ᠮᠣᠩᠭᠤᠯ ᠮᠣᠷᠢᠨ ᠤ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ ᠠᠳᠤᠭᠤᠨ ᠤ ᠦᠢᠯᠡᠰ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠶ᠎ᠡ
ᠨᠡᠶᠢᠲᠡᠯᠡᠭᠰᠡᠨ ᠴᠠᠭ᠄
2022/12/7
      ᠮᠤᠩᠭᠤᠯ ᠮᠣᠷᠢᠨ ᠤ ᠵᠣᠷᠢᠭ ᠰᠠᠨᠠᠭ᠎ᠠ ᠪᠣᠯ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠬᠦ ᠤᠶᠤᠨ ᠰᠠᠨᠠᠭᠠᠨ ᠤ ᠲᠥᠰᠢᠭ ᠲᠤᠯᠭᠠᠭᠤᠷᠢ ᠪᠣᠯᠣᠨ᠎ᠠ᠃ ᠠᠪᠠᠭ᠎ᠠ ᠬᠤᠰᠢᠭᠤᠨ ᠤ ᠥᠷᠭᠡᠨ ᠠᠭᠤᠳᠠᠮ ᠲᠠᠯ᠎ᠠ ᠨᠤᠲᠤᠭ ᠲᠤ᠂ ᠡᠷᠡᠰ ᠬᠠᠲᠠᠭᠤ ᠠᠮᠢᠵᠢᠷᠠᠯ ᠤᠨ ᠬᠦᠴᠦᠨ ᠪᠠ ᠲᠡᠰᠪᠦᠷᠢ ᠲᠡᠪᠴᠢᠶᠡᠷᠢ ᠪᠠᠷ ᠢᠶᠠᠨ ᠠᠯᠳᠠᠷᠰᠢᠭᠰᠠᠨ ᠬᠠᠷ᠎ᠠ ᠠᠳᠤᠭᠤ ᠪᠠᠶᠢᠳᠠᠭ᠂ ᠲᠡᠷᠡ ᠨᠢ ᠲᠡᠵᠢᠭᠡᠯ ᠰᠢᠯᠢᠬᠦ ᠦᠭᠡᠢ᠂ ᠬᠦᠢᠲᠡᠨ ᠳᠤ ᠳᠠᠭᠠᠭᠠᠴᠠ ᠲᠠᠢ᠂ ᠲᠠᠷᠭᠤ ᠠᠮᠠᠷᠬᠠᠨ ᠠᠪᠳᠠᠭ᠂ ᠡᠪᠡᠳᠴᠢᠨ ᠢ ᠡᠰᠡᠷᠭᠦᠴᠡᠬᠦ ᠴᠢᠳᠠᠪᠤᠷᠢ ᠪᠠᠷ ᠴᠢᠩᠭ᠎ᠠ᠂ ᠰᠦᠨ ᠤ ᠭᠠᠷᠤᠯᠲᠠ ᠥᠨᠳᠥᠷ ᠪᠠᠶᠢᠵᠤ᠂ ᠠᠮᠠᠷᠬᠠᠨ ᠭᠠᠷᠰᠢᠵᠤ ᠨᠤᠮᠣᠬᠠᠷᠠᠳᠠᠭ ᠮᠦᠷᠲᠡᠭᠡᠨ ᠠᠷᠠᠴᠢᠯᠠᠭ᠎ᠠ ᠮᠠᠯᠵᠢᠯᠠᠭ᠎ᠠ  ᠨᠢ ᠠᠮᠠᠷᠬᠠᠨ᠂ ᠰᠦᠷᠦᠭᠯᠡᠨ ᠨᠡᠶᠢᠯᠡᠬᠦ ᠴᠢᠨᠠᠷ ᠵᠡᠷᠭᠡ ᠰᠢᠯᠢᠳᠡᠭ ᠰᠠᠶᠢᠨ ᠣᠨᠴᠠᠯᠢᠭ ᠲᠠᠢ ᠪᠠᠶᠢᠵᠤ᠂ ᠥᠪᠥᠷ ᠮᠣᠩᠭᠤᠯ ᠤᠨ ᠳᠥᠷᠪᠡᠨ ᠶᠡᠭᠡ ᠨᠠᠷᠠᠲᠤ ᠠᠳᠤᠭᠤ ᠭᠡᠬᠦ ᠰᠠᠶᠢᠬᠠᠨ ᠠᠯᠳᠠᠷᠰᠢᠯ ᠲᠠᠢ᠃       ︽ᠬᠠᠷ᠎ᠠ ᠠᠳᠤᠭᠤ︾ ᠨᠢ ᠭᠤᠣᠯᠳᠠᠭᠤ ᠠᠪᠠᠭ᠎ᠠ ᠬᠤᠰᠢᠭᠤᠨ ᠤ ᠬᠤᠶᠢᠲᠤ ᠪᠡᠶ᠎ᠡ ᠶᠢᠨ ᠰᠤᠮᠤᠨ ᠳᠤ ᠲᠠᠷᠬᠠᠳᠠᠭ᠃ ᠬᠢᠲᠠᠳ ᠬᠡᠯᠡᠨ ᠤ ᠬᠠᠷ᠎ᠠ ᠵᠢᠰᠦᠮ ᠤᠨ ᠠᠳᠤᠭᠤ ᠭᠡᠰᠡᠨ ᠣᠳᠬ᠎ᠠ ᠪᠠᠷ ᠲᠠᠭᠤᠳᠠᠭᠳᠠᠳᠠᠭ᠃ ᠠᠪᠠᠭ᠎ᠠ ᠬᠤᠰᠢᠭᠤ ᠨᠢ ᠤᠷᠢᠳ ᠬᠤᠵᠢᠳ ︽ᠳᠤᠮᠳᠠᠳᠤ ᠤᠯᠤᠰ ᠤᠨ ᠬᠠᠷ᠎ᠠ ᠠᠳᠤᠭᠤᠨ ᠰᠣᠶᠣᠯ ᠤᠨ ᠦᠯᠦᠭᠡᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠷ᠎ᠠ ᠠᠳᠤᠭᠤᠨ ᠤ ᠰᠣᠶᠣᠯ ᠤᠨ ᠦᠯᠦᠭᠡᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠭᠡ ︵ᠭᠡᠭᠦᠦ ᠶᠢᠨ ᠰᠦ︶ ᠶᠢᠨ ᠰᠤᠶᠤᠯ ᠤᠨ ᠦᠯᠦᠭᠡᠢ︾ ᠨᠠᠷᠡᠶᠢᠳᠦᠯ ᠢ ᠬᠦᠷᠲᠡᠪᠡ᠃      ᠰᠢ ᠶᠢᠨ ᠫᠢᠩ ᠶᠡᠷᠦᠩᠬᠡᠢ ᠱᠦᠵᠢ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠠᠷ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠭᠰᠠᠨ ᠪᠠᠶᠢᠨ᠎ᠠ᠃ ᠣᠶᠢᠷ᠎ᠠ ᠶᠢᠨ ᠵᠢᠯ ᠠᠴᠠ᠂ ᠠᠪᠠᠭ᠎ᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠮᠣᠩᠭᠤᠯ ᠮᠣᠷᠢᠨ ᠤ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠠᠳᠤᠭᠤᠨ ᠤ ᠦᠢᠯᠡᠰ ᠤᠨ ᠬᠡᠯᠬᠢᠶᠡᠵᠢᠯ ᠢ ᠢᠳᠡᠪᠬᠢᠲᠡᠢ ᠴᠤᠭᠴᠠᠯᠠᠨ᠂ ᠮᠣᠷᠢᠨ ᠤ ᠦᠢᠯᠡᠰ ᠤᠨ ᠨᠡᠮᠡᠯᠲᠡ ᠦᠷᠳᠡᠭ ᠢ ᠳᠡᠭᠡᠭᠰᠢᠯᠡᠭᠦᠯᠵᠦ᠂ ︽ᠰᠢᠯᠢᠳᠡᠭ ᠬᠡᠯᠬᠢᠶ᠎ᠡ︾᠂ ︽ᠬᠦᠴᠦᠷᠬᠡᠭ ᠬᠡᠯᠬᠢᠶ᠎ᠡ︾᠂ ︽ᠤᠷᠳᠤ ᠬᠡᠯᠬᠢᠶ᠎ᠡ︾᠂ ︽ᠨᠦᠬᠦᠪᠣᠷᠢ ᠬᠡᠯᠬᠢᠶᠡᠵᠢᠯ︾ ᠤᠨ ᠰᠡᠳᠬᠢᠴᠡ ᠪᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠪᠣᠳᠠᠲᠤ ᠠᠮᠵᠢᠯᠲᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠶᠢᠨ ᠨᠠᠨᠳᠢᠨ ᠨᠠᠶᠢᠳᠠᠯᠭ᠎ᠠ ᠶᠢ  ᠦᠢᠯᠡᠳᠦᠯᠭᠡᠵᠢᠭᠦᠯᠪᠡ᠃ 2021 ᠣᠨ ᠤ ᠮᠠᠯᠵᠢᠯ ᠤᠨ ᠣᠨ ᠳᠤ᠂ ᠪᠥᠬᠦ ᠬᠤᠰᠢᠭᠤᠨ ᠤ ᠠᠳᠤᠭᠤᠨ ᠤ ᠲᠤᠭ᠎ᠠ 2.28 ᠲᠥᠮᠡᠨ ᠲᠤᠯᠤᠭᠠᠢ ᠳᠤ ᠬᠦᠷᠴᠦ᠂ ᠡᠭᠦᠨ ᠳᠤ ᠠᠪᠠᠭ᠎ᠠ ᠬᠤᠰᠢᠭᠤᠨ ᠤ ᠬᠠᠷ᠎ᠠ ᠠᠳᠤᠭᠤᠨ ᠤ ᠲᠤᠭ᠎ᠠ ᠲᠤᠯᠤᠭᠠᠢ 0.64 ᠲᠥᠮᠡᠨ ᠲᠤᠯᠤᠭᠠᠢ ᠳᠤ ᠬᠦᠷᠴᠦ᠂ ᠪᠥᠬᠦ ᠬᠤᠰᠢᠭᠤᠨ ᠤ ᠠᠳᠤᠭᠤᠨ ᠤ ᠶᠡᠷᠦᠩᠬᠡᠢ ᠲᠣᠭᠠᠨ ᠤ 28% ᠶᠢ ᠡᠵᠡᠯᠡᠪᠡ᠃      ᠠᠳᠤᠭᠤᠨ ᠤ ᠠᠵᠤ ᠦᠢᠯᠡᠰ ᠤᠨ ᠬᠡᠯᠬᠢᠶᠡᠵᠢᠯ ᠤᠨ ᠬᠥᠭᠵᠢᠯᠲᠡ ᠶᠢ ᠢᠳᠡᠪᠬᠢᠲᠡᠢ ᠪᠣᠶᠢᠵᠢᠭᠤᠯᠬᠤ ᠶᠢᠨ ᠲᠤᠰᠠᠳᠠ᠂ ᠠᠪᠠᠭ᠎ᠠ ᠬᠤᠰᠢᠭᠤ ︽ᠲᠥᠷᠪᠡᠨ ᠠᠷᠭ᠎ᠠ︾ ᠠᠪᠴᠤ᠂ ᠠᠳᠤᠭᠤᠨ ᠤ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃      ᠠᠳᠤᠭᠤᠨ ᠤ ᠡᠭᠦᠯᠳᠡᠷ ᠢ ᠰᠠᠶᠢᠵᠢᠷᠠᠭᠤᠯᠬᠤ ︽ᠬᠦᠴᠦᠷᠭᠡᠭ ᠬᠡᠯᠬᠢᠶᠡᠵᠢᠯ︾ ᠪᠣᠯ ᠰᠠᠭᠤᠷᠢ ᠪᠣᠯᠣᠨ᠎ᠠ      ︽ᠠᠪᠠᠭ᠎ᠠ ᠬᠠᠷ᠎ᠠ ᠠᠳᠤᠭᠤ︾ ᠶᠢᠨ ᠭᠠᠵᠠᠷ ᠵᠦᠢ ᠶᠢᠨ ᠲᠡᠮᠳᠡᠭ ᠲᠠᠢ ᠲᠠᠷᠢᠶᠠᠯᠠᠩ ᠤᠨ ᠪᠦᠲᠦᠭᠡᠭᠳᠡᠬᠦᠨ ᠤ ᠬᠠᠮᠠᠭᠠᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠦᠰᠢᠭᠯᠡᠨ᠂ 623 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠪᠠᠶᠠᠨᠳᠤᠭ ᠰᠤᠮᠤ ᠪᠠᠷ ᠲᠥᠪ ᠪᠣᠯᠭᠠᠭᠰᠠᠨ᠂ ᠪᠥᠬᠦ ᠬᠤᠰᠢᠭᠤᠨ ᠤ ᠠᠳᠤᠭᠤ ᠮᠠᠯᠵᠢᠬᠤ ᠡᠷᠦᠬᠡ᠂ ᠠᠳᠤᠭᠤ ᠮᠠᠯᠵᠢᠬᠤ ᠬᠤᠷᠰᠢᠶᠠᠵᠢᠯ ᠪᠠ ᠠᠵᠤ ᠠᠬᠤᠶᠢᠯᠠᠯ ᠢ ᠳᠠᠶᠢᠴᠢᠯᠠᠨ ᠲᠠᠭᠠᠭᠤᠯᠤᠭᠰᠠᠨ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ 11 ᠶᠢ ᠪᠠᠶᠢᠭᠤᠯᠪᠠ᠃ ᠠᠪᠠᠭ᠎ᠠ ᠬᠠᠷ᠎ᠠ ᠠᠳᠤᠭᠤ ᠶᠢ ᠬᠠᠮᠠᠭᠠᠯᠠᠨ ᠪᠣᠶᠢᠵᠢᠭᠤᠯᠬᠤ᠂ ᠶᠠᠰᠤ ᠴᠢᠨᠠᠷ ᠢ ᠬᠢᠨᠠᠨ ᠲᠣᠭᠲᠠᠭᠠᠬᠤ ᠠᠵᠢᠯ ᠢ ᠶᠡᠬᠡᠪᠡᠷ ᠥᠷᠨᠢᠭᠦᠯᠵᠦ᠂ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠲᠡᠭᠦᠯᠳᠡᠷᠵᠢᠭᠦᠯᠦᠨ᠂ ᠠᠪᠠᠭ᠎ᠠ ᠬᠠᠷ᠎ᠠ ᠠᠳᠤᠭᠤᠨ ᠤ ᠲᠥᠷᠥᠯ ᠵᠦᠢᠯ ᠤᠨ ᠶᠠᠰᠤ ᠴᠢᠨᠠᠷ ᠢ ᠤᠯᠠᠮ ᠴᠢᠨᠠᠭᠰᠢᠳᠠ ᠳᠡᠭᠡᠭᠰᠢᠯᠡᠭᠦᠯᠪᠡ᠃ 2022 ᠣᠨ ᠤ ᠡᠪᠣᠯ ᠤᠨ ᠲᠤᠭ᠎ᠠ ᠳᠤ 30 ︱ 50 ᠲᠤᠯᠤᠭᠠᠢ ᠠᠳᠤᠭᠤ  ᠲᠠᠢ 120 ᠭᠠᠷᠤᠢ ᠮᠠᠯᠴᠢᠨ ᠡᠷᠦᠬᠡ ᠶᠢ ᠪᠣᠶᠢᠵᠢᠭᠤᠯᠵᠤ᠂ ᠠᠪᠠᠭ᠎ᠠ ᠬᠠᠷ᠎ᠠ ᠠᠳᠤᠭᠤᠨ ᠤ ᠡᠭᠦᠯᠳᠡᠷ ᠬᠠᠮᠠᠭᠠᠯᠠᠬᠤ ᠲᠠᠯᠠᠪᠠᠶ 1 ᠶᠢ ᠰᠢᠨ᠎ᠡ ᠪᠠᠷ ᠪᠠᠶᠢᠭᠤᠯᠪᠠ᠃ ᠵᠠᠰᠠᠭ ᠤᠨ ᠣᠷᠳᠣᠨ ᠤ ᠬᠥᠲᠥᠯᠥᠨ ᠳᠠᠭᠠᠭᠤᠯᠬᠤ ᠦᠢᠯᠡᠳᠦᠯ ᠢ ᠴᠢᠩᠭᠠᠷᠠᠭᠤᠯᠵᠤ᠂ ᠬᠢᠨᠠᠨ ᠲᠣᠭᠲᠠᠭᠠᠯᠲᠠ ᠳᠤ ᠬᠢᠷᠢ ᠲᠡᠩᠴᠡᠭᠰᠡᠨ ᠭᠡᠭᠦᠦ ᠶᠢ 30% ᠶᠢᠨ ᠬᠠᠷᠢᠴᠠᠯ ᠢᠶᠠᠷ  ᠂1000 ᠲᠥᠭᠦᠷᠢᠭ / ᠲᠤᠯᠤᠭᠠᠢ ᠤᠨ ᠨᠥᠬᠦᠪᠦᠷᠢ ᠶᠢᠨ ᠪᠠᠷᠢᠮᠵᠢᠶ᠎ᠠ ᠪᠠᠷ ᠨᠥᠬᠦᠪᠦᠷᠢ ᠶᠢᠨ ᠪᠡᠯᠡ ᠮᠥᠩᠭᠦ ᠶᠢ ᠣᠯᠭᠤᠨ ᠥᠭᠴᠦ᠂ ᠮᠠᠯᠴᠢᠳ ᠤᠨ ᠡᠭᠦᠯᠳᠡᠷ ᠤᠨ ᠠᠳᠤᠭᠤ ᠬᠢᠨᠠᠨ ᠲᠣᠭᠲᠠᠭᠠᠬᠤ ᠪᠠ ᠲᠡᠵᠢᠭᠡᠨ ᠦᠷᠡᠵᠢᠭᠦᠯᠬᠦ ᠢᠳᠡᠪᠬᠢᠵᠢᠯ ᠢ ᠤᠯᠠᠮ  ᠴᠢᠨᠠᠭᠰᠢᠳᠠ  ᠳᠡᠭᠡᠭᠰᠢᠯᠡᠭᠦᠯᠪᠡ᠃ ᠣᠲᠣ ᠪᠣᠯᠲᠠᠯ᠎ᠠ᠂ ᠨᠡᠶᠢᠲᠡ 865 ᠲᠤᠯᠤᠭᠠᠢ ᠠᠵᠢᠷᠭ᠎ᠠ ᠶᠢ ᠬᠢᠨᠠᠨ ᠲᠤᠭᠲᠠᠭᠠᠵᠤ᠂ 86.5 ᠲᠦᠮᠡᠨ ᠲᠥᠭᠦᠷᠢᠭ ᠤᠨ ᠬᠠᠮᠠᠭᠠᠯᠠᠯᠲᠠ ᠶᠢᠨ ᠨᠥᠬᠦᠪᠦᠷᠢ ᠣᠯᠭᠤᠪᠠ᠃      ᠴᠡᠭᠡ ᠶᠢᠨ ᠨᠡᠷᠡᠲᠦ ᠲᠡᠮᠲᠡᠭ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠥᠯᠬᠢᠨ ᠠᠬᠢᠭᠤᠯᠬᠤ ᠳᠤ᠂ ︽ᠰᠢᠯᠢᠳᠡᠭ ᠬᠡᠯᠬᠢᠶᠡᠵᠢᠯ︾ ᠪᠣᠯ ᠣᠷᠢᠳᠠᠯ ᠪᠣᠯᠣᠨ᠎ᠠ      ᠴᠡᠭᠡ ᠪᠣᠯ ᠣᠯᠠᠮᠵᠢᠯᠠᠯᠲᠦ ᠮᠣᠩᠭᠤᠯ ᠡᠮᠨᠡᠯᠭᠡ ᠳᠤ ᠰᠤᠳᠠᠯ ᠰᠢᠷᠪᠤᠰᠤᠨ ᠢ ᠨᠡᠪᠳᠡᠷᠡᠭᠦᠯᠦᠨ᠂ ᠴᠢᠰᠤ ᠮᠡᠳᠡᠷᠡᠯ ᠢ ᠰᠠᠶᠢᠵᠢᠷᠠᠭᠤᠯᠵᠤ᠂ ᠬᠤᠳᠤᠭᠤᠲᠤ ᠭᠡᠳᠡᠰᠦᠨ ᠤ ᠠᠵᠢᠯᠯᠠᠭ᠎ᠠ ᠶᠢ ᠰᠠᠶᠢᠵᠢᠷᠠᠭᠤᠯᠤᠨ ᠠᠷᠬᠠᠭ ᠡᠪᠡᠳᠴᠢᠨ ᠢ ᠡᠮᠨᠡᠨ ᠵᠠᠰᠠᠵᠤ᠂ ᠰᠢᠨ᠎ᠡ ᠬᠠᠭᠤᠴᠢᠨ ᠤ ᠰᠤᠯᠢᠯᠴᠠᠭ᠎ᠠ ᠶᠢ ᠠᠬᠢᠭᠤᠯᠤᠨ᠂ ᠬᠤᠤᠷ ᠢ ᠭᠠᠳᠠᠭᠰᠢᠯᠠᠭᠤᠯᠤᠨ᠂ ᠬᠦᠮᠦᠨ ᠤ ᠪᠡᠶ᠎ᠡ ᠶᠢᠨ ᠦᠯᠦ ᠬᠠᠯᠳᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠦᠯᠡᠮᠵᠢ ᠣᠯᠠᠨ ᠦᠢᠯᠡᠳᠦᠯ ᠲᠠᠢ ᠪᠠᠶᠢᠳᠠᠭ ᠢ ᠶᠡᠷᠦᠨᠢ ᠮᠤᠩᠭᠤᠯ ᠡᠮᠨᠡᠯᠭᠡ ᠳᠤ ᠨᠢᠯᠬ᠎ᠠ ᠬᠡᠣᠬᠡᠳ᠂ ᠨᠠᠰᠤᠲᠠᠶᠢᠴᠤᠤᠯ ᠤᠨ ᠰᠢᠩᠭᠡᠭᠡᠯᠲᠡ ᠶᠢᠨ ᠰᠢᠰᠲ᠋ᠧᠮ ᠤᠨ ᠡᠪᠡᠳᠴᠢᠨ᠂ ᠠᠭᠤᠰᠬᠢᠨ ᠤ ᠰᠦᠷᠢᠶ᠎ᠡ ᠪᠠ ᠴᠢᠰᠤ ᠳᠤᠲᠠᠬᠤ ᠡᠪᠡᠳᠴᠢᠨ ᠵᠡᠷᠭᠡ ᠶᠢ ᠵᠠᠰᠠᠬᠤ ᠡᠷᠡᠭᠦᠯᠵᠢᠯ ᠤᠨ ᠣᠮᠳᠠᠭᠠᠨ ᠤ ᠤᠬᠢ ᠰᠤᠩᠭᠤᠯᠲᠠ ᠪᠣᠯᠣᠨ᠎ᠠ᠃ ᠲᠦᠷᠦᠯ ᠵᠦᠢᠯ ᠢᠶᠠᠷ ᠲᠤᠯᠭᠠᠭᠤᠷᠢᠯᠠᠬᠤ ᠶᠢ ᠴᠢᠩᠭᠠᠳᠬᠠᠨ᠂ ᠠᠵᠤ ᠦᠢᠯᠡᠰ ᠢᠶᠠᠷ ᠳᠠᠶᠢᠴᠢᠯᠠᠨ ᠳᠠᠭᠠᠭᠤᠯᠬᠤ ᠴᠢᠳᠠᠪᠤᠷᠢ ᠶᠢ ᠳᠡᠭᠡᠭᠰᠢᠯᠡᠭᠦᠯᠪᠡ᠃ ᠤᠶᠢᠷ᠎ᠠ ᠶᠢᠨ ᠵᠢᠯ ᠳᠤ ᠠᠪᠠᠭ᠎ᠠ ᠬᠤᠰᠢᠭᠤ ᠨᠢ ᠭᠡᠬᠦᠦ ᠶᠢᠨ ᠰᠦᠨ ᠤ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠠᠭᠤᠳᠠᠯᠯᠠᠨ᠂ ᠴᠡᠭᠡ ᠶᠢᠨ ᠦᠢᠯᠡᠰ ᠤᠨ ᠭᠦᠭᠵᠢᠯᠲᠡ ᠡᠵᠡᠩᠨᠡᠯᠲᠡ ᠶᠢᠨ ᠭᠤᠣᠯ ᠴᠤᠭᠴᠠ ᠶᠢ ᠬᠦᠴᠦᠯᠡᠨ ᠪᠣᠶᠢᠵᠢᠭᠤᠯᠵᠤ᠂ ᠰᠢᠯᠢᠳᠡᠭ ᠰᠠᠶᠢᠨ ᠲᠦᠷᠦᠯ ᠵᠦᠢᠯ ᠢ ᠢᠳᠡᠪᠬᠢᠲᠡᠢ ᠬᠤᠶᠤᠴᠢᠯᠠᠨ ᠣᠯᠬᠤ ᠪᠠᠷ ᠴᠢᠷᠮᠠᠶᠢᠨ᠂ ᠨᠢᠭᠡ ᠪᠦᠯᠦᠭ ︽ᠠᠪᠠᠭ᠎ᠠ ᠨᠣᠳᠤᠭ ᠤᠨ ᠣᠨᠴᠠᠯᠢᠭᠲᠤ︾ ︿ᠠᠪᠠᠭ᠎ᠠ ᠨᠣᠳᠤᠭ ᠤᠨ ᠦᠨᠦᠷ ᠠᠮᠲᠠ︾ ᠶᠢ ᠬᠠᠷᠠᠭᠤᠯᠵᠤ ᠣᠨᠴᠠᠯᠢᠭᠲᠤ ᠲᠤᠯᠤᠭᠠᠶᠢᠯᠠᠭᠴᠢ ᠡᠯᠧᠺᠲᠷᠤᠨ ᠠᠷᠠᠯᠵᠢᠶᠠᠨ ᠤ ᠠᠵᠤ ᠠᠬᠤᠶᠢᠯᠠᠯ ᠢ ᠪᠣᠶᠢᠵᠢᠭᠤᠯᠤᠭᠰᠠᠨ ᠪᠦᠭᠡᠳ ᠰᠢᠨ᠎ᠡ ᠶᠢ ᠡᠭᠦᠳᠴᠦ᠂ ᠭᠡᠬᠦᠦ ᠶᠢᠨ ᠰᠦᠨ ᠤ ᠪᠦᠳᠦᠭᠡᠭᠳᠡᠭᠦᠨ ᠤ ᠲᠠᠨᠢᠯᠲᠠ ᠥᠷᠲᠡᠭ ᠢ ᠪᠦᠳᠦᠮᠵᠢᠲᠡᠢ ᠳᠡᠭᠡᠭᠰᠢᠯᠡᠭᠦᠯᠦᠨ᠂ ᠨᠡᠷᠢᠯᠢᠭ᠌ᠵᠢᠭᠤᠯᠤᠨ ᠡᠳ᠋ᠰᠢᠭᠦᠯᠬᠦ ᠴᠢᠳᠠᠪᠤᠷᠢ ᠪᠠᠨ ᠣᠯᠠᠮ ᠴᠢᠨᠠᠭᠰᠢᠳᠠ ᠳᠡᠭᠡᠭᠰᠢᠯᠡᠭᠦᠯᠪᠡ᠃ ᠮᠠᠯᠴᠢᠨ᠂ ᠠᠵᠤ ᠠᠬᠤᠶᠢᠯᠠᠯ ᠤᠨ ᠠᠰᠢᠭ ᠲᠤᠰᠠ ᠬᠤᠯᠪᠣᠯᠳᠤᠭᠰᠠᠨ ᠵᠣᠬᠢᠴᠠᠮᠵᠢ ᠶᠢ ᠪᠠᠶᠢᠭᠤᠯᠵᠤ᠂ ᠨᠡᠷᠡᠲᠦ ᠲᠡᠮᠳᠡᠭ ᠤᠨ ᠦᠷ᠎ᠡ ᠠᠰᠢᠭ ᠢ ᠳᠡᠭᠡᠭᠰᠢᠯᠡᠭᠦᠯᠪᠡ᠃ ᠺᠣᠮᠫᠠᠨᠢ + ᠬᠤᠷᠰᠢᠶᠠᠵᠢᠯ + ᠮᠠᠯᠵᠢᠬᠤ ᠡᠷᠦᠬᠡ ᠶᠢᠨ ᠵᠠᠭᠪᠣᠷ ᠢᠶᠠᠷ ᠳᠠᠮᠵᠢᠨ᠂ ᠤᠷᠤᠨ ᠨᠣᠳᠤᠭ ᠤᠨ ᠣᠨᠴᠠᠯᠢᠭᠲᠤ ᠴᠡᠭᠡ ᠶᠢᠨ ᠨᠡᠷᠡᠲᠦ ᠲᠡᠮᠳᠡᠭ—— ᠠᠪᠠᠭ᠎ᠠ ᠴᠡᠭᠡ ᠶᠢ ᠴᠤᠭᠴᠠᠯᠠᠨ᠂ ᠲᠤᠯᠤᠭᠠᠶᠢᠯᠠᠭᠴᠢ ᠠᠵᠤ ᠠᠬᠤᠶᠢᠯᠠᠯ᠂ ᠬᠤᠷᠰᠢᠶᠠᠵᠢᠯ ᠪᠠ ᠮᠠᠯᠵᠢᠬᠤ ᠡᠷᠦᠬᠡ ᠶᠢᠨ ᠬᠤᠭᠤᠷᠤᠨᠳᠤᠬᠢ ᠵᠣᠬᠢᠰᠲᠠᠢ ᠦᠷ᠎ᠡ ᠠᠰᠢᠭ ᠤᠨ ᠬᠤᠪᠢᠶᠠᠷᠢᠯᠠᠯ ᠤᠨ ᠤᠷᠴᠢᠨ ᠢ ᠪᠦᠷᠢᠯᠳᠦᠭᠦᠯᠵᠦ᠂ ᠮᠠᠯᠴᠢᠳ ᠤᠨ ᠤᠷᠤᠯᠭ᠎ᠠ ᠶᠢᠨ ᠲᠤᠭᠲᠠᠭᠤᠨ ᠨᠡᠮᠡᠭᠳᠡᠯ ᠢ ᠦᠷᠭᠦᠯᠵᠢᠯᠡᠨ ᠳᠠᠶᠢᠴᠢᠯᠠᠪᠠ᠃ 2021 ᠣᠨ ᠳᠤ ᠪᠦᠬᠦ ᠬᠤᠰᠢᠭᠤᠨ ᠤ ᠴᠡᠭᠡ ᠶᠢᠨ ᠪᠣᠷᠣᠯᠠᠭᠤᠯᠭ᠎ᠠ ᠶᠢᠨ ᠬᠡᠮᠵᠢᠶ᠎ᠡ 400 ᠲᠤᠨ ᠳᠤ ᠬᠦᠷᠴᠦ᠂ 1000 ᠭᠠᠷᠤᠢ ᠲᠥᠮᠡᠨ ᠲᠦᠭᠦᠷᠢᠭ ᠤᠨ ᠤᠷᠤᠯᠭ᠎ᠠ ᠶᠢ ᠪᠡᠶᠡᠯᠡᠭᠦᠯᠪᠡ᠃ ᠬᠠᠩᠭᠠᠯᠭ᠎ᠠ ᠶᠢᠨ ᠠᠷᠠᠯᠵᠢᠶᠠᠴᠢᠨ᠂ ᠲᠤᠷᠭᠠᠭᠤᠯᠢ᠂ ᠠᠵᠤ ᠠᠬᠤᠶᠢᠯᠠᠯ ᠤᠨ ᠬᠠᠮᠳᠤᠷᠠᠯᠴᠠᠭᠰᠠᠨ ᠵᠠᠭᠪᠣᠷ ᠢᠶᠠᠷ᠂ ᠰᠢᠨᠵᠢᠯᠡᠬᠦ ᠮᠡᠷᠭᠡᠵᠢᠯ ᠤᠨ ᠠᠭᠤᠯᠤᠭᠳᠠᠴᠠ ᠶᠢ ᠳᠡᠭᠡᠭᠰᠢᠯᠡᠭᠦᠯᠪᠡ᠃ ᠦᠪᠣᠷ ᠮᠤᠩᠭᠤᠯ ᠤᠨ ᠢᠰᠭᠡ ᠠᠮᠢᠳᠤ ᠪᠣᠳᠠᠰ ᠤᠨ ᠰᠢᠨᠵᠢᠯᠡᠬᠦ ᠮᠡᠷᠭᠡᠵᠢᠯ ᠤᠨ ᠬᠢᠵᠠᠭᠠᠷᠲᠤ ᠺᠣᠮᠫᠠᠨᠢ ᠪᠠ ︽4 + 8 + N︾ ᠭᠠᠵᠠᠷ ᠤᠷᠤᠨ ᠤ ᠲᠤᠮᠳᠠᠳᠤ ᠤᠯᠤᠰ ᠤᠨ ᠰᠢᠨᠵᠢᠯᠡᠬᠦ ᠣᠬᠠᠭᠠᠨ ᠤ ᠲᠡᠭᠡᠲᠦ ᠰᠤᠷᠭᠠᠭᠤᠯᠢ ᠶᠢᠨ ᠬᠤᠮᠠᠬᠢ ᠠᠮᠢᠳᠤ ᠪᠣᠳᠠᠰ ᠤᠨ ᠰᠤᠳᠤᠯᠭᠠᠨ ᠤ ᠭᠠᠵᠠᠷ ᠤᠨ ᠬᠠᠮᠳᠤᠷᠠᠯᠴᠠᠭᠰᠠᠨ ᠬᠠᠷᠢᠴᠠᠭ᠎ᠠ ᠶᠢ ᠬᠦᠴᠦᠯᠡᠨ ᠳᠡᠮᠵᠢᠵᠦ᠂ ᠭᠡᠭᠦᠦ ᠶᠢᠨ ᠰᠦᠨ ᠤ ᠪᠦᠳᠦᠭᠡᠭᠳᠡᠭᠦᠨ ᠤ ᠰᠢᠨᠵᠢᠯᠡᠬᠦ ᠮᠡᠷᠭᠡᠵᠢᠯ ᠤᠨ ᠠᠭᠤᠯᠤᠭᠳᠠᠬᠤᠨ ᠢ ᠳᠡᠭᠡᠭᠰᠢᠯᠡᠭᠦᠯᠦᠨ ᠵᠠᠬ᠎ᠠ ᠲᠡᠯᠭᠡᠭᠦᠷ ᠤᠨ ᠨᠦᠯᠦᠭᠡᠯᠡᠬᠦ ᠬᠦᠴᠦᠨ ᠢ ᠦᠷᠭᠡᠳᠬᠡᠵᠦ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠣᠯᠴᠠᠭᠰᠠᠨ ᠬᠦᠭᠵᠢᠯᠲᠡ ᠶᠢ ᠠᠬᠢᠭᠤᠯᠤᠨ᠂ ᠠᠪᠠᠭ᠎ᠠ ᠬᠤᠰᠢᠭᠤᠨ ᠤ ᠦᠨᠳᠦᠰᠦᠲᠡᠨ ᠤ ᠣᠯᠠᠮᠵᠢᠯᠠᠯᠲᠦ ᠴᠠᠭᠠᠨ ᠢᠳᠡᠭᠡᠨ ᠤ ᠦᠢᠯᠡᠳᠭᠦᠨ ᠤ ᠴᠢᠨᠠᠷ ᠴᠢᠨᠰᠠᠭ᠎ᠠ ᠶᠢ ᠰᠠᠶᠢᠵᠢᠷᠠᠭᠤᠯᠤᠨ ᠲᠡᠰ ᠳᠡᠪᠰᠢᠭᠦᠯᠬᠦ᠂ ᠨᠡᠷᠡᠲᠦ ᠲᠡᠮᠳᠡᠭ ᠢ ᠴᠤᠭᠴᠠᠯᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠭᠡᠬᠦᠦ ᠶᠢᠨ ᠰᠦ ᠶᠢ ᠨᠠᠷᠢᠯᠢᠭᠵᠢᠭᠤᠯᠤᠨ ᠡᠳ᠋ᠰᠢᠭᠦᠯᠬᠦ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ ᠂ ᠬᠡᠪᠴᠢᠶᠠᠵᠢᠭ᠍ᠰᠡᠨ ᠠᠷᠠᠴᠢᠯᠠᠭ᠎ᠠ ᠲᠡᠵᠢᠭᠡᠯᠭᠡ ᠶᠢ ᠪᠡᠶᠡᠯᠡᠭᠦᠯᠪᠡ᠃ ᠠᠪᠠᠭ᠎ᠠ ᠬᠤᠰᠢᠭᠤ ᠨᠢ ︽ᠠᠵᠤ ᠦᠢᠯᠡᠰ ᠢ ᠲᠦᠪᠯᠡᠷᠡᠭᠦᠯᠬᠦ᠂ ᠠᠵᠤ ᠦᠢᠯᠡᠰ ᠢ ᠣᠯᠠᠨ ᠡᠰᠢᠵᠢᠬᠦᠯᠬᠦ᠂ ᠠᠵᠤ ᠦᠢᠯᠡᠰ ᠢ ᠣᠷᠳᠤᠳᠬᠠᠬᠤ᠂ ᠠᠵᠤ ᠦᠢᠯᠡᠰ ᠢ ᠳᠡᠰ ᠳᠡᠪᠰᠢᠭᠦᠯᠬᠦ︾ ᠱᠠᠭᠠᠷᠳᠠᠯᠭ᠎ᠠ ᠶᠤᠰᠤᠭᠠᠷ᠂ ᠴᠡᠭᠡ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠬᠦᠴᠦᠯᠠᠨ ᠪᠠᠶᠢᠭᠤᠯᠵᠤ᠂ ᠠᠪᠠᠭ᠎ᠠ ᠪᠣᠷᠣᠲᠤ ᠠᠷᠠᠴᠢᠯᠠᠭ᠎ᠠ ᠲᠡᠵᠢᠭᠡᠯᠭᠡ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠳᠤ 2021 ᠣᠨ ᠤ ᠭᠡᠬᠦᠦ ᠶᠢᠨ ᠰᠦᠨ ᠤ ᠣᠨᠴᠠᠯᠢᠭᠲᠤ ᠡᠳ᠋ᠰᠢᠭᠦᠯᠭᠡ ᠶᠢᠨ ᠲᠤᠷᠰᠢᠯᠲᠠ ᠶᠢᠨ ᠴᠡᠭ ᠤᠨ ᠲᠦᠷᠦᠯ ᠵᠦᠢᠯ᠂ ᠠᠪᠠᠭ᠎ᠠ ᠬᠤᠰᠢᠭᠤᠨ ᠤ ᠮᠢᠩ ᠶᠠᠨ ᠴᠠᠭᠠᠨ ᠢᠳᠡᠭᠡᠨ ᠤ ᠦᠢᠯᠡᠳᠭᠦᠨ ᠤ ᠬᠢᠵᠠᠭᠠᠷᠲᠤ ᠺᠤᠮᠫᠠᠨᠢ ᠶᠢᠨ ᠭᠡᠬᠦᠦ ᠶᠢᠨ ᠰᠦ ᠡᠳ᠋ᠰᠢᠬᠦᠯᠬᠦ ᠲᠤᠷᠰᠢᠯᠲᠠ ᠶᠢᠨ ᠴᠡᠭ ᠤᠨ ᠦᠭᠡᠷᠡᠴᠢᠯᠡᠨ ᠰᠠᠶᠢᠵᠢᠷᠠᠭᠤᠯᠬᠤ ᠲᠦᠷᠦᠯ ᠵᠦᠢᠯ ᠢ ᠬᠡᠷᠡᠭᠵᠢᠭᠦᠯᠬᠦ ᠪᠠᠷ ᠳᠠᠮᠵᠢᠨ᠂ ᠠᠪᠠᠭ᠎ᠠ ᠬᠠᠷ᠎ᠠ ᠠᠳᠤᠭᠤᠨ ᠤ ᠭᠡᠬᠦᠦ ᠶᠢᠨ ᠰᠦᠨ ᠤ ᠢᠳᠡᠭᠡᠨ ᠤ ᠲᠤᠷᠰᠢᠯᠲᠠ ᠶᠢᠨ ᠴᠡᠭ ᠤᠨ ᠦᠭᠡᠷᠡᠴᠢᠯᠡᠨ ᠰᠠᠶᠢᠵᠢᠷᠠᠭᠤᠯᠬᠤ ᠦᠢᠯᠡᠳᠪᠤᠷᠢ ᠶᠢ ᠰᠢᠨ᠎ᠡ ᠪᠠᠷ ᠪᠠᠶᠢᠭᠤᠯᠵᠤ᠂ ᠦᠢᠯᠡᠳᠪᠤᠷᠢᠯᠡᠯ ᠤᠨ ᠲᠦᠬᠦᠭᠡᠷᠦᠮᠵᠢ ᠪᠠ ᠨᠦᠬᠦᠴᠡᠯ ᠢ ᠰᠠᠶᠢᠵᠢᠷᠠᠭᠤᠯᠤᠨ᠂ ᠦᠢᠯᠡᠳᠪᠤᠷᠢᠯᠡᠯ ᠤᠨ ᠬᠡᠪᠴᠢᠶ᠎ᠡ ᠶᠢ ᠦᠷᠭᠡᠳᠬᠡᠪᠡ᠃ ᠳᠦᠰᠦᠪᠯᠡᠭᠰᠡᠨ ᠢᠶᠠᠷ ᠲᠡᠭᠡᠷᠡᠬᠢ ᠬᠤᠶᠠᠷ ᠲᠦᠷᠦᠯ ᠵᠦᠢᠯ ᠨᠢ ᠠᠰᠢᠭᠯᠠᠯᠲᠠ ᠳᠤ ᠤᠷᠤᠭᠰᠠᠨ ᠤ ᠳᠠᠷᠠᠭ᠎ᠠ ᠵᠢᠯ ᠳᠤ 12 ᠲᠤᠨ ᠠᠴᠠ ᠳᠡᠭᠡᠭᠰᠢ ᠭᠡᠬᠦᠦ ᠶᠢᠨ ᠰᠦ ᠪᠣᠷᠣᠯᠠᠭᠤᠯᠵᠤ᠂ ᠵᠢᠯ ᠤᠨ ᠪᠣᠷᠣᠯᠠᠭᠤᠯᠭ᠎ᠠ ᠶᠢᠨ ᠤᠷᠤᠯᠭ᠎ᠠ ᠨᠢ 140 ᠲᠥᠮᠡᠨ ᠲᠤᠨ ᠠᠴᠠ ᠳᠡᠭᠡᠭᠰᠢ ᠬᠦᠷᠬᠦ ᠪᠣᠯᠣᠨ᠎ᠠ᠃      ᠡᠮᠨᠡᠯᠭᠡ ᠡᠷᠡᠭᠦᠯᠵᠢᠯ ᠢ ᠣᠶᠠᠯᠳᠤᠭᠤᠯᠤᠭᠰᠠᠨ ᠰᠢᠨ᠎ᠡ ᠵᠠᠭᠪᠣᠷ ᠢ ᠰᠦᠪᠡᠭᠴᠢᠯᠡᠬᠦ ᠳᠤ ︽ᠬᠡᠯᠬᠢᠶᠠᠵᠢᠯ ᠢ ᠤᠷᠳᠤᠳᠬᠠᠬᠤ︾ ᠪᠣᠯ ᠵᠠᠩᠬᠢᠯᠠᠭ᠎ᠠ ᠪᠣᠯᠣᠨ᠎ᠠ      ᠰᠤᠶᠤᠯ ᠵᠤᠭᠠᠴᠠᠯ ᠪᠠ ᠲᠠᠯ᠎ᠠ ᠨᠣᠳᠤᠭ ᠤᠨ ᠠᠮᠢ ᠠᠬᠤᠢ᠂ ᠭᠠᠵᠠᠷ ᠤᠷᠤᠨ ᠤ ᠤᠨᠴᠠᠯᠢᠭ᠂ ᠤᠳᠤᠬᠢᠴᠢᠯᠠᠭᠰᠠᠨ ᠮᠠᠯ ᠠᠵᠤ ᠠᠬᠤᠢ᠂ ᠭᠠᠵᠠᠷ ᠤᠷᠤᠨ ᠤ ᠤᠨᠴᠠᠯᠢᠭᠲᠤ ᠪᠦᠳᠦᠭᠡᠭᠳᠡᠭᠦᠨ᠂ ᠠᠷᠠᠳ ᠤᠨ ᠵᠠᠩ ᠦᠢᠯᠡ᠂ ᠮᠤᠩᠭᠤᠯ ᠡᠮ ᠡᠮᠨᠡᠯᠭᠡ ᠵᠡᠷᠭᠡ ᠶᠢ ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠠᠮᠢ ᠠᠬᠤᠢ ᠶᠢᠨ ᠡᠬᠢ ᠪᠠᠶᠠᠯᠢᠭ ᠪᠠ ᠬᠠᠷ᠎ᠠ ᠠᠳᠤᠭᠤᠨ ᠤ ᠠᠷᠠᠴᠢᠯᠠᠭ᠎ᠠ ᠲᠡᠵᠢᠭᠡᠯᠭᠡ ᠶᠢᠨ ᠳᠠᠪᠠᠭᠤᠯᠢᠭ ᠲᠤ ᠪᠠᠨ ᠲᠥᠰᠢᠭᠯᠡᠨ᠂ ᠠᠮᠢ ᠠᠬᠤᠢ ᠶᠢᠨ ᠵᠣᠭᠠᠴᠠᠯ᠂ ᠠᠷᠠᠳ ᠤᠨ ᠵᠠᠩ ᠦᠢᠯᠡ ᠶᠢᠨ ᠵᠤᠭᠠᠴᠠᠯ ᠪᠠ ᠡᠮᠴᠢᠯᠡᠭᠡ ᠡᠷᠡᠭᠦᠯᠵᠢᠯ ᠤᠨ ᠣᠷᠭᠠᠨᠢᠭ ᠤᠶᠠᠯᠳᠤᠯ ᠢ ᠪᠡᠶᠡᠯᠡᠭᠦᠯᠪᠡ᠃      ᠵᠢᠱᠢᠶᠡᠯᠡᠪᠡᠯ᠄ ᠠᠪᠠᠭ᠎ᠠ ᠬᠤᠰᠢᠭᠤᠨ ᠤ ᠵᠢᠷᠭᠠᠯᠠᠩᠲᠦ ᠰᠣᠮᠣᠨ ᠤ ᠬᠠᠶᠢᠷᠬᠠᠨ ᠭᠠᠴᠠᠭ᠎ᠠ ᠨᠢ ᠲᠤᠰ ᠬᠤᠰᠢᠭᠤᠨ ᠤ ᠬᠤᠶᠢᠲᠦ ᠭᠡᠰᠡᠭ ᠲᠤ ᠪᠠᠶᠢᠷᠢᠯᠠᠵᠤ᠂ ᠦᠷᠭᠡᠨ ᠠᠭᠤᠳᠠᠮ ᠨᠣᠳᠤᠭ ᠲᠠᠢ᠂ ᠥᠩ ᠰᠢᠮᠡᠯᠢᠭ ᠪᠡᠯᠴᠢᠭᠡᠷ  ᠲᠠᠢ᠂ ᠠᠳᠤᠭᠤᠨ ᠰᠤᠶᠤᠯ ᠤᠨ ᠥᠨᠢ ᠣᠳᠠᠭᠠᠨ ᠲᠡᠣᠬᠡ ᠠᠷᠠᠨᠰᠢᠨ ᠲᠠᠢ ᠰᠠᠶᠢᠨ ᠭᠠᠵᠠᠷ ᠶᠤᠮᠰᠠᠨ᠃ ᠤᠶᠢᠷ᠎ᠠ ᠶᠢᠨ ᠵᠢᠯ ᠳᠤ ᠲᠤᠰ ᠭᠠᠴᠠᠭ᠎ᠠ ᠨᠢ ᠠᠳᠤᠭᠤ ᠣᠯᠠᠨᠲᠠᠢ᠂ ᠨᠣᠳᠤᠭ ᠠᠭᠤᠵᠢᠭᠤ ᠳᠠᠪᠠᠭᠤᠯᠢᠭ ᠲᠤ ᠬᠠᠨᠳᠤᠭᠤᠯᠤᠨ᠂ ᠴᠦᠬᠡᠨ ᠲᠤᠭᠠᠲᠤ ᠦᠨᠳᠦᠰᠦᠲᠡᠨ ᠢ ᠬᠦᠭᠵᠢᠬᠦᠯᠬᠦ ᠲᠦᠷᠦᠯ ᠵᠦᠢᠯ ᠳᠤ ᠲᠥᠰᠢᠭᠯᠡᠨ᠂ 260 ᠲᠥᠮᠡᠨ ᠲᠦᠭᠦᠷᠢᠭ ᠤᠨ ᠪᠡᠯᠡ ᠤᠷᠤᠭᠤᠯᠵᠤ᠂ ᠴᠡᠭᠡ ᠶᠢᠨ ᠡᠷᠡᠭᠦᠯᠵᠢᠯ ᠰᠤᠪᠢᠯᠠᠯᠲᠠ ᠪᠠ ᠰᠡᠯᠡᠭᠦᠴᠡᠯ ᠵᠤᠭᠠᠴᠠᠯ ᠢᠶᠠᠷ ᠭᠤᠣᠯ ᠠᠭᠤᠯᠭ᠎ᠠ ᠪᠣᠯᠭᠠᠭᠰᠠᠨ ᠡᠮᠴᠢᠯᠡᠭᠡ ᠰᠣᠪᠢᠯᠠᠯᠲᠠ ᠶᠢ ᠤᠶᠠᠯᠳᠤᠭᠤᠯᠤᠭᠰᠠᠨ ᠴᠡᠭᠡ ᠶᠢᠨ ᠡᠮᠴᠢᠯᠡᠭᠡ ᠰᠤᠪᠢᠯᠠᠯᠲᠠ ᠶᠢᠨ ᠰᠠᠭᠤᠷᠢᠨ ᠭᠠᠵᠠᠷ ᠢ ᠪᠠᠶᠢᠭᠤᠯᠪᠠ᠃ ᠠᠳᠤᠭᠤᠨ ᠤ ᠠᠵᠤ ᠦᠢᠯᠡᠰ ᠤᠨ ᠬᠦᠭᠵᠢᠯᠲᠡ ᠪᠠᠷ ᠭᠠᠷᠳᠠᠴᠠ ᠪᠣᠯᠭᠠᠬᠤ ᠶᠢ ᠪᠡᠶᠡᠯᠡᠭᠦᠯᠦᠨ᠂ ᠮᠠᠯᠵᠢᠬᠤ ᠡᠷᠦᠬᠡ ᠶᠢᠨ ᠠᠵᠤ ᠦᠢᠯᠡᠰ ᠤᠨ ᠪᠦᠳᠦᠴᠡ ᠳᠤ ᠳᠤᠬᠢᠷᠠᠭᠤᠯᠤᠯᠲᠠ ᠬᠢᠬᠦ ᠶᠢ ᠠᠬᠢᠭᠤᠯᠤᠨ ᠂ ᠮᠠᠯ ᠠᠵᠤ ᠠᠬᠤᠢ ᠶᠢᠨ ᠬᠦᠭᠵᠢᠯᠲᠡ ᠶᠢᠨ ᠲᠤᠰᠬᠠᠶᠢᠵᠢᠯᠲᠠ᠂ ᠬᠡᠪᠴᠢᠶᠡᠵᠢᠯᠲᠡ ᠶᠢ ᠲᠥᠯᠬᠢᠨ ᠠᠬᠢᠭᠤᠯᠵᠤ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ᠂ ᠠᠮᠢ ᠠᠬᠤᠢ ᠶᠢᠨ ᠠᠵᠤ ᠦᠢᠯᠡᠰ ᠤᠨ ᠬᠦᠭᠵᠢᠯᠲᠡ᠂ ᠠᠮᠢ ᠠᠬᠤᠢ ᠶᠢᠨ ᠦᠷ᠎ᠡ ᠠᠰᠢᠭ ᠢ ᠬᠠᠮᠲᠤ ᠪᠠᠷ ᠡᠳ᠋ᠯᠡᠭᠰᠡᠨ ᠣᠯᠠᠨ ᠠᠰᠢᠭᠲᠤ ᠪᠠᠶᠢᠳᠠᠯ ᠪᠠ ᠣᠬᠢ ᠰᠠᠶᠢᠨ ᠬᠦᠭᠵᠢᠯᠲᠡ ᠶᠢᠨ ᠬᠡᠯᠪᠡᠷᠢ ᠶᠢ ᠪᠦᠷᠢᠯᠳᠦᠭᠦᠯᠬᠦ ᠶᠢ ᠲᠥᠯᠬᠢᠨ ᠠᠬᠢᠭᠤᠯᠪᠠ᠃ ᠲᠤᠰ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠡᠷᠦᠩᠬᠡᠢ ᠲᠠᠯᠠᠪᠠᠢ 6000 ᠮᠦ ᠪᠠᠶᠢᠵᠤ᠂ ᠠᠰᠢᠭᠯᠠᠯᠲᠠ ᠳᠤ ᠤᠷᠤᠭᠰᠠᠨ ᠤ ᠳᠠᠷᠠᠭ᠎ᠠ 1000 ᠭᠠᠷᠤᠢ ᠵᠤᠭᠠᠴᠠᠭᠰᠠᠳ ᠢ ᠬᠦᠯᠢᠶᠡᠨ ᠵᠤᠴᠢᠯᠠᠵᠤ ᠳᠡᠶᠢᠯᠬᠦ ᠪᠣᠯᠣᠨ᠎ᠠ᠃ ᠣᠳᠤᠬᠠᠨ ᠳᠤ᠂ 20 ᠲᠤᠯᠤᠭᠠᠢ ᠭᠡᠬᠦᠦ ᠠᠷᠠᠴᠢᠯᠠᠨ ᠲᠡᠵᠢᠭᠡᠵᠦ᠂ ᠵᠢᠯ ᠳᠤ 10 ᠲᠤᠨ ᠭᠡᠬᠦᠦ ᠶᠢᠨ ᠰᠦ ᠡᠳ᠋ᠰᠢᠭᠦᠯᠦᠨ ᠪᠣᠷᠣᠯᠠᠭᠤᠯᠵᠤ᠂ ᠵᠢᠯ ᠤᠨ ᠤᠷᠤᠯᠭ᠎ᠠ  ᠨᠢ ᠲᠥᠮᠡ ᠭᠠᠷᠤᠢ ᠲᠦᠭᠦᠷᠢᠭ ᠲᠤ ᠬᠦᠷᠴᠦ ᠪᠣᠢ᠃      ᠵᠤᠬᠢᠴᠠᠮᠵᠢ ᠶᠢ ᠰᠢᠨᠡᠴᠢᠯᠡᠨ᠂ ᠬᠦᠭᠵᠢᠯᠲᠡ ᠶᠢ ᠠᠬᠢᠭᠤᠯᠵᠤ᠂ ᠡᠮᠴᠢᠯᠡᠭᠡ ᠰᠤᠪᠢᠯᠠᠯᠲᠠ ᠶᠢ ᠣᠶᠠᠯᠳᠤᠭᠤᠯᠤᠨ᠂ ᠠᠷᠠᠳ ᠲᠤ ᠠᠰᠢᠭ ᠬᠦᠷᠲᠡᠭᠡᠪᠡ᠃ ︽ᠦᠨᠳᠦᠰᠦᠨ ᠱᠠᠳᠤᠨ ᠤ ᠡᠷᠡᠬᠦᠯ ᠬᠠᠮᠠᠭᠠᠯᠠᠯ ᠤᠨ ᠬᠦᠷᠢᠶ᠎ᠡ + ᠠᠵᠤ ᠠᠬᠤᠶᠢᠯᠠᠯ + ᠬᠠᠷ᠎ᠠ ᠠᠳᠤᠭᠤᠨ ᠤ ᠠᠷᠠᠴᠢᠯᠠᠭ᠎ᠠ ᠲᠡᠵᠢᠭᠡᠯᠭᠡ ᠶᠢᠨ ᠡᠷᠦᠬᠡ︾ ᠶᠢᠨ ᠦᠷ᠎ᠡ ᠠᠰᠢᠭ ᠬᠤᠯᠪᠣᠯᠳᠤᠭᠰᠠᠨ ᠵᠣᠬᠢᠴᠠᠮᠵᠢ ᠶᠢ ᠢᠳᠡᠪᠬᠢᠲᠡᠢ ᠰᠦᠪᠡᠭᠴᠢᠯᠡᠪᠡ᠃ ᠬᠢᠵᠢᠭ ᠤᠨ ᠨᠦᠯᠦᠭᠡ ᠠᠴᠠ ᠪᠣᠯᠵᠤ᠂ ᠵᠣᠭᠠᠴᠠᠭᠰᠠᠳ ᠬᠤᠯᠠ ᠠᠶᠠᠯᠠᠨ ᠵᠤᠭᠠᠴᠠᠬᠤ ᠦᠭᠡᠢ ᠪᠠᠶᠢᠬᠤ ᠱᠠᠭᠠᠷᠳᠠᠯᠭ᠎ᠠ ᠶᠢ ᠦᠨᠳᠦᠰᠦᠯᠡᠨ ᠵᠤᠭᠠᠴᠠᠯ ᠤᠨ ᠦᠢᠯᠡᠰ ᠤᠨ ᠬᠦᠭᠵᠢᠯᠲᠡ ᠶᠢᠨ ᠰᠡᠳᠬᠢᠴᠡ ᠪᠠᠨ ᠢᠳᠡᠪᠬᠢᠲᠡᠢ ᠬᠤᠪᠢᠷᠠᠭᠤᠯᠤᠨ᠂ ᠰᠢᠯᠢ ᠶᠢᠨ ᠬᠤᠲᠠ ᠠᠴᠠ ᠤᠶᠢᠷᠠᠬᠠᠨ ᠪᠠᠶᠢᠬᠤ ᠭᠠᠵᠠᠷ ᠤᠨ ᠪᠠᠶᠢᠴᠠ ᠳᠠᠪᠠᠭᠤᠯᠢᠭ ᠢᠶᠠᠨ ᠭᠦᠢᠴᠡᠳ ᠠᠰᠢᠭᠯᠠᠨ᠂ ᠪᠡᠯᠭᠦᠳᠡᠢ ᠪᠠᠯᠭᠠᠰᠤᠨ ᠤ ᠰᠠᠭᠤᠭ᠎ᠠ ᠭᠠᠵᠠᠷ ᠠᠴᠠ ᠪᠠᠷᠠᠭᠤᠨ ᠡᠮᠦᠨᠡᠰᠢ 15 ᠺᠢᠯᠤᠮᠧᠲᠷ ᠤᠨ ᠪᠠᠶᠢᠷᠢᠰᠢᠯ ᠳᠤ ᠴᠡᠩᠭᠡᠯᠪᠣᠯᠠᠭ ᠮᠤᠩᠭᠤᠯ ᠡᠮ ᠡᠮᠨᠡᠯᠭᠡ ᠶᠢᠨ ᠤᠨᠴᠠᠯᠢᠭᠲᠤ ᠠᠮᠢ ᠠᠬᠤᠢ ᠶᠢᠨ ᠰᠤᠪᠢᠯᠠᠯᠲᠠ ᠶᠢᠨ ᠰᠠᠭᠤᠷᠢᠨ ᠭᠠᠵᠠᠷ ᠢ ᠬᠠᠮᠳᠤᠷᠠᠨ ᠪᠠᠶᠢᠭᠤᠯᠵᠤ᠂ ᠣᠯᠠᠮᠵᠢᠯᠠᠯᠲᠦ ᠮᠤᠩᠭᠤᠯ ᠡᠮᠨᠡᠯᠭᠡ ᠶᠢᠨ ᠴᠡᠭᠡ ᠵᠠᠰᠠᠯ᠂ ᠮᠦᠩᠭᠦᠨ ᠵᠡᠭᠦᠦ ᠬᠠᠳᠬᠤᠬᠤ᠂ ᠢᠯᠢᠵᠦ ᠨᠤᠬᠤᠯᠠᠬᠤ᠂ ᠡᠮ ᠣᠬᠢᠶᠠᠯᠭ᠎ᠠ ᠵᠡᠷᠭᠡ ᠡᠷᠡᠭᠦᠯᠵᠢᠯ ᠰᠤᠪᠢᠯᠯᠠᠲᠠ ᠶᠢᠨ ᠬᠡᠯᠪᠡᠷᠢ ᠪᠠᠷ ᠳᠠᠮᠵᠢᠨ ᠲᠠᠯ᠎ᠠ ᠨᠣᠳᠤᠭ ᠤᠨ ᠠᠷᠠᠳ ᠤᠨ ᠵᠠᠩ ᠦᠢᠯᠡ ᠶᠢᠨ ᠰᠤᠶᠤᠯ ᠢ ᠣᠶᠢᠯᠠᠭᠠᠨ ᠮᠡᠳᠡᠷᠡᠬᠦ ᠶᠢᠨ ᠬᠠᠮᠲᠤ ᠡᠷᠡᠭᠦᠯᠵᠢᠯ ᠰᠤᠪᠢᠯᠠᠯᠲᠠ ᠶᠢᠨ ᠬᠠᠷᠠᠯᠲᠠ ᠳᠤ ᠪᠠᠨ ᠠᠷᠭ᠎ᠠ ᠵᠠᠮ ᠢᠶᠠᠨ ᠣᠯᠠᠮ ᠴᠢᠨᠠᠭᠰᠢᠳᠠ ᠦᠷᠭᠡᠳᠬᠡᠵᠦ᠂ ᠪᠦᠬᠦ ᠬᠤᠰᠢᠭᠤᠨ ᠤ ᠵᠤᠭᠠᠴᠠᠯ ᠦᠢᠯᠡᠴᠢᠯᠡᠭᠡᠨ ᠤ ᠵᠦᠭᠡᠯᠡᠨ ᠪᠤᠳᠠᠳᠤ ᠬᠦᠴᠦᠨ ᠢ ᠪᠦᠳᠦᠮᠵᠢᠲᠠᠢ ᠳᠡᠭᠡᠭᠰᠢᠯᠡᠭᠦᠯᠦᠨ᠂ ᠠᠪᠠᠭ᠎ᠠ ᠬᠤᠰᠢᠭᠤᠨ ᠤ ᠤᠳᠤᠬᠠᠨ ᠤ ᠬᠢᠵᠢᠭ ᠤᠨ ᠨᠦᠯᠦᠭᠡ ᠳᠤ ᠬᠠᠨᠳᠣᠭᠤᠯᠣᠭᠰᠠᠨ ᠣᠯᠠᠨ ᠬᠡᠯᠪᠡᠷᠢ ᠮᠠᠶ᠋ᠢᠭ ᠤᠨ᠂ ᠤᠨᠴᠠᠯᠢᠭᠲᠤ ᠵᠤᠭᠠᠴᠠᠯ ᠤᠨ ᠬᠦᠭᠵᠢᠯᠲᠡ ᠳᠤ ᠵᠢᠱᠢᠶᠡᠴᠢ ᠳᠠᠭᠠᠭᠤᠯᠤᠭᠴᠢ ᠶᠢᠨ ᠦᠢᠯᠡᠳᠦᠯ ᠦᠵᠡᠭᠦᠯᠪᠡ᠃ 2021 ᠣᠨ ᠳᠤ ᠲᠤᠰ ᠰᠠᠭᠤᠷᠢᠨ ᠭᠠᠵᠠᠷ ᠨᠢ 14 ᠲᠥᠮᠡ ᠭᠠᠷᠤᠢ ᠲᠦᠭᠦᠷᠢᠭ ᠤᠨ ᠤᠷᠤᠯᠭ᠎ᠠ ᠶᠢᠨ ᠨᠡᠮᠡᠭᠳᠡᠯ ᠢ ᠪᠡᠶᠡᠯᠡᠭᠦᠯᠦᠨ᠂ 15 ᠬᠦᠮᠦᠨ ᠤ ᠠᠵᠢᠯ ᠣᠯᠭᠤᠯᠲᠠ ᠶᠢᠨ ᠠᠰᠠᠭᠤᠳᠠᠯ ᠢ ᠰᠢᠢᠳᠪᠤᠷᠢᠯᠡᠪᠡ ᠃ ᠡᠭᠦᠨ ᠤ ᠬᠠᠮᠲᠤ ᠲᠤᠰ ᠰᠠᠭᠤᠷᠢᠨ ᠭᠠᠵᠠᠷ ᠨᠢ ᠡᠵᠡᠩᠨᠡᠯᠲᠡ ᠶᠢᠨ ᠠᠰᠢᠭ ᠤᠷᠤᠯᠭ᠎ᠠ ᠠᠴᠠ ᠪᠠᠨ ᠲᠤᠰᠬᠠᠶᠢᠯᠠᠨ ᠭᠠᠷᠭᠠᠵᠤ᠂ ᠬᠠᠯᠠᠮᠵᠢ ᠨᠠᠰᠤᠲᠠᠶᠢᠴᠤᠤᠯ ᠤᠨ ᠦᠢᠯᠡᠴᠢᠯᠡᠭᠡᠨ ᠤ ᠲᠥᠪ ᠤᠨ 10 ᠭᠠᠷᠤᠢ ᠨᠡᠷ᠎ᠡ ᠨᠠᠰᠤᠲᠠᠶᠢᠴᠤᠳ ᠲᠤ ᠰᠦᠢᠳᠭᠡᠯ ᠬᠤᠷᠢᠶᠠᠬᠤ ᠦᠭᠡᠢ ᠡᠷᠡᠭᠦᠯᠵᠢᠯ ᠰᠤᠪᠢᠯᠠᠯᠲᠠ ᠶᠢᠨ ᠦᠢᠯᠡᠴᠢᠯᠡᠭᠡ ᠬᠠᠩᠭᠠᠵᠤ᠂ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠤᠨ ᠬᠤᠤᠰ ᠠᠮᠵᠢᠯᠲᠠ ᠶᠢ ᠪᠡᠶᠡᠯᠡᠭᠦᠯᠪᠡ᠃      ᠰᠤᠶᠤᠯ ᠤᠨ ᠭᠦᠨᠵᠡᠭᠡᠢ ᠠᠭᠤᠰᠤᠯᠴᠠᠯ ᠢ ᠠᠬᠢᠭᠤᠯᠬᠤ ᠳᠤ ︽ᠨᠦᠬᠦᠪᠤᠷᠢ ᠬᠡᠯᠬᠢᠶᠠᠵᠢᠯ︾ ᠪᠣᠯ ᠪᠠᠳᠤᠯᠠᠭ᠎ᠠ ᠪᠣᠯᠣᠨ᠎ᠠ      ᠠᠳᠤᠭᠤᠨ ᠰᠤᠶᠤᠯ ᠤᠨ ᠵᠤᠭᠠᠴᠠᠯ ᠤᠨ ᠦᠢᠯᠡᠰ ᠢ ᠠᠭᠤᠰᠤᠯᠴᠠᠭᠤᠯᠤᠨ ᠬᠦᠭᠵᠢᠬᠦᠯᠬᠦ ᠠᠵᠢᠯᠯᠠᠭ᠎ᠠ ᠶᠢ ᠬᠡᠷᠡᠭᠵᠢᠭᠦᠯᠦᠨ᠂ ︽ᠵᠤᠭᠠᠴᠠᠯ +︾ ᠰᠢᠨ᠎ᠡ ᠠᠵᠤ ᠦᠢᠯᠡᠰ ᠤᠨ ᠪᠠᠶᠢᠳᠠᠯ ᠢ ᠴᠤᠭᠴᠠᠯᠠᠪᠠ᠃ ᠠᠷᠠᠳ ᠲᠥᠮᠡᠨ ᠳᠤ ᠦᠢᠯᠡᠴᠢᠯᠡᠬᠦ ᠤᠭ ᠰᠠᠨᠠᠭ᠎ᠠ ᠪᠠᠨ ᠪᠠᠲᠤ ᠰᠠᠬᠢᠵᠤ᠂ ᠬᠤᠪᠢᠰᠬᠠᠯᠲᠦ ᠵᠣᠷᠢᠭ ᠰᠠᠨᠠᠭ᠎ᠠ ᠶᠢ ᠣᠯᠠᠮᠵᠢᠯᠠᠨ ᠵᠠᠯᠭᠠᠮᠵᠢᠯᠠᠪᠠ᠃ ᠲᠠᠯ᠎ᠠ ᠨᠣᠳᠤᠭ ᠤᠨ ᠡᠷᠦᠬᠡ ᠶᠢᠨ ᠴᠡᠷᠢᠭ ᠤᠨ ︽ᠬᠠᠷ᠎ᠠ ᠮᠤᠷᠢᠲᠤ ᠰᠣᠮᠣ︾ ᠪᠠᠷ ᠲᠥᠯᠦᠭᠡᠯᠡᠭᠦᠯᠦᠭᠰᠡᠨ ᠨᠣᠳᠤᠭ ᠤᠷᠤᠨ ᠤ ᠣᠨᠴᠠᠯᠢᠭ ᠲᠣᠪᠣᠶᠢᠮ᠎ᠠ᠂ ᠰᠤᠶᠤᠯ ᠤᠨ ᠠᠭᠤᠯᠬᠤᠨ ᠭᠦᠨ ᠠᠪᠠᠭ᠎ᠠ ᠬᠠᠷ᠎ᠠ ᠠᠳᠤᠭᠤᠨ ᠰᠤᠶᠤᠯ ᠤᠨ ᠳᠠᠶᠢᠴᠢᠯᠠᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠪᠠ᠃ ︽ᠬᠠᠷ᠎ᠠ ᠮᠣᠷᠢᠲᠤ ᠰᠤᠮᠤ ᠶᠢᠨ ᠵᠣᠷᠢᠭ ᠰᠠᠨᠠᠭ᠎ᠠ ᠶᠢ ᠣᠯᠠᠮᠵᠢᠯᠠᠨ ᠵᠠᠯᠭᠠᠮᠵᠢᠯᠠᠵᠤ᠂ ᠰᠢᠨ᠎ᠡ ᠴᠠᠭ ᠥᠶ᠎ᠡ ᠶᠢᠨ ᠡᠷᠦᠬᠡ ᠶᠢᠨ ᠴᠡᠷᠢᠭ ᠤᠨ ᠬᠤᠰᠢᠭᠤᠴᠢ ᠪᠣᠯᠣᠶ᠎ᠠ︾ ᠭᠡᠬᠦ ᠰᠡᠳᠦᠪᠲᠦ ᠠᠵᠢᠯᠯᠠᠭ᠎ᠠ ᠪᠠᠷ ᠭᠤᠣᠯ ᠱᠣᠭᠤᠮ ᠪᠣᠯᠭᠠᠨ᠂ ᠰᠢᠨ᠎ᠡ ᠴᠠᠭ ᠤᠨ ᠣᠶᠣᠨ ᠤ ᠪᠣᠯᠪᠠᠰᠣᠨ ᠦᠢᠯᠡᠳᠦᠯᠭᠡ ᠶᠢᠨ ᠲᠥᠪ ︵ᠰᠠᠯᠪᠤᠷᠢ᠂ ᠥᠷᠲᠡᠭᠡ︶︾ ᠤᠨ ᠬᠤᠪᠢᠰᠬᠠᠯ ᠤᠨ ᠰᠠᠭᠤᠷᠢᠨ ᠭᠠᠵᠠᠷ ᠤᠨ ᠦᠢᠯᠡᠳᠦᠯ ᠢ ᠬᠦᠴᠦᠯᠡᠨ ᠪᠠᠳᠠᠷᠠᠭᠤᠯᠵᠤ᠂ ᠭᠤᠣᠯ ᠰᠡᠳᠦᠪᠲᠦ ᠵᠣᠬᠢᠶᠠᠨ ᠪᠦᠳᠦᠭᠡᠯᠭᠡ ᠶᠢᠨ ᠣᠷᠠᠨ ᠰᠠᠶᠢᠬᠠᠨ ᠤ ᠫᠠᠷᠣᠭ᠍ᠷᠠᠮ ᠡᠷᠬᠢᠯᠡᠬᠦ ᠂ ᠮᠡᠳᠡᠯᠭᠡ ᠶᠢᠨ ᠣᠷᠣᠯᠳᠤᠭᠠᠨ ᠦᠷᠨᠢᠭᠦᠯᠬᠦ ᠵᠡᠷᠭᠡ ᠣᠯᠠᠨ ᠬᠡᠯᠪᠡᠷᠢ ᠮᠠᠶ᠋ᠢᠭ ᠤᠨ ᠡᠯᠪᠡᠭ ᠪᠠᠶᠠᠯᠢᠭ ᠠᠭᠤᠯᠭ᠎ᠠ ᠪᠦᠬᠦᠢ ᠰᠤᠶᠤᠯ ᠤᠨ ᠠᠵᠢᠯᠯᠠᠭ᠎ᠠ ᠶᠢ ᠡᠷᠬᠢᠯᠡᠨ ᠶᠠᠪᠤᠭᠳᠠᠭᠤᠯᠬᠤ ᠪᠠᠷ ᠳᠠᠮᠵᠢᠨ᠂ ᠠᠷᠠᠳ ᠠᠷᠠᠳ ᠤᠨ ᠠᠭᠤᠰᠤᠯᠴᠠᠯ ᠢ ᠠᠬᠢᠭᠤᠯᠵᠤ᠂ ᠬᠠᠷ᠎ᠠ ᠮᠤᠷᠢᠲᠦ ᠰᠤᠮᠤ ᠶᠢᠨ ᠵᠣᠷᠢᠭ ᠰᠠᠨᠠᠭ᠎ᠠ ᠶᠢ ᠣᠯᠠᠮᠵᠢᠯᠠᠨ ᠦᠢᠯᠡᠳᠦᠯᠭᠡᠵᠢᠭᠦᠯᠦᠨ᠂ ᠡᠬᠡ ᠤᠯᠤᠰ ᠤᠨ ᠣᠮᠠᠷᠠᠲᠤ ᠬᠢᠯᠢ ᠶᠢᠨ ᠠᠮᠤᠷ ᠲᠤᠭᠲᠠᠭᠤᠨ ᠤ ᠬᠠᠯᠬᠠᠪᠴᠢ ᠶᠢᠨ ᠪᠠᠶᠢᠭᠤᠯᠤᠯᠲᠠ ᠶᠢ ᠨᠡᠩ ᠪᠠᠬᠢᠵᠢᠭᠦᠯᠪᠡ᠃ ᠬᠦᠭᠵᠢᠯᠲᠡ ᠶᠢᠨ ᠰᠡᠳᠬᠢᠴᠡ ᠶᠢ ᠰᠢᠨᠡᠴᠢᠯᠡᠨ᠂ ᠰᠤᠶᠤᠯ ᠵᠤᠭᠠᠴᠠᠯ ᠢ ᠠᠭᠤᠰᠤᠯᠴᠠᠭᠤᠯᠤᠨ ᠬᠦᠭᠵᠢᠭᠦᠯᠬᠦ ᠶᠢ ᠠᠬᠢᠭᠤᠯᠪᠠ᠃ ᠠᠪᠠᠭ᠎ᠠ ᠬᠤᠰᠢᠭᠤ ᠨᠢ ︽ᠬᠦᠭᠡᠮᠳᠦᠭ ᠨᠤᠭᠤᠭᠠᠨ ᠠᠭᠤᠯᠠ ᠤᠰᠤ ᠪᠣᠯ ᠠᠯᠲᠠ ᠮᠦᠩᠭᠦᠨ ᠠᠭᠤᠯᠠ ᠮᠦᠨ︾ ᠭᠡᠬᠦ ᠬᠦᠭᠵᠢᠯᠲᠡ ᠶᠢᠨ ᠰᠡᠳᠬᠢᠴᠡ ᠶᠤᠰᠤᠭᠠᠷ ︽ᠲᠤᠮᠳᠠᠳᠤ ᠤᠯᠤᠰ ᠤᠨ ᠠᠳᠤᠭᠤᠨ ᠤ ᠨᠡᠶᠢᠰᠯᠡᠯ ᠰᠢᠯᠢ ᠶᠢᠨ ᠭᠤᠣᠯ︾ ᠤᠨ ᠨᠡᠷᠡᠲᠦ ᠲᠡᠮᠳᠡᠭ ᠲᠤ ᠲᠦᠰᠢᠭᠯᠡᠨ᠂ ᠪᠡᠭᠡᠵᠢᠩ ᠲᠢᠶᠠᠨᠵᠢᠨ ᠡᠾᠧᠪᠸᠢ ᠶᠢᠨ ᠠᠵᠤ ᠠᠬᠤᠢ ᠶᠢᠨ ᠲᠤᠭᠤᠷᠢᠭ ᠪᠠ ᠰᠢᠯᠢ ᠶᠢᠨ ᠬᠤᠲᠠ ᠠᠴᠠ 90 ᠺᠢᠯᠤᠮᠧᠲᠷ ᠤᠨ ᠵᠠᠶᠢᠲᠠᠢ ᠭᠠᠵᠠᠷ ᠤᠨ ᠪᠠᠶᠢᠷᠢᠰᠢᠯ ᠤᠨ ᠳᠠᠪᠠᠭᠤᠯᠢᠭ ᠢᠶᠠᠨ ᠠᠰᠢᠭᠯᠠᠵᠤ᠂ ︽ᠬᠠᠷ᠎ᠠ ᠠᠳᠤᠭᠤᠨ ᠰᠤᠶᠤᠯ ᠤᠨ ᠦᠯᠦᠭᠡᠢ︾᠂ ︽ᠴᠡᠭᠡ ᠶᠢᠨ ᠦᠯᠦᠭᠡᠢ︾ ᠰᠤᠶᠤᠯ ᠤᠨ ᠨᠡᠷᠡᠲᠦ ᠲᠡᠮᠳᠡᠭ ᠢ ᠬᠦᠴᠦᠯᠡᠨ ᠣᠬᠠᠭᠤᠯᠵᠤ᠂ ᠰᠢᠯᠢ ᠶᠢᠨ ᠭᠤᠣᠯ ᠠᠶᠢᠮᠠᠭ ᠤᠨ ᠭᠦᠨ ᠵᠤᠵᠠᠭᠠᠨ ᠠᠳᠤᠭᠤᠨ ᠤ ᠡᠯᠳᠡᠪ ᠬᠤᠶᠠᠷ ᠢᠶᠠᠷ ᠪᠠᠶᠠᠯᠢᠭ ᠤᠨ ᠳᠠᠪᠠᠭᠤᠯᠢᠭ ᠪᠠ ᠠᠳᠤᠭᠤᠨ ᠤ ᠠᠵᠤ ᠦᠢᠯᠡᠰ ᠤᠨ ᠬᠦᠭᠵᠢᠯᠲᠡ ᠶᠢᠨ ᠨᠦᠬᠦᠴᠡᠯ ᠢ ᠭᠦᠨᠵᠡᠭᠡᠢ ᠠᠭᠤᠳᠠᠯᠯᠠᠨ᠂ ᠠᠪᠠᠭ᠎ᠠ ᠬᠤᠰᠢᠭᠤᠨ ᠤ ᠮᠤᠩᠭᠤᠯ ᠠᠳᠤᠭᠤᠨ ᠰᠤᠶᠤᠯ ᠤᠨ ᠠᠵᠤ ᠦᠢᠯᠡᠰ ᠤᠨ ᠰᠠᠭᠤᠷᠢᠨ ᠭᠠᠵᠠᠷ ᠤᠨ ᠪᠠᠶᠢᠭᠤᠯᠤᠯᠲᠠ ᠶᠢ ᠭᠤᠣᠯᠳᠠᠯᠠᠭ᠎ᠠ ᠲᠠᠢ ᠲᠥᠯᠬᠢᠨ ᠠᠬᠢᠭᠤᠯᠪᠠ᠃ 2021 ᠣᠨ ᠤ 10 ᠳᠤ᠂ ᠦᠪᠡᠷᠲᠡᠭᠡᠨ ᠵᠠᠰᠠᠬᠤ ᠤᠷᠤᠨ ᠤ ᠠᠳᠤᠭᠤᠨ ᠤ ᠠᠵᠤ ᠦᠢᠯᠡᠰ ᠤᠨ ᠬᠦᠭᠵᠢᠯᠲᠡ ᠶᠢᠨ ᠲᠣᠰᠬᠠᠢ ᠲᠦᠷᠦᠯ ᠤᠨ ᠪᠡᠯᠡ ᠮᠦᠩᠭᠦᠨ ᠤ ᠳᠠᠮᠵᠢᠯᠭᠡ ᠲᠤᠤᠷ᠎ᠠ᠂ 1000 ᠲᠥᠮᠡᠨ ᠲᠦᠭᠦᠷᠢᠭ ᠤᠨ ᠪᠡᠯᠡ ᠤᠷᠤᠭᠤᠯᠤᠨ᠂ ᠠᠪᠠᠭ᠎ᠠ ᠬᠤᠰᠢᠭᠤᠨ ᠤ 303 ᠤᠯᠤᠰ ᠤᠨ ᠲᠡᠰ ᠤᠨ ᠵᠠᠮ ᠪᠠ ᠣᠣᠯ ᠤᠨ 101 ᠮᠤᠵᠢ ᠶᠢᠨ ᠲᠡᠰ ᠤᠨ ᠵᠠᠮ ᠤᠨ ᠠᠭᠤᠯᠵᠠᠭᠤᠷ ᠲᠤ ᠶᠡᠷᠦᠩᠬᠡᠢ ᠲᠠᠯᠠᠪᠠᠢ ᠨᠢ 40 ᠡᠾᠧᠺᠲ᠋ᠠᠷ ᠤᠨ ᠰᠤᠶᠤᠯ ᠤᠨ ᠡᠬᠢ ᠪᠠᠶᠠᠯᠢᠭ ᠡᠯᠪᠡᠭ᠂ ᠰᠠᠭᠤᠷᠢ ᠲᠦᠬᠦᠭᠡᠷᠦᠮᠵᠢ ᠪᠦᠷᠢᠨ ᠲᠦᠭᠦᠷ᠂ ᠡᠷᠬᠢᠮᠰᠦᠭ ᠲᠥᠪᠯᠡᠭᠦᠨ ᠰᠤᠶᠤᠯ ᠤᠨ ᠠᠭᠤᠯᠬᠤᠨ ᠲᠠᠢ᠂ ᠠᠷᠠᠳ ᠤᠨ ᠣᠷᠠᠯᠢᠭ ᠲᠥᠪᠯᠡᠷᠡᠭᠰᠡᠨ᠂ ᠣᠯᠠᠨ ᠬᠡᠯᠪᠡᠷᠢ ᠮᠠᠶ᠋ᠢᠭ ᠤᠨ ᠦᠨᠳᠦᠰᠦᠲᠡᠨ ᠤ ᠣᠨᠴᠠᠯᠢᠭᠲᠤ ᠰᠤᠶᠤᠯ ᠵᠤᠭᠠᠴᠠᠯ + ᠪᠡᠶ᠎ᠡ ᠲᠠᠮᠢᠷ ᠤᠨ ᠠᠵᠤ ᠦᠢᠯᠡᠰ ᠤᠨ ᠰᠠᠭᠤᠷᠢᠨ ᠭᠠᠵᠠᠷ ᠢ ᠴᠤᠭᠴᠠᠯᠠᠵᠤ᠂ ᠮᠤᠩᠭᠤᠯ ᠠᠳᠤᠭᠤᠨ ᠳᠤ ᠪᠠᠶᠢᠳᠠᠭ ᠠᠳᠤᠭᠤᠨ ᠰᠤᠶᠤᠯ ᠤᠨ ᠴᠤᠭ ᠵᠢᠪᠬᠤᠭ᠎ᠠ ᠶᠢ ᠢᠯᠡᠷᠡᠭᠦᠯᠬᠦ ᠪᠠ ᠣᠯᠠᠮᠵᠢᠯᠠᠨ ᠵᠠᠯᠭᠠᠮᠵᠢᠯᠠᠬᠤ ᠶᠢᠨ ᠬᠠᠮᠲᠤ ᠰᠤᠶᠤᠯ ᠵᠤᠭᠠᠴᠠᠯ ᠪᠠ ᠠᠮᠢ ᠠᠬᠤᠢ ᠶᠢᠨ ᠬᠠᠮᠠᠭᠠᠯᠠᠯᠲᠠ ᠶᠢᠨ ᠭᠦᠨᠵᠡᠭᠡᠢ ᠠᠭᠤᠰᠤᠯᠴᠠᠯ ᠢ ᠪᠡᠶᠡᠯᠡᠭᠦᠯᠪᠡ᠃ ᠲᠦᠷᠦᠯ ᠵᠦᠢᠯ ᠠᠰᠢᠭᠯᠠᠯᠲᠠ ᠳᠤ ᠤᠷᠤᠭᠰᠠᠨ ᠤ ᠳᠠᠷᠠᠭ᠎ᠠ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠬᠦ ᠪᠠᠷ ᠪᠠᠷᠠᠬᠤ ᠦᠭᠡᠢ ᠠᠵᠢᠯ ᠣᠯᠭᠤᠯᠲᠠ ᠶᠢ ᠴᠦ ᠠᠬᠢᠭᠤᠯᠵᠤ᠂ ᠠᠵᠤ ᠠᠬᠤᠢ ᠶᠢᠨ ᠰᠢᠭᠤᠳ ᠦᠷ᠎ᠡ ᠠᠰᠢᠭ ᠪᠠ ᠳᠠᠮ ᠠᠰᠢᠭ ᠨᠢ ᠮᠠᠰᠢ ᠰᠠᠶᠢᠨ ᠪᠣᠯᠬᠤ ᠶᠤᠮ᠃ ᠠᠪᠠᠭ᠎ᠠ ᠬᠤᠰᠢᠭᠤ ᠨᠢ ᠰᠢᠯᠢ ᠶᠢᠨ ᠭᠤᠣᠯ ᠠᠶᠢᠮᠠᠭ ᠤᠨ ︽ᠲᠤᠮᠳᠠᠳᠤ ᠤᠯᠤᠰ ᠤᠨ ᠠᠳᠤᠭᠤᠨ ᠤ ᠨᠡᠶᠢᠰᠯᠠᠯ︾ ᠶᠢ ᠴᠤᠭᠴᠠᠯᠠᠬᠤ ᠪᠠᠷ ᠳᠠᠪᠴᠠᠩ ᠪᠣᠯᠭᠠᠵᠤ᠂ ᠤᠷᠤᠨ ᠪᠠᠶᠢᠷᠢᠰᠢᠯ ᠤᠨ ᠳᠠᠪᠠᠭᠤᠯᠢᠭ ᠪᠠ ᠡᠯᠪᠡᠭ ᠪᠠᠶᠠᠯᠢᠭ ᠠᠳᠤᠭᠤᠨ ᠤ ᠡᠬᠢ ᠪᠠᠶᠠᠯᠢᠭ ᠤᠨ ᠳᠠᠪᠠᠭᠤᠯᠢᠭ ᠢᠶᠠᠨ ᠠᠰᠢᠭᠯᠠᠨ᠂ ᠪᠡᠯᠭᠦᠳᠡᠢ ᠵᠢᠰᠠ ᠶᠢᠨ ᠦᠵᠡᠮᠵᠢ ᠶᠢᠨ ᠤᠷᠤᠨ ᠤ ᠭᠤᠤᠯᠳᠠᠯᠭ᠎ᠠ ᠶᠢᠨ ᠲᠤᠭᠤᠷᠢᠨ ᠳᠤ᠂ ︽ᠬᠠᠷ᠎ᠠ ᠠᠳᠤᠭᠤᠨ ᠰᠤᠶᠤᠯ ᠤᠨ ᠨᠠᠶᠢᠷ︾ ᠶᠢ ᠠᠮᠵᠢᠯᠲᠠ ᠲᠠᠢ ᠡᠷᠬᠢᠯᠡᠨ ᠶᠠᠪᠤᠭᠳᠠᠭᠤᠯᠵᠤ᠂ ᠨᠡᠩ ᠣᠯᠠᠨ ᠵᠤᠭᠠᠴᠠᠭᠰᠠᠳ ᠤᠨ ︽ᠬᠠᠷ᠎ᠠ ᠠᠳᠤᠭᠤᠨ ᠰᠤᠶᠤᠯ ᠤᠨ ᠨᠠᠶᠢᠷ︾ ᠶᠢ ᠳᠠᠮᠵᠢᠭᠤᠯᠤᠨ ᠠᠪᠠᠭ᠎ᠠ ᠶᠢᠨ ᠲᠠᠯ᠎ᠠ ᠨᠣᠳᠤᠭ ᠤᠨ ᠰᠤᠶᠤᠯ ᠢᠷᠭᠡᠨᠰᠢᠯ᠂ ᠭᠠᠶᠢᠬᠠᠮᠰᠢᠭ ᠢ ᠮᠡᠳᠡᠷᠡᠭᠦᠯᠬᠦ ᠪᠤᠯᠤᠨ᠎ᠠ᠃ 2009—2020 ᠣᠨ ᠳᠤ ᠠᠪᠠᠭ᠎ᠠ ᠬᠤᠰᠢᠭᠤ ᠨᠢ 10 ᠬᠤᠭᠤᠴᠠᠭᠠᠨ ᠤ ︽ᠬᠠᠷ᠎ᠠ ᠠᠳᠤᠭᠤᠨ ᠰᠤᠶᠤᠯ ᠤᠨ ᠨᠠᠶᠢᠷ︾ ᠶᠢ ᠡᠷᠬᠢᠯᠡᠨ ᠶᠠᠪᠤᠭᠳᠠᠭᠤᠯᠵᠤ᠂ ᠬᠦᠦᠴᠨ ᠵᠠᠯᠭᠠᠬᠤ ᠤᠷᠤᠯᠳᠤᠭᠠᠨ᠂ ᠮᠤᠷᠢ ᠣᠷᠭᠠᠯᠠᠬᠤ᠂ ᠡᠮᠨᠢᠭ ᠰᠤᠷᠭᠠᠬᠤ᠂ ᠭᠠᠩᠭᠠᠩ ᠬᠦᠯᠦᠭ ᠰᠢᠯᠭᠠᠷᠠᠭᠤᠯᠬᠤ᠂ ᠡᠮᠡᠭᠡᠯ ᠣᠭᠰᠠᠷᠠᠬᠤ᠂ ᠬᠠᠨ ᠴᠡᠭᠡ ᠰᠢᠯᠭᠠᠷᠠᠭᠤᠯᠬᠤ᠂ ᠲᠡᠭᠡᠰᠦ ᠲᠠᠮᠤᠬᠤ ᠵᠡᠷᠭᠡ 13 ᠲᠦᠷᠦᠯ ᠤᠨ ᠤᠷᠤᠯᠳᠤᠭᠠᠨ ᠤ ᠲᠦᠷᠦᠯ ᠢ ᠲᠤᠬᠢᠷᠠᠭᠤᠯᠤᠨ᠂ ᠤᠯᠤᠰ ᠤᠨ ᠲᠤᠳᠤᠭᠠᠲᠤ ᠭᠠᠳᠠᠭᠠᠲᠤ ᠶᠢᠨ ᠵᠤᠭᠠᠴᠠᠭᠰᠠᠳ ᠢ 14.5 ᠲᠥᠮᠡᠨ ᠬᠦᠮᠦᠨ ᠣᠳᠠᠭ᠎ᠠ ᠬᠦᠯᠢᠶᠡᠨ ᠵᠤᠴᠢᠯᠠᠵᠤ᠂ 1450 ᠲᠥᠮᠡ ᠢᠯᠡᠭᠦᠦ ᠲᠦᠭᠦᠷᠢᠭ ᠤᠨ ᠤᠷᠤᠯᠭ᠎ᠠ ᠡᠭᠦᠳᠪᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号