ᠸᠠᠩ ᠸᠠᠨ ᠶᠢᠨ
ᠨᠡᠶᠢᠲᠡᠯᠡᠭᠰᠡᠨ ᠴᠠᠭ᠄
2022/1/25
       ᠳᠤᠪᠴᠢ ᠨᠠᠮᠳᠠᠷ        ᠸᠠᠩ ᠸᠠᠨ ᠶᠢᠨ᠂ ᠡᠷᠡᠭᠲᠡᠢ᠂ ᠬᠢᠲᠠᠳ ᠦᠨᠳᠦᠰᠦᠲᠡᠨ᠂ 1971 ᠣᠨ ᠤ 12 ᠰᠠᠷ᠎ᠠ ᠳᠤ ᠲᠦᠷᠦᠪᠡ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠪᠠᠭ᠎ᠠ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠡᠷᠢᠭᠦᠯᠡᠭᠴᠢ ᠶᠢᠨ ᠳᠤᠰᠢᠶᠠᠯ ᠢ ᠬᠠᠷᠢᠭᠤᠴᠠᠵᠤ ᠪᠣᠢ᠃ ᠦᠩᠭᠡᠷᠡᠭᠰᠡᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠪᠠᠭ᠎ᠠ ᠬᠤᠰᠢᠭᠤᠨ ᠤ ᠵᠠᠰᠠᠭ ᠤᠨ ᠣᠷᠳᠣᠨ ᠤ ᠱᠠᠯᠠᠪᠳᠠᠭᠤᠯᠤᠨ ᠪᠠᠶᠢᠴᠠᠭᠠᠬᠤ ᠲᠠᠰᠤᠭ ᠤᠨ ᠳᠡᠳ᠋ ᠡᠷᠬᠢᠯᠡᠭᠴᠢ᠂ ᠬᠤᠰᠢᠭᠤ ᠨᠠᠮ ᠤᠨ ᠬᠤᠷᠢᠶ᠎ᠠ ᠶᠢᠨ  ᠱᠠᠯᠠᠪᠳᠠᠭᠤᠯᠤᠨ ᠪᠠᠶᠢᠴᠠᠭᠠᠬᠤ ᠲᠠᠰᠤᠭ ᠤᠨ ᠡᠷᠬᠢᠯᠡᠭᠴᠢ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠪᠠᠭ᠎ᠠ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠳᠡᠳ᠋ ᠡᠷᠬᠢᠯᠡᠭᠴᠢ ᠂ ᠬᠤᠰᠢᠭᠤ ᠨᠠᠮ ᠤᠨ ᠬᠤᠷᠢᠶᠠᠨ ᠤ 610 ᠠᠯᠪᠠᠨ ᠭᠡᠷ ᠤᠨ ᠡᠷᠬᠢᠯᠡᠭᠴᠢ︔ ᠠᠪᠠᠭ᠎ᠠ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠳᠤᠰᠢᠶᠠᠯ ᠢ ᠬᠠᠷᠢᠭᠤᠴᠠᠵᠤ ᠪᠠᠶᠢᠪᠠ᠃       ᠠᠵᠢᠯ ᠤᠨ ᠬᠤᠪᠢᠶᠠᠷᠢᠯᠠᠯ       ᠯᠢᠦ ᠰᠢᠶᠣᠣ ᠮᠢᠨ ᠲᠡᠷᠢᠭᠦᠯᠡᠭᠴᠢ ᠶᠢ ᠬᠠᠪᠰᠤᠷᠤᠨ ᠠᠯᠪᠠᠨ ᠭᠡᠷ᠂ ᠰᠣᠶᠣᠯ ᠰᠣᠶᠣᠯ ᠲᠡᠦᠬᠡ ᠪᠠ ᠰᠤᠷᠤᠯᠴᠠᠯᠭ᠎ᠠ ᠶᠢᠨ ᠵᠥᠪᠯᠡᠯ ᠤᠨ ᠠᠵᠢᠯ ᠢ ᠬᠤᠪᠢᠳᠠᠨ ᠬᠠᠮᠢᠶᠠᠷᠴᠦ᠂ ᠰᠤᠷᠭᠠᠨ ᠬᠥᠮᠦᠵᠢᠯ ᠤᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠲᠠᠩᠰᠠ ᠡᠪᠬᠡᠮᠡᠯ ᠤᠨ ᠣᠷᠳᠣᠨ᠂ ᠲᠡᠦᠬᠡ ᠣᠶᠢᠯᠠᠯᠭ᠎ᠠ ᠶᠢᠨ ᠠᠯᠪᠠᠨ ᠭᠡᠷ᠂ ᠪᠣᠭᠤᠮᠲᠠ ᠶᠢᠨ ᠠᠵᠢᠯ ᠤᠨ ᠵᠥᠪᠯᠡᠯ᠂ ᠷᠠᠳᠢᠣ᠋ ᠲᠧᠯᠸᠢᠰ ᠤᠨ ᠰᠦᠯᠵᠢᠶᠡᠨ ᠤ ᠺᠣᠮᠫᠠᠨᠢ᠂ ᠴᠢᠯᠠᠭᠤᠨ ᠲᠣᠰᠣᠨ ᠤ ᠺᠣᠮᠫᠠᠨᠢ᠂ ᠨᠠᠪᠴᠢᠨ ᠲᠠᠮᠠᠬᠢ ᠶᠢᠨ ᠲᠣᠪᠴᠢᠶ᠎ᠠ ᠵᠡᠷᠭᠡ ᠨᠢᠭᠡᠴᠡ ᠲᠠᠢ ᠬᠠᠷᠢᠴᠠᠨ᠎ᠠ᠃
 
ᠢᠷᠡᠯᠲᠡ᠄ ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号