ᠰᠢᠨ᠎ᠡ ᠴᠠᠭ ᠦᠶ᠎ᠡ ᠶᠢ ᠮᠠᠭᠲᠠᠨ ᠳᠠᠭᠤᠯᠠᠵᠤ ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ | ᠤᠭᠲᠤᠬᠤ ᠶᠢᠨ ᠲᠥᠯᠥᠭᠡ᠂ ᠰᠢ ᠶᠢᠨ ᠫᠢᠩ ᠶᠡᠷᠦᠩᠬᠡᠢ ᠱᠦᠵᠢ ᠶᠢᠨ ᠪᠣᠳᠠᠰ ᠤᠨ ᠪᠤᠰᠤ ᠰᠣᠶᠣᠯ ᠤᠨ ᠥᠪ ᠢ | ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮ ᠴᠢᠨᠠᠭᠰᠢᠳᠠ | ᠲᠤᠤᠱᠯᠠᠭᠤᠯᠵᠤ᠂ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠨᠠᠩ ᠰᠠᠶᠢᠨ ᠪᠠᠳᠠᠷᠠᠭᠤᠯᠬᠤ ᠪᠠ | ᠤᠯᠠᠮᠵᠢᠯᠠᠨ ᠵᠠᠯᠭᠠᠮᠵᠢᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠲᠡᠭ ᠤᠨ ᠦᠵᠡᠯᠲᠡ ᠶᠢ ᠪᠠᠳᠠᠷᠠᠭᠤᠯᠤᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠨ᠂ ᠦᠨᠳᠦᠰᠦᠲᠡᠨ ᠤ | ᠤᠯᠠᠮᠵᠢᠯᠠᠯᠲᠤ ᠰᠣᠶᠣᠯ ᠢ ᠪᠦᠲᠦᠮᠵᠢᠲᠡᠶ ᠬᠠᠮᠠᠭᠠᠯᠠᠵᠤ᠂ ᠰᠢᠯᠢᠳᠡᠭ ᠪᠣᠳᠠᠰ ᠤᠨ ᠪᠤᠰᠤ ᠰᠣᠶᠣᠯ ᠤᠨ ᠥᠪ ᠢ | ᠬᠦᠭᠵᠢᠬᠦᠯᠦᠨ ᠪᠠᠳᠠᠷᠠᠭᠤᠯᠬᠤ ᠶᠢᠨ ᠲᠥᠯᠦᠭᠡ᠂ ᠠᠪᠠᠭ᠎ᠠ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ ᠠᠴᠠ ᠰᠤᠳᠤᠯᠤᠨ ᠲᠣᠭᠲᠠᠭᠠᠵᠤ᠂ ᠪᠦᠭᠦ ᠬᠤᠰᠢᠭᠤᠨ ᠤ ᠴᠤᠭᠤᠷ ᠲᠠᠭᠤᠨ ᠤ | ᠪᠣᠯᠪᠠᠰᠤᠷᠠᠯ ᠤᠨ ᠠᠩᠭᠢ ᠪᠠ ᠠᠷᠠᠳ ᠤᠨ ᠲᠠᠭᠤᠨ ᠤ ᠪᠣᠯᠪᠠᠰᠤᠷᠠᠯ ᠤᠨ ᠠᠩᠭᠢ ᠶᠢ ᠡᠷᠭᠢᠯᠡᠭᠦ ᠪᠠᠷ ᠲᠣᠭᠲᠠᠪᠠ᠃ | ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠪᠣᠯᠪᠠᠰᠤᠷᠠᠯ ᠳᠤ ᠣᠷᠤᠯᠴᠠᠬᠤ ᠬᠡᠪᠴᠢᠶ᠎ᠡ | ︵ᠨᠢᠭᠡ︶ ᠪᠥᠬᠦ ᠬᠤᠰᠢᠭᠤᠨ ᠤ ᠣᠯᠠᠨ ᠠᠶᠢᠵᠠᠮᠲᠦ ᠠᠷᠠᠳ ᠤᠨ ᠳᠠᠭᠤᠤ ︵ᠴᠤᠭᠤᠷ ︱ ᠠᠪᠠᠭ᠎ᠠ ᠴᠤᠭᠤᠷ | ︶᠂ ᠣᠷᠳᠣ ᠶᠢᠨ ᠲᠠᠭᠤᠨ ᠤ ᠤᠯᠠᠮᠵᠢᠯᠠᠭᠴᠢ ᠵᠢᠴᠢ ᠠᠷᠠᠳ ᠤᠨ ᠲᠠᠭᠤᠨ ᠳᠤ ᠪᠠᠭ᠋ᠠᠲᠠᠢ ᠬᠥᠮᠥᠰ᠃ ᠰᠤᠮᠤ | ᠪᠣᠯᠭᠠᠨ ᠤ ᠠᠵᠢᠯ ᠤᠨ ᠴᠢᠯᠦᠭᠡᠨ ᠤ ᠤᠯᠠᠭᠠᠨᠮᠥ᠋ᠴᠢᠷ ᠠᠴᠠ 4 ᠬᠥᠮᠥᠨ ᠢ ᠲᠠᠨᠢᠯᠴᠠᠭᠤᠯᠵᠤ ᠣᠷᠣᠯᠴᠠᠭᠤᠯᠤᠨ᠎ᠠ᠂ | ᠴᠤᠭᠤᠷ ᠲᠠᠭᠤᠨ ᠤ ᠪᠣᠯᠪᠠᠰᠤᠷᠠᠯ ᠳᠤ ᠣᠷᠤᠯᠴᠠᠬᠤ ᠬᠦᠮᠦᠰ ᠤᠨ ᠨᠠᠰᠤ ᠨᠢ 55 ᠪᠦᠬᠦᠯᠢ ᠨᠠᠰᠤ ᠠᠴᠠ ᠬᠡᠲᠦᠷᠡᠵᠦ | ᠪᠣᠯᠬᠤ ᠦᠭᠡᠢ᠂ ᠠᠷᠠᠳ ᠤᠨ ᠲᠠᠭᠤᠨ ᠤ ᠪᠣᠯᠪᠠᠰᠤᠷᠠᠯ ᠳᠤ ᠣᠷᠤᠯᠴᠠᠬᠤ ᠬᠦᠮᠦᠰ ᠤᠨ ᠨᠠᠰᠤ ᠨᠢ 45 ᠪᠦᠬᠦᠯᠢ | ᠨᠠᠰᠤ ᠠᠴᠠ ᠬᠡᠲᠦᠷᠡᠵᠦ ᠪᠣᠯᠬᠤ ᠦᠭᠡᠢ᠃ | ︵ᠬᠤᠶᠠᠷ︶ ᠪᠥᠬᠦ ᠠᠶᠢᠮᠠᠭ ᠤᠨ ᠬᠡᠪᠴᠢᠶᠡᠨ ᠳᠠᠬᠢ ᠴᠤᠭᠤᠷ ᠲᠠᠭᠤᠤ ᠪᠠ ᠠᠷᠠᠳ ᠤᠨ ᠲᠠᠭᠤᠨ ᠳᠤ ᠪᠠᠭ᠋ᠠᠲᠠᠢ | ᠬᠥᠮᠥᠰ ᠴᠥᠮ ᠨᠡᠷ᠎ᠡ ᠮᠡᠳᠡᠭᠦᠯᠦᠨ ᠣᠷᠣᠯᠴᠠᠵᠤ ᠪᠣᠯᠣᠨ᠎ᠠ᠃ ᠡᠭᠦᠨ ᠤ ᠬᠠᠮᠲᠤ ᠨᠡᠩ ᠤᠯᠠᠨ ᠰᠢᠯᠢᠳᠡᠭ | ᠴᠢᠳᠠᠪᠤᠷᠢᠲᠠᠨ ᠢ ᠬᠥᠮᠥᠵᠢᠭᠦᠯᠬᠦ ᠶᠢᠨ ᠲᠥᠯᠥᠭᠡ᠂ ᠵᠣᠬᠢᠬᠤ ᠰᠠᠭᠤᠷᠢ ᠲᠠᠢ ᠰᠤᠷᠤᠭᠴᠢᠳ ᠤᠨ ᠣᠷᠤᠯᠴᠠᠬᠤ ᠶᠢ | ᠵᠣᠷᠢᠭᠵᠢᠭᠤᠯᠤᠨ᠎ᠠ᠃ | ︵ᠭᠤᠷᠪᠠ︶ ᠨᠡᠷ᠎ᠡ ᠮᠡᠳᠡᠭᠦᠯᠬᠦ ᠬᠥᠮᠥᠨ ᠤ ᠲᠤᠭ᠎ᠠ᠄ ᠴᠤᠭᠤᠷ ᠲᠠᠭᠤᠨ ᠤ ᠪᠣᠯᠪᠠᠰᠤᠷᠠᠯ ᠳᠤ 20 ᠬᠥᠮᠥᠨ᠂ | ᠠᠷᠠᠳ ᠤᠨ ᠲᠠᠭᠤᠨ ᠤ ᠪᠣᠯᠪᠠᠰᠣᠷᠠᠯ ᠳᠤ 25 ᠬᠥᠮᠥᠨ᠃ | ᠬᠤᠶᠠᠷ᠂ ᠪᠣᠯᠪᠠᠰᠣᠷᠠᠯ ᠤᠨ ᠠᠭᠤᠯᠭ᠎ᠠ ᠬᠢᠭᠡᠳ ᠪᠠᠭᠰᠢ | ︵ᠨᠢᠭᠡ︶ ᠪᠣᠯᠪᠠᠰᠤᠷᠠᠯ ᠤᠨ ᠠᠭᠤᠯᠭ᠎ᠠ᠄ ᠣᠯᠠᠨ ᠠᠶᠢᠵᠠᠮᠲᠦ ᠠᠷᠠᠳ ᠤᠨ ᠳᠠᠭᠤᠤ ︵ᠴᠤᠭᠤᠷ ︱ ᠠᠪᠠᠭ᠎ᠠ | ᠴᠤᠭᠤᠷ︶ ᠵᠢᠴᠢ ᠠᠷᠠᠳ ᠤᠨ ᠲᠠᠭᠤᠨ ᠤ ᠠᠶᠠᠯᠭᠤ ᠪᠠᠷ ᠳᠠᠭᠤᠯᠠᠬᠤ ᠤᠷ᠎ᠠ ᠮᠡᠷᠭᠡᠵᠢᠯ᠂ ᠪᠣᠭᠤᠨᠢ ᠠᠶᠠᠯᠭᠤ ᠪᠠᠷ | ᠳᠠᠭᠤᠯᠠᠬᠤ ᠤᠷ᠎ᠠ ᠮᠡᠷᠭᠡᠵᠢᠯ ᠵᠡᠷᠭᠡ ᠠᠭᠤᠯᠭ᠎ᠠ ᠳᠤ ᠴᠢᠭᠯᠡᠭᠦᠯᠦᠨ ᠪᠣᠯᠪᠠᠰᠤᠷᠠᠯ ᠬᠢᠨ᠎ᠡ᠃ | ︵ᠬᠤᠶᠠᠷ︶ ᠪᠠᠭᠰᠢ ᠶᠢᠨ ᠡᠩᠨᠡᠭᠡ᠄ | ᠵᠠᠭᠳᠠᠰᠦ᠋ᠷᠦ᠋ᠩ᠄ ᠤᠯᠤᠰ ᠤᠨ ᠨᠢᠭᠡᠳᠦᠭᠡᠷ ᠳᠡᠰ ᠤᠨ ᠲᠣᠭᠯᠠᠭᠴᠢ᠂ ᠤᠯᠤᠰ ᠤᠨ ᠳᠡᠰ ᠤᠨ ᠤᠷᠲᠤ ᠶᠢᠨ | ᠲᠠᠭᠤᠨ ᠤ ᠲᠥᠯᠥᠭᠡᠯᠡᠬᠦ ᠴᠢᠨᠠᠷᠲᠠᠢ ᠤᠯᠠᠮᠵᠢᠯᠠᠭᠴᠢ | ᠰᠤᠶᠤᠯᠲᠦ᠄ ᠤᠯᠤᠰ ᠤᠨ ᠲᠠᠰ ᠤᠨ ᠣᠯᠠᠨ ᠠᠶᠢᠵᠠᠮᠲᠦ ᠠᠷᠠᠳ ᠤᠨ ᠳᠠᠭᠤᠤ ︵ᠴᠤᠭᠤᠷ ︱ ᠠᠪᠠᠭ᠎ᠠ | ᠴᠤᠭᠤᠷ︶ ᠶᠢᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ | ᠰᠠᠷᠠᠨᠮᠠᠨᠳᠤᠬᠤ᠄ ᠥᠪᠥᠷ ᠮᠣᠩᠭᠤᠯ ᠤᠨ ᠠᠯᠳᠠᠷᠲᠤ ᠳᠠᠭᠤᠴᠢᠨ᠂ ᠠᠰᠫᠢᠷᠠᠨᠲ | ᠪᠠᠲᠤᠪᠠᠶᠠᠷ᠄ ᠥᠪᠡᠷᠲᠡᠭᠡᠨ ᠵᠠᠰᠠᠬᠤ ᠣᠷᠣᠨ ᠤ ᠲᠠᠰ ᠤᠨ ᠣᠯᠠᠨ ᠠᠶᠢᠵᠠᠮᠲᠦ ᠠᠷᠠᠳ ᠤᠨ ᠳᠠᠭᠤᠤ ︵ | ᠴᠤᠭᠤᠷ ︱ ᠠᠪᠠᠭ᠎ᠠ ᠴᠤᠭᠤᠷ︶ ᠶᠢᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ | ᠭᠤᠷᠪᠠ᠂ ᠪᠣᠯᠪᠠᠰᠣᠷᠠᠯ ᠤᠨ ᠴᠠᠭ | ᠪᠣᠯᠪᠠᠰᠣᠷᠠᠯ ᠤᠨ ᠴᠠᠭ᠄ 2022 ᠣᠨ ᠤ 9 ᠰᠠᠷ᠎ᠠ ᠶᠢᠨ 14 ᠤ ᠡᠳᠦᠷ ᠠᠴᠠ 23 ᠤ ᠡᠳᠦᠷ ᠪᠣᠯᠲᠠᠯ᠎ᠠ᠂ | 10 ᠡᠳᠦᠷ ᠤᠨ ᠬᠤᠭᠤᠴᠠᠭ᠎ᠠ ᠲᠠᠢ ︵9 ᠰᠠᠷ᠎ᠠ ᠶᠢᠨ 13 ᠤ ᠡᠳᠦᠷ ᠨᠡᠷ᠎ᠡ ᠮᠡᠳᠡᠭᠦᠯᠦᠨ᠎ᠡ︶᠃ | ᠤᠷᠠᠨ ᠰᠠᠶᠢᠬᠠᠨ ᠤ ᠲᠣᠭᠯᠠᠯᠲᠠ᠄ 2022 ᠣᠨ ᠤ 9 ᠰᠠᠷ᠎ᠠ ᠶᠢᠨ 23 ᠤ ᠡᠳᠦᠷ᠃ | ᠳᠥᠷᠪᠡ᠂ ᠪᠣᠯᠪᠠᠰᠣᠷᠠᠯ ᠤᠨ ᠭᠠᠵᠠᠷ | ᠪᠣᠯᠪᠠᠰᠤᠷᠠᠯ ᠤᠨ ᠭᠠᠵᠠᠷ᠄ ᠠᠪᠠᠭ᠎ᠠ ᠬᠤᠰᠢᠭᠤᠨ ᠤ ᠪᠡᠯᠭᠦᠳᠡᠢ ᠶᠢᠨ ᠬᠤᠳᠠᠯᠳᠤᠭᠠᠨ ᠤ ᠶᠠᠪᠤᠳᠠᠯ ᠤᠨ ᠪᠠᠭᠤᠳᠠᠯ | ᠲᠣᠭᠯᠠᠯᠲᠠ ᠶᠢᠨ ᠭᠠᠵᠠᠷ᠄ ᠠᠪᠠᠭ᠎ᠠ ᠬᠤᠰᠢᠭᠤᠨ ᠤ ᠴᠤᠭᠤᠷ ᠲᠠᠭᠤᠤ ᠦᠪᠯᠡᠨ ᠣᠯᠠᠮᠵᠢᠯᠠᠬᠤ ᠲᠥᠪ | ᠲᠠᠪᠤ᠂ ᠪᠣᠯᠪᠠᠰᠣᠷᠠᠯ ᠤᠨ ᠵᠠᠷᠤᠳᠠᠯ | ᠪᠣᠯᠪᠠᠰᠤᠷᠠᠯ ᠵᠢᠴᠢ ᠪᠠᠭᠤᠳᠠᠯ᠂ ᠬᠤᠭᠤᠯᠠ ᠣᠮᠳᠠ ᠵᠡᠷᠭᠡ ᠶᠢᠨ ᠵᠠᠷᠤᠳᠠᠯ ᠢ ᠭᠤᠣᠯᠯᠠᠨ ᠡᠷᠭᠢᠯᠡᠬᠦ ᠲᠠᠯ᠎ᠠ ᠠᠴᠠ | ᠡᠭᠦᠷᠭᠡᠯᠡᠵᠦ᠂ ᠨᠠᠰᠢ ᠴᠠᠰᠢ ᠶᠠᠪᠤᠬᠤ ᠵᠠᠮ ᠬᠠᠷᠢᠯᠴᠠᠭᠠᠨ ᠤ ᠵᠠᠷᠤᠳᠠᠯ ᠢ ᠰᠤᠷᠤᠭᠴᠢᠳ ᠥᠪᠡᠷ ᠢᠶᠠᠨ ᠬᠠᠷᠢᠭᠤᠴᠠᠨ᠎ᠠ᠃ | | ᠵᠢᠷᠭᠤᠭ᠎ᠠ᠂ ᠬᠤᠯᠪᠣᠭᠳᠠᠯ ᠪᠦᠬᠦᠢ ᠱᠠᠭᠠᠷᠳᠠᠯᠭ᠎ᠠ | ︵ᠨᠢᠭᠡ︶ ᠡᠯ᠎ᠡ ᠰᠤᠮᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠣᠯᠪᠠᠰᠤᠷᠠᠯ ᠳᠤ ᠣᠷᠣᠯᠴᠠᠭᠰᠠᠳ ᠢ | ᠨᠠᠷᠢᠨ ᠬᠢᠨᠠᠮᠠᠭᠠᠢ ᠵᠣᠬᠢᠶᠠᠨ ᠪᠠᠶᠢᠭᠤᠯᠬᠤ ᠶᠢᠨ ᠬᠠᠮᠲᠤ ᠴᠢᠩᠭ᠎ᠠ ᠱᠠᠭᠠᠷᠳᠠᠵᠤ ᠪᠣᠯᠪᠠᠰᠤᠷᠠᠯ ᠤᠨ ᠠᠩᠭᠢ ᠶᠢᠨ ᠡᠯ᠎ᠡ | ᠵᠦᠢᠯ ᠤᠨ ᠳᠦᠷᠢᠮ ᠲᠣᠭᠲᠠᠭᠠᠯ ᠢ ᠵᠢᠷᠤᠮᠯᠠᠨ ᠰᠠᠬᠢᠵᠤ᠂ ᠪᠣᠯᠪᠠᠰᠤᠷᠠᠯ ᠤᠨ ᠪᠣᠳᠠᠲᠤ ᠦᠷ᠎ᠡ ᠪᠦᠲᠦᠮᠵᠢ ᠣᠯᠬᠤ ᠶᠢ | ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ ᠲᠣᠰ ᠤᠳᠠᠭᠠᠨ ᠤ ᠪᠣᠯᠪᠠᠰᠤᠷᠠᠯ ᠳᠤ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠪᠥᠬᠦ ᠠᠵᠢᠯᠲᠠᠨ ᠠᠮᠠᠪᠴᠢ ᠵᠡᠭᠦᠬᠦ | ᠬᠡᠷᠡᠭᠲᠡᠢ᠃ | ᠳᠣᠯᠤᠭ᠎ᠠ᠂ ᠨᠡᠷ᠎ᠡ ᠮᠡᠳᠡᠭᠦᠯᠬᠦ ᠴᠠᠭ ᠵᠢᠴᠢ ᠬᠠᠷᠢᠯᠴᠠᠬᠤ ᠬᠥᠮᠥᠨ | ᠨᠡᠷ᠎ᠡ ᠮᠡᠳᠡᠭᠦᠯᠬᠦ ᠴᠠᠭ᠄ 2022 ᠣᠨ ᠤ 9 ᠰᠠᠷ᠎ᠠ ᠶᠢᠨ 1 ᠤ ᠡᠳᠦᠷ ︱ 9 ᠰᠠᠷ᠎ᠠ ᠶᠢᠨ 12 ᠤᠨ ᠡᠳᠦᠷ | ᠬᠠᠷᠢᠯᠴᠠᠬᠤ ᠬᠥᠮᠥᠨ᠄ ᠰᠡᠴᠡᠨᠲᠤᠶᠠᠭ᠎ᠠ ᠤᠲᠠᠰᠤ᠄ 13847928500 ︵ᠸᠢᠴᠠᠲ ᠤᠨ ᠳ᠋ᠤᠭᠠᠷ︶ | ᠠᠪᠠᠭ᠎ᠠ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ | 2022 ᠣᠨ 9 ᠰᠠᠷ᠎ᠠ 1 ᠡᠳᠦᠷ | | |