2023 ᠣᠨ ᠤ ᠴᠡᠷᠢᠭ ᠤᠨ ᠠᠯᠪᠠ ᠳᠤ ᠳᠠᠩᠰᠠᠯᠠᠭᠤᠯᠬᠤ ᠠᠯᠪᠠᠨ ᠵᠠᠷ
ᠨᠡᠶᠢᠲᠡᠯᠡᠭᠰᠡᠨ ᠴᠠᠭ᠄
2022/12/7
     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠤᠨ ᠠᠯᠪᠠᠨ ᠤ ᠬᠠᠤᠯᠢ︾᠂ ︽ᠴᠡᠷᠢᠭ ᠡᠯᠰᠡᠬᠦ ᠠᠵᠢᠯ ᠤᠨ ᠲᠦᠷᠢᠮ︾᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ︽ᠬᠠᠤᠯᠢ ᠶᠣᠰᠣᠭᠠᠷ ᠴᠡᠷᠢᠭ ᠡᠯᠰᠡᠬᠦ ᠠᠵᠢᠯ ᠢ ᠴᠢᠩᠭ᠎ᠠ ᠨᠠᠶᠢᠳᠠᠪᠤᠷᠢᠵᠢᠭᠤᠯᠬᠤ ᠲᠤᠬᠠᠶ ᠰᠠᠨᠠᠯ︾᠎ ᠤᠨ ᠲᠣᠭᠲᠠᠭᠠᠯ ᠢ ᠦᠨᠳᠦᠰᠦᠯᠡᠨ᠂ ᠡᠳᠦᠭᠡ 2023 ᠣᠨ ᠤ ᠴᠡᠷᠢᠭ ᠤᠨ ᠠᠯᠪᠠ ᠳᠤ ᠳᠠᠩᠰᠠᠯᠠᠭᠤᠯᠬᠤ ᠬᠤᠯᠪᠣᠭᠳᠠᠯ ᠪᠥᠬᠦᠶ ᠵᠦᠶ᠋ᠯᠡᠰ ᠢ ᠳᠤᠤᠷᠠᠬᠢ ᠮᠡᠲᠦ ᠵᠠᠷᠯᠠᠪᠠ᠄      ᠨᠢᠭᠡ᠂ ᠳᠠᠩᠰᠠᠯᠠᠭᠤᠯᠬᠤ ᠴᠠᠭ ᠬᠤᠭᠤᠴᠠᠭ᠎ᠠ      2022 ᠣᠨ ᠤ 12 ᠰᠠᠷ᠎ᠠ ᠶᠢᠨ 1᠎ ᠤ ᠡᠳᠦᠷ ᠠᠴᠠ 2023 ᠣᠨ ᠤ 6 ᠰᠠᠷ᠎ᠠ ᠶᠢᠨ 30᠎ ᠤ ᠡᠳᠦᠷ ᠪᠣᠯᠲᠠᠯ᠎ᠠ᠃      ᠬᠤᠶᠠᠷ᠂ ᠳᠠᠩᠰᠠᠯᠠᠭᠤᠯᠬᠤ ᠡᠲᠡᠭᠡᠳ      ᠠᠪᠠᠭ᠎ᠠ ᠬᠤᠰᠢᠭᠤᠨ ᠤ ᠡᠷᠦᠬᠡ ᠠᠮᠠ ᠳᠤ ᠬᠠᠷᠢᠶᠠᠯᠠᠭᠳᠠᠬᠤ᠂ 2023 ᠣᠨ ᠤ 12 ᠰᠠᠷ᠎ᠠ ᠶᠢᠨ 31᠎ ᠤ ᠡᠳᠦᠷ ᠠᠴᠠ ᠡᠮᠦᠨ᠎ᠡ᠂ ᠪᠦᠬᠦᠯᠢ 18 ᠨᠠᠰᠤ ᠬᠦᠷᠦᠭᠰᠡᠨ ︵2005 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ 12 ᠰᠠᠷ᠎ᠠ ᠶᠢᠨ 31᠎ ᠤ ᠡᠳᠦᠷ ᠤᠨ ᠬᠤᠭᠤᠷᠤᠨᠳᠤ ᠲᠦᠷᠦᠭᠰᠡᠨ︶ ᠡᠷᠡᠭᠲᠡᠶ ᠠᠷᠠᠳ ᠢᠷᠭᠡᠳ ᠴᠥᠮ ᠴᠡᠷᠢᠭ ᠤᠨ ᠠᠯᠪᠠ ᠳᠤ ᠳᠠᠩᠰᠠᠯᠠᠭᠤᠯᠬᠤ ᠡᠭᠦᠷᠭᠡ ᠪᠠᠨ ᠬᠠᠤᠯᠢ ᠶᠣᠰᠣᠭᠠᠷ ᠭᠦᠢᠴᠡᠳᠭᠡᠬᠦ ᠬᠡᠷᠡᠭᠲᠡᠶ᠃ 2023 ᠣᠨ ᠤ 12 ᠰᠠᠷ᠎ᠠ ᠶᠢᠨ 31᠎ ᠤ ᠡᠳᠦᠷ ᠠᠴᠠ ᠡᠮᠦᠨ᠎ᠡ᠂ ᠪᠦᠬᠦᠯᠢ 17 ᠨᠠᠰᠤ ᠭᠦᠷᠦᠭᠰᠡᠨ ᠡᠷᠡᠭᠲᠡᠶ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ︵ᠳᠤᠮᠳᠠ ᠵᠡᠷᠭᠡ ᠶᠢᠨ ᠲᠤᠰᠬᠠᠶ ᠮᠡᠷᠭᠡᠵᠢᠯ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠮᠡᠷᠭᠡᠵᠢᠯ ᠤᠨ ᠰᠤᠷᠭᠠᠭᠤᠯᠢ ᠪᠠᠭᠲᠠᠨ᠎ᠠ︶᠎ ᠠᠴᠠ ᠲᠡᠭᠦᠰᠦᠭᠰᠡᠳ᠂ ᠲᠣᠰ ᠬᠥᠮᠦᠨ ᠨᠢ ᠰᠠᠶᠢᠨ ᠳᠤᠷ᠎ᠠ ᠠᠴᠠ ᠪᠠᠨ ᠴᠡᠷᠢᠭ ᠲᠤ ᠡᠯᠰᠡᠭᠳᠡᠪᠡᠯ᠂ ᠮᠥᠨ ᠴᠡᠷᠢᠭ ᠤᠨ ᠠᠯᠪᠠᠨ ᠳᠤ ᠳᠠᠩᠰᠠᠯᠠᠭᠤᠯᠬᠤ ᠬᠡᠷᠡᠭᠲᠡᠶ᠃      ᠭᠤᠷᠪᠠ᠂ ᠳᠠᠩᠰᠠᠯᠠᠭᠤᠯᠬᠤ ᠳᠡᠰ ᠳᠠᠷᠠᠭᠠᠯᠠᠯ      ︵ᠨᠢᠭᠡ︶ ᠲᠣᠰ ᠡᠳᠦᠷ ᠠᠴᠠ ᠡᠬᠢᠯᠡᠨ᠂ ︽ᠪᠥᠬᠦ ᠤᠯᠤᠰ ᠤᠨ ᠴᠡᠷᠢᠭ ᠡᠯᠰᠡᠬᠦ ᠰᠦᠯᠵᠢᠶ᠎ᠡ︾ ︵ᠰᠦᠯᠵᠢᠶᠡᠨ ᠤ ᠬᠠᠶ᠋ᠢᠭ http᠄ / / www . gfbzb . gov . cn︶᠎ ᠳᠤ ᠭᠠᠷᠴᠤ ᠰᠦᠯᠵᠢᠶᠡᠨ ᠳᠡᠭᠡᠷᠡᠬᠢ ᠴᠡᠷᠢᠭ ᠤᠨ ᠠᠯᠪᠠ ᠬᠠᠭᠠᠬᠤ ᠳᠡᠩᠰᠡᠯᠡᠯᠲᠡ ᠬᠢᠨ᠎ᠠ᠃ ᠰᠦᠯᠵᠢᠶᠡᠨ ᠳᠤ ᠭᠠᠷᠬᠤ ᠨᠦᠬᠦᠴᠡᠯ ᠥᠬᠡᠶ ᠪᠣᠯ ᠡᠯ᠎ᠡ ᠰᠤᠮᠤ ︵ᠪᠠᠯᠭᠠᠰᠤ︶᠎ ᠶᠢᠨ ᠵᠡᠪᠰᠡᠭᠲᠦ ᠬᠦᠴᠦᠨ ᠤ ᠬᠡᠯᠲᠡᠰ ᠲᠠᠢ ᠬᠠᠷᠢᠯᠴᠠᠵᠤ᠂ ᠠᠵᠢᠯᠲᠠᠳ ᠢᠶᠠᠷ ᠬᠠᠪᠰᠤᠷᠤᠭᠤᠯᠤᠨ ᠰᠦᠯᠵᠢᠶᠡᠨ ᠳᠤ ᠭᠠᠷᠴᠤ ᠳᠠᠩᠰᠠᠯᠠᠭᠤᠯᠬᠤ ᠬᠡᠷᠡᠭᠲᠡᠶ᠃      ︵ᠬᠤᠶᠠᠷ︶ ᠲᠤᠬᠠᠶ ᠶᠢᠨ ᠲᠠᠯᠠᠪᠠᠶ ᠳᠤ ᠨᠤᠲᠠᠯᠠᠬᠤ᠃ ᠰᠦᠯᠵᠢᠶᠡᠨ ᠳᠡᠭᠡᠷᠡᠬᠢ ᠴᠡᠷᠢᠭ ᠤᠨ ᠠᠯᠪᠠ ᠬᠠᠭᠠᠬᠤ ᠳᠠᠩᠰᠠᠯᠠᠯ ᠢ ᠬᠢᠵᠦ ᠳᠠᠭᠤᠰᠬᠠᠭᠰᠠᠨ ᠤ ᠳᠠᠷᠠᠭ᠎ᠠ᠂ ᠲᠣᠰ ᠬᠥᠮᠦᠨ ᠪᠤᠶᠤ ᠬᠡᠷ ᠤᠨ ᠠᠬᠠᠮᠠᠳ ᠨᠢ ︽ᠡᠷᠡᠭᠲᠡᠶ ᠢᠷᠭᠡᠨ ᠤ ᠴᠡᠷᠢᠭ ᠤᠨ ᠠᠯᠪᠠ ᠬᠠᠭᠠᠬᠤ ᠳᠠᠩᠰᠠᠯᠠᠯ / ᠡᠯᠰᠡᠭᠳᠡᠬᠦ ᠨᠡᠷ᠎ᠡ ᠮᠡᠳᠡᠭᠦᠯᠬᠦ ᠬᠦᠰᠦᠨᠦᠭᠲᠦ︾ ᠵᠢᠴᠢ ᠲᠣᠰ ᠬᠥᠮᠦᠨ ᠤ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠰᠣᠷᠣᠭᠴᠢ ᠶᠢᠨ ᠦᠨᠡᠮᠯᠡᠯ ︵ᠲᠡᠭᠦᠰᠬᠦ ᠦᠨᠡᠮᠯᠡᠯ︶ ᠂ ᠨᠢᠭᠡ ᠢᠮᠠᠬᠤ ᠶᠢᠨ ᠮᠠᠯᠠᠭᠠᠶ ᠥᠬᠡᠶ 2 ᠬᠤᠪᠢ ᠵᠥᠪ ᠲᠠᠯ᠎ᠠ ᠶᠢᠨ ᠬᠡᠷᠡᠯ ᠵᠢᠷᠤᠭ ᠢᠶᠠᠨ ᠠᠪᠴᠤ᠂ ᠡᠷᠦᠬᠡ ᠠᠮᠠ ᠶᠢᠨ ᠲᠠᠩᠰᠠ ᠪᠠᠶᠢᠭ᠎ᠠ ᠰᠤᠮᠤ ᠶᠢᠨ ᠵᠡᠪᠰᠡᠭᠲᠦ ᠬᠦᠴᠦᠨ ᠤ ᠬᠡᠯᠲᠡᠰ ᠲᠤ ᠬᠦᠷᠴᠦ ᠲᠤᠬᠠᠶ ᠶᠢᠨ ᠭᠠᠵᠠᠷ ᠲᠤᠨᠢ ᠨᠤᠲᠠᠯᠠᠬᠤ ᠶᠢᠨ ᠬᠠᠮᠲᠤ ︽ᠴᠡᠷᠢᠭ ᠤᠨ ᠠᠯᠪᠠ ᠬᠠᠭᠠᠬᠤ ᠳᠠᠩᠰᠠᠯᠠᠯ ᠤᠨ ᠦᠨᠡᠮᠯᠡᠯ︾ ᠠᠪᠤᠨ᠎ᠠ᠃      ᠳᠥᠷᠪᠡ᠂ ᠬᠠᠤᠯᠢ ᠴᠠᠭᠠᠵᠠ ᠶᠢᠨ ᠬᠠᠷᠢᠭᠤᠴᠠᠯᠭ᠎ᠠ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ︽ᠬᠠᠤᠯᠢ ᠶᠣᠰᠣᠭᠠᠷ ᠴᠡᠷᠢᠭ ᠡᠯᠰᠡᠬᠦ ᠠᠵᠢᠯ ᠢ ᠴᠢᠩᠭ᠎ᠠ ᠨᠠᠶᠢᠳᠠᠪᠤᠷᠢᠵᠢᠭᠤᠯᠬᠤ ᠲᠤᠬᠠᠶ ᠰᠠᠨᠠᠯ︾ ︵ᠥᠪᠥᠷ ᠵᠠᠰᠠᠭ ᠲᠠᠷᠬᠠᠭᠠᠭᠰᠠᠨ 2017 . 71 ᠳ᠋ᠤᠭᠡᠷ ᠲᠣᠭᠠᠲᠤ︶᠎ ᠤᠨ ᠲᠣᠭᠲᠠᠭᠠᠯ ᠢ ᠦᠨᠳᠦᠰᠦᠯᠡᠨ᠂ ᠬᠤᠯᠪᠣᠭᠳᠠᠯ ᠪᠥᠬᠦᠶ ᠬᠠᠷᠢᠭᠤᠴᠠᠯᠭ᠎ᠠ ᠶᠢ ᠳᠤᠤᠷᠠᠬᠢ ᠮᠡᠲᠦ ᠲᠣᠳᠣᠷᠬᠠᠶᠢᠯᠠᠪᠠ᠄     ⒈ ᠪᠦᠬᠦᠯᠢ 18 ᠨᠠᠰᠤ ᠬᠦᠷᠦᠭᠰᠡᠨ ᠡᠷᠡᠭᠲᠡᠶ ᠠᠷᠠᠳ ᠢᠷᠭᠡᠨ ᠴᠡᠷᠢᠭ ᠤᠨ ᠠᠯᠪᠠᠨ ᠳᠤ ᠳᠠᠩᠰᠠᠯᠠᠭᠤᠯᠬᠤ ᠥᠬᠡᠶ ᠪᠣᠯ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠳᠤ ᠨᠡᠷ᠎ᠡ ᠮᠡᠳᠡᠭᠦᠯᠵᠦ ᠪᠣᠯᠬᠤ ᠥᠬᠡᠶ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠲᠡᠭᠦᠨ ᠳᠤ ᠪᠡᠶ᠎ᠡ ᠶᠢᠨ ᠦᠨᠡᠮᠯᠡᠯ ᠬᠢᠵᠦ ᠥᠭᠴᠦ ᠪᠣᠯᠬᠤ ᠥᠬᠡᠶ᠃     ⒉ ᠴᠡᠷᠢᠭ ᠤᠨ ᠠᠯᠪᠠᠨ ᠳᠤ ᠳᠠᠩᠰᠠᠯᠠᠭᠤᠯᠬᠤ ᠠᠴᠠ ᠵᠠᠶᠢᠯᠠᠭᠰᠠᠨ ᠰᠤᠷᠭᠠᠭᠤᠯᠢ ᠳᠤ ᠣᠷᠣᠬᠤ ᠨᠠᠰᠤᠨ ᠤ ᠵᠠᠯᠠᠭᠤᠴᠤᠳ ᠢ ᠠᠯᠪᠠᠲᠠᠨ ᠡᠯᠰᠡᠬᠦ᠂ ᠭᠠᠳᠠᠭᠠᠳᠤ ᠳᠤ ᠭᠠᠷᠬᠤ ᠭᠠᠷ ᠭᠦᠢᠴᠡᠳᠭᠡᠯ ᠬᠢᠬᠦ᠂ ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ ᠬᠠᠷᠢᠶᠠᠯᠠᠯ ᠢ ᠳᠠᠩᠰᠠᠯᠠᠭᠤᠯᠬᠤ ᠵᠡᠷᠭᠡ ᠲᠠᠢ ᠤᠶᠠᠯᠳᠤᠭᠤᠯᠤᠨ᠂ ︽ᠴᠡᠷᠢᠭ ᠤᠨ ᠠᠯᠪᠠᠨ ᠳᠤ ᠳᠠᠩᠰᠠᠯᠠᠭᠤᠯᠬᠤ ᠦᠨᠡᠮᠯᠡᠯ︾᠎ ᠢ ᠬᠢᠨᠠᠨ ᠰᠢᠯᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠬᠢᠵᠠᠭᠠᠷᠯᠠᠨ᠎ᠠ᠃      ⒊ ᠡᠯ᠎ᠡ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠢᠯᠠᠩᠭᠤᠶ᠎ᠠ ᠳᠤᠮᠳᠠᠳᠤ ᠰᠤᠷᠭᠠᠭᠤᠯᠢ ᠪᠣᠯᠤᠨ ᠳᠡᠭᠡᠳᠦ ᠰᠤᠷᠭᠠᠭᠤᠯᠢ ᠨᠤᠭᠤᠳ ᠰᠤᠷᠬᠤ ᠨᠠᠰᠤᠨ ᠤ ᠡᠷᠡᠭᠲᠡᠶ ᠠᠷᠠᠳ ᠢᠷᠭᠡᠳ ᠤᠨ ᠴᠡᠷᠢᠭ ᠤᠨ ᠠᠯᠪᠠ ᠬᠠᠭᠠᠬᠤ ᠪᠠᠷ ᠳᠠᠩᠰᠠᠯᠠᠭᠤᠯᠬᠤ ᠡᠭᠦᠷᠭᠡ ᠪᠠᠨ ᠴᠠᠭ ᠲᠤᠬᠠᠶ ᠳᠤᠨᠢ ᠭᠦᠢᠴᠡᠳᠬᠡᠬᠦ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠰᠢᠮᠳᠠᠭᠤᠯᠵᠤ᠂ ᠲᠤᠰ ᠬᠠᠷᠢᠶ᠎ᠠ ᠣᠷᠣᠨ᠂ ᠲᠤᠰ ᠨᠢᠭᠡᠴᠡ ᠪᠤᠶᠤ ᠲᠤᠰ ᠰᠤᠷᠭᠠᠭᠤᠯᠢ ᠶᠢᠨ ᠢᠶᠠᠨ ᠰᠤᠷᠬᠤ ᠨᠠᠰᠤᠨ ᠤ ᠡᠷᠡᠭᠲᠡᠶ ᠠᠷᠠᠳ ᠢᠷᠭᠡᠳ ᠤᠨ ᠴᠡᠷᠢᠭ ᠤᠨ ᠠᠯᠪᠠ ᠬᠠᠭᠠᠬᠤ ᠪᠠᠷ ᠳᠠᠩᠰᠠᠯᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      ᠲᠠᠪᠤ᠂ ᠯᠠᠪᠯᠠᠯᠭ᠎ᠠ ᠬᠢᠬᠦ ᠶᠢ ᠬᠦᠯᠢᠶᠡᠨ ᠠᠪᠴᠤ ᠰᠢᠢᠳᠪᠤᠷᠢᠯᠡᠬᠦ      ᠡᠯ᠎ᠡ ᠰᠤᠮᠤ ᠪᠠᠯᠭᠠᠰᠤᠨ ᠤ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ ᠴᠡᠷᠢᠭ ᠤᠨ ᠠᠯᠪᠠ ᠬᠠᠭᠠᠬᠤ ᠶᠢ ᠳᠠᠩᠰᠠᠯᠠᠬᠤ ᠴᠡᠭ ᠪᠠᠶᠢᠭᠤᠯᠵᠤ᠂ ᠬᠠᠤᠯᠢ ᠶᠣᠰᠣᠭᠠᠷ ᠴᠡᠷᠢᠭ ᠤᠨ ᠠᠯᠪᠠ ᠶᠢᠨ ᠬᠠᠤᠯᠢ ᠲᠣᠭᠲᠠᠭᠠᠯ ᠪᠠ ᠴᠡᠷᠢᠭ ᠡᠯᠰᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠥᠷᠨᠢᠭᠦᠯᠵᠦ᠂ ᠬᠠᠷᠢᠶᠠᠲᠤ ᠲᠤᠭᠤᠷᠢᠭ ᠤᠨ ᠴᠡᠷᠢᠭ ᠤᠨ ᠠᠯᠪᠠ ᠭᠦᠢᠴᠡᠳᠭᠡᠬᠦ ᠳᠤ ᠲᠤᠬᠢᠷᠠᠬᠤ ᠨᠠᠰᠤᠨ ᠤ ᠡᠷᠡᠭᠲᠡᠶ ᠠᠷᠠᠳ ᠢᠷᠭᠡᠳ ᠢ ᠵᠣᠬᠢᠶᠠᠨ ᠪᠠᠶᠢᠭᠤᠯᠵᠤ ᠴᠡᠷᠢᠭ ᠤᠨ ᠠᠯᠪᠠ ᠬᠠᠭᠠᠬᠤ ᠶᠢ ᠳᠠᠩᠰᠠᠯᠠᠬᠤ ᠡᠭᠦᠷᠭᠡ ᠶᠢ ᠭᠦᠢᠴᠡᠳᠭᠡᠨ᠎ᠡ᠃ ᠲᠥᠷᠥ ᠶᠢᠨ ᠪᠣᠳᠣᠯᠭ᠎ᠠ ᠶᠢᠨ ᠨᠠᠷᠢᠨ ᠲᠣᠭᠲᠠᠭᠠᠯ ᠢ ᠣᠶᠢᠯᠠᠭᠠᠵᠤ᠂ ᠰᠢᠭᠤᠳ ᠪᠥᠬᠦ ᠤᠯᠤᠰ ᠤᠨ ᠴᠡᠷᠢᠭ ᠡᠯᠰᠡᠬᠦ ᠰᠦᠯᠵᠢᠶᠡᠨ ᠳᠤ ᠭᠠᠷᠴᠤ ᠪᠠᠶᠢᠴᠠᠭᠠᠨ ᠯᠠᠪᠯᠠᠵᠤ ᠪᠣᠯᠤᠨ᠎ᠠ᠃      ᠠᠪᠠᠭ᠎ᠠ ᠬᠤᠰᠢᠭᠤᠨ ᠤ ᠴᠡᠷᠢᠭ ᠡᠯᠰᠡᠬᠦ ᠠᠯᠪᠠᠨ ᠭᠡᠷ ᠤᠨ ᠬᠠᠷᠢᠯᠴᠠᠬᠤ ᠤᠲᠠᠰᠤ᠄      ᠬᠠᠷᠢᠯᠴᠠᠬᠤ ᠤᠲᠠᠰᠤ᠄ 0479 - 2022705᠂ 18247998035 ︵ᠰᠢᠤᠢ ᡁᠢ ᠴᠧᠩ︶᠃      ᠪᠡᠯᠭᠦᠳᠡᠢ ᠪᠠᠯᠭᠠᠰᠤ᠄ ᠠᠮᠤᠭᠤᠯᠠᠩ 15004794499᠃      ᠬᠤᠩᠭᠤᠷᠭᠤᠣᠯ ᠪᠠᠯᠭᠠᠰᠤ᠄  ᠠᠯᠳᠠᠷᠲᠤ 18847961101᠃      ᠴᠠᠭᠠᠨᠨᠠᠭᠤᠷ ᠪᠠᠯᠭᠠᠰᠤ᠄ ᠡᠷᠳᠡᠨᠢᠪᠠᠶᠠᠷ 15904797115᠃      ᠨᠠᠷᠠᠨᠪᠤᠯᠠᠭ ᠰᠤᠮᠤ᠄ ᠬᠠᠶᠢᠷ᠎ᠠ 13664793233᠃      ᠶᠡᠬᠡᠭᠤᠣᠯ ᠰᠤᠮᠤ᠄ ᠰᠠᠴᠤᠷᠠᠯᠲᠤ 1394739844᠃      ᠵᠢᠷᠭᠠᠯᠠᠩᠲᠤ ᠰᠤᠮᠤ᠄ ᠰᠤᠷᠭᠤᠭ 1394778678᠃      ᠪᠠᠶᠠᠨᠳᠤᠭ ᠰᠤᠮᠤ᠄ ᠾᠧ ᠯᠢ ᠮᠢᠩ 15934910615᠃         ᠠᠪᠠᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ                ᠴᠡᠷᠢᠭ ᠡᠯᠰᠡᠬᠦ ᠠᠯᠪᠠᠨ ᠭᠡᠷ          2022 ᠣᠨ ᠤ 12 ᠰᠠᠷ᠎ᠠ ᠶᠢᠨ 6᠎ ᠤ ᠡᠳᠦᠷ
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号