ᠠᠪᠠᠭ᠎ᠠ ᠬᠤᠰᠢᠭᠤᠨ ᠤ 2022 ᠣᠨ ᠤ ᠬᠠᠪᠤᠷ ᠤᠨ ᠤᠯᠠᠷᠢᠯ ᠤᠨ ᠨᠤᠭᠤᠭ᠎ᠠ ᠭᠠᠷᠬᠤ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠵᠣᠭᠰᠤᠭᠠᠬᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2022/3/1
ᠥᠷᠭᠡᠨ ᠤᠯᠠᠨ ᠮᠠᠯᠴᠢᠨ ᠲᠦᠮᠡᠨ ᠳᠤ᠄      ᠪᠥᠬᠦ ᠠᠶᠢᠮᠠᠭ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠮᠠᠨ ᠤ ᠬᠤᠰᠢᠭᠤᠨ ᠤ ᠬᠠᠪᠤᠷ ᠤᠨ ᠤᠯᠠᠷᠢᠯ ᠤᠨ ᠨᠤᠭᠤᠭ᠎ᠠ ᠭᠠᠷᠬᠤ ᠬᠤᠭᠤᠴᠠᠭᠠᠨ ᠳᠠᠬᠢ ᠪᠠᠯᠴᠢᠬᠡᠷᠯᠡᠬᠦᠯᠬᠦ ᠶᠢ ᠵᠤᠭᠰᠤᠭᠠᠬᠤ ᠠᠵᠢᠯ ᠤᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠨ ᠠᠰᠢᠭᠯᠠᠬᠤ ᠶᠢᠨ ᠲᠥᠯᠥᠭᠡ᠂ 2022 ᠣᠨ ᠳᠤ ᠬᠠᠪᠤᠷ ᠤᠨ ᠤᠯᠠᠷᠢᠯ ᠤᠨ ᠨᠤᠭᠤᠭ᠎ᠠ ᠭᠠᠷᠬᠤ ᠬᠤᠭᠤᠴᠠᠭᠠᠨ ᠳᠤ ᠪᠠᠯᠴᠢᠬᠡᠷᠯᠡᠬᠦᠯᠬᠦ ᠶᠢ ᠵᠤᠭᠰᠤᠭᠠᠬᠤ ᠠᠵᠢᠯ ᠢ ᠦᠷᠭᠦᠯᠵᠢᠯᠡᠨ ᠬᠡᠷᠡᠭᠵᠢᠭᠦᠯᠬᠦ ᠪᠠᠷ ᠲᠣᠭᠲᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠠᠪᠤᠷ ᠤᠨ ᠤᠯᠠᠷᠢᠯ ᠤᠨ  ᠨᠤᠭᠤᠭ᠎ᠠ ᠭᠠᠷᠬᠤ ᠬᠤᠭᠤᠴᠠᠭᠠᠨ ᠳᠠᠬᠢ ᠪᠠᠯᠴᠢᠬᠡᠷᠯᠡᠬᠦᠯᠬᠦ ᠶᠢ ᠵᠤᠭᠰᠤᠭᠠᠬᠤ ᠠᠵᠢᠯ ᠢ ᠨᠢᠭᠡᠳᠦᠯᠲᠡᠢ ᠲᠦᠯᠤᠪᠵᠢᠬᠦᠯᠤᠨ ᠰᠠᠶᠢᠲᠤᠷ ᠬᠢᠬᠦ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄     ᠨᠢᠭᠡ᠂ ᠪᠡᠯᠴᠢᠭᠡᠷᠯᠡᠭᠦᠯᠬᠦ ᠶᠢ ᠵᠣᠭᠰᠤᠭᠠᠬᠤ ᠴᠠᠭ ᠬᠤᠭᠤᠴᠠᠭ᠎ᠠ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ︾᠎ ᠤᠨ ᠶᠢᠰᠦᠳᠦᠭᠡᠷ  ᠵᠤᠷᠪᠤᠰ ︽ᠬᠤᠰᠢᠭᠤ ᠰᠢᠶᠠᠨ ᠬᠤᠲᠠ ︵ᠲᠣᠭᠤᠷᠢᠭ︶᠎ ᠶᠢᠨ ᠠᠷᠠᠳ ᠤᠨ ᠵᠠᠰᠠᠭ ᠤᠨ ᠣᠷᠳᠣᠨ ᠲᠤᠬᠠᠢ ᠶᠢᠨ ᠭᠠᠵᠠᠷ ᠤᠨ ᠠᠭᠤᠷ ᠠᠮᠢᠰᠬᠤᠯ ᠤᠨ ᠨᠥᠬᠦᠴᠡᠯ ᠪᠠ ᠪᠡᠯᠴᠢᠭᠡᠷ ᠡᠪᠡᠰᠦᠨ ᠤ ᠤᠷᠭᠤᠯᠲᠠ ᠶᠢᠨ ᠵᠢᠮ᠎ᠡ ᠶᠣᠰᠣ ᠶᠢ ᠦᠨᠳᠦᠰᠦᠯᠡᠵᠦ᠂ ᠵᠢᠯ ᠪᠦᠷᠢ ᠶᠢᠨ ᠬᠠᠪᠤᠷ ᠤᠨ ᠤᠯᠠᠷᠢᠯ ᠤᠨ ᠨᠤᠭᠤᠭ᠎ᠠ ᠭᠠᠷᠬᠤ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠵᠣᠭᠰᠤᠭᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠡᠯᠴᠢᠭᠡᠷᠯᠡᠭᠦᠯᠬᠦ ᠶᠢ ᠵᠣᠭᠰᠤᠭᠠᠬᠤ ᠬᠤᠭᠤᠴᠠᠭ᠎ᠠ ᠶᠢ 45 ᠡᠳᠦᠷ ᠠᠴᠠ ᠲᠤᠷᠤᠭᠰᠢ ᠪᠠᠶᠢᠯᠭᠠᠵᠤ ᠪᠣᠯᠬᠤ ᠦᠭᠡᠢ︾ ᠵᠢᠴᠢ ︽ᠰᠢᠯᠢ ᠶᠢᠨ ᠭᠤᠣᠯ ᠠᠶᠢᠮᠠᠭ ᠤᠨ 2022 ᠣᠨ ᠤ ᠬᠠᠪᠤᠷ ᠤᠨ ᠤᠯᠠᠷᠢᠯ ᠤᠨ ᠨᠤᠭᠤᠭ᠎ᠠ ᠭᠠᠷᠬᠤ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠵᠣᠭᠰᠤᠭᠠᠬᠤ ᠠᠵᠢᠯ ᠤᠨ ᠬᠡᠷᠡᠭᠵᠢᠭᠦᠯᠬᠦ ᠲᠥᠰᠥᠯ︾᠎ ᠳᠤ ᠲᠣᠭᠲᠠᠭᠠᠭᠰᠠᠨ ᠳᠤᠮᠳᠠ ᠬᠤᠶᠢᠲᠤ ᠪᠠᠶ᠎ᠠ ᠶᠢᠨ ᠬᠤᠲᠠ ᠲᠣᠭᠤᠷᠢᠭ ᠤᠨ ᠪᠡᠯᠴᠢᠭᠡᠷᠯᠡᠭᠦᠯᠬᠦ ᠶᠢ ᠵᠣᠭᠰᠤᠭᠠᠬᠤ ᠴᠠᠭ ᠢ 4 ᠰᠠᠷ᠎ᠠ ᠶᠢᠨ 15᠎ ᠤ ᠡᠳᠦᠷ ᠠᠴᠠ ᠡᠮᠤᠨ᠎ᠠ ᠪᠠᠶᠢᠯᠭᠠᠵᠤ ᠪᠣᠯᠬᠤ ᠦᠭᠡᠢ ᠭᠡᠰᠡᠨ ᠱᠠᠭᠠᠷᠳᠠᠯᠭ᠎ᠠ ᠶᠢ ᠦᠡᠳᠤᠰᠤᠯᠡᠨ᠂ ᠮᠠᠨ ᠤ ᠬᠤᠰᠢᠭᠤ 2022 ᠣᠨ ᠤ ᠬᠠᠪᠤᠷ ᠤᠨ ᠤᠯᠠᠷᠢᠯ ᠤᠨ ᠨᠤᠭᠤᠭ᠎ᠠ ᠭᠠᠷᠬᠤ ᠬᠤᠭᠤᠴᠠᠭᠠᠨ ᠤ ᠪᠡᠯᠴᠢᠭᠡᠷᠯᠡᠭᠦᠯᠬᠦ ᠶᠢ ᠵᠣᠭᠰᠤᠭᠠᠬᠤ ᠴᠠᠭ ᠢ 2022 ᠤᠨ ᠤ 4 ᠰᠠᠷ᠎ᠠ ᠶᠢᠨ 16᠎ ᠤ ᠡᠳᠤᠷ ᠠᠴᠠ 5 ᠰᠠᠷ᠎ᠠ ᠶᠢᠨ 30᠎ ᠤ ᠡᠳᠤᠷ ᠢᠶᠠᠷ ᠲᠤᠭᠳᠠᠭᠠᠪᠠ᠃      ᠬᠤᠶᠠᠷ᠂ ᠪᠡᠯᠴᠢᠭᠡᠷᠯᠡᠭᠦᠯᠬᠦ ᠶᠢ ᠵᠣᠭᠰᠤᠭᠠᠬᠤ ᠬᠡᠪᠴᠢᠶ᠎ᠡ      ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ᠂ ᠪᠥᠬᠦ ᠬᠤᠰᠢᠭᠤᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠲᠤᠭᠤᠷᠢᠭ ᠲᠤ ᠦᠬᠡᠷ᠂ ᠬᠤᠨᠢ ᠢᠮᠠᠭ᠎ᠠ ᠳᠤ ᠬᠠᠪᠤᠷ ᠤᠨ ᠤᠯᠠᠷᠢᠯ ᠤᠨ ᠨᠤᠭᠤᠭ᠎ᠠ ᠭᠠᠷᠬᠤ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ ︵ᠠᠳᠤᠭᠤ᠂ ᠲᠡᠮᠡᠭᠡ ᠪᠡᠯᠴᠢᠭᠡᠷᠯᠡᠭᠦᠯᠬᠦ ᠶᠢ ᠵᠣᠭᠰᠤᠭᠠᠬᠤ ᠬᠡᠪᠴᠢᠶᠡᠨ ᠳᠤ  ᠪᠠᠭᠳᠠᠬᠤ ᠦᠬᠡᠢ︶᠎ ᠢ ᠬᠡᠷᠡᠭᠵᠢᠭᠦᠯᠵᠦ᠂ ᠪᠡᠯᠴᠢᠭᠡᠷᠯᠡᠭᠦᠯᠬᠦ ᠶᠢ ᠵᠤᠭᠰᠤᠭᠠᠬᠤ ᠪᠡᠯᠴᠢᠭᠡᠷ ᠤᠨ ᠲᠠᠯᠠᠪᠠᠶ 3931 ᠲᠦᠮᠡᠨ ᠮᠦ᠃      ᠭᠤᠷᠪᠠ᠂ ᠨᠥᠬᠦᠪᠦᠷᠢ ᠥᠭᠬᠦ ᠪᠠᠷᠢᠮᠵᠢᠶ᠎ᠠ      ᠪᠠᠯᠴᠢᠬᠡᠷᠯᠡᠬᠦᠯᠬᠦ ᠶᠢ ᠵᠤᠭᠰᠤᠭᠠᠬᠤ ᠶᠢ ᠬᠡᠷᠡᠭᠵᠢᠭᠦᠯᠦᠭᠰᠡᠨ ᠮᠠᠯᠵᠢᠬᠤ ᠡᠷᠦᠬᠡ ᠳᠤ ᠪᠠᠯᠴᠢᠬᠡᠷᠯᠡᠬᠦᠯᠬᠦ ᠶᠢ ᠵᠤᠭᠰᠤᠭᠠᠭᠰᠡᠨ ᠪᠠᠯᠴᠢᠬᠡᠷ ᠤᠨ ᠲᠠᠯᠠᠪᠠᠶ ᠪᠠᠷ ᠨᠥᠬᠦᠪᠦᠷᠢ ᠥᠭᠴᠦ᠂ ᠨᠥᠬᠦᠪᠦᠷᠢ ᠶᠢᠨ ᠪᠠᠷᠢᠮᠵᠢᠶ᠎ᠠ ᠨᠢ 1.125 ᠲᠥᠭᠦᠷᠢᠭ\ ᠮᠦ ᠪᠣᠯᠣᠨ᠎ᠠ᠃      ᠳᠥᠷᠪᠡ᠂ ᠮᠠᠯ ᠤᠨ ᠬᠦᠳᠡᠯᠬᠡᠬᠡᠨ ᠤ ᠲᠠᠯᠠᠪᠤᠷ ᠭᠠᠷᠭᠠᠬᠤ      ᠠᠳᠤᠭᠤ ᠪᠠ ᠲᠡᠮᠡᠭᠡ ᠶᠢ ᠪᠡᠯᠴᠢᠭᠡᠷᠯᠡᠭᠦᠯᠬᠦ ᠶᠢ ᠵᠣᠭᠰᠤᠭᠠᠬᠤ ᠬᠡᠪᠴᠢᠶᠡᠨ ᠳᠤ ᠣᠷᠣᠭᠤᠯᠬᠤ ᠦᠭᠡᠢ᠂ ᠦᠬᠡᠷ ᠪᠠ ᠬᠤᠨᠢ ᠢᠮᠠᠭ᠎ᠠ ᠨᠢᠭᠡᠪᠦᠷᠢ ᠶᠢ 20 ᠲᠡᠭᠰᠢ ᠳᠥᠷᠪᠡᠯᠵᠢᠨ ᠮᠧᠲᠷ ᠠᠴᠠ ᠬᠡᠲᠦᠷᠡᠭᠦᠯᠬᠦ ᠦᠭᠡᠢ ᠪᠠᠶᠢᠬᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠪᠡᠯᠴᠢᠭᠡᠷᠯᠡᠭᠦᠯᠬᠦ ᠶᠢ ᠵᠣᠭᠰᠤᠭᠠᠬᠤ ᠬᠤᠭᠤᠴᠠᠭᠠᠨ ᠳᠠᠬᠢ ᠮᠠᠯ ᠤᠨ ᠬᠦᠳᠡᠯᠬᠡᠬᠡᠨ ᠤ ᠲᠠᠯᠠᠪᠤᠷ ᠭᠠᠷᠭᠠᠵᠤ᠂ ᠨᠢᠭᠡ ᠲᠤᠯᠤᠭᠠᠢ ᠦᠬᠡᠷ ᠲᠠᠪᠤᠨ ᠬᠤᠨᠢᠴᠢᠯᠠᠭᠰᠡᠨ ᠨᠢᠭᠡᠴᠢ ᠲᠠᠢ ᠲᠡᠩᠴᠡᠨ᠎ᠡ᠂ ᠨᠢᠭᠡ ᠲᠤᠭᠤᠯ ᠬᠤᠶᠠᠷ ᠴᠡᠭ ᠲᠠᠪᠤᠨ ᠬᠤᠨᠢᠴᠢᠯᠠᠭᠰᠡᠨ ᠨᠢᠭᠡᠴᠢ ᠲᠠᠢ ᠲᠡᠩᠴᠡᠨ᠎ᠡ︔ ᠬᠦᠳᠡᠯᠬᠡᠬᠡᠨ ᠤ ᠲᠠᠯᠠᠪᠤᠷ ᠢ ᠬᠠᠰᠢᠶ᠎ᠠ ᠰᠠᠷᠠᠪᠴᠢ ᠶᠢᠨ ᠤᠷᠴᠢᠨ ᠳᠤ ᠲᠤᠬᠢᠷᠠᠭᠤᠯᠵᠤ᠂ ᠳᠥᠷᠪᠡᠨ ᠵᠠᠬ᠎ᠠ ᠶᠢᠨ ᠵᠠᠭᠠᠭ ᠬᠢᠵᠠᠭᠠᠷ᠂ ᠤᠰᠤ ᠤᠮᠳᠠ ᠶᠢᠨ ᠨᠡᠪᠲᠡᠷᠡᠬᠦ ᠵᠠᠮ ᠢ ᠵᠦᠢ ᠵᠣᠬᠢᠰᠲᠠᠢ ᠲᠤᠬᠢᠷᠠᠭᠤᠯᠬᠤ ᠶᠢᠨ ᠬᠠᠮᠲᠤ᠂ ᠬᠦᠳᠡᠯᠬᠡᠬᠡᠨ ᠤ ᠲᠠᠯᠠᠪᠤᠷ ᠤᠨ ᠲᠡᠮᠳᠡᠭ ᠫᠠᠶᠢᠰᠠ ᠳᠡᠭᠡᠷ᠎ᠡ ᠲᠣᠳᠣᠷᠬᠠᠢ ᠵᠡᠭᠦᠯᠲᠡ ᠬᠠᠳᠠᠵᠤ᠂ ᠬᠦᠳᠡᠯᠬᠡᠬᠡᠨ ᠤ ᠲᠠᠯᠠᠪᠤᠷ ᠤᠨ ᠭᠠᠳᠠᠨ᠎ᠠ ᠮᠠᠯ ᠮᠠᠯᠵᠢᠬᠤ ᠶᠢ ᠴᠠᠭᠠᠵᠠᠯᠠᠨ᠎ᠠ᠃ ᠡᠭᠦᠨ ᠠᠴᠠ ᠭᠠᠳᠠᠨ᠎ᠠ᠂ ᠬᠤᠷᠠᠭ᠎ᠠ ᠬᠦᠬᠦᠬᠦᠯᠬᠦ ᠬᠦᠳᠡᠯᠬᠡᠬᠡᠨ ᠤ ᠲᠠᠯᠠᠪᠠᠶ ᠶᠢ ᠨᠡᠮᠡᠵᠦ᠂ ᠨᠢᠭᠡ ᠬᠤᠣᠰ ᠬᠤᠨᠢ ︵ᠡᠮ᠎ᠡ ᠬᠤᠨᠢ ᠪᠠ ᠬᠤᠷᠠᠭ᠎ᠠ︶᠎ ᠶᠢ 0.5 ᠮᠤ᠋ ᠠᠴᠠ ᠬᠡᠲᠦᠷᠡᠭᠦᠯᠵᠦ ᠪᠣᠯᠬᠤ ᠦᠭᠡᠢ᠂ ᠬᠤᠷᠠᠭ᠎ᠠ ᠬᠦᠬᠦᠬᠦᠯᠬᠦ ᠴᠠᠭ ᠢ ᠴᠢᠩᠭ᠎ᠠ ᠬᠢᠵᠠᠭᠠᠷᠯᠠᠨ᠎ᠠ᠃      ᠲᠠᠪᠤ᠂ ᠨᠥᠬᠦᠪᠦᠷᠢ ᠲᠠᠷᠬᠠᠭᠠᠬᠤ      ᠪᠠᠯᠴᠢᠬᠡᠷᠯᠡᠬᠦᠯᠬᠦ ᠶᠢ ᠵᠤᠭᠰᠤᠭᠠᠬᠤ ᠠᠵᠢᠯ ᠳᠠᠭᠤᠰᠤᠭᠰᠠᠨ ᠤ ᠳᠠᠷᠠᠭ᠎ᠠ᠂ ᠬᠤᠰᠢᠭᠤᠨ ᠤ ᠬᠠᠪᠤᠷ ᠤᠨ ᠤᠯᠠᠷᠢᠯ ᠤᠨ ᠨᠤᠭᠤᠭ᠎ᠠ ᠭᠠᠷᠬᠤ ᠬᠤᠭᠤᠴᠠᠭᠠᠨ ᠳᠠᠬᠢ ᠪᠠᠯᠴᠢᠬᠡᠷᠯᠡᠬᠦᠯᠬᠦ ᠶᠢ ᠵᠤᠭᠰᠤᠭᠠᠬᠤ ᠠᠵᠢᠯ ᠤᠨ ᠤᠳᠤᠷᠢᠳᠬᠤ ᠳᠤᠭᠤᠶᠢᠯᠠᠩ ᠠᠴᠠ ᠲᠠᠷᠢᠶᠠᠯᠠᠩ ᠰᠢᠡᠵᠢᠯᠡᠬᠦ ᠤᠬᠠᠭᠠᠨ᠂ ᠣᠶ ᠰᠢᠭᠤᠢ ᠡᠪᠡᠰᠦ ᠪᠡᠯᠴᠢᠭᠡᠷ᠂ ᠡᠳ᠋ ᠤᠨ ᠵᠠᠰᠠᠭ ᠪᠣᠯᠣᠨ ᠡᠯ᠎ᠡ ᠰᠤᠮᠤ ᠪᠠᠯᠭᠠᠰᠤ ᠶᠢ ᠵᠣᠬᠢᠶᠠᠨ ᠪᠠᠶᠢᠭᠤᠯᠵᠤ ᠪᠠᠯᠴᠢᠬᠡᠷᠯᠡᠬᠦᠯᠬᠦ ᠶᠢ ᠵᠤᠭᠰᠤᠭᠠᠬᠤ ᠠᠵᠢᠯ  ᠢ ᠰᠢᠯᠭᠠᠨ  ᠦᠨᠠᠯᠠᠨ᠎ᠠ ᠃ ᠰᠢᠯᠭᠠᠨ ᠦᠨᠡᠯᠡᠬᠦ ᠳᠤ ᠬᠢᠷᠢ ᠲᠡᠩᠴᠡᠭᠰᠡᠨ ᠤ ᠳᠠᠷᠠᠭ᠎ᠠ᠂ ᠱᠠᠭᠠᠷᠳᠠᠯᠭ᠎ᠠ ᠶᠣᠰᠣᠭᠠᠷ ᠲᠡᠬᠡᠭᠰᠢ ᠮᠡᠳᠡᠭᠦᠯᠵᠦ ᠢᠯᠡ ᠨᠡᠶᠢᠲᠡᠯᠡᠵᠦ ᠬᠢᠨᠠᠨ ᠬᠠᠷᠭᠤᠭᠤᠯᠤᠭᠰᠡᠨ ᠤ ᠲᠠᠷᠠᠭ᠎ᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ︽ᠨᠢᠬᠡ ᠺᠠᠷᠲ ᠎ ᠪᠠᠷ ᠨᠠᠪᠳᠠᠷᠠᠬᠦᠯᠬᠦ︾᠎ ᠢᠶᠠᠷ ᠳᠡᠮᠵᠢᠨ ᠪᠡᠯᠴᠢᠭᠡᠷᠯᠡᠭᠦᠯᠬᠦ ᠶᠢ ᠵᠣᠭᠰᠣᠭᠠᠭᠰᠠᠨ ᠨᠥᠬᠦᠪᠦᠷᠢ ᠶᠢ ᠨᠢᠬᠡᠯᠡ ᠤᠳᠠᠭ᠎ᠠ ᠳᠤ ᠲᠠᠷᠬᠠᠭᠠᠨ᠎ᠠ᠃      ᠵᠢᠷᠭᠤᠭ᠎ᠠ᠂ ᠬᠠᠮᠢᠶ᠎ᠠ ᠪᠦᠬᠦᠢ ᠱᠠᠭᠠᠷᠳᠠᠯᠭ᠎ᠠ      ︵ᠨᠢᠭᠡ︶ ᠡᠯ᠎ᠡ ᠰᠤᠮᠤ ᠪᠠᠯᠭᠠᠰᠤ ᠨᠢ ᠪᠠᠯᠴᠢᠬᠡᠷᠯᠡᠬᠦᠯᠬᠦ ᠶᠢ ᠵᠤᠭᠰᠤᠭᠠᠬᠤ ᠲᠠᠩᠰᠠ ᠡᠪᠬᠡᠮᠡᠯ ᠢ ᠪᠠᠶᠢᠭᠤᠯᠤᠨ ᠪᠦᠷᠢᠡᠰᠢᠬᠦᠯᠵᠤ᠂ ᠮᠠᠯᠵᠢᠬᠤ ᠡᠷᠦᠬᠡ ᠳᠤ ᠬᠤᠯᠪᠤᠭᠳᠠᠬᠤ ᠡᠯ᠎ᠡ ᠲᠦᠷᠤᠯ ᠤᠨ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠵᠦ᠂ ᠪᠠᠯᠴᠢᠬᠡᠷᠯᠡᠬᠦᠯᠬᠦ ᠶᠢ ᠵᠣᠭᠰᠣᠭᠠᠭᠰᠠᠨ ᠬᠤᠭᠤᠴᠠᠭᠠᠨ ᠳᠤ ᠪᠠᠯᠴᠢᠬᠡᠷᠯᠡᠬᠦᠯᠬᠦ ᠶᠢ ᠵᠤᠭᠰᠤᠭᠠᠬᠤ ᠲᠤᠭᠤᠷᠢᠭ ᠲᠤ ᠮᠠᠯᠵᠢᠬᠤ ᠶᠢ ᠪᠥᠬᠦ ᠲᠠᠯ᠎ᠠ ᠪᠠᠷ ᠴᠠᠭᠠᠵᠠᠯᠠᠵᠤ᠂ ᠦᠬᠡᠷ᠂ ᠬᠤᠨᠢ ᠶᠢ ᠴᠥᠮ  ᠬᠠᠷᠢᠭᠤᠯᠵᠤ ᠪᠣᠯᠬᠤ ᠦᠭᠡᠢ᠃ ᠥᠷᠭᠡᠨ ᠤᠯᠠᠨ ᠮᠠᠯᠴᠢᠨ ᠲᠦᠮᠡᠨ ᠪᠡᠯᠴᠢᠭᠡᠷᠯᠡᠭᠦᠯᠬᠦ ᠶᠢ ᠵᠣᠭᠰᠤᠭᠠᠬᠤ ᠲᠣᠭᠲᠠᠭᠠᠯ ᠢ ᠤᠬᠠᠮᠰᠠᠷ ᠠᠴᠠ ᠪᠠᠨ ᠬᠡᠷᠡᠭᠵᠢᠬᠦᠯᠵᠤ᠂ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠪᠣᠯᠣᠨ ᠤᠢ ᠰᠢᠭᠤᠢ ᠨᠤᠳᠤᠭ ᠪᠡᠯᠴᠢᠭᠡᠷ ᠤᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠢ᠃      ︵ᠬᠤᠶᠠᠷ︶ ᠡᠯ᠎ᠡ ᠰᠤᠮᠤ ᠪᠠᠯᠭᠠᠰᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠠᠯᠵᠢᠬᠤ ᠡᠷᠦᠬᠡ ᠶᠢᠨ ᠮᠠᠯ ᠢ ᠪᠦᠬᠦᠨ ᠢ ᠬᠠᠰᠢᠶᠠᠯᠠᠨ ᠲᠡᠵᠢᠭᠡᠬᠦ ᠶᠢ ᠱᠠᠯᠠᠪᠳᠠᠭᠤᠯᠬᠤ ᠶᠢᠨ ᠬᠠᠮᠲᠤ ᠡᠪᠡᠰᠦ ᠪᠣᠷᠳᠤᠭ᠎ᠠ ᠨᠥᠭᠡᠴᠡᠯᠡᠬᠦ᠂ ᠤᠰᠤᠨ ᠤ ᠡᠬᠢ ᠰᠤᠷᠪᠤᠯᠵᠢ ᠶᠢ ᠪᠠᠲᠤᠯᠠᠬᠤ᠂ ᠬᠦᠳᠡᠯᠬᠡᠬᠡᠨ ᠤ ᠲᠠᠯᠠᠪᠤᠷ ᠲᠤᠬᠢᠷᠠᠭᠤᠯᠬᠤ ᠪᠠ ᠫᠠᠶᠢᠰᠠ ᠲᠡᠮᠳᠡᠭ ᠪᠣᠰᠬᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ︔ ᠲᠠᠷᠢᠶᠠᠯᠠᠩ ᠰᠢᠨᠵᠢᠯᠡᠬᠦ ᠤᠬᠠᠭᠠᠨ ᠤ ᠰᠠᠯᠠᠭ᠎ᠠ ᠮᠥᠴᠢᠷ ᠠᠴᠠ ᠬᠠᠰᠢᠶᠠᠯᠠᠨ ᠲᠡᠵᠢᠭᠡᠬᠦ ᠮᠡᠷᠭᠡᠵᠢᠯ ᠤᠨ ᠵᠢᠯᠣᠭᠤᠳᠤᠯᠭ᠎ᠠ᠂ ᠬᠢᠵᠢᠭ ᠢ ᠰᠡᠷᠭᠡᠶᠢᠯᠡᠬᠦ ᠪᠠ ᠦᠢᠯᠡᠴᠢᠯᠡᠬᠡᠨ ᠤ ᠠᠵᠢᠯ ᠢ ᠰᠠᠶᠢᠲᠤᠷ ᠬᠢᠨ᠎ᠡ︔ ᠣᠶ ᠰᠢᠭᠤᠢ ᠨᠤᠳᠤᠭ ᠪᠡᠯᠴᠢᠭᠡᠷ ᠤᠨ ᠰᠠᠯᠠᠭ᠎ᠠ ᠮᠥᠴᠢᠷ ᠠᠴᠠ ᠵᠢᠭᠠᠨ ᠵᠢᠯᠤᠭᠤᠳᠴᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠨᠤᠲᠤᠭ ᠪᠡᠯᠴᠢᠭᠡᠷ ᠤᠨ ᠲᠤᠰᠬᠠᠢ ᠲᠤᠰᠢᠶᠠᠯᠲᠤ ᠬᠠᠮᠢᠶᠠᠷᠤᠨ ᠬᠠᠮᠠᠭᠠᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠢᠨᠠᠨ ᠬᠠᠮᠢᠶᠠᠷᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ︔ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ᠂ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠨᠢ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠲᠤᠭᠳᠠᠭᠠᠯ ᠢ ᠵᠦᠷᠢᠴᠡᠵᠤ ᠮᠠᠯᠵᠢᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠣᠭᠲᠠᠭᠠᠯ ᠠᠴᠠ ᠵᠥᠷᠢᠴᠡᠨ ᠮᠠᠯᠵᠢᠬᠤ ᠠᠵᠢᠯᠯᠠᠭ᠎ᠠ ᠶᠢ ᠬᠤᠯᠪᠣᠭᠳᠠᠯ ᠪᠦᠬᠦᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃       ︵ᠭᠤᠷᠪᠠ︶ ᠪᠡᠯᠴᠢᠭᠡᠷᠯᠡᠭᠦᠯᠬᠦ ᠶᠢ ᠵᠣᠭᠰᠤᠭᠠᠬᠤ ᠬᠤᠭᠤᠴᠠᠭᠠᠨ ᠳᠤ ᠢᠯᠡᠴᠢᠯᠡᠨ ᠮᠡᠳᠡᠭᠦᠯᠬᠦ ᠳᠦᠷᠢᠮ ᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠵᠤ ᠬᠢᠨᠠᠯᠲᠠ ᠲᠠᠯᠪᠢᠵᠤ᠂ ᠭᠤᠣᠯ ᠴᠣᠭᠴᠠ ᠶᠢᠨ ᠥᠪᠡᠷ ᠪᠠᠶ᠎ᠠ ᠶᠢᠨ ᠬᠢᠨᠠᠯᠲᠠ ᠲᠠᠯᠪᠢᠬᠤ᠂ ᠨᠡᠶᠢᠭᠡᠮ ᠠᠴᠠ ᠬᠢᠨᠠᠯᠲᠠ ᠲᠠᠯᠪᠢᠬᠤ᠂ ᠤᠯᠠᠨ ᠲᠦᠮᠡᠨ ᠬᠢᠨᠠᠯᠲᠠ ᠲᠠᠯᠪᠢᠬᠤ ᠶᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠠᠮᠳᠤᠷᠠᠯ ᠤᠨ ᠬᠦᠴᠦᠨ ᠢ  ᠪᠤᠢ ᠪᠤᠯᠭᠠᠵᠤ᠂ ᠥᠷᠭᠡᠨ ᠤᠯᠠᠨ ᠲᠦᠮᠡᠨ ᠠᠴᠠ ᠲᠣᠭᠲᠠᠭᠠᠯ ᠠᠴᠠ ᠵᠥᠷᠢᠴᠡᠭᠰᠡᠨ ᠪᠠᠯᠴᠢᠬᠡᠷᠯᠡᠬᠦᠯᠬᠦ  ᠠᠵᠢᠯᠯᠠᠭ᠎ᠠ ᠶᠢ ᠢᠳᠡᠪᠬᠢᠲᠡᠢ ᠪᠠᠷ ᠢᠯᠡᠴᠢᠯᠡᠨ ᠮᠡᠳᠡᠭᠦᠯᠦᠨ᠎ᠡ᠃       ᠢᠯᠡᠴᠢᠯᠡᠨ ᠮᠡᠳᠡᠭᠦᠯᠬᠦ ᠤᠲᠠᠰᠤ᠄       ᠪᠡᠯᠬᠦᠳᠡᠢ ᠪᠠᠯᠭᠠᠰᠤ 2026683       ᠬᠤᠩᠭᠤᠷᠭᠤᠤᠯ ᠪᠠᠯᠭᠠᠰᠤ 2402203       ᠴᠠᠭᠠᠨᠨᠠᠭᠤᠷ ᠪᠠᠯᠭᠠᠰᠤ 2457118       ᠨᠠᠷᠠᠨᠪᠤᠯᠠᠭ ᠰᠤᠮᠤ 2301368       ᠶᠡᠬᠡᠭᠤᠤᠯ ᠰᠤᠮᠤ 2317120       ᠵᠢᠷᠭᠠᠯᠠᠩᠳᠤ ᠰᠤᠮᠤ 2300658       ᠪᠠᠶᠠᠨᠲᠤᠭ ᠰᠤᠮᠤ 2300889
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号