| | | ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ | ᠦᠨᠡᠨᠬᠦ ᠳᠡᠭᠡᠭᠰᠢᠯᠡᠭᠦᠯᠵᠦ᠂ ᠠᠵᠢᠯ ᠤᠨ ᠴᠢᠯᠦᠭᠡᠨ ᠤ ᠤᠯᠠᠭᠠᠨᠮᠥ᠋ᠴᠢᠷ ᠤᠨ ᠰᠠᠭᠤᠷᠢ ᠲᠦᠢᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠂ ᠬᠠᠲᠠᠭᠤ ᠲᠤᠨᠤᠭ ᠤᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠠᠵᠢᠯ ᠤᠨ | ᠴᠢᠯᠦᠭᠡᠨ ᠤ ᠤᠯᠠᠭᠠᠨᠮᠥ᠋ᠴᠢᠷ ᠤᠨ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠥᠷᠭᠡᠨ ᠣᠯᠠᠨ | ᠦᠨᠳᠦᠰᠦᠨ ᠱᠠᠲᠤᠨ ᠤ ᠣᠯᠠᠨ ᠲᠦᠮᠡᠨ ᠤ ᠰᠣᠶᠣᠯ ᠤᠨ ᠦᠢᠯᠡᠴᠢᠯᠡᠭᠡᠨ ᠤ ᠬᠦᠷᠲᠡᠮᠵᠢ ᠶᠢᠨ ᠲᠥᠷᠥᠭᠳᠡᠯ ᠪᠠ ᠵᠣᠯ | ᠵᠢᠷᠭᠠᠯ ᠤᠨ ᠲᠥᠷᠥᠭᠳᠡᠯ ᠢ ᠨᠡᠮᠡᠭᠳᠡᠭᠦᠯᠬᠦ ᠶᠢᠨ ᠲᠥᠯᠦᠭᠡ᠂ 12 ᠰᠠᠷ᠎ᠠ ᠶᠢᠨ 7 ᠤ ᠡᠳᠦᠷ᠂ ᠠᠪᠠᠭ᠎ᠠ ᠬᠤᠰᠢᠭᠤᠨ ᠤ ︽ | ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠲᠠᠰ ᠳᠡᠪᠰᠢᠭᠦᠯᠦᠨ ᠥᠷᠭᠡᠳᠬᠡᠬᠦ ᠢᠨᠵᠧᠨᠧᠷᠢᠩ︾ | ᠤᠨ ᠠᠵᠢᠯᠯᠠᠭ᠎ᠠ ᠶᠢ ᠥᠷᠨᠢᠭᠦᠯᠵᠦ᠂ ᠠᠵᠢᠯ ᠤᠨ ᠴᠢᠯᠦᠭᠡᠨ ᠤ ᠤᠯᠠᠭᠠᠨᠮᠥ᠋ᠴᠢᠷ ᠤᠨ ᠰᠠᠭᠤᠷᠢ ᠲᠥᠬᠦᠭᠡᠷᠦᠮᠵᠢ ᠶᠢ | ᠲᠡᠭᠦᠯᠳᠡᠷᠵᠢᠭᠦᠯᠪᠡ᠃ | | | | | | ᠲᠤᠰ ᠤᠳᠠᠭᠠᠨ ᠤ ᠰᠣᠶᠣᠯ ᠤᠨ ᠦᠢᠯᠡᠴᠢᠯᠡᠭᠡ ᠶᠢ ᠦᠨᠳᠦᠰᠦᠨ ᠱᠠᠲᠤᠨ ᠳᠤ ᠬᠦᠷᠭᠡᠬᠦ ᠠᠵᠢᠯᠯᠠᠭᠠᠨ ᠳᠤ᠂ | ᠬᠤᠰᠢᠭᠤ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠨᠠᠷᠠᠪᠤᠯᠠᠭ ᠰᠤᠮᠤ ᠶᠢᠨ ᠠᠵᠢᠯ ᠤᠨ | ᠴᠢᠯᠦᠭᠡᠨ ᠤ ᠤᠯᠠᠭᠠᠨᠮᠥ᠋ᠴᠢᠷ ᠲᠤ 9 ᠲᠦᠮᠡ ᠭᠠᠷᠤᠢ ᠲᠥᠭᠦᠷᠢᠭ ᠤᠨ ᠲᠠᠭᠤᠤ ᠬᠥᠭᠵᠢᠮ ᠤᠨ ᠲᠥᠬᠦᠭᠡᠷᠦᠮᠵᠢ ᠪᠠ 22 | ᠢᠵᠢ ᠲᠤᠭᠯᠠᠯᠲᠠ ᠶᠢᠨ ᠬᠤᠪᠴᠠᠰᠤ ᠬᠤᠳᠠᠯᠳᠤᠨ ᠠᠪᠴᠤ ᠥᠭᠴᠡᠢ᠃ ᠦᠨᠳᠦᠰᠦᠨ ᠱᠠᠲᠤᠨ ᠤ ᠠᠵᠢᠯ ᠤᠨ ᠴᠢᠯᠦᠭᠡᠨ ᠤ | ᠤᠯᠠᠭᠠᠨᠮᠥ᠋ᠴᠢᠷ ᠤᠨ ᠰᠠᠭᠤᠷᠢ ᠲᠥᠬᠦᠭᠡᠷᠦᠮᠵᠢ ᠲᠤᠲᠠᠭᠳᠠᠵᠤ ᠪᠠᠶᠢᠭ᠎ᠠ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ | ᠠᠵᠢᠯ ᠤᠨ ᠴᠢᠯᠦᠭᠡᠨ ᠤ ᠤᠯᠠᠭᠠᠨᠮᠥ᠋ᠴᠢᠷ ᠤᠨ ᠬᠤᠶᠢᠰᠢᠳᠠ ᠶᠢᠨ ᠤᠷᠠᠨ ᠰᠠᠶᠢᠬᠠᠨ ᠤ ᠲᠣᠭᠯᠠᠯᠲᠠ᠂ ᠤᠬᠠᠭᠤᠯᠭ᠎ᠠ ᠪᠠ | ᠬᠠᠪᠰᠤᠷᠤᠨ ᠵᠢᠯᠤᠭᠤᠳᠬᠤ ᠠᠵᠢᠯ ᠢ ᠨᠡᠩ ᠰᠠᠶᠢᠲᠤᠷ ᠥᠷᠨᠢᠭᠦᠯᠵᠦ᠂ ᠦᠨᠳᠦᠰᠦᠨ ᠱᠠᠲᠤᠨ ᠤ ᠤᠯᠠᠨ ᠲᠦᠮᠡᠨ ᠤ | ᠰᠣᠶᠣᠯ ᠤᠨ ᠠᠮᠢᠳᠤᠷᠠᠯ ᠢ ᠨᠡᠩ ᠪᠠᠶᠠᠯᠢᠭᠵᠢᠭᠤᠯᠤᠨ᠂ ᠤᠯᠠᠭᠠᠨᠮᠥ᠋ᠴᠢᠷ ᠤᠨ ᠬᠥᠩᠭᠡᠨ ᠮᠣᠷᠢᠲᠤ ᠴᠡᠷᠢᠭ ᠤᠨ ᠵᠣᠷᠢᠭ | ᠰᠠᠨᠠᠭ᠎ᠠ ᠶᠢ ᠪᠠᠳᠠᠷᠠᠭᠤᠯᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ᠃ | | | | |