ᠡᠷᠳᠡᠨᠢ
ᠨᠡᠶᠢᠲᠡᠯᠡᠭᠰᠡᠨ ᠴᠠᠭ᠄
2022/1/25
      ᠳᠤᠪᠴᠢ ᠨᠠᠮᠳᠠᠷ       ᠡᠷᠳᠡᠨᠢ᠂ ᠡᠷᠡᠭᠲᠡᠢ᠂ ᠮᠣᠩᠭᠤᠯ ᠦᠨᠳᠦᠰᠦᠲᠡᠨ᠂ 1969 ᠣᠨ ᠤ 11 ᠰᠠᠷ᠎ᠠ ᠳᠤ ᠲᠦᠷᠦᠪᠡ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠃ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠪᠠᠭ᠎ᠠ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠳᠤᠰᠢᠶᠠᠯ ᠢ ᠬᠠᠷᠢᠭᠤᠴᠠᠵᠤ ᠪᠣᠢ᠃ ᠦᠩᠭᠡᠷᠡᠭᠰᠡᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠪᠠᠭ᠎ᠠ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ᠂ ᠠᠪᠠᠭ᠎ᠠ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ᠂ ᠠᠪᠠᠭ᠎ᠠ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ᠂ ᠠᠪᠠᠭ᠎ᠠ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠥᠩᠭᠡᠷᠡᠪᠡ᠃       ᠠᠵᠢᠯ ᠤᠨ ᠬᠤᠪᠢᠶᠠᠷᠢᠯᠠᠯ       ᠯᠢᠦ ᠰᠢᠶᠣᠣ ᠮᠢᠨ ᠲᠡᠷᠢᠭᠦᠯᠡᠭᠴᠢ ᠶᠢ ᠬᠠᠪᠰᠤᠷᠤᠨ᠂ ᠰᠠᠨᠠᠯ ᠵᠥᠪᠯᠡᠯᠭᠡ ᠪᠠ ᠭᠡᠰᠢᠭᠦᠳ ᠤᠨ ᠬᠠᠮᠢᠶᠠᠷᠤᠯᠲᠠ ᠶᠢᠨ ᠺᠣᠮᠢᠰ ᠤᠨ ᠠᠵᠢᠯ ᠢ ᠬᠤᠪᠢᠳᠠᠨ ᠬᠠᠮᠢᠶᠠᠷᠴᠦ᠂ ᠡᠳ᠋ ᠤᠨ ᠵᠠᠰᠠᠭ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ᠂ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᠰᠢᠤᠳᠠᠨ ᠤ ᠲᠣᠪᠴᠢᠶ᠎ᠠ᠂ ᠨᠢᠭᠡᠳᠦᠮᠡᠯ ᠬᠤᠯᠪᠤᠭᠠᠨ ᠤ ᠺᠣᠮᠫᠠᠨᠢ᠂ ᠰᠢᠯᠵᠢᠮᠡᠯ ᠬᠤᠯᠪᠣᠭᠠᠨ ᠤ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ ᠵᠡᠷᠭᠡ ᠨᠢᠭᠡᠴᠡ ᠲᠠᠢ ᠬᠠᠷᠢᠴᠠᠨ᠎ᠠ᠃
 
ᠢᠷᠡᠯᠲᠡ᠄ ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号