ᠠᠪᠠᠭ᠎ᠠ ᠬᠤᠰᠢᠭᠤᠨ ᠤ 2022 ᠣᠨ ᠤ ᠬᠠᠪᠤᠷ ᠤᠨ ᠤᠯᠠᠷᠢᠯ ᠤᠨ ᠨᠤᠭᠤᠭ᠎ᠠ ᠭᠠᠷᠬᠤ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠵᠣᠭᠰᠤᠭᠠᠬᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2022/3/1
ᠥᠷᠭᠡᠨ ᠤᠯᠠᠨ ᠮᠠᠯᠴᠢᠨ ᠲᠦᠮᠡᠨ ᠳᠤ᠄      ᠪᠥᠬᠦ ᠠᠶᠢᠮᠠᠭ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠮᠠᠨ ᠤ ᠬᠤᠰᠢᠭᠤᠨ ᠤ ᠬᠠᠪᠤᠷ ᠤᠨ ᠤᠯᠠᠷᠢᠯ ᠤᠨ ᠨᠤᠭᠤᠭ᠎ᠠ ᠭᠠᠷᠬᠤ ᠬᠤᠭᠤᠴᠠᠭᠠᠨ ᠳᠠᠬᠢ ᠪᠠᠯᠴᠢᠬᠡᠷᠯᠡᠬᠦᠯᠬᠦ ᠶᠢ ᠵᠤᠭᠰᠤᠭᠠᠬᠤ ᠠᠵᠢᠯ ᠤᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠨ ᠠᠰᠢᠭᠯᠠᠬᠤ ᠶᠢᠨ ᠲᠥᠯᠥᠭᠡ᠂ 2022 ᠣᠨ ᠳᠤ ᠬᠠᠪᠤᠷ ᠤᠨ ᠤᠯᠠᠷᠢᠯ ᠤᠨ ᠨᠤᠭᠤᠭ᠎ᠠ ᠭᠠᠷᠬᠤ ᠬᠤᠭᠤᠴᠠᠭᠠᠨ ᠳᠤ ᠪᠠᠯᠴᠢᠬᠡᠷᠯᠡᠬᠦᠯᠬᠦ ᠶᠢ ᠵᠤᠭᠰᠤᠭᠠᠬᠤ ᠠᠵᠢᠯ ᠢ ᠦᠷᠭᠦᠯᠵᠢᠯᠡᠨ ᠬᠡᠷᠡᠭᠵᠢᠭᠦᠯᠬᠦ ᠪᠠᠷ ᠲᠣᠭᠲᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠠᠪᠤᠷ ᠤᠨ ᠤᠯᠠᠷᠢᠯ ᠤᠨ  ᠨᠤᠭᠤᠭ᠎ᠠ ᠭᠠᠷᠬᠤ ᠬᠤᠭᠤᠴᠠᠭᠠᠨ ᠳᠠᠬᠢ ᠪᠠᠯᠴᠢᠬᠡᠷᠯᠡᠬᠦᠯᠬᠦ ᠶᠢ ᠵᠤᠭᠰᠤᠭᠠᠬᠤ ᠠᠵᠢᠯ ᠢ ᠨᠢᠭᠡᠳᠦᠯᠲᠡᠢ ᠲᠦᠯᠤᠪᠵᠢᠬᠦᠯᠤᠨ ᠰᠠᠶᠢᠲᠤᠷ ᠬᠢᠬᠦ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄     ᠨᠢᠭᠡ᠂ ᠪᠡᠯᠴᠢᠭᠡᠷᠯᠡᠭᠦᠯᠬᠦ ᠶᠢ ᠵᠣᠭᠰᠤᠭᠠᠬᠤ ᠴᠠᠭ ᠬᠤᠭᠤᠴᠠᠭ᠎ᠠ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ︾ ᠤᠨ ᠶᠢᠰᠦᠳᠦᠭᠡᠷ  ᠵᠤᠷᠪᠤᠰ ︽ᠬᠤᠰᠢᠭᠤ ᠰᠢᠶᠠᠨ ᠬᠤᠲᠠ ︵ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠲᠤᠬᠠᠢ ᠶᠢᠨ ᠭᠠᠵᠠᠷ ᠤᠨ ᠠᠭᠤᠷ ᠠᠮᠢᠰᠬᠤᠯ ᠤᠨ ᠨᠥᠬᠦᠴᠡᠯ ᠪᠠ ᠪᠡᠯᠴᠢᠭᠡᠷ ᠡᠪᠡᠰᠦᠨ ᠤ ᠤᠷᠭᠤᠯᠲᠠ ᠶᠢᠨ ᠵᠢᠮ᠎ᠡ ᠶᠣᠰᠣ ᠶᠢ ᠦᠨᠳᠦᠰᠦᠯᠡᠵᠦ᠂ ᠵᠢᠯ ᠪᠦᠷᠢ ᠶᠢᠨ ᠬᠠᠪᠤᠷ ᠤᠨ ᠤᠯᠠᠷᠢᠯ ᠤᠨ ᠨᠤᠭᠤᠭ᠎ᠠ ᠭᠠᠷᠬᠤ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠵᠣᠭᠰᠤᠭᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠡᠯᠴᠢᠭᠡᠷᠯᠡᠭᠦᠯᠬᠦ ᠶᠢ ᠵᠣᠭᠰᠤᠭᠠᠬᠤ ᠬᠤᠭᠤᠴᠠᠭ᠎ᠠ ᠶᠢ 45 ᠡᠳᠦᠷ ᠠᠴᠠ ᠲᠤᠷᠤᠭᠰᠢ ᠪᠠᠶᠢᠯᠭᠠᠵᠤ ᠪᠣᠯᠬᠤ ᠦᠭᠡᠢ︾ ᠵᠢᠴᠢ ︽ᠰᠢᠯᠢ ᠶᠢᠨ ᠭᠤᠣᠯ ᠠᠶᠢᠮᠠᠭ ᠤᠨ 2022 ᠣᠨ ᠤ ᠬᠠᠪᠤᠷ ᠤᠨ ᠤᠯᠠᠷᠢᠯ ᠤᠨ ᠨᠤᠭᠤᠭ᠎ᠠ ᠭᠠᠷᠬᠤ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠵᠣᠭᠰᠤᠭᠠᠬᠤ ᠠᠵᠢᠯ ᠤᠨ ᠬᠡᠷᠡᠭᠵᠢᠭᠦᠯᠬᠦ ᠲᠥᠰᠥᠯ︾ ᠳᠤ ᠲᠣᠭᠲᠠᠭᠠᠭᠰᠠᠨ ᠳᠤᠮᠳᠠ ᠬᠤᠶᠢᠲᠤ ᠪᠠᠶ᠎ᠠ ᠶᠢᠨ ᠬᠤᠲᠠ ᠲᠣᠭᠤᠷᠢᠭ ᠤᠨ ᠪᠡᠯᠴᠢᠭᠡᠷᠯᠡᠭᠦᠯᠬᠦ ᠶᠢ ᠵᠣᠭᠰᠤᠭᠠᠬᠤ ᠴᠠᠭ ᠢ 4 ᠰᠠᠷ᠎ᠠ ᠶᠢᠨ 15 ᠤ ᠡᠳᠦᠷ ᠠᠴᠠ ᠡᠮᠤᠨ᠎ᠠ ᠪᠠᠶᠢᠯᠭᠠᠵᠤ ᠪᠣᠯᠬᠤ ᠦᠭᠡᠢ ᠭᠡᠰᠡᠨ ᠱᠠᠭᠠᠷᠳᠠᠯᠭ᠎ᠠ ᠶᠢ ᠦᠡᠳᠤᠰᠤᠯᠡᠨ᠂ ᠮᠠᠨ ᠤ ᠬᠤᠰᠢᠭᠤ 2022 ᠣᠨ ᠤ ᠬᠠᠪᠤᠷ ᠤᠨ ᠤᠯᠠᠷᠢᠯ ᠤᠨ ᠨᠤᠭᠤᠭ᠎ᠠ ᠭᠠᠷᠬᠤ ᠬᠤᠭᠤᠴᠠᠭᠠᠨ ᠤ ᠪᠡᠯᠴᠢᠭᠡᠷᠯᠡᠭᠦᠯᠬᠦ ᠶᠢ ᠵᠣᠭᠰᠤᠭᠠᠬᠤ ᠴᠠᠭ ᠢ 2022 ᠤᠨ ᠤ 4 ᠰᠠᠷ᠎ᠠ ᠶᠢᠨ 16 ᠤ ᠡᠳᠤᠷ ᠠᠴᠠ 5 ᠰᠠᠷ᠎ᠠ ᠶᠢᠨ 30 ᠤ ᠡᠳᠤᠷ ᠢᠶᠠᠷ ᠲᠤᠭᠳᠠᠭᠠᠪᠠ᠃      ᠬᠤᠶᠠᠷ᠂ ᠪᠡᠯᠴᠢᠭᠡᠷᠯᠡᠭᠦᠯᠬᠦ ᠶᠢ ᠵᠣᠭᠰᠤᠭᠠᠬᠤ ᠬᠡᠪᠴᠢᠶ᠎ᠡ      ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ᠂ ᠪᠥᠬᠦ ᠬᠤᠰᠢᠭᠤᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠲᠤᠭᠤᠷᠢᠭ ᠲᠤ ᠦᠬᠡᠷ᠂ ᠬᠤᠨᠢ ᠢᠮᠠᠭ᠎ᠠ ᠳᠤ ᠬᠠᠪᠤᠷ ᠤᠨ ᠤᠯᠠᠷᠢᠯ ᠤᠨ ᠨᠤᠭᠤᠭ᠎ᠠ ᠭᠠᠷᠬᠤ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ ︵ᠠᠳᠤᠭᠤ᠂ ᠲᠡᠮᠡᠭᠡ ᠪᠡᠯᠴᠢᠭᠡᠷᠯᠡᠭᠦᠯᠬᠦ ᠶᠢ ᠵᠣᠭᠰᠤᠭᠠᠬᠤ ᠬᠡᠪᠴᠢᠶᠡᠨ ᠳᠤ  ᠪᠠᠭᠳᠠᠬᠤ ᠦᠬᠡᠢ︶ ᠢ ᠬᠡᠷᠡᠭᠵᠢᠭᠦᠯᠵᠦ᠂ ᠪᠡᠯᠴᠢᠭᠡᠷᠯᠡᠭᠦᠯᠬᠦ ᠶᠢ ᠵᠤᠭᠰᠤᠭᠠᠬᠤ ᠪᠡᠯᠴᠢᠭᠡᠷ ᠤᠨ ᠲᠠᠯᠠᠪᠠᠶ 3931 ᠲᠦᠮᠡᠨ ᠮᠦ᠃      ᠭᠤᠷᠪᠠ᠂ ᠨᠥᠬᠦᠪᠦᠷᠢ ᠥᠭᠬᠦ ᠪᠠᠷᠢᠮᠵᠢᠶ᠎ᠠ      ᠪᠠᠯᠴᠢᠬᠡᠷᠯᠡᠬᠦᠯᠬᠦ ᠶᠢ ᠵᠤᠭᠰᠤᠭᠠᠬᠤ ᠶᠢ ᠬᠡᠷᠡᠭᠵᠢᠭᠦᠯᠦᠭᠰᠡᠨ ᠮᠠᠯᠵᠢᠬᠤ ᠡᠷᠦᠬᠡ ᠳᠤ ᠪᠠᠯᠴᠢᠬᠡᠷᠯᠡᠬᠦᠯᠬᠦ ᠶᠢ ᠵᠤᠭᠰᠤᠭᠠᠭᠰᠡᠨ ᠪᠠᠯᠴᠢᠬᠡᠷ ᠤᠨ ᠲᠠᠯᠠᠪᠠᠶ ᠪᠠᠷ ᠨᠥᠬᠦᠪᠦᠷᠢ ᠥᠭᠴᠦ᠂ ᠨᠥᠬᠦᠪᠦᠷᠢ ᠶᠢᠨ ᠪᠠᠷᠢᠮᠵᠢᠶ᠎ᠠ ᠨᠢ 1.125 ᠲᠥᠭᠦᠷᠢᠭ\ ᠮᠦ ᠪᠣᠯᠣᠨ᠎ᠠ᠃      ᠳᠥᠷᠪᠡ᠂ ᠮᠠᠯ ᠤᠨ ᠬᠦᠳᠡᠯᠬᠡᠬᠡᠨ ᠤ ᠲᠠᠯᠠᠪᠤᠷ ᠭᠠᠷᠭᠠᠬᠤ      ᠠᠳᠤᠭᠤ ᠪᠠ ᠲᠡᠮᠡᠭᠡ ᠶᠢ ᠪᠡᠯᠴᠢᠭᠡᠷᠯᠡᠭᠦᠯᠬᠦ ᠶᠢ ᠵᠣᠭᠰᠤᠭᠠᠬᠤ ᠬᠡᠪᠴᠢᠶᠡᠨ ᠳᠤ ᠣᠷᠣᠭᠤᠯᠬᠤ ᠦᠭᠡᠢ᠂ ᠦᠬᠡᠷ ᠪᠠ ᠬᠤᠨᠢ ᠢᠮᠠᠭ᠎ᠠ ᠨᠢᠭᠡᠪᠦᠷᠢ ᠶᠢ 20 ᠲᠡᠭᠰᠢ ᠳᠥᠷᠪᠡᠯᠵᠢᠨ ᠮᠧᠲᠷ ᠠᠴᠠ ᠬᠡᠲᠦᠷᠡᠭᠦᠯᠬᠦ ᠦᠭᠡᠢ ᠪᠠᠶᠢᠬᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠪᠡᠯᠴᠢᠭᠡᠷᠯᠡᠭᠦᠯᠬᠦ ᠶᠢ ᠵᠣᠭᠰᠤᠭᠠᠬᠤ ᠬᠤᠭᠤᠴᠠᠭᠠᠨ ᠳᠠᠬᠢ ᠮᠠᠯ ᠤᠨ ᠬᠦᠳᠡᠯᠬᠡᠬᠡᠨ ᠤ ᠲᠠᠯᠠᠪᠤᠷ ᠭᠠᠷᠭᠠᠵᠤ᠂ ᠨᠢᠭᠡ ᠲᠤᠯᠤᠭᠠᠢ ᠦᠬᠡᠷ ᠲᠠᠪᠤᠨ ᠬᠤᠨᠢᠴᠢᠯᠠᠭᠰᠡᠨ ᠨᠢᠭᠡᠴᠢ ᠲᠠᠢ ᠲᠡᠩᠴᠡᠨ᠎ᠡ᠂ ᠨᠢᠭᠡ ᠲᠤᠭᠤᠯ ᠬᠤᠶᠠᠷ ᠴᠡᠭ ᠲᠠᠪᠤᠨ ᠬᠤᠨᠢᠴᠢᠯᠠᠭᠰᠡᠨ ᠨᠢᠭᠡᠴᠢ ᠲᠠᠢ ᠲᠡᠩᠴᠡᠨ᠎ᠡ︔ ᠬᠦᠳᠡᠯᠬᠡᠬᠡᠨ ᠤ ᠲᠠᠯᠠᠪᠤᠷ ᠢ ᠬᠠᠰᠢᠶ᠎ᠠ ᠰᠠᠷᠠᠪᠴᠢ ᠶᠢᠨ ᠤᠷᠴᠢᠨ ᠳᠤ ᠲᠤᠬᠢᠷᠠᠭᠤᠯᠵᠤ᠂ ᠳᠥᠷᠪᠡᠨ ᠵᠠᠬ᠎ᠠ ᠶᠢᠨ ᠵᠠᠭᠠᠭ ᠬᠢᠵᠠᠭᠠᠷ᠂ ᠤᠰᠤ ᠤᠮᠳᠠ ᠶᠢᠨ ᠨᠡᠪᠲᠡᠷᠡᠬᠦ ᠵᠠᠮ ᠢ ᠵᠦᠢ ᠵᠣᠬᠢᠰᠲᠠᠢ ᠲᠤᠬᠢᠷᠠᠭᠤᠯᠬᠤ ᠶᠢᠨ ᠬᠠᠮᠲᠤ᠂ ᠬᠦᠳᠡᠯᠬᠡᠬᠡᠨ ᠤ ᠲᠠᠯᠠᠪᠤᠷ ᠤᠨ ᠲᠡᠮᠳᠡᠭ ᠫᠠᠶᠢᠰᠠ ᠳᠡᠭᠡᠷ᠎ᠡ ᠲᠣᠳᠣᠷᠬᠠᠢ ᠵᠡᠭᠦᠯᠲᠡ ᠬᠠᠳᠠᠵᠤ᠂ ᠬᠦᠳᠡᠯᠬᠡᠬᠡᠨ ᠤ ᠲᠠᠯᠠᠪᠤᠷ ᠤᠨ ᠭᠠᠳᠠᠨ᠎ᠠ ᠮᠠᠯ ᠮᠠᠯᠵᠢᠬᠤ ᠶᠢ ᠴᠠᠭᠠᠵᠠᠯᠠᠨ᠎ᠠ᠃ ᠡᠭᠦᠨ ᠠᠴᠠ ᠭᠠᠳᠠᠨ᠎ᠠ᠂ ᠬᠤᠷᠠᠭ᠎ᠠ ᠬᠦᠬᠦᠬᠦᠯᠬᠦ ᠬᠦᠳᠡᠯᠬᠡᠬᠡᠨ ᠤ ᠲᠠᠯᠠᠪᠠᠶ ᠶᠢ ᠨᠡᠮᠡᠵᠦ᠂ ᠨᠢᠭᠡ ᠬᠤᠣᠰ ᠬᠤᠨᠢ ︵ᠡᠮ᠎ᠡ ᠬᠤᠨᠢ ᠪᠠ ᠬᠤᠷᠠᠭ᠎ᠠ︶ ᠶᠢ 0.5 ᠮᠤ᠋ ᠠᠴᠠ ᠬᠡᠲᠦᠷᠡᠭᠦᠯᠵᠦ ᠪᠣᠯᠬᠤ ᠦᠭᠡᠢ᠂ ᠬᠤᠷᠠᠭ᠎ᠠ ᠬᠦᠬᠦᠬᠦᠯᠬᠦ ᠴᠠᠭ ᠢ ᠴᠢᠩᠭ᠎ᠠ ᠬᠢᠵᠠᠭᠠᠷᠯᠠᠨ᠎ᠠ᠃      ᠲᠠᠪᠤ᠂ ᠨᠥᠬᠦᠪᠦᠷᠢ ᠲᠠᠷᠬᠠᠭᠠᠬᠤ      ᠪᠠᠯᠴᠢᠬᠡᠷᠯᠡᠬᠦᠯᠬᠦ ᠶᠢ ᠵᠤᠭᠰᠤᠭᠠᠬᠤ ᠠᠵᠢᠯ ᠳᠠᠭᠤᠰᠤᠭᠰᠠᠨ ᠤ ᠳᠠᠷᠠᠭ᠎ᠠ᠂ ᠬᠤᠰᠢᠭᠤᠨ ᠤ ᠬᠠᠪᠤᠷ ᠤᠨ ᠤᠯᠠᠷᠢᠯ ᠤᠨ ᠨᠤᠭᠤᠭ᠎ᠠ ᠭᠠᠷᠬᠤ ᠬᠤᠭᠤᠴᠠᠭᠠᠨ ᠳᠠᠬᠢ ᠪᠠᠯᠴᠢᠬᠡᠷᠯᠡᠬᠦᠯᠬᠦ ᠶᠢ ᠵᠤᠭᠰᠤᠭᠠᠬᠤ ᠠᠵᠢᠯ ᠤᠨ ᠤᠳᠤᠷᠢᠳᠬᠤ ᠳᠤᠭᠤᠶᠢᠯᠠᠩ ᠠᠴᠠ ᠲᠠᠷᠢᠶᠠᠯᠠᠩ ᠰᠢᠡᠵᠢᠯᠡᠬᠦ ᠤᠬᠠᠭᠠᠨ᠂ ᠣᠶ ᠰᠢᠭᠤᠢ ᠡᠪᠡᠰᠦ ᠪᠡᠯᠴᠢᠭᠡᠷ᠂ ᠡᠳ᠋ ᠤᠨ ᠵᠠᠰᠠᠭ ᠪᠣᠯᠣᠨ ᠡᠯ᠎ᠡ ᠰᠤᠮᠤ ᠪᠠᠯᠭᠠᠰᠤ ᠶᠢ ᠵᠣᠬᠢᠶᠠᠨ ᠪᠠᠶᠢᠭᠤᠯᠵᠤ ᠪᠠᠯᠴᠢᠬᠡᠷᠯᠡᠬᠦᠯᠬᠦ ᠶᠢ ᠵᠤᠭᠰᠤᠭᠠᠬᠤ ᠠᠵᠢᠯ  ᠢ ᠰᠢᠯᠭᠠᠨ  ᠦᠨᠠᠯᠠᠨ᠎ᠠ ᠃ ᠰᠢᠯᠭᠠᠨ ᠦᠨᠡᠯᠡᠬᠦ ᠳᠤ ᠬᠢᠷᠢ ᠲᠡᠩᠴᠡᠭᠰᠡᠨ ᠤ ᠳᠠᠷᠠᠭ᠎ᠠ᠂ ᠱᠠᠭᠠᠷᠳᠠᠯᠭ᠎ᠠ ᠶᠣᠰᠣᠭᠠᠷ ᠲᠡᠬᠡᠭᠰᠢ ᠮᠡᠳᠡᠭᠦᠯᠵᠦ ᠢᠯᠡ ᠨᠡᠶᠢᠲᠡᠯᠡᠵᠦ ᠬᠢᠨᠠᠨ ᠬᠠᠷᠭᠤᠭᠤᠯᠤᠭᠰᠡᠨ ᠤ ᠲᠠᠷᠠᠭ᠎ᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ︽ᠨᠢᠬᠡ ᠺᠠᠷᠲ  ᠪᠠᠷ ᠨᠠᠪᠳᠠᠷᠠᠬᠦᠯᠬᠦ︾ ᠢᠶᠠᠷ ᠳᠡᠮᠵᠢᠨ ᠪᠡᠯᠴᠢᠭᠡᠷᠯᠡᠭᠦᠯᠬᠦ ᠶᠢ ᠵᠣᠭᠰᠣᠭᠠᠭᠰᠠᠨ ᠨᠥᠬᠦᠪᠦᠷᠢ ᠶᠢ ᠨᠢᠬᠡᠯᠡ ᠤᠳᠠᠭ᠎ᠠ ᠳᠤ ᠲᠠᠷᠬᠠᠭᠠᠨ᠎ᠠ᠃      ᠵᠢᠷᠭᠤᠭ᠎ᠠ᠂ ᠬᠠᠮᠢᠶ᠎ᠠ ᠪᠦᠬᠦᠢ ᠱᠠᠭᠠᠷᠳᠠᠯᠭ᠎ᠠ      ︵ᠨᠢᠭᠡ︶ ᠡᠯ᠎ᠡ ᠰᠤᠮᠤ ᠪᠠᠯᠭᠠᠰᠤ ᠨᠢ ᠪᠠᠯᠴᠢᠬᠡᠷᠯᠡᠬᠦᠯᠬᠦ ᠶᠢ ᠵᠤᠭᠰᠤᠭᠠᠬᠤ ᠲᠠᠩᠰᠠ ᠡᠪᠬᠡᠮᠡᠯ ᠢ ᠪᠠᠶᠢᠭᠤᠯᠤᠨ ᠪᠦᠷᠢᠡᠰᠢᠬᠦᠯᠵᠤ᠂ ᠮᠠᠯᠵᠢᠬᠤ ᠡᠷᠦᠬᠡ ᠳᠤ ᠬᠤᠯᠪᠤᠭᠳᠠᠬᠤ ᠡᠯ᠎ᠡ ᠲᠦᠷᠤᠯ ᠤᠨ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠵᠦ᠂ ᠪᠠᠯᠴᠢᠬᠡᠷᠯᠡᠬᠦᠯᠬᠦ ᠶᠢ ᠵᠣᠭᠰᠣᠭᠠᠭᠰᠠᠨ ᠬᠤᠭᠤᠴᠠᠭᠠᠨ ᠳᠤ ᠪᠠᠯᠴᠢᠬᠡᠷᠯᠡᠬᠦᠯᠬᠦ ᠶᠢ ᠵᠤᠭᠰᠤᠭᠠᠬᠤ ᠲᠤᠭᠤᠷᠢᠭ ᠲᠤ ᠮᠠᠯᠵᠢᠬᠤ ᠶᠢ ᠪᠥᠬᠦ ᠲᠠᠯ᠎ᠠ ᠪᠠᠷ ᠴᠠᠭᠠᠵᠠᠯᠠᠵᠤ᠂ ᠦᠬᠡᠷ᠂ ᠬᠤᠨᠢ ᠶᠢ ᠴᠥᠮ  ᠬᠠᠷᠢᠭᠤᠯᠵᠤ ᠪᠣᠯᠬᠤ ᠦᠭᠡᠢ᠃ ᠥᠷᠭᠡᠨ ᠤᠯᠠᠨ ᠮᠠᠯᠴᠢᠨ ᠲᠦᠮᠡᠨ ᠪᠡᠯᠴᠢᠭᠡᠷᠯᠡᠭᠦᠯᠬᠦ ᠶᠢ ᠵᠣᠭᠰᠤᠭᠠᠬᠤ ᠲᠣᠭᠲᠠᠭᠠᠯ ᠢ ᠤᠬᠠᠮᠰᠠᠷ ᠠᠴᠠ ᠪᠠᠨ ᠬᠡᠷᠡᠭᠵᠢᠬᠦᠯᠵᠤ᠂ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠪᠣᠯᠣᠨ ᠤᠢ ᠰᠢᠭᠤᠢ ᠨᠤᠳᠤᠭ ᠪᠡᠯᠴᠢᠭᠡᠷ ᠤᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠢ᠃      ︵ᠬᠤᠶᠠᠷ︶ ᠡᠯ᠎ᠡ ᠰᠤᠮᠤ ᠪᠠᠯᠭᠠᠰᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠠᠯᠵᠢᠬᠤ ᠡᠷᠦᠬᠡ ᠶᠢᠨ ᠮᠠᠯ ᠢ ᠪᠦᠬᠦᠨ ᠢ ᠬᠠᠰᠢᠶᠠᠯᠠᠨ ᠲᠡᠵᠢᠭᠡᠬᠦ ᠶᠢ ᠱᠠᠯᠠᠪᠳᠠᠭᠤᠯᠬᠤ ᠶᠢᠨ ᠬᠠᠮᠲᠤ ᠡᠪᠡᠰᠦ ᠪᠣᠷᠳᠤᠭ᠎ᠠ ᠨᠥᠭᠡᠴᠡᠯᠡᠬᠦ᠂ ᠤᠰᠤᠨ ᠤ ᠡᠬᠢ ᠰᠤᠷᠪᠤᠯᠵᠢ ᠶᠢ ᠪᠠᠲᠤᠯᠠᠬᠤ᠂ ᠬᠦᠳᠡᠯᠬᠡᠬᠡᠨ ᠤ ᠲᠠᠯᠠᠪᠤᠷ ᠲᠤᠬᠢᠷᠠᠭᠤᠯᠬᠤ ᠪᠠ ᠫᠠᠶᠢᠰᠠ ᠲᠡᠮᠳᠡᠭ ᠪᠣᠰᠬᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ︔ ᠲᠠᠷᠢᠶᠠᠯᠠᠩ ᠰᠢᠨᠵᠢᠯᠡᠬᠦ ᠤᠬᠠᠭᠠᠨ ᠤ ᠰᠠᠯᠠᠭ᠎ᠠ ᠮᠥᠴᠢᠷ ᠠᠴᠠ ᠬᠠᠰᠢᠶᠠᠯᠠᠨ ᠲᠡᠵᠢᠭᠡᠬᠦ ᠮᠡᠷᠭᠡᠵᠢᠯ ᠤᠨ ᠵᠢᠯᠣᠭᠤᠳᠤᠯᠭ᠎ᠠ᠂ ᠬᠢᠵᠢᠭ ᠢ ᠰᠡᠷᠭᠡᠶᠢᠯᠡᠬᠦ ᠪᠠ ᠦᠢᠯᠡᠴᠢᠯᠡᠬᠡᠨ ᠤ ᠠᠵᠢᠯ ᠢ ᠰᠠᠶᠢᠲᠤᠷ ᠬᠢᠨ᠎ᠡ︔ ᠣᠶ ᠰᠢᠭᠤᠢ ᠨᠤᠳᠤᠭ ᠪᠡᠯᠴᠢᠭᠡᠷ ᠤᠨ ᠰᠠᠯᠠᠭ᠎ᠠ ᠮᠥᠴᠢᠷ ᠠᠴᠠ ᠵᠢᠭᠠᠨ ᠵᠢᠯᠤᠭᠤᠳᠴᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠨᠤᠲᠤᠭ ᠪᠡᠯᠴᠢᠭᠡᠷ ᠤᠨ ᠲᠤᠰᠬᠠᠢ ᠲᠤᠰᠢᠶᠠᠯᠲᠤ ᠬᠠᠮᠢᠶᠠᠷᠤᠨ ᠬᠠᠮᠠᠭᠠᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠢᠨᠠᠨ ᠬᠠᠮᠢᠶᠠᠷᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ︔ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ᠂ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠨᠢ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠲᠤᠭᠳᠠᠭᠠᠯ ᠢ ᠵᠦᠷᠢᠴᠡᠵᠤ ᠮᠠᠯᠵᠢᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠣᠭᠲᠠᠭᠠᠯ ᠠᠴᠠ ᠵᠥᠷᠢᠴᠡᠨ ᠮᠠᠯᠵᠢᠬᠤ ᠠᠵᠢᠯᠯᠠᠭ᠎ᠠ ᠶᠢ ᠬᠤᠯᠪᠣᠭᠳᠠᠯ ᠪᠦᠬᠦᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃       ︵ᠭᠤᠷᠪᠠ︶ ᠪᠡᠯᠴᠢᠭᠡᠷᠯᠡᠭᠦᠯᠬᠦ ᠶᠢ ᠵᠣᠭᠰᠤᠭᠠᠬᠤ ᠬᠤᠭᠤᠴᠠᠭᠠᠨ ᠳᠤ ᠢᠯᠡᠴᠢᠯᠡᠨ ᠮᠡᠳᠡᠭᠦᠯᠬᠦ ᠳᠦᠷᠢᠮ ᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠵᠤ ᠬᠢᠨᠠᠯᠲᠠ ᠲᠠᠯᠪᠢᠵᠤ᠂ ᠭᠤᠣᠯ ᠴᠣᠭᠴᠠ ᠶᠢᠨ ᠥᠪᠡᠷ ᠪᠠᠶ᠎ᠠ ᠶᠢᠨ ᠬᠢᠨᠠᠯᠲᠠ ᠲᠠᠯᠪᠢᠬᠤ᠂ ᠨᠡᠶᠢᠭᠡᠮ ᠠᠴᠠ ᠬᠢᠨᠠᠯᠲᠠ ᠲᠠᠯᠪᠢᠬᠤ᠂ ᠤᠯᠠᠨ ᠲᠦᠮᠡᠨ ᠬᠢᠨᠠᠯᠲᠠ ᠲᠠᠯᠪᠢᠬᠤ ᠶᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠠᠮᠳᠤᠷᠠᠯ ᠤᠨ ᠬᠦᠴᠦᠨ ᠢ  ᠪᠤᠢ ᠪᠤᠯᠭᠠᠵᠤ᠂ ᠥᠷᠭᠡᠨ ᠤᠯᠠᠨ ᠲᠦᠮᠡᠨ ᠠᠴᠠ ᠲᠣᠭᠲᠠᠭᠠᠯ ᠠᠴᠠ ᠵᠥᠷᠢᠴᠡᠭᠰᠡᠨ ᠪᠠᠯᠴᠢᠬᠡᠷᠯᠡᠬᠦᠯᠬᠦ  ᠠᠵᠢᠯᠯᠠᠭ᠎ᠠ ᠶᠢ ᠢᠳᠡᠪᠬᠢᠲᠡᠢ ᠪᠠᠷ ᠢᠯᠡᠴᠢᠯᠡᠨ ᠮᠡᠳᠡᠭᠦᠯᠦᠨ᠎ᠡ᠃       ᠢᠯᠡᠴᠢᠯᠡᠨ ᠮᠡᠳᠡᠭᠦᠯᠬᠦ ᠤᠲᠠᠰᠤ᠄       ᠪᠡᠯᠬᠦᠳᠡᠢ ᠪᠠᠯᠭᠠᠰᠤ 2026683       ᠬᠤᠩᠭᠤᠷᠭᠤᠤᠯ ᠪᠠᠯᠭᠠᠰᠤ 2402203       ᠴᠠᠭᠠᠨᠨᠠᠭᠤᠷ ᠪᠠᠯᠭᠠᠰᠤ 2457118       ᠨᠠᠷᠠᠨᠪᠤᠯᠠᠭ ᠰᠤᠮᠤ 2301368       ᠶᠡᠬᠡᠭᠤᠤᠯ ᠰᠤᠮᠤ 2317120       ᠵᠢᠷᠭᠠᠯᠠᠩᠳᠤ ᠰᠤᠮᠤ 2300658       ᠪᠠᠶᠠᠨᠲᠤᠭ ᠰᠤᠮᠤ 2300889
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号