ᠡᠷᠬᠢᠮᠲᠦ
ᠨᠡᠶᠢᠲᠡᠯᠡᠭᠰᠡᠨ ᠴᠠᠭ᠄
2022/1/25
      ᠲᠤᠪᠴᠢ ᠨᠠᠮᠳᠠᠷ        ᠡᠷᠬᠢᠮᠲᠦ᠂ ᠡᠷᠡᠭᠲᠡᠢ᠂ ᠮᠠᠨᠵᠤ ᠦᠨᠳᠦᠰᠦᠲᠡᠨ᠂ 1971 ᠣᠨ ᠤ 10 ᠰᠠᠷ᠎ᠠ ᠳᠤ ᠲᠦᠷᠦᠪᠡ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ ᠠᠪᠠᠭ᠎ᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ ᠶᠢᠨ ᠳᠤᠰᠢᠶᠠᠯ ᠢ ᠬᠠᠷᠢᠭᠤᠴᠠᠵᠤ ᠪᠣᠢ᠃ ᠦᠩᠭᠡᠷᠡᠭᠰᠡᠨ ᠳᠤ ᠠᠪᠠᠭ᠎ᠠ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠳᠡᠳ᠋ ᠡᠷᠬᠢᠯᠡᠭᠴᠢ᠂ ᠶᠡᠬᠡᠭᠤᠣᠯ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ᠂ ᠬᠤᠩᠭᠤᠷᠭᠤᠣᠯ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠠᠪᠠᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠮᠡᠷᠭᠡᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠳᠤᠰᠢᠶᠠᠯ ᠢ ᠬᠠᠷᠢᠭᠤᠴᠠᠵᠤ ᠦᠩᠭᠡᠷᠡᠪᠡ᠃        ᠠᠵᠢᠯ ᠤᠨ ᠬᠤᠪᠢᠶᠠᠷᠢᠯᠠᠯ        ᠪᠣᠯᠣᠳᠪᠠᠭᠠᠳᠤᠷ ᠡᠷᠬᠢᠯᠡᠭᠴᠢ ᠶᠢ ᠬᠠᠪᠰᠤᠷᠤᠨ ᠠᠯᠪᠠᠨ ᠭᠡᠷ ᠪᠣᠯᠣᠨ ᠠᠵᠢᠯᠲᠠᠨ ᠤ ᠶᠠᠪᠤᠳᠠᠯ ᠤᠨ ᠲᠥᠯᠥᠭᠡᠯᠡᠭᠴᠢ ᠶᠢ ᠰᠣᠩᠭᠤᠬᠤ ᠠᠵᠢᠯ ᠤᠨ ᠵᠥᠪᠯᠡᠯ ᠢ ᠬᠤᠪᠢᠳᠠᠨ ᠬᠠᠮᠢᠶᠠᠷᠴᠤ᠂ ᠵᠥᠪᠯᠡᠯᠭᠡ ᠶᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠭᠡᠰᠢᠭᠦᠨ ᠤ ᠲᠤᠰᠢᠶᠠᠯ ᠢ ᠬᠠᠪᠰᠤᠷᠭᠠᠨ ᠬᠠᠷᠢᠭᠤᠴᠠᠨ᠎ᠠ᠃ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠣᠷᠣᠨ ᠲᠤᠭ᠎ᠠ ᠶᠢᠨ ᠠᠯᠪᠠᠨ ᠭᠡᠷ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠵᠥᠪᠯᠡᠯ᠂ ᠨᠠᠮ ᠤᠨ ᠰᠤᠷᠭᠠᠭᠤᠯᠢ᠂ ᠰᠢᠤᠳᠠᠨ ᠲᠣᠪᠴᠢᠶ᠎ᠠ᠂ ᠰᠢᠯᠵᠢᠮᠡᠯ ᠬᠤᠯᠪᠣᠭᠠᠨ ᠤ ᠺᠣᠮᠫᠠᠨᠢ᠂ ᠨᠢᠭᠡᠳᠦᠮᠡᠯ ᠬᠤᠯᠪᠤᠭᠠᠨ ᠤ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ᠂ ᠴᠢᠯᠠᠭᠤᠨ ᠲᠣᠰᠣᠨ ᠤ ᠺᠣᠮᠫᠠᠨᠢ᠂ ᠷᠠᠳᠢᠣ᠋ ᠲᠧᠯᠸᠢᠰ ᠤᠨ ᠰᠦᠯᠵᠢᠶᠡᠨ ᠤ ᠺᠣᠮᠫᠠᠨᠢ ᠲᠠᠢ ᠬᠠᠷᠢᠴᠠᠨ᠎ᠠ᠃
 
ᠢᠷᠡᠯᠲᠡ᠄ ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号