ᠪᠦᠬᠦ ᠬᠤᠰᠢᠭᠤᠨ ᠤ ᠥᠷᠭᠡᠨ ᠤᠯᠠᠨ ᠠᠷᠠᠳ ᠲᠦᠮᠡᠨ ᠳᠤ ᠢᠯᠡᠬᠡᠬᠦ ᠵᠠᠬᠢᠳᠠᠯ
ᠨᠡᠶᠢᠲᠡᠯᠡᠭᠰᠡᠨ ᠴᠠᠭ᠄
2022/12/9
ᠪᠦᠬᠦ ᠬᠤᠰᠢᠭᠤᠨ ᠤ ᠥᠷᠭᠡᠨ ᠤᠯᠠᠨ ᠰᠠᠭᠤᠭᠠᠯᠢ ᠠᠷᠠᠳ ᠲᠤ᠄      ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠳᠡᠯᠭᠡᠷᠡᠭᠡᠳ ᠨᠢᠭᠡᠨᠲᠡ ᠭᠤᠷᠪᠠᠨ ᠵᠢᠯ ᠰᠢᠬᠠᠮ ᠪᠤᠯᠵᠤ ᠪᠠᠶᠢᠨ᠎ᠠ᠂ ᠭᠤᠷᠪᠠᠨ ᠵᠢᠯ ᠤᠨ ᠲᠤᠷᠰᠢ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠥᠬᠦ ᠬᠤᠰᠢᠭᠤᠨ ᠤ ᠠᠷᠠᠳ ᠲᠦᠮᠡᠨ᠂ ᠶᠡᠭᠡ ᠲᠠᠯ᠎ᠠ ᠶᠢ ᠬᠠᠷᠠᠭᠠᠯᠵᠠᠨ᠂ ᠤᠶᠤᠨ ᠤᠬᠠᠭᠠᠨ ᠬᠦᠴᠤᠨ ᠴᠢᠳᠠᠯ ᠢᠶᠠᠨ ᠲᠦᠪᠯᠡᠷᠡᠬᠦᠯᠤᠨ ᠬᠢᠵᠢᠭ ᠢ ᠰᠡᠷᠭᠡᠶᠢᠯᠡᠬᠦ ᠡᠯ᠎ᠡ ᠲᠦᠷᠤᠯ ᠤᠨ ᠲᠦᠷᠢᠮ ᠲᠣᠭᠲᠠᠭᠠᠯ ᠢ ᠰᠠᠶᠢᠳᠤᠷ ᠵᠢᠷᠤᠮᠯᠠᠨ ᠰᠠᠬᠢᠵᠤ᠂ ᠬᠤᠰᠢᠭᠤ ᠳᠠᠶᠠᠭᠠᠷ ᠰᠡᠳᠬᠢᠯ ᠨᠢᠬᠡᠳᠤᠨ᠂ ᠬᠦᠴᠢᠷ ᠪᠡᠷᠬᠡᠰᠢᠶᠡᠯ ᠢ ᠬᠠᠮᠲᠤ ᠪᠠᠷ ᠳᠤᠭᠤᠯᠵᠤ᠂ ᠨᠠᠩ ᠢᠯᠠᠩᠭᠤᠶ᠎ᠠ ᠡᠪᠦᠯ ᠤᠷᠤᠭᠰᠠᠨ ᠠᠴᠠ ᠨᠠᠰᠢᠬᠢ ᠬᠡᠳᠤ ᠤᠳᠠᠭᠠᠨ ᠤ ᠬᠢᠵᠢᠭ ᠤᠨ ᠪᠠᠶᠢᠳᠠᠯ ᠢ ᠪᠦᠳᠤᠮᠵᠢᠳᠡᠢ ᠰᠡᠷᠬᠡᠶᠢᠯᠡᠨ ᠡᠵᠡᠮᠳᠡᠭᠰᠡᠨ ᠪᠠᠶᠢᠨ᠎ᠠ᠃ ᠠᠳᠡ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠬᠢᠵᠢᠭ ᠲᠠᠢ ᠲᠠᠮᠠᠴᠠᠬᠦ ᠡᠮᠤᠨ᠎ᠠ ᠹᠷᠤᠡᠲ ᠲᠤ ᠭᠠᠪᠰᠢᠭᠠᠶᠢᠯᠠᠨ ᠠᠵᠢᠯᠯᠠᠭᠰᠡᠨ ᠡᠯ᠎ᠠ ᠦᠡᠳᠤᠰᠤᠳᠠᠨ ᠤ ᠺᠠᠳ᠋ᠷ ᠤᠯᠠᠨ ᠲᠦᠮᠡᠨ ᠳᠤ ᠴᠢᠩ ᠰᠡᠳᠬᠢᠯ ᠤᠨ ᠲᠠᠯᠠᠷᠬᠠᠯ ᠪᠠ ᠬᠦᠡᠳᠤᠳᠬᠡᠯ ᠰᠡᠳᠬᠢᠯᠬᠡ ᠪᠠᠨ ᠳᠡᠪᠰᠢᠭᠦᠯᠵᠦ ᠪᠠᠶᠢᠨ᠎ᠠ︕      ᠣᠶᠢᠷ᠎ᠠ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ ᠲᠤᠬᠢᠷᠠᠭᠤᠯᠤᠯᠳᠠ ᠬᠢᠭᠰᠡᠨ ᠪᠤᠯᠬᠤᠷ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠨ ᠵᠤᠷᠪᠤᠰ ᠠᠷᠭ᠎ᠠ ᠬᠡᠮᠵᠢᠶ᠎ᠡ ᠪᠠ ᠠᠷᠪᠠᠨ ᠵᠤᠷᠪᠤᠰ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠬᠠᠷᠭᠤᠭᠤᠯᠤᠨ ᠤᠯᠠᠮ ᠨᠢᠭᠡ ᠠᠯᠬᠤᠮ ᠰᠢᠯᠢᠳᠡᠭᠵᠢᠭᠦᠯᠵᠤ᠂ ᠲᠣᠬᠢᠷᠠᠭᠤᠯᠤᠯᠲᠠ ᠬᠢᠭᠰᠡᠨ ᠤ ᠲᠠᠷᠭᠠᠬᠢ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠷᠭ᠎ᠠ ᠬᠡᠮᠵᠢᠶ᠎ᠠ ᠪᠠ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠤᠳᠡᠳᠡᠢ ᠨᠠᠶᠢᠳᠠᠪᠤᠷᠢᠵᠢᠭᠤᠯᠵᠤ᠂ ᠨᠠᠩ ᠴᠢᠩᠭ᠎ᠠ ᠪᠤᠳᠡᠳᠡᠢ ᠠᠷᠭ᠎ᠠ ᠬᠡᠮᠵᠢᠶ᠎ᠡ᠂ ᠨᠠᠩ ᠰᠢᠨᠵᠢᠯᠡᠬᠦ ᠤᠬᠠᠭᠠᠨᠴᠢ ᠪᠥᠭᠡᠳ ᠤᠨᠤᠪᠴᠢᠳᠡᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠠᠮᠤᠭ ᠤᠨ ᠣᠬᠤᠷ ᠬᠤᠭᠤᠴᠠᠭᠠᠨ ᠳᠤ ᠢᠯᠭᠤᠮ ᠤᠷᠤᠭᠰᠢᠳᠡᠢ ᠪᠠᠶᠠᠯᠠᠬᠦᠯᠬᠦ ᠢᠳᠡᠬᠡᠯ ᠲᠡᠬᠦᠯᠳᠡᠷ ᠪᠠᠶᠢᠨ᠎ᠠ᠃      ᠣᠳᠣᠬᠠᠨ ᠳᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠡᠬᠦᠷᠬᠡ ᠮᠥᠨ ᠬᠦ ᠬᠦᠡᠳᠤ ᠪᠠᠶᠢᠭᠰᠠᠭᠠᠷ ᠪᠤᠯᠬᠤᠷ ᠥᠷᠭᠡᠨ ᠤᠯᠠᠨ ᠨᠠᠮ ᠤᠨ ᠭᠡᠰᠢᠭᠦᠨ ᠪᠡᠶ᠎ᠡ ᠪᠠᠷ ᠢᠶᠠᠨ ᠬᠡᠪ ᠲᠠᠭᠤᠷᠢᠶᠠᠯ ᠪᠤᠯᠵᠤ᠂  ᠡᠬᠦᠷᠬᠡ ᠬᠠᠷᠢᠭᠤᠴᠠᠯᠭ᠎ᠠ ᠪᠠᠨ ᠰᠠᠶᠢᠳᠤᠷ ᠭᠦᠢᠴᠡᠳᠬᠡᠬᠦ ᠶᠢ ᠪᠠᠷᠢᠮᠲᠠᠯᠠᠬᠤ ᠬᠡᠷᠡᠭᠲᠡᠢ᠃ ᠪᠥᠬᠦ ᠬᠤᠰᠢᠭᠤᠨ ᠤ ᠦᠷᠬᠡᠨ ᠣᠯᠠᠨ ᠲᠦᠮᠡᠨ ᠬᠢᠵᠢᠭ ᠢ ᠰᠡᠷᠭᠡᠶᠢᠯᠡᠬᠦ ᠠᠵᠢᠯ ᠢ ᠢᠯᠡᠭᠦᠬᠡᠨ ᠣᠶᠢᠯᠠᠭᠠᠵᠤ᠂ ᠠᠭᠤᠴᠢᠯᠠᠨ ᠪᠠᠭᠲᠠᠭᠠᠵᠤ᠂ ᠢᠳᠡᠪᠬᠢᠲᠡᠶ ᠬᠠᠮᠵᠢᠯᠴᠠᠬᠤ ᠶᠢᠨ ᠬᠠᠮᠳᠤ ᠠᠯᠪᠠᠨ ᠤ ᠲᠠᠯ᠎ᠠ ᠶᠢᠨ ᠮᠡᠳᠡᠭᠡ ᠶᠢ ᠴᠠᠭ ᠲᠤᠬᠠᠶ ᠳᠤᠨᠢ ᠠᠩᠬᠠᠷᠴᠤ᠂ ᠴᠤᠤᠷᠬᠠᠯ ᠢ ᠢᠲᠡᠭᠡᠬᠦ ᠥᠬᠡᠶ᠂ ᠴᠤᠤᠷᠬᠠᠯ ᠲᠠᠷᠬᠠᠭᠠᠬᠤ ᠥᠬᠡᠶ ᠪᠠᠶᠢᠵᠤ᠂ ᠬᠢᠯᠪᠠᠷ ᠪᠤᠰᠤ ᠪᠠᠷ ᠢᠷᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢ ᠡᠷᠡᠰ ᠪᠠᠳᠤ ᠰᠠᠬᠢᠬᠤ ᠶᠢ ᠤᠷᠢᠶᠠᠯᠠᠵᠤ ᠪᠠᠶᠢᠨ᠎ᠠ᠃      ᠬᠥᠮᠦᠨ ᠨᠢᠬᠡᠪᠤᠷᠢ ᠴᠥᠮ ᠦᠪᠡᠷ ᠤᠨ ᠡᠷᠡᠬᠦᠯ ᠮᠠᠡᠳᠤ ᠶᠢᠨ ᠨᠢᠬᠡᠳᠤᠬᠡᠷ ᠬᠠᠷᠠᠭᠤᠴᠠᠯᠭᠠᠳᠠᠨ ᠪᠤᠯᠬᠤᠷ ᠪᠢᠳᠡ ᠭᠠᠭᠴᠠᠬᠦ ᠬᠤᠪᠢ ᠬᠦᠮᠤᠨ ᠤ ᠡᠬᠦᠷᠬᠡ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠬᠡᠪᠡᠯ ᠰᠠᠶ᠋ᠢ ᠬᠤᠪᠢ ᠬᠥᠮᠦᠨ ᠤ ᠡᠷᠡᠭᠦᠯ ᠮᠡᠨᠳᠦ᠂ ᠬᠡᠷ ᠪᠦᠯᠢ ᠶᠢᠨ ᠡᠷᠡᠭᠦᠯ ᠮᠡᠨᠳᠦ ᠪᠤᠯᠤᠨ ᠪᠤᠰᠤᠳ ᠬᠥᠮᠦᠰ ᠤᠨ ᠡᠷᠡᠭᠦᠯ ᠮᠡᠨᠳᠦ ᠶᠢᠨ ᠠᠮᠤᠷ ᠲᠦᠪᠰᠢᠨ ᠢ ᠦᠨᠡᠡᠬᠦ ᠬᠠᠮᠠᠭᠠᠯᠠᠵᠤ ᠴᠢᠳᠠᠬᠤ ᠨᠢ ᠯᠠᠪᠳᠡᠢ︕ ᠡᠶᠢᠮᠤ ᠠᠴᠠ ᠪᠢᠳᠠ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠤ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ᠬᠡᠷ ᠦᠷᠤᠬᠡ ᠪᠠᠨ ᠰᠠᠯᠬᠢ ᠨᠡᠪᠲᠡᠷᠡᠭᠦᠯᠬᠦ ᠶᠢ ᠪᠠᠷᠢᠮᠲᠠᠯᠠᠵᠤ᠂ ᠤᠬᠠᠮᠰᠠᠷ ᠠᠴᠠ ᠪᠠᠨ ᠬᠢᠵᠢᠭ ᠤᠨ ᠪᠠᠶᠢᠳᠠᠯ ᠠᠶᠤᠯ ᠲᠦᠭᠰᠢᠭᠦᠷᠢ ᠲᠠᠢ ᠭᠠᠵᠠᠷ ᠣᠷᠣᠨ ᠳᠤ ᠣᠴᠢᠬᠤ ᠥᠬᠡᠶ ᠪᠠᠶᠢᠵᠤ᠂ ᠰᠢᠨᠵᠢᠯᠡᠬᠦ ᠤᠬᠠᠭᠠᠨᠴᠢ ᠪᠦᠲᠦᠮᠵᠢᠲᠡᠶ ᠬᠠᠮᠠᠭᠠᠯᠠᠯᠲᠠ ᠶᠢ ᠡᠳᠦᠷ ᠲᠤᠲᠤᠮ ᠤᠨ ᠠᠮᠢᠳᠤᠷᠠᠯ ᠳᠤ ᠨᠠᠶᠢᠳᠠᠪᠤᠷᠢᠵᠢᠭᠤᠯᠬᠤ ᠬᠡᠷᠡᠭᠲᠡᠶ᠃ ᠳᠡᠷᠭᠡᠳᠡᠬᠢ ᠸᠠᠺᠼᠢᠨ ᠤ ᠲᠠᠷᠢᠯᠭ᠎ᠠ ᠬᠢᠬᠦ ᠨᠥᠬᠦᠴᠡᠯ ᠳᠤ ᠨᠡᠶᠢᠴᠡᠬᠦ ᠨᠠᠰᠤᠲᠠᠶᠢᠴᠤᠳ ᠪᠣᠯᠤᠨ ᠬᠡᠦᠬᠡᠳ ᠢ ᠢᠳᠡᠪᠬᠢᠲᠡᠶ ᠳᠠᠶᠢᠴᠢᠯᠠᠵᠤ ᠸᠠᠺᠼᠢᠨ ᠤ ᠲᠠᠷᠢᠯᠭ᠎ᠠ ᠬᠢᠬᠦ ᠪᠥᠬᠦ ᠶᠠᠪᠤᠴᠠ ᠶᠢ ᠲᠦᠷᠭᠡᠨ ᠪᠡᠶᠡᠯᠡᠭᠦᠯᠵᠦ᠂ ᠥᠯᠥ ᠬᠠᠯᠳᠠᠭᠠᠬᠤ ᠬᠠᠯᠬᠠᠪᠴᠢ ᠶᠢ ᠬᠠᠮᠲᠤ ᠪᠠᠷ ᠴᠤᠭᠴᠠᠯᠠᠬᠤ ᠬᠡᠷᠡᠭᠲᠡᠶ᠃      ᠭᠠᠳᠠᠨ᠎ᠠ ᠭᠠᠵᠡᠷ ᠠᠴᠠ ᠬᠤᠰᠢᠭᠤᠨ ᠳᠤ ᠢᠷᠡᠬᠦ ᠬᠦᠮᠤᠰ ᠢᠷᠡᠬᠦ ᠠᠴᠠ ᠡᠮᠦᠨ᠎ᠡ ᠮᠡᠳᠡᠭᠦᠯᠵᠦ ᠳᠠᠩᠰᠠᠯᠠᠭᠤᠯᠬᠤ ᠶᠢ ᠪᠠᠷᠢᠮᠲᠠᠯᠠᠵᠤ᠂ ᠢᠷᠡᠬᠦ ᠵᠠᠮ ᠳᠠᠭᠠᠨ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠶᠢ ᠰᠠᠶᠢᠲᠤᠷ ᠬᠢᠵᠦ᠂ ᠢᠷᠡᠭᠰᠡᠨ ᠤ ᠳᠠᠷᠠᠭ᠎ᠠ ᠲᠤᠬᠠᠢ ᠶᠢᠨ ᠨᠠᠶᠢᠬᠡᠮ ᠲᠤᠭᠤᠷᠢᠭ ᠲᠠᠭᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃     ᠲᠦᠮᠡᠨ ᠤᠯᠠᠨ ᠢᠶᠠᠷ ᠰᠡᠳᠬᠢᠯ ᠨᠢᠬᠡᠳᠪᠡᠯ ᠲᠠᠪᠠᠵᠤ ᠲᠠᠶᠢᠯᠬᠦ ᠦᠬᠡᠢ ᠬᠦᠴᠢᠷ ᠬᠡᠵᠤ ᠪᠠᠶᠢᠬᠤ ᠦᠬᠡᠢ᠃ ᠲᠠᠨ ᠤ ᠣᠶᠢᠯᠠᠭᠠᠯᠲᠠ᠂ ᠳᠡᠮᠵᠢᠯᠭᠡ ᠪᠣᠯᠤᠨ ᠬᠠᠮᠵᠢᠯᠴᠠᠭ᠎ᠠ ᠪᠣᠯ ᠬᠢᠵᠢᠭ ᠤᠨ ᠪᠠᠶᠢᠳᠠᠯ ᠢ ᠢᠯᠠᠨ ᠳᠠᠪᠠᠭ᠋ᠤ ᠬᠠᠮᠤᠭ ᠤᠨ ᠶᠡᠭᠡ ᠢᠲᠡᠭᠡᠯ ᠵᠣᠷᠢᠭ ᠪᠣᠯᠤᠨ ᠬᠠᠮᠤᠭ ᠤᠨ ᠬᠦᠴᠦᠷᠬᠡᠭ ᠬᠥᠳᠡᠯᠭᠡᠬᠦ ᠬᠦᠴᠦᠨ ᠪᠤᠯᠬᠤᠷ᠂ ᠪᠢᠳᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠢᠵᠢᠭ ᠤᠨ ᠪᠠᠶᠢᠳᠠᠯ ᠢ ᠪᠦᠳᠤᠮᠵᠢᠳᠡᠢ ᠰᠡᠷᠬᠡᠶᠢᠯᠡᠨ ᠡᠵᠡᠮᠳᠡᠬᠦ ᠳᠤ ᠦᠪᠡᠷ ᠦᠪᠡᠷ ᠎ ᠤᠨ ᠬᠦᠴᠤᠨ ᠵᠢᠳᠬᠦᠯ ᠢᠶᠠᠨ ᠡᠷᠬᠦᠵᠡᠬᠡᠶ᠎ᠠ︕               ᠲᠤᠮᠳᠠᠳᠤ ᠤᠯᠤᠰ ᠤᠨ ᠡᠪ ᠬᠠᠮᠳᠤ ᠨᠠᠮ ᠤᠨ ᠠᠪᠠᠭ᠎ᠠ ᠬᠤᠰᠢᠭᠤᠨ ᠤ ᠬᠤᠷᠢᠶ᠎ᠠ                      ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ                                        2022 ᠤᠨ ᠤ 12 ᠰᠠᠷ᠎ᠠ ᠶᠢᠨ 8᠎ ᠤ ᠡᠳᠤᠷ
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号