ᠶᠠᠳᠠᠭᠤ ᠶᠢ ᠲᠡᠳᠬᠦᠬᠦ ᠠᠵᠢᠯ ᠤᠨ ᠵᠠᠮᠴᠢᠯᠠᠭᠴᠢ
ᠨᠡᠶᠢᠲᠡᠯᠡᠭᠰᠡᠨ ᠴᠠᠭ᠄
2022/4/14
     ᠶᠠᠳᠠᠭᠤ ᠶᠢ ᠲᠡᠳᠬᠦᠬᠦ ᠠᠵᠢᠯ ᠤᠨ ᠬᠠᠪᠰᠢᠭᠠᠶᠢᠯᠠᠭᠴᠢ᠂ ᠡᠬᠦᠷᠬᠡ ᠬᠠᠷᠢᠭᠤᠴᠠᠯᠭ᠎ᠠ ᠪᠠᠨ ᠬᠢᠯᠠᠯᠵᠠᠳᠠᠯ᠎ᠠ ᠪᠠᠶᠠᠯᠠᠬᠦᠯᠤᠨ᠎ᠠ᠃ ᠦᠢᠷ᠎ᠠ ᠶᠢᠨ ᠬᠢᠨ ᠳᠤ ᠶᠠᠳᠠᠭᠤ ᠶᠢ ᠲᠡᠳᠬᠦᠬᠦ ᠠᠵᠢᠯ ᠤᠨ ᠲᠠᠷᠬᠠᠨ ᠦᠢᠯᠡᠰ ᠤᠨ ᠲᠠᠷᠳᠡᠩ ᠵᠠᠮ ᠎ ᠢᠶᠠᠷ ᠠᠷᠠᠳ ᠲᠦᠮᠡᠨ ᠤ ᠵᠢᠷᠭᠠᠯ ᠵᠤᠪᠯᠠᠩ ᠢ ᠬᠠᠮᠳᠤ ᠪᠠᠷ ᠡᠬᠦᠷᠬᠡᠯᠡᠵᠤ᠂ ᠠᠷᠡᠳ ᠤᠨ ᠲᠦᠯᠤᠬᠡ ᠬᠡᠬᠦ‍ ᠨᠢᠬᠡ ᠯᠠ ᠪᠤᠳᠤᠯ ᠢᠶᠠᠷ ᠵᠢᠳᠬᠦᠵᠤ᠂ ᠠᠷᠡᠳ ᠲᠦᠮᠡᠨ ᠤ ᠵᠤᠯ ᠵᠢᠷᠭᠠᠯᠳᠤ ᠰᠡᠳᠬᠢᠭᠳᠡᠯ ᠢ ᠲᠡᠬᠡᠭᠰᠢᠯᠡᠬᠦᠯᠬᠦ ᠶᠢᠨ ᠲᠦᠯᠤᠬᠡ ᠰᠢᠡᠳᠡᠷᠡᠰᠢ ᠦᠬᠡᠢ ᠵᠢᠳᠬᠦᠭᠰᠡᠬᠡᠷ ᠢᠷᠡᠭᠰᠡᠨ ᠡᠬᠡᠯ ᠵᠢᠷ ᠤᠨ ᠠᠵᠢᠯ ᠤᠨ ᠪᠠᠶᠢᠷᠢᠨ ᠳᠤ ᠡᠬᠡᠯ ᠵᠢᠷ ᠤᠨ ᠪᠤᠰᠤ ᠵᠢᠳᠬᠦᠯ ᠦᠵᠡᠬᠦᠯᠤᠨ ᠠᠵᠢᠯᠯᠠᠵᠤ ᠪᠠᠶᠢᠭ᠎ᠠ ᠬᠦᠮᠤᠰ ᠴᠤᠭᠯᠠᠷᠠᠨ ᠭᠠᠷᠤᠭᠰᠡᠨ ᠪᠠᠶᠢᠨ᠎ᠠ᠃      ᠠᠪᠠᠭ᠎ᠠ ᠬᠤᠰᠢᠭᠤᠨ ᠤ ᠬᠦᠳᠡᠭᠡ ᠲᠤᠰᠬᠤᠨ ᠢ ᠬᠦᠭᠵᠢᠬᠦᠯᠤᠨ ᠮᠠᠡᠳᠤᠭᠤᠯᠬᠤ ᠲᠤᠪᠴᠢᠶᠠᠨ ᠤ ᠲᠡᠳ᠋ ᠲᠠᠷᠤᠭ᠎ᠠ ᠯᠢᠨ᠎ᠠ ᠨᠦᠬᠦᠷ 2015 ᠤᠨ ᠠᠴᠠ ᠶᠠᠳᠠᠭᠤ ᠶᠢ ᠲᠡᠳᠬᠦᠵᠤ ᠰᠢᠪᠳᠤᠯᠤᠯᠳᠠ ᠲᠠᠢ ᠪᠤᠯᠭᠠᠬᠤ ᠠᠵᠢᠯ ᠤᠨ ᠪᠠᠶᠢᠷᠢᠨ ᠳᠤ ᠭᠠᠷᠤᠭᠰᠡᠨ ᠠᠴᠠ ᠠᠪᠤᠭᠠᠳ᠂ ᠶᠠᠳᠠᠭᠤ ᠬᠦᠴᠢᠷᠳᠡᠯᠳᠡᠢ ᠤᠯᠠᠨ ᠲᠦᠮᠡᠨ ᠢ ᠶᠠᠳᠠᠭᠤ ᠠᠴᠠ ᠠᠩᠬᠢᠵᠢᠷᠠᠭᠤᠯᠵᠤ ᠪᠠᠶᠠᠵᠢᠨ ᠴᠢᠨᠡᠬᠡᠯᠢᠭᠵᠢᠬᠦᠯᠬᠦ ᠦᠢᠯᠡᠰ ᠲᠤ ᠵᠢᠳᠬᠦᠭᠰᠡᠬᠡᠷ ᠢᠷᠠᠪᠠ᠃      ᠯᠢᠨ᠎ᠠ᠄ ︽ᠪᠢ 2015 ᠤᠨ ᠠᠴᠠ ᠡᠬᠢᠯᠡᠨ ᠶᠠᠳᠠᠭᠤ ᠶᠢ ᠲᠡᠳᠬᠦᠬᠦ ᠠᠵᠢᠯ ᠤᠨ ᠪᠠᠶᠢᠷᠢᠨ ᠳᠤ ᠭᠠᠷᠴᠤ᠂ 2018 ᠤᠨ ᠳᠤ ᠬᠦᠳᠡᠭᠡ ᠲᠤᠰᠬᠤᠨ ᠢ ᠬᠦᠭᠵᠢᠬᠦᠯᠤᠨ ᠮᠠᠡᠳᠤᠭᠤᠯᠬᠤ ᠲᠤᠪᠴᠢᠶᠠᠨ ᠳᠤ ᠠᠵᠢᠯᠯᠠᠨ᠂ ᠬᠡᠳᠤᠨ ᠵᠢᠯ ᠎ ᠤᠨ ᠠᠵᠢᠯ ᠤᠨ ᠲᠤᠮᠳᠠ ᠮᠡᠳᠡᠯᠬᠡ ᠶᠢᠨ ᠬᠦᠷᠢᠶ᠎ᠠ ᠬᠡᠪᠴᠢᠶ᠎ᠠ ᠦᠷᠬᠡᠳᠤᠨ᠂ ᠪᠠᠰᠠ ᠨᠠᠯᠢᠶᠠᠳ ᠲᠤᠷᠰᠢᠯᠭ᠎ᠠ ᠬᠤᠷᠠᠮᠳᠤᠭᠤᠯᠤᠭᠰᠡᠨ ᠪᠠᠶᠢᠨ᠎ᠠ᠃ 2015 ᠤᠨ ᠠᠴᠠ ᠨᠠᠰᠢ ᠪᠦᠬᠦ ᠬᠤᠰᠢᠭᠤᠨ ᠤ ᠲᠠᠩᠰᠠ ᠪᠠᠶᠢᠭᠤᠯᠵᠤ ᠺᠠᠷᠲ ᠤᠯᠭᠤᠭᠰᠡᠨ 447 ᠡᠷᠤᠬᠡ ᠶᠢᠨ 1230 ᠬᠦᠮᠤᠨ ᠢ ᠶᠠᠳᠠᠭᠤ ᠠᠴᠠ ᠠᠩᠬᠢᠵᠢᠷᠠᠭᠤᠯᠵᠤ᠂ 15 ᠭᠠᠴᠠᠭ᠎ᠠ ᠠᠴᠠ ᠶᠠᠳᠠᠭᠤ ᠠᠴᠠ ᠠᠩᠬᠢᠵᠢᠷᠠᠭᠤᠯᠪᠠ᠃      ᠶᠠᠳᠠᠭᠤ ᠶᠢ ᠲᠡᠳᠬᠦᠬᠦ ᠠᠵᠢᠯ ᠢ ᠦᠷᠨᠢᠬᠦᠯᠬᠦ ᠶᠠᠪᠤᠴᠠ ᠳᠤ᠂ ᠯᠢᠨ᠎ᠠ ᠨᠦᠬᠦᠷ ᠨᠢᠬᠡᠨ ᠡᠪ ᠬᠠᠮᠳᠤ ᠨᠠᠮ ᠤᠨ ᠬᠡᠰᠢᠬᠦᠨ ᠤ ᠵᠢᠱᠢᠶᠠᠴᠢ ᠲᠠᠭᠠᠭᠤᠯᠤᠭᠴᠢ ᠶᠢᠨ ᠦᠢᠯᠡᠳᠤᠯ ᠢᠶᠠᠨ ᠬᠦᠢᠴᠡᠳ ᠪᠠᠳᠠᠷᠠᠭᠤᠯᠤᠨ᠂ ᠦᠪᠡᠷ ᠤᠨ ᠪᠠᠶ᠎ᠠ ᠪᠠᠷ ᠎ ᠢᠶᠠᠨ ᠲᠠᠭᠤᠷᠢᠶᠠᠯ ᠪᠤᠯᠵᠤ᠂ ᠠᠵᠢᠯ ᠤᠨ ᠪᠠᠶᠢᠷᠢᠨ ᠳᠤ ᠪᠠᠨ ᠡᠳᠤᠷ ᠰᠦᠨᠢ ᠶᠢ ᠢᠯᠭᠠᠯ ᠦᠬᠡᠢ ᠰᠢᠭᠤᠷᠬᠠᠶᠢᠯᠠᠨ ᠠᠵᠢᠯᠯᠠᠵᠤ᠂ ᠲᠤᠭᠳᠠᠭᠰᠡᠨ ᠠᠮᠠᠷᠠᠯᠳᠠ ᠶᠢᠨ ᠡᠳᠤᠷ ᠲᠤ ᠪᠦᠳᠤᠨ ᠠᠮᠠᠷᠠᠵᠤ ᠪᠠᠶᠢᠭᠰᠡᠨ ᠦᠬᠡᠢ᠃ ᠶᠠᠳᠠᠭᠤ ᠶᠢ ᠲᠡᠳᠬᠦᠬᠦ ᠠᠵᠢᠯ ᠤᠨ ᠬᠦᠡᠳᠤ ᠴᠢᠬᠤᠯᠠ ᠬᠠᠷᠢᠭᠤᠴᠠᠯᠭ᠎ᠠ ᠶᠢᠨ ᠡᠮᠤᠨ᠎ᠠ ᠡᠯ᠎ᠠ ᠱᠠᠳᠤᠨ ᠤ ᠺᠠᠳ᠋ᠷ ᠠᠵᠢᠯᠳᠠᠨ ᠢᠶᠠᠨ ᠲᠠᠭᠠᠭᠤᠯᠤᠨ ᠰᠢᠷᠭᠠᠭᠤ ᠬᠠᠳᠠᠭᠤᠵᠢᠯᠳᠡᠢ᠂ ᠦᠨᠡᠨ ᠪᠤᠳᠠᠳᠡᠢ ᠠᠵᠢᠯᠯᠠᠵᠤ᠂ ᠶᠠᠳᠠᠭᠤ ᠶᠢ ᠲᠡᠳᠬᠦᠬᠦ ᠰᠢᠪᠳᠤᠯᠤᠯᠳᠠ ᠎ ᠲᠠᠢ ᠪᠤᠯᠭᠠᠬᠤ ᠲᠠᠶᠢᠯᠠᠯᠳᠤᠭᠠᠨ ᠤ ᠢᠯᠡᠯᠳᠡ ᠶᠢ ᠲᠠᠮᠠᠴᠠᠨ ᠤᠯᠬᠤ ᠪᠠᠷ ᠰᠢᠡᠳᠡᠷᠡᠰᠢ ᠦᠬᠡᠢ ᠵᠢᠳᠬᠦᠭᠰᠡᠬᠡᠷ ᠢᠷᠡᠪᠡ᠃      2020 ᠤᠨ ᠤ ᠰᠠᠬᠦᠯᠴᠢ ᠪᠤᠯᠬᠤ ᠳᠤ ᠪᠦᠬᠦ ᠬᠤᠰᠢᠭᠤᠨ ᠤ ᠶᠠᠳᠠᠭᠤ ᠬᠦᠴᠢᠷᠳᠡᠯᠳᠡᠢ ᠬᠦᠮᠤᠨ ᠠᠮᠠ᠂ ᠶᠠᠳᠠᠭᠤ ᠬᠦᠴᠢᠷᠳᠡᠯᠳᠡᠢ ᠭᠠᠴᠠᠭᠠᠨ ᠤ ᠤᠷᠤᠯᠭ᠎ᠠ ᠶᠢᠨ ᠬᠢᠷᠢ ᠲᠦᠪᠰᠢᠨ ᠮᠡᠳᠡᠭᠳᠡᠮ᠎ᠠ ᠲᠡᠬᠡᠭᠰᠢᠯᠡᠵᠤ᠂ ᠶᠠᠳᠠᠭᠤ ᠬᠦᠴᠢᠷᠳᠡᠯᠳᠡᠢ ᠤᠯᠠᠨ ᠲᠦᠮᠡᠨ ᠤ ᠬᠦᠷᠳᠡᠮᠵᠢᠳᠤ ᠰᠡᠳᠬᠢᠭᠳᠡᠯ ᠢᠯᠠᠳᠳᠠ ᠨᠡᠮᠡᠭᠳᠡᠪᠡ᠃      ᠯᠢᠨ᠎ᠠ ᠡᠳᠡᠬᠡᠷ ᠵᠢᠯ ᠤᠨ ᠶᠠᠳᠠᠭᠤ ᠶᠢ ᠲᠡᠳᠬᠦᠬᠦ ᠠᠵᠢᠯ ᠤᠨ ᠲᠤᠮᠳᠠᠬᠢ ᠰᠠᠭᠤᠭᠳᠠᠯ ᠢᠶᠠᠨ ᠡᠷᠬᠢᠴᠡᠬᠦᠯᠬᠦ ᠳᠤ ᠎ ᠪᠠᠨ ︽ᠡᠨ᠋ᠨ ᠬᠡᠳᠤᠨ ᠵᠢᠯ ᠢ ᠶᠠᠳᠠᠭᠤ ᠶᠢ ᠲᠡᠳᠬᠦᠵᠤ ᠰᠢᠪᠳᠤᠯᠤᠯᠳᠠ ᠲᠠᠢ ᠪᠤᠯᠭᠠᠬᠤ ᠠᠵᠢᠯ ᠤᠨ ᠲᠤᠮᠳᠠ ᠮᠠᠰᠢ ᠤᠯᠠᠨ ᠶᠠᠳᠠᠭᠤ ᠬᠦᠴᠢᠷᠳᠡᠯᠳᠡᠢ ᠡᠷᠤᠬᠡ ᠶᠢᠨ ᠤᠯᠠᠨ ᠲᠦᠮᠡᠨ ᠲᠠᠢ ᠬᠠᠷᠢᠴᠠᠵᠤ᠂ ᠡᠬᠦᠨ ᠤ ᠲᠤᠳᠤᠷ᠎ᠠ ᠶᠠᠳᠠᠭᠤ ᠬᠦᠴᠢᠷᠳᠡᠯᠳᠡᠢ ᠡᠷᠤᠬᠡ ᠶᠢ ᠵᠤᠷᠢᠭᠵᠢᠭᠤᠯᠤᠨ ᠲᠠᠭᠠᠭᠤᠯᠬᠤ ᠨᠠᠯᠢᠶᠠᠳ ᠬᠡᠳᠤᠨ ᠤᠡᠴᠠᠭᠠᠢ ᠵᠢᠱᠢᠶ᠎ᠠ ᠪᠤᠢ᠃ ᠨᠠᠷᠠᠡᠪᠤᠯᠠᠭ ᠰᠤᠮᠤᠨ ᠤ ᠶᠠᠳᠠᠭᠤ ᠠᠴᠠ ᠠᠩᠬᠢᠵᠢᠷᠠᠭᠰᠡᠨ ᠤᠯᠠᠭᠠᠡᠬᠠᠳᠠ ᠶᠢᠨ ᠬᠢᠨ ᠠᠮᠠ ᠪᠦᠯᠢ ᠪᠠᠷ ᠢᠶᠠᠨ ᠮᠠᠷᠬᠡᠵᠢᠯ ᠎ ᠳᠤ ᠲᠦᠰᠢᠭᠯᠡᠨ᠂ 2016 ᠤᠨ ᠪᠤᠯᠬᠤ ᠳᠤ ᠨᠢᠬᠡᠨᠳᠡ ᠤᠷᠢᠳᠴᠢᠯᠠᠨ ᠶᠠᠳᠠᠭᠤ ᠠᠴᠠ ᠠᠩᠬᠢᠵᠢᠷᠠᠵᠤ᠂ ᠦᠢᠷ᠎ᠠ ᠶᠢᠨ ᠵᠢᠯ ᠤᠨ ᠤᠷᠤᠯᠭ᠎ᠠ ᠪᠠᠰᠠ ᠨᠠᠯᠢᠶᠡᠳ ᠰᠠᠶᠢᠨ ᠪᠠᠶᠢᠨ᠎ᠠ᠃ ᠶᠠᠳᠠᠭᠤ ᠶᠢ ᠲᠡᠳᠬᠦᠬᠦ ᠳᠤ ᠤᠷᠢᠳᠡᠪᠡᠷ ᠤᠶᠤᠨ ᠰᠠᠨᠠᠭ᠎ᠠ᠂ ᠪᠤᠳᠤᠯ ᠬᠠᠷᠠᠯᠳᠠ ᠶᠢ ᠦᠬᠡᠷᠡᠴᠢᠯᠡᠬᠦ ᠬᠡᠷᠡᠭᠳᠡᠢ᠃ ᠪᠤᠰᠤᠳ ᠶᠠᠳᠠᠭᠤ ᠬᠦᠴᠢᠷᠳᠡᠯᠳᠡᠢ ᠡᠷᠤᠬᠡ ᠴᠤ ᠡᠳᠡᠬᠡᠷ ᠬᠦᠮᠤᠰ ᠎ ᠠᠴᠠ ᠰᠤᠷᠤᠯᠴᠠᠨ᠂ ᠵᠠᠰᠠᠭ ᠤᠨ ᠤᠷᠳᠤᠨ ᠤ ᠲᠦᠷᠤ ᠶᠢᠨ ᠪᠤᠳᠤᠯᠭ᠎ᠠ ᠪᠤᠯ ᠵᠦᠪᠬᠡᠨ ᠲᠠᠮᠵᠢᠯᠬᠡ ᠶᠢᠨ ᠦᠢᠯᠡᠳᠤᠯ ᠦᠵᠡᠬᠦᠯᠬᠦ ᠪᠤᠯᠤᠨ᠎ᠠ᠃ ᠦᠪᠡᠷ ᠤᠨ ᠪᠠᠶ᠎ᠠ ᠳᠤ ᠪᠠᠨ ᠲᠦᠰᠢᠭᠯᠡᠬᠦ ᠪᠤᠯ ᠶᠠᠳᠠᠭᠤ ᠶᠢ ᠲᠡᠳᠬᠦᠵᠤ ᠪᠠᠶᠠᠵᠢᠨ ᠴᠢᠨᠡᠬᠡᠯᠢᠭᠵᠢᠬᠦ ᠶᠢᠨ ᠭᠤᠤᠯᠳᠠᠯᠭ᠎ᠠ ᠪᠤᠯᠤᠨ᠎ᠠ︾ ᠬᠡᠪ᠃ ᠯᠢᠨ᠎ᠠ ᠨᠦᠬᠦᠷ ᠯᠠᠪᠳᠠᠭᠤᠨ ᠪᠠᠳᠤᠳᠡᠢ᠂ ᠦᠨᠡᠨ ᠪᠤᠳᠠᠳᠡᠢ ᠰᠢᠯᠢᠳᠡᠭ ᠰᠠᠶᠢᠨ ᠠᠵᠢᠯ ᠤᠨ ᠰᠤᠷᠳᠠᠯ᠂ ᠠᠷᠢᠭᠤᠨ ᠴᠢᠭᠴᠢ ᠠᠷᠡᠳ ᠤᠨ ᠲᠦᠯᠤᠬᠡ ᠠᠵᠢᠯᠯᠠᠬᠤ ᠰᠡᠳᠬᠢᠯᠬᠡ ᠪᠠᠷ ᠤᠳᠤᠷᠢᠳᠤᠯᠭ᠎ᠠ ᠪᠠ ᠬᠠᠮᠳᠤ ᠠᠵᠢᠯᠯᠠᠭᠰᠡᠳ ᠤᠨ ᠬᠢ ᠪᠠᠨ ᠮᠠᠭᠳᠠᠭᠠᠯ ᠰᠠᠶᠢᠰᠢᠶᠠᠯ᠂ ᠶᠠᠳᠠᠭᠤ ᠬᠦᠴᠢᠷᠳᠡᠯᠳᠡᠢ ᠡᠷᠤᠬᠡ ᠎ ᠶᠢᠨ ᠬᠦᠷᠢᠶᠠᠯᠠᠯ ᠢ ᠤᠯᠤᠭᠰᠠᠭᠠᠷ ᠢᠷᠡᠪᠡ᠃ ᠲᠡᠬᠦᠨ ᠤ ᠠᠵᠢᠯ ᠤᠨ ᠴᠢᠳᠠᠪᠤᠷᠢ ᠬᠢᠷᠢ ᠬᠡᠮᠵᠢᠶ᠎ᠠ ᠪᠠ ᠦᠷ᠎ᠠ ᠪᠦᠳᠤᠮᠵᠢ ᠨᠢ ᠠᠷᠡᠳ ᠤᠨ ᠲᠦᠯᠤᠬᠡ ᠠᠵᠢᠯᠯᠠᠨ᠂ ᠰᠢᠨ᠎ᠠ ᠶᠢ ᠨᠡᠬᠡᠬᠡᠨ ᠵᠤᠷᠢᠭᠳᠡᠢ ᠤᠷᠤᠭᠰᠢᠯᠠᠬᠤ ᠰᠢᠨ᠎ᠠ ᠴᠠᠭ ᠦᠶ᠎ᠠ ᠶᠢᠨ ᠡᠪ ᠬᠠᠮᠳᠤ ᠨᠠᠮ ᠤᠨ ᠤᠳᠤᠷᠢᠳᠬᠤ ᠺᠠᠳ᠋ᠷ ᠤᠨ ᠴᠤᠭ ᠵᠢᠪᠬᠤᠭ᠎ᠠ ᠦᠨᠡᠡᠬᠦ ᠬᠠᠷᠠᠭᠤᠯᠵᠤ ᠲᠠᠶᠢᠯᠦᠭᠰᠡᠨ ᠪᠠᠶᠢᠨ᠎ᠠ᠃       ᠬᠦᠳᠡᠭᠡ ᠲᠤᠰᠬᠤᠨ ᠢ ᠬᠦᠭᠵᠢᠬᠦᠯᠤᠨ ᠮᠠᠡᠳᠤᠭᠤᠯᠬᠤ ᠲᠤᠪᠴᠢᠶᠠᠨ ᠤ ᠠᠵᠢᠯᠳᠠᠨ ᠠᠯᠳᠠᠡᠰᠤᠪᠤᠳ᠄ ︽ᠮᠠᠨ ᠎ ᠤ ᠯᠢᠨ᠎ᠠ ᠲᠤᠪᠴᠢᠶᠠᠨ ᠲᠠᠷᠤᠭ᠎ᠠ ᠶᠠᠷᠤᠳᠠ ᠶᠢᠨ ᠠᠵᠢᠯ ᠤᠨ ᠲᠤᠮᠳᠠ ᠡᠬᠦᠷᠬᠡ ᠬᠠᠷᠢᠭᠤᠴᠠᠯᠭ᠎ᠠ ᠪᠠᠨ ᠰᠠᠶᠢᠳᠤᠷ ᠡᠬᠦᠷᠬᠡᠯᠡᠵᠤ᠂ ᠬᠠᠮᠳᠤ ᠠᠵᠢᠯᠯᠠᠭᠰᠡᠳ ᠢᠶᠠᠨ ᠬᠠᠮᠵᠢᠯᠴᠠᠨ᠂ ᠰᠢᠷᠭᠠᠭᠤ ᠬᠠᠳᠠᠭᠤᠵᠢᠯᠳᠡᠢ᠂ ᠠᠵᠢᠯᠯᠠᠳᠠᠭ ᠰᠠᠶᠢᠨ ᠤᠳᠤᠷᠢᠳᠤᠯᠭ᠎ᠠ ᠶᠤᠮ︾ ᠬᠡᠵᠤ ᠦᠨᠡᠯᠡᠵᠤ ᠪᠠᠶᠢᠯ᠎ᠠ᠃      ︽ᠶᠠᠳᠠᠭᠤ ᠶᠢ ᠲᠡᠳᠬᠦᠵᠤ ᠰᠢᠪᠳᠤᠯᠤᠯᠳᠠ ᠪᠤᠯᠭᠠᠬᠤ ᠠᠵᠢᠯ ᠠᠴᠠ ᠬᠦᠳᠡᠭᠡ ᠲᠤᠰᠬᠤᠨ ᠳᠤ ᠬᠦᠭᠵᠢᠬᠦᠯᠤᠨ ᠮᠠᠡᠳᠤᠭᠤᠯᠬᠤ ᠬᠦᠷᠳᠡᠯ᠎ᠠ᠂ ᠰᠢᠪᠳᠤᠯᠤᠯᠳᠠ ᠲᠠᠢ ᠪᠤᠯᠭᠠᠬᠤ ᠲᠠᠶᠢᠯᠠᠯᠳᠤᠭᠠᠨ ᠠᠴᠠ ᠤᠳᠠᠭᠠᠨ ᠲᠠᠭᠠᠭᠠᠮᠠᠭᠠᠢ ᠲᠠᠶᠢᠯᠠᠯᠳᠤᠭᠠᠨ ᠬᠦᠷᠳᠡᠯ᠎ᠠ ᠪᠢᠳᠠ ᠦᠷᠬᠦᠯᠵᠢᠯᠡᠨ ᠤᠯᠠᠨ ᠲᠦᠮᠡᠨ ᠢᠶᠠᠨ ᠲᠠᠭᠠᠭᠤᠯᠤᠨ ᠬᠦᠳᠡᠭᠡ ᠲᠤᠰᠬᠤᠨ ᠢ ᠬᠦᠭᠵᠢᠬᠦᠯᠤᠨ ᠮᠠᠡᠳᠤᠭᠤᠯᠬᠤ ᠰᠢᠨ᠎ᠠ ᠠᠵᠢᠯ ᠤᠨ ᠰᠢᠨ᠎ᠠ ᠠᠶᠠᠨ ᠢᠶᠠᠷ ᠦᠷᠬᠦᠯᠵᠢᠯᠡᠨ ᠴᠢᠷᠮᠠᠶᠢᠨ ᠠᠵᠢᠯᠯᠠᠬᠤ ᠪᠤᠯᠤᠨ᠎ᠠ︾ ᠬᠡᠵᠤ ᠯᠢᠨ᠎ᠠ ᠨᠦᠬᠦᠷ ᠢᠷᠡᠬᠡᠳᠤᠢ ᠶᠢᠨ ᠠᠵᠢᠯ ᠤᠨ ᠲᠦᠯᠤᠪᠵᠢᠬᠦᠯᠬᠡ ᠢᠶᠠᠨ ᠬᠠᠷᠠᠯᠳᠠ ᠲᠤᠳᠤᠷᠬᠠᠢ᠂ ᠢᠳᠡᠬᠡᠯ ᠲᠡᠬᠦᠯᠳᠡᠷ ᠶᠠᠷᠢᠵᠤ ᠪᠠᠶᠢᠯ᠎ᠠ᠃      ᠦᠷᠬᠡᠨ ᠤᠯᠠᠨ ᠶᠠᠳᠠᠭᠤ ᠶᠢ ᠲᠡᠳᠬᠦᠬᠦ ᠡᠩᠨᠡᠬᠡᠨ ᠳᠤ ᠯᠢᠨ᠎ᠠ ᠨᠦᠬᠦᠷ ᠮᠠᠳᠤ ᠡᠷᠬᠢᠮ ᠲᠡᠬᠡᠳᠤ ᠵᠤᠷᠢᠭ ᠰᠠᠨᠠᠭ᠎ᠠ᠂ ᠦᠨᠡᠡᠴᠢ ᠬᠢᠴᠢᠶᠠᠩᠬᠦᠢ ᠤᠪᠤᠷ ᠰᠤᠷᠳᠠᠯ᠂ ᠬᠠᠳᠠᠭᠤᠵᠢᠯᠳᠡᠢ ᠰᠢᠷᠭᠠᠭᠤ ᠵᠤᠷᠢᠭ ᠰᠦᠰᠤ ᠲᠠᠢ ᠨᠠᠮ ᠤᠨ ᠬᠡᠰᠢᠬᠦᠨ ᠺᠠᠳ᠋ᠷᠴᠤᠳ ᠮᠠᠰᠢ ᠤᠯᠠᠨ ᠪᠠᠶᠢᠭ᠎ᠠ ᠶᠤᠮ᠃ ᠲᠠᠳᠠ ᠶᠠᠳᠠᠭᠤ ᠶᠢ ᠲᠡᠳᠬᠦᠬᠦ ᠦᠢᠯᠡᠰ ᠤᠨ ᠤᠭ ᠰᠠᠨᠠᠭ᠎ᠠ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠭᠰᠡᠨ ᠢᠷᠠᠭᠤ ᠲᠠᠭᠤᠯᠠᠯ ᠢ ᠴᠢᠷᠮᠠᠶᠢᠨ ᠪᠢᠴᠢᠭᠯᠡᠵᠤ᠂ ᠴᠢᠨᠡᠬᠡᠯᠢᠭ ᠨᠠᠶᠢᠬᠡᠮ ᠎ ᠢ ᠪᠦᠬᠦ ᠲᠠᠯ᠎ᠠ ᠪᠠᠷ ᠪᠠᠶᠢᠭᠤᠯᠤᠨ ᠪᠦᠳᠤᠬᠡᠬᠦ ᠠᠤᠭ᠎ᠠ ᠦᠢᠯᠡᠰ ᠲᠤ ᠦᠪᠡᠷ ᠬᠦᠴᠤᠨ ᠴᠢᠳᠠᠯ ᠢᠶᠠᠨ ᠨᠠᠮᠠᠷᠢᠯᠡᠭᠰᠡᠬᠡᠷ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号