ᠠᠷᠡᠳ ᠤᠨ ᠠᠭᠠᠷ ᠤᠨ ᠰᠡᠷᠬᠡᠶᠢᠯᠡᠯᠳᠡ ᠶᠢᠨ ᠰᠠᠷᠠᠮᠵᠢ ᠶᠢᠨ ᠲᠤᠬᠢᠶ᠎ᠠ ᠶᠢ ᠲᠤᠤᠭᠠᠷᠭᠠᠬᠤ ᠲᠤᠬᠠᠢ ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2022/12/7
ᠦᠷᠬᠡᠨ ᠤᠯᠠᠨ ᠰᠠᠭᠤᠭᠠᠯᠢ ᠠᠷᠡᠳ ᠲᠤ᠄       ︽ᠵᠢᠶᠠᠩ ᠽᠧ ᠮᠢᠨ ᠨᠦᠬᠦᠷ ᠤᠨ ᠤᠷᠤᠰᠢᠭᠤᠯᠭ᠎ᠠ ᠶᠢᠨ ᠶᠠᠪᠤᠳᠠᠯ ᠤᠨ ᠵᠦᠪᠯᠡᠯ ᠤᠨ ᠠᠯᠪᠠᠨ ᠵᠠᠷᠯᠠᠯ︾ ︵2 ᠳ᠋ᠤᠭᠠᠷ ᠲᠤᠭᠠᠳᠤ︶᠂ ︽ᠵᠢᠶᠠᠩ ᠽᠧ ᠮᠢᠨ ᠨᠦᠬᠦᠷ ᠤᠨ ᠭᠠᠰᠢᠭᠤᠳᠠᠯ ᠤᠨ ᠶᠡᠭᠡ ᠬᠤᠷᠡᠯ ᠤᠨ ᠬᠤᠭᠤᠴᠠᠭᠠᠨ ᠎ ᠳᠤ ᠠᠷᠡᠳ ᠤᠨ ᠠᠭᠠᠷ ᠤᠨ ᠰᠡᠷᠬᠡᠶᠢᠯᠡᠯᠳᠡ ᠶᠢᠨ ᠰᠠᠷᠠᠮᠵᠢ ᠶᠢᠨ ᠲᠤᠬᠢᠶ᠎ᠠ ᠶᠢ ᠲᠤᠤᠭᠠᠷᠭᠠᠬᠤ ᠲᠤᠬᠠᠢ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠡᠳ ᠤᠨ ᠠᠭᠠᠷ ᠤᠨ ᠰᠡᠷᠬᠡᠶᠢᠯᠡᠯᠳᠡ ᠶᠢᠨ ᠠᠯᠪᠠᠨ ᠬᠡᠷ ᠤᠨ ᠮᠡᠳᠡᠭᠳᠡᠯ︾ ︵ᠦᠪᠤᠷ ᠠᠷᠡᠳ ᠰᠡᠷᠬᠡᠶᠢᠯᠡᠯᠳᠡ ᠦᠰᠦᠭ ﹇2022﹈ 413 ᠲᠤᠭᠠᠳᠤ︶᠎ ᠤᠨ ᠱᠠᠭᠠᠷᠳᠠᠯᠭ᠎ᠠ ᠶᠤᠰᠤᠭᠠᠷ᠂ ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠨᠢ ᠠᠷᠡᠳ ᠤᠨ ᠠᠭᠠᠷ ᠤᠨ ᠰᠡᠷᠬᠡᠶᠢᠯᠡᠯᠳᠡ ᠎ ᠶᠢᠨ ᠰᠠᠷᠠᠮᠵᠢ ᠶᠢᠨ ᠲᠤᠬᠢᠶ᠎ᠠ ᠶᠢ ᠲᠤᠤᠭᠠᠷᠭᠠᠬᠤ ᠪᠠᠷ ᠲᠤᠭᠳᠠᠪᠠ᠃ ᠲᠤᠤᠷ᠎ᠠ ᠬᠠᠮᠢᠶ᠎ᠠ ᠪᠦᠬᠦᠢ ᠠᠭᠤᠯᠭ᠎ᠠ ᠶᠢ ᠵᠠᠷᠯᠠᠶ᠎ᠠ      ᠨᠢᠬᠡ᠂ ᠰᠠᠷᠠᠮᠵᠢ ᠶᠢᠨ ᠲᠤᠬᠢᠶ᠎ᠠ ᠶᠢ ᠲᠤᠤᠭᠠᠷᠭᠠᠬᠤ ᠴᠠᠭ ᠬᠤᠭᠤᠴᠠᠭ᠎ᠠ      2022 ᠤᠨ ᠤ 12 ᠰᠠᠷ᠎ᠠ ᠶᠢᠨ 6᠎ ᠤ ᠡᠳᠤᠷ ︵ᠭᠠᠷᠠᠭ ᠤᠨ ᠬᠤᠶᠠᠷ︶᠎ ᠤᠨ ᠦᠳᠠ ᠶᠢᠨ ᠡᠮᠤᠨ᠎ᠠ᠂ ᠵᠢᠶᠠᠩ ᠽᠧ ᠮᠢᠨ ᠨᠦᠬᠦᠷ ᠤᠨ ᠭᠠᠰᠢᠭᠤᠳᠠᠯ ᠤᠨ ᠶᠡᠭᠡ ᠬᠤᠷᠡᠯ ᠤᠨ ᠭᠠᠰᠢᠭᠤᠳᠠᠬᠤ ᠴᠠᠭ ᠲᠤ ᠲᠤᠤᠭᠠᠷᠭᠠᠨ᠎ᠠ᠃      ᠬᠤᠶᠡᠷ᠂ ᠰᠠᠷᠠᠮᠵᠢ ᠶᠢᠨ ᠲᠤᠬᠢᠶ᠎ᠠ ᠶᠢ ᠲᠤᠤᠭᠠᠷᠭᠠᠬᠤ ᠬᠦᠷᠢᠶ᠎ᠠ ᠬᠡᠪᠴᠢᠶ᠎ᠠ      ᠠᠪᠠᠭ᠎ᠠ ᠬᠤᠰᠢᠭᠤᠨ ᠤ ᠠᠷᠡᠳ ᠤᠨ ᠠᠭᠠᠷ ᠤᠨ ᠰᠠᠷᠬᠡᠶᠢᠯᠡᠯᠳᠡ ᠶᠢᠨ ᠰᠠᠷᠠᠮᠵᠢ ᠶᠢᠨ ᠲᠤᠬᠢᠶ᠎ᠠ ᠶᠢᠨ ᠲᠤᠤᠷ ᠎ ᠢᠶᠠᠷ ᠭᠤᠤᠯ ᠴᠤᠭᠴᠠ ᠪᠤᠯᠭᠠᠨ᠂ ᠬᠤᠰᠢᠭᠤ ᠵᠠᠰᠠᠭ ᠤᠨ ᠤᠷᠳᠤᠨ ᠤ ᠰᠠᠭᠤᠭ᠎ᠠ ᠭᠠᠵᠡᠷ ᠪᠠᠯᠬᠦᠳᠡᠢ ᠪᠠᠯᠭᠠᠰᠤᠨ ᠤ ᠬᠡᠪᠴᠢᠶᠠᠨ ᠳᠤ ᠲᠤᠤᠭᠠᠷᠭᠠᠨ᠎ᠠ᠃      ᠭᠤᠷᠪᠡ᠂ ᠰᠠᠷᠠᠮᠵᠢ ᠶᠢᠨ ᠲᠤᠬᠢᠶ᠎ᠠ ᠶᠢ ᠲᠤᠤᠭᠠᠷᠭᠠᠬᠤ ᠲᠤᠬᠢᠶ᠎ᠠ      ᠰᠠᠷᠠᠮᠵᠢ ᠶᠢᠨ ᠲᠤᠬᠢᠶ᠎ᠠ ᠶᠢ ᠲᠠᠶᠢᠯᠠᠬᠤ ᠲᠤᠬᠢᠶ᠎ᠠ᠄ 3 ᠮᠢᠨᠦ᠋ᠲ ᠦᠷᠬᠦᠯᠵᠢᠯᠡᠨ ᠲᠤᠤᠭᠠᠷᠠᠭᠠᠨ᠎ᠠ᠃      ᠰᠠᠷᠠᠮᠵᠢ ᠶᠢᠨ ᠲᠤᠬᠢᠶ᠎ᠠ ᠲᠤᠷᠰᠢᠨ ᠲᠤᠤᠭᠠᠷᠭᠠᠵᠤ ᠪᠠᠶᠢᠭ᠎ᠠ ᠬᠤᠭᠤᠴᠠᠭᠠᠨ ᠳᠤ ᠦᠷᠬᠡᠨ ᠤᠯᠠᠨ ᠰᠠᠭᠤᠭᠠᠯᠢ ᠠᠷᠡᠳ ᠰᠤᠴᠢᠨ ᠬᠡᠯᠮᠡᠭᠳᠡᠬᠦ ᠦᠬᠡᠢ ᠪᠠᠶᠢᠬᠤ ᠶᠢ ᠬᠦᠰᠠᠵᠤ ᠪᠠᠶᠢᠨ᠎ᠠ᠃      ᠲᠦᠷᠪᠡ᠂ ᠠᠯᠪᠠᠨ ᠵᠠᠷᠯᠠᠯ ᠨᠠᠶᠢᠳᠠᠯᠠᠬᠦ ᠬᠤᠭᠤᠴᠠᠭ᠎ᠠ      2022 ᠤᠨ ᠤ 12 ᠰᠠᠷ᠎ᠠ ᠶᠢᠨ 4᠎ ᠤ ᠡᠳᠤᠷ ᠠᠴᠠ 12 ᠰᠠᠷ᠎ᠠ ᠶᠢᠨ 5᠎ ᠤ ᠡᠳᠤᠷ ᠪᠤᠯᠳᠠᠯ᠎ᠠ᠃      ᠤᠡᠴᠠᠭᠠᠶᠢᠯᠠᠨ ᠵᠠᠷᠯᠠᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号