ᠵᠠᠩ ᠰᠢᠦᠢ ᠳ᠋ᠦᠩ
ᠨᠡᠶᠢᠲᠡᠯᠡᠭᠰᠡᠨ ᠴᠠᠭ᠄
2022/1/25
      ᠳᠤᠪᠴᠢ ᠨᠠᠮᠳᠠᠷ       ᠵᠠᠩ ᠰᠢᠦᠢ ᠳ᠋ᠦᠩ ᠡᠷᠡᠭᠲᠡᠢ᠂ ᠮᠠᠨᠵᠤ ᠦᠨᠳᠦᠰᠦᠲᠡᠨ᠂ 1967 ᠣᠨ ᠤ 10 ᠰᠠᠷ᠎ᠠ ᠳᠤ ᠲᠦᠷᠦᠪᠡ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠠᠪᠠᠭ᠎ᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠡᠷᠢᠭᠦᠯᠡᠭᠴᠢ ᠶᠢᠨ ᠳᠤᠰᠢᠶᠠᠯ ᠢ ᠬᠠᠷᠢᠭᠤᠴᠠᠵᠤ ᠪᠣᠢ᠃ ᠦᠩᠭᠡᠷᠡᠭᠰᠡᠨ ᠳᠤ ᠠᠪᠠᠭ᠎ᠠ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠠᠯᠪᠠᠨ ᠭᠡᠷ ᠤᠨ ᠡᠷᠬᠢᠯᠡᠭᠴᠢ᠂ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ᠂ ᠬᠤᠰᠢᠭᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠲᠥᠪ ᠤᠨ ᠡᠷᠬᠢᠯᠡᠭᠴᠢ᠂ ᠬᠤᠰᠢᠭᠤ ᠮᠥᠩᠭᠦᠨ ᠭᠦᠢᠯᠭᠡᠭᠡᠨ ᠤ ᠠᠯᠪᠠᠨ ᠭᠡᠷ ᠤᠨ ᠡᠷᠬᠢᠯᠡᠭᠴᠢ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠡᠳ᠋ ᠱᠦᠵᠢ᠂ ᠬᠤᠰᠢᠭᠤ ᠬᠢᠨᠠᠨ ᠪᠠᠶᠢᠴᠠᠭᠠᠬᠤ ᠲᠣᠪᠴᠢᠶ᠎ᠠ ᠶᠢᠨ ᠳᠠᠷᠤᠭ᠎ᠠ᠂ ᠠᠷᠪᠠᠨ ᠬᠤᠶᠠᠳᠤᠭᠠᠷ᠂ ᠠᠷᠪᠠᠨ ᠭᠤᠷᠪᠠᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶ᠎ᠠ ᠶᠢᠨ ᠭᠡᠰᠢᠭᠦᠨ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠵᠦ ᠥᠩᠭᠡᠷᠡᠪᠡ᠃      ᠠᠵᠢᠯ ᠤᠨ ᠬᠤᠪᠢᠶᠠᠷᠢᠯᠠᠯ      ᠪᠣᠯᠣᠳᠪᠠᠭᠠᠳᠤᠷ ᠡᠷᠬᠢᠯᠡᠭᠴᠢ ᠶᠢ ᠬᠠᠪᠰᠤᠷᠤᠨ ᠳᠣᠲᠣᠭᠠᠳᠤ ᠶᠠᠪᠤᠳᠠᠯ ᠬᠠᠤᠯᠢ ᠴᠠᠭᠠᠵᠠ ᠶᠢᠨ ᠠᠵᠢᠯ ᠤᠨ ᠵᠥᠪᠯᠡᠯ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠬᠤᠪᠢᠳᠠᠨ ᠬᠠᠮᠢᠶᠠᠷᠤᠨ᠎ᠠ᠃ ᠰᠠᠬᠢᠯᠭ᠎ᠠ ᠪᠠᠲᠤ ᠪᠠᠶᠢᠴᠠᠭᠠᠬᠤ ᠵᠥᠪᠯᠡᠯ᠂ ᠬᠢᠨᠠᠨ ᠪᠠᠶᠢᠴᠠᠭᠠᠬᠤ ᠵᠥᠪᠯᠡᠯ᠂ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠠᠷᠠᠳ ᠤᠨ ᠵᠡᠪᠰᠡᠭᠲᠦ ᠬᠦᠴᠦᠨ ᠤ ᠶᠠᠮᠤᠨ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠠᠮᠤᠷ ᠲᠦᠪᠰᠢᠨ ᠤ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ᠂ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ᠂ ᠭᠠᠯ ᠤᠨᠲᠠᠷᠠᠭᠠᠬᠤ ᠶᠡᠭᠡ ᠠᠩᠭᠢ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠲᠠᠢ ᠬᠠᠷᠢᠴᠠᠨ᠎ᠠ᠃
 
ᠢᠷᠡᠯᠲᠡ᠄ ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号