ᠾᠧ ᠴᠧᠩ ᠬᠤᠸᠠ
ᠨᠡᠶᠢᠲᠡᠯᠡᠭᠰᠡᠨ ᠴᠠᠭ᠄
2022/1/25
      ᠲᠤᠪᠴᠢ ᠨᠠᠮᠳᠠᠷ        ᠾᠧ ᠴᠧᠩ ᠬᠤᠸᠠ᠂ ᠡᠮᠡᠭᠲᠡᠢ᠂ ᠬᠢᠲᠠᠳ ᠦᠨᠳᠦᠰᠦᠲᠡᠨ᠂ 1973 ᠣᠨ ᠤ 1 ᠰᠠᠷ᠎ᠠ ᠳᠤ ᠲᠦᠷᠦᠪᠡ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠃ ᠣᠲᠣ ᠠᠪᠠᠭ᠎ᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠠᠪᠠᠭ᠎ᠠ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠶᠢᠨ ᠲᠤᠰᠢᠶᠠᠯ ᠢ ᠬᠠᠪᠰᠤᠷᠭᠠᠨ ᠡᠭᠦᠷᠭᠡᠯᠡᠵᠦ ᠪᠣᠢ᠃ ᠦᠩᠭᠡᠷᠡᠭᠰᠡᠨ ᠳᠤ ᠠᠪᠠᠭ᠎ᠠ ᠬᠤᠰᠢᠭᠤᠨ ᠤ ᠠᠮᠢ ᠠᠬᠤᠢ ᠶᠢᠨ ᠠᠯᠪᠠᠨ ᠭᠡᠷ ᠤᠨ ᠳᠡᠳ᠋ ᠡᠷᠬᠢᠯᠡᠭᠴᠢ᠂ ᠠᠪᠠᠭ᠎ᠠ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠲᠣᠪᠴᠢᠶ᠎ᠠ ᠶᠢᠨ ᠳᠡᠳ᠋ ᠳᠠᠷᠤᠭ᠎ᠠ᠂ ᠠᠷᠠᠯᠵᠢᠶᠠᠴᠢᠨ ᠤᠷᠢᠬᠤ ᠲᠣᠪᠴᠢᠶ᠎ᠠ ᠶᠢᠨ ᠳᠠᠷᠤᠭ᠎ᠠ᠂ ᠠᠪᠠᠭ᠎ᠠ ᠬᠤᠰᠢᠭᠤᠨ ᠤ ᠠᠵᠤ ᠠᠬᠤᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ᠂ ᠠᠪᠠᠭ᠎ᠠ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠪᠠᠶᠢᠩᠭᠤ ᠶᠢᠨ ᠳᠡᠳ᠋ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠵᠦ ᠥᠩᠭᠡᠷᠡᠪᠡ᠃       ᠠᠵᠢᠯ ᠤᠨ ᠬᠤᠪᠢᠶᠠᠷᠢᠯᠠᠯ       ᠪᠣᠯᠣᠳᠪᠠᠭᠠᠳᠤᠷ ᠡᠷᠬᠢᠯᠡᠭᠴᠢ ᠶᠢ ᠬᠠᠪᠰᠤᠷᠤᠨ ᠡᠳ᠋ ᠤᠨ ᠵᠠᠰᠠᠭ ᠠᠵᠤ ᠠᠬᠤᠢ ᠶᠢᠨ ᠠᠵᠢᠯ ᠤᠨ ᠵᠥᠪᠯᠡᠯ ᠪᠣᠯᠣᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠠᠷᠠᠳ ᠢᠷᠭᠡᠳ ᠬᠠᠷᠢᠶᠠᠲᠤ ᠨᠠᠷ ᠤᠨ ᠠᠵᠢᠯ ᠤᠨ ᠵᠥᠪᠯᠡᠯ ᠢ ᠬᠤᠪᠢᠳᠠᠨ ᠬᠠᠮᠢᠶᠠᠷᠴᠤ᠂ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠡᠷᠬᠢᠯᠡᠭᠴᠢ ᠭᠡᠰᠢᠭᠦᠨ ᠤ ᠲᠤᠰᠢᠶᠠᠯ ᠢ ᠬᠠᠪᠰᠤᠷᠭᠠᠨ ᠬᠠᠷᠢᠭᠤᠴᠠᠨ᠎ᠠ᠃ ᠥᠭᠡᠷᠡᠴᠢᠯᠡᠯᠲᠡ ᠶᠢᠨ ᠠᠯᠪᠠᠨ ᠭᠡᠷ ᠲᠠᠢ ᠬᠠᠷᠢᠯᠴᠠᠵᠤ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠭᠠᠶᠢᠯᠢ ᠶᠢᠨ ᠲᠣᠪᠴᠢᠶ᠎ᠠ᠂ ᠠᠷᠠᠳ ᠤᠨ ᠪᠠᠩᠬᠢ᠂ ᠦᠢᠯᠡᠳᠪᠦᠷᠢ ᠬᠤᠳᠠᠯᠳᠤᠭᠠᠨ ᠤ ᠪᠠᠩᠬᠢ᠂ ᠲᠠᠷᠢᠶᠠᠯᠠᠩ ᠤᠨ ᠪᠠᠩᠬᠢ᠂ ᠠᠪᠠᠭ᠎ᠠ ᠬᠦᠳᠡᠭᠡ ᠳᠤᠰᠬᠤᠨ ᠤ ᠲᠠᠷᠢᠶᠠᠯᠠᠩ ᠤᠨ ᠪᠠᠩᠭᠢ᠂ ᠴᠠᠬᠢᠯᠭᠠᠨ ᠬᠦᠴᠦᠨ ᠤ ᠺᠤᠮᠫᠠᠨᠢ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ᠂ ᠡᠳ᠋ ᠤᠨ ᠶᠠᠪᠤᠳᠠᠯ ᠤᠨ ᠳᠠᠭᠠᠳᠬᠠᠯ ᠤᠨ ᠺᠣᠮᠫᠠᠨᠢ᠂ ᠠᠮᠢ ᠨᠠᠰᠤᠨ ᠤ ᠳᠠᠭᠠᠳᠬᠠᠯ ᠤᠨ ᠺᠣᠮᠫᠠᠨᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠱᠠᠰᠢᠨ ᠰᠤᠷᠲᠠᠬᠤᠨ ᠤ ᠲᠣᠪᠴᠢᠶ᠎ᠠ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠠᠬᠠᠮᠠᠳ ᠺᠠᠳ᠋ᠷᠴᠤᠳ ᠤᠨ ᠲᠣᠪᠴᠢᠶ᠎ᠠ᠂ ᠲᠠᠩᠰᠠ ᠡᠪᠬᠡᠮᠡᠯ ᠤᠨ ᠲᠣᠪᠴᠢᠶ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠭᠡᠷ᠂ ᠲᠡᠦᠬᠡ ᠣᠶᠢᠯᠠᠯᠭ᠎ᠠ ᠶᠢᠨ ᠠᠯᠪᠠᠨ ᠭᠡᠷ᠂ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠪᠣᠭᠤᠮᠲᠠ ᠶᠢᠨ ᠠᠵᠢᠯ ᠤᠨ ᠵᠥᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠢᠨᠵᠢᠯᠡᠬᠦ ᠮᠡᠷᠭᠡᠵᠢᠯ ᠤᠨ ᠨᠡᠶᠢᠭᠡᠮᠯᠢᠭ᠂ ᠦᠢᠯᠡᠳᠪᠤᠷᠢ ᠬᠤᠳᠠᠯᠳᠤᠭᠠᠨ ᠤ ᠬᠤᠯᠪᠤᠭ᠎ᠠ᠂ ᠣᠳᠬ᠎ᠠ ᠣᠷᠠᠯᠢᠭ ᠤᠨ ᠬᠤᠯᠪᠤᠭ᠎ᠠ᠂ ᠵᠡᠮᠳᠡᠭᠴᠦᠳ ᠤᠨ ᠬᠤᠯᠪᠤᠭ᠎ᠠ ᠲᠠᠢ ᠬᠠᠷᠢᠴᠠᠨ᠎ᠠ᠃
 
ᠢᠷᠡᠯᠲᠡ᠄ ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号