ᠴᠠᠭᠳᠠᠭᠠᠨ ᠤ ᠠᠯᠪᠠᠨ ᠳᠤ ᠪᠠᠨ 12 ᠵᠢᠯ ᠬᠢᠯᠡᠷᠡᠭᠤᠯᠵᠦ ᠶᠠᠪᠤᠭ᠎ᠠ ᠸᠠᠩ ᠰᠢᠶᠤᠤ ᠹᠠᠩ
ᠨᠡᠶᠢᠲᠡᠯᠡᠭᠰᠡᠨ ᠴᠠᠭ᠄
2022/3/9
     ᠰᠤᠷᠪᠤᠯᠵᠢᠯᠠᠭᠴᠢ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠯᠤᠰ ᠲᠥᠷᠥ ᠶᠢᠨ ᠠᠵᠢᠯ ᠤᠨ ᠠᠯᠪᠠᠨ ᠬᠡᠷ ᠲᠤ ᠬᠦᠷᠬᠦ ᠳᠤ ᠸᠠᠩ ᠰᠢᠶᠤᠤ ᠹᠠᠩ ᠶᠠᠭ ᠬᠠᠮᠲᠤ ᠠᠵᠢᠯᠯᠠᠭᠰᠠᠳ ᠲᠠᠢ ᠪᠠᠨ ᠨᠢᠭᠡ ᠡᠳᠦᠷ ᠤᠨ ᠠᠵᠢᠯ ᠤᠨ ᠲᠤᠬᠠᠢ ᠪᠠᠨ ᠵᠦᠪᠳᠡᠯᠴᠡᠵᠦ ᠪᠠᠶᠢᠭ᠎ᠠ ᠲᠠᠢ ᠲᠠᠭᠠᠷᠠᠯᠳᠤᠯ᠎ᠠ᠃ ᠡᠨᠡ ᠵᠢᠯ ᠪᠣᠯ ᠲᠡᠭᠦᠨ ᠤ ᠴᠠᠭᠳᠠᠭᠠᠨ ᠤ ᠠᠵᠢᠯ ᠳᠤ ᠤᠷᠤᠯᠴᠠᠭᠰᠠᠨ ᠠᠷᠪᠠᠨ ᠬᠤᠶᠠᠳᠠᠬᠢ ᠵᠢᠯ  ᠪᠤᠯᠤᠨ᠎ᠠ᠃      ᠴᠠᠭᠳᠠᠭᠠᠨ ᠤ ᠠᠵᠢᠯ ᠢ ᠡᠭᠦᠷᠭᠡᠯᠡᠭᠰᠡᠨ 12 ᠵᠢᠯ ᠤᠨ ᠲᠤᠷᠰᠢ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠵᠢᠴᠢ ᠪᠥᠬᠦ ᠣᠷᠣᠨ᠂ ᠪᠥᠬᠦ ᠠᠶᠢᠮᠠᠭ᠂ ᠪᠥᠬᠦ ᠬᠤᠰᠢᠭᠤᠨ ᠤ ᠬᠠᠮᠤᠭ ᠤᠨ ᠭᠤᠶᠣ ᠬᠡᠷ ᠪᠦᠯᠢ ᠪᠠ ᠪᠥᠬᠦ ᠬᠤᠰᠢᠭᠤᠨ ᠤ ᠰᠢᠯᠢᠳᠡᠭ ᠨᠠᠮ ᠤᠨ ᠠᠵᠢᠯᠲᠠᠨ᠂ ᠪᠥᠬᠦ ᠬᠤᠰᠢᠭᠤᠨ ᠤ ᠡᠮᠡᠭᠲᠡᠶ ᠭᠠᠪᠢᠶ᠎ᠠ ᠪᠠᠶᠢᠭᠤᠯᠤᠭᠰᠠᠨ ᠵᠢᠱᠢᠶᠡᠴᠢ ᠵᠡᠷᠭᠡ ᠢᠷᠠᠭᠤ ᠠᠯᠳᠠᠷ ᠤᠨ ᠴᠣᠯᠠ ᠨᠢ ᠲᠡᠭᠦᠨ ᠤ ᠦᠨᠳᠦᠰᠦᠨ ᠱᠠᠲᠤᠨ ᠤ ᠳᠣᠲᠣᠭᠠᠳᠤ ᠶᠢ ᠬᠠᠮᠠᠭᠠᠯᠠᠬᠤ ᠠᠵᠢᠯ ᠳᠤ ᠬᠠᠯᠠᠰᠢᠷᠠᠯ ᠥᠬᠡᠶ ᠠᠵᠢᠯᠯᠠᠭᠰᠠᠨ ᠤ ᠬᠢᠨᠢ ᠬᠠᠮᠤᠭ ᠤᠨ ᠰᠠᠶᠢᠨ ᠬᠡᠷᠡᠴᠢᠯᠡᠯ ᠪᠤᠯᠵᠦ ᠲᠠᠭᠠᠷᠠᠨ᠎ᠠ᠃ ᠲᠡᠷᠡ ᠥᠪᠡᠷ ᠤᠨ ᠵᠠᠯᠠᠭᠤ ᠨᠠᠰᠤ ᠪᠠ ᠬᠠᠳᠠᠨ ᠵᠣᠷᠢᠭ ᠢᠶᠠᠷ ᠢᠶᠠᠨ ᠡᠮᠡᠭᠲᠡᠶ ᠴᠠᠭᠳᠠᠭ᠎ᠠ ᠶᠢᠨ ᠬᠠᠮᠤᠭ ᠤᠨ ᠪᠣᠷᠣᠭᠵᠢᠭᠤᠨ᠂ ᠰᠡᠳᠬᠢᠯ ᠬᠥᠳᠡᠯᠭᠡᠮ᠎ᠡ ᠭᠤᠸ᠎ᠠ ᠰᠠᠶᠢᠬᠠᠨ ᠢ ᠪᠢᠴᠢᠭᠯᠡᠨ ᠭᠠᠷᠭᠠᠯ᠎ᠠ᠃      ᠸᠠᠩ ᠰᠢᠶᠤᠤ ᠹᠠᠩ᠂ 1986 ᠣᠨ ᠤ 11 ᠰᠠᠷ᠎ᠠ ᠳᠤ ᠲᠦᠷᠦᠪᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ 2007 ᠣᠨ ᠳᠤ ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠰᠢᠯᠭᠠᠭᠳᠠᠨ ᠣᠷᠣᠵᠤ᠂ 2010 ᠣᠨ ᠤ 4 ᠰᠠᠷ᠎ᠠ ᠳᠤ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠳᠤ ᠰᠢᠯᠭᠠᠨ ᠣᠷᠣᠪᠠ᠂ ᠤᠳᠤ ᠤᠯᠤᠰ ᠲᠦᠷᠦ ᠶᠢᠨ ᠠᠵᠢᠯ ᠤᠨ ᠠᠯᠪᠠᠨ ᠭᠡᠷ ᠲᠤ ᠠᠵᠢᠯᠯᠠᠵᠤ ᠪᠠᠶᠢᠨ᠎ᠠ᠃      ᠡᠮᠡᠭᠲᠡᠶ ᠴᠠᠭᠳᠠᠭ᠎ᠠ ᠪᠣᠯᠤᠭᠰᠠᠨ ᠤ ᠬᠤᠪᠢ ᠳᠤ᠂ ᠲᠡᠷᠡ ᠦᠪᠡᠷ ᠤᠨ ᠲᠤᠬᠠᠶᠢᠯᠠᠭᠰᠠᠨ ᠠᠵᠢᠯ ᠳᠤ ᠪᠠᠨ ᠮᠠᠰᠢ ᠬᠠᠷᠢᠭᠤᠴᠠᠯᠭ᠎ᠠ ᠲᠠᠢ ᠪᠠᠶᠢᠳᠠᠭ᠃ ᠠᠵᠢᠯ ᠳᠤ ᠣᠷᠣᠯᠴᠠᠭᠰᠠᠨ ᠴᠠᠭ ᠠᠴᠠ ᠪᠠᠨ ᠠᠪᠤᠭᠠᠳ ᠸᠠᠩ ᠰᠢᠶᠤᠤ ᠹᠠᠩ ᠢᠮᠠᠭᠳᠠ ᠳᠠᠷᠤᠤ ᠬᠢᠴᠢᠶᠠᠩᠬᠦᠢ ᠤᠪᠤᠷ ᠢᠶᠠᠷ ᠬᠠᠨᠳᠤᠵᠦ᠂ ᠤᠯᠤᠰ ᠲᠦᠷᠦ ᠶᠢᠨ ᠠᠵᠢᠯ ᠤᠨ ᠠᠯᠪᠠᠨ ᠭᠡᠷ ᠲᠤ 10 ᠭᠠᠷᠤᠶ ᠵᠢᠯ ᠠᠵᠢᠯᠯᠠᠨ᠂ ᠠᠷᠠᠳ ᠠᠴᠠ ᠲᠤᠰᠠᠯᠠᠬᠤ ᠴᠠᠭᠳᠠᠭ᠎ᠠ ᠶᠢᠨ ᠴᠠᠯᠢᠩ ᠬᠥᠯᠥᠰᠥ ᠶᠢ ᠲᠣᠬᠢᠷᠠᠭᠤᠯᠬᠤ᠂ ᠴᠠᠭᠳᠠᠭ᠎ᠠ ᠶᠢᠨ ᠴᠣᠯᠠ᠂ ᠴᠠᠭᠳᠠᠭ᠎ᠠ ᠶᠢᠨ ᠲᠤᠰᠢᠶᠠᠯᠲᠠᠨ ᠤ ᠦᠨᠡᠮᠯᠡᠯ᠂ ᠵᠡᠷᠭᠡ ᠳᠡᠪᠰᠢᠬᠦ᠂ ᠨᠠᠮ ᠤᠨ ᠪᠠᠶᠢᠭᠤᠯᠤᠯᠲᠠ᠂ ᠠᠵᠢᠯᠳᠠᠨ ᠤ ᠶᠠᠪᠤᠳᠠᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ᠵᠢᠴᠢ ᠡᠯ᠎ᠡ ᠵᠦᠢᠯ ᠤᠨ ᠲᠤᠭ᠎ᠠ ᠪᠦᠷᠢᠳᠬᠡᠯ ᠤᠨ ᠠᠵᠢᠯ ᠂ ᠠᠵᠢᠯᠳᠠᠨ ᠤ ᠶᠠᠪᠤᠳᠠᠯ᠂ ᠴᠠᠯᠢᠩ ᠬᠥᠯᠥᠰᠥ ᠶᠢ ᠲᠣᠬᠢᠷᠠᠭᠤᠯᠬᠤ ᠠᠵᠢᠯ ᠤᠳ ᠢ ᠳᠡᠭᠦᠰ ᠠᠮᠵᠢᠯᠲᠠ ᠲᠠᠢ ᠎ ᠪᠠᠷ ᠪᠡᠶᠡᠯᠡᠬᠦᠯᠦᠭᠰᠡᠭᠡᠷ ᠢᠷᠡᠪᠡ᠃      ᠸᠠᠩ ᠰᠢᠶᠤᠤ ᠹᠠᠩ ᠢ ᠳᠤᠷᠠᠳᠬᠤ ᠲᠠᠢ ᠵᠡᠷᠭᠡ ᠲᠡᠬᠦᠨ ᠤ ᠬᠠᠮᠲᠤ ᠠᠵᠢᠯᠯᠠᠭᠰᠠᠳ ᠨᠢ ᠪᠦᠷ ᠯᠡ ᠲᠡᠬᠦᠨ ᠤ ᠬᠦᠮᠦᠨ ᠴᠢᠨᠠᠷ ᠪᠤᠯᠤᠨ ᠠᠵᠢᠯ ᠤᠨ ᠤᠪᠤᠷ ᠰᠤᠷᠳᠠᠯ ᠢ ᠨᠢ ᠮᠠᠭᠳᠠᠵᠠᠭᠠᠨ᠎ᠠ᠃︽ᠰᠢᠶᠤᠤ ᠹᠠᠩ ᠡᠭᠡᠴᠢ ᠨᠦᠬᠦᠷ ᠲᠠᠢ ᠪᠠᠨ ᠬᠤᠶᠠᠭᠤᠯᠠ ᠪᠦᠷ ᠴᠠᠭᠳᠠᠭᠠᠨ ᠤ ᠠᠵᠢᠯ ᠠᠯᠪᠠ ᠶᠢ ᠬᠦᠢᠴᠡᠳᠭᠡᠳᠡᠭ᠃ ᠲᠠᠳᠠ ᠨᠢᠭᠡ ᠰᠡᠳᠬᠢᠯ ᠢᠶᠠᠷ ᠠᠵᠢᠯ ᠳᠤ ᠪᠠᠨ ᠵᠢᠳᠬᠦᠪᠡᠯ ᠬᠡᠷ ᠪᠦᠯᠢ ᠶᠢᠨ ᠬᠠᠷᠠᠭᠠᠯᠵᠠᠯ ᠢᠶᠠᠷ ᠳᠤᠲᠠᠮᠠᠭ ᠪᠠᠶᠢᠵᠤ ᠮᠡᠳᠡᠨ᠎ᠡ᠂ ᠭᠡᠪᠡᠴᠦ ᠠᠵᠢᠯ ᠤᠨ ᠳᠤᠮᠳᠠ ᠪᠠᠨ ᠲᠡᠷᠡ ᠮᠠᠰᠢ ᠴᠢᠷᠮᠠᠶᠢᠨ ᠠᠵᠢᠯᠯᠠᠳᠠᠭ᠃ ᠬᠠᠮᠲᠤ ᠠᠵᠢᠯᠯᠠᠭᠴᠢ ᠪᠠᠨ ᠬᠠᠪᠰᠤᠷᠬᠤ ᠳᠤᠷᠠᠳᠠᠢ ᠳᠤᠰᠠᠴᠢ ᠡᠭᠡᠴᠢ ᠮᠥᠨ᠂ ᠪᠢᠳᠡᠨ ᠤ ᠰᠤᠷᠤᠯᠴᠠᠬᠤ ᠳᠠᠭᠤᠷᠢᠶᠠᠯ ᠪᠠᠶᠢᠵᠦ ᠲᠠᠭᠠᠷᠠᠨ᠎ᠠ︾ ᠭᠡᠵᠦ ᠤᠯᠤᠰ ᠲᠥᠷᠥ ᠶᠢᠨ ᠠᠵᠢᠯ ᠤᠨ ᠠᠯᠪᠠᠨ ᠬᠡᠷ ᠲᠤ ᠬᠠᠮᠲᠤ ᠠᠵᠢᠯᠯᠠᠵᠤ ᠪᠠᠶᠢᠭ᠎ᠠ ᠬᠠᠮᠲᠤ ᠠᠵᠢᠯᠯᠠᠭᠴᠢ᠂ ᠲᠤᠰᠠᠯᠠᠭᠴᠢ ᠴᠠᠭᠳᠠᠭ᠎ᠠ ᠵᠣᠣ ᠵᠢᠶᠠ ᠰᠢᠨ ᠳᠤᠭᠳᠤᠯᠤᠨ ᠶᠠᠷᠢᠯ᠎ᠠ᠃      ᠸᠠᠩ ᠰᠢᠶᠤᠤ ᠹᠠᠩ ᠬᠤᠶᠠᠷ ᠬᠡᠦᠬᠡᠳ ᠤᠨ ᠡᠵᠢ ᠪᠣᠯᠤᠭᠰᠠᠨ ᠤ ᠬᠤᠪᠢ ᠳᠤ᠂ ᠠᠵᠢᠯ ᠤᠨ ᠡᠭᠦᠷᠭᠡ ᠪᠠᠨ ᠴᠠᠭ ᠲᠤᠬᠠᠢ ᠳᠤᠨᠢ ᠥᠨᠳᠥᠷ ᠶᠠᠰᠤ ᠴᠢᠨᠠᠷᠲᠠᠢ ᠪᠠᠷ ᠪᠡᠶᠡᠯᠡᠭᠦᠯᠬᠦ ᠮᠥᠷᠲᠡᠭᠡᠨ ᠪᠠᠰᠠ ᠭᠡᠷ ᠪᠦᠯᠢ ᠪᠠᠨ ᠬᠠᠷᠠᠭᠠᠯᠵᠠᠬᠤ ᠡᠬᠦᠷᠭᠡ ᠲᠠᠢ ᠪᠢᠯᠡ᠃ ᠭᠡᠪᠡᠴᠦ ᠲᠡᠷᠡ ᠶᠡᠷᠦ ᠨᠢ ᠠᠯᠢ ᠨᠢᠬᠡ ᠶᠢ ᠨᠢ ᠤᠮᠳᠤᠭᠠᠶᠢᠯᠠᠬᠤ ᠦᠬᠡᠢ ᠪᠠᠶᠢᠬᠤ ᠶᠢ ᠬᠢᠴᠢᠶᠡᠨ ᠴᠢᠷᠮᠠᠶᠢᠳᠠᠭ᠃ ᠸᠠᠩ ᠰᠢᠶᠤᠤ ᠹᠠᠩ ᠡᠷ᠎ᠡ ᠨᠥᠬᠦᠷ ᠤᠨ ᠢᠶᠠᠨ ᠠᠵᠢᠯ ᠢ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠳᠡᠮᠵᠢᠳᠡᠭ᠃ ᠨᠦᠬᠦᠷ ᠭᠡᠷᠭᠡᠢ ᠬᠤᠶᠠᠭᠤᠯᠠ ᠪᠠᠨ ᠬᠠᠷᠢᠯᠴᠠᠨ ᠬᠠᠪᠰᠤᠷᠤᠨ ᠬᠠᠷᠢᠯᠴᠠᠨ ᠳᠤᠰᠠᠯᠠᠯᠴᠠᠳᠠᠭ ᠤᠴᠢᠷ ᠠᠴᠠ 2017 ᠣᠨ ᠳᠤ ᠪᠥᠬᠦ ᠬᠤᠰᠢᠭᠤᠨ ᠤ ᠬᠠᠮᠤᠭ ᠤᠨ ᠭᠤᠶᠣ ᠬᠡᠷ ᠪᠦᠯᠢ ᠶᠢᠨ ᠢᠷᠠᠭᠤ ᠠᠯᠳᠠᠷ ᠤᠨ ᠴᠣᠯᠠ ᠶᠢ ᠭᠥᠷᠳᠡᠵᠦ᠂ 2018 ᠣᠨ ᠳᠤ ᠪᠥᠬᠦ ᠠᠶᠢᠮᠠᠭ ᠤᠨ ᠬᠠᠮᠤᠭ ᠤᠨ ᠭᠤᠶᠣ ᠬᠡᠷ ᠪᠦᠯᠢ ᠶᠢᠨ ᠢᠷᠠᠭᠤ ᠠᠯᠳᠠᠷ ᠤᠨ ᠴᠣᠯᠠ ᠶᠢ ᠭᠥᠷᠳᠡᠵᠦ᠂ 2019 ᠣᠨ ᠳᠤ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠭᠤᠶᠣ ᠬᠡᠷ ᠪᠦᠯᠢ ᠶᠢᠨ ᠢᠷᠠᠭᠤ ᠠᠯᠳᠠᠷ ᠤᠨ ᠴᠣᠯᠠ ᠶᠢ ᠭᠥᠷᠳᠡᠪᠡ᠃      ᠴᠠᠭᠳᠠᠭ᠎ᠠ᠂ ᠴᠠᠭᠳᠠᠭ᠎ᠠ ᠶᠢᠨ ᠪᠡᠷᠭᠡᠨ ᠬᠤᠶᠠᠷ ᠠᠯᠳᠠᠷ ᠢ ᠬᠠᠮᠲᠤ ᠳᠤᠨᠢ ᠡᠭᠦᠷᠭᠡᠯᠡᠵᠦ᠂ ᠪᠥᠬᠦ ᠣᠷᠣᠨ᠂ ᠪᠥᠬᠦ ᠠᠶᠢᠮᠠᠭ᠂ ᠪᠥᠬᠦ ᠬᠤᠰᠢᠭᠤᠨ ᠤ ᠭᠤᠷᠪᠠᠨ ᠶᠡᠭᠡ ᠢᠷᠠᠭᠤ ᠠᠯᠳᠠᠷ ᠨᠢ ᠲᠡᠭᠦᠨ ᠤ ᠡᠩ ᠤᠨ ᠠᠵᠢᠯ ᠳᠤ ᠪᠠᠨ ᠭᠠᠪᠰᠢᠭᠠᠶᠢᠯᠠᠨ ᠠᠵᠢᠯᠯᠠᠳᠠᠭ ᠤᠨ ᠬᠢᠨᠢ ᠦᠷ᠎ᠡ ᠪᠦᠲᠦᠬᠡᠯ ᠬᠡᠯᠲᠡᠢ᠃      ᠸᠠᠩ ᠰᠢᠶᠤᠤ ᠹᠠᠩ᠄ ︽ᠴᠠᠭᠳᠠᠭᠠᠨ ᠤ ᠠᠯᠪᠠᠨ ᠳᠤ ᠠᠵᠢᠯᠯᠠᠭᠰᠠᠨ ᠠᠷᠪᠠᠨ ᠬᠤᠶᠠᠷ ᠵᠢᠯ ᠤᠨ ᠲᠤᠷᠰᠢ᠂ ᠪᠢ ᠴᠠᠭᠳᠠᠭ᠎ᠠ ᠶᠢᠨ ᠠᠩᠬᠠᠨ ᠤ ᠵᠣᠷᠢᠯᠲᠠ ᠪᠠᠨ ᠶᠡᠷᠦ ᠠᠴᠠ ᠮᠠᠷᠲᠠᠳᠠᠭ ᠦᠭᠡᠢ᠂ ᠬᠡᠳᠦ᠋ᠢᠪᠡᠷ ᠡᠮᠦᠨ᠎ᠡ ᠹᠷᠣᠨᠲ ᠤᠨ ᠠᠷᠠᠳ ᠤᠨ ᠲᠤᠰᠠᠯᠠᠬᠤ ᠴᠠᠭᠳᠠᠭ᠎ᠠ ᠲᠠᠢ ᠠᠳᠠᠯᠢ ᠪᠠᠷ ᠲᠡᠶᠢᠮᠦ ᠵᠦᠳᠡᠷᠡᠯᠲᠡᠢ ᠪᠢᠰᠢ ᠪᠣᠯᠪᠠᠴᠤ᠂ ᠤᠯᠤᠰ ᠲᠦᠷᠦ ᠶᠢᠨ ᠠᠵᠢᠯ ᠤᠨ ᠡᠬᠦᠷᠭᠡ ᠲᠡᠶᠢᠮᠦ ᠠᠮᠠᠷᠬᠠᠨ ᠪᠢᠰᠢ᠂ ᠠᠷᠠᠳ ᠤᠨ ᠴᠠᠭᠳᠠᠭ᠎ᠠ ᠶᠢᠨ ᠠᠰᠠᠷᠠᠮᠵᠢ ᠬᠠᠷᠠᠭᠠᠯᠵᠠᠯ ᠢ ᠣᠨᠣᠪᠴᠢᠲᠠᠢ ᠪᠥᠭᠡᠳ ᠴᠠᠭ ᠲᠤᠬᠠᠢ ᠳᠤᠨᠢ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠥᠯᠥᠭᠡ᠂ ᠪᠢ ᠡᠳᠦᠷ ᠪᠦᠷᠢ ᠶᠡᠭᠡ ᠬᠡᠮᠵᠢᠶᠡᠨ ᠤ ᠴᠠᠯᠢᠩ ᠲᠤᠬᠢᠷᠠᠭᠤᠯᠬᠤ᠂ ᠵᠡᠷᠭᠡ ᠳᠡᠪᠰᠢᠬᠦ᠂ ᠴᠠᠭᠳᠠᠭ᠎ᠠ ᠶᠢᠨ ᠴᠣᠯᠠ᠂ ᠵᠡᠷᠭᠡ ᠳᠡᠰ ᠳᠡᠪᠰᠢᠬᠦ᠂ ᠬᠥᠬᠢᠭᠦᠯᠦᠨ ᠱᠠᠩᠨᠠᠬᠤ ᠵᠡᠷᠭᠡ ᠠᠵᠢᠯ ᠢ ᠪᠦᠷᠢᠳᠬᠡᠵᠦ᠂ ᠡᠮᠦᠨ᠎ᠡ ᠹᠷᠣᠨᠲ ᠤᠨ ᠠᠷᠠᠳ ᠤᠨ ᠲᠤᠰᠠᠯᠠᠬᠤ ᠴᠠᠭᠳᠠᠭ᠎ᠠ ᠶᠢᠨ ᠠᠵᠢᠯ ᠳᠤ ᠰᠡᠳᠬᠢᠯ ᠬᠤᠪᠢᠶᠠᠭᠳᠠᠬᠤ ᠦᠭᠡᠢ ᠪᠠᠷ ᠣᠷᠣᠯᠴᠠᠬᠤ ᠳᠤ ᠬᠦᠴᠦᠲᠡᠢ ᠪᠠᠲᠤᠯᠠᠭ᠎ᠠ ᠬᠠᠩᠭᠠᠬᠤ ᠪᠠᠷ ᠴᠢᠷᠮᠠᠶᠢᠳᠠᠭ᠃ ︽3.8᠎ ︾᠎ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠪᠢ ᠪᠦᠬᠦᠶᠢᠯᠡ ᠡᠮᠡᠭᠲᠡᠶᠢᠴᠦᠳ ᠲᠤ ᠪᠠᠨ ᠪᠠᠶᠠᠷ ᠤᠨ ᠡᠳᠦᠷ ᠤᠨ ᠮᠡᠨᠳᠦ ᠬᠦᠷᠭᠡᠶ᠎ᠡ ᠰᠢᠨ᠎ᠡ ᠨᠢᠭᠡᠨ ᠵᠢᠯ ᠳᠤ ᠪᠡᠶ᠎ᠡ ᠮᠠᠬᠠᠪᠣᠳ ᠡᠷᠡᠭᠦᠯ ᠴᠢᠭᠢᠷᠠᠭ᠂ ᠭᠡᠷ ᠬᠤᠲᠠᠯᠠᠭᠠᠷ ᠢᠶᠠᠷ ᠢᠶᠠᠨ ᠵᠣᠯ ᠵᠢᠷᠭᠠᠯ ᠲᠠᠢ᠂ ᠠᠵᠢᠯ ᠦᠢᠯᠡᠰ ᠤᠷᠤᠭᠰᠢᠲᠠᠢ ᠪᠠᠶᠢᠬᠤ ᠶᠢ ᠬᠦᠰᠡᠵᠦ ᠪᠠᠶᠢᠨ᠎ᠠ᠃ ᠡᠭᠦᠨ ᠤ ᠬᠠᠮᠲᠤ ᠪᠠᠰᠠ ᠥᠪᠡᠷ ᠤᠨ ᠬᠦᠰᠡᠯᠡᠩ ᠢᠲᠡᠭᠡᠯ ᠵᠣᠷᠢᠭ ᠢᠶᠠᠨ ᠨᠡᠩ ᠪᠠᠲᠤᠳᠬᠠᠵᠤ᠂ ᠦᠷᠭᠦᠯᠵᠢᠯᠡᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠢᠶᠠᠷ ᠴᠢᠷᠮᠠᠶᠢᠨ᠎ᠠ︾ ᠭᠡᠵᠦ ᠦᠪᠡᠷ ᠤᠨ ᠬᠦᠰᠡᠯ ᠵᠤᠷᠢᠯᠲᠠ ᠪᠠᠨ ᠢᠯᠡᠷᠭᠡᠶᠢᠯᠡᠨ᠎ᠡ᠃     ᠰᠤᠷᠪᠤᠯᠵᠢᠯᠠᠭ᠎ᠠ ᠳᠠᠭᠤᠰᠬᠤ ᠦᠶ᠎ᠡ ᠪᠠᠷ ᠲᠡᠬᠦᠨ ᠠᠴᠠ ᠠᠵᠢᠯ ᠤᠨ ᠳᠤᠮᠳᠠ ᠪᠠᠨ  ᠬᠠᠮᠤᠭ ᠤᠨ ᠬᠦᠨ ᠰᠠᠭᠤᠭᠳᠠᠯ ᠲᠠᠢ ᠤᠴᠢᠷ ᠶᠠᠪᠤᠳᠠᠯ ᠢᠶᠠᠨ ᠳᠤᠷᠠᠳᠬᠤ ᠶᠢ ᠬᠦᠰᠡᠯ᠎ᠡ᠃ ᠲᠡᠷᠡ᠄ ︽ᠮᠢᠨᠦ ᠠᠵᠢᠯ ᠪᠣᠯ ᠲᠤᠩ ᠡᠩ ᠤᠨ ᠪᠠᠶᠢᠳᠠᠭ᠂ ᠪᠢ ᠭᠤᠣᠯᠳᠠᠭᠤ ᠦᠪᠡᠷ ᠤᠨ ᠠᠵᠢᠯ ᠪᠤᠯᠭᠠᠨ ᠢᠶᠠᠨ ᠨᠠᠷᠢᠨ ᠬᠢᠨᠠᠮᠠᠭᠠᠶ ᠰᠠᠶᠢᠨ ᠬᠢᠶ᠎ᠠ ᠭᠡᠵᠦ ᠪᠤᠳᠤᠳᠠᠭ︾ ᠭᠡᠵᠦ ᠮᠠᠰᠢ ᠡᠩ ᠤᠨ ᠮᠦᠷᠲᠡᠭᠡᠨ ᠳᠦᠬᠦᠮ ᠠᠪᠰᠠᠷᠬᠠᠨ ᠢᠶᠠᠷ ᠬᠠᠷᠢᠭᠤᠯᠤᠯ᠎ᠠ᠃ ᠡᠨᠡ ᠦᠬᠡ ᠨᠢ ᠮᠠᠰᠢ ᠡᠩ ᠤᠨ ᠪᠤᠯᠪᠠᠴᠦ ᠲᠡᠬᠦᠨ ᠤ ᠠᠷᠠᠳ ᠤᠨ ᠴᠠᠭᠳᠠᠭ᠎ᠠ ᠶᠢᠨ ᠠᠵᠢᠯ ᠦᠢᠯᠡᠰ ᠲᠤ ᠪᠠᠨ ᠤᠰᠤᠯᠳᠠᠬᠤ ᠦᠬᠡᠢ ᠪᠠᠷ ᠴᠢᠷᠮᠠᠶᠢᠨ ᠠᠵᠢᠯᠯᠠᠳᠠᠭ ᠵᠠᠩ ᠠᠷᠠᠨᠰᠢᠨ ᠢ ᠤᠯᠵᠦ ᠬᠠᠷᠠᠯ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号