠠ᠂ ᠰᠡᠯᠡᠭᠦᠴᠡᠯ ᠰᠣᠶᠣᠯ ᠢ ᠨᠢᠭᠡ | ᠴᠤᠭᠴᠠᠵᠢᠭᠤᠯᠤᠭᠰᠠᠨ ᠤᠨᠴᠠᠯᠢᠭᠳᠤ ᠵᠡᠭᠡᠯᠢ ᠲᠣᠭᠤᠷᠢᠭ ᠢ ᠪᠠᠶᠢᠭᠤᠯᠤᠨ᠎ᠠ᠃ ᠬᠤᠭᠤᠯᠠ ᠤᠮᠳ᠋ᠨ ᠬᠤᠨᠤᠭ | ᠪᠠᠭᠤᠳᠠᠯ ᠤᠨ ᠦᠢᠯᠡᠰ ᠤᠨ ᠭᠥᠯᠢᠶᠡᠨ ᠵᠤᠴᠢᠯᠠᠬᠤ ᠴᠢᠳᠠᠪᠤᠷᠢ ᠶᠢᠨ ᠬᠢᠷᠢ ᠲᠦᠪᠰᠢᠨ ᠢ ᠶᠡᠬᠡᠪᠡᠷ ᠳᠡᠭᠡᠭᠰᠢᠯᠡᠭᠦᠯᠵᠦ᠂ | ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠨ᠂ ᠬᠢᠮᠳᠠ᠂ ᠲᠠᠭᠠᠯᠠᠮᠵᠢᠲᠠᠶ᠂ ᠲᠦᠷᠭᠡᠨ ᠪᠠᠶᠢᠬᠤ ᠪᠠᠷᠢᠮᠵᠢᠶ᠎ᠠ | ᠶᠣᠰᠣᠭᠠᠷ᠂ ᠬᠤᠭᠤᠯᠠ ᠤᠮᠳ᠋ᠨ ᠬᠤᠨᠤᠭ ᠪᠠᠭᠤᠳᠠᠯ ᠤᠨ ᠦᠢᠯᠡᠰ ᠢ ᠲᠠᠰ ᠳᠡᠪᠰᠢᠭᠦᠯᠬᠦ ᠶᠠᠪᠤᠴᠠ ᠶᠢ ᠠᠬᠢᠭᠤᠯᠤᠨ᠎ᠠ᠃ | ᠠᠵᠤ ᠠᠬᠤᠶᠢᠯᠠᠯ ᠢ ᠢᠳᠡᠪᠬᠢᠲᠡᠶ ᠪᠠᠷ ᠤᠷᠢᠨ ᠤᠷᠤᠭᠤᠯᠵᠦ᠂ ᠰᠤᠯᠠ ᠪᠠᠶᠢᠭ᠎ᠠ ᠡᠬᠢ ᠪᠠᠶᠠᠯᠢᠭ ᠢ ᠠᠰᠢᠭᠯᠠᠯᠳᠠ ᠳᠤ | ᠤᠷᠤᠭᠤᠯᠬᠤ ᠶᠢ ᠲᠦᠷᠬᠡᠳᠬᠡᠨ᠂ ᠠᠪᠠᠭ᠎ᠠ ᠰᠣᠶᠣᠯ ᠤᠨ ᠭᠤᠤᠯ ᠰᠡᠳᠦᠪᠲᠦ ᠪᠠᠭᠤᠳᠠᠯ 1 ᠶᠢ ᠴᠤᠭᠴᠠᠯᠠᠵᠤ᠂ | ᠠᠷᠠᠯᠵᠢᠶᠠᠨ ᠤ ᠶᠠᠪᠤᠳᠠᠯ ᠤᠨ ᠭᠥᠯᠢᠶᠡᠨ ᠵᠤᠴᠢᠯᠠᠬᠤ ᠬᠢᠷᠢ ᠲᠦᠪᠰᠢᠨ ᠢ ᠪᠥᠬᠦ ᠬᠦᠴᠦᠨ ᠢᠶᠠᠷ ᠳᠡᠭᠡᠭᠰᠢᠯᠡᠭᠦᠯᠦᠨ᠎ᠡ᠃ | — ᠠᠷᠡᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯᠳᠡ ᠶᠢ ᠢᠮᠠᠭᠲᠠ ᠪᠠᠷᠢᠮᠲᠠᠯᠠᠵᠤ᠂ | ᠰᠠᠭᠤᠷᠢ ᠲᠥᠬᠦᠭᠡᠷᠦᠮᠵᠢ᠂ ᠤᠯᠠᠨ ᠨᠡᠶᠢᠲᠡ ᠶᠢᠨ ᠦᠢᠯᠡᠴᠢᠯᠡᠭᠡ᠂ ᠬᠤᠳᠠ ᠪᠠᠯᠭᠠᠰᠤᠨ ᠤ ᠴᠢᠳᠠᠪᠬᠢ᠂ ᠣᠷᠣᠰᠢᠨ | ᠰᠠᠭᠤᠷᠢᠰᠢᠬᠤ ᠣᠷᠴᠢᠨ ᠲᠣᠭᠤᠷᠢᠨ᠂ ᠨᠡᠶᠢᠭᠡᠮ ᠤᠨ ᠪᠠᠲᠤᠯᠠᠭ᠎ᠠ᠂ ᠦᠨᠳᠦᠰᠦᠨ ᠱᠠᠲᠤᠨ ᠤ ᠵᠠᠰᠠᠯᠲᠠ᠂ ᠠᠵᠤ | ᠦᠢᠯᠡᠰ ᠤᠨ ᠬᠥᠭᠵᠢᠯᠲᠡ ᠶᠢᠨ ᠳᠤᠲᠠᠭᠤᠳᠠᠯ ᠢ ᠨᠥᠬᠦᠪᠥᠷᠢᠯᠡᠵᠦ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ | ᠪᠣᠯᠤᠨ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠤᠯᠠᠨ ᠲᠠᠯ᠎ᠠ ᠠᠴᠠ ᠲᠡᠰ | ᠲᠠᠷᠠᠭ᠎ᠠ ᠲᠠᠢ ᠪᠠᠷ ᠨᠢᠭᠡᠳᠦᠯᠲᠡᠢ ᠲᠥᠯᠥᠪᠵᠢᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ | ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠦᠨᠡᠨᠬᠦ | ᠨᠡᠮᠡᠭᠳᠡᠭᠦᠯᠦᠨ᠎ᠡ᠃ | ᠨᠢᠭᠡ ᠳᠤ᠂ ᠰᠠᠭᠤᠷᠢ ᠲᠦᠭᠦᠭᠡᠷᠦᠮᠵᠢ ᠶᠢ ᠪᠦᠷᠢᠡᠰᠢᠬᠦᠯᠤᠨ᠎ᠠ᠃ | ᠤᠰᠤᠨ ᠠᠰᠢᠭᠯᠠᠯᠲᠠ ᠶᠢᠨ ᠲᠠᠯ᠎ᠠ ᠪᠠᠷ᠂ ᠪᠡᠯᠭᠦᠳᠡᠢ ᠪᠠᠯᠭᠠᠰᠣᠨ ᠤ ᠤᠰᠤᠨ ᠰᠤᠷᠪᠤᠯᠵᠢ ᠶᠢᠨ ᠬᠤᠳᠳᠤᠭ ᠢ | ᠬᠤᠯᠪᠤᠬᠤ᠂ ᠲᠤᠤᠷ ᠬᠤᠭᠤᠯᠠᠢ ᠶᠢ ᠤᠷᠳᠤᠳᠬᠠᠨ ᠦᠭᠡᠷᠡᠴᠢᠯᠡᠬᠦ ᠪᠠ ᠪᠣᠰᠤᠳ ᠰᠣᠮᠣ ᠪᠠᠯᠭᠠᠰᠣᠨ ᠤ ᠲᠦᠬᠡᠬᠡᠯ | ᠤᠰᠤ ᠬᠠᠩᠭᠠᠬᠤ ᠢᠨᠵᠧᠨᠧᠷᠢᠭ ᠢ ᠲᠦᠷᠭᠡᠳᠬᠡᠨ ᠠᠬᠢᠭᠤᠯᠵᠤ᠂ ᠤᠰᠤ ᠤᠮᠳᠠ ᠶᠢᠨ ᠠᠮᠤᠷ ᠲᠥᠪᠰᠢᠨ ᠢ | ᠪᠠᠬᠢᠵᠢᠭᠦᠯᠦᠨ ᠳᠡᠭᠡᠭᠰᠢᠯᠡᠬᠦᠯᠬᠦ ᠢᠨᠵᠧᠨᠧᠷᠢᠭ ᠢ ᠭᠦᠨᠵᠡᠭᠡᠢ ᠲᠥᠯᠬᠢᠨ ᠠᠬᠢᠭᠤᠯᠵᠤ᠂ ︽ᠤᠰᠤ ᠲᠡᠭᠡᠭᠡᠪᠦᠷᠢᠯᠡᠬᠦ ᠤᠰᠤ | ᠬᠠᠳᠠᠭᠠᠯᠠᠬᠤ ᠲᠦᠬᠦᠭᠡᠷᠦᠮᠵᠢ᠂ ᠤᠰᠤ ᠴᠡᠪᠡᠷᠰᠢᠭᠦᠯᠬᠦ᠂ ᠤᠰᠤᠨ ᠤ ᠴᠢᠨᠠᠷ ᠢ ᠪᠡᠷᠢᠮᠵᠢᠶᠠᠨ ᠳᠤ ᠬᠦᠷᠭᠡᠬᠦ᠂ ᠤᠰᠤ | ᠲᠠᠲᠠᠵᠤ ᠤᠰᠤ ᠬᠠᠩᠭᠠᠬᠤ ᠶᠢ ᠠᠦ᠋ᠲ᠋ᠤᠴᠢᠯᠠᠬᠤ︾ ᠵᠡᠷᠭᠡ ᠤᠰᠤᠨ ᠠᠰᠢᠭᠯᠠᠯᠲᠠ ᠶᠢᠨ ᠢᠵᠢ ᠪᠦᠷᠢᠳᠦᠭᠰᠡᠨ ᠲᠦᠷᠦᠯ | ᠵᠦᠢᠯ ᠢ ᠬᠡᠷᠡᠭᠵᠢᠭᠦᠯᠵᠦ᠂ ᠮᠠᠯᠵᠢᠬᠤ ᠤᠷᠤᠨ ᠳᠤ 387 ᠬᠤᠳᠳᠤᠭ ᠰᠢᠨ᠎ᠠ ᠪᠠᠷ ᠮᠠᠯᠳᠠᠵᠤ᠂ 200 ᠰᠠᠤᠷᠢ ᠤᠰᠤ | ᠬᠠᠳᠠᠭᠠᠯᠠᠬᠤ ᠵᠤᠭᠤᠷᠢ ᠶᠢ ᠰᠢᠨ᠎ᠡ ᠪᠠᠷ ᠪᠠᠶᠢᠭᠤᠯᠤᠨ᠂ 3000 ᠡᠷᠦᠭᠡ ᠳᠤ ᠠᠦ᠋ᠲ᠋ᠤᠴᠢᠯᠠᠭᠰᠡᠨ ᠤᠰᠤ ᠲᠠᠲᠠᠬᠤ | ᠲᠦᠭᠦᠭᠡᠷᠦᠮᠵᠢ ᠶᠢ ᠤᠭᠰᠠᠷᠠᠨ᠎ᠠ᠃ ᠴᠠᠬᠢᠯᠭᠠᠨ ᠬᠦᠴᠦᠨ ᠤ ᠲᠠᠯ᠎ᠠ ᠪᠠᠷ᠂ ᠰᠢᠨ᠎ᠡ ᠨᠢᠭᠡ ᠡᠭᠡᠯᠵᠢ ᠶᠢᠨ ᠮᠠᠯᠵᠢᠬᠤ | ᠤᠷᠤᠨ ᠤ ᠴᠠᠬᠢᠯᠭᠠᠨ ᠲᠤᠤᠷ ᠢ ᠲᠡᠰ ᠳᠡᠪᠰᠢᠭᠦᠯᠦᠨ ᠦᠭᠡᠷᠡᠴᠢᠯᠡᠬᠦ ᠠᠬᠢᠴᠠ ᠶᠢ ᠲᠦᠷᠬᠡᠳᠬᠡᠨ᠂ ᠬᠦᠴᠦᠳᠡᠯ | ᠦᠭᠡᠷᠡᠴᠢᠯᠡᠬᠦ ᠥᠷᠳᠡᠭᠡ ᠶᠢᠨ ᠭᠤᠣᠯ ᠬᠤᠪᠢᠰᠬᠠᠭᠴᠢ ᠶᠢ ᠦᠷᠭᠡᠳᠬᠡᠨ ᠪᠠᠶᠢᠭᠤᠯᠬᠤ ᠵᠢᠴᠢ ᠢᠵᠢ ᠪᠦᠷᠢᠳᠦᠭᠰᠡᠨ | ᠴᠠᠬᠢᠯᠭᠠᠨ ᠬᠦᠷᠭᠡᠬᠦ ᠢᠡᠵᠧᠨᠧᠷᠢᠩ 4 ᠶᠢ ᠬᠡᠷᠡᠭᠵᠢᠭᠦᠯᠵᠦ᠂ 1 ᠵᠤᠷᠪᠤᠰ ᠴᠠᠬᠢᠯᠭᠠᠨ ᠬᠦᠷᠭᠡᠬᠦ ᠱᠤᠭᠤᠮ ᠢ | ᠰᠢᠨ᠎ᠡ ᠪᠠᠷ ᠪᠠᠶᠢᠭᠤᠯᠵᠤ᠂ 20 ᠵᠢᠯ ᠠᠴᠠ ᠲᠡᠬᠡᠭᠰᠢ ᠬᠤᠭᠤᠴᠠᠭ᠎ᠠ ᠲᠠᠢ ᠪᠤᠯᠤᠭᠰᠡᠨ ᠴᠠᠬᠢᠯᠭᠠᠨ ᠱᠣᠭᠤᠮ ᠢ 7 | ᠵᠤᠷᠪᠤᠰ ᠦᠭᠡᠷᠡᠴᠢᠯᠡᠨ ᠰᠠᠶᠢᠵᠢᠷᠠᠭᠤᠯᠵᠤ᠂ ︽ᠠᠷᠪᠡᠨ ᠲᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ | ᠰᠢᠨ᠎ᠡ ᠡᠨᠧᠷᠬᠢ ᠠᠴᠠ ᠴᠠᠬᠢᠯᠭᠠᠨ ᠲᠤᠤᠷ ᠲᠤ ᠰᠢᠯᠵᠢᠬᠦᠯᠬᠦ ᠪᠡᠯᠡ ᠤᠷᠤᠭᠤᠯᠤᠯᠲᠠ ᠶᠢᠨ ᠨᠦᠬᠦᠴᠡᠯ ᠳᠤ ᠨᠡᠶᠢᠴᠡᠬᠦ | ᠮᠠᠯᠵᠢᠬᠤ ᠡᠷᠦᠬᠡ ᠪᠦᠬᠦᠨ ᠳᠤ ᠴᠠᠬᠢᠯᠭᠠᠨ ᠨᠡᠪᠳᠡᠷᠡᠭᠦᠯᠬᠦ ᠪᠠᠷ ᠴᠢᠷᠮᠠᠶᠢᠵᠤ᠂ ᠴᠠᠬᠢᠯᠭᠠᠨ ᠨᠠᠪᠳᠠᠷᠡᠬᠦᠯᠵᠤ ᠲᠠᠶᠢᠯᠬᠦ | ᠦᠭᠡᠢ ᠮᠠᠯᠵᠢᠬᠤ ᠡᠷᠦᠬᠡ ᠳᠤ ᠶᠡᠭᠡ ᠪᠠᠭᠲᠠᠭᠠᠮᠵᠢᠲᠤ ᠨᠠᠷᠠ ᠰᠠᠯᠬᠢ ᠬᠠᠷᠢᠯᠴᠠᠨ ᠨᠦᠬᠦᠪᠤᠷᠢᠯᠡᠭᠰᠡᠨ ᠲᠦᠬᠦᠭᠡᠷᠦᠮᠵᠢ | ᠲᠡᠯᠬᠡᠷᠡᠬᠦᠯᠬᠦ ᠶᠢ ᠲᠠᠮᠵᠢᠵᠤ᠂ ᠭᠠᠵᠠᠷ ᠤᠷᠤᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠡᠨᠧᠷᠬᠢ ᠶᠢᠨ | ᠲᠦᠭᠦᠭᠡᠷᠦᠮᠵᠢ ᠶᠢ ᠲᠡᠰ ᠳᠡᠪᠰᠢᠭᠦᠯᠦᠨ ᠦᠭᠡᠷᠡᠴᠢᠯᠡᠬᠦ ᠠᠰᠠᠭᠤᠳᠠᠯ ᠢ ᠰᠢᠢᠳᠪᠤᠷᠢᠯᠡᠨ᠎ᠠ᠃ ᠵᠠᠮ ᠬᠠᠷᠢᠯᠴᠠᠭᠠᠨ ᠤ | ᠲᠠᠯ᠎ᠠ ᠪᠠᠷ᠂ ᠬᠤᠲᠠ ᠬᠦᠳᠡᠭᠡ ᠶᠢᠨ ᠵᠠᠮ ᠬᠠᠷᠢᠯᠴᠠᠭ᠎ᠠ ᠶᠢ ᠨᠢᠭᠡ ᠴᠤᠭᠴᠠᠵᠢᠭᠤᠯᠤᠨ ᠬᠦᠭᠵᠢᠭᠦᠯᠬᠦ ᠶᠢ ᠲᠥᠯᠬᠢᠨ | ᠠᠬᠢᠭᠤᠯᠵᠤ᠂ ᠰᠣᠮᠣ ᠭᠠᠴᠠᠭᠠᠨ ᠳᠤ ᠨᠠᠪᠳᠠᠷᠡᠬᠦ ᠵᠠᠰᠠᠮᠠᠯ ᠵᠠᠮ ᠢ ᠤᠯᠠᠮ ᠴᠢᠨᠠᠭᠰᠢᠳᠠ ᠰᠠᠶᠢᠵᠢᠷᠠᠭᠤᠯᠬᠤ ᠪᠠᠷ ᠭᠤᠤᠯ | ᠬᠠᠷᠠᠯᠳᠠ ᠪᠠᠨ ᠪᠤᠯᠭᠠᠨ᠂ ᠵᠠᠮ ᠱᠤᠭᠤᠮ ᠤᠨ ᠪᠦᠳᠤᠴᠠ ᠶᠢ ᠤᠯᠠᠮ ᠰᠢᠯᠢᠳᠡᠭᠵᠢᠬᠦᠯᠵᠤ᠂ ᠵᠠᠰᠠᠮᠠᠯ ᠵᠠᠮ ᠤᠨ ᠲᠦᠷᠤᠯ | ᠵᠥᠢᠯ ᠤᠨ ᠬᠦᠮᠦᠷᠭᠡ ᠶᠢᠨ ᠪᠠᠶᠢᠭᠤᠯᠣᠯᠲᠠ ᠶᠢ ᠴᠢᠩᠭᠠᠳᠬᠠᠨ᠂ ᠲᠡᠭᠡᠲᠦ ᠱᠠᠳᠤᠨ ᠤ ᠪᠡᠯᠡ ᠮᠦᠩᠭᠦ ᠶᠢ ᠢᠳᠡᠪᠬᠢᠲᠡᠢ | ᠡᠷᠡᠮᠡᠯᠵᠡᠯᠡᠨ ᠣᠯᠵᠤ᠂ 331 ᠤᠯᠤᠰ ᠤᠨ ᠲᠠᠰ ᠤᠨ ᠵᠠᠮ᠂ ᠠᠯᠲᠠᠨᠬᠠᠩᠭᠠᠢ ᠠᠴᠠ ᠴᠠᠭᠠᠨᠨᠠᠭᠤᠷ ᠬᠦᠷᠬᠦ ᠴᠠᠬᠢᠯᠭᠠᠨ | ᠦᠢᠯᠡᠳᠪᠤᠷᠢ ᠶᠢᠨ ᠵᠠᠮ ᠢ ᠲᠡᠰ ᠳᠠᠪᠰᠢᠭᠦᠯᠦᠨ ᠦᠭᠡᠷᠡᠴᠢᠯᠡᠨ ᠪᠠᠶᠢᠭᠤᠯᠤᠨ᠎ᠠ᠃ ᠬᠤᠲᠠ ᠪᠠᠯᠭᠠᠰᠣᠨ ᠤ ᠵᠠᠮ ᠤᠨ | ᠵᠠᠰᠠᠯᠲᠠ ᠬᠠᠮᠠᠭᠠᠯᠠᠯᠲᠠ ᠶᠢᠨ ᠡᠷᠴᠢᠮ ᠢ ᠴᠢᠩᠭᠠᠳᠬᠠᠵᠤ᠂ ᠡᠪᠳᠡᠷᠡᠭᠰᠡᠨ ᠵᠠᠮ ᠤᠨ ᠭᠠᠳᠠᠷᠭᠤ ᠶᠢ 10 ᠲᠥᠮᠡᠨ | ᠲᠡᠭᠰᠢ ᠲᠥᠷᠪᠡᠯᠵᠢᠨ ᠮᠧᠲᠷ ᠰᠢᠨᠡᠳᠬᠡᠨ ᠲᠠᠪᠢᠰᠤᠨᠠ︔ ᠵᠠᠰᠠᠮᠠᠯ ᠵᠠᠮ ᠤᠨ ᠬᠠᠮᠠᠭᠠᠯᠠᠯᠲᠠ ᠶᠢᠨ ᠡᠷᠴᠢᠮ ᠢᠶᠠᠨ | ᠴᠢᠩᠭᠠᠳᠬᠠᠵᠤ᠂ ᠪᠠᠷᠢᠮᠵᠢᠶᠠᠨ ᠠᠴᠠ ᠬᠡᠳᠤᠷᠡᠬᠦᠯᠤᠨ ᠲᠡᠭᠡᠭᠡᠪᠤᠷᠢᠯᠡᠬᠦ ᠶᠢ ᠰᠢᠯᠭᠠᠨ ᠪᠠᠶᠢᠴᠠᠭᠠᠬᠤ ᠦᠷᠲᠡᠭᠡ ᠶᠢᠨ | ᠪᠠᠶᠢᠭᠤᠯᠤᠯᠳᠠ ᠶᠢ ᠴᠢᠩᠭᠠᠳᠬᠠᠨ᠂ ᠨᠦᠬᠦᠴᠠᠯ ᠮᠠᠭᠤᠳᠡᠢ ᠵᠠᠮ ᠱᠤᠭᠤᠮ ᠢ ᠬᠦᠴᠤᠯᠠᠨ ᠰᠠᠶᠢᠵᠢᠷᠠᠭᠤᠯᠤᠨ᠎ᠠ᠃ | ᠴᠢᠮᠡᠭᠡ ᠬᠤᠯᠪᠤᠭ᠎ᠠ ᠶᠢᠨ ᠲᠠᠯ᠎ᠠ ᠪᠠᠷ᠂ ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡ᠂ ᠤᠶᠤᠨᠲᠤ ᠷᠠᠳᠢᠤ᠋ | ᠲᠧᠯᠸᠢᠰ ᠢᠶᠠᠷ ᠬᠢᠯᠢ ᠬᠢᠵᠠᠭᠠᠷ ᠢ ᠪᠠᠬᠢᠵᠢᠬᠦᠯᠬᠦ᠂ ᠷᠠᠳᠢᠤ᠋ ᠲᠧᠯᠸᠢᠰ ᠤᠨ ᠰᠦᠯᠵᠢᠶ᠎ᠡ ᠶᠢᠨ ᠣᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡ ᠶᠢ ᠡᠷᠦᠬᠡ ᠳᠤ ᠤᠷᠤᠭᠤᠯᠬᠤ ᠢᠡᠵᠧᠨᠧᠷᠢᠩ ᠪᠠ ᠮᠠᠯᠵᠢᠬᠤ ᠤᠷᠤᠨ ᠤ ᠴᠢᠮᠡᠭᠡ | ᠨᠠᠪᠳᠠᠷᠠᠬᠦᠯᠬᠡ ᠶᠢᠨ ᠪᠠᠲᠤᠯᠠᠭ᠎ᠠ ᠶᠢᠨ ᠢᠡᠵᠧᠨᠧᠷᠢᠩ ᠢ ᠬᠡᠷᠡᠭᠵᠢᠭᠦᠯᠵᠦ᠂ 4G ᠰᠠᠭᠤᠷᠢ ᠥᠷᠳᠡᠭᠡ 41 ᠶᠢ | ᠪᠠᠶᠢᠭᠤᠯᠵᠤ᠂ 5G ᠰᠠᠭᠤᠷᠢ ᠥᠷᠲᠡᠭᠡ 120 ᠶᠢ ᠨᠠᠪᠳᠠᠷᠠᠬᠦᠯᠤᠨ᠂ ᠬᠤᠶᠢᠳᠤ ᠪᠠᠶ᠎ᠠ ᠶᠢᠨ ᠬᠢᠯᠢ ᠶᠢᠨ ᠭᠠᠴᠠᠭᠠᠨ ᠤ | ᠴᠢᠮᠡᠭᠡ ᠨᠠᠪᠳᠠᠷᠠᠬᠦᠯᠬᠡ ᠶᠢᠨ ᠲᠤᠬᠢᠶ᠎ᠠ ᠠᠨᠠᠢ ᠪᠠ ᠡᠮᠦᠨᠡᠲᠦ ᠪᠠᠶ᠎ᠠ ᠶᠢᠨ ᠡᠯᠡᠰᠦᠷᠭᠡᠭ ᠭᠠᠵᠠᠷ ᠤᠨ ᠮᠠᠯᠴᠢᠨ ᠡᠷᠦᠬᠡ ᠶᠢᠨ | ᠴᠢᠮᠡᠭᠡ ᠨᠠᠪᠳᠠᠷᠡᠬᠦᠯᠬᠡ ᠶᠢᠨ ᠪᠦᠷᠬᠦᠴᠠ ᠶᠢᠨ ᠨᠤᠷᠮ᠎ᠠ ᠲᠤᠤᠷ᠎ᠠ ᠪᠠᠶᠢᠭ᠎ᠠ ᠠᠰᠠᠭᠤᠳᠠᠯ ᠢ ᠠᠯᠬᠤᠮ ᠠᠯᠬᠤᠮ ᠢᠶᠠᠷ | ᠰᠠᠶᠢᠵᠢᠷᠠᠭᠤᠯᠤᠨ᠎ᠠ᠃ ᠳᠤᠯᠠᠭᠠᠯᠭ᠎ᠠ ᠶᠢᠨ ᠲᠠᠯ᠎ᠠ ᠪᠠᠷ᠂ ᠬᠤᠲᠠ ᠪᠠᠯᠭᠠᠰᠣᠨ ᠤ ᠳᠣᠯᠠᠭᠠᠯᠭ᠎ᠠ ᠬᠠᠩᠭᠠᠬᠤ ᠶᠢ | ᠪᠠᠲᠤᠯᠠᠬᠤ ᠴᠢᠳᠠᠪᠬᠢ ᠶᠢ ᠳᠡᠭᠡᠭᠰᠢᠯᠡᠭᠦᠯᠵᠦ᠂ ᠨᠢᠬᠡᠳᠤᠯᠳᠡᠢ ᠳᠣᠯᠠᠭᠠᠯᠭ᠎ᠠ ᠬᠠᠩᠭᠠᠬᠤ ᠬᠦᠸᠧᠯᠦ ᠶᠢᠨ ᠮᠡᠷᠭᠡᠵᠢᠯ ᠤᠨ | ᠦᠭᠡᠷᠡᠴᠢᠯᠡᠯᠲᠡ᠂ ᠬᠤᠲᠠ ᠪᠠᠯᠭᠠᠰᠣᠨ ᠤ ᠳᠣᠯᠠᠭᠠᠯᠭ᠎ᠠ ᠬᠠᠩᠭᠠᠬᠤ ᠲᠤᠤᠷ ᠬᠤᠭᠤᠯᠠᠢ ᠶᠢᠨ ᠦᠭᠡᠷᠡᠴᠢᠯᠡᠯᠲᠡ ᠵᠡᠷᠭᠡ | ᠢᠨᠵᠧᠨᠧᠷᠢᠭ ᠢ ᠦᠷᠨᠢᠭᠦᠯᠵᠦ᠂ 58.2 ᠺᠢᠯᠤᠮᠧᠲᠷ ᠳᠣᠯᠠᠭᠠᠯᠭ᠎ᠠ ᠬᠠᠩᠭᠠᠬᠤ ᠲᠤᠤᠷ ᠬᠤᠭᠤᠯᠠᠢ ᠶᠢ ᠦᠭᠡᠷᠡᠴᠢᠯᠡᠨ | ᠵᠠᠰᠠᠨ᠎ᠠ᠃ ᠮᠠᠯᠵᠢᠬᠤ ᠤᠷᠤᠨ ᠤ ᠠᠷᠢᠭᠤᠨ ᠴᠡᠪᠡᠷ ᠳᠣᠯᠠᠭᠠᠯᠭ᠎ᠠ ᠶᠢᠨ ᠲᠦᠷᠦᠯ ᠵᠦᠢᠯ ᠢ ᠢᠳᠡᠪᠬᠢᠲᠡᠢ ᠡᠷᠡᠮᠡᠯᠵᠡᠯᠡᠨ | ᠤᠯᠵᠤ᠂ ᠨᠢᠭᠡᠨᠲᠡ ᠴᠠᠬᠢᠯᠭᠠᠨ ᠨᠡᠪᠳᠡᠷᠡᠭᠰᠡᠨ ᠮᠠᠯᠵᠢᠬᠤ ᠡᠷᠦᠬᠡ ᠳᠤ ᠴᠠᠪᠡᠷ ᠡᠨᠧᠷᠬᠢ ᠶᠢᠨ ᠳᠣᠯᠠᠭᠠᠯᠭ᠎ᠠ ᠬᠠᠩᠭᠠᠬᠤ | ᠦᠭᠡᠷᠡᠴᠢᠯᠡᠯᠲᠡ ᠶᠢ ᠬᠡᠷᠡᠭᠵᠢᠭᠦᠯᠵᠦ᠂ ︽ᠠᠷᠪᠠᠨ ᠲᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ | ᠬᠤᠭᠤᠴᠠᠭᠠᠨ ᠳᠤ ᠴᠡᠪᠡᠷ ᠡᠨᠧᠷᠬᠢ ᠶᠢᠨ ᠲᠦᠬᠦᠭᠡᠷᠦᠮᠵᠢ ᠶᠢ 2000 ᠡᠷᠦᠬᠡ ᠳᠤ ᠣᠭᠰᠠᠷᠠᠬᠤ ᠪᠠᠷ ᠴᠢᠷᠮᠠᠶᠢᠨ᠎ᠠ᠃ | ᠬᠤᠶᠡᠷ ᠲᠤ᠂ ᠣᠯᠠᠨ ᠨᠡᠶᠢᠲᠡ ᠶᠢᠨ ᠦᠢᠯᠡᠴᠢᠯᠡᠬᠡᠨ ᠤ ᠴᠢᠨᠡᠷ ᠴᠢᠡᠰᠠᠭ᠎ᠠ ᠶᠢ ᠰᠢᠯᠢᠳᠡᠭᠵᠢᠬᠦᠯᠤᠨ᠎ᠠ᠃ | ᠰᠤᠷᠭᠠᠨ ᠬᠦᠮᠦᠵᠢᠯ ᠤᠨ ᠦᠢᠯᠡᠰ ᠢ ᠡᠩ ᠲᠡᠷᠢᠬᠦᠨ ᠳᠤ ᠬᠦᠭᠵᠢᠭᠦᠯᠵᠦ᠂ ᠠᠯᠪᠠᠨ ᠵᠢᠷᠤᠮ ᠤᠨ ᠱᠠᠳᠤᠨ ᠤ | ᠪᠠᠭᠤᠷᠠᠢ ᠭᠤᠭᠴᠤᠭ᠎ᠠ ᠶᠢ ᠰᠠᠶᠢᠵᠢᠷᠠᠭᠤᠯᠬᠤ ᠪᠠ ᠴᠢᠳᠠᠪᠬᠢ ᠶᠢ ᠲᠡᠬᠡᠭᠰᠢᠯᠡᠬᠦᠯᠬᠦ ᠲᠦᠯᠤᠪᠯᠡᠭᠡ ᠶᠢ ᠬᠦᠡᠵᠡᠬᠡᠶᠢᠷᠡᠬᠦᠯᠤᠨ | ᠬᠡᠷᠡᠭᠵᠢᠬᠦᠯᠵᠤ᠂ ᠮᠣᠩᠭᠤᠯ ᠦᠨᠳᠦᠰᠦᠲᠡᠨ ᠤ ᠲᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠵᠢᠴᠢ | ᠲᠠᠭᠠᠯᠳᠠ ᠢᠡᠵᠧᠨᠧᠷᠢᠩ᠂ ᠲᠥᠷᠪᠡᠨ ᠰᠣᠮᠣ ᠪᠠᠯᠭᠠᠰᠣᠨ ᠤ ᠬᠡᠣᠬᠡᠳ ᠤᠨ ᠴᠡᠴᠡᠷᠯᠢᠭ ᠪᠠ ᠰᠤᠷᠭᠠᠭᠤᠯᠢ ᠶᠢᠨ | ᠬᠦᠷᠢᠶᠡᠨ ᠤ ᠭᠡᠷ ᠪᠠᠶᠢᠰᠢᠩ ᠢ ᠰᠠᠯᠪᠢᠨ ᠵᠠᠰᠠᠵᠤ ᠦᠭᠡᠷᠡᠴᠢᠯᠡᠬᠦ ᠢᠡᠵᠧᠨᠧᠷᠢᠩ ᠢ ᠪᠡᠶᠡᠯᠡᠭᠦᠯᠦᠨ᠎ᠡ᠃ ᠠᠯᠪᠠᠨ | ᠵᠢᠷᠤᠮ ᠤᠨ ᠰᠤᠷᠭᠠᠨ ᠬᠦᠮᠦᠵᠢᠯ ᠤᠨ ︽ᠬᠤᠶᠠᠷ ᠢ ᠪᠠᠭᠠᠰᠬᠠᠬᠤ︾ ᠲᠦᠷᠦ ᠶᠢᠨ ᠪᠣᠳᠣᠯᠭ᠎ᠠ ᠶᠢ | ᠨᠡᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠥᠪᠰᠢᠨ ᠤ ᠬᠠᠮᠢᠶᠠᠷᠤᠯᠲᠠ ᠶᠢ ᠴᠢᠩᠭᠠᠳᠬᠠᠨ᠂ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠴᠢᠩᠭ᠎ᠠ ᠬᠠᠮᠢᠶᠠᠷᠴᠦ ᠲᠥᠷᠢᠮᠵᠢᠭᠦᠯᠦᠨᠡ᠃ | ᠭᠤᠷᠪᠠᠨ ᠲᠦᠷᠦᠯ ᠤᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠲᠡᠯᠬᠡᠷᠡᠬᠦᠯᠤᠨ | ᠬᠡᠷᠡᠭᠯᠡᠬᠦ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠡᠷ ᠪᠦᠯᠢ ᠶᠢᠨ ᠬᠦᠮᠦᠵᠢᠯ ᠤᠨ | ᠵᠢᠭᠠᠨ ᠵᠢᠯᠤᠭᠤᠳᠬᠤ ᠦᠷᠲᠡᠭᠡᠨ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠰᠤᠷᠭᠠᠭᠤᠯᠢ᠂ ᠭᠡᠷ ᠪᠦᠯᠢ ᠪᠠ | ᠨᠡᠶᠢᠭᠡᠮ ᠬᠠᠮᠳᠤᠷᠠᠨ ᠬᠦᠮᠦᠵᠢᠬᠦᠯᠬᠦ ᠵᠤᠬᠢᠴᠠᠮᠵᠢ ᠶᠢ ᠪᠦᠷᠢᠨᠰᠢᠭᠦᠯᠵᠦ᠂ ᠠᠷᠠᠳ ᠲᠥᠮᠡᠨ ᠤ ᠬᠠᠨᠤᠮᠵᠢᠲᠠᠢ ᠰᠤᠷᠭᠠᠨ | ᠬᠦᠮᠦᠵᠢᠯ ᠢ ᠴᠢᠷᠮᠠᠶᠢᠨ ᠡᠷᠬᠢᠯᠡᠵᠤ᠂ ᠤᠯᠤᠰ ᠤᠨ ᠠᠯᠪᠠᠨ ᠵᠢᠷᠤᠮ ᠤᠨ ᠰᠤᠷᠭᠠᠨ ᠬᠦᠮᠤᠵᠢᠯ ᠤᠨ ᠴᠢᠨᠠᠷ ᠰᠠᠶᠢᠳᠡᠢ᠂ | ᠲᠠᠩᠴᠠᠬᠦᠷᠢᠳᠡᠢ ᠬᠦᠭᠵᠢᠯᠳᠠ ᠶᠢᠨ ᠬᠢᠨᠡᠨ ᠰᠢᠯᠭᠠᠯᠳᠠ ᠳᠤ ᠬᠢᠷᠢ ᠲᠠᠩᠴᠠᠬᠦ ᠶᠢ ᠪᠠᠳᠤᠯᠠᠨ᠎ᠠ᠃ ︽ᠡᠷᠡᠭᠦᠯ ᠮᠡᠨᠳᠦ | ᠠᠪᠠᠭ᠎ᠠ︾ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠠᠶᠢᠮᠠᠭ ᠤᠨ ᠲᠥᠪ ᠡᠮᠨᠡᠯᠭᠡ ᠶᠢᠨ ᠬᠤᠷᠢᠶ᠎ᠠ ᠯᠤᠭ᠎ᠠ ᠶᠢᠨ | ᠪᠠᠶᠢᠯᠳᠣᠬᠤ ᠪᠣᠳᠣᠯᠭ᠎ᠠ ᠶᠢᠨ ᠬᠠᠮᠳᠤᠷᠠᠯᠴᠠᠭ᠎ᠠ ᠶᠢ ᠭᠦᠨᠵᠡᠭᠡᠶᠢᠷᠡᠭᠦᠯᠦᠨ᠂ ᠨᠢᠭᠲᠠ ᠬᠠᠮᠵᠢᠯᠴᠠᠬᠤ ᠬᠡᠯᠪᠡᠷᠢ ᠶᠢᠨ | ᠡᠮᠴᠢᠯᠡᠭᠡᠨ ᠤ ᠦᠢᠯᠡᠴᠢᠯᠡᠭᠡᠨ ᠤ ᠬᠤᠯᠪᠤᠭᠠᠲᠤ ᠴᠤᠭᠴᠠ ᠶᠢ ᠪᠠᠶᠢᠭᠤᠯᠤᠨ᠎ᠠ᠃ ᠮᠤᠩᠭᠤᠯ ᠡᠮ ᠡᠮᠨᠡᠯᠭᠡ ᠶᠢ | ᠣᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠶᠢ ᠠᠬᠢᠭᠤᠯᠵᠤ᠂ ᠤᠨᠴᠠᠯᠢᠭᠲᠤ ᠤᠨᠤᠰᠢᠯᠠᠨ ᠡᠮᠨᠡᠬᠦ | ᠦᠢᠯᠡᠴᠢᠯᠡᠭᠡᠨ ᠤ ᠲᠤᠭᠳᠠᠯᠴᠠᠭ᠎ᠠ ᠶᠢᠨ ᠪᠠᠶᠢᠭᠤᠯᠤᠯᠲᠠ ᠶᠢ ᠲᠦᠷᠭᠡᠳᠬᠡᠨ᠂ ᠬᠤᠰᠢᠭᠤ ᠮᠤᠩᠭᠤᠯ ᠡᠮᠨᠡᠯᠭᠡ ᠶᠢᠨ | ᠬᠤᠷᠢᠶᠠᠨ ᠤ ︽ᠡᠷᠡᠭᠦᠯᠵᠢᠯ ᠰᠣᠪᠢᠯᠠᠯᠲᠠ ᠶᠢ ᠤᠶᠠᠯᠳᠤᠭᠤᠯᠬᠤ︾ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ | ᠠᠬᠢᠭᠤᠯᠵᠤ᠂ ᠮᠡᠰᠡ ᠵᠠᠰᠠᠯ ᠤᠨ ᠳᠠᠷᠠᠭᠠᠬᠢ ᠡᠷᠡᠭᠦᠯᠵᠢᠯ ᠰᠣᠪᠢᠯᠠᠯᠲᠠ ᠶᠢᠨ ᠦᠢᠯᠡᠴᠢᠯᠡᠭᠡ ᠶᠢ ᠰᠦᠪᠡᠭᠴᠢᠯᠡᠨ | ᠦᠷᠨᠢᠬᠦᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠬᠤᠰᠢᠭᠤ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠦ ᠡᠪᠡᠳᠴᠢᠨ ᠤ ᠲᠤᠭᠤᠷᠢᠭ ᠢ ᠦᠷᠬᠡᠳᠬᠡᠨ | ᠪᠠᠶᠢᠭᠤᠯᠬᠤ ᠲᠦᠷᠤᠯ ᠵᠥᠢᠯ ᠪᠠ ᠮᠤᠩᠭᠤᠯ ᠡᠮᠨᠡᠯᠭᠡ ᠶᠢᠨ ᠬᠤᠷᠢᠶᠠᠨ ᠤ ᠪᠡᠷᠢᠮᠵᠢᠶ᠎ᠠ ᠶᠢ ᠳᠡᠭᠡᠭᠰᠢᠯᠡᠭᠦᠯᠦᠨ | ᠴᠢᠳᠠᠮᠵᠢ ᠶᠢ ᠦᠷᠭᠡᠳᠬᠡᠬᠦ ᠲᠦᠷᠦᠯ ᠵᠦᠢᠯ ᠤᠨ ᠪᠠᠶᠢᠭᠤᠯᠤᠯᠲᠠ ᠶᠢ ᠪᠠᠶᠡᠯᠡᠭᠦᠯᠵᠦ᠂ ᠰᠣᠮᠣ ᠪᠠᠯᠭᠠᠰᠣᠨ ᠤ | ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠬᠤᠷᠢᠶᠠᠨ ᠤ ᠪᠠᠶᠢᠭᠤᠯᠤᠯᠲᠠ ᠶᠢ ᠠᠬᠢᠭᠤᠯᠤᠨ᠎ᠠ᠃ ᠰᠤᠶᠤᠯ ᠪᠡᠶ᠎ᠡ | ᠲᠠᠮᠢᠷ ᠤᠨ ᠦᠢᠯᠡᠰ ᠤᠨ ᠬᠦᠭᠵᠢᠯᠲᠡ ᠶᠢ ᠲᠦᠷᠭᠡᠳᠬᠡᠨ᠂ ᠰᠤᠶᠤᠯ ᠢᠶᠠᠷ ᠠᠷᠠᠳ ᠲᠤ ᠠᠰᠢᠭ ᠬᠦᠷᠲᠡᠭᠡᠬᠦ | ᠢᠡᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ︽ᠰᠤᠶᠤᠯ ᠢ ᠬᠦᠳᠡᠭᠡ ᠪᠠᠭᠤᠯᠭᠠᠬᠤ︾ ᠪᠠ ᠰᠤᠶᠤᠯ ᠤᠨ ᠬᠠᠷᠢᠯᠴᠠᠭ᠎ᠠ | ᠰᠤᠯᠢᠯᠴᠠᠭ᠎ᠠ ᠶᠢ ᠯᠠᠪᠳᠠᠭᠤᠨ ᠪᠠᠲᠤᠳᠠᠢ ᠦᠷᠨᠢᠬᠦᠯᠵᠤ᠂ ︽ᠣᠯᠠᠭᠠᠨᠮᠦ᠋ᠴᠢᠷ +︾ ᠢᠶᠠᠷ ᠭᠤᠤᠯᠳᠠᠯᠭ᠎ᠠ ᠪᠣᠯᠭᠠᠭᠰᠠᠨ | ᠰᠢᠨ᠎ᠡ ᠴᠠᠭ ᠥᠶ᠎ᠡ ᠶᠢᠨ ᠪᠣᠯᠪᠠᠰᠣᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠤᠭᠳᠠᠯᠴᠠᠭ᠎ᠠ | ᠶᠢ ᠴᠤᠭᠴᠠᠯᠠᠨ᠎ᠠ᠃ ᠴᠢᠨᠠᠷ ᠴᠢᠡᠰᠠᠭ᠎ᠠ ᠲᠠᠢ ᠣᠳᠬ᠎ᠠ ᠣᠷᠠᠯᠢᠭ ᠤᠨ ᠪᠦᠳᠦᠭᠡᠯ ᠢ ᠵᠤᠬᠢᠶᠠᠨ ᠪᠦᠳᠤᠬᠡᠨᠠ᠃ ︽ | ᠲᠤᠯᠤᠭᠠᠨ ᠰᠠᠷ᠎ᠠ ᠶᠢᠨ ᠨᠢᠭᠡᠨ ᠤ ᠭᠠᠪᠢᠶᠠᠨ ᠲᠡᠮᠳᠡᠭ︾ ᠬᠥᠷᠲᠡᠭᠴᠢ ᠲᠢᠩ · ᠪᠠᠭᠠᠳᠣᠷ ᠤᠨ ᠲᠡᠷᠢᠬᠦᠨ ᠤ ᠦᠢᠯᠡ | ᠠᠵᠢᠯᠯᠠᠭ᠎ᠠ ᠪᠠᠷ ᠰᠡᠳᠦᠪᠯᠡᠭᠰᠡᠨ ᠣᠳᠬ᠎ᠠ ᠤᠷᠠᠯᠢᠭ ᠤᠨ ᠪᠦᠳᠦᠭᠡᠯ ᠢ ᠢᠳᠡᠪᠬᠢᠲᠡᠢ ᠨᠠᠶᠢᠷᠠᠭᠤᠯᠤᠨ ᠵᠤᠬᠢᠶᠠᠨᠡ᠃ | ᠴᠤᠭᠤᠷ ᠲᠠᠭᠤᠤ᠂ ᠬᠠᠷ᠎ᠠ ᠠᠳᠣᠭᠤᠨ ᠰᠣᠶᠣᠯ᠂ ᠴᠡᠭᠡ ᠶᠢᠨ ᠰᠤᠶᠤᠯ ᠢ ᠣᠯᠠᠮᠵᠢᠯᠠᠨ ᠵᠠᠯᠭᠠᠮᠵᠢᠯᠠᠬᠤ ᠠᠬᠢᠴᠠ ᠶᠢ | ᠲᠦᠷᠬᠡᠳᠬᠡᠵᠤ᠂ ᠶᠠᠩᠳᠤᠤ ᠰᠦᠮ᠎ᠡ᠂ ᠠᠯᠲᠠᠨ ᠤᠯᠤᠰ ᠤᠨ ᠬᠡᠷᠡᠮ ᠵᠡᠷᠭᠡ ᠲᠡᠤᠬᠡ ᠰᠣᠶᠣᠯ ᠤᠨ ᠦᠯᠡᠳᠡᠭᠳᠡᠯ ᠢ | ᠰᠣᠳᠣᠯᠤᠨ ᠬᠠᠮᠠᠭᠠᠯᠠᠵᠤ᠂ ᠰᠤᠶᠤᠯ ᠤᠨ ᠥᠪ ᠤᠨ ᠰᠠᠭᠤᠷᠢ ᠶᠢ ᠲᠠᠰᠣᠷᠠᠯᠲᠠ ᠦᠭᠡᠢ ᠪᠠᠬᠢᠵᠢᠭᠦᠯᠦᠨ᠎ᠡ᠃ ᠣᠯᠠᠨ | ᠨᠡᠶᠢᠲᠡ ᠶᠢᠨ ᠪᠡᠶ᠎ᠡ ᠲᠠᠮᠢᠷ ᠤᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ | ᠣᠳᠣ ᠪᠠᠶᠢᠭ᠎ᠠ ᠪᠡᠶ᠎ᠡ ᠲᠠᠮᠢᠷ ᠤᠨ ᠤᠷᠳᠤᠨ ᠤ ᠲᠦᠬᠦᠬᠡᠷᠤᠮᠵᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ | ᠲᠥᠪᠰᠢᠨ ᠢ ᠳᠡᠭᠡᠭᠰᠢᠯᠡᠭᠦᠯᠤᠨ᠂ ᠠᠪᠠᠭ᠎ᠠ ᠠᠭᠤᠳᠠᠮ ᠲᠠᠯᠠᠪᠠᠢ ᠶᠢᠨ ᠪᠡᠶ᠎ᠡ ᠲᠠᠮᠢᠷ ᠤᠨ ᠴᠡᠴᠡᠷᠯᠢᠭ ᠢ ᠲᠡᠰ | ᠳᠠᠪᠰᠢᠭᠦᠯᠬᠦ ᠢᠡᠵᠧᠨᠧᠷᠢᠩ ᠪᠠ ᠨᠣᠮ ᠤᠨ ᠰᠠᠩ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ | ᠬᠡᠷᠡᠭᠵᠢᠭᠦᠯᠵᠦ᠂ ᠦᠷᠭᠡᠨ ᠣᠯᠠᠨ ᠰᠠᠭᠤᠭᠠᠯᠢ ᠠᠷᠠᠳ ᠤᠨ ᠣᠶᠣᠨ ᠰᠠᠨᠠᠭ᠎ᠠ᠂ ᠰᠤᠶᠤᠯ ᠤᠨ ᠠᠮᠢᠳᠤᠷᠡᠯ ᠤᠨ | ᠬᠡᠷᠡᠭᠴᠡᠭᠡ ᠶᠢ ᠬᠠᠩᠭᠠᠨ᠎ᠠ᠃ | ᠭᠤᠷᠪᠠ ᠳᠤ᠂ ᠬᠤᠲᠠ ᠪᠠᠯᠭᠠᠰᠤᠨ ᠤ ᠴᠢᠳᠠᠪᠬᠢ ᠶᠢ ᠲᠡᠬᠡᠭᠰᠢᠯᠡᠬᠦᠯᠤᠨ᠎ᠠ᠃ | ᠬᠤᠳᠠ ᠪᠠᠯᠭᠠᠰᠤ ᠶᠢ ᠰᠢᠨᠡᠴᠢᠯᠡᠬᠦ ᠠᠵᠢᠯᠯᠠᠭ᠎ᠠ ᠶᠢ ᠬᠡᠷᠡᠭᠵᠢᠬᠦᠯᠤᠨ᠂ ᠬᠠᠭᠤᠴᠢᠨ ᠰᠠᠭᠤᠭᠠᠯᠢ ᠲᠣᠭᠤᠷᠢᠭ ᠤᠨ | ᠥᠭᠡᠷᠡᠴᠢᠯᠡᠯᠲᠡ ᠶᠢ ᠯᠠᠪᠳᠠᠭᠤᠨ ᠠᠬᠢᠭᠤᠯᠵᠤ᠂ ᠪᠥᠬᠦ ᠬᠤᠰᠢᠭᠤᠨ ᠤ ᠬᠠᠭᠤᠴᠢᠨ ᠰᠠᠭᠤᠭᠠᠯᠢ ᠲᠣᠭᠤᠷᠢᠭ ᠤᠨ | ᠦᠨᠳᠦᠰᠦᠨ ᠪᠠᠶᠢᠳᠠᠯ ᠢ ᠪᠥᠬᠦ ᠲᠠᠯ᠎ᠠ ᠪᠠᠷ ᠦᠢᠯᠠᠭᠠᠨ᠂ ︽ᠤᠷᠢᠳᠠᠪᠠᠷ ᠠᠷᠠᠳ ᠤᠨ ᠠᠮᠢᠳᠤᠷᠠᠯ ᠢ ᠪᠠᠳᠤᠯᠠᠨ᠂ | ᠳᠠᠷᠠᠭ᠎ᠠ ᠨᠢ ᠳᠡᠭᠡᠭᠰᠢᠯᠡᠭᠦᠯᠬᠦ᠂ ᠤᠷᠢᠳᠠᠪᠠᠷ ᠪᠠᠴᠢᠮ ᠬᠡᠷᠡᠭᠴᠡᠭᠡ ᠶᠢ ᠪᠠᠳᠤᠯᠠᠨ᠂ ᠳᠠᠷᠠᠭ᠎ᠠ ᠨᠢ ᠰᠠᠶᠢᠵᠢᠷᠠᠭᠤᠯᠬᠤ︾ | ᠵᠠᠷᠴᠢᠮ ᠢᠶᠠᠷ ᠬᠠᠭᠤᠴᠢᠨ ᠰᠠᠭᠤᠭᠠᠯᠢ ᠲᠣᠭᠤᠷᠢᠭ ᠢ ᠵᠠᠰᠠᠨ ᠰᠠᠶᠢᠵᠢᠷᠠᠭᠤᠯᠬᠤ ᠲᠥᠷᠥᠯ ᠵᠥᠢᠯ ᠢ ᠢᠳᠡᠪᠬᠢᠳᠡᠢ | ᠭᠤᠶᠤᠴᠢᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ 1.01 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ᠂ 33 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠡ ᠰᠠᠶᠢᠵᠢᠷᠠᠭᠤᠯᠬᠤ | ᠢᠨᠵᠧᠨᠧᠷᠢᠩ ᠢ ᠬᠡᠷᠡᠭᠵᠢᠭᠦᠯᠤᠨ᠂ ᠦᠬᠡᠷᠡᠴᠢᠯᠡᠨ ᠰᠠᠶᠢᠵᠢᠷᠠᠭᠤᠯᠬᠤ ᠲᠠᠯᠠᠪᠠᠢ ᠶᠢ 108 ᠲᠦᠮᠡᠨ ᠲᠡᠭᠰᠢ | ᠳᠥᠷᠪᠡᠯᠵᠢᠨ ᠮᠧᠲᠷ ᠲᠤ ᠬᠦᠷᠬᠡᠨ᠎ᠠ᠃ ᠣᠯᠠᠨ ᠨᠡᠶᠢᠲᠡ ᠶᠢᠨ ᠬᠦᠳᠡᠯᠬᠡᠬᠡᠨ ᠤ ᠲᠠᠯᠠᠪᠤᠷ ᠤᠨ ᠪᠠᠶᠢᠭᠤᠯᠤᠯᠲᠠ ᠶᠢ | ᠴᠢᠩᠭᠠᠳᠬᠠᠵᠤ᠂ ᠪᠡᠶ᠎ᠡ ᠴᠢᠭᠢᠷᠠᠭᠵᠢᠭᠤᠯᠬᠤ ᠲᠠᠯᠠᠪᠤᠷ ᠪᠠ ᠣᠯᠠᠨ ᠨᠡᠶᠢᠲᠡ ᠶᠢᠨ ᠬᠦᠳᠡᠯᠬᠡᠬᠡᠨ ᠤ ᠲᠠᠯᠠᠪᠤᠷ ᠤᠨ | ᠪᠠᠶᠢᠭᠤᠯᠤᠯᠳᠠ ᠶᠢ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ ᠪᠠᠶᠢᠭᠤᠯᠤᠯᠲᠠ ᠶᠢᠨ ᠲᠦᠯᠤᠪᠵᠢᠬᠦᠯᠬᠡ ᠳᠤ | ᠣᠷᠣᠭᠤᠯᠤᠨ᠂ ᠰᠠᠭᠤᠭᠠᠯᠢ ᠲᠣᠭᠤᠷᠢᠭ ᠤᠨ ᠰᠤᠯᠠ ᠭᠠᠵᠡᠷ ᠪᠠ ᠪᠠᠶᠢᠭ᠎ᠠ ᠲᠦᠬᠦᠬᠡᠷᠤᠮᠵᠢ ᠶᠢ ᠨᠢᠬᠡᠳᠬᠡᠨ᠂ | ᠰᠡᠯᠡᠭᠦᠴᠡᠯ᠂ ᠠᠮᠠᠷᠠᠯᠳᠠ᠂ ᠵᠤᠭ᠎ᠠ ᠴᠠᠩᠬᠡᠬᠦᠨ ᠢ ᠨᠢᠭᠡ ᠴᠣᠠᠠᠴᠠᠵᠢᠭᠤᠯᠥᠠᠠᠰᠠᠨ ᠰᠠᠭᠤᠭᠠᠯᠢ ᠠᠷᠠᠳ ᠤᠨ | ᠬᠦᠳᠡᠯᠬᠡᠬᠡᠨ ᠤ ᠲᠠᠯᠠᠪᠤᠷ ᠢ ᠴᠤᠭᠴᠠᠯᠠᠨ᠎ᠠ᠃ ᠲᠦᠬᠦᠮ ᠪᠦᠳᠦᠴᠡᠳᠦ ᠰᠠᠭᠤᠭᠠᠯᠢ ᠲᠣᠭᠤᠷᠢᠭ ᠢ ᠦᠬᠡᠷᠡᠴᠢᠯᠡᠡ | ᠪᠠᠶᠢᠭᠤᠯᠬᠤ ᠪᠠ ᠰᠠᠶᠢᠵᠢᠷᠠᠭᠤᠯᠤᠭᠰᠡᠨ ᠣᠷᠣᠨ ᠰᠠᠭᠤᠴᠠ ᠶᠢᠨ ᠰᠠᠭᠤᠭᠠᠯᠢ ᠲᠤᠭᠤᠷᠢᠭ ᠤᠨ ᠪᠠᠶᠢᠭᠤᠯᠤᠯᠲᠠ ᠶᠢ | ᠯᠠᠪᠳᠠᠭᠤᠨ ᠠᠬᠢᠭᠤᠯᠵᠤ᠂ ᠨᠤᠷᠠᠭᠠᠵᠤ ᠨᠡᠭᠦᠯᠭᠡᠨ ᠲᠥᠪᠬᠢᠨᠡᠭᠦᠯᠬᠦ ᠶᠠᠪᠤᠴᠠ ᠶᠢ ᠬᠤᠳᠠ ᠪᠠᠯᠭᠠᠰᠤᠨ ᠤ | ᠲᠥᠯᠥᠪᠵᠢᠭᠦᠯᠭᠡ ᠲᠠᠢ ᠵᠤᠯᠭᠠᠯᠴᠠᠭᠤᠯᠬᠤ ᠶᠢ ᠴᠢᠬᠤᠯᠠᠴᠢᠯᠠᠨ᠂ ᠭᠠᠵᠠᠷ ᠰᠢᠷᠣᠶ ᠶᠢ ᠬᠤᠷᠢᠶᠠᠨ ᠨᠥᠭᠡᠴᠡᠯᠡᠬᠦ | ᠵᠤᠬᠢᠴᠠᠮᠵᠢ ᠶᠢ ᠪᠦᠷᠢᠡᠰᠢᠬᠦᠯᠵᠤ᠂ ᠭᠠᠵᠠᠷ ᠰᠢᠷᠣᠶ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠤᠨ ᠭᠠᠷᠭᠠᠵᠤ᠂ ᠲᠦᠬᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠲᠦᠷᠤᠯ ᠵᠥᠢᠯ ᠤᠨ | ᠪᠡᠯᠡ ᠮᠥᠩᠭᠦᠨ ᠤ ᠦᠷ᠎ᠠ ᠠᠰᠢᠭ ᠢ ᠲᠡᠩᠴᠡᠭᠦᠷᠢᠲᠡᠶ ᠪᠠᠶᠢᠯᠭᠠᠬᠤ ᠬᠠᠷᠠᠯᠳᠠ ᠶᠢ ᠴᠢᠷᠮᠠᠶᠢᠨ ᠪᠠᠶᠠᠯᠠᠬᠦᠯᠤᠨ᠎ᠠ᠃ ᠣᠲᠣ | ᠪᠠᠶᠢᠭ᠎ᠠ ᠨᠦᠬᠡᠴᠠ ᠪᠠᠨ ᠰᠢᠩᠭᠡᠭᠡᠭᠰᠡᠨ ᠰᠠᠭᠤᠷᠢᠨ ᠳᠡᠭᠡᠷ᠎ᠡ ᠪᠠᠨ ᠰᠠᠶᠢᠵᠢᠷᠠᠭᠤᠯᠤᠭᠰᠡᠨ ᠣᠷᠣᠨ ᠰᠠᠭᠤᠴᠠ ᠶᠢᠨ | ᠰᠠᠭᠤᠭᠠᠯᠢ ᠲᠣᠭᠤᠷᠢᠭ ᠤᠨ ᠪᠠᠶᠢᠭᠤᠯᠤᠯᠲᠠ ᠶᠢ ᠡᠮᠬᠢ ᠲᠠᠷᠠᠭ᠎ᠠ ᠲᠠᠢ ᠠᠬᠢᠭᠤᠯᠵᠤ᠂ ᠰᠠᠭᠤᠭᠠᠯᠢ ᠠᠷᠠᠳ ᠤᠨ ᠣᠷᠣᠨ | ᠰᠠᠭᠤᠴᠠ ᠪᠠᠨ ᠰᠠᠶᠢᠵᠢᠷᠠᠭᠤᠯᠬᠤ ᠱᠠᠭᠠᠷᠳᠠᠯᠭ᠎ᠠ ᠶᠢ ᠬᠠᠩᠭᠠᠨ᠎ᠠ᠃ ᠬᠤᠲᠠ ᠪᠠᠯᠭᠠᠰᠤᠨ ᠤ ᠨᠠᠷᠢᠯᠢᠬᠵᠢᠭᠰᠠᠨ | ᠦᠢᠯᠡᠴᠢᠯᠡᠬᠡᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠤᠨ᠂ ︽ᠨᠢᠭᠡ ᠰᠠᠭᠤᠭᠠᠯᠢ ᠲᠣᠭᠤᠷᠢᠭ | ᠨᠢᠭᠡ ᠤᠡᠴᠠᠯᠢᠭ ᠲᠠᠢ︾ ᠪᠠᠶᠢᠬᠤ ᠬᠦᠭᠵᠢᠯᠳᠠ ᠶᠢ ᠳᠣᠪᠤᠶᠢᠯᠭᠠᠵᠤ᠂ ᠨᠡᠶᠢᠭᠡᠮ ᠲᠣᠭᠤᠷᠢᠭ ᠤᠨ ᠠᠵᠢᠯᠲᠠᠨ ᠤ | ᠲᠤᠰᠬᠠᠶᠢᠵᠢᠭᠰᠡᠨ ᠠᠵᠢᠯ ᠤᠨ ᠲᠤᠭᠳᠠᠯᠴᠠᠭᠠᠨ ᠤ ᠪᠠᠶᠢᠭᠤᠯᠤᠯᠲᠠ ᠶᠢ ᠠᠬᠢᠭᠤᠯᠤᠨ᠂ ᠬᠤᠲᠠ ᠪᠠᠯᠭᠠᠰᠤᠨ ᠤ | ︽ᠤᠶᠤᠡᠴᠢᠯᠠᠬᠤ + ᠲᠤᠤᠷᠴᠢᠯᠠᠬᠤ︾ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠤ᠂ | ᠬᠤᠲᠠ ᠶᠢᠨ ᠬᠠᠮᠢᠶᠠᠷᠤᠯᠲᠠ ᠶᠢᠨ ᠤᠶᠤᠡᠴᠢᠯᠡᠯᠳᠡ᠂ ᠲᠤᠭᠠᠴᠢᠯᠠᠯᠳᠠ ᠶᠢᠨ ᠬᠢᠷᠢ ᠲᠦᠪᠰᠢᠨ ᠢ ᠠᠯᠬᠤᠮ | ᠠᠯᠬᠤᠮ ᠢᠶᠠᠷ ᠳᠡᠭᠡᠭᠰᠢᠯᠡᠭᠦᠯᠤᠨ᠎ᠠ᠃ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠦᠢᠯᠡᠴᠢᠯᠡᠭᠡᠨ ᠤ ᠴᠢᠳᠠᠪᠬᠢ ᠶᠢ | ᠪᠦᠬᠦ ᠲᠠᠯ᠎ᠠ ᠪᠠᠷ ᠳᠡᠭᠡᠭᠰᠢᠯᠡᠭᠦᠯᠤᠨ᠎ᠠ᠃ ᠲᠦᠷᠢᠶᠡᠰᠦᠨ ᠲᠡᠷᠬᠡᠨ ᠤ ᠰᠢᠯᠢᠳᠡᠭ ᠦᠢᠯᠡᠴᠢᠯᠡᠬᠡᠨ ᠤ ᠲᠤᠰᠬᠠᠢ ᠲᠦᠷᠤᠯ | ᠤᠨ ᠠᠵᠢᠯᠯᠠᠭ᠎ᠠ ᠶᠢ ᠥᠷᠨᠢᠭᠦᠯᠤᠨ᠂ ᠠᠵᠢᠯ ᠲᠥᠷᠥᠯ ᠤᠨ ᠪᠦᠬᠦᠶᠢᠯᠡ ᠴᠣᠭᠴᠠ ᠶᠢᠨ ᠦᠢᠯᠡᠴᠢᠯᠡᠬᠡᠨ ᠤ ᠬᠢᠷᠢ | ᠲᠦᠪᠰᠢᠨ ᠢ ᠤᠯᠠᠮ ᠴᠢᠨᠠᠭᠰᠢᠳᠠ ᠲᠡᠬᠡᠭᠰᠢᠯᠡᠬᠦᠯᠤᠨ᠎ᠠ᠃ ᠪᠡᠯᠬᠦᠳᠡᠢ ᠪᠠᠯᠭᠠᠰᠤᠨ ᠠᠴᠠ ᠰᠢᠯᠢᠩᠬᠤᠳᠠ ᠬᠥᠷᠬᠦ | ᠨᠡᠶᠢᠲᠡ ᠶᠢᠨ ᠮᠠᠰᠢᠨ ᠲᠡᠷᠬᠡ ᠪᠠ ᠪᠡᠯᠬᠦᠳᠡᠢ ᠪᠠᠯᠭᠠᠰᠤ ᠲᠣᠭᠤᠷᠢᠭ ᠤᠨ ᠨᠡᠶᠢᠲᠡ ᠶᠢᠨ ᠮᠠᠰᠢᠨ ᠲᠠᠷᠬᠡᠨ ᠤ | ᠠᠰᠢᠭᠯᠠᠯᠳᠠ ᠶᠢ ᠢᠳᠡᠪᠬᠢᠲᠡᠶ ᠠᠬᠢᠭᠤᠯᠵᠤ᠂ ᠴᠡᠪᠡᠷ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠶᠢ | ᠲᠦᠬᠡᠮᠡᠯᠵᠢᠬᠦᠯᠤᠨ᠂ ᠰᠠᠭᠤᠭᠠᠯᠢ ᠠᠷᠠᠳ ᠤᠯᠠᠨ ᠲᠦᠮᠡᠨ ᠳᠤ ᠨᠠᠩ ᠳᠥᠭᠦᠮ ᠳᠥᠲᠡ ᠵᠠᠮ ᠬᠠᠷᠢᠯᠴᠠᠭᠠᠨ ᠤ | ᠨᠥᠬᠦᠴᠡᠯ ᠬᠠᠩᠭᠠᠨ᠎ᠠ᠃ | ᠲᠦᠷᠪᠡ ᠳᠤ᠂ ᠣᠷᠣᠰᠢᠨ ᠰᠠᠭᠤᠷᠢᠰᠢᠬᠤ ᠨᠦᠬᠦᠴᠠᠯ ᠢ ᠰᠠᠶᠢᠵᠢᠷᠠᠭᠤᠯᠤᠨ᠎ᠠ᠃ | ᠬᠤᠲᠠ ᠬᠥᠳᠡᠭᠡ ᠶᠢᠨ ᠣᠷᠣᠰᠢᠨ ᠰᠠᠭᠤᠷᠢᠰᠢᠬᠤ ᠣᠷᠴᠢᠨ ᠢ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠶᠢ | ᠬᠡᠷᠡᠭᠵᠢᠭᠦᠯᠤᠨ᠂ ᠬᠤᠲᠠ ᠬᠥᠳᠡᠭᠡ ᠶᠢᠨ ᠡᠬᠡ ᠤᠷᠤᠡᠴᠢ ᠡᠷᠡᠭᠦᠯ ᠬᠠᠮᠠᠭᠠᠯᠠᠯ ᠤᠨ ᠠᠵᠢᠯᠯᠠᠭ᠎ᠠ ᠶᠢ ᠬᠦᠴᠤᠯᠠᠨ | ᠥᠷᠨᠢᠭᠦᠯᠵᠦ᠂ ᠴᠡᠪᠡᠷ ᠲᠤᠬᠢᠯᠢᠭ᠂ ᠲᠠᠷᠢ ᠲᠡᠭᠰᠢ᠂ ᠡᠶ᠎ᠡ ᠵᠣᠬᠢᠴᠠᠯ ᠲᠠᠢ ᠤᠷᠤᠰᠢᠨ ᠰᠠᠭᠤᠷᠢᠰᠢᠬᠤ ᠣᠷᠴᠢᠨ ᠢ ᠪᠥᠬᠦ | ᠲᠠᠯ᠎ᠠ ᠪᠠᠷ ᠴᠤᠭᠴᠠᠯᠠᠨ᠎ᠠ᠃ ︽ᠵᠣᠷᠯᠣᠩ ᠤᠨ ᠦᠬᠡᠷᠡᠴᠢᠯᠡᠯᠳᠡ︾ ᠪᠠ ᠪᠥᠬᠦ ᠬᠤᠰᠢᠭᠤᠨ ᠤ ᠮᠠᠯ ᠵᠢᠭᠦᠷᠲᠡᠨ ᠤ | ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠥᠢᠯ ᠢ ᠭᠦᠨᠵᠡᠭᠡᠶ ᠠᠬᠢᠭᠤᠯᠤᠨ᠂ 2025 ᠣᠨ | ᠪᠣᠯᠬᠤ ᠳᠤ ᠮᠠᠯ ᠵᠢᠬᠦᠷᠳᠠᠨ ᠤ ᠢᠯᠭᠠᠳᠠᠰᠤ ᠶᠢ ᠶᠡᠷᠦᠩᠬᠡᠶᠢᠯᠡᠨ ᠠᠰᠢᠭᠯᠠᠭᠰᠡᠨ ᠨᠣᠷᠮ᠎ᠠ᠂ ᠠᠷᠢᠭᠤᠨ ᠴᠠᠪᠠᠷ | ᠵᠣᠷᠯᠣᠩ ᠤᠨ ᠲᠦᠬᠡᠮᠡᠯᠵᠢᠯᠳᠠ ᠶᠢᠨ ᠨᠣᠷᠮ᠎ᠠ ᠶᠢ 80% ᠠᠴᠠ ᠳᠡᠭᠡᠭᠰᠢ ᠪᠤᠯᠭᠠᠨ᠎ᠠ᠃ ᠬᠤᠲᠠ ᠪᠠᠯᠭᠠᠰᠤᠨ ᠤ | ᠨᠣᠭᠤᠭᠠᠷᠠᠭᠤᠯᠤᠯᠲᠠ ᠶᠢᠨ ᠠᠵᠢᠯ ᠢ ᠯᠠᠪᠳᠠᠭᠤᠨ ᠢᠶᠠᠷ ᠠᠬᠢᠭᠤᠯᠵᠤ᠂ ᠨᠣᠭᠤᠭᠠᠷᠠᠭᠤᠯᠤᠯᠲᠠ ᠶᠢᠨ ᠲᠥᠷᠥᠯ ᠵᠥᠢᠯ ᠢ | ᠢᠳᠡᠪᠬᠢᠳᠡᠢ ᠲᠠᠮᠠᠴᠠᠨ ᠤᠯᠵᠤ᠂ ᠬᠤᠲᠠ ᠬᠥᠳᠡᠭᠡ ᠶᠢᠨ ᠭᠤᠤᠯᠳᠠᠯᠭ᠎ᠠ ᠲᠠᠢ ᠣᠷᠣᠨ ᠪᠦᠰᠡ ᠶᠢᠨ | ᠨᠣᠭᠤᠭᠠᠷᠠᠭᠤᠯᠤᠯᠲᠠ ᠶᠢ ᠭᠦᠨᠵᠡᠭᠡᠶ ᠥᠷᠨᠢᠭᠦᠯᠦᠨ᠂ ︽ᠠᠷᠪᠠᠨ ᠲᠦᠷᠪᠡᠳᠤᠬᠡᠷ ᠲᠠᠪᠤᠨ ᠵᠢᠯ︾ ᠤᠨ ᠬᠤᠭᠤᠴᠠᠭᠠᠨ | ᠳᠤ ᠬᠤᠳᠠ ᠬᠦᠳᠡᠭᠡ ᠶᠢᠨ 19.08 ᠲᠦᠮᠡᠨ ᠲᠡᠭᠰᠢ ᠲᠦᠷᠪᠡᠯᠵᠢᠨ ᠮᠧᠲᠷ ᠭᠠᠵᠡᠷ ᠤᠨ ᠨᠤᠭᠤᠭᠠᠷᠠᠭᠤᠯᠤᠯᠳᠠ ᠶᠢ | ᠪᠠᠶᠠᠯᠠᠬᠦᠯᠵᠤ᠂ ᠪᠡᠯᠬᠦᠳᠡᠢ ᠪᠠᠯᠭᠠᠰᠤᠨ ᠤ ᠬᠤᠳᠠ ᠲᠤᠭᠤᠷᠢᠭ ᠤᠨ ᠨᠤᠭᠤᠭᠠᠷᠠᠭᠤᠯᠤᠯᠳᠠ ᠶᠢᠨ ᠨᠤᠷᠮ᠎ᠠ ᠶᠢ 35% | ᠳᠤ ᠬᠦᠷᠬᠡᠨ᠎ᠠ᠃ ᠮᠠᠯᠵᠢᠬᠤ ᠤᠷᠤᠨ ᠤ ᠠᠮᠢᠳᠣᠷᠡᠯ ᠤᠨ ᠬᠤᠭ ᠨᠤᠪᠰᠢ ᠰᠢᠢᠳᠪᠤᠷᠢᠯᠡᠬᠦ ᠠᠵᠢᠯ ᠢ ᠬᠦᠴᠤᠯᠠᠨ | ᠠᠬᠢᠭᠤᠯᠵᠤ᠂ 7 ᠰᠤᠮᠤ ᠪᠠᠯᠭᠠᠰᠤᠨ ᠤ ᠰᠠᠭᠤᠭ᠎ᠠ ᠭᠠᠵᠡᠷ ᠪᠠ 80% ᠠᠴᠠ ᠲᠡᠬᠡᠭᠰᠢ ᠭᠠᠴᠠᠭ᠎ᠠ ᠳᠤ ᠠᠮᠢᠳᠤᠷᠡᠯ | ᠤᠨ ᠬᠤᠭ ᠨᠤᠪᠰᠢ ᠪᠠᠨ ᠰᠢᠢᠳᠪᠤᠷᠢᠯᠡᠬᠦ ᠲᠦᠬᠦᠬᠡᠷᠤᠮᠵᠢ ᠲᠠᠢ ᠪᠤᠯᠭᠠᠬᠤ ᠪᠠᠷ ᠴᠢᠷᠮᠠᠶᠢᠨ᠂ ᠬᠤᠳᠠ ᠬᠦᠳᠡᠭᠡ ᠶᠢᠨ | ᠤᠷᠴᠢᠨ ᠲᠤᠭᠤᠷᠢᠨ ᠢ ᠨᠠᠩ ᠲᠤᠬᠢᠯᠢᠭ ᠲᠠᠭᠠᠯᠠᠮᠵᠢᠳᠡᠢ᠂ ᠠᠷᠢᠭᠤᠨ ᠴᠠᠪᠡᠷ ᠪᠤᠯᠭᠠᠬᠤ ᠶᠢ ᠲᠦᠯᠬᠢᠨ ᠠᠬᠢᠭᠤᠯᠤᠨ᠎ᠠ᠃ | | ᠲᠠᠪᠤ ᠳᠤ᠂ ᠨᠡᠶᠢᠭᠡᠮ ᠤᠨ ᠪᠠᠲᠤᠯᠠᠭ᠎ᠠ ᠶᠢᠨ ᠴᠢᠳᠠᠪᠬᠢ ᠶᠢ ᠨᠥᠬᠦᠪᠥᠷᠢᠯᠡᠨ᠎ᠡ᠃ | ᠠᠵᠢᠯ ᠣᠯᠭᠤᠯᠲᠠ ᠶᠢ ᠡᠩ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠠᠵᠢᠯ | ᠣᠯᠭᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠴᠠᠭᠠᠯᠳᠠ ᠪᠠ ᠠᠵᠢᠯ ᠠᠯᠳᠠᠯᠲᠠ ᠶᠢᠨ ᠬᠢᠨᠠᠨ ᠬᠡᠮᠵᠢᠯᠳᠠ ᠶᠢᠨ | ᠤᠷᠢᠳᠴᠢᠯᠠᠨ ᠰᠡᠷᠡᠮᠵᠢᠯᠡᠭᠦᠯᠬᠦ ᠲᠤᠭᠳᠠᠯᠴᠠᠭ᠎ᠠ ᠶᠢ ᠪᠠᠶᠢᠭᠤᠯᠤᠨ ᠪᠦᠷᠢᠡᠰᠢᠬᠦᠯᠵᠤ᠂ ᠮᠡᠷᠬᠡᠵᠢᠯ ᠴᠢᠳᠠᠪᠤᠷᠢ ᠶᠢᠨ | ᠪᠤᠯᠪᠠᠰᠤᠷᠠᠯ ᠢ ᠰᠠᠶᠢᠳᠤᠷ ᠥᠷᠨᠢᠭᠦᠯᠦᠨ᠂ ᠦᠢᠯᠡᠰ ᠪᠤᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠨ ᠲᠠᠭᠠᠭᠤᠯᠬᠤ | ᠶᠢ ᠵᠤᠷᠢᠭᠵᠢᠭᠤᠯᠵᠤ᠂ ᠤᠯᠠᠨ ᠠᠷᠭ᠎ᠠ ᠵᠠᠮ ᠢᠶᠠᠷ ᠭᠤᠣᠯᠳᠠᠯᠭ᠎ᠠ ᠲᠠᠢ ᠬᠦᠮᠤᠰ ᠤᠨ ᠠᠵᠢᠯ ᠣᠯᠭᠤᠯᠲᠠ ᠶᠢ | ᠠᠬᠢᠭᠤᠯᠤᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠤᠪᠵᠢᠬᠦᠯᠬᠡ ᠶᠢᠨ ᠬᠤᠭᠤᠴᠠᠭᠠᠨ ᠳᠤ ᠬᠤᠳᠠ | ᠪᠠᠯᠭᠠᠰᠤᠨ ᠳᠤ 2250 ᠠᠴᠠ ᠳᠡᠭᠡᠭᠰᠢ ᠬᠥᠮᠦᠨ ᠳᠤ ᠠᠵᠢᠯ ᠤᠯᠭᠤᠬᠤ ᠶᠢ ᠪᠡᠶᠡᠯᠡᠭᠦᠯᠦᠨ᠎ᠡ᠃ ᠪᠦᠬᠦ | ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠤᠨ᠂ ᠨᠡᠶᠢᠭᠡᠮ ᠤᠨ | ᠪᠠᠲᠤᠯᠠᠭ᠎ᠠ ᠶᠢᠨ ᠲᠤᠭᠳᠠᠯᠴᠠᠭᠠᠨ ᠤ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠳᠠᠭᠠᠳᠬᠠᠯ ᠢ | ᠥᠷᠭᠡᠳᠬᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠯ᠎ᠡ ᠲᠦᠷᠦᠯ ᠤᠨ ᠨᠡᠶᠢᠭᠡᠮ ᠤᠨ ᠪᠠᠲᠤᠯᠠᠭ᠎ᠠ ᠶᠢᠨ ᠪᠡᠯᠡ | ᠮᠥᠩᠭᠦ ᠶᠢ ᠬᠤᠷᠢᠶᠠᠵᠤ ᠲᠤᠰᠢᠶᠠᠬᠤ ᠡᠷᠴᠢᠮ ᠢᠶᠠᠨ ᠴᠢᠩᠭᠠᠷᠠᠭᠤᠯᠤᠨ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ | ᠮᠥᠩᠭᠦᠨ ᠤ ᠲᠦᠭᠰᠢᠭᠦᠷᠢ ᠶᠢ ᠤᠷᠢᠳᠴᠢᠯᠠᠨ ᠰᠡᠷᠬᠡᠶᠢᠯᠡᠬᠦ ᠲᠤᠭᠳᠠᠯᠴᠠᠭ᠎ᠠ ᠶᠢ ᠪᠠᠶᠢᠭᠤᠯᠤᠨ ᠪᠦᠷᠢᠡᠰᠢᠬᠦᠯᠵᠤ᠂ | ᠰᠠᠭᠤᠷᠢ ᠮᠥᠩᠭᠦᠨ ᠤ ᠬᠢᠨᠠᠠ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠨᠡᠶᠢᠭᠡᠮ ᠤᠨ ᠠᠪᠤᠷᠠᠨ ᠲᠤᠰᠠᠯᠠᠯᠳᠠ ᠶᠢᠨ ᠲᠤᠭᠳᠠᠯᠴᠠᠭ᠎ᠠ ᠶᠢ ᠪᠦᠷᠢᠡᠰᠢᠬᠦᠯᠵᠤ᠂ ᠬᠤᠰᠢᠭᠤ ᠵᠡᠮᠳᠡᠭᠴᠦᠳ ᠢ ᠨᠠᠶᠢᠳᠠᠨ | ᠬᠠᠷᠠᠭᠠᠯᠵᠠᠬᠤ ᠶᠡᠷᠦᠩᠬᠡᠶᠢᠯᠡᠭᠰᠡᠨ ᠦᠢᠯᠡᠴᠢᠯᠡᠬᠡᠨ ᠤ ᠲᠥᠪ ᠢ ᠠᠰᠢᠭᠯᠠᠯᠳᠠ ᠳᠤ ᠤᠷᠤᠭᠤᠯᠤᠨ᠂ ᠬᠦᠴᠢᠷᠳᠡᠯᠲᠡᠶ | ᠤᠯᠠᠨ ᠲᠦᠮᠡᠨ ᠢ ᠲᠡᠳᠬᠦᠨ ᠲᠡᠮᠵᠢᠬᠦ ᠠᠵᠢᠯ ᠢ ᠰᠠᠶᠢᠲᠤᠷ ᠪᠠᠶᠠᠯᠠᠬᠦᠯᠵᠤ᠂ ᠡᠯ᠎ᠡ ᠲᠥᠷᠥᠯ ᠤᠨ ᠨᠥᠬᠦᠪᠥᠷᠢ᠂ | ᠠᠪᠤᠷᠠᠨ ᠲᠤᠰᠠᠯᠠᠯᠳᠠ ᠶᠢᠨ ᠪᠡᠯᠡ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠲᠠᠷᠬᠠᠭᠠᠨ᠎ᠠ᠃ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠬᠡᠨ ᠤ ᠠᠵᠢᠯ ᠢ ᠠᠬᠢᠭᠤᠯᠤᠨ᠂ ᠰᠤᠯᠠ ᠪᠠᠶᠢᠭ᠎ᠠ ᠡᠬᠢ ᠪᠠᠶᠠᠯᠢᠭ ᠢ ᠬᠡᠷᠡᠭᠯᠡᠬᠡᠨ ᠳᠤ | ᠤᠷᠤᠭᠤᠯᠤᠨ ᠠᠰᠢᠭᠯᠠᠵᠤ᠂ 5000 ᠲᠡᠭᠰᠢ ᠳᠥᠷᠪᠡᠯᠵᠢᠨ ᠮᠧᠲᠷ ᠤᠨ ᠬᠤᠰᠢᠭᠤ ᠨᠠᠰᠤᠲᠠᠶᠢᠴᠤᠤᠯ ᠤᠨ | ᠬᠦᠳᠡᠯᠬᠡᠬᠡᠨ ᠤ ᠲᠥᠪ ᠢ ᠪᠠᠶᠢᠭᠤᠯᠵᠤ᠂ ᠪᠥᠬᠦ ᠬᠤᠰᠢᠭᠤᠨ ᠤ ᠨᠠᠰᠤᠲᠠᠶᠢᠴᠤᠤᠯ ᠤᠨ ᠣᠶᠤᠨ ᠰᠠᠨᠠᠭ᠎ᠠ᠂ ᠰᠣᠶᠣᠯ ᠤᠨ | ᠠᠮᠢᠳᠤᠷᠠᠯ ᠢ ᠤᠯᠠᠮ ᠴᠢᠨᠠᠭᠰᠢᠳᠠ ᠪᠠᠶᠠᠯᠢᠭᠵᠢᠭᠤᠯᠤᠨ᠎ᠠ᠃ ᠡᠮᠴᠢᠯᠡᠭᠡ ᠡᠷᠡᠬᠦᠯᠵᠢᠯ ᠢ ᠤᠶᠠᠯᠳᠤᠭᠤᠯᠤᠭᠰᠠᠨ | ᠨᠠᠰᠤᠵᠢᠯ ᠤᠨ ᠦᠢᠯᠡᠴᠢᠯᠡᠬᠡᠨ ᠤ ᠲᠤᠭᠳᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠬᠠᠯᠠᠮᠵᠢ ︽ᠡᠮᠨᠡᠬᠦ | ᠰᠤᠪᠢᠯᠠᠬᠤ ᠶᠢ ᠤᠶᠠᠯᠳᠤᠭᠤᠯᠬᠤ︾ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ | ᠨᠡᠶᠢᠭᠡᠮ ᠲᠣᠭᠤᠷᠢᠭ ᠤᠨ ᠡᠳᠦᠷ ᠲᠤᠲᠤᠮ ᠤᠨ ᠬᠠᠷᠠᠵᠤ ᠬᠠᠷᠠᠭᠠᠯᠵᠠᠬᠤ ᠦᠢᠯᠡᠴᠢᠯᠡᠭᠡ ᠶᠢ ᠲᠥᠯᠥᠪᠵᠢᠭᠦᠯᠦᠨ | ᠠᠬᠢᠭᠤᠯᠵᠤ᠂ ᠨᠡᠶᠢᠭᠡᠮ ᠤᠨ ᠨᠠᠰᠤᠳᠠᠶᠢᠴᠤᠤᠯ ᠤᠨ ᠠᠰᠠᠷᠠᠮᠵᠢ ᠶᠢᠨ ᠬᠢᠷᠢ ᠲᠦᠪᠰᠢᠨ ᠪᠠ ᠴᠢᠨᠠᠷ ᠴᠢᠡᠰᠠᠭ᠎ᠠ ᠶᠢ ᠪᠥᠬᠦ | ᠲᠠᠯ᠎ᠠ ᠪᠠᠷ ᠳᠡᠭᠡᠭᠰᠢᠯᠡᠭᠦᠯᠦᠨ᠎ᠡ᠃ | ᠵᠢᠷᠭᠤᠭ᠎ᠠ ᠳᠤ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠬᠢ ᠶᠢ ᠲᠡᠬᠡᠭᠰᠢᠯᠡᠬᠦᠯᠤᠨ᠎ᠠ᠃ | ᠬᠤᠰᠢᠭᠤ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠭᠦᠨᠵᠡᠭᠡᠶ ᠠᠬᠢᠭᠤᠯᠵᠤ᠂ | ᠵᠥᠷᠢᠴᠡᠯ ᠵᠢᠭᠤᠷᠠᠭᠠᠨ ᠪᠠ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠤᠷᠢᠯᠡᠬᠦ ᠬᠦᠴᠤᠯᠠᠴᠠ ᠶᠢ | ᠴᠢᠩᠭᠠᠳᠬᠠᠨ᠂ ᠢᠯᠡ ᠲᠣᠳᠣ ᠵᠠᠬᠢᠳᠠᠯ ᠰᠤᠷᠪᠤᠯᠵᠢᠯᠠᠭ᠎ᠠ ᠶᠢ ᠬᠦᠴᠤᠯᠠᠨ ᠠᠬᠢᠭᠤᠯᠵᠤ᠂ ︽ᠢᠨᠲ᠋ᠧᠷ ᠰᠦᠯᠵᠢᠶ᠎ᠡ +︾ | ᠵᠠᠰᠠᠨ ᠴᠡᠭᠴᠡᠯᠡᠯᠳᠡ ᠶᠢᠨ ᠵᠠᠭᠪᠤᠷ ᠢ ᠰᠦᠪᠡᠭᠴᠢᠯᠡᠨ ᠪᠠᠶᠢᠭᠤᠯᠵᠤ᠂ ᠤᠶᠤᠡᠴᠢ ᠵᠠᠬᠢᠳᠠᠯ ᠰᠤᠷᠪᠤᠯᠵᠢᠯᠠᠭ᠎ᠠ ᠶᠢᠨ | ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠤᠨ᠎ᠠ᠃ ᠤᠶᠤᠡᠴᠢ ᠠᠮᠤᠷ ᠲᠦᠪᠰᠢᠨ ᠤ | ᠰᠡᠷᠭᠡᠶᠢᠯᠡᠯᠲᠡ ᠲᠠᠢ ᠰᠠᠭᠤᠭᠠᠯᠢ ᠲᠣᠭᠤᠷᠢᠭ ᠤᠨ ᠪᠠᠶᠢᠭᠤᠯᠤᠯᠲᠠ ᠶᠢ ᠲᠦᠷᠭᠡᠳᠬᠡᠵᠦ᠂ ︽ᠬᠢᠨᠡᠨ ᠡᠵᠡᠮᠳᠡᠬᠦ | ᠢᠨᠵᠧᠨᠧᠷᠢᠩ︾ ᠢᠶᠠᠷ ᠪᠦᠬᠦᠨ ᠢ ᠪᠦᠷᠬᠦᠬᠦᠯᠬᠦ ᠠᠵᠢᠯ ᠢ ᠠᠬᠢᠭᠤᠯᠤᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ | ᠴᠡᠭᠴᠡᠯᠡᠨ ᠵᠠᠰᠠᠯᠲᠠ ᠶᠢ ᠭᠦᠨᠵᠡᠭᠡᠶᠢᠷᠡᠭᠦᠯᠦᠨ᠎ᠡ᠃ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠥᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠳᠤ ᠰᠢᠭᠤᠷᠬᠠᠢ ᠬᠠᠨᠳᠤᠬᠤ ᠬᠠᠮᠢᠶᠠᠷᠤᠯᠲᠠ ᠶᠢᠨ ᠲᠤᠭᠳᠠᠯᠴᠠᠭ᠎ᠠ | ᠪᠣᠯᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠠ᠂ | ᠵᠠᠩᠭᠢᠯᠠᠭ᠎ᠠ ᠶᠢᠨ ᠭᠤᠭᠴᠤᠭᠠᠨ ᠤ ᠲᠠᠯᠳᠠ ᠭᠡᠮ ᠢ ᠰᠢᠭᠰᠢᠨ ᠪᠠᠶᠢᠴᠠᠭᠠᠬᠤ ᠪᠠ ᠲᠤᠰᠬᠠᠶ ᠲᠦᠷᠤᠯ ᠢᠶᠠᠷ ᠴᠡᠭᠴᠡᠯᠡᠨ | ᠵᠠᠰᠠᠬᠤ ᠡᠷᠴᠢᠮ ᠢᠶᠠᠨ ᠪᠥᠬᠦ ᠲᠠᠯ᠎ᠠ ᠪᠠᠷ ᠴᠢᠩᠭᠠᠳᠬᠠᠨ᠂ ᠠᠮᠤᠷ ᠲᠦᠪᠰᠢᠨ᠂ ᠲᠣᠭᠲᠠᠭᠤᠨ ᠬᠦᠭᠵᠢᠯᠳᠠ ᠶᠢᠨ | ᠣᠷᠴᠢᠨ ᠢ ᠪᠥᠬᠦ ᠬᠦᠴᠦᠨ ᠢᠶᠠᠷ ᠢᠶᠠᠨ ᠴᠤᠭᠴᠠᠯᠠᠨ᠎ᠠ᠃ ᠢᠳᠡᠭᠡᠨ ᠪᠠ ᠡᠮ ᠤᠨ ᠵᠥᠢᠯᠡᠰ ᠤᠨ ᠠᠮᠤᠷ ᠲᠦᠪᠰᠢᠨ ᠤ | ᠣᠶᠤᠨᠴᠢ ᠬᠢᠨᠠᠯᠲᠠ ᠬᠠᠮᠢᠶᠠᠷᠤᠯᠲᠠ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠢᠷᠡᠯᠲᠡ ᠶᠢ ᠨᠢ ᠮᠦᠷᠳᠡᠵᠤ | ᠪᠤᠯᠬᠤᠶᠢᠴᠠ᠂ ᠪᠤᠷᠤᠯᠠᠭᠤᠯᠭ᠎ᠠ ᠶᠢᠨ ᠵᠠᠮ ᠮᠦᠷ ᠢ ᠪᠠᠶᠢᠴᠠᠭᠠᠨ ᠭᠡᠷᠡᠴᠢᠯᠡᠵᠦ ᠪᠣᠯᠬᠤ᠂ ᠬᠠᠷᠢᠭᠤᠴᠠᠯᠭ᠎ᠠ ᠶᠢ ᠨᠢ | ᠨᠡᠬᠡᠮᠵᠢᠯᠡᠵᠦ ᠲᠠᠶᠢᠯᠬᠦ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠤᠭᠳᠠᠯᠴᠠᠭ᠎ᠠ ᠶᠢ ᠪᠦᠷᠢᠯᠳᠦᠭᠦᠯᠦᠨ᠎ᠡ᠃ | ᠦᠨᠳᠦᠰᠦᠨ ᠱᠠᠲᠤᠨ ᠤ ᠵᠠᠰᠠᠠ ᠴᠡᠭᠴᠠᠯᠠᠯᠳᠠ ᠤᠨ ᠠᠵᠢᠯ ᠤᠨ ᠲᠠᠯ᠎ᠠ ᠪᠠᠷ ᠰᠢᠨ᠎ᠠ ᠶᠢ ᠡᠬᠦᠳᠴᠤ᠂ ᠪᠤᠯᠭᠠᠬᠤᠪᠤᠭᠠ | ᠭᠠᠴᠠᠭᠠᠨ ᠤ ︽ᠨᠠᠮ ᠤᠨ ᠡᠭᠦᠷ + ᠬᠤᠷᠰᠢᠶᠠᠵᠢᠯ + ᠮᠠᠯᠵᠢᠬᠤ ᠡᠷᠦᠬᠡ︾ ᠶᠢᠨ ᠦᠨᠳᠦᠰᠦᠨ ᠱᠠᠲᠤᠨ ᠤ ᠵᠠᠰᠠᠠ | ᠴᠡᠭᠴᠡᠯᠡᠯᠳᠡ ᠶᠢᠨ ᠵᠠᠭᠪᠤᠷ ᠢ ᠳᠡᠯᠭᠡᠷᠡᠭᠦᠯᠦᠨ᠂ ᠮᠠᠯᠵᠢᠬᠤ ᠣᠷᠣᠨ ᠤ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ | ᠪᠠᠶᠢᠭᠤᠯᠤᠯᠲᠠ ᠶᠢ ᠴᠢᠩᠭᠠᠳᠬᠠᠬᠤ ᠪᠠ ᠭᠠᠴᠠᠭᠠᠨ ᠤ ᠰᠠᠭᠤᠭᠠᠯᠢ ᠠᠷᠡᠳ ᠤᠨ ᠦᠪᠡᠷ ᠢ ᠪᠠᠨ ᠵᠠᠰᠠᠬᠤ ᠶᠢ | ᠲᠡᠭᠦᠯᠳᠡᠷᠵᠢᠭᠦᠯᠬᠦ ᠰᠢᠨ᠎ᠡ ᠠᠷᠭ᠎ᠠ ᠵᠠᠮ ᠢ ᠰᠦᠪᠡᠭᠴᠢᠯᠡᠵᠦ᠂ ᠮᠠᠯᠴᠢᠨ ᠲᠦᠮᠡᠨ ᠤ ᠥᠪᠡᠷ ᠤᠨ ᠬᠠᠮᠢᠶᠠᠷᠤᠯᠳᠠ᠂ | ᠥᠪᠡᠷ ᠤᠨ ᠦᠢᠯᠡᠴᠢᠯᠡᠭᠡ᠂ ᠥᠪᠡᠷ ᠤᠨ ᠬᠦᠮᠤᠵᠢᠯ᠂ ᠥᠪᠡᠷ ᠤᠨ ᠬᠢᠨᠠᠯᠲᠠ ᠲᠠᠯᠪᠢᠬᠤ ᠰᠢᠨ᠎ᠡ ᠪᠠᠶᠢᠳᠠᠯ ᠢ ᠪᠣᠶ | ᠪᠣᠯᠭᠠᠵᠤ᠂ ᠬᠠᠮᠲᠤᠪᠠᠷ ᠪᠠᠶᠢᠭᠤᠯᠴᠠᠵᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠬᠦᠳᠤᠨ᠎ᠠ︔ ︽ᠨᠠᠢᠮᠠᠳᠤᠭᠠᠷ ᠲᠠᠪᠤᠨ ᠵᠢᠯ︾ ᠤᠨ | ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠨᠡᠶᠢᠭᠡᠮ ᠳᠠᠶᠠᠭᠠᠷ ᠢᠶᠠᠨ ᠬᠠᠤᠯᠢ ᠵᠢᠷᠤᠮᠯᠠᠬᠤ᠂ | ᠬᠠᠤᠯᠢ ᠰᠤᠷᠤᠯᠴᠠᠬᠤ᠂ ᠬᠠᠤᠯᠢ ᠰᠠᠬᠢᠬᠤ᠂ ᠬᠠᠤᠯᠢ ᠬᠡᠷᠡᠭᠯᠡᠬᠦ ᠶᠢ ᠠᠬᠢᠭᠤᠯᠤᠨ᠎ᠠ᠃ ᠤᠯᠤᠰ ᠤᠨ ᠶᠠᠷᠤᠩᠬᠡᠶᠢᠯᠡᠭᠰᠡᠨ | ᠠᠮᠤᠷ ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠱᠤᠭᠤᠮ ᠪᠣᠯᠭᠠᠨ᠂ ᠰᠢᠨ᠎ᠡ ᠴᠠᠭ ᠦᠶ᠎ᠡ ᠶᠢᠨ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠭᠡᠨ ᠳᠡᠯᠭᠡᠷᠡᠩᠭᠦᠢ ᠪᠠᠷ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠢ | ᠨᠥᠯᠥᠭᠡᠯᠡᠬᠦ ᠠᠯᠢᠪᠠ ᠴᠤᠬᠤᠶᠢᠯᠲᠠ ᠶᠢᠨ ᠴᠢᠨᠠᠷᠲᠠᠢ ᠠᠰᠠᠭᠤᠳᠠᠯ ᠪᠠ ᠳᠠᠯᠳᠠ ᠲᠦᠭᠰᠢᠭᠦᠷᠢ ᠶᠢ ᠡᠷᠡᠰ ᠠᠷᠢᠯᠭᠠᠨ᠎ᠠ᠃ | ᠴᠡᠷᠢᠭ ᠠᠷᠠᠳ ᠤᠨ ᠬᠠᠷᠢᠴᠠᠭ᠎ᠠ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ | ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠨ᠂ ᠬᠤᠶᠠᠷ ᠢ ᠬᠦᠷᠢᠶᠡᠯᠡᠨ | ᠬᠠᠮᠲᠤᠪᠠᠷ ᠪᠠᠶᠢᠭᠤᠯᠴᠠᠬᠤ ᠶᠢ ᠭᠦᠨᠵᠡᠭᠡᠶᠢᠷᠡᠭᠦᠯᠵᠦ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠠᠮᠳᠤᠪᠡᠷ ᠬᠦᠴᠤᠨ | ᠢᠶᠠᠨ ᠲᠦᠪᠯᠡᠷᠡᠬᠦᠯᠤᠨ ᠬᠢᠵᠠᠭᠠᠷ ᠤᠷᠤᠨ ᠢ ᠪᠠᠬᠢᠵᠢᠬᠦᠯᠵᠣ ᠬᠢᠵᠠᠭᠠᠷ ᠤᠷᠤᠨ ᠢ ᠬᠦᠴᠤᠷᠬᠡᠭᠵᠢᠬᠦᠯᠬᠦ ᠠᠵᠢᠯ ᠢ ᠤᠯᠠᠮ | ᠴᠢᠨᠠᠭᠰᠢᠳᠠ ᠪᠠᠳᠤᠳᠬᠠᠨ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠪᠠ ᠠᠷᠠᠳ ᠤᠯᠠᠨ ᠤ | ᠠᠮᠤᠷ ᠲᠠᠶᠢᠪᠤᠩ ᠠᠵᠤ ᠲᠦᠷᠦᠭᠦ ᠶᠢ ᠪᠠᠲᠤᠯᠠᠨ᠎ᠠ᠃ | ᠲᠤᠯᠤᠭ᠎ᠠ ᠳᠤ᠂ ᠬᠦᠳᠡᠭᠡ ᠲᠤᠰᠬᠤᠨ ᠢ ᠬᠦᠭᠵᠢᠬᠦᠯᠤᠨ ᠮᠠᠡᠳᠤᠭᠤᠯᠬᠤ ᠲᠠᠢ ᠪᠦᠳᠤᠮᠵᠢᠳᠡᠢ ᠵᠤᠯᠭᠠᠭᠤᠯᠤᠨ᠎ᠠ ᠃ | | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠳᠤᠮᠵᠢ ᠶᠢ ᠪᠠᠬᠢᠵᠢᠭᠦᠯᠦᠨ | ᠥᠷᠭᠡᠳᠬᠡᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠲᠠᠢ ᠪᠦᠲᠦᠮᠵᠢᠲᠡᠢ | ᠵᠤᠯᠭᠠᠭᠤᠯᠬᠤ ᠶᠢ ᠪᠠᠬᠢᠵᠢᠭᠦᠯᠵᠦ᠂ 5 ᠵᠢᠯ ᠤᠨ ᠰᠢᠯᠵᠢᠯᠲᠡ ᠶᠢᠨ ᠬᠤᠭᠤᠴᠠᠭ᠎ᠠ ᠪᠣᠯᠤᠨ ︽ᠳᠦᠷᠪᠡ ᠶᠢ | ᠴᠢᠩᠭᠠᠳᠬᠠᠬᠤ ᠦᠭᠡᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠳᠤ ᠶᠢᠨ ᠪᠠᠶᠢᠭ᠎ᠠ ᠭᠤᠣᠯ ᠪᠣᠯᠬᠤ | ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃ | ᠠᠵᠤ ᠦᠢᠯᠡᠰ ᠤᠨ ᠬᠥᠭᠵᠢᠯᠲᠡ ᠪᠠᠷ ᠰᠠᠭᠤᠷᠢ ᠪᠣᠯᠭᠠᠬᠤ ᠶᠢ ᠪᠠᠷᠢᠮᠲᠠᠯᠠᠵᠤ᠂ ᠮᠥᠩᠭᠦᠨ ᠬᠦᠢᠯᠬᠡᠬᠡ ᠪᠠᠷ | ᠭᠤᠤᠯᠯᠠᠭᠴᠢ ᠠᠵᠤ ᠦᠢᠯᠡᠰ ᠢ ᠲᠡᠳᠬᠦᠬᠦ᠂ ᠰᠢᠯᠵᠢᠯᠲᠡ ᠶᠢᠨ ᠬᠤᠭᠤᠴᠠᠭᠠᠨ ᠳᠠᠬᠢ ᠪᠠᠭ᠎ᠠ ᠬᠡᠮᠵᠢᠶᠠᠨ ᠤ | ᠢᠲᠡᠭᠡᠮᠵᠢᠲᠦ ᠵᠢᠭᠡᠯᠡᠯᠭᠡ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠳᠠᠭᠠᠳᠬᠠᠯ ᠵᠡᠷᠭᠡ ᠲᠥᠷᠥ ᠶᠢᠨ ᠪᠣᠳᠣᠯᠭ᠎ᠠ ᠶᠢᠨ | ᠵᠣᠯᠭᠠᠭᠤᠯᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠨᠢᠭᠡ ᠪᠦᠯᠦᠭ ᠲᠠᠶᠢᠴᠢᠯᠠᠨ ᠲᠠᠭᠠᠭᠤᠯᠬᠤ | ᠴᠢᠳᠠᠪᠤᠷᠢ ᠲᠠᠢ᠂ ᠠᠰᠢᠭ ᠲᠤᠰᠠ ᠨᠢᠭᠳᠠ ᠬᠤᠯᠪᠤᠯᠳᠤᠭᠰᠡᠨ ᠡᠵᠡᠩᠨᠡᠯᠲᠡ ᠶᠢᠨ ᠭᠤᠤᠯ ᠴᠣᠭᠴᠠ ᠶᠢ | ᠪᠤᠶᠢᠵᠢᠭᠤᠯᠤᠨ᠎ᠠ᠃ ᠲᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠬᠥᠳᠡᠯᠦᠩᠭᠦᠶ ᠬᠢᠨᠠᠨ ᠬᠡᠮᠵᠢᠯᠳᠠ ᠪᠠ | ᠬᠠᠪᠰᠤᠷᠤᠨ ᠲᠡᠳᠬᠦᠬᠦ ᠲᠤᠭᠳᠠᠯᠴᠠᠭ᠎ᠠ ᠶᠢ ᠪᠦᠷᠢᠨᠰᠢᠬᠦᠯᠵᠤ᠂ ᠬᠡᠪᠴᠢᠶᠠᠵᠢᠯ ᠤᠨ ᠴᠢᠨᠠᠷᠲᠠᠶ ᠲᠠᠬᠢᠨ ᠶᠠᠳᠠᠭᠤᠷᠠᠬᠤ | ᠠᠰᠠᠭᠤᠳᠠᠯ ᠢ ᠦᠯᠦ ᠡᠭᠦᠰᠭᠡᠬᠦ ᠱᠠᠭᠠᠷᠳᠠᠯᠭ᠎ᠠ ᠶᠢ ᠪᠠᠲᠤ ᠰᠠᠬᠢᠨ᠎ᠠ᠃ ᠬᠦᠳᠡᠭᠡ ᠲᠤᠰᠬᠤᠨ ᠢ ᠬᠦᠭᠵᠢᠬᠦᠯᠤᠨ | ᠮᠠᠡᠳᠤᠭᠤᠯᠬᠤ ᠲᠦᠷᠤᠯ ᠵᠥᠢᠯ ᠤᠨ ᠬᠥᠮᠥᠷᠭᠡ ᠶᠢᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠨ᠎ᠠ | ᠃ ︽ᠬᠢᠯᠢ ᠬᠢᠵᠠᠭᠠᠷ ᠢ ᠬᠥᠭᠵᠢᠭᠦᠯᠦᠨ ᠠᠷᠠᠳ ᠢᠶᠠᠨ ᠪᠠᠶᠠᠵᠢᠭᠤᠯᠬᠤ︾ ᠠᠵᠢᠯᠯᠠᠭ᠎ᠠ ᠪᠠᠷ ᠭᠠᠷᠳᠠᠴᠠ ᠪᠣᠯᠭᠠᠵᠤ᠂ | ᠨᠢᠭᠡ ᠪᠦᠯᠦᠭ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠠᠵᠢᠯ ᠢ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠠᠵᠢᠯ ᠲᠠᠢ ᠪᠦᠲᠦᠮᠵᠢᠲᠡᠶ ᠵᠣᠯᠭᠠᠭᠤᠯᠬᠤ | ᠲᠥᠷᠥᠯ ᠵᠥᠢᠯ ᠢ ᠰᠦᠪᠡᠭᠴᠢᠯᠡᠬᠦ ᠪᠠ ᠨᠥᠭᠡᠴᠡᠯᠡᠵᠦ᠂ ᠳᠡᠭᠡᠳᠦ ᠱᠠᠲᠤᠨ ᠤ ᠵᠣᠯᠭᠠᠭᠤᠯᠬᠤ ᠪᠠᠯᠠ ᠮᠥᠩᠭᠦ ᠶᠢ | ᠢᠳᠡᠪᠬᠢᠲᠡᠶ ᠪᠠᠷ ᠡᠷᠡᠮᠠᠯᠵᠠᠯᠠᠨ᠂ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠤᠨ᠎ᠠ᠃ | ᠭᠠᠴᠠᠭᠠᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ᠂ ᠬᠤᠰᠢᠭᠤ ᠱᠠᠲᠤᠨ ᠤ ᠵᠢᠱᠢᠶ᠎ᠡ | ᠦᠵᠡᠭᠦᠯᠬᠦ ᠭᠠᠴᠠᠭ᠎ᠠ ᠪᠠᠷ ᠭᠤᠤᠯᠳᠠᠯᠭ᠎ᠠ ᠪᠣᠯᠭᠠᠨ᠂ ᠬᠠᠮᠢᠶᠠᠷᠤᠯᠳᠠ ᠨᠢ ᠵᠢᠷᠤᠮᠵᠢᠭᠰᠠᠨ᠂ ᠦᠷ᠎ᠡ ᠠᠰᠢᠭ ᠲᠤᠪᠤᠶᠢᠮ᠎ᠠ | ᠂ ᠵᠢᠱᠢᠶᠠᠴᠢ ᠲᠠᠭᠤᠷᠢᠶᠠᠯ ᠪᠤᠯᠵᠤ ᠲᠡᠶᠢᠯᠬᠦ ᠬᠠᠮᠲᠤ ᠶᠢᠨ ᠠᠵᠤ ᠠᠬᠤᠶ ᠶᠢᠨ ᠵᠠᠭᠪᠤᠷ ᠢ ᠴᠤᠭᠴᠠᠯᠠᠵᠤ᠂ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠪᠣᠯᠬᠤ ᠳᠤ᠂ 35% ᠠᠴᠠ ᠲᠡᠬᠡᠭᠰᠢᠬᠢ ᠭᠠᠴᠠᠭᠠᠨ ᠤ | ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ 100 ᠲᠦᠮᠡᠨ ᠲᠥᠭᠦᠷᠢᠭ ᠠᠴᠠ ᠲᠠᠪᠠᠭᠤᠯᠵᠤ᠂ 85% ᠠᠴᠠ | ᠲᠡᠬᠡᠭᠰᠢᠬᠢ ᠭᠠᠴᠠᠭ᠎ᠠ ᠶᠢ 50 ᠲᠦᠮᠡᠨ ᠲᠦᠬᠦᠷᠢᠭ ᠠᠴᠠ ᠲᠡᠬᠡᠭᠰᠢ ᠤᠷᠤᠯᠭ᠎ᠠ ᠲᠠᠢ ᠪᠤᠯᠭᠠᠬᠤ ᠪᠠᠷ ᠴᠢᠷᠮᠠᠶᠢᠨ᠎ᠠ᠃ | ᠭᠠᠴᠠᠭᠠᠨ ᠤ ᠬᠠᠮᠲᠤ ᠶᠢᠨ ᠠᠵᠤ ᠠᠬᠤᠶ ᠶᠢᠨ ᠬᠢᠨᠠᠯᠲᠠ ᠬᠠᠮᠢᠶᠠᠷᠤᠯᠳᠠ ᠶᠢ ᠴᠢᠩᠭᠠᠳᠬᠠᠨ᠎ᠠ᠃ ᠭᠠᠴᠠᠭᠠᠨ ᠤ | ᠬᠠᠮᠲᠤ ᠶᠢᠨ ᠠᠵᠤ ᠠᠬᠤᠶ ᠶᠢᠨ ᠦᠪ ᠬᠥᠷᠥᠩᠭᠡ ᠶᠢᠨ ᠬᠠᠮᠢᠶᠠᠷᠤᠯᠲᠠ ᠪᠠ ᠦᠷ᠎ᠡ ᠠᠰᠢᠭ ᠤᠨ ᠪᠠᠶᠢᠳᠠᠯ ᠳᠤ | ᠲᠣᠭᠲᠠᠮᠠᠯ ᠬᠤᠭᠤᠴᠠᠭ᠎ᠠ ᠲᠠᠢ ᠪᠠᠷ ᠡᠳ᠋ ᠬᠥᠷᠥᠩᠭᠡ ᠶᠢᠨ ᠦᠨᠡᠯᠡᠨ ᠵᠢᠱᠢᠯᠲᠡ ᠬᠢᠵᠦ᠂ ᠭᠠᠴᠠᠭ᠎ᠠ ᠲᠣᠰᠬᠤᠨ ᠤ ᠡᠳ᠋ | ᠬᠥᠷᠥᠩᠭᠡ ᠶᠢᠨ ᠪᠦᠷᠢᠨ ᠪᠦᠲᠦᠨ ᠴᠢᠨᠠᠷ᠂ ᠠᠮᠤᠷ ᠲᠦᠪᠰᠢᠨ ᠴᠢᠨᠠᠷ᠂ ᠣᠷᠳᠣ ᠬᠤᠭᠤᠴᠠᠭᠠᠨ ᠤ ᠪᠦᠳᠤᠮᠵᠢᠳᠤ | ᠴᠢᠨᠠᠷ ᠢ ᠪᠠᠳᠤᠯᠠᠨ᠎ᠠ︔ ᠬᠠᠮᠳᠤ ᠶᠢᠨ ᠠᠵᠤ ᠠᠬᠤᠢ ᠶᠢᠨ ᠬᠤᠪᠢ ᠤᠷᠤᠭᠤᠯᠬᠤ ᠬᠤᠷᠰᠢᠶᠠᠵᠢᠯ ᠢ ᠲᠦᠷᠢᠮᠵᠢᠬᠦᠯᠤᠨ | ᠬᠦᠭᠵᠢᠬᠦᠯᠵᠤ᠂ ᠤᠯᠠᠨ ᠲᠦᠮᠡᠨ ᠢ ᠲᠠᠶᠢᠴᠢᠯᠠᠨ ᠲᠠᠭᠠᠭᠤᠯᠵᠤ᠂ ᠬᠠᠮᠳᠤᠪᠡᠷ ᠪᠠᠶᠠᠵᠢᠨ ᠴᠢᠨᠡᠬᠡᠯᠢᠭᠵᠢᠬᠦ ᠦᠢᠯᠡᠳᠤᠯ ᠢ | ᠨᠢ ᠪᠠᠳᠠᠷᠠᠭᠤᠯᠤᠨ᠎ᠠ᠃ | — ᠵᠠᠰᠠᠭ ᠤᠨ ᠪᠦᠲᠦᠮᠵᠢ ᠶᠢᠨ ᠲᠤᠬᠠᠶ ᠵᠥᠪ ᠦᠵᠡᠯᠲᠡ ᠶᠢ ᠢᠮᠠᠭᠲᠠ ᠪᠠᠷᠢᠮᠲᠠᠯᠠᠵᠤ᠂ ᠥᠭᠡᠷᠡᠴᠢᠯᠡᠯᠲᠡ | ᠨᠡᠭᠡᠭᠡᠯᠳᠡ ᠶᠢ ᠭᠦᠨᠵᠡᠭᠡᠶᠢᠷᠡᠭᠦᠯᠬᠦ ᠦᠢᠯᠡᠳᠤᠯ ᠢᠶᠠᠷ ᠰᠢᠨ᠎ᠡ ᠶᠢ ᠡᠭᠦᠳᠬᠦ ᠬᠦᠳᠡᠯᠬᠡᠭᠴᠢ ᠬᠦᠴᠤᠨ ᠪᠣᠯᠭᠠᠬᠤ ᠶᠢ | ᠠᠬᠢᠭᠤᠯᠵᠤ᠂ ᠨᠢᠬᠡᠳᠤᠯᠳᠡᠢ ᠲᠦᠯᠤᠪᠵᠢᠬᠦᠯᠬᠦ ᠴᠢᠳᠠᠪᠤᠷᠢ ᠶᠢ ᠲᠡᠬᠡᠭᠰᠢᠯᠡᠬᠦᠯᠬᠦ ᠠᠷᠭ᠎ᠠ ᠪᠠᠷ ᠲᠦᠷᠤ ᠶᠢᠨ ᠪᠤᠳᠤᠯᠭ᠎ᠠ | ᠶᠢᠨ ᠨᠠᠶᠢᠳᠠᠪᠤᠷᠢᠵᠢᠭᠳᠠᠬᠤ ᠶᠢ ᠪᠠᠳᠤᠯᠠᠨ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ | ᠶᠠᠪᠤᠴᠠ ᠪᠠᠷ ᠵᠠᠰᠠᠭ ᠵᠠᠬᠢᠷᠭᠠᠨ ᠤ ᠦᠷ᠎ᠠ ᠪᠦᠳᠤᠮᠵᠢ ᠶᠢ ᠳᠡᠭᠡᠭᠰᠢᠯᠡᠭᠦᠯᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢ | ᠠᠬᠢᠭᠤᠯᠬᠤ ᠪᠠᠷ ᠲᠠᠮᠵᠢᠭᠤᠯᠤᠨ ᠬᠠᠤᠯᠢ ᠶᠣᠰᠣᠭᠠᠷ ᠵᠠᠰᠠᠭ ᠪᠠᠷᠢᠬᠤ ᠴᠢᠳᠠᠪᠤᠷᠢ ᠶᠢ ᠳᠡᠭᠡᠭᠰᠢᠯᠡᠭᠦᠯᠤᠨ᠂ ᠵᠠᠰᠠᠭ ᠢ | ᠴᠢᠩᠭ᠎ᠠ ᠵᠠᠰᠠᠬᠤ ᠠᠵᠢᠯᠯᠠᠭ᠎ᠠ ᠪᠠᠷ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠠᠪᠤᠴᠠ ᠶᠢ ᠲᠦᠯᠬᠢᠨ ᠠᠬᠢᠭᠤᠯᠵᠤ᠂ | ᠠᠷᠠᠳ ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠬᠦᠴᠦᠯᠡᠨ ᠪᠠᠶᠢᠭᠤᠯᠤᠨ᠎ᠠ᠃ | ᠨᠢᠭᠡ ᠳᠤ᠂ ᠪᠠᠶᠢᠭᠤᠯᠤᠮᠵᠢ ᠵᠤᠬᠢᠴᠠᠮᠵᠢ ᠶᠢᠨ ᠲᠠᠯ᠎ᠠ ᠪᠠᠷ ᠰᠢᠨ᠎ᠡ ᠶᠢ ᠡᠬᠦᠳᠴᠤ᠂ ᠭᠤᠣᠯᠳᠠᠯᠭ᠎ᠠ ᠲᠠᠢ | ᠥᠭᠡᠷᠡᠴᠢᠯᠡᠯᠲᠡ ᠶᠢᠨ ᠡᠭᠦᠷᠭᠡ ᠶᠢ ᠰᠢᠪᠳᠤᠯᠤᠯᠳᠠ ᠲᠠᠢ ᠪᠤᠯᠭᠠᠨ᠎ᠠ᠃ ᠵᠠᠰᠠᠭ ᠤᠨ ᠪᠦᠲᠦᠮᠵᠢ ᠶᠢᠨ ᠲᠤᠬᠠᠶ ᠵᠥᠪ | ᠦᠵᠡᠯᠲᠡ ᠶᠢ ᠤᠯᠠᠮ ᠴᠢᠨᠠᠭᠰᠢᠳᠠ ᠪᠠᠲᠤ ᠪᠠᠬᠢ ᠪᠤᠢ ᠪᠣᠯᠭᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠤᠯᠤᠰ ᠲᠦᠷᠦ ᠶᠢᠨ ᠲᠤᠭᠳᠠᠭᠠᠯᠳᠠ ᠶᠢ ᠴᠢᠩᠭᠠᠷᠠᠭᠤᠯᠵᠤ᠂ ᠥᠭᠡᠷᠡᠴᠢᠯᠡᠯᠲᠡ ᠶᠢᠨ ︽ᠬᠦᠴᠢᠷ | ᠠᠰᠠᠭᠤᠳᠠᠯ︾᠂ ︽ᠲᠦᠭᠵᠢᠷᠠᠯ ᠤᠨ ᠠᠰᠠᠭᠤᠳᠠᠯ︾ ᠳᠤ ᠴᠢᠭᠯᠡᠭᠦᠯᠦᠨ᠂ ᠦᠷᠭᠦᠯᠵᠢᠯᠡᠨ ᠴᠦᠬᠦᠷᠡᠰᠢ ᠦᠬᠡᠢ | ᠴᠢᠷᠮᠠᠶᠢᠨ᠎ᠠ᠃ ᠮᠠᠯᠵᠢᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠠᠯᠵᠢᠬᠤ | ᠣᠷᠣᠨ ᠤ ᠦᠨᠳᠦᠰᠦᠨ ᠡᠵᠡᠩᠨᠡᠯᠲᠡ ᠶᠢᠨ ᠲᠦᠷᠢᠮ ᠢ ᠲᠡᠭᠦᠯᠳᠡᠷᠵᠢᠭᠦᠯᠤᠨ᠂ ᠮᠠᠯᠵᠢᠬᠤ ᠣᠷᠣᠨ ᠤ ᠬᠠᠮᠲᠤ ᠶᠢᠨ | ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ᠂ ᠮᠠᠯᠵᠢᠬᠤ ᠣᠷᠣᠨ ᠤ ᠭᠠᠵᠠᠷ ᠰᠢᠷᠣᠢ ᠶᠢᠨ ︽ | ᠭᠤᠷᠪᠠᠨ ᠡᠷᠬᠡ ᠶᠢ ᠰᠠᠯᠭᠠᠬᠤ︾ ᠥᠭᠡᠷᠡᠴᠢᠯᠡᠯᠲᠡ ᠶᠢ ᠲᠠᠰᠤᠷᠠᠯᠲᠠ ᠦᠭᠡᠢ ᠠᠬᠢᠭᠤᠯᠤᠨ᠎ᠠ︔ ᠨᠡᠶᠢᠭᠡᠮ ᠤᠨ | ᠢᠲᠡᠭᠡᠮᠵᠢ ᠶᠢᠨ ᠲᠤᠭᠳᠠᠯᠴᠠᠭᠠᠨ ᠤ ᠪᠠᠶᠢᠭᠤᠯᠤᠯᠲᠠ ᠶᠢ ᠠᠬᠢᠭᠤᠯᠵᠤ᠂ ᠢᠲᠡᠭᠡᠮᠵᠢ ᠶᠢᠨ ᠮᠡᠳᠡᠭᠡ ᠵᠠᠩᠭᠢ ᠶᠢ | ᠨᠢᠭᠡᠳᠦᠯᠲᠡᠢ ᠴᠤᠭᠯᠠᠭᠤᠯᠬᠤ᠂ ᠬᠠᠷᠢᠯᠴᠠᠨ ᠬᠤᠯᠪᠣᠭᠠᠯᠠᠵᠤ ᠬᠠᠮᠲᠤᠪᠠᠷ ᠡᠳ᠋ᠯᠡᠬᠦ᠂ ᠬᠤᠯᠪᠣᠭᠠᠯᠠᠨ ᠴᠤᠤᠷᠢᠶᠠᠳᠠᠬᠤ᠂ | ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠲᠤᠭᠳᠠᠯᠴᠠᠭ᠎ᠠ ᠶᠢ ᠭᠦᠨᠵᠡᠭᠡᠶᠢᠷᠡᠭᠦᠯᠵᠦ᠂ ︽ᠢᠳᠡᠬᠡᠮᠵᠢᠳᠡᠢ ᠪᠠᠶᠢᠪᠠᠯ ᠰᠠᠭᠠᠳ | ᠦᠭᠡᠢ ᠨᠡᠪᠲᠡᠷᠡᠬᠦ︔ ᠨᠢᠭᠡ ᠭᠠᠵᠠᠷ ᠲᠤ ᠢᠲᠡᠭᠡᠯ ᠠᠯᠳᠠᠪᠠᠯ ᠭᠠᠵᠠᠷ ᠪᠣᠯᠭᠠᠨ ᠳᠤ ᠬᠢᠵᠠᠭᠠᠷᠯᠠᠭᠳᠠᠬᠤ︾ ᠣᠷᠴᠢᠨ ᠢ | ᠪᠤᠢ ᠪᠣᠯᠭᠠᠨ᠎ᠠ︔ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ | ᠠᠵᠢᠯᠯᠠᠭ᠎ᠠ ᠶᠢ ᠬᠡᠷᠡᠭᠵᠢᠭᠦᠯᠵᠦ᠂ ᠡᠳ᠋ ᠤᠨ ᠵᠠᠰᠠᠭ ᠭᠠᠶᠢᠯᠢ ᠪᠠ ᠪᠡᠯᠡ ᠣᠷᠣᠭᠤᠯᠤᠯᠲᠠ ᠪᠡᠯᠡ ᠬᠤᠷᠠᠮᠳᠤᠭᠤᠯᠭ᠎ᠠ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠥᠩᠭᠦᠨ ᠬᠦᠢᠯᠬᠡᠬᠡ ᠪᠠᠷ ᠪᠣᠳᠠᠲᠤ ᠴᠣᠭᠴᠠ ᠶᠢᠨ | ᠠᠵᠤ ᠠᠬᠤᠶ ᠶᠢ ᠪᠦᠲᠦᠮᠵᠢᠲᠡᠶ ᠳᠡᠮᠵᠢᠬᠦ ᠪᠠᠶᠢᠭᠤᠯᠤᠮᠵᠢ ᠵᠤᠬᠢᠴᠠᠮᠵᠢ ᠶᠢ ᠪᠠᠶᠢᠭᠤᠯᠤᠨ᠂ ᠭᠠᠶᠢᠯᠢ ᠲᠠᠲᠠᠪᠤᠷᠢ ᠶᠢᠨ | ᠬᠠᠮᠢᠶᠠᠷᠤᠯᠲᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠥᠭᠡᠷᠡᠴᠢᠯᠡᠯᠲᠡ ᠪᠠᠷ ᠬᠥᠳᠡᠯᠭᠡᠬᠦ ᠬᠦᠴᠦᠨ ᠢ | ᠬᠦᠭᠵᠢᠶᠠᠡᠵᠢᠬᠦᠯᠤᠨᠠ᠃ ᠨᠡᠬᠡᠬᠡᠯᠳ᠋ᠨ ᠲᠠᠢ ᠰᠡᠳᠬᠢᠬᠦᠶ ᠪᠠᠷ ᠠᠷᠭ᠎ᠠ ᠤᠬᠠᠭᠠᠨ ᠰᠦᠪᠡᠭᠴᠢᠯᠡᠵᠦ ᠠᠵᠢᠯ ᠢᠶᠠᠨ | ᠠᠬᠢᠭᠤᠯᠬᠤ ᠶᠢ ᠪᠠᠷᠢᠮᠲᠠᠯᠠᠵᠤ᠂ ᠨᠡᠬᠡᠬᠡᠯᠳᠡ ᠲᠠᠢ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ | ᠦᠢᠯᠡᠳᠦᠯᠭᠡᠵᠢᠭᠦᠯᠤᠨ᠂ ᠤᠯᠤᠰ ᠤᠨ ᠬᠤᠣᠰ ᠤᠷᠴᠢᠯ ᠢ ᠰᠠᠭᠠᠳ ᠦᠭᠡᠢ ᠨᠡᠪᠲᠡᠷᠡᠭᠦᠯᠬᠦ ᠪᠤᠳᠤᠯᠭ᠎ᠠ ᠪᠠ ᠳᠤᠮᠳᠠ | ᠪᠠᠷᠠᠭᠤᠨ ᠣᠷᠣᠨ ᠤ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ ᠴᠢᠳᠠᠪᠤᠷᠢ ᠪᠠᠨ ᠴᠢᠩᠭᠠᠳᠬᠠᠬᠤ ᠶᠢ | ᠳᠡᠮᠵᠢᠬᠦ ᠪᠤᠳᠤᠯᠭ᠎ᠠ ᠶᠢᠨ ᠠᠰᠢᠭᠲᠠᠢ ᠠᠵᠠ ᠲᠣᠬᠢᠶᠠᠯ ᠢ ᠡᠵᠡᠮᠳᠡᠵᠤ᠂ ᠰᠠᠨᠠᠭᠠᠴᠢᠯᠠᠭ᠎ᠠ ᠠᠴᠠ ᠪᠠᠨ ︽ᠨᠢᠭᠡ ᠪᠦᠰᠡ | ᠨᠢᠭᠡ ᠵᠠᠮ︾ ᠳᠤ ᠠᠭᠤᠰᠤᠯᠴᠠᠨ᠂ᠪᠣᠭᠤᠮᠲᠠ ᠶᠢᠨ ᠠᠵᠤ ᠠᠬᠤᠢ ᠶᠢ ᠬᠦᠴᠦᠯᠡᠨ ᠬᠥᠭᠵᠢᠭᠦᠯᠵᠦ᠂ ᠪᠡᠭᠡᠵᠢᠩ | ᠲᠢᠶᠠᠨᠵᠢᠨ ᠾᠧᠪᠸᠢ ᠱᠠᠨᠳᠦ᠋ᠩ ᠵᠡᠷᠭᠡ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠲᠠᠰᠤᠷᠠᠯᠲᠠ | ᠦᠭᠡᠢ ᠭᠦᠨᠵᠡᠭᠡᠶᠢᠷᠡᠭᠦᠯᠤᠨ᠂ ᠬᠠᠷᠢᠯᠴᠠᠨ ᠠᠰᠢᠭᠲᠠᠢ ᠬᠠᠮᠲᠤᠪᠠᠷ ᠬᠥᠭᠵᠢᠬᠦ ᠵᠤᠷᠢᠯᠳᠠ ᠶᠢ ᠴᠢᠷᠮᠠᠶᠢᠨ ᠪᠠᠶᠠᠯᠠᠬᠦᠯᠤᠨ᠎ᠠ︔ | ᠡᠷᠬᠢᠨ ᠲᠣᠭᠤᠷᠢᠨ ᠤ ᠬᠤᠰᠢᠭᠤ ᠰᠢᠶᠠᠨ ᠬᠤᠲᠠ ᠲᠣᠭᠤᠷᠢᠭ ᠯᠤᠭ᠎ᠠ ᠶᠢᠨ ᠠᠵᠤ ᠠᠬᠤᠶ ᠰᠣᠶᠣᠯ ᠤᠨ ᠰᠣᠯᠢᠯᠴᠠᠭ᠎ᠠ | ᠬᠠᠮᠲᠤᠷᠠᠯᠴᠠᠭ᠎ᠠ ᠶᠢ ᠴᠢᠩᠭᠠᠳᠬᠠᠵᠤ᠂ ᠠᠵᠤ ᠦᠢᠯᠡᠰ ᠬᠠᠷᠢᠯᠴᠠᠨ ᠨᠥᠬᠦᠪᠥᠷᠢᠯᠡᠬᠦ᠂ ᠬᠦᠷᠢᠶᠡᠯᠡᠩ ᠲᠣᠭᠤᠷᠢᠭ ᠤᠨ | ᠪᠥᠲᠥᠭᠡᠨ ᠪᠠᠶᠢᠭᠤᠯᠤᠯᠲᠠ᠂ ᠴᠢᠬᠤᠯᠠ ᠶᠡᠭᠡ ᠲᠥᠷᠥᠯ ᠵᠥᠢᠯ ᠤᠨ ᠬᠠᠮᠲᠤᠷᠠᠯᠴᠠᠭ᠎ᠠ᠂ ᠺᠠᠳ᠋ᠷ ᠴᠢᠳᠠᠪᠤᠷᠢᠲᠠᠨ ᠤ | ᠰᠣᠯᠢᠯᠴᠠᠭ᠎ᠠ ᠵᠡᠷᠭᠡ ᠲᠠᠯ᠎ᠠ ᠪᠠᠷ ᠨᠠᠩ ᠶᠡᠭᠡ ᠦᠷ᠎ᠡ ᠪᠦᠳᠤᠮᠵᠢ ᠤᠯᠬᠤ ᠪᠠᠷ ᠴᠢᠷᠮᠠᠶᠢᠨ᠎ᠠ︔ ᠬᠤᠳᠠᠯᠳᠤᠭ᠎ᠠ ᠡᠵᠡᠩᠨᠡᠬᠦ | ᠣᠷᠴᠢᠨ ᠢ ᠰᠢᠯᠢᠳᠡᠭᠵᠢᠭᠦᠯᠬᠦ ᠪᠣᠭᠤᠮᠲᠠ ᠰᠢᠪᠲᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠵᠤ | ᠠᠬᠤᠶᠢᠯᠠᠯ ᠳᠤ ᠬᠠᠷᠠᠭᠠᠯᠵᠠᠯ ᠦᠵᠡᠬᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠬᠦᠯᠤᠨ ᠨᠠᠶᠢᠳᠠᠪᠤᠷᠢᠵᠢᠭᠤᠯᠬᠤ | ᠬᠦᠴᠤᠯᠠᠴᠠ ᠶᠢ ᠴᠢᠩᠭᠠᠳᠬᠠᠨ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢ ᠪᠥᠬᠦ | ᠬᠦᠴᠦᠨ ᠢᠶᠠᠷ ᠢᠶᠠᠨ ᠳᠡᠮᠵᠢᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠨᠡᠶᠢᠲᠡ ᠶᠢᠨ ᠥᠮᠴᠢᠯᠡᠯ ᠤᠨ ᠪᠤᠰᠤ | ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠡᠯ᠎ᠡ ᠵᠥᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠬᠢᠨᠠᠮᠠᠭᠠᠶ ᠨᠠᠶᠢᠳᠠᠪᠤᠷᠢᠵᠢᠭᠤᠯᠤᠨ᠂ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠠᠶᠢᠭᠠᠳ ᠠᠵᠤ | ᠠᠬᠤᠶᠢᠯᠠᠯ ᠢ ᠬᠠᠪᠰᠤᠷᠤᠨ ᠪᠣᠳᠠᠲᠠᠶ ᠬᠦᠴᠢᠷᠳᠡᠯ ᠢ ᠨᠢ ᠰᠢᠢᠳᠪᠤᠷᠢᠯᠡᠵᠤ ᠦᠭᠬᠦᠨ᠎ᠠ᠃ ᠲᠥᠷᠥᠯ ᠵᠦᠢᠯ ᠢ ᠤᠷᠢᠨ | ᠤᠷᠤᠭᠤᠯᠵᠤ ᠨᠠᠶᠢᠳᠠᠪᠤᠷᠢᠵᠢᠭᠤᠯᠬᠤ ᠠᠵᠢᠯ ᠢ ᠴᠢᠩᠭ᠎ᠠ ᠠᠳᠬᠤᠵᠤ᠂ ᠤᠷᠢᠨ ᠤᠷᠤᠭᠤᠯᠵᠤ ᠪᠡᠯᠡ ᠲᠠᠳᠠᠬᠤ | ᠡᠷᠴᠢᠮ ᠢᠶᠠᠨ ᠴᠢᠩᠭᠠᠷᠠᠭᠤᠯᠤᠨ᠂ ᠠᠷᠠᠯᠵᠢᠶᠠᠴᠢᠨ ᠤᠷᠢᠵᠤ ᠪᠡᠯᠡ ᠲᠠᠳᠠᠬᠤ ᠠᠵᠢᠯ ᠤᠨ ᠠᠮᠢᠳᠤᠯᠢᠭ ᠴᠢᠨᠠᠷ ᠪᠠ | ᠪᠣᠳᠠᠲᠤ ᠦᠷ᠎ᠡ ᠠᠰᠢᠭᠲᠤ ᠴᠢᠨᠠᠷ ᠢ ᠦᠨᠡᠨᠬᠦ ᠳᠡᠭᠡᠭᠰᠢᠯᠡᠭᠦᠯᠵᠦ᠂ ︽ᠠᠪᠠᠭ᠎ᠠ ᠬᠤᠰᠢᠭᠤᠨ ᠤ ᠠᠷᠠᠯᠵᠢᠶᠠᠴᠢᠨ ᠤᠷᠢᠵᠤ | ᠪᠠᠯᠠ ᠲᠠᠳᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠ ᠱᠠᠩᠨᠠᠬᠤ ᠠᠷᠭ᠎ᠠ︾ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠨᠠᠩ ᠢᠳᠡᠪᠬᠢᠲᠡᠶ ᠣᠪᠣᠷ ᠢᠶᠠᠷ ᠭᠠᠳᠠᠭᠰᠢ ᠤᠬᠠᠭᠤᠯᠤᠨ ᠲᠠᠨᠢᠯᠴᠠᠭᠤᠯᠬᠤ ᠪᠠ ᠠᠵᠤ ᠠᠬᠤᠶ | ᠠᠷᠠᠯᠵᠢᠶ᠎ᠠ ᠰᠣᠶᠣᠯ ᠤᠨ ᠰᠣᠯᠢᠯᠴᠠᠭ᠎ᠠ ᠶᠢ ᠴᠢᠩᠭᠠᠳᠬᠠᠨ᠂ ᠠᠷᠠᠯᠵᠢᠶᠠᠴᠢᠨ ᠤᠷᠢᠵᠤ ᠪᠠᠯᠠ ᠲᠠᠳᠠᠬᠤ ᠠᠵᠢᠯ ᠤᠨ | ᠨᠠᠷᠢᠯᠢᠭ ᠤᠨᠤᠪᠴᠢᠳᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠪᠠᠷ | ᠠᠷᠠᠯᠵᠢᠶᠠᠴᠢᠨ ᠤᠷᠢᠬᠤ ᠠᠴᠠ ᠲᠥᠷᠥᠯ ᠵᠥᠢᠯ ᠢᠶᠠᠷ ᠠᠷᠠᠯᠵᠢᠶᠠᠴᠢᠨ ᠤᠷᠢᠬᠤ ᠪᠠ ᠠᠵᠤ ᠦᠢᠯᠡᠰ ᠢᠶᠠᠷ | ᠠᠷᠠᠯᠵᠢᠶᠠᠴᠢᠨ ᠤᠷᠢᠬᠤ ᠠᠷᠭ᠎ᠠ ᠮᠠᠶ᠋ᠢᠭ ᠳᠠᠰᠢ ᠬᠤᠪᠢᠷᠠᠭᠤᠯᠬᠤ ᠰᠢᠯᠵᠢᠯᠳᠠ ᠶᠢ ᠳᠥᠯᠭᠢᠨ ᠠᠬᠢᠭᠤᠯᠵᠤ᠂ | ᠨᠡᠭᠡᠭᠡᠯᠲᠡ ᠪᠠᠷ ᠠᠮᠢᠵᠢᠷᠡᠯ ᠤᠨ ᠬᠦᠴᠦᠨ ᠢ ᠬᠥᠭᠵᠢᠭᠡᠨ᠎ᠡ᠃ | ᠬᠤᠶᠠᠷ ᠲᠤ᠂ ᠨᠢᠬᠡᠳᠤᠯᠳᠡᠢ ᠲᠦᠯᠤᠪᠵᠢᠬᠦᠯᠬᠦ ᠴᠢᠳᠠᠪᠤᠷᠢ ᠪᠠᠨ ᠲᠡᠬᠡᠭᠰᠢᠯᠡᠬᠦᠯᠵᠤ᠂ ᠬᠤᠷᠸ᠎ᠠ ᠲᠤᠬᠢᠷᠠᠭᠤᠯᠭ᠎ᠠ | ᠶᠢᠨ ᠡᠳ᠋ ᠤᠨ ᠵᠠᠰᠠᠭ᠂ ᠭᠠᠶᠢᠯᠢ ᠶᠢᠨ ᠪᠤᠳᠤᠯᠭ᠎ᠠ ᠶᠢᠨ ᠨᠠᠶᠢᠳᠠᠪᠤᠷᠢᠵᠢᠯᠳᠠ ᠶᠢ ᠪᠠᠳᠤᠯᠠᠨ᠎ᠠ᠃ ᠵᠠᠰᠠᠭ ᠤᠨ | ᠪᠦᠲᠦᠮᠵᠢ ᠶᠢᠨ ᠲᠤᠬᠠᠶ ᠵᠥᠪ ᠦᠵᠡᠯᠲᠡ ᠶᠢ ᠤᠯᠠᠮ ᠴᠢᠨᠠᠭᠰᠢᠳᠠ ᠪᠠᠲᠤ ᠪᠠᠬᠢ ᠪᠤᠢ ᠪᠣᠯᠭᠠᠵᠤ᠂ ᠠᠵᠤ ᠠᠬᠤᠢ ᠶᠢᠨ | ᠠᠵᠢᠯ ᠤᠨ ᠨᠢᠬᠡᠳᠤᠯᠳᠡᠢ ᠲᠦᠯᠤᠪᠵᠢᠬᠦᠯᠬᠦ ᠴᠢᠳᠠᠪᠤᠷᠢ ᠶᠢ ᠪᠦᠬᠦ ᠲᠠᠯ᠎ᠠ ᠪᠠᠷ ᠲᠡᠬᠡᠭᠰᠢᠯᠡᠬᠦᠯᠤᠨ᠂ ᠬᠤᠷᠸ᠎ᠠ | ᠲᠤᠬᠢᠷᠠᠭᠤᠯᠭ᠎ᠠ ᠶᠢᠨ ᠲᠦᠷᠤ ᠶᠢᠨ ᠪᠤᠳᠤᠯᠭ᠎ᠠ ᠪᠠ ᠬᠤᠮᠡᠬᠢ ᠲᠤᠬᠢᠷᠠᠭᠤᠯᠭ᠎ᠠ ᠶᠢᠨ ᠦᠢᠯᠡᠳᠤᠯ ᠢ ᠬᠦᠢᠴᠡᠳ | ᠠᠰᠢᠭᠯᠠᠨ᠂ ᠡᠳ᠋ ᠤᠨ ᠵᠠᠰᠠᠭ᠂ ᠭᠠᠶᠢᠯᠢ ᠶᠢᠨ ᠬᠤᠷᠸ᠎ᠠ ᠲᠤᠬᠢᠷᠠᠭᠤᠯᠭ᠎ᠠ ᠶᠢᠨ ᠲᠦᠷᠤ ᠶᠢᠨ ᠪᠤᠳᠤᠯᠭ᠎ᠠ ᠶᠢᠨ | ᠨᠠᠶᠢᠳᠠᠪᠤᠷᠢᠵᠢᠯᠳᠠ ᠶᠢ ᠬᠦᠴᠤᠯᠠᠨ ᠠᠬᠢᠭᠤᠯᠤᠨ᠎ᠠ᠃ ︽ᠠᠷᠪᠠᠨ ᠲᠦᠷᠪᠡᠳᠤᠬᠡᠷ ᠲᠠᠪᠤᠨ ᠵᠢᠯ︾ ᠤᠨ ᠬᠤᠭᠤᠴᠠᠭᠠᠨ | ᠳᠤ᠂ 203 ᠲᠦᠷᠤᠯ ᠤᠨ ᠴᠢᠬᠤᠯᠠ ᠶᠡᠭᠡ ᠢᠡᠵᠧᠨᠧᠷᠢᠩ ᠤᠨ ᠲᠦᠷᠤᠯ ᠵᠥᠢᠯ ᠢ ᠯᠠᠪᠳᠠᠭᠤᠨ ᠢᠶᠠᠷ ᠠᠬᠢᠭᠤᠯᠵᠤ᠂ | ᠪᠦᠳᠤᠮᠵᠢᠳᠡᠢ ᠪᠡᠯᠡ ᠤᠷᠤᠭᠤᠯᠤᠯᠳᠠ ᠶᠢ ᠲᠤᠭᠳᠠᠭᠤᠨ ᠢᠶᠠᠷ ᠦᠷᠬᠡᠳᠬᠡᠨ᠂ ᠠᠵᠤ ᠠᠬᠤᠢ ᠶᠢᠨ ᠶᠠᠷᠤᠩᠬᠡᠢ ᠬᠡᠮᠵᠢᠶ᠎ᠠ | ᠶᠢ ᠦᠨᠡᠡᠬᠦ ᠪᠤᠵᠠᠭᠠᠶᠢᠷᠠᠭᠤᠯᠤᠨ᠎ᠠ᠃ ᠤᠯᠠᠨ ᠨᠠᠶᠢᠳᠠ ᠶᠢᠨ ᠡᠳ᠋ ᠤᠨ ᠵᠠᠰᠠᠭ ᠤᠨ ᠤᠷᠤᠯᠭ᠎ᠠ ᠶᠢᠨ ᠪᠦᠳᠤᠴᠠ ᠪᠠ | ᠴᠢᠨᠠᠷ ᠴᠢᠡᠰᠠᠭ᠎ᠠ ᠶᠢ ᠬᠦᠴᠤᠯᠠᠨ ᠰᠠᠶᠢᠵᠢᠷᠠᠭᠤᠯᠵᠤ᠂ ᠭᠠᠶᠢᠯᠢ ᠬᠤᠷᠢᠶᠠᠵᠤ ᠲᠠᠳᠠᠪᠤᠷᠢᠯᠠᠬᠤ ᠬᠠᠮᠢᠶᠠᠷᠤᠯᠳᠠ ᠪᠠᠨ | ᠲᠦᠷᠢᠮᠵᠢᠬᠦᠯᠤᠨ᠂ ᠬᠤᠷᠸ᠎ᠠ ᠲᠤᠬᠢᠷᠠᠭᠤᠯᠭ᠎ᠠ ᠶᠢᠨ ᠭᠠᠶᠢᠯᠢ ᠲᠠᠳᠠᠪᠤᠷᠢ ᠶᠢᠨ ᠪᠠᠶᠢᠴᠠᠭᠠᠯᠳᠠ ᠵᠤᠬᠢᠴᠠᠭᠤᠯᠭ᠎ᠠ ᠶᠢ | ᠴᠢᠩᠭᠠᠳᠬᠠᠵᠤ᠂ ᠭᠠᠶᠢᠯᠢ ᠶᠢᠨ ᠪᠤᠰᠤ ᠤᠷᠤᠯᠭ᠎ᠠ ᠶᠢ ᠰᠢᠡᠵᠢᠯᠡᠬᠦ ᠤᠬᠠᠭᠠᠡᠴᠢ ᠪᠠᠷ ᠲᠤᠬᠢᠷᠠᠭᠤᠯᠤᠨ᠂ ᠡᠳ᠋ ᠤᠨ | ᠢᠷᠠᠯᠳᠠ ᠶᠢᠨ ᠪᠠᠶᠢᠭᠤᠯᠤᠯᠳᠠ ᠶᠢ ᠴᠢᠩᠭᠠᠳᠬᠠᠨ᠎ᠠ︔ ᠲᠦᠰᠤᠪᠯᠡᠨ ᠪᠤᠳᠤᠯᠳᠠ ᠶᠢᠨ ᠬᠠᠮᠢᠶᠠᠷᠤᠯᠳᠠ ᠪᠠ | ᠬᠡᠷᠡᠭᠵᠢᠬᠦᠯᠤᠯᠳᠠ ᠶᠢ ᠦᠨᠡᠡᠬᠦ ᠴᠢᠩᠭᠠᠳᠬᠠᠵᠤ᠂ ᠲᠤᠰᠬᠠᠢ ᠲᠦᠷᠤᠯ ᠤᠨ ᠪᠡᠯᠡ ᠮᠦᠩᠬᠦᠨ ᠤ ᠬᠡᠷᠡᠭᠯᠡᠯᠳᠡ ᠶᠢ | ᠲᠦᠷᠢᠮᠵᠢᠬᠦᠯᠤᠨ᠂ ᠲᠦᠰᠤᠪᠯᠡᠨ ᠪᠤᠳᠤᠯᠳᠠ ᠳᠠᠬᠢ ᠲᠦᠷᠤᠯ ᠵᠥᠢᠯ ᠤᠨ ᠪᠡᠯᠡ ᠮᠦᠩᠬᠦ ᠶᠢ ᠲᠤᠭᠳᠠᠭᠠᠯ ᠶᠤᠰᠤᠭᠠᠷ | ᠲᠦᠯᠤᠪᠤᠷᠢᠯᠡᠵᠤ᠂ ᠠᠷᠡᠳ ᠤᠨ ᠠᠮᠢᠳᠤᠷᠡᠯ ᠢ ᠪᠠᠳᠤᠯᠠᠨ ᠰᠠᠶᠢᠵᠢᠷᠠᠭᠤᠯᠬᠤ ᠪᠠᠷ ᠭᠤᠤᠯᠳᠠᠯᠭ᠎ᠠ ᠪᠤᠯᠭᠠᠭᠰᠡᠨ ᠵᠠᠷᠤᠯᠭ᠎ᠠ | ᠶᠢᠨ ᠪᠦᠳᠤᠴᠠ ᠶᠢ ᠰᠢᠯᠢᠳᠡᠭᠵᠢᠬᠦᠯᠤᠨ᠂ ᠭᠤᠤᠯᠳᠠᠯᠭ᠎ᠠ ᠲᠠᠢ ᠬᠦᠷᠢᠶ᠎ᠠ ᠬᠡᠪᠴᠢᠶ᠎ᠠ᠂ ᠴᠢᠬᠤᠯᠠ ᠪᠠᠯᠠ ᠮᠦᠩᠬᠦ ᠪᠠ | ᠴᠢᠬᠤᠯᠠ ᠶᠡᠭᠡ ᠲᠦᠷᠤᠯ ᠵᠥᠢᠯ ᠤᠨ ᠬᠢᠨᠡᠨ ᠬᠠᠮᠢᠶᠠᠷᠤᠯᠳᠠ ᠶᠢ ᠰᠠᠶᠢᠳᠤᠷ ᠡᠵᠡᠮᠳᠡᠵᠤ᠂ ᠬᠢᠨᠡᠨ ᠪᠤᠳᠤᠯᠳᠠ ᠶᠢᠨ ︽ | ᠠᠵᠤ ᠠᠬᠤᠢ ᠶᠢᠨ ᠪᠠᠶᠢᠴᠠᠭᠠᠯᠳᠠ︾ ᠶᠢᠨ ᠦᠢᠯᠡᠳᠤᠯ ᠢ ᠪᠠᠳᠠᠷᠠᠭᠤᠯᠤᠨ᠎ᠠ᠃ ᠵᠠᠰᠠᠭ ᠤᠨ ᠤᠷᠳᠤᠨ ᠤ ᠦᠷᠢ | ᠦᠭᠴᠡᠬᠡᠨ ᠤ ᠲᠦᠭᠰᠢᠬᠦᠷᠢ ᠶᠢ ᠨᠠᠮᠳᠠᠭᠠᠬᠤ ᠠᠵᠢᠯ ᠢ ᠡᠮᠬᠢ ᠲᠢᠭᠯᠢᠮ ᠲᠠᠢ᠂ ᠯᠠᠪᠳᠠᠭᠤᠨ ᠢᠶᠠᠷ ᠠᠬᠢᠭᠤᠯᠵᠤ᠂ ᠦᠷᠢ | ᠦᠭᠴᠡᠭᠡ ᠶᠢ ᠰᠢᠢᠳᠪᠤᠷᠢᠯᠡᠬᠦ ᠡᠷᠴᠢᠮ ᠢ ᠴᠢᠩᠭᠠᠳᠬᠠᠨ᠂ 13.89 ᠳ᠋ᠦᠩᠰᠢᠭᠤᠷ ᠲᠦᠬᠦᠷᠢᠭ ᠤᠨ ᠲᠠᠯᠳᠠ ᠦᠷᠢ | ᠦᠭᠴᠡᠭᠡ ᠶᠢ ᠰᠢᠢᠳᠪᠤᠷᠢᠯᠡᠬᠦ ᠪᠠᠷ ᠲᠦᠯᠤᠪᠯᠡᠨ᠂ ᠰᠢᠰᠲ᠋ᠧᠮᠳᠤ ᠴᠢᠨᠠᠷᠳᠡᠢ ᠮᠦᠩᠬᠦᠨ ᠬᠦᠢᠯᠬᠡᠬᠡᠨ ᠤ ᠲᠦᠭᠰᠢᠬᠦᠷᠢ | ᠡᠬᠦᠰᠬᠦ ᠦᠬᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠨ᠎ᠠ᠃ ᠬᠤᠷᠸ᠎ᠠ ᠲᠤᠬᠢᠷᠠᠭᠤᠯᠭ᠎ᠠ ᠶᠢᠨ ᠭᠠᠶᠢᠯᠢ ᠶᠢᠨ | ᠡᠬᠦᠷᠬᠡᠯᠡᠯ ᠢ ᠰᠤᠳᠤᠯᠤᠨ ᠮᠠᠭᠠᠳᠯᠠᠬᠤ ᠴᠢᠳᠠᠪᠤᠷᠢ ᠪᠠᠨ ᠴᠢᠩᠭᠠᠳᠬᠠᠨ᠂ ᠭᠠᠶᠢᠯᠢ ᠶᠢᠨ ᠲᠦᠷᠤ ᠶᠢᠨ ᠪᠤᠳᠤᠯᠭ᠎ᠠ ᠶᠢᠨ | ᠲᠤᠬᠢᠷᠠᠭᠤᠯᠤᠯᠳᠠ ᠶᠢᠨ ᠴᠢᠭᠯᠡᠯ ᠢ ᠡᠵᠡᠮᠳᠠᠵᠤ᠂ ᠡᠯ᠎ᠠ ᠲᠦᠷᠤᠯ ᠤᠨ ᠵᠠᠬ᠎ᠠ ᠲᠡᠯᠬᠡᠬᠦᠷ ᠤᠨ ᠭᠤᠤᠯ ᠴᠤᠭᠴᠠ ᠳᠤ | ᠬᠠᠨᠳᠤᠭᠤᠯᠤᠭᠰᠡᠨ ᠭᠠᠶᠢᠯᠢ ᠲᠠᠳᠠᠪᠤᠷᠢ ᠶᠢᠨ ᠲᠦᠷᠤ ᠶᠢᠨ ᠪᠤᠳᠤᠯᠭ᠎ᠠ ᠪᠠ ᠭᠠᠶᠢᠯᠢ ᠪᠠᠭᠠᠰᠬᠠᠨ ᠰᠦᠢᠳᠬᠡᠯ | ᠪᠠᠭᠤᠷᠠᠭᠤᠯᠬᠤ ᠲᠠᠮᠵᠢᠯᠬᠡ ᠶᠢᠨ ᠲᠦᠷᠤ ᠶᠢᠨ ᠪᠤᠳᠤᠯᠭ᠎ᠠ ᠶᠢ ᠨᠠᠷᠢᠯᠢᠭ ᠤᠨᠤᠪᠴᠢᠳᠡᠢ ᠨᠠᠶᠢᠳᠠᠪᠤᠷᠢᠵᠢᠭᠤᠯᠤᠨ᠎ᠠ᠃ | ᠭᠤᠷᠪᠠ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠵᠠᠰᠠᠭ ᠤᠨ ᠣᠷᠳᠤᠨ ᠤ | ᠡᠭᠦᠷᠭᠡ ᠴᠢᠳᠠᠪᠬᠢ ᠶᠢᠨ ᠬᠤᠪᠢᠷᠠᠭᠤᠯᠤᠯᠳᠠ ᠶᠢ ᠲᠦᠷᠬᠡᠳᠬᠡᠨ᠎ᠠ᠃ ᠵᠠᠰᠠᠭ ᠤᠨ ᠪᠦᠳᠦᠮᠵᠢ ᠶᠢᠨ ᠲᠤᠬᠠᠢ ᠵᠦᠪ | ᠦᠵᠡᠯᠲᠡ ᠶᠢ ᠣᠯᠠᠮ ᠴᠢᠨᠠᠭᠰᠢᠳᠠ ᠪᠠᠲᠤ ᠪᠠᠬᠢ ᠪᠣᠢ ᠪᠣᠯᠭᠠᠵᠤ᠂ ᠠᠷᠠᠳ ᠲᠥᠮᠡᠨ ᠳᠤ ᠦᠢᠯᠡᠴᠢᠯᠡᠬᠦ | ᠣᠶᠢᠯᠠᠭᠠᠭᠳᠠᠬᠤᠨ ᠢ ᠪᠠᠷᠢᠮᠲᠠᠯᠠᠨ᠂ ᠵᠠᠰᠠᠭ ᠤᠨ ᠶᠠᠪᠤᠳᠠᠯ ᠤᠨ ᠠᠵᠢᠯ ᠤᠨ ᠶᠠᠰᠣ ᠴᠢᠨᠠᠷ ᠢ ᠲᠡᠬᠡᠭᠰᠢᠯᠡᠬᠦᠯᠤᠨ᠎ᠠ᠃ | ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠵᠠᠭᠪᠤᠷ ᠢ ᠪᠦᠬᠦ ᠲᠠᠯ᠎ᠠ ᠪᠠᠷ | ᠲᠡᠯᠬᠡᠷᠡᠬᠦᠯᠤᠨ᠂ ︽ᠨᠢᠭᠡ ᠰᠦᠯᠵᠢᠶ᠎ᠡ ᠪᠠᠷ ᠭᠦᠢᠴᠡᠳᠭᠡᠬᠦ᠂ ᠠᠯᠠᠭᠠᠨ ᠲᠡᠭᠡᠷ᠎ᠡ ᠭᠦᠢᠴᠡᠳᠭᠡᠬᠦ᠂ ᠨᠢᠭᠡᠯᠡ ᠣᠳᠠᠭ᠎ᠠ ᠳᠤ | ᠭᠦᠢᠴᠡᠳᠭᠡᠬᠦ᠂ ᠲᠠᠨ ᠢ ᠬᠠᠪᠰᠤᠷᠤᠨ ᠬᠦᠢᠴᠡᠳᠬᠡᠬᠦ︾ ᠦᠢᠯᠡᠴᠢᠯᠡᠭᠡ ᠶᠢ ᠰᠢᠯᠢᠳᠡᠭᠵᠢᠭᠦᠯᠦᠨ᠂ ᠠᠵᠤ | ᠠᠬᠤᠶᠢᠯᠠᠯ ᠳᠤ ᠬᠤᠯᠪᠤᠭᠳᠠᠬᠤ ᠰᠦᠢᠳᠭᠡᠯ ᠬᠤᠷᠢᠶᠠᠬᠤ ᠵᠢᠴᠢ ᠬᠢᠨᠠᠨ ᠵᠦᠪᠰᠢᠶᠡᠷᠡᠵᠦ ᠦᠨᠡᠯᠡᠨ ᠵᠢᠱᠢᠬᠦ ᠵᠦᠢᠯᠡᠰ ᠢ | ᠴᠤᠮᠬᠠᠳᠬᠠᠵᠤ᠂ ᠲᠦᠷᠢᠮᠵᠢᠯ ᠤᠨ ᠴᠢᠨᠠᠷᠲᠠᠢ ᠰᠣᠯᠢᠯᠴᠠᠭᠠᠨ ᠤ ᠦᠷᠲᠡᠭ ᠢ ᠬᠠᠮᠤᠭ ᠤᠨ ᠶᠡᠭᠡ ᠬᠡᠮᠵᠢᠶ᠎ᠡ ᠪᠠᠷ | ᠪᠠᠭᠤᠷᠠᠭᠤᠯᠵᠤ᠂ ᠴᠢᠨᠠᠷ ᠰᠠᠶᠢᠲᠠᠢ ᠦᠢᠯᠡᠴᠢᠯᠡᠭᠡ ᠪᠠᠷ ᠣᠯᠠᠨ ᠲᠥᠮᠡᠨ ᠤ ᠠᠲᠠᠯ ᠦᠢᠯᠡᠰ ᠴᠤᠭᠴᠠᠯᠠᠵᠤ᠂ ᠰᠢᠨ᠎ᠡ ᠶᠢ | ᠡᠭᠦᠳᠬᠦ ᠶᠢ ᠤᠷᠮᠠᠰᠢᠭᠤᠯᠤᠨ᠎ᠠ︔ ᠵᠠᠬ᠎ᠠ ᠲᠡᠯᠭᠡᠭᠦᠷ ᠤᠨ ᠭᠤᠣᠯ ᠴᠤᠭᠴᠠ ᠪᠣᠯᠣᠨ ᠣᠯᠠᠨ ᠲᠥᠮᠡᠨ ᠤ ᠬᠦᠰᠡᠯ | ᠱᠠᠭᠠᠷᠳᠠᠯᠭ᠎ᠠ ᠳᠤ ᠠᠩᠬᠠᠷᠤᠯ ᠢᠶᠠᠨ ᠬᠠᠨᠳᠤᠭᠤᠯᠵᠤ᠂ ︽ᠬᠤᠣᠰ ᠲᠤᠭᠲᠠᠮᠠᠯ ᠪᠤᠰᠤ᠂ ᠨᠢᠭᠡ ᠶᠢ ᠢᠯᠡ ᠨᠡᠶᠢᠳᠡᠯᠡᠬᠦ︾ | ᠰᠢᠨ᠎ᠡ ᠬᠡᠯᠪᠡᠷᠢ ᠶᠢᠨ ᠬᠢᠨᠠᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠲᠥᠪ ᠭᠤᠤᠯᠴᠢ ᠪᠠᠷ ᠬᠢᠨᠠᠨ | ᠬᠠᠮᠢᠶᠠᠷᠬᠤ ᠶᠢ ᠴᠢᠩᠭᠠᠳᠬᠠᠨ᠂ ᠡᠷᠬᠡ ᠶᠢᠨ ᠨᠠᠷᠢᠨ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠪᠦᠬᠦ | ᠲᠠᠯ᠎ᠠ ᠪᠠᠷ ᠢᠯᠡ ᠪᠣᠯᠭᠠᠵᠤ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠪᠠ ᠤᠴᠢᠷ ᠶᠠᠪᠤᠳᠠᠯ | ᠰᠢᠢᠳᠪᠤᠷᠢᠯᠡᠬᠦ ᠵᠢᠯᠤᠭᠤᠳᠤᠮᠵᠢ ᠶᠢ ᠴᠠᠭ ᠲᠤᠬᠠᠢ ᠳᠤᠨᠢ ᠨᠡᠶᠢᠲᠡᠯᠡᠵᠦ᠂ ᠦᠢᠯᠡᠴᠢᠯᠡᠭᠡᠨ ᠤ ︽ᠴᠤᠩᠬᠤᠪᠴᠢ︾ ᠶᠢ | ᠢᠯᠡ ᠪᠤᠯᠭᠠᠨ᠂ ᠢᠯᠡ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠᠷ ᠨᠡᠶᠢᠭᠡᠮ ᠨᠡᠶᠢᠲᠡ ᠶᠢᠨ ᠠᠩᠬᠠᠷᠴᠦ ᠪᠠᠶᠢᠭ᠎ᠠ | ᠵᠦᠢᠯᠡᠰ ᠲᠤ ᠬᠠᠷᠢᠭᠤ ᠲᠤᠰᠬᠠᠯ ᠦᠭᠬᠦᠨ᠎ᠠ︔ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠢ ᠴᠤᠮᠬᠠᠳᠬᠠᠨ ᠡᠷᠬᠡ ᠶᠢ ᠲᠤᠷᠤᠭᠰᠢ ᠪᠠᠭᠤᠯᠭᠠᠬᠤ ᠶᠢ | ᠬᠦᠡᠵᠡᠬᠡᠶᠢᠷᠡᠬᠦᠯᠤᠨ ᠬᠦᠭᠵᠢᠬᠦᠯᠬᠦ ᠶᠢ ᠠᠬᠢᠭᠤᠯᠤᠨ᠂ ᠲᠡᠭᠡᠲᠦ ᠲᠤᠤᠷᠠᠲᠤ ᠱᠠᠳᠤᠨ ᠤ ᠬᠤᠯᠪᠤᠭᠠᠯᠠᠨ | ᠬᠦᠳᠡᠯᠦᠯᠴᠡᠬᠦ ᠶᠢ ᠴᠢᠩᠭᠠᠳᠬᠠᠵᠤ᠂ ᠲᠡᠭᠡᠲᠦ ᠱᠠᠳᠤᠨ ᠠᠴᠠ ᠲᠤᠷᠤᠭᠰᠢ ᠪᠠᠭᠤᠯᠭᠠᠭᠰᠠᠨ ᠬᠢᠨᠠᠨ ᠵᠦᠪᠰᠢᠶᠡᠷᠡᠬᠦ | ᠵᠦᠢᠯᠡᠰ ᠢ ᠬᠦᠯᠢᠶᠡᠨ ᠠᠪᠬᠤ ᠶᠢᠨ ᠬᠠᠮᠲᠤ ᠰᠠᠶᠢᠳᠤᠷ ᠬᠠᠮᠢᠶᠠᠷᠴᠦ᠂ ᠡᠷᠬᠡ ᠶᠢ ᠲᠤᠷᠤᠭᠰᠢ ᠪᠠᠭᠤᠯᠭᠠᠬᠤ ᠪᠠ | ᠪᠦᠳᠦᠮᠵᠢᠲᠡᠢ ᠵᠤᠯᠭᠠᠭᠤᠯᠬᠤ ᠪᠠᠷ ᠲᠠᠮᠵᠢᠭᠤᠯᠤᠨ ᠵᠠᠰᠠᠭ ᠵᠠᠬᠢᠷᠭᠠᠨ ᠤ ᠪᠦᠳᠦᠮᠵᠢ ᠶᠢᠨ ᠴᠢᠳᠠᠪᠬᠢ ᠶᠢ | ᠳᠡᠭᠡᠭᠰᠢᠯᠡᠭᠦᠯᠦᠨ᠎ᠡ᠃ | ᠲᠥᠷᠪᠡ ᠳᠤ᠂ ᠠᠷᠠᠳᠴᠢᠯᠠᠯ ᠪᠠ ᠬᠠᠤᠯᠢ ᠪᠠᠷ ᠵᠠᠰᠠᠬᠤ ᠶᠢ ᠲᠡᠭᠦᠯᠳᠡᠷᠵᠢᠭᠦᠯᠵᠦ᠂ ᠬᠠᠤᠯᠢ ᠶᠤᠰᠤᠭᠠᠷ ᠵᠠᠰᠠᠭ | ᠪᠠᠷᠢᠬᠤ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠵᠠᠰᠠᠭ ᠤᠨ ᠪᠦᠳᠦᠮᠵᠢ ᠶᠢᠨ ᠲᠤᠬᠠᠢ ᠵᠦᠪ ᠦᠵᠡᠯᠲᠡ ᠶᠢ ᠣᠯᠠᠮ | ᠴᠢᠨᠠᠭᠰᠢᠳᠠ ᠪᠠᠲᠤ ᠪᠠᠬᠢ ᠪᠤᠢ ᠪᠣᠯᠭᠠᠵᠤ᠂ ᠲᠥᠷᠢᠮ ᠲᠤᠭᠲᠠᠭᠠᠯ ᠢ ᠵᠢᠷᠤᠮᠯᠠᠨ᠂ ᠦᠢᠯᠡ ᠠᠵᠢᠯᠯᠠᠭ᠎ᠠ ᠪᠠᠨ | ᠵᠢᠷᠤᠮᠵᠢᠭᠤᠯᠵᠤ᠂ ᠵᠠᠰᠠᠭ ᠤᠨ ᠤᠷᠳᠤᠨ ᠤ ᠡᠯ᠎ᠡ ᠲᠦᠷᠦᠯ ᠤᠨ ᠠᠵᠢᠯ ᠤᠨ ᠠᠷᠠᠳᠴᠢᠯᠠᠯ ᠪᠠ ᠬᠠᠤᠯᠢ ᠪᠠᠷ ᠵᠠᠰᠠᠬᠤ | ᠵᠠᠮ ᠢᠶᠠᠷ ᠶᠠᠪᠤᠭᠳᠠᠬᠤ ᠶᠢ ᠪᠠᠲᠤᠯᠠᠨ᠎ᠠ᠃ ᠵᠠᠰᠠᠭ ᠤᠨ ᠣᠷᠳᠤᠨ ᠤ ᠬᠡᠷᠡᠭ ᠵᠦᠪᠯᠡᠬᠦ ᠲᠥᠷᠢᠮ ᠵᠢᠴᠢ ᠬᠠᠮᠢᠶ᠎ᠠ ᠪᠦᠬᠦᠢ | ᠲᠥᠷᠢᠮ ᠢ ᠪᠠᠶᠢᠭᠤᠯᠤᠨ ᠪᠦᠷᠢᠡᠰᠢᠬᠦᠯᠵᠤ᠂ ᠠᠷᠠᠳᠴᠢᠯᠠᠯ ᠲᠥᠪᠯᠡᠷᠡᠯ ᠤᠨ ᠲᠦᠷᠢᠮ᠂ ︽ᠭᠤᠷᠪᠠᠨ ᠴᠢᠬᠤᠯᠠ ᠨᠢᠭᠡ | ᠶᠡᠭᠡ︾ ᠶᠢᠨ ᠬᠠᠮᠲᠤ ᠶᠢᠨ ᠰᠢᠢᠳᠪᠤᠷᠢᠲᠦ ᠪᠣᠳᠣᠯᠭ᠎ᠠ ᠲᠤᠭᠲᠠᠭᠠᠬᠤ ᠲᠥᠷᠢᠮ ᠢ ᠬᠢᠨᠠᠮᠠᠭᠠᠢ ᠬᠡᠷᠡᠭᠵᠢᠭᠦᠯᠵᠦ᠂ | ᠴᠢᠬᠤᠯᠠ ᠶᠡᠭᠡ ᠤᠴᠢᠷ ᠶᠠᠪᠤᠳᠠᠯ᠂ ᠴᠢᠬᠤᠯᠠ ᠶᠡᠭᠡ ᠪᠢᠴᠢᠭ ᠮᠠᠲ᠋ᠧᠷᠢᠶᠠᠯ ᠤᠨ ᠬᠠᠤᠯᠢ ᠶᠤᠰᠤᠨ ᠤ ᠬᠢᠨᠠᠨ | ᠪᠠᠶᠢᠴᠠᠭᠠᠯᠲᠠ ᠶᠢ ᠴᠢᠩᠭᠠᠳᠬᠠᠵᠤ᠂ ᠰᠢᠢᠳᠪᠤᠷᠢᠲᠦ ᠪᠣᠳᠣᠯᠭ᠎ᠠ ᠶᠢᠨ ᠬᠠᠤᠯᠢᠵᠢᠭᠰᠡᠨ ᠬᠢᠷᠢ ᠲᠥᠪᠰᠢᠨ ᠢ | ᠳᠡᠭᠡᠭᠰᠢᠯᠡᠭᠦᠯᠦᠨ᠂ ᠲᠥᠪ ᠭᠤᠤᠯᠴᠢ᠂ ᠬᠠᠷᠢᠭᠤᠴᠠᠯᠭ᠎ᠠ ᠲᠤᠳᠤᠷᠬᠠᠢ᠂ ᠰᠢᠢᠳᠪᠤᠷᠢᠲᠦ ᠪᠣᠳᠣᠯᠭ᠎ᠠ ᠨᠢ ᠰᠢᠨᠵᠢᠯᠡᠬᠦ | ᠣᠬᠠᠭᠠᠨᠴᠢ ᠠᠷᠠᠳᠴᠢᠯᠠᠯ ᠲᠠᠢ ᠪᠠᠶᠢᠬᠤ ᠶᠢ ᠴᠢᠷᠮᠠᠶᠢᠨ ᠪᠠᠶᠠᠯᠠᠬᠦᠯᠤᠨ᠎ᠠ︔ ᠤᠯᠤᠰ ᠲᠦᠷᠦ ᠬᠠᠤᠯᠢ ᠴᠠᠭᠠᠵᠠ ᠶᠢᠨ | ᠡᠩᠨᠡᠭᠡᠨ ᠤ ᠬᠦᠮᠦᠵᠢᠯ ᠴᠡᠭᠴᠡᠯᠯᠡᠲᠡ ᠶᠢᠨ ᠦᠷ᠎ᠡ ᠪᠦᠳᠤᠮᠵᠢ ᠶᠢ ᠦᠷᠬᠡᠳᠬᠡᠨ᠂ ᠤᠯᠤᠰ ᠲᠦᠷᠦ ᠬᠠᠤᠯᠢ | ᠴᠠᠭᠠᠵᠠ ᠶᠢᠨ ᠪᠠᠶᠢᠭᠤᠯᠭ᠎ᠠ ᠶᠢ ᠱᠠᠯᠠᠪᠳᠠᠭᠤᠯᠤᠨ᠂ ᠨᠠᠩ ᠦᠡᠳᠤᠷ ᠦᠵᠡᠯ ᠰᠠᠨᠠᠭᠠᠨ ᠤ ᠱᠠᠭᠠᠷᠳᠠᠯᠭ᠎ᠠ᠂ ᠨᠠᠩ | ᠡᠷᠴᠢᠮᠳᠡᠢ ᠠᠵᠢᠯ ᠤᠨ ᠪᠦᠳᠤᠮᠵᠢ ᠪᠠᠷ ᠬᠦᠮᠦᠵᠢᠯ ᠴᠡᠭᠴᠡᠯᠡᠯᠲᠡ ᠶᠢᠨ ᠦᠷ᠎ᠡ ᠪᠦᠳᠦᠮᠵᠢ ᠪᠣᠯᠣᠨ ᠲᠤᠬᠠᠶᠢᠯᠠᠭᠰᠠᠨ | ᠠᠵᠢᠯ ᠤᠨ ᠴᠢᠳᠠᠪᠤᠷᠢ ᠶᠢᠨ ᠳᠡᠭᠡᠭᠰᠢᠯᠡᠯᠲᠡ ᠶᠢ ᠪᠦᠳᠦᠮᠵᠢᠲᠡᠢ ᠵᠤᠯᠭᠠᠭᠤᠯᠬᠤ ᠶᠢ ᠲᠥᠯᠬᠢᠨ ᠠᠬᠢᠭᠤᠯᠵᠤ᠂ ᠲᠥᠪ | ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠬᠦᠯᠤᠨ᠂ ᠠᠷᠭ᠎ᠠ ᠮᠠᠶ᠋ᠢᠭ ᠢᠶᠠᠨ ᠤᠯᠠᠮ ᠴᠢᠨᠠᠭᠰᠢᠳᠠ ᠰᠠᠶᠢᠵᠢᠷᠠᠭᠤᠯᠤᠨ | ᠰᠢᠨᠠᠴᠢᠯᠠᠵᠤ᠂ ᠪᠦᠬᠦ ᠲᠠᠯ᠎ᠠ ᠶᠢᠨ᠂ ᠪᠦᠬᠦ ᠶᠠᠪᠤᠴᠠ ᠶᠢᠨ ᠬᠢᠨᠠᠠ ᠬᠠᠮᠢᠶᠠᠷᠤᠯᠳᠠ ᠶᠢ ᠴᠢᠩᠭᠠᠳᠬᠠᠵᠤ᠂ ᠬᠠᠤᠯᠢ | ᠬᠡᠷᠡᠭᠵᠢᠬᠦᠯᠬᠦ ᠶᠠᠰᠣ ᠴᠢᠨᠠᠷ ᠪᠠ ᠬᠢᠷᠢ ᠲᠥᠪᠰᠢᠨ ᠢ ᠲᠠᠰᠤᠷᠠᠯᠲᠠ ᠦᠭᠡᠢ ᠳᠡᠭᠡᠭᠰᠢᠯᠡᠬᠦᠯᠦᠨ᠎ᠡ︔ ᠬᠠᠤᠯᠢ ᠪᠠᠷ | ᠵᠠᠰᠠᠬᠤ ᠰᠡᠳᠬᠢᠬᠦᠢ ᠶᠢ ᠪᠠᠷᠢᠮᠲᠠᠯᠠᠨ᠂ ᠨᠡᠶᠢᠭᠡᠮ ᠤᠨ ᠵᠦᠷᠢᠴᠡᠯ ᠵᠢᠭᠤᠷᠠᠭᠠᠨ ᠢ ᠬᠠᠤᠯᠢ ᠶᠤᠰᠤᠭᠠᠷ ᠪᠦᠳᠦᠮᠵᠢᠲᠡᠢ | ᠰᠢᠢᠳᠪᠤᠷᠢᠯᠡᠵᠦ᠂ ᠤᠷᠢᠳᠴᠢᠯᠠᠨ ᠰᠡᠷᠭᠡᠶᠢᠯᠡᠵᠦ᠂ ᠤᠷᠢᠳᠴᠢᠯᠠᠨ ᠵᠠᠰᠠᠵᠤ ᠵᠦᠷᠢᠴᠡᠯ ᠵᠢᠭᠤᠷᠠᠭᠠᠨ ᠢ ᠦᠨᠳᠦᠰᠦᠨ | ᠱᠠᠳᠤᠨ ᠳᠤ᠂ ᠡᠬᠢᠡ ᠤ ᠦᠶ᠎ᠠ ᠳᠤᠨᠢ ᠰᠢᠢᠳᠪᠤᠷᠢᠯᠡᠬᠦ ᠪᠠᠷ ᠴᠢᠷᠮᠠᠶᠢᠨ᠎ᠠ᠃ ᠬᠠᠤᠯᠢ ᠪᠠᠷ ᠵᠠᠰᠠᠬᠤ ᠵᠠᠰᠠᠭ ᠤᠨ | ᠤᠷᠳᠤᠨ ᠤ ᠪᠠᠶᠢᠭᠤᠯᠤᠯᠲᠠ ᠶᠢᠨ ᠬᠦᠳᠦᠯᠪᠤᠷᠢ ᠶᠢᠨ ᠡᠯ᠎ᠡ ᠲᠦᠷᠦᠯ ᠤᠨ ᠬᠠᠷᠠᠯᠲᠠ ᠡᠭᠦᠷᠭᠡ ᠶᠢ ᠰᠠᠶᠢᠳᠤᠷ | ᠪᠠᠶᠠᠯᠡᠭᠦᠯᠵᠦ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠥᠭᠡᠮᠡᠯᠵᠢᠭᠦᠯᠬᠦ ᠬᠢᠨᠡᠨ ᠰᠢᠯᠭᠠᠯᠳᠠ ᠶᠢᠨ ᠠᠵᠢᠯ ᠢ | ᠰᠠᠶᠢᠳᠤᠷ ᠬᠦᠢᠴᠡᠳᠬᠡᠨ᠎ᠠ᠃ | ᠲᠠᠪᠤ ᠳᠤ᠂ ᠵᠠᠰᠠᠭ ᠢ ᠴᠢᠩᠭ᠎ᠠ ᠵᠠᠰᠠᠵᠤ᠂ ᠠᠷᠠᠳ ᠤᠨ ᠲᠥᠯᠦᠭᠡ ᠡᠷᠬᠡ ᠪᠠᠨ ᠬᠡᠷᠡᠭᠯᠡᠬᠦ ᠶᠢ ᠦᠨᠡᠨᠬᠦ | ᠪᠠᠲᠤᠯᠠᠨ᠎ᠠ᠃ ᠵᠠᠰᠠᠭ ᠤᠨ ᠪᠦᠳᠦᠮᠵᠢ ᠶᠢᠨ ᠲᠤᠬᠠᠢ ᠵᠦᠪ ᠦᠵᠡᠯᠲᠡ ᠶᠢ ᠣᠯᠠᠮ ᠴᠢᠨᠠᠭᠰᠢᠳᠠ ᠪᠠᠲᠤ ᠪᠠᠬᠢ ᠪᠣᠢ | ᠪᠣᠯᠭᠠᠵᠤ᠂ ᠵᠤᠬᠢᠶᠠᠨ ᠪᠠᠶᠢᠭᠤᠯᠤᠯᠲᠠ ᠪᠠᠨ ᠪᠠᠳᠤ ᠢᠳᠡᠬᠡᠨ᠂ ᠠᠷᠠᠳ ᠲᠥᠮᠡᠨ ᠢ ᠲᠡᠬᠡᠳᠤᠯᠠᠵᠤ᠂ ᠠᠷᠠᠳ | ᠲᠥᠮᠡᠨ ᠳᠤ ᠵᠣᠯ ᠵᠢᠷᠭᠠᠯ ᠡᠳ᠋ᠯᠡᠬᠦᠯᠬᠦ ᠤᠯᠤᠰ ᠲᠦᠷᠦ ᠶᠢᠨ ᠤᠤᠷ ᠴᠢᠨᠠᠷ ᠢᠶᠠᠨ ᠡᠭᠦᠷᠢᠳᠡ ᠬᠠᠳᠠᠭᠠᠯᠠᠬᠤ ᠬᠡᠷᠡᠭᠲᠡᠢ᠃ | ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠲᠤᠮᠳᠠᠳᠤ ᠤᠯᠤᠰ ᠤᠨ ᠤᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ᠂ ᠨᠠᠮ ᠤᠨ ᠪᠦᠬᠦ ᠲᠠᠯ᠎ᠠ ᠶᠢᠨ ᠣᠳᠤᠷᠢᠳᠤᠯᠭ᠎ᠠ ᠶᠢ ᠵᠠᠰᠠᠭ ᠤᠨ ᠤᠷᠳᠤᠨ ᠤ | ᠠᠵᠢᠯ ᠤᠨ ᠡᠯ᠎ᠡ ᠬᠦᠷᠢᠶ᠎ᠠ ᠡᠯ᠎ᠡ ᠭᠤᠭᠴᠤᠭ᠎ᠠ ᠳᠤ ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠤᠷᠢᠲᠦ | ᠪᠣᠳᠣᠯᠭ᠎ᠠ ᠪᠠᠶᠢᠷᠢᠯᠠᠭᠤᠯᠤᠯᠲᠠ ᠪᠣᠯᠣᠨ ᠲᠡᠭᠡᠲᠦ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠵᠢᠴᠢ | ᠬᠤᠰᠢᠭᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠣᠳᠠᠳᠠᠢ ᠳᠤ ᠨᠠᠶᠢᠳᠠᠪᠤᠷᠢᠵᠢᠭᠤᠯᠤᠨ ᠦᠷ᠎ᠡ | ᠪᠦᠳᠦᠮᠵᠢ ᠣᠯᠬᠤ ᠶᠢ ᠪᠠᠲᠤᠯᠠᠬᠤ ᠬᠡᠷᠡᠭᠲᠡᠢ᠃ ᠵᠠᠰᠠᠭ ᠵᠠᠬᠢᠷᠭᠠᠨ ᠤ ᠡᠷᠬᠡ ᠶᠢᠨ ᠬᠢᠨᠠᠯᠲᠠ ᠬᠢᠵᠠᠭᠠᠷᠯᠠᠯ ᠢ | ᠴᠢᠩᠭᠠᠳᠬᠠᠵᠤ᠂ ︽ᠴᠢᠩᠭ᠎ᠠ︾ ᠪᠠ ︽ᠪᠤᠳᠠᠳᠠᠢ︾ ᠪᠠᠶᠢᠬᠤ ᠱᠠᠭᠠᠷᠳᠠᠯᠭ᠎ᠠ ᠶᠢ ᠲᠤᠪᠤᠶᠢᠯᠭᠠᠨ᠂ ᠵᠠᠰᠠᠭ ᠤᠨ | ᠤᠷᠳᠤᠨ ᠤ ᠨᠠᠮ ᠤᠨ ᠲᠤᠭᠤᠶᠢᠯᠠᠩ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠤᠭᠴᠠ ᠶᠢᠨ ᠡᠭᠦᠷᠭᠡ | ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ | ᠲᠦᠷᠦ ᠶᠢᠨ ᠲᠦᠷᠢᠮ ᠲᠤᠭᠳᠠᠭᠠᠯ ᠢ ᠴᠢᠩᠭ᠎ᠠ ᠰᠠᠬᠢᠵᠤ᠂ ᠲᠥᠪ ᠬᠤᠷᠢᠶᠠᠨ ᠤ ᠨᠠᠢᠮᠠᠨ ᠵᠤᠷᠪᠤᠰ ᠲᠤᠭᠳᠠᠭᠠᠯ ᠤᠨ | ᠵᠣᠷᠢᠭ ᠰᠠᠨᠠᠭ᠎ᠠ ᠶᠢ ᠤᠷᠳᠤ ᠬᠤᠭᠤᠴᠠᠭ᠎ᠠ ᠪᠠᠷ ᠪᠠᠷᠢᠮᠲᠠᠯᠠᠨ ᠨᠠᠶᠢᠳᠠᠪᠤᠷᠢᠵᠢᠭᠤᠯᠵᠤ᠂ ᠢᠯᠵᠠᠷᠠᠯ ᠢ ᠰᠡᠷᠭᠡᠶᠢᠯᠡᠨ | ᠠᠷᠢᠭᠤᠨ ᠴᠢᠭᠡᠴᠢ ᠶᠢ ᠠᠬᠢᠭᠤᠯᠬᠤ ᠪᠠᠶᠢᠩᠭᠤ ᠶᠢᠨ ᠵᠤᠬᠢᠴᠠᠮᠵᠢ ᠶᠢ ᠪᠦᠷᠢᠨᠰᠢᠭᠦᠯᠤᠨ᠂ ᠠᠵᠢᠯ ᠤᠨ ᠰᠤᠷᠲᠠᠯ ᠢᠶᠠᠨ | ᠦᠷᠭᠦᠯᠵᠢᠯᠡᠨ ᠰᠠᠶᠢᠵᠢᠷᠠᠭᠤᠯᠵᠤ᠂ ᠠᠷᠢᠭᠤᠨ ᠴᠢᠬᠡᠴᠢ ᠵᠠᠰᠠᠭ ᠤᠨ ᠤᠷᠳᠤᠨ ᠤ ᠪᠠᠶᠢᠭᠤᠯᠤᠯᠳᠠ ᠶᠢ ᠲᠦᠯᠬᠢᠨ | ᠠᠬᠢᠭᠤᠯᠤᠨ᠎ᠠ᠃ ᠬᠢᠨᠠᠯᠲᠠ ᠶᠢ ᠣᠬᠠᠮᠰᠠᠷ ᠠᠴᠠ ᠪᠠᠨ ᠬᠦᠯᠢᠶᠡᠵᠦ᠂ ᠲᠤᠭᠲᠠᠮᠠᠯ ᠬᠤᠭᠤᠴᠠᠭ᠎ᠠ ᠲᠠᠢ ᠪᠠᠷ ᠠᠷᠠᠳ ᠤᠨ | ᠲᠥᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠳᠤ ᠴᠢᠬᠤᠯᠠ ᠶᠡᠭᠡ ᠲᠦᠷᠦᠯ | ᠵᠦᠢᠯ᠂ ᠴᠢᠬᠤᠯᠠ ᠶᠡᠭᠡ ᠠᠵᠢᠯ ᠪᠠ ᠠᠷᠠᠳ ᠤᠨ ᠠᠮᠢᠳᠤᠷᠠᠯ ᠳᠤ ᠬᠤᠯᠪᠤᠭᠳᠠᠭᠰᠡᠨ ᠲᠦᠷᠤᠯ ᠵᠥᠢᠯ ᠢ | ᠬᠡᠷᠡᠭᠵᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠪᠠ | ᠤᠯᠤᠰ ᠲᠦᠷᠦ ᠶᠢᠨ ᠵᠦᠪᠯᠡᠯᠭᠡᠨ ᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠳᠠ ᠶᠢᠨ ᠡᠭᠦᠷᠭᠡ ᠪᠠᠨ | ᠪᠠᠶᠡᠯᠡᠭᠦᠯᠬᠦ ᠳᠤ ᠢᠳᠡᠪᠬᠢᠲᠡᠢ ᠬᠠᠮᠵᠢᠯᠴᠠᠵᠤ᠂ ᠡᠯ᠎ᠡ ᠱᠠᠳᠤᠨ ᠤ ᠠᠷᠠᠳ ᠤᠨ ᠲᠥᠯᠦᠭᠡᠯᠡᠭᠴᠢᠳ ᠤᠨ ᠶᠡᠭᠡ | ᠬᠤᠷᠠᠯ ᠤᠨ ᠲᠥᠯᠦᠭᠡᠯᠡᠭᠴᠢ ᠤᠨ ᠰᠠᠨᠠᠯ ᠰᠠᠨᠠᠭᠤᠯᠭ᠎ᠠ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠰᠠᠨᠠᠯ | ᠳᠤᠷᠠᠳᠤᠯᠭ᠎ᠠ ᠶᠢ ᠨᠠᠷᠢᠨ ᠬᠢᠨᠠᠮᠠᠭᠠᠢ ᠬᠦᠯᠢᠶᠡᠨ ᠠᠪᠴᠦ ᠰᠢᠢᠳᠪᠤᠷᠢᠯᠡᠨ᠎ᠠ᠃ 12345 ᠬᠠᠯᠠᠮᠰᠢᠯ ᠤᠲᠠᠰᠤ᠂ | ᠤᠳᠤᠷᠢᠳᠤᠯᠭ᠎ᠠ ᠶᠢᠨ ᠵᠠᠬᠢᠳᠠᠯ ᠤᠨ ᠬᠠᠶᠢᠷᠴᠠᠭ ᠵᠡᠷᠭᠡ ᠰᠠᠨᠠᠯ ᠰᠠᠨᠠᠭᠤᠯᠭ᠎ᠠ ᠶᠢ ᠬᠦᠯᠢᠶᠡᠨ ᠠᠪᠬᠤ ᠠᠷᠭ᠎ᠠ ᠵᠠᠮ ᠢ | ᠦᠷᠭᠡᠳᠬᠡᠵᠦ᠂ ᠵᠠᠬ᠎ᠠ ᠲᠡᠯᠭᠡᠭᠦᠷ ᠤᠨ ᠪᠡᠶᠡᠴᠢ ᠴᠤᠭᠴᠠ ᠪᠠ ᠣᠯᠠᠨ ᠲᠥᠮᠡᠨ ᠤ ᠰᠠᠨᠠᠯ ᠢ ᠦᠷᠭᠡᠨ ᠢᠶᠠᠷ ᠬᠦᠯᠢᠶᠡᠨ | ᠰᠣᠨᠣᠰᠴᠦ᠂ ᠠᠵᠢᠯ ᠤᠨ ᠦᠷ᠎ᠡ ᠪᠦᠳᠦᠮᠵᠢ ᠪᠠᠨ ᠳᠡᠭᠡᠭᠰᠢᠯᠡᠭᠦᠯᠵᠦ᠂ ᠦᠢᠯᠡᠴᠢᠯᠡᠭᠡ ᠪᠠᠨ ᠰᠠᠶᠢᠵᠢᠷᠠᠭᠤᠯᠤᠨ᠂ ᠨᠠᠮ | ᠪᠠ ᠠᠷᠠᠳ ᠲᠥᠮᠡᠨ ᠠᠴᠠ ᠣᠯᠭᠤᠭᠰᠠᠨ ᠡᠷᠬᠡ ᠶᠢ ᠢᠮᠡᠭ᠌ᠲᠠ ᠠᠷᠠᠳ ᠲᠥᠮᠡᠨ ᠤ ᠦᠢᠯᠡᠰ ᠲᠤ ᠵᠤᠷᠢᠭᠤᠯᠬᠤ ᠶᠢ | ᠦᠨᠡᠨᠬᠦ ᠪᠠᠲᠣᠯᠠᠨ᠎ᠠ᠃ | 2022 ᠣᠨ ᠤ ᠠᠵᠢᠯ ᠤᠨ ᠲᠤᠬᠢᠷᠠᠭᠤᠯᠤᠯᠳᠠ | 2022 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠬᠡᠷᠡᠭᠵᠢᠬᠦᠯᠬᠦ | ᠬᠤᠶᠠᠳᠤᠭᠠᠷ ᠵᠢᠯ᠂ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠠᠩᠬᠠᠨ ᠤ ᠵᠢᠯ ᠮᠥᠨ᠃ ᠪᠢᠳᠡ ᠰᠢᠨ᠎ᠡ ᠭᠠᠷᠤᠭ᠎ᠠ᠂ ᠰᠢᠨ᠎ᠡ ᠵᠢᠳᠬᠦᠯ ᠴᠢᠷᠮᠠᠶᠢᠯᠭ᠎ᠠ᠂ ᠰᠢᠨ᠎ᠡ ᠲᠦᠷᠢ | ᠲᠦᠷᠬᠦ ᠪᠠᠷ ᠠᠩᠬᠠᠨ ᠤ ᠠᠯᠬᠤᠮ ᠢᠶᠠᠨ ᠢᠳᠡᠷᠡᠬᠦᠨ ᠵᠢᠪᠬᠤᠭ᠎ᠠ ᠲᠠᠢ ᠠᠯᠬᠤᠵᠤ᠂ ᠰᠠᠶᠢᠨ ᠰᠠᠶᠢᠬᠠᠨ ᠡᠬᠢᠯᠡᠯᠳᠡ ᠲᠠᠢ | ᠪᠤᠯᠭᠠᠬᠤ ᠶᠢ ᠪᠠᠳᠤᠯᠠᠨ᠎ᠠ᠃ ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠡᠭᠦᠷᠭᠡ ᠬᠠᠷᠠᠯᠲᠠ | ᠪᠣᠯ᠄ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ | ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠱᠤᠭᠤᠮ | ᠪᠣᠯᠭᠠᠬᠤ ᠶᠢ ᠪᠠᠷᠢᠮᠲᠠᠯᠠᠨ᠂ ︽ᠵᠢᠷᠭᠤᠭ᠎ᠠ ᠶᠢ ᠲᠤᠭᠳᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 5.1% | ᠪᠠᠷ ᠨᠡᠮᠡᠭᠳᠡᠭᠦᠯᠵᠤ᠂ ᠲᠣᠭᠲᠠᠮᠠᠯ ᠬᠦᠷᠦᠩᠬᠡ ᠶᠢᠨ ᠪᠡᠯᠡ ᠣᠷᠣᠭᠤᠯᠤᠯᠲᠠ ᠶᠢ 51.4% ᠪᠠᠷ ᠨᠡᠮᠡᠭᠳᠡᠭᠦᠯᠤᠨ᠂ | ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 7.2% ᠢᠶᠠᠷ ᠨᠡᠮᠡᠭᠳᠡᠭᠦᠯᠵᠤ᠂ ᠨᠡᠶᠢᠭᠡᠮ ᠤᠨ | ᠬᠡᠷᠡᠭᠯᠡᠭᠡᠨ ᠤ ᠵᠥᠢᠯᠡᠰ ᠢ ᠵᠢᠵᠢᠭᠯᠡᠨ ᠪᠤᠷᠤᠯᠠᠭᠤᠯᠤᠭᠰᠡᠨ ᠶᠡᠷᠦᠩᠬᠡᠢ ᠬᠡᠮᠵᠢᠶ᠎ᠠ ᠶᠢ 7.2% ᠢᠶᠠᠷ ᠨᠡᠮᠡᠭᠳᠡᠭᠦᠯᠬᠦ ᠪᠠᠷ | ᠴᠢᠷᠮᠠᠶᠢᠨ᠎ᠠ︔ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠬᠦᠯᠤᠨ᠎ᠠ︔ | ᠪᠥᠬᠦ ᠬᠤᠰᠢᠭᠤᠨ ᠤ ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ᠂ ᠡᠨᠧᠷᠭᠢ ᠶᠢᠨ ᠬᠤᠷᠣᠭᠳᠠᠯ ᠤᠨ | ᠬᠦᠴᠦᠯᠡᠴᠡ ᠵᠢᠴᠢ ᠪᠤᠰᠤᠳ ᠬᠢᠵᠠᠭᠠᠷᠯᠠᠯ ᠤᠨ ᠴᠢᠨᠠᠷᠲᠠᠶ ᠬᠦᠢᠴᠡᠳᠬᠡᠯ ᠲᠤᠭ᠎ᠠ ᠶᠢ ᠴᠥᠮ ᠳᠡᠭᠡᠳᠦ ᠱᠠᠲᠤᠨ ᠤ | ᠪᠠᠷᠢᠮᠵᠢᠶ᠎ᠠ ᠳᠤ ᠨᠠᠶᠢᠴᠡᠬᠦᠯᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ | ᠠᠮᠵᠢᠯᠲᠠ ᠲᠠᠢ ᠬᠤᠷᠠᠯᠳᠤᠬᠤ ᠶᠢ ᠤᠭᠳᠤᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠪᠠᠨ ᠪᠡᠶᠡᠯᠡᠭᠦᠯᠬᠦ ᠳᠤ᠂ ᠳᠣᠣᠷᠠᠬᠢ 11 ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ᠨᠢᠭᠡ ᠳᠤ᠂ ᠠᠮᠢ ᠠᠬᠤᠶ ᠶᠢᠨ ᠣᠷᠴᠢᠨ ᠤ ᠬᠠᠮᠠᠭᠠᠯᠠᠯᠲᠠ ᠶᠢ ᠦᠷᠭᠦᠯᠵᠢᠯᠡᠨ ᠰᠠᠶᠢᠳᠤᠷ ᠠᠳᠬᠤᠨ᠎ᠠ᠃ | ᠭᠤᠷᠪᠠᠳᠤᠭᠠᠷ ᠡᠭᠡᠯᠵᠢ ᠶᠢᠨ ᠲᠠᠯ᠎ᠠ ᠨᠤᠲᠤᠭ ᠤᠨ ᠠᠮᠢ ᠠᠬᠤᠶ ᠶᠢᠨ ᠱᠠᠩᠨᠠᠯ ᠨᠦᠬᠦᠪᠤᠷᠢ ᠶᠢᠨ ᠲᠥᠷᠥ ᠶᠢᠨ | ᠪᠣᠳᠣᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ 30 ᠲᠦᠮᠡᠨ ᠮᠥ ᠪᠠᠯᠴᠢᠬᠡᠷ ᠨᠤᠳᠤᠭ ᠲᠤ ᠥᠪᠡᠷᠲᠡᠭᠡᠨ | ᠵᠠᠰᠠᠬᠤ ᠣᠷᠣᠨ ᠤ ᠲᠠᠰ ᠤᠨ ᠠᠮᠢ ᠠᠬᠤᠶ ᠶᠢ ᠰᠡᠷᠭᠦᠭᠡᠬᠦ ᠲᠤᠷᠰᠢᠯᠲᠠ ᠶᠢᠨ ᠴᠡᠭ ᠤᠨ ᠲᠥᠷᠥᠯ ᠵᠥᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ 1.2 ᠲᠦᠮᠡᠨ ᠮᠥ ᠠᠭᠤᠯᠠ ᠶᠢ ᠪᠢᠲᠡᠭᠦᠮᠵᠢᠯᠡᠨ ᠣᠶᠢᠵᠢᠭᠤᠯᠵᠤ᠂ 5 ᠲᠦᠮᠡᠨ ᠮᠥ | ᠪᠠᠯᠴᠢᠬᠡᠷ ᠢ ᠪᠢᠲᠡᠭᠦᠮᠵᠢᠯᠡᠨ ᠰᠡᠷᠬᠦᠬᠡᠵᠤ᠂ 6 ᠲᠦᠮᠡᠨ ᠮᠥ ᠪᠠᠯᠴᠢᠬᠡᠷ ᠤᠨ ᠲᠤᠤᠷ ᠬᠦᠷᠢᠶ᠎ᠠ ᠶᠢ ᠰᠢᠯᠢᠳᠡᠭᠵᠢᠬᠦᠯᠵᠤ᠂ | 0.3 ᠲᠦᠮᠡᠨ ᠮᠥ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠣᠶ ᠰᠢᠭᠤᠶ ᠶᠢ ᠠᠷᠠᠴᠢᠯᠠᠨ | ᠤᠷᠭᠤᠭᠤᠯᠬᠤ ᠶᠢ ᠪᠡᠶᠡᠯᠡᠭᠦᠯᠦᠨ᠎ᠡ᠃ ᠵᠢᠶᠦ᠋ᠨ ᠯᠢᠶᠠᠨ᠂ ᠰᠢᠨ ᠶᠠᠩ ᠬᠤᠶᠠᠷ ᠲᠤᠯᠠᠭᠠᠯᠭ᠎ᠠ ᠬᠠᠩᠭᠠᠬᠤ ᠠᠵᠤ | ᠠᠬᠤᠶᠢᠯᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠬᠦᠬᠡᠷᠤᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ | ᠢᠨᠵᠧᠨᠧᠷᠢᠩ ᠪᠠ 9 ᠰᠢᠷ ᠰᠦᠷᠴᠢᠬᠦ ᠬᠡᠷ ᠲᠤ ᠬᠢᠨᠠᠨ ᠬᠡᠮᠵᠢᠯᠳᠠ ᠶᠢᠨ ᠲᠥᠬᠦᠭᠡᠷᠦᠮᠵᠢ ᠤᠭᠰᠠᠷᠠᠬᠤ ᠶᠢ | ᠪᠡᠶᠡᠯᠡᠭᠦᠯᠤᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠴᠠᠭᠠᠨ ᠤᠰᠤᠨ ᠴᠥᠭᠦᠷᠥᠮ ᠢ ᠴᠠᠪᠠᠷᠯᠠᠨ ᠪᠠᠭᠲᠠᠭᠠᠮᠵᠢ ᠶᠢ ᠥᠷᠭᠡᠳᠬᠡᠬᠦ᠂ ᠭᠤᠭᠤᠰᠤᠳᠡᠢ | ᠭᠤᠣᠯ ᠢ ᠶᠡᠷᠦᠩᠬᠡᠶᠢᠯᠡᠨ ᠵᠠᠰᠠᠬᠤ ᠪᠠ ᠬᠤᠶᠢᠲᠤ ᠪᠠᠶ᠎ᠠ ᠶᠢᠨ ᠤᠰᠤ ᠬᠦᠨᠳᠦ ᠨᠣᠴᠢᠲᠠᠶ ᠳᠤᠲᠠᠭᠳᠠᠵᠤ ᠪᠠᠶᠢᠭ᠎ᠠ ᠭᠠᠵᠠᠷ | ᠣᠷᠣᠨ ᠤ ᠬᠥᠮᠦᠨ ᠮᠠᠯ ᠤᠨ ᠤᠰᠤ ᠤᠮᠳᠠ ᠶᠢ ᠬᠠᠶᠢᠨ ᠪᠠᠶᠢᠴᠠᠭᠠᠬᠤ ᠢᠨᠵᠧᠨᠧᠷᠢᠩ ᠢ ᠡᠬᠢᠯᠡᠭᠦᠯᠦᠨ᠎ᠡ᠃ | ᠠᠭᠤᠷᠬᠠᠶ ᠶᠢᠨ ᠠᠮᠢ ᠠᠬᠤᠶ ᠶᠢ ᠰᠡᠷᠭᠦᠭᠡᠨ ᠵᠠᠰᠠᠬᠤ ᠪᠠ ᠪᠣᠬᠢᠷᠲᠤᠯ ᠥᠬᠡᠶ ᠠᠭᠤᠷᠬᠠᠶ ᠶᠢ ᠡᠭᠦᠳᠦᠨ ᠪᠠᠶᠢᠭᠤᠯᠬᠤ | ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠦᠷᠨᠢᠬᠦᠯᠵᠤ᠂ ᠪᠥᠬᠦ ᠤᠯᠤᠰ ᠤᠨ ᠭᠤᠷᠪᠠᠳᠤᠭᠠᠷ ᠤᠳᠠᠭᠠᠨ ᠤ ᠭᠠᠵᠠᠷ | ᠰᠢᠷᠣᠶ ᠶᠢᠨ ᠪᠠᠶᠢᠴᠠᠭᠠᠯᠲᠠ ᠶᠢ ᠪᠡᠶᠡᠯᠡᠭᠦᠯᠬᠦ ᠶᠢᠨ ᠬᠠᠮᠲᠤ ᠦᠷ᠎ᠡ ᠪᠦᠳᠤᠮᠵᠢ ᠶᠢᠨ ᠬᠡᠷᠡᠭᠯᠡᠯᠲᠡ ᠶᠢ ᠴᠢᠩᠭᠠᠳᠬᠠᠵᠤ᠂ | ᠯᠦᠩ ᠰᠢᠩ ᠠᠭᠤᠷᠬᠠᠶ ᠶᠢᠨ ᠦᠢᠯᠡᠰ ᠢ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ | ᠨᠡᠷᠡᠰ ᠤᠨ ᠪᠦᠷᠢᠳᠬᠡᠯ ᠳᠤ ᠣᠷᠣᠭᠤᠯᠬᠤ ᠠᠵᠢᠯ ᠢ ᠠᠬᠢᠭᠤᠯᠤᠨ᠂ ᠵᠢᠯ ᠤᠨ ᠳᠣᠲᠣᠷ᠎ᠠ ᠲᠡᠤᠬᠡᠨ ᠠᠴᠠ ᠦᠯᠡᠳᠡᠭᠳᠡᠵᠦ | ᠢᠷᠡᠭᠰᠡᠨ 1.39 ᠲᠡᠭᠰᠢ ᠳᠥᠷᠪᠡᠯᠵᠢᠨ ᠺᠢᠯᠣᠮᠧᠲᠷ ᠤᠨ ᠬᠠᠶᠠᠭᠳᠠᠮᠠᠯ ᠨᠦᠬᠡ ᠶᠢ ᠵᠠᠰᠠᠨ ᠰᠡᠷᠬᠦᠬᠡᠬᠦ ᠶᠢ | ᠪᠡᠶᠡᠯᠡᠭᠦᠯᠦᠨ᠎ᠡ᠃ ᠪᠠᠷᠢᠯᠭ᠎ᠠ ᠳᠤ ᠬᠡᠷᠡᠭᠯᠡᠬᠦ ᠬᠠᠶᠢᠷ ᠴᠢᠯᠠᠭᠤᠨ ᠤ ᠠᠭᠤᠷᠬᠠᠶ ᠶᠢᠨ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠴᠢᠨᠠᠷᠯᠢᠭ ᠪᠡᠶᠡᠯᠡᠭᠦᠯᠵᠦ᠂ 2 ᠲᠡᠮᠦᠷ ᠤᠨ ᠠᠭᠤᠷᠬᠠᠶ᠂ 1 | ᠴᠢᠯᠠᠭᠤ ᠭᠠᠷᠭᠠᠬᠤ ᠠᠵᠤ ᠠᠬᠤᠶᠢᠯᠠᠯ ᠤᠨ ᠨᠦᠬᠡ ᠶᠢ ᠪᠦᠭᠯᠡᠨ ᠵᠠᠰᠠᠬᠤ ᠶᠢ ᠪᠡᠶᠡᠯᠡᠭᠦᠯᠵᠦ᠂ ᠠᠵᠤ ᠦᠢᠯᠡᠳᠪᠤᠷᠢ ᠶᠢᠨ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠤᠷᠢᠯᠡᠬᠦ ᠦᠢᠯᠡᠳᠪᠤᠷᠢ ᠶᠢ ᠵᠢᠯ ᠤᠨ ᠳᠣᠲᠣᠷ᠎ᠠ ᠠᠰᠢᠭᠯᠠᠯᠲᠠ ᠳᠤ | ᠣᠷᠣᠭᠤᠯᠬᠤ ᠶᠢ ᠠᠬᠢᠭᠤᠯᠤᠨ᠎ᠠ᠃ ︽ᠬᠥᠬᠡᠮᠳᠦᠭ ᠨᠣᠭᠤᠭᠠᠨ ᠠᠭᠤᠯᠠ ᠤᠰᠤ ᠪᠤᠯ ᠳᠠᠷᠤᠢ ᠠᠯᠳ᠋ᠨ ᠮᠥᠩᠭᠦᠨ | ᠠᠭᠤᠯᠠ ᠮᠥᠨ︾ ᠭᠡᠬᠦ ᠦᠢᠯᠡᠳᠤᠯᠬᠡ ᠶᠢᠨ ᠰᠠᠭᠤᠷᠢᠨ ᠭᠠᠵᠠᠷ ᠪᠠ ᠤᠯᠤᠰ ᠤᠨ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠦ᠂ ᠳᠡᠭᠡᠳᠦ | ᠱᠠᠲᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ | ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ | ᠠᠬᠢᠭᠤᠯᠵᠤ᠂ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠴᠠᠭᠠᠯᠳᠠ ᠶᠢ | ᠬᠦᠯᠢᠶᠠᠬᠦ ᠪᠡᠯᠡᠳᠬᠡᠯ ᠠᠵᠢᠯ ᠢ ᠯᠠᠪᠳᠠᠭᠤᠨ ᠪᠠᠲᠤᠲᠠᠶ ᠰᠠᠶᠢᠲᠤᠷ ᠪᠠᠶᠠᠯᠠᠬᠦᠯᠤᠨ᠎ᠠ᠃ | ᠬᠤᠶᠠᠷ ᠲᠤ᠂ ᠪᠡᠯᠡ ᠣᠷᠣᠭᠤᠯᠤᠯᠲᠠ ᠶᠢᠨ ᠬᠡᠮᠵᠢᠶ᠎ᠠ ᠶᠢ ᠥᠷᠭᠡᠳᠬᠡᠨ ᠨᠡᠮᠡᠭᠳᠡᠭᠦᠯᠬᠦ ᠠᠵᠢᠯ ᠢ ᠦᠷᠭᠦᠯᠵᠢᠯᠡᠨ | ᠰᠠᠶᠢᠲᠤᠷ ᠠᠳᠬᠤᠨ᠎ᠠ᠃ ᠲᠥᠷᠥᠯ ᠵᠥᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ | ᠠᠳᠬᠤᠵᠤ᠂ ᠤᠳᠤᠷᠢᠳᠤᠯᠭ᠎ᠠ ᠠᠴᠠ ᠳᠠᠭᠠᠭᠠᠴᠢᠯᠠᠨ ᠬᠠᠷᠢᠴᠠᠬᠤ ᠠᠵᠢᠯ ᠤᠨ ᠲᠤᠭᠳᠠᠯᠴᠠᠭ᠎ᠠ ᠶᠢ ᠬᠢᠨᠠᠮᠠᠭᠠᠶ | ᠨᠠᠶᠢᠳᠠᠪᠤᠷᠢᠵᠢᠭᠤᠯᠤᠨ᠂ ᠭᠤᠤᠯᠳᠠᠯᠭ᠎ᠠ ᠲᠠᠢ ᠲᠥᠷᠥᠯ ᠵᠥᠢᠯ ᠤᠨ ᠲᠣᠬᠢᠷᠠᠭᠤᠯᠤᠯᠲᠠ ᠶᠢᠨ ᠡᠷᠴᠢᠮ ᠢᠶᠠᠨ | ᠴᠢᠩᠭᠠᠷᠠᠭᠤᠯᠵᠤ᠂ ᠭᠤᠤᠯᠳᠠᠯᠭ᠎ᠠ ᠲᠠᠢ 41 ᠲᠥᠷᠥᠯ ᠵᠥᠢᠯ ᠢ ᠵᠢᠯ ᠤᠨ ᠳᠣᠲᠣᠷ᠎ᠠ ᠪᠦᠬᠦᠨ ᠢ ᠠᠵᠢᠯ ᠡᠬᠢᠯᠡᠬᠦᠯᠬᠦ ᠪᠠ | ᠠᠵᠢᠯ ᠰᠡᠷᠬᠦᠬᠡᠬᠦ ᠪᠠᠷ ᠴᠢᠷᠮᠠᠶᠢᠵᠤ᠂ 52 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠨ᠎ᠡ᠂ | ᠡᠭᠦᠨ ᠳᠤ ᠠᠶᠢᠮᠠᠭ ᠤᠨ ᠲᠠᠰ ᠤᠨ ᠭᠤᠤᠯᠳᠠᠯᠭ᠎ᠠ ᠲᠠᠢ 8 ᠲᠥᠷᠥᠯ ᠵᠥᠢᠯ ᠢ 4 ᠰᠠᠷ᠎ᠠ ᠶᠢᠨ 15 ᠤ ᠡᠳᠦᠷ ᠠᠴᠠ | ᠡᠮᠦᠨ᠎ᠡ ᠪᠦᠬᠦᠨ ᠢ ᠠᠵᠢᠯ ᠡᠬᠢᠯᠡᠬᠦᠯᠬᠦ ᠪᠠ ᠠᠵᠢᠯ ᠰᠡᠷᠬᠦᠬᠡᠵᠤ᠂ 45 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠤᠯᠲᠠ ᠶᠢ ᠪᠡᠶᠡᠯᠡᠭᠦᠯᠦᠨ᠎ᠡ᠃ ᠠᠵᠤ ᠦᠢᠯᠡᠰ ᠤᠨ ᠬᠡᠯᠬᠢᠶᠠᠵᠢᠯ ᠢ ᠤᠷᠲᠤᠳᠬᠠᠨ ᠠᠷᠠᠯᠵᠢᠶᠠᠴᠢᠨ ᠤᠷᠢᠬᠤ | ᠪᠠ ᠠᠵᠤ ᠦᠢᠯᠡᠰ ᠢ ᠲᠡᠰ ᠲᠡᠪᠰᠢᠬᠦᠯᠤᠨ ᠠᠷᠠᠯᠵᠢᠶᠠᠴᠢᠨ ᠤᠷᠢᠬᠤ ᠶᠢ ᠭᠦᠨᠵᠡᠭᠡᠶ ᠥᠷᠨᠢᠭᠦᠯᠵᠦ᠂ ᠲᠤᠰᠬᠠᠶ ᠡᠩᠨᠡᠭᠡ | ᠪᠠᠶᠢᠭᠤᠯᠤᠨ᠂ ᠨᠠᠷᠢᠯᠢᠭ ᠤᠨᠤᠪᠴᠢᠳᠡᠢ ᠪᠠᠷ ᠠᠷᠠᠯᠵᠢᠶᠠᠴᠢᠨ ᠤᠷᠢᠬᠤ ᠬᠡᠷᠡᠭ ᠶᠠᠪᠤᠳᠠᠯ ᠢ ᠪᠠᠶᠢᠩᠭᠤᠵᠢᠭᠤᠯᠤᠨ | ᠥᠷᠨᠢᠭᠦᠯᠵᠦ᠂ ᠵᠢᠯ ᠤᠨ ᠳᠣᠲᠣᠷ᠎ᠠ 6 ᠭᠤᠤᠯᠳᠠᠯᠭ᠎ᠠ ᠲᠠᠢ ᠠᠷᠠᠯᠵᠢᠶᠠᠴᠢᠨ ᠤᠷᠢᠬᠤ ᠲᠥᠷᠥᠯ ᠵᠥᠢᠯ ᠢ | ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ ᠠᠶᠢᠮᠠᠭ ᠤᠨ ᠭᠠᠳᠠᠨᠠᠬᠢ 20 ᠳ᠋ᠦᠩᠰᠢᠭᠤᠷ ᠲᠥᠭᠦᠷᠢᠭ ᠤᠨ | ᠨᠠᠶᠢᠳᠠᠪᠤᠷᠢᠵᠢᠭᠰᠡᠨ ᠪᠠᠯᠠ ᠮᠥᠩᠭᠦ ᠶᠢ ᠲᠠᠳᠠᠨ ᠣᠷᠣᠭᠤᠯᠤᠨ᠎ᠠ᠃ ᠵᠢᠩ ᠨᠸᠡᠭ ᠴᠠᠭᠠᠨᠨᠠᠭᠤᠷ ᠤᠨ ᠴᠠᠬᠢᠯᠭᠠᠨ | ᠦᠢᠯᠡᠳᠪᠦᠷᠢ ᠶᠢᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠢᠯ ᠤᠨ ᠳᠣᠲᠣᠷ᠎ᠠ ᠨᠢᠭᠡᠳᠦᠭᠡᠷ | ᠨᠣᠮᠧᠷᠲᠤ ᠭᠦᠸᠧᠯᠦ ᠶᠢᠨ ᠤᠰᠤᠨ ᠤ ᠲᠠᠷᠤᠯᠳᠠ ᠶᠢᠨ ᠲᠤᠷᠰᠢᠯᠲᠠ ᠪᠣᠯᠤᠨ ᠬᠦᠷᠤᠬᠡᠯᠳᠡ ᠶᠢᠨ ᠰᠤᠪᠤᠷᠭ᠎ᠠ ᠶᠢᠨ | ᠪᠥᠳᠥᠭᠡᠨ ᠪᠠᠶᠢᠭᠤᠯᠤᠯᠲᠠ ᠶᠢᠨ ᠢᠡᠵᠧᠨᠧᠷᠢᠩ ᠢ ᠳᠠᠭᠤᠰᠬᠠᠵᠤ᠂ ᠴᠠᠭᠠᠨᠨᠠᠭᠤᠷ ᠤᠨ ᠨᠢᠭᠡᠳᠦᠭᠡᠷ ᠨᠣᠮᠧᠷᠲᠤ | ᠬᠤᠳᠳᠤᠭ᠂ ᠳ᠋ᠠ ᠠᠨ ᠨᠡᠭᠦᠷᠡᠰᠦᠨ ᠠᠭᠤᠷᠬᠠᠶ ᠶᠢ ᠠᠵᠢᠯ ᠡᠬᠢᠯᠡᠭᠦᠯᠦᠨ ᠪᠥᠳᠥᠭᠡᠨ ᠪᠠᠶᠢᠭᠤᠯᠬᠤ ᠠᠵᠢᠯ ᠢ ᠲᠥᠯᠬᠢᠨ | ᠠᠬᠢᠭᠤᠯᠤᠨ᠎ᠠ᠃ 150 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠲᠥᠷᠥᠯ ᠵᠥᠢᠯ ᠤᠨ | ᠪᠦᠳᠤᠬᠡᠨ ᠪᠠᠶᠢᠭᠤᠯᠤᠯᠳᠠ ᠳᠤ᠂ ᠵᠢᠯ ᠤᠨ ᠳᠣᠲᠣᠷ᠎ᠠ ᠰᠠᠯᠬᠢᠨ ᠬᠦᠴᠦᠨ ᠤ ᠮᠠᠰᠢᠨ ᠤ ᠰᠠᠭᠤᠷᠢ ᠪᠠᠷᠢᠯᠭ᠎ᠠ ᠶᠢ | ᠲᠠᠭᠤᠰᠬᠠᠵᠤ᠂ ᠵᠢᠩ ᠨᠸᠡᠭ ᠡᠯᠡᠰᠤᠷᠬᠡᠭ ᠭᠠᠵᠡᠷ ᠤᠨ ᠠᠮᠢ ᠠᠬᠤᠢ ᠶᠢᠨ ᠵᠠᠰᠠᠯᠳᠠ ᠶᠢᠨ 10 ᠲᠦᠮᠡᠨ ᠺᠢᠯᠤᠸᠠᠲ | ᠤᠨ ᠬᠡᠷᠡᠯ ᠴᠠᠬᠢᠯᠭᠠᠨ᠂ ᠹᠸᠡᠭ ᠱᠸᠡᠭ 0.5 ᠲᠦᠮᠡᠨ ᠺᠢᠯᠤᠸᠠᠲ ᠤᠨ ᠲᠠᠷᠬᠠᠯᠲᠠ ᠶᠢᠨ ᠬᠡᠯᠪᠡᠷᠢ ᠶᠢᠨ ᠬᠡᠷᠡᠯ | ᠴᠠᠬᠢᠯᠭᠠᠨ ᠤ ᠲᠦᠷᠤᠯ ᠵᠥᠢᠯ ᠢ ᠵᠢᠯ ᠤᠨ ᠳᠣᠲᠣᠷ᠎ᠠ ᠴᠠᠬᠢᠯᠭᠠᠨ ᠲᠤᠤᠷ ᠲᠤ ᠣᠷᠣᠭᠤᠯᠤᠨ᠎ᠠ᠃ ᠮᠠᠨᠢᠲᠤ | ᠠᠭᠤᠷᠬᠠᠶ ᠶᠢᠨ ᠲᠤᠭᠤᠷᠢᠭ᠂ ᠴᠠᠭᠠᠡᠨᠠᠭᠤᠷ ᠤᠨ ᠲᠡᠮᠦᠷ ᠤᠨ ᠠᠭᠤᠷᠬᠠᠶ ᠶᠢᠨ ᠵᠠᠰᠠᠨ ᠰᠡᠷᠬᠦᠬᠡᠯᠳᠡ ᠶᠢᠨ ᠣᠷᠣᠨ ᠤ | ᠠᠮᠢ ᠠᠬᠤᠶ ᠶᠢᠨ ᠵᠠᠰᠠᠯᠲᠠ ᠶᠢᠨ 20 ᠲᠦᠮᠡᠨ ᠺᠢᠯᠣᠸᠠᠲ ᠤᠨ ᠬᠡᠷᠡᠯ ᠴᠠᠬᠢᠯᠭᠠᠨ᠂ ᠵᠦᠡᠭ ᠵᠢᠶᠧ ᠨᠸᠡᠭ ᠵᠠᠭᠤᠨ | ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ᠂ ᠵᠢᠩ ᠨᠸᠡᠭ | ᠴᠠᠬᠢᠯᠭᠠᠨ ᠬᠦᠴᠦᠨ ᠤ 100 ᠲᠦᠮᠡᠨ ᠺᠢᠯᠣᠸᠠᠲ ᠤᠨ ᠪᠤᠬᠢᠷᠳᠤᠯ ᠦᠬᠡᠢ ᠲᠤᠯᠠᠭᠠᠯᠭ᠎ᠠ ᠬᠠᠩᠭᠠᠬᠤ ᠢᠡᠵᠧᠨᠧᠷᠢᠩ᠂ | ᠵᠢᠩ ᠨᠸᠡᠭ ᠴᠠᠬᠢᠯᠭᠠᠨ ᠦᠢᠯᠡᠳᠪᠤᠷᠢ ᠶᠢᠨ ᠬᠡᠷᠡᠯ ᠴᠠᠬᠢᠯᠭᠠᠨ + ᠠᠮᠢ ᠠᠬᠤᠶ ᠶᠢᠨ ᠵᠠᠰᠠᠯᠲᠠ᠂ ᠬᠡᠷ ᠤᠨ ᠣᠷᠣᠶ ᠶᠢᠨ | ᠲᠠᠷᠬᠠᠢ ᠬᠤᠪᠢᠶᠠᠷᠢ ᠲᠠᠢ ᠬᠡᠷᠡᠯ ᠴᠠᠬᠢᠯᠭᠠᠨ ᠤ ᠡᠮᠦᠨᠡᠬᠢ ᠬᠤᠭᠤᠴᠠᠭᠠᠨ ᠤ ᠭᠠᠷᠳᠠᠮ ᠬᠦᠢᠴᠡᠳᠬᠡᠬᠦ ᠠᠵᠢᠯ ᠢ | ᠯᠠᠪᠳᠠᠭᠤᠨ ᠪᠠᠲᠤᠲᠠᠶ ᠠᠬᠢᠭᠤᠯᠵᠤ᠂ ᠵᠢᠯ ᠤᠨ ᠳᠣᠲᠣᠷ᠎ᠠ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠪᠠᠷ | ᠴᠢᠷᠮᠠᠶᠢᠨ᠎ᠠ᠃ | ᠭᠤᠷᠪᠠ ᠳᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠲᠣᠭᠲᠠᠭᠤᠨ ᠡᠷᠬᠢᠯᠳᠠ ᠶᠢ ᠦᠷᠭᠦᠯᠵᠢᠯᠡᠨ | ᠰᠠᠶᠢᠲᠤᠷ ᠠᠳᠬᠤᠨ᠎ᠠ᠃ ᠠᠵᠤ ᠠᠬᠤᠶ ᠶᠢᠨ ᠡᠷᠬᠢᠯᠳᠡ ᠶᠢᠨ ᠪᠠᠶᠢᠳᠠᠯ ᠢ ᠬᠢᠨᠠᠨ ᠬᠡᠮᠵᠢᠵᠤ ᠰᠢᠡᠵᠢᠯᠡᠨ ᠵᠠᠳᠠᠯᠬᠤ | ᠠᠵᠢᠯ ᠢ ᠰᠠᠶᠢᠲᠤᠷ ᠬᠢᠵᠦ᠂ ᠤᠳᠤ ᠶᠢᠨ ᠪᠠᠶᠢᠭ᠎ᠠ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ ᠪᠦᠬᠦ | ᠬᠦᠴᠤᠨ ᠢᠶᠠᠷ ᠢᠶᠠᠨ ᠦᠢᠯᠡᠳᠪᠤᠷᠢᠯᠡᠬᠦ ᠶᠢ ᠱᠠᠯᠠᠪᠳᠠᠭᠤᠯᠤᠨ᠎ᠠ᠃ ᠠᠵᠤ ᠠᠬᠤᠶᠢᠯᠠᠯ ᠤᠨ ᠬᠦᠭᠵᠢᠯᠳᠠ ᠶᠢ ᠲᠡᠮᠵᠢᠨ | ᠪᠤᠵᠠᠭᠠᠶᠢᠷᠠᠭᠤᠯᠬᠤ ᠠᠵᠢᠯ ᠢ ᠴᠢᠩᠭ᠎ᠠ ᠠᠳᠬᠤᠵᠤ᠂ ᠬᠡᠪᠴᠢᠶᠠᠵᠢᠯ ᠠᠴᠠ ᠲᠡᠬᠡᠭᠰᠢᠬᠢ ᠠᠵᠤ ᠠᠬᠤᠶᠢᠯᠠᠯ ᠤᠨ | ᠪᠦᠷᠢᠳᠬᠡᠯ ᠳᠤ ᠤᠷᠤᠭᠤᠯᠬᠤ ᠠᠵᠢᠯ ᠢ ᠢᠳᠡᠪᠬᠢᠳᠡᠢ ᠲᠦᠯᠬᠢᠨ ᠠᠬᠢᠭᠤᠯᠤᠨ᠎ᠠ᠃᠃ ᠯᠦᠩ ᠰᠢᠩ ᠠᠭᠤᠷᠬᠠᠶ ᠶᠢᠨ | ᠦᠢᠯᠡᠰ ᠤᠨ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠤᠨ ᠭᠠᠷᠳᠠᠮ ᠬᠦᠢᠴᠡᠳᠬᠡᠬᠦ ᠠᠵᠢᠯ ᠢ | ᠲᠦᠷᠭᠡᠳᠬᠡᠨ ᠠᠬᠢᠭᠤᠯᠵᠤ᠂ ᠵᠢᠯ ᠳᠤ 30 ᠲᠦᠮᠡᠨ ᠲᠣᠨ ᠬᠦᠳᠡᠷ ᠰᠢᠯᠢᠬᠦ ᠦᠢᠯᠡᠳᠪᠤᠷᠢ ᠶᠢ ᠲᠤᠷᠰᠢᠨ | ᠠᠵᠢᠯᠯᠠᠭᠤᠯᠬᠤ ᠲᠦᠰᠤᠪ ᠢ ᠵᠢᠯ ᠤᠨ ᠲᠤᠳᠤᠷ᠎ᠠ ᠪᠡᠶᠡᠯᠡᠭᠦᠯᠵᠦ᠂ ᠶᠢᠨ ᠳ᠋ᠢ᠂ ᠵᠢᠶ ᠳ᠋ᠦᠩ ᠱᠦᠢᠨᠢ ᠵᠡᠷᠭᠡ | ᠭᠤᠤᠯᠳᠠᠯᠭ᠎ᠠ ᠲᠠᠢ ᠡᠨᠧᠷᠭᠢ ᠬᠡᠷᠡᠭᠰᠡᠬᠦ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠳᠠᠯᠳᠠ | ᠬᠦᠴᠦᠨ ᠢ ᠠᠭᠤᠳᠠᠯᠯᠠᠵᠤ᠂ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ᠬᠤᠴᠣᠷᠤᠩᠭᠤᠶ ᠮᠠᠰᠢᠨ | ᠲᠦᠬᠦᠬᠡᠷᠤᠮᠵᠢ ᠶᠢ ᠰᠢᠭᠰᠢᠬᠦ ᠭᠤᠷᠪᠡᠨ ᠵᠢᠯ ᠤᠨ ᠠᠵᠢᠯᠯᠠᠭᠠᠨ ᠤ ᠲᠦᠯᠤᠪᠯᠡᠭᠡ ᠶᠢ ᠲᠣᠭᠲᠠᠭᠠᠨ᠎ᠠ᠃ ᠵᠢᠯ ᠤᠨ | ᠡᠨᠧᠷᠭᠢ ᠶᠢᠨ ᠬᠤᠷᠣᠭᠳᠠᠯ ᠤᠨ ︽ᠬᠤᠤᠰ ᠡᠵᠡᠮᠳᠡᠯ︾ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠦᠨᠡᠨᠬᠦ | ᠪᠠᠲᠤᠯᠠᠨ᠎ᠠ᠃ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ | ᠲᠠᠰ ᠳᠡᠪᠰᠢᠭᠦᠯᠬᠦ ᠠᠵᠢᠯ ᠢ ᠢᠳᠡᠪᠬᠢᠲᠡᠶ ᠪᠠᠷ ᠠᠬᠢᠭᠤᠯᠵᠤ᠂ ᠠᠪᠠᠭ᠎ᠠ ᠬᠤᠰᠢᠭᠤᠨ ᠤ ᠴᠡᠭᠡ ᠨᠠᠷᠢᠯᠢᠭ ᠡᠳ᠋ᠰᠢᠭᠦᠯᠬᠦ | ᠦᠢᠯᠡᠳᠪᠤᠷᠢ ᠶᠢᠨ ᠲᠠᠰᠤᠭ ᠢ ᠥᠷᠭᠡᠳᠬᠡᠨ ᠪᠠᠶᠢᠭᠤᠯᠵᠤ ᠲᠠᠰ ᠳᠡᠪᠰᠢᠭᠦᠯᠦᠨ ᠥᠭᠡᠷᠡᠴᠢᠯᠡᠬᠦ ᠪᠠ ᠨᠤᠮᠢᠨ ᠲᠠᠯᠠᠬᠡᠢ | ᠪᠤᠯᠭᠤᠭᠰᠡᠨ ᠢᠳᠡᠭᠡᠨ ᠢ ᠪᠤᠭᠤᠳᠠᠯᠯᠠᠬᠤ ᠦᠢᠯᠡᠳᠪᠤᠷᠢᠯᠡᠯ ᠤᠨ ᠱᠤᠭᠤᠮ ᠤᠨ ᠲᠥᠷᠥᠯ ᠵᠥᠢᠯ ᠢ ᠪᠦᠷᠢᠳᠬᠡᠨ | ᠳᠡᠩᠰᠡᠯᠡᠵᠦ ᠪᠥᠲᠥᠭᠡᠨ ᠪᠠᠶᠢᠭᠤᠯᠬᠤ ᠠᠵᠢᠯ ᠢ ᠪᠡᠶᠡᠯᠡᠭᠦᠯᠦᠨ᠎ᠡ᠃ | ᠲᠦᠷᠪᠡ ᠳᠤ᠂ ᠤᠳᠤᠬᠢᠴᠢᠯᠠᠭᠰᠡᠨ ᠮᠠᠯ ᠠᠵᠤ ᠠᠬᠤᠶ ᠶᠢᠨ ᠶᠠᠰᠤ ᠴᠢᠨᠠᠷ ᠢ ᠰᠠᠶᠢᠵᠢᠷᠠᠭᠤᠯᠤᠨ ᠦᠷ᠎ᠡ | ᠠᠰᠢᠭ ᠢ ᠲᠡᠬᠡᠭᠰᠢᠯᠡᠬᠦᠯᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠨ᠎ᠠ᠃ ᠮᠢᠬᠠᠨ ᠤ ᠦᠬᠡᠷ ᠤᠨ ᠡᠬᠦᠯᠳᠡᠷ | ᠰᠢᠯᠢᠳᠡᠭᠵᠢᠬᠦᠯᠬᠦ ᠢᠡᠵᠧᠨᠧᠷᠢᠩ ᠢ ᠦᠷᠬᠦᠯᠵᠢᠯᠡᠨ ᠬᠡᠷᠡᠭᠵᠢᠬᠦᠯᠤᠨ᠎ᠠ᠃ ᠰᠢᠯᠢᠳᠡᠭ ᠡᠭᠦᠯᠳᠡᠷ ᠤᠨ ᠮᠢᠬᠠᠨ ᠤ ᠦᠬᠡᠷ ᠢ | ᠣᠷᠣᠭᠤᠯᠤᠨ ᠲᠣᠬᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠡᠬᠦᠯᠳᠡᠷ ᠠᠨᠠᠢ ᠶᠢ ᠨᠢ ᠰᠢᠭᠰᠢᠬᠦ ᠪᠠ | ᠰᠢᠯᠢᠳᠡᠭ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠤᠨ᠂ ᠮᠢᠬᠠᠨ ᠤ ᠦᠬᠡᠷ | ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠪᠠ ᠭᠤᠤᠯᠳᠠᠯᠭ᠎ᠠ ᠲᠠᠢ ᠰᠦᠷᠦᠭ | ᠤᠨ ᠬᠠᠮᠢᠶᠠᠷᠤᠯᠲᠠ ᠶᠢ ᠴᠢᠩᠭᠠᠳᠬᠠᠵᠤ᠂ ᠮᠢᠬᠠᠨ ᠤ ᠦᠬᠡᠷ ᠤᠨ ᠠᠵᠤ ᠦᠢᠯᠡᠰ ᠢ ᠲᠡᠳᠬᠦᠬᠦ ᠲᠥᠷᠥ ᠶᠢᠨ ᠪᠣᠳᠣᠯᠭ᠎ᠠ | ᠪᠠ ᠨᠦᠬᠦᠪᠤᠷᠢ ᠶᠢᠨ ᠪᠠᠯᠠ ᠮᠥᠩᠭᠦ ᠶᠢ ᠴᠠᠭ ᠲᠤᠬᠠᠶ ᠳᠤᠨᠢ ᠵᠢᠷᠤᠮᠵᠢᠭᠤᠯᠤᠨ ᠨᠠᠶᠢᠳᠠᠪᠤᠷᠢᠵᠢᠭᠤᠯᠵᠤ᠂ ᠰᠢᠯᠢᠳᠡᠭ | ᠡᠬᠦᠯᠳᠡᠷ ᠤᠨ ᠮᠢᠬᠠᠨ ᠤ ᠦᠬᠡᠷ ᠤᠨ ᠬᠡᠪᠴᠢᠶ᠎ᠠ ᠶᠢ ᠲᠠᠰᠤᠷᠠᠯᠳᠠ ᠦᠬᠡᠢ ᠦᠷᠬᠡᠳᠬᠡᠨ᠂ ᠪᠥᠬᠦ ᠵᠢᠯ ᠳᠤ 2000 | ᠲᠤᠯᠤᠭᠠᠢ ᠰᠢᠯᠢᠳᠡᠭ ᠡᠭᠦᠯᠳᠡᠷ ᠤᠨ ᠦᠨᠢᠶ᠎ᠠ᠂ 100 ᠲᠤᠯᠤᠭᠠᠢ ᠰᠢᠯᠢᠳᠡᠭ ᠡᠭᠦᠯᠳᠡᠷ ᠤᠨ ᠪᠤᠬ᠎ᠠ ᠣᠷᠣᠭᠤᠯᠤᠨ᠂ | 300 ᠲᠤᠯᠤᠭᠠᠢ ᠠᠴᠠ ᠳᠡᠭᠡᠭᠰᠢᠬᠢ ᠮᠢᠬᠠᠨ ᠤ ᠦᠬᠡᠷ ᠪᠤᠷᠳᠤᠨ ᠲᠠᠷᠭᠤᠯᠠᠭᠤᠯᠬᠤ ᠲᠠᠯᠠᠪᠠᠶ 2 ᠢ ᠰᠢᠨ᠎ᠡ ᠪᠠᠷ | ᠪᠠᠶᠢᠭᠤᠯᠵᠤ᠂ 100 ᠲᠤᠯᠤᠭᠠᠢ ᠠᠴᠠ ᠲᠡᠬᠡᠭᠰᠢ ᠲᠤᠭᠤᠯᠯᠠᠬᠤ ᠦᠨᠢᠶ᠎ᠠ ᠲᠡᠵᠢᠬᠡᠨ ᠠᠷᠠᠴᠢᠯᠠᠬᠤ ᠰᠢᠨ᠎ᠡ ᠬᠡᠯᠪᠡᠷᠢ ᠶᠢᠨ | ᠡᠵᠡᠩᠨᠡᠯᠲᠡ ᠶᠢᠨ ᠭᠤᠤᠯ ᠴᠣᠭᠴᠠ 10 ᠶᠢ ᠪᠤᠶᠢᠵᠢᠭᠤᠯᠤᠨ᠎ᠠ᠃ ᠰᠢᠯᠢᠳᠡᠭ ᠡᠭᠦᠯᠳᠡᠷ ᠤᠨ ᠮᠢᠬᠠᠨ ᠤ ᠬᠤᠨᠢᠨ ᠤ | ᠠᠵᠤ ᠦᠢᠯᠡᠰ ᠢ ᠰᠠᠶᠢᠲᠤᠷ ᠬᠢᠵᠦ᠂ ᠮᠢᠬᠠᠨ ᠤ ᠬᠤᠨᠢᠨ ᠤ ᠭᠤᠤᠯᠳᠠᠯᠭ᠎ᠠ ᠲᠠᠢ ᠰᠦᠷᠦᠭ᠂ ᠬᠤᠴᠠ ᠶᠢᠨ ᠲᠠᠯᠠᠪᠠᠶ | ᠪᠠ ᠪᠠᠷᠢᠮᠵᠢᠶᠠᠵᠢᠭᠰᠠᠨ ᠰᠦᠷᠦᠭ ᠤᠨ ᠪᠠᠶᠢᠭᠤᠯᠤᠯᠲᠠ ᠶᠢ ᠴᠢᠩᠭᠠᠳᠬᠠᠨ᠂ ᠵᠢᠯ ᠤᠨ ᠳᠣᠲᠣᠷ᠎ᠠ ᠮᠢᠬᠠᠨ ᠤ ᠬᠤᠨᠢᠨ ᠤ | ᠭᠤᠤᠯᠳᠠᠯᠭᠠᠳᠤ ᠰᠦᠷᠦᠭ 20 ᠶᠢ ᠰᠢᠨ᠎ᠡ ᠪᠠᠷ ᠪᠠᠶᠢᠭᠤᠯᠵᠤ᠂ ᠵᠢᠯ ᠳᠤ 3000 ᠲᠣᠯᠣᠭᠠᠶ ᠠᠴᠠ ᠳᠡᠭᠡᠭᠰᠢ ᠬᠤᠴᠠ | ᠬᠠᠩᠭᠠᠵᠤ ᠲᠡᠶᠢᠯᠬᠦ ᠪᠤᠯᠭᠠᠨ᠎ᠠ᠃ ᠡᠷᠳᠡᠨᠢ ᠮᠢᠬᠠᠨ ᠤ ᠬᠤᠨᠢᠨ ᠤ ᠪᠥᠬᠦ ᠠᠵᠤ ᠦᠢᠯᠡᠰ ᠤᠨ ᠬᠡᠯᠬᠢᠶᠡᠵᠢᠯ ᠤᠨ ᠴᠢᠨᠠᠷ | ᠰᠠᠶᠢᠲᠠᠶ ᠬᠥᠭᠵᠢᠯᠲᠡ ᠶᠢᠨ ᠲᠥᠷᠥᠯ ᠵᠥᠢᠯ ᠢ ᠬᠡᠷᠡᠭᠵᠢᠭᠦᠯᠵᠦ᠂ ᠲᠦᠮᠡᠨ ᠬᠤᠨᠢ ᠲᠡᠵᠢᠭᠡᠨ ᠦᠷᠡᠵᠢᠭᠦᠯᠬᠦ ᠰᠠᠭᠤᠷᠢᠨ | ᠭᠠᠵᠠᠷ ᠪᠠ ᠰᠢᠯᠢ ᠶᠢᠨ ᠭᠤᠤᠯ ᠤᠨ ᠬᠤᠨᠢᠨ ᠤ ᠪᠣᠷᠣᠯᠠᠭᠤᠯᠭ᠎ᠠ ᠶᠢᠨ ᠪᠡᠶᠡᠴᠢᠯᠡᠨ ᠣᠶᠢᠯᠠᠭᠠᠬᠤ ᠲᠥᠪ ᠲᠣᠰ ᠲᠣᠰ 1 | ᠶᠢ ᠰᠢᠨ᠎ᠡ ᠪᠠᠷ ᠪᠠᠶᠢᠭᠤᠯᠵᠤ᠂ 50 ᠲᠦᠮᠡᠨ ᠮᠢᠬᠠᠨ ᠤ ᠬᠤᠨᠢᠨ ᠤ ᠮᠦᠷᠳᠡᠵᠤ ᠪᠤᠯᠬᠤᠶᠢᠴᠠ ᠲᠤᠭᠳᠠᠯᠴᠠᠭᠠᠨ ᠤ | ᠪᠠᠶᠢᠭᠤᠯᠤᠯᠲᠠ ᠶᠢ ᠪᠡᠶᠡᠯᠡᠭᠦᠯᠦᠨ᠂ ᠮᠢᠬᠠᠨ ᠤ ᠬᠤᠨᠢ ᠶᠢ ᠦᠨ᠎ᠠ ᠲᠠᠢ ᠪᠤᠷᠤᠯᠠᠭᠤᠯᠬᠤ ᠶᠢ ᠲᠠᠰᠤᠷᠠᠯᠳᠠ ᠦᠬᠡᠢ | ᠠᠬᠢᠭᠤᠯᠤᠨ᠎ᠠ᠃ ᠲᠡᠵᠢᠬᠡᠨ ᠦᠷᠡᠵᠢᠬᠦᠯᠬᠦ ᠬᠠᠮᠢᠶᠠᠷᠤᠯᠳᠠ ᠶᠢ ᠴᠢᠩᠭᠠᠳᠬᠠᠵᠤ᠂ ᠮᠠᠯᠴᠢᠳ ᠤᠨ ᠲᠤᠭᠤᠯ ᠢᠶᠠᠨ ᠡᠷᠳᠡ | ᠠᠴᠠ ᠰᠠᠯᠭᠠᠵᠤ ᠲᠡᠵᠢᠬᠡᠯ ᠪᠤᠷᠳᠤᠭ᠎ᠠ ᠨᠦᠬᠦᠪᠤᠷᠢᠯᠡᠨ᠂ ᠲᠤᠭᠤᠯ ᠪᠠ ᠡᠬᠡ ᠮᠠᠯ ᠤᠨ ᠲᠠᠷᠭᠤ ᠶᠢ ᠪᠠᠳᠤᠯᠠᠬᠤ ᠶᠢ | ᠵᠤᠷᠢᠭᠵᠢᠭᠤᠯᠤᠨ᠎ᠠ᠃ ᠬᠤᠰᠢᠭᠤ ᠲᠡᠵᠢᠬᠡᠯ ᠡᠪᠡᠰᠤ ᠪᠤᠷᠳᠤᠭ᠎ᠠ ᠨᠦᠬᠡᠴᠡᠯᠡᠬᠦ ᠰᠤᠯᠢᠯᠴᠠᠭᠠᠨ ᠤ ᠲᠦᠪ᠂ ᠮᠠᠯ ᠡᠮᠨᠡᠯᠬᠡ | ᠶᠢᠨ ᠨᠠᠶᠢᠬᠡᠮᠴᠢᠯᠡᠭᠰᠡᠨ ᠦᠢᠯᠡᠴᠢᠯᠡᠬᠡᠨ ᠤ ᠲᠦᠪ᠂ ᠮᠠᠯᠵᠢᠬᠤ ᠤᠷᠤᠨ ᠤ ᠤᠳᠤᠬᠢᠴᠢᠯᠠᠭᠰᠡᠨ ᠮᠠᠯ ᠠᠵᠤ ᠠᠬᠤᠢ ᠶᠢᠨ | ᠮᠠᠰᠢᠨ ᠮᠧᠬᠠᠨᠢᠭ ᠤᠨ ᠬᠠᠮ ᠵᠠᠬ᠎ᠠ ᠶᠢᠨ ᠲᠠᠪᠠᠭᠤᠯᠢᠭ ᠢ ᠬᠦᠢᠴᠡᠳ ᠪᠠᠳᠠᠷᠠᠭᠤᠯᠤᠨ᠂ ᠮᠠᠯᠴᠢᠳ ᠤᠨ ᠠᠷᠠᠴᠢᠯᠠᠭ᠎ᠠ | ᠲᠡᠵᠢᠬᠡᠯᠬᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠶᠢ ᠵᠤᠷᠢᠭᠵᠢᠭᠤᠯᠤᠨ᠂ ᠮᠧᠬᠠᠨᠢᠭᠴᠢᠯᠠᠬᠤ ᠨᠤᠷᠮ᠎ᠠ ᠶᠢ | ᠲᠡᠬᠡᠭᠰᠢᠯᠡᠬᠦᠯᠵᠤ᠂ ᠲᠠᠵᠢᠬᠡᠯ ᠡᠪᠡᠰᠤ ᠪᠤᠷᠳᠤᠭ᠎ᠠ ᠪᠠᠨ ᠰᠢᠡᠵᠢᠯᠡᠬᠦ ᠤᠬᠠᠭᠠᠡᠴᠢ ᠪᠠᠷ ᠨᠠᠶᠢᠷᠠᠭᠤᠯᠤᠨ᠂ ᠮᠠᠯ ᠠᠵᠤ | ᠠᠬᠤᠢ ᠶᠢᠨ ᠶᠠᠷᠤᠩᠬᠡᠶᠢᠯᠡᠭᠰᠡᠨ ᠦᠷ᠎ᠠ ᠠᠰᠢᠭ ᠢ ᠲᠡᠬᠡᠭᠰᠢᠯᠡᠬᠦᠯᠬᠦ ᠵᠤᠷᠢᠯᠳᠠ ᠶᠢ ᠪᠠᠶᠠᠯᠡᠬᠦᠯᠤᠨᠠ᠃ ᠠᠳᠤᠭᠤᠨ ᠤ | ᠦᠢᠯᠡᠰ ᠢ ᠨᠠᠷᠢᠯᠢᠭᠵᠢᠭᠤᠯᠤᠨ ᠬᠦᠭᠵᠢᠬᠦᠯᠵᠤ᠂ ᠤᠳᠤᠬᠢᠴᠢᠯᠠᠭᠰᠡᠨ ᠠᠳᠤᠭᠤᠨ ᠤ ᠠᠵᠤ ᠦᠢᠯᠡᠰ ᠤᠨ ᠬᠥᠭᠵᠢᠯᠲᠡ᠂ | ᠴᠡᠭᠡ ᠶᠢᠨ ᠤᠨᠴᠠᠯᠢᠭᠳᠤ ᠲᠤᠷᠰᠢᠯᠲᠠ ᠶᠢᠨ ᠴᠡᠭ ᠤᠨ ᠨᠥᠬᠦᠪᠥᠷᠢ᠂ ᠮᠣᠩᠭᠤᠯ ᠠᠳᠤᠭᠤᠨ ᠤ ᠠᠵᠤ ᠦᠢᠯᠡᠰ ᠵᠡᠷᠭᠡ | ᠲᠥᠷᠥᠯ ᠵᠥᠢᠯ ᠢ ᠬᠡᠷᠡᠭᠵᠢᠭᠦᠯᠵᠦ᠂ ᠮᠣᠩᠭᠤᠯ ᠠᠳᠤᠭᠤᠨ ᠤ ᠬᠠᠮᠠᠭᠠᠯᠠᠯᠲᠠ ᠪᠠ ᠠᠰᠢᠭᠯᠠᠯᠲᠠ ᠶᠢᠨ ᠠᠵᠢᠯ ᠢ | ᠰᠠᠶᠢᠲᠤᠷ ᠥᠷᠨᠢᠭᠦᠯᠦᠨ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡ ᠪᠤᠷᠤᠯᠠᠭᠤᠯᠬᠤ 2 ᠠᠵᠤ ᠠᠬᠤᠶᠢᠯᠠᠯ ᠢ | ᠵᠢᠷᠤᠮᠵᠢᠭᠤᠯᠵᠤ᠂ ᠪᠠᠷᠢᠮᠵᠢᠶᠠᠵᠢᠭᠰᠠᠨ ᠤᠯᠠᠮᠵᠢᠯᠠᠯᠲᠤ ᠴᠠᠭᠠᠨ ᠢᠳᠡᠭᠡ ᠡᠳ᠋ᠰᠢᠭᠦᠯᠬᠦ ᠦᠢᠯᠡᠳᠬᠡᠯ ᠤᠨ ᠭᠠᠵᠡᠷ 24 ᠶᠢ | ᠴᠤᠭᠴᠠᠯᠠᠨ᠂ ᠠᠪᠠᠭ᠎ᠠ ᠴᠡᠭᠡ ᠶᠢ ᠭᠠᠵᠡᠷ ᠵᠦᠢ ᠶᠢᠨ ᠢᠯᠡᠳᠬᠡᠮᠵᠢᠳᠤ ᠪᠦᠳᠤᠬᠡᠭᠳᠡᠬᠦᠨ ᠪᠣᠯᠭᠠᠨ᠎ᠠ᠃ | ᠲᠠᠪᠤ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠲᠠᠢ ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ | ︽ᠬᠤᠷᠢᠭ᠎ᠠ ᠱᠤᠭᠤᠮ ᠢ ᠰᠠᠬᠢᠨ᠂ ᠵᠣᠯᠭᠠᠯᠳᠤᠭᠤᠯᠬᠤ ᠶᠢ ᠰᠠᠶᠢᠳᠤᠷ ᠠᠳᠬᠤᠵᠤ᠂ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ︾ ᠪᠠᠷ ᠭᠤᠤᠯ ᠰᠢᠵᠢᠮ ᠪᠣᠯᠭᠠᠵᠤ᠂ ᠶᠠᠳᠠᠭᠤ ᠶᠢ ᠲᠡᠳᠬᠦᠬᠦ ᠵᠤᠬᠢᠴᠠᠮᠵᠢ ᠶᠢ ᠰᠢᠯᠢᠳᠡᠭᠵᠢᠬᠦᠯᠤᠨ | ᠨᠠᠶᠢᠳᠠᠪᠤᠷᠢᠵᠢᠭᠤᠯᠵᠤ᠂ ᠲᠠᠬᠢᠨ ᠶᠠᠳᠠᠭᠤᠷᠠᠬᠤ ᠲᠦᠭᠰᠢᠬᠦᠷᠢ ᠶᠢ ᠬᠢᠨᠡᠨ ᠬᠡᠮᠵᠢᠬᠦ ᠠᠵᠢᠯ ᠢ ᠴᠢᠩᠭᠠᠳᠬᠠᠨ᠂ ᠠᠵᠤ | ᠦᠢᠯᠡᠰ᠂ ᠴᠢᠳᠠᠪᠤᠷᠢᠳᠠᠨ᠂ ᠰᠤᠶᠤᠯ᠂ ᠠᠮᠢ ᠠᠬᠤᠢ᠂ ᠵᠤᠬᠢᠶᠠᠨ ᠪᠠᠶᠢᠭᠤᠯᠤᠯᠳᠠ ᠵᠡᠷᠬᠡ ︽ᠲᠠᠪᠤᠨ ᠲᠠᠯ᠎ᠠ ᠪᠠᠷ | ᠬᠦᠭᠵᠢᠬᠦᠯᠤᠨ ᠮᠠᠡᠳᠤᠭᠤᠯᠬᠤ︾ ᠶᠢᠨ ᠲᠤᠭᠤᠷᠢᠨ ᠳᠤ᠂ ᠶᠠᠳᠠᠭᠤ ᠠᠴᠠ ᠠᠩᠬᠢᠵᠢᠷᠠᠭᠤᠯᠤᠭᠰᠡᠨ ᠦᠷ᠎ᠠ ᠪᠦᠳᠤᠮᠵᠢ | ᠶᠢ ᠦᠷᠬᠦᠯᠵᠢᠯᠡᠨ ᠪᠠᠬᠢᠵᠢᠬᠦᠯᠤᠨ᠎ᠠ᠃ ᠭᠠᠴᠠᠭᠠᠨ ᠤ ᠬᠠᠮᠲᠤ ᠶᠢᠨ ᠠᠵᠤ ᠠᠬᠤᠶ ᠶᠢ ᠤᠯᠠᠮ ᠴᠢᠨᠠᠭᠰᠢᠳᠠ | ᠬᠥᠭᠵᠢᠭᠦᠯᠦᠨ ᠪᠤᠵᠠᠭᠠᠶᠢᠷᠠᠭᠤᠯᠵᠤ᠂ ᠵᠢᠯ ᠤᠨ ᠳᠣᠲᠣᠷ᠎ᠠ ᠠᠶᠢᠮᠠᠭ ᠤᠨ ᠲᠠᠰ ᠤᠨ ᠵᠢᠱᠢᠶ᠎ᠡ ᠦᠵᠡᠭᠦᠯᠬᠦ ᠭᠠᠴᠠᠭ᠎ᠠ | 4 ᠶᠢ ᠴᠤᠭᠴᠠᠯᠠᠨ᠂ ᠬᠤᠰᠢᠭᠤ ᠲᠠᠰ ᠤᠨ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠭᠠᠴᠠᠭ᠎ᠠ 7 ᠶᠢ ᠲᠣᠭᠲᠠᠭᠠᠵᠤ | ᠂ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠪᠠ ᠨᠠᠷᠢᠯᠢᠭ ᠤᠨᠤᠪᠴᠢᠳᠡᠢ ᠠᠷᠭ᠎ᠠ ᠬᠡᠮᠵᠢᠶ᠎ᠠ ᠬᠡᠷᠡᠭᠵᠢᠬᠦᠯᠬᠦ ᠪᠠᠷ | ᠳᠠᠮᠵᠢᠭᠤᠯᠤᠨ᠂ ᠭᠠᠴᠠᠭᠠᠨ ᠤ ᠬᠠᠮᠲᠤ ᠨᠠᠶᠢᠳᠠ ᠶᠢᠨ ᠲᠠᠶᠢᠴᠢᠯᠡᠨ ᠲᠠᠭᠠᠭᠤᠯᠬᠤ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠵᠣᠯᠭᠠᠭᠤᠯᠬᠤ ᠪᠠᠯᠠ ᠮᠦᠩᠬᠦᠨ ᠤ ᠬᠠᠮᠢᠶᠠᠷᠤᠯᠲᠠ ᠬᠡᠷᠡᠭᠯᠡᠯᠲᠡ ᠶᠢ ᠴᠢᠩᠭᠠᠳᠬᠠᠵᠤ᠂ ᠵᠢᠯ ᠤᠨ | ᠳᠣᠲᠣᠷ᠎ᠠ ᠡᠯ᠎ᠡ ᠲᠥᠷᠥᠯ ᠤᠨ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠲᠤᠳᠬᠠᠨ ᠵᠣᠯᠭᠠᠭᠤᠯᠬᠤ | ᠠᠵᠢᠯ ᠪᠠ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠳᠤ 6000 ᠲᠦᠮᠡᠨ ᠲᠥᠭᠦᠷᠢᠭ ᠤᠨ ᠪᠡᠯᠡ | ᠣᠷᠣᠭᠤᠯᠬᠤ ᠪᠠᠷ ᠲᠥᠯᠥᠪᠯᠡᠵᠦ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ᠂ ᠠᠵᠤ ᠦᠢᠯᠡᠰ ᠢ ᠬᠥᠭᠵᠢᠭᠦᠯᠬᠦ᠂ | ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠢ ᠴᠡᠭᠴᠡᠯᠡᠨ ᠵᠠᠰᠠᠬᠤ᠂ ᠨᠡᠶᠢᠭᠡᠮᠴᠢᠯᠡᠭᠰᠡᠨ ᠦᠢᠯᠡᠴᠢᠯᠡᠭᠡ᠂ | ᠰᠠᠭᠤᠷᠢ ᠲᠦᠬᠦᠬᠡᠷᠤᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠲᠥᠷᠥᠯ ᠵᠥᠢᠯ ᠢ ᠬᠡᠷᠡᠭᠵᠢᠭᠦᠯᠵᠦ᠂ ᠶᠠᠳᠠᠭᠤ ᠠᠴᠠ | ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠤᠯᠠᠮ ᠴᠢᠨᠠᠭᠰᠢᠳᠠ ᠪᠠᠬᠢᠵᠢᠭᠦᠯᠦᠨ ᠳᠡᠭᠡᠭᠰᠢᠯᠡᠭᠦᠯᠵᠦ᠂ ᠮᠠᠯᠵᠢᠬᠤ | ᠣᠷᠣᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ | | ᠵᠢᠷᠭᠤᠭ᠎ᠠ ᠳᠤ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠦᠪᠰᠢᠨ ᠢ | ᠦᠷᠭᠦᠯᠵᠢᠯᠡᠨ ᠳᠡᠭᠡᠭᠰᠢᠯᠡᠭᠦᠯᠦᠨ᠎ᠡ᠃ ᠵᠢᠯ ᠤᠨ ᠳᠣᠲᠣᠷ᠎ᠠ 2.48 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠬᠤ ᠪᠠᠷ ᠲᠥᠯᠥᠪᠯᠡᠵᠦ᠂ ᠭᠤᠣᠯᠳᠠᠯᠭ᠎ᠠ ᠪᠠᠨ ︽ᠳᠤᠲᠠᠭᠤᠳᠠᠯ ᠢ ᠨᠥᠬᠦᠪᠥᠷᠢᠯᠡᠬᠦ᠂ ᠴᠢᠨᠠᠷ ᠴᠢᠨᠰᠠᠭ᠎ᠠ ᠶᠢ | ᠳᠡᠭᠡᠭᠰᠢᠯᠡᠭᠦᠯᠬᠦ᠂ ᠪᠠᠭᠤᠷᠠᠶ ᠲᠠᠯ᠎ᠠ ᠪᠠᠨ ᠴᠢᠩᠭᠠᠷᠠᠭᠤᠯᠬᠤ︾ ᠲᠠᠯ᠎ᠠ ᠳᠤ ᠲᠠᠯᠪᠢᠵᠤ᠂ ᠬᠤᠳᠠ ᠪᠠᠯᠭᠠᠰᠤᠨ ᠤ | ᠴᠢᠳᠠᠮᠵᠢ ᠶᠢ ᠲᠡᠭᠦᠯᠳᠡᠷᠵᠢᠭᠦᠯᠦᠨ᠎ᠡ᠃ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢ ᠲᠠᠰ ᠳᠡᠪᠰᠢᠭᠦᠯᠦᠨ | ᠥᠭᠡᠷᠡᠴᠢᠯᠡᠬᠦ ᠲᠦᠰᠤᠪ ᠢ ᠭᠤᠤᠯᠳᠠᠯᠭ᠎ᠠ ᠲᠠᠢ ᠬᠡᠷᠡᠭᠵᠢᠭᠦᠯᠤᠨ᠂ ᠵᠢᠯ ᠤᠨ ᠳᠣᠲᠣᠷ᠎ᠠ ᠬᠤᠳᠠ ᠲᠤᠭᠤᠷᠢᠭ ᠤᠨ 1.3 | ᠺᠢᠯᠤᠮᠧᠲᠷ ᠵᠠᠮ᠂ 22 ᠺᠢᠯᠤᠮᠧᠲᠷ ᠲᠤᠤᠷ ᠬᠤᠭᠤᠯᠠᠢ ᠶᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ 6 ᠲᠦᠮᠡᠨ | ᠲᠡᠭᠰᠢ ᠳᠥᠷᠪᠡᠯᠵᠢᠨ ᠮᠧᠲᠷ ᠵᠠᠮ ᠢ ᠬᠠᠳᠠᠭᠤᠵᠢᠭᠤᠯᠤᠨ᠂ 3.5 ᠺᠢᠯᠣᠮᠧᠲᠷ ᠬᠠᠮᠠᠭᠠᠯᠠᠯᠳᠠ ᠶᠢᠨ ᠰᠠᠷᠠᠯᠵᠢ | ᠤᠭᠰᠠᠷᠠᠵᠤ᠂ 0.25 ᠲᠦᠮᠡᠨ ᠲᠡᠭᠰᠢ ᠳᠥᠷᠪᠡᠯᠵᠢᠨ ᠮᠧᠲᠷ ᠤᠨ ᠲᠠᠭᠤ ᠴᠢᠮᠡᠬᠡᠨ ᠤ ᠪᠤᠬᠢᠷᠳᠤᠯ ᠤᠨ ᠬᠠᠯᠬᠠᠪᠴᠢ | ᠤᠭᠰᠠᠷᠠᠨ᠂ ᠬᠤᠲᠠ ᠪᠠᠯᠭᠠᠰᠤ ᠵᠢᠴᠢ ᠡᠷᠬᠢᠨ ᠲᠣᠭᠤᠷᠢᠨ ᠤ 3.3 ᠲᠦᠮᠡᠨ ᠲᠡᠭᠰᠢ ᠳᠥᠷᠪᠡᠯᠵᠢᠨ ᠮᠧᠲᠷ ᠭᠠᠵᠡᠷ ᠢ | ᠨᠤᠭᠤᠭᠠᠷᠠᠭᠤᠯᠤᠨ᠎ᠠ᠃ ᠳᠥᠭᠦᠮ ᠪᠦᠳᠤᠴᠡᠳᠤ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ | ᠰᠠᠶᠢᠵᠢᠷᠠᠭᠤᠯᠵᠤ ᠰᠠᠭᠤᠷᠢ ᠲᠦᠬᠦᠬᠡᠷᠤᠮᠵᠢ ᠶᠢ ᠢᠵᠢ ᠪᠦᠷᠢᠳᠦᠭᠦᠯᠬᠦ ᠪᠠ ᠨᠢᠬᠡᠳᠤᠯᠳᠡᠢ ᠲᠤᠯᠠᠭᠠᠯᠭ᠎ᠠ ᠬᠠᠩᠭᠠᠬᠤ | ᠭᠦᠸᠧᠯᠦ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠥᠢᠯ ᠢ ᠢᠳᠡᠪᠬᠢᠲᠡᠶ ᠠᠬᠢᠭᠤᠯᠵᠤ᠂ 100 ᠲᠣᠨ ᠤ | ᠠᠭᠤᠷᠰᠢᠭᠤᠯᠬᠤ ᠭᠦᠸᠧᠯᠦ 2 ᠢ ᠤᠭᠰᠠᠷᠠᠨ᠂ 800 ᠲᠡᠭᠰᠢ ᠳᠥᠷᠪᠡᠯᠵᠢᠨ ᠮᠧᠲᠷ ᠤᠨ 2 ᠰᠠᠭᠤᠷᠢ | ᠦᠢᠯᠡᠳᠪᠤᠷᠢ ᠶᠢᠨ ᠬᠡᠷ ᠪᠠᠶᠢᠰᠢᠩ ᠢ ᠰᠢᠨ᠎ᠡ ᠪᠠᠷ ᠪᠠᠶᠢᠭᠤᠯᠤᠨ᠎ᠠ᠃ ᠠᠪᠠᠭ᠎ᠠ ᠠᠭᠤᠳᠠᠮ ᠲᠠᠯᠠᠪᠠᠶ ᠶᠢᠨ ᠪᠡᠶ᠎ᠡ | ᠲᠠᠮᠢᠷ ᠤᠨ ᠴᠡᠴᠡᠷᠯᠢᠭ ᠢ ᠲᠠᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠵᠢᠯ ᠤᠨ ᠳᠣᠲᠣᠷ᠎ᠠ | 2.1 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠶ ᠶᠢ ᠥᠭᠡᠷᠡᠴᠢᠯᠡᠬᠦ ᠶᠢ ᠪᠡᠶᠡᠯᠡᠭᠦᠯᠦᠨ᠎ᠡ᠃ ᠪᠠᠶᠠᠨᠴᠠᠭᠠᠨ | ᠰᠠᠭᠤᠭᠠᠯᠢ ᠲᠣᠭᠤᠷᠢᠭ ᠢ ᠵᠠᠰᠠᠨ ᠰᠠᠶᠢᠵᠢᠷᠠᠭᠤᠯᠬᠤ ᠲᠦᠷᠤᠯ ᠵᠥᠢᠯ ᠪᠠ 3 ᠳ᠋ᠤᠭᠠᠷ ᠥᠷᠲᠡᠭᠡ ᠶᠢᠨ ᠰᠠᠭᠤᠭᠠᠯᠢ | ᠠᠰᠠᠷ ᠤᠨ ᠬᠠᠭᠤᠴᠢᠨ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠤᠨ᠎ᠠ᠃ | ᠪᠡᠯᠬᠦᠳᠡᠢ ᠪᠠᠯᠭᠠᠰᠤᠨ ᠤ ᠰᠢᠲᠠᠮᠠᠬᠠᠶ ᠬᠡᠶ ᠶᠢ ᠡᠷᠦᠬᠡ ᠳᠤ ᠣᠷᠣᠭᠤᠯᠬᠤ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ | LNG ᠬᠡᠶ ᠨᠡᠮᠡᠬᠦ ᠥᠷᠲᠡᠭᠡ 1 ᠶᠢ ᠪᠠᠶᠢᠭᠤᠯᠤᠨ᠂ 3 ᠺᠢᠯᠤᠮᠧᠲᠷ ᠤᠨ ᠰᠢᠲᠠᠮᠠᠬᠠᠶ ᠬᠡᠶ ᠶᠢᠨ ᠲᠣᠤᠷ ᠬᠤᠭᠤᠯᠠᠢ ᠶᠢ | ᠤᠭᠰᠠᠷᠠᠵᠤ᠂ 1000 ᠡᠷᠦᠬᠡ ᠳᠤ ᠤᠷᠤᠭᠤᠯᠬᠤ ᠪᠠᠷ ᠲᠥᠯᠥᠪᠯᠡᠵᠦ ᠪᠣᠶ᠃ ᠨᠡᠶᠢᠭᠡᠮ ᠤᠨ ᠪᠡᠯᠡ ᠬᠥᠷᠥᠩᠭᠡ ᠶᠢ | ᠲᠠᠳᠠᠨ ᠣᠷᠣᠭᠤᠯᠵᠤ᠂ ᠰᠠᠶᠢᠵᠢᠷᠠᠭᠤᠯᠬᠤ ᠴᠢᠨᠠᠷᠲᠠᠶ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠶᠢ ᠨᠡᠭᠡᠭᠡᠨ | ᠬᠥᠭᠵᠢᠭᠦᠯᠵᠦ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠥᠬᠦᠴᠡᠯ ᠢ ᠠᠯᠬᠤᠮ | ᠠᠯᠬᠤᠮ ᠢᠶᠠᠷ ᠰᠠᠶᠢᠵᠢᠷᠠᠭᠤᠯᠤᠨ᠎ᠠ᠃ ᠵᠠᠮ ᠡᠵᠡᠯᠡᠨ ᠡᠵᠡᠩᠨᠡᠬᠦ᠂ ᠵᠡᠭᠡᠯᠢ ᠳᠠᠭᠠᠤ ᠮᠠᠰᠢᠨ ᠲᠡᠷᠭᠡ ᠰᠡᠯᠪᠢᠨ ᠵᠠᠰᠠᠬᠤ | ᠵᠡᠷᠭᠡ ᠲᠣᠭᠲᠠᠭᠠᠯ ᠠᠴᠠ ᠵᠦᠷᠢᠴᠡᠭᠰᠡᠳ ᠢ ᠶᠡᠬᠡᠪᠡᠷ ᠴᠡᠭᠴᠡᠯᠡᠨ ᠵᠠᠰᠠᠵᠤ᠂ ᠥᠪᠡᠷᠲᠡᠭᠡᠨ ᠵᠠᠰᠠᠬᠤ ᠣᠷᠣᠨ ᠤ | ᠲᠠᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠲᠠᠰᠤᠷᠠᠯᠲᠠ ᠥᠬᠡᠶ | ᠪᠠᠬᠢᠵᠢᠭᠦᠯᠦᠨ᠎ᠡ᠃ | ᠳᠣᠯᠤᠭ᠎ᠠ ᠳᠤ᠂ ᠮᠠᠯᠵᠢᠬᠤ ᠣᠷᠣᠨ ᠤ ᠰᠠᠭᠤᠷᠢ ᠲᠦᠬᠦᠬᠡᠷᠤᠮᠵᠢ ᠶᠢᠨ ᠪᠥᠲᠥᠭᠡᠨ ᠪᠠᠶᠢᠭᠤᠯᠤᠯᠲᠠ ᠶᠢ | ᠦᠷᠭᠦᠯᠵᠢᠯᠡᠨ ᠲᠡᠭᠦᠯᠳᠡᠷᠵᠢᠭᠦᠯᠦᠨ᠎ᠡ᠃ ᠪᠥᠲᠥᠭᠡᠨ ᠪᠠᠶᠢᠭᠤᠯᠤᠯᠲᠠ ᠶᠢᠨ ᠲᠥᠷᠥᠯ ᠵᠥᠢᠯ ᠤᠨ ᠪᠠᠯᠠ ᠮᠥᠩᠭᠦ ᠶᠢ | ᠢᠳᠡᠪᠬᠢᠳᠡᠢ ᠭᠤᠶᠤᠴᠢᠯᠠᠵᠤ᠂ ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ᠂ ᠤᠷᠤᠰᠢᠨ ᠰᠠᠭᠤᠷᠢᠰᠢᠬᠤ ᠤᠷᠴᠢᠨ ᠢ | ᠰᠠᠶᠢᠵᠢᠷᠠᠭᠤᠯᠬᠤ᠂ ᠪᠣᠬᠢᠷ ᠤᠰᠤ ᠰᠢᠢᠳᠪᠤᠷᠢᠯᠡᠬᠦ᠂ ᠮᠠᠯᠵᠢᠬᠤ ᠣᠷᠣᠨ ᠤ ᠬᠤᠭ ᠨᠣᠪᠰᠢ ᠶᠢ ᠰᠢᠢᠳᠪᠤᠷᠢᠯᠡᠬᠦ ᠵᠡᠷᠭᠡ | ᠲᠥᠷᠥᠯ ᠵᠥᠢᠯ ᠢ ᠬᠡᠷᠡᠭᠵᠢᠬᠦᠯᠤᠨ᠎ᠠ᠃ ᠰᠢᠨ᠎ᠠ ᠪᠠᠷ ᠮᠠᠯ ᠠᠵᠤ ᠠᠬᠤᠢ ᠶᠢᠨ ᠭᠠᠮᠰᠢᠭ ᠢ ᠰᠡᠷᠬᠡᠶᠢᠯᠡᠵᠤ ᠬᠤᠬᠢᠷᠡᠯ ᠢ | ᠪᠠᠭᠠᠰᠬᠠᠬᠤ ᠴᠢᠳᠠᠪᠬᠢ ᠶᠢ ᠲᠡᠬᠡᠭᠰᠢᠯᠡᠬᠦᠯᠤᠨ᠂ 3 ᠲᠦᠮᠡᠨ ᠲᠡᠭᠰᠢ ᠳᠥᠷᠪᠡᠯᠵᠢᠨ ᠮᠧᠲᠷ ᠤᠨ ᠳᠤᠯᠠᠭᠠᠨ ᠫᠸᠡᠭ | ᠰᠢᠨ᠎ᠠ ᠪᠠᠷ ᠪᠠᠶᠢᠭᠤᠯᠤᠨ᠎ᠠ᠃ ᠮᠠᠯᠵᠢᠬᠤ ᠣᠷᠣᠨ ᠤ ᠤᠰᠤ ᠤᠮᠳᠠ ᠶᠢᠨ ᠢᠨᠵᠧᠨᠧᠷᠢᠩ ᠢ ᠬᠡᠷᠡᠭᠵᠢᠭᠦᠯᠤᠨ᠂ 55 | ᠬᠤᠳᠳᠤᠭ ᠮᠠᠯᠳᠠᠵᠤ᠂ 175 ᠤᠰᠤᠨ ᠬᠠᠳᠠᠭᠠᠯᠠᠬᠤ ᠵᠣᠭᠤᠷᠢ ᠪᠠᠶᠢᠭᠤᠯᠵᠤ᠂ 121 ᠢᠵᠢ ᠤᠰᠤ ᠲᠠᠲᠠᠬᠤ | ᠠᠦ᠋ᠲ᠋ᠣᠴᠢᠯᠠᠭᠰᠠᠨ ᠲᠥᠬᠦᠭᠡᠷᠦᠮᠵᠢ ᠶᠢ ᠤᠭᠰᠠᠷᠠᠨ᠂ ᠬᠤᠶᠢᠳᠤ ᠪᠠᠶ᠎ᠠ ᠶᠢᠨ ᠬᠦᠨᠳᠦ ᠨᠣᠴᠢᠲᠠᠶ ᠤᠰᠤ ᠳᠤᠲᠠᠭᠳᠠᠵᠤ | ᠪᠠᠶᠢᠭ᠎ᠠ ᠭᠠᠵᠡᠷ ᠤᠷᠤᠨ ᠳᠤ ᠬᠥᠮᠦᠨ ᠮᠠᠯ ᠤᠨ ᠤᠰᠤ ᠤᠮᠳᠠ ᠶᠢ ᠬᠠᠶᠢᠨ ᠪᠠᠶᠢᠴᠠᠭᠠᠨ᠎ᠠ᠃ ᠨᠠᠷᠠ ᠰᠠᠯᠬᠢ | ᠬᠠᠷᠢᠯᠴᠠᠨ ᠨᠦᠬᠦᠪᠤᠷᠢᠯᠡᠭᠰᠡᠨ ᠲᠦᠷᠤᠯ ᠵᠥᠢᠯ ᠢ ᠢᠳᠡᠪᠬᠢᠳᠡᠢ ᠭᠤᠶᠤᠴᠢᠯᠡᠨ᠂ ᠬᠥᠳᠡᠭᠡ ᠲᠣᠰᠬᠤᠨ ᠤ ᠴᠠᠬᠢᠯᠭᠠᠨ | ᠲᠣᠣᠷ ᠢ ᠥᠭᠡᠷᠡᠴᠢᠯᠡᠨ ᠲᠡᠰ ᠳᠡᠪᠰᠢᠭᠦᠯᠬᠦ ᠢᠡᠵᠧᠨᠧᠷᠢᠩ ᠢ ᠯᠠᠪᠳᠠᠭᠤᠨ ᠢᠶᠠᠷ ᠬᠡᠷᠡᠭᠵᠢᠭᠦᠯᠵᠦ᠂ 255 ᠺᠢᠯᠤᠮᠧᠲᠷ | ᠤᠨ ᠴᠠᠬᠢᠯᠭᠠᠨ ᠤᠳᠠᠰᠤ ᠲᠠᠳᠠᠵᠤ᠂ 500 ᠠᠴᠠ ᠲᠡᠬᠡᠭᠰᠢ ᠡᠷᠥᠭᠡ ᠳᠤ ᠴᠠᠬᠢᠯᠭᠠᠨ ᠨᠠᠪᠳᠠᠷᠠᠬᠦᠯᠬᠦ ᠪᠠᠷ ᠴᠢᠷᠮᠠᠶᠢᠨ᠎ᠠ᠃ | ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ | ᠠᠯᠳᠠᠡᠬᠠᠩᠭᠠᠢ ᠠᠴᠠ ᠴᠠᠭᠠᠨᠨᠠᠭᠤᠷ ᠬᠥᠷᠬᠦ ᠵᠢᠩ ᠨᠸᠡᠭ ᠴᠠᠬᠢᠯᠭᠠᠨ ᠤ ᠦᠢᠯᠡᠳᠪᠤᠷᠢ ᠶᠢᠨ ᠬᠡᠰᠡᠭ ᠤᠨ ᠵᠠᠰᠠᠮᠠᠯ | ᠵᠠᠮ ᠤᠨ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠬᠦᠯᠵᠤ᠂ ᠵᠢᠯ ᠤᠨ ᠳᠣᠲᠣᠷ᠎ᠠ | ᠲᠡᠷᠭᠡ ᠨᠡᠪᠲᠡᠷᠡᠭᠦᠯᠤᠨ᠂ ᠬᠤᠩᠭᠤᠷᠭᠤᠤᠯ ᠠᠴᠠ ᠳᠡᠯᠭᠡᠷ ᠬᠥᠷᠬᠦ ᠵᠠᠰᠠᠮᠠᠯ ᠵᠠᠮ ᠢ ᠲᠠᠰ ᠳᠡᠪᠰᠢᠭᠦᠯᠵᠦ ᠥᠭᠡᠷᠡᠴᠢᠯᠡᠨ | ᠪᠠᠶᠢᠭᠤᠯᠬᠤ ᠲᠥᠷᠥᠯ ᠵᠥᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠬᠦᠢᠴᠡᠳᠬᠡᠵᠤ᠂ ᠵᠢᠯ ᠤᠨ ᠳᠣᠲᠣᠷ᠎ᠠ 47. | 2 ᠺᠢᠯᠤᠮᠧᠲᠷ ᠬᠥᠳᠡᠭᠡ ᠲᠣᠰᠬᠤᠨ ᠤ ᠵᠠᠮ ᠢ ᠵᠠᠰᠠᠨ ᠰᠠᠶᠢᠵᠢᠷᠠᠭᠤᠯᠵᠤ᠂ 33 ᠺᠢᠯᠤᠮᠧᠲᠷ ᠤᠨ ᠬᠦᠳᠡᠭᠡ ᠲᠤᠰᠬᠤᠨ | ᠳᠤ ᠨᠠᠪᠳᠠᠷᠠᠬᠦ ᠵᠠᠮ ᠢ ᠲᠠᠪᠢᠰᠤᠨ᠂ ᠤᠯᠠᠨ ᠲᠦᠮᠡᠨ ᠤ ᠶᠠᠪᠤᠵᠤ ᠰᠠᠭᠤᠬᠤ ᠳᠤ ᠲᠦᠬᠦᠮ ᠦᠵᠡᠬᠦᠯᠬᠦ ᠪᠠᠷ | ᠴᠢᠷᠮᠠᠶᠢᠨ᠎ᠠ᠃ ᠴᠠᠬᠢᠯᠭᠠᠨ ᠬᠤᠯᠪᠣᠭᠠᠨ ᠤ ᠨᠠᠶᠢᠳᠠᠮ ᠦᠢᠯᠡᠴᠢᠯᠡᠬᠡᠨ ᠤ ᠲᠤᠷᠰᠢᠯᠲᠠ ᠶᠢᠨ ᠴᠡᠭ ᠤᠨ ᠲᠥᠷᠥᠯ ᠵᠥᠢᠯ ᠢ | ᠦᠷᠭᠦᠯᠵᠢᠯᠡᠨ ᠬᠡᠷᠡᠭᠵᠢᠭᠦᠯᠵᠦ᠂ ︽ᠤᠶᠤᠨᠲᠤ ᠷᠠᠳᠢᠣ᠋ ᠲᠧᠯᠸᠢᠰ︾ ᠤᠨ ᠲᠣᠤᠷ ᠰᠦᠯᠵᠢᠶᠡᠨ ᠤ ᠦᠢᠯᠡᠴᠢᠯᠡᠭᠡ ᠶᠢ | ᠡᠷᠦᠬᠡ ᠳᠤ ᠣᠷᠣᠭᠤᠯᠬᠤ ᠢᠨᠵᠧᠨᠧᠷᠢᠩ ᠢ ᠲᠡᠭᠦᠯᠳᠡᠷᠵᠢᠭᠦᠯᠵᠦ᠂ 4G ᠰᠠᠭᠤᠷᠢ ᠥᠷᠲᠡᠭᠡ 7 ᠶᠢ ᠰᠢᠨ᠎ᠡ ᠪᠠᠷ | ᠪᠠᠶᠢᠭᠤᠯᠵᠤ᠂ 5G ᠰᠠᠭᠤᠷᠢ ᠥᠷᠲᠡᠭᠡ 17 ᠶᠢ ᠨᠡᠪᠲᠡᠷᠡᠭᠦᠯᠦᠨ᠎ᠡ᠃ | ᠨᠠᠢᠮᠠ ᠳᠤ᠂ ᠬᠤᠳᠠᠯᠳᠤᠭ᠎ᠠ ᠡᠷᠬᠢᠯᠡᠬᠦ ᠣᠷᠴᠢᠨ ᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠨᠢᠭᠡ | ᠰᠦᠯᠵᠢᠶ᠎ᠡ ᠪᠠᠷ ᠬᠦᠢᠴᠡᠳᠬᠡᠬᠦ᠂ ᠠᠯᠠᠭᠠᠨ ᠳᠡᠭᠡᠷ᠎ᠡ ᠬᠦᠢᠴᠡᠳᠬᠡᠬᠦ᠂ ᠨᠢᠭᠡ ᠯᠡ ᠤᠳᠠᠭ᠎ᠠ ᠳᠤ ᠬᠦᠢᠴᠡᠳᠬᠡᠬᠦ᠂ ᠲᠠᠨ ᠢ | ᠬᠠᠪᠰᠤᠷᠤᠨ ᠬᠦᠢᠴᠡᠳᠬᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠰᠦᠯᠵᠢᠶ᠎ᠡ ᠪᠠᠷ ᠬᠦᠢᠴᠡᠳᠬᠡᠵᠤ ᠲᠠᠶᠢᠯᠬᠦ ᠶᠢ ᠨᠢ ᠴᠦᠮ ᠰᠦᠯᠵᠢᠶᠠᠨ ᠲᠡᠬᠡᠷ᠎ᠠ ᠬᠦᠢᠴᠡᠳᠬᠡᠬᠦ ᠶᠢ | ᠪᠠᠶᠠᠯᠠᠬᠦᠯᠵᠤ᠂ ᠠᠷᠠᠳ ᠤᠨ ᠠᠮᠢᠳᠤᠷᠠᠯ ᠤᠨ ᠤᠯᠠᠡᠳᠠ ᠬᠦᠢᠴᠡᠳᠬᠡᠬᠦ ᠦᠢᠯᠡᠴᠢᠯᠡᠬᠡᠨ ᠤ ᠵᠥᠢᠯᠡᠰ ᠢ ᠪᠦᠬᠦᠨ ᠢ ︽ | ᠮᠦᠩᠬᠡ ᠰᠤᠪᠠᠭ︾ ᠲᠤ ᠤᠷᠤᠭᠤᠯᠤᠨ ᠬᠦᠢᠴᠡᠳᠬᠡᠵᠤ᠂ ᠨᠠᠩ ᠣᠯᠠᠨ ᠦᠢᠯᠡᠴᠢᠯᠡᠬᠡᠨ ᠤ ᠵᠥᠢᠯᠡᠰ ᠢ ︽ᠨᠢᠭᠡ | ᠶᠠᠪᠤᠳᠠᠯ ᠢ ᠨᠢᠬᠡᠯᠡ ᠤᠳᠠᠭ᠎ᠠ ᠳᠤ ᠬᠦᠢᠴᠡᠳᠬᠡᠬᠦ︾ ᠲᠠᠪᠴᠠᠩ ᠳᠤ ᠣᠷᠣᠭᠤᠯᠤᠨ᠂ ᠭᠤᠤᠯᠳᠠᠯᠭ᠎ᠠ ᠲᠠᠢ ᠲᠥᠷᠥᠯ | ᠵᠥᠢᠯ ᠤᠨ ᠭᠠᠷᠳᠠᠮ ᠤᠨ ᠪᠥᠬᠦ ᠶᠠᠪᠤᠴᠠ ᠶᠢ ᠬᠠᠪᠰᠤᠷᠤᠨ ᠬᠦᠢᠴᠡᠳᠬᠡᠬᠦ᠂ ᠣᠷᠣᠯᠠᠨ ᠬᠦᠢᠴᠡᠳᠬᠡᠬᠦ ᠠᠯᠬᠤᠮ | ᠲᠠᠷᠠᠭ᠎ᠠ ᠪᠠᠷ ᠪᠡᠶᠡᠯᠡᠭᠦᠯᠦᠨ᠎ᠡ᠃ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠵᠢᠴᠢ ᠰᠠᠨᠠᠭᠤᠯᠭ᠎ᠠ ᠶᠢ ᠲᠦᠷᠭᠡᠨ | ᠰᠢᠢᠳᠪᠤᠷᠢᠯᠡᠬᠦ ᠲᠤᠭᠳᠠᠯᠴᠠᠭ᠎ᠠ ᠶᠢ ᠰᠦᠪᠡᠭᠴᠢᠯᠡᠨ ᠪᠠᠶᠢᠭᠤᠯᠵᠤ᠂ ᠠᠵᠤ ᠠᠬᠤᠶᠢᠯᠠᠯ ᠤᠨ ᠪᠣᠳᠠᠲᠠᠶ ᠬᠦᠴᠢᠷᠳᠡᠯ ᠢ | ᠴᠠᠭ ᠲᠤᠬᠠᠶ ᠳᠤᠨᠢ ᠪᠦᠲᠦᠮᠵᠢᠲᠡᠶ ᠰᠢᠢᠳᠪᠤᠷᠢᠯᠡᠨ᠎ᠠ᠃ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠮᠥᠩᠭᠦᠨ ᠬᠦᠢᠯᠬᠡᠬᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ | ᠪᠠᠶᠢᠭᠠᠳ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠵᠢᠭᠡᠯᠡᠯᠭᠡ ᠲᠠᠯᠪᠢᠬᠤ ᠡᠷᠴᠢᠮ ᠢ ᠴᠢᠩᠭᠠᠷᠠᠭᠤᠯᠤᠨ᠎ᠠ᠃ ︽ | ᠬᠤᠤᠰ ᠲᠤᠭᠳᠠᠮᠠᠯ ᠪᠤᠰᠤ ᠨᠢᠭᠡ ᠶᠢ ᠢᠯᠡ ᠨᠠᠶᠢᠳᠠᠯᠠᠬᠦ︾ ᠪᠠ ᠪᠠᠭᠲᠠᠭᠠᠮᠵᠢᠲᠠᠶ ᠬᠢᠨᠠᠮᠠᠭᠠᠢ ᠪᠣᠯᠭᠤᠮᠵᠢᠲᠠᠶ ᠬᠢᠨᠡᠨ | ᠬᠠᠮᠢᠶᠠᠷᠤᠯᠲᠠ ᠶᠢ ᠲᠦᠯᠬᠢᠨ ᠠᠬᠢᠭᠤᠯᠵᠤ᠂ ᠲᠦᠪ ᠭᠤᠣᠯᠴᠢ ᠪᠠᠷ ᠥᠷᠢᠰᠥᠯᠳᠦᠬᠦ ᠵᠠᠬ᠎ᠠ ᠳᠡᠯᠭᠡᠭᠦᠷ ᠤᠨ ᠣᠷᠴᠢᠨ | ᠨᠥᠬᠦᠴᠡᠯ ᠢ ᠪᠤᠢ ᠪᠣᠯᠭᠠᠨ᠎ᠠ᠃ | ᠶᠢᠰᠦ ᠳᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ | ᠬᠢᠨ᠎ᠠ᠃ ᠵᠢᠯ ᠤᠨ ᠲᠤᠳᠤᠷ᠎ᠠ᠂ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ | ᠲᠤᠷᠰᠢᠯᠲᠠ ᠶᠢᠨ ᠠᠰᠠᠷ ᠪᠠ 2 ᠰᠤᠮᠤ ᠪᠠᠯᠭᠠᠰᠤᠨ ᠤ ᠬᠡᠤᠬᠡᠳ ᠤᠨ ᠴᠡᠴᠡᠷᠯᠢᠭ ᠢ ᠰᠢᠨ᠎ᠠ ᠪᠠᠷ ᠪᠠᠶᠢᠭᠤᠯᠵᠤ | ᠠᠰᠢᠭᠯᠠᠯᠲᠠ ᠳᠤ ᠣᠷᠣᠭᠤᠯᠤᠨ᠂ ᠵᠢᠯ ᠤᠨ ᠳᠣᠲᠣᠷ᠎ᠠ 11 ᠪᠠᠭᠰᠢ ᠶᠢ ᠢᠯᠡ ᠪᠠᠷ ᠤᠷᠢᠨ ᠡᠯᠰᠡᠨ᠎ᠡ᠃ ᠤᠯᠤᠰ ᠤᠨ | ᠨᠠᠶᠢᠳᠠᠮ ᠬᠡᠷᠡᠭᠯᠡᠬᠦ ᠦᠬᠡ ᠬᠡᠯᠡ ᠦᠰᠦᠭ ᠪᠢᠴᠢᠭ ᠢ ᠦᠷᠬᠦᠯᠵᠢᠯᠡᠨ ᠲᠡᠯᠬᠡᠷᠡᠬᠦᠯᠤᠨ ᠬᠡᠷᠡᠭᠯᠡᠵᠤ᠂ ᠦᠡᠳᠤᠷ | ᠲᠤᠮᠳᠠᠳᠤ ᠶᠢᠨ ᠨᠢᠬᠡᠳᠤᠬᠡᠷ ᠤᠨ ᠨᠠᠮᠤᠷ ᠤᠨ ᠰᠤᠷᠤᠯᠭ᠎ᠠ ᠶᠢᠨ ᠬᠤᠭᠤᠴᠠᠭᠠᠨ ᠳᠤ ᠴᠦᠮ ᠤᠯᠤᠰ ᠤᠨ ᠨᠢᠬᠡᠳᠤᠯᠳᠡᠢ | ᠨᠠᠶᠢᠷᠠᠭᠤᠯᠤᠭᠰᠡᠨ ᠭᠤᠷᠪᠡᠨ ᠲᠦᠷᠤᠯ ᠤᠨ ᠵᠢᠭᠠᠬᠤ ᠮᠠᠲ᠋ᠧᠷᠢᠶᠠᠯ ᠢ ᠬᠡᠷᠡᠭᠯᠡᠨ᠎ᠠ᠃ ᠤᠯᠤᠰ ᠤᠨ ︽ᠬᠤᠶᠠᠷ ᠢ | ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠢᠴᠢᠶᠡᠯ ᠤᠨ ᠳᠠᠷᠠᠭᠠᠬᠢ | ᠦᠢᠯᠡᠴᠢᠯᠡᠭᠡ ᠶᠢ ᠯᠠᠪᠳᠠᠭᠤᠨ ᠪᠠᠲᠤᠲᠠᠶ ᠥᠷᠨᠢᠭᠦᠯᠤᠨ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠤᠷᠭᠠᠨ | ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠬᠤᠰᠢᠭᠤ ᠡᠮᠨᠡᠯᠭᠡ ᠶᠢᠨ ᠬᠤᠷᠢᠶᠠᠨ ᠤ | ᠬᠠᠯᠳᠠᠪᠤᠷᠢᠲᠤ ᠡᠪᠡᠳᠴᠢᠨ ᠤ ᠲᠣᠭᠤᠷᠢᠭ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ᠂ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠲᠥᠪ ᠤᠨ ᠪᠠᠶᠢᠭᠤᠯᠤᠯᠳᠠ ᠶᠢ ᠡᠬᠢᠯᠡᠬᠦᠯᠤᠨ᠂ ᠮᠣᠩᠭᠤᠯ ᠡᠮ | ᠨᠠᠶᠢᠷᠠᠯᠭ᠎ᠠ ᠶᠢᠨ ᠲᠠᠰᠤᠭ ᠤᠨ ᠪᠠᠶᠢᠭᠤᠯᠤᠯᠳᠠ ᠶᠢ ᠬᠢᠨᠡᠨ ᠰᠢᠯᠭᠠᠵᠤ᠂ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ | ᠬᠤᠷᠢᠶᠠᠨ ᠤ ᠲᠥᠷᠥᠯ ᠵᠥᠢᠯ ᠢ ᠲᠠᠮᠠᠴᠠᠨ ᠤᠯᠤᠨ᠎ᠠ᠃ ᠬᠤᠳᠠ ᠬᠥᠳᠡᠭᠡ ᠶᠢᠨ ᠭᠤᠣᠯᠳᠠᠯᠭ᠎ᠠ ᠲᠠᠢ ᠬᠦᠮᠤᠰ ᠤᠨ | ᠦᠢᠯᠡᠰ ᠪᠤᠰᠬᠠᠨ ᠠᠵᠢᠯ ᠤᠯᠬᠤ ᠶᠢ ᠬᠦᠴᠤᠯᠠᠨ ᠪᠠᠲᠤᠯᠠᠵᠤ᠂ 450 ᠬᠥᠮᠦᠨ ᠳᠤ ᠰᠢᠨ᠎ᠡ ᠪᠠᠷ ᠠᠵᠢᠯ ᠣᠯᠭᠤᠨ᠂ | ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.5% ᠶᠢᠨ ᠳᠣᠲᠣᠷ᠎ᠠ | ᠬᠢᠵᠠᠭᠠᠷᠯᠠᠬᠤ ᠶᠢ ᠦᠨᠡᠡᠬᠦ ᠪᠠᠲᠤᠯᠠᠨ᠎ᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ | ᠥᠷᠭᠡᠳᠬᠡᠬᠦ ᠶᠢ ᠯᠠᠪᠳᠠᠭᠤᠨ ᠢᠶᠠᠷ ᠠᠬᠢᠭᠤᠯᠵᠤ᠂ ᠬᠠᠤᠯᠢ ᠶᠤᠰᠤᠭᠠᠷ ᠨᠡᠶᠢᠭᠡᠮ ᠤᠨ ᠳᠠᠭᠠᠳᠬᠠᠯ ᠳᠤ ᠤᠷᠤᠯᠴᠠᠬᠤ | ᠵᠤᠬᠢᠰᠳᠡᠢ ᠶᠢ ᠨᠢ ᠪᠦᠬᠦᠨ ᠢ ᠪᠦᠷᠬᠦᠬᠦᠯᠬᠦ ᠶᠢ ᠠᠬᠢᠭᠤᠯᠤᠨ᠂ ᠲᠠᠰ ᠳᠠᠪᠬᠤᠷᠭ᠎ᠠ ᠲᠥᠷᠥᠯ ᠬᠤᠪᠢᠶᠠᠭᠰᠠᠨ | ᠨᠡᠶᠢᠭᠡᠮ ᠤᠨ ᠠᠪᠤᠷᠠᠨ ᠲᠤᠰᠠᠯᠠᠯᠳᠠ ᠶᠢᠨ ᠲᠤᠭᠳᠠᠯᠴᠠᠭ᠎ᠠ ᠶᠢ ᠪᠦᠷᠢᠨᠰᠢᠬᠦᠯᠵᠦ᠂ ᠪᠠᠲᠤᠯᠠᠬᠤ ᠶᠣᠰᠣᠲᠠᠶ ᠶᠢ ᠨᠢ | ᠪᠦᠬᠦᠨ ᠢ ᠪᠠᠲᠤᠯᠠᠵᠤ᠂ ᠨᠠᠷᠢᠯᠢᠭ ᠤᠨᠤᠪᠴᠢᠳᠡᠢ ᠪᠠᠷ ᠠᠪᠤᠷᠠᠨ ᠲᠤᠰᠠᠯᠠᠬᠤ ᠶᠢ ᠴᠢᠷᠮᠠᠶᠢᠨ ᠪᠡᠶᠡᠯᠡᠭᠦᠯᠦᠨ᠎ᠡ᠃ | ᠠᠷᠪᠠ ᠳᠤ᠂ ᠲᠦᠭᠰᠢᠭᠦᠷᠢ ᠶᠢᠨ ᠲᠠᠯᠳᠠ ᠭᠡᠮ ᠢ ᠪᠠᠶᠢᠴᠠᠭᠠᠨ ᠰᠢᠢᠳᠪᠦᠷᠢᠯᠡᠬᠦ ᠠᠵᠢᠯ ᠢ ᠦᠷᠭᠦᠯᠵᠢᠯᠡᠨ | ᠴᠢᠩᠭᠠᠳᠬᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠴᠤᠭᠴᠠᠯᠠᠬᠤ ᠠᠵᠢᠯ ᠢ ᠭᠦᠨᠵᠡᠭᠡᠢ ᠥᠷᠨᠢᠭᠦᠯᠤᠨ᠂ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠢ ᠭᠦᠢᠴᠡᠳᠬᠡᠵᠦ᠂ | ᠦᠵᠡᠯ ᠤᠬᠠᠮᠰᠠᠷ ᠤᠨ ᠬᠡᠯᠪᠡᠷᠢ ᠶᠢᠨ ᠲᠣᠭᠲᠠᠭᠤᠨ ᠪᠦᠬᠡᠳ ᠰᠠᠶᠢᠨ ᠬᠠᠨᠳᠣᠰᠢ ᠶᠢ ᠪᠠᠳᠣᠯᠠᠬᠤ ᠶᠢ ᠠᠬᠢᠭᠤᠯᠤᠨ᠎ᠠ᠃ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ | ᠵᠥᠷᠢᠴᠡᠯ ᠵᠢᠭᠤᠷᠠᠭᠠᠨ ᠢ ᠤᠯᠠᠨ ᠡᠰᠢᠵᠢᠬᠦᠯᠤᠨ ᠡᠶᠡᠳᠡᠭᠦᠯᠦᠨ ᠰᠢᠢᠳᠪᠦᠷᠢᠯᠡᠬᠦ ᠲᠤᠭᠳᠠᠯᠴᠠᠭ᠎ᠠ ᠶᠢ ᠲᠡᠭᠦᠯᠳᠡᠷᠵᠢᠭᠦᠯᠤᠨ | ᠂ ᠨᠡᠶᠢᠭᠡᠮ ᠲᠣᠭᠤᠷᠢᠭ ᠤᠨ ᠵᠠᠰᠠᠯᠳᠠ ᠶᠢᠨ ᠤᠶᠤᠨᠴᠢᠯᠠᠬᠰᠠᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ | ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ ᠶᠣᠰᠣᠭᠠᠷ ᠰᠢᠢᠳᠪᠦᠷᠢᠯᠡᠨ᠎ᠡ᠃ ᠠᠷᠪᠢᠯᠠᠨ | ᠭᠠᠮᠨᠠᠬᠤ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ︽ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ | ᠲᠦᠷᠢᠮ︾ ᠢ ᠬᠢᠨᠠᠮᠠᠭᠠᠶ ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠤ ᠥᠷᠢ ᠦᠭᠴᠡᠬᠡᠨ ᠤ ᠠᠵᠢᠯᠯᠠᠭ᠎ᠠ ᠶᠢ | ᠵᠢᠷᠤᠮᠵᠢᠭᠤᠯᠵᠤ᠂ ᠵᠢᠯ ᠤᠨ ᠳᠣᠲᠣᠷ᠎ᠠ 2.4 ᠳ᠋ᠦᠩᠰᠢᠭᠤᠷ ᠲᠥᠭᠦᠷᠢᠭ ᠤᠨ ᠳᠠᠯᠳᠠ ᠥᠷᠢ | ᠥᠭᠴᠡᠭᠡ ᠶᠢ ᠴᠡᠭᠴᠡᠯᠡᠨ᠎ᠠ᠃ ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ | ᠠᠵᠢᠯᠯᠠᠭ᠎ᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠠᠴᠢᠮ ᠪᠠᠶᠢᠳᠠᠯ ᠳᠤ ᠰᠢᠭᠤᠷᠬᠠᠢ ᠬᠠᠨᠳᠤᠬᠤ ᠠᠵᠢᠯ ᠤᠨ | ᠵᠢᠯᠣᠭᠤᠳᠤᠨ ᠵᠤᠬᠢᠴᠠᠭᠤᠯᠬᠤ ᠲᠠᠪᠴᠠᠩ ᠢ ᠪᠠᠶᠢᠭᠤᠯᠵᠤ᠂ ᠪᠠᠶᠢᠭᠠᠯᠢ ᠶᠢᠨ ᠭᠠᠶ ᠭᠠᠮᠰᠢᠭ ᠤᠨ ᠶᠡᠷᠦᠩᠬᠡᠶᠢᠯᠡᠭᠰᠡᠨ | ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠪᠦᠳᠤᠮᠵᠢ ᠶᠢᠨ ᠬᠡᠷᠡᠭᠯᠡᠯᠲᠡ ᠶᠢ ᠴᠢᠩᠭᠠᠳᠬᠠᠨ᠂ ᠡᠳ᠋ | ᠪᠣᠳᠠᠰ ᠤᠨ ᠨᠥᠭᠡᠴᠡᠯᠡᠯᠲᠡ ᠪᠠ ᠭᠠᠮᠰᠢᠭ ᠢ ᠰᠡᠷᠬᠡᠶᠢᠯᠡᠵᠤ ᠬᠤᠬᠢᠷᠡᠯ ᠢ ᠪᠠᠭᠠᠰᠬᠠᠬᠤ ᠭᠠᠮᠰᠢᠭ ᠠᠴᠠ ᠠᠪᠤᠷᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠶᠤᠯᠬᠦᠢ ᠦᠢᠯᠡᠳᠪᠤᠷᠢᠯᠡᠯ ᠤᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ | ᠪᠠ ᠭᠤᠤᠯᠳᠠᠯᠭ᠎ᠠ ᠲᠠᠢ ᠬᠦᠷᠢᠶ᠎ᠡ ᠬᠡᠪᠴᠢᠶᠠᠨ ᠤ ᠲᠤᠰᠬᠠᠶ ᠵᠥᠢᠯ ᠢᠶᠠᠷ ᠴᠡᠭᠴᠡᠯᠡᠨ ᠵᠠᠰᠠᠬᠤ ᠡᠷᠴᠢᠮ ᠢ ᠴᠢᠩᠭᠠᠳᠬᠠᠵᠤ | ᠂ ᠰᠤᠮᠤ ᠪᠠᠯᠭᠠᠰᠤᠨ ᠠᠴᠠ ᠠᠵᠤ ᠠᠬᠤᠶᠢᠯᠠᠯ ᠳᠤ ᠬᠦᠡᠵᠡᠬᠡᠶᠢᠷᠡᠨ ᠬᠢᠨᠠᠨ ᠵᠢᠯᠣᠭᠤᠳᠬᠤ ᠪᠠ ᠠᠶᠤᠯᠬᠦᠢ | ᠦᠢᠯᠡᠳᠪᠤᠷᠢᠯᠡᠯ ᠤᠨ ᠬᠥᠮᠦᠵᠢᠯ ᠪᠣᠯᠪᠠᠰᠤᠷᠠᠯ ᠢ ᠭᠦᠨᠵᠡᠭᠡᠶ ᠠᠬᠢᠭᠤᠯᠵᠤ᠂ ᠬᠦᠨᠳᠦ ᠶᠡᠭᠡ ᠠᠳᠡᠯ ᠭᠠᠷᠬᠤ ᠶᠢ ᠡᠷᠡᠰ | ᠰᠡᠷᠬᠡᠶᠢᠯᠡᠨ ᠬᠤᠷᠢᠭᠯᠠᠨ᠎ᠠ᠃ ᠣᠯᠠᠨ ᠵᠥᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠨᠤᠲᠤᠭ ᠪᠡᠯᠴᠢᠭᠡᠷ ᠤᠨ | ᠭᠠᠯ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠰᠢᠯᠢ ᠶᠢᠨ ᠭᠤᠤᠯ ᠠᠶᠢᠮᠠᠭ ᠤᠨ ᠬᠢᠯᠢ ᠬᠢᠵᠠᠭᠠᠷ ᠤᠨ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠰᠠᠭᠤᠷᠢ ᠲᠦᠬᠦᠬᠡᠷᠤᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠥᠢᠯ ᠢ | ᠢᠳᠡᠪᠬᠢᠲᠡᠶ ᠬᠡᠷᠡᠭᠵᠢᠬᠦᠯᠵᠤ᠂ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠡᠩᠨᠡᠭᠡ ᠪᠠ ᠰᠠᠭᠤᠷᠢ | ᠲᠦᠬᠦᠬᠡᠷᠤᠮᠵᠢ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠨᠤᠲᠤᠭ ᠪᠡᠯᠴᠢᠭᠡᠷ ᠤᠨ | ᠭᠠᠯ ᠤᠨ ᠪᠠᠶᠢᠳᠠᠯ ᠢ ᠰᠡᠷᠭᠡᠶᠢᠯᠡᠨ ᠡᠵᠡᠮᠳᠡᠵᠤ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠴᠢᠩᠭᠠᠷᠠᠭᠤᠯᠵᠤ᠂ ᠬᠢᠯᠢ | ᠶᠢᠨ ᠴᠡᠷ᠎ᠠ ᠶᠢ ᠬᠠᠭᠠᠯᠪᠤᠷᠢᠯᠠᠬᠤ ᠠᠵᠢᠯ ᠢ ᠪᠡᠶᠡᠯᠡᠭᠦᠯᠤᠨ᠂ ᠨᠤᠲᠤᠭ ᠪᠡᠯᠴᠢᠭᠡᠷ ᠤᠨ ᠭᠠᠯ ᠲᠦᠢᠮᠡᠷ ᠢ ᠴᠢᠩᠭ᠎ᠠ | ᠰᠡᠷᠬᠡᠶᠢᠯᠡᠨ᠎ᠠ᠃ | ᠠᠷᠪᠠᠨ ᠨᠢᠭᠡ ᠳᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠪᠠᠲᠤᠯᠠᠭ᠎ᠠ ᠶᠢ | ᠦᠷᠭᠦᠯᠵᠢᠯᠡᠨ ᠰᠠᠶᠢᠲᠤᠷ ᠠᠳᠬᠤᠨ᠎ᠠ᠃ ︽ᠭᠠᠳᠠᠨ᠎ᠠ ᠠᠴᠠ ᠬᠠᠯᠳᠠᠪᠤᠷᠢᠯᠡᠬᠤ ᠶᠢ ᠰᠡᠷᠬᠡᠶᠢᠯᠡᠵᠤ᠂ ᠳᠣᠲᠣᠭᠠᠳᠤ ᠳᠤ | ᠳᠠᠬᠢᠨ ᠲᠡᠯᠬᠡᠷᠡᠬᠦ ᠶᠢ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠶᠡᠷᠦᠩᠬᠡᠶ ᠠᠷᠭ᠎ᠠ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠨᠠᠷᠢᠯᠢᠭ ᠤᠨᠤᠪᠴᠢᠳᠡᠢ ᠰᠡᠷᠭᠡᠶᠢᠯᠡᠨ ᠡᠵᠡᠮᠳᠡᠬᠦ ᠪᠠ ᠬᠡᠰᠡᠭ ᠲᠠᠯ᠎ᠠ ᠳᠤ ᠪᠠᠴᠢᠮ ᠰᠢᠭᠤᠷᠬᠠᠢ | ᠰᠢᠢᠳᠪᠤᠷᠢᠯᠡᠬᠦ ᠠᠷᠭ᠎ᠠ ᠬᠡᠮᠵᠢᠶ᠎ᠠ ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠨ᠂ ᠲᠦᠷᠭᠡᠨ ᠲᠤᠰᠬᠠᠬᠤ | ᠲᠤᠭᠳᠠᠯᠴᠠᠭ᠎ᠠ ᠪᠠ ᠪᠠᠴᠢᠮ ᠪᠠᠶᠢᠳᠠᠯ ᠳᠤ ᠬᠠᠨᠳᠤᠬᠤ ᠰᠣᠷᠢᠯᠲᠠ ᠶᠢ ᠴᠢᠩᠭᠠᠳᠬᠠᠵᠤ᠂ ᠰᠢᠨ᠎ᠠ ᠲᠢᠳᠢᠮᠯᠢᠭ ᠠᠭᠤᠰᠬᠢᠨ | ᠦᠷᠪᠢᠰᠤᠯ ᠤᠨ ᠪᠠᠴᠢᠮ ᠪᠠᠶᠢᠳᠠᠯ ᠢ ᠰᠢᠭᠤᠷᠬᠠᠢ ᠰᠢᠢᠳᠪᠤᠷᠢᠯᠡᠬᠦ ᠴᠢᠳᠠᠪᠤᠷᠢ ᠪᠠᠨ ᠲᠡᠬᠡᠭᠰᠢᠯᠡᠬᠦᠯᠤᠨ᠎ᠠ᠃ ᠬᠤᠯᠤᠭᠠᠨ᠎ᠠ | ᠶᠢᠨ ᠬᠢᠵᠢᠭ ᠢ ᠰᠡᠷᠬᠡᠶᠢᠯᠡᠨ ᠡᠵᠡᠮᠳᠡᠬᠦ ᠡᠷᠴᠢᠮ ᠢ ᠴᠢᠩᠭᠠᠳᠬᠠᠨ᠂ ᠬᠤᠯᠤᠭᠠᠨ᠎ᠠ ᠶᠢᠨ ᠬᠢᠵᠢᠭ ᠬᠢᠨᠡᠨ ᠬᠡᠮᠵᠢᠬᠦ ᠴᠡᠭ | ᠤᠨ ᠪᠠᠷᠢᠮᠵᠢᠶᠠᠵᠢᠭᠰᠡᠨ᠂ ᠲᠦᠷᠢᠮᠵᠢᠭᠰᠡᠨ ᠪᠠᠶᠢᠭᠤᠯᠤᠯᠳᠠ ᠶᠢ ᠬᠦᠴᠤᠯᠠᠨ ᠠᠬᠢᠭᠤᠯᠵᠤ᠂ ︽ᠲᠠᠪᠤᠨ ᠡᠷᠳᠡ᠂ | ᠲᠤᠬᠠᠢ ᠶᠢᠨ ᠭᠠᠵᠡᠷ ᠲᠤᠨᠢ ᠲᠤᠰᠠᠭᠠᠷᠯᠠᠬᠤ︾ ᠪᠠ ︽ᠭᠤᠷᠪᠡᠨ ᠪᠤᠯᠬᠤ ᠦᠬᠡᠢ᠂ ᠭᠤᠷᠪᠡ ᠶᠢ ᠮᠡᠳᠡᠬᠦᠯᠬᠦ᠂ ᠭᠤᠷᠪᠡ | ᠶᠢ ᠬᠠᠮᠠᠭᠠᠯᠠᠬᠤ︾ ᠪᠠᠷ ᠭᠤᠤᠯᠳᠠᠯᠭ᠎ᠠ ᠪᠤᠯᠭᠠᠭᠰᠡᠨ ᠬᠤᠯᠤᠭᠠᠨ᠎ᠠ ᠶᠢᠨ ᠬᠢᠵᠢᠭ ᠢ ᠰᠡᠷᠬᠡᠶᠢᠯᠡᠬᠦ ᠶᠡᠷᠤ ᠶᠢᠨ ᠮᠠᠳᠡᠯᠬᠡ | ᠶᠢᠨ ᠤᠬᠠᠭᠤᠯᠭ᠎ᠠ ᠬᠦᠮᠤᠵᠢᠯ ᠢ ᠬᠦᠡᠵᠡᠬᠡᠢ ᠦᠷᠨᠢᠬᠦᠯᠤᠨ᠂ ᠡᠷᠤᠬᠡ ᠪᠠ ᠬᠦᠮᠤᠨ ᠳᠤ ᠬᠦᠷᠳᠡᠯ᠎ᠠ | ᠨᠠᠶᠢᠳᠠᠪᠤᠷᠢᠵᠢᠭᠤᠯᠤᠨ᠎ᠠ᠃ ᠢᠳᠡᠬᠡᠨ ᠪᠠ ᠡᠮ ᠤᠨ ᠵᠥᠢᠯᠡᠰ ᠤᠨ ᠠᠮᠤᠷ ᠲᠦᠪᠰᠢᠨ ᠢ ᠪᠦᠬᠦ ᠬᠦᠴᠤᠨ ᠢᠶᠠᠷ ᠢᠶᠠᠨ | ᠪᠠᠳᠤᠯᠠᠨ᠂ ᠡᠬᠢ ᠡᠬᠦᠰᠤᠯ ᠠᠴᠠ ᠨᠢ ᠬᠢᠨᠡᠨ ᠬᠠᠮᠢᠶᠠᠷᠬᠤ᠂ ᠪᠦᠬᠦ ᠶᠠᠪᠤᠴᠠ ᠳᠤ ᠬᠢᠨᠡᠨ ᠬᠠᠮᠢᠶᠠᠷᠬᠤ ᠶᠢ ᠴᠢᠩᠭ᠎ᠠ | ᠵᠢᠷᠤᠮᠯᠠᠵᠤ᠂ ᠤᠶᠤᠡᠳᠤ ᠬᠢᠨᠡᠨ ᠬᠠᠮᠢᠶᠠᠷᠤᠯᠳᠠ ᠶᠢᠨ ᠪᠠᠶᠢᠭᠤᠯᠤᠯᠳᠠ ᠶᠢ ᠲᠦᠷᠬᠡᠳᠬᠡᠨ ᠠᠬᠢᠭᠤᠯᠵᠤ᠂ ᠪᠠᠳᠤ ᠴᠢᠩᠭ᠎ᠠ | ᠂ ᠦᠡᠳᠤᠷ ᠪᠦᠳᠤᠮᠵᠢᠳᠤ ᠢᠳᠡᠬᠡᠨ ᠪᠠ ᠡᠮ ᠤᠨ ᠵᠥᠢᠯᠡᠰ ᠤᠨ ᠠᠮᠤᠷ ᠲᠦᠪᠰᠢᠨ ᠤ ᠴᠡᠭᠴᠡᠯᠡᠨ ᠵᠠᠰᠠᠯᠳᠠ ᠶᠢᠨ | ᠤᠷᠴᠢᠨ ᠢ ᠴᠢᠷᠮᠠᠶᠢᠨ ᠴᠤᠭᠴᠠᠯᠠᠨ᠎ᠠ᠃ ᠬᠤᠰᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤᠨ ᠤ ᠬᠢᠵᠢᠭ | ᠰᠡᠷᠭᠡᠶᠢᠯᠡᠭᠴᠢ ᠶᠢ ᠬᠢᠨᠠᠨ ᠦᠨᠡᠯᠡᠬᠦ ᠲᠤᠭᠳᠠᠯᠴᠠᠭ᠎ᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠠᠪᠤᠷ ᠨᠠᠮᠤᠷ ᠬᠤᠶᠠᠷ | ᠤᠯᠠᠷᠢᠯ ᠳᠤ ᠲᠥᠪᠯᠡᠷᠡᠭᠦᠯᠦᠨ ᠲᠠᠷᠢᠯᠭ᠎ᠠ ᠬᠢᠬᠦ ᠶᠢ ᠰᠠᠶᠢᠲᠤᠷ ᠠᠳᠬᠤᠵᠤ᠂ ᠲᠠᠷᠢᠯᠭ᠎ᠠ ᠬᠢᠬᠦ ᠵᠤᠬᠢᠰᠳᠡᠢ ᠳᠤᠨᠢ ᠪᠦᠬᠦᠨ | ᠢ ᠲᠠᠷᠢᠬᠤ ᠶᠢ ᠪᠠᠳᠤᠯᠠᠨ᠎ᠠ᠃ | ᠲᠥᠯᠥᠭᠡᠯᠡᠭᠴᠢᠳ ᠡ᠂ ᠨᠥᠬᠦᠳ ᠡ︕ | ᠬᠦᠰᠠᠯ ᠵᠤᠷᠢᠭ ᠢ ᠬᠦᠪᠴᠢᠯᠡᠭᠰᠡᠨ᠂ ᠬᠦᠭᠵᠢᠯᠳᠠ ᠶᠢᠨ ᠵᠢᠷᠤᠭ ᠲᠦᠰᠤᠪ ᠨᠢᠬᠡᠨᠳᠡ ᠲᠤᠳᠤᠷᠬᠠᠢ ᠪᠤᠯᠤᠯ᠎ᠠ᠃ | ᠬᠦᠭᠵᠢᠯᠳᠠ ᠶᠢᠨ ᠶᠡᠭᠡ ᠲᠠᠯ᠎ᠠ ᠪᠠ ︽ᠬᠤᠶᠡᠷ ᠵᠠᠭᠤᠨ ᠵᠢᠯ︾ ᠢ ᠰᠤᠡᠳᠠᠯᠠᠭᠰᠡᠨ ᠴᠠᠭ ᠦᠶ᠎ᠠ ᠶᠢᠨ ᠠᠬᠤᠢ ᠪᠠᠶᠢᠳᠠᠯ | ᠳᠤ ᠴᠢᠭᠯᠡᠬᠦᠯᠤᠨ᠂ ᠪᠢᠳᠠ ᠠᠵᠠ ᠵᠠᠪᠰᠢᠶᠠᠨ ᠪᠠ ᠦᠷᠢᠰᠤᠯᠳᠤᠬᠡᠨ ᠢ ᠪᠦᠬᠦ ᠲᠠᠯ᠎ᠠ ᠪᠠᠷ ᠡᠵᠡᠮᠳᠠᠨ᠂ ᠢᠳᠡᠬᠡᠯ ᠵᠤᠷᠢᠭ | ᠢᠶᠠᠨ ᠪᠠᠳᠤᠳᠬᠠᠨ᠂ ᠡᠷᠴᠢ ᠬᠦᠴᠤᠨ ᠢᠶᠠᠨ ᠨᠢᠬᠡᠳᠬᠡᠵᠤ᠂ ᠰᠢ ᠶᠢᠨ ᠫᠢᠡᠭ ᠨᠦᠬᠦᠷ ᠢᠶᠠᠷ ᠭᠤᠤᠯᠯᠠᠭᠴᠢ ᠪᠤᠯᠭᠠᠭᠰᠡᠨ | ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠭᠳᠠᠷᠠᠨ ᠪᠦᠯᠬᠦᠮᠳᠠᠵᠤ᠂ ᠦᠪᠡᠷᠳᠡᠬᠡᠨ ᠵᠠᠰᠠᠬᠤ ᠤᠷᠤᠨ ᠤ ᠨᠠᠮ | ᠤᠨ ᠬᠤᠷᠢᠶ᠎ᠠ᠂ ᠵᠠᠰᠠᠭ ᠤᠨ ᠤᠷᠳᠤᠨ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ | ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠤᠭ ᠰᠠᠨᠠᠭ᠎ᠠ ᠪᠠᠨ ᠦᠯᠤ ᠮᠠᠷᠳᠠᠨ᠂ ᠡᠬᠦᠷᠬᠡ | ᠬᠠᠷᠢᠭᠤᠴᠠᠯᠭ᠎ᠠ ᠪᠠᠨ ᠪᠠᠳᠤ ᠴᠡᠬᠡᠵᠢᠯᠡᠨ᠂ ᠴᠦᠬᠦᠷᠡᠰᠢ ᠦᠬᠡᠢ ᠴᠢᠷᠮᠠᠶᠢᠨ ᠤᠷᠤᠭᠰᠢᠯᠠᠵᠤ᠂ ᠪᠤᠳᠡᠳᠡᠢ ᠠᠵᠢᠯᠯᠠᠨ᠂ | ᠡᠬᠦᠷᠬᠡ ᠬᠠᠷᠢᠭᠤᠴᠠᠯᠭ᠎ᠠ ᠪᠠᠨ ᠡᠬᠦᠷᠬᠡᠯᠡᠵᠤ᠂ ᠡᠯ᠎ᠠ ᠲᠦᠷᠤᠯ ᠤᠨ ᠬᠠᠷᠠᠯᠳᠠ ᠡᠬᠦᠷᠬᠡ ᠪᠠᠨ ᠪᠦᠬᠦ ᠬᠦᠴᠤᠨ ᠢᠶᠠᠷ | ᠢᠶᠠᠨ ᠰᠠᠶᠢᠳᠤᠷ ᠪᠠᠶᠠᠯᠠᠬᠦᠯᠵᠤ᠂ ᠴᠤ ᠰᠢᠨ᠎ᠠ ᠲᠦᠷᠢ ᠲᠦᠷᠬᠦ᠂ ᠴᠤ ᠰᠢᠨ᠎ᠠ ᠤᠪᠤᠷ ᠰᠤᠷᠳᠠᠯ ᠢᠶᠠᠷ ᠠᠪᠠᠭ᠎ᠠ | ᠬᠤᠰᠢᠭᠤᠨ ᠤ ᠰᠠᠷᠠᠭᠤᠯ ᠮᠠᠷᠭᠠᠰᠢ ᠶᠢᠨ ᠰᠠᠴᠤᠷᠠᠩᠭᠤᠢ ᠦᠢᠯᠡᠰ ᠢ ᠬᠠᠮᠳᠤ ᠪᠠᠷ ᠴᠤᠭᠴᠠᠯᠠᠶ᠎ᠠ︕ |