ᠯᠢ ᠵᠢᠶᠦ᠋ᠨ
ᠨᠡᠶᠢᠲᠡᠯᠡᠭᠰᠡᠨ ᠴᠠᠭ᠄
2022/1/25
      ᠳᠤᠪᠴᠢ ᠨᠠᠮᠳᠠᠷ       ᠯᠢ ᠵᠢᠶᠦ᠋ᠨ᠂ ᠡᠷᠡᠭᠲᠡᠢ᠂ ᠬᠢᠲᠠᠳ ᠦᠨᠳᠦᠰᠦᠲᠡᠨ᠂ 1977 ᠣᠨ ᠤ 1 ᠰᠠᠷ᠎ᠠ ᠳᠤ ᠲᠦᠷᠦᠪᠡ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠣᠲᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠪᠠᠭ᠎ᠠ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠰᠢᠭᠤ ᠳᠡᠳ᠋ ᠳᠠᠷᠤᠭ᠎ᠠ᠂ ᠪᠡᠯᠭᠦᠳᠡᠢ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ ᠪᠣᠶ᠃ ᠦᠩᠭᠡᠷᠡᠭᠰᠡᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠪᠠᠭ᠎ᠠ ᠬᠤᠰᠢᠭᠤᠨ ᠤ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠯᠪᠠᠨ ᠭᠡᠷ ᠤᠨ ᠡᠷᠬᠢᠯᠡᠭᠴᠢ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠪᠠᠭ᠎ᠠ ᠬᠤᠰᠢᠭᠤᠨ ᠤ ᠮᠠᠨᠢᠲᠤ ᠠᠭᠤᠷᠬᠠᠢ ᠶᠢᠨ ᠣᠷᠣᠨ ᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠡᠷᠭᠡ ᠳᠤᠰᠢᠶᠠᠯ ᠢ ᠬᠠᠷᠢᠭᠤᠴᠠᠵᠤ ᠪᠠᠶᠢᠪᠠ᠃     ᠠᠵᠢᠯ ᠤᠨ ᠬᠤᠪᠢᠶᠠᠷᠢᠯᠠᠯ      ᠬᠤᠰᠢᠭᠤ ᠳᠠᠷᠤᠭ᠎ᠠ ᠶᠢ ᠬᠠᠪᠰᠤᠷᠤᠨ ᠶᠡᠷᠦᠩᠬᠡᠶᠢᠯᠡᠭᠰᠡᠨ ᠠᠵᠤ ᠠᠬᠤᠢ ᠶᠢᠨ ᠬᠦᠷᠢᠶ᠎ᠡ ᠪᠣᠯᠣᠨ ᠬᠥᠭᠵᠢᠭᠦᠯᠦᠯᠲᠡ ᠥᠭᠡᠷᠡᠴᠢᠯᠡᠯᠲᠡ᠂ ᠦᠢᠯᠡᠴᠢᠯᠡᠭᠡᠨ ᠤ ᠦᠢᠯᠡᠰ᠂ ᠠᠷᠠᠯᠵᠢᠶᠠᠴᠢᠨ ᠤᠷᠢᠬᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠵᠡᠷᠭᠡ ᠲᠠᠯ᠎ᠠ ᠶᠢᠨ ᠠᠵᠢᠯ ᠢ ᠨᠢᠭᠡᠳᠦᠯᠲᠡᠢ ᠲᠦᠯᠦᠪᠵᠢᠭᠦᠯᠦᠨ᠎ᠡ᠃ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠦᠢᠯᠡᠴᠢᠯᠡᠭᠡᠨ ᠤ ᠲᠥᠪ᠂ ᠠᠷᠠᠯᠵᠢᠶᠠᠴᠢᠨ ᠤᠷᠢᠬᠤ ᠲᠣᠪᠴᠢᠶ᠎ᠠ︶᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠬᠥᠭᠵᠢᠯᠲᠡ ᠶᠢᠨ ᠲᠥᠪ᠂ ᠲᠦᠭᠡᠭᠡᠯ ᠤᠰᠤ ᠬᠠᠩᠭᠠᠵᠤ ᠪᠤᠬᠢᠷ ᠤᠰᠤ ᠭᠠᠳᠠᠭᠰᠢᠯᠠᠭᠤᠯᠬᠤ ᠬᠢᠵᠠᠭᠠᠷᠲᠤ ᠺᠣᠮᠫᠠᠨᠢ᠂ ᠡᠨᠧᠷᠭᠢ ᠠᠷᠪᠢᠯᠠᠬᠤ ᠪᠣᠬᠢᠷ ᠤᠰᠤ ᠴᠡᠪᠡᠷᠰᠢᠭᠦᠯᠬᠦ ᠬᠢᠵᠠᠭᠠᠷᠲᠤ ᠺᠣᠮᠫᠠᠨᠢ︶᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ ᠶᠢ ᠬᠤᠪᠢᠳᠠᠨ ᠬᠠᠮᠢᠶᠠᠷᠤᠨ᠎ᠠ᠃ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠲᠠᠩᠰᠠ ᠡᠪᠬᠡᠮᠡᠯ ᠤᠨ ᠭᠠᠵᠠᠷ᠂ ᠡᠪᠯᠡᠯ ᠤᠨ ᠬᠤᠷᠢᠶ᠎ᠠ᠂ ᠠᠵᠢᠯᠴᠢᠨ ᠤ ᠡᠪᠯᠡᠯ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠬᠡᠯᠲᠡᠰ ᠲᠠᠢ ᠬᠠᠷᠢᠯᠴᠠᠨ᠎ᠠ᠃      ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃
 
ᠢᠷᠡᠯᠲᠡ᠄ ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号