ᠡᠷᠳᠡᠮᠲᠦ
ᠨᠡᠶᠢᠲᠡᠯᠡᠭᠰᠡᠨ ᠴᠠᠭ᠄
2022/1/25
       ᠳᠤᠪᠴᠢ ᠨᠠᠮᠳᠠᠷ        ᠡᠷᠳᠡᠮᠲᠦ᠂ ᠡᠷᠡᠭᠲᠡᠢ᠂ ᠮᠣᠩᠭᠤᠯ ᠦᠨᠳᠦᠰᠦᠲᠡᠨ᠂ 1968 ᠣᠨ ᠤ 11 ᠰᠠᠷ᠎ᠠ ᠳᠤ ᠲᠦᠷᠦᠪᠡ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠃ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠪᠠᠭ᠎ᠠ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠳᠤᠰᠢᠶᠠᠯ ᠢ ᠬᠠᠷᠢᠭᠤᠴᠠᠵᠤ ᠪᠣᠢ᠃ ᠦᠩᠭᠡᠷᠡᠭᠰᠡᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠪᠠᠭ᠎ᠠ ᠬᠤᠰᠢᠭᠤᠨ ᠤ ᠪᠠᠶᠠᠨᠴᠠᠭᠠᠨ ᠰᠤᠮᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠡᠷᠳᠡᠨᠢᠭᠤᠪᠢ ᠰᠤᠮᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠰᠤᠮᠤᠨ ᠳᠠᠷᠤᠭ᠎ᠠ ᠶᠢᠨ ᠲᠤᠰᠢᠶᠠᠯ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠪᠠᠭ᠎ᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ︔ ᠠᠪᠠᠭ᠎ᠠ ᠬᠤᠰᠢᠭᠤᠨ ᠤ ᠤᠰᠤᠨ ᠠᠰᠢᠭᠯᠠᠯᠲᠠ ᠶᠢᠨ ᠳᠤᠪᠴᠢᠶᠠᠨ ᠳᠠᠷᠤᠭ᠎ᠠ︔ ᠠᠪᠠᠭ᠎ᠠ ᠬᠤᠰᠢᠭᠤᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠭᠡᠷ ᠤᠨ ᠡᠷᠬᠢᠯᠡᠭᠴᠢ︔ ᠠᠪᠠᠭ᠎ᠠ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠪᠴᠢᠶᠠᠨ ᠳᠠᠷᠤᠭ᠎ᠠ ᠶᠢᠨ ᠳᠤᠰᠢᠶᠠᠯ ᠢ ᠬᠠᠷᠢᠭᠤᠴᠠᠵᠤ ᠪᠠᠶᠢᠪᠠ᠃        ᠠᠵᠢᠯ ᠤᠨ ᠬᠤᠪᠢᠶᠠᠷᠢᠯᠠᠯ        ᠯᠢᠦ ᠰᠢᠶᠣᠣ ᠮᠢᠨ ᠲᠡᠷᠢᠭᠦᠯᠡᠭᠴᠢ ᠶᠢ ᠬᠠᠪᠰᠤᠷᠤᠨ ᠡᠬᠢ ᠪᠠᠶᠠᠯᠢᠭ ᠣᠷᠴᠢᠨ ᠠᠬᠤᠢ ᠪᠠ ᠠᠵᠤ ᠠᠬᠤᠢ ᠶᠢᠨ ᠵᠥᠪᠯᠡᠯ ᠤᠨ ᠠᠵᠢᠯ ᠢ ᠬᠤᠪᠢᠳᠠᠨ ᠬᠠᠮᠢᠶᠠᠷᠴᠦ᠂ ᠡᠯ᠎ᠡ ᠰᠤᠮᠤ ᠪᠠᠯᠭᠠᠰᠤ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠠᠷᠠᠳ ᠤᠨ ᠪᠠᠩᠬᠢ᠂ ᠠᠵᠤ ᠦᠢᠯᠡᠳᠪᠦᠷᠢ ᠬᠤᠳᠠᠯᠳᠤᠭᠠᠨ ᠤ ᠪᠠᠩᠬᠢ᠂ ᠲᠠᠷᠢᠶᠠᠯᠠᠩ ᠤᠨ ᠪᠠᠩᠬᠢ᠂ ᠠᠪᠠᠭ᠎ᠠ ᠬᠦᠳᠡᠭᠡ ᠳᠤᠰᠬᠤᠨ ᠤ ᠬᠤᠳᠠᠯᠳᠤᠭᠠᠨ ᠤ ᠪᠠᠩᠭᠢ᠂ ᠡᠳ᠋ ᠬᠥᠷᠥᠩᠭᠡ ᠶᠢᠨ ᠳᠠᠭᠠᠳᠬᠠᠯ ᠤᠨ ᠺᠣᠮᠫᠠᠨᠢ᠂ ᠠᠮᠢ ᠨᠠᠰᠤᠨ ᠤ ᠳᠠᠭᠠᠳᠬᠠᠯ ᠤᠨ ᠺᠣᠮᠫᠠᠨᠢ ᠵᠡᠷᠭᠡ ᠨᠢᠭᠡᠴᠡ ᠲᠠᠢ ᠬᠠᠷᠢᠴᠠᠨ᠎ᠠ᠃
 
ᠢᠷᠡᠯᠲᠡ᠄ ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号