ᠠᠪᠠᠭ᠎ᠠ ᠬᠤᠰᠢᠭᠤᠨ ᠤ 2023—2025 ᠤᠨ ᠤ ᠬᠠᠪᠤᠷ ᠤᠨ ᠤᠯᠠᠷᠢᠯ ᠤᠨ  ᠡᠪᠡᠰᠤᠨ ᠤ ᠤᠷᠭᠤᠯᠲᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠬᠦᠬᠡᠬᠦ ᠠᠯᠪᠠᠨ ᠵᠠᠷᠯᠠᠯ
ᠨᠡᠶᠢᠲᠡᠯᠡᠭᠰᠡᠨ ᠴᠠᠭ᠄
2022/12/1
 ᠦᠷᠭᠡᠨ ᠤᠯᠠᠨ ᠮᠠᠯᠴᠢᠨ ᠲᠦᠮᠡᠨ ᠳᠤ᠄       ᠪᠦᠬᠦ ᠠᠶᠢᠮᠠᠭ ᠤᠨ ᠨᠢᠬᠡᠳᠦᠯᠲᠠᠢ ᠪᠠᠶᠢᠷᠢᠯᠠᠭᠤᠯᠤᠯᠳᠠ ᠶᠤᠰᠤᠭᠠᠷ᠂ ᠮᠠᠨ ᠤ ᠬᠤᠰᠢᠭᠤᠨ ᠤ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠲᠠ ᠶᠢᠨ ᠬᠤᠭᠤᠴᠠᠭᠠᠨ ᠳᠠᠬᠢ  ᠪᠡᠯᠴᠢᠭᠡᠷ ᠰᠡᠷᠬᠦᠬᠡᠬᠦ ᠠᠵᠢᠯ ᠤᠨ ᠦᠷ᠎ᠡ ᠪᠦᠳᠦᠬᠡᠯ ᠢ ᠤᠯᠠᠮ ᠨᠢᠬᠡ ᠠᠯᠬᠤᠮ ᠪᠠᠬᠢᠵᠢᠬᠦᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠨ ᠠᠰᠢᠭᠯᠠᠬᠤ ᠶᠢᠨ ᠲᠦᠯᠦᠬᠡ᠂ 2023 — 2025 ᠤᠨ ᠳᠤ  ᠬᠠᠪᠤᠷ ᠎ ᠤᠨ ᠤᠯᠠᠷᠢᠯ ᠤᠨ ᠡᠪᠡᠰᠤᠨ ᠤ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠬᠦᠬᠡᠬᠦ ᠠᠵᠢᠯ ᠢ ᠦᠷᠬᠦᠯᠵᠢᠯᠡᠨ ᠬᠡᠷᠡᠭᠵᠢᠬᠦᠯᠬᠦ ᠪᠠᠷ ᠲᠤᠭᠳᠠᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠲᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠬᠦᠬᠡᠬᠦ ᠠᠵᠢᠯ ᠢ ᠨᠢᠬᠡᠳᠦᠯᠲᠠᠢ ᠲᠦᠯᠦᠪᠵᠢᠬᠦᠯᠦᠨ ᠰᠠᠶᠢᠳᠤᠷ ᠬᠢᠬᠦ ᠶᠢᠨ ᠲᠦᠯᠦᠬᠡ᠂ ᠡᠳᠦᠬᠡ ᠬᠤᠯᠪᠤᠭᠳᠠᠯ ᠪᠦᠬᠦᠢ ᠵᠦᠢᠯᠡᠰ ᠢ ᠲᠤᠤᠷᠠᠬᠢ ᠮᠡᠳᠦ ᠵᠠᠷᠯᠠᠶ᠎ᠠ᠄       ᠨᠢᠬᠡ᠂ ᠪᠡᠯᠴᠢᠭᠡᠷ ᠰᠡᠷᠬᠦᠬᠡᠬᠦ ᠴᠠᠭ ᠬᠤᠭᠤᠴᠠᠭ᠎ᠠ   《 ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠮᠡᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠪᠠ ᠪᠡᠯᠴᠢᠭᠡᠷᠯᠡᠬᠦᠯᠬᠦ ᠶᠢ ᠵᠤᠭᠰᠤᠭᠠᠨ ᠪᠡᠯᠴᠢᠭᠡᠷ  ᠰᠡᠷᠬᠦᠬᠡᠬᠦ  ᠲᠦᠷᠢᠮ 》᠎ ᠤᠨ ᠶᠢᠰᠦᠳᠦᠬᠡᠷ ᠵᠤᠷᠪᠤᠰ  ︿ᠬᠤᠰᠢᠭᠤ ᠰᠢᠶᠠᠨ ᠬᠤᠳᠠ ︵ ᠲᠤᠭᠤᠷᠢᠭ︶᠎ ᠶᠢᠨ ᠠᠷᠠᠳ ᠤᠨ ᠵᠠᠰᠠᠭ ᠤᠨ ᠤᠷᠳᠤᠨ ᠲᠤᠬᠠᠢ ᠶᠢᠨ ᠭᠠᠵᠠᠷ ᠤᠨ ᠠᠭᠤᠷ ᠠᠮᠢᠰᠬᠤᠯ ᠤᠨ ᠨᠦᠬᠦᠴᠡᠯ ᠪᠠ ᠪᠡᠯᠴᠢᠭᠡᠷ ᠡᠪᠡᠰᠦᠨ ᠤ ᠤᠷᠭᠤᠯᠳᠠ ᠶᠢᠨ ᠵᠢᠮ᠎ᠡ ᠶᠤᠰᠤ ᠶᠢ ᠦᠨᠳᠤᠰᠤᠯᠠᠵᠤ᠂ ᠵᠢᠯ ᠪᠦᠷᠢ ᠶᠢᠨ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠲᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠬᠦᠬᠡᠬᠦ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠬᠦᠯᠵᠤ᠂ ᠪᠡᠯᠴᠢᠭᠡᠷ ᠰᠡᠷᠬᠦᠬᠡᠬᠦ ᠬᠤᠭᠤᠴᠠᠭ᠎ᠠ ᠶᠢ 45 ᠡᠳᠦᠷ ᠠᠴᠠ ᠲᠤᠷᠤᠭᠰᠢ ᠪᠠᠶᠢᠯᠭᠠᠵᠤ ᠪᠤᠯᠬᠤ ᠦᠬᠡᠢ﹀ ᠵᠢᠴᠢ《 ᠰᠢᠯᠢ ᠶᠢᠨ ᠭᠤᠤᠯ ᠠᠶᠢᠮᠠᠭ ᠤᠨ 2023 — 2025 ᠤᠨ ᠎ ᠤ ᠬᠠᠪᠤᠷ ᠤᠨ ᠤᠯᠠᠷᠢᠯ ᠤᠨ  ᠡᠪᠡᠰᠦᠨ ᠤ ᠤᠷᠭᠤᠯᠲᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠬᠦᠬᠡᠬᠦ ᠠᠵᠢᠯ  ᠎ ᠤᠨ ᠭᠡᠷᠡᠭᠵᠢᠬᠦᠯᠬᠦ ᠲᠦᠰᠦᠯ 》᠎ ᠳᠤ ᠲᠤᠭᠳᠠᠭᠠᠭᠰᠠᠨ ᠲᠤᠮᠳᠠ ᠬᠤᠶᠢᠳᠤ ᠪᠡᠶ᠎ᠡ ᠶᠢᠨ ᠬᠤᠲᠠ ᠲᠤᠭᠤᠷᠢᠭ ᠤᠨ ᠪᠡᠯᠴᠢᠭᠡᠷ ᠰᠡᠷᠬᠦᠬᠡᠬᠦ ᠴᠠᠭ ᠢ 4 ᠰᠠᠷ᠎ᠠ ᠶᠢᠨ 5᠎ ᠤ ᠡᠳᠦᠷ ᠠᠴᠠ ᠡᠮᠦᠨ᠎ᠡ ᠪᠠᠶᠢᠯᠭᠠᠵᠤ ᠪᠤᠯᠬᠤ ᠦᠬᠡᠢ ᠬᠡᠰᠡᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤ  ᠬᠠᠪᠤᠷ ᠤᠨ ᠤᠯᠠᠷᠢᠯ ᠤᠨ ᠡᠪᠡᠰᠤᠨ ᠤ  ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠬᠦᠬᠡᠬᠦ ᠴᠠᠭ ᠬᠤᠭᠤᠴᠠᠭ᠎ᠠ ᠶᠢ 4 ᠰᠠᠷ᠎ᠠ ᠶᠢᠨ 5᠎ ᠤ ᠡᠳᠦᠷ ᠠᠴᠠ 5 ᠰᠠᠷ᠎ᠠ ᠶᠢᠨ 19᠎ ᠤ ᠡᠳᠦᠷ  ᠪᠤᠯᠲᠠᠯ᠎ᠡ᠂ ᠨᠡᠶᠢᠲᠡ 45 ᠡᠳᠤᠷ ᠬᠡᠷᠡᠭᠵᠢᠭᠦᠯᠬᠦ  ᠎ ᠪᠠᠷ ᠲᠤᠭᠳᠠᠪᠠ᠃       ᠬᠤᠶᠠᠷ᠂  ᠪᠡᠯᠴᠢᠭᠡᠷ ᠰᠡᠷᠬᠦᠬᠡᠬᠦ ᠬᠦᠷᠢᠶ᠎ᠡ ᠬᠡᠪᠴᠢᠶ᠎ᠠ     ᠭᠤᠷᠪᠠᠳᠤᠭᠠᠷ ᠡᠬᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠲᠠᠢ ᠤᠶᠠᠯᠳᠤᠭᠤᠯᠤᠨ᠂ ᠪᠦᠬᠦ ᠬᠤᠰᠢᠭᠤᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠲᠤᠭᠤᠷᠢᠭ ᠲᠤ ᠦᠬᠡᠷ᠂ ᠬᠤᠨᠢ ᠢᠮᠠᠭ᠎ᠠ ᠳᠤ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠬᠦᠬᠡᠬᠦ ᠲᠦᠷᠢᠮ ︵ᠠᠳᠤᠭᠤ᠂ ᠲᠡᠮᠡᠭᠡ ᠪᠡᠯᠴᠢᠭᠡᠷ ᠰᠡᠷᠬᠦᠬᠡᠬᠦ ᠭᠡᠪᠴᠢᠶᠠᠨ ᠳᠤ ᠪᠠᠭᠳᠠᠬᠤ ᠦᠬᠡᠢ︶᠎ ᠢ ᠬᠡᠷᠡᠭᠵᠢᠬᠦᠯᠵᠤ᠂ ᠪᠡᠯᠴᠢᠭᠡᠷ ᠰᠡᠷᠬᠦᠬᠡᠬᠦ ᠪᠡᠯᠴᠢᠭᠡᠷ ᠤᠨ ᠲᠠᠯᠠᠪᠠᠢ 3629.62 ᠲᠦᠮᠡᠨ ᠮᠤ᠋᠃       ᠭᠤᠷᠪᠠ᠂ ᠨᠦᠬᠦᠪᠦᠷᠢ ᠦᠭᠬᠦ ᠪᠠᠷᠢᠮᠵᠢᠶ᠎ᠠ      ᠪᠡᠯᠴᠢᠭᠡᠷ ᠰᠡᠷᠬᠦᠬᠡᠬᠦ ᠶᠢ ᠭᠡᠷᠡᠭᠵᠢᠬᠦᠯᠦᠭᠰᠡᠨ ᠮᠠᠯᠵᠢᠬᠤ ᠡᠷᠦᠬᠡ ᠳᠤ  ᠪᠡᠯᠴᠢᠭᠡᠷ ᠰᠡᠷᠬᠦᠭᠡᠭᠰᠡᠨ ᠪᠡᠯᠴᠢᠭᠡᠷ ᠤᠨ ᠲᠠᠯᠠᠪᠠᠢ ᠪᠠᠷ ᠨᠦᠬᠦᠪᠦᠷᠢ ᠦᠭᠴᠤ᠂ ᠨᠦᠬᠦᠪᠦᠷᠢ ᠶᠢᠨ ᠪᠠᠷᠢᠮᠵᠢᠶ᠎ᠠ ᠨᠢ 1.125 ᠲᠦᠭᠦᠷᠢᠭ / ᠮᠤ᠋ ᠪᠤᠯᠤᠨ᠎ᠠ᠃       ᠲᠦᠷᠪᠡ᠂ ᠮᠠᠯ ᠤᠨ ᠬᠦᠳᠡᠯᠬᠡᠬᠡᠨ ᠤ ᠲᠠᠯᠠᠪᠤᠷ ᠭᠠᠷᠭᠠᠬᠤ     ᠠᠳᠤᠭᠤ ᠪᠠ ᠲᠡᠮᠡᠭᠡ ᠶᠢ ᠪᠡᠯᠴᠢᠭᠡᠷ ᠰᠡᠷᠬᠦᠬᠡᠬᠦ ᠭᠡᠪᠴᠢᠶᠠᠨ ᠳᠤ ᠤᠷᠤᠭᠤᠯᠬᠤ ᠦᠬᠡᠢ᠂ ᠦᠬᠡᠷ ᠪᠠ ᠬᠤᠨᠢ ᠶᠢ ᠱᠠᠭᠠᠷᠳᠠᠯᠠᠭ᠎ᠠ ᠶᠤᠰᠥᠭᠠᠷ ᠬᠤᠨᠢᠴᠢᠯᠠᠭᠰᠠᠨ ᠨᠢᠬᠡᠴᠢ ᠨᠢᠬᠡᠪᠦᠷᠢ ᠶᠢ 20 ᠲᠡᠭᠰᠢ ᠲᠦᠷᠪᠡᠯᠵᠢᠨ ᠮᠧᠲᠷ ᠠᠴᠠ ᠬᠡᠳᠦᠷᠡᠬᠦᠯᠬᠦ ᠦᠬᠡᠢ ᠪᠠᠶᠢᠬᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠡᠯᠴᠢᠭᠡᠷ ᠰᠡᠷᠬᠦᠬᠡᠬᠦ ᠬᠤᠭᠤᠴᠠᠭᠠᠨ ᠳᠠᠬᠢ ᠮᠠᠯ ᠎ ᠤᠨ ᠬᠦᠳᠡᠯᠬᠡᠬᠡᠨ ᠤ ᠲᠠᠯᠠᠪᠤᠷ ᠭᠠᠷᠭᠠᠵᠤ᠂ ᠨᠢᠬᠡ ᠦᠬᠡᠷ ᠲᠠᠪᠤᠨ ᠬᠤᠨᠢᠴᠢᠯᠠᠭᠰᠠᠨ ᠨᠢᠬᠡᠴᠢ ᠪᠠᠷ ᠪᠤᠳᠤᠵᠤ᠂ ᠨᠢᠬᠡ ᠲᠤᠭᠤᠯ ᠬᠤᠶᠠᠷ ᠴᠡᠭ ᠲᠠᠪᠤᠨ ᠬᠤᠨᠢᠴᠢᠯᠠᠭᠰᠠᠨ ᠨᠢᠬᠡᠴᠢ ᠪᠠᠷ ᠪᠤᠳᠤᠨ᠎ᠠ᠃ ᠬᠦᠳᠡᠯᠬᠡᠬᠡᠨ ᠤ ᠲᠠᠯᠠᠪᠤᠷ ᠢ ᠮᠠᠯ ᠤᠨ ᠫᠧᠩ ᠬᠤᠷᠢᠶ᠎ᠠ ᠶᠢᠨ ᠤᠷᠴᠢᠨ ᠳᠤ ᠲᠤᠬᠢᠷᠠᠭᠤᠯᠵᠤ᠂ ᠲᠦᠷᠪᠡᠨ ᠵᠠᠬ᠎ᠠ ᠶᠢᠨ ᠵᠠᠭᠠᠭ ᠬᠢᠵᠠᠭᠠᠷ᠂  ᠮᠠᠯ ᠤᠰᠤᠯᠠᠬᠤ ᠵᠠᠮ ᠢ ᠵᠦᠢ ᠵᠤᠬᠢᠰᠲᠠᠢ ᠲᠤᠬᠢᠷᠠᠭᠤᠯᠬᠤ ᠶᠢᠨ ᠬᠠᠮᠳᠤ᠂ ᠬᠦᠳᠡᠯᠬᠡᠬᠡᠨ ᠤ ᠲᠠᠯᠠᠪᠤᠷ ᠤᠨ ᠲᠡᠮᠳᠡᠭ ᠫᠠᠶᠢᠰᠠ ᠲᠡᠬᠡᠷ᠎ᠡ ᠲᠤᠳᠤᠷᠬᠠᠢ ᠵᠡᠬᠦᠯᠳᠡ ᠬᠠᠳᠠᠵᠤ᠂ ᠬᠦᠳᠡᠯᠬᠡᠬᠡᠨ ᠤ ᠲᠠᠯᠠᠪᠤᠷ ᠤᠨ ᠭᠠᠳᠠᠨ᠎ᠠ ᠮᠠᠯ ᠮᠠᠯᠵᠢᠬᠤ ᠶᠢ ᠴᠠᠭᠠᠵᠠᠯᠠᠨ᠎ᠠ᠃ ᠡᠬᠦᠨ ᠠᠴᠠ ᠭᠠᠳᠠᠨ᠎ᠠ ᠰᠠᠭᠠᠬᠤ ᠲᠠᠯᠪᠢᠬᠤ ᠬᠦᠳᠡᠯᠬᠡᠬᠡᠨ ᠤ ᠲᠠᠯᠠᠪᠠᠢ ᠶᠢ ᠨᠡᠮᠡᠵᠤ᠂ ᠬᠤᠷᠠᠭ᠎ᠠ ᠲᠠᠢ ᠬᠤᠨᠢ ᠪᠦᠷᠢ ᠶᠢ 0.5 ᠮᠤ᠋ ᠠᠴᠠ ᠬᠡᠳᠦᠷᠡᠬᠦᠯᠵᠤ ᠪᠤᠯᠬᠤ ᠦᠬᠡᠢ᠂ ᠡᠳᠦᠷ ᠪᠦᠷᠢ ᠶᠢᠨ ᠦᠳᠡ ᠶᠢᠨ  ᠡᠮᠦᠨ᠎ᠡ 8᠄ 00᠎ ᠠᠴᠠ 10᠄ 00 ᠴᠠᠭ᠂ ᠦᠳᠡ ᠶᠢᠨ ᠬᠤᠶᠢᠨ᠎ᠠ 15᠄ 00᠎ ᠠᠴᠠ 17᠄ 00 ᠴᠠᠭ ᠲᠤ ᠰᠠᠭᠠᠬᠤ ᠲᠠᠯᠪᠢᠵᠤ ᠪᠤᠯᠤᠨ᠎ᠠ᠂  ᠰᠠᠭᠠᠬᠤ ᠲᠠᠯᠪᠢᠬᠤ  ᠴᠠᠭ  ᠎ ᠢ ᠴᠢᠩᠭ᠎ᠠ ᠬᠢᠵᠠᠭᠠᠷᠯᠠᠨ᠎ᠠ᠃       ᠲᠠᠪᠤ᠂ ᠨᠦᠬᠦᠪᠦᠷᠢ ᠲᠠᠷᠬᠠᠭᠠᠬᠤ    ᠪᠡᠯᠴᠢᠭᠡᠷ ᠰᠡᠷᠬᠦᠬᠡᠬᠦ ᠠᠵᠢᠯ ᠲᠠᠭᠤᠰᠤᠭᠰᠠᠨ ᠤ ᠲᠠᠷᠠᠭ᠎ᠠ᠂ ᠬᠤᠰᠢᠭᠤᠨ ᠤ ᠬᠠᠪᠤᠷ ᠤᠨ ᠤᠯᠠᠷᠢᠯ ᠤᠨ ᠡᠪᠡᠰᠦᠨ ᠎ ᠤ ᠤᠷᠭᠤᠯᠳᠠ ᠶᠢᠨ ᠬᠤᠭᠤᠴᠠᠭᠠᠨ ᠳᠤ ᠪᠡᠯᠴᠢᠭᠡᠷ ᠰᠡᠷᠬᠦᠬᠡᠬᠦ ᠠᠵᠢᠯ ᠤᠨ ᠤᠳᠤᠷᠢᠳᠬᠤ ᠲᠤᠭᠤᠶᠢᠯᠠᠩ ᠠᠴᠠ ᠲᠠᠷᠢᠶᠠᠯᠠᠩ ᠮᠠᠯ ᠠᠵᠤ ᠠᠬᠤᠢ ᠪᠠ ᠰᠢᠠᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠲᠤᠪᠴᠢᠶ᠎ᠠ᠂ ᠤᠢ ᠰᠢᠭᠤᠢ  ᠪᠠ ᠨᠤᠲᠤᠭ ᠪᠡᠯᠴᠢᠭᠡᠷ ᠤᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ ᠪᠤᠯᠤᠨ ᠡᠯ᠎ᠡ ᠰᠤᠮᠤ ᠪᠠᠯᠭᠠᠰᠤ ᠶᠢ ᠵᠤᠬᠢᠶᠠᠨ ᠪᠠᠶᠢᠭᠤᠯᠵᠤ᠂ ᠪᠡᠯᠴᠢᠭᠡᠷ ᠰᠡᠷᠬᠦᠬᠡᠬᠦ ᠠᠵᠢᠯ ᠢ ᠰᠢᠯᠭᠠᠨ ᠦᠨᠡᠯᠡᠨ᠎ᠡ᠃ ᠰᠢᠯᠭᠠᠨ ᠦᠨᠡᠯᠡᠬᠦ ᠳᠤ ᠬᠢᠷᠢ ᠲᠡᠩᠴᠡᠭᠰᠡᠨ ᠤ ᠲᠠᠷᠠᠭ᠎ᠠ᠂ ᠱᠠᠭᠠᠷᠳᠠᠯᠭ᠎ᠠ ᠶᠤᠰᠤᠭᠠᠷ ᠲᠡᠭᠡᠭᠰᠢ ᠮᠡᠳᠡᠬᠦᠯᠵᠤ ᠬᠢᠨᠡᠨ ᠬᠠᠷᠭᠤᠭᠤᠯᠤᠭᠰᠠᠨ ᠤ ᠲᠠᠷᠠᠭ᠎ᠠ᠂ ᠡᠳ᠋ ᠤᠨ ᠵᠠᠰᠠᠭ ᠎ ᠤᠨ ᠰᠠᠯᠠᠭ᠎ᠠ ᠮᠦᠴᠢᠷ ᠠᠴᠠ《ᠨᠢᠬᠡ ᠺᠠᠷᠲ ᠪᠠᠷ ᠨᠡᠪᠲᠡᠷᠡᠭᠦᠯᠬᠦ 》᠎ ᠢᠶᠠᠷ ᠲᠠᠮᠵᠢᠨ  ᠪᠡᠯᠴᠢᠭᠡᠷ ᠰᠡᠷᠭᠦᠭᠡᠭᠰᠡᠨ ᠨᠦᠬᠦᠪᠦᠷᠢ ᠶᠢ ᠨᠢᠬᠡᠯᠡ ᠤᠲᠠᠭ᠎ᠠ ᠳᠤ ᠲᠠᠷᠬᠠᠭᠠᠨ᠎ᠠ᠃       ᠵᠢᠷᠭᠤᠭ᠎ᠠ᠂ ᠬᠠᠮᠢᠶ᠎ᠠ ᠪᠦᠬᠦᠢ ᠱᠠᠭᠠᠷᠳᠠᠯᠭ᠎ᠠ      ︵ᠨᠢᠬᠡ︶  ᠡᠯ᠎ᠡ ᠰᠤᠮᠤ ᠪᠠᠯᠭᠠᠰᠤ ᠨᠢ ᠪᠡᠯᠴᠢᠭᠡᠷ ᠰᠡᠷᠬᠦᠬᠡᠬᠦ ᠲᠠᠩᠰᠠ ᠡᠪᠬᠡᠮᠡᠯ ᠢ ᠪᠠᠶᠢᠭᠤᠯᠤᠨ ᠪᠦᠷᠢᠠᠰᠢᠬᠦᠯᠵᠤ᠂ ᠮᠠᠯᠵᠢᠬᠤ ᠡᠷᠦᠬᠡ ᠳᠤ ᠬᠤᠯᠪᠤᠭᠳᠠᠬᠤ ᠡᠯ᠎ᠡ ᠲᠦᠷᠦᠯ ᠤᠨ ᠪᠡᠯᠡᠳᠬᠡᠯ ᠠᠵᠢᠯ ᠢ ᠤᠷᠢᠳᠴᠢᠯᠠᠨ ᠰᠠᠶᠢᠳᠤᠷ ᠬᠢᠵᠤ᠂ ᠪᠠᠯᠴᠢᠭᠡᠷ ᠰᠡᠷᠭᠦᠭᠡᠬᠦ ᠬᠤᠭᠤᠴᠠᠭᠠᠨ ᠳᠤ ᠪᠡᠯᠴᠢᠭᠡᠷ ᠰᠡᠷᠬᠦᠬᠡᠬᠦ ᠲᠤᠭᠤᠷᠢᠭ ᠲᠤ ᠮᠠᠯᠵᠢᠬᠤ ᠶᠢ ᠪᠦᠬᠦ ᠲᠠᠯ᠎ᠠ ᠪᠠᠷ ᠴᠠᠭᠠᠵᠠᠯᠠᠵᠤ᠂ ᠦᠬᠡᠷ᠂ ᠬᠤᠨᠢ ᠬᠠᠷᠢᠭᠤᠯᠵᠤ ᠪᠤᠯᠬᠤ ᠦᠬᠡᠢ᠃ ᠦᠷᠬᠡᠨ ᠤᠯᠠᠨ ᠮᠠᠯᠴᠢᠨ ᠲᠦᠮᠡᠨ ᠪᠡᠯᠴᠢᠭᠡᠷ ᠰᠡᠷᠬᠦᠬᠡᠬᠦ ᠲᠤᠭᠳᠠᠭᠠᠯ ᠢ ᠤᠬᠠᠮᠰᠠᠷ ᠠᠴᠠ ᠪᠠᠨ ᠬᠡᠷᠡᠭᠵᠢᠬᠦᠯᠵᠤ᠂ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ  ᠬᠡᠷᠡᠭᠵᠢᠬᠦᠯᠬᠦ  ᠲᠤᠪᠴᠢᠶ᠎ᠠ ᠪᠠ ᠤᠢ ᠰᠢᠭᠤᠢ ᠨᠤᠲᠤᠭ ᠪᠡᠯᠴᠢᠭᠡᠷ ᠎ ᠤᠨ ᠰᠠᠯᠠᠭ᠎ᠠ ᠮᠦᠴᠢᠷ ᠤᠨ ᠬᠢᠨᠡᠯᠳᠠ ᠬᠠᠮᠢᠶᠠᠷᠤᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠠᠢ᠃      ︵ᠬᠤᠶᠠᠷ︶  ᠡᠯ᠎ᠡ ᠰᠤᠮᠤ ᠪᠠᠯᠭᠠᠰᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠦᠷᠢᠵᠢᠭᠤᠯᠵᠤ᠂ ᠮᠠᠯᠵᠢᠬᠤ ᠡᠷᠦᠬᠡ ᠶᠢᠨ ᠮᠠᠯ ᠢ ᠪᠦᠬᠦᠨ ᠢ ᠬᠠᠰᠢᠶᠠᠯᠠᠨ ᠲᠡᠵᠢᠬᠡᠬᠦ ᠶᠢ ᠱᠠᠯᠠᠪᠳᠠᠭᠤᠯᠬᠤ ᠶᠢᠨ ᠬᠠᠮᠳᠤ ᠡᠪᠡᠰᠤ ᠪᠤᠷᠳᠤᠭ᠎ᠠ ᠨᠦᠬᠡᠴᠡᠯᠡᠬᠦ᠂ ᠤᠰᠤᠨ ᠤ ᠡᠬᠢ ᠰᠤᠷᠪᠤᠯᠵᠢ ᠶᠢ ᠪᠠᠳᠤᠯᠠᠬᠤ᠂ ᠬᠦᠳᠡᠯᠬᠡᠬᠡᠨ ᠤ ᠲᠠᠯᠠᠪᠤᠷ ᠲᠤᠬᠢᠷᠠᠭᠤᠯᠬᠤ ᠪᠠ ᠫᠠᠶᠢᠰᠠ‌ᠢᠯᠡᠷᠬᠡᠶᠢᠯᠡᠯ ᠪᠤᠰᠬᠠᠬᠤ ᠵᠡᠷᠬᠡ ᠠᠵᠢᠯ ᠢ ᠰᠠᠶᠢᠳᠤᠷ ᠬᠢᠬᠦ ᠬᠡᠷᠡᠭᠲᠠᠢ᠃ ᠲᠠᠷᠢᠶᠠᠯᠠᠩ ᠮᠠᠯ ᠠᠵᠤ ᠠᠬᠤᠢ ᠪᠠ ᠰᠢᠠᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠠᠯᠠᠭ᠎ᠠ ᠮᠦᠴᠢᠷ ᠠᠴᠠ ᠬᠠᠰᠢᠶᠠᠯᠠᠨ ᠲᠡᠵᠢᠬᠡᠬᠦ ᠮᠡᠷᠬᠡᠵᠢᠯ ᠤᠨ ᠵᠢᠯᠤᠭᠤᠳᠤᠯᠭ᠎ᠠ᠂ ᠬᠢᠵᠢᠭ ᠢ ᠰᠡᠷᠬᠡᠶᠢᠯᠡᠬᠦ ᠪᠠ ᠦᠢᠯᠡᠴᠢᠯᠡᠬᠡᠨ ᠤ ᠠᠵᠢᠯ ᠢ ᠰᠠᠶᠢᠳᠤᠷ ᠬᠢᠨ᠎ᠡ᠃ ᠤᠢ ᠰᠢᠭᠤᠢ ᠨᠤᠲᠤᠭ ᠪᠡᠯᠴᠢᠭᠡᠷ ᠤᠨ ᠰᠠᠯᠠᠭ᠎ᠠ ᠮᠦᠴᠢᠷ ᠠᠴᠠ ᠵᠢᠭᠠᠨ ᠵᠢᠯᠤᠭᠤᠳᠴᠤ ᠬᠢᠨᠠᠯᠳᠠ ᠲᠠᠯᠪᠢᠬᠤ ᠪᠠᠨ ᠴᠢᠩᠭᠠᠳᠬᠠᠵᠤ᠂ ᠨᠤᠲᠤᠭ ᠪᠡᠯᠴᠢᠭᠡᠷ ᠤᠨ ᠲᠤᠰᠬᠠᠢ ᠳᠤᠰᠢᠶᠠᠯᠳᠤ ᠬᠠᠮᠢᠶᠠᠷᠤᠨ ᠬᠠᠮᠠᠭᠠᠯᠠᠬᠴᠢ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠂ ᠬᠢᠨᠠᠨ ᠬᠠᠮᠢᠶᠠᠷᠬᠤ ᠠᠵᠢᠯ ᠢ ᠪᠤᠲᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠳᠤᠯᠠᠬᠤ ᠬᠡᠷᠡᠭᠲᠠᠢ᠃ ᠪᠠᠶᠢᠭᠠᠯᠢ ᠶᠢᠨ ᠡᠬᠢ ᠪᠠᠶᠠᠯᠢᠭ ᠤᠨ ᠶᠡᠷᠥᠩᠬᠡᠶᠢᠯᠡᠭᠰᠡᠨ ᠬᠠᠤᠯᠢ ᠬᠡᠷᠡᠭᠵᠢᠬᠦᠯᠬᠦ ᠶᠡᠭᠡ ᠠᠩᠬᠢ᠂ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠲᠤᠪᠴᠢᠶ᠎ᠠ ᠨᠢ ᠬᠠᠤᠯᠢ ᠬᠡᠷᠡᠭᠵᠢᠬᠦᠯᠵᠤ ᠬᠢᠨᠠᠯᠳᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠲᠤᠭᠳᠠᠭᠠᠯ ᠢ ᠵᠦᠷᠢᠴᠡᠵᠤ ᠮᠠᠯᠵᠢᠬᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠲᠤᠭᠳᠠᠭᠠᠯ ᠠᠴᠠ ᠵᠦᠷᠢᠴᠡᠨ ᠮᠠᠯᠵᠢᠬᠤ ᠠᠵᠢᠯᠯᠠᠭ᠎ᠠ ᠶᠢ ᠬᠤᠯᠪᠤᠭᠳᠠᠯ ᠪᠦᠬᠦᠢ ᠬᠠᠤᠯᠢ ᠲᠤᠭᠳᠠᠭᠠᠯ ᠶᠤᠰᠤᠭᠠᠷ ᠪᠠᠶᠢᠴᠠᠭᠠᠨ ᠰᠢᠢᠳᠪᠦᠷᠢᠯᠡᠨ᠎ᠡ᠃       ︵ ᠭᠤᠷᠪᠠ︶  ᠪᠡᠯᠴᠢᠭᠡᠷ ᠰᠡᠷᠬᠦᠬᠡᠬᠦ ᠬᠤᠭᠤᠴᠠᠭᠠᠨ ᠳᠤ ᠢᠯᠡᠴᠢᠯᠠᠨ ᠮᠡᠳᠡᠬᠦᠯᠬᠦ ᠲᠦᠷᠢᠮ ᠢ ᠬᠡᠷᠡᠭᠵᠢᠬᠦᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠬᠢᠨᠠᠯᠳᠠ ᠲᠠᠯᠪᠢᠬᠤ᠂ ᠭᠤᠤᠯ ᠴᠤᠭᠴᠠ ᠶᠢᠨ ᠦᠪᠡᠷ ᠪᠡᠶ᠎ᠡ ᠶᠢᠨ ᠬᠢᠨᠠᠯᠳᠠ ᠲᠠᠯᠪᠢᠬᠤ᠂ ᠨᠡᠶᠢᠬᠡᠮ ᠠᠴᠠ ᠬᠢᠨᠠᠯᠳᠠ ᠲᠠᠯᠪᠢᠬᠤ᠂ ᠤᠯᠠᠨ ᠲᠦᠮᠡᠨ ᠬᠢᠨᠠᠯᠳᠠ ᠲᠠᠯᠪᠢᠬᠤ ᠶᠢ ᠬᠡᠷᠡᠭᠵᠢᠬᠦᠯᠬᠦ ᠬᠢᠨᠠᠨ ᠬᠠᠮᠢᠶᠠᠷᠤᠯᠲᠠ ᠶᠢᠨ ᠠᠵᠢᠯ ᠤᠨ  ᠬᠠᠮᠳᠤᠷᠠᠯ ᠤᠨ ᠬᠦᠴᠦᠨ ᠢ ᠪᠤᠢ ᠪᠤᠯᠭᠠᠵᠤ᠂ ᠦᠷᠬᠡᠨ ᠤᠯᠠᠨ ᠲᠦᠮᠡᠨ ᠠᠴᠠ ᠲᠤᠭᠳᠠᠭᠠᠯ ᠠᠴᠠ ᠵᠦᠷᠢᠴᠡᠭᠰᠡᠨ ᠪᠡᠯᠴᠢᠭᠡᠷᠯᠡᠬᠦᠯᠬᠦ ᠠᠵᠢᠯᠯᠠᠭ᠎ᠠ ᠶᠢ ᠢᠳᠡᠪᠬᠢᠲᠠᠢ ᠪᠠᠷ ᠢᠯᠡᠴᠢᠯᠡᠨ ᠮᠡᠳᠡᠬᠦᠯᠦᠨ᠎ᠡ᠃      ᠢᠯᠡᠴᠢᠯᠡᠨ ᠮᠡᠳᠡᠬᠦᠯᠭᠦ ᠤᠳᠠᠰᠤ᠄      ᠪᠡᠯᠬᠦᠲᠠᠢ ᠪᠠᠯᠭᠠᠰᠤ᠄ 2026683      ᠬᠤᠩᠭᠤᠷᠭᠤᠤᠯ ᠪᠠᠯᠭᠠᠰᠤ᠄ 2402203      ᠴᠠᠭᠠᠠᠨᠠᠭᠤᠷ ᠪᠠᠯᠭᠠᠰᠤ᠄ 2457118      ᠨᠠᠷᠠᠠᠪᠤᠯᠠᠭ ᠰᠤᠮᠤ᠄ 2301368      ᠶᠡᠬᠡᠭᠤᠤᠯ ᠰᠤᠮᠤ᠄ 2317120      ᠵᠢᠷᠭᠠᠯᠠᠩᠳᠤ ᠰᠤᠮᠤ᠄ 2300658      ᠪᠠᠶᠠᠠᠳᠤᠭ ᠰᠤᠮᠤ᠄ 2300889
 
ᠢᠷᠡᠯᠲᠡ᠄ ᠠᠪᠠᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号