ᠳᠡᠯᠡᠬᠡᠶᠢᠬᠤᠩᠭᠤᠷ—— ᠣᠶᠤᠨᠴᠢ ᠮᠠᠯ ᠠᠵᠤ ᠠᠬᠤᠶ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠠᠶᠢᠭᠤᠯᠤᠯᠲᠠ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2022/5/10
     ᠳᠡᠯᠡᠬᠡᠶᠢᠬᠤᠩᠭᠤᠷ ᠪᠣᠯ ᠠᠪᠠᠭ᠎ᠠ ᠬᠤᠰᠢᠭᠤᠨ ᠤ ᠴᠠᠭᠠᠨᠨᠠᠭᠤᠷ ᠪᠠᠯᠭᠠᠰᠤᠨ ᠤ ᠪᠠᠶᠠᠨᠨᠠᠭᠤᠷ ᠭᠠᠴᠠᠭᠠᠨ ᠤ ᠨᠢᠭᠡᠨ ᠵᠠᠯᠠᠭᠤ ᠮᠠᠯᠴᠢᠨ᠂ ᠰᠢᠯᠢ ᠶᠢᠨ ᠭᠤᠣᠯ ᠠᠶᠢᠮᠠᠭ ᠤᠨ ᠲᠠᠨ ᠱᠢ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠪᠣᠯᠬᠤ ᠮᠦᠷᠲᠡᠭᠡᠨ ᠮᠥᠨ ᠴᠦ 2021 ᠣᠨ ᠤ ᠰᠢᠯᠢ ᠶᠢᠨ ᠭᠤᠣᠯ ᠠᠶᠢᠮᠠᠭ ᠤᠨ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠯᠠᠭᠤᠴᠤᠳ ᠤᠨ ᠬᠤᠰᠢᠭᠤᠴᠢ︾᠂ ᠵᠢᠷᠭᠤᠳᠤᠭᠠᠷ ᠬᠤᠭᠤᠴᠠᠭᠠᠨ ᠤ ︽ᠰᠢᠯᠢ ᠶᠢᠨ ᠭᠤᠣᠯ ᠠᠶᠢᠮᠠᠭ ᠤᠨ ᠵᠠᠯᠠᠭᠤᠴᠤᠳ ᠤᠨ ᠲᠠᠪᠤᠨ ᠰᠠᠷ᠎ᠠ ᠶᠢᠨ ᠳᠦᠷᠪᠡᠨ ᠤ ᠱᠠᠩᠨᠠᠯ︾᠎ ᠤᠨ ᠢᠷᠠᠭᠤ ᠠᠯᠳᠠᠷ ᠤᠨ ᠴᠣᠯᠠ ᠶᠢ ᠬᠦᠷᠳᠡᠭᠴᠢ ᠪᠣᠯᠤᠨ᠎ᠠ᠃
            2012 ᠣᠨ ᠳᠤ᠂ ᠳᠡᠯᠡᠬᠡᠶᠢᠬᠤᠩᠭᠤᠷ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠮᠠᠰᠢᠨ ᠴᠠᠬᠢᠯᠭᠠᠨ ᠤ ᠢᠨᠵᠧᠨᠧᠷᠢᠩ ᠤᠨ ᠳᠡᠭᠡᠳᠦ ᠰᠤᠷᠭᠠᠭᠤᠯᠢ ᠶᠢᠨ ᠲᠠᠷᠢᠶᠠᠯᠠᠩ ᠤᠨ ᠮᠠᠰᠢᠨᠴᠢᠯᠠᠯᠲᠠ ᠵᠢᠴᠢ ᠠᠦ᠋ᠲ᠋ᠣᠴᠢᠯᠠᠯᠲᠠ ᠶᠢᠨ ᠲᠤᠰᠬᠠᠶ ᠮᠡᠷᠭᠡᠵᠢᠯ ᠠᠴᠠ ᠲᠡᠭᠦᠰᠦᠭᠰᠡᠨ ᠤ ᠳᠠᠷᠠᠭ᠎ᠠ᠂ ᠨᠤᠲᠤᠭ ᠤᠰᠤ ᠪᠠᠨ ᠪᠥᠲᠥᠭᠡᠨ ᠪᠠᠶᠢᠭᠤᠯᠬᠤ᠂ ᠨᠤᠲᠤᠭ ᠪᠡᠯᠴᠢᠭᠡᠷ ᠢᠶᠠᠨ ᠪᠥᠲᠥᠭᠡᠨ ᠪᠠᠶᠢᠭᠤᠯᠬᠤ ᠬᠦᠰᠡᠯᠡᠩ ᠢ ᠡᠪᠦᠷᠯᠡᠵᠦ᠂ ᠡᠷᠡᠰ ᠰᠢᠭᠤᠷᠬᠠᠶ ᠪᠠᠷ ᠨᠤᠲᠤᠭ ᠲᠠᠭᠠᠨ ᠪᠤᠴᠠᠵᠤ ᠦᠢᠯᠡᠰ ᠴᠣᠭᠴᠠᠯᠠᠨ᠂ ︽ᠰᠢᠨ᠎ᠡ ᠥᠶ᠎ᠡ ᠶᠢᠨ ᠮᠠᠯᠴᠢᠨ︾ ᠪᠣᠯᠤᠭᠰᠠᠨ ᠪᠠᠶᠢᠨ᠎ᠠ᠃ ᠭᠤᠷᠪᠠᠨ ᠵᠢᠯ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠦᠢᠯᠡᠳᠦᠯᠭᠡ ᠳᠤᠮᠳᠠ᠂ ᠲᠡᠷᠡ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠵᠦ᠂ ᠲᠤᠰᠬᠠᠢ ᠮᠡᠷᠭᠡᠵᠢᠯ ᠢᠶᠠᠨ ᠪᠠᠳᠠᠷᠠᠭᠤᠯᠤᠨ ᠰᠤᠷᠤᠯᠴᠠᠪᠠ᠃ ᠴᠠᠭᠠᠨᠨᠠᠭᠤᠷ ᠪᠠᠯᠭᠠᠰᠤᠨ ᠤ ᠵᠠᠰᠠᠭ ᠤᠨ ᠣᠷᠳᠣᠨ ᠳᠤ ᠠᠵᠢᠯᠯᠠᠵᠤ ᠪᠠᠶᠢᠬᠤ ᠬᠤᠭᠤᠴᠠᠭᠠᠨ ᠳᠠᠭᠠᠨ᠂ ᠮᠠᠯᠴᠢᠳ ᠲᠤ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠥᠪᠡᠷ ᠤᠨ ᠦᠷᠳᠡᠭ ᠢ ᠠᠷᠪᠢᠯᠠᠵᠤ ᠥᠭᠬᠦ ᠵᠣᠷᠢᠯᠭ᠎ᠠ ᠪᠠᠷ᠂ ᠦᠢᠯᠡᠳᠦᠯᠭᠡ ᠪᠣᠯᠤᠨ ᠰᠤᠷᠤᠭᠰᠠᠨ ᠮᠡᠳᠡᠯᠭᠡ ᠲᠠᠢ ᠪᠠᠨ ᠤᠶᠠᠯᠳᠤᠭᠤᠯᠤᠨ᠂ ᠵᠢᠯ ᠭᠠᠷᠤᠢ ᠶᠢᠨ ᠴᠠᠭ ᠢ ᠠᠰᠢᠭᠯᠠᠨ ᠨᠤᠲᠤᠭ ᠪᠡᠯᠴᠢᠭᠡᠷ ᠤᠨ ᠤᠲᠠᠰᠤ ᠦᠭᠡᠢ ᠬᠢᠨᠠᠨ ᠡᠵᠡᠮᠳᠡᠬᠦ ᠰᠢᠰᠲ᠋ᠧᠮ ᠢ ᠰᠤᠳᠤᠯᠤᠨ ᠦᠢᠯᠡᠳᠴᠦ᠂ ᠤᠯᠠᠨ ᠤᠳᠠᠭᠠᠨ ᠤ ᠲᠤᠷᠰᠢᠯᠲᠠ ᠪᠠᠷ ᠳᠠᠮᠵᠢᠨ᠂ ᠲᠡᠭᠦᠨ ᠤ ᠨᠤᠲᠤᠭ ᠪᠡᠯᠴᠢᠭᠡᠷ ᠤᠨ ︽ᠭᠡᠲᠡᠭᠡᠴᠢ︾ ︵千里眼)᠎ ᠨᠢ ᠡᠴᠦᠰ ᠲᠡᠭᠡᠨ ᠮᠠᠯᠵᠢᠬᠤ ᠣᠷᠣᠨ ᠳᠤ ᠲᠦᠭᠡᠮᠡᠯᠵᠢᠵᠦ᠂ ᠮᠠᠯᠵᠢᠬᠤ ᠣᠷᠣᠨ ᠤ ᠨᠤᠲᠤᠭ ᠪᠡᠯᠴᠢᠭᠡᠷ ᠤᠨ ᠲᠠᠯᠠᠪᠠᠢ ᠥᠷᠭᠡᠨ ᠠᠴᠠ ᠪᠣᠯᠤᠭᠰᠠᠨ ᠡᠯ᠎ᠡ ᠵᠦᠢᠯ ᠤᠨ ᠬᠠᠮᠢᠶᠠᠷᠤᠯᠲᠠ ᠳᠥᠭᠦᠮ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠮᠠᠯᠴᠢᠨ ᠲᠦᠮᠡᠨ ᠭᠡᠷ ᠠᠴᠠ ᠪᠠᠨ ᠭᠠᠷᠬᠤ ᠦᠭᠡᠢ ᠪᠠᠷ ᠨᠤᠲᠤᠭ ᠪᠡᠯᠴᠢᠭᠡᠷ ᠪᠣᠯᠤᠨ ᠮᠠᠯ ᠤᠨᠤᠭ᠎ᠠ ᠶᠢᠨ ᠪᠠᠶᠢᠳᠠᠯ ᠢ ᠴᠠᠭ ᠲᠤᠬᠠᠢ ᠳᠤᠨᠢ ᠡᠵᠡᠮᠰᠢᠨ ᠬᠠᠮᠢᠶᠠᠷᠬᠤ ᠰᠠᠶᠢᠨ ᠰᠠᠶᠢᠬᠠᠨ ᠬᠦᠰᠡᠯ ᠡᠷᠡᠮᠡᠯᠵᠡᠯ ᠢᠶᠠᠨ ᠪᠡᠶᠡᠯᠡᠭᠦᠯᠦᠭᠰᠡᠨ ᠪᠠᠶᠢᠨ᠎ᠠ᠃ ︽ᠭᠡᠲᠡᠭᠡᠴᠢ︾᠎ ᠨᠢ ᠷᠠᠳᠢᠣ᠋ ᠪᠠᠷ ᠮᠡᠳᠡᠭᠡ ᠵᠠᠩᠭᠢ ᠳᠠᠮᠵᠢᠭᠤᠯᠬᠤ ᠪᠠᠷ ᠳᠡᠮᠵᠢᠨ ᠠᠯᠤᠰ ᠡᠵᠡᠮᠰᠢᠯ ᠢ ᠪᠡᠶᠡᠯᠡᠭᠦᠯᠵᠦ ᠴᠢᠳᠠᠬᠤ ᠪᠠᠷ ᠪᠠᠷᠠᠬᠤ ᠥᠬᠡᠶ᠂ ᠪᠠᠰᠠ ᠨᠡᠷᠡᠨ ᠤ ᠡᠨᠧᠷᠭᠢ ᠪᠠ ᠬᠡᠯᠬᠢᠶ᠎ᠡ ᠳ᠋ᠢᠶᠠᠨ ᡂᠢ ᠪᠠᠷ ᠴᠠᠬᠢᠯᠭᠠᠨ ᠭᠠᠷᠭᠠᠬᠤ ᠶᠢ ᠠᠰᠢᠭᠯᠠᠨ ᠬᠢᠨᠠᠨ ᠡᠵᠡᠮᠳᠡᠬᠦ ᠪᠠ ᠬᠡᠷᠡᠭᠯᠡᠬᠦ ᠨᠣᠷᠮ᠎ᠠ ᠶᠢ ᠪᠦᠲᠦᠮᠵᠢᠲᠡᠶ ᠳᠡᠭᠡᠭᠰᠢᠯᠡᠭᠦᠯᠵᠦ᠂ ᠷᠠᠳᠢᠣ᠋ ᠰᠦᠯᠵᠢᠶ᠎ᠡ ᠶᠢ ᠠᠰᠢᠭᠯᠠᠨ ᠴᠠᠬᠢᠯᠭᠠᠨ ᠬᠦᠴᠦᠨ ᠤ ᠨᠡᠭᠡᠭᠡᠯᠭᠡ ᠪᠠ ᠬᠡᠷᠡᠯ ᠰᠡᠷᠡᠯ ᠤᠨ ᠨᠡᠭᠡᠭᠡᠯᠭᠡ ᠶᠢ ᠡᠵᠡᠮᠳᠡᠬᠦ ᠨᠢ ᠨᠠᠩ ᠴᠤ ᠴᠠᠬᠢᠯᠭᠠᠨ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ  ᠦᠢᠯᠡᠳᠦᠯ ᠴᠢᠳᠠᠮᠵᠢ ᠲᠠᠢ ᠪᠠᠶᠢᠳᠠᠭ᠃
           ︽ᠭᠡᠲᠡᠭᠡᠴᠢ︾ ᠰᠢᠯᠵᠢᠮᠡᠯ ᠬᠢᠨᠠᠨ ᠡᠵᠡᠮᠳᠡᠬᠦ ᠲᠥᠬᠦᠭᠡᠷᠦᠮᠵᠢ ᠨᠢ ᠬᠤᠯᠠ ᠠᠴᠠ ᠬᠠᠷᠠᠭ᠎ᠠ ᠪᠠᠨ ᠲᠤᠬᠢᠷᠠᠭᠤᠯᠬᠤ ᠠᠴᠠ ᠭᠠᠳᠠᠨ᠎ᠠ ᠪᠠᠰᠠ ᠲᠧᠯᠸᠢᠰ᠂ ᠳᠦᠷᠰᠦ ᠰᠢᠩᠭᠡᠭᠡᠬᠦ ᠮᠠᠰᠢᠨ᠂ WiFi ᠤᠲᠠᠰᠤ ᠦᠭᠡᠢ ᠰᠦᠯᠵᠢᠶ᠎ᠡ ᠶᠢ ᠠᠰᠢᠭᠯᠠᠨ ᠸᠢᠳᠢᠣ᠋ ᠶᠢ ᠴᠠᠭ ᠢᠮᠠᠭᠲᠠ ᠬᠢᠨᠠᠨ ᠡᠵᠡᠮᠳᠡᠵᠦ᠂ ᠮᠠᠯᠴᠢᠨ ᠲᠦᠮᠡᠨ ᠳᠤ ᠮᠡᠳᠡᠭᠡ ᠵᠠᠩᠭᠢ ᠶᠢᠨ ᠰᠢᠨᠵᠢᠯᠡᠬᠦ ᠮᠡᠷᠭᠡᠵᠢᠯ ᠤᠨ ᠦᠪᠡᠷᠮᠢᠴᠡ ᠭᠤᠶᠢᠳᠠ ᠰᠠᠶᠢᠨ ᠰᠠᠶᠢᠬᠠᠨ ᠲᠦᠷᠦᠭᠳᠡᠯ ᠢ ᠭᠦᠢᠴᠡᠳ ᠡᠳ᠋ᠯᠡᠭᠦᠯᠵᠦ ᠪᠣᠯᠤᠨ᠎ᠠ᠃ ᠠᠰᠢᠭ ᠬᠦᠷᠲᠡᠭᠰᠡᠨ ᠮᠠᠯᠴᠢᠨ ᠥᠯᠵᠡᠶᠢᠪᠠᠶᠠᠷ᠄ ︽ᠥᠩᠭᠡᠷᠡᠭᠰᠡᠨ ᠳᠤ ᠪᠢᠳᠡ ᠬᠤᠨᠢᠴᠢᠨ ᠬᠥᠯᠥᠰᠥᠯᠡᠪᠡᠯ ᠵᠢᠯ ᠳᠤ 5 ᠲᠦᠮᠡᠨ ᠲᠥᠭᠦᠷᠢᠭ ᠵᠠᠷᠤᠴᠠᠭᠤᠯᠤᠨ᠎ᠠ᠂ ᠨᠤᠲᠤᠭ ᠪᠡᠯᠴᠢᠭᠡᠷ ᠤᠨ ᠷᠠᠳᠢᠣ᠋ ᠨᠢᠳᠦ ᠤᠭᠰᠠᠷᠠᠭᠰᠠᠨ ᠠᠴᠠ ᠠᠪᠤᠭᠠᠳ ᠭᠡᠷ ᠲᠡᠭᠡᠨ ᠡᠷᠭᠢᠨ ᠲᠣᠭᠤᠷᠢᠨ ᠤ 5 ᠺᠢᠯᠣᠮᠧᠲᠷ ᠤᠨ ᠨᠤᠲᠤᠭ ᠪᠡᠯᠴᠢᠭᠡᠷ ᠢ ᠬᠢᠨᠠᠨ ᠡᠵᠡᠮᠳᠡᠵᠦ᠂ ᠬᠤᠨᠢᠴᠢᠨ ᠬᠥᠯᠥᠰᠥᠯᠡᠬᠦ ᠴᠢᠬᠤᠯᠠ ᠦᠭᠡᠶ ᠪᠣᠯᠵᠠᠶ᠂ ᠵᠢᠯ ᠳᠤ ᠪᠠᠭ᠎ᠠ ᠪᠤᠰᠤ ᠵᠣᠭᠤᠰ ᠠᠷᠪᠢᠯᠠᠵᠠᠶ︕︾ ᠭᠡᠪᠡ᠃ 2015 ᠣᠨ ᠳᠤ᠂ ᠲᠣᠰ ᠲᠥᠬᠦᠭᠡᠷᠦᠮᠵᠢ ᠨᠢ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠶ ᠠᠰᠢᠭ ᠢ ᠣᠯᠤᠭᠰᠠᠨ ᠪᠠᠶᠢᠨ᠎ᠠ᠃      ᠨᠤᠲᠤᠭ ᠲᠠᠭᠠᠨ ᠪᠤᠴᠠᠵᠤ ᠦᠢᠯᠡᠰ ᠪᠤᠰᠬᠠᠬᠰᠠᠨ ᠣᠶᠤᠲᠠᠨ ᠪᠣᠯᠤᠭᠰᠠᠨ ᠤ ᠬᠤᠪᠢ ᠳᠤ᠂ ᠳᠡᠯᠡᠬᠡᠶᠢᠬᠤᠩᠭᠤᠷ ᠮᠠᠯᠵᠢᠬᠤ ᠣᠷᠣᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠲᠡᠭᠦᠨ ᠤ ᠰᠢᠨ᠎ᠡ ᠪᠤᠳᠤᠯ᠂ ᠰᠢᠨ᠎ᠡ ᠡᠭᠦᠳᠦᠯᠲᠡ᠂ ᠰᠢᠨ᠎ᠡ ᠡᠭᠦᠳᠦᠯᠲᠡ ᠨᠢᠭᠡᠪᠦᠷᠢ ᠨᠢ ᠪᠦᠷ ᠮᠠᠯ ᠠᠵᠤ ᠠᠬᠤᠢ ᠶᠢᠨ ᠦᠢᠯᠡᠳᠪᠦᠷᠢᠯᠡᠯ ᠲᠠᠢ ᠨᠢᠭᠲᠠ ᠬᠤᠯᠪᠣᠭ᠎ᠠ ᠲᠠᠢ ᠶᠤᠮ᠃ ᠬᠢᠨᠠᠨ ᠡᠵᠡᠮᠳᠡᠬᠦ ᠲᠥᠬᠦᠭᠡᠷᠦᠮᠵᠢ ᠤᠭᠰᠠᠷᠠᠬᠤ ᠬᠤᠭᠤᠴᠠᠭᠠᠨ ᠳᠤ᠂ ᠮᠠᠯᠴᠢᠳ ᠦᠬᠡᠷ ᠬᠤᠨᠢᠨ ᠤ ᠤᠰᠤ ᠤᠮᠳᠠ ᠶᠢᠨ ᠲᠠᠯ᠎ᠠ ᠪᠠᠷ ᠮᠥᠨ ᠬᠦ ︽ᠬᠤᠶᠠᠷ ᠭᠠᠷ︾᠎ ᠢᠶᠠᠨ ᠴᠢᠯᠥᠭᠡᠯᠡᠵᠦ ᠴᠢᠳᠠᠬᠤ ᠥᠬᠡᠶ ᠪᠠᠶᠢᠬᠤ ᠶᠢ ᠣᠯᠵᠤ ᠬᠠᠷᠠᠪᠠ᠂ ᠳᠡᠯᠡᠬᠡᠶᠢᠬᠤᠩᠭᠤᠷ ᠣᠯᠠᠨ ᠤᠳᠠᠭ᠎ᠠ ᠲᠤᠷᠰᠢᠵᠤ᠂ 2015 ᠣᠨ ᠤ ᠡᠴᠦᠰ ᠲᠤ ︽ᠠᠯᠤᠰ ᠡᠵᠡᠮᠰᠢᠯᠲᠦ ᠤᠰᠤᠨ ᠬᠤᠳᠳᠤᠭ ᠤᠨ ᠰᠢᠰᠲ᠋ᠧᠮ︾᠎ ᠢ ᠰᠤᠳᠤᠯᠤᠨ ᠦᠢᠯᠡᠳᠪᠡ᠃ ᠲᠣᠰ ᠰᠢᠰᠲ᠋ᠧᠮ ᠨᠢ ᠤᠲᠠᠰᠤ ᠥᠬᠡᠶ ᠳᠣᠬᠢᠶ᠎ᠠ ᠳᠠᠮᠵᠢᠭᠤᠯᠬᠤ ᠪᠠᠷ ᠳᠡᠮᠵᠢᠨ ᠤᠰᠤ ᠡᠵᠡᠮᠳᠡᠬᠦ ᠲᠥᠬᠦᠭᠡᠷᠦᠮᠵᠢ ᠶᠢᠨ ᠡᠷᠬᠢᠨ ᠲᠣᠭᠤᠷᠢᠨ ᠤ ᠪᠠᠶᠢᠳᠠᠯ ᠢ ᠬᠢᠨᠠᠨ ᠡᠵᠡᠮᠳᠡᠬᠦ ᠶᠢ ᠪᠡᠶᠡᠯᠡᠭᠦᠯᠵᠦ᠂ ᠤᠰᠤᠨ ᠬᠤᠳᠳᠤᠭ ᠤᠨ ᠣᠶᠢᠷ᠎ᠠ ᠬᠠᠪᠢ ᠶᠢᠨ ᠮᠠᠯ ᠤᠨ ᠬᠦᠳᠡᠯᠭᠡᠭᠡᠨ ᠤ ᠪᠠᠶᠢᠳᠠᠯ ᠢ ᠴᠠᠭ ᠲᠤᠬᠠᠶ ᠳᠤᠨᠢ ᠬᠢᠨᠠᠨ ᠬᠡᠮᠵᠢᠵᠦ᠂ ᠪᠠᠰᠠ ᠰᠦᠯᠵᠢᠶ᠎ᠡ ᠪᠠᠷ ᠳᠠᠮᠵᠢᠭᠤᠯᠤᠨ ᠳᠠᠯᠳᠠ ᠤᠰᠤᠨ ᠤ ᠬᠥᠭᠡᠷᠭᠡ ᠶᠢᠨ ᠠᠵᠢᠯᠯᠠᠭᠠᠨ ᠤ ᠪᠠᠶᠢᠳᠠᠯ ᠢ ᠠᠯᠤᠰ ᠠᠴᠠ ᠡᠵᠡᠮᠳᠡᠬᠦ ᠶᠢ ᠪᠡᠶᠡᠯᠡᠭᠦᠯᠵᠦ᠂ ᠤᠰᠤᠨ ᠲᠦᠪᠰᠢᠨ ᠤ ᠡᠵᠡᠮᠰᠢᠭᠦᠷ ᠢ ᠠᠰᠢᠭᠯᠠᠨ ᠤᠰᠤᠨ ᠣᠩᠭᠤᠴᠠᠨ ᠳᠣᠲᠣᠷᠠᠬᠢ ᠤᠰᠤᠨ ᠲᠦᠪᠰᠢᠨ ᠤ ᠬᠤᠪᠢᠷᠠᠯᠲᠠ ᠶᠢᠨ ᠪᠠᠶᠢᠳᠠᠯ ᠢ ᠤᠯᠠᠮ ᠨᠢᠭᠡ ᠠᠯᠬᠤᠮ ᠬᠢᠨᠠᠨ ᠬᠡᠮᠵᠢᠵᠦ᠂ ᠮᠠᠯᠴᠢᠳ ᠤᠨ ᠬᠤᠶᠠᠷ ᠭᠠᠷ ᠢ ᠦᠨᠡᠨ ᠬᠦ ᠴᠢᠯᠥᠭᠡᠯᠡᠵᠦ᠂ ᠠᠦ᠋ᠲ᠋ᠣᠴᠢᠯᠠᠭᠰᠠᠨ ᠦᠬᠡᠷ ᠬᠤᠨᠢ ᠣᠰᠣᠯᠠᠬᠤ ᠶᠢ ᠪᠡᠶᠡᠯᠡᠭᠦᠯᠵᠦ᠂ ᠮᠠᠯ ᠠᠵᠤ ᠠᠬᠤᠶ ᠶᠢᠨ ᠦᠢᠯᠡᠳᠪᠤᠷᠢᠯᠡᠯ ᠳᠤ ᠲᠦᠢᠯ ᠤᠨ ᠶᠡᠭᠡ ᠲᠥᠬᠦᠮ ᠦᠵᠡᠭᠦᠯᠪᠡ᠃ 2016 ᠣᠨ ᠳᠤ᠂ ᠲᠡᠭᠦᠨ ᠤ ᠰᠤᠳᠤᠯᠤᠨ ᠦᠢᠯᠡᠳᠦᠭᠰᠡᠨ ︽ᠠᠯᠤᠰ ᠡᠵᠡᠮᠰᠢᠯᠲᠦ ᠤᠰᠤᠨ ᠬᠤᠳᠳᠤᠭ ᠤᠨ ᠰᠢᠰᠲ᠋ᠧᠮ︾᠎ ᠨᠢ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶᠠᠨ ᠤ ᠪᠣᠳᠠᠲᠤ ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠢ ᠠᠰᠢᠭ ᠤᠨ ᠦᠨᠡᠮᠯᠡᠯ ᠢ ᠣᠯᠵᠠᠢ᠃      ᠣᠳᠣᠬᠠᠨ ᠪᠣᠯᠲᠠᠯ᠎ᠠ᠂ ᠳᠡᠯᠡᠬᠡᠶᠢᠬᠤᠩᠭᠤᠷ ᠤᠨ ᠰᠤᠳᠤᠯᠤᠨ ᠨᠡᠭᠡᠭᠡᠭᠰᠡᠨ ᠲᠤᠰᠬᠠᠶ ᠠᠰᠢᠭ ᠤᠨ ᠡᠷᠬᠡ ᠲᠠᠢ ᠨᠤᠲᠤᠭ ᠪᠡᠯᠴᠢᠭᠡᠷ ᠤᠨ ᠤᠲᠠᠰᠤ ᠥᠬᠡᠶ ᠬᠢᠨᠠᠨ ᠡᠵᠡᠮᠳᠡᠬᠦ ᠰᠢᠰᠲ᠋ᠧᠮ᠂ ᠠᠯᠤᠰ ᠡᠵᠡᠮᠰᠢᠯᠲᠦ ᠤᠰᠤᠨ ᠬᠤᠳᠳᠤᠭ ᠤᠨ ᠰᠢᠰᠲ᠋ᠧᠮ᠂ ᠮᠠᠯ ᠲᠡᠵᠢᠭᠡᠬᠦ ᠰᠢᠰᠲ᠋ᠧᠮ᠂ ᠣᠶᠤᠨᠴᠢ ᠮᠠᠯᠵᠢᠯ ᠤᠨ ᠲᠠᠯᠠᠪᠠᠶ ᠶᠢᠨ ᠬᠠᠮᠢᠶᠠᠷᠤᠯᠲᠠ ᠶᠢᠨ ᠰᠢᠰᠲ᠋ᠧᠮ᠂ ᠣᠯᠠᠨ ᠴᠢᠳᠠᠪᠬᠢᠲᠤ ᠬᠢᠨᠠᠨ ᠡᠵᠡᠮᠳᠡᠬᠦ ᠲᠤᠯᠬᠤ ᠵᠢᠶᠠᠰᠠ ᠵᠢᠴᠢ ᠨᠤᠲᠤᠭ ᠪᠡᠯᠴᠢᠭᠡᠷ ᠤᠨ ᠮᠠᠯ ᠣᠨᠤᠭ᠎ᠠ ᠶᠢ ᠠᠵᠢᠭᠯᠠᠬᠤ ᠰᠢᠰᠲ᠋ᠧᠮ᠂ ᠨᠠᠷᠢᠯᠢᠭ ᠪᠣᠷᠳᠤᠭ᠎ᠠ ᠶᠢᠨ ᠬᠡᠮᠵᠢᠶ᠎ᠡ ᠲᠣᠭᠲᠠᠭᠠᠨ ᠪᠣᠷᠳᠤᠭ᠎ᠠ ᠥᠭᠬᠦ ᠮᠠᠰᠢᠨ ᠵᠡᠷᠭᠡ 6 ᠤᠯᠤᠰ ᠤᠨ ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠶ ᠠᠰᠢᠭ ᠤᠨ ᠦᠨᠡᠮᠯᠡᠯ ᠪᠠ ᠲᠠᠨ ᠱᠢ ᠣᠶᠤᠨᠴᠢ ᠮᠠᠯᠵᠢᠯ ᠤᠨ ᠲᠠᠯᠠᠪᠠᠶ ᠶᠢᠨ ᠬᠠᠮᠢᠶᠠᠷᠤᠯᠲᠠ ᠶᠢᠨ ᠰᠢᠰᠲ᠋ᠧᠮ᠂ ᠲᠠᠨ ᠱᠢ ᠣᠶᠤᠨᠴᠢ ᠮᠠᠯᠵᠢᠯ ᠤᠨ ᠲᠠᠯᠠᠪᠠᠶ ᠶᠢᠨ ᠬᠠᠮᠢᠶᠠᠷᠤᠯᠲᠠ ᠶᠢᠨ ᠰᠢᠰᠲ᠋ᠧᠮ ︵APP / PDA ᠦᠵᠦᠭᠦᠷ︶᠂ ᠣᠶᠤᠨᠴᠢ ᠮᠠᠯ ᠠᠵᠤ ᠠᠬᠤᠶ ᠶᠢᠨ ᠤᠰᠤᠯᠠᠬᠤ ᠲᠦᠬᠦᠭᠡᠷᠦᠮᠵᠢ ᠶᠢᠨ ᠵᠥᠭᠡᠯᠡᠨ ᠲᠣᠨᠤᠭ᠂ ᠨᠤᠲᠤᠭ ᠪᠡᠯᠴᠢᠭᠡᠷ ᠢ ᠬᠢᠨᠠᠨ ᠡᠵᠡᠮᠳᠡᠬᠦ ᠰᠢᠰᠲ᠋ᠧᠮ᠂ ᠣᠶᠤᠨᠴᠢ ᠮᠠᠯᠵᠢᠯ ᠤᠨ ᠲᠠᠯᠠᠪᠠᠶ ᠶᠢ ᠡᠵᠡᠮᠳᠡᠬᠦ ᠰᠢᠰᠲ᠋ᠧᠮ ᠵᠡᠷᠭᠡ ᠺᠣᠮᠫᠢᠦ᠋ᠲ᠋ᠧᠷ ᠤᠨ ᠵᠥᠭᠡᠯᠡᠨ ᠲᠣᠨᠤᠭ ᠤᠨ ᠵᠣᠬᠢᠶᠠᠯ ᠪᠦᠲᠦᠭᠡᠯ ᠤᠨ ᠡᠷᠬᠡ ᠶᠢ ᠳᠠᠩᠰᠠᠯᠠᠭᠰᠠᠨ ᠦᠨᠡᠮᠯᠡᠯ ᠪᠠᠭᠲᠠᠨ᠎ᠠ᠃      ᠰᠢᠨ᠎ᠡ ᠶᠢ ᠡᠭᠦᠳᠬᠦ ᠦᠢᠯᠡᠰ ᠪᠤᠰᠬᠠᠬᠤ ᠲᠡᠮᠡᠴᠡᠯ ᠤᠨ ᠵᠠᠮ ᠳᠤ᠂ ᠳᠡᠯᠡᠬᠡᠶᠢᠬᠤᠩᠭᠤᠷ ᠵᠠᠮ ᠨᠡᠭᠡᠭᠡᠨ ᠤᠷᠤᠭᠰᠢᠯᠠᠭᠰᠠᠨ ᠨᠢ ᠲᠤᠰ ᠪᠡᠶ᠎ᠡ ᠶᠢᠨ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠥᠷᠭᠡᠨ ᠤᠯᠠᠨ ᠮᠠᠯᠴᠢᠳ ᠢ ᠳᠠᠭᠠᠭᠤᠯᠤᠨ ︽ᠰᠢᠨᠵᠢᠯᠡᠬᠦ ᠤᠬᠠᠭᠠᠨ ᠮᠡᠷᠭᠡᠵᠢᠯ︾᠎ ᠤᠨ ᠬᠦᠷᠢᠶᠡᠨ ᠳᠤ ᠠᠯᠬᠤᠮ ᠠᠯᠬᠤᠮ ᠢᠶᠠᠷ ᠣᠷᠣᠵᠤ᠂ ᠤᠯᠠᠮᠵᠢᠯᠠᠯᠲᠤ ᠮᠠᠯ ᠠᠵᠤ ᠠᠬᠤᠢ ᠶᠢᠨ ᠮᠠᠯᠵᠢᠬᠤ ᠣᠷᠣᠨ ᠤ ᠣᠳᠣᠬᠢᠴᠢᠯᠠᠯᠲᠠ ᠶᠢᠨ ᠬᠥᠭᠵᠢᠯᠲᠡ ᠳᠤᠮᠳᠠ ᠲᠤᠮᠤ ᠨᠢᠭᠡ ᠠᠯᠬᠤᠮ ᠠᠯᠬᠤᠬᠤ ᠶᠢ ᠠᠬᠢᠭᠤᠯᠪᠠ᠃ ᠲᠡᠷᠡ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠠᠯᠬᠤᠮ ᠢ ᠴᠢᠩᠭ᠎ᠠ ᠳᠠᠭᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢ ᠦᠷᠭᠦᠯᠵᠢᠯᠡᠨ ᠰᠠᠶᠢᠵᠢᠷᠠᠭᠤᠯᠬᠤ ᠶᠢ ᠶᠡᠭᠡ ᠪᠠᠷ ᠠᠬᠢᠭᠤᠯᠬᠤ ᠶᠢᠨ ᠬᠠᠮᠲᠤ ᠤᠶᠤᠨᠲᠤ ᠬᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠢᠳᠡᠪᠬᠢᠲᠡᠶ ᠣᠷᠣᠯᠴᠠᠪᠠ᠃ ᠣᠳᠣᠬᠢᠴᠢᠯᠠᠭᠰᠠᠨ ᠣᠶᠤᠨᠴᠢ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠪᠠᠷ ᠳᠠᠮᠵᠢᠨ ᠂ ᠮᠠᠨ ᠤ ᠬᠤᠰᠢᠭᠤᠨ ᠤ ᠣᠳᠣᠬᠢᠴᠢᠯᠠᠭᠰᠠᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠦᠲᠦᠮᠵᠢᠲᠡᠢ ᠠᠬᠢᠭᠤᠯᠵᠤ᠂ ᠲᠠᠯ᠎ᠠ ᠨᠤᠲᠤᠭ ᠤᠨ ᠠᠮᠢ ᠠᠬᠤᠢ ᠶᠢ ᠬᠠᠮᠠᠭᠠᠯᠠᠬᠤ ᠪᠠ ᠮᠠᠯ ᠤᠨ ᠡᠭᠦᠯᠳᠡᠷ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠮᠠᠯ ᠰᠦᠷᠦᠭ ᠤᠨ ᠪᠦᠲᠦᠴᠡ ᠶᠢ ᠲᠣᠬᠢᠷᠠᠭᠤᠯᠬᠤ᠂ ᠦᠷᠡᠵᠢᠯᠲᠡ ᠪᠤᠶᠢᠵᠢᠯᠲᠠ ᠶᠢᠨ ᠨᠣᠷᠮ᠎ᠠ ᠶᠢᠨ ︽ᠰᠢᠷᠢᠰ ᠠᠮᠵᠢᠯᠲᠠ︾᠎ ᠶᠢ ᠪᠡᠶᠡᠯᠡᠭᠦᠯᠵᠦ᠂ ᠠᠵᠤ ᠠᠬᠤᠢ ᠶᠢᠨ ᠦᠷ᠎ᠡ ᠠᠰᠢᠭ ᠤᠨ ᠳᠡᠭᠡᠭᠰᠢᠯᠡᠯᠲᠡ ᠶᠢ ᠤᠯᠠᠮ ᠨᠢᠭᠡ ᠠᠯᠬᠤᠮ ᠳᠠᠶᠢᠴᠢᠯᠠᠭᠰᠠᠨ ᠪᠠᠶᠢᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠳᠤ ᠵᠠᠩᠭᠢᠯᠠᠭ᠎ᠠ ᠨᠢ ᠴᠢᠳᠠᠪᠤᠷᠢᠲᠠᠨ ᠳᠤ ᠲᠦᠰᠢᠭᠯᠡᠨ᠎ᠡ᠂ ᠵᠠᠩᠭᠢᠯᠠᠭ᠎ᠠ ᠨᠢ ᠵᠠᠯᠠᠭᠤᠴᠤᠳ ᠲᠤ ᠪᠠᠶᠢᠨ᠎ᠠ᠃      ᠨᠤᠲᠤᠭ ᠲᠠᠭᠠᠨ ᠪᠤᠴᠠᠵᠤ ᠦᠢᠯᠡᠰ ᠪᠤᠰᠬᠠᠬᠤ ᠵᠠᠯᠠᠭᠤᠴᠤᠳ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ ᠂ ᠳᠡᠯᠡᠬᠡᠶᠢᠬᠤᠩᠭᠤᠷ ᠥᠪᠡᠷ ᠤᠨ ᠠᠪᠢᠶᠠᠰ ᠴᠢᠳᠠᠪᠤᠷᠢ ᠪᠣᠯᠤᠨ ᠵᠣᠷᠢᠭᠲᠠᠢ ᠬᠢᠵᠦ ᠵᠣᠷᠢᠭᠲᠠᠢ ᠠᠵᠢᠯᠯᠠᠬᠤ ᠰᠥᠰᠥ ᠵᠣᠷᠢᠭ᠂ ᠪᠣᠳᠠᠳᠤ ᠦᠢᠯᠡ ᠠᠵᠢᠯᠯᠠᠭ᠎ᠠ ᠪᠠᠷ ᠢᠶᠠᠨ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠵᠦ ᠪᠠᠶᠢᠨ᠎ᠠ᠂ ᠨᠡᠩ ᠤᠯᠠᠨ ᠵᠠᠯᠠᠭᠤᠴᠤᠳ ᠴᠤ ᠲᠡᠭᠦᠨ ᠢᠶᠠᠷ ᠳᠠᠭᠤᠷᠢᠶᠠᠯ ᠪᠣᠯᠭᠠᠵᠤ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠤᠭ᠎ᠠ ᠦᠢᠯᠡᠰ ᠲᠤ ᠣᠷᠣᠯᠴᠠᠵᠤ ᠪᠠᠶᠢᠨ᠎ᠠ᠃ ᠤᠳᠠᠯ ᠦᠭᠡᠢ᠂ ᠳᠡᠯᠡᠬᠡᠶᠢᠬᠤᠩᠭᠤᠷ ᠰᠢᠭ᠋ ᠡᠶᠢᠮᠦᠷᠬᠦᠦ ᠬᠦᠰᠡᠯ ᠵᠣᠷᠢᠯᠲᠠ ᠲᠠᠢ ᠵᠠᠯᠠᠭᠤᠴᠤᠳ ᠲᠠᠰᠤᠷᠠᠯᠳᠠ ᠦᠭᠡᠢ ᠴᠣᠯᠭᠤᠷᠠᠨ ᠭᠠᠷᠴᠤ᠂ ᠮᠠᠯ ᠠᠵᠤ ᠠᠬᠤᠢ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠢ᠂ ᠮᠠᠯᠴᠢᠳ ᠪᠠᠶᠠᠨ ᠴᠢᠨᠡᠭᠡᠯᠢᠭ᠂ ᠮᠠᠯᠵᠢᠬᠤ ᠣᠷᠣᠨ ᠤ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠢ ᠰᠠᠶᠢᠨ ᠰᠠᠶᠢᠬᠠᠨ ᠦᠵᠡᠮᠵᠢ ᠪᠠᠶᠢᠳᠠᠯ ᠪᠣᠳᠠᠳᠤ ᠠᠬᠤᠢ ᠪᠣᠯᠬᠤ ᠨᠢ ᠭᠠᠷᠴᠠᠭ᠎ᠠ ᠦᠭᠡᠢ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号